ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ 2023 ᠣᠨ᠎ᠤ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ ᠵᠢ ᠰᠠᠢ᠌ᠲᠤᠷ ᠬᠢᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-09-07
ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠺᠣᠮᠢᠰ᠎ᠤᠨ ᠠᠯᠪᠠᠨ ᠭᠡᠷ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠎ᠳᠤ᠄
ᠣᠢ᠌ᠷ᠎ᠠ ᠵᠢᠨ ᠵᠢᠯ᠎ᠠᠴᠠ ᠨᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠪᠠ ᠨᠡᠢ᠌ᠭᠡᠮ᠎ᠤᠨ ᠡᠯ᠎ᠡ ᠡᠲᠡᠭᠡᠳ᠎ᠤᠨ ᠬᠠᠢ᠌ᠷ᠎ᠠ ᠬᠠᠯᠠᠮᠵᠢ᠎ᠲᠠᠢ ᠬᠥᠮᠥᠰ᠎ᠤᠨ ᠬᠦᠴᠦᠲᠡᠢ ᠳᠡᠮᠵᠢᠯᠭᠡ ᠪᠠ ᠢᠳᠡᠪᠬᠢᠲᠡᠢ ᠣᠷᠤᠯᠴᠠᠯᠭ᠎ᠠ᠎ᠪᠠᠷ᠂ ᠮᠠᠨ᠎ᠤ ᠬᠣᠲᠠ ᠵᠢᠨ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠪᠠ᠃ 2022 ᠣᠨ᠎ᠳᠤ᠂ ᠪᠥᠬᠥ ᠬᠣᠲᠠ ᠵᠢᠨ ᠡᠯ᠎ᠡ ᠱᠠᠲᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ ᠨᠡᠶ᠋ᠢᠲᠡ 913 ᠲᠦᠮᠡᠨ ᠲᠥᠭᠥᠷᠢᠭ᠎ᠤᠨ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠪᠤᠶᠠᠨ᠎ᠤ ᠮᠥᠩᠭᠥ ᠴᠤᠭᠯᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ᠂ ᠨᠡᠢ᠌ᠭᠡᠮ᠎ᠤᠨ ᠡᠶ᠎ᠡ ᠵᠣᠬᠢᠴᠠᠯ᠎ᠲᠠᠢ ᠲᠣᠭᠲᠠᠭᠤᠨ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ ᠢᠳᠡᠪᠬᠢᠲᠡᠢ ᠦᠢ᠍ᠯᠡᠳᠦᠯ ᠦᠵᠡᠭᠦᠯᠪᠡ᠃ 2023 ᠣᠨ ᠤ 《 ᠲᠦᠭᠡᠮᠡᠯ ᠬᠠᠢ᠌ᠷ᠎ᠠ ᠵᠢᠨ ᠨᠢᠭᠡ ᠡᠳᠦᠷ ᠤᠨ ᠬᠠᠨᠳᠢᠪᠯᠡᠯ》᠎ᠤᠨ ᠠᠵᠢᠯᠯᠠᠭ᠎ᠠ ᠵᠢ ᠦᠨᠡᠨ ᠬᠦ᠌ ᠰᠠᠢ᠌ᠲᠤᠷ ᠬᠢᠬᠦ ᠵᠢᠨ ᠲᠥᠯᠥᠭᠡ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ ᠵᠢ ᠢᠳᠡᠪᠬᠢᠲᠡᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ ᠪᠣᠯ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠤᠨ ᠵᠣᠬᠢᠶᠠᠨ ᠪᠠᠢ᠌ᠭᠤᠯᠵᠤ ᠥᠷᠨᠢᠭᠦᠯᠦᠭᠰᠡᠨ ᠨᠡᠶ᠋ᠢᠲᠡ ᠵᠢᠨ ᠠᠰᠠᠷᠠᠮᠵᠢ ᠵᠢᠨ ᠬᠠᠨᠳᠢᠪ ᠴᠤᠭᠯᠠᠭᠤᠯᠬᠤ ᠠᠵᠢᠯᠯᠠᠭ᠎ᠠ ᠪᠣᠯᠬᠤ ᠪᠥᠭᠡᠳ ᠪᠠᠰᠠ ᠴᠤ᠌ ᠨᠢᠭᠡ ᠵᠦᠢ᠍ᠯ᠎ᠤᠨ ᠬᠦᠴᠢᠷᠳᠡᠯᠲᠡᠢ ᠣᠯᠠᠨ ᠲᠦᠮᠡᠨ᠎ᠢ ᠬᠠᠯᠠᠮᠵᠢᠯᠠᠵᠤ᠂ ᠬᠥᠮᠥᠨᠯᠢᠭ ᠠᠪᠤᠷᠠᠨ ᠲᠤᠰᠠᠯᠠᠬᠤ ᠠᠵᠢᠯ᠎ᠢ ᠥᠷᠨᠢᠭᠦᠯᠬᠦ ᠨᠡᠢ᠌ᠭᠡᠮ᠎ᠤᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠪᠣᠯᠣᠨ᠎ᠠ᠃ ᠠᠵᠢᠯᠯᠠᠭ᠎ᠠ ᠵᠢᠨ ᠭᠣᠣᠯ ᠰᠡᠳᠦᠪ ᠪᠣᠯ ᠪᠦᠬᠦ ᠣᠷᠣᠨ᠎ᠤ ᠡᠯ᠎ᠡ ᠱᠠᠲᠤᠨ᠎ᠤ ᠪᠠᠢ᠌ᠭᠤᠯᠤᠯᠭ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠂ ᠰᠠᠭᠤᠭ᠎ᠠ ᠴᠡᠷᠢᠭ ᠠᠩᠭᠢ᠂ ᠬᠤᠪᠢ ᠵᠢᠨ ᠡᠵᠡᠩᠨᠡᠯᠲᠡ ᠵᠢᠨ ᠠᠵᠤ ᠠᠬᠤᠢ᠌ᠯᠠᠯ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠪᠣᠯᠣᠨ ᠬᠤᠪᠢ ᠬᠥᠮᠥᠨ᠎ᠢ ᠤᠷᠢᠶᠠᠯᠠᠨ ᠢᠳᠡᠪᠬᠢᠲᠡᠢ᠎ᠪᠠᠷ ᠣᠷᠣᠯᠴᠠᠭᠤᠯᠵᠤ᠂ ᠠᠵᠢᠯᠲᠠᠨ ᠠᠵᠢᠯᠴᠢᠨ ᠬᠤᠪᠢ ᠬᠥᠮᠥᠨ ᠨᠢᠭᠡ ᠡᠳᠦᠷ᠎ᠤᠨ ᠣᠷᠣᠯᠭ᠎ᠠ᠎ᠪᠠᠨ ᠬᠠᠨᠳᠢᠪᠯᠡᠵᠤ᠂ ᠠᠵᠤ ᠠᠬᠤᠢ᠌ᠯᠠᠯ ᠨᠢᠭᠡ ᠡᠳᠦᠷ᠎ᠤᠨ ᠠᠰᠢᠭ ᠣᠯᠵᠠᠪᠤᠷᠢ᠎ᠪᠠᠨ ᠬᠠᠨᠳᠢᠪᠯᠡᠵᠤ᠂ ᠪᠡᠯᠡ ᠮᠥᠩᠭᠥ ᠬᠠᠨᠳᠢᠪᠯᠡᠵᠤ ᠬᠥᠮᠥᠯᠢᠭ ᠦᠵᠡᠯ᠎ᠤᠨ ᠠᠪᠤᠷᠠᠨ ᠲᠤᠰᠠᠯᠠᠬᠤ ᠠᠵᠢᠯᠯᠠᠭ᠎ᠠ ᠥᠷᠨᠢᠭᠦᠯᠬᠦ᠎ᠳᠤ ᠬᠡᠷᠡᠭᠯᠡᠨ᠎ᠡ᠃ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ᠎ᠨᠢ ᠨᠡᠢ᠌ᠭᠡᠮ᠎ᠤᠨ ᠬᠦᠴᠦᠨ᠎ᠢ ᠥᠷᠭᠡᠨ ᠵᠶ᠋ᠡᠷ ᠳᠠᠢ᠌ᠴᠢᠯᠠᠬᠤ᠂ ᠨᠡᠢ᠌ᠭᠡᠮ᠎ᠤᠨ ᠠᠪᠤᠷᠠᠨ ᠲᠤᠰᠠᠯᠠᠬᠤ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠬᠦ᠂ ᠬᠥᠮᠥᠯᠢᠭ ᠦᠵᠡᠯ᠎ᠤᠨ ᠠᠪᠤᠷᠠᠨ ᠲᠤᠰᠠᠯᠠᠯᠲᠠ᠎ᠳᠤ ᠬᠠᠮᠲᠤ᠎ᠪᠠᠷ ᠣᠷᠣᠯᠴᠠᠬᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠨᠥᠬᠥᠪᠦᠷᠢᠯᠡᠬᠦ᠂ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠬᠡᠷᠡᠭᠴᠡᠭᠡ ᠵᠢ ᠰᠢᠢ᠍ᠳᠪᠦᠷᠢᠯᠡᠬᠦ᠂ ᠨᠡᠢ᠌ᠭᠡᠮ ᠵᠢᠷᠤᠮ᠎ᠤᠨ ᠭᠣᠣᠯᠯᠠᠬᠤ ᠥᠷᠲᠡᠭ᠎ᠤᠨ ᠦᠵᠡᠯᠲᠡ ᠵᠢ ᠪᠣᠢ᠌ᠵᠢᠭᠤᠯᠤᠨ ᠦᠢ᠍ᠯᠡᠳᠦᠯᠭᠡᠵᠢᠭᠦᠯᠬᠦ ᠳᠤ ᠴᠢᠬᠤᠯᠠ ᠠᠴᠢ ᠬᠣᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠨᠦᠭᠦᠳ ᠲᠣᠰ ᠠᠵᠢᠯᠯᠠᠭ᠎ᠠ ᠵᠢᠨ ᠴᠢᠬᠤᠯᠠ ᠶᠡᠬᠡ ᠠᠴᠢ ᠬᠣᠯᠪᠣᠭᠳᠠᠯ ᠢ ᠭᠦᠢ᠍ᠴᠡᠳ ᠲᠠᠨᠢᠵᠤ᠂ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠵᠣᠭᠣᠰ ᠴᠤᠭᠯᠠᠭᠤᠯᠬᠤ ᠠᠵᠢᠯ᠎ᠢ ᠪᠠᠢ᠌ᠭᠤᠯᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠴᠢᠬᠤᠯᠠ ᠠᠭᠤᠯᠭ᠎ᠠ ᠪᠣᠯᠭ᠋ᠠᠵᠤ᠂ ᠵᠣᠭᠣᠰ ᠬᠠᠨᠳᠢᠪᠯᠡᠬᠤ ᠬᠡᠪᠴᠢᠶ᠎ᠡ ᠵᠢ ᠡᠯ᠎ᠡ ᠨᠢᠭᠡᠴᠡ ᠵᠢᠨ ᠬᠣᠶᠠᠳᠤᠭ᠋ᠠᠷ ᠳᠡᠰ᠎ᠤᠨ ᠨᠢᠭᠡᠴᠡ᠎ᠳᠤ ᠬᠦᠷᠲᠡᠯ᠎ᠡ ᠬᠠᠮᠤᠷᠬᠤ ᠬᠡᠷᠡᠭᠲᠡᠢ᠃
ᠬᠣᠶᠠᠷ᠂ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢ ᠴᠢᠩᠭ᠋ᠠᠳᠬᠠᠵᠤ᠂ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠭᠦᠨ ᠵᠤᠵᠠᠭ᠋ᠠᠨ ᠠᠭᠤᠷ ᠠᠮᠢᠰᠬᠤᠯ᠎ᠢ ᠭᠦᠢ᠍ᠴᠡᠳ ᠪᠣᠶ ᠪᠣᠯᠭ᠋ᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ᠎ᠨᠦᠭᠦᠳ ᠬᠥᠮᠥᠨ ᠪᠦᠬᠦᠨ ᠨᠡᠶ᠋ᠢᠲᠡ ᠵᠢᠨ ᠠᠰᠠᠷᠠᠮᠵᠢ᠎ᠳᠤ ᠣᠷᠣᠯᠴᠠᠬᠤ᠂ ᠬᠥᠮᠥᠨ ᠪᠦᠬᠦᠨ ᠬᠠᠢ᠌ᠷ᠎ᠠ᠎ᠪᠠᠨ ᠡᠷᠭᠦᠬᠦ ᠨᠡᠶ᠋ᠢᠲᠡ ᠵᠢᠨ ᠠᠰᠠᠷᠠᠮᠵᠢ ᠵᠢᠨ ᠣᠨᠣᠯᠵᠢᠬᠤᠨ᠎ᠢ ᠶᠡᠬᠡᠪᠡᠷ ᠰᠠᠨᠠᠭ᠋ᠠᠴᠢᠯᠠᠵᠤ᠂ ᠠᠭᠤᠯᠭ᠎ᠠ᠎ᠪᠠᠷ ᠪᠠᠶᠠᠯᠢᠭ᠂ ᠬᠡᠯᠪᠡᠷᠢ ᠮᠠᠶᠢᠭ ᠵᠶ᠋ᠠᠷ ᠣᠯᠠᠨ ᠶᠠᠩᠵᠤ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ ᠵᠢᠨ ᠴᠢᠬᠤᠯᠠ ᠠᠴᠢ ᠬᠣᠯᠪᠣᠭᠳᠠᠯ ᠪᠠ ᠦᠢ᠍ᠯᠡᠳᠦᠯ᠎ᠢ ᠶᠡᠬᠡᠪᠡᠷ ᠤᠬᠠᠭᠤᠯᠵᠤ᠂ ᠠᠵᠢᠯᠯᠠᠭ᠎ᠠ ᠵᠢᠨ ᠣᠢ᠌ᠯᠠᠭ᠋ᠠᠬᠤ ᠨᠣᠷᠮ᠎ᠠ᠂ ᠮᠡᠳᠡᠷᠡᠬᠦ ᠨᠣᠷᠮ᠎ᠠ ᠪᠠ ᠣᠷᠣᠯᠴᠠᠬᠤ ᠨᠣᠷᠮ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ ᠵᠢᠨ ᠳᠤᠮᠳᠠ ᠴᠣᠯᠭᠣᠷᠠᠨ ᠭᠠᠷᠤᠭᠰᠠᠨ ᠲᠡᠷᠢᠭᠦᠨ᠎ᠤ ᠬᠠᠮᠲᠤ ᠪᠠ ᠬᠤᠪᠢ ᠬᠥᠮᠥᠨ᠎ᠢ ᠲᠥᠪᠯᠡᠷᠡᠭᠦᠯᠦᠨ ᠤᠬᠠᠭᠤᠯᠤᠨ ᠮᠡᠳᠡᠭᠡᠯᠡᠵᠦ᠂ ᠬᠠᠢ᠌ᠷ᠎ᠠ᠎ᠪᠠᠨ ᠡᠷᠭᠦᠬᠦ ᠦᠢᠯᠡ ᠠᠵᠢᠯᠯᠠᠭ᠎ᠠ ᠵᠢ ᠮᠠᠭᠲᠠᠨ ᠰᠠᠢ᠌ᠰᠢᠶᠠᠵᠤ᠂ ᠨᠡᠢ᠌ᠭᠡᠮ᠎ᠤᠨ ᠪᠣᠯᠪᠠᠰᠤᠨ᠎ᠤ ᠬᠡᠪ ᠰᠤᠷᠲᠠᠯ᠎ᠢ ᠬᠥᠲᠥᠯᠥᠨ ᠵᠢᠯᠤᠭᠣᠳᠴᠤ᠂ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ ᠵᠢ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠲᠣᠰ ᠨᠢᠭᠡᠴᠡ ᠵᠢᠨ ᠵᠶ᠋ᠡᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠨᠡᠶ᠋ᠢᠲᠡ ᠵᠢᠨ ᠠᠰᠠᠷᠠᠮᠵᠢ ᠵᠢᠨ ᠠᠴᠢᠶᠠᠯᠠᠪᠤᠷᠢ ᠪᠣᠯᠭ᠋ᠠᠬᠤ ᠬᠡᠷᠡᠭᠲᠡᠢ᠃
ᠭᠤᠷᠪᠠ᠂ ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠴᠢᠩᠭ᠋ᠠᠷᠠᠭᠤᠯᠵᠤ᠂ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠪᠡᠯᠡ ᠮᠥᠩᠭᠥ ᠵᠢ ᠰᠠᠢ᠌ᠲᠤᠷ ᠬᠠᠮᠢᠶᠠᠷᠴᠤ ᠰᠠᠢ᠌ᠲᠤᠷ ᠬᠡᠷᠡᠭᠯᠡᠨ᠎ᠡ᠃ ᠡᠯ᠎ᠡ ᠱᠠᠲᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠤᠳ ᠬᠠᠷᠢᠭᠤᠴᠠᠯᠭ᠎ᠠ ᠵᠢᠨ ᠦᠵᠡᠯ ᠤᠬᠠᠮᠰᠠᠷ᠂ ᠦᠢ᠍ᠯᠡᠴᠢᠯᠡᠭᠡᠨ᠎ᠤ ᠦᠵᠡᠯ ᠤᠬᠠᠮᠰᠠᠷ ᠵᠶ᠋ᠠᠨ ᠦᠨᠡᠨᠬᠦ ᠴᠢᠩᠭ᠋ᠠᠷᠠᠭᠤᠯᠵᠤ᠂ ᠥᠪᠡᠷ᠎ᠢ᠎ᠪᠠᠨ ᠱᠠᠭ᠋ᠠᠷᠳᠠᠬᠤ ᠲᠣᠭᠲᠠᠴᠠ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠪᠤᠶᠠᠨ᠎ᠤ ᠮᠥᠩᠭᠥ ᠵᠢ ᠭᠥᠯᠢᠶᠡᠨ ᠠᠪᠬᠤ᠂ ᠬᠠᠮᠢᠶᠠᠷᠬᠤ ᠪᠠ ᠬᠡᠷᠡᠭᠯᠡᠬᠦ ᠠᠵᠢᠯ᠎ᠢ ᠴᠢᠩᠭ᠎ᠠ ᠨᠢᠮᠪᠠᠢ᠂ ᠵᠢᠷᠤᠮᠵᠢᠯ᠎ᠲᠠᠢ᠂ ᠥᠨᠳᠥᠷ ᠦᠷ᠎ᠡ ᠪᠦᠲᠦᠮᠵᠢᠲᠡᠶ᠎ᠪᠠᠷ ᠰᠠᠢ᠌ᠲᠤᠷ ᠬᠢᠬᠦ ᠬᠡᠷᠡᠭᠲᠡᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ》᠎ᠤᠨ ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪ᠎ᠤᠨ 《ᠬᠠᠨᠳᠢᠪᠯᠡᠭ᠍ᠰᠠᠨ ᠵᠣᠭᠣᠰ᠎ᠢ ᠭᠥᠯᠢᠶᠡᠨ ᠠᠪᠴᠤ ᠬᠠᠮᠢᠶᠠᠷᠴᠤ ᠬᠡᠷᠡᠭᠯᠡᠬᠦ ᠠᠷᠭ᠎ᠠ》 ᠵᠢ ᠴᠢᠩᠭ᠎ᠠ ᠬᠡᠷᠡᠭᠵᠢᠭᠦᠯᠵᠦ᠂ ᠬᠠᠨᠳᠢᠪ ᠴᠤᠭᠯᠠᠭᠤᠯᠬᠤ ᠪᠡᠯᠡ ᠮᠥᠩᠭᠥ ᠵᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠬᠢᠷᠠᠭᠤᠯᠤᠨ ᠬᠡᠷᠡᠭᠯᠡᠵᠦ᠂ ᠡᠯ᠎ᠡ ᠵᠦᠢ᠍ᠯ᠎ᠤᠨ ᠬᠥᠮᠥᠨᠯᠢᠭ ᠠᠪᠤᠷᠠᠨ ᠲᠤᠰᠠᠯᠠᠬᠤ ᠲᠥᠷᠥᠯ ᠵᠦᠢ᠍ᠯ ᠪᠠ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠰᠠᠢ᠌ᠲᠤᠷ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠬᠠᠮᠤᠭ ᠠᠴᠠ ᠢᠯᠡᠭᠦᠦ ᠠᠪᠤᠷᠠᠨ ᠲᠤᠰᠠᠯᠠᠬᠤ ᠴᠢᠬᠤᠯᠠᠲᠠᠢ ᠬᠦᠴᠢᠷᠳᠡᠯᠲᠡᠢ ᠣᠯᠠᠨ ᠲᠦᠮᠡᠨ᠎ᠢ ᠠᠪᠤᠷᠠᠨ ᠲᠤᠰᠠᠯᠠᠬᠤ ᠵᠢ ᠦᠨᠡᠨᠬᠦ ᠪᠠᠲᠤᠯᠠᠵᠤ᠂ ᠪᠤᠶᠠᠨ᠎ᠤ ᠮᠥᠩᠭᠥ ᠨᠢᠭᠡᠪᠦᠷᠢ ᠵᠢ ᠰᠠᠢ᠌ᠲᠤᠷ ᠬᠠᠮᠢᠶᠠᠷᠴᠤ ᠰᠠᠢ᠌ᠲᠤᠷ ᠬᠡᠷᠡᠭᠯᠡᠬᠦ ᠵᠢ ᠦᠨᠡᠨᠬᠦ ᠪᠠᠲᠤᠯᠠᠵᠤ᠂ ᠬᠠᠮᠤᠭ᠎ᠤᠨ ᠶᠡᠬᠡ ᠨᠡᠢ᠌ᠭᠡᠮ᠎ᠤᠨ ᠦᠷ᠎ᠡ ᠠᠰᠢᠭ᠎ᠢ ᠪᠠᠳᠠᠷᠠᠭᠤᠯᠬᠤ ᠬᠡᠷᠡᠭᠲᠡᠢ᠃ ᠮᠡᠳᠡᠭᠡ ᠵᠠᠩᠭᠢ ᠵᠢ ᠢᠯᠡ ᠪᠣᠯᠭ᠋ᠠᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠲᠧᠯᠸᠢᠰ᠂ ᠰᠣᠨᠢᠨ᠂ ᠰᠦᠯᠵᠢᠶᠡᠨ ᠥᠷᠲᠡᠭᠡ ᠵᠡᠷᠭᠡ ᠵᠠᠭᠤᠴᠢᠯᠠᠭᠤᠷ ᠵᠶ᠋ᠠᠷ ᠳᠠᠮᠵᠢᠭᠤᠯᠤᠨ᠂ ᠪᠤᠶᠠᠨ᠎ᠤ ᠮᠥᠩᠭᠥ ᠵᠢ ᠭᠥᠯᠢᠶᠡᠨ ᠠᠪᠤᠭᠰᠠᠨ᠂ ᠬᠠᠮᠢᠶᠠᠷᠤᠭᠰᠠᠨ ᠪᠠ ᠬᠡᠷᠡᠭᠯᠡᠭᠰᠡᠨ ᠪᠠᠢ᠌ᠳᠠᠯ᠎ᠢ ᠨᠡᠢ᠌ᠭᠡᠮ᠎ᠳᠤ ᠴᠠᠭ ᠲᠤᠬᠠᠢᠳᠤᠨᠢ᠂ ᠣᠨᠣᠪᠴᠢᠲᠠᠶ ᠨᠡᠢ᠌ᠲᠡᠯᠡᠵᠦ᠂ ᠬᠠᠨᠳᠢᠪᠯᠠᠭᠰᠠᠳ᠎ᠢ ᠰᠠᠨᠠᠭ᠎ᠠ ᠠᠮᠤᠷ ᠪᠠᠢ᠌ᠯᠭ᠋ᠠᠵᠤ᠂ ᠲᠤᠰᠠᠯᠠᠭᠰᠠᠳᠢ ᠬᠠᠨᠤᠮᠵᠢᠲᠠᠶ ᠪᠠᠢ᠌ᠯᠭ᠋ᠠᠬᠤ ᠬᠡᠷᠡᠭᠲᠡᠢ᠃ ᠡᠯ᠎ᠡ ᠬᠣᠰᠢᠭᠤ ᠰᠢᠶᠠᠨ ᠲᠣᠭᠣᠷᠢᠭ᠎ᠤᠨ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠤᠨ ᠬᠢᠨᠠᠭᠴᠢᠳ᠎ᠤᠨ ᠵᠥᠪᠯᠡᠯ᠎ᠤᠨ ᠳᠣᠲᠣᠭ᠋ᠠᠳᠤ ᠵᠢᠨ ᠬᠢᠨᠠᠯᠲᠠ ᠲᠠᠯᠪᠢᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠪᠡᠯᠡ ᠮᠥᠩᠭᠥ ᠵᠢᠨ ᠣᠨ᠎ᠤ ᠬᠢᠨᠠᠨ ᠪᠤᠳᠤᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠡᠯ᠎ᠡ ᠲᠠᠯ᠎ᠠ ᠵᠢᠨ᠎ᠬᠢᠨ᠎ᠤ ᠬᠢᠨᠠᠯᠲᠠ ᠲᠠᠯᠪᠢᠯᠲᠠ ᠵᠢ ᠰᠠᠨᠠᠭ᠋ᠠᠴᠢᠯᠠᠭ᠎ᠠ ᠠᠴᠠ᠎ᠪᠠᠨ ᠬᠦᠯᠢᠶᠡᠵᠦ᠂ ᠪᠡᠯᠡ ᠮᠥᠩᠭᠥ ᠵᠢᠨ ᠠᠵᠢᠯᠯᠠᠭ᠋ᠠᠨ᠎ᠤ ᠠᠮᠤᠷ ᠲᠦᠪᠰᠢᠨ ᠪᠥᠭᠡᠳ ᠪᠦᠲᠦᠮᠵᠢᠲᠡᠶ ᠪᠠᠢ᠌ᠬᠤ ᠵᠢ ᠪᠠᠲᠤᠯᠠᠨ᠎ᠠ᠃
2023 ᠣᠨ᠎ᠤ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ 8 ᠰᠠᠷ᠎ᠠ ᠵᠢᠨ ᠰᠡᠭᠦᠯᠴᠢ᠎ᠪᠠᠷ ᠳᠠᠭᠤᠰᠤᠨ᠎ᠠ᠃ ᠨᠢᠭᠡᠳᠦᠯᠲᠡᠢ ᠪᠠᠢ᠌ᠷᠢᠯᠠᠭᠤᠯᠬᠤ᠂ ᠱᠠᠲᠤ ᠬᠤᠪᠢᠶᠠᠨ ᠵᠣᠬᠢᠶᠠᠨ ᠪᠠᠢ᠌ᠭᠤᠯᠤᠨ ᠬᠡᠷᠡᠭᠵᠢᠭᠦᠯᠬᠦ᠂ ᠱᠠᠲᠤ ᠬᠤᠪᠢᠶᠠᠨ ᠬᠠᠮᠢᠶᠠᠷᠬᠤ ᠵᠠᠷᠴᠢᠮ ᠶᠣᠰᠣᠭ᠋ᠠᠷ᠂ 《ᠲᠦᠭᠡᠮᠡᠯ ᠬᠠᠢ᠌ᠷ᠎ᠠ ᠵᠢᠨ ᠨᠢᠭᠡ ᠡᠳᠦᠷ᠎ᠤᠨ ᠬᠠᠨᠳᠢᠪᠯᠡᠯ》᠎ᠤᠨ ᠴᠤᠭᠯᠠᠭᠤᠯᠤᠭᠰᠠᠨ ᠪᠡᠯᠡ ᠮᠥᠩᠭᠥ ᠵᠢ ᠲᠣᠰ ᠱᠠᠲᠤᠨ᠎ᠤ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠲᠤ ᠲᠣᠰ ᠲᠣᠰ ᠲᠤᠰᠢᠶᠠᠵᠤ ᠨᠢᠭᠡᠳᠦᠯᠲᠡᠢ ᠲᠥᠯᠥᠪᠯᠡᠨ ᠲᠣᠬᠢᠷᠠᠭᠤᠯᠤᠨ ᠬᠡᠷᠡᠭᠯᠡᠭᠦᠯᠵᠦ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ᠎ᠨᠦᠭᠦᠳ ᠦᠯᠡᠳᠡᠭᠡᠨ ᠠᠪᠴᠤ ᠪᠣᠯᠬᠤ ᠦᠭᠡᠢ᠃ᠬᠣᠲᠠ ᠵᠢᠨ ᠡᠯ᠎ᠡ ᠰᠠᠯᠠᠭ᠎ᠠ ᠮᠥᠴᠢᠷ᠂ ᠨᠢᠭᠡᠴᠡ᠂ ᠰᠠᠭᠤᠭ᠎ᠠ ᠴᠡᠷᠢᠭ ᠠᠩᠭᠢ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠂ ᠬᠣᠲᠠ᠎ᠳᠤ ᠰᠠᠭᠤᠭ᠎ᠠ ᠡᠯ᠎ᠡ ᠨᠢᠭᠡᠴᠡ᠎ᠨᠦᠭᠦᠳ ᠬᠠᠨᠳᠢᠪᠯᠡᠭ᠍ᠰᠠᠨ ᠵᠣᠭᠣᠰ ᠵᠶ᠋ᠠᠨ ᠪᠠᠩᠬᠢ᠎ᠪᠠᠷ ᠳᠠᠮᠵᠢᠭᠤᠯᠤᠨ ᠲᠠᠩᠰᠠ ᠰᠢᠯᠵᠢᠭᠦᠯᠬᠦ᠂ ᠸᠢᠴᠠᠲ ᠪᠤᠶᠤ ᠪᠡᠯᠡᠨ ᠵᠣᠭᠣᠰ ᠵᠶ᠋ᠠᠨ ᠪᠠᠶᠠᠨᠨᠠᠭᠤᠷ ᠬᠣᠲᠠ ᠵᠢᠨ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠲᠤ ᠰᠢᠭᠤᠳ ᠲᠤᠰᠢᠶᠠᠵᠤ ᠪᠣᠯᠣᠨ᠎ᠠ᠃
ᠬᠠᠷᠢᠯᠴᠠᠬᠤ ᠬᠥᠮᠥᠨ᠄ ᠯᠢᠦ ᠵᠢᠶᠠ ᠯᠢ᠂ ᠮᠣᠣ ᠶᠠᠨ᠂ ᠸᠠᠩ ᠰᠢᠨ
ᠬᠠᠷᠢᠯᠴᠠᠬᠤ ᠤᠲᠠᠰᠤ᠄ 8927329 8279876
ᠡᠷᠦᠬᠡ ᠨᠡᠭᠡᠭᠡᠭᠰᠡᠨ ᠨᠡᠷ᠎ᠡ᠄ ᠪᠠᠶᠠᠨᠨᠠᠭᠤᠷ ᠬᠣᠲᠠ ᠵᠢᠨ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ
ᠲᠠᠩᠰᠠ ᠨᠡᠭᠡᠭᠡᠭᠰᠡᠨ ᠪᠠᠩᠬᠢ᠄ ᠳᠤᠮᠳᠠᠳᠤ ᠤᠯᠤᠰ᠎ᠤᠨ ᠰᠢᠤᠳᠠᠨ᠎ᠤ ᠬᠠᠳᠠᠭ᠋ᠠᠯᠠᠮᠵᠢ ᠵᠢᠨ ᠪᠠᠩᠬᠢ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠢᠨ ᠪᠠᠶᠠᠨᠨᠠᠭᠤᠷ ᠬᠣᠲᠠ ᠵᠢᠨ ᠬᠤᠪᠢᠶᠠᠷᠢ ᠪᠠᠩᠬᠢ ᠵᠢᠨ ᠡᠵᠡᠩᠨᠡᠯᠲᠡ ᠵᠢᠨ ᠬᠡᠯᠲᠡᠰ
ᠳᠠᠩᠰᠠᠨ ᠨᠣᠮᠧᠷ᠄ 100084141350010001
ᠪᠠᠩᠬᠢ ᠵᠢᠨ ᠳ᠋ᠤᠭ᠋ᠠᠷ᠄ 403207000178
ᠵᠣᠭᠣᠰ ᠴᠤᠭᠯᠠᠭᠤᠯᠬᠤ ᠬᠠᠶᠢᠭ᠄ ᠯᠢᠨ ᠾᠧ ᠲᠣᠭᠣᠷᠢᠭ᠎ᠤᠨ ᠰᠢᠨ ᠬᠤᠸᠠ ᠪᠠᠷᠠᠭᠤᠨ ᠵᠡᠭᠡᠯᠢ ᠵᠢᠨ ᠬᠥᠭᠵᠢᠯᠲᠡ ᠵᠢᠨ ᠶᠡᠬᠡ ᠠᠰᠠᠷ᠎ᠤᠨ 16 ᠳ᠋ᠤᠭ᠋ᠠᠷ ᠠᠰᠠᠷ᠎ᠤᠨ 1601 ᠲᠠᠰᠤᠭ᠃
2023 ᠣᠨ᠎ᠤ 5 ᠰᠠᠷ᠎ᠠ ᠵᠢᠨ 18᠎ᠤ ᠡᠳᠦᠷ
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ