ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠪᠥᠬᠥ ᠬᠣᠲᠠ ᠵᠢᠨ 《ᠬᠡᠮᠵᠢᠯᠲᠡ ᠵᠢᠨ ᠬᠥᠭᠵᠢᠯᠲᠡ ᠵᠢᠨ ᠲᠥᠯᠦᠪᠵᠢᠭᠦᠯᠭᠡ (2021 ᠠᠴᠠ 2035 ᠣᠨ)》 ᠵᠢ ᠬᠡᠷᠡᠭᠵᠢᠭᠦᠯᠬᠦ ᠠᠵᠢᠯ᠎ᠤᠨ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-09-07
ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠺᠣᠮᠢᠰ᠎ᠤᠨ ᠠᠯᠪᠠᠨ ᠭᠡᠷ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ᠎ᠳᠤ᠄
《ᠪᠠᠶᠠᠨᠨᠠᠭᠤᠷ ᠬᠣᠲᠠ ᠵᠢᠨ 〈ᠬᠡᠮᠵᠢᠯᠲᠡ ᠵᠢᠨ ᠬᠥᠭᠵᠢᠯᠲᠡ ᠵᠢᠨ ᠲᠥᠯᠦᠪᠵᠢᠭᠦᠯᠭᠡ (2021 ᠠᠴᠠ 2035 ᠣᠨ)〉 ᠵᠢ ᠬᠡᠷᠡᠭᠵᠢᠭᠦᠯᠬᠦ ᠠᠵᠢᠯ᠎ᠤᠨ ᠲᠥᠰᠥᠯ》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠤᠱᠯᠠᠭᠤᠯᠤᠨ ᠨᠠᠢ᠌ᠳᠠᠪᠤᠷᠢᠵᠢᠭᠤᠯᠲᠤᠭ᠋ᠠᠢ᠃
2023 ᠣᠨ᠎ᠤ 5 ᠰᠠᠷ᠎ᠠ ᠵᠢᠨ 9᠎ᠤ ᠡᠳᠦᠷ
(ᠲᠣᠰ ᠮᠠᠲ᠋ᠧᠷᠢᠶᠠᠯ᠎ᠢ ᠢᠯᠡ᠎ᠪᠠᠷ ᠨᠡᠢ᠌ᠲᠡᠯᠡᠪᠡ)
ᠪᠠᠶᠠᠨᠨᠠᠭᠤᠷ ᠬᠣᠲᠠ 《ᠬᠡᠮᠵᠢᠯᠲᠡ ᠵᠢᠨ ᠬᠥᠭᠵᠢᠯᠲᠡ ᠵᠢᠨ ᠲᠥᠯᠦᠪᠵᠢᠭᠦᠯᠭᠡ (2021 ᠠᠴᠠ 2035 ᠣᠨ)》 ᠵᠢ ᠬᠡᠷᠡᠭᠵᠢᠭᠦᠯᠬᠦ ᠠᠵᠢᠯ᠎ᠤᠨ ᠲᠥᠰᠥᠯ
《ᠬᠡᠮᠵᠢᠯᠲᠡ ᠵᠢᠨ ᠬᠥᠭᠵᠢᠯᠲᠡ ᠵᠢᠨ ᠲᠥᠯᠦᠪᠵᠢᠭᠦᠯᠭᠡ (2021 ᠠᠴᠠ 2035 ᠣᠨ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠯᠲᠡ ᠵᠢᠨ ᠬᠥᠭᠵᠢᠯᠲᠡ ᠵᠢᠨ ᠲᠥᠯᠦᠪᠵᠢᠭᠦᠯᠭᠡ (2021 ᠠᠴᠠ 2035 ᠣᠨ) ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠬᠡᠷᠡᠭᠵᠢᠭᠦᠯᠬᠦ ᠲᠥᠰᠥᠯ》᠎ᠢ ᠪᠥᠬᠥ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠬᠡᠮᠵᠢᠯᠲᠡ ᠵᠢᠨ ᠰᠠᠭᠤᠷᠢ ᠵᠢ ᠤᠯᠠᠮ ᠨᠢᠭᠡ ᠠᠯᠬᠤᠮ ᠪᠠᠲᠤᠳᠬᠠᠨ᠂ ᠬᠡᠮᠵᠢᠯᠲᠡ ᠵᠢᠨ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠪᠠᠶᠠᠨᠨᠠᠭᠤᠷ ᠬᠣᠲᠠ ᠵᠢᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠵᠢᠨ ᠲᠤᠰᠠᠳᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠠᠵᠢᠯ᠎ᠤᠨ ᠲᠥᠰᠥᠯ᠎ᠢ ᠲᠣᠭᠲᠠᠭ᠋ᠠᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
(ᠨᠢᠭᠡ) ᠵᠢᠯᠤᠭᠣᠳᠬᠤ ᠦᠵᠡᠯ ᠰᠠᠨᠠᠭ᠎ᠠ
ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢᠨ ᠲᠣᠭᠣᠷᠢᠨ᠎ᠳᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠤᠨ᠂ 《ᠲᠠᠪᠤᠨ ᠰᠢᠨ᠎ᠡ ᠲᠠᠪᠤᠨ ᠥᠨᠳᠥᠷ》᠎ᠤᠨ ᠲᠡᠮᠡᠴᠡᠬᠦ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠬᠥᠭᠵᠢᠯᠲᠡ ᠵᠢᠨ ᠪᠤᠰᠤᠳᠴᠢ ᠵᠢᠮ᠎ᠡ ᠶᠣᠰᠣ ᠵᠢ ᠵᠢᠷᠤᠮᠯᠠᠨ᠂ ᠬᠡᠮᠵᠢᠯᠲᠡ ᠵᠢᠨ ᠪᠠᠢ᠌ᠴᠠᠭ᠋ᠠᠨ ᠬᠡᠮᠵᠢᠬᠦ ᠰᠠᠭᠤᠷᠢ ᠪᠦᠲᠦᠭᠡᠨ ᠪᠠᠢ᠌ᠭᠤᠯᠤᠯᠲᠠ ᠪᠠ ᠬᠡᠮᠵᠢᠯᠲᠡ ᠵᠢᠨ ᠬᠡᠮᠵᠢᠨ ᠰᠢᠯᠭ᠋ᠠᠬᠤ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠪᠠ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠂ ᠪᠥᠬᠥ ᠬᠣᠲᠠ ᠵᠢᠨ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠡᠮᠵᠢᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃
(ᠬᠣᠶᠠᠷ) ᠠᠵᠢᠯ ᠤᠨ ᠬᠠᠷᠠᠯᠲᠠ
2025 ᠣᠨ ᠪᠣᠯᠬᠤ᠎ᠳᠤ᠂ ᠪᠥᠬᠥ ᠬᠣᠲᠠ ᠵᠢᠨ ᠲᠣᠭ᠎ᠠ ᠬᠡᠮᠵᠢᠶ᠎ᠡ᠎ᠪᠠᠷ ᠤᠯᠠᠮᠵᠢᠯᠠᠬᠤ ᠡᠬᠢ ᠰᠤᠷᠪᠤᠯᠵᠢ ᠵᠢ ᠡᠷᠢᠬᠦ ᠰᠢᠰᠲ᠋ᠧᠮ᠎ᠢ ᠨᠠᠩ ᠲᠡᠭᠦᠯᠳᠡᠷᠵᠢᠭᠦᠯᠵᠦ᠂ ᠨᠡᠢ᠌ᠭᠡᠮ᠎ᠤᠨ ᠨᠡᠶ᠋ᠢᠲᠡ ᠵᠢᠨ ᠬᠡᠷᠡᠭᠯᠡᠭᠡᠨ᠎ᠤ ᠬᠡᠮᠵᠢᠯᠲᠡ ᠵᠢᠨ ᠪᠠᠷᠢᠮᠵᠢᠶ᠎ᠠ ᠵᠢ 15 ᠵᠦᠢ᠍ᠯ ᠪᠠᠶ᠋ᠢᠭᠤᠯᠬᠤ ᠪᠠ ᠰᠢᠨᠡᠴᠢᠯᠡᠬᠦ᠎ᠪᠠᠷ ᠴᠢᠷᠮᠠᠢ᠌ᠵᠤ᠂ ᠡᠭᠦᠨ᠎ᠳᠤ 3 ᠵᠦᠢ᠍ᠯ᠎ᠢ ᠰᠢᠨᠡᠴᠢᠯᠡᠨ᠎ᠡ; ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢ᠍ᠯᠡᠰ᠎ᠤᠨ ᠬᠡᠮᠵᠢᠨ ᠰᠢᠯᠭ᠋ᠠᠬᠤ ᠲᠥᠪ᠎ᠢ 1 ᠪᠡᠯᠡᠳᠬᠡᠨ ᠪᠠᠢ᠌ᠭᠤᠯᠵᠤ᠂ ᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠡᠷᠡᠭᠯᠡᠭᠡᠨ᠎ᠤ ᠬᠢᠷᠢ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠬᠡᠮᠵᠢᠯᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠦᠷᠭᠦᠯᠵᠢᠯᠡᠨ ᠢᠲᠡᠭᠡᠮᠵᠢ ᠵᠢᠨ ᠬᠡᠮᠵᠢᠯᠲᠡ ᠵᠢᠨ ᠵᠢᠱ᠌ᠢᠶ᠎ᠡ ᠦᠵᠡᠭᠦᠯᠬᠦ ᠨᠢᠭᠡᠴᠡ ᠵᠢ 75 ᠡᠷᠦᠬᠡ᠎ᠠᠴᠠ ᠳᠡᠭᠡᠭᠰᠢ ᠬᠥᠲᠥᠯᠥᠨ ᠵᠢᠯᠤᠭᠣᠳᠴᠤ ᠪᠣᠢ᠌ᠵᠢᠭᠤᠯᠤᠨ᠂ ᠰᠢᠨ᠎ᠡ ᠬᠡᠯᠪᠡᠷᠢ ᠵᠢᠨ ᠬᠡᠮᠵᠢᠯᠲᠡ ᠵᠢᠨ ᠬᠢᠨᠠᠨ ᠬᠠᠮᠢᠶᠠᠷᠬᠤ ᠳᠦᠷᠢᠮ᠎ᠢ ᠬᠡᠷᠡᠭᠵᠢᠭᠦᠯᠵᠦ᠂ ᠬᠡᠮᠵᠢᠯᠲᠡ ᠵᠢᠨ ᠬᠢᠨᠠᠨ ᠬᠠᠮᠢᠶᠠᠷᠬᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃
2035 ᠣᠨ ᠪᠣᠯᠬᠤ᠎ᠳᠤ᠂ ᠪᠥᠬᠥ ᠬᠣᠲᠠ ᠵᠢᠨ ᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠪᠠ ᠬᠡᠮᠵᠢᠯᠲᠡ ᠵᠢᠨ ᠮᠡᠷᠭᠡᠵᠢᠯ᠎ᠤᠨ ᠬᠡᠷᠡᠭᠯᠡᠭᠡᠨ᠎ᠤ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠵᠦ᠂ ᠣᠲᠣ ᠦᠶ᠎ᠡ ᠵᠢᠨ ᠲᠣᠨᠣᠭ ᠲᠥᠬᠦᠭᠡᠷᠦᠮᠵᠢ ᠦᠢ᠍ᠯᠡᠳᠬᠦ ᠦᠢ᠍ᠯᠡᠰ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠪᠠ ᠳᠡᠭᠡᠳᠦ ᠰᠢᠨ᠎ᠡ ᠮᠡᠷᠭᠡᠵᠢᠯ ᠵᠡᠷᠭᠡ ᠭᠣᠣᠯᠯᠠᠬᠤ ᠠᠵᠤ ᠦᠢ᠍ᠯᠡᠰ᠎ᠲᠤ ᠣᠶᠤᠨᠴᠢᠯᠠᠭᠰᠠᠨ ᠬᠡᠮᠵᠢᠯᠲᠡ ᠵᠢ ᠪᠡᠶᠡᠯᠡᠭᠦᠯᠵᠦ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠵᠣᠬᠢᠴᠠᠭᠰᠠᠨ ᠣᠲᠣ ᠦᠶ᠎ᠡ ᠵᠢᠨ ᠲᠡᠷᠢᠭᠦᠨ᠎ᠤ ᠬᠡᠮᠵᠢᠯᠲᠡ ᠵᠢᠨ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠡᠷᠦᠩᠬᠡᠢ᠌ᠯᠡᠭᠰᠡᠨ ᠪᠣᠳᠠᠲᠤ ᠬᠦᠴᠦᠨ᠎ᠢ ᠪᠥᠬᠥ ᠣᠷᠣᠨ᠎ᠤ ᠡᠮᠦᠨ᠎ᠡ ᠡᠩᠨᠡᠭᠡᠨ᠎ᠳᠤ ᠣᠷᠣᠭᠤᠯᠬᠤ᠎ᠪᠠᠷ ᠴᠢᠷᠮᠠᠢ᠌ᠨ᠎ᠠ᠃
ᠬᠣᠶᠠᠷ᠂ ᠭᠣᠣᠯ ᠡᠭᠦᠷᠭᠡ
(ᠨᠢᠭᠡ) ᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠢ ᠲᠦᠯᠬᠢᠨ ᠠᠬᠢᠭᠤᠯᠤᠨ᠎ᠠ
1. ᠬᠡᠮᠵᠢᠯᠲᠡ ᠵᠢᠨ ᠮᠡᠷᠭᠡᠵᠢᠯ᠎ᠤᠨ ᠪᠠᠢ᠌ᠭᠤᠯᠤᠮᠵᠢ ᠬᠢᠭᠡᠳ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠬᠣᠲᠠ ᠵᠢᠨ ᠳᠣᠲᠣᠷᠠᠬᠢ ᠪᠠᠢ᠌ᠴᠠᠭ᠋ᠠᠨ ᠰᠢᠯᠭ᠋ᠠᠵᠤ ᠰᠢᠯᠭ᠋ᠠᠨ ᠪᠠᠢ᠌ᠴᠠᠭ᠋ᠠᠬᠤ ᠪᠠᠢ᠌ᠭᠤᠯᠤᠮᠵᠢ ᠪᠣᠯᠣᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠯᠤᠭ᠎ᠠ ᠵᠢᠨ ᠬᠣᠯᠪᠣᠭ᠋ᠠᠯᠠᠯ᠎ᠢ ᠠᠬᠢᠭᠤᠯᠵᠤ᠂ ᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠣᠯᠪᠣᠭ᠎ᠠ ᠪᠠᠢ᠌ᠭᠤᠯᠵᠤ ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦᠲᠥ᠋ᠷᠥᠭᠴᠢ ᠵᠢᠨ ᠬᠡᠮᠵᠢᠯᠲᠡ ᠵᠡᠷᠭᠡ ᠬᠠᠮᠢᠶ᠎ᠠ ᠪᠦᠬᠦᠢ ᠰᠤᠳᠤᠯᠭ᠋ᠠᠨ᠎ᠤ ᠰᠡᠳᠦᠪ᠎ᠤᠨ ᠰᠤᠳᠤᠯᠭ᠋ᠠᠨ ᠪᠠ ᠬᠡᠷᠡᠭᠯᠡᠭᠡᠨ᠎ᠳᠤ ᠢᠳᠡᠪᠬᠢᠲᠡᠢ ᠣᠷᠣᠯᠴᠠᠵᠤ᠂ ᠪᠠᠰᠠ ᠪᠥᠬᠥ ᠬᠣᠲᠠ ᠵᠢᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢ᠂ ᠰᠢᠨ᠎ᠡ ᠡᠨᠧᠷᠭᠢ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠬᠡᠮᠵᠢᠯᠲᠡ ᠵᠢᠨ ᠮᠡᠷᠭᠡᠵᠢᠯ᠎ᠤᠨ ᠪᠡᠷᠬᠡ ᠰᠡᠳᠦᠪ᠎ᠢ ᠬᠠᠮᠲᠤᠷᠠᠨ ᠲᠣᠭᠲᠠᠭ᠋ᠠᠵᠤ᠂ ᠬᠠᠮᠲᠤᠷᠠᠨ ᠪᠡᠷᠬᠡ ᠰᠡᠳᠦᠪ᠎ᠢ ᠰᠢᠢ᠍ᠳᠪᠦᠷᠢᠯᠡᠵᠦ᠂ ᠬᠠᠮᠲᠤ᠎ᠪᠠᠷ ᠰᠤᠳᠤᠯᠤᠨ ᠨᠡᠭᠡᠭᠡᠵᠦ᠂ ᠪᠥᠬᠥ ᠬᠣᠲᠠ ᠵᠢᠨ ᠣᠲᠣ ᠦᠶ᠎ᠡ ᠵᠢᠨ ᠲᠣᠨᠣᠭ ᠲᠥᠬᠦᠭᠡᠷᠦᠮᠵᠢ ᠦᠢ᠍ᠯᠡᠳᠬᠦ ᠦᠢ᠍ᠯᠡᠰ᠂ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ ᠪᠠ ᠳᠡᠭᠡᠳᠦ ᠰᠢᠨ᠎ᠡ ᠮᠡᠷᠭᠡᠵᠢᠯ ᠵᠡᠷᠭᠡ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢᠨ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠬᠤ ᠬᠡᠮᠵᠢᠯᠲᠡ ᠵᠢᠨ ᠪᠠᠢ᠌ᠴᠠᠭ᠋ᠠᠨ ᠬᠡᠮᠵᠢᠬᠦ ᠦᠢ᠍ᠯᠡᠴᠢᠯᠡᠭᠡ ᠵᠢ ᠲᠠᠰᠤᠷᠠᠯᠲᠠ ᠦᠭᠡᠢ ᠬᠠᠩᠭ᠋ᠠᠬᠤ ᠬᠡᠷᠡᠭᠲᠡᠢ᠃ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠪᠠᠢ᠌ᠭᠤᠯᠤᠮᠵᠢ ᠪᠠ ᠬᠤᠪᠢ ᠬᠥᠮᠥᠨ᠎ᠢ ᠰᠠᠢ᠌ᠰᠢᠶᠠᠨ ᠬᠥᠬᠢᠭᠦᠯᠦᠨ᠎ᠡ᠃ ᠬᠡᠮᠵᠢᠬᠦ ᠪᠠᠷᠢᠮᠵᠢᠶ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠪᠠᠶᠠᠨᠨᠠᠭᠤᠷ ᠬᠣᠲᠠ ᠵᠢᠨ ᠦᠢ᠍ᠯᠡᠳᠬᠦᠨ᠎ᠤ ᠶᠠᠰᠤ ᠴᠢᠨᠠᠷ᠎ᠤᠨ ᠬᠡᠮᠵᠢᠯᠲᠡ ᠵᠢᠨ ᠪᠠᠢ᠌ᠴᠠᠭ᠋ᠠᠨ ᠬᠡᠮᠵᠢᠬᠦ ᠲᠥᠪ ᠵᠶ᠋ᠡᠷ ᠭᠣᠣᠯ ᠴᠣᠭᠴᠠ ᠪᠣᠯᠭ᠋ᠠᠭᠰᠠᠨ ᠠᠵᠤ ᠦᠢ᠍ᠯᠡᠰ᠎ᠤᠨ ᠲᠤᠰᠬᠠᠢ ᠬᠡᠷᠡᠭᠯᠡᠭᠡᠨ᠎ᠤ ᠪᠠᠢ᠌ᠴᠠᠭ᠋ᠠᠨ ᠬᠡᠮᠵᠢᠬᠦ ᠲᠣᠨᠣᠭ ᠲᠥᠬᠦᠭᠡᠷᠦᠮᠵᠢ᠂ ᠬᠡᠮᠵᠢᠯᠲᠡ ᠵᠢᠨ ᠪᠠᠢ᠌ᠴᠠᠭ᠋ᠠᠨ ᠬᠡᠮᠵᠢᠬᠦ ᠮᠡᠷᠭᠡᠵᠢᠯ᠎ᠢ ᠲᠠᠰᠤᠷᠠᠯᠲᠠ ᠦᠭᠡᠢ ᠬᠤᠳᠠᠯᠳᠤᠨ ᠣᠷᠣᠭᠤᠯᠬᠤ ᠪᠠ ᠬᠡᠮᠵᠢᠯᠲᠡ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ᠂ ᠬᠡᠮᠵᠢᠯᠲᠡ ᠵᠢᠨ ᠪᠠᠢ᠌ᠴᠠᠭ᠋ᠠᠨ ᠬᠡᠮᠵᠢᠬᠦ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠤᠨ (ᠪᠠᠢ᠌ᠭᠤᠯᠵᠤ)᠂ ᠬᠡᠮᠵᠢᠶ᠎ᠡ᠎ᠪᠠᠷ ᠤᠯᠠᠮᠵᠢᠯᠠᠬᠤ ᠡᠬᠢ ᠰᠤᠷᠪᠤᠯᠵᠢ ᠵᠢ ᠡᠷᠢᠬᠦ ᠰᠢᠰᠲ᠋ᠧᠮᠵᠢ ᠵᠢ ᠲᠡᠭᠦᠯᠳᠡᠷᠵᠢᠭᠦᠯᠦᠨ᠂ ᠬᠡᠮᠵᠢᠶ᠎ᠡ᠎ᠪᠠᠷ ᠤᠯᠠᠮᠵᠢᠯᠠᠬᠤ ᠡᠬᠢ ᠰᠤᠷᠪᠤᠯᠵᠢ ᠵᠢ ᠡᠷᠢᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠠᠵᠢᠯ ᠲᠥᠷᠥᠯ᠎ᠤᠨ ᠳᠣᠲᠣᠷᠠᠬᠢ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠡ ᠵᠢ ᠵᠣᠬᠢᠶᠠᠨ ᠪᠠᠢ᠌ᠭᠤᠯᠤᠨ ᠦᠢ᠍ᠯᠡᠳᠪᠦᠷᠢᠯᠡᠯ᠂ ᠰᠢᠨᠵᠢᠯᠡᠬᠦ ᠤᠬᠠᠭ᠋ᠠᠨ᠎ᠤ ᠰᠤᠳᠤᠯᠤᠯ᠂ ᠡᠵᠡᠩᠨᠡᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠲᠡᠷᠢᠭᠦᠨ᠎ᠤ ᠬᠡᠮᠵᠢᠯᠲᠡ ᠵᠢᠨ ᠬᠡᠮᠵᠢᠭᠦᠷᠯᠢᠭ ᠲᠥᠬᠦᠭᠡᠷᠦᠮᠵᠢ ᠵᠢ ᠬᠡᠷᠡᠭᠯᠡᠵᠦ᠂ ᠳᠣᠲᠣᠭ᠋ᠠᠳᠤ ᠵᠢᠨ ᠬᠡᠮᠵᠢᠶ᠎ᠡ ᠵᠢ ᠤᠯᠠᠮᠵᠢᠯᠠᠬᠤ᠎ᠳᠤ ᠬᠡᠷᠡᠭᠰᠡᠬᠦ ᠬᠠᠮᠤᠭ᠎ᠤᠨ ᠥᠨᠳᠥᠷ ᠬᠡᠮᠵᠢᠯᠲᠡ ᠵᠢᠨ ᠪᠠᠷᠢᠮᠵᠢᠶ᠎ᠠ ᠵᠢ ᠪᠠᠢ᠌ᠭᠤᠯᠵᠤ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠵᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠬᠡᠮᠵᠢᠯᠲᠡ ᠵᠢᠨ ᠮᠡᠷᠭᠡᠵᠢᠯ᠎ᠤᠨ ᠰᠠᠭᠤᠷᠢ ᠴᠢᠳᠠᠪᠤᠷᠢ ᠵᠢ ᠳᠡᠭᠡᠭᠰᠢᠯᠡᠭᠦᠯᠦᠨ᠎ᠡ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠎ᠠᠴᠠ ᠬᠠᠷᠢᠭᠤᠴᠠᠨ ᠨᠠᠢ᠌ᠳᠠᠪᠤᠷᠢᠵᠢᠭᠤᠯᠤᠨ᠎ᠠ᠃ ᠳᠣᠣᠷᠠᠬᠢ ᠡᠯ᠎ᠡ ᠵᠦᠢ᠍ᠯ᠎ᠢ ᠴᠥᠮ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠎ᠠᠴᠠ ᠬᠠᠷᠢᠭᠤᠴᠠᠨ ᠨᠠᠢ᠌ᠳᠠᠪᠤᠷᠢᠵᠢᠭᠤᠯᠵᠤ᠂ ᠠᠰᠲᠤᠨᠢ ᠵᠢᠭᠰᠠᠭ᠋ᠠᠬᠤ ᠦᠭᠡᠢ)
2. ᠬᠡᠮᠵᠢᠯᠲᠡ ᠵᠢᠨ ᠲᠣᠭ᠋ᠠᠴᠢᠯᠠᠯᠲᠠ ᠵᠢᠨ ᠬᠡᠯᠪᠡᠷᠢ ᠵᠢ ᠬᠤᠪᠢᠷᠠᠭᠤᠯᠤᠨ ᠰᠤᠳᠤᠯᠤᠨ ᠬᠡᠷᠡᠭᠯᠡᠬᠦ ᠵᠢ ᠠᠬᠢᠭᠤᠯᠤᠨ᠎ᠠ᠃ 《ᠬᠡᠮᠵᠢᠯᠲᠡ + ᠮᠡᠳᠡᠭᠡ ᠵᠠᠩᠭᠢᠵᠢᠯᠲᠠ + ᠣᠶᠤᠨᠴᠢᠯᠠᠯᠲᠠ + ᠰᠦᠯᠵᠢᠶᠡᠵᠢᠯᠲᠡ》 ᠵᠢᠨ ᠬᠡᠯᠪᠡᠷᠢ᠎ᠪᠠᠨ ᠬᠤᠪᠢᠷᠠᠭᠤᠯᠤᠨ ᠬᠥᠭᠵᠢᠭᠦᠯᠬᠦ ᠠᠷᠭ᠎ᠠ ᠵᠠᠮ ᠶᠣᠰᠣᠭ᠋ᠠᠷ᠂ ᠠᠯᠪᠠᠳᠠᠯᠭ᠎ᠠ᠎ᠪᠠᠷ ᠰᠢᠯᠭ᠋ᠠᠨ ᠲᠣᠭᠲᠠᠭ᠋ᠠᠬᠤ ᠬᠡᠮᠵᠢᠯᠲᠡ ᠵᠢᠨ ᠪᠠᠭ᠋ᠠᠵᠢ ᠬᠡᠷᠡᠭᠰᠡᠯ᠎ᠤᠨ ᠲᠠᠪᠴᠠᠩ (e — CQS)᠎ᠤᠨ ᠬᠡᠷᠡᠭᠯᠡᠯᠲᠡ ᠵᠢ ᠳᠡᠯᠭᠡᠷᠡᠭᠦᠯᠦᠨ᠎ᠡ᠃ ᠬᠡᠮᠵᠢᠯᠲᠡ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠲᠣᠭ᠎ᠠ ᠪᠠᠷᠢᠮᠲᠠ ᠵᠢ ᠴᠤᠭᠯᠠᠭᠤᠯᠬᠤ ᠠᠵᠢᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠥ ᠬᠣᠲᠠ ᠵᠢᠨ ᠬᠡᠮᠵᠢᠯᠲᠡ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠪᠥᠬᠥᠬᠡᠮᠵᠢᠯᠲᠡ ᠵᠢ ᠰᠢᠯᠭ᠋ᠠᠬᠤ ᠦᠨᠡᠮᠯᠡᠯ᠎ᠤᠨ ᠥᠭᠡᠷᠡᠴᠢᠯᠡᠯᠲᠡ ᠵᠢ ᠠᠬᠢᠭᠤᠯᠵᠤ᠂ ᠬᠡᠮᠵᠢᠯᠲᠡ ᠵᠢᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ)
(ᠬᠣᠶᠠᠷ) ᠬᠡᠮᠵᠢᠯᠲᠡ ᠵᠢᠨ ᠮᠡᠷᠭᠡᠵᠢᠯ᠎ᠤᠨ ᠬᠡᠷᠡᠭᠯᠡᠯᠲᠡ ᠵᠢ ᠴᠢᠩᠭ᠋ᠠᠳᠬᠠᠬᠤ ᠬᠡᠷᠡᠭᠲᠡᠢ
1. ᠦᠢ᠍ᠯᠡᠴᠢᠯᠡᠭᠡ ᠦᠢ᠍ᠯᠡᠳᠬᠦ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠪᠦᠬᠦ ᠬᠣᠲᠠ ᠵᠢᠨ ᠣᠳᠣ ᠦᠶ᠎ᠡ ᠵᠢᠨ ᠲᠣᠨᠣᠭ ᠲᠥᠬᠦᠭᠡᠷᠦᠮᠵᠢ ᠦᠢ᠍ᠯᠡᠳᠬᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠦᠢ᠍ᠯᠡᠳᠬᠦ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠲᠣᠭᠣᠷᠢᠨ᠎ᠳᠤ᠂ ᠬᠡᠮᠵᠢᠯᠲᠡ ᠵᠢ ᠰᠢᠯᠭ᠋ᠠᠨ ᠲᠣᠭᠲᠠᠭ᠋ᠠᠬᠤ ᠪᠠᠢ᠌ᠭᠤᠯᠤᠮᠵᠢ ᠵᠢᠨ ᠬᠡᠮᠵᠢᠯᠲᠡ ᠵᠢᠨ ᠪᠠᠷᠢᠮᠵᠢᠶ᠎ᠠ ᠵᠢᠨ ᠪᠠᠢ᠌ᠭᠤᠯᠤᠯᠲᠠ ᠪᠠ ᠬᠠᠮᠢᠶᠠᠷᠤᠯᠲᠠ ᠵᠢ ᠠᠬᠢᠭᠤᠯᠵᠤ᠂ ᠨᠡᠢ᠌ᠭᠡᠮ᠎ᠤᠨ ᠨᠡᠶ᠋ᠢᠲᠡ ᠵᠢᠨ ᠬᠡᠷᠡᠭᠯᠡᠭᠡᠨ᠎ᠤ ᠬᠡᠮᠵᠢᠯᠲᠡ ᠵᠢᠨ ᠪᠠᠷᠢᠮᠵᠢᠶ᠎ᠠ ᠵᠢ 15 ᠰᠢᠨ᠎ᠡ᠎ᠪᠠᠷ ᠪᠠᠶ᠋ᠢᠭᠤᠯᠬᠤ ᠪᠠ ᠥᠭᠡᠷᠡᠴᠢᠯᠡᠵᠦ᠂ ᠦᠢ᠍ᠯᠡᠴᠢᠯᠡᠭᠡᠨ᠎ᠤ ᠦᠢ᠍ᠯᠡᠳᠬᠦ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠡᠮᠵᠢᠯᠲᠡ ᠵᠢᠨ ᠴᠢᠳᠠᠪᠤᠷᠢ ᠵᠢ ᠨᠡᠮᠡᠭᠳᠡᠭᠦᠯᠦᠨ᠂ ᠦᠢ᠍ᠯᠡᠳᠬᠦ ᠦᠢ᠍ᠯᠡᠰ᠎ᠤᠨ ᠬᠡᠮᠵᠢᠯᠲᠡ ᠵᠢ ᠰᠢᠯᠭ᠋ᠠᠨ ᠲᠣᠭᠲᠠᠭ᠋ᠠᠵᠤ ᠬᠠᠷᠭᠤᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠬᠡᠮᠵᠢᠯᠲᠡ ᠵᠢᠨ ᠦᠢ᠍ᠯᠡᠴᠢᠯᠡᠭᠡᠨ᠎ᠤ ᠦᠢ᠍ᠯᠡᠳᠬᠦ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠵᠢᠨ ᠲᠤᠯᠭ᠋ᠠᠭᠤᠷᠢᠯᠠᠨ ᠪᠠᠲᠤᠯᠠᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
2. ᠡᠨᠧᠷᠭᠢ ᠵᠢᠨ ᠬᠡᠯᠪᠡᠷᠢ ᠵᠢ ᠬᠤᠪᠢᠷᠠᠭᠤᠯᠤᠨ ᠬᠥᠭᠵᠢᠭᠦᠯᠬᠦ᠎ᠳᠤ ᠦᠢ᠍ᠯᠡᠴᠢᠯᠡᠨ᠎ᠡ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠨᠧᠷᠭᠢ ᠵᠢᠨ ᠬᠣᠷᠣᠭᠳᠠᠭᠤᠯᠤᠯ᠎ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠠᠪᠴᠠᠩ᠎ᠤᠨ ᠰᠢᠰᠲ᠋ᠧᠮ᠎ᠤᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠵᠤ᠂ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠨᠢᠭᠡᠴᠡ ᠵᠢᠨ ᠡᠨᠧᠷᠭᠢ ᠵᠢᠨ ᠬᠣᠷᠣᠭᠳᠠᠭᠤᠯᠤᠯ᠎ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ᠎ᠤᠨ ᠠᠵᠤ ᠠᠬᠤᠢ᠌ᠯᠠᠯ᠎ᠤᠨ ᠦᠵᠦᠭᠦᠷ᠎ᠤᠨ ᠪᠠᠢ᠌ᠭᠤᠯᠤᠯᠲᠠ ᠵᠢᠨ ᠶᠠᠰᠤ ᠴᠢᠨᠠᠷ᠎ᠢ ᠠᠬᠢᠭᠤᠯᠤᠨ ᠳᠡᠭᠡᠭᠰᠢᠯᠡᠭᠦᠯᠵᠦ᠂ ᠡᠨᠧᠷᠭᠢ ᠵᠢᠨ ᠬᠣᠷᠣᠭᠳᠠᠭᠤᠯᠤᠯ᠎ᠢ ᠴᠤᠭᠯᠠᠭᠤᠯᠤᠭᠰᠠᠨ ᠲᠣᠭ᠎ᠠ ᠪᠠᠷᠢᠮᠲᠠ ᠵᠢᠨ ᠪᠦᠲᠦᠮᠵᠢᠲᠦ ᠴᠢᠨᠠᠷ ᠪᠠ ᠣᠨᠣᠪᠴᠢᠲᠤ ᠴᠢᠨᠠᠷ᠎ᠢ ᠪᠠᠲᠤᠯᠠᠨ᠂ ᠡᠨᠧᠷᠭᠢ ᠠᠷᠪᠢᠯᠠᠬᠤ ᠵᠢ ᠦᠨᠡᠯᠡᠬᠦ᠂ ᠲᠥᠯᠥᠪᠵᠢᠭᠦᠯᠬᠦ᠂ ᠮᠡᠷᠭᠡᠵᠢᠯ᠎ᠤᠨ ᠥᠭᠡᠷᠡᠴᠢᠯᠡᠯᠲᠡ ᠵᠢ ᠦᠨᠡᠯᠡᠬᠦ ᠠᠵᠢᠯ᠎ᠢ ᠥᠷᠨᠢᠭᠦᠯᠵᠦ᠂ ᠡᠨᠧᠷᠭᠢ ᠵᠢᠨ ᠬᠣᠷᠣᠭᠳᠠᠭᠤᠯᠤᠯ᠎ᠤᠨ ᠲᠣᠭ᠎ᠠ ᠪᠠᠷᠢᠮᠲᠠ ᠵᠢ ᠵᠠᠳᠠᠯᠬᠤ ᠪᠠ ᠠᠰᠢᠭᠯᠠᠬᠤ ᠵᠢ ᠴᠢᠩᠭ᠋ᠠᠳᠬᠠᠨ᠂ ᠠᠵᠤ ᠠᠬᠤᠢ᠌ᠯᠠᠯ᠎ᠤᠨ ᠡᠨᠧᠷᠭᠢ ᠠᠷᠪᠢᠯᠠᠵᠤ ᠬᠣᠷᠣᠭᠳᠠᠭᠤᠯᠤᠯ᠎ᠢ ᠪᠠᠭ᠋ᠠᠰᠬᠠᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠬᠥᠲᠥᠯᠥᠨ ᠵᠢᠯᠣᠭᠣᠳᠤᠨ᠎ᠠ᠃ ᠡᠨᠧᠷᠭᠢ ᠵᠢᠨ ᠬᠡᠮᠵᠢᠯᠲᠡ ᠵᠢᠨ ᠬᠢᠨᠠᠨ ᠪᠠᠢ᠌ᠴᠠᠭ᠋ᠠᠯᠲᠠ ᠵᠢ ᠥᠷᠨᠢᠭᠦᠯᠵᠦ᠂ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠨᠢᠭᠡᠴᠡ ᠵᠢᠨ ᠬᠡᠮᠵᠢᠯᠲᠡ ᠵᠢᠨ ᠪᠠᠭ᠋ᠠᠵᠢ ᠬᠡᠷᠡᠭᠰᠡᠯ᠎ᠢ ᠵᠦᠢ ᠵᠣᠬᠢᠰᠲᠠᠢ ᠲᠣᠬᠢᠷᠠᠭᠤᠯᠬᠤ ᠪᠠ ᠬᠡᠷᠡᠭᠯᠡᠬᠦ ᠵᠢ ᠵᠢᠯᠣᠭᠣᠳᠤᠨ᠎ᠠ᠃ ᠡᠨᠧᠷᠭᠢ ᠵᠢᠨ ᠠᠰᠢᠭᠯᠠᠮᠵᠢ ᠵᠢᠨ ᠢᠯᠡᠳᠬᠡᠮᠵᠢ ᠲᠡᠮᠳᠡᠭ᠂ ᠤᠰᠤᠨ᠎ᠤ ᠠᠰᠢᠭᠯᠠᠮᠵᠢ ᠵᠢᠨ ᠢᠯᠡᠳᠬᠡᠮᠵᠢ ᠲᠡᠮᠳᠡᠭ᠎ᠤᠨ ᠦᠢ᠍ᠯᠡᠳᠬᠦᠨ᠎ᠳᠤ ᠬᠢᠨᠠᠯᠲᠠ ᠲᠠᠯᠪᠢᠵᠤ ᠪᠠᠢ᠌ᠴᠠᠭ᠋ᠠᠯᠲᠠ ᠬᠢᠬᠦ ᠠᠵᠢᠯ᠎ᠢ ᠥᠷᠨᠢᠭᠦᠯᠵᠦ᠂ ᠨᠡᠢ᠌ᠭᠡᠮ ᠳᠠᠶᠠᠭ᠋ᠠᠷ᠎ᠤᠨ ᠡᠨᠧᠷᠭᠢ ᠠᠷᠪᠢᠯᠠᠬᠤ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠡᠨᠧᠷᠭᠢ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
3. ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠵᠢᠨ ᠠᠵᠤ ᠦᠢ᠍ᠯᠡᠰ᠎ᠤᠨ ᠬᠥᠭᠵᠢᠯᠲᠡ᠎ᠳᠤ ᠦᠢ᠍ᠯᠡᠴᠢᠯᠡᠨ᠎ᠡ᠃ ᠪᠦᠬᠦ ᠬᠣᠲᠠ ᠵᠢᠨ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ ᠬᠦᠷᠢᠶᠡᠨ᠎ᠤ ᠬᠡᠮᠵᠢᠯᠲᠡ ᠵᠢᠨ ᠰᠢᠯᠭ᠋ᠠᠨ ᠲᠣᠭᠲᠠᠭ᠋ᠠᠯᠲᠠ ᠵᠡᠷᠭᠡ ᠬᠡᠷᠡᠭᠴᠡᠭᠡ ᠵᠢᠨ ᠲᠣᠭᠣᠷᠢᠨ᠎ᠳᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠡᠮᠵᠢᠯᠲᠡ ᠵᠢᠨ ᠲᠥᠪ᠎ᠤᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ᠂ ᠪᠠᠶᠠᠨᠨᠠᠭᠤᠷ ᠬᠣᠲᠠ ᠵᠢᠨ ᠪᠦᠲᠦᠭᠡᠭᠳᠡᠬᠦᠨ᠎ᠤ ᠶᠠᠰᠤ ᠴᠢᠨᠠᠷ᠎ᠤᠨ ᠬᠡᠮᠵᠢᠯᠲᠡ ᠵᠢᠨ ᠪᠠᠢ᠌ᠴᠠᠭ᠋ᠠᠨ ᠬᠡᠮᠵᠢᠬᠦ ᠲᠥᠪ᠎ᠲᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢ᠍ᠯᠡᠰ᠎ᠤᠨ ᠬᠡᠮᠵᠢᠯᠲᠡ ᠵᠢᠨ ᠲᠥᠪ᠎ᠢ ᠨᠢᠭᠡ ᠪᠡᠯᠡᠳᠬᠡᠨ ᠪᠠᠢ᠌ᠭᠤᠯᠵᠤ᠂ ᠠᠵᠤ ᠦᠢ᠍ᠯᠡᠰ᠎ᠤᠨ ᠬᠡᠮᠵᠢᠯᠲᠡ ᠵᠢᠨ ᠬᠢᠨᠠᠨ ᠲᠣᠭᠲᠠᠭ᠋ᠠᠵᠤ ᠬᠠᠷᠭᠤᠭᠤᠯᠬᠤ ᠵᠡᠷᠭᠡ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ ᠠᠵᠤ ᠦᠢ᠍ᠯᠡᠰ᠎ᠤᠨ ᠡᠷᠡᠭᠦᠯ ᠵᠶ᠋ᠡᠷ ᠬᠥᠭᠵᠢᠬᠦ᠎ᠳᠤ ᠦᠢ᠍ᠯᠡᠴᠢᠯᠡᠨ᠎ᠡ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ)
4. ᠠᠷᠠᠳ ᠣᠯᠠᠨ᠎ᠤ ᠡᠷᠡᠭᠦᠯ ᠮᠡᠨᠳᠦ ᠪᠠ ᠠᠮᠤᠷ ᠲᠦᠪᠰᠢᠨ᠎ᠳᠤ ᠦᠢ᠍ᠯᠡᠴᠢᠯᠡᠨ᠎ᠡ᠃ ᠡᠮᠴᠢᠯᠡᠭᠡ ᠡᠷᠡᠭᠦᠯ ᠮᠡᠨᠳᠦ ᠵᠢᠨ ᠬᠦᠷᠢᠶᠡᠨ᠎ᠳᠠᠬᠢ ᠬᠡᠮᠵᠢᠯᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠡᠮᠴᠢᠯᠡᠭᠡ ᠡᠷᠡᠭᠦᠯ ᠮᠡᠨᠳᠦ᠂ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠵᠡᠷᠭᠡ ᠵᠢᠨ ᠲᠣᠭᠣᠷᠢᠨ᠎ᠳᠤ ᠬᠡᠮᠵᠢᠯᠲᠡ ᠵᠢᠨ ᠪᠠᠷᠢᠮᠵᠢᠶ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠷᠠᠳ ᠣᠯᠠᠨ᠎ᠤ ᠡᠷᠡᠭᠦᠯ ᠮᠡᠨᠳᠦ᠎ᠳᠤ ᠦᠢ᠍ᠯᠡᠴᠢᠯᠡᠨ᠎ᠡ᠃ᠭᠠᠵᠠᠷ᠎ᠤᠨ ᠭᠠᠢ ᠭᠠᠮᠰᠢᠭ ᠵᠡᠷᠭᠡ ᠪᠠᠢ᠌ᠭ᠋ᠠᠯᠢ ᠵᠢᠨ ᠭᠠᠢ ᠭᠠᠮᠰᠢᠭ᠎ᠢ ᠤᠷᠢᠳᠴᠢᠯᠠᠨ ᠰᠡᠷᠡᠮᠵᠢᠯᠡᠭᠦᠯᠵᠦ ᠪᠠᠴᠢᠮ ᠪᠠᠢ᠌ᠳᠠᠯ᠎ᠢ ᠠᠷᠭ᠋ᠠᠴᠠᠬᠤ ᠵᠡᠷᠭᠡ ᠬᠦᠷᠢᠶᠡᠨ᠎ᠳᠠᠬᠢ ᠬᠡᠮᠵᠢᠯᠲᠡ ᠵᠢᠨ ᠮᠡᠷᠭᠡᠵᠢᠯ᠎ᠤᠨ ᠰᠤᠳᠤᠯᠭ᠋ᠠᠨ ᠪᠠ ᠬᠡᠷᠡᠭᠯᠡᠯᠲᠡ ᠵᠢ ᠴᠢᠩᠭ᠋ᠠᠳᠬᠠᠵᠤ᠂ ᠭᠠᠮᠰᠢᠭ᠎ᠢ ᠰᠡᠷᠭᠡᠢ᠌ᠯᠡᠬᠦ᠂ ᠭᠠᠮᠰᠢᠭ᠎ᠢ ᠪᠠᠭ᠋ᠠᠰᠬᠠᠬᠤ᠂ ᠭᠠᠮᠰᠢᠭ᠎ᠠᠴᠠ ᠠᠪᠤᠷᠠᠬᠤ ᠬᠡᠮᠵᠢᠯᠲᠡ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠬᠦᠷᠢᠶᠡᠨ᠎ᠳᠠᠬᠢ ᠬᠡᠮᠵᠢᠯᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠢ᠌ᠭᠤᠯᠤᠯᠲᠠ ᠵᠢ ᠲᠦᠷᠭᠡᠳᠬᠡᠵᠦ᠂ ᠠᠶᠤᠯᠲᠠᠢ ᠬᠢᠮᠢ ᠵᠢᠨ ᠪᠣᠳᠠᠰ᠂ ᠠᠭᠤᠷᠬᠠᠢ᠂ ᠪᠠᠷᠢᠯᠭ᠎ᠠ ᠵᠢᠨ ᠠᠵᠢᠯ᠂ ᠭᠠᠵᠠᠷ ᠰᠢᠨᠵᠢᠯᠡᠭᠡᠨ᠎ᠤ ᠬᠠᠢ᠌ᠨ ᠪᠠᠢ᠌ᠴᠠᠭ᠋ᠠᠯᠲᠠ ᠵᠡᠷᠭᠡ ᠬᠦᠷᠢᠶᠡᠨ᠎ᠳᠠᠬᠢ ᠬᠡᠮᠵᠢᠯᠲᠡ ᠵᠢᠨ ᠪᠠᠭ᠋ᠠᠵᠢ ᠬᠡᠷᠡᠭᠰᠡᠯ᠎ᠤᠨ ᠬᠡᠷᠡᠭᠯᠡᠯᠲᠡ ᠪᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠵᠠᠮ ᠬᠠᠷᠢᠯᠴᠠᠭ᠋ᠠᠨ᠎ᠤ ᠬᠢᠨᠠᠯᠲᠠ ᠬᠠᠮᠢᠶᠠᠷᠤᠯᠲᠠ ᠵᠢᠨ ᠲᠥᠬᠦᠭᠡᠷᠦᠮᠵᠢ᠂ ᠴᠠᠭᠳᠠᠭ᠋ᠠᠨ᠎ᠤ ᠲᠥᠬᠦᠭᠡᠷᠦᠮᠵᠢ ᠵᠡᠷᠭᠡ ᠵᠢ ᠬᠡᠮᠵᠢᠨ ᠰᠢᠯᠭ᠋ᠠᠬᠤ ᠰᠠᠭᠤᠷᠢ ᠴᠢᠳᠠᠪᠤᠷᠢ ᠵᠢᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ᠃ (ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠪᠠᠴᠢᠮ ᠪᠠᠢ᠌ᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠣᠪᠴᠢᠶ᠎ᠠ᠂ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠴᠢᠶ᠎ᠠ)
5. ᠦᠢ᠍ᠯᠡᠴᠢᠯᠡᠭᠡᠨ᠎ᠢ ᠵᠠᠮ ᠬᠠᠷᠢᠯᠴᠠᠭ᠎ᠠ ᠲᠡᠭᠡᠭᠡᠪᠦᠷᠢ ᠵᠢᠨ ᠬᠡᠮᠵᠢᠯᠲᠡ ᠵᠢᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠡᠮᠵᠢᠯᠲᠡ ᠵᠢᠨ ᠮᠡᠷᠭᠡᠵᠢᠯ᠎ᠤᠨ ᠪᠠᠢ᠌ᠭᠤᠯᠤᠮᠵᠢ ᠵᠢᠨ ᠥᠪᠡᠷᠲᠡᠭᠡᠨ ᠵᠠᠰᠠᠬᠤ ᠣᠷᠣᠨ᠎ᠤ ᠵᠣᠬᠢᠶᠠᠨ ᠪᠠᠢ᠌ᠭᠤᠯᠤᠭᠰᠠᠨ ᠲᠡᠮᠦᠷ ᠵᠠᠮ᠂ ᠵᠠᠰᠠᠮᠠᠯ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠬᠦᠷᠢᠶᠡᠨ᠎ᠤ ᠬᠡᠮᠵᠢᠨ ᠰᠢᠯᠭ᠋ᠠᠬᠤ ᠮᠡᠷᠭᠡᠵᠢᠯ᠎ᠤᠨ ᠰᠤᠳᠤᠯᠭ᠋ᠠᠨ᠎ᠳᠤ ᠣᠷᠣᠯᠴᠠᠬᠤ ᠵᠢ ᠵᠣᠷᠢᠭᠵᠢᠭᠤᠯᠤᠨ ᠳᠡᠮᠵᠢᠵᠦ᠂ ᠬᠡᠷᠡᠭᠯᠡᠭᠡᠨ᠎ᠤ ᠰᠤᠳᠤᠯᠭ᠋ᠠᠨ᠎ᠤ ᠦᠷ᠎ᠡ ᠪᠦᠲᠦᠭᠡᠯ᠂ ᠵᠠᠮ ᠬᠠᠷᠢᠯᠴᠠᠭ᠋ᠠᠨ᠎ᠤ ᠠᠮᠤᠷ ᠲᠦᠪᠰᠢᠨ᠎ᠤ ᠲᠤᠰᠬᠠᠢ ᠬᠡᠷᠡᠭᠯᠡᠭᠡᠨ᠎ᠤ ᠬᠡᠮᠵᠢᠯᠲᠡ ᠵᠢᠨ ᠲᠥᠬᠦᠭᠡᠷᠦᠮᠵᠢ᠂ ᠪᠠᠷᠠᠭ᠋ᠠᠨ᠎ᠤ ᠲᠡᠷᠭᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠬᠤ ᠲᠥᠬᠦᠭᠡᠷᠦᠮᠵᠢ᠂ ᠮᠠᠰᠢᠨᠲᠤ ᠲᠡᠷᠭᠡᠨ᠎ᠤ ᠬᠤᠷᠳᠤᠴᠠ ᠬᠡᠮᠵᠢᠬᠦ ᠲᠥᠬᠦᠭᠡᠷᠦᠮᠵᠢ ᠵᠢᠨ ᠬᠢᠨᠠᠨ ᠬᠡᠮᠵᠢᠬᠦ ᠲᠥᠬᠦᠭᠡᠷᠦᠮᠵᠢ ᠵᠡᠷᠭᠡ ᠵᠢᠨ ᠬᠡᠷᠡᠭᠯᠡᠯᠲᠡ ᠵᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠠᠵᠢᠯ ᠲᠥᠷᠥᠯ᠎ᠤᠨ ᠮᠡᠷᠭᠡᠵᠢᠯ᠎ᠤᠨ ᠪᠠᠢ᠌ᠭᠤᠯᠤᠮᠵᠢ᠎ᠳᠤ ᠲᠤᠰᠬᠠᠢ ᠮᠡᠷᠭᠡᠵᠢᠯ᠎ᠤᠨ ᠬᠡᠮᠵᠢᠯᠲᠡ ᠵᠢᠨ ᠡᠷᠬᠡ ᠣᠯᠭᠣᠬᠤ᠎ᠪᠠᠷ ᠳᠠᠮᠵᠢᠭᠤᠯᠤᠨ ᠬᠡᠮᠵᠢᠯᠲᠡ ᠵᠢᠨ ᠰᠢᠯᠭ᠋ᠠᠨ ᠲᠣᠭᠲᠠᠭ᠋ᠠᠯᠲᠠ ᠬᠢᠵᠦ᠂ ᠵᠠᠮ ᠬᠠᠷᠢᠯᠴᠠᠭ᠋ᠠᠨ᠎ᠤ ᠬᠦᠷᠢᠶ᠎ᠡ ᠴᠠᠷᠠᠭ᠎ᠠ ᠵᠢᠨ ᠬᠡᠮᠵᠢᠯᠲᠡ ᠵᠢᠨ ᠲᠥᠬᠦᠭᠡᠷᠦᠮᠵᠢ ᠵᠢᠨ ᠬᠡᠮᠵᠢᠶ᠎ᠡ ᠬᠡᠮᠵᠢᠭᠳᠡᠯ᠎ᠢ ᠳᠠᠮᠵᠢᠭᠤᠯᠬᠤ ᠪᠠ ᠡᠬᠢ ᠡᠭᠦᠰᠦᠯ᠎ᠢ ᠡᠷᠢᠬᠦ ᠣᠨᠣᠪᠴᠢ ᠵᠢᠨ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠵᠦ᠂ ᠬᠡᠮᠵᠢᠯᠲᠡ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠬᠡᠮᠵᠢᠶ᠎ᠡ ᠬᠡᠮᠵᠢᠭᠳᠡᠯ᠎ᠢ ᠣᠨᠣᠪᠴᠢᠲᠠᠶ ᠪᠠᠲᠤᠯᠠᠬᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠦᠨ᠎ᠡ᠃ (ᠬᠤᠳᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
6. ᠨᠡᠭᠦᠷᠡᠰᠦᠲᠥ᠋ᠷᠥᠭᠴᠢ ᠵᠢᠨ ᠣᠷᠭᠢᠯ ᠨᠡᠭᠦᠷᠡᠰᠦᠲᠥ᠋ᠷᠥᠭᠴᠢ ᠵᠢᠨ ᠰᠠᠭ᠋ᠠᠷᠮᠠᠭᠵᠢᠯᠲᠠᠳᠤ ᠦᠢ᠍ᠯᠡᠴᠢᠯᠡᠨ᠎ᠡ᠃ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠨᠢᠭᠡᠴᠡ ᠵᠢᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ᠎ᠤᠨ ᠠᠵᠤ ᠠᠬᠤᠢ᠌ᠯᠠᠯ᠎ᠤᠨ ᠦᠵᠦᠭᠦᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠨᠧᠷᠭᠢ ᠵᠢᠨ ᠬᠡᠮᠵᠢᠯᠲᠡ ᠵᠢᠨ ᠲᠣᠭ᠎ᠠ ᠪᠠᠷᠢᠮᠲᠠ ᠬᠢᠭᠡᠳ ᠨᠡᠭᠦᠷᠡᠰᠦᠲᠥ᠋ᠷᠥᠭᠴᠢ ᠵᠢᠨ ᠬᠡᠮᠵᠢᠯᠲᠡ ᠵᠢᠨ ᠲᠣᠭ᠎ᠠ ᠪᠠᠷᠢᠮᠲᠠ ᠵᠢ ᠪᠦᠲᠦᠮᠵᠢᠲᠡᠶ ᠵᠣᠯᠭ᠋ᠠᠭᠤᠯᠬᠤ ᠪᠠ ᠶᠡᠷᠦᠩᠬᠡᠢ᠌ᠯᠡᠨ ᠠᠰᠢᠭᠯᠠᠬᠤ ᠵᠢ ᠠᠬᠢᠭᠤᠯᠤᠨ᠎ᠠ᠃ ᠬᠣᠲᠠ ᠵᠢᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠳᠤ ᠬᠦᠷᠬᠦ ᠪᠠ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠠᠮᠢᠳᠤᠷᠠᠯ᠎ᠤᠨ ᠬᠦᠷᠢᠶᠡᠨ᠎ᠳᠠᠬᠢ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠳᠤ ᠬᠦᠷᠬᠦ ᠠᠵᠢᠯᠯᠠᠭ᠎ᠠ ᠵᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠳᠤ ᠬᠦᠷᠬᠦ ᠪᠠ ᠪᠠᠷᠢᠮᠵᠢᠶᠠᠲᠤ ᠬᠡᠮᠵᠢᠯᠲᠡ ᠵᠢᠨ ᠰᠢᠰᠲ᠋ᠧᠮᠵᠢ ᠵᠢᠨ ᠠᠵᠢᠯ᠎ᠤᠨ ᠠᠷᠭ᠎ᠠ ᠬᠡᠮᠵᠢᠶ᠎ᠡ ᠵᠢ ᠲᠣᠭᠲᠠᠭ᠋ᠠᠨ ᠨᠠᠢ᠌ᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢᠨ ᠬᠡᠮᠵᠢᠯᠲᠡ ᠵᠢᠨ ᠬᠡᠮᠵᠢᠶ᠎ᠡ ᠬᠡᠮᠵᠢᠭᠳᠡᠯ᠎ᠤᠨ ᠡᠬᠢ ᠡᠭᠦᠰᠦᠯ᠎ᠢ ᠡᠷᠢᠬᠦ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠵᠢ ᠬᠢᠨᠠᠨ ᠪᠠᠢ᠌ᠴᠠᠭ᠋ᠠᠬᠤ ᠳᠦᠷᠢᠮ᠎ᠢ ᠬᠡᠷᠡᠭᠵᠢᠭᠦᠯᠵᠦ᠂ ᠭᠣᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠡ ᠵᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠵᠢᠨ ᠱᠠᠭ᠋ᠠᠷᠳᠠᠯᠭ᠎ᠠ ᠵᠢ ᠴᠢᠩᠭ᠋ᠠᠷᠠᠭᠤᠯᠤᠨ᠎ᠠ᠃ ᠡᠬᠢ ᠪᠠᠶᠠᠯᠢᠭ᠎ᠤᠨ ᠲᠣᠬᠢᠷᠠᠭᠤᠯᠤᠯᠲᠠ᠎ᠳᠠᠬᠢ ᠵᠠᠬ᠎ᠠ ᠳᠡᠯᠭᠡᠭᠦᠷ᠎ᠤᠨ ᠰᠢᠢ᠍ᠳᠪᠦᠷᠢᠯᠡᠬᠦ ᠴᠢᠨᠠᠷᠲᠠᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠭᠤᠷᠪᠠᠳᠠᠭᠢ ᠡᠲᠡᠭᠡᠳ᠎ᠤᠨ ᠨᠡᠭᠦᠷᠡᠰᠦᠲᠥ᠋ᠷᠥᠭᠴᠢ ᠵᠢᠨ ᠬᠡᠮᠵᠢᠯᠲᠡ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠢᠳᠡᠪᠬᠢᠲᠡᠢ᠎ᠪᠠᠷ ᠪᠣᠢ᠌ᠵᠢᠭᠤᠯᠤᠨ ᠬᠥᠭᠵᠢᠭᠦᠯᠵᠦ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠬᠡᠮᠵᠢᠬᠦ ᠪᠠ ᠲᠣᠭ᠋ᠠᠴᠠᠭ᠎ᠠ ᠬᠢᠬᠦ ᠵᠡᠷᠭᠡ ᠦᠢ᠍ᠯᠡᠴᠢᠯᠡᠭᠡᠨ᠎ᠢ ᠥᠷᠨᠢᠭᠦᠯᠵᠦ᠂ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ (ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
(ᠭᠤᠷᠪᠠ) ᠬᠡᠮᠵᠢᠯᠲᠡ ᠵᠢᠨ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠷᠠᠭᠤᠯᠤᠨ᠎ᠠ
1. ᠨᠡᠢ᠌ᠭᠡᠮ᠎ᠤᠨ ᠨᠡᠶ᠋ᠢᠲᠡ ᠵᠢᠨ ᠬᠡᠷᠡᠭᠯᠡᠭᠡᠨ᠎ᠤ ᠬᠡᠮᠵᠢᠯᠲᠡ ᠵᠢᠨ ᠪᠠᠷᠢᠮᠵᠢᠶ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠠᠷᠠᠯᠵᠢᠶ᠎ᠠ ᠵᠢᠨ ᠳ᠋ᠦᠩᠨᠡᠨ ᠪᠤᠳᠤᠬᠤ᠂ ᠡᠮᠴᠢᠯᠡᠭᠡ ᠡᠷᠡᠭᠦᠯ ᠬᠠᠮᠠᠭ᠋ᠠᠯᠠᠯ᠂ ᠠᠮᠤᠷ ᠲᠦᠪᠰᠢᠨ᠎ᠤ ᠰᠡᠷᠭᠡᠢ᠌ᠯᠡᠯᠲᠡ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠨᠡᠢ᠌ᠭᠡᠮ᠎ᠤᠨ ᠨᠡᠶ᠋ᠢᠲᠡ ᠵᠢᠨ ᠬᠡᠷᠡᠭᠯᠡᠭᠡᠨ᠎ᠤ ᠬᠡᠮᠵᠢᠯᠲᠡ ᠵᠢᠨ ᠪᠠᠷᠢᠮᠵᠢᠶ᠎ᠠ ᠵᠢ ᠰᠢᠨ᠎ᠡ᠎ᠪᠠᠷ ᠪᠠᠢ᠌ᠭᠤᠯᠵᠤ᠂ ᠬᠡᠮᠵᠢᠯᠲᠡ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠬᠤᠳᠠ ᠵᠢᠨ ᠱᠠᠲᠤᠨ᠎ᠤ ᠬᠡᠮᠵᠢᠯᠲᠡ ᠵᠢᠨ ᠮᠡᠷᠭᠡᠵᠢᠯ᠎ᠤᠨ ᠪᠠᠢ᠌ᠭᠤᠯᠤᠮᠵᠢ᠎ᠨᠤᠭᠤᠳ ᠣᠷᠣᠨ ᠪᠦᠰᠡ ᠵᠢᠨ ᠴᠢᠨᠠᠷᠲᠠᠢ᠂ ᠳᠠᠪᠠᠭᠤᠯᠢᠭ ᠴᠢᠨᠠᠷᠲᠠᠢ᠂ ᠠᠯᠤᠰ ᠬᠡᠳᠤ ᠵᠢᠨ ᠴᠢᠨᠠᠷᠲᠠᠢ ᠨᠡᠢ᠌ᠭᠡᠮ᠎ᠤᠨ ᠨᠡᠶ᠋ᠢᠲᠡ ᠵᠢᠨ ᠬᠡᠷᠡᠭᠯᠡᠭᠡᠨ ᠤ ᠬᠡᠮᠵᠢᠯᠲᠡ ᠵᠢᠨ ᠪᠠᠷᠢᠮᠵᠢᠶ᠎ᠠ ᠵᠢ ᠪᠠᠶ᠋ᠢᠭᠤᠯᠬᠤ ᠵᠢ ᠬᠠᠷᠢᠭᠤᠴᠠᠵᠤ᠂ ᠬᠣᠰᠢᠭᠤ ᠰᠢᠶᠠᠨ ᠤ ᠱᠠᠲᠤᠨ᠎ᠤ ᠬᠡᠮᠵᠢᠯᠲᠡ ᠵᠢᠨ ᠮᠡᠷᠭᠡᠵᠢᠯ ᠤᠨ ᠪᠠᠢ᠌ᠭᠤᠯᠤᠮᠵᠢ᠎ᠨᠤᠭᠤᠳ ᠠᠷᠠᠳ᠎ᠲᠤ ᠲᠦᠬᠦᠮ ᠦᠵᠡᠭᠦᠯᠬᠦ ᠴᠢᠨᠠᠷᠲᠠᠢ᠂ ᠰᠠᠭᠤᠷᠢ ᠴᠢᠨᠠᠷᠲᠠᠢ᠂ ᠬᠡᠷᠡᠭᠯᠡᠭᠡᠨ᠎ᠤ ᠴᠢᠨᠠᠷᠲᠠᠢ ᠨᠡᠢ᠌ᠭᠡᠮ᠎ᠤᠨ ᠨᠡᠶ᠋ᠢᠲᠡ ᠵᠢᠨ ᠬᠡᠷᠡᠭᠯᠡᠭᠡᠨ᠎ᠤ ᠬᠡᠮᠵᠢᠯᠲᠡ ᠵᠢᠨ ᠪᠠᠷᠢᠮᠵᠢᠶ᠎ᠠ ᠵᠢ ᠪᠠᠶ᠋ᠢᠭᠤᠯᠬᠤ ᠵᠢ ᠬᠠᠷᠢᠭᠤᠴᠠᠨ᠎ᠠ᠃ ᠤᠰᠤ᠂ ᠴᠠᠬᠢᠯᠭ᠋ᠠᠨ᠂ ᠢᠯᠴᠢ᠂ ᠹᠢᠽᠢᠺ ᠬᠢᠮᠢ᠂ ᠵᠠᠮ ᠬᠠᠷᠢᠯᠴᠠᠭ᠎ᠠ ᠵᠡᠷᠭᠡ ᠲᠤᠰᠬᠠᠢ ᠮᠡᠷᠭᠡᠵᠢᠯ᠎ᠤᠨ ᠴᠢᠨᠠᠷᠲᠠᠢ ᠠᠵᠢᠯ ᠲᠥᠷᠥᠯ᠎ᠤᠨ ᠬᠡᠮᠵᠢᠯᠲᠡ ᠵᠢᠨ ᠡᠷᠬᠡ ᠣᠯᠭᠣᠬᠤ ᠪᠠ ᠪᠠᠷᠢᠮᠵᠢᠶ᠎ᠠ ᠪᠠᠶ᠋ᠢᠭᠤᠯᠬᠤ ᠡᠷᠴᠢᠮ᠎ᠢ ᠴᠢᠩᠭ᠋ᠠᠷᠠᠭᠤᠯᠵᠤ᠂ ᠲᠣᠰ ᠠᠵᠢᠯ ᠲᠥᠷᠥᠯ᠎ᠤᠨ ᠵᠶ᠋ᠡᠨ ᠳᠣᠲᠣᠭ᠋ᠠᠳᠤ ᠬᠡᠮᠵᠢᠶ᠎ᠡ᠎ᠪᠠᠷ ᠳᠠᠮᠵᠢᠭᠤᠯᠬᠤ ᠠᠵᠢᠯ᠎ᠢ ᠥᠷᠨᠢᠭᠦᠯᠦᠨ᠎ᠡ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
2. ᠬᠡᠮᠵᠢᠯᠲᠡ ᠵᠢᠨ ᠮᠡᠷᠭᠡᠵᠢᠯ᠎ᠤᠨ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠬᠣᠲᠠ᠂ ᠬᠣᠰᠢᠭᠤ ᠰᠢᠶᠠᠨ ᠲᠣᠭᠣᠷᠢᠭ᠎ᠤᠨ ᠬᠡᠮᠵᠢᠯᠲᠡ ᠵᠢᠨ ᠮᠡᠷᠭᠡᠵᠢᠯ᠎ᠤᠨ ᠪᠠᠢ᠌ᠭᠤᠯᠤᠮᠵᠢ ᠵᠢᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠬᠡᠮᠵᠢᠯᠲᠡ ᠵᠢᠨ ᠮᠡᠷᠭᠡᠵᠢᠯ᠎ᠤᠨ ᠪᠠᠢ᠌ᠭᠤᠯᠤᠮᠵᠢ ᠵᠢ ᠵᠣᠬᠢᠶᠠᠨ ᠪᠠᠢ᠌ᠭᠤᠯᠤᠨ ᠬᠡᠮᠵᠢᠯᠲᠡ ᠵᠢᠨ ᠬᠠᠷᠢᠴᠠᠭᠤᠯᠤᠯ᠎ᠳᠤ ᠣᠷᠣᠯᠴᠠᠭᠤᠯᠵᠤ᠂ ᠠᠷᠠᠳ᠎ᠤᠨ ᠠᠮᠢᠳᠤᠷᠠᠯ᠎ᠤᠨ ᠬᠡᠮᠵᠢᠯᠲᠡ᠂ ᠬᠠᠤᠯᠢ ᠳᠦᠷᠢᠮ᠎ᠤᠨ ᠬᠡᠮᠵᠢᠯᠲᠡ ᠵᠢᠨ ᠪᠠᠲᠤᠯᠠᠭ᠎ᠠ ᠵᠢ ᠴᠢᠩᠭ᠋ᠠᠷᠠᠭᠤᠯᠤᠨ᠂ ᠨᠡᠢ᠌ᠭᠡᠮ᠎ᠳᠤ ᠰᠠᠭᠤᠷᠢ ᠴᠢᠨᠠᠷᠲᠠᠢ᠂ ᠣᠯᠠᠨ ᠨᠡᠶ᠋ᠢᠲᠡ ᠵᠢᠨ ᠴᠢᠨᠠᠷᠲᠠᠢ ᠬᠡᠮᠵᠢᠭᠳᠡᠯ᠎ᠤᠨ ᠳᠠᠮᠵᠢᠭᠤᠯᠭ᠎ᠠ ᠵᠢᠨ ᠡᠬᠢ ᠰᠤᠷᠪᠤᠯᠵᠢ ᠵᠢ ᠡᠷᠢᠬᠦ ᠦᠢ᠍ᠯᠡᠴᠢᠯᠡᠭᠡ ᠬᠠᠩᠭ᠋ᠠᠨ᠎ᠠ; ᠠᠯᠪᠠᠳᠠᠯᠭ᠎ᠠ᠎ᠪᠠᠷ ᠰᠢᠯᠭ᠋ᠠᠨ ᠲᠣᠭᠲᠠᠭ᠋ᠠᠬᠤ ᠡᠭᠦᠷᠭᠡ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠂ ᠠᠮᠤᠷ ᠲᠦᠪᠰᠢᠨ᠎ᠤ ᠰᠡᠷᠭᠡᠢ᠌ᠯᠡᠯᠲᠡ᠂ ᠡᠮᠴᠢᠯᠡᠭᠡ ᠡᠷᠡᠭᠦᠯ ᠬᠠᠮᠠᠭ᠋ᠠᠯᠠᠯ ᠵᠡᠷᠭᠡ ᠬᠡᠷᠡᠭᠯᠡᠵᠦ ᠪᠠᠢ᠌ᠭ᠎ᠠ ᠬᠡᠮᠵᠢᠯᠲᠡ ᠵᠢᠨ ᠪᠠᠭ᠋ᠠᠵᠢ ᠬᠡᠷᠡᠭᠰᠡᠯ᠎ᠢ ᠠᠯᠪᠠᠳᠠᠯᠭ᠎ᠠ᠎ᠪᠠᠷ ᠰᠢᠯᠭ᠋ᠠᠨ ᠲᠣᠭᠲᠠᠭ᠋ᠠᠬᠤ ᠨᠣᠷᠮ᠎ᠠ ᠵᠢ ᠳᠡᠭᠡᠭᠰᠢᠯᠡᠭᠦᠯᠦᠨ᠎ᠡ᠃ ᠪᠤᠰᠤᠳ ᠡᠯ᠎ᠡ ᠲᠥᠷᠥᠯ᠎ᠤᠨ ᠬᠡᠮᠵᠢᠯᠲᠡ ᠵᠢᠨ ᠮᠡᠷᠭᠡᠵᠢᠯ᠎ᠤᠨ ᠪᠠᠢ᠌ᠭᠤᠯᠤᠮᠵᠢ ᠵᠢᠨ ᠬᠥᠭᠵᠢᠯᠲᠡ ᠵᠢ ᠵᠣᠷᠢᠭᠵᠢᠭᠤᠯᠤᠨ ᠳᠡᠮᠵᠢᠵᠦ᠂ ᠣᠯᠠᠨ ᠶᠠᠩᠵᠤ ᠵᠢᠨ ᠬᠡᠮᠵᠢᠯᠲᠡ ᠵᠢᠨ ᠬᠡᠮᠵᠢᠯᠲᠡ ᠵᠢᠨ ᠦᠢ᠍ᠯᠡᠴᠢᠯᠡᠭᠡᠨ᠎ᠢ ᠬᠠᠩᠭ᠋ᠠᠨ᠎ᠠ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
3. ᠬᠡᠮᠵᠢᠯᠲᠡ ᠵᠢᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠡᠮᠵᠢᠯᠲᠡ ᠵᠢᠨ ᠪᠣᠯᠪᠠᠰᠤᠷᠠᠭᠤᠯᠤᠯ᠎ᠤᠨ ᠲᠠᠪᠴᠠᠩ ᠪᠠ ᠳᠠᠳᠤᠯᠭ᠎ᠠ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠎ᠢ ᠬᠡᠷᠡᠭᠯᠡᠨ᠂ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ ; ᠳᠠᠩᠰᠠᠯᠠᠭᠤᠯᠤᠭᠰᠠᠨ ᠬᠡᠮᠵᠢᠭᠴᠢ ᠵᠢᠨ ᠠᠵᠢᠯ ᠮᠡᠷᠭᠡᠵᠢᠯ᠎ᠤᠨ ᠬᠢᠷᠢ ᠬᠡᠮ ᠬᠢᠭᠡᠳ ᠢᠨᠵᠧᠨᠧᠷᠢᠩ᠎ᠤᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠴᠣᠯᠠ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ ᠵᠡᠷᠭᠡ ᠳᠦᠷᠢᠮ᠎ᠢ ᠵᠣᠯᠭ᠋ᠠᠭᠤᠯᠬᠤ ᠳᠦᠷᠢᠮ᠎ᠤᠨ ᠠᠷᠭ᠎ᠠ ᠪᠠ ᠵᠣᠯᠭ᠋ᠠᠭᠤᠯᠬᠤ ᠳᠦᠷᠢᠮ᠎ᠤᠨ ᠨᠠᠢ᠌ᠳᠠᠪᠤᠷᠢᠵᠢᠭᠤᠯᠤᠯᠲᠠ ᠵᠢ ᠰᠦᠪᠡᠭᠴᠢᠯᠡᠨ ᠠᠬᠢᠭᠤᠯᠤᠨ᠎ᠠ᠃ ᠬᠡᠮᠵᠢᠯᠲᠡ ᠵᠢᠨ ᠮᠡᠷᠭᠡᠵᠢᠯ᠎ᠤᠨ ᠪᠠᠢ᠌ᠭᠤᠯᠤᠮᠵᠢ ᠵᠢᠨ ᠰᠢᠨ᠎ᠡ ᠵᠢ ᠡᠭᠦᠳᠬᠦ ᠠᠵᠢᠯ᠎ᠤᠨ ᠪᠠᠢ᠌ᠷᠢ ᠵᠢᠨ ᠪᠠᠢ᠌ᠷᠢᠯᠠᠭᠤᠯᠤᠯᠲᠠ ᠵᠢ ᠵᠣᠷᠢᠭᠵᠢᠭᠤᠯᠵᠤ᠂ ᠲᠦᠷᠦᠭᠦᠸ᠋ ᠬᠡᠮᠵᠢᠭᠴᠢ ᠵᠡᠷᠭᠡ ᠳᠦᠷᠢᠮ᠎ᠢ ᠰᠦᠪᠡᠭᠴᠢᠯᠡᠨ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠲᠤᠰᠬᠠᠢ ᠮᠡᠷᠭᠡᠵᠢᠯ᠎ᠤᠨ ᠬᠡᠮᠵᠢᠯᠲᠡ ᠵᠢᠨ ᠮᠡᠷᠭᠡᠵᠢᠯ᠎ᠤᠨ ᠵᠥᠪᠯᠡᠯ᠎ᠤᠨ ᠭᠡᠰᠢᠭᠦᠨ᠂ ᠬᠡᠮᠵᠢᠯᠲᠡ ᠵᠢᠨ ᠪᠠᠷᠢᠮᠵᠢᠶ᠎ᠠ ᠵᠢᠨ ᠰᠢᠯᠭ᠋ᠠᠨ ᠲᠣᠭᠲᠠᠭ᠋ᠠᠭᠴᠢ ᠵᠢ ᠬᠥᠮᠥᠵᠢᠭᠦᠯᠦᠨ ᠲᠠᠨᠢᠯᠴᠠᠭᠤᠯᠤᠨ᠎ᠠ᠃ ᠤᠯᠤᠰ᠎ᠤᠨ 《ᠨᠢᠭᠡ ᠪᠦᠰᠡ ᠨᠢᠭᠡ ᠵᠠᠮ》᠎ᠤᠨ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠡᠮᠵᠢᠯᠲᠡ ᠵᠢᠨ ᠰᠠᠯᠠᠭ᠎ᠠ ᠮᠥᠴᠢᠷ ᠬᠢᠭᠡᠳ ᠮᠣᠩᠭᠣᠯ ᠤᠯᠤᠰ᠎ᠤᠨ ᠪᠠᠷᠢᠮᠵᠢᠶᠠᠵᠢᠭᠤᠯᠤᠯᠲᠠ ᠬᠢᠭᠡᠳ ᠬᠡᠮᠵᠢᠯᠲᠡ ᠵᠢᠨ ᠲᠣᠪᠴᠢᠶ᠎ᠠ ᠵᠢᠨ ᠬᠠᠮᠲᠤᠷᠠᠯᠴᠠᠭ᠎ᠠ ᠰᠣᠯᠢᠯᠴᠠᠭ᠎ᠠ᠎ᠳᠤ ᠢᠳᠡᠪᠬᠢᠲᠡᠢ ᠣᠷᠣᠯᠴᠠᠵᠤ᠂ ᠬᠡᠮᠵᠢᠯᠲᠡ ᠵᠢᠨ ᠮᠡᠷᠭᠡᠵᠢᠯ᠎ᠤᠨ ᠠᠵᠢᠯᠲᠠᠨ᠎ᠤ ᠣᠯᠠᠨ ᠲᠠᠰ ᠳᠠᠪᠬᠤᠷᠭ᠎ᠠ ᠵᠢᠨ ᠬᠡᠮᠵᠢᠯᠲᠡ ᠵᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠵᠢ ᠳᠡᠮᠵᠢᠨ᠎ᠡ᠃ (ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ)
4. ᠠᠵᠤ ᠠᠬᠤᠢ᠌ᠯᠠᠯ ᠤᠨ ᠬᠡᠮᠵᠢᠯᠲᠡ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠠᠵᠤ ᠠᠬᠤᠢ᠌ᠯᠠᠯ ᠤᠨ ᠰᠠᠨᠠᠭ᠋ᠠᠴᠢᠯᠠᠭ᠋ᠠᠲᠤ ᠴᠢᠨᠠᠷ ᠢ ᠭᠦᠢ᠍ᠴᠡᠳ ᠪᠠᠳᠠᠷᠠᠭᠤᠯᠵᠤ᠂ ᠠᠵᠤ ᠠᠬᠤᠢ᠌ᠯᠠᠯ ᠤᠨ ᠪᠡᠶᠡᠴᠢ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠨ᠎ᠠ᠃ ᠠᠵᠤ ᠠᠬᠤᠢ᠌ᠯᠠᠯ ᠤᠨ ᠬᠡᠮᠵᠢᠯᠲᠡ ᠵᠢᠨ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠢ᠌ᠭ᠋ᠠᠳ ᠬᠡᠮᠵᠢᠯᠲᠡ ᠵᠢᠨ ᠬᠠᠮᠢᠶᠠᠷᠤᠯᠲᠠ ᠵᠢᠨ ᠳᠦᠷᠢᠮ ᠪᠠ ᠪᠠᠲᠤᠯᠠᠭ᠎ᠠ ᠵᠢᠨ ᠰᠢᠰᠲ᠋ᠧᠮᠵᠢ ᠵᠢ ᠪᠠᠢ᠌ᠭᠤᠯᠤᠨ ᠪᠦᠷᠢᠨᠰᠢᠭᠦᠯᠵᠦ᠂ ᠠᠵᠤ ᠠᠬᠤᠢ᠌ᠯᠠᠯ᠎ᠤᠨ ᠬᠡᠮᠵᠢᠯᠲᠡ ᠵᠢᠨ ᠬᠠᠮᠢᠶᠠᠷᠤᠯᠲᠠ ᠵᠢᠨ ᠰᠢᠰᠲ᠋ᠧᠮᠵᠢ ᠵᠢᠨ ᠭᠡᠷᠡᠴᠢᠯᠡᠭᠡ ᠬᠢᠬᠦ ᠵᠢ ᠵᠣᠷᠢᠭᠵᠢᠭᠤᠯᠤᠨ᠂ ᠠᠵᠤ ᠠᠬᠤᠢ᠌ᠯᠠᠯ᠎ᠤᠨ ᠬᠠᠮᠤᠭ᠎ᠤᠨ ᠥᠨᠳᠥᠷ ᠬᠡᠮᠵᠢᠯᠲᠡ ᠵᠢᠨ ᠪᠠᠷᠢᠮᠵᠢᠶ᠎ᠠ ᠪᠠᠶ᠋ᠢᠭᠤᠯᠬᠤ ᠵᠢ ᠵᠣᠷᠢᠭᠵᠢᠭᠤᠯᠤᠨ ᠳᠡᠮᠵᠢᠵᠦ᠂ ᠳᠣᠲᠣᠭ᠋ᠠᠳᠤ᠎ᠳᠠᠭᠠᠨ ᠬᠡᠷᠡᠭᠯᠡᠵᠦ ᠪᠠᠢ᠌ᠭ᠎ᠠ ᠬᠡᠮᠵᠢᠯᠲᠡ ᠵᠢᠨ ᠪᠠᠭ᠋ᠠᠵᠢ ᠬᠡᠷᠡᠭᠰᠡᠯ᠎ᠤᠨ ᠢᠷᠡᠯᠲᠡ ᠵᠢ ᠡᠷᠢᠬᠦ ᠵᠢ ᠥᠷᠨᠢᠭᠦᠯᠦᠨ᠂ ᠬᠡᠮᠵᠢᠯᠲᠡ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠂ ᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠡᠮᠵᠢᠯᠲᠡ ᠵᠢᠨ ᠲᠣᠭ᠎ᠠ ᠪᠠᠷᠢᠮᠲᠠ ᠵᠢᠨ ᠬᠡᠷᠡᠭᠯᠡᠯᠲᠡ ᠵᠢ ᠴᠢᠩᠭ᠋ᠠᠳᠬᠠᠨ᠎ᠠ᠃ ᠠᠵᠤ ᠠᠬᠤᠢ᠌ᠯᠠᠯ᠎ᠤᠨ ᠬᠡᠮᠵᠢᠯᠲᠡ ᠵᠢᠨ ᠴᠢᠳᠠᠪᠤᠷᠢ ᠵᠢᠨ ᠥᠪᠡᠰᠦᠪᠡᠨ ᠢᠯᠡᠷᠬᠡᠢ᠌ᠯᠡᠬᠦ ᠳᠦᠷᠢᠮ᠎ᠢ ᠨᠠᠢ᠌ᠳᠠᠪᠤᠷᠢᠵᠢᠭᠤᠯᠵᠤ᠂ ᠲᠡᠷᠢᠭᠦᠨ᠎ᠤ ᠠᠵᠤ ᠠᠬᠤᠢ᠌ᠯᠠᠯ᠎ᠤᠨ ᠬᠡᠮᠵᠢᠯᠲᠡ ᠵᠢᠨ ᠬᠡᠪ ᠳᠠᠭᠤᠷᠢᠶᠠᠯ᠎ᠤᠨ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠤᠨ᠎ᠠ ᠃ 《ᠬᠡᠮᠵᠢᠯᠲᠡ ᠵᠢᠨ ᠦᠢ᠍ᠯᠡᠴᠢᠯᠡᠭᠡᠨ᠎ᠤ ᠳᠤᠮᠳᠠ ᠵᠢᠵᠢᠭ ᠠᠵᠤ ᠠᠬᠤᠢ᠌ᠯᠠᠯ᠎ᠤᠨ ᠠᠶᠠᠯᠠᠯ》᠎ᠤᠨ ᠠᠵᠢᠯᠯᠠᠭ᠎ᠠ ᠥᠷᠨᠢᠭᠦᠯᠵᠦ᠂ ᠬᠡᠮᠵᠢᠯᠲᠡ ᠵᠢᠨ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠠᠬᠤᠢ᠌ᠯᠠᠯ᠎ᠤᠨ ᠰᠢᠨ᠎ᠡ᠎ᠪᠠᠷ ᠬᠤᠳᠠᠯᠳᠤᠨ ᠠᠪᠤᠭᠰᠠᠨ ᠬᠡᠮᠵᠢᠯᠲᠡ ᠵᠢᠨ ᠪᠠᠭ᠋ᠠᠵᠢ ᠬᠡᠷᠡᠭᠰᠡᠯ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠭᠠᠢ᠌ᠯᠢ ᠲᠤᠰᠢᠶᠠᠬᠤ᠎ᠠᠴᠠ ᠡᠮᠦᠨ᠎ᠡ ᠰᠠᠭᠤᠯᠭ᠋ᠠᠨ ᠠᠪᠤᠨ᠎ᠠ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ)
5. ᠬᠡᠮᠵᠢᠯᠲᠡ ᠵᠢᠨ ᠰᠣᠶᠣᠯ᠎ᠤᠨ ᠪᠠᠢ᠌ᠭᠤᠯᠤᠯᠲᠠ ᠵᠢ ᠴᠢᠩᠭ᠋ᠠᠳᠬᠠᠨ᠎ᠠ᠃ ᠤᠯᠤᠰ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠬᠢᠴᠢᠶᠡᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠡᠮᠵᠢᠯᠲᠡ ᠵᠢᠨ ᠰᠠᠭᠤᠷᠢ ᠮᠡᠳᠡᠯᠭᠡ ᠵᠢᠨ ᠵᠢᠭ᠋ᠠᠨ ᠰᠤᠷᠭ᠋ᠠᠯᠲᠠ ᠵᠢᠨ ᠬᠡᠮᠵᠢᠯᠲᠡ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠬᠡᠮᠵᠢᠯᠲᠡ ᠵᠢᠨ ᠮᠡᠳᠡᠯᠭᠡ ᠵᠢ ᠤᠬᠠᠭᠤᠯᠬᠤ ᠠᠵᠢᠯ᠎ᠢ ᠴᠢᠩᠭ᠋ᠠᠳᠬᠠᠵᠤ᠂ ᠬᠡᠮᠵᠢᠯᠲᠡ ᠵᠢᠨ ᠰᠣᠶᠣᠯ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠠᠭᠤᠷᠢᠨ ᠭᠠᠵᠠᠷ᠎ᠢ ᠪᠣᠢ᠌ᠵᠢᠭᠤᠯᠤᠨ᠂ ᠬᠡᠮᠵᠢᠯᠲᠡ ᠵᠢᠨ ᠠᠵᠤ ᠦᠢ᠍ᠯᠡᠰ᠎ᠢ ᠬᠥᠭᠵᠢᠭᠦᠯᠵᠦ᠂ ᠬᠡᠮᠵᠢᠯᠲᠡ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠡᠬᠢ ᠪᠠᠶᠠᠯᠢᠭ᠎ᠢ ᠨᠡᠭᠡᠭᠡᠨ ᠬᠥᠭᠵᠢᠭᠦᠯᠵᠦ᠂ ᠬᠡᠮᠵᠢᠯᠲᠡ ᠵᠢᠨ ᠰᠣᠶᠣᠯ ᠤᠨ ᠤᠬᠠᠭᠤᠯᠭ᠎ᠠ ᠵᠢᠨ ᠡᠯᠴᠢᠨ ᠰᠠᠢ᠌ᠳ ᠢ ᠬᠥᠮᠥᠵᠢᠭᠦᠯᠦᠨ ᠲᠠᠨᠢᠯᠴᠠᠭᠤᠯᠵᠤ᠂ ᠰᠢᠨ᠎ᠡ ᠴᠠᠭ ᠦᠶ᠎ᠡ ᠵᠢᠨ ᠬᠡᠮᠵᠢᠯᠲᠡ ᠵᠢᠨ ᠵᠣᠷᠢᠭ ᠰᠠᠨᠠᠭ᠎ᠠ ᠵᠢ ᠢᠳᠡᠪᠬᠢᠲᠡᠢ᠎ᠪᠠᠷ ᠪᠣᠢ᠌ᠵᠢᠭᠤᠯᠤᠨ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠣᠩᠭᠣᠨ ᠭᠠᠷᠭ᠋ᠠᠭᠰᠠᠨ ᠬᠡᠮᠵᠢᠯᠲᠡ ᠵᠢᠨ ᠲᠡᠷᠢᠭᠦᠨ᠎ᠤ ᠨᠡᠢ᠌ᠲᠡᠯᠢᠭ ᠵᠢᠱ᠌ᠢᠶ᠎ᠡ᠎ᠳᠤ ᠢᠳᠡᠪᠬᠢᠲᠡᠢ ᠣᠷᠣᠯᠴᠠᠵᠤ᠂ ᠰᠢᠨ᠎ᠡ ᠴᠠᠭ ᠦᠶ᠎ᠡ ᠵᠢᠨ ᠬᠡᠮᠵᠢᠯᠲᠡ ᠵᠢᠨ ᠠᠵᠢᠯᠲᠠᠨ᠎ᠤ ᠢᠷᠠᠭᠤ ᠠᠯᠳᠠᠷᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠵᠢ ᠨᠡᠮᠡᠭᠳᠡᠭᠦᠯᠦᠨ᠎ᠡ᠃ (ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
(ᠳᠥᠷᠪᠡ) ᠬᠡᠮᠵᠢᠯᠲᠡ ᠵᠢᠨ ᠬᠢᠨᠠᠯᠲᠠ ᠬᠠᠮᠢᠶᠠᠷᠤᠯᠲᠠ ᠵᠢ ᠰᠠᠢ᠌ᠲᠤᠷ ᠬᠢᠬᠦ ᠬᠡᠷᠡᠭᠲᠡᠢ
1. ᠬᠡᠮᠵᠢᠯᠲᠡ ᠵᠢᠨ ᠬᠠᠤᠯᠢ ᠲᠣᠭᠲᠠᠭ᠋ᠠᠯ᠎ᠤᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠬᠡᠮᠵᠢᠯᠲᠡ ᠵᠢᠨ ᠤᠬᠠᠭᠤᠯᠭ᠎ᠠ ᠵᠢ ᠴᠢᠩᠭ᠋ᠠᠳᠬᠠᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠬᠡᠮᠵᠢᠯᠲᠡ ᠵᠢᠨ ᠮᠡᠷᠭᠡᠵᠢᠯ᠎ᠤᠨ ᠵᠢᠷᠤᠮᠵᠢᠯ᠎ᠤᠨ ᠬᠠᠮᠢᠶᠠᠷᠤᠯᠲᠠ ᠵᠢᠨ ᠠᠷᠭ᠎ᠠ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠮᠵᠢᠯᠲᠡ ᠵᠢᠨ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠠᠷᠭ᠎ᠠ》 ᠵᠡᠷᠭᠡ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠪᠠ ᠣᠷᠣᠨ ᠨᠤᠲᠤᠭ᠎ᠤᠨ ᠬᠡᠮᠵᠢᠯᠲᠡ ᠵᠢ ᠰᠢᠯᠭ᠋ᠠᠨ ᠲᠣᠭᠲᠠᠭ᠋ᠠᠬᠤ ᠳᠦᠷᠢᠮ᠂ ᠬᠠᠷᠭᠤᠭᠤᠯᠬᠤ ᠵᠢᠷᠤᠮᠵᠢᠯ᠎ᠢ ᠲᠣᠭᠲᠠᠭ᠋ᠠᠬᠤ ᠠᠵᠢᠯ᠎ᠢ ᠢᠳᠡᠪᠬᠢᠲᠡᠢ ᠵᠣᠬᠢᠶᠠᠨ ᠪᠠᠢ᠌ᠭᠤᠯᠤᠨ ᠣᠷᠣᠯᠴᠠᠵᠤ᠂ ᠬᠠᠤᠯᠢ ᠳᠦᠷᠢᠮ᠎ᠤᠨ ᠬᠡᠮᠵᠢᠯᠲᠡ ᠵᠢᠨ ᠬᠠᠮᠢᠶᠠᠷᠤᠯᠲᠠ᠎ᠳᠤ ᠮᠡᠷᠭᠡᠵᠢᠯ᠎ᠤᠨ ᠪᠠᠷᠢᠮᠵᠢᠶ᠎ᠠ ᠬᠠᠩᠭ᠋ᠠᠬᠤ ᠬᠡᠷᠡᠭᠲᠡᠢ᠃ ᠤᠯᠤᠰ᠎ᠤᠨ ᠬᠡᠮᠵᠢᠯᠲᠡ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠤᠬᠠᠭᠤᠯᠭ᠎ᠠ ᠵᠢ ᠥᠷᠨᠢᠭᠦᠯᠵᠦ᠂ ᠪᠥᠬᠥ ᠠᠷᠠᠳ᠎ᠤᠨ ᠬᠡᠮᠵᠢᠯᠲᠡ ᠵᠢᠨ ᠦᠵᠡᠯ ᠤᠬᠠᠮᠰᠠᠷ ᠪᠠ ᠣᠯᠠᠨ ᠲᠦᠮᠡᠨ᠎ᠤ ᠮᠡᠳᠡᠬᠦ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠠᠤᠯᠢ ᠴᠠᠭ᠋ᠠᠵᠠ ᠵᠢᠨ ᠲᠣᠪᠴᠢᠶ᠎ᠠ)
2. ᠠᠷᠠᠳ᠎ᠤᠨ ᠠᠮᠢᠳᠤᠷᠠᠯ᠎ᠤᠨ ᠬᠡᠮᠵᠢᠯᠲᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ ᠵᠢᠨ ᠬᠡᠮᠵᠢᠯᠲᠡ ᠵᠢᠨ ᠠᠰᠠᠭᠤᠳᠠᠯ᠎ᠤᠨ ᠲᠣᠭᠣᠷᠢᠨ᠎ᠳᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ᠂ ᠴᠤᠭᠯᠠᠭ᠎ᠠ ᠮᠠᠢ᠌ᠮᠠᠢ ᠵᠢᠨ ᠵᠠᠬ᠎ᠠ ᠳᠡᠯᠭᠡᠭᠦᠷ᠂ ᠬᠤᠳᠠᠯᠳᠤᠭ᠋ᠠᠨ᠎ᠤ ᠬᠡᠲᠦ ᠳᠡᠯᠭᠡᠭᠦᠷ᠂ ᠲᠣᠰᠣ ᠨᠡᠮᠡᠬᠦ ᠥᠷᠲᠡᠭᠡ᠂ ᠢᠳᠡᠭᠡᠨ ᠤᠮᠳᠠᠭ᠋ᠠᠨ᠎ᠤ ᠦᠢ᠍ᠯᠡᠰ᠂ ᠡᠮᠴᠢᠯᠡᠭᠡ ᠡᠷᠡᠭᠦᠯ ᠬᠠᠮᠠᠭ᠋ᠠᠯᠠᠯ᠂ ᠨᠢᠳᠦᠨ ᠰᠢᠯ᠎ᠤᠨ ᠳᠡᠯᠭᠡᠭᠦᠷ᠂ ᠲᠦᠷᠢᠶᠡᠰᠦᠨ ᠮᠠᠰᠢᠨ ᠲᠡᠷᠭᠡ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠬᠡᠮᠵᠢᠯᠲᠡ ᠵᠢᠨ ᠬᠢᠨᠠᠯᠲᠠ ᠪᠠᠢ᠌ᠴᠠᠭ᠋ᠠᠯᠲᠠ ᠵᠢ ᠦᠷᠭᠦᠯᠵᠢᠯᠡᠨ ᠥᠷᠨᠢᠭᠦᠯᠵᠦ᠂ ᠬᠡᠮᠵᠢᠶ᠎ᠡ᠎ᠲᠠᠢ ᠪᠣᠭᠣᠳᠠᠯᠯᠠᠭᠰᠠᠨ ᠲᠠᠸᠠᠷ᠎ᠤᠨ ᠬᠡᠮᠵᠢᠯᠲᠡ ᠵᠢᠨ ᠬᠢᠨᠠᠯᠲᠠ ᠲᠠᠯᠪᠢᠯᠲᠠ ᠵᠢ ᠴᠢᠩᠭ᠋ᠠᠳᠬᠠᠨ᠂ ᠲᠠᠷᠢᠶᠠᠯᠠᠩ᠎ᠳᠤ ᠬᠣᠯᠪᠣᠭᠳᠠᠬᠤ ᠡᠳ᠋ ᠪᠣᠳᠠᠰ ᠵᠡᠷᠭᠡ ᠵᠢᠨ ᠬᠡᠮᠵᠢᠯᠲᠡ ᠵᠢᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠬᠡᠮᠵᠢᠯᠲᠡ ᠵᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ᠎ᠤᠨ ᠬᠡᠮᠵᠢᠯᠲᠡ ᠵᠢᠨ ᠣᠷᠴᠢᠨ ᠲᠣᠭᠣᠷᠢᠨ᠎ᠢ ᠴᠡᠪᠡᠷᠰᠢᠭᠦᠯᠦᠨ᠎ᠡ᠃ ᠤᠰᠤ ᠬᠠᠩᠭ᠋ᠠᠬᠤ᠂ ᠬᠡᠢ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠭᠠᠮᠰᠢᠭ᠎ᠢ ᠰᠡᠷᠭᠡᠢ᠌ᠯᠡᠨ ᠠᠶᠤᠯ᠎ᠠᠴᠠ ᠵᠠᠢ᠌ᠯᠠᠬᠤ ᠵᠡᠷᠭᠡ ᠬᠠᠮᠢᠶ᠎ᠠ ᠪᠦᠬᠦᠢ ᠬᠡᠮᠵᠢᠯᠲᠡ ᠵᠢᠨ ᠰᠠᠭᠤᠷᠢ ᠪᠡᠯᠡᠳᠬᠡᠮᠵᠢ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
3. ᠬᠡᠮᠵᠢᠯᠲᠡ ᠵᠢᠨ ᠬᠢᠨᠠᠯᠲᠠ ᠬᠠᠮᠢᠶᠠᠷᠤᠯᠲᠠ ᠵᠢᠨ ᠪᠠᠢ᠌ᠭᠤᠯᠤᠯ᠎ᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠎ᠡ᠃ ᠣᠲᠣ ᠵᠢᠨ ᠪᠠᠢ᠌ᠭ᠎ᠠ ᠬᠡᠮᠵᠢᠯᠲᠡ ᠵᠢᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠬᠠᠢ᠌ᠨ ᠰᠦᠪᠡᠭᠴᠢᠯᠡᠭᠰᠡᠨ ᠠᠯᠤᠰ ᠡᠵᠡᠮᠰᠢᠯᠲᠦ ᠬᠢᠨᠠᠯᠲᠠ ᠬᠠᠮᠢᠶᠠᠷᠤᠯᠲᠠ᠂ ᠰᠢᠯᠵᠢᠮᠡᠯ ᠬᠢᠨᠠᠯᠲᠠ ᠬᠠᠮᠢᠶᠠᠷᠤᠯᠲᠠ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠢ᠌ᠯᠡᠨ ᠡᠵᠡᠮᠳᠡᠬᠦ ᠵᠡᠷᠭᠡ ᠲᠤᠬᠠᠢ ᠵᠢᠨ ᠲᠠᠯᠠᠪᠤᠷ᠎ᠤᠨ ᠪᠤᠰᠤ ᠣᠶᠤᠨᠴᠢ ᠬᠡᠮᠵᠢᠯᠲᠡ ᠵᠢᠨ ᠬᠢᠨᠠᠯᠲᠠ ᠬᠠᠮᠢᠶᠠᠷᠤᠯᠲᠠ ᠵᠢᠨ ᠰᠢᠨ᠎ᠡ ᠵᠠᠭᠪᠤᠷ᠎ᠢ ᠢᠳᠡᠪᠬᠢᠲᠡᠢ ᠬᠡᠷᠡᠭᠵᠢᠭᠦᠯᠵᠦ᠂ ᠰᠢᠨ᠎ᠡ ᠬᠡᠯᠪᠡᠷᠢ ᠵᠢᠨ ᠣᠶᠤᠨᠴᠢ ᠬᠡᠮᠵᠢᠯᠲᠡ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠢᠳᠡᠪᠬᠢᠲᠡᠢ ᠪᠣᠶ ᠪᠣᠯᠭ᠋ᠠᠵᠤ᠂ ᠬᠡᠮᠵᠢᠯᠲᠡ ᠵᠢᠨ ᠬᠢᠨᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠡᠮᠵᠢᠯᠲᠡ ᠵᠢᠨ ᠮᠡᠷᠭᠡᠵᠢᠯ᠎ᠤᠨ ᠪᠠᠢ᠌ᠭᠤᠯᠤᠮᠵᠢ ᠵᠢᠨ ᠣᠶᠤᠨᠴᠢ ᠬᠡᠮᠵᠢᠯᠲᠡ ᠵᠢᠨ ᠬᠠᠮᠢᠶᠠᠷᠤᠯᠲᠠ ᠵᠢᠨ ᠰᠢᠰᠲ᠋ᠧᠮ᠎ᠢ ᠬᠡᠷᠡᠭᠯᠡᠬᠦ ᠵᠢ ᠵᠣᠷᠢᠭᠵᠢᠭᠤᠯᠵᠤ᠂ ᠣᠶᠤᠨᠴᠢ ᠬᠡᠮᠵᠢᠯᠲᠡ ᠵᠢᠨ ᠲᠤᠷᠰᠢᠯᠲᠠ ᠵᠢᠨ ᠲᠠᠰᠤᠭ᠎ᠢ ᠪᠠᠢ᠌ᠭᠤᠯᠵᠤ᠂ ᠠᠵᠤ ᠠᠬᠤᠢ᠌ᠯᠠᠯ᠎ᠤᠨ ᠬᠡᠮᠵᠢᠯᠲᠡ ᠵᠢᠨ ᠪᠠᠢ᠌ᠴᠠᠭ᠋ᠠᠨ ᠬᠡᠮᠵᠢᠬᠦ ᠲᠥᠬᠦᠭᠡᠷᠦᠮᠵᠢ ᠵᠢ ᠣᠶᠤᠨᠴᠢᠯᠠᠨ ᠲᠠᠰ ᠳᠡᠪᠰᠢᠭᠦᠯᠦᠨ ᠥᠭᠡᠷᠡᠴᠢᠯᠡᠬᠦ ᠵᠢ ᠵᠣᠷᠢᠭᠵᠢᠭᠤᠯᠵᠤ᠂ ᠦᠢ᠍ᠯᠡᠳᠬᠦᠨ᠎ᠤ ᠶᠠᠰᠤ ᠴᠢᠨᠠᠷ᠎ᠢ ᠡᠵᠡᠮᠳᠡᠬᠦ ᠪᠠ ᠬᠠᠮᠢᠶᠠᠷᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ)
4. ᠦᠨᠡᠨᠴᠢ ᠢᠲᠡᠭᠡᠮᠵᠢ ᠵᠢᠨ ᠬᠡᠮᠵᠢᠯᠲᠡ ᠵᠢᠨ ᠲᠥᠷᠥᠯ ᠬᠤᠪᠢᠶᠠᠭᠰᠠᠨ ᠬᠠᠮᠢᠶᠠᠷᠤᠯᠲᠠ ᠵᠢ ᠠᠬᠢᠭᠤᠯᠤᠨ᠎ᠠ᠃ ᠬᠡᠮᠵᠢᠯᠲᠡ ᠵᠢᠨ ᠢᠲᠡᠭᠡᠮᠵᠢ ᠵᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠵᠢ ᠠᠬᠢᠭᠤᠯᠵᠤ᠂ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠬᠡᠮᠵᠢᠯᠲᠡ᠎ᠪᠠᠷ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡ ᠵᠢ ᠴᠢᠩᠭ᠋ᠠᠷᠠᠭᠤᠯᠤᠨ᠎ᠠ; ᠡᠵᠡᠩᠨᠡᠭᠴᠢᠳ᠎ᠤᠨ ᠥᠪᠡᠷ᠎ᠤᠨ ᠠᠮᠠᠯᠠᠯᠲᠠ᠎ᠪᠠᠷ ᠭᠣᠣᠯ ᠪᠣᠯᠭ᠋ᠠᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠠᠬᠢᠭᠤᠯᠤᠯᠲᠠ᠎ᠪᠠᠷ ᠬᠠᠪᠰᠤᠷᠤᠮᠵᠢ ᠪᠣᠯᠭ᠋ᠠᠵᠤ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠬᠢᠨᠠᠯᠲᠠ ᠲᠠᠯᠪᠢᠬᠤ᠎ᠪᠠᠷ ᠨᠥᠬᠥᠪᠦᠷᠢ ᠪᠣᠯᠭ᠋ᠠᠭᠰᠠᠨ ᠦᠨᠡᠨᠴᠢ ᠢᠲᠡᠭᠡᠮᠵᠢ ᠵᠢᠨ ᠬᠡᠮᠵᠢᠯᠲᠡ ᠵᠢᠨ ᠠᠵᠢᠯᠯᠠᠭ᠎ᠠ ᠵᠢ ᠠᠬᠢᠭᠤᠯᠤᠨ᠎ᠠ᠃ ᠴᠤᠭᠯᠠᠭ᠎ᠠ ᠮᠠᠢ᠌ᠮᠠᠢ ᠵᠢᠨ ᠵᠠᠬ᠎ᠠ ᠳᠡᠯᠭᠡᠭᠦᠷ᠂ ᠬᠤᠳᠠᠯᠳᠤᠭ᠋ᠠᠨ᠎ᠤ ᠬᠡᠲᠦ ᠳᠡᠯᠭᠡᠭᠦᠷ᠂ ᠲᠣᠰᠣ ᠨᠡᠮᠡᠬᠦ ᠥᠷᠲᠡᠭᠡ᠂ ᠢᠳᠡᠭᠡᠨ ᠤᠮᠳᠠᠭ᠋ᠠᠨ᠎ᠤ ᠲᠠᠯᠠᠪᠤᠷ ᠭᠠᠵᠠᠷ᠂ ᠨᠢᠳᠦᠨ ᠰᠢᠯ᠎ᠤᠨ ᠳᠡᠯᠭᠡᠭᠦᠷ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ᠎ᠳᠤ ᠦᠨᠡᠨᠴᠢ ᠢᠲᠡᠭᠡᠮᠵᠢ ᠵᠢᠨ ᠬᠡᠮᠵᠢᠯᠲᠡ ᠵᠢᠨ ᠵᠢᠱ᠌ᠢᠶ᠎ᠡ ᠦᠵᠡᠭᠦᠯᠬᠦ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠵᠦ᠂ ᠡᠵᠡᠩᠨᠡᠭᠴᠢᠳ᠎ᠤᠨ ᠦᠨᠡᠨᠴᠢ ᠢᠲᠡᠭᠡᠮᠵᠢ ᠵᠢᠨ ᠬᠡᠮᠵᠢᠯᠲᠡ ᠵᠢᠨ ᠥᠪᠡᠷ᠎ᠤᠨ ᠠᠮᠠᠯᠠᠯᠲᠠ ᠵᠢ ᠬᠡᠷᠡᠭᠵᠢᠭᠦᠯᠦᠨ᠂ ᠦᠨᠡᠨᠴᠢ ᠢᠲᠡᠭᠡᠮᠵᠢ ᠵᠢᠨ ᠬᠡᠮᠵᠢᠯᠲᠡ ᠵᠢᠨ ᠵᠢᠱ᠌ᠢᠶ᠎ᠡ ᠦᠵᠡᠭᠦᠯᠬᠦ ᠬᠤᠳᠠᠯᠳᠤᠭ᠋ᠠᠴᠢᠨ ᠡᠷᠦᠬᠡ ᠵᠢ 75 ᠡᠷᠦᠬᠡ᠎ᠠᠴᠠ ᠳᠡᠭᠡᠭᠰᠢ ᠰᠣᠩᠭᠣᠨ ᠭᠠᠷᠭ᠋ᠠᠨ᠎ᠠ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
5. ᠬᠡᠮᠵᠢᠯᠲᠡ ᠵᠢᠨ ᠬᠠᠤᠯᠢ᠎ᠠᠴᠠ ᠵᠥᠷᠢᠴᠡᠭᠰᠡᠨ ᠥᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠭᠦᠨ᠎ᠡ᠃ ᠬᠡᠮᠵᠢᠯᠲᠡ ᠵᠢᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠵᠢ ᠴᠢᠩᠭ᠋ᠠᠳᠬᠠᠵᠤ᠂ ᠬᠡᠮ ᠦᠢ᠍ᠯᠡᠳᠬᠦ ᠴᠢᠳᠠᠮᠵᠢ᠎ᠲᠠᠢ ᠬᠡᠮᠵᠢᠯᠲᠡ ᠵᠢᠨ ᠪᠠᠭ᠋ᠠᠵᠢ ᠬᠡᠷᠡᠭᠰᠡᠯ᠎ᠢ ᠦᠢ᠍ᠯᠡᠳᠬᠦ᠂ ᠪᠣᠷᠣᠯᠠᠭᠤᠯᠬᠤ ᠪᠠ ᠬᠡᠷᠡᠭᠯᠡᠬᠦ᠂ ᠬᠡᠮᠵᠢᠯᠲᠡ ᠵᠢᠨ ᠲᠣᠭ᠎ᠠ ᠪᠠᠷᠢᠮᠲᠠ ᠵᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠬᠡᠮᠵᠢᠯᠲᠡ ᠵᠢᠨ ᠦᠨᠡᠮᠯᠡᠯ ᠪᠠ ᠮᠡᠳᠡᠭᠦᠯᠦᠯᠲᠡ ᠬᠢᠵᠦ ᠥᠭᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠨ᠎ᠡ᠃ ᠡᠷᠡᠭᠦᠦ ᠰᠢᠢ᠍ᠳᠬᠡᠯ᠎ᠢ ᠵᠣᠯᠭ᠋ᠠᠭᠤᠯᠬᠤ ᠵᠢ ᠲᠦᠯᠬᠢᠨ ᠠᠬᠢᠭᠤᠯᠵᠤ᠂ ᠬᠡᠮᠵᠢᠯᠲᠡ ᠵᠢᠨ ᠬᠠᠤᠯᠢ ᠬᠡᠷᠡᠭᠵᠢᠭᠦᠯᠬᠦ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠦᠨ᠎ᠡ᠃ ᠬᠡᠮᠵᠢᠯᠲᠡ ᠵᠢᠨ ᠬᠠᠤᠯᠢ ᠬᠡᠷᠡᠭᠵᠢᠭᠦᠯᠬᠦ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠡᠮᠵᠢᠯᠲᠡ ᠵᠢᠨ ᠬᠠᠤᠯᠢ ᠬᠡᠷᠡᠭᠵᠢᠭᠦᠯᠬᠦ ᠲᠣᠨᠣᠭ ᠲᠥᠬᠦᠭᠡᠷᠦᠮᠵᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ)
6. ᠬᠡᠮᠵᠢᠯᠲᠡ ᠵᠢᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠡᠷᠡᠭᠦᠯ ᠵᠶ᠋ᠡᠷ ᠬᠥᠭᠵᠢᠬᠦ ᠵᠢ ᠠᠬᠢᠭᠤᠯᠤᠨ᠎ᠠ᠃ ᠨᠡᠢ᠌ᠭᠡᠮ᠎ᠤᠨ ᠡᠬᠢ ᠪᠠᠶᠠᠯᠢᠭ ᠪᠠ ᠬᠦᠴᠦᠨ ᠴᠢᠳᠠᠯ᠎ᠢ ᠭᠦᠢ᠍ᠴᠡᠳ ᠠᠰᠢᠭᠯᠠᠨ᠂ ᠡᠯ᠎ᠡ ᠲᠥᠷᠥᠯ᠎ᠤᠨ ᠵᠣᠬᠢᠶᠠᠨ ᠪᠠᠢ᠌ᠭᠤᠯᠤᠯᠲᠠ ᠵᠢ ᠣᠷᠣᠭᠤᠯᠤᠨ ᠬᠠᠤᠯᠢ ᠳᠦᠷᠢᠮ᠎ᠤᠨ ᠬᠡᠮᠵᠢᠯᠲᠡ ᠵᠢᠨ ᠠᠵᠢᠯ᠎ᠳᠤ ᠣᠷᠣᠯᠴᠠᠭᠤᠯᠵᠤ᠂ ᠣᠯᠠᠨ ᠡᠰᠢᠲᠦ᠂ ᠨᠡᠭᠡᠭᠡᠯᠲᠡᠲᠡᠢ ᠬᠠᠤᠯᠢ ᠳᠦᠷᠢᠮ᠎ᠤᠨ ᠬᠡᠮᠵᠢᠯᠲᠡ ᠵᠢᠨ ᠪᠠᠢ᠌ᠷᠢᠰᠢᠯ᠎ᠢ ᠪᠠᠶ᠋ᠢᠭᠤᠯᠬᠤ ᠬᠡᠷᠡᠭᠲᠡᠢ᠃ ᠬᠡᠮᠵᠢᠯᠲᠡ ᠵᠢ ᠬᠠᠷᠭᠤᠭᠤᠯᠬᠤ᠂ ᠬᠡᠮᠵᠢᠨ ᠰᠢᠯᠭ᠋ᠠᠬᠤ᠂ ᠠᠵᠤ ᠦᠢ᠍ᠯᠡᠰ᠎ᠤᠨ ᠬᠡᠮᠵᠢᠯᠲᠡ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠶᠡᠬᠡᠪᠡᠷ ᠬᠥᠭᠵᠢᠭᠦᠯᠵᠦ᠂ ᠲᠤᠰᠬᠠᠢ᠌ᠵᠢᠭᠰᠠᠨ ᠬᠡᠮᠵᠢᠯᠲᠡ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠬᠡᠮᠵᠢᠯᠲᠡ ᠵᠢ ᠬᠠᠷᠭᠤᠭᠤᠯᠬᠤ ᠵᠠᠬ᠎ᠠ ᠳᠡᠯᠭᠡᠭᠦᠷ ᠪᠠ ᠬᠡᠮᠵᠢᠯᠲᠡ ᠵᠢ ᠬᠠᠷᠭᠤᠭᠤᠯᠬᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠵᠢᠷᠤᠮᠵᠢᠭᠤᠯᠤᠨ᠂ ᠬᠡᠮᠵᠢᠯᠲᠡ ᠵᠢᠨ ᠮᠡᠷᠭᠡᠵᠢᠯ ᠤᠨ ᠪᠠᠢ᠌ᠭᠤᠯᠤᠮᠵᠢ ᠵᠢᠨ ᠦᠢ᠍ᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭ᠋ᠠᠷᠳᠠᠯᠭ᠎ᠠ ᠵᠢ ᠲᠠᠰᠤᠷᠠᠯᠲᠠ ᠦᠭᠡᠢ ᠬᠠᠩᠭ᠋ᠠᠨ᠎ᠠ᠃ (ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ)
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠢ
ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠤ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠡᠮᠵᠢᠯᠲᠡ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠡᠮᠵᠢᠯᠲᠡ ᠵᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠠᠵᠢᠯ᠎ᠤᠨ ᠲᠣᠭᠲᠠᠴᠠ᠎ᠪᠠᠨ ᠲᠡᠭᠦᠯᠳᠡᠷᠵᠢᠭᠦᠯᠵᠦ᠂ ᠬᠡᠮᠵᠢᠯᠲᠡ ᠵᠢᠨ ᠦᠢ᠍ᠯᠡᠰ᠎ᠤᠨ ᠬᠥᠭᠵᠢᠯᠲᠡ ᠵᠢ ᠤᠯᠤᠰ ᠠᠷᠠᠳ᠎ᠤᠨ ᠠᠵᠤ ᠠᠬᠤᠢ ᠪᠠ ᠨᠡᠢ᠌ᠭᠡᠮ᠎ᠤᠨ ᠬᠥᠭᠵᠢᠯᠲᠡ ᠵᠢᠨ ᠲᠥᠯᠦᠪᠵᠢᠭᠦᠯᠭᠡ ᠵᠢ ᠬᠡᠷᠡᠭᠵᠢᠭᠦᠯᠬᠦ᠎ᠯᠦᠭᠡ ᠵᠣᠯᠭ᠋ᠠᠭᠤᠯᠵᠤ᠂ ᠬᠠᠷᠠᠯᠲᠠ ᠵᠢᠨ ᠡᠭᠦᠷᠭᠡ ᠵᠢ ᠵᠠᠳᠠᠯᠤᠨ ᠨᠠᠷᠢᠯᠢᠭᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠬᠣᠲᠠ ᠵᠢᠨ ᠶᠠᠰᠤ ᠴᠢᠨᠠᠷ ᠵᠶ᠋ᠠᠷ ᠬᠣᠲᠠ᠎ᠪᠠᠨ ᠬᠦᠴᠦᠷᠬᠡᠭᠵᠢᠭᠦᠯᠬᠦ ᠪᠠ ᠪᠠᠷᠢᠮᠵᠢᠶ᠎ᠠ ᠵᠢᠨ ᠪᠠᠢ᠌ᠯᠳᠤᠬᠤ ᠪᠣᠳᠣᠯᠭ᠎ᠠ ᠵᠢ ᠠᠬᠢᠭᠤᠯᠬᠤ ᠵᠥᠪᠯᠡᠯ᠎ᠠᠴᠠ ᠪᠥᠬᠥ ᠬᠣᠲᠠ ᠵᠢᠨ ᠬᠡᠮᠵᠢᠯᠲᠡ ᠵᠢᠨ ᠬᠥᠭᠵᠢᠯᠲᠡ ᠵᠢᠨ ᠠᠵᠢᠯ᠎ᠳᠤ ᠵᠠᠳᠠᠯᠤᠯᠲᠠ ᠬᠢᠵᠦ᠂ ᠬᠡᠮᠵᠢᠯᠲᠡ ᠵᠢᠨ ᠬᠥᠭᠵᠢᠯᠲᠡ ᠵᠢᠨ ᠠᠵᠢᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠡᠯ᠎ᠡ ᠵᠦᠢ᠍ᠯ᠎ᠤᠨ ᠬᠠᠷᠠᠯᠲᠠᠲᠤ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃
(ᠬᠣᠶᠠᠷ) ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠨᠡᠮᠡᠭᠳᠡᠭᠦᠯᠦᠨ᠎ᠡ
ᠬᠡᠮᠵᠢᠯᠲᠡ ᠵᠢᠨ ᠰᠠᠭᠤᠷᠢ ᠪᠡᠯᠡᠳᠬᠡᠮᠵᠢ ᠪᠠ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠠᠤᠯᠢ ᠳᠦᠷᠢᠮ᠎ᠤᠨ ᠬᠡᠮᠵᠢᠯᠲᠡ ᠪᠠ ᠬᠡᠮᠵᠢᠶ᠎ᠡ ᠵᠢᠨ ᠳᠠᠮᠵᠢᠭᠤᠯᠭ᠎ᠠ ᠵᠢᠨ ᠡᠬᠢ ᠰᠤᠷᠪᠤᠯᠵᠢ ᠵᠢ ᠡᠷᠢᠬᠦ ᠰᠢᠰᠲ᠋ᠧᠮ᠎ᠤᠨ ᠪᠦᠲᠦᠮᠵᠢᠲᠡᠶ ᠠᠵᠢᠯᠯᠠᠬᠤ ᠵᠢ ᠪᠠᠲᠤᠯᠠᠨ᠎ᠠ᠃ ᠬᠡᠮᠵᠢᠯᠲᠡ ᠵᠢᠨ ᠦᠢ᠍ᠯᠡᠴᠢᠯᠡᠭᠡᠨ᠎ᠤ ᠨᠡᠮᠡᠭᠳᠡᠯ᠎ᠳᠠᠬᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠨᠡᠢ᠌ᠭᠡᠮ᠎ᠤᠨ ᠨᠡᠶ᠋ᠢᠲᠡ ᠵᠢᠨ ᠬᠡᠷᠡᠭᠯᠡᠭᠡᠨ᠎ᠤ ᠬᠡᠮᠵᠢᠯᠲᠡ ᠵᠢᠨ ᠪᠠᠷᠢᠮᠵᠢᠶ᠎ᠠ ᠵᠢᠨ ᠪᠠᠢ᠌ᠭᠤᠯᠤᠯᠲᠠ ᠵᠢᠴᠢ ᠬᠠᠮᠠᠭ᠋ᠠᠯᠠᠯᠲᠠ᠂ ᠠᠯᠪᠠᠳᠠᠯᠭ᠎ᠠ᠎ᠪᠠᠷ ᠰᠢᠯᠭ᠋ᠠᠨ ᠲᠣᠭᠲᠠᠭ᠋ᠠᠬᠤ ᠵᠢᠴᠢ ᠬᠡᠮᠵᠢᠯᠲᠡ ᠵᠢᠨ ᠲᠤᠰᠬᠠᠢ ᠵᠦᠢ᠍ᠯ᠎ᠳᠤ ᠬᠢᠨᠠᠯᠲᠠ ᠲᠠᠯᠪᠢᠵᠤ ᠰᠤᠭᠤᠴᠢᠨ ᠪᠠᠢ᠌ᠴᠠᠭ᠋ᠠᠬᠤ ᠵᠡᠷᠭᠡ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠢ ᠬᠡᠮᠵᠢᠯᠲᠡ ᠵᠢᠨ ᠪᠠᠲᠤᠯᠠᠭ᠎ᠠ ᠵᠢᠨ ᠠᠵᠢᠯ᠎ᠢ ᠰᠠᠢ᠌ᠲᠤᠷ ᠬᠢᠬᠦᠬᠡᠮᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠵᠦ᠂ ᠣᠲᠣ ᠵᠢᠨ ᠪᠠᠢ᠌ᠭ᠎ᠠ ᠪᠡᠯᠡ ᠮᠥᠩᠭᠥ ᠵᠢᠨ ᠠᠷᠭ᠎ᠠ ᠵᠠᠮ ᠪᠠ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠨᠢᠭᠡᠳᠦᠯᠲᠡᠢ ᠲᠥᠯᠥᠪᠯᠡᠨ ᠠᠰᠢᠭᠯᠠᠵᠤ᠂ ᠪᠡᠯᠡᠳᠬᠡᠨ ᠪᠠᠢ᠌ᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠠᠵᠤ ᠦᠢ᠍ᠯᠡᠰ᠎ᠤᠨ ᠬᠡᠮᠵᠢᠨ ᠰᠢᠯᠭ᠋ᠠᠬᠤ ᠲᠥᠪ᠎ᠢ ᠭᠣᠣᠯᠳᠠᠯᠭ᠎ᠠ᠎ᠲᠠᠢ ᠳᠡᠮᠵᠢᠨ᠎ᠡ᠃ᠪᠡᠯᠡ ᠲᠣᠬᠢᠷᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠬᠦ ᠵᠢ ᠵᠣᠷᠢᠭᠵᠢᠭᠤᠯᠵᠤ᠂ ᠨᠡᠢ᠌ᠭᠡᠮ᠎ᠤᠨ ᠪᠡᠯᠡ ᠮᠥᠩᠭᠥ ᠵᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠢ᠌ᠭ᠋ᠠᠳ ᠬᠡᠮᠵᠢᠯᠲᠡ ᠵᠢᠨ ᠮᠡᠷᠭᠡᠵᠢᠯ᠂ ᠬᠡᠮᠵᠢᠯᠲᠡ ᠵᠢᠨ ᠲᠣᠨᠣᠭᠯᠠᠯ᠎ᠢ ᠰᠤᠳᠤᠯᠤᠨ ᠨᠡᠭᠡᠭᠡᠬᠦ ᠪᠠ ᠬᠡᠷᠡᠭᠯᠡᠭᠡᠨ᠎ᠤ ᠦᠢ᠍ᠯᠡᠴᠢᠯᠡᠭᠡᠨ᠎ᠳᠤ ᠲ᠋ᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠢ ᠴᠢᠩᠭ᠋ᠠᠷᠠᠭᠤᠯᠵᠤ᠂ ᠬᠡᠮᠵᠢᠨ ᠰᠢᠯᠭ᠋ᠠᠬᠤ ᠬᠦᠷᠢᠶ᠎ᠡ ᠴᠠᠷᠠᠭ᠎ᠠ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠲᠥᠯᠥᠪᠯᠡᠭᠡ᠎ᠲᠠᠢ᠎ᠪᠠᠷ ᠡᠯᠰᠡᠨ᠎ᠡ᠃
(ᠭᠤᠷᠪᠠ) ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠴᠢᠩᠭ᠋ᠠᠷᠠᠭᠤᠯᠤᠨ᠎ᠠ
ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠣᠲᠠ ᠵᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠤᠯᠤᠰ᠎ᠤᠨ ᠬᠡᠮᠵᠢᠯᠲᠡ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠦᠢᠯᠡ ᠠᠵᠢᠯᠯᠠᠭ᠎ᠠ ᠵᠢᠷᠤᠮᠵᠢᠯ᠎ᠲᠠᠢ᠂ ᠬᠢᠨᠠᠯᠲᠠ ᠬᠠᠮᠢᠶᠠᠷᠤᠯᠲᠠ ᠪᠦᠲᠦᠮᠵᠢᠲᠡᠶ᠂ ᠪᠠᠲᠤᠯᠠᠭ᠎ᠠ ᠬᠦᠴᠦᠲᠡᠢ ᠬᠡᠮᠵᠢᠯᠲᠡ ᠵᠢᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠵᠤ᠂ 《ᠬᠡᠮᠵᠢᠯᠲᠡ ᠵᠢᠨ ᠬᠥᠭᠵᠢᠯᠲᠡ ᠵᠢᠨ ᠲᠥᠯᠦᠪᠵᠢᠭᠦᠯᠭᠡ》 ᠵᠢ ᠨᠠᠢ᠌ᠳᠠᠪᠤᠷᠢᠵᠢᠭᠤᠯᠬᠤ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠣᠶ ᠪᠣᠯᠭ᠋ᠠᠵᠤ᠂ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ ᠶᠣᠰᠣᠭ᠋ᠠᠷ᠂ ᠬᠢᠨᠠᠮᠠᠭ᠋ᠠᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠬᠡᠷᠡᠭᠲᠡᠢ᠃ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠲᠥᠰᠥᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠮᠥᠷᠳᠡᠨ ᠵᠢᠯᠤᠭᠣᠳᠬᠤ᠂ ᠬᠢᠨᠠᠨ ᠬᠡᠮᠵᠢᠬᠦ᠂ ᠦᠨᠡᠯᠡᠨ ᠵᠢᠱ᠌ᠢᠬᠦ ᠵᠢ ᠴᠢᠩᠭ᠋ᠠᠳᠬᠠᠵᠤ᠂ ᠨᠡᠢ᠌ᠲᠡᠯᠢᠭ ᠲᠤᠷᠰᠢᠯᠭ᠎ᠠ ᠵᠢ ᠳ᠋ᠦᠩᠨᠡᠨ ᠳᠡᠯᠭᠡᠷᠡᠭᠦᠯᠵᠦ᠂ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠬᠦ ᠠᠷᠭ᠎ᠠ ᠪᠣᠳᠣᠯᠭ᠎ᠠ ᠵᠢ ᠰᠤᠳᠤᠯᠤᠨ ᠰᠢᠢ᠍ᠳᠪᠦᠷᠢᠯᠡᠵᠦ᠂ ᠴᠢᠬᠤᠯᠠ ᠪᠠᠢ᠌ᠳᠠᠯ᠎ᠢ ᠴᠠᠭ ᠲᠤᠬᠠᠢᠳᠤᠨᠢ ᠬᠣᠲᠠ ᠵᠢᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ᠃ ᠬᠣᠲᠠ ᠵᠢᠨ ᠵᠠᠰᠠᠭ᠎ᠤᠨ ᠣᠷᠳᠣᠨ ᠬᠡᠮᠵᠢᠯᠲᠡ ᠵᠢᠨ ᠬᠥᠭᠵᠢᠯᠲᠡ ᠵᠢᠨ ᠠᠵᠢᠯ᠎ᠢ ᠵᠠᠰᠠᠭ᠎ᠤᠨ ᠣᠷᠳᠣᠨ᠎ᠤ ᠶᠠᠰᠤ ᠴᠢᠨᠠᠷ᠎ᠤᠨ ᠠᠵᠢᠯ᠎ᠤᠨ ᠬᠠᠷᠠᠯᠲᠠ ᠵᠢᠨ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠎ᠳᠤ ᠣᠷᠣᠭᠤᠯᠵᠤ᠂ 《ᠶᠠᠰᠤ ᠴᠢᠨᠠᠷ᠎ᠤᠨ ᠠᠵᠢᠯ᠎ᠤᠨ ᠰᠢᠯᠭ᠋ᠠᠨ ᠬᠢᠨᠠᠬᠤ ᠠᠷᠭ᠎ᠠ》 ᠶᠣᠰᠣᠭ᠋ᠠᠷ 《ᠬᠡᠮᠵᠢᠯᠲᠡ ᠵᠢᠨ ᠬᠥᠭᠵᠢᠯᠲᠡ ᠵᠢᠨ ᠲᠥᠯᠦᠪᠵᠢᠭᠦᠯᠭᠡ》 ᠵᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠰᠢᠯᠭ᠋ᠠᠨ ᠬᠢᠨᠠᠵᠤ᠂ ᠨᠢᠭᠡᠨᠲᠡ ᠲᠣᠭᠲᠠᠭ᠋ᠠᠭᠰᠠᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠨ ᠨᠠᠷᠢᠯᠢᠭ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ