ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠵᠢᠨ ᠲᠤᠬᠠᠢ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ 4 ᠰᠠᠯᠠᠭ᠎ᠠ ᠮᠥᠴᠢᠷ᠎ᠤᠨ ᠤᠯᠠᠮᠵᠢᠯᠠᠨ ᠶᠠᠪᠤᠭᠤᠯᠬᠤ ᠲᠤᠬᠠᠢ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2023-09-07
ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠺᠣᠮᠢᠰ᠎ᠤᠨ ᠠᠯᠪᠠᠨ ᠭᠡᠷ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ ᠤᠨ ᠨᠢᠭᠡᠴᠡ᠎ᠳᠤ᠄
ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ 《ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ》 ᠵᠢ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠᠨᠠᠷ᠎ᠲᠤ ᠤᠯᠠᠮᠵᠢᠯᠠᠨ ᠶᠠᠪᠤᠭᠤᠯᠤᠯ᠎ᠠ᠂ ᠬᠢᠨᠠᠮᠠᠭ᠋ᠠᠢ ᠲᠤᠤᠱᠯᠠᠭᠤᠯᠤᠨ ᠬᠡᠷᠡᠭᠵᠢᠭᠦᠯᠲᠦᠭᠡᠢ᠃
2023 ᠣᠨ᠎ᠤ 5 ᠰᠠᠷ᠎ᠠ ᠵᠢᠨ 9᠎ᠤ ᠡᠳᠦᠷ
(ᠲᠣᠰ ᠮᠠᠲ᠋ᠧᠷᠢᠶᠠᠯ᠎ᠢ ᠢᠯᠡ᠎ᠪᠠᠷ ᠨᠡᠢ᠌ᠲᠡᠯᠡᠪᠡ)
ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ
ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ
ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ
ᠬᠣᠲᠠ ᠵᠢᠨ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ
ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ
ᠡᠭᠦᠨ᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ ᠬᠤᠲᠠ ᠪᠠᠯᠭ᠋ᠠᠰᠤᠨ᠎ᠤ ᠣᠷᠴᠢᠨ ᠠᠬᠤᠢ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠬᠤ ᠲᠤᠬᠠᠢ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ ᠵᠡᠷᠭᠡ ᠰᠠᠯᠠᠭ᠎ᠠ ᠮᠥᠴᠢᠷ᠎ᠤᠨ ᠵᠢᠯᠤᠭᠣᠳᠬᠤ ᠰᠠᠨᠠᠯ᠎ᠢ ᠤᠯᠠᠮᠵᠢᠯᠠᠨ ᠲᠠᠷᠬᠠᠭ᠋ᠠᠬᠤ ᠲᠤᠬᠠᠢ ᠲᠦᠷᠦ ᠵᠢᠨ ᠶᠠᠪᠤᠳᠠᠯ ᠤᠨ ᠬᠣᠷᠢᠶᠠᠨ ᠤ ᠠᠯᠪᠠᠨ ᠲᠢᠩᠬᠢᠮ ᠤᠨ ᠮᠡᠳᠡᠭᠳᠡᠯ》 (ᠲᠥᠷᠥ ᠠᠯᠪᠠᠨ ᠵᠠᠬᠢᠳᠠᠯ [2022] 7 ᠳ᠋ᠤᠭ᠋ᠠᠷ ᠲᠣᠭ᠋ᠠᠲᠤ)᠂ 《ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠵᠡᠷᠭᠡ 4 ᠰᠠᠯᠠᠭ᠎ᠠ ᠮᠥᠴᠢᠷ᠎ᠤᠨ ᠬᠡᠷᠡᠭᠵᠢᠭᠦᠯᠬᠦ ᠰᠠᠨᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠠᠴᠠ ᠤᠯᠠᠮᠵᠢᠯᠠᠨ ᠶᠠᠪᠤᠭᠤᠯᠬᠤ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 78 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠤᠯᠠᠮᠵᠢᠯᠠᠨ ᠲᠠᠷᠬᠠᠭ᠋ᠠᠵᠤ᠂ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠰᠠᠭᠤᠷᠢ ᠪᠡᠯᠡᠳᠬᠡᠮᠵᠢ ᠵᠢᠨ ᠣᠳᠣᠬᠢᠴᠢᠯᠠᠯᠲᠠ ᠵᠢᠨ ᠬᠢᠷᠢ ᠬᠡᠮᠵᠢᠶ᠎ᠡ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠮᠠᠨ᠎ᠤ ᠬᠣᠲᠠ ᠵᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠳᠣᠣᠷᠠᠬᠢ ᠮᠡᠲᠦ ᠲᠤᠤᠱᠯᠠᠭᠤᠯᠤᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠳᠤᠷᠠᠳᠤᠶ᠎ᠠ᠃
ᠨᠢᠭᠡ᠂ ᠠᠵᠢᠯ᠎ᠤᠨ ᠬᠠᠷᠠᠯᠲᠠ
2025 ᠣᠨ ᠪᠣᠯᠬᠤ᠎ᠳᠤ᠂ ᠪᠥᠬᠥ ᠬᠣᠲᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠦᠨ᠎ᠡ᠃
ᠪᠣᠬᠢᠷ ᠤᠰᠤ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠲᠠᠯ᠎ᠠ᠎ᠪᠠᠷ᠃105 ᠺᠢᠯᠣᠮᠧᠲᠷ᠎ᠤᠨ ᠪᠣᠬᠢᠷ ᠤᠰᠤᠨ᠎ᠤ ᠬᠣᠭᠣᠯᠠᠢ ᠵᠢᠨ ᠲᠣᠣᠷ᠎ᠢ ᠰᠢᠨ᠎ᠡ᠎ᠪᠠᠷ ᠥᠭᠡᠷᠡᠴᠢᠯᠡᠵᠦ ᠥᠷᠭᠡᠳᠬᠡᠨ ᠪᠠᠢ᠌ᠭᠤᠯᠵᠤ᠂ ᠰᠢᠶᠠᠨ᠎ᠤ ᠬᠤᠳᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠨᠤᠷᠮ᠎ᠠ ᠵᠢ 95%᠎ᠠᠴᠠ ᠳᠡᠭᠡᠭᠰᠢ᠎ᠳᠤ ᠬᠦᠷᠭᠡᠵᠦ᠂ ᠬᠤᠳᠠ ᠵᠢᠨ ᠳᠠᠬᠢᠯᠲᠠ ᠤᠰᠤᠨ᠎ᠤ ᠠᠰᠢᠭᠯᠠᠯᠲᠠ ᠵᠢᠨ ᠨᠤᠷᠮ᠎ᠠ ᠵᠢ 35%᠎ᠠᠴᠠ ᠳᠠᠪᠠᠭᠤᠯᠵᠤ᠂ ᠬᠤᠳᠠ ᠵᠢᠨ ᠪᠣᠬᠢᠷ ᠰᠢᠪᠠᠷ᠎ᠢ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠨᠤᠷᠮ᠎ᠠ ᠵᠢ 90%᠎ᠠᠴᠠ ᠳᠡᠭᠡᠭᠰᠢ᠎ᠳᠤ ᠬᠦᠷᠭᠡᠨ᠎ᠡ᠃ ᠠᠮᠢᠳᠤᠷᠠᠯ᠎ᠤᠨ ᠬᠣᠭ ᠨᠣᠪᠰᠢ ᠰᠢᠢ᠍ᠳᠪᠦᠷᠢᠯᠡᠬᠦ ᠲᠠᠯ᠎ᠠ᠎ᠪᠠᠷ᠃ ᠪᠥᠬᠥ ᠬᠣᠲᠠ ᠵᠢᠨ ᠬᠣᠲᠠ ᠪᠠᠯᠭ᠋ᠠᠰᠤᠨ᠎ᠤ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠬᠦ ᠲᠥᠬᠦᠭᠡᠷᠦᠮᠵᠢ ᠵᠢᠨ ᠳᠤᠲᠠᠭᠤᠳᠠᠯ ᠪᠠ ᠴᠢᠳᠠᠪᠤᠷᠢ ᠪᠠᠭᠤᠷᠠᠢ ᠵᠦᠢ᠍ᠯᠡᠰ᠎ᠢ ᠴᠢᠩᠭ᠋ᠠᠳᠬᠠᠵᠤ᠂ ᠬᠣᠲᠠ ᠪᠠᠯᠭ᠋ᠠᠰᠤᠨ᠎ᠤ ᠠᠮᠢᠳᠤᠷᠠᠯ᠎ᠤᠨ ᠬᠣᠭ ᠨᠣᠪᠰᠢ ᠵᠢ ᠰᠢᠲᠠᠭ᠋ᠠᠵᠤ ᠰᠢᠢ᠍ᠳᠪᠦᠷᠢᠯᠡᠬᠦ ᠴᠢᠳᠠᠪᠤᠷᠢ ᠵᠢ ᠡᠳᠦᠷ ᠪᠦᠷᠢ 700 ᠲᠣᠨ ᠣᠷᠴᠢᠮ᠎ᠳᠤ ᠬᠦᠷᠦᠭᠦᠯᠵᠦ᠂ ᠬᠣᠲᠠ ᠵᠢᠨ ᠠᠮᠢᠳᠤᠷᠠᠯ᠎ᠤᠨ ᠬᠣᠭ ᠨᠣᠪᠰᠢ ᠵᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠵᠢ 50% ᠣᠷᠴᠢᠮ᠎ᠳᠤ ᠬᠦᠷᠦᠭᠦᠯᠵᠦ᠂ ᠬᠣᠲᠠ ᠵᠢᠨ ᠠᠮᠢᠳᠤᠷᠠᠯ᠎ᠤᠨ ᠬᠣᠭ ᠨᠣᠪᠰᠢ ᠵᠢ ᠰᠢᠲᠠᠭ᠋ᠠᠵᠤ ᠰᠢᠢ᠍ᠳᠪᠦᠷᠢᠯᠡᠬᠦ ᠴᠢᠳᠠᠪᠤᠷᠢ ᠵᠢᠨ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠴᠢᠳᠠᠪᠤᠷᠢ᠎ᠳᠠᠬᠢ ᠡᠵᠡᠯᠡᠬᠦ ᠬᠤᠪᠢ ᠵᠢᠨ ᠵᠢᠩ᠎ᠢ 60% ᠣᠷᠴᠢᠮ᠎ᠳᠤ ᠬᠦᠷᠦᠭᠦᠯᠦᠨ᠎ᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ᠂ ᠡᠮ ᠡᠮᠨᠡᠯᠭᠡ ᠵᠢᠨ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠲᠠᠯ᠎ᠠ᠎ᠪᠠᠷ᠃ ᠪᠥᠬᠥ ᠬᠣᠲᠠ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠴᠢᠳᠠᠪᠤᠷᠢ᠎ᠨᠢ ᠣᠷᠣᠨ ᠪᠦᠰᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠭᠦᠢ᠍ᠴᠡᠳ ᠬᠠᠩᠭ᠋ᠠᠵᠤ᠂ ᠰᠢᠨ᠎ᠡ᠎ᠪᠠᠷ ᠨᠡᠮᠡᠭᠳᠡᠭᠦᠯᠦᠭᠰᠡᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ ᠨᠣᠷᠮ᠎ᠠ ᠵᠢ ᠥᠪᠡᠷᠲᠡᠭᠡᠨ ᠵᠠᠰᠠᠬᠤ ᠣᠷᠣᠨ᠎ᠤ ᠱᠠᠭ᠋ᠠᠷᠳᠠᠯᠭ᠎ᠠ᠎ᠳᠤ ᠬᠦᠷᠦᠭᠦᠯᠬᠦ᠎ᠪᠠᠷ ᠴᠢᠷᠮᠠᠢ᠌ᠨ᠎ᠠ᠃ ᠬᠣᠰᠢᠭᠤ ᠰᠢᠶᠠᠨ᠎ᠤ ᠱᠠᠲᠤᠨ ᠠᠴᠠ ᠳᠡᠭᠡᠭᠰᠢᠬᠢ ᠬᠣᠲᠠ ᠵᠢᠨ ᠪᠠᠢ᠌ᠭᠤᠯᠤᠭᠰᠠᠨ ᠲᠣᠭᠣᠷᠢᠭ᠎ᠤᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠴᠥᠮ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠵᠢ ᠪᠡᠶᠡᠯᠡᠭᠦᠯᠦᠨ᠎ᠡ᠃ ᠪᠥᠬᠥ ᠬᠣᠲᠠ ᠵᠢᠨ ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠬᠠᠩᠭ᠋ᠠᠯᠭ᠎ᠠ ᠵᠢᠨ ᠴᠢᠳᠠᠪᠤᠷᠢ ᠪᠠ ᠬᠢᠷᠢ ᠬᠡᠮᠵᠢᠶ᠎ᠡ ᠶᠡᠷᠦᠩᠬᠡᠢ᠎ᠳᠡᠭᠡᠨ ᠥᠪᠡᠷᠲᠡᠭᠡᠨ ᠵᠠᠰᠠᠬᠤ ᠣᠷᠣᠨ᠎ᠤ ᠳᠤᠮᠳᠠᠴᠢ ᠬᠢᠷᠢ ᠲᠦᠪᠰᠢᠨ᠎ᠳᠤ ᠬᠦᠷᠴᠦ᠂ ᠪᠣᠬᠢᠷ ᠤᠰᠤ᠂ ᠬᠣᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠵᠦ ᠰᠢᠢ᠍ᠳᠪᠦᠷᠢᠯᠡᠬᠦ ᠪᠡᠯᠡᠳᠬᠡᠮᠵᠢ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠵᠢ ᠨᠢᠭᠡ ᠴᠣᠭᠴᠠᠵᠢᠭᠤᠯᠤᠭᠰᠠᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠰᠢᠰᠲ᠋ᠧᠮᠵᠢ ᠵᠢ ᠦᠨᠳᠦᠰᠦᠨ᠎ᠳᠡᠭᠡᠨ ᠪᠠᠢ᠌ᠭᠤᠯᠤᠨ ᠪᠦᠷᠢᠯᠳᠦᠭᠦᠯᠪᠡ᠃ 2030 ᠣᠨ ᠪᠣᠯᠬᠤ᠎ᠳᠤ᠂ ᠰᠢᠰᠲ᠋ᠧᠮ᠎ᠨᠢ ᠪᠦᠷᠢᠨ ᠲᠡᠭᠦᠯᠳᠡᠷ᠂ ᠥᠨᠳᠥᠷ ᠪᠦᠲᠦᠮᠵᠢᠲᠡᠢ ᠪᠥᠭᠡᠳ ᠬᠡᠷᠡᠭᠯᠡᠭᠡᠨ᠎ᠲᠠᠢ᠂ ᠣᠶᠤᠨᠴᠢ ᠪᠣᠬᠢᠷᠲᠤᠯ ᠦᠭᠡᠢ᠂ ᠠᠮᠤᠷ ᠲᠦᠪᠰᠢᠨ ᠨᠠᠢ᠌ᠳᠠᠪᠤᠷᠢᠲᠠᠢ ᠣᠳᠣᠬᠢᠴᠢᠯᠠᠭᠰᠠᠨ ᠣᠷᠴᠢᠨ ᠲᠣᠭᠣᠷᠢᠨ᠎ᠤ ᠰᠠᠭᠤᠷᠢ ᠲᠥᠬᠦᠭᠡᠷᠦᠮᠵᠢ ᠵᠢᠨ ᠰᠢᠰᠲ᠋ᠧᠮ᠎ᠢ ᠦᠨᠳᠦᠰᠦᠨ᠎ᠳᠡᠭᠡᠨ ᠪᠠᠢ᠌ᠭᠤᠯᠤᠨ᠎ᠠ᠃
ᠬᠣᠶᠠᠷ᠂ ᠴᠢᠳᠠᠪᠤᠷᠢ ᠵᠢᠨ ᠳᠤᠲᠠᠭᠤᠳᠠᠯ᠎ᠢ ᠨᠥᠬᠥᠪᠦᠷᠢᠯᠡᠬᠦ ᠵᠢ ᠲᠦᠷᠭᠡᠳᠬᠡᠨ᠎ᠡ
(ᠨᠢᠭᠡ) ᠪᠣᠬᠢᠷ ᠤᠰᠤ ᠵᠢ ᠬᠣᠷᠢᠶᠠᠨ ᠴᠤᠭᠯᠠᠭᠤᠯᠵᠤ ᠰᠢᠢ᠍ᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠤᠷᠠᠳ᠎ᠤᠨ ᠡᠮᠦᠨᠡᠲᠦ ᠬᠣᠰᠢᠭᠤᠨ᠎ᠤ ᠮᠤᠨᠠ ᠠᠭᠤᠯᠠ ᠪᠠᠯᠭ᠋ᠠᠰᠤ ᠵᠢᠨ ᠪᠣᠬᠢᠷ ᠤᠰᠤᠨ᠎ᠤ ᠬᠣᠭᠣᠯᠠᠢ ᠵᠢᠨ ᠲᠣᠣᠷ᠎ᠢ ᠰᠢᠨᠡᠳᠬᠡᠨ ᠥᠭᠡᠷᠡᠴᠢᠯᠡᠬᠦ ᠢᠵᠢ ᠪᠦᠷᠢᠳᠦᠭᠦᠯᠬᠦ ᠢᠨᠵᠧᠨᠧᠷᠢᠩ᠂ ᠤᠷᠠᠳ᠎ᠤᠨ ᠬᠣᠢ᠌ᠲᠤ ᠬᠣᠰᠢᠭᠤᠨ᠎ᠤ ᠪᠠᠶᠠᠨ ᠪᠠᠯᠭ᠋ᠠᠰᠤ ᠵᠢᠨ ᠳᠤᠮᠳᠠᠬᠢ ᠤᠰᠤ ᠵᠢ ᠡᠭᠡᠭᠦᠯᠦᠨ ᠬᠡᠷᠡᠭᠯᠡᠬᠦ ᠨᠣᠭᠣᠭ᠋ᠠᠷᠠᠭᠤᠯᠬᠤ ᠬᠣᠭᠣᠯᠠᠢ ᠵᠢᠨ ᠲᠣᠣᠷ᠎ᠢ ᠥᠭᠡᠷᠡᠴᠢᠯᠡᠬᠦ ᠵᠢᠴᠢ ᠪᠣᠬᠢᠷ ᠤᠰᠤᠨ᠎ᠤ ᠬᠣᠭᠣᠯᠠᠢ ᠵᠢᠨ ᠲᠣᠣᠷ᠎ᠢ ᠲᠠᠰ ᠳᠡᠪᠰᠢᠭᠦᠯᠦᠨ ᠥᠭᠡᠷᠡᠴᠢᠯᠡᠬᠦ᠂ ᠦᠶᠤᠸᠠᠨ ᠰᠢᠶᠠᠨ᠎ᠤ ᠯᠦᠩ ᠰᠢᠩ ᠴᠠᠩ ᠪᠠᠯᠭ᠋ᠠᠰᠤ ᠵᠢᠨ ᠪᠣᠬᠢᠷ ᠤᠰᠤᠨ᠎ᠤ ᠬᠣᠭᠣᠯᠠᠢ ᠵᠢᠨ ᠲᠣᠣᠷ᠎ᠢ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ ᠵᠢᠴᠢ ᠤᠰᠤ ᠵᠠᠯᠠᠵᠤ ᠤᠰᠤᠲᠤᠯ᠎ᠢ ᠰᠡᠷᠭᠡᠢ᠌ᠯᠡᠬᠦ ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠡᠷᠭᠡ ᠢᠨᠵᠧᠨᠧᠷᠢᠩ᠎ᠢ ᠠᠬᠢᠭᠤᠯᠵᠤ᠂ ᠪᠣᠷᠣᠭ᠋ᠠᠨ ᠪᠠ ᠪᠣᠬᠢᠷᠲᠤᠯ᠎ᠢ ᠰᠠᠯᠭ᠋ᠠᠨ ᠥᠭᠡᠷᠡᠴᠢᠯᠡᠬᠦ ᠵᠢ ᠬᠡᠷᠡᠭᠵᠢᠭᠦᠯᠦᠨ᠎ᠡ᠃ ᠬᠣᠲᠠ ᠰᠢᠶᠠᠨ (ᠬᠣᠰᠢᠭᠤ᠂ ᠲᠣᠭᠣᠷᠢᠭ) ᠰᠢᠶᠠᠩ (ᠪᠠᠯᠭ᠋ᠠᠰᠤ)᠎ᠤᠨ ᠬᠥᠭᠵᠢᠭᠦᠯᠦᠯᠲᠡ ᠪᠦᠲᠦᠭᠡᠨ ᠪᠠᠢ᠌ᠭᠤᠯᠤᠯᠲᠠ ᠵᠢᠨ ᠲᠥᠯᠦᠪᠵᠢᠭᠦᠯᠭᠡ ᠵᠢ ᠦᠨᠳᠦᠰᠦᠯᠡᠨ᠂ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠠᠢ᠌ᠷᠢᠰᠢᠭᠤᠯᠤᠯ ᠪᠠ ᠬᠡᠪᠴᠢᠶ᠎ᠡ ᠵᠢ ᠰᠢᠯᠢᠳᠡᠭᠵᠢᠭᠦᠯᠵᠦ᠂ ᠵᠣᠬᠢᠬᠤ ᠬᠡᠮᠵᠢᠶ᠎ᠡ᠎ᠪᠠᠷ ᠤᠷᠢᠳᠴᠢᠯᠠᠨ ᠪᠦᠲᠦᠭᠡᠨ ᠪᠠᠢ᠌ᠭᠤᠯᠵᠤ᠂ ᠠᠮᠢᠳᠤᠷᠠᠯ᠎ᠤᠨ ᠪᠣᠬᠢᠷ ᠤᠰᠤ ᠵᠢ ᠲᠥᠪᠯᠡᠷᠡᠭᠦᠯᠦᠨ ᠰᠢᠢ᠍ᠳᠪᠦᠷᠢᠯᠡᠬᠦ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠨ᠎ᠡ᠃ ᠦᠶᠤᠸᠠᠨ ᠰᠢᠶᠠᠨ᠎ᠤ ᠳᠡᠨᠵᠢᠲᠡᠢ ᠪᠠᠯᠭ᠋ᠠᠰᠤ᠂ ᠲᠣᠭᠣᠷᠢᠬᠤ ᠪᠠᠯᠭ᠋ᠠᠰᠤ᠂ ᠹᠦ᠋ ᠰᠢᠩ ᠪᠠᠯᠭ᠋ᠠᠰᠤ ᠪᠣᠯᠣᠨ ᠱᠧᠩ ᠹᠧᠩ ᠪᠠᠯᠭ᠋ᠠᠰᠤ ᠵᠢᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠬᠢᠭᠡᠳ ᠪᠠᠷᠢᠮᠵᠢᠶ᠎ᠠ ᠵᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ᠎ᠢ ᠥᠷᠨᠢᠭᠦᠯᠦᠨ᠎ᠡ᠃ ᠠᠮᠢᠳᠤᠷᠠᠯ᠎ᠤᠨ ᠪᠣᠬᠢᠷ ᠤᠰᠤ ᠵᠢ ᠬᠣᠷᠢᠶᠠᠨ ᠴᠤᠭᠯᠠᠭᠤᠯᠵᠤ ᠰᠢᠢ᠍ᠳᠪᠦᠷᠢᠯᠡᠬᠦ ᠪᠡᠯᠡᠳᠬᠡᠮᠵᠢ ᠵᠢᠨ 《ᠦᠢ᠍ᠯᠡᠳᠪᠦᠷᠢ ᠪᠠ ᠲᠣᠣᠷ ᠰᠦᠯᠵᠢᠶ᠎ᠡ ᠵᠢ ᠨᠢᠭᠡ ᠴᠣᠭᠴᠠᠵᠢᠭᠤᠯᠬᠤ》 ᠡᠵᠡᠩᠨᠡᠯᠲᠡ ᠵᠢᠨ ᠵᠠᠭᠪᠤᠷ᠎ᠢ ᠰᠦᠪᠡᠭᠴᠢᠯᠡᠨ ᠠᠬᠢᠭᠤᠯᠤᠨ᠎ᠠ᠃ (ᠬᠣᠲᠠ ᠵᠢᠨ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠵᠤ᠂ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠨᠡᠭᠡᠭᠡᠯᠲᠡ ᠵᠢᠨ ᠲᠣᠭᠣᠷᠢᠭ᠂ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ ᠬᠠᠷᠢᠭᠤᠴᠠᠨ ᠨᠠᠢ᠌ᠳᠠᠪᠤᠷᠢᠵᠢᠭᠤᠯᠤᠨ᠎ᠠ᠃ ᠳᠣᠷᠣᠭᠰᠢᠬᠢ ᠵᠢ ᠴᠥᠮ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠨᠡᠭᠡᠭᠡᠯᠲᠡ ᠵᠢᠨ ᠲᠣᠭᠣᠷᠢᠭ᠂ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠎ᠠᠴᠠ ᠨᠠᠢ᠌ᠳᠠᠪᠤᠷᠢᠵᠢᠭᠤᠯᠬᠤ ᠬᠡᠷᠡᠭᠲᠡᠢ᠂ ᠳᠠᠭᠢᠵᠤ ᠵᠢᠭᠰᠠᠭ᠋ᠠᠬᠤ ᠦᠭᠡᠢ)
(ᠬᠣᠶᠠᠷ) ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ ᠪᠠ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢ᠍ᠳᠪᠦᠷᠢᠯᠡᠬᠦ ᠬᠣᠲᠠ ᠵᠢᠨ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠬᠦ ᠰᠢᠰᠲ᠋ᠧᠮ᠎ᠢ ᠲᠦᠷᠭᠡᠳᠬᠡᠨ ᠪᠠᠢ᠌ᠭᠤᠯᠵᠤ᠂ ᠭᠣᠣᠯ ᠳᠠᠭ᠋ᠠᠤ ᠣᠷᠣᠨ᠎ᠤ ᠬᠣᠷᠢᠶᠠᠨ ᠲᠡᠭᠡᠭᠡᠪᠦᠷᠢᠯᠡᠬᠦ ᠰᠢᠰᠲ᠋ᠧᠮᠵᠢ ᠵᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠂ ᠬᠣᠭ ᠨᠣᠪᠰᠢ ᠵᠢᠨ ᠡᠮᠦᠨ᠎ᠡ ᠦᠵᠦᠭᠦᠷ᠎ᠲᠤ ᠲᠠᠯᠪᠢᠬᠤ ᠪᠡᠯᠡᠳᠬᠡᠮᠵᠢ ᠵᠢᠨ ᠲᠣᠬᠢᠷᠠᠭᠤᠯᠤᠯᠲᠠ ᠵᠢᠨ ᠨᠣᠷᠮ᠎ᠠ ᠵᠢ 100%᠎ᠳᠤ ᠬᠦᠷᠦᠭᠦᠯᠦᠨ᠎ᠡ᠃ ᠬᠣᠲᠠ ᠪᠠᠯᠭ᠋ᠠᠰᠤ ᠵᠢᠨ ᠬᠠᠭᠤᠴᠢᠨ ᠵᠢᠵᠢᠭ ᠲᠣᠭᠣᠷᠢᠭ᠎ᠢ ᠥᠭᠡᠷᠡᠴᠢᠯᠡᠬᠦ᠎ᠲᠠᠢ ᠤᠶᠠᠯᠳᠤᠭᠤᠯᠤᠨ ᠲᠤᠬᠠᠢ ᠵᠢᠨ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠨ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠭᠰᠠᠨ ᠢᠵᠢ ᠪᠦᠷᠢᠳᠦᠭᠦᠯᠬᠦ ᠪᠡᠯᠡᠳᠬᠡᠮᠵᠢ ᠵᠢ ᠪᠦᠲᠦᠭᠡᠨ ᠪᠠᠢ᠌ᠭᠤᠯᠵᠤ᠂ ᠰᠤᠮᠤ ᠰᠢᠶᠠᠩ ᠪᠠᠯᠭ᠋ᠠᠰᠤ ᠵᠢᠨ ᠬᠣᠭ ᠨᠣᠪᠰᠢ ᠵᠢ ᠴᠤᠭᠯᠠᠭᠤᠯᠵᠤ ᠳᠠᠮᠵᠢᠭᠤᠯᠤᠨ ᠲᠡᠭᠡᠭᠡᠪᠦᠷᠢᠯᠡᠬᠦ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠳᠡᠮᠵᠢᠬᠦ ᠬᠡᠷᠡᠭᠲᠡᠢ᠃ ᠪᠠᠶᠠᠨᠨᠠᠭᠤᠷ ᠬᠣᠲᠠ ᠵᠢᠨ ᠠᠮᠢᠳᠤᠷᠠᠯ᠎ᠤᠨ ᠬᠣᠭ ᠨᠣᠪᠰᠢ ᠵᠢ ᠰᠢᠲᠠᠭ᠋ᠠᠵᠤ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠬᠡᠪ᠎ᠤᠨ ᠪᠥᠭᠡᠳ ᠲᠣᠭᠲᠠᠭᠤᠨ ᠵᠶ᠋ᠠᠷ ᠠᠵᠢᠯᠯᠠᠬᠤ ᠵᠢ ᠠᠬᠢᠭᠤᠯᠤᠨ᠎ᠠ᠃ ᠤᠷᠠᠳ᠎ᠤᠨ ᠡᠮᠦᠨᠡᠲᠦ ᠬᠣᠰᠢᠭᠤ᠂ ᠦᠶᠤᠸᠠᠨ ᠰᠢᠶᠠᠨ᠂ ᠤᠷᠠᠳ᠎ᠤᠨ ᠳᠤᠮᠳᠠᠳᠤ ᠬᠣᠰᠢᠭᠤᠨ᠎ᠳᠤ ᠵᠢᠵᠢᠭ ᠬᠡᠯᠪᠡᠷᠢ ᠵᠢᠨ ᠠᠮᠢᠳᠤᠷᠠᠯ᠎ᠤᠨ ᠬᠣᠭ ᠨᠣᠪᠰᠢ ᠵᠢ ᠰᠢᠲᠠᠭ᠋ᠠᠬᠤ ᠪᠦᠲᠦᠭᠡᠨ ᠪᠠᠢ᠌ᠭᠤᠯᠤᠯᠲᠠ ᠪᠤᠶᠤ ᠣᠷᠣᠨ ᠪᠦᠰᠡ ᠠᠯᠤᠰᠯᠠᠨ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠵᠢ ᠰᠦᠪᠡᠭᠴᠢᠯᠡᠨ ᠥᠷᠨᠢᠭᠦᠯᠵᠦ᠂ ᠠᠮᠢᠳᠤᠷᠠᠯ᠎ᠤᠨ ᠬᠣᠭ ᠨᠣᠪᠰᠢ ᠵᠢ ᠪᠤᠯᠠᠬᠤ ᠬᠡᠮᠵᠢᠶ᠎ᠡ ᠵᠢ ᠪᠠᠭ᠋ᠠᠰᠬᠠᠨ᠂ ᠬᠣᠭ ᠨᠣᠪᠰᠢ ᠵᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠯᠢᠨ ᠾᠧ ᠲᠣᠭᠣᠷᠢᠭ᠎ᠤᠨ ᠬᠣᠭᠣᠯᠠᠨ ᠭᠡᠷ ᠲᠣᠭᠣᠭ᠋ᠠᠨ ᠭᠡᠷ᠎ᠤᠨ ᠬᠣᠭ ᠨᠣᠪᠰᠢ ᠵᠢ ᠶᠡᠷᠦᠩᠬᠡᠢ᠌ᠯᠡᠨ ᠰᠢᠢ᠍ᠳᠪᠦᠷᠢᠯᠡᠬᠦ ᠵᠦᠢ᠍ᠯᠡᠰ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠤᠨ᠎ᠠ᠃ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠨ ᠬᠣᠷᠢᠶᠠᠨ ᠠᠪᠬᠤ ᠪᠠ ᠳᠠᠬᠢᠯᠲᠠ ᠡᠬᠢ ᠪᠠᠶᠠᠯᠢᠭ᠎ᠢ ᠬᠣᠷᠢᠶᠠᠨ ᠠᠪᠬᠤ ᠵᠢᠨ 《ᠬᠣᠶᠠᠷ ᠰᠦᠯᠵᠢᠶ᠎ᠡ ᠵᠢ ᠠᠭᠤᠰᠤᠯᠴᠠᠭᠤᠯᠬᠤ》 ᠵᠢ ᠠᠬᠢᠭᠤᠯᠤᠨ᠎ᠠ᠃ 2025 ᠣᠨ ᠪᠣᠯᠬᠤ᠎ᠳᠤ᠂ ᠯᠢᠨ ᠾᠧ ᠲᠣᠭᠣᠷᠢᠭ᠎ᠤᠨ ᠪᠠᠢ᠌ᠭᠤᠯᠤᠭᠰᠠᠨ ᠲᠣᠭᠣᠷᠢᠭ (ᠬᠣᠲᠠ ᠵᠢᠨ ᠪᠠᠢ᠌ᠭᠤᠯᠤᠭᠰᠠᠨ ᠲᠣᠭᠣᠷᠢᠭ)᠎ᠲᠤ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠨ ᠰᠢᠢ᠍ᠳᠪᠦᠷᠢᠯᠡᠬᠦ ᠰᠢᠰᠲ᠋ᠧᠮ᠎ᠢ ᠦᠨᠳᠦᠰᠦᠨ᠎ᠳᠡᠭᠡᠨ ᠪᠠᠢ᠌ᠭᠤᠯᠤᠨ᠎ᠠ; ᠦᠶᠤᠸᠠᠨ ᠰᠢᠶᠠᠨ᠎ᠤ ᠪᠠᠢ᠌ᠭᠤᠯᠤᠭᠰᠠᠨ ᠲᠣᠭᠣᠷᠢᠭ (ᠪᠥᠬᠥ ᠣᠷᠣᠨ᠎ᠤ ᠬᠣᠲᠠ ᠵᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠨ ᠲᠤᠷᠰᠢᠯᠲᠠ ᠵᠢᠨ ᠴᠢᠭ᠋᠎ᠤᠨ ᠭᠠᠵᠠᠷ ᠣᠷᠣᠨ)᠎ᠤᠨ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠨ ᠰᠢᠢ᠍ᠳᠪᠦᠷᠢᠯᠡᠬᠦ ᠰᠢᠰᠲ᠋ᠧᠮ᠎ᠢ ᠠᠩᠬ᠎ᠠ ᠠᠯᠬᠤᠮ ᠪᠠᠢ᠌ᠭᠤᠯᠪᠠ; ᠪᠤᠰᠤᠳ ᠬᠣᠰᠢᠭᠤ ᠰᠢᠶᠠᠨ᠎ᠨᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠨ ᠰᠢᠢ᠍ᠳᠪᠦᠷᠢᠯᠡᠬᠦ ᠰᠢᠰᠲ᠋ᠧᠮ᠎ᠢ ᠪᠠᠶ᠋ᠢᠭᠤᠯᠬᠤ ᠵᠢ ᠠᠬᠢᠭᠤᠯᠤᠨ᠎ᠠ᠃ (ᠬᠣᠲᠠ ᠵᠢᠨ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠭᠤᠷᠪᠠ) ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠪᠠᠶᠠᠨᠨᠠᠭᠤᠷ᠎ᠤᠨ ᠭᠠᠳᠠᠭ᠋ᠠᠳᠤ ᠠᠴᠠ ᠣᠷᠣᠭᠤᠯᠬᠤ ᠡᠬᠢ ᠪᠠᠶᠠᠯᠢᠭ᠎ᠢ ᠡᠳ᠋ᠰᠢᠭᠦᠯᠬᠦ ᠨᠡᠭᠡᠭᠡᠯᠲᠡ ᠵᠢᠨ ᠲᠣᠭᠣᠷᠢᠭ᠂ ᠤᠷᠠᠳ᠎ᠤᠨ ᠬᠣᠢ᠌ᠲᠤ ᠬᠣᠰᠢᠭᠤᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠪᠠᠶᠠᠨᠨᠠᠭᠤᠷ᠎ᠤᠨ ᠪᠣᠷᠣᠳᠣᠬᠣᠢ ᠵᠢᠨ ᠲᠠᠷᠢᠶᠠᠯᠠᠩ ᠮᠠᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠤᠷᠴᠢᠯᠵᠢᠭᠤᠯᠬᠤ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠤᠷᠠᠳ᠎ᠤᠨ ᠡᠮᠦᠨᠡᠲᠦ ᠬᠣᠰᠢᠭᠤᠨ᠎ᠤ ᠠᠵᠤ ᠦᠢ᠍ᠯᠡᠳᠪᠦᠷᠢ ᠵᠢᠨ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠵᠢ ᠦᠨᠡᠯᠡᠬᠦ ᠠᠵᠢᠯ᠎ᠢ ᠬᠠᠤᠯᠢ ᠶᠣᠰᠣᠭ᠋ᠠᠷ ᠥᠷᠨᠢᠭᠦᠯᠦᠨ᠎ᠡ᠃ ᠪᠠᠷᠢᠯᠭ᠎ᠠ ᠵᠢᠨ ᠬᠣᠭ ᠨᠣᠪᠰᠢ ᠵᠢ ᠨᠠᠷᠢᠯᠢᠭᠵᠢᠭᠤᠯᠤᠨ ᠲᠥᠷᠥᠯ ᠬᠤᠪᠢᠶᠠᠬᠤ ᠵᠢ ᠠᠬᠢᠭᠤᠯᠵᠤ᠂ ᠪᠠᠷᠢᠯᠭ᠎ᠠ ᠵᠢᠨ ᠬᠣᠭ ᠨᠣᠪᠰᠢ ᠵᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠠᠶᠠᠭᠳᠠᠮᠠᠯ ᠴᠠᠭ᠋ᠠᠰᠤ᠂ ᠬᠠᠶᠠᠭᠳᠠᠮᠠᠯ ᠰᠦᠯᠢᠶᠥᠦ᠂ ᠬᠠᠶᠠᠭᠳᠠᠮᠠᠯ ᠬᠠᠭᠤᠴᠢᠨ ᠳᠤᠭᠤᠢ᠌ᠯᠠᠪᠤᠷᠢ᠂ ᠲᠡᠮᠦᠷᠯᠢᠭ ᠪᠤᠰᠤ᠂ ᠬᠠᠶᠠᠭᠳᠠᠮᠠᠯ ᠰᠢᠯ᠂ ᠬᠠᠶᠠᠭᠳᠠᠮᠠᠯ ᠬᠠᠭᠤᠴᠢᠨ ᠬᠥᠳᠡᠯᠭᠡᠭᠴᠢ ᠬᠦᠴᠦᠨ᠎ᠤ ᠬᠡᠯᠬᠢᠶ᠎ᠡ ᠳ᠋ᠢᠶᠠᠨ ᡂᠢ᠂ ᠠᠵᠤ ᠦᠢ᠍ᠯᠡᠳᠪᠦᠷᠢ ᠵᠢᠨ ᠬᠠᠶᠠᠭᠳᠠᠮᠠᠯ ᠰᠢᠭ᠋ᠠᠷᠤ ᠵᠡᠷᠭᠡ ᠬᠠᠶᠠᠭᠳᠠᠮᠠᠯ ᠪᠣᠳᠠᠰ᠎ᠢ ᠲᠦᠷᠦᠯ ᠬᠤᠪᠢᠶᠠᠨ ᠠᠰᠢᠭᠯᠠᠬᠤ ᠪᠠ ᠲᠥᠪᠯᠡᠷᠡᠭᠦᠯᠦᠨ ᠰᠢᠢ᠍ᠳᠪᠦᠷᠢᠯᠡᠬᠦ ᠵᠢ ᠲᠦᠯᠬᠢᠨ ᠠᠬᠢᠭᠤᠯᠤᠨ᠎ᠠ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠳᠥᠷᠪᠡ) ᠠᠶᠤᠯᠲᠠᠢ ᠬᠠᠶᠠᠭᠳᠠᠮᠠᠯ ᠪᠣᠳᠠᠰ ᠪᠠ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠠᠶᠤᠯᠲᠠᠢ ᠬᠠᠶᠠᠭᠳᠠᠮᠠᠯ ᠪᠣᠳᠠᠰ᠎ᠢ ᠬᠣᠷᠢᠶᠠᠨ ᠲᠡᠭᠡᠭᠡᠪᠦᠷᠢᠯᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠬᠤᠳᠠ ᠵᠢᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠵᠦ ᠰᠢᠢ᠍ᠳᠪᠦᠷᠢᠯᠡᠬᠦ ᠲᠥᠬᠦᠭᠡᠷᠦᠮᠵᠢ ᠵᠢ ᠲᠡᠭᠦᠯᠳᠡᠷᠵᠢᠭᠦᠯᠵᠦ᠂ ᠸᠧᠢ ᠺᠠᠩ ᠣᠷᠴᠢᠨ ᠠᠬᠤᠢ ᠵᠢ ᠬᠠᠮᠠᠭ᠋ᠠᠯᠠᠬᠤ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠲᠠᠭ᠋ᠠᠬᠤ ᠵᠦᠢ᠍ᠯᠡᠰ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ᠃ ᠤᠷᠠᠳ᠎ᠤᠨ ᠳᠤᠮᠳᠠᠳᠤ ᠬᠣᠰᠢᠭᠤ ᠢᠯᠠᠩᠭᠤᠶ᠎ᠠ ᠪᠣᠭᠣᠮᠲᠠ᠎ᠳᠤ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠬᠢᠯᠢ ᠬᠢᠵᠠᠭ᠋ᠠᠷ᠎ᠤᠨ ᠬᠣᠰᠢᠭᠤ ᠰᠢᠶᠠᠨ ᠲᠣᠭᠣᠷᠢᠭ᠎ᠤᠨ ᠲᠠᠷᠠᠬᠠᠢ ᠪᠤᠲᠠᠷᠬᠠᠢ ᠮᠠᠶᠢᠭ᠎ᠤᠨ᠂ ᠰᠢᠯᠵᠢᠮᠡᠯ ᠮᠠᠶᠢᠭ ᠤᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢ᠍ᠳᠪᠦᠷᠢᠯᠡᠬᠦ ᠪᠡᠯᠡᠳᠬᠡᠮᠵᠢ ᠵᠢ ᠬᠥᠭᠵᠢᠭᠦᠯᠬᠦ ᠵᠢ ᠵᠣᠷᠢᠭᠵᠢᠭᠤᠯᠤᠨ᠎ᠠ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠭᠤᠷᠪᠠ᠂ ᠨᠢᠭᠡ ᠴᠣᠭᠴᠠᠵᠢᠭᠤᠯᠤᠭᠰᠠᠨ ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢ ᠬᠦᠴᠦᠯᠡᠨ ᠪᠠᠶ᠋ᠢᠭᠤᠯᠬᠤ ᠬᠡᠷᠡᠭᠲᠡᠢ
(ᠲᠠᠪᠤ) ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠰᠢᠰᠲ᠋ᠧᠮᠵᠢ ᠵᠢ ᠨᠢᠭᠡᠳᠦᠯᠲᠡᠢ ᠲᠥᠯᠥᠪᠵᠢᠭᠦᠯᠬᠦ ᠵᠢ ᠠᠬᠢᠭᠤᠯᠤᠨ᠎ᠠ᠃ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠲᠥᠷᠥᠯ ᠵᠦᠢ᠍ᠯ᠎ᠤᠨ ᠭᠠᠵᠠᠷ ᠰᠣᠩᠭᠣᠬᠤ ᠵᠢ ᠰᠢᠯᠢᠳᠡᠭᠵᠢᠭᠦᠯᠵᠦ᠂ ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠢ ᠲᠥᠯᠥᠪᠯᠡᠨ ᠪᠠᠢ᠌ᠷᠢᠯᠠᠭᠤᠯᠤᠨ᠎ᠠ; ᠬᠣᠰᠢᠭᠤ ᠰᠢᠶᠠᠨ ᠲᠣᠭᠣᠷᠢᠭ᠎ᠤᠨ ᠠᠮᠢᠳᠤᠷᠠᠯ᠎ᠤᠨ ᠬᠣᠭ ᠨᠣᠪᠰᠢ ᠪᠠ ᠪᠣᠬᠢᠷ ᠤᠰᠤ ᠵᠢ ᠨᠢᠭᠡᠳᠦᠯᠲᠡᠢ ᠲᠥᠯᠥᠪᠯᠡᠨ ᠵᠠᠰᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠪᠠᠯᠭ᠋ᠠᠰᠤ ᠲᠣᠰᠬᠣᠨ᠎ᠤ ᠠᠮᠢᠳᠤᠷᠠᠯ᠎ᠤᠨ ᠬᠣᠭ ᠨᠣᠪᠰᠢ ᠵᠢ ᠵᠠᠰᠠᠬᠤ ᠰᠦᠯᠵᠢᠶᠡᠨ᠎ᠤ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠮᠡᠷᠭᠡᠵᠢᠯ᠎ᠤᠨ ᠵᠦᠭᠯᠡᠭᠦᠷ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠣᠰᠢᠭᠤ ᠰᠢᠶᠠᠨ ᠲᠣᠭᠣᠷᠢᠭ᠎ᠤᠨ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠪᠣᠬᠢᠷ ᠤᠰᠤ ᠵᠢ ᠵᠠᠰᠠᠬᠤ ᠲᠥᠯᠦᠪᠵᠢᠭᠦᠯᠭᠡ᠂ ᠲᠥᠰᠥᠯ᠎ᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠵᠦ᠂ ᠬᠣᠲᠠ ᠪᠠᠯᠭ᠋ᠠᠰᠤ ᠵᠢᠨ ᠣᠢ᠌ᠷ᠎ᠠ ᠲᠡᠭᠦᠷᠭᠡ ᠵᠢᠨ ᠭᠠᠵᠠᠷ ᠣᠷᠣᠨ᠎ᠤ ᠣᠢ᠌ᠷ᠎ᠠ ᠬᠠᠪᠢ ᠵᠢᠨ ᠬᠣᠲᠠ ᠪᠠᠯᠭ᠋ᠠᠰᠤ ᠵᠢᠨ ᠪᠣᠬᠢᠷ ᠤᠰᠤᠨ᠎ᠤ ᠬᠣᠭᠣᠯᠠᠢ ᠲᠣᠣᠷ᠎ᠲᠤ ᠣᠷᠣᠭᠤᠯᠤᠨ ᠲᠥᠪᠯᠡᠷᠡᠭᠦᠯᠦᠨ ᠰᠢᠢ᠍ᠳᠪᠦᠷᠢᠯᠡᠬᠦ ᠵᠢ ᠵᠣᠷᠢᠭᠵᠢᠭᠤᠯᠵᠤ᠂ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠠᠬᠢᠭᠤᠯᠤᠨ᠎ᠠ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠵᠢᠷᠭᠤᠭ᠎ᠠ) ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠬᠠᠮᠵᠢᠯᠴᠠᠨ ᠰᠢᠢ᠍ᠳᠪᠦᠷᠢᠯᠡᠬᠦ ᠴᠢᠳᠠᠮᠵᠢ ᠵᠢ ᠳᠡᠭᠡᠭᠰᠢᠯᠡᠭᠦᠯᠦᠨ᠎ᠡ᠃ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠬᠠᠮᠵᠢᠯᠴᠠᠨ ᠰᠢᠢ᠍ᠳᠪᠦᠷᠢᠯᠡᠬᠦ ᠴᠢᠳᠠᠮᠵᠢ ᠵᠢ ᠪᠠᠳᠠᠷᠠᠭᠤᠯᠵᠤ᠂ ᠬᠣᠲᠠ ᠵᠢᠨ ᠶᠠᠪᠤᠳᠠᠯ᠎ᠤᠨ ᠪᠣᠬᠢᠷ ᠰᠢᠪᠠᠷ᠎ᠢ ᠰᠢᠢ᠍ᠳᠪᠦᠷᠢᠯᠡᠬᠦ ᠬᠢᠭᠡᠳ ᠬᠣᠭ ᠨᠣᠪᠰᠢ ᠵᠢ ᠰᠢᠲᠠᠭ᠋ᠠᠬᠤ᠂ ᠨᠡᠪᠴᠢᠭᠦᠯᠦᠨ ᠱᠦᠭᠦᠬᠦ ᠰᠢᠩᠭᠡᠨ ᠬᠢᠭᠡᠳ ᠪᠣᠬᠢᠷ ᠤᠰᠤ ᠵᠢ ᠰᠢᠢ᠍ᠳᠪᠦᠷᠢᠯᠡᠬᠦ᠂ ᠰᠢᠲᠠᠭ᠋ᠠᠬᠤ ᠵᠤᠤᠬ᠎ᠠ ᠵᠢᠨ ᠰᠢᠭ᠋ᠠᠷᠤ ᠬᠢᠭᠡᠳ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠢ᠌ᠯᠡᠨ ᠠᠰᠢᠭᠯᠠᠬᠤ᠂ ᠰᠢᠲᠠᠭ᠋ᠠᠬᠤ ᠦᠨᠡᠰᠦ ᠬᠢᠭᠡᠳ ᠠᠶᠤᠯᠲᠠᠢ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ᠂ ᠠᠶᠤᠯᠲᠠᠢ ᠬᠠᠶᠠᠭᠳᠠᠮᠠᠯ ᠪᠣᠳᠠᠰ᠎ᠢ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠡᠷᠭᠡ᠎ᠯᠦᠭᠡ ᠪᠦᠲᠦᠮᠵᠢᠲᠡᠶ ᠵᠣᠯᠭ᠋ᠠᠭᠤᠯᠬᠤ ᠵᠢ ᠭᠣᠣᠯᠳᠠᠯᠭ᠎ᠠ᠎ᠲᠠᠢ ᠠᠬᠢᠭᠤᠯᠵᠤ᠂ ᠬᠠᠮᠵᠢᠯᠴᠠᠨ ᠰᠢᠢ᠍ᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠠᠮᠢᠳᠤᠷᠠᠯ᠎ᠤᠨ ᠬᠣᠭ ᠨᠣᠪᠰᠢ ᠵᠢ ᠰᠢᠲᠠᠭ᠋ᠠᠬᠤ ᠦᠢ᠍ᠯᠡᠳᠪᠦᠷᠢ ᠵᠢᠨ ᠬᠣᠭ ᠨᠣᠪᠰᠢ ᠵᠢ ᠰᠢᠢ᠍ᠳᠪᠦᠷᠢᠯᠡᠬᠦ ᠡᠭᠦᠷᠭᠡ᠎ᠪᠠᠨ ᠪᠡᠶᠡᠯᠡᠭᠦᠯᠬᠦ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠭ᠋ᠠᠷᠳᠠᠯᠭ᠎ᠠ ᠵᠢ ᠬᠠᠩᠭ᠋ᠠᠭᠰᠠᠨ ᠤᠷᠢᠲᠠᠯ ᠳᠣᠣᠷ᠎ᠠ᠂ ᠬᠣᠲᠠ ᠵᠢᠨ ᠶᠠᠪᠤᠳᠠᠯ᠎ᠤᠨ ᠪᠣᠬᠢᠷ ᠰᠢᠪᠠᠷ᠂ ᠨᠠᠮᠤᠭ᠎ᠤᠨ ᠰᠢᠭ᠋ᠠᠷᠤ᠂ ᠠᠭᠰᠢᠭ᠋ᠠᠮᠠᠯ ᠰᠢᠩᠭᠡᠨ ᠵᠡᠷᠭᠡ ᠬᠠᠶᠠᠭᠳᠠᠮᠠᠯ ᠪᠣᠳᠠᠰ᠎ᠢ ᠬᠣᠯᠢᠵᠤ ᠰᠢᠲᠠᠭ᠋ᠠᠵᠤ᠂ ᠰᠢᠲᠠᠭ᠋ᠠᠵᠤ ᠰᠢᠢ᠍ᠳᠪᠦᠷᠢᠯᠡᠬᠦ ᠴᠢᠳᠠᠪᠤᠷᠢ ᠵᠢ ᠬᠠᠮᠲᠤ᠎ᠪᠠᠷ ᠬᠡᠷᠡᠭᠯᠡᠵᠦ ᠬᠠᠮᠲᠤ᠎ᠪᠠᠷ ᠡᠳ᠋ᠯᠡᠬᠦ ᠵᠢ ᠪᠡᠶᠡᠯᠡᠭᠦᠯᠬᠦ ᠵᠢ ᠵᠣᠷᠢᠭᠵᠢᠭᠤᠯᠤᠨ᠎ᠠ᠃ (ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ (ᠡᠨᠧᠷᠭᠢ ᠵᠢᠨ ᠲᠣᠪᠴᠢᠶ᠎ᠠ)᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠳᠥᠷᠪᠡ᠂ ᠣᠶᠤᠨᠴᠢ ᠪᠣᠬᠢᠷᠲᠤᠯ ᠦᠭᠡᠢ᠎ᠪᠠᠷ ᠲᠠᠰ ᠳᠡᠪᠰᠢᠬᠦ ᠵᠢ ᠠᠬᠢᠭᠤᠯᠤᠨ᠎ᠠ
(ᠳᠣᠯᠣᠭ᠎ᠠ) ᠲᠣᠭ᠋ᠠᠴᠢᠯᠠᠭᠰᠠᠨ ᠠᠭᠤᠰᠤᠯᠴᠠᠯ᠎ᠢ ᠠᠬᠢᠭᠤᠯᠤᠨ᠎ᠠ᠃ ᠰᠢᠨ᠎ᠡ ᠨᠢᠭᠡ ᠦᠶ᠎ᠡ ᠵᠢᠨ ᠰᠦᠯᠵᠢᠶᠡᠨ᠎ᠤ ᠮᠡᠳᠡᠭᠡ ᠵᠠᠩᠭᠢ ᠵᠢᠨ ᠮᠡᠷᠭᠡᠵᠢᠯ᠎ᠤᠨ ᠣᠶᠤᠨᠴᠢᠯᠠᠭᠰᠠᠨ ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢ ᠪᠦᠲᠦᠭᠡᠨ ᠪᠠᠶ᠋ᠢᠭᠤᠯᠬᠤ ᠳᠤᠮᠳᠠᠬᠢ ᠬᠡᠷᠡᠭᠯᠡᠯᠲᠡ ᠵᠢ ᠳᠡᠯᠭᠡᠷᠡᠭᠦᠯᠬᠦ ᠵᠢ ᠳᠡᠮᠵᠢᠵᠦ᠂ 5G ᠵᠡᠷᠭᠡ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠬᠦᠷᠢᠶᠡᠨ᠎ᠳᠠᠬᠢ ᠨᠡᠢ᠌ᠲᠡᠯᠢᠭ ᠬᠡᠷᠡᠭᠯᠡᠭᠡᠨ᠎ᠤ ᠲᠠᠯᠠᠪᠤᠷ᠎ᠤᠨ ᠲᠥᠷᠥᠯ ᠵᠦᠢ᠍ᠯ᠎ᠳᠤ ᠱᠠᠩᠨᠠᠯ ᠨᠥᠬᠥᠪᠦᠷᠢ ᠣᠯᠭᠣᠨ᠎ᠠ᠃ ᠣᠲᠣ ᠵᠢᠨ ᠪᠠᠢ᠌ᠭ᠎ᠠ ᠪᠡᠯᠡᠳᠬᠡᠮᠵᠢ ᠵᠢ ᠭᠦᠢ᠍ᠴᠡᠳ ᠠᠰᠢᠭᠯᠠᠨ ᠲᠥᠪᠯᠡᠷᠡᠭᠦᠯᠦᠨ ᠨᠢᠭᠡᠳᠦᠯᠲᠡᠢ ᠬᠢᠨᠠᠨ ᠬᠡᠮᠵᠢᠬᠦ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠵᠤ᠂ ᠪᠣᠬᠢᠷ ᠤᠰᠤ᠂ ᠬᠣᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠵᠦ ᠰᠢᠢ᠍ᠳᠪᠦᠷᠢᠯᠡᠬᠦ ᠵᠢ ᠨᠢᠭᠡᠳᠦᠯᠲᠡᠢ ᠬᠢᠨᠠᠨ ᠬᠠᠮᠢᠶᠠᠷᠬᠤ᠎ᠳᠤ ᠣᠷᠣᠭᠤᠯᠤᠨ᠎ᠠ᠃ ᠤᠯᠤᠰ᠎ᠤᠨ ᠨᠢᠭᠡᠳᠦᠯᠲᠡᠢ ᠲᠣᠬᠢᠷᠠᠭᠤᠯᠤᠯᠲᠠ ᠶᠣᠰᠣᠭ᠋ᠠᠷ᠂ ᠪᠥᠬᠥ ᠤᠯᠤᠰ᠎ᠤᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠤᠨ ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠲᠠᠪᠴᠠᠩ᠎ᠢ ᠬᠠᠮᠵᠢᠯᠴᠠᠨ ᠪᠠᠢ᠌ᠭᠤᠯᠵᠤ᠂ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠢ ᠬᠢᠨᠠᠨ ᠬᠠᠮᠢᠶᠠᠷᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠬᠣᠲᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠲᠣᠮᠣ ᠳ᠋ᠠᠢ᠌ᠲ᠋ᠠ ᠵᠢᠨ ᠲᠥᠪ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠨᠠᠢ᠍ᠮᠠ) ᠨᠣᠭᠣᠭ᠋ᠠᠨ ᠳᠡᠪᠢᠰᠬᠡᠷ ᠥᠩᠭᠡ ᠵᠢ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠠᠬᠤᠢ ᠵᠢ ᠬᠠᠮᠠᠭ᠋ᠠᠯᠠᠬᠤ ᠲᠡᠷᠢᠭᠦᠨ᠎ᠤ ᠮᠡᠷᠭᠡᠵᠢᠯ᠎ᠤᠨ ᠲᠥᠬᠦᠭᠡᠷᠦᠮᠵᠢ ᠪᠠ ᠤᠷᠠᠯᠠᠯ᠎ᠢ ᠬᠤᠳᠠ ᠪᠠᠯᠭ᠋ᠠᠰᠤᠨ᠎ᠤ ᠣᠷᠴᠢᠨ ᠠᠬᠤᠢ ᠵᠢᠨ ᠰᠠᠭᠤᠷᠢ ᠲᠥᠬᠦᠭᠡᠷᠦᠮᠵᠢ᠎ᠳᠤ ᠬᠡᠷᠡᠭᠯᠡᠬᠦ ᠵᠢ ᠲᠦᠯᠬᠢᠨ ᠠᠬᠢᠭᠤᠯᠵᠤ᠂ ᠮᠡᠷᠭᠡᠵᠢᠯ᠎ᠤᠨ ᠬᠢᠷᠢ ᠬᠡᠮᠵᠢᠶ᠎ᠡ᠎ᠪᠠᠷ ᠥᠨᠳᠥᠷ ᠪᠢᠰᠢ᠂ ᠠᠵᠢᠯᠯᠠᠭ᠋ᠠᠨ᠎ᠨᠢ ᠲᠣᠭᠲᠠᠭᠤᠨ ᠪᠤᠰᠤ ᠪᠠᠢ᠌ᠬᠤ ᠵᠢ᠎ᠨᠢ ᠪᠠᠷᠢᠮᠵᠢᠶ᠎ᠠ᠎ᠳᠤ ᠬᠦᠷᠭᠡᠬᠦ ᠥᠭᠡᠷᠡᠴᠢᠯᠡᠯᠲᠡ ᠬᠢᠵᠦ᠂ ᠮᠡᠷᠭᠡᠵᠢᠯ ᠵᠶ᠋ᠡᠷ ᠬᠣᠴᠤᠷᠤᠩᠭᠤᠢ᠂ ᠲᠠᠯᠳᠠ ᠭᠡᠮ ᠣᠷᠣᠰᠢᠵᠤ ᠪᠠᠢ᠌ᠭ᠎ᠠ ᠲᠥᠬᠦᠭᠡᠷᠦᠮᠵᠢ ᠵᠢ ᠵᠠᠭ᠋ᠠᠵᠠᠯᠠᠬᠤ ᠵᠢᠨ ᠬᠠᠮᠲᠤ ᠬᠣᠶᠠᠳᠠᠭᠢ ᠤᠳᠠᠭ᠋ᠠᠨ᠎ᠤ ᠪᠣᠬᠢᠷᠲᠤᠯ᠎ᠢ ᠰᠡᠷᠭᠡᠢ᠌ᠯᠡᠨ᠎ᠡ᠃ ᠪᠣᠬᠢᠷ ᠰᠢᠪᠠᠷ᠎ᠢ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠤᠷᠠᠨ ᠳᠠᠷᠬ᠎ᠠ ᠵᠢᠨ ᠮᠡᠷᠭᠡᠵᠢᠯ᠎ᠢ ᠳᠡᠯᠭᠡᠷᠡᠭᠦᠯᠵᠦ᠂ ᠪᠣᠬᠢᠷ ᠰᠢᠪᠠᠷ᠎ᠢ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠴᠥᠭᠥᠷᠥᠮ᠎ᠤᠨ ᠪᠠᠭᠲᠠᠭ᠋ᠠᠮᠵᠢ ᠳᠦᠭᠦᠷᠦᠭᠰᠡᠨ ᠠᠮᠢᠳᠤᠷᠠᠯ᠎ᠤᠨ ᠬᠣᠭ ᠨᠣᠪᠰᠢ ᠵᠢ ᠪᠤᠯᠠᠬᠤ ᠲᠥᠬᠦᠭᠡᠷᠦᠮᠵᠢ ᠵᠢ ᠪᠢᠲᠡᠭᠦᠮᠵᠢᠯᠡᠨ ᠵᠠᠰᠠᠬᠤ ᠪᠠ ᠠᠮᠢ ᠠᠬᠤᠢ ᠵᠢ ᠰᠡᠷᠭᠦᠭᠡᠬᠦ ᠠᠵᠢᠯ᠎ᠢ ᠵᠢᠷᠤᠮᠵᠢᠭᠤᠯᠤᠨ ᠡᠮᠬᠢ ᠵᠢᠷᠤᠮ᠎ᠲᠠᠢ ᠥᠷᠨᠢᠭᠦᠯᠵᠦ᠂ ᠬᠠᠩᠭᠢᠨ ᠬᠣᠢ᠌ᠲᠤ ᠬᠣᠰᠢᠭᠤᠨ᠎ᠤ ᠠᠮᠢᠳᠤᠷᠠᠯ᠎ᠤᠨ ᠬᠣᠭ ᠨᠣᠪᠰᠢ ᠵᠢ ᠬᠣᠣᠷ ᠦᠭᠡᠢ ᠪᠣᠯᠭ᠋ᠠᠨ ᠰᠢᠢ᠍ᠳᠪᠦᠷᠢᠯᠡᠬᠦ ᠲᠠᠯᠠᠪᠤᠷ᠎ᠢ ᠪᠢᠲᠡᠭᠦᠮᠵᠢᠯᠡᠨ ᠵᠠᠰᠠᠬᠤ ᠢᠨᠵᠧᠨᠧᠷᠢᠩ᠎ᠤᠨ ᠲᠥᠷᠥᠯ ᠵᠦᠢ᠍ᠯ᠎ᠢ ᠲᠦᠷᠭᠡᠳᠬᠡᠨ ᠡᠬᠢᠯᠡᠭᠦᠯᠦᠨ᠎ᠡ᠃ (ᠬᠣᠲᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠲᠠᠪᠤ᠂ ᠪᠦᠲᠦᠭᠡᠨ ᠪᠠᠢ᠌ᠭᠤᠯᠤᠯᠲᠠ ᠡᠵᠡᠩᠨᠡᠯᠲᠡ ᠵᠢᠨ ᠵᠠᠬ᠎ᠠ ᠳᠡᠯᠭᠡᠭᠦᠷᠴᠢᠯᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ
(ᠶᠢᠰᠦ) ᠨᠡᠢ᠌ᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠤᠨ᠎ᠠ᠃ ᠵᠠᠬ᠎ᠠ ᠳᠡᠯᠭᠡᠭᠦᠷ᠎ᠤᠨ ᠪᠡᠶᠡᠴᠢ ᠴᠣᠭᠴᠠ ᠵᠢᠨ ᠢᠲᠡᠭᠡᠮᠵᠢ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠢᠲᠡᠭᠡᠮᠵᠢ ᠵᠢᠨ ᠮᠡᠳᠡᠭᠡ ᠵᠠᠩᠭᠢ ᠵᠢ ᠴᠤᠭᠯᠠᠭᠤᠯᠬᠤ᠂ ᠬᠠᠮᠲᠤ᠎ᠪᠠᠷ ᠡᠳ᠋ᠯᠡᠬᠦ᠂ ᠢᠯᠡ ᠪᠣᠯᠭ᠋ᠠᠬᠤ ᠪᠠ ᠬᠡᠷᠡᠭᠯᠡᠬᠦ ᠵᠢ ᠴᠢᠩᠭ᠋ᠠᠳᠬᠠᠨ᠎ᠠ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠ) ᠣᠷᠴᠢᠨ ᠲᠣᠭᠣᠷᠢᠨ᠎ᠤ ᠪᠣᠬᠢᠷᠲᠤᠯ᠎ᠢ ᠭᠤᠷᠪᠠᠳᠠᠭᠢ ᠡᠲᠡᠭᠡᠳ᠎ᠠᠴᠠ ᠵᠠᠰᠠᠬᠤ ᠵᠢ ᠭᠦᠨᠵᠡᠭᠡᠢ ᠬᠡᠷᠡᠭᠵᠢᠭᠦᠯᠦᠨ᠎ᠡ᠃ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠂ ᠭᠠᠬ᠍ᠴᠠᠮᠳᠤ ᠪᠣᠭᠣᠮᠲᠠ ᠵᠢᠨ ᠡᠳ᠋ᠰᠢᠭᠦᠯᠬᠦ ᠬᠦᠷᠢᠶᠡᠯᠡᠩ ᠲᠣᠭᠣᠷᠢᠭ᠂ ᠤᠷᠠᠳ᠎ᠤᠨ ᠬᠣᠢ᠌ᠲᠤ ᠬᠣᠰᠢᠭᠤᠨ᠎ᠤ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ ᠵᠡᠷᠭᠡ ᠠᠵᠤ ᠦᠢ᠍ᠯᠡᠳᠪᠦᠷᠢ ᠵᠢᠨ ᠲᠥᠪᠯᠡᠷᠡᠭᠰᠡᠨ ᠲᠣᠭᠣᠷᠢᠭ ᠵᠶ᠋ᠠᠷ ᠭᠣᠣᠯᠳᠠᠯᠭ᠎ᠠ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠲᠠᠢ ᠬᠠᠮᠵᠢᠯᠴᠠᠨ ᠣᠷᠴᠢᠨ ᠲᠣᠭᠣᠷᠢᠨ᠎ᠤ ᠪᠣᠬᠢᠷᠲᠤᠯ᠎ᠤᠨ ᠭᠤᠷᠪᠠᠳᠠᠭᠢ ᠡᠲᠡᠭᠡᠳ᠎ᠤᠨ ᠵᠠᠰᠠᠯᠲᠠ ᠵᠢᠨ ᠰᠣᠩᠭᠣᠭᠤᠯᠢ᠎ᠳᠤ ᠪᠡᠯᠡᠳᠬᠡᠬᠦ ᠬᠦᠷᠢᠶᠡᠯᠡᠩ ᠲᠣᠭᠣᠷᠢᠭ᠎ᠢ ᠰᠣᠩᠭᠣᠨ ᠲᠠᠨᠢᠯᠴᠠᠭᠤᠯᠤᠨ᠎ᠠ᠃ ᠭᠡᠷᠡᠲᠦ ᠡᠨᠧᠷᠭᠢ ᠵᠢᠨ ᠬᠠᠮᠢᠶᠠᠷᠤᠯᠲᠠ᠂ ᠭᠡᠷᠡᠲᠦ ᠤᠰᠤ ᠠᠷᠪᠢᠯᠠᠬᠤ ᠬᠠᠮᠢᠶᠠᠷᠤᠯᠲᠠ ᠵᠡᠷᠭᠡ ᠭᠤᠷᠪᠠᠳᠠᠭᠢ ᠡᠲᠡᠭᠡᠳ᠎ᠤᠨ ᠵᠠᠰᠠᠯᠲᠠ ᠵᠢᠨ ᠵᠠᠭᠪᠤᠷ᠎ᠢ ᠬᠡᠷᠡᠭᠵᠢᠭᠦᠯᠵᠦ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠤᠨ ᠬᠥᠭᠵᠢᠯᠲᠡ ᠪᠠ ᠵᠠᠭᠪᠤᠷ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠎ᠠ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠤᠰᠤᠨ ᠠᠰᠢᠭᠯᠠᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠨᠢᠭᠡ) ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠵᠢᠨ ᠨᠠᠢ᠌ᠳᠠᠨ ᠬᠠᠮᠢᠶᠠᠷᠤᠭᠤᠯᠬᠤ ᠦᠢ᠍ᠯᠡᠴᠢᠯᠡᠭᠡᠨ᠎ᠢ ᠰᠦᠪᠡᠭᠴᠢᠯᠡᠨ ᠥᠷᠨᠢᠭᠦᠯᠦᠨ᠎ᠡ᠃ ᠠᠮᠢ ᠠᠬᠤᠢ ᠵᠢᠨ ᠣᠷᠴᠢᠨ ᠲᠣᠭᠣᠷᠢᠨ ᠵᠶ᠋ᠠᠷ ᠤᠳᠤᠷᠢᠳᠤᠮᠵᠢ ᠪᠣᠯᠭ᠋ᠠᠭᠰᠠᠨ ᠨᠡᠭᠡᠭᠡᠨ ᠬᠥᠭᠵᠢᠭᠦᠯᠬᠦ (EOD) ᠵᠢᠨ ᠵᠠᠭᠪᠤᠷ᠎ᠤᠨ ᠤᠯᠠᠭ᠋ᠠᠨᠰᠤᠬᠠᠢ ᠵᠢᠨ ᠪᠥᠬᠥ ᠰᠠᠪᠠ ᠭᠠᠵᠠᠷ᠎ᠢ ᠶᠡᠷᠦᠩᠬᠡᠢ᠌ᠯᠡᠨ ᠵᠠᠰᠠᠬᠤ ᠲᠥᠷᠥᠯ ᠵᠦᠢ᠍ᠯ᠎ᠤᠨ ᠲᠤᠷᠰᠢᠯᠲᠠ ᠵᠢᠨ ᠴᠡᠭ ᠤᠨ ᠲᠤᠷᠰᠢᠯᠭ᠎ᠠ ᠵᠢ ᠪᠦᠲᠦᠮᠵᠢᠲᠡᠶ ᠳᠡᠯᠭᠡᠷᠡᠭᠦᠯᠵᠦ᠂ ᠤᠯᠤᠰ᠎ᠲᠤ ᠠᠮᠢ ᠠᠬᠤᠢ ᠵᠢᠨ ᠣᠷᠴᠢᠨ ᠲᠣᠭᠣᠷᠢᠨ ᠵᠶ᠋ᠠᠷ ᠤᠳᠤᠷᠢᠳᠤᠮᠵᠢ ᠪᠣᠯᠭ᠋ᠠᠭᠰᠠᠨ ᠨᠡᠭᠡᠭᠡᠨ ᠬᠥᠭᠵᠢᠭᠦᠯᠬᠦ ᠵᠠᠭᠪᠤᠷ᠎ᠤᠨ ᠲᠥᠷᠥᠯ ᠵᠦᠢ᠍ᠯ᠎ᠤᠨ ᠲᠤᠷᠰᠢᠯᠲᠠ ᠵᠢᠨ ᠴᠢᠭ᠋᠎ᠢ ᠲᠠᠨᠢᠯᠴᠠᠭᠤᠯᠬᠤ ᠵᠢᠨ ᠬᠠᠮᠲᠤ ᠬᠡᠷᠡᠭᠵᠢᠭᠦᠯᠬᠦ ᠵᠢ ᠠᠬᠢᠭᠤᠯᠤᠨ᠎ᠠ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠤᠯᠠᠭ᠋ᠠᠨᠰᠤᠬᠠᠢ ᠵᠢᠨ ᠬᠠᠮᠠᠭ᠋ᠠᠯᠠᠯᠲᠠ ᠵᠢᠨ ᠲᠥᠪ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠵᠢᠷᠭᠤᠭ᠎ᠠ᠂ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠎ᠡ
(ᠠᠷᠪᠠᠨ ᠬᠣᠶᠠᠷ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠴᠢᠩᠭ᠋ᠠᠳᠬᠠᠨ᠎ᠠ᠃ ᠠᠵᠤ ᠠᠬᠤᠢ᠌ᠯᠠᠯ᠎ᠤᠨ ᠲᠦᠷᠦᠭᠦᠯᠡᠨ ᠰᠤᠳᠤᠯᠤᠨ ᠨᠡᠭᠡᠭᠡᠬᠦ ᠪᠠᠢ᠌ᠭᠤᠯᠤᠮᠵᠢ᠂ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠵᠣᠬᠢᠶᠠᠨ ᠪᠠᠶ᠋ᠢᠭᠤᠯᠬᠤ ᠵᠢ ᠳᠡᠮᠵᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠎ᠢ ᠬᠠᠮᠲᠤᠷᠠᠨ ᠡᠭᠦᠷᠭᠡᠯᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠬᠦᠷᠢᠶ᠎ᠡ ᠴᠠᠷᠠᠭ᠎ᠠ᠎ᠳᠤ ᠣᠷᠣᠰᠢᠵᠤ ᠪᠠᠢ᠌ᠭ᠎ᠠ ᠮᠡᠷᠭᠡᠵᠢᠯ᠎ᠤᠨ ᠳᠤᠲᠠᠭᠤᠳᠠᠯ᠎ᠤᠨ ᠲᠣᠭᠣᠷᠢᠨ᠎ᠳᠤ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠠᠬᠢᠭᠤᠯᠤᠨ᠂ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠭᠦᠨᠵᠡᠭᠡᠢ ᠠᠭᠤᠰᠤᠯᠴᠠᠬᠤ ᠵᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠳᠤ ᠮᠡᠷᠭᠡᠵᠢᠯ᠎ᠤᠨ ᠲᠣᠨᠣᠭ ᠲᠥᠬᠦᠭᠡᠷᠦᠮᠵᠢ ᠵᠢᠨ ᠠᠩᠬᠠᠨ᠎ᠤ ᠢᠵᠢ᠂ ᠵᠠᠩᠭᠢᠯᠠᠭ᠎ᠠ ᠵᠢᠨ ᠰᠡᠯᠪᠢᠭ ᠲᠣᠨᠣᠭ᠎ᠤᠨ ᠠᠩᠬᠠᠨ᠎ᠤ ᠪᠦᠯᠦᠭ᠎ᠤᠨ ᠳᠡᠳ᠋ ᠦᠢ᠍ᠯᠡᠳᠬᠦᠨ᠎ᠢ ᠢᠳᠡᠪᠬᠢᠲᠡᠢ᠎ᠪᠠᠷ ᠲᠠᠨᠢᠯᠴᠠᠭᠤᠯᠬᠤ ᠬᠡᠷᠡᠭᠲᠡᠢ᠃ (ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠭᠤᠷᠪᠠ) ᠦᠨ᠎ᠡ ᠬᠠᠩᠰᠢ ᠵᠢᠨ ᠰᠦᠢ᠍ᠳᠬᠡᠯ ᠬᠤᠷᠢᠶᠠᠬᠤ ᠳᠦᠷᠢᠮ᠎ᠢ ᠪᠦᠷᠢᠨᠰᠢᠭᠦᠯᠦᠨ᠎ᠡ᠃ ᠪᠣᠬᠢᠷ ᠤᠰᠤ᠂ ᠠᠮᠢᠳᠤᠷᠠᠯ᠎ᠤᠨ ᠬᠣᠭ ᠨᠣᠪᠰᠢ᠂ ᠠᠶᠤᠯᠲᠠᠢ ᠬᠠᠶᠠᠭᠳᠠᠮᠠᠯ ᠪᠣᠳᠠᠰ᠂ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠦᠨ᠎ᠡ ᠬᠠᠩᠰᠢ ᠵᠢᠨ ᠪᠦᠷᠢᠯᠳᠦᠬᠦ ᠪᠠ ᠰᠦᠢ᠍ᠳᠬᠡᠯ ᠬᠤᠷᠢᠶᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨ᠎ᠡ ᠲᠣᠭᠲᠠᠭ᠋ᠠᠬᠤ ᠭᠠᠷᠴᠠᠭ》᠎ᠲᠤ ᠲᠣᠭᠲᠠᠭ᠋ᠠᠭᠰᠠᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠡᠷᠬᠡ ᠮᠡᠳᠡᠯ᠎ᠤᠨ ᠬᠡᠪᠴᠢᠶ᠎ᠡ ᠵᠢ ᠦᠨᠳᠦᠰᠦᠯᠡᠨ᠂ ᠥᠪᠡᠷ᠎ᠤᠨ ᠥᠷᠲᠡᠭ᠎ᠢ ᠬᠠᠮᠤᠷᠬᠤ᠂ ᠵᠦᠢ ᠵᠣᠬᠢᠰᠲᠠᠢ ᠠᠰᠢᠭ ᠣᠯᠵᠠᠪᠤᠷᠢ᠎ᠲᠠᠢ ᠪᠠᠢ᠌ᠯᠭ᠋ᠠᠬᠤ ᠵᠠᠷᠴᠢᠮ ᠶᠣᠰᠣᠭ᠋ᠠᠷ᠂ ᠦᠨ᠎ᠡ ᠬᠠᠩᠰᠢ ᠪᠠ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠡᠭᠦᠯᠳᠡᠷᠵᠢᠭᠦᠯᠦᠨ᠎ᠡ᠃ ᠪᠣᠬᠢᠷ ᠪᠣᠳᠠᠰ ᠭᠠᠳᠠᠭᠰᠢᠯᠠᠭᠤᠯᠬᠤ ᠵᠥᠷᠢᠶᠡᠲᠦ ᠰᠦᠢ᠍ᠳᠬᠡᠯ ᠬᠤᠷᠢᠶᠠᠬᠤ ᠵᠢ ᠢᠳᠡᠪᠬᠢᠲᠡᠢ᠎ᠪᠠᠷ ᠬᠡᠷᠡᠭᠵᠢᠭᠦᠯᠵᠦ᠂ ᠪᠠᠢ᠍ᠢ᠍ᠭᠤᠯᠤᠮᠵᠢᠳᠤ ᠪᠠᠯᠭ᠋ᠠᠰᠤ ᠵᠢᠨ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠰᠦᠢ᠍ᠳᠬᠡᠯ ᠬᠤᠷᠢᠶᠠᠬᠤ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠰᠦᠢ᠍ᠳᠬᠡᠯ ᠬᠤᠷᠢᠶᠠᠬᠤ ᠵᠢ ᠬᠥᠳᠡᠯᠦᠩᠭᠦᠢ᠎ᠪᠠᠷ ᠲᠣᠬᠢᠷᠠᠭᠤᠯᠬᠤ ᠲᠣᠭᠲᠠᠴᠠ ᠵᠢ ᠪᠠᠢ᠌ᠭᠤᠯᠤᠨ᠂ ᠣᠷᠴᠢᠨ ᠠᠬᠤᠢ ᠵᠢᠨ ᠰᠠᠭᠤᠷᠢ ᠲᠥᠬᠦᠭᠡᠷᠦᠮᠵᠢ ᠵᠢᠨ ᠦᠷᠭᠦᠯᠵᠢᠯᠡᠨ ᠠᠵᠢᠯᠯᠠᠬᠤ ᠵᠢ ᠦᠨᠡᠨ ᠬᠦ᠌ ᠪᠠᠲᠤᠯᠠᠨ᠎ᠠ᠃ ᠳᠠᠬᠢᠯᠲᠠ ᠤᠰᠤᠨ᠎ᠤ ᠦᠨ᠎ᠡ ᠬᠠᠩᠰᠢ ᠵᠢ ᠵᠠᠰᠠᠭ᠎ᠤᠨ ᠣᠷᠳᠣᠨ ᠠᠴᠠ ᠲᠣᠭᠲᠠᠭ᠋ᠠᠬᠤ ᠵᠢ ᠴᠢᠯᠦᠭᠡᠲᠡᠢ ᠪᠣᠯᠭ᠋ᠠᠵᠤ᠂ ᠳᠠᠬᠢᠯᠲᠠ ᠤᠰᠤ ᠵᠢ ᠬᠠᠩᠭ᠋ᠠᠬᠤ ᠠᠵᠤ ᠠᠬᠤᠢ᠌ᠯᠠᠯ ᠪᠣᠯᠣᠨ ᠬᠡᠷᠡᠭᠯᠡᠭᠴᠢᠳ᠎ᠠᠴᠠ ᠴᠢᠨᠠᠷ ᠰᠠᠢ᠌ᠲᠠᠢ᠎ᠳᠤᠨᠢ ᠰᠠᠢ᠌ᠨ ᠦᠨ᠎ᠡ ᠬᠠᠩᠰᠢ ᠲᠣᠭᠲᠠᠭ᠋ᠠᠬᠤ ᠵᠠᠷᠴᠢᠮ ᠶᠣᠰᠣᠭ᠋ᠠᠷ ᠪᠡᠶ᠎ᠡ᠎ᠪᠠᠨ ᠳᠠᠭ᠋ᠠᠭ᠋ᠠᠨ ᠵᠥᠪᠳᠡᠯᠴᠡᠵᠦ ᠪᠠᠢ᠌ᠭ᠋ᠠᠳ ᠦᠨ᠎ᠡ ᠲᠣᠭᠲᠠᠭ᠋ᠠᠨ᠎ᠠ᠃ ᠠᠮᠢᠳᠤᠷᠠᠯ᠎ᠤᠨ ᠬᠣᠭ ᠨᠣᠪᠰᠢ ᠵᠢᠨ ᠰᠦᠢ᠍ᠳᠬᠡᠯ ᠬᠤᠷᠢᠶᠠᠬᠤ ᠳᠦᠷᠢᠮ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠨᠥᠬᠥᠴᠡᠯ᠎ᠲᠠᠢ ᠭᠠᠵᠠᠷ ᠣᠷᠣᠨ᠎ᠤ ᠰᠠᠭᠤᠭ᠋ᠠᠯᠢ ᠠᠷᠠᠳ᠎ᠤᠨ ᠪᠤᠰᠤ ᠬᠡᠷᠡᠭᠯᠡᠭᠴᠢ ᠵᠢᠨ ᠬᠣᠭ ᠨᠣᠪᠰᠢ ᠵᠢᠨ ᠬᠡᠮᠵᠢᠶ᠎ᠡ᠎ᠪᠠᠷ ᠰᠦᠢ᠍ᠳᠬᠡᠯ ᠬᠤᠷᠢᠶᠠᠬᠤ ᠵᠢ ᠵᠣᠷᠢᠭᠵᠢᠭᠤᠯᠤᠨ᠂ ᠰᠠᠭᠤᠭ᠋ᠠᠯᠢ ᠠᠷᠠᠳ᠎ᠤᠨ ᠬᠡᠷᠡᠭᠯᠡᠭᠴᠢ ᠵᠢᠨ ᠲᠣᠭ᠎ᠠ ᠶᠣᠰᠣᠭ᠋ᠠᠷ ᠰᠦᠢ᠍ᠳᠬᠡᠯ ᠬᠤᠷᠢᠶᠠᠬᠤ ᠵᠢ ᠰᠦᠪᠡᠭᠴᠢᠯᠡᠵᠦ᠂ ᠡᠯ᠎ᠡ ᠭᠠᠵᠠᠷ᠎ᠤᠨ᠎ᠬᠢᠨ᠎ᠤ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠬᠦ ᠰᠦᠢ᠍ᠳᠬᠡᠯ ᠬᠤᠷᠢᠶᠠᠬᠤ ᠵᠠᠭᠪᠤᠷ᠎ᠲᠤ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠂ ᠬᠣᠷᠢᠶᠠᠨ ᠲᠤᠰᠢᠶᠠᠬᠤ ᠨᠣᠷᠮ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ᠎ᠤ ᠬᠠᠶᠠᠭᠳᠠᠮᠠᠯ ᠪᠣᠳᠠᠰ᠎ᠤᠨ ᠪᠣᠶ ᠪᠣᠯᠤᠭᠰᠠᠨ ᠪᠠᠢ᠌ᠳᠠᠯ ᠵᠢᠴᠢ ᠰᠢᠢ᠍ᠳᠪᠦᠷᠢᠯᠡᠬᠦ ᠥᠪᠡᠷ᠎ᠤᠨ ᠥᠷᠲᠡᠭ ᠵᠡᠷᠭᠡ ᠬᠦᠴᠦᠨ ᠵᠦᠢ᠍ᠯ᠎ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠵᠦᠢ ᠵᠣᠬᠢᠰᠲᠠᠢ ᠬᠢᠨᠠᠨ ᠲᠣᠭᠲᠠᠭ᠋ᠠᠵᠤ᠂ ᠬᠦᠨᠳᠦ ᠵᠢᠨ ᠬᠡᠮᠵᠢᠶ᠎ᠡ᠎ᠪᠠᠷ ᠰᠦᠢ᠍ᠳᠬᠡᠯ ᠪᠤᠳᠤᠬᠤ ᠠᠷᠭ᠎ᠠ ᠮᠠᠶᠢᠭ᠎ᠢ ᠬᠡᠷᠡᠭᠯᠡᠬᠦ ᠵᠢ ᠵᠣᠷᠢᠭᠵᠢᠭᠤᠯᠤᠨ᠎ᠠ᠃ ᠡᠮᠴᠢᠯᠡᠭᠡᠨ᠎ᠤ ᠪᠠᠢ᠌ᠭᠤᠯᠤᠮᠵᠢ ᠵᠢᠨ ᠲᠣᠭᠲᠠᠭ᠋ᠠᠯ ᠶᠣᠰᠣᠭ᠋ᠠᠷ ᠥᠭᠭᠦᠭᠰᠡᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠠᠷᠤᠳᠠᠯ᠎ᠢ ᠡᠮᠴᠢᠯᠡᠭᠡᠨ᠎ᠤ ᠥᠪᠡᠷ᠎ᠤᠨ ᠥᠷᠲᠡᠭ ᠪᠣᠯᠭ᠋ᠠᠵᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ᠎ᠳᠤ ᠲᠣᠬᠢᠷᠠᠭᠤᠯᠤᠯᠲᠠ ᠬᠢᠬᠦ ᠦᠶ᠎ᠡ᠎ᠳᠤ ᠵᠦᠢ ᠵᠣᠬᠢᠰᠲᠠᠢ ᠨᠥᠬᠥᠪᠦᠷᠢ ᠥᠭᠭᠦᠨ᠎ᠡ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠮ ᠡᠮᠨᠡᠯᠭᠡ ᠵᠢᠨ ᠪᠠᠲᠤᠯᠠᠭ᠎ᠠ ᠵᠢᠨ ᠲᠣᠪᠴᠢᠶ᠎ᠠ)
(ᠠᠷᠪᠠᠨ ᠳᠥᠷᠪᠡ) ᠡᠳ᠋᠎ᠤᠨ ᠵᠠᠰᠠᠭ ᠭᠠᠢ᠌ᠯᠢ ᠮᠥᠩᠭᠥᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ᠎ᠪᠠᠷ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠡᠬᠢ ᠪᠠᠶᠠᠯᠢᠭ᠎ᠢ ᠶᠡᠷᠦᠩᠬᠡᠢ᠌ᠯᠡᠨ ᠠᠰᠢᠭᠯᠠᠬᠤ ᠦᠷᠳᠡᠭ ᠨᠡᠮᠡᠭᠳᠡᠯ᠎ᠤᠨ ᠭᠠᠢ᠌ᠯᠢ ᠵᠢ ᠲᠡᠷᠡ ᠳᠠᠷᠤᠢ᠎ᠳᠤ᠎ᠨᠢ ᠲᠠᠲᠠᠪᠤᠷᠢᠯᠠᠵᠤ ᠲᠡᠷᠡ ᠳᠠᠷᠤᠢ᠎ᠳᠤ᠎ᠨᠢ ᠪᠤᠴᠠᠭ᠋ᠠᠬᠤ ᠪᠠ ᠡᠨᠧᠷᠭᠢ ᠠᠷᠪᠢᠯᠠᠵᠤ ᠣᠷᠴᠢᠨ ᠠᠬᠤᠢ ᠵᠢ ᠬᠠᠮᠠᠭ᠋ᠠᠯᠠᠬᠤ ᠵᠦᠢ᠍ᠯᠡᠰ᠎ᠤᠨ ᠠᠰᠢᠭ ᠣᠷᠣᠯᠭ᠎ᠠ ᠵᠢᠨ ᠭᠠᠢ᠌ᠯᠢ ᠵᠢ ᠬᠠᠰᠤᠵᠤ ᠬᠡᠯᠲᠦᠷᠢᠭᠦᠯᠬᠦ ᠵᠡᠷᠭᠡ ᠭᠠᠢ᠌ᠯᠢ ᠵᠢᠨ ᠣᠷᠣᠯᠭ᠎ᠠ ᠵᠢᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠨᠥᠬᠥᠴᠡᠯ᠎ᠳᠤ ᠨᠡᠢ᠌ᠴᠡᠬᠦ ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠲᠥᠷᠥᠯ ᠵᠦᠢ᠍ᠯ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠥᠰᠥᠪ᠎ᠤᠨ ᠳᠣᠲᠣᠷᠠᠬᠢ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠡᠷᠭᠡ ᠡᠯ᠎ᠡ ᠲᠥᠷᠥᠯ᠎ᠤᠨ ᠪᠡᠯᠡ ᠮᠥᠩᠭᠥ ᠵᠢᠴᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠢ ᠵᠦᠢ᠍ᠯ᠎ᠤᠨ ᠵᠢᠭᠡᠯᠡᠯᠭᠡ ᠵᠢᠨ ᠲᠡᠮᠳᠡᠭᠲᠦ ᠵᠢ ᠣᠯᠬᠤ᠎ᠪᠠᠷ ᠢᠳᠡᠪᠬᠢᠲᠡᠢ ᠴᠢᠷᠮᠠᠢ᠌ᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠥᠭᠴᠡᠭᠡ ᠵᠢ ᠰᠢᠨ᠎ᠡ᠎ᠪᠠᠷ ᠨᠡᠮᠡᠭᠳᠡᠭᠦᠯᠬᠦ ᠦᠭᠡᠢ ᠤᠷᠢᠲᠠᠯ ᠳᠣᠣᠷ᠎ᠠ᠂ ᠨᠥᠬᠥᠴᠡᠯ᠎ᠳᠤ ᠨᠡᠢ᠌ᠴᠡᠬᠦ ᠠᠵᠤ ᠠᠬᠤᠢ᠌ᠯᠠᠯ᠎ᠤᠨ ᠠᠵᠤ ᠠᠬᠤᠢ᠌ᠯᠠᠯ᠎ᠤᠨ ᠵᠢᠭᠡᠯᠡᠯᠭᠡ ᠵᠢᠨ ᠲᠡᠮᠳᠡᠭᠲᠦ᠂ ᠡᠳ᠋ ᠬᠥᠷᠥᠩᠭᠡ᠎ᠪᠠᠷ ᠳᠡᠮᠵᠢᠵᠦ ᠪᠠᠢ᠌ᠭ᠋ᠠᠳ ᠦᠨᠡᠲᠦ ᠲᠡᠮᠳᠡᠭᠲᠦ᠎ᠪᠠᠷ ᠪᠡᠯᠡ ᠮᠥᠩᠭᠥ ᠴᠤᠭᠯᠠᠭᠤᠯᠤᠨ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠵᠢ ᠳᠡᠮᠵᠢᠵᠦ᠂ ᠨᠥᠬᠥᠴᠡᠯ ᠪᠦᠷᠢᠯᠳᠦᠭᠦᠯᠦᠭᠰᠡᠨ ᠲᠥᠷᠥᠯ ᠵᠦᠢ᠍ᠯ᠎ᠤᠨ ᠰᠠᠭᠤᠷᠢ ᠪᠡᠯᠡᠳᠬᠡᠮᠵᠢ ᠵᠢᠨ ᠬᠦᠷᠢᠶᠡᠨ᠎ᠳᠠᠬᠢ ᠥᠯᠥ ᠬᠥᠳᠡᠯᠬᠦ ᠬᠥᠷᠥᠩᠭᠡ ᠵᠢᠨ ᠪᠡᠯᠡ ᠣᠷᠣᠭᠤᠯᠤᠯᠲᠠ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠰᠠᠭᠤᠷᠢ ᠮᠥᠩᠭᠥ (REITs) ᠵᠢᠨ ᠲᠤᠷᠰᠢᠯᠲᠠ ᠵᠢ ᠯᠠᠪᠳᠠᠭᠤᠨ ᠵᠶ᠋ᠠᠷ ᠥᠷᠨᠢᠭᠦᠯᠬᠦ ᠵᠢ ᠵᠣᠷᠢᠭᠵᠢᠭᠤᠯᠤᠨ᠎ᠠ᠃ (ᠬᠣᠲᠠ ᠵᠢᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠮᠥᠩᠭᠥᠨ ᠭᠦᠢ᠍ᠯᠭᠡᠭᠡᠨ᠎ᠤ ᠠᠵᠢᠯ᠎ᠤᠨ ᠠᠯᠪᠠᠨ ᠭᠡᠷ᠂ ᠡᠳ᠋᠎ᠤᠨ ᠵᠠᠰᠠᠭ᠎ᠤᠨ ᠲᠣᠪᠴᠢᠶ᠎ᠠ᠂ ᠠᠷᠠᠳ᠎ᠤᠨ ᠪᠠᠩᠬᠢ ᠵᠢᠨ ᠪᠠᠶᠠᠨᠨᠠᠭᠤᠷ ᠲᠥᠪ ᠰᠠᠯᠪᠤᠷᠢ ᠪᠠᠩᠬᠢ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠲᠠᠪᠤ) ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢ ᠬᠠᠮᠲᠤ᠎ᠪᠠᠷ ᠭᠥᠷᠳᠡᠬᠦ ᠵᠢ ᠠᠬᠢᠭᠤᠯᠤᠨ᠎ᠠ᠃ ᠪᠣᠬᠢᠷ ᠤᠰᠤ᠂ ᠬᠣᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮ ᠡᠮᠨᠡᠯᠭᠡ ᠵᠢᠨ ᠬᠠᠶᠠᠭᠳᠠᠮᠠᠯ ᠪᠣᠳᠠᠰ ᠵᠡᠷᠭᠡ ᠣᠷᠴᠢᠨ ᠠᠬᠤᠢ ᠵᠢᠨ ᠰᠠᠭᠤᠷᠢ ᠲᠥᠬᠦᠭᠡᠷᠦᠮᠵᠢ ᠵᠢᠨ ᠦᠨᠳᠦᠰᠦᠨ ᠪᠠᠷᠢᠮᠵᠢᠶᠠᠲᠤ ᠨᠡᠷᠡᠰ᠎ᠤᠨ ᠵᠢᠭᠰᠠᠭ᠋ᠠᠯᠲᠠ ᠵᠢᠨ ᠬᠥᠮᠥᠷᠭᠡ ᠵᠢ ᠪᠠᠢ᠌ᠭᠤᠯᠵᠤ᠂ ᠪᠦᠷᠢᠳᠬᠡᠬᠦ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠦᠷᠢᠳᠬᠡᠯ᠎ᠤᠨ ᠲᠣᠭ᠎ᠠ ᠪᠠᠷᠢᠮᠲᠠ ᠵᠢᠨ ᠬᠡᠷᠡᠭᠯᠡᠯᠲᠡ ᠪᠠ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠨ᠎ᠠ᠃ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠬᠤ ᠠᠷᠭ᠎ᠠ ᠮᠠᠶᠢᠭ᠎ᠢ ᠬᠡᠷᠡᠭᠯᠡᠬᠦ ᠵᠢ ᠵᠣᠷᠢᠭᠵᠢᠭᠤᠯᠵᠤ᠂ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠳᠤ ᠨᠠᠢ᠌ᠳᠠᠵᠤ ᠠᠵᠢᠯ᠎ᠤᠨ ᠬᠡᠮᠵᠢᠶ᠎ᠡ᠎ᠪᠠᠷ ᠶᠡᠬᠡ᠂ ᠮᠡᠷᠭᠡᠵᠢᠯ᠎ᠤᠨ ᠱᠠᠭ᠋ᠠᠷᠳᠠᠯᠭ᠎ᠠ᠎ᠪᠠᠷ ᠥᠨᠳᠥᠷ᠂ ᠬᠤᠭᠤᠴᠠᠭ᠋ᠠᠲᠤ ᠴᠢᠨᠠᠷ ᠵᠶ᠋ᠠᠷ ᠴᠢᠩᠭ᠎ᠠ ᠬᠠᠮᠢᠶ᠎ᠠ ᠪᠦᠬᠦᠢ ᠲᠣᠭ᠎ᠠ ᠪᠦᠷᠢᠳᠬᠡᠯ᠎ᠤᠨ ᠠᠵᠢᠯ᠎ᠢ ᠥᠷᠨᠢᠭᠦᠯᠦᠨ᠎ᠡ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠲᠣᠭ᠎ᠠ ᠪᠦᠷᠢᠳᠬᠡᠯ᠎ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠳᠣᠯᠣᠭ᠎ᠠ᠂ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠵᠢ ᠴᠢᠩᠭ᠋ᠠᠷᠠᠭᠤᠯᠤᠨ᠎ᠠ
(ᠠᠷᠪᠠᠨ ᠵᠢᠷᠭᠤᠭ᠎ᠠ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠪᠥᠬᠥ ᠬᠣᠲᠠ ᠵᠢᠨ ᠬᠣᠲᠠ ᠪᠠᠯᠭ᠋ᠠᠰᠤᠨ᠎ᠤ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠲᠦᠯᠬᠢᠨ ᠠᠬᠢᠭᠤᠯᠪᠠ᠃ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠨᠡᠭᠡᠭᠡᠯᠲᠡ ᠵᠢᠨ ᠲᠣᠭᠣᠷᠢᠭ ᠪᠠ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠎ᠨᠢ ᠬᠠᠷᠠᠯᠲᠠ ᠵᠢᠨ ᠡᠭᠦᠷᠭᠡ᠎ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠨ᠂ ᠠᠵᠢᠯ᠎ᠤᠨ ᠠᠷᠭ᠎ᠠ ᠬᠡᠮᠵᠢᠶ᠎ᠡ᠎ᠪᠠᠨ ᠲᠣᠭᠲᠠᠭ᠋ᠠᠵᠤ᠂ ᠡᠯ᠎ᠡ ᠵᠦᠢ᠍ᠯ᠎ᠤᠨ ᠠᠵᠢᠯ᠎ᠢ ᠪᠦᠲᠦᠮᠵᠢᠲᠡᠶ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠳᠣᠯᠣᠭ᠎ᠠ) ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠎ᠠ᠃ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠨᠡᠭᠡᠭᠡᠯᠲᠡ ᠵᠢᠨ ᠲᠣᠭᠣᠷᠢᠭ ᠪᠠ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠎ᠨᠢ ᠲᠣᠰ ᠪᠡᠶ᠎ᠡ ᠵᠢᠨ ᠳᠤᠲᠠᠭᠤᠳᠠᠯ ᠪᠠᠭᠤᠷᠠᠢ ᠵᠦᠢ᠍ᠯᠡᠰᠲᠡᠭᠡᠨ ᠵᠠᠳᠠᠯᠤᠯᠲᠠ ᠬᠢᠵᠦ᠂ ᠬᠠᠷᠠᠯᠲᠠ ᠵᠢᠨ ᠱᠠᠭ᠋ᠠᠷᠳᠠᠯᠭ᠎ᠠ᠎ᠲᠠᠢ᠎ᠪᠠᠨ ᠤᠶᠠᠯᠳᠤᠭᠤᠯᠤᠨ᠂ ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠣᠭᠣᠷᠢᠨ᠎ᠳᠤ ᠨᠢᠭᠡ ᠪᠦᠯᠦᠭ ᠪᠣᠯᠪᠠᠰᠤᠷᠠᠩᠭᠤᠢ ᠲᠥᠷᠥᠯ ᠵᠦᠢ᠍ᠯ᠎ᠢ ᠤᠬᠠᠭ᠋ᠠᠯᠠᠨ ᠨᠥᠭᠡᠴᠡᠯᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠳᠡᠮᠵᠢᠯᠭᠡ ᠵᠢ ᠣᠯᠬᠤ᠎ᠪᠠᠷ ᠴᠢᠷᠮᠠᠢ᠌ᠬᠤ ᠬᠡᠷᠡᠭᠲᠡᠢ᠃ 《ᠪᠡᠯᠡ ᠮᠥᠩᠭᠥ᠂ ᠬᠦᠴᠦᠨ ᠵᠦᠢ᠍ᠯ᠎ᠨᠢ ᠲᠥᠷᠥᠯ ᠵᠦᠢ᠍ᠯ᠎ᠢ ᠳᠠᠭ᠋ᠠᠵᠤ ᠶᠠᠪᠤᠬᠤ》 ᠵᠢ ᠪᠠᠷᠢᠮᠲᠠᠯᠠᠵᠤ᠂ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ᠎ᠳᠤ ᠬᠡᠷᠡᠭᠯᠡᠬᠦ ᠭᠠᠵᠠᠷ ᠰᠢᠷᠣᠢ ᠵᠢᠨ ᠭᠦᠢ᠍ᠴᠡᠳᠬᠡᠯ ᠲᠣᠭ᠎ᠠ ᠵᠢ ᠤᠷᠢᠳᠠᠪᠠᠷ ᠲᠣᠬᠢᠷᠠᠭᠤᠯᠤᠨ᠂ ᠲᠥᠷᠥᠯ ᠵᠦᠢ᠍ᠯ᠎ᠤᠨ ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠭᠦᠢ᠍ᠴᠡᠳᠬᠡᠬᠦ ᠵᠢ ᠲᠦᠷᠭᠡᠳᠬᠡᠵᠦ᠂ ᠡᠯ᠎ᠡ ᠵᠦᠢ᠍ᠯ᠎ᠤᠨ ᠢᠨᠵᠧᠨᠧᠷᠢᠩ᠎ᠢ ᠴᠠᠭ ᠲᠤᠬᠠᠢᠳᠤᠨᠢ ᠤᠷᠤᠭᠰᠢᠲᠠᠢ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠨ᠎ᠠ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠢ᠌ᠭ᠋ᠠᠯᠢ ᠵᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠷ ᠬᠠᠷᠢᠭᠤᠴᠠᠨ᠎ᠠ)
(ᠠᠷᠪᠠᠨ ᠨᠠᠢ᠍ᠮᠠ) ᠦᠨᠡᠯᠡᠨ ᠵᠢᠱ᠌ᠢᠵᠦ ᠰᠢᠮᠳᠠᠭᠤᠯᠤᠨ ᠵᠢᠯᠤᠭᠣᠳᠬᠤ ᠵᠢ ᠴᠢᠩᠭ᠋ᠠᠷᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠦᠨᠡᠯᠡᠨ ᠵᠢᠱ᠌ᠢᠬᠦ ᠲᠣᠭᠲᠠᠴᠠ ᠪᠠ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠥᠪᠡᠷ᠎ᠢ᠎ᠪᠠᠨ ᠦᠨᠡᠯᠡᠬᠦ᠂ ᠭᠤᠷᠪᠠᠳᠠᠭᠢ ᠡᠲᠡᠭᠡᠳ᠎ᠠᠴᠠ ᠦᠨᠡᠯᠡᠨ ᠵᠢᠱ᠌ᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠯ᠎ᠡ ᠭᠠᠵᠠᠷ ᠣᠷᠣᠨ᠎ᠤ ᠠᠵᠢᠯ ᠵᠶ᠋ᠠᠨ ᠥᠷᠨᠢᠭᠦᠯᠦᠭᠰᠡᠨ ᠪᠠᠢ᠌ᠳᠠᠯ᠎ᠳᠤ ᠴᠠᠭᠲᠤᠨᠢ ᠲᠣᠬᠢᠷᠠᠭᠤᠯᠤᠨ ᠦᠨᠡᠯᠡᠨ ᠵᠢᠱ᠌ᠢᠯᠲᠡ ᠬᠢᠬᠦ ᠬᠡᠷᠡᠭᠲᠡᠢ᠃ ᠬᠣᠲᠠ ᠪᠠᠯᠭ᠋ᠠᠰᠤ ᠵᠢᠨ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ᠎ᠳᠤ ᠳᠤᠲᠠᠭᠤᠳᠠᠯ ᠪᠠᠭᠤᠷᠠᠢ ᠲᠠᠯ᠎ᠠ ᠣᠷᠣᠰᠢᠵᠤ ᠪᠠᠢ᠌ᠭ᠎ᠠ ᠭᠠᠵᠠᠷ ᠣᠷᠣᠨ᠎ᠢ ᠵᠢᠯᠣᠭᠣᠳᠤᠨ ᠰᠢᠮᠳᠠᠭᠤᠯᠬᠤ᠎ᠪᠠᠨ ᠴᠢᠩᠭ᠋ᠠᠳᠬᠠᠵᠤ᠂ ᠣᠷᠴᠢᠨ ᠲᠣᠭᠣᠷᠢᠨ᠎ᠤ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ᠂ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ