ᠪᠠᠶᠠᠨᠨᠠᠭᠤᠷ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠵᠢᠭᠦᠯᠬᠦ ᠲᠥᠰᠥᠯ (2023 ᠠᠴᠠ 2025 ᠣᠨ)᠎ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-09-07
ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ᠎ᠳᠤ᠄
《ᠪᠠᠶᠠᠨᠨᠠᠭᠤᠷ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠵᠢᠭᠦᠯᠬᠦ ᠲᠥᠰᠥᠯ (2023 ᠣᠨ ᠠᠴᠠ 2025 ᠣᠨ)》᠎ᠢ ᠬᠣᠲᠠ ᠵᠢᠨ ᠵᠠᠰᠠᠭ᠎ᠤᠨ ᠣᠷᠳᠣᠨ᠎ᠤ 7 ᠳ᠋ᠤᠭ᠋ᠠᠷ ᠤᠳᠠᠭ᠎ᠠ ᠵᠢᠨ ᠪᠠᠢ᠌ᠩᠭᠤ ᠵᠢᠨ ᠬᠤᠷᠠᠯ ᠵᠶ᠋ᠠᠷ ᠨᠢᠭᠡᠨᠲᠡ ᠰᠤᠳᠤᠯᠤᠨ ᠪᠠᠲᠤᠯᠠᠪᠠ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
2023 ᠣᠨ᠎ᠤ 6 ᠰᠠᠷ᠎ᠠ ᠵᠢᠨ 21᠎ᠤ ᠡᠳᠦᠷ
ᠪᠠᠶᠠᠨᠨᠠᠭᠤᠷ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠵᠢᠭᠦᠯᠬᠦ ᠲᠥᠰᠥᠯ (2023 ᠠᠴᠠ 2025 ᠣᠨ)
ᠮᠠᠨ᠎ᠤ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠮᠠᠨ᠎ᠤ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠬᠥᠭᠵᠢᠯᠲᠡ ᠵᠢᠨ ᠬᠥᠲᠥᠯᠥᠨ ᠳᠠᠭ᠋ᠠᠭᠤᠯᠬᠤ ᠣᠷᠣᠨ᠂ ᠥᠨᠳᠥᠷ ᠬᠢᠷᠢ ᠲᠦᠪᠰᠢᠨ ᠪᠦᠬᠦᠢ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠤ ᠵᠢᠱ᠌ᠢᠶ᠎ᠡ ᠦᠵᠡᠭᠦᠯᠬᠦ ᠣᠷᠣᠨ᠂ ᠪᠥᠬᠥᠳᠡ ᠣᠯᠠᠨ ᠵᠶ᠋ᠠᠷ ᠵᠶ᠋ᠠᠨ ᠠᠳᠠᠯ ᠦᠢ᠍ᠯᠡᠰ ᠴᠣᠭᠴᠠᠯᠠᠵᠤ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠲᠥᠪᠯᠡᠷᠡᠭᠰᠡᠨ ᠣᠷᠣᠨ᠂ ᠨᠡᠭᠡᠭᠡᠯᠲᠡᠲᠤ ᠬᠡᠯᠪᠡᠷᠢ ᠵᠢᠨ ᠠᠵᠤ ᠠᠬᠤᠢ ᠵᠢᠨ ᠬᠣᠰᠢᠭᠤᠴᠢ ᠣᠷᠣᠨ ᠪᠣᠯᠭ᠋ᠠᠨ ᠪᠦᠲᠦᠭᠡᠨ ᠪᠠᠶ᠋ᠢᠭᠤᠯᠬᠤ ᠵᠢᠨ ᠲᠤᠰᠠᠳᠠ᠂ ᠲᠣᠰ ᠲᠥᠰᠥᠯ᠎ᠢ ᠲᠣᠭᠲᠠᠭ᠋ᠠᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ ᠵᠢᠴᠢ ᠭᠣᠣᠯ ᠬᠠᠷᠠᠯᠲᠠ
ᠬᠣᠲᠠ ᠵᠢᠨ ᠨᠠᠮ᠎ᠤᠨ ᠬᠣᠷᠢᠶᠠᠨ᠎ᠤ ᠲᠠᠪᠤᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠪᠥᠬᠥᠳᠡ ᠬᠤᠷᠠᠯ ᠵᠢᠴᠢ ᠪᠦᠬᠦ ᠬᠣᠲᠠ ᠵᠢᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠬᠦᠷᠢᠶᠡᠯᠡᠩ ᠲᠣᠭᠣᠷᠢᠭ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠵᠢ ᠪᠤᠵᠠᠭ᠋ᠠᠢ᠌ᠷᠠᠭᠤᠯᠬᠤ᠂ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠵᠤ᠂ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ ᠪᠠ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠂ ᠬᠦᠷᠢᠶᠡᠯᠡᠩ ᠲᠣᠭᠣᠷᠢᠭ᠎ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠦᠷᠭᠦᠯᠵᠢᠯᠡᠨ ᠰᠠᠢ᠌ᠵᠢᠷᠠᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠲᠠᠰᠤᠷᠠᠯᠲᠠ ᠦᠭᠡᠢ ᠨᠡᠮᠡᠭᠳᠡᠭᠦᠯᠬᠦ ᠵᠢ ᠠᠬᠢᠭᠤᠯᠵᠤ᠂ ᠦᠢ᠍ᠯᠡᠳᠬᠦ ᠦᠢ᠍ᠯᠡᠰ ᠪᠠ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠤᠨ ᠶᠠᠰᠤ ᠴᠢᠨᠠᠷ ᠪᠠ ᠦᠷ᠎ᠡ ᠠᠰᠢᠭ᠎ᠢ ᠢᠯᠡᠳᠲᠡ ᠳᠡᠭᠡᠭᠰᠢᠯᠡᠭᠦᠯᠵᠦ᠂ ᠠᠷᠪᠢᠲᠠᠢ ᠡᠷᠴᠢᠮᠯᠢᠭ ᠴᠢᠨᠠᠷ ᠰᠠᠢ᠌ᠲᠠᠢ ᠬᠥᠭᠵᠢᠭᠦᠯᠬᠦ ᠪᠠ ᠬᠦᠷᠢᠶᠡᠯᠡᠩ ᠲᠣᠭᠣᠷᠢᠭ᠎ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠢ᠌ᠷᠢᠰᠢᠯ᠎ᠢ ᠪᠣᠶ ᠪᠣᠯᠭ᠋ᠠᠨ᠎ᠠ᠃ 2025 ᠣᠨ ᠪᠣᠯᠬᠤ᠎ᠳᠤ᠂ ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠦᠢ᠍ᠯᠡᠳᠬᠦᠨ᠎ᠤ ᠶᠡᠷᠦᠩᠬᠡᠢ ᠥᠷᠲᠡᠭ᠎ᠢ 2022 ᠣᠨ᠎ᠳᠤ 918.2 ᠳ᠋ᠦᠩᠰᠢᠭᠤᠷ ᠲᠥᠭᠥᠷᠢᠭ ᠪᠠᠢ᠌ᠭᠰᠠᠨ᠎ᠠᠴᠠ 1300 ᠳ᠋ᠦᠩᠰᠢᠭᠤᠷ ᠲᠥᠭᠥᠷᠢᠭ᠎ᠠᠴᠠ ᠳᠡᠭᠡᠭᠰᠢ ᠪᠣᠯᠭ᠋ᠠᠨ ᠳᠡᠭᠡᠭᠰᠢᠯᠡᠭᠦᠯᠵᠦ᠂ ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠡᠵᠡᠯᠡᠬᠦ ᠬᠠᠷᠢᠴᠠᠯ᠎ᠢ 80% ᠠᠴᠠ ᠳᠡᠭᠡᠭᠰᠢ᠎ᠳᠤ ᠬᠦᠷᠦᠭᠦᠯᠵᠦ᠂ ᠮᠦ᠍ ᠪᠦᠷᠢ ᠵᠢᠨ ᠳᠤᠮᠳᠠᠴᠢ ᠦᠢ᠍ᠯᠡᠳᠬᠦᠨ᠎ᠤ ᠥᠷᠲᠡᠭ᠂ ᠮᠦ᠍ ᠪᠦᠷᠢ ᠵᠢᠨ ᠳᠤᠮᠳᠠᠴᠢ ᠪᠡᠯᠡ ᠣᠷᠣᠭᠤᠯᠤᠯᠲᠠ ᠵᠢᠨ ᠬᠦᠴᠦᠯᠡᠴᠡ᠂ ᠮᠦ᠍ ᠪᠦᠷᠢ ᠵᠢᠨ ᠳᠤᠮᠳᠠᠴᠢ ᠭᠠᠢ᠌ᠯᠢ ᠲᠠᠲᠠᠪᠤᠷᠢ ᠵᠢᠨ ᠵᠢᠯ᠎ᠤᠨ ᠳᠤᠮᠳᠠᠴᠢ ᠨᠡᠮᠡᠭᠳᠡᠯ᠎ᠤᠨ ᠬᠡᠮᠵᠢᠶ᠎ᠡ ᠵᠢ ᠥᠪᠡᠷᠲᠡᠭᠡᠨ ᠵᠠᠰᠠᠬᠤ ᠣᠷᠣᠨ᠎ᠤ ᠳᠤᠮᠳᠠᠴᠢ ᠬᠢᠷᠢ ᠲᠦᠪᠰᠢᠨ᠎ᠳᠤ ᠬᠦᠷᠦᠭᠦᠯᠬᠦ ᠪᠤᠶᠤ ᠳᠠᠪᠠᠵᠤ᠂ ᠣᠷᠣᠨ ᠬᠡᠰᠡᠭ ᠨᠢᠭᠡᠪᠦᠷᠢ ᠵᠢᠨ ᠭᠣᠣᠯᠯᠠᠬᠤ ᠠᠵᠤ ᠦᠢ᠍ᠯᠡᠰ᠎ᠤᠨ ᠡᠵᠡᠯᠡᠬᠦ ᠬᠠᠷᠢᠴᠠᠯ᠎ᠢ 60% ᠠᠴᠠ ᠳᠡᠭᠡᠭᠰᠢ᠎ᠳᠤ ᠬᠦᠷᠦᠭᠦᠯᠬᠦ ᠬᠡᠷᠡᠭᠲᠡᠢ; ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ ᠵᠢᠨ ᠲᠣᠭᠣᠷᠢᠭ ᠪᠣᠯᠣᠨ ᠤᠷᠠᠳ᠎ᠤᠨ ᠬᠣᠢ᠌ᠲᠤ ᠬᠣᠰᠢᠭᠤᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠦᠢ᠍ᠯᠡᠳᠬᠦᠨ᠎ᠤ ᠥᠷᠲᠡᠭ 350 ᠳ᠋ᠦᠩᠰᠢᠭᠤᠷ ᠲᠥᠭᠥᠷᠢᠭ᠎ᠢ ᠳᠠᠪᠠᠵᠤ᠂ ᠪᠠᠶᠠᠨᠨᠠᠭᠤᠷ᠎ᠤᠨ ᠭᠠᠳᠠᠭ᠋ᠠᠳᠤ ᠠᠴᠠ ᠣᠷᠣᠭᠤᠯᠬᠤ ᠡᠬᠢ ᠪᠠᠶᠠᠯᠢᠭ᠎ᠢ ᠡᠳ᠋ᠰᠢᠭᠦᠯᠬᠦ ᠨᠡᠭᠡᠭᠡᠨ ᠬᠥᠭᠵᠢᠭᠦᠯᠦᠯᠲᠡ ᠵᠢᠨ ᠲᠣᠭᠣᠷᠢᠭ ᠪᠣᠯᠣᠨ ᠪᠠᠶᠠᠨᠨᠠᠭᠤᠷ᠎ᠤᠨ ᠪᠣᠷᠣᠳᠣᠬᠣᠢ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠨᠡᠭᠡᠭᠡᠨ ᠬᠥᠭᠵᠢᠭᠦᠯᠦᠯᠲᠡ ᠵᠢᠨ ᠲᠣᠭᠣᠷᠢᠭ᠎ᠤᠨ ᠦᠢ᠍ᠯᠡᠳᠬᠦᠨ᠎ᠤ ᠥᠷᠲᠡᠭ 300 ᠳ᠋ᠦᠩᠰᠢᠭᠤᠷ ᠲᠥᠭᠥᠷᠢᠭ᠎ᠢ ᠳᠠᠪᠠᠪᠠ; ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠦᠬᠦᠨ ᠵᠶ᠋ᠡᠷ ᠵᠶ᠋ᠡᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠦᠭᠡᠢ ᠬᠦᠷᠢᠶᠡᠯᠡᠩ ᠲᠣᠭᠣᠷᠢᠭ᠎ᠤᠨ ᠰᠢᠯᠭ᠋ᠠᠨ ᠠᠪᠤᠯᠲᠠ ᠵᠢ ᠥᠩᠭᠡᠷᠡᠭᠡᠵᠦ᠂ ᠠᠵᠤ ᠦᠢ᠍ᠯᠡᠳᠪᠦᠷᠢ ᠵᠢᠨ ᠲᠣᠭ᠋ᠠᠴᠢᠯᠠᠯᠲᠠ ᠵᠢᠨ ᠬᠢᠷᠢ ᠬᠡᠮᠵᠢᠶ᠎ᠡ᠎ᠨᠢ ᠥᠪᠡᠷᠲᠡᠭᠡᠨ ᠵᠠᠰᠠᠬᠤ ᠣᠷᠣᠨ᠎ᠤ ᠳᠤᠮᠳᠠᠴᠢ ᠬᠢᠷᠢ ᠲᠦᠪᠰᠢᠨ᠎ᠳᠤ ᠬᠦᠷᠭᠡᠨ᠎ᠡ᠃
ᠬᠣᠶᠠᠷ᠂ ᠭᠣᠣᠯᠳᠠᠯᠭ᠎ᠠ᠎ᠲᠠᠢ ᠡᠭᠦᠷᠭᠡ
(ᠨᠢᠭᠡ) ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠴᠣᠭᠴᠠᠯᠠᠨ ᠪᠠᠢ᠌ᠭᠤᠯᠤᠨ᠎ᠠ
1. ᠬᠦᠷᠢᠶᠡᠯᠡᠩ ᠲᠣᠭᠣᠷᠢᠭ᠎ᠤᠨ ᠡᠯ᠎ᠡ ᠲᠥᠷᠥᠯ᠎ᠤᠨ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠵᠠᠰᠠᠨ ᠨᠠᠢ᠌ᠷᠠᠭᠤᠯᠬᠤ ᠬᠡᠷᠡᠭᠲᠡᠢ᠃ ᠬᠦᠷᠢᠶᠡᠯᠡᠩ ᠲᠣᠭᠣᠷᠢᠭ᠎ᠢ ᠨᠢᠭᠡᠳᠬᠡᠭᠰᠡᠨᠤ ᠳᠠᠷᠠᠭ᠋ᠠᠬᠢ ᠰᠢᠨ᠎ᠡ ᠪᠠᠢ᠌ᠳᠠᠯ᠂ ᠰᠢᠨ᠎ᠡ ᠡᠭᠦᠷᠭᠡ᠎ᠳᠤ ᠴᠢᠭᠯᠡᠭᠦᠯᠦᠨ᠂ ᠬᠦᠷᠢᠶᠡᠯᠡᠩ ᠲᠣᠭᠣᠷᠢᠭ᠎ᠤᠨ ᠰᠢᠨ᠎ᠡ ᠬᠡᠪᠯᠡᠯ᠎ᠤᠨ ᠶᠡᠷᠦᠩᠬᠡᠢ ᠲᠥᠯᠦᠪᠵᠢᠭᠦᠯᠭᠡ᠂ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ᠂ ᠡᠵᠡᠮᠳᠡᠯ᠎ᠤᠨ ᠴᠢᠨᠠᠷᠲᠠᠢ ᠨᠠᠷᠢᠨ ᠲᠥᠯᠦᠪᠵᠢᠭᠦᠯᠭᠡ ᠪᠠ ᠲᠥᠯᠦᠪᠵᠢᠭᠦᠯᠭᠡ ᠵᠢᠨ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢ ᠵᠠᠰᠠᠨ ᠨᠠᠢ᠌ᠷᠠᠭᠤᠯᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠳᠥᠷᠪᠡᠨ ᠵᠠᠬ᠎ᠠ ᠵᠢᠨ ᠬᠦᠷᠢᠶ᠎ᠡ ᠬᠡᠪᠴᠢᠶ᠎ᠡ᠂ ᠨᠡᠭᠡᠭᠡᠨ ᠬᠥᠭᠵᠢᠭᠦᠯᠵᠦ ᠪᠣᠯᠬᠤ ᠣᠷᠣᠨ ᠪᠦᠰᠡ ᠵᠢᠨ ᠵᠠᠭ᠋ᠠᠭᠯᠠᠨ ᠲᠣᠭᠲᠠᠭ᠋ᠠᠭᠰᠠᠨ ᠲᠠᠯᠠᠪᠠᠶ ᠵᠡᠷᠭᠡ ᠣᠷᠣᠨ ᠵᠠᠢ ᠵᠢᠨ ᠮᠡᠳᠡᠭᠡ ᠵᠠᠩᠭᠢ ᠵᠢ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢᠨ 《ᠨᠢᠭᠡ ᠵᠢᠷᠤᠭ》᠎ᠲᠤ ᠣᠷᠣᠭᠤᠯᠤᠨ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠰᠢᠰᠲ᠋ᠧᠮ᠎ᠢ ᠬᠡᠷᠡᠭᠵᠢᠭᠦᠯᠵᠦ᠂ ᠬᠠᠮᠢᠶ᠎ᠠ ᠪᠦᠬᠦᠢ ᠲᠥᠯᠦᠪᠵᠢᠭᠦᠯᠭᠡ ᠪᠠ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢ ᠵᠣᠯᠭ᠋ᠠᠭᠤᠯᠬᠤ ᠠᠵᠢᠯ᠎ᠢ ᠰᠠᠢ᠌ᠲᠤᠷ ᠬᠢᠨ᠎ᠡ᠃ ᠲᠣᠭᠲᠠᠭ᠋ᠠᠯ᠎ᠳᠤ ᠨᠡᠢ᠌ᠴᠡᠭᠦᠯᠦᠨ ᠪᠠᠢ᠌ᠭᠤᠯᠤᠭᠰᠠᠨ ᠬᠦᠷᠢᠶᠡᠯᠡᠩ ᠲᠣᠭᠣᠷᠢᠭ᠎ᠤᠨ ᠭᠠᠵᠠᠷ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢ ᠡᠯ᠎ᠡ ᠱᠠᠲᠤᠨ᠎ᠤ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ᠎ᠳᠤ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠂ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢᠨ 《ᠨᠢᠭᠡ ᠵᠢᠷᠤᠭ》᠎ᠳᠤ ᠣᠷᠣᠭᠤᠯᠤᠭᠰᠠᠨ ᠦᠭᠡᠢ ᠪᠠᠢ᠌ᠪᠠᠯ᠂ ᠭᠠᠵᠠᠷ ᠬᠡᠷᠡᠭᠯᠡᠬᠦ ᠵᠢ ᠵᠥᠪᠰᠢᠶᠡᠷᠡᠵᠦ ᠪᠣᠯᠬᠤ ᠦᠭᠡᠢ᠃ 2024 ᠣᠨ ᠪᠣᠯᠬᠤ᠎ᠳᠤ᠂ ᠬᠦᠷᠢᠶᠡᠯᠡᠩ ᠲᠣᠭᠣᠷᠢᠭ᠎ᠤᠨ ᠰᠢᠨ᠎ᠡ ᠬᠡᠪᠯᠡᠯ᠎ᠤᠨ ᠶᠡᠷᠦᠩᠬᠡᠢ ᠲᠥᠯᠦᠪᠵᠢᠭᠦᠯᠭᠡ᠂ ᠠᠵᠤ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ᠂ ᠡᠵᠡᠮᠳᠡᠯ᠎ᠤᠨ ᠴᠢᠨᠠᠷᠲᠠᠢ ᠨᠠᠷᠢᠨ ᠲᠣᠭᠲᠠᠭ᠋ᠠᠯ ᠵᠢᠴᠢ ᠲᠥᠯᠦᠪᠵᠢᠭᠦᠯᠭᠡ ᠨᠢᠭᠡᠪᠦᠷᠢ ᠵᠢᠨ ᠢᠵᠢ ᠪᠦᠷᠢᠳᠦᠭᠰᠡᠨ ᠣᠷᠴᠢᠨ ᠲᠣᠭᠣᠷᠢᠨ᠎ᠤ ᠦᠨᠡᠯᠡᠯᠲᠡ ᠵᠢᠨ ᠥᠪᠡᠷᠲᠡᠭᠡᠨ ᠵᠠᠰᠠᠬᠤ ᠣᠷᠣᠨ᠎ᠤ ᠮᠡᠳᠡᠭᠦᠯᠦᠨ ᠵᠥᠪᠰᠢᠶᠡᠷᠡᠭᠦᠯᠬᠦ ᠠᠵᠢᠯ᠎ᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ)
2. ᠬᠦᠷᠢᠶᠡᠯᠡᠩ ᠲᠣᠭᠣᠷᠢᠭ ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠷᠢᠰᠢᠭᠤᠯᠤᠯ᠎ᠢ ᠴᠢᠩᠳᠠᠯᠠᠨ᠎ᠠ᠃ ᠠᠵᠤ ᠦᠢ᠍ᠯᠡᠰ᠎ᠤᠨ ᠲᠥᠯᠦᠪᠵᠢᠭᠦᠯᠭᠡ᠎ᠪᠠᠷ ᠬᠦᠷᠢᠶᠡᠯᠡᠩ ᠲᠣᠭᠣᠷᠢᠭ᠎ᠤᠨ ᠠᠵᠤ ᠠᠬᠤᠢ ᠵᠢᠨ ᠬᠥᠭᠵᠢᠯᠲᠡ ᠵᠢ ᠶᠡᠷᠦᠩᠬᠡᠢ᠌ᠯᠡᠨ ᠵᠢᠯᠤᠭᠣᠳᠬᠤ ᠵᠢ ᠪᠠᠷᠢᠮᠲᠠᠯᠠᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠲᠣᠰ ᠪᠡᠶ᠎ᠡ ᠵᠢᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢ᠍ᠯᠡᠰ᠎ᠤᠨ ᠣᠳᠣᠬᠢ ᠪᠠᠢ᠌ᠳᠠᠯ ᠪᠠ ᠬᠥᠭᠵᠢᠯᠲᠡ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠨ᠂ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ᠎ᠤᠨ ᠵᠦᠷᠢᠶᠡᠵᠢᠬᠦᠯᠦᠨ ᠪᠠᠢ᠌ᠷᠢ ᠵᠥᠷᠢᠭᠦᠯᠦᠨ ᠬᠥᠭᠵᠢᠬᠦ ᠵᠢ ᠠᠬᠢᠭᠤᠯᠵᠤ᠂ ᠭᠣᠣᠯᠯᠠᠬᠤ ᠠᠵᠤ ᠦᠢ᠍ᠯᠡᠰ᠎ᠤᠨ ᠣᠨᠴᠠᠯᠢᠭᠲᠤ ᠠᠵᠤ ᠦᠢ᠍ᠯᠡᠰ᠎ᠤᠨ ᠰᠦᠷᠦᠭᠵᠢᠯ᠎ᠢ ᠪᠣᠶ ᠪᠣᠯᠭ᠋ᠠᠨ ᠪᠣᠢ᠌ᠵᠢᠭᠤᠯᠬᠤ ᠵᠢ ᠴᠢᠩᠭ᠎ᠠ ᠠᠩᠬᠠᠷᠴᠤ᠂ ᠡᠯ᠎ᠡ ᠬᠦᠷᠢᠶᠡᠯᠡᠩ ᠲᠣᠭᠣᠷᠢᠭ᠎ᠤᠨ ᠭᠣᠣᠯᠯᠠᠬᠤ ᠠᠵᠤ ᠦᠢ᠍ᠯᠡᠰ᠎ᠤᠨ ᠵᠢᠯ᠎ᠤᠨ ᠦᠢ᠍ᠯᠡᠳᠬᠦᠨ᠎ᠤ ᠥᠷᠲᠡᠭ᠎ᠤᠨ ᠡᠵᠡᠯᠡᠬᠦ ᠬᠠᠷᠢᠴᠠᠯ᠎ᠢ 60% ᠠᠴᠠ ᠳᠡᠭᠡᠭᠰᠢ᠎ᠳᠤ ᠬᠦᠷᠦᠭᠦᠯᠦᠨ᠎ᠡ᠃ 《 ᠨᠢᠰᠦᠭᠦᠷ ᠠᠵᠤ ᠠᠬᠤᠢ》 ᠵᠢᠨ ᠵᠠᠭᠪᠤᠷ᠎ᠢ ᠳᠡᠯᠭᠡᠷᠡᠭᠦᠯᠵᠦ᠂ ᠡᠯ᠎ᠡ ᠬᠣᠰᠢᠭᠤ ᠰᠢᠶᠠᠨ ᠲᠣᠭᠣᠷᠢᠭ ᠤᠨ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠵᠢᠨ ᠲᠣᠭᠣᠷᠢᠭ ᠳᠠᠰᠢ ᠴᠢᠨᠠᠷ ᠰᠠᠢ᠌ᠲᠠᠢ 《 ᠨᠢᠰᠦᠭᠦᠷ ᠲᠥᠷᠥᠯ ᠵᠦᠢ᠍ᠯ》᠎ᠢ ᠨᠠᠢ᠌ᠳᠠᠪᠤᠷᠢᠵᠢᠭᠤᠯᠬᠤ ᠵᠢ ᠰᠦᠪᠡᠭᠴᠢᠯᠡᠨ ᠠᠬᠢᠭᠤᠯᠵᠤ᠂ 《ᠨᠢᠰᠦᠭᠦᠷ ᠠᠵᠤ ᠠᠬᠤᠢ》 ᠵᠢ ᠬᠠᠢ᠌ᠨ ᠰᠦᠪᠡᠭᠴᠢᠯᠡᠬᠦ ᠠᠷᠭ᠎ᠠ ᠬᠢᠳᠡᠯ ᠪᠠ ᠲᠤᠷᠰᠢᠯᠭ᠎ᠠ ᠵᠢ ᠬᠥᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ ᠤᠨ ᠠᠷᠠᠳ ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠪᠡᠯᠡ ᠣᠷᠣᠭᠤᠯᠤᠯᠲᠠ ᠵᠢ ᠠᠬᠢᠭᠤᠯᠬᠤ ᠲᠥᠪ)
3. ᠬᠦᠷᠢᠶᠡᠯᠡᠩ ᠲᠣᠭᠣᠷᠢᠭ᠎ᠤᠨ ᠡᠵᠡᠮᠳᠡᠬᠦ ᠴᠢᠨᠠᠷᠲᠠᠢ ᠭᠦᠢ᠍ᠴᠡᠳᠬᠡᠯ ᠲᠣᠭ᠎ᠠ ᠵᠢ ᠰᠠᠢ᠌ᠲᠤᠷ ᠨᠠᠢ᠌ᠳᠠᠪᠤᠷᠢᠵᠢᠭᠤᠯᠤᠨ᠎ᠠ᠃ ᠬᠦᠷᠢᠶᠡᠯᠡᠩ ᠲᠣᠭᠣᠷᠢᠭ᠎ᠤᠨ ᠵᠢᠷᠭᠤᠭ᠋ᠠᠨ ᠵᠦᠢ᠍ᠯ᠎ᠤᠨ ᠡᠵᠡᠮᠳᠡᠬᠦ ᠴᠢᠨᠠᠷᠲᠠᠢ ᠭᠦᠢ᠍ᠴᠡᠳᠬᠡᠬᠦ ᠲᠣᠭ᠎ᠠ ᠵᠢ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢ᠍ᠯ᠎ᠳᠤ ᠵᠥᠪᠰᠢᠶᠡᠷᠡᠨ ᠣᠷᠣᠭᠤᠯᠬᠤ᠂ ᠦᠷ᠎ᠡ ᠠᠰᠢᠭ ᠵᠶ᠋ᠠᠷ ᠳᠣᠣᠷ᠎ᠠ ᠲᠥᠷᠥᠯ ᠵᠦᠢ᠍ᠯ᠎ᠢ ᠦᠨᠡᠮᠰᠢᠬᠦ᠂ ᠲᠥᠷᠥᠯ ᠵᠦᠢ᠍ᠯ᠎ᠤᠨ ᠬᠡᠷᠡᠭᠯᠡᠬᠦ ᠭᠠᠵᠠᠷ᠎ᠤᠨ ᠬᠡᠪᠴᠢᠶ᠎ᠡ ᠵᠢ ᠬᠢᠨᠠᠨ ᠲᠣᠭᠲᠠᠭ᠋ᠠᠬᠤ᠂ ᠲᠥᠷᠥᠯ ᠵᠦᠢ᠍ᠯ᠎ᠢ ᠠᠯᠪᠠᠳᠠᠯᠭ᠎ᠠ᠎ᠪᠠᠷ ᠪᠤᠴᠠᠭ᠋ᠠᠵᠤ ᠭᠠᠷᠭ᠋ᠠᠬᠤ ᠪᠠ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠵᠠᠯᠭ᠋ᠠᠮᠵᠢ ᠬᠠᠮᠢᠶᠠᠷᠤᠯᠲᠠ ᠵᠢᠨ ᠴᠢᠬᠤᠯᠠ ᠦᠨᠳᠦᠰᠦᠯᠡᠯ ᠪᠣᠯᠭ᠋ᠠᠬᠤ ᠬᠡᠷᠡᠭᠲᠡᠢ᠃ ᠪᠠᠢ᠌ᠩᠭᠤᠵᠢᠭᠤᠯᠤᠭᠰᠠᠨ ᠬᠢᠨᠠᠨ ᠬᠡᠮᠵᠢᠵᠦ ᠦᠨᠡᠯᠡᠨ ᠵᠢᠱ᠌ᠢᠬᠦ ᠵᠢᠨ ᠡᠵᠡᠮᠳᠡᠬᠦ ᠴᠢᠨᠠᠷᠲᠠᠢ ᠭᠦᠢ᠍ᠴᠡᠳᠬᠡᠯ ᠲᠣᠭ᠎ᠠ ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠤᠯᠠᠷᠢᠯ ᠵᠶ᠋ᠠᠷ ᠨᠡᠪᠲᠡᠷᠡᠭᠦᠯᠦᠨ᠎ᠡ᠃ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠴᠠᠬᠢᠯᠭ᠋ᠠᠨ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠬᠡᠷᠡᠭᠯᠡᠬᠦ᠂ ᠭᠠᠢ᠌ᠯᠢ ᠲᠠᠲᠠᠪᠤᠷᠢ ᠵᠡᠷᠭᠡ ᠲᠠᠯ᠎ᠠ᠎ᠪᠠᠷ᠂ ᠵᠥᠪ ᠴᠢᠭᠯᠡᠯ ᠵᠶ᠋ᠡᠷ ᠤᠷᠮᠠᠰᠢᠭᠤᠯᠬᠤ ᠪᠠ ᠡᠰᠡᠷᠭᠦ ᠴᠢᠭᠯᠡᠯ ᠵᠶ᠋ᠡᠷ ᠭᠡᠳᠡᠷᠭᠦ ᠰᠢᠬᠠᠮᠳᠠᠭᠤᠯᠬᠤ ᠵᠢ ᠬᠠᠷᠢᠯᠴᠠᠨ ᠤᠶᠠᠯᠳᠤᠭᠤᠯᠤᠭᠰᠠᠨ ᠵᠥᠷᠢᠶᠡᠲᠦ ᠠᠷᠭ᠎ᠠ ᠬᠡᠮᠵᠢᠶ᠎ᠡ ᠵᠢ ᠲᠣᠭᠲᠠᠭ᠋ᠠᠨ ᠬᠡᠷᠡᠭᠵᠢᠭᠦᠯᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠤᠨ ᠡᠵᠡᠮᠳᠡᠬᠦ ᠴᠢᠨᠠᠷᠲᠠᠢ ᠭᠦᠢ᠍ᠴᠡᠳᠬᠡᠯ ᠲᠣᠭ᠎ᠠ ᠵᠢ ᠪᠥᠬᠥ ᠲᠠᠯ᠎ᠠ ᠪᠠᠷ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ)
(ᠬᠣᠶᠠᠷ) ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠤᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠲᠦᠯᠬᠢᠨ ᠠᠬᠢᠭᠤᠯᠤᠨ᠎ᠠ
4. 《ᠮᠦ᠍ ᠪᠦᠷᠢ᠎ᠳᠤ ᠪᠠᠭ᠋ᠠᠲᠤᠷ ᠰᠢᠯᠭ᠋ᠠᠷᠠᠭᠤᠯᠬᠤ》 ᠣᠨᠣᠯᠵᠢᠬᠤᠨ᠎ᠢ ᠴᠢᠩᠭ᠋ᠠᠷᠠᠭᠤᠯᠤᠨ᠎ᠠ᠃ ᠬᠦᠷᠢᠶᠡᠯᠡᠩ ᠲᠣᠭᠣᠷᠢᠭ᠎ᠤᠨ ᠦᠯᠡᠳᠡᠭᠡᠯ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠳᠤ 《ᠮᠦ᠍ ᠪᠦᠷᠢ᠎ᠳᠤ ᠪᠠᠭ᠋ᠠᠲᠤᠷ ᠰᠢᠯᠭ᠋ᠠᠷᠠᠭᠤᠯᠬᠤ》 ᠥᠭᠡᠷᠡᠴᠢᠯᠡᠯᠲᠡ᠂ ᠮᠦ᠍ ᠪᠦᠷᠢ ᠳᠤᠮᠳᠠᠴᠢ ᠵᠢᠨ ᠦᠷ᠎ᠡ ᠠᠰᠢᠭ᠎ᠢ ᠦᠨᠡᠯᠡᠬᠦ ᠵᠡᠷᠭᠡ ᠠᠷᠭ᠎ᠠ ᠮᠠᠶᠢᠭ᠎ᠢ ᠠᠪᠴᠤ᠂ ᠡᠷᠴᠢᠮᠯᠢᠭ ᠲᠥᠪᠯᠡᠷᠡᠨ ᠬᠥᠭᠵᠢᠬᠦ ᠵᠢ ᠪᠡᠶᠡᠯᠡᠭᠦᠯᠬᠦ ᠵᠢ ᠵᠣᠷᠢᠭᠵᠢᠭᠤᠯᠤᠨ᠎ᠠ᠃ 2025 ᠣᠨ ᠪᠣᠯᠬᠤ᠎ᠳᠤ᠂ ᠬᠦᠷᠢᠶᠡᠯᠡᠩ ᠲᠣᠭᠣᠷᠢᠭ᠎ᠤᠨ ᠮᠦ᠍ ᠪᠦᠷᠢ ᠵᠢᠨ ᠳᠤᠮᠳᠠᠴᠢ ᠦᠢ᠍ᠯᠡᠳᠬᠦᠨ᠎ᠤ ᠥᠷᠲᠡᠭ᠎ᠢ 140 ᠲᠦᠮᠡᠨ ᠲᠥᠭᠥᠷᠢᠭ / ᠮᠦ᠍᠎ᠠᠴᠠ ᠳᠣᠣᠷ᠎ᠠ ᠪᠠᠢ᠌ᠯᠭ᠋ᠠᠬᠤ ᠦᠭᠡᠢ᠂ ᠮᠦ᠍ ᠪᠦᠷᠢ ᠵᠢᠨ ᠳᠤᠮᠳᠠᠴᠢ ᠪᠡᠯᠡ ᠣᠷᠣᠭᠤᠯᠤᠯᠲᠠ ᠵᠢᠨ ᠬᠦᠴᠦᠯᠡᠴᠡ ᠵᠢ 180 ᠲᠦᠮᠡᠨ ᠲᠥᠭᠥᠷᠢᠭ / ᠮᠦ᠍᠎ᠠᠴᠠ ᠳᠣᠣᠷ᠎ᠠ ᠪᠠᠢ᠌ᠯᠭ᠋ᠠᠬᠤ ᠦᠭᠡᠢ᠂ ᠮᠦ᠍ ᠪᠦᠷᠢ ᠵᠢᠨ ᠳᠤᠮᠳᠠᠴᠢ ᠭᠠᠢ᠌ᠯᠢ ᠲᠠᠲᠠᠪᠤᠷᠢ ᠵᠢ 6 ᠲᠦᠮᠡᠨ ᠲᠥᠭᠥᠷᠢᠭ/ ᠮᠦ᠍᠎ᠠᠴᠠ ᠳᠣᠣᠷ᠎ᠠ ᠪᠠᠢ᠌ᠯᠭ᠋ᠠᠬᠤ ᠦᠭᠡᠢ; ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠦᠢ᠍ᠯᠡᠳᠬᠦᠨ᠎ᠤ ᠶᠡᠷᠦᠩᠬᠡᠢ ᠥᠷᠲᠡᠭ 1300 ᠳ᠋ᠦᠩᠰᠢᠭᠤᠷ ᠲᠥᠭᠥᠷᠢᠭ᠎ᠲᠤ ᠬᠦᠷᠴᠦ᠂ ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠶᠡᠷᠦᠩᠬᠡᠢ ᠥᠷᠲᠡᠭ᠎ᠤᠨ 80% ᠠᠴᠠ ᠳᠡᠭᠡᠭᠰᠢ ᠡᠵᠡᠯᠡᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠪᠠᠶᠠᠨᠨᠠᠭᠤᠷ ᠬᠣᠲᠠ ᠵᠢᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ)
5. ᠬᠦᠷᠢᠶᠡᠯᠡᠩ ᠲᠣᠭᠣᠷᠢᠭ᠎ᠤᠨ ᠲᠥᠷᠥᠯ ᠵᠦᠢ᠍ᠯ᠎ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠵᠢ ᠴᠢᠩᠳᠠᠯᠠᠨ᠎ᠠ᠃ 《ᠠᠵᠤ ᠦᠢ᠍ᠯᠡᠰ᠎ᠤᠨ ᠪᠦᠲᠦᠴᠡ ᠵᠢᠨ ᠵᠢᠯᠤᠭᠣᠳᠬᠤ ᠭᠠᠷᠴᠠᠭ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠬᠣᠶᠠᠷ ᠥᠨᠳᠥᠷ〉 ᠲᠥᠷᠥᠯ ᠵᠦᠢ᠍ᠯ᠎ᠤᠨ ᠳᠣᠣᠷ᠎ᠠ ᠬᠢᠷᠢ ᠬᠡᠮᠵᠢᠶ᠎ᠡ᠎ᠪᠠᠷ ᠰᠣᠬᠣᠷ ᠪᠠᠯᠠᠢ᠎ᠪᠠᠷ ᠬᠥᠭᠵᠢᠭᠦᠯᠬᠦ ᠵᠢ ᠡᠷᠡᠰ ᠬᠣᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ》 ᠵᠡᠷᠭᠡ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠨᠥᠬᠥᠴᠡᠯ᠎ᠳᠤ ᠥᠯᠥ ᠨᠡᠢ᠌ᠴᠡᠬᠦ ᠲᠥᠷᠥᠯ ᠵᠦᠢ᠍ᠯ᠎ᠢ ᠶᠠᠮᠠᠷᠪᠠ ᠬᠡᠯᠪᠡᠷᠢ᠎ᠪᠠᠷ ᠬᠡᠯᠪᠡᠷᠢ ᠵᠢ᠎ᠨᠢ ᠥᠭᠡᠷᠡᠲᠦᠭᠦᠯᠦᠨ ᠬᠢᠨᠠᠨ ᠵᠥᠪᠰᠢᠶᠡᠷᠡᠵᠦ ᠪᠦᠲᠦᠭᠡᠨ ᠪᠠᠶ᠋ᠢᠭᠤᠯᠬᠤ ᠵᠢ ᠴᠢᠩᠭ᠎ᠠ ᠴᠠᠭ᠋ᠠᠵᠠᠯᠠᠨ᠎ᠠ᠃ ᠰᠢᠨ᠎ᠡ᠎ᠪᠠᠷ ᠪᠠᠶ᠋ᠢᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠢ ᠥᠪᠡᠷᠲᠡᠭᠡᠨ ᠵᠠᠰᠠᠬᠤ ᠣᠷᠣᠨ ᠠᠴᠠ ᠨᠢᠭᠡᠨᠲᠡ ᠦᠨᠡᠮᠰᠢᠭᠰᠡᠨ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠪᠤᠶᠤ ᠬᠢᠮᠢ ᠵᠢᠨ ᠠᠵᠤ ᠦᠢ᠍ᠯᠡᠳᠪᠦᠷᠢ ᠵᠢᠨ ᠲᠥᠪᠯᠡᠷᠡᠭᠰᠡᠨ ᠲᠣᠭᠣᠷᠢᠭ ᠪᠣᠯᠪᠠ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ)
6. ᠬᠦᠷᠢᠶᠡᠯᠡᠩ ᠲᠣᠭᠣᠷᠢᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠥᠪᠰᠢᠶᠡᠷᠡᠨ ᠣᠷᠣᠭᠤᠯᠬᠤ ᠨᠥᠬᠥᠴᠡᠯ᠎ᠢ ᠳᠡᠭᠡᠭᠰᠢᠯᠡᠭᠦᠯᠦᠨ᠎ᠡ᠃ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠨᠢ ᠬᠦᠷᠢᠶᠡᠯᠡᠩ ᠲᠣᠭᠣᠷᠢᠭ᠎ᠤᠨ ᠵᠠᠰᠠᠨ ᠨᠠᠢ᠌ᠷᠠᠭᠤᠯᠬᠤ ᠲᠥᠯᠦᠪᠵᠢᠭᠦᠯᠭᠡ ᠵᠢᠨ ᠣᠷᠴᠢᠨ ᠲᠣᠭᠣᠷᠢᠨ᠎ᠤ ᠦᠨᠡᠯᠡᠯᠲᠡ ᠵᠢᠴᠢ ᠬᠢᠨᠠᠨ ᠪᠠᠢ᠌ᠴᠠᠭ᠋ᠠᠭᠰᠠᠨ ᠰᠠᠨᠠᠯ᠎ᠤᠨ ᠱᠠᠭ᠋ᠠᠷᠳᠠᠯᠭ᠎ᠠ᠎ᠳᠤ ᠨᠡᠢ᠌ᠴᠡᠵᠦ᠂ ᠦᠢ᠍ᠯᠡᠳᠪᠦᠷᠢᠯᠡᠯ᠎ᠤᠨ ᠤᠷᠠᠨ ᠳᠠᠷᠬ᠎ᠠ᠂ ᠲᠥᠬᠦᠭᠡᠷᠦᠮᠵᠢ᠂ ᠪᠣᠬᠢᠷᠲᠤᠯ᠎ᠢ ᠵᠠᠰᠠᠬᠤ ᠮᠡᠷᠭᠡᠵᠢᠯ ᠪᠠ ᠨᠢᠭᠡᠴᠢ ᠦᠢ᠍ᠯᠡᠳᠬᠦᠨ᠎ᠤ ᠡᠨᠧᠷᠭᠢ ᠵᠢᠨ ᠬᠣᠷᠣᠭᠳᠠᠯ᠂ ᠤᠰᠤᠨ᠎ᠤ ᠬᠣᠷᠣᠭᠳᠠᠯ᠂ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠴᠢ ᠡᠬᠢ ᠪᠠᠶᠠᠯᠢᠭ᠎ᠤᠨ ᠠᠰᠢᠭᠯᠠᠯᠲᠠ ᠵᠢᠨ ᠨᠣᠷᠮ᠎ᠠ ᠵᠢ ᠵᠠᠷᠴᠢᠮ ᠳᠡᠭᠡᠷ᠎ᠡ᠎ᠪᠠᠨ ᠠᠳᠠᠯᠢ ᠠᠵᠢᠯ ᠲᠥᠷᠥᠯ᠎ᠤᠨ ᠲᠡᠷᠢᠭᠦᠨ᠎ᠤ ᠪᠠᠷᠢᠮᠵᠢᠶ᠎ᠠ᠎ᠳᠤ ᠬᠦᠷᠦᠭᠦᠯᠬᠦ ᠬᠡᠷᠡᠭᠲᠡᠢ᠃ ᠣᠶᠤᠨᠲᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠵᠡᠷᠭᠡ ᠲᠠᠪᠴᠠᠩ᠎ᠢ ᠠᠰᠢᠭᠯᠠᠨ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠢ ᠪᠦᠬᠦᠨ᠎ᠢ ᠡᠨᠧᠷᠭᠢ ᠵᠢᠨ ᠬᠣᠷᠣᠭᠳᠠᠯ᠎ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮᠵᠢ᠎ᠳᠤ ᠣᠷᠣᠭᠤᠯᠤᠨ᠎ᠠ; ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠠᠵᠤ ᠠᠬᠤᠢ᠌ᠯᠠᠯ᠎ᠤᠨ ᠡᠨᠧᠷᠭᠢ ᠠᠷᠪᠢᠯᠠᠬᠤ ᠬᠢᠨᠠᠨ ᠪᠠᠢ᠌ᠴᠠᠭ᠋ᠠᠯᠲᠠ ᠵᠢ ᠴᠢᠩᠭ᠋ᠠᠳᠬᠠᠵᠤ᠂ ᠤᠯᠤᠰ᠎ᠤᠨ ᠡᠨᠧᠷᠭᠢ ᠵᠢᠨ ᠬᠣᠷᠣᠭᠳᠠᠯ᠎ᠤᠨ ᠬᠢᠵᠠᠭ᠋ᠠᠷ ᠲᠣᠭ᠎ᠠ ᠵᠢᠨ ᠪᠠᠷᠢᠮᠵᠢᠶ᠎ᠠ᠎ᠠᠴᠠ ᠬᠡᠲᠦᠷᠡᠭᠰᠡᠨ ᠪᠠᠢ᠌ᠪᠠᠯ᠂ ᠬᠤᠭᠤᠴᠠᠭ᠎ᠠ ᠲᠣᠭᠲᠠᠭ᠋ᠠᠨ ᠴᠡᠭᠴᠡᠯᠡᠨ ᠥᠭᠡᠷᠡᠴᠢᠯᠡᠵᠦ᠂ ᠴᠡᠭᠴᠡᠯᠡᠨ ᠥᠭᠡᠷᠡᠴᠢᠯᠡᠭᠰᠡᠨ᠎ᠤ ᠲᠠᠷᠠᠭ᠎ᠠ ᠮᠥᠨ ᠯᠡ ᠪᠠᠷᠢᠮᠵᠢᠶ᠎ᠠ᠎ᠳᠤ ᠦᠯᠦ ᠬᠦᠷᠦᠭᠰᠡᠳ᠎ᠢ ᠬᠣᠴᠤᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢᠨ ᠶᠣᠰᠣᠭ᠋ᠠᠷ ᠡᠷᠡᠰ ᠵᠶ᠋ᠡᠷ ᠵᠠᠭ᠋ᠠᠵᠠᠯᠠᠨᠠ᠃ ᠬᠦᠷᠢᠶᠡᠯᠡᠩ ᠲᠣᠭᠣᠷᠢᠭ᠎ᠤᠨ ᠲᠥᠷᠥᠯ ᠵᠦᠢ᠍ᠯ᠎ᠳᠤ ᠵᠥᠪᠰᠢᠶᠡᠷᠡᠨ ᠣᠷᠣᠭᠤᠯᠬᠤ ᠨᠢᠭᠡᠴᠢ ᠦᠢ᠍ᠯᠡᠳᠬᠦᠨ᠎ᠤ ᠤᠰᠤ ᠬᠡᠷᠡᠭᠯᠡᠬᠦ ᠬᠡᠮᠵᠢᠶ᠎ᠡ ᠵᠢ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠤᠰᠤ ᠬᠡᠷᠡᠭᠯᠡᠬᠦ ᠲᠣᠭᠲᠠᠭᠰᠠᠨ ᠲᠣᠭ᠋ᠠᠨ᠎ᠤ ᠲᠡᠷᠢᠭᠦᠨ᠎ᠤ ᠬᠡᠮᠵᠢᠭᠳᠡᠯ᠎ᠳᠤ ᠬᠦᠷᠦᠭᠦᠯᠵᠦ᠂ ᠨᠢᠭᠡᠴᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠡᠨᠧᠷᠭᠢ ᠵᠢᠨ ᠬᠣᠷᠣᠭᠳᠠᠭᠤᠯᠤᠯ᠎ᠢ ᠮᠠᠨ᠎ᠤ ᠬᠣᠲᠠ ᠵᠢᠨ ᠡᠨᠧᠷᠭᠢ ᠵᠢᠨ ᠬᠣᠷᠣᠭᠳᠠᠭᠤᠯᠤᠯ᠎ᠤᠨ ᠬᠦᠴᠦᠯᠡᠴᠡ ᠵᠢᠨ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠨᠤᠷᠮ᠎ᠠ ᠵᠢ 50%᠎ᠠᠴᠠ ᠳᠡᠭᠡᠭᠰᠢ᠎ᠳᠤ ᠬᠦᠷᠭᠡᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ)
(ᠭᠤᠷᠪᠠ) ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠤᠨ᠎ᠠ
7. ᠬᠦᠷᠢᠶᠡᠯᠡᠩ ᠲᠣᠭᠣᠷᠢᠭ᠎ᠤᠨ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠤᠨ᠎ᠠ᠃ ᠠᠮᠢ ᠠᠬᠤᠢ ᠵᠢᠨ ᠣᠷᠴᠢᠨ ᠨᠥᠬᠥᠴᠡᠯ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ᠂ ᠣᠷᠴᠢᠨ ᠠᠬᠤᠢ ᠵᠢᠨ ᠨᠥᠯᠥᠭᠡᠯᠡᠯ᠎ᠢ ᠦᠨᠡᠯᠡᠬᠦ ᠳᠦᠷᠢᠮ᠎ᠢ ᠬᠠᠤᠯᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢᠨ ᠡᠯ᠎ᠡ ᠵᠦᠢ᠍ᠯ᠎ᠤᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠎ᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠵᠢᠴᠢ ᠣᠷᠣᠨ᠎ᠤ ᠳᠣᠲᠣᠷᠠᠬᠢ ᠠᠵᠤ ᠠᠬᠤᠢ᠌ᠯᠠᠯ᠎ᠤᠨ ᠬᠠᠤᠯᠢ ᠶᠣᠰᠣᠭ᠋ᠠᠷ ᠣᠷᠴᠢᠨ ᠲᠣᠭᠣᠷᠢᠨ᠎ᠤ ᠮᠡᠳᠡᠭᠡ ᠵᠠᠩᠭᠢ᠎ᠪᠠᠨ ᠢᠯᠡ ᠪᠣᠯᠭ᠋ᠠᠬᠤ ᠵᠢ ᠠᠬᠢᠭᠤᠯᠵᠤ᠂ ᠨᠡᠢ᠌ᠭᠡᠮ᠎ᠤᠨ ᠬᠢᠨᠠᠯᠲᠠ ᠲᠠᠯᠪᠢᠬᠤ ᠵᠢ ᠬᠦᠯᠢᠶᠡᠨ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ᠎ᠤᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠪᠠ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠵᠡᠷᠭᠡ ᠪᠣᠬᠢᠷᠲᠤᠯ ᠦᠭᠡᠢ ᠪᠣᠯᠭ᠋ᠠᠨ ᠥᠭᠡᠷᠡᠴᠢᠯᠡᠬᠦ ᠲᠥᠷᠥᠯ ᠵᠦᠢ᠍ᠯ᠎ᠢ ᠲᠦᠷᠭᠡᠳᠬᠡᠨ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠪᠣᠬᠢᠷᠲᠤᠯ ᠦᠭᠡᠢ ᠦᠢ᠍ᠯᠡᠳᠬᠦ ᠵᠢᠨ ᠵᠢᠱ᠌ᠢᠶ᠎ᠡ ᠦᠵᠡᠭᠦᠯᠬᠦ ᠭᠡᠷᠡᠴᠢᠯᠡᠯ᠂ ᠪᠣᠬᠢᠷᠲᠤᠯ ᠦᠭᠡᠢ ᠬᠦᠷᠢᠶᠡᠯᠡᠩ ᠲᠣᠭᠣᠷᠢᠭ᠎ᠤᠨ ᠭᠡᠷᠡᠴᠢᠯᠡᠯ᠎ᠢ ᠲᠦᠷᠭᠡᠳᠬᠡᠨ ᠬᠡᠷᠡᠭᠵᠢᠭᠦᠯᠵᠦ᠂ ᠪᠠᠷᠢᠮᠵᠢᠶ᠎ᠠ᠎ᠳᠤ ᠥᠯᠥ ᠬᠦᠷᠦᠭᠰᠡᠨ ᠬᠦᠷᠢᠶᠡᠯᠡᠩ ᠲᠣᠭᠣᠷᠢᠭ ᠪᠠ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ 2023᠎ᠠᠴᠠ 2025 ᠣᠨ᠎ᠤ ᠬᠣᠭᠣᠷᠣᠨᠳᠤ᠂ 40%᠂ 40%᠂ 20% ᠵᠢᠨ ᠠᠬᠢᠴᠠ᠎ᠪᠠᠷ ᠪᠣᠬᠢᠷᠲᠤᠯ ᠦᠭᠡᠢ ᠪᠣᠯᠭ᠋ᠠᠨ ᠥᠭᠡᠷᠡᠴᠢᠯᠡᠬᠦ ᠵᠢ ᠪᠡᠶᠡᠯᠡᠭᠦᠯᠦᠨ᠎ᠡ᠃ 2025 ᠣᠨ᠎ᠤ ᠡᠴᠦᠰ ᠪᠣᠯᠬᠤ᠎ᠳᠤ᠂ ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠳᠣᠲᠣᠷᠠᠬᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠢ ᠪᠦᠬᠦᠨ᠎ᠢ ᠪᠣᠬᠢᠷᠲᠤᠯ ᠦᠭᠡᠢ ᠪᠣᠯᠭ᠋ᠠᠬᠤ ᠵᠢ ᠪᠡᠶᠡᠯᠡᠭᠦᠯᠵᠦ᠂ 《ᠪᠣᠬᠢᠷᠲᠤᠯ ᠦᠭᠡᠢ ᠪᠣᠯ ᠳᠠᠷᠤᠢ ᠤᠬᠤᠷᠢᠭᠤᠯᠬᠤ》 ᠵᠢ ᠪᠡᠶᠡᠯᠡᠭᠦᠯᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠤᠷᠴᠢᠯᠵᠢᠭᠤᠯᠬᠤ ᠥᠭᠡᠷᠡᠴᠢᠯᠡᠯᠲᠡ ᠵᠢᠨ ᠠᠵᠢᠯ᠎ᠢ ᠪᠦᠬᠦᠨ᠎ᠢ ᠡᠬᠢᠯᠡᠨ ᠬᠡᠷᠡᠭᠵᠢᠭᠦᠯᠵᠦ᠂ ᠬᠦᠷᠢᠶᠡᠯᠡᠩ ᠲᠣᠭᠣᠷᠢᠭ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠬᠦᠷᠢᠶᠡᠯᠡᠩ ᠲᠣᠭᠣᠷᠢᠭ ᠤᠨ ᠭᠡᠷᠡᠴᠢᠯᠡᠯᠲᠡ ᠳᠤ ᠪᠠᠲᠤᠯᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ)
8. ᠬᠦᠷᠢᠶᠡᠯᠡᠩ ᠲᠣᠭᠣᠷᠢᠭ᠎ᠤᠨ ᠣᠶᠤᠨᠴᠢᠯᠠᠭᠰᠠᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ᠃ ᠣᠶᠤᠨᠲᠤ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢᠨ ᠡᠭᠦᠷᠭᠡ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠡᠷᠲᠡᠬᠡᠨ ᠪᠠᠷᠢᠮᠵᠢᠶ᠎ᠠ᠎ᠳᠤ ᠬᠦᠷᠦᠭᠦᠯᠦᠨ ᠠᠵᠢᠯᠯᠠᠭᠤᠯᠤᠨ᠎ᠠ᠃ 5G ᠵᠢᠨ ᠪᠠᠢ᠌ᠷᠢᠰᠢᠭᠤᠯᠤᠯᠲᠠ ᠵᠢ ᠬᠡᠷᠡᠭᠵᠢᠭᠦᠯᠬᠦ ᠢᠨᠵᠧᠨᠧᠷᠢᠩ᠂ ᠰᠦᠯᠵᠢᠶᠡᠨ᠎ᠤ ᠥᠭᠡᠷᠡᠴᠢᠯᠡᠯᠲᠡ ᠵᠢᠨ ᠢᠨᠵᠧᠨᠧᠷᠢᠩ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ᠎ᠤᠨ ᠬᠥᠭᠵᠢᠯᠲᠡ ᠵᠢᠨ ᠢᠨᠵᠧᠨᠧᠷᠢᠩ᠂ ᠡᠭᠦᠯᠡᠨ ᠲᠠᠪᠴᠠᠩ᠎ᠳᠤ ᠭᠠᠷᠴᠤ ᠠᠬᠢᠭᠤᠯᠬᠤ ᠢᠨᠵᠧᠨᠧᠷᠢᠩ᠂ ᠢᠯᠭ᠋ᠠᠬᠤ ᠲᠡᠮᠳᠡᠭ᠎ᠤᠨ ᠵᠠᠳᠠᠯᠤᠯᠲᠠ ᠵᠢᠨ ᠵᠠᠩᠭᠢᠯᠠᠭ᠎ᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠂ 5G ᠵᠢᠨ ᠠᠬᠤᠢ ᠲᠠᠯᠠᠪᠠᠶ ᠵᠢᠨ ᠬᠡᠷᠡᠭᠯᠡᠭᠡᠨ᠎ᠤ ᠢᠨᠵᠧᠨᠧᠷᠢᠩ᠂ ᠠᠵᠤ ᠦᠢ᠍ᠯᠡᠳᠪᠦᠷᠢ ᠵᠢᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠦᠨᠡᠯᠡᠨ ᠵᠢᠱ᠌ᠢᠬᠦ ᠢᠨᠵᠧᠨᠧᠷᠢᠩ᠎ᠢ ᠬᠡᠷᠡᠭᠵᠢᠭᠦᠯᠬᠦ ᠵᠢ ᠲᠦᠯᠬᠢᠨ ᠠᠬᠢᠭᠤᠯᠤᠨ᠎ᠠ᠃ 2025 ᠣᠨ ᠪᠣᠯᠬᠤ᠎ᠳᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ 5G ᠳᠣᠬᠢᠶ᠎ᠠ ᠵᠢ ᠪᠦᠲᠦᠮᠵᠢᠲᠡᠶ ᠪᠦᠷᠬᠦᠭᠦᠯᠬᠦ ᠵᠢ ᠪᠡᠶᠡᠯᠡᠭᠦᠯᠵᠦ᠂ ᠠᠵᠤ ᠦᠢ᠍ᠯᠡᠳᠪᠦᠷᠢᠵᠢᠯᠲᠡ ᠪᠠ ᠮᠡᠳᠡᠭᠡ ᠵᠠᠩᠭᠢᠵᠢᠯᠲᠠ ᠵᠢᠨ ᠠᠭᠤᠰᠤᠯᠴᠠᠯ᠎ᠤᠨ ᠪᠠᠷᠢᠮᠵᠢᠶ᠎ᠠ ᠵᠢ ᠪᠦᠬᠦᠨ᠎ᠢ ᠪᠦᠷᠬᠦᠭᠦᠯᠵᠦ᠂ ᠰᠦᠯᠵᠢᠶ᠎ᠡ᠂ ᠬᠡᠷᠡᠭᠯᠡᠭᠡᠨ᠂ ᠦᠵᠦᠭᠦᠷ᠎ᠤᠨ ᠳᠡᠮᠵᠢᠯᠭᠡ IPv6᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠎ᠤ ᠪᠠᠷᠢᠮᠵᠢᠶ᠎ᠠ ᠵᠢ ᠲᠤᠤᠱᠯᠠᠭᠤᠯᠤᠨ ᠦᠨᠡᠯᠡᠨ ᠲᠣᠭᠲᠠᠭ᠋ᠠᠬᠤ ᠠᠵᠤ ᠠᠬᠤᠢ᠌ᠯᠠᠯ᠎ᠢ 20 ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠣᠶᠤᠨᠲᠤ ᠦᠢ᠍ᠯᠡᠳᠪᠦᠷᠢ (ᠲᠣᠭ᠋ᠠᠵᠢᠭᠤᠯᠬᠤ ᠦᠢ᠍ᠯᠡᠳᠪᠦᠷᠢ ᠵᠢᠨ ᠲᠠᠰᠤᠭ ᠪᠠᠭᠲᠠᠨ᠎ᠠ) ᠵᠢ 15 ᠠᠴᠠ ᠳᠡᠭᠡᠭᠰᠢ᠎ᠳᠤ ᠬᠦᠷᠦᠭᠦᠯᠵᠦ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶᠡᠨ᠎ᠤ ᠲᠠᠪᠴᠠᠩ᠎ᠢ 2 ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠲᠥᠬᠦᠭᠡᠷᠦᠮᠵᠢ ᠵᠢᠨ ᠲᠣᠭ᠋ᠠᠵᠢᠭᠤᠯᠬᠤ ᠨᠣᠷᠮ᠎ᠠ ᠵᠢ 55% ᠠᠴᠠ ᠳᠡᠭᠡᠭᠰᠢ᠎ᠳᠤ ᠬᠦᠷᠦᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ)
9. ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠡᠨᠧᠷᠭᠢ ᠣᠯᠭᠣᠬᠤ ᠵᠢ ᠠᠬᠢᠭᠤᠯᠤᠨ᠎ᠠ᠃ ᠨᠥᠬᠥᠴᠡᠯ᠎ᠲᠠᠢ ᠬᠦᠷᠢᠶᠡᠯᠡᠩ ᠲᠣᠭᠣᠷᠢᠭ᠂ ᠠᠵᠤ ᠠᠬᠤᠢ᠌ᠯᠠᠯ ᠪᠣᠯᠣᠨ ᠪᠣᠷᠣᠳᠣᠬᠣᠢ ᠵᠢᠨ ᠳᠡᠭᠡᠳᠦ ᠰᠤᠷᠭ᠋ᠠᠭᠤᠯᠢ᠂ ᠪᠠᠶᠠᠨᠨᠠᠭᠤᠷ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠪᠣᠯᠣᠨ ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠡᠷᠭᠡ ᠬᠣᠲᠠ ᠵᠢᠨ ᠳᠣᠲᠣᠨ᠎ᠠ ᠭᠠᠳᠠᠨᠠᠬᠢ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠯᠤᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠬᠦ ᠵᠢ ᠳᠡᠮᠵᠢᠵᠦ᠂ ᠭᠣᠣᠯᠯᠠᠬᠤ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢᠨ ᠲᠣᠭᠣᠷᠢᠨ᠎ᠳᠤ ᠪᠡᠷᠬᠡ ᠰᠡᠳᠦᠪ ᠢ ᠲᠥᠪᠯᠡᠷᠡᠭᠦᠯᠦᠨ ᠰᠢᠢ᠍ᠳᠪᠦᠷᠢᠯᠡᠵᠦ᠂ ᠠᠮᠢᠳᠤ ᠪᠣᠳᠠᠰ ᠤᠨ ᠡᠮ ᠡᠮᠨᠡᠯᠭᠡ᠂ 《ᠭᠤᠷᠪᠠᠨ ᠬᠣᠨᠢ》 ᠵᠢᠨ ᠠᠵᠤ ᠦᠢ᠍ᠯᠡᠰ (ᠬᠣᠨᠢᠨ ᠠᠷᠠᠰᠤ᠂ ᠬᠣᠨᠢᠨ ᠨᠣᠣᠰᠣ᠂ ᠢᠮᠠᠭ᠋ᠠᠨ ᠨᠣᠯᠤᠤᠷ)᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠵᠡᠷᠭᠡ ᠳᠡᠭᠡᠳᠦ ᠰᠢᠨ᠎ᠡ ᠬᠦᠷᠢᠶ᠎ᠡ ᠪᠠ ᠰᠢᠨ᠎ᠡ᠎ᠪᠠᠷ ᠬᠥᠭᠵᠢᠭᠰᠡᠨ ᠬᠦᠷᠢᠶ᠎ᠡ ᠵᠢᠨ ᠲᠣᠭᠣᠷᠢᠨ᠎ᠳᠤ ᠬᠦᠴᠦ᠎ᠪᠠᠨ ᠬᠠᠮᠲᠤᠳᠬᠠᠨ ᠪᠣᠭᠣᠮᠲᠠ ᠰᠢᠪᠲᠤᠯᠵᠤ᠂ 《ᠭᠤᠷᠪᠠᠨ ᠲᠠᠪᠴᠠᠩ》 (ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ ᠵᠢᠨ ᠲᠥᠪ᠂ ᠠᠵᠤ ᠠᠬᠤᠢ᠌ᠯᠠᠯ᠎ᠤᠨ ᠮᠡᠷᠭᠡᠵᠢᠯ᠎ᠤᠨ ᠲᠥᠪ᠂ ᠢᠨᠵᠧᠨᠧᠷᠢᠩ᠎ᠤᠨ ᠮᠡᠷᠭᠡᠵᠢᠯ᠎ᠤᠨ ᠰᠤᠳᠤᠯᠭ᠋ᠠᠨ᠎ᠤ ᠲᠥᠪ)᠎ᠢ ᠰᠠᠢ᠌ᠲᠤᠷ ᠪᠠᠢ᠌ᠭᠤᠯᠵᠤ᠂ ᠴᠡᠴᠡᠷᠯᠢᠭ᠎ᠤᠨ ᠳᠣᠲᠣᠷᠠᠬᠢ ᠲᠣᠭᠲᠠᠭ᠋ᠠᠭᠰᠠᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠠᠢ᠌ᠭᠤᠯᠤᠮᠵᠢ ᠪᠠᠶ᠋ᠢᠭᠤᠯᠬᠤ ᠵᠢ ᠪᠡᠶᠡᠯᠡᠭᠦᠯᠵᠦ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠦᠨ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ 《ᠭᠤᠷᠪᠠ ᠵᠢ ᠪᠦᠷᠢᠨ ᠪᠦᠷᠬᠦᠭᠦᠯᠬᠦ》 ᠵᠢ ᠨᠡᠮᠡᠭᠳᠡᠭᠦᠯᠵᠦ᠂ 2025 ᠣᠨ ᠪᠣᠯᠬᠤ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨ᠎ᠡ ᠵᠢ ᠡᠭᠦᠳᠬᠦ ᠲᠠᠪᠴᠠᠩ᠎ᠢ 15 ᠰᠢᠨ᠎ᠡ᠎ᠪᠠᠷ ᠨᠡᠮᠡᠭᠳᠡᠭᠦᠯᠦᠨ᠎ᠡ᠂ ᠡᠭᠦᠨ᠎ᠳᠤ᠂ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ ᠵᠢᠨ ᠲᠥᠪ 2᠂ ᠠᠵᠤ ᠠᠬᠤᠢ᠌ᠯᠠᠯ᠎ᠤᠨ ᠮᠡᠷᠭᠡᠵᠢᠯ᠎ᠤᠨ ᠲᠥᠪ 3᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ 10 ᠪᠠᠢ᠌ᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠲᠥᠷᠥᠯ ᠵᠦᠢ᠍ᠯ᠎ᠤᠨ ᠬᠥᠮᠥᠷᠭᠡ ᠵᠢ ᠪᠠᠢ᠌ᠭᠤᠯᠵᠤ᠂ 《ᠲᠤᠷᠰᠢᠯᠲᠠ ᠵᠢᠨ ᠲᠠᠰᠤᠭ》 ᠠᠴᠠ ᠦᠢ᠍ᠯᠡᠳᠪᠦᠷᠢᠯᠡᠯ᠎ᠤᠨ ᠱᠤᠭᠤᠮ᠎ᠳᠤ ᠬᠦᠷᠬᠦ ᠶᠠᠪᠤᠴᠠ ᠵᠢ ᠪᠣᠭᠣᠨᠢᠰᠬᠠᠵᠤ᠂ ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠤᠳᠤᠯᠤᠨ ᠨᠡᠭᠡᠭᠡᠭᠰᠡᠨ ᠪᠠ ᠣᠷᠣᠭᠤᠯᠤᠨ ᠠᠪᠴᠢᠷᠠᠭᠰᠠᠨ ᠠᠵᠤ ᠦᠶ᠋ᠢᠯᠡᠰᠵᠢᠯᠲᠡ ᠵᠢᠨ ᠨᠥᠬᠥᠴᠡᠯ᠎ᠢ ᠪᠦᠷᠢᠯᠳᠦᠭᠦᠯᠦᠭᠰᠡᠨ ᠲᠥᠷᠥᠯ ᠵᠦᠢ᠍ᠯ᠎ᠳᠤ ᠳᠡᠭᠡᠳᠦ ᠱᠠᠲᠤᠨ᠎ᠤ ᠲᠤᠰᠬᠠᠢ ᠵᠦᠢ᠍ᠯ᠎ᠤᠨ ᠪᠡᠯᠡ ᠮᠥᠩᠭᠥ ᠵᠢ ᠲᠡᠮᠡᠴᠡᠨ ᠣᠯᠬᠤ ᠵᠡᠷᠭᠡ ᠠᠷᠭ᠎ᠠ ᠮᠠᠶᠢᠭ ᠵᠶ᠋ᠠᠷ ᠳᠡᠮᠵᠢᠨ ᠳᠡᠮᠵᠢᠯᠭᠡ ᠦᠵᠡᠭᠦᠯᠦᠨ᠎ᠡ᠃ ᠨᠢᠭᠡ ᠪᠦᠯᠦᠭ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ ᠪᠣᠯᠣᠨ 《ᠲᠤᠰᠬᠠᠢ ᠨᠠᠷᠢᠯᠢᠭ ᠣᠨᠴᠠ ᠰᠢᠨ᠎ᠡ》 ᠳᠤᠮᠳᠠ ᠵᠢᠵᠢᠭ ᠠᠵᠤ ᠠᠬᠤᠢ᠌ᠯᠠᠯ᠎ᠢ ᠭᠣᠣᠯᠳᠠᠯᠭ᠎ᠠ᠎ᠲᠠᠢ ᠪᠣᠢ᠌ᠵᠢᠭᠤᠯᠵᠤ᠂ 2025 ᠣᠨ ᠪᠣᠯᠬᠤ᠎ᠳᠤ 35᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
10. ᠳᠡᠭᠡᠳᠦ ᠦᠵᠦᠭᠦᠷᠵᠢᠭᠰᠡᠨ ᠣᠨᠴᠠᠯᠢᠬ᠍ᠵᠢᠭᠰᠠᠨ ᠬᠥᠭᠵᠢᠯᠲᠡ ᠵᠢ ᠠᠬᠢᠭᠤᠯᠤᠨ᠎ᠠ᠃ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ᠎ᠢ ᠳᠡᠭᠡᠳᠦ ᠦᠵᠦᠭᠦᠷᠵᠢᠭᠦᠯᠬᠦ᠂ ᠣᠨᠴᠠᠯᠢᠬ᠍ᠵᠢᠭᠤᠯᠤᠨ ᠬᠥᠭᠵᠢᠭᠦᠯᠬᠦ ᠵᠢ ᠪᠠᠷᠢᠮᠲᠠᠯᠠᠨ᠎ᠠ᠃ ᠬᠦᠷᠢᠶᠡᠯᠡᠩ ᠲᠣᠭᠣᠷᠢᠭ᠎ᠤᠨ ᠦᠢ᠍ᠯᠡᠳᠬᠦ ᠦᠢ᠍ᠯᠡᠰ᠎ᠤᠨ ᠣᠷᠣᠨ ᠪᠦᠰᠡ ᠵᠢᠨ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠬᠤ ᠵᠢ ᠳᠡᠮᠵᠢᠵᠦ᠂ ᠠᠵᠤ ᠠᠬᠤᠢ᠌ᠯᠠᠯ᠎ᠤᠨ ᠨᠠᠷᠠᠲᠤ ᠲᠥᠷᠥᠯ ᠲᠡᠮᠳᠡᠭᠲᠦ ᠬᠢᠭᠡᠳ ᠣᠷᠣᠨ ᠪᠦᠰᠡ ᠵᠢᠨ ᠨᠠᠷᠠᠲᠤ ᠲᠥᠷᠥᠯ ᠲᠡᠮᠳᠡᠭᠲᠦ ᠵᠢᠨ ᠬᠠᠷᠢᠯᠴᠠᠨ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠨᠢ ᠤᠯᠤᠰ᠎ᠤᠨ ᠳᠡᠰ᠎ᠤᠨ ᠠᠵᠤ ᠠᠬᠤᠢ ᠵᠢᠨ ᠨᠡᠭᠡᠭᠡᠯᠲᠡ ᠵᠢᠨ ᠲᠣᠭᠣᠷᠢᠭ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠡᠭᠡᠳᠦ ᠲᠠᠰ᠎ᠤᠨ ᠣᠷᠭ᠋ᠠᠨᠢᠭ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠡᠳ᠋ᠰᠢᠭᠦᠯᠬᠦ᠂ ᠠᠮᠢᠳᠤ ᠪᠣᠳᠠᠰ᠎ᠤᠨ ᠡᠮ ᠦᠢ᠍ᠯᠡᠳᠬᠦ᠂ ᠰᠢᠨ᠎ᠡ ᠡᠨᠧᠷᠭᠢ ᠵᠢᠨ ᠲᠣᠨᠣᠭ ᠲᠥᠬᠦᠭᠡᠷᠦᠮᠵᠢ ᠦᠢ᠍ᠯᠡᠳᠬᠦ᠂ ᠰᠢᠨ᠎ᠡ ᠮᠠᠲ᠋ᠧᠷᠢᠶᠠᠯ ᠵᠡᠷᠭᠡ ᠲᠠᠯ᠎ᠠ᠎ᠪᠠᠷ ᠬᠡᠯᠬᠢᠶᠡᠵᠢᠯ᠎ᠢ ᠤᠷᠲᠤᠳᠬᠠᠨ ᠬᠡᠯᠬᠢᠶᠡᠵᠢᠯ᠎ᠢ ᠨᠥᠬᠥᠪᠦᠷᠢᠯᠡᠵᠦ ᠬᠡᠯᠬᠢᠶᠡᠵᠢᠯ᠎ᠢ ᠴᠢᠩᠭ᠋ᠠᠳᠬᠠᠬᠤ ᠵᠢᠨ ᠲᠣᠭᠣᠷᠢᠨ᠎ᠳᠤ᠂ ᠳᠡᠭᠡᠳᠦ ᠳᠣᠣᠷᠠᠳᠤ ᠤᠷᠤᠰᠬᠠᠯ᠎ᠤᠨ ᠢᠵᠢ ᠪᠦᠷᠢᠳᠦᠭᠦᠯᠬᠦ ᠪᠠ ᠦᠢ᠍ᠯᠡᠳᠪᠦᠷᠢᠯᠡᠯ᠎ᠤᠨ ᠴᠢᠨᠠᠷᠲᠠᠢ ᠦᠢ᠍ᠯᠡᠴᠢᠯᠡᠭᠡᠨ᠎ᠤ ᠦᠢ᠍ᠯᠡᠰ᠎ᠢ ᠲᠦᠷᠭᠡᠳᠬᠡᠨ ᠣᠷᠣᠭᠤᠯᠵᠤ᠂ ᠵᠠᠩᠭᠢᠯᠠᠭ᠎ᠠ ᠵᠢᠨ ᠬᠦᠷᠢᠶᠡᠨ᠎ᠤ ᠭᠣᠣᠯᠯᠠᠬᠤ ᠲᠥᠷᠥᠯ ᠵᠦᠢ᠍ᠯ᠎ᠢ ᠶᠡᠬᠡᠪᠡᠷ ᠣᠷᠣᠭᠤᠯᠤᠨ ᠠᠪᠴᠢᠷᠠᠵᠤ᠂ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠲᠦᠷᠭᠡᠳᠬᠡᠨ᠎ᠡ᠃ ᠪᠣᠷᠣᠳᠣᠬᠣᠢ ᠵᠢᠨ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠭᠤᠷᠪᠠᠨ ᠲᠣᠭᠣᠷᠢᠭ᠎ᠤᠨ ᠬᠡᠰᠡᠭ᠎ᠨᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠢᠯ᠎ᠢ ᠭᠣᠣᠯᠴᠢᠯᠠᠨ ᠬᠢᠵᠦ ᠪᠠᠢ᠌ᠭ᠎ᠠ ᠪᠣᠯᠪᠠᠴᠤ ᠲᠣᠰ ᠲᠣᠰ᠎ᠤᠨ ᠭᠣᠣᠯᠳᠠᠯᠭ᠎ᠠ᠎ᠲᠠᠢ᠃ ᠬᠠᠩᠭᠢᠨ ᠬᠣᠢ᠌ᠲᠤ ᠬᠣᠰᠢᠭᠤᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ᠎ᠨᠢ ᠭᠣᠣᠯᠳᠠᠭᠤ ᠠᠮᠢᠳᠤ ᠪᠣᠳᠠᠰ᠎ᠤᠨ ᠨᠡᠢ᠌ᠯᠡᠯᠭᠡ᠂ ᠠᠷᠢᠬᠢᠨ᠎ᠤ ᠦᠢ᠍ᠯᠡᠰ᠎ᠤᠨ ᠪᠦᠯᠦᠭᠯᠡᠯ᠂ ᠰᠦ ᠵᠢᠨ ᠦᠢ᠍ᠯᠡᠰ᠎ᠤᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠬᠥᠭᠵᠢᠯᠲᠡ ᠵᠢᠴᠢ ᠨᠠᠩᠭᠤᠸᠠ ᠵᠢᠨ ᠦᠷ᠎ᠡ ᠵᠢᠨ ᠴᠥᠮ᠎ᠡ ᠪᠣᠯᠣᠨ ᠲᠠᠷᠢᠶᠠᠯᠠᠩ᠎ᠤᠨ ᠮᠠᠰᠢᠨ᠎ᠤ ᠲᠤᠨᠤᠭ ᠲᠥᠬᠦᠭᠡᠷᠦᠮᠵᠢ ᠵᠢ ᠦᠢ᠍ᠯᠡᠳᠬᠦ ᠵᠢᠨ ᠲᠣᠭᠣᠷᠢᠨ᠎ᠳᠤ ᠠᠷᠭ᠎ᠠ ᠤᠬᠠᠭ᠋ᠠᠨ ᠭᠠᠷᠭ᠋ᠠᠬᠤ᠂ ᠲᠦᠷᠦᠯ ᠵᠦᠢ᠍ᠯ᠎ᠢ ᠣᠷᠣᠭᠤᠯᠬᠤ᠎ᠪᠠᠷ ᠭᠣᠣᠯᠳᠠᠯᠭ᠎ᠠ᠎ᠪᠠᠨ ᠪᠣᠯᠭ᠋ᠠᠪᠠ᠃ ᠦᠶᠤᠸᠠᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ᠎ᠤᠨ᠎ᠬᠢᠨ ᠦᠷ᠎ᠡ ᠵᠢᠨ ᠴᠥᠮ᠎ᠡ ᠡᠳ᠋ᠰᠢᠭᠦᠯᠬᠦ ᠠᠵᠤ ᠦᠢ᠍ᠯᠡᠰ᠎ᠤᠨ ᠳᠠᠪᠠᠭᠤᠯᠢᠭ᠎ᠢ ᠥᠷᠭᠡᠳᠬᠡᠭᠰᠡᠨ ᠰᠠᠭᠤᠷᠢᠨ ᠳᠡᠭᠡᠷ᠎ᠡ᠂ ᠬᠤᠨᠢᠨ ᠮᠢᠬᠠᠨ᠎ᠤ ᠵᠢᠵᠢᠭ ᠪᠠᠯᠭ᠋ᠠᠰᠤ᠂ ᠷᠦᠨ ᠬᠠᠢ ᠶᠤᠸᠠᠨ ᠵᠡᠷᠭᠡ ᠭᠣᠣᠯᠯᠠᠭᠴᠢ ᠠᠵᠤ ᠠᠬᠤᠢ᠌ᠯᠠᠯ᠎ᠳᠤ ᠭᠣᠣᠯᠳᠠᠯᠭ᠎ᠠ᠎ᠲᠠᠢ ᠲᠦᠰᠢᠭᠯᠡᠵᠦ᠂ ᠮᠠᠯ ᠵᠢᠭᠦᠷᠲᠡᠨ᠎ᠤ ᠮᠢᠬᠠᠨ᠎ᠤ ᠲᠦᠷᠦᠯ᠎ᠢ ᠡᠳ᠋ᠰᠢᠭᠦᠯᠬᠦ ᠠᠵᠤ ᠦᠢ᠍ᠯᠡᠰ᠎ᠤᠨ ᠬᠡᠪᠴᠢᠶ᠎ᠡ ᠵᠢ ᠲᠠᠰᠤᠷᠠᠯᠳᠡ ᠦᠭᠡᠢ ᠥᠷᠭᠡᠳᠬᠡᠨ᠎ᠡ᠃ ᠳ᠋ᠸᠩᠺᠸᠦ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠤᠳ ᠰᠢᠨ᠎ᠡ ᠡᠨᠧᠷᠭᠢ ᠵᠢᠨ ᠠᠵᠤ ᠦᠢ᠍ᠯᠡᠰ ᠤᠨ ᠬᠡᠯᠬᠢᠶ᠎ᠡ ᠵᠢᠨ ᠲᠣᠭᠣᠷᠢᠨ ᠳᠤ᠂ ᠦᠢ᠍ᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠵᠦ᠂ 《ᠬᠡᠷᠡᠯ ᠸᠣᠯᠲ + ᠠᠮᠢ ᠠᠬᠤᠢ ᠵᠢᠨ ᠵᠠᠰᠠᠯᠲᠠ》 ᠵᠢᠨ ᠵᠠᠭᠪᠤᠷ ᠢ ᠰᠠᠢ᠌ᠲᠤᠷ ᠬᠢᠬᠦ ᠵᠢᠨ ᠵᠡᠷᠭᠡ᠎ᠳᠤ ᠰᠦ᠍ ᠵᠢᠨ ᠦᠢ᠍ᠯᠡᠰ᠎ᠤᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠭᠠᠳᠠᠭ᠋ᠠᠳᠤ ᠠᠴᠠ ᠣᠷᠣᠭᠤᠯᠬᠤ ᠡᠬᠢ ᠪᠠᠶᠠᠯᠢᠭ᠎ᠢ ᠡᠳ᠋ᠰᠢᠭᠦᠯᠦᠨ ᠨᠡᠭᠡᠭᠡᠨ ᠬᠥᠭᠵᠢᠭᠦᠯᠬᠦ ᠲᠣᠭᠣᠷᠢᠭ᠎ᠨᠢ ᠭᠣᠣᠯᠳᠠᠭᠤ ᠰᠢᠨ᠎ᠡ ᠬᠡᠯᠪᠡᠷᠢ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠳᠣᠣᠷᠠᠳᠤ ᠤᠷᠤᠰᠬᠠᠯ᠎ᠤᠨ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ ᠳᠡᠭᠡᠷ᠎ᠡ ᠬᠦᠴᠦ ᠲᠠᠯᠪᠢᠵᠤ᠂ ᠠᠵᠤ ᠦᠢ᠍ᠯᠡᠰ᠎ᠤᠨ ᠬᠡᠯᠬᠢᠶ᠎ᠡ ᠵᠢ ᠲᠠᠰᠤᠷᠠᠯᠲᠠ ᠦᠭᠡᠢ ᠤᠷᠲᠤᠳᠬᠠᠨ᠂ ᠥᠷᠲᠡᠭ᠎ᠤᠨ ᠬᠡᠯᠬᠢᠶ᠎ᠡ ᠵᠢ ᠪᠤᠵᠠᠭ᠋ᠠᠢ᠌ᠷᠠᠭᠤᠯᠵᠤ᠂ ᠭᠠᠳᠠᠭ᠋ᠠᠳᠤ ᠠᠴᠠ ᠣᠷᠣᠭᠤᠯᠬᠤ ᠨᠡᠭᠦᠷᠡᠰᠦᠨ᠎ᠤ ᠡᠬᠢ ᠪᠠᠶᠠᠯᠢᠭ᠎ᠢ ᠡᠳ᠋ᠰᠢᠭᠦᠯᠦᠨ ᠠᠰᠢᠭᠯᠠᠬᠤ ᠨᠣᠷᠮ᠎ᠠ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠦᠨ᠎ᠡ᠃ ᠡᠭᠦᠨ᠎ᠤ ᠬᠠᠮᠲᠤ᠂ ᠤᠷᠠᠳ᠎ᠤᠨ ᠡᠮᠦᠨᠡᠲᠦ ᠬᠣᠰᠢᠭᠤᠨ᠎ᠤ ᠠᠵᠤ ᠦᠢ᠍ᠯᠡᠰ᠎ᠤᠨ ᠬᠦᠷᠢᠶᠡᠯᠡᠩ᠎ᠨᠢ ᠣᠲᠣ ᠵᠢᠨ ᠪᠠᠢ᠌ᠭ᠎ᠠ ᠣᠯᠠᠨ ᠲᠠᠯᠠᠰᠲᠤ ᠴᠠᠬᠢᠭᠤᠷ᠎ᠤᠨ ᠬᠡᠷᠡᠯ ᠸᠣᠯᠲ᠎ᠤᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠭᠠᠭᠴᠠ ᠮᠣᠳᠣ ᠪᠣᠭᠣᠮᠲᠠ ᠵᠢᠨ ᠬᠦᠷᠢᠶᠡᠯᠡᠩ᠎ᠨᠢ ᠶᠡᠬᠡ ᠮᠣᠩᠭᠣᠯ᠎ᠤᠨ ᠨᠡᠭᠦᠷᠡᠰᠦᠨ᠎ᠤ ᠨᠠᠷᠢᠯᠢᠭ ᠨᠡᠭᠦᠷᠡᠰᠦᠨ᠎ᠤ ᠵᠠᠬ᠎ᠠ ᠳᠡᠯᠭᠡᠭᠦᠷ᠎ᠢ ᠬᠦᠴᠦᠷᠬᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠢ᠃ ᠤᠷᠠᠳ᠎ᠤᠨ ᠬᠣᠢ᠌ᠲᠤ ᠬᠣᠰᠢᠭᠤᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠨᠢ ᠥᠩᠭᠡᠲᠦ ᠲᠡᠮᠦᠷᠯᠢᠭ ᠬᠠᠢ᠌ᠯᠤᠭᠤᠯᠬᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠪᠠ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠠᠵᠢᠯ᠎ᠢ ᠰᠠᠢ᠌ᠲᠤᠷ ᠬᠢᠵᠦ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠬᠦᠬᠦᠷ ᠬᠢᠮᠢ ᠵᠢᠨ ᠠᠵᠤ ᠦᠢ᠍ᠯᠡᠳᠪᠦᠷᠢ ᠵᠢ ᠭᠣᠣᠯᠳᠠᠯᠭ᠎ᠠ ᠲᠠᠢ ᠬᠥᠭᠵᠢᠭᠦᠯᠬᠦ ᠵᠢᠨ ᠬᠠᠮᠲᠤ ᠲᠡᠮᠦᠷ ᠵᠠᠮ ᠤᠨ ᠪᠠᠷᠠᠭ᠋ᠠᠨ ᠤ ᠭᠦᠢ᠍ᠯᠭᠡᠭᠡ ᠵᠢᠴᠢ ᠬᠠᠮᠢᠶ᠎ᠠ ᠪᠦᠬᠦᠢ ᠦᠢ᠍ᠯᠡᠳᠪᠦᠷᠢᠯᠡᠯ ᠤᠨ ᠴᠢᠨᠠᠷᠲᠠᠢ ᠦᠢ᠍ᠯᠡᠴᠢᠯᠡᠭᠡᠨ ᠤ ᠦᠢ᠍ᠯᠡᠰ ᠢ ᠲᠦᠷᠭᠡᠳᠬᠡᠨ ᠬᠥᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ)
11. ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ᠎ᠪᠠᠷ ᠬᠤᠳᠠᠯᠳᠤᠭ᠋ᠠᠴᠢᠨ ᠤᠷᠢᠬᠤ ᠵᠢ ᠠᠬᠢᠭᠤᠯᠤᠨ᠎ᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠭᠣᠣᠯᠯᠠᠬᠤ ᠥᠷᠢᠰᠦᠯᠳᠦᠬᠦ ᠬᠦᠴᠦᠨ᠎ᠲᠠᠢ ᠬᠥᠲᠥᠴᠢ ᠠᠵᠤ ᠠᠬᠤᠢ᠌ᠯᠠᠯ᠂ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠢ᠌ᠯᠠᠯ᠂ ᠦᠢ᠍ᠯᠡᠳᠬᠦ ᠦᠢ᠍ᠯᠡᠰ᠎ᠤᠨ ᠭᠠᠭᠴᠠ ᠵᠦᠢ᠍ᠯ᠎ᠤᠨ ᠮᠠᠩᠯᠠᠢ ᠵᠢᠨ ᠠᠵᠤ ᠠᠬᠤᠢ᠌ᠯᠠᠯ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ ᠣᠷᠣᠭᠤᠯᠤᠨ ᠠᠪᠴᠢᠷᠠᠬᠤ ᠵᠢ ᠵᠣᠷᠢᠭᠵᠢᠭᠤᠯᠵᠤ᠂ ᠴᠢᠬᠤᠯᠠ ᠶᠡᠬᠡ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠢ ᠠᠵᠤ ᠦᠶ᠋ᠢᠯᠡᠰᠵᠢᠭᠦᠯᠬᠦ ᠲᠥᠷᠥᠯ ᠵᠦᠢ᠍ᠯ ᠢ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ᠃ ᠬᠦᠷᠢᠶᠡᠯᠡᠩ ᠲᠣᠭᠣᠷᠢᠭ᠎ᠤᠨ ᠭᠣᠣᠯᠯᠠᠬᠤ ᠠᠵᠤ ᠦᠢ᠍ᠯᠡᠰ ᠪᠠ ᠬᠡᠯᠬᠢᠶᠡᠰᠦ ᠵᠢ ᠤᠷᠲᠤᠳᠬᠠᠨ ᠬᠡᠯᠬᠢᠶᠡᠰᠦ ᠵᠢ ᠴᠢᠩᠭ᠋ᠠᠳᠬᠠᠵᠤ ᠬᠡᠯᠬᠢᠶᠡᠰᠦ ᠵᠢ ᠨᠥᠬᠥᠪᠦᠷᠢᠯᠡᠬᠦ ᠬᠠᠷᠠᠯᠲᠠ ᠵᠢᠨ ᠲᠣᠭᠣᠷᠢᠨ᠎ᠳᠤ᠂ ᠬᠤᠳᠠᠯᠳᠤᠭ᠋ᠠᠴᠢᠨ ᠤᠷᠢᠬᠤ ᠬᠠᠷᠠᠯᠲᠠᠲᠤ ᠭᠠᠵᠠᠷ ᠣᠷᠣᠨ᠂ ᠬᠠᠷᠠᠯᠲᠠᠲᠤ ᠠᠵᠤ ᠠᠬᠤᠢ᠌ᠯᠠᠯ᠎ᠢ ᠨᠠᠷᠢᠯᠢᠭ ᠣᠨᠣᠴᠠᠲᠠᠢ᠎ᠪᠠᠷ ᠲᠣᠭᠲᠠᠭ᠋ᠠᠵᠤ᠂ ᠬᠤᠳᠠᠯᠳᠤᠭ᠋ᠠᠴᠢᠨ ᠤᠷᠢᠬᠤ ᠲᠥᠰᠥᠯ᠎ᠢ ᠲᠣᠭᠲᠠᠭ᠋ᠠᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠣᠷᠢᠭ᠎ᠤᠨ ᠬᠤᠳᠠᠯᠳᠤᠭ᠋ᠠᠴᠢᠨ ᠤᠷᠢᠵᠤ ᠪᠡᠯᠡ ᠲᠠᠲᠠᠬᠤ ᠬᠥᠳᠡᠯᠦᠩᠭᠦᠢ ᠲᠥᠷᠥᠯ ᠵᠦᠢ᠍ᠯ᠎ᠤᠨ ᠬᠥᠮᠥᠷᠭᠡ ᠵᠢ ᠪᠠᠢ᠌ᠭᠤᠯᠤᠨ᠂ ᠬᠤᠳᠠᠯᠳᠤᠭ᠋ᠠᠴᠢᠨ ᠤᠷᠢᠵᠤ ᠪᠡᠯᠡ ᠲᠠᠲᠠᠬᠤ ᠠᠵᠢᠯ᠎ᠢ ᠨᠠᠷᠢᠯᠢᠭ ᠣᠨᠣᠴᠠᠲᠠᠢ᠎ᠪᠠᠷ ᠥᠷᠨᠢᠭᠦᠯᠦᠨ᠎ᠡ᠃ ᠡᠯ᠎ᠡ ᠵᠦᠢ᠍ᠯ᠎ᠤᠨ ᠬᠤᠳᠠᠯᠳᠤᠭ᠋ᠠᠴᠢᠨ ᠤᠷᠢᠬᠤ ᠠᠷᠭ᠎ᠠ ᠵᠠᠮ ᠪᠠ ᠡᠯ᠎ᠡ ᠲᠥᠷᠥᠯ᠎ᠤᠨ ᠲᠠᠪᠴᠠᠩ᠎ᠤᠨ ᠵᠠᠭᠤᠴᠢᠯᠠᠭᠤᠷ᠎ᠢ ᠶᠡᠷᠦᠩᠬᠡᠢ᠌ᠯᠡᠨ ᠬᠡᠷᠡᠭᠯᠡᠵᠦ᠂ ᠬᠤᠳᠠᠯᠳᠤᠭ᠋ᠠᠴᠢᠨ ᠵᠶ᠋ᠠᠷ ᠬᠤᠳᠠᠯᠳᠤᠭ᠋ᠠᠴᠢᠨ ᠤᠷᠢᠬᠤ᠂ ᠲᠥᠷᠥᠯ ᠵᠦᠢ᠍ᠯ ᠵᠶ᠋ᠡᠷ ᠬᠤᠳᠠᠯᠳᠤᠭ᠋ᠠᠴᠢᠨ ᠤᠷᠢᠬᠤ᠂ ᠣᠷᠴᠢᠨ ᠲᠣᠭᠣᠷᠢᠨ ᠵᠶ᠋ᠠᠷ ᠬᠤᠳᠠᠯᠳᠤᠭ᠋ᠠᠴᠢᠨ ᠤᠷᠢᠬᠤ ᠬᠡᠷᠡᠭᠲᠡᠢ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢ᠍ᠯ᠎ᠢ ᠮᠥᠷᠳᠡᠨ ᠦᠨᠡᠯᠡᠬᠦ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠨᠢᠭᠡᠨᠲᠡ ᠠᠰᠢᠭᠯᠠᠯᠲᠠ᠎ᠳᠤ ᠣᠷᠣᠭᠤᠯᠤᠭᠰᠠᠨ ᠲᠥᠷᠥᠯ ᠵᠦᠢ᠍ᠯ᠎ᠳᠤ ᠶᠡᠷᠦᠩᠬᠡᠢ᠌ᠯᠡᠭᠰᠡᠨ ᠦᠨᠡᠯᠡᠯᠲᠡ ᠬᠢᠵᠦ᠂ ᠵᠢᠯ ᠪᠦᠷᠢ ᠤᠯᠤᠰ᠎ᠤᠨ ᠳᠣᠲᠣᠭ᠋ᠠᠳᠤ ᠵᠢᠨ ᠪᠣᠳᠠᠲᠠᠢ᠌ᠵᠢᠭᠤᠯᠤᠭᠰᠠᠨ ᠪᠡᠯᠡ ᠮᠥᠩᠭᠥ ᠵᠢ ᠣᠷᠣᠭᠤᠯᠤᠨ ᠠᠪᠴᠢᠷᠠᠬᠤ᠎ᠳᠤ ᠵᠢᠯ ᠪᠦᠷᠢ ᠠᠳᠠᠯᠢ ᠬᠤᠭᠤᠴᠠᠭ᠋ᠠᠨ᠎ᠤ᠎ᠬᠢ᠎ᠠᠴᠠ 25%᠎ᠠᠴᠠ ᠳᠡᠭᠡᠭᠰᠢ ᠨᠡᠮᠡᠭᠳᠡᠭᠦᠯᠬᠦ᠎ᠪᠠᠷ ᠴᠢᠷᠮᠠᠢ᠌ᠨ᠎ᠠ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠪᠡᠯᠡ ᠣᠷᠣᠭᠤᠯᠤᠯᠲᠠ ᠵᠢ ᠠᠬᠢᠭᠤᠯᠬᠤ ᠲᠥᠪ᠂ ᠠᠷᠠᠯᠵᠢᠶ᠎ᠠ ᠵᠢ ᠠᠬᠢᠭᠤᠯᠬᠤ ᠵᠥᠪᠯᠡᠯ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ)
(ᠳᠥᠷᠪᠡ) ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠤᠨ ᠠᠵᠤ ᠦᠢ᠍ᠯᠡᠰ᠎ᠤᠨ ᠳᠠᠭ᠋ᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ
12. ᠬᠦᠷᠢᠶᠡᠯᠡᠩ ᠲᠣᠭᠣᠷᠢᠭ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠡᠭᠦᠯᠳᠡᠷᠵᠢᠭᠦᠯᠦᠨ᠎ᠡ᠃ 《ᠨᠢᠭᠡᠳᠦᠯᠲᠡᠢ ᠲᠥᠯᠥᠪᠵᠢᠭᠦᠯᠵᠦ᠂ ᠵᠣᠬᠢᠰᠲᠠᠢ᠎ᠪᠠᠷ ᠤᠷᠢᠳᠴᠢᠯᠠᠭᠤᠯᠬᠤ》 ᠵᠠᠷᠴᠢᠮ ᠶᠣᠰᠣᠭ᠋ᠠᠷ᠂ 《ᠶᠢᠰᠦ ᠵᠢ ᠨᠠᠪᠲᠠᠷᠡᠭᠦᠯᠵᠦ ᠨᠢᠭᠡ ᠵᠢ ᠲᠡᠭᠰᠢᠯᠡᠬᠦ》 ᠱᠠᠭ᠋ᠠᠷᠳᠠᠯᠭ᠎ᠠ ᠶᠣᠰᠣᠭ᠋ᠠᠷ᠂ ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠬᠡᠷᠡᠭᠵᠢᠭᠦᠯᠦᠭᠰᠡᠨ ᠪᠠᠢ᠌ᠳᠠᠯ ᠵᠶ᠋ᠠᠷ ᠯᠠᠪᠯᠠᠯᠲᠠ ᠪᠣᠯᠭ᠋ᠠᠵᠤ᠂ ᠳᠤᠲᠠᠭᠤᠳᠠᠯ᠂ ᠬᠦᠴᠦᠷᠬᠡᠭ ᠪᠠᠭᠤᠷᠠᠢ ᠵᠦᠢ᠍ᠯᠡᠰ᠎ᠢ ᠬᠦᠴᠦᠯᠡᠨ ᠨᠥᠬᠥᠪᠦᠷᠢᠯᠡᠵᠦ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠠᠢ᠌ᠭ᠋ᠠᠯᠢ ᠵᠢᠨ ᠰᠢᠲᠠᠮᠠᠬᠠᠢ ᠬᠡᠢ ᠵᠢᠨ ᠬᠣᠭᠣᠯᠠᠢ ᠱᠤᠭᠤᠮ᠂ ᠢᠯᠴᠢ ᠵᠢᠨ ᠬᠦᠴᠦᠨ᠎ᠤ ᠬᠣᠭᠣᠯᠠᠢ ᠱᠤᠭᠤᠮ᠂ ᠪᠣᠷᠣᠭ᠋ᠠᠨ᠎ᠤ ᠤᠰᠤᠨ᠎ᠤ ᠬᠣᠭᠣᠯᠠᠢ ᠱᠤᠭᠤᠮ ᠵᠡᠷᠭᠡ ᠴᠢᠳᠠᠮᠵᠢ ᠵᠢᠨ ᠴᠢᠨᠠᠷᠲᠠᠢ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠬᠢᠮᠢ ᠵᠢᠨ ᠠᠵᠤ ᠦᠢ᠍ᠯᠡᠳᠪᠦᠷᠢ ᠲᠥᠪᠯᠡᠷᠡᠭᠰᠡᠨ ᠲᠣᠭᠣᠷᠢᠭ ᠵᠶ᠋ᠠᠷ ᠮᠡᠳᠡᠭᠦᠯᠦᠭᠰᠡᠨ ᠬᠦᠷᠢᠶᠡᠯᠡᠩ ᠲᠣᠭᠣᠷᠢᠭ᠎ᠲᠤ ᠬᠣᠯᠪᠣᠭᠳᠠᠯ ᠪᠦᠬᠦᠢ ᠰᠠᠭᠤᠷᠢ ᠲᠥᠬᠦᠭᠡᠷᠦᠮᠵᠢ ᠵᠢ ᠲᠦᠷᠭᠡᠪᠴᠢᠯᠡᠨ ᠪᠠᠢ᠌ᠭᠤᠯᠵᠤ᠂ ᠤᠷᠠᠳ᠎ᠤᠨ ᠬᠣᠢ᠌ᠲᠤ ᠬᠣᠰᠢᠭᠤᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠱᠠᠭ᠋ᠠᠷᠳᠠᠯᠭ᠎ᠠ᠎ᠳᠤ ᠨᠡᠢ᠌ᠴᠡᠭᠰᠡᠨ ᠭᠠᠯ ᠤᠨᠲᠠᠷᠠᠭ᠋ᠠᠬᠤ ᠤᠰᠤ ᠬᠠᠩᠭ᠋ᠠᠬᠤ ᠪᠠ ᠭᠠᠯ ᠤᠨᠲᠠᠷᠠᠭ᠋ᠠᠭᠤᠯᠤᠨ ᠰᠢᠰᠲ᠋ᠧᠮ᠎ᠢ ᠭᠣᠣᠯᠳᠠᠯᠭ᠎ᠠ᠎ᠲᠠᠢ ᠪᠠᠢ᠌ᠭᠤᠯᠤᠨ᠎ᠠ; ᠥᠪᠥᠷ ᠮᠣᠩᠭᠣᠯ᠎ᠤᠨ ᠪᠠᠶᠠᠨᠨᠠᠭᠤᠷ᠎ᠤᠨ ᠭᠠᠳᠠᠭ᠋ᠠᠳᠤ ᠠᠴᠠ ᠣᠷᠣᠭᠤᠯᠬᠤ ᠡᠬᠢ ᠪᠠᠶᠠᠯᠢᠭ᠎ᠢ ᠡᠳ᠋ᠰᠢᠭᠦᠯᠦᠨ ᠪᠣᠯᠪᠠᠰᠤᠷᠠᠭᠤᠯᠬᠤ ᠨᠡᠭᠡᠭᠡᠯᠲᠡ ᠵᠢᠨ ᠲᠣᠭᠣᠷᠢᠭ᠎ᠤᠨ ᠬᠣᠶᠠᠷ ᠲᠣᠭᠣᠷᠢᠭ᠎ᠤᠨ ᠬᠡᠰᠡᠭ᠎ᠲᠤ᠂ ᠤᠷᠠᠳ᠎ᠤᠨ ᠡᠮᠦᠨᠡᠲᠦ ᠬᠣᠰᠢᠭᠤᠨ᠎ᠤ ᠠᠵᠤ ᠦᠢ᠍ᠯᠡᠰ᠎ᠤᠨ ᠬᠦᠷᠢᠶᠡᠯᠡᠩ᠎ᠳᠤ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠢ᠌ᠴᠡᠭᠰᠡᠨ ᠠᠶᠤᠯᠲᠠᠢ ᠬᠢᠮᠢ ᠵᠢᠨ ᠪᠣᠳᠠᠰ᠎ᠤᠨ ᠲᠤᠰᠬᠠᠢ ᠲᠡᠷᠭᠡᠨ ᠵᠣᠭᠰᠣᠭ᠋ᠠᠯ᠎ᠢ ᠭᠣᠣᠯᠳᠠᠯᠭ᠎ᠠ᠎ᠲᠠᠢ ᠪᠠᠢ᠌ᠭᠤᠯᠤᠨ᠎ᠠ; ᠭᠠᠭᠴᠠᠮᠣᠳᠤ ᠵᠢᠨ ᠪᠣᠭᠣᠮᠲᠠ ᠵᠢᠨ ᠬᠦᠷᠢᠶᠡᠯᠡᠩ᠎ᠳᠤ ᠭᠣᠣᠯᠳᠠᠭᠤ ᠱᠠᠭ᠋ᠠᠷᠳᠠᠯᠭ᠎ᠠ ᠶᠣᠰᠣᠭ᠋ᠠᠷ ᠭᠠᠯ ᠤᠨᠲᠠᠷᠠᠭ᠋ᠠᠬᠤ ᠤᠰᠤ ᠬᠠᠩᠭ᠋ᠠᠬᠤ ᠵᠢᠴᠢ ᠭᠠᠯ ᠤᠨᠲᠠᠷᠠᠭ᠋ᠠᠭᠤᠯᠤᠨ ᠰᠢᠰᠲ᠋ᠧᠮ ᠪᠣᠯᠣᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠰᠢᠰᠲ᠋ᠧᠮ᠎ᠢ ᠪᠠᠢ᠌ᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠬᠠᠮᠢᠶ᠎ᠠ ᠪᠦᠬᠦᠢ ᠠᠭᠤᠯᠭ᠎ᠠ ᠵᠢ ᠲᠡᠭᠦᠯᠳᠡᠷᠵᠢᠭᠦᠯᠦᠨ᠂ ᠬᠢᠮᠢ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠦᠨᠡᠯᠡᠨ ᠲᠣᠭᠲᠠᠭ᠋ᠠᠯᠲᠠ ᠵᠢ ᠡᠷᠲᠡᠬᠡᠨ ᠪᠡᠶᠡᠯᠡᠭᠦᠯᠵᠦ᠂ ᠲᠥᠷᠥᠯ ᠵᠦᠢ᠍ᠯ ᠤᠨ ᠪᠣᠳᠠᠲᠠᠢ᠌ᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠦᠨᠡᠨᠬᠦ ᠬᠠᠩᠭ᠋ᠠᠬᠤ ᠬᠡᠷᠡᠭᠲᠡᠢ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠴᠠᠬᠢᠯᠭ᠋ᠠᠨ ᠬᠠᠩᠭ᠋ᠠᠬᠤ ᠺᠣᠮᠫᠠᠨᠢ)
13. ᠭᠠᠵᠠᠷ ᠰᠢᠷᠣᠢ ᠵᠢᠨ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠬᠡᠷᠡᠭᠯᠡᠯᠲᠡ ᠵᠢ ᠴᠢᠩᠭ᠋ᠠᠷᠠᠭᠤᠯᠤᠨ᠎ᠠ᠃ ᠭᠠᠵᠠᠷ ᠰᠢᠷᠣᠢ ᠵᠢᠨ ᠡᠯᠧᠮᠧᠨ᠋ᠲ᠎ᠤᠨ ᠲᠥᠷᠥᠯ ᠵᠦᠢ᠍ᠯ᠎ᠢ ᠳᠠᠭ᠋ᠠᠵᠤ ᠶᠠᠪᠤᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠠᠩᠭ᠋ᠠᠯᠭ᠎ᠠ ᠵᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠳᠠᠰᠢ ᠬᠡᠯᠪᠡᠢ᠌ᠯᠭᠡᠨ᠎ᠡ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠡᠷᠡᠭᠯᠡᠬᠦ ᠭᠠᠵᠠᠷ᠎ᠤᠨ ᠨᠡᠮᠡᠵᠦ ᠬᠠᠳᠠᠭ᠋ᠠᠯᠠᠬᠤ ᠵᠢ ᠬᠣᠯᠪᠣᠭᠳᠠᠭᠤᠯᠬᠤ ᠲᠣᠭᠲᠠᠴᠠ ᠵᠢ ᠪᠦᠷᠢᠨᠰᠢᠭᠦᠯᠵᠦ᠂ ᠦᠯᠡᠳᠡᠭᠡᠯ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠢ ᠠᠮᠢᠳᠤᠯᠢᠭ ᠪᠣᠯᠭ᠋ᠠᠬᠤ ᠵᠢ ᠵᠣᠷᠢᠭᠵᠢᠭᠤᠯᠤᠨ᠎ᠠ᠃ ᠬᠦᠷᠢᠶᠡᠯᠡᠩ ᠲᠣᠭᠣᠷᠢᠭ᠎ᠤᠨ ᠦᠯᠡᠳᠡᠭᠡᠯ ᠡᠳ᠋ ᠬᠥᠷᠥᠩᠭᠡ ᠵᠢ ᠴᠢᠯᠦᠭᠡᠲᠡᠢ ᠴᠢᠯᠦᠭᠡᠲᠡᠢ ᠪᠣᠯᠭ᠋ᠠᠬᠤ ᠵᠢ ᠳᠡᠮᠵᠢᠵᠦ᠂ ᠡᠯ᠎ᠡ ᠲᠥᠷᠥᠯ᠎ᠤᠨ ᠪᠡᠯᠡ ᠮᠥᠩᠭᠥ ᠵᠢ ᠠᠰᠢᠭᠯᠠᠨ ᠰᠤᠯᠠ ᠪᠠᠢ᠌ᠭ᠎ᠠ ᠦᠢ᠍ᠯᠡᠳᠪᠦᠷᠢ ᠵᠢᠨ ᠭᠡᠷ ᠪᠠᠢ᠌ᠰᠢᠩ᠂ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠵᠡᠷᠭᠡ ᠵᠢ ᠥᠭᠡᠷᠡᠴᠢᠯᠡᠨ ᠲᠠᠰ ᠳᠡᠪᠰᠢᠭᠦᠯᠵᠦ᠂ ᠡᠳ᠋ ᠬᠥᠷᠥᠩᠭᠡ ᠵᠢᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠴᠡᠴᠡᠷᠯᠢᠭ᠎ᠲᠤ ᠣᠷᠣᠵᠤ ᠰᠢᠨ᠎ᠡ᠎ᠪᠠᠷ ᠪᠠᠶ᠋ᠢᠭᠤᠯᠬᠤ ᠠᠵᠤ ᠦᠢ᠍ᠯᠡᠳᠪᠦᠷᠢ ᠵᠢᠨ ᠲᠥᠷᠥᠯ ᠵᠦᠢ᠍ᠯ᠎ᠢ ᠮᠠᠨ᠎ᠤ ᠬᠣᠲᠠ ᠵᠢᠨ ᠨᠡᠢ᠌ᠲᠡᠯᠡᠨ ᠬᠡᠷᠡᠭᠵᠢᠭᠦᠯᠦᠭᠰᠡᠨ ᠡᠯ᠎ᠡ ᠵᠦᠢ᠍ᠯ᠎ᠤᠨ ᠬᠢᠵᠠᠭ᠋ᠠᠷᠯᠠᠬᠤ ᠴᠢᠨᠠᠷᠲᠠᠢ ᠭᠦᠢ᠍ᠴᠡᠳᠬᠡᠯ ᠲᠣᠭ᠎ᠠ ᠠᠴᠠ ᠳᠡᠭᠡᠭᠰᠢ᠎ᠳᠤ ᠬᠦᠷᠦᠭᠦᠯᠵᠦ᠂ ᠭᠠᠵᠠᠷ ᠰᠢᠷᠣᠢ ᠵᠢᠨ ᠡᠬᠢ ᠪᠠᠶᠠᠯᠢᠭ᠎ᠢ ᠥᠨᠳᠥᠷ ᠦᠷ᠎ᠡ ᠪᠦᠲᠦᠮᠵᠢᠲᠡᠶ ᠠᠰᠢᠭᠯᠠᠬᠤ ᠵᠢ ᠪᠡᠶᠡᠯᠡᠭᠦᠯᠦᠨ᠎ᠡ᠃ ᠠᠳᠠᠯᠢ ᠪᠤᠰᠤ ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢᠨ ᠲᠥᠷᠥᠯ ᠵᠦᠢ᠍ᠯ᠎ᠢ ᠵᠦᠢ ᠵᠣᠬᠢᠰᠲᠠᠢ ᠬᠤᠪᠢᠷᠠᠭᠤᠯᠬᠤ ᠵᠢ ᠵᠢᠷᠤᠮᠵᠢᠭᠤᠯᠤᠨ ᠡᠮᠬᠢ ᠵᠢᠷᠤᠮ ᠲᠠᠢ ᠬᠡᠷᠡᠭᠵᠢᠭᠦᠯᠵᠦ᠂ ᠬᠣᠯᠢᠮᠠᠭ ᠠᠵᠤ ᠦᠢ᠍ᠯᠡᠰ᠎ᠲᠤ ᠬᠡᠷᠡᠭᠯᠡᠬᠦ ᠭᠠᠵᠠᠷ ᠰᠢᠷᠣᠢ ᠵᠢᠨ ᠬᠠᠩᠭ᠋ᠠᠯᠭ᠎ᠠ ᠵᠢ ᠵᠣᠬᠢᠬᠤ ᠬᠡᠮᠵᠢᠶ᠎ᠡ᠎ᠪᠠᠷ ᠨᠡᠮᠡᠭᠳᠡᠭᠦᠯᠦᠨ᠎ᠡ (ᠲᠠᠩ ᠭᠠᠭᠴᠠ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ ᠰᠢᠷᠣᠢ᠎ᠳᠤ ᠭᠣᠣᠯᠯᠠᠬᠤ ᠬᠡᠷᠡᠭᠴᠡᠭᠡ ᠶᠣᠰᠣᠭ᠋ᠠᠷ᠂ ᠠᠵᠤ ᠦᠢ᠍ᠯᠡᠳᠪᠦᠷᠢ ᠂ ᠬᠥᠮᠥᠷᠭᠡᠯᠡᠨ ᠬᠠᠳᠠᠭ᠋ᠠᠯᠠᠬᠤ᠂ ᠪᠠᠷᠠᠭ᠋ᠠᠨ ᠤ ᠭᠦᠢ᠍ᠯᠭᠡᠭᠡᠨ᠂ ᠰᠤᠳᠤᠯᠤᠨ ᠨᠡᠭᠡᠭᠡᠬᠦ᠂ ᠠᠯᠪᠠᠯᠠᠬᠤ᠂ ᠬᠤᠳᠠᠯᠳᠤᠭ᠎ᠠ ᠵᠡᠷᠭᠡ ᠬᠡᠷᠡᠭᠴᠡᠭᠡ ᠵᠢᠨ ᠬᠣᠯᠢᠮᠠᠭ ᠪᠠᠢ᠌ᠷᠢᠰᠢᠭᠤᠯᠤᠯᠲᠠ ᠵᠢ ᠬᠥᠲᠥᠯᠥᠨ ᠵᠢᠯᠤᠭᠣᠳᠴᠤ᠂ ᠬᠠᠮᠲᠤ᠎ᠪᠠᠷ ᠪᠠᠢ᠌ᠭᠤᠯᠤᠨ ᠬᠠᠮᠲᠤ᠎ᠪᠠᠷ ᠬᠡᠷᠡᠭᠯᠡᠵᠦ ᠢᠵᠢ ᠪᠦᠷᠢᠳᠦᠭᠦᠯᠬᠦ ᠦᠢ᠍ᠯᠡᠴᠢᠯᠡᠭᠡᠨ᠎ᠤ ᠪᠡᠯᠡᠳᠬᠡᠮᠵᠢ ᠵᠢ ᠳᠡᠮᠵᠢᠵᠦ ᠪᠣᠯᠣᠨ᠎ᠠ)᠂ ᠬᠠᠤᠯᠢ ᠶᠣᠰᠣᠭ᠋ᠠᠷ ᠪᠤᠴᠠᠭ᠋ᠠᠨ ᠠᠪᠬᠤ᠂ ᠵᠥᠪᠳᠡᠯᠴᠡᠭᠡᠷ ᠵᠶ᠋ᠡᠷ ᠰᠣᠯᠢᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠳᠣᠣᠷ᠎ᠠ ᠠᠰᠢᠭᠯᠠᠮᠵᠢ᠎ᠲᠠᠢ ᠭᠠᠵᠠᠷ ᠰᠢᠷᠣᠢ ᠵᠢ ᠰᠤᠯᠠᠯᠠᠨ ᠭᠠᠷᠭ᠋ᠠᠵᠤ ᠴᠡᠪᠡᠷᠯᠡᠬᠦ ᠵᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠬᠦ᠂ ᠬᠠᠤᠯᠢ᠎ᠪᠠᠷ ᠵᠠᠰᠠᠬᠤ ᠵᠡᠷᠭᠡ ᠣᠯᠠᠨ ᠵᠦᠢ᠍ᠯ᠎ᠤᠨ ᠠᠷᠭ᠎ᠠ ᠪᠠᠷᠢᠯ᠎ᠢ ᠶᠡᠷᠦᠩᠬᠡᠢ᠌ᠯᠡᠨ ᠬᠡᠷᠡᠭᠯᠡᠵᠦ᠂ ᠭᠠᠵᠠᠷ ᠰᠢᠷᠣᠢ ᠵᠢᠨ ᠦᠯᠡᠳᠡᠭᠡᠯ ᠡᠳ᠋ ᠬᠥᠷᠥᠩᠭᠡ ᠵᠢ ᠪᠥᠬᠥ ᠲᠠᠯ᠎ᠠ᠎ᠪᠠᠷ ᠠᠮᠢᠳᠤᠯᠢᠭ ᠪᠣᠯᠭ᠋ᠠᠨ᠎ᠠ᠃ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ ᠤᠨ ᠬᠠᠩᠭ᠋ᠠᠯᠭ᠎ᠠ ᠵᠢᠨ ᠠᠷᠭ᠎ᠠ ᠮᠠᠶᠢᠭ᠎ᠢ ᠰᠢᠯᠵᠢᠭᠦᠯᠦᠨ ᠬᠤᠳᠠᠯᠳᠤᠬᠤ᠎ᠪᠠᠷ ᠭᠣᠣᠯ ᠪᠣᠯᠭ᠋ᠠᠵᠤ ᠪᠠᠢ᠌ᠭᠰᠠᠨ᠎ᠠᠴᠠ᠎ᠨᠢ ᠲᠦᠷᠢᠶᠡᠰᠦᠯᠡᠭᠦᠯᠬᠦ᠂ ᠰᠢᠯᠵᠢᠭᠦᠯᠦᠨ ᠬᠤᠳᠠᠯᠳᠤᠬᠤ ᠵᠢ ᠵᠡᠷᠭᠡ ᠳᠤᠨᠢ ᠴᠢᠬᠤᠯᠠᠴᠢᠯᠠᠬᠤ ᠲᠡᠰᠢ ᠬᠤᠪᠢᠷᠠᠭᠤᠯᠬᠤ ᠵᠢ ᠲᠦᠯᠬᠢᠨ ᠠᠬᠢᠭᠤᠯᠵᠤ᠂ ᠤᠷᠳᠤ ᠬᠤᠭᠤᠴᠠᠭ᠎ᠠ᠎ᠪᠠᠷ ᠲᠦᠷᠢᠶᠡᠰᠦᠯᠡᠭᠦᠯᠬᠦ᠂ ᠤᠷᠢᠳᠠᠪᠠᠷ ᠲᠦᠷᠢᠶᠡᠰᠦᠯᠡᠭᠦᠯᠵᠦ ᠲᠠᠷᠠᠭ᠎ᠠ᠎ᠨᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ ᠪᠠ ᠬᠢᠮᠳᠠ ᠦᠨ᠎ᠡ᠎ᠪᠠᠷ ᠬᠤᠳᠠᠯᠳᠤᠬᠤ ᠵᠢ ᠤᠶᠠᠯᠳᠤᠭᠤᠯᠬᠤ᠂ ᠬᠠᠷᠢᠮᠠᠬᠠᠢ ᠵᠢᠯ ᠬᠤᠭᠤᠴᠠᠭ᠎ᠠ ᠵᠡᠷᠭᠡ ᠠᠷᠭ᠎ᠠ ᠮᠠᠶᠢᠭ᠎ᠢ ᠬᠡᠷᠡᠭᠯᠡᠨ ᠠᠵᠤ ᠦᠢ᠍ᠯᠡᠰ᠎ᠲᠤ ᠬᠡᠷᠡᠭᠯᠡᠬᠦ ᠭᠠᠵᠠᠷ ᠬᠠᠩᠭ᠋ᠠᠬᠤ ᠵᠢ ᠵᠣᠷᠢᠭᠵᠢᠭᠤᠯᠬᠤ ᠵᠢᠨ ᠬᠠᠮᠲᠤ ᠪᠠᠷᠢᠯᠭ᠎ᠠ ᠵᠢᠨ ᠨᠢᠭᠲᠠᠴᠠ ᠪᠣᠯᠣᠨ ᠪᠠᠭᠲᠠᠭ᠋ᠠᠮᠵᠢ ᠵᠢᠨ ᠨᠤᠷᠮ᠎ᠠ ᠵᠢ ᠵᠦᠢ ᠵᠣᠬᠢᠰᠲᠠᠢ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ)
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
14. ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠬᠣᠰᠢᠭᠤ ᠰᠢᠶᠠᠨ ᠲᠣᠭᠣᠷᠢᠭ᠎ᠤᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠨᠤᠭᠤᠳ ᠨᠡᠢ᠌ᠭᠡᠮ᠎ᠤᠨ ᠬᠠᠮᠢᠶᠠᠷᠤᠯᠲᠠ ᠪᠠ ᠠᠵᠤ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ᠎ᠪᠠᠨ ᠦᠨᠡᠨᠬᠦ ᠰᠠᠢ᠌ᠲᠤᠷ ᠭᠦᠢ᠍ᠴᠡᠳᠬᠡᠵᠦ᠂ ᠬᠠᠷᠢᠶ᠎ᠠ ᠭᠠᠵᠠᠷ᠎ᠤᠨ ᠬᠦᠷᠢᠶᠡᠯᠡᠩ ᠲᠣᠭᠣᠷᠢᠭ᠎ᠤᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ᠂ ᠬᠢᠨᠠᠨ ᠵᠥᠪᠰᠢᠶᠡᠷᠡᠵᠦ ᠵᠥᠪᠰᠢᠶᠡᠷᠡᠨ ᠣᠷᠣᠭᠤᠯᠬᠤ᠂ ᠠᠵᠢᠯᠯᠠᠭ᠋ᠠᠨ᠎ᠤ ᠬᠠᠮᠢᠶᠠᠷᠤᠯᠲᠠ ᠵᠡᠷᠭᠡ ᠡᠯ᠎ᠡ ᠵᠦᠢ᠍ᠯ᠎ᠤᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠳᠡᠮᠵᠢᠨ ᠬᠠᠪᠰᠤᠷᠬᠤ ᠬᠡᠷᠡᠭᠲᠡᠢ᠃ ᠡᠭᠦᠨ᠎ᠤ ᠬᠠᠮᠲᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠣᠯᠪᠤᠭ᠋ᠠᠯᠠᠨ ᠬᠥᠳᠡᠯᠦᠯᠴᠡᠬᠦ ᠵᠣᠬᠢᠴᠠᠭᠤᠯᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠰᠢᠨᠵᠢᠯᠡᠬᠦ ᠤᠬᠠᠭ᠋ᠠᠨ ᠮᠡᠷᠭᠡᠵᠢᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠪᠠᠢ᠌ᠭ᠋ᠠᠯᠢ ᠵᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠬᠤᠳᠠᠯᠳᠤᠭ᠋ᠠᠨ᠎ᠤ ᠶᠠᠪᠤᠳᠠᠯ ᠵᠡᠷᠭᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠨ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠪᠠ ᠬᠥᠭᠵᠢᠯᠲᠡ ᠵᠢᠨ ᠳᠤᠮᠳᠠᠬᠢ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠠᠮᠵᠢᠯᠴᠠᠨ ᠬᠠᠮᠵᠢᠯᠴᠠᠬᠤ ᠵᠢ ᠴᠢᠩᠭ᠋ᠠᠷᠠᠭᠤᠯᠤᠨ᠂ ᠠᠵᠢᠯ᠎ᠤᠨ ᠨᠡᠢ᠌ᠯᠡᠮᠡᠯ ᠬᠦᠴᠦᠨ᠎ᠢ ᠪᠦᠷᠢᠯᠳᠦᠭᠦᠯᠵᠦ᠂ ᠬᠦᠷᠢᠶᠡᠯᠡᠩ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠪᠠ ᠬᠥᠭᠵᠢᠯᠲᠡ ᠵᠢᠨ ᠶᠠᠪᠤᠴᠠ᠎ᠳᠤ ᠲᠤᠯᠭ᠋ᠠᠷᠠᠭᠰᠠᠨ ᠠᠰᠠᠭᠤᠳᠠᠯ ᠪᠠ ᠬᠦᠴᠢᠷᠳᠡᠯ᠎ᠢ ᠴᠠᠭ ᠲᠤᠬᠠᠢᠳᠤᠨᠢ ᠵᠣᠬᠢᠴᠠᠭᠤᠯᠤᠨ ᠰᠢᠢ᠍ᠳᠪᠦᠷᠢᠯᠡᠵᠦ᠂ ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠤᠨ᠎ᠠ᠃
15. ᠲᠣᠭ᠎ᠠ ᠪᠦᠷᠢᠳᠬᠡᠯ᠎ᠤᠨ ᠠᠵᠢᠯ᠎ᠢ ᠵᠢᠷᠤᠮᠵᠢᠭᠤᠯᠤᠨ᠎ᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠪᠠᠢ᠌ᠭᠤᠯᠤᠮᠵᠢ ᠵᠢ ᠲᠦᠷᠭᠡᠳᠬᠡᠨ ᠪᠠᠢ᠌ᠭᠤᠯᠵᠤ᠂ ᠲᠤᠰᠬᠠᠢ ᠲᠤᠰᠢᠶᠠᠯᠲᠤ ᠲᠣᠭ᠎ᠠ ᠪᠦᠷᠢᠳᠬᠡᠯ᠎ᠤᠨ ᠠᠵᠢᠯᠲᠠᠨ᠎ᠢ ᠨᠠᠷᠢᠯᠢᠭ ᠲᠣᠬᠢᠷᠠᠭᠤᠯᠤᠨ ᠬᠦᠴᠦᠷᠬᠡᠭᠵᠢᠭᠦᠯᠦᠨ᠎ᠡ᠃ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠬᠠᠤᠯᠢ ᠲᠣᠭᠲᠠᠭ᠋ᠠᠯ ᠶᠣᠰᠣᠭ᠋ᠠᠷ ᠬᠦᠷᠢᠶᠡᠯᠡᠩ ᠲᠣᠭᠣᠷᠢᠭ᠎ᠤᠨ ᠲᠣᠭ᠎ᠠ ᠪᠦᠷᠢᠳᠬᠡᠯ᠎ᠤᠨ ᠠᠵᠢᠯ᠎ᠢ ᠥᠷᠨᠢᠭᠦᠯᠵᠦ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠴᠠᠭ ᠲᠤᠬᠠᠢᠳᠤᠨᠢ ᠣᠨᠣᠪᠴᠢᠲᠠᠶ ᠴᠤᠭᠯᠠᠭᠤᠯᠵᠤ᠂ ᠬᠤᠷᠢᠶᠠᠩᠭᠤᠢ᠌ᠯᠠᠵᠤ᠂ ᠵᠠᠷᠯᠠᠨ ᠮᠡᠳᠡᠭᠳᠡᠵᠦ᠂ ᠵᠠᠳᠠᠯᠤᠨ ᠰᠢᠨᠵᠢᠯᠡᠵᠦ᠂ ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠠᠷᠢᠯᠢᠭ ᠣᠨᠣᠴᠠᠲᠠᠢ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
16. ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠦᠨ᠎ᠡ᠃ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠡᠷᠴᠢᠮ᠎ᠢ ᠴᠢᠩᠭ᠋ᠠᠷᠠᠭᠤᠯᠵᠤ᠂ ᠬᠠᠤᠯᠢ ᠲᠣᠭᠲᠠᠭ᠋ᠠᠯ ᠶᠣᠰᠣᠭ᠋ᠠᠷ ᠳᠣᠷᠣᠭᠰᠢ ᠪᠠᠭᠤᠯᠭ᠋ᠠᠵᠤ ᠪᠣᠯᠬᠤ ᠠᠵᠤ ᠠᠬᠤᠢ ᠵᠢᠨ ᠬᠠᠮᠢᠶᠠᠷᠤᠯᠲᠠ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠡᠷᠬᠡ ᠵᠢᠨ ᠬᠡᠪᠴᠢᠶ᠎ᠡ ᠵᠢ ᠳᠣᠷᠣᠭᠰᠢ ᠪᠠᠭᠤᠯᠭ᠋ᠠᠪᠠᠰᠤ ᠵᠣᠬᠢᠬᠤ ᠵᠢ᠎ᠨᠢ ᠴᠥᠮ ᠳᠣᠷᠣᠭᠰᠢ ᠪᠠᠭᠤᠯᠭ᠋ᠠᠨ᠎ᠠ᠃ ᠮᠡᠳᠡᠭᠳᠡᠬᠦ ᠠᠮᠠᠯᠠᠯᠲᠠ ᠵᠢᠨ ᠳᠦᠷᠢᠮ ᠪᠠ ᠲᠥᠷᠥᠯ ᠵᠦᠢ᠍ᠯ᠎ᠢ ᠣᠷᠣᠯᠠᠨ ᠭᠦᠢ᠍ᠴᠡᠳᠬᠡᠬᠦ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠴᠡᠴᠡᠷᠯᠢᠭ᠎ᠲᠤ ᠣᠷᠣᠭᠰᠠᠨ ᠠᠵᠤ ᠠᠬᠤᠢ᠌ᠯᠠᠯ᠎ᠤᠨ ᠡᠯ᠎ᠡ ᠵᠦᠢ᠍ᠯ᠎ᠤᠨ ᠬᠢᠨᠠᠨ ᠵᠥᠪᠰᠢᠶᠡᠷᠡᠬᠦ ᠭᠠᠷᠳᠠᠮ᠎ᠢ ᠭᠦᠢ᠍ᠴᠡᠳᠬᠡᠬᠦ᠎ᠳᠤ ᠴᠢᠭ᠋ ᠠᠴᠠ ᠴᠢᠭ᠋᠎ᠲᠤ ᠬᠦᠷᠬᠦ᠂ ᠨᠢᠭᠤᠷᠲᠠᠨ ᠵᠢᠯᠤᠭᠣᠳᠴᠤ ᠬᠠᠪᠰᠤᠷᠬᠤ ᠪᠠ ᠣᠷᠣᠯᠠᠨ ᠭᠦᠢ᠍ᠴᠡᠳᠬᠡᠬᠦ ᠦᠢ᠍ᠯᠡᠴᠢᠯᠡᠭᠡ ᠬᠠᠩᠭ᠋ᠠᠵᠤ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠭᠦᠢ᠍ᠴᠡᠳᠬᠡᠬᠦ ᠴᠠᠭ᠎ᠤᠨ ᠬᠢᠵᠠᠭ᠋ᠠᠷ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠨ᠎ᠠ᠃ ᠰᠠᠨᠠᠭ᠋ᠠᠴᠢᠯᠠᠭ᠎ᠠ ᠠᠴᠠ᠎ᠪᠠᠨ ᠦᠢ᠍ᠯᠡᠴᠢᠯᠡᠵᠦ᠂ ᠠᠵᠢᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠂ ᠡᠯ᠎ᠡ ᠵᠦᠢ᠍ᠯ᠎ᠤᠨ ᠬᠤᠳᠠᠯᠳᠤᠭ᠋ᠠᠴᠢᠨ ᠤᠷᠢᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠦᠨᠡᠨ ᠬᠦ᠌ ᠪᠣᠳᠠᠲᠠᠢ᠎ᠪᠠᠷ ᠨᠠᠢ᠌ᠳᠠᠪᠤᠷᠢᠵᠢᠭᠤᠯᠤᠨ᠎ᠠ᠃
17. ᠴᠢᠳᠠᠪᠤᠷᠢᠲᠠᠨ᠎ᠢ ᠬᠥᠮᠥᠵᠢᠭᠦᠯᠦᠨ ᠬᠥᠲᠥᠯᠬᠦ ᠵᠢ ᠴᠢᠩᠭ᠋ᠠᠳᠬᠠᠨ᠎ᠠ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠺᠠᠳ᠋ᠷᠴᠤᠳ᠎ᠤᠨ ᠲᠡᠷᠢᠭᠦᠨ᠎ᠤ ᠬᠦᠷᠢᠶᠡᠯᠡᠩ ᠲᠣᠭᠣᠷᠢᠭ᠂ ᠲᠣᠮᠣ ᠬᠡᠯᠪᠡᠷᠢ ᠵᠢᠨ ᠠᠵᠤ ᠠᠬᠤᠢ᠌ᠯᠠᠯ᠎ᠳᠤ ᠬᠦᠷᠴᠦ ᠲᠤᠰᠢᠶᠠᠯ ᠡᠭᠦᠷᠭᠡᠯᠡᠨ ᠪᠣᠯᠪᠠᠰᠤᠷᠠᠬᠤ ᠵᠢ ᠠᠬᠢᠭᠤᠯᠵᠤ᠂ ᠬᠦᠷᠢᠶᠡᠯᠡᠩ ᠲᠣᠭᠣᠷᠢᠭ᠎ᠤᠨ ᠶᠡᠷᠦᠩᠬᠡᠢ᠌ᠯᠡᠭᠰᠡᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠪᠦᠲᠦᠮᠵᠢᠲᠡᠶ ᠳᠡᠭᠡᠭᠰᠢᠯᠡᠭᠦᠯᠦᠨ᠎ᠡ᠃ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠳᠡᠭᠡᠳᠦ ᠲᠠᠰ᠎ᠤᠨ ᠴᠢᠳᠠᠪᠤᠷᠢᠲᠠᠨ ᠪᠠ ᠪᠠᠴᠢᠮ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠨᠠᠷᠢᠨ ᠬᠠᠭᠤᠳᠠᠰᠤ ᠵᠢ ᠪᠠᠢ᠌ᠭᠤᠯᠵᠤ᠂ ᠨᠢᠭᠡ ᠪᠦᠯᠦᠭ ᠲᠥᠷᠥᠯ ᠵᠦᠢ᠍ᠯ᠎ᠢ ᠳᠠᠭ᠋ᠠᠭᠤᠯᠵᠤ ᠪᠠᠢ᠌ᠭ᠎ᠠ ᠠᠵᠤ ᠦᠢ᠍ᠯᠡᠰ᠎ᠤᠨ ᠳᠠᠭ᠋ᠠᠭᠤᠯᠤᠭᠴᠢ ᠴᠢᠳᠠᠪᠤᠷᠢᠲᠠᠨ ᠪᠠ ᠰᠢᠨ᠎ᠡ ᠵᠢ ᠡᠭᠦᠳᠬᠦ ᠪᠦᠯᠬᠦᠮ ᠨᠡᠶ᠋ᠢᠲᠡ ᠵᠢ ᠬᠥᠮᠥᠵᠢᠭᠦᠯᠦᠨ ᠣᠷᠣᠭᠤᠯᠵᠤ ᠢᠷᠡᠨ᠂ ᠠᠵᠤ ᠦᠢ᠍ᠯᠡᠰ᠎ᠤᠨ ᠠᠵᠢᠯᠴᠢᠨ᠎ᠤ ᠡᠩᠨᠡᠭᠡ ᠵᠢ ᠪᠤᠵᠠᠭ᠋ᠠᠢ᠌ᠷᠠᠭᠤᠯᠤᠨ᠎ᠠ᠃ ᠰᠤᠷᠭ᠋ᠠᠭᠤᠯᠢ ᠪᠠ ᠠᠵᠤ ᠠᠬᠤᠢ᠌ᠯᠠᠯ᠎ᠤᠨ ᠬᠦᠷᠢᠶᠡᠯᠡᠩ ᠬᠠᠮᠲᠤᠷᠠᠨ ᠴᠢᠳᠠᠪᠤᠷᠢᠲᠠᠨ ᠬᠥᠮᠥᠵᠢᠭᠦᠯᠬᠦ ᠲᠣᠭᠲᠠᠴᠠ ᠵᠢ ᠪᠠᠢ᠌ᠭᠤᠯᠵᠤ᠂ ᠬᠦᠷᠢᠶᠡᠯᠡᠩ ᠲᠣᠭᠣᠷᠢᠭ᠎ᠤᠨ ᠠᠵᠤ ᠠᠬᠤᠢ᠌ᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ 《ᠵᠠᠬᠢᠶᠠᠯᠠᠭ᠎ᠠ ᠵᠢᠨ ᠮᠠᠶᠢᠭ》 ᠵᠶ᠋ᠠᠷ ᠴᠢᠳᠠᠪᠤᠷᠢᠲᠠᠨ ᠬᠥᠮᠥᠵᠢᠭᠦᠯᠦᠨ᠎ᠡ᠃ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠭᠠᠳᠠᠨ᠎ᠠ᠎ᠠᠴᠠ ᠢᠷᠡᠵᠦ ᠠᠵᠢᠯ ᠬᠥᠳᠡᠯᠮᠦᠷᠢ ᠬᠢᠵᠦ ᠪᠠᠢ᠌ᠭ᠎ᠠ ᠬᠥᠮᠥᠰ᠎ᠤᠨ ᠦᠷ᠎ᠡ ᠬᠡᠦᠬᠡᠳ᠎ᠤᠨ ᠰᠤᠷᠭ᠋ᠠᠭᠤᠯᠢ᠎ᠳᠤ ᠣᠷᠣᠬᠤ᠎ᠳᠤ ᠬᠦᠴᠢᠷᠲᠡᠢ ᠪᠠᠢ᠌ᠬᠤ ᠠᠰᠠᠭᠤᠳᠠᠯ᠎ᠢ ᠬᠠᠪᠰᠤᠷᠤᠨ ᠰᠢᠢ᠍ᠳᠪᠦᠷᠢᠯᠡᠨ᠎ᠡ; ᠡᠯ᠎ᠡ ᠲᠥᠷᠥᠯ᠎ᠤᠨ ᠠᠵᠤ ᠦᠢ᠍ᠯᠡᠳᠪᠦᠷᠢ ᠵᠢᠨ ᠴᠢᠳᠠᠪᠤᠷᠢᠲᠠᠨ᠎ᠤ ᠱᠠᠩᠨᠠᠯ᠎ᠤᠨ ᠨᠥᠬᠥᠪᠦᠷᠢ ᠪᠠ ᠠᠮᠢᠳᠤᠷᠠᠯ᠎ᠤᠨ ᠪᠠᠲᠤᠯᠠᠭ᠎ᠠ ᠵᠢᠨ ᠣᠯᠭᠣᠮᠵᠢ ᠵᠢᠨ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠴᠢᠳᠠᠪᠤᠷᠢᠲᠠᠨ᠎ᠢ ᠬᠥᠮᠥᠵᠢᠭᠦᠯᠵᠦ ᠣᠷᠣᠭᠤᠯᠤᠨ ᠠᠪᠴᠢᠷᠠᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠨ᠎ᠠ᠃
18. ᠰᠢᠯᠭ᠋ᠠᠨ ᠬᠢᠨᠠᠵᠤ ᠦᠨᠡᠯᠡᠬᠦ ᠵᠢ ᠴᠢᠩᠭ᠋ᠠᠷᠠᠭᠤᠯᠤᠨ᠎ᠠ᠃ ᠮᠠᠨ᠎ᠤ ᠬᠣᠲᠠ ᠵᠢᠨ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠡᠷᠦᠩᠬᠡᠢ᠌ᠯᠡᠭᠰᠡᠨ ᠬᠢᠷᠢ ᠬᠡᠮᠵᠢᠶ᠎ᠡ ᠵᠢ ᠬᠢᠨᠠᠨ ᠰᠢᠯᠭ᠋ᠠᠵᠤ ᠦᠨᠡᠯᠡᠬᠦ ᠠᠷᠭ᠎ᠠ ᠵᠢ ᠲᠣᠭᠲᠠᠭ᠋ᠠᠨ ᠨᠡᠢ᠌ᠲᠡᠯᠡᠵᠦ᠂ ᠶᠡᠷᠦᠩᠬᠡᠢ ᠬᠥᠭᠵᠢᠯᠲᠡ ᠵᠢᠨ ᠬᠢᠷᠢ ᠬᠡᠮᠵᠢᠶ᠎ᠡ᠂ ᠮᠦ᠍ ᠪᠦᠷᠢ ᠵᠢᠨ ᠳᠤᠮᠳᠠᠴᠢ ᠦᠷ᠎ᠡ ᠠᠰᠢᠭ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠡᠷᠭᠡ 5 ᠲᠠᠯ᠎ᠠ᠎ᠪᠠᠷ ᠬᠢᠨᠠᠨ ᠰᠢᠯᠭ᠋ᠠᠵᠤ ᠦᠨᠡᠯᠡᠬᠦ ᠵᠢ ᠳᠣᠪᠣᠶ᠋ᠢᠯᠭ᠋ᠠᠵᠤ᠂ ᠡᠯ᠎ᠡ ᠬᠦᠷᠢᠶᠡᠯᠡᠩ ᠲᠣᠭᠣᠷᠢᠭ᠎ᠤᠨ ᠬᠥᠭᠵᠢᠯᠲᠡ ᠵᠢᠨ ᠪᠠᠢ᠌ᠳᠠᠯ᠎ᠢ ᠪᠤᠰᠤᠳᠴᠢ᠎ᠪᠠᠷ᠂ ᠪᠥᠬᠥ ᠲᠠᠯ᠎ᠠ᠎ᠪᠠᠷ᠂ ᠣᠨᠣᠪᠴᠢᠲᠠᠶ ᠲᠤᠰᠬᠠᠨ᠎ᠠ᠃ ᠰᠢᠯᠭ᠋ᠠᠨ ᠦᠨᠡᠯᠡᠭᠰᠡᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠰᠢᠯᠭ᠋ᠠᠨ ᠦᠨᠡᠯᠡᠬᠦ᠎ᠠᠴᠠ ᠡᠮᠦᠨᠡᠬᠢ ᠬᠦᠷᠢᠶᠡᠯᠡᠩ ᠲᠣᠭᠣᠷᠢᠭ᠎ᠲᠤ ᠪᠡᠯᠡ ᠮᠥᠩᠭᠥ ᠵᠢᠨ ᠱᠠᠩᠨᠠᠯ ᠨᠥᠬᠥᠪᠦᠷᠢ ᠪᠠ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ᠎ᠠᠴᠠ ᠭᠠᠳᠠᠨ᠎ᠠ᠂ ᠬᠣᠶᠠᠷ ᠵᠢᠯ ᠳᠠᠷᠠᠭ᠋ᠠᠯᠠᠨ ᠰᠢᠯᠭ᠋ᠠᠨ ᠦᠨᠡᠯᠡᠭᠡᠳ ᠬᠢᠷᠢ ᠪᠦᠲᠦᠮᠵᠢ᠎ᠪᠠᠷ ᠬᠣᠴᠤᠷᠤᠩᠭᠤᠢ ᠮᠥᠷᠲᠡᠭᠡᠨ ᠬᠠᠯᠠᠨ ᠰᠠᠢ᠌ᠵᠢᠷᠠᠭᠤᠯᠬᠤ᠎ᠪᠠᠷ ᠤᠳᠠᠭ᠋ᠠᠨ ᠪᠠᠢ᠌ᠭ᠎ᠠ ᠬᠦᠷᠢᠶᠡᠯᠡᠩ ᠲᠣᠭᠣᠷᠢᠭ᠎ᠲᠤ ᠤᠯᠠᠭ᠋ᠠᠨ ᠫᠠᠢ᠌ᠰᠠ ᠡᠯᠭᠦᠵᠦ᠂ ᠪᠥᠬᠥ ᠬᠣᠲᠠ᠎ᠪᠠᠷ ᠵᠶ᠋ᠠᠨ ᠲᠡᠭᠦᠨ᠎ᠤ ᠳᠡᠭᠡᠳᠦ ᠱᠠᠲᠤᠨ᠎ᠤ ᠪᠡᠯᠡ ᠮᠥᠩᠭᠥ᠂ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠬᠢᠷᠢ ᠬᠡᠮ᠎ᠢ ᠵᠠᠷᠯᠠᠨ ᠮᠡᠳᠡᠭᠳᠡᠵᠦ᠂ ᠲᠦᠷ ᠵᠣᠭᠰᠣᠭ᠋ᠠᠵᠤ᠂ ᠬᠦᠷᠢᠶᠡᠯᠡᠩ ᠲᠣᠭᠣᠷᠢᠭ᠎ᠤᠨ ᠭᠣᠣᠯ ᠬᠠᠷᠢᠭᠤᠴᠠᠯᠭ᠋ᠠᠲᠠᠨ᠎ᠲᠠᠢ ᠪᠣᠯᠵᠣᠨ ᠶᠠᠷᠢᠯᠴᠠᠬᠤ᠎ᠠᠴᠠ ᠠᠪᠤᠭ᠋ᠠᠳ ᠴᠢᠨᠠᠭᠰᠢᠯᠠᠪᠠᠯ ᠲᠣᠬᠢᠷᠠᠭᠤᠯᠤᠯᠲᠠ ᠬᠢᠨ᠎ᠡ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ