ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ《ᠪᠠᠶᠠᠨᠨᠠᠭᠤᠷ ᠬᠣᠲᠠ ᠵᠢᠨ ᠠᠵᠤ ᠦᠢ᠍ᠯᠡᠳᠪᠦᠷᠢ ᠵᠢ ᠪᠣᠬᠢᠷᠲᠤᠯ ᠦᠭᠡᠢ ᠬᠥᠭᠵᠢᠭᠦᠯᠬᠦ ᠵᠢᠨ ᠬᠡᠷᠡᠭᠵᠢᠭᠦᠯᠬᠦ ᠲᠥᠰᠥᠯ (2023 ᠎ᠠᠴᠠ 2025 ᠣᠨ)》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2023-09-07

ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂  ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ᠎ᠳᠤ᠄
      《ᠪᠠᠶᠠᠨᠨᠠᠭᠤᠷ ᠬᠣᠲᠠ ᠵᠢᠨ ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ ᠬᠥᠭᠵᠢᠯᠲᠡ ᠵᠢᠨ ᠬᠡᠷᠡᠭᠵᠢᠭᠦᠯᠬᠦ ᠲᠥᠰᠥᠯ (2023᠎ᠠᠴᠠ 2025 ᠣᠨ)》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠵᠢᠷᠤᠮᠯᠠᠨ ᠬᠡᠷᠡᠭᠵᠢᠭᠦᠯᠲᠦᠭᠡᠢ᠃
                           2023 ᠣᠨ᠎ᠤ 5 ᠰᠠᠷ᠎ᠠ ᠵᠢᠨ 11᠎ᠤ ᠡᠳᠦᠷ
      ᠪᠠᠶᠠᠨᠨᠠᠭᠤᠷ ᠬᠣᠲᠠ ᠵᠢᠨ ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ ᠬᠥᠭᠵᠢᠯᠲᠡ ᠵᠢᠨ ᠬᠡᠷᠡᠭᠵᠢᠭᠦᠯᠬᠦ ᠲᠥᠰᠥᠯ
                                    (2023-2025 ᠣᠨ)
      ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢᠨ ᠲᠤᠬᠠᠢ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠮᠠᠨ᠎ᠤ ᠬᠣᠲᠠ ᠵᠢᠨ ᠠᠵᠤ ᠦᠢ᠍ᠯᠡᠳᠪᠦᠷᠢ ᠵᠢᠨ ᠪᠥᠬᠥ ᠲᠠᠯ᠎ᠠ ᠵᠢᠨ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠮᠠᠨ᠎ᠤ ᠬᠣᠲᠠ ᠵᠢᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠲᠥᠰᠥᠯ᠎ᠢ ᠲᠣᠭᠲᠠᠭ᠋ᠠᠪᠠ᠃
      ᠨᠢᠭᠡ᠂ ᠶᠡᠷᠦᠩᠬᠡᠢ ᠰᠡᠳᠬᠢᠴᠡ ᠪᠠ ᠬᠠᠷᠠᠯᠲᠠ
      ᠰᠢ ᠵᠢᠨ ᠫᠢᠩ ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠤᠱᠯᠠᠭᠤᠯᠵᠤ᠂ ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ ᠬᠡᠯᠪᠡᠷᠢ ᠵᠢᠨ ᠬᠤᠪᠢᠷᠠᠭᠤᠯᠤᠯᠲᠠ᠎ᠪᠠᠷ ᠴᠢᠭᠯᠡᠯ ᠪᠣᠯᠭ᠋ᠠᠵᠤ᠂ ᠪᠣᠬᠢᠷᠲᠤᠯ ᠦᠭᠡᠢ ᠦᠢ᠍ᠯᠡᠳᠬᠦ ᠰᠢᠰᠲ᠋ᠧᠮᠵᠢ ᠵᠢ ᠲᠡᠭᠦᠯᠳᠡᠷᠵᠢᠭᠦᠯᠵᠦ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠪᠠ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠵᠡᠷᠭᠡ ᠪᠣᠬᠢᠷᠲᠤᠯ ᠦᠭᠡᠢ ᠪᠣᠯᠭ᠋ᠠᠨ ᠥᠭᠡᠷᠡᠴᠢᠯᠡᠬᠦ ᠲᠥᠷᠥᠯ ᠵᠦᠢ᠍ᠯ᠎ᠢ ᠲᠦᠷᠭᠡᠳᠬᠡᠨ ᠬᠡᠷᠡᠭᠵᠢᠭᠦᠯᠵᠦ᠂ ᠪᠥᠬᠥ ᠬᠣᠲᠠ ᠵᠢᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠪᠦᠬᠦᠨ᠎ᠢ ᠪᠣᠬᠢᠷᠲᠤᠯ ᠦᠭᠡᠢ ᠪᠠᠷᠢᠮᠵᠢᠶ᠎ᠠ᠎ᠳᠤ ᠨᠡᠢ᠌ᠴᠡᠭᠦᠯᠬᠦ ᠵᠢ ᠠᠬᠢᠭᠤᠯᠤᠨ᠂ ᠪᠣᠬᠢᠷᠲᠤᠯ ᠦᠭᠡᠢ ᠠᠵᠤ ᠠᠬᠤᠢ᠌ᠯᠠᠯ᠂ ᠪᠣᠬᠢᠷᠲᠤᠯ ᠦᠭᠡᠢ ᠠᠵᠤ ᠦᠢ᠍ᠯᠡᠰ᠂ ᠪᠣᠬᠢᠷᠲᠤᠯ ᠦᠭᠡᠢ ᠬᠦᠷᠢᠶᠡᠯᠡᠩ ᠲᠣᠭᠣᠷᠢᠭ ᠵᠶ᠋ᠠᠷ ᠮᠠᠨ᠎ᠤ ᠬᠣᠲᠠ ᠵᠢᠨ ᠪᠣᠬᠢᠷᠲᠤᠯ ᠦᠭᠡᠢ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠭᠤᠯᠤᠨ᠎ᠠ᠃
      2023᠎ᠠᠴᠠ  2025 ᠣᠨ᠎ᠤ ᠬᠤᠭᠤᠴᠠᠭ᠋ᠠᠨ᠎ᠳᠤ᠂ 40%᠂ 40%᠂ 20% ᠵᠢᠨ ᠠᠬᠢᠴᠠ ᠵᠢᠨ ᠱᠠᠭ᠋ᠠᠷᠳᠠᠯᠭ᠎ᠠ ᠶᠣᠰᠣᠭ᠋ᠠᠷ᠂ ᠪᠣᠬᠢᠷᠲᠤᠯ ᠦᠭᠡᠢ ᠪᠠᠷᠢᠮᠵᠢᠶ᠎ᠠ᠎ᠳᠤ ᠥᠯᠥ ᠬᠦᠷᠦᠭᠰᠡᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠪᠠ ᠠᠵᠤ ᠦᠢ᠍ᠯᠡᠳᠪᠦᠷᠢ ᠵᠢᠨ   ᠬᠦᠷᠢᠶᠡᠯᠡᠩ  ᠲᠣᠭᠣᠷᠢᠭ ᠎ᠢ  ᠬᠥᠲᠥᠯᠥᠨ   ᠵᠢᠯᠤᠭᠣᠳᠴᠤ   ᠪᠠᠢ᠌ᠭ᠋ᠠᠳ   ᠱᠠᠲᠤ  ᠦᠶ᠎ᠡ᠂   ᠪᠦᠯᠦᠭ  ᠤᠳᠠᠭ᠎ᠠ  ᠬᠤᠪᠢᠶᠠᠨ   ᠪᠣᠬᠢᠷᠲᠤᠯ  ᠦᠭᠡᠢ  ᠪᠣᠯᠭ᠋ᠠᠬᠤ  ᠥᠭᠡᠷᠡᠴᠢᠯᠡᠯᠲᠡ ᠵᠢ   ᠪᠡᠶᠡᠯᠡᠭᠦᠯᠦᠨ᠎ᠡ᠃ 2025 ᠣᠨ᠎ᠤ ᠡᠴᠦᠰ ᠪᠣᠯᠬᠤ᠎ᠳᠤ᠂ ᠪᠥᠬᠥ ᠬᠣᠲᠠ ᠵᠢᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠢ ᠪᠦᠬᠦᠨ᠎ᠢ ᠪᠣᠬᠢᠷᠲᠤᠯ ᠦᠭᠡᠢ ᠪᠣᠯᠭ᠋ᠠᠬᠤ ᠵᠢ ᠪᠡᠶᠡᠯᠡᠭᠦᠯᠵᠦ᠂ 《ᠪᠣᠬᠢᠷᠲᠤᠯ ᠦᠭᠡᠢ ᠪᠣᠯ ᠳᠠᠷᠤᠢ ᠤᠬᠤᠷᠢᠭᠤᠯᠬᠤ》 ᠬᠠᠷᠠᠯᠲᠠ᠎ᠳᠤ ᠬᠦᠷᠦᠭᠦᠯᠵᠦ᠂ ᠠᠵᠤ ᠠᠬᠤᠢ᠌ᠯᠠᠯ᠎ᠤᠨ ᠪᠣᠬᠢᠷᠲᠤᠯ ᠦᠭᠡᠢ ᠦᠢ᠍ᠯᠡᠳᠬᠦ ᠵᠢᠱ᠌ᠢᠶ᠎ᠡ ᠦᠵᠡᠭᠦᠯᠬᠦ ᠭᠡᠷᠡᠴᠢᠯᠡᠯ ᠣᠯᠬᠤ᠎ᠪᠠᠷ ᠴᠢᠷᠮᠠᠢ᠌ᠬᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ ᠦᠭᠡᠢ ᠬᠦᠷᠢᠶᠡᠯᠡᠩ ᠲᠣᠭᠣᠷᠢᠭ᠎ᠤᠨ ᠭᠡᠷᠡᠴᠢᠯᠡᠯ ᠣᠯᠬᠤ᠎ᠪᠠᠷ ᠴᠢᠷᠮᠠᠢ᠌ᠬᠤ ᠵᠢ ᠵᠣᠷᠢᠭᠵᠢᠭᠤᠯᠤᠨ᠎ᠠ᠃
      ᠬᠣᠶᠠᠷ᠂ ᠭᠣᠣᠯᠳᠠᠯᠭ᠎ᠠ᠎ᠲᠠᠢ ᠡᠭᠦᠷᠭᠡ
      (ᠨᠢᠭᠡ) ᠪᠣᠬᠢᠷᠲᠤᠯ ᠦᠭᠡᠢ ᠵᠢ ᠦᠨᠡᠯᠡᠨ ᠵᠢᠱ᠌ᠢᠵᠦ ᠣᠨᠣᠰᠢᠯᠠᠬᠤ ᠵᠢ ᠥᠷᠨᠢᠭᠦᠯᠦᠨ᠎ᠡ᠃ 《ᠭᠠᠵᠠᠷ ᠬᠡᠷᠡᠭᠯᠡᠬᠦ ᠵᠢ ᠡᠷᠴᠢᠮᠵᠢᠭᠦᠯᠬᠦ᠂ ᠲᠦᠭᠦᠬᠡᠢ ᠮᠠᠲ᠋ᠧᠷᠢᠶᠠᠯ᠎ᠢ ᠬᠣᠣᠷ ᠦᠭᠡᠢ ᠪᠣᠯᠭ᠋ᠠᠬᠤ᠂ ᠦᠢ᠍ᠯᠡᠳᠪᠦᠷᠢᠯᠡᠯ᠎ᠢ ᠴᠡᠪᠡᠷᠵᠢᠭᠦᠯᠬᠦ᠂ ᠬᠠᠶᠠᠭᠳᠠᠮᠠᠯ ᠪᠣᠳᠠᠰ᠎ᠢ ᠡᠬᠢ ᠪᠠᠶᠠᠯᠢᠭᠵᠢᠭᠤᠯᠬᠤ᠂ ᠡᠨᠧᠷᠭᠢ ᠵᠢ ᠨᠡᠭᠦᠷᠡᠰᠦᠲᠥ᠋ᠷᠥᠭᠴᠢ ᠪᠠᠭ᠎ᠠ ᠪᠣᠯᠭ᠋ᠠᠬᠤ》 ᠪᠣᠬᠢᠷᠲᠤᠯ ᠦᠭᠡᠢ ᠦᠢ᠍ᠯᠡᠳᠪᠦᠷᠢ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠪᠥᠬᠥ ᠬᠣᠲᠠ ᠵᠢᠨ ᠲᠣᠭᠲᠠᠭ᠋ᠠᠯ ᠳᠡᠭᠡᠷᠡᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠪᠣᠬᠢᠷᠲᠤᠯ ᠦᠭᠡᠢ ᠪᠣᠯᠭ᠋ᠠᠬᠤ ᠣᠨᠣᠰᠢᠯᠠᠯᠲᠠ ᠵᠢᠨ ᠦᠨᠡᠯᠡᠨ ᠵᠢᠱ᠌ᠢᠯᠲᠡ ᠵᠢ ᠥᠷᠨᠢᠭᠦᠯᠵᠦ᠂ ᠠᠵᠤ ᠠᠬᠤᠢ᠌ᠯᠠᠯ᠎ᠤᠨ ᠪᠣᠳᠠᠲᠠᠢ ᠪᠠᠢ᠌ᠳᠠᠯ᠎ᠢ ᠲᠣᠳᠣᠷᠬᠠᠢ ᠣᠢ᠌ᠯᠠᠭ᠋ᠠᠵᠤ᠂ ᠵᠥᠷᠢᠶ᠎ᠡ ᠵᠢ ᠡᠷᠢᠨ ᠭᠠᠷᠭ᠋ᠠᠵᠤ᠂ ᠨᠢᠭᠡ ᠠᠵᠤ ᠠᠬᠤᠢ᠌ᠯᠠᠯ ᠨᠢᠭᠡ ᠲᠥᠷᠥ ᠵᠢᠨ ᠪᠣᠳᠣᠯᠭ᠎ᠠ᠎ᠪᠠᠷ ᠥᠭᠡᠷᠡᠴᠢᠯᠡᠨ ᠲᠠᠰ ᠳᠡᠪᠰᠢᠭᠦᠯᠬᠦ ᠲᠥᠰᠥᠯ᠎ᠢ ᠲᠣᠭᠲᠠᠭ᠋ᠠᠪᠠ᠃ 2023 ᠣᠨ᠎ᠤ 4 ᠰᠠᠷ᠎ᠠ ᠵᠢᠨ ᠰᠡᠭᠦᠯᠴᠢ᠎ᠠᠴᠠ ᠡᠮᠦᠨ᠎ᠡ ᠪᠥᠬᠥ ᠬᠣᠲᠠ ᠵᠢᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠪᠣᠬᠢᠷᠲᠤᠯ ᠦᠭᠡᠢ ᠣᠨᠣᠰᠢᠯᠠᠯᠲᠠ ᠵᠢ ᠳᠠᠭᠤᠰᠬᠠᠨ᠎ᠠ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠪᠠᠶᠠᠨᠨᠠᠭᠤᠷ ᠎ᠤᠨ ᠠᠵᠤ ᠠᠬᠤᠢ ᠮᠡᠷᠭᠡᠵᠢᠯ ᠎ᠤᠨ ᠨᠡᠭᠡᠭᠡᠯᠲᠡ ᠵᠢᠨ ᠲᠣᠭᠣᠷᠢᠭ ᠎ᠤᠨ ᠬᠠᠮᠢᠶᠠᠷᠤᠯᠲᠠ ᠵᠢᠨ   ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ)
      (ᠬᠣᠶᠠᠷ) ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠤᠨ᠎ᠠ᠃ ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠡᠨᠧᠷᠭᠢ ᠵᠢᠨ ᠠᠰᠢᠭᠯᠠᠮᠵᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠵᠦ᠂ ᠨᠢᠭᠡᠴᠢ ᠦᠢ᠍ᠯᠡᠳᠬᠦᠨ᠎ᠤ ᠡᠨᠧᠷᠭᠢ ᠵᠢᠨ ᠬᠣᠷᠣᠭᠳᠠᠯ᠎ᠤᠨ ᠬᠢᠵᠠᠭ᠋ᠠᠷ ᠲᠣᠭ᠎ᠠ ᠵᠢᠨ ᠪᠠᠷᠢᠮᠵᠢᠶ᠎ᠠ ᠵᠢᠨ ᠲᠡᠷᠢᠭᠦᠨ᠎ᠤ ᠬᠡᠮᠵᠢᠭᠳᠡᠯ᠂ ᠬᠡᠪ ᠳᠠᠭᠤᠷᠢᠶᠠᠯ᠎ᠤᠨ ᠬᠢᠷᠢ ᠬᠡᠮᠵᠢᠶ᠎ᠡ ᠪᠤᠶᠤ ᠠᠵᠢᠯ ᠲᠥᠷᠥᠯ᠎ᠤᠨ ᠲᠡᠷᠢᠭᠦᠨ᠎ᠤ ᠬᠢᠷᠢ ᠬᠡᠮᠵᠢᠶ᠎ᠡ ᠵᠢ ᠪᠠᠷᠢᠮᠵᠢᠶᠠᠯᠠᠵᠤ᠂ ᠲᠡᠷᠢᠭᠦᠨ᠎ᠤ ᠬᠢᠷᠢ ᠬᠡᠮᠵᠢᠶ᠎ᠡ᠎ᠳᠤ ᠥᠯᠥ ᠭᠦᠷᠦᠭᠰᠡᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠦᠨ᠎ᠡ᠃ 2025 ᠣᠨ ᠪᠣᠯᠬᠤ᠎ᠳᠤ᠂ ᠠᠵᠤ ᠦᠢ᠍ᠯᠡᠳᠪᠦᠷᠢ ᠵᠢᠨ ᠬᠦᠷᠢᠶᠡᠨ᠎ᠳᠤ ᠡᠨᠧᠷᠭᠢ ᠠᠷᠪᠢᠯᠠᠬᠤ ᠬᠡᠮᠵᠢᠶ᠎ᠡ ᠵᠢ 10 ᠲᠦᠮᠡᠨ ᠲᠣᠨ ᠪᠠᠷᠢᠮᠵᠢᠶᠠᠲᠤ ᠨᠡᠭᠦᠷᠡᠰᠦ᠎ᠠᠴᠠ ᠳᠡᠭᠡᠭᠰᠢ ᠪᠠᠢ᠌ᠯᠭ᠋ᠠᠬᠤ ᠵᠢ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
      (ᠭᠤᠷᠪᠠ) ᠠᠵᠤ ᠦᠢ᠍ᠯᠡᠳᠪᠦᠷᠢ ᠵᠢᠨ ᠤᠰᠤᠨ᠎ᠤ ᠠᠰᠢᠭᠯᠠᠮᠵᠢ ᠵᠢ ᠳᠡᠭᠡᠭᠰᠢᠯᠡᠭᠦᠯᠬᠦ ᠵᠢ ᠠᠬᠢᠭᠤᠯᠤᠨ᠎ᠠ᠃ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠤᠰᠤ ᠠᠷᠪᠢᠯᠠᠬᠤ ᠳᠠᠯᠳᠠ ᠬᠦᠴᠦᠨ᠎ᠢ ᠭᠦᠨ ᠠᠭᠤᠳᠠᠯᠵᠤ᠂ ᠠᠵᠤ ᠦᠢ᠍ᠯᠡᠳᠪᠦᠷᠢ ᠵᠢᠨ ᠤᠰᠤᠨ᠎ᠤ ᠠᠰᠢᠭᠯᠠᠮᠵᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠥᠷᠨᠢᠭᠦᠯᠦᠨ᠂ ᠪᠠᠷᠢᠮᠵᠢᠶ᠎ᠠ᠎ᠲᠠᠢ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠨ ᠲᠡᠷᠢᠭᠦᠨ᠎ᠤ ᠬᠡᠮᠵᠢᠭᠳᠡᠯ᠎ᠳᠤ ᠵᠣᠬᠢᠴᠠᠭᠤᠯᠵᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠰᠤ ᠬᠡᠷᠡᠭᠯᠡᠬᠦ ᠠᠰᠢᠭᠯᠠᠮᠵᠢ᠎ᠪᠠᠷ ᠲᠡᠷᠢᠭᠦᠨ᠎ᠤ ᠠᠵᠤ ᠠᠬᠤᠢ᠌ᠯᠠᠯ᠎ᠤᠨ ᠤᠰᠤ ᠠᠷᠪᠢᠯᠠᠬᠤ ᠬᠡᠪ ᠳᠠᠭᠤᠷᠢᠶᠠᠯ ᠪᠠ ᠤᠰᠤᠨ᠎ᠤ ᠠᠰᠢᠭᠯᠠᠮᠵᠢ ᠵᠢᠨ 《ᠳᠠᠭ᠋ᠠᠭᠤᠯᠤᠭᠴᠢ》 ᠵᠢ ᠡᠭᠦᠳᠦᠨ ᠪᠠᠶ᠋ᠢᠭᠤᠯᠬᠤ ᠵᠢ ᠵᠣᠷᠢᠭᠵᠢᠭᠤᠯᠤᠨ᠎ᠠ᠃ 2025 ᠣᠨ ᠪᠣᠯᠬᠤ᠎ᠳᠤ᠂ ᠤᠰᠤ ᠠᠷᠪᠢᠯᠠᠬᠤ ᠬᠡᠯᠪᠡᠷᠢ ᠵᠢᠨ 16 ᠠᠵᠤ ᠠᠬᠤᠢ᠌ᠯᠠᠯ᠎ᠢ ᠡᠭᠦᠳᠦᠨ ᠪᠠᠢ᠌ᠭᠤᠯᠤᠨ᠎ᠠ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ)
      (ᠳᠥᠷᠪᠡ) ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠡᠬᠢ ᠪᠠᠶᠠᠯᠢᠭ᠎ᠤᠨ ᠦᠢ᠍ᠯᠡᠳᠪᠦᠷᠢᠯᠡᠯ᠎ᠤᠨ ᠶᠠᠪᠤᠴᠠ᠎ᠳᠠᠬᠢ ᠥᠨᠳᠥᠷ ᠪᠦᠲᠦᠮᠵᠢᠲᠡᠶ ᠠᠰᠢᠭᠯᠠᠯᠲᠠ ᠵᠢ ᠴᠢᠩᠭ᠋ᠠᠷᠠᠭᠤᠯᠵᠤ᠂ 《ᠭᠤᠷᠪᠠᠨ ᠬᠠᠶᠠᠭᠳᠠᠮᠠᠯ》 (ᠠᠵᠤ ᠦᠢ᠍ᠯᠡᠳᠪᠦᠷᠢ ᠵᠢᠨ ᠪᠣᠬᠢᠷᠲᠤᠯ᠎ᠤᠨ ᠡᠬᠢ ᠰᠤᠷᠪᠤᠯᠵᠢ ᠎ᠠᠴᠠ ᠡᠭᠦᠰᠦᠭᠰᠡᠨ ᠬᠠᠶᠠᠭᠳᠠᠮᠠᠯ ᠤᠰᠤ᠂ ᠬᠠᠶᠠᠭᠳᠠᠮᠠᠯ ᠬᠡᠢ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ)᠎ᠤᠨ ᠡᠭᠦᠰᠬᠦ ᠬᠡᠮᠵᠢᠶ᠎ᠡ ᠵᠢ ᠪᠠᠭ᠋ᠠᠰᠬᠠᠨ᠎ᠠ᠃ ᠳᠠᠭ᠋ᠠᠯᠳᠤᠨ ᠭᠠᠷᠬᠤ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠠᠵᠢᠯ᠎ᠢ ᠴᠢᠩᠭ᠋ᠠᠳᠬᠠᠨ᠎ᠠ᠃ ᠨᠤᠨᠳᠠᠭ ᠨᠡᠭᠦᠷᠡᠰᠦᠨ᠎ᠤ ᠦᠨᠡᠰᠦ᠂ ᠨᠡᠭᠦᠷᠡᠰᠦᠨ ᠴᠢᠯᠠᠭᠤᠨ ᠨᠡᠭᠦᠷᠡᠰᠦᠨ ᠰᠢᠪᠠᠷ᠂ ᠲᠡᠮᠦᠷᠯᠢᠭ ᠪᠣᠯᠪᠠᠰᠤᠷᠠᠭᠤᠯᠬᠤ ᠪᠠ ᠬᠢᠮᠢ ᠵᠢᠨ ᠠᠵᠤ ᠦᠢ᠍ᠯᠡᠳᠪᠦᠷᠢ ᠵᠢᠨ ᠬᠠᠶᠠᠭᠳᠠᠮᠠᠯ ᠰᠢᠭ᠋ᠠᠷᠤ᠂ ᠠᠵᠤ ᠦᠢ᠍ᠯᠡᠳᠪᠦᠷᠢ ᠵᠢᠨ ᠳᠠᠭ᠋ᠠᠯᠲᠠ ᠭᠠᠷᠤᠯᠲᠠ ᠵᠢᠨ ᠵᠤᠭ᠋ᠠᠩ ᠵᠢᠴᠢ ᠦᠯᠡᠳᠡᠭᠳᠡᠯ ᠬᠦᠳᠡᠷ ᠵᠡᠷᠭᠡ ᠶᠡᠬᠡ ᠬᠡᠮᠵᠢᠶᠡᠨ᠎ᠤ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠵᠢ ᠲᠦᠯᠬᠢᠨ ᠠᠬᠢᠭᠤᠯᠤᠨ᠎ᠠ᠃ ᠬᠢᠮᠢ ᠵᠢᠨ ᠠᠵᠤ ᠦᠢ᠍ᠯᠡᠳᠪᠦᠷᠢ᠂ ᠥᠩᠭᠡᠲᠦ ᠲᠡᠮᠦᠷᠯᠢᠭ᠂ ᠨᠡᠬᠡᠮᠡᠯ᠂ ᠢᠳᠡᠭᠡᠨ ᠵᠡᠷᠭᠡ ᠠᠵᠢᠯ ᠲᠦᠷᠦᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠠᠶᠠᠭᠳᠠᠮᠠᠯ ᠤᠰᠤ ᠵᠢ ᠣᠷᠴᠢᠯᠳᠤᠭᠤᠯᠤᠨ ᠠᠰᠢᠭᠯᠠᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠲᠡᠰ ᠳᠡᠪᠰᠢᠬᠦ ᠵᠢ ᠯᠠᠪᠳᠠᠭᠤᠨ ᠵᠶ᠋ᠠᠷ ᠲᠦᠯᠬᠢᠨ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ)
      (ᠲᠠᠪᠤ) ᠪᠣᠬᠢᠷᠲᠤᠯ ᠦᠭᠡᠢ ᠬᠦᠷᠢᠶᠡᠯᠡᠩ ᠲᠣᠭᠣᠷᠢᠭ᠎ᠢ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠬᠡᠷᠡᠭᠵᠢᠭᠦᠯᠦᠨ᠎ᠡ᠃ ᠬᠦᠷᠢᠶᠡᠯᠡᠩ ᠲᠣᠭᠣᠷᠢᠭ᠎ᠤᠨ ᠪᠣᠬᠢᠷᠲᠤᠯ ᠦᠭᠡᠢ ᠬᠥᠭᠵᠢᠯᠲᠡ ᠵᠢᠨ ᠲᠥᠯᠦᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠨᠠᠢ᠌ᠷᠠᠭᠤᠯᠤᠨ ᠠᠵᠤ ᠦᠢ᠍ᠯᠡᠰ᠎ᠤᠨ ᠪᠠᠢ᠌ᠷᠢᠰᠢᠯ᠎ᠢ ᠲᠥᠪᠯᠡᠷᠡᠭᠦᠯᠬᠦ᠂ ᠠᠵᠤ ᠦᠢ᠍ᠯᠡᠰ᠎ᠤᠨ ᠪᠦᠲᠦᠴᠡ ᠵᠢ ᠪᠣᠬᠢᠷᠲᠤᠯ ᠦᠭᠡᠢ ᠪᠣᠯᠭ᠋ᠠᠬᠤ᠂ ᠠᠵᠤ ᠦᠢ᠍ᠯᠡᠰ᠎ᠤᠨ ᠬᠡᠯᠬᠢᠶ᠎ᠡ ᠵᠢ ᠠᠮᠢ ᠠᠬᠤᠢ᠌ᠵᠢᠭᠤᠯᠬᠤ᠎ᠪᠠᠷ ᠬᠠᠷᠠᠯᠲᠠ ᠪᠣᠯᠭ᠋ᠠᠵᠤ᠂ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠵᠤ ᠠᠬᠤᠢ᠌ᠯᠠᠯ᠎ᠤᠨ ᠡᠨᠧᠷᠭᠢ ᠠᠷᠪᠢᠯᠠᠬᠤ᠂ ᠤᠰᠤ ᠠᠷᠪᠢᠯᠠᠬᠤ᠂ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠵᠢᠴᠢ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠵᠡᠷᠭᠡ ᠪᠣᠬᠢᠷᠲᠤᠯ ᠦᠭᠡᠢ ᠪᠣᠯᠭ᠋ᠠᠬᠤ ᠥᠭᠡᠷᠡᠴᠢᠯᠡᠯᠲᠡ ᠵᠢ ᠬᠡᠷᠡᠭᠵᠢᠭᠦᠯᠬᠦ ᠵᠢ ᠳᠡᠮᠵᠢᠵᠦ᠂ ᠠᠵᠤ ᠠᠬᠤᠢ᠌ᠯᠠᠯ ᠪᠠ ᠬᠦᠷᠢᠶᠡᠯᠡᠩ ᠲᠣᠭᠣᠷᠢᠭ᠎ᠤᠨ ᠠᠵᠤ ᠦᠢ᠍ᠯᠡᠰ᠎ᠤᠨ ᠪᠦᠲᠦᠴᠡ ᠵᠢᠨ ᠳᠡᠭᠡᠳᠦ ᠲᠠᠰ᠎ᠤᠨ ᠪᠣᠯᠭ᠋ᠠᠬᠤ᠂ ᠡᠨᠧᠷᠭᠢ ᠵᠢᠨ ᠬᠡᠷᠡᠭᠯᠡᠭᠡ ᠵᠢ ᠨᠡᠭᠦᠷᠡᠰᠦᠲᠥ᠋ᠷᠥᠭᠴᠢ ᠪᠠᠭ᠎ᠠ ᠪᠣᠯᠭ᠋ᠠᠬᠤ᠂ ᠡᠬᠢ ᠪᠠᠶᠠᠯᠢᠭ᠎ᠤᠨ ᠠᠰᠢᠭᠯᠠᠯᠲᠠ ᠵᠢ ᠤᠷᠴᠢᠯᠵᠢᠭᠤᠯᠬᠤ᠂ ᠦᠢ᠍ᠯᠡᠳᠪᠦᠷᠢᠯᠡᠯ᠎ᠤᠨ ᠶᠠᠪᠤᠴᠠ ᠵᠢ ᠴᠡᠪᠡᠷᠰᠢᠭᠦᠯᠬᠦ᠂ ᠦᠢ᠍ᠯᠡᠳᠬᠦᠨ᠎ᠤ ᠬᠠᠩᠭ᠋ᠠᠯᠭ᠎ᠠ ᠵᠢ ᠪᠣᠬᠢᠷᠲᠤᠯ ᠦᠭᠡᠢ ᠪᠣᠯᠭ᠋ᠠᠬᠤ ᠪᠠ ᠦᠢ᠍ᠯᠡᠳᠪᠦᠷᠢᠯᠡᠯ᠎ᠤᠨ ᠠᠷᠭ᠎ᠠ ᠮᠠᠶᠢᠭ ᠳᠠᠰᠢ ᠲᠣᠭ᠋ᠠᠴᠢᠯᠠᠨ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠵᠤ᠂ ᠨᠢᠭᠡ ᠪᠦᠯᠦᠭ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢ᠍ᠯᠡᠰ᠎ᠤᠨ ᠰᠦᠷᠦᠭᠵᠢᠯ᠎ᠢ ᠪᠣᠶ ᠪᠣᠯᠭ᠋ᠠᠨ᠎ᠠ᠃ ᠣᠲᠣ ᠵᠢᠨ ᠪᠠᠢ᠌ᠭ᠎ᠠ 2 ᠪᠣᠬᠢᠷᠲᠤᠯ ᠦᠭᠡᠢ ᠬᠦᠷᠢᠶᠡᠯᠡᠩ ᠲᠣᠭᠣᠷᠢᠭ᠎ᠤᠨ ᠰᠠᠭᠤᠷᠢᠨ ᠳᠡᠭᠡᠷ᠎ᠡ᠂ 2025 ᠣᠨ ᠪᠣᠯᠬᠤ᠎ᠳᠤ᠂ 3 ᠪᠣᠬᠢᠷᠲᠤᠯ ᠦᠭᠡᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠪᠣᠢ᠌ᠵᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ)
      (ᠵᠢᠷᠭᠤᠭ᠎ᠠ) ᠪᠣᠬᠢᠷᠲᠤᠯ ᠦᠭᠡᠢ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠤᠨ᠎ᠠ᠃ ᠪᠣᠬᠢᠷᠲᠤᠯ ᠦᠭᠡᠢ ᠦᠢ᠍ᠯᠡᠳᠬᠦ ᠵᠢᠱ᠌ᠢᠶ᠎ᠡ ᠦᠵᠡᠭᠦᠯᠬᠦ ᠠᠵᠤ ᠠᠬᠤᠢ᠌ᠯᠠᠯ ᠵᠶ᠋ᠠᠷ ᠵᠢᠯᠣᠭᠣᠳᠤᠯᠭ᠎ᠠ ᠪᠣᠯᠭ᠋ᠠᠵᠤ᠂ ᠪᠣᠬᠢᠷᠲᠤᠯ ᠦᠭᠡᠢ ᠦᠢ᠍ᠯᠡᠳᠬᠦᠨ᠂ ᠪᠣᠬᠢᠷᠲᠤᠯ ᠦᠭᠡᠢ ᠦᠢ᠍ᠯᠡᠳᠪᠦᠷᠢ᠂ ᠪᠣᠬᠢᠷᠲᠤᠯ ᠦᠭᠡᠢ ᠬᠠᠩᠭ᠋ᠠᠯᠭ᠎ᠠ ᠵᠢᠨ ᠬᠡᠯᠬᠢᠶᠡᠰᠦ ᠵᠢ ᠡᠭᠦᠳᠦᠨ ᠪᠠᠶ᠋ᠢᠭᠤᠯᠬᠤ ᠵᠢ ᠶᠡᠬᠡᠪᠡᠷ ᠥᠷᠨᠢᠭᠦᠯᠵᠦ᠂ ᠪᠣᠬᠢᠷᠲᠤᠯ ᠦᠭᠡᠢ ᠵᠢᠱ᠌ᠢᠶ᠎ᠡ ᠦᠵᠡᠭᠦᠯᠬᠦ ᠬᠡᠪ ᠳᠠᠭᠤᠷᠢᠶᠠᠯ᠎ᠢ ᠪᠣᠶ ᠪᠣᠯᠭ᠋ᠠᠨ᠎ᠠ᠃ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠪᠣᠬᠢᠷᠲᠤᠯ ᠦᠭᠡᠢ ᠪᠣᠯᠭ᠋ᠠᠬᠤ ᠠᠬᠢᠴᠠ ᠵᠢᠨ ᠪᠠᠢ᠌ᠳᠠᠯ᠎ᠤᠨ ᠪᠠᠢ᠌ᠴᠠᠭ᠋ᠠᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠠᠵᠤ ᠦᠢ᠍ᠯᠡᠳᠪᠦᠷᠢ ᠵᠢᠨ ᠡᠨᠧᠷᠭᠢ ᠠᠷᠪᠢᠯᠠᠬᠤ ᠵᠢ ᠬᠢᠨᠠᠨ ᠪᠠᠢ᠌ᠴᠠᠭ᠋ᠠᠬᠤ᠂ ᠡᠨᠧᠷᠭᠢ ᠵᠢᠨ ᠬᠢᠨᠠᠨ ᠪᠤᠳᠤᠬᠤ᠂ ᠤᠰᠤᠨ᠎ᠤ ᠲᠡᠩᠴᠡᠭᠦᠷᠢ ᠵᠢ ᠰᠢᠯᠭ᠋ᠠᠨ ᠪᠠᠢ᠌ᠴᠠᠭ᠋ᠠᠬᠤ᠂ ᠤᠰᠤ ᠬᠡᠷᠡᠭᠯᠡᠬᠦ ᠵᠢ ᠬᠢᠨᠠᠨ ᠪᠤᠳᠤᠬᠤ᠂ ᠤᠰᠤᠨ᠎ᠤ ᠠᠰᠢᠭᠯᠠᠮᠵᠢ ᠵᠢ ᠪᠠᠷᠢᠮᠵᠢᠶᠠᠯᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ᠂ ᠪᠣᠬᠢᠷᠲᠤᠯ ᠦᠭᠡᠢ ᠪᠣᠯᠭ᠋ᠠᠬᠤ ᠣᠨᠣᠰᠢᠯᠠᠯᠲᠠ ᠵᠡᠷᠭᠡ ᠠᠵᠢᠯ᠎ᠤᠨ ᠮᠡᠳᠡᠭᠡ ᠵᠠᠩᠭᠢ᠎ᠲᠠᠢ ᠤᠶᠠᠯᠳᠤᠭᠤᠯᠤᠨ᠂ ᠠᠵᠤ ᠠᠬᠤᠢ᠌ᠯᠠᠯ᠎ᠤᠨ ᠪᠣᠬᠢᠷᠲᠤᠯ ᠦᠭᠡᠢ ᠪᠣᠯᠭ᠋ᠠᠬᠤ ᠠᠵᠢᠯ᠎ᠢ ᠠᠬᠢᠭᠤᠯᠵᠤ ᠪᠠᠢ᠌ᠭ᠎ᠠ ᠪᠠᠢ᠌ᠳᠠᠯ᠎ᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠵᠦ᠂ ᠠᠵᠢᠯ᠎ᠤᠨ ᠠᠷᠭ᠎ᠠ ᠬᠡᠮᠵᠢᠶ᠎ᠡ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠦᠨ ᠰᠠᠢ᠌ᠵᠢᠷᠠᠭᠤᠯᠬᠤ ᠬᠡᠷᠡᠭᠲᠡᠢ᠃ 2025 ᠣᠨ ᠪᠣᠯᠬᠤ᠎ᠳᠤ᠂ ᠪᠥᠬᠥ ᠬᠣᠲᠠ᠎ᠳᠤ 5 ᠡᠷᠦᠬᠡ ᠪᠣᠬᠢᠷᠲᠤᠯ ᠦᠭᠡᠢ ᠦᠢ᠍ᠯᠡᠳᠪᠦᠷᠢ᠂ 5 ᠡᠷᠦᠬᠡ ᠪᠣᠬᠢᠷᠲᠤᠯ ᠦᠭᠡᠢ ᠦᠢ᠍ᠯᠡᠳᠬᠦᠨ᠂ 1 ᠡᠷᠦᠬᠡ ᠪᠣᠬᠢᠷᠲᠤᠯ ᠦᠭᠡᠢ ᠬᠠᠩᠭ᠋ᠠᠯᠭ᠎ᠠ ᠵᠢᠨ ᠬᠡᠯᠬᠢᠶᠡᠨ᠎ᠤ ᠬᠠᠮᠢᠶᠠᠷᠤᠯᠲᠠ ᠵᠢᠨ ᠠᠵᠤ ᠠᠬᠤᠢ᠌ᠯᠠᠯ᠎ᠢ ᠭᠡᠷᠡᠴᠢᠯᠡᠬᠦ᠎ᠪᠠᠷ ᠴᠢᠷᠮᠠᠢ᠌ᠨ᠎ᠠ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ)
      ᠭᠤᠷᠪᠠ᠂ ᠭᠣᠣᠯ ᠠᠷᠭ᠎ᠠ ᠬᠡᠮᠵᠢᠶ᠎ᠡ
      (ᠨᠢᠭᠡ) ᠠᠵᠤ ᠦᠢ᠍ᠯᠡᠰ᠎ᠤᠨ ᠪᠦᠲᠦᠴᠡ ᠵᠢ ᠭᠦᠨᠵᠡᠭᠡᠢ ᠲᠣᠬᠢᠷᠠᠭᠤᠯᠤᠨ᠎ᠠ᠃ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠬᠥᠭᠵᠢᠭᠦᠯᠵᠦ᠂ ᠪᠣᠬᠢᠷᠲᠤᠯ  ᠦᠭᠡᠢ ᠦᠢ᠍ᠯᠡᠳᠬᠦ  ᠦᠢ᠍ᠯᠡᠰ ᠵᠶ᠋ᠡᠷ   ᠤᠳᠤᠷᠢᠳᠤᠮᠵᠢ   ᠪᠣᠯᠭ᠋ᠠᠨ᠂ ᠪᠦᠲᠦᠴᠡ ᠵᠢ   ᠲᠣᠬᠢᠷᠠᠭᠤᠯᠬᠤ᠂   ᠴᠢᠳᠠᠮᠵᠢ ᠵᠢ   ᠬᠤᠪᠢᠷᠠᠭᠤᠯᠬᠤ᠂ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠬᠦ ᠵᠢᠨ ᠲᠣᠭᠣᠷᠢᠨ᠎ᠳᠤ ᠨᠢᠭᠡ ᠪᠦᠯᠦᠭ ᠮᠡᠷᠭᠡᠵᠢᠯ᠎ᠤᠨ ᠠᠭᠤᠯᠤᠭᠳᠠᠴᠠ᠎ᠪᠠᠷ ᠥᠨᠳᠥᠷ᠂ ᠡᠨᠧᠷᠭᠢ ᠵᠢᠨ ᠰᠤᠷᠪᠤᠯᠵᠢ ᠡᠬᠢ ᠪᠠᠶᠠᠯᠢᠭ᠎ᠤᠨ ᠬᠣᠷᠣᠭᠳᠠᠯ ᠵᠶ᠋ᠠᠷ ᠪᠠᠭ᠎ᠠ᠂ ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ᠎ᠪᠠᠷ ᠪᠠᠭ᠎ᠠ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠳᠠᠭ᠋ᠠᠭᠤᠯᠤᠭᠴᠢ ᠵᠦᠢ᠍ᠯᠡᠰ᠎ᠢ ᠲᠦᠷᠭᠡᠪᠴᠢᠯᠡᠨ ᠣᠷᠣᠭᠤᠯᠵᠤ᠂ ᠮᠠᠨ᠎ᠤ ᠬᠣᠲᠠ ᠵᠢᠨ ᠠᠵᠤ ᠦᠢ᠍ᠯᠡᠰ᠎ᠤᠨ ᠪᠦᠲᠦᠴᠡ ᠵᠢᠨ ᠳᠤᠲᠠᠭᠤᠳᠠᠯ᠎ᠢ ᠨᠥᠬᠥᠪᠦᠷᠢᠯᠡᠨ᠎ᠡ᠃ ᠣᠲᠣ ᠵᠢᠨ ᠪᠠᠢ᠌ᠭ᠎ᠠ ᠠᠵᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠵᠤ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠪᠣᠬᠢᠷᠲᠤᠯ ᠦᠭᠡᠢ ᠬᠥᠭᠵᠢᠯᠲᠡ ᠵᠢᠨ ᠲᠣᠭᠣᠷᠢᠨ᠎ᠳᠤ᠂ ᠨᠢᠭᠡ ᠪᠦᠯᠦᠭ ᠬᠡᠯᠬᠢᠶᠡᠰᠦ ᠵᠢ ᠤᠷᠲᠤᠳᠬᠠᠨ ᠬᠡᠯᠬᠢᠶᠡᠰᠦ ᠵᠢ ᠨᠥᠬᠥᠪᠦᠷᠢᠯᠡᠵᠦ ᠬᠡᠯᠬᠢᠶᠡᠰᠦ ᠵᠢ ᠴᠢᠩᠭ᠋ᠠᠳᠬᠠᠬᠤ ᠲᠥᠷᠥᠯ ᠵᠦᠢ᠍ᠯ᠎ᠢ ᠪᠦᠲᠦᠭᠡᠨ ᠪᠠᠢ᠌ᠭᠤᠯᠵᠤ᠂ ᠮᠡᠷᠭᠡᠵᠢᠯ᠎ᠤᠨ ᠲᠣᠨᠣᠭᠯᠠᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠡᠳ᠋ᠰᠢᠭᠦᠯᠬᠦ ᠴᠢᠳᠠᠪᠤᠷᠢ ᠵᠢ ᠤᠷᠲᠤᠳᠬᠠᠵᠤ᠂ ᠦᠵᠦᠭᠦᠷ᠎ᠤᠨ ᠦᠢ᠍ᠯᠡᠳᠬᠦᠨ᠎ᠤ ᠲᠥᠷᠥᠯ ᠵᠦᠢ᠍ᠯ᠎ᠢ ᠪᠠᠶᠠᠯᠢᠭᠵᠢᠭᠤᠯᠵᠤ᠂ ᠠᠵᠤ ᠦᠢ᠍ᠯᠡᠰ᠎ᠤᠨ ᠬᠡᠯᠬᠢᠶᠡᠰᠦ ᠵᠢ ᠳᠣᠣᠷᠠᠳᠤ ᠤᠷᠤᠰᠬᠠᠯ ᠳᠠᠰᠢ ᠤᠷᠲᠤᠳᠬᠠᠬᠤ᠂ ᠥᠷᠲᠡᠭ᠎ᠤᠨ ᠬᠡᠯᠬᠢᠶᠡᠰᠦ ᠵᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠬᠦ ᠵᠢ ᠦᠷᠭᠦᠯᠵᠢᠯᠡᠨ ᠠᠬᠢᠭᠤᠯᠵᠤ᠂ ᠠᠵᠤ ᠦᠢ᠍ᠯᠡᠰ᠎ᠤᠨ ᠬᠡᠯᠬᠢᠶᠡᠰᠦ ᠵᠢᠨ ᠬᠠᠩᠭ᠋ᠠᠯᠭ᠎ᠠ ᠵᠢᠨ ᠬᠡᠯᠬᠢᠶᠡᠰᠦ ᠵᠢᠨ ᠣᠳᠣᠬᠢᠴᠢᠯᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠡᠨᠧᠷᠭᠢ ᠵᠢᠨ ᠬᠣᠷᠣᠭᠳᠠᠭᠤᠯᠤᠯ ᠶᠡᠬᠡᠲᠡᠢ᠂ ᠪᠣᠬᠢᠷᠲᠤᠭᠤᠯᠤᠯ ᠶᠡᠬᠡᠲᠡᠢ ᠵᠦᠢ᠍ᠯᠡᠰ᠎ᠤᠨ ᠰᠣᠬᠣᠷ ᠪᠠᠯᠠᠢ᠎ᠪᠠᠷ ᠬᠥᠭᠵᠢᠬᠦ ᠵᠢ ᠡᠷᠡᠰ ᠬᠣᠷᠢᠭᠯᠠᠵᠤ᠂ ᠬᠣᠴᠤᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠲᠦᠷᠭᠡᠪᠴᠢᠯᠡᠨ ᠭᠡᠭᠡᠭᠳᠡᠭᠦᠯᠵᠦ᠂ ᠦᠢ᠍ᠯᠡᠳᠪᠦᠷᠢᠯᠡᠬᠦ ᠴᠢᠳᠠᠪᠤᠷᠢ᠎ᠨᠢ ᠦᠯᠡᠭᠦᠳᠡᠭᠰᠡᠨ ᠠᠵᠢᠯ ᠲᠦᠷᠦᠯ᠎ᠤᠨ ᠬᠢᠵᠠᠭ᠋ᠠᠷᠯᠠᠬᠤ ᠲᠦᠷᠦᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠡᠮᠬᠢ ᠵᠢᠷᠤᠮ ᠎ᠲᠠᠢ ᠎ᠪᠠᠷ  ᠪᠤᠴᠠᠭ᠋ᠠᠨ ᠭᠠᠷᠭ᠋ᠠᠬᠤ ᠵᠢ  ᠬᠥᠲᠥᠯᠥᠨ   ᠵᠢᠯᠤᠭᠣᠳᠴᠤ᠂  ᠬᠣᠴᠤᠷᠤᠩᠭᠤᠢ   ᠤᠷᠠᠨ  ᠮᠡᠷᠭᠡᠰᠢᠯ᠂  ᠮᠡᠷᠭᠡᠵᠢᠯ   ᠪᠠ  ᠲᠤᠨᠤᠭ   ᠲᠥᠬᠦᠭᠡᠷᠦᠮᠵᠢ ᠵᠢ  ᠬᠤᠭᠤᠴᠠᠭ᠎ᠠ  ᠲᠣᠭᠲᠠᠭ᠋ᠠᠨ  ᠭᠡᠭᠡᠭᠳᠡᠭᠦᠯᠦᠨ᠎ᠡ᠃  (ᠬᠠᠷᠢᠭᠤᠴᠠᠯᠭ᠋ᠠᠲᠤ ᠨᠢᠭᠡᠴᠡ᠄ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ)
      (ᠬᠣᠶᠠᠷ) ᠡᠨᠧᠷᠭᠢ ᠵᠢᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠦᠨ᠎ᠡ᠃ ᠥᠩᠭᠡ ᠦᠵᠡᠮᠵᠢ ᠵᠢᠨ ᠡᠬᠢ ᠪᠠᠶᠠᠯᠢᠭ ᠡᠯᠪᠡᠭ ᠳᠡᠯᠪᠡᠭ ᠪᠠᠢ᠌ᠬᠤ ᠳᠠᠪᠠᠭᠤᠯᠢᠭ᠎ᠲᠤ ᠲᠦᠰᠢᠭᠯᠡᠨ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠰᠠᠯᠬᠢᠨ ᠬᠦᠴᠦᠨ᠎ᠤ ᠴᠠᠬᠢᠯᠭ᠋ᠠᠨ᠂ ᠬᠡᠷᠡᠯ ᠸᠣᠯᠲ᠂ ᠬᠡᠷᠡᠯ ᠢᠯᠴᠢ ᠵᠡᠷᠭᠡ ᠲᠣᠨᠣᠭ ᠲᠥᠬᠦᠭᠡᠷᠦᠮᠵᠢ ᠦᠢ᠍ᠯᠡᠳᠬᠦ ᠪᠠ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠬᠠᠮᠵᠢᠯᠴᠠᠨ ᠬᠥᠭᠵᠢᠬᠦ ᠵᠢ ᠠᠬᠢᠭᠤᠯᠤᠨ᠎ᠠ᠃ ᠰᠢᠨ᠎ᠡ ᠡᠨᠧᠷᠭᠢ ᠵᠢᠨ ᠰᠤᠷᠪᠤᠯᠵᠢ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠡᠵᠡᠯᠡᠬᠦ ᠬᠠᠷᠢᠴᠠᠯ᠎ᠢ ᠦᠷᠭᠦᠯᠵᠢᠯᠡᠨ ᠳᠡᠭᠡᠭᠰᠢᠯᠡᠭᠦᠯᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ᠂ ᠠᠶᠤᠯᠭᠦᠢ ᠪᠥᠭᠡᠳ ᠨᠠᠢ᠌ᠳᠠᠪᠤᠷᠢᠲᠠᠢ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠢ ᠬᠦᠴᠦᠯᠡᠨ ᠪᠠᠢ᠌ᠭᠤᠯᠤᠨ᠎ᠠ᠃ ᠨᠡᠭᠦᠷᠡᠰᠦ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠠᠮᠢᠳᠤᠯᠢᠭ ᠴᠢᠨᠠᠷᠲᠠᠢ ᠥᠭᠡᠷᠡᠴᠢᠯᠡᠯᠲᠡ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠨᠥᠬᠥᠴᠡᠯ ᠪᠦᠷᠢᠯᠳᠦᠭᠦᠯᠦᠭᠰᠡᠨ ᠥᠪᠡᠰᠦᠪᠡᠨ ᠪᠡᠯᠡᠳᠬᠡᠭᠰᠡᠨ ᠴᠠᠬᠢᠯᠭ᠋ᠠᠨ ᠦᠢ᠍ᠯᠡᠳᠪᠦᠷᠢ ᠵᠢᠨ ᠰᠢᠰᠲ᠋ᠧᠮ᠎ᠤᠨ ᠤᠷᠬᠢᠯ᠎ᠤᠨ ᠬᠡᠮᠵᠢᠶ᠎ᠡ ᠵᠢ ᠲᠣᠬᠢᠷᠠᠭᠤᠯᠬᠤ᠎ᠳᠤ ᠣᠷᠣᠯᠴᠠᠬᠤ ᠵᠢ ᠲᠦᠯᠬᠢᠨ ᠠᠬᠢᠭᠤᠯᠤᠨ᠎ᠠ᠃ ᠡᠬᠢ ᠰᠤᠷᠪᠤᠯᠵᠢ ᠵᠢᠨ ᠰᠦᠯᠵᠢᠶᠡᠨ᠎ᠤ ᠴᠡᠨᠡᠭ ᠨᠥᠭᠡᠴᠡᠯᠡᠬᠦ ᠵᠢ ᠨᠢᠭᠡ ᠴᠣᠭᠴᠠᠵᠢᠭᠤᠯᠬᠤ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ ᠦᠭᠡᠢ ᠴᠠᠬᠢᠯᠭ᠋ᠠᠨ ᠬᠠᠩᠭ᠋ᠠᠬᠤ ᠵᠡᠷᠭᠡ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠵᠢᠨ ᠰᠤᠷᠪᠤᠯᠵᠢ ᠵᠢᠨ ᠵᠦᠢ᠍ᠯᠡᠰ᠎ᠢ ᠤᠬᠠᠭ᠋ᠠᠯᠠᠨ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ)
      (ᠭᠤᠷᠪᠠ) ᠪᠣᠬᠢᠷᠲᠤᠯ ᠦᠭᠡᠢ ᠪᠣᠯᠭ᠋ᠠᠬᠤ ᠥᠭᠡᠷᠡᠴᠢᠯᠡᠯᠲᠡ ᠵᠢᠨ ᠲᠥᠷᠥᠯ ᠵᠦᠢ᠍ᠯ᠎ᠢ ᠲᠦᠷᠭᠡᠳᠬᠡᠨ ᠬᠡᠷᠡᠭᠵᠢᠭᠦᠯᠦᠨ᠎ᠡ᠃ ᠲᠡᠷᠢᠭᠦᠨ᠎ᠤ ᠬᠡᠷᠡᠭᠯᠡᠭᠡᠨ᠎ᠳᠤ ᠲᠣᠬᠢᠷᠠᠬᠤ ᠤᠷᠠᠨ ᠳᠠᠷᠬ᠎ᠠ᠂ ᠮᠡᠷᠭᠡᠵᠢᠯ ᠪᠠ ᠲᠣᠨᠣᠭ ᠲᠥᠬᠦᠭᠡᠷᠦᠮᠵᠢ ᠵᠢ ᠢᠳᠡᠪᠬᠢᠲᠡᠢ᠎ᠪᠠᠷ ᠳᠡᠯᠭᠡᠷᠡᠭᠦᠯᠵᠦ᠂ ᠠᠵᠤ ᠠᠬᠤᠢ᠌ᠯᠠᠯ᠎ᠤᠨ ᠡᠨᠧᠷᠭᠢ ᠡᠬᠢ ᠪᠠᠶᠠᠯᠢᠭ᠎ᠤᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠪᠠᠷ ᠤᠳᠤᠷᠢᠳᠤᠮᠵᠢ ᠪᠣᠯᠭ᠋ᠠᠨ᠂ ᠠᠵᠤ ᠠᠬᠤᠢ᠌ᠯᠠᠯ᠎ᠢ ᠰᠢᠮᠳᠠᠭᠤᠯᠵᠤ ᠪᠠᠢ᠌ᠭ᠋ᠠᠳ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠤ ᠪᠠᠷᠢᠮᠵᠢᠶ᠎ᠠ ᠪᠤᠶᠤ ᠠᠵᠢᠯ ᠲᠥᠷᠥᠯ᠎ᠤᠨ ᠲᠡᠷᠢᠭᠦᠨ᠎ᠤ ᠬᠢᠷᠢ ᠬᠡᠮᠵᠢᠶ᠎ᠡ᠎ᠲᠠᠢ ᠬᠠᠷᠭᠤᠭᠤᠯᠵᠤ᠂ ᠪᠣᠬᠢᠷᠲᠤᠯ ᠦᠭᠡᠢ ᠪᠣᠯᠭ᠋ᠠᠨ ᠥᠭᠡᠷᠡᠴᠢᠯᠡᠬᠦ ᠲᠥᠷᠥᠯ ᠵᠦᠢ᠍ᠯ᠎ᠢ ᠬᠡᠷᠡᠭᠵᠢᠭᠦᠯᠦᠨ᠂ ᠪᠣᠳᠠᠲᠠᠢ ᠥᠭᠡᠷᠡᠴᠢᠯᠡᠬᠦ ᠲᠥᠷᠥᠯ ᠵᠦᠢ᠍ᠯ᠎ᠤᠨ ᠨᠠᠷᠢᠨ ᠬᠠᠭᠤᠳᠠᠰᠤ ᠵᠢ ᠲᠣᠭᠲᠠᠭ᠋ᠠᠵᠤ᠂ ᠥᠭᠡᠷᠡᠴᠢᠯᠡᠬᠦ ᠠᠵᠢᠯ᠎ᠤᠨ ᠬᠤᠭᠤᠴᠠᠭ᠎ᠠ ᠵᠢ ᠵᠦᠢ ᠵᠣᠬᠢᠰᠲᠠᠢ ᠲᠣᠬᠢᠷᠠᠭᠤᠯᠤᠨ᠂ ᠥᠭᠡᠷᠡᠴᠢᠯᠡᠬᠦ ᠠᠬᠢᠴᠠ ᠵᠢ ᠲᠦᠷᠭᠡᠳᠬᠡᠵᠦ᠂ ᠡᠨᠧᠷᠭᠢ ᠡᠬᠢ ᠪᠠᠶᠠᠯᠢᠭ᠎ᠤᠨ ᠠᠰᠢᠭᠯᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠠᠵᠤ ᠠᠬᠤᠢ᠌ᠯᠠᠯ᠎ᠤᠨ ᠪᠣᠬᠢᠷᠲᠤᠯ ᠦᠭᠡᠢ ᠪᠣᠯᠭ᠋ᠠᠨ ᠥᠭᠡᠷᠡᠴᠢᠯᠡᠬᠦ ᠬᠥᠳᠡᠯᠦᠩᠭᠦᠢ ᠲᠥᠷᠥᠯ ᠵᠦᠢ᠍ᠯ᠎ᠤᠨ ᠬᠥᠮᠥᠷᠭᠡ (ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠪᠠ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠲᠥᠷᠥᠯ ᠵᠦᠢ᠍ᠯ ᠪᠠᠭᠲᠠᠨ᠎ᠠ) ᠵᠢ ᠪᠠᠢ᠌ᠭᠤᠯᠵᠤ᠂ ᠲᠥᠷᠥᠯ ᠵᠦᠢ᠍ᠯ᠎ᠤᠨ ᠠᠬᠢᠴᠠ ᠵᠢᠨ ᠪᠠᠢ᠌ᠳᠠᠯ᠎ᠢ ᠤᠯᠠᠷᠢᠯ ᠵᠶ᠋ᠠᠷ ᠲᠣᠬᠢᠷᠠᠭᠤᠯᠤᠨ ᠵᠠᠳᠠᠯᠵᠤ᠂ ᠠᠵᠤ ᠠᠬᠤᠢ᠌ᠯᠠᠯ᠎ᠢ ᠢᠳᠡᠪᠬᠢᠲᠡᠢ᠎ᠪᠠᠷ ᠬᠠᠮᠵᠢᠨ ᠥᠭᠡᠷᠡᠴᠢᠯᠡᠬᠦ ᠶᠠᠪᠤᠴᠠ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠵᠦ᠂ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠡᠮᠬᠢ ᠵᠢᠷᠤᠮ᠎ᠲᠠᠢ ᠠᠬᠢᠭᠤᠯᠤᠨ᠎ᠠ᠃ ᠲᠥᠷᠥᠯ ᠵᠦᠢ᠍ᠯ᠎ᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠵᠦ᠂ ᠲᠥᠷᠥᠯ ᠵᠦᠢ᠍ᠯ᠎ᠤᠨ ᠡᠨᠧᠷᠭᠢ ᠠᠷᠪᠢᠯᠠᠬᠤ᠂ ᠤᠰᠤ ᠠᠷᠪᠢᠯᠠᠬᠤ ᠪᠠ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠬᠡᠮᠵᠢᠶ᠎ᠡ ᠵᠢ ᠬᠢᠨᠠᠨ ᠬᠠᠷᠭᠤᠭᠤᠯᠵᠤ᠂  ᠠᠵᠢᠯ ᠎ᠤᠨ  ᠠᠷᠭ᠎ᠠ  ᠬᠡᠮᠵᠢᠶ᠎ᠡ ᠎ᠪᠠᠨ   ᠲᠠᠰᠤᠷᠠᠯᠲᠠ   ᠦᠭᠡᠢ ᠰᠠᠢ᠌ᠵᠢᠷᠠᠭᠤᠯᠤᠨ᠎ᠠ᠃  (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
      (ᠳᠥᠷᠪᠡ) ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠵᠤ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ ᠠᠵᠢᠯ᠎ᠢ ᠴᠢᠩᠭ᠋ᠠᠳᠬᠠᠨ᠎ᠠ᠃ ᠪᠣᠬᠢᠷᠲᠤᠯ ᠦᠭᠡᠢ ᠬᠥᠭᠵᠢᠯᠲᠡ ᠵᠢ ᠪᠠᠷᠢᠮᠲᠠᠯᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠠᠬᠤᠢ ᠵᠢ ᠬᠠᠮᠠᠭ᠋ᠠᠯᠠᠬᠤ ᠣᠨᠣᠯᠵᠢᠬᠤᠨ ᠵᠶ᠋ᠠᠷ᠂ 《ᠬᠣᠣᠰ ᠨᠡᠭᠦᠷᠡᠰᠦᠲᠥ᠋ᠷᠥᠭᠴᠢ》 ᠵᠢᠨ ᠬᠠᠷᠠᠯᠲᠠ ᠵᠢᠨ ᠲᠣᠭᠣᠷᠢᠨ᠎ᠳᠤ᠂ ᠠᠵᠤ ᠠᠬᠤᠢ᠌ᠯᠠᠯ᠎ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠮᠡᠷᠭᠡᠵᠢᠯ᠎ᠤᠨ ᠥᠭᠡᠷᠡᠴᠢᠯᠡᠯᠲᠡ ᠵᠢᠨ ᠠᠯᠬᠤᠴᠠ᠎ᠪᠠᠨ ᠲᠦᠷᠭᠡᠳᠬᠡᠬᠦ ᠵᠢ ᠵᠣᠷᠢᠭᠵᠢᠭᠤᠯᠵᠤ᠂ ᠢᠯᠴᠢ ᠵᠢᠨ ᠴᠠᠬᠢᠯᠭ᠋ᠠᠨ᠂ ᠬᠡᠦᠷᠰᠢᠭᠦᠯᠬᠦ᠂ ᠱᠦᠢ᠍ᠨᠢ ᠵᠡᠷᠭᠡ ᠭᠣᠣᠯᠳᠠᠯᠭ᠎ᠠ᠎ᠲᠠᠢ ᠭᠠᠳᠠᠭᠰᠢᠯᠠᠭᠤᠯᠤᠯᠲᠠ ᠶᠡᠬᠡᠲᠡᠢ ᠠᠵᠢᠯ ᠲᠥᠷᠥᠯ᠎ᠤᠨ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ᠂ ᠥᠨᠳᠥᠷ ᠦᠷ᠎ᠡ ᠪᠦᠲᠦᠮᠵᠢᠲᠡᠶ᠎ᠪᠠᠷ ᠲᠣᠭᠣᠰᠣ ᠠᠷᠢᠯᠭ᠋ᠠᠬᠤ᠂ ᠬᠦᠬᠦᠷ ᠦᠭᠡᠢ᠌ᠳᠡᠭᠦᠯᠬᠦ᠂ ᠱᠡᠦ ᠦᠭᠡᠢ᠌ᠳᠡᠭᠦᠯᠬᠦ᠂ ᠠᠽᠣᠲ ᠪᠠᠭ᠎ᠠ ᠰᠢᠲᠠᠭ᠋ᠠᠬᠤ᠂ ᠲᠠᠰ ᠬᠤᠪᠢᠶᠠᠨ ᠰᠢᠲᠠᠭ᠋ᠠᠬᠤ᠂ ᠣᠶᠤᠨᠴᠢ᠎ᠪᠠᠷ ᠡᠵᠡᠮᠳᠡᠬᠦ ᠵᠡᠷᠭᠡ ᠰᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠵᠦ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠬᠡᠢ᠂ ᠬᠠᠶᠠᠭᠳᠠᠮᠠᠯ ᠤᠰᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠠ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠵᠢ ᠪᠠᠭᠤᠷᠠᠭᠤᠯᠤᠨ᠎ᠠ᠃ ᠠᠷᠢᠭᠤᠨ ᠴᠡᠪᠡᠷ ᠦᠢ᠍ᠯᠡᠳᠪᠦᠷᠢᠯᠡᠯ᠎ᠤᠨ ᠠᠵᠢᠯ᠎ᠢ ᠭᠦᠨᠵᠡᠭᠡᠢ ᠥᠷᠨᠢᠭᠦᠯᠵᠦ᠂ ᠠᠵᠤ ᠠᠬᠤᠢ᠌ᠯᠠᠯ᠎ᠤᠨ ᠲᠡᠷᠢᠭᠦᠨ᠎ᠤ᠂ ᠪᠣᠯᠪᠠᠰᠤᠷᠠᠩᠭᠤᠢ᠂ ᠬᠡᠷᠡᠭᠯᠡᠬᠦ᠎ᠳᠤ ᠲᠣᠬᠢᠷᠠᠮᠵᠢᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠮᠡᠷᠭᠡᠵᠢᠯ ᠪᠠ ᠲᠣᠨᠣᠭ ᠲᠥᠬᠦᠭᠡᠷᠦᠮᠵᠢ ᠬᠡᠷᠡᠭᠯᠡᠬᠦ ᠵᠢ ᠬᠥᠲᠥᠯᠥᠨ ᠵᠢᠯᠤᠭᠣᠳᠬᠤ ᠪᠠ ᠳᠡᠮᠵᠢᠵᠦ᠂ ᠪᠥᠬᠥ ᠬᠣᠲᠠ ᠵᠢᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠰᠠᠢ᠌ᠨ ᠳᠤᠷ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠥᠭᠡᠷᠡᠴᠢᠯᠡᠯᠲᠡ ᠵᠢ ᠥᠷᠨᠢᠭᠦᠯᠬᠦ ᠵᠢ ᠵᠣᠷᠢᠭᠵᠢᠭᠤᠯᠤᠨ᠂ ᠡᠨᠧᠷᠭᠢ᠂ ᠲᠡᠮᠦᠷᠯᠢᠭ ᠬᠠᠢ᠌ᠯᠤᠭᠤᠯᠬᠤ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ ᠵᠡᠷᠭᠡ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠠᠯᠪᠠᠳᠠᠯᠭ᠎ᠠ ᠵᠢᠨ ᠴᠢᠨᠠᠷᠲᠠᠢ ᠠᠷᠢᠭᠤᠨ ᠴᠡᠪᠡᠷ ᠦᠢ᠍ᠯᠡᠳᠪᠦᠷᠢᠯᠡᠯ᠎ᠤᠨ ᠥᠭᠡᠷᠡᠴᠢᠯᠡᠯᠲᠡ ᠵᠢ ᠬᠡᠷᠡᠭᠵᠢᠭᠦᠯᠬᠦ ᠵᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠪᠠᠷᠢᠬᠤ ᠪᠠ ᠠᠰᠢᠭᠯᠠᠬᠤ ᠢᠨᠵᠧᠨᠧᠷᠢᠩ᠎ᠢ ᠬᠡᠷᠡᠭᠵᠢᠭᠦᠯᠵᠦ᠂ ᠠᠵᠤ ᠠᠬᠤᠢ᠌ᠯᠠᠯ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠬᠣᠷᠢᠶᠠᠨ ᠴᠤᠭᠯᠠᠭᠤᠯᠬᠤ᠂ ᠠᠰᠢᠭᠯᠠᠬᠤ ᠪᠠ ᠪᠢᠲᠡᠭᠦᠮᠵᠢᠯᠡᠨ ᠬᠠᠳᠠᠭ᠋ᠠᠯᠠᠬᠤ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠶᠡᠬᠡᠪᠡᠷ ᠰᠦᠪᠡᠭᠴᠢᠯᠡᠨ ᠪᠠᠶ᠋ᠢᠭᠤᠯᠬᠤ ᠵᠢ ᠰᠠᠨᠠᠭ᠋ᠠᠴᠢᠯᠠᠵᠤ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠡᠬᠢ ᠪᠠᠶᠠᠯᠢᠭᠵᠢᠭᠤᠯᠤᠨ ᠠᠰᠢᠭᠯᠠᠵᠤ ᠥᠨᠳᠥᠷ ᠨᠡᠮᠡᠯᠲᠡ ᠥᠷᠲᠡᠭᠲᠦ ᠬᠢᠮᠢ ᠵᠢᠨ ᠠᠵᠤ ᠦᠢ᠍ᠯᠡᠳᠪᠦᠷᠢ ᠵᠢᠨ ᠦᠢ᠍ᠯᠡᠳᠬᠦᠨ ᠦᠢ᠍ᠯᠡᠳᠪᠦᠷᠢᠯᠡᠬᠦ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠡ᠄ ᠬᠣᠲᠠ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ)
      (ᠲᠠᠪᠤ) ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ ᠪᠣᠯᠭ᠋ᠠᠬᠤ᠎ᠳᠤ ᠬᠢᠨᠠᠯᠲᠠ ᠲᠠᠯᠪᠢᠵᠤ ᠰᠢᠯᠭ᠋ᠠᠨ ᠬᠢᠨᠠᠬᠤ ᠵᠢ ᠴᠢᠩᠭ᠋ᠠᠷᠠᠭᠤᠯᠤᠨ᠎ᠠ᠃ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠪᠣᠬᠢᠷᠲᠤᠯ ᠦᠭᠡᠢ ᠪᠣᠯ ᠳᠠᠷᠤᠢ ᠵᠣᠭᠰᠤᠭ᠋ᠠᠬᠤ》 ᠱᠠᠭ᠋ᠠᠷᠳᠠᠯᠭ᠎ᠠ ᠶᠣᠰᠣᠭ᠋ᠠᠷ᠂ ᠪᠣᠬᠢᠷᠲᠤᠯ ᠦᠭᠡᠢ ᠪᠣᠯᠭ᠋ᠠᠬᠤ ᠬᠠᠷᠠᠯᠲᠠ ᠵᠢᠨ ᠡᠭᠦᠷᠭᠡ᠎ᠪᠠᠨ ᠴᠠᠭ ᠲᠤᠬᠠᠢ᠎ᠳᠤᠨᠢ ᠪᠡᠶᠡᠯᠡᠭᠦᠯᠦᠭᠡᠳᠦᠢ ᠠᠵᠤ ᠠᠬᠤᠢ᠌ᠯᠠᠯ᠎ᠤᠨ ᠭᠥᠷᠳᠡᠬᠦ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠬᠦᠴᠦᠨ ᠦᠭᠡᠢ ᠪᠣᠯᠭ᠋ᠠᠬᠤ ᠵᠢᠨ ᠬᠠᠮᠲᠤ᠂ ᠡᠨᠧᠷᠭᠢ ᠵᠢᠨ ᠬᠣᠷᠣᠭᠳᠠᠭᠤᠯᠤᠯ ᠶᠡᠬᠡᠲᠡᠢ ᠠᠵᠢᠯ ᠲᠥᠷᠥᠯ᠎ᠤᠨ ᠠᠵᠤ ᠠᠬᠤᠢ᠌ᠯᠠᠯ᠎ᠳᠤ᠂ ᠠᠵᠢᠯ ᠲᠥᠷᠥᠯ ᠬᠤᠪᠢᠶᠠᠨ ᠲᠠᠰ ᠬᠤᠪᠢᠶᠠᠨ ᠱᠠᠲᠤᠯᠢᠭ ᠴᠠᠬᠢᠯᠭ᠋ᠠᠨ᠎ᠤ ᠦᠨ᠎ᠡ᠂ ᠤᠰᠤ ᠶᠡᠬᠡ ᠬᠣᠷᠣᠭᠳᠠᠭᠤᠯᠬᠤ ᠠᠵᠢᠯ ᠲᠥᠷᠥᠯ᠎ᠤᠨ ᠠᠵᠤ ᠠᠬᠤᠢ᠌ᠯᠠᠯ᠎ᠳᠤ᠂ ᠬᠡᠲᠦᠷᠡᠭᠦᠯᠦᠨ ᠬᠡᠷᠡᠭᠯᠡᠭᠰᠡᠨ ᠤᠰᠤᠨ᠎ᠤ ᠨᠣᠷᠮ᠎ᠠ ᠵᠢ ᠠᠬᠢᠭᠤᠯᠤᠨ ᠪᠤᠳᠤᠵᠤ ᠦᠨ᠎ᠡ ᠨᠡᠮᠡᠬᠦ ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠠᠵᠤ ᠠᠬᠤᠢ᠌ᠯᠠᠯ᠎ᠢ ᠭᠡᠳᠡᠷᠭᠦ ᠰᠢᠬᠠᠮᠳᠠᠭᠤᠯᠵᠤ ᠪᠠᠢ᠌ᠭ᠋ᠠᠳ ᠪᠣᠬᠢᠷᠲᠤᠯ ᠦᠭᠡᠢ ᠪᠣᠯᠭ᠋ᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠤᠰᠤᠨ ᠠᠰᠢᠭᠯᠠᠯᠲᠠ ᠵᠢᠨ ᠲᠣᠪᠴᠢᠶ᠎ᠠ)
       ᠡᠯ᠎ᠡ ᠬᠣᠰᠢᠭᠤ ᠰᠢᠶᠠᠨ ᠲᠣᠭᠣᠷᠢᠭ᠂ ᠡᠯ᠎ᠡ ᠰᠠᠯᠠᠭ᠎ᠠ ᠮᠥᠴᠢᠷ᠎ᠤᠳ ᠪᠥᠬᠥ ᠬᠣᠲᠠ᠎ᠪᠠᠷ ᠵᠶ᠋ᠠᠨ ᠨᠢᠭᠡ ᠬᠥᠯᠭᠡ ᠰᠢᠲᠠᠷ᠎ᠠ ᠮᠡᠲᠦ ᠪᠠᠢ᠌ᠬᠤ ᠵᠢ ᠪᠠᠷᠢᠮᠲᠠᠯᠠᠵᠤ᠂ ᠬᠣᠲᠠ ᠵᠢᠨ ᠨᠠᠮ᠎ᠤᠨ ᠬᠣᠷᠢᠶ᠎ᠠ᠂ ᠬᠣᠲᠠ ᠵᠢᠨ ᠵᠠᠰᠠᠭ᠎ᠤᠨ ᠣᠷᠳᠣᠨ᠎ᠤ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠠᠵᠢᠯ᠎ᠢ ᠰᠢᠰᠲ᠋ᠧᠮ᠎ᠲᠠᠢ ᠠᠬᠢᠭᠤᠯᠵᠤ᠂ ᠡᠳ᠋᠎ᠤᠨ ᠵᠠᠰᠠᠭ᠂ ᠪᠡᠯᠡ ᠣᠷᠣᠭᠤᠯᠤᠯᠲᠠ᠂ ᠴᠠᠬᠢᠯᠭ᠋ᠠᠨ᠎ᠤ ᠦᠨ᠎ᠡ ᠵᠡᠷᠭᠡ ᠲᠥᠷᠥ ᠵᠢᠨ ᠪᠣᠳᠣᠯᠭ᠎ᠠ ᠬᠢᠭᠡᠳ ᠠᠵᠤ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢ ᠡᠮᠬᠢᠯᠡᠨ ᠨᠡᠢ᠌ᠯᠡᠭᠦᠯᠵᠦ᠂ ᠠᠵᠤ ᠠᠬᠤᠢ᠌ᠯᠠᠯ᠎ᠤᠨ ᠪᠣᠬᠢᠷᠲᠤᠯ ᠦᠭᠡᠢ᠎ᠪᠠᠷ ᠥᠭᠡᠷᠡᠴᠢᠯᠡᠬᠦ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢ ᠠᠬᠢᠭᠤᠯᠬᠤ ᠵᠢ ᠶᠡᠬᠡᠪᠡᠷ ᠳᠡᠮᠵᠢᠬᠦ ᠬᠡᠷᠡᠭᠲᠡᠢ᠃ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠰᠢᠮᠳᠠᠭᠤᠯᠤᠨ ᠪᠠᠢ᠌ᠴᠠᠭ᠋ᠠᠵᠤ᠂ ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠠᠵᠢᠯ᠎ᠤᠨ ᠬᠤᠷᠳᠤᠴᠠ ᠵᠢ ᠳᠡᠭᠡᠭᠰᠢᠯᠡᠭᠦᠯᠦᠨ ᠶᠠᠰᠤ ᠴᠢᠨᠠᠷ᠎ᠢ ᠳᠡᠭᠡᠭᠰᠢᠯᠡᠭᠦᠯᠵᠦ᠂ ᠰᠠᠢ᠌ᠨ ᠦᠷ᠎ᠡ ᠪᠦᠲᠦᠮᠵᠢ ᠣᠯᠬᠤ ᠵᠢ ᠬᠦᠴᠦᠲᠡᠢ ᠠᠬᠢᠭᠤᠯᠬᠤ ᠬᠡᠷᠡᠭᠲᠡᠢ᠃ 《ᠡᠨᠧᠷᠭᠢ ᠠᠷᠪᠢᠯᠠᠬᠤ ᠤᠬᠠᠭᠤᠯᠭ᠎ᠠ ᠵᠢᠨ ᠭᠠᠷᠠᠭ》᠂ 《ᠪᠥᠬᠥ ᠤᠯᠤᠰ᠎ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ》 ᠵᠡᠷᠭᠡ ᠭᠣᠣᠯ ᠰᠡᠳᠦᠪᠲᠦ ᠤᠬᠠᠭᠤᠯᠭ᠎ᠠ ᠵᠢᠨ ᠡᠳᠦᠷ᠎ᠢ ᠭᠦᠢ᠍ᠴᠡᠳ ᠠᠰᠢᠭᠯᠠᠨ ᠣᠯᠠᠨ ᠬᠡᠯᠪᠡᠷᠢ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠨᠢᠭᠦᠯᠵᠦ᠂ ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠳᠤ ᠰᠠᠢ᠌ᠨ ᠰᠠᠢ᠌ᠬᠠᠨ ᠨᠡᠢ᠌ᠭᠡᠮ᠎ᠤᠨ ᠣᠷᠴᠢᠨ ᠲᠣᠭᠣᠷᠢᠨ᠎ᠢ ᠪᠣᠶ ᠪᠣᠯᠭ᠋ᠠᠬᠤ ᠬᠡᠷᠡᠭᠲᠡᠢ᠃


 

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ