ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ 12345 ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠦᠷ᠎ᠡ ᠪᠦᠲᠦᠮᠵᠢᠲᠡᠶ᠎ᠪᠠᠷ ᠵᠣᠯᠭ᠋ᠠᠭᠤᠯᠵᠤ ᠬᠠᠮᠲᠤᠷᠠᠨ ᠬᠥᠳᠡᠯᠦᠯᠴᠡᠬᠦ ᠵᠢ ᠰᠠᠢ᠌ᠲᠤᠷ ᠬᠢᠬᠦ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2023-09-07

ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠂  ᠭᠠᠭᠴᠠᠮᠣᠳᠣ ᠪᠣᠭᠣᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ  ᠰᠢᠨ᠎ᠡ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠲᠣᠭᠣᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠺᠣᠮᠢᠰ᠎ᠤᠨ ᠠᠯᠪᠠᠨ ᠭᠡᠷ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ  ᠨᠢᠭᠡᠴᠡ᠎ᠳᠤ᠄
      ᠨᠡᠢ᠌ᠭᠡᠮ᠎ᠤᠨ ᠵᠠᠰᠠᠯᠲᠠ ᠵᠢᠨ ᠰᠢᠰᠲ᠋ᠧᠮ ᠪᠣᠯᠣᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠢ ᠲᠤᠤᠱᠯᠠᠭᠤᠯᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠳᠥᠭᠥᠮ ᠦᠵᠡᠭᠦᠯᠬᠦ 12345 ᠬᠠᠯᠠᠭᠤᠨ ᠤᠲᠠᠰᠤ (ᠳᠣᠷᠣᠭᠰᠢ 12345 ᠭᠡᠵᠦ ᠲᠣᠪᠴᠢᠯᠠᠨ᠎ᠠ) ᠪᠣᠯᠣᠨ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ (ᠳᠣᠷᠣᠭᠰᠢ 110 ᠭᠡᠵᠦ ᠲᠣᠪᠴᠢᠯᠠᠨ᠎ᠠ)᠎ᠤᠨ ᠬᠠᠮᠵᠢᠯᠴᠠᠨ ᠦᠢ᠍ᠯᠡᠴᠢᠯᠡᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ᠎ᠤ ᠬᠣᠲᠠ ᠵᠢᠨ ᠨᠡᠢ᠌ᠭᠡᠮ᠎ᠤᠨ ᠵᠠᠰᠠᠯᠲᠠ ᠵᠢᠨ ᠬᠣᠯᠪᠤᠭ᠋ᠠᠯᠠᠨ ᠬᠥᠳᠡᠯᠦᠯᠴᠡᠬᠦ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠭᠳᠠᠭ᠋ᠠᠨ᠎ᠤ ᠶᠠᠪᠤᠳᠠᠯ᠎ᠤᠨ ᠪᠤᠰᠤ ᠴᠠᠭᠳᠠᠭ᠋ᠠᠨ᠎ᠤ ᠪᠠᠢ᠌ᠳᠠᠯ᠎ᠢ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠠᠷᠠᠳ ᠣᠯᠠᠨ᠎ᠳᠤ ᠦᠢ᠍ᠯᠡᠴᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ᠂ ᠬᠦᠨᠳᠦ ᠶᠡᠬᠡ ᠠᠶᠤᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ᠂   ᠠᠮᠤᠷ ᠲᠦᠪᠰᠢᠨ  ᠲᠣᠭᠲᠠᠭᠤᠨ ᠎ᠢ  ᠬᠠᠮᠠᠭ᠋ᠠᠯᠠᠬᠤ  ᠴᠢᠳᠠᠪᠤᠷᠢ ᠵᠢᠨ ᠲᠦᠪᠰᠢᠨ ᠎ᠢ  ᠪᠦᠬᠦ  ᠲᠠᠯ᠎ᠠ ᠎ᠪᠠᠷ   ᠳᠡᠭᠡᠭᠰᠢᠯᠡᠭᠦᠯᠵᠦ᠂  《ᠲᠥᠷᠥ ᠵᠢᠨ ᠶᠠᠪᠤᠳᠠᠯ᠎ᠤᠨ ᠬᠣᠷᠢᠶ᠎ᠠ ᠵᠢᠨ   ᠠᠯᠪᠠᠨ   ᠲᠢᠩᠬᠢᠮ᠎ᠤᠨ  12345   ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠬᠢᠭᠡᠳ  110  ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠦᠷ᠎ᠡ ᠪᠦᠲᠦᠮᠵᠢᠲᠡᠶ ᠎ᠪᠠᠷ   ᠵᠣᠯᠭ᠋ᠠᠭᠤᠯᠵᠤ ᠬᠣᠯᠪᠤᠭ᠋ᠠᠯᠠᠨ ᠬᠥᠳᠡᠯᠦᠯᠴᠡᠬᠦ ᠵᠢ ᠠᠬᠢᠭᠤᠯᠬᠤ ᠲᠤᠬᠠᠢ ᠰᠠᠨᠠᠯ》 (ᠲᠥᠷᠥ ᠠᠯᠪᠠᠨ ᠲᠠᠷᠬᠠᠭ᠋ᠠᠭᠰᠠᠨ  [2022]  12   ᠳ᠋ᠤᠭ᠋ᠠᠷ  ᠲᠣᠭ᠋ᠠᠲᠤ)᠂  《ᠥᠪᠡᠷᠲᠡᠭᠡᠨ ᠵᠠᠰᠠᠬᠤ ᠣᠷᠣᠨ᠎ᠤ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠢ ᠥᠨᠳᠥᠷ ᠦᠷ᠎ᠡ ᠪᠦᠲᠦᠮᠵᠢᠲᠡᠶ᠎ᠪᠠᠷ ᠵᠣᠯᠭ᠋ᠠᠭᠤᠯᠵᠤ ᠬᠣᠯᠪᠤᠭ᠋ᠠᠯᠠᠨ ᠬᠥᠳᠡᠯᠦᠯᠴᠡᠬᠦ ᠵᠢ ᠠᠬᠢᠭᠤᠯᠬᠤ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2022] 89 ᠳ᠋ᠦᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠬᠣᠶᠠᠷ ᠹᠷᠣᠨᠲ᠎ᠤᠨ ᠭᠦᠨᠵᠡᠭᠡᠢ ᠠᠭᠤᠰᠤᠯᠴᠠᠭᠰᠠᠨ᠂ ᠰᠠᠯᠠᠭ᠎ᠠ ᠮᠥᠴᠢᠷ᠎ᠤᠨ ᠥᠨᠳᠥᠷ ᠪᠦᠲᠦᠮᠵᠢᠲᠡᠶ᠎ᠪᠠᠷ ᠬᠠᠮᠵᠢᠯᠴᠠᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠠᠵᠢᠯ᠎ᠤᠨ ᠪᠠᠢ᠌ᠷᠢᠰᠢᠯ᠎ᠢ ᠪᠥᠬᠥ ᠬᠦᠴᠦᠨ ᠵᠶ᠋ᠡᠷ ᠵᠶ᠋ᠡᠨ ᠪᠡᠶᠡᠯᠡᠭᠦᠯᠵᠦ᠂ ᠮᠠᠨ᠎ᠤ ᠬᠣᠲᠠ ᠵᠢᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠡᠳᠦᠭᠡ ᠬᠣᠯᠪᠣᠭᠳᠠᠯ ᠪᠦᠬᠦᠢ ᠤᠴᠢᠷ ᠶᠠᠪᠤᠳᠠᠯ᠎ᠢ ᠳᠣᠣᠷᠠᠬᠢ ᠮᠡᠲᠦ ᠮᠡᠳᠡᠭᠳᠡᠶ᠎ᠡ᠄
      ᠨᠢᠭᠡ᠂ ᠶᠡᠷᠦᠩᠬᠡᠢ ᠱᠠᠭ᠋ᠠᠷᠳᠠᠯᠭ᠎ᠠ
      (ᠨᠢᠭᠡ) ᠵᠢᠯᠤᠭᠣᠳᠬᠤ ᠦᠵᠡᠯ ᠰᠠᠨᠠᠭ᠎ᠠ᠃ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠤᠱᠯᠠᠭᠤᠯᠵᠤ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠲᠤ ᠪᠡᠬᠢ ᠪᠤᠶ ᠪᠣᠯᠭ᠋ᠠᠵᠤ᠂ ᠵᠠᠰᠠᠭ᠎ᠤᠨ ᠣᠷᠳᠣᠨ᠎ᠤ ᠡᠭᠦᠷᠭᠡ ᠴᠢᠳᠠᠪᠬᠢ ᠵᠢ ᠲᠦᠷᠭᠡᠨ ᠬᠤᠪᠢᠷᠠᠭᠤᠯᠵᠤ᠂ 12345 ᠪᠣᠯᠣᠨ 110 ᠲᠤᠬᠠᠢ᠌ᠯᠠᠭᠰᠠᠨ ᠠᠵᠢᠯ᠎ᠤᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠬᠦ᠎ᠪᠠᠷ ᠲᠠᠲᠠᠬᠤ ᠬᠦᠴᠦᠨ ᠪᠣᠯᠭ᠋ᠠᠵᠤ᠂ ᠲᠠᠪᠴᠠᠩ᠎ᠤᠨ ᠲᠣᠭ᠎ᠠ ᠪᠠᠷᠢᠮᠲᠠ ᠵᠢᠨ ᠣᠶᠤᠨᠴᠢ ᠬᠡᠷᠡᠭᠯᠡᠭᠡ᠎ᠪᠠᠷ ᠲᠤᠯᠭ᠋ᠠᠭᠤᠷᠢᠯᠠᠯ ᠪᠣᠯᠭ᠋ᠠᠵᠤ᠂ ᠰᠠᠯᠭ᠋ᠠᠨ ᠲᠣᠬᠢᠷᠠᠭᠤᠯᠬᠤ ᠬᠠᠮᠲᠤᠷᠠᠨ ᠬᠥᠳᠡᠯᠦᠯᠴᠡᠬᠦ ᠤᠴᠢᠷ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠬᠦ᠎ᠪᠠᠷ ᠭᠣᠣᠯᠳᠠᠯᠭ᠎ᠠ ᠪᠣᠯᠭ᠋ᠠᠨ᠂ 《ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠭᠰᠠᠨ᠂ ᠲᠤᠰᠢᠶᠠᠯ ᠬᠠᠷᠢᠭᠤᠴᠠᠯᠭ᠎ᠠ᠎ᠨᠢ ᠲᠣᠳᠣᠷᠬᠠᠢ᠂ ᠳᠠᠪᠠᠭᠤᠯᠢᠭ ᠲᠠᠯ᠎ᠠ᠎ᠪᠠᠷ ᠵᠶ᠋ᠠᠨ ᠬᠠᠷᠢᠯᠴᠠᠨ ᠨᠥᠬᠥᠪᠦᠷᠢᠯᠡᠭᠰᠡᠨ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠲᠤᠯᠭ᠋ᠠᠭᠤᠷᠢᠯᠠᠭᠰᠠᠨ᠂ ᠤᠯᠠᠨ ᠲᠦᠮᠡᠨ᠎ᠳᠤ ᠦᠢ᠍ᠯᠡᠴᠢᠯᠡᠭᠰᠡᠨ》 12345 ᠬᠢᠭᠡᠳ 110 ᠵᠢ ᠵᠣᠯᠭ᠋ᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠲᠦᠷᠭᠡᠪᠴᠢᠯᠡᠨ ᠪᠠᠢ᠌ᠭᠤᠯᠵᠤ᠂ ᠠᠷᠠᠳ ᠤᠯᠠᠨ᠎ᠳᠤ ᠨᠡᠩ ᠲᠤᠰᠬᠠᠢ ᠮᠡᠷᠭᠡᠵᠢᠯ᠎ᠤᠨ᠂ ᠳᠥᠭᠥᠮ ᠳᠥᠲᠡ᠂ ᠥᠨᠳᠥᠷ ᠪᠦᠲᠦᠮᠵᠢᠲᠡᠶ ᠬᠠᠯᠠᠭᠤᠨ ᠱᠤᠭᠤᠮ᠎ᠤᠨ ᠦᠢ᠍ᠯᠡᠴᠢᠯᠡᠭᠡ ᠬᠠᠩᠭ᠋ᠠᠵᠤ᠂ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠶᠠᠰᠤ ᠴᠢᠨᠠᠷ ᠪᠠ ᠬᠢᠷᠢ ᠬᠡᠮᠵᠢᠶ᠎ᠡ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃
      (ᠬᠣᠶᠠᠷ) ᠠᠵᠢᠯ᠎ᠤᠨ ᠬᠠᠷᠠᠯᠲᠠ᠃ 12345 ᠪᠣᠯᠣᠨ 110 ᠠᠵᠢᠯ᠎ᠤᠨ ᠡᠭᠦᠷᠭᠡ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ᠎ᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠲᠤᠰ ᠲᠤᠰ᠎ᠤᠨ ᠡᠭᠦᠷᠭᠡ ᠴᠢᠳᠠᠪᠤᠷᠢ᠂ ᠰᠢᠰᠲ᠋ᠧᠮ᠎ᠤᠨ ᠳᠠᠪᠠᠭᠤᠯᠢᠭ ᠵᠶ᠋ᠠᠨ ᠭᠦᠢ᠍ᠴᠡᠳ ᠪᠠᠳᠠᠷᠠᠭᠤᠯᠵᠤ᠂ ᠪᠠᠴᠢᠮ ᠪᠤᠰᠤ ᠲᠥᠷᠥᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠱᠠᠭ᠋ᠠᠷᠳᠠᠯᠭ᠎ᠠ ᠪᠠ ᠴᠠᠭᠳᠠᠭ᠋ᠠᠨ᠎ᠤ ᠶᠠᠪᠤᠳᠠᠯ᠎ᠤᠨ ᠲᠥᠷᠥᠯ᠎ᠤᠨ ᠵᠦᠢ᠍ᠯᠡᠰ᠎ᠢ ᠰᠢᠰᠲ᠋ᠧᠮᠵᠢᠭᠦᠯᠦᠨ ᠬᠠᠮᠢᠶᠠᠷᠴᠤ᠂ ᠪᠠᠴᠢᠮ ᠲᠦᠷᠦᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠣᠮᠣᠳᠠᠯ ᠱᠠᠭ᠋ᠠᠷᠳᠠᠯᠭ᠎ᠠ ᠵᠢ ᠬᠣᠯᠪᠣᠯᠳᠤᠭᠤᠯᠤᠨ ᠰᠢᠢ᠍ᠳᠪᠦᠷᠢᠯᠡᠬᠦ ᠵᠢ ᠲᠦᠯᠬᠢᠨ ᠠᠬᠢᠭᠤᠯᠵᠤ᠂ ᠤᠯᠠᠨ ᠲᠦᠮᠡᠨ᠎ᠤ ᠨᠡᠩ ᠲᠤᠰᠬᠠᠢ ᠮᠡᠷᠭᠡᠵᠢᠯ᠎ᠤᠨ ᠲᠦᠷᠭᠡᠨ ᠦᠢ᠍ᠯᠡᠴᠢᠯᠡᠭᠡ ᠬᠦᠷᠳᠡᠬᠦ ᠵᠢ ᠦᠨᠡᠨ ᠬᠦ᠌ ᠪᠠᠲᠤᠯᠠᠵᠤ᠂ ᠵᠠᠰᠠᠭ᠎ᠤᠨ ᠣᠷᠳᠣᠨ᠎ᠤ ᠬᠠᠮᠢᠶᠠᠷᠤᠯᠲᠠ ᠪᠠ ᠦᠢ᠍ᠯᠡᠴᠢᠯᠡᠭᠡ᠎ᠳᠤ ᠬᠣᠯᠪᠣᠭᠳᠠᠭᠰᠠᠨ ᠪᠠᠴᠢᠮ ᠪᠤᠰᠤ ᠭᠣᠮᠣᠳᠠᠯ ᠱᠠᠭ᠋ᠠᠷᠳᠠᠯᠭ᠎ᠠ ᠵᠢ 12345 ᠨᠢᠭᠡᠳᠦᠯᠲᠡᠢ ᠲᠥᠯᠥᠪᠯᠡᠨ ᠰᠢᠢ᠍ᠳᠪᠦᠷᠢᠯᠡᠵᠦ᠂ ᠰᠠᠯᠠᠭ᠎ᠠ ᠮᠥᠴᠢᠷ᠎ᠤᠨ ᠥᠨᠳᠥᠷ ᠪᠦᠲᠦᠮᠵᠢᠲᠡᠶ᠎ᠪᠠᠷ ᠬᠠᠮᠵᠢᠯᠴᠠᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠲᠦᠯᠬᠢᠨ ᠠᠬᠢᠭᠤᠯᠵᠤ᠂ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠪᠠᠴᠢᠮ ᠲᠦᠭᠰᠢᠭᠦᠷᠢᠲᠡᠢ ᠴᠠᠭᠳᠠᠭ᠋ᠠᠨ᠎ᠤ ᠪᠠᠢ᠌ᠳᠠᠯ᠎ᠢ ᠴᠠᠭ ᠲᠤᠬᠠᠢ᠎ᠳᠤᠨᠢ ᠰᠢᠢ᠍ᠳᠪᠦᠷᠢᠯᠡᠵᠦ᠂ ᠨᠡᠢ᠌ᠭᠡᠮ᠎ᠤᠨ ᠠᠮᠤᠷ ᠲᠦᠪᠰᠢᠨ᠎ᠤ ᠡᠮᠬᠢ ᠵᠢᠷᠤᠮ᠎ᠢ ᠨᠡᠩ ᠰᠠᠢ᠌ᠲᠤᠷ ᠬᠠᠮᠠᠭ᠋ᠠᠯᠠᠬᠤ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠨ᠎ᠠ᠃
      ᠬᠣᠶᠠᠷ᠂ ᠠᠵᠢᠯ᠎ᠤᠨ ᠡᠭᠦᠷᠭᠡ
      (ᠨᠢᠭᠡ) ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠨ᠎ᠠ᠃ 12345 ᠠᠵᠤ ᠠᠬᠤᠢ᠌ᠯᠠᠯ ᠪᠣᠯᠣᠨ ᠣᠯᠠᠨ ᠲᠦᠮᠡᠨ᠎ᠤ ᠵᠠᠰᠠᠭ᠎ᠤᠨ ᠣᠷᠳᠣᠨ᠎ᠤ ᠬᠠᠮᠢᠶᠠᠷᠤᠯᠲᠠ ᠪᠣᠯᠣᠨ ᠦᠢ᠍ᠯᠡᠴᠢᠯᠡᠭᠡᠨ᠎ᠤ ᠲᠤᠬᠠᠢ ᠪᠠᠴᠢᠮ ᠪᠤᠰᠤ ᠱᠠᠭ᠋ᠠᠷᠳᠠᠯᠭ᠎ᠠ  ᠵᠢ ᠪᠦᠬᠦᠯᠢ ᠡᠳᠦᠷ᠎ᠤᠨ 24 ᠴᠠᠭ ᠵᠶ᠋ᠠᠷ ᠬᠦᠯᠢᠶᠡᠨ ᠠᠪᠴᠤ ᠰᠢᠢ᠍ᠳᠪᠦᠷᠢᠯᠡᠨ᠎ᠡ; 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠨᠢ ᠪᠦᠬᠦᠯᠢ ᠡᠳᠦᠷ᠎ᠤᠨ 24 ᠴᠠᠭ᠎ᠤᠨ ᠳᠣᠲᠣᠷ᠎ᠠ ᠤᠯᠠᠨ ᠨᠡᠶ᠋ᠢᠲᠡ ᠵᠢᠨ ᠲᠦᠭᠰᠢᠭᠦᠷᠢ ᠮᠡᠳᠡᠭᠦᠯᠬᠦ᠂ ᠪᠠᠴᠢᠮ ᠲᠤᠰᠠᠯᠠᠮᠵᠢ ᠭᠤᠶᠤᠴᠢᠯᠠᠬᠤ ᠪᠠ ᠴᠠᠭᠳᠠᠭ᠋ᠠᠨ᠎ᠤ ᠶᠠᠪᠤᠳᠠᠯ᠎ᠤᠨ ᠭᠣᠮᠣᠳᠠᠯ ᠱᠠᠭ᠋ᠠᠷᠳᠠᠯᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠵᠢ ᠬᠠᠷᠢᠭᠤᠴᠠᠵᠤ᠂ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠪᠠᠴᠢᠮ ᠲᠦᠭᠰᠢᠭᠦᠷᠢᠲᠡᠢ ᠴᠠᠭᠳᠠᠭ᠋ᠠᠨ᠎ᠤ ᠪᠠᠢ᠌ᠳᠠᠯ᠎ᠢ ᠰᠢᠢ᠍ᠳᠪᠦᠷᠢᠯᠡᠨ᠂ ᠨᠡᠢ᠌ᠭᠡᠮ᠎ᠤᠨ ᠠᠮᠤᠷ ᠲᠦᠪᠰᠢᠨ ᠡᠮᠬᠢ ᠵᠢᠷᠤᠮ᠎ᠢ ᠬᠠᠮᠠᠭ᠋ᠠᠯᠠᠵᠤ᠂ ᠠᠷᠠᠳ ᠤᠯᠠᠨ᠎ᠳᠤ ᠦᠢ᠍ᠯᠡᠴᠢᠯᠡᠨ᠎ᠡ᠃ 12345 ᠪᠠ 110 ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠲᠠᠢ ᠤᠶᠠᠯᠳᠤᠭᠤᠯᠤᠨ᠂ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ ᠪᠣᠯᠭ᠋ᠠᠵᠤ᠂ ᠲᠤᠰᠢᠶᠠᠯ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ᠎ᠢ ᠲᠣᠳᠣᠷᠬᠠᠢ ᠪᠣᠯᠭ᠋ᠠᠵᠤ᠂ ᠠᠮᠤᠷ ᠲᠦᠪᠰᠢᠨ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ᠂ ᠠᠵᠤ ᠠᠬᠤᠢ ᠵᠢᠨ ᠬᠥᠭᠵᠢᠯᠲᠡ ᠵᠢ ᠪᠠᠲᠤᠯᠠᠬᠤ᠂ ᠠᠷᠠᠳ ᠤᠯᠠᠨ᠎ᠳᠤ ᠦᠢ᠍ᠯᠡᠴᠢᠯᠡᠬᠦ ᠵᠡᠷᠭᠡ ᠠᠵᠢᠯ᠎ᠢ ᠬᠠᠮᠲᠤ᠎ᠪᠠᠷ ᠰᠠᠢ᠌ᠲᠤᠷ ᠬᠢᠨ᠎ᠡ᠃
      12345 ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ᠄ ᠠᠵᠤ ᠠᠬᠤᠢ᠌ᠯᠠᠯ ᠪᠠ ᠣᠯᠠᠨ ᠲᠦᠮᠡᠨ᠎ᠤ ᠠᠵᠤ ᠠᠬᠤᠢ ᠵᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠨᠡᠢ᠌ᠭᠡᠮ᠎ᠤᠨ ᠬᠠᠮᠢᠶᠠᠷᠤᠯᠲᠠ᠂ ᠣᠯᠠᠨ ᠨᠡᠶ᠋ᠢᠲᠡ ᠵᠢᠨ ᠦᠢ᠍ᠯᠡᠴᠢᠯᠡᠭᠡ᠂ ᠠᠮᠢ ᠠᠬᠤᠢ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠡᠷᠭᠡ ᠬᠦᠷᠢᠶᠡᠨ᠎ᠳᠠᠬᠢ ᠵᠥᠪᠯᠡᠯᠭᠡ᠂ ᠪᠠᠴᠢᠮ ᠪᠤᠰᠤ ᠲᠤᠰᠠᠯᠠᠮᠵᠢ ᠭᠤᠶᠤᠴᠢᠯᠠᠬᠤ᠂ ᠵᠠᠭ᠋ᠠᠯᠳᠤᠬᠤ᠂ ᠢᠯᠡᠴᠢᠯᠡᠨ ᠮᠡᠳᠡᠭᠦᠯᠬᠦ ᠪᠠ ᠰᠠᠨᠠᠯ ᠰᠠᠨᠠᠭᠤᠯᠭ᠎ᠠ ᠵᠡᠷᠭᠡ᠃ ᠵᠠᠭ᠋ᠠᠯᠳᠤᠬᠤ᠂ ᠬᠥᠨᠳᠡᠯᠡᠨ᠎ᠠᠴᠠ ᠲᠠᠰᠤᠯᠬᠤ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ᠂ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠡᠷᠭᠡ ᠵᠢᠷᠤᠮ ᠵᠶ᠋ᠠᠷ ᠳᠠᠮᠵᠢᠭᠤᠯᠤᠨ ᠰᠢᠢ᠍ᠳᠪᠦᠷᠢᠯᠡᠬᠦ ᠶᠣᠰᠣᠲᠠᠢ ᠵᠦᠢ᠍ᠯᠡᠰ᠂ ᠨᠢᠭᠡᠨᠲᠡ ᠵᠠᠬᠢᠳᠠᠯ ᠰᠣᠷᠪᠤᠯᠵᠢᠯᠠᠭ᠎ᠠ ᠵᠢᠨ ᠠᠷᠭ᠎ᠠ ᠵᠠᠮ᠎ᠳᠤ ᠣᠷᠣᠭᠰᠠᠨ ᠵᠦᠢ᠍ᠯᠡᠰ ᠵᠢᠴᠢ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠥᠨ᠎ᠤ ᠨᠢᠭᠤᠴᠠ ᠪᠠ ᠨᠡᠢ᠌ᠭᠡᠮ ᠨᠡᠶ᠋ᠢᠲᠡ ᠵᠢᠨ ᠡᠮᠬᠢ ᠵᠢᠷᠤᠮ ᠪᠠ ᠬᠡᠪ ᠵᠠᠩᠰᠢᠯ᠎ᠢ ᠵᠥᠷᠢᠴᠡᠭᠰᠡᠨ ᠵᠦᠢ᠍ᠯᠡᠰ ᠵᠡᠷᠭᠡ ᠵᠢ ᠬᠦᠯᠢᠶᠡᠨ ᠠᠪᠴᠤ ᠰᠢᠢ᠍ᠳᠪᠦᠷᠢᠯᠡᠬᠦ ᠬᠡᠪᠴᠢᠶᠡᠨ᠎ᠳᠤ ᠣᠷᠣᠭᠤᠯᠬᠤ ᠦᠭᠡᠢ᠃
      110 ᠬᠦ᠍ᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ᠄ ᠡᠷᠡᠭᠦᠦ ᠵᠢᠨ ᠬᠡᠷᠡᠭ᠎ᠤᠨ ᠲᠦᠷᠦᠯ᠎ᠤᠨ ᠴᠠᠭᠳᠠᠭ᠎ᠠ ᠵᠢᠨ ᠪᠠᠢ᠌ᠳᠠᠯ᠂ ᠠᠮᠤᠷ᠎ᠢ ᠬᠠᠮᠠᠭ᠋ᠠᠯᠠᠬᠤ ᠲᠦᠷᠦᠯ᠎ᠤᠨ ᠴᠠᠭᠳᠠᠭ᠎ᠠ ᠵᠢᠨ ᠪᠠᠢ᠌ᠳᠠᠯ᠂ ᠵᠠᠮ ᠬᠠᠷᠢᠯᠴᠠᠭ᠋ᠠᠨ᠎ᠤ ᠲᠦᠷᠦᠯ᠎ᠤᠨ ᠴᠠᠭᠳᠠᠭ᠎ᠠ ᠵᠢᠨ ᠪᠠᠢ᠌ᠳᠠᠯ᠂ ᠬᠥᠮᠥᠨ᠎ᠤ ᠪᠡᠶ᠎ᠡ ᠮᠠᠬᠠᠪᠤᠳ ᠪᠠ ᠡᠳ᠋ ᠬᠥᠷᠥᠩᠭᠡ ᠵᠢᠨ ᠠᠮᠤᠷ ᠲᠦᠪᠰᠢᠨ ᠪᠤᠶᠤ ᠨᠡᠢ᠌ᠭᠡᠮ᠎ᠤᠨ ᠠᠮᠤᠷ ᠲᠦᠪᠰᠢᠨ᠎ᠤ ᠡᠮᠬᠢ ᠵᠢᠷᠤᠮ᠎ᠳᠤ ᠠᠶᠤᠯ ᠬᠥᠨᠥᠭᠡᠯ ᠤᠴᠠᠷᠠᠭᠤᠯᠤᠭᠰᠠᠨ ᠬᠠᠮᠲᠤᠯᠢᠭ᠎ᠤᠨ ᠴᠢᠨᠠᠷᠲᠠᠢ ᠬᠡᠷᠡᠭ ᠵᠢᠴᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠣᠯᠪᠣᠭᠳᠠᠬᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠪᠠᠷ ᠰᠢᠢ᠍ᠳᠪᠦᠷᠢᠯᠡᠭᠦᠯᠬᠦ ᠴᠢᠬᠤᠯᠠᠲᠠᠢ ᠪᠤᠰᠤᠳ ᠴᠠᠭᠳᠠᠭ᠎ᠠ ᠵᠢᠨ ᠮᠡᠳᠡᠭᠡ; ᠤᠯᠠᠨ ᠨᠡᠶ᠋ᠢᠲᠡ ᠵᠢᠨ ᠲᠥᠬᠦᠭᠡᠷᠦᠮᠵᠢ ᠵᠢᠨ ᠲᠦᠭᠰᠢᠭᠦᠷᠢᠲᠦ ᠪᠠᠢ᠌ᠳᠠᠯ᠂ ᠭᠠᠢ ᠭᠠᠮᠰᠢᠭ᠎ᠤᠨ ᠡ᠊ᠨᠳᠡᠯ ᠵᠢᠴᠢ ᠬᠥᠮᠥᠨ᠎ᠤ ᠪᠡᠶ᠎ᠡ ᠮᠠᠬᠠᠪᠤᠳ ᠪᠠ ᠡᠳ᠋ ᠬᠥᠷᠥᠩᠭᠡ ᠵᠢᠨ ᠠᠮᠤᠷ ᠲᠦᠪᠰᠢᠨ᠂ ᠤᠯᠠᠨ ᠨᠡᠶ᠋ᠢᠲᠡ ᠵᠢᠨ ᠠᠮᠤᠷ ᠲᠦᠪᠰᠢᠨ᠎ᠳᠤ ᠠᠶᠤᠯ ᠬᠥᠨᠥᠭᠡᠯ ᠤᠴᠠᠷᠠᠭᠤᠯᠬᠤ ᠵᠡᠷᠭᠡ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠣᠷᠣᠯᠴᠠᠵᠤ ᠰᠢᠢ᠍ᠳᠪᠦᠷᠢᠯᠡᠬᠦ ᠴᠢᠬᠤᠯᠠᠲᠠᠢ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ; ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠴᠢ ᠠᠷᠠᠳ᠎ᠤᠨ ᠴᠠᠭᠳᠠᠭ᠎ᠠ ᠵᠢᠨ ᠶᠠᠭ ᠡᠭᠦᠰᠴᠦ ᠪᠠᠢ᠌ᠭ᠎ᠠ ᠬᠠᠤᠯᠢ ᠰᠠᠬᠢᠯᠭ᠎ᠠ ᠵᠢ ᠵᠥᠷᠢᠴᠡᠭᠰᠡᠨ ᠪᠤᠶᠤ ᠬᠠᠷᠢᠭᠤᠴᠠᠯᠭ᠎ᠠ᠎ᠪᠠᠨ ᠠᠯᠳᠠᠭᠰᠠᠨ ᠠᠵᠢᠯᠯᠠᠭ᠎ᠠ ᠵᠢᠨ ᠲᠤᠬᠠᠢ ᠵᠠᠭ᠋ᠠᠯᠳᠤᠯᠭ᠎ᠠ᠃
      (ᠬᠣᠶᠠᠷ) ᠵᠣᠯᠭ᠋ᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃ 12345 ᠬᠢᠭᠡᠳ 110 ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢᠨ ᠰᠠᠯᠬᠢᠨ᠎ᠤ ᠵᠦᠭᠯᠡᠭᠦᠷ᠂ ᠨᠡᠢ᠌ᠭᠡᠮ᠎ᠤᠨ ᠲᠣᠭᠲᠠᠭᠤᠨ ᠪᠠᠢ᠌ᠳᠠᠯ᠎ᠢ ᠮᠡᠳᠡᠷᠡᠬᠦ ᠪᠠᠭ᠋ᠠᠵᠢ᠂ ᠵᠥᠷᠢᠴᠡᠯ ᠵᠢᠭᠤᠷᠠᠯᠳᠤᠭ᠋ᠠᠨ᠎ᠤ ᠳᠠᠷᠤᠯᠲᠠ ᠵᠢ ᠪᠠᠭ᠋ᠠᠰᠬᠠᠬᠤ ᠨᠡᠭᠡᠯᠡᠭᠡᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠣᠯᠠᠨ ᠲᠦᠮᠡᠨ᠎ᠤ ᠲᠦᠭᠰᠢᠭᠦᠷᠢ ᠮᠡᠳᠡᠭᠦᠯᠬᠦ ᠪᠠ ᠭᠣᠮᠣᠳᠠᠯ ᠲᠣᠭ᠋ᠠᠴᠢᠬᠤ ᠵᠦᠢ᠍ᠯᠡᠰ᠎ᠤᠨ ᠰᠢᠨᠵᠢ ᠴᠢᠨᠠᠷ᠂ ᠠᠭᠤᠯᠭ᠎ᠠ᠂ ᠬᠠᠷᠢᠶᠠᠯᠠᠯ ᠵᠡᠷᠭᠡ ᠵᠢ ᠦᠨᠳᠦᠰᠦᠯᠡᠨ ᠡᠷᠭᠢᠯᠲᠡ᠎ᠳᠤ ᠣᠷᠣᠭᠤᠯᠤᠨ ᠰᠢᠢ᠍ᠳᠪᠦᠷᠢᠯᠡᠬᠦ ᠠᠵᠢᠯ᠎ᠢ ᠵᠢᠷᠤᠮᠵᠢᠭᠤᠯᠤᠨ ᠥᠷᠨᠢᠭᠦᠯᠦᠨ᠎ᠡ᠃ 12345 ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠬᠣᠯᠪᠣᠭᠳᠠᠭᠰᠠᠨ ᠭᠣᠮᠣᠳᠠᠯ ᠲᠣᠭ᠋ᠠᠴᠢᠯᠲᠠ ᠵᠢᠨ ᠤᠴᠢᠷ ᠶᠠᠪᠤᠳᠠᠯ ᠪᠤᠶᠤ ᠪᠠᠴᠢᠮ ᠲᠤᠰᠠᠯᠠᠮᠵᠢ ᠭᠤᠶᠤᠴᠢᠯᠠᠬᠤ ᠵᠢ ᠬᠦᠯᠢᠶᠡᠨ ᠠᠪᠴᠤ᠂ 110 ᠤᠯᠠᠨ ᠲᠦᠮᠡᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠳᠤ ᠬᠣᠯᠪᠣᠭᠳᠠᠭᠰᠠᠨ ᠭᠣᠮᠣᠳᠠᠯ ᠲᠣᠭ᠋ᠠᠴᠢᠯᠲᠠ ᠵᠢ ᠬᠦᠯᠢᠶᠡᠨ ᠠᠪᠴᠤ᠂ ᠬᠣᠯᠪᠤᠭ᠋ᠠᠯᠠᠨ ᠬᠥᠳᠡᠯᠦᠯᠴᠡᠬᠦ ᠠᠵᠢᠯᠯᠠᠭ᠋ᠠᠨ᠎ᠤ ᠲᠣᠭᠲᠠᠴᠠ ᠵᠢ ᠡᠬᠢᠯᠡᠭᠦᠯᠵᠦ᠂ ᠨᠢᠭᠡ ᠲᠣᠪᠴᠢ᠎ᠪᠠᠷ ᠳᠠᠮᠵᠢᠭᠤᠯᠤᠨ ᠵᠠᠯᠭ᠋ᠠᠬᠤ᠂ ᠭᠤᠷᠪᠠᠨ ᠲᠠᠯ᠎ᠠ (ᠭᠣᠮᠣᠳᠠᠯ ᠲᠣᠭ᠋ᠠᠴᠢᠭᠰᠠᠨ ᠲᠠᠯ᠎ᠠ᠂ 110᠂ 12345) ᠵᠢᠨ ᠤᠲᠠᠰᠤ᠎ᠪᠠᠷ ᠶᠠᠷᠢᠯᠴᠠᠬᠤ᠂ ᠲᠤᠰᠬᠠᠢ ᠰᠠᠭᠤᠳᠠᠯ ᠵᠶ᠋ᠠᠷ ᠬᠣᠯᠪᠤᠭ᠋ᠠᠯᠠᠨ ᠬᠥᠳᠡᠯᠦᠯᠴᠡᠬᠦ᠂ ᠰᠢᠰᠲ᠋ᠧᠮ᠎ᠲᠠᠢ᠎ᠪᠠᠷ ᠬᠦᠷᠭᠡᠬᠦ ᠵᠡᠷᠭᠡ ᠬᠡᠯᠪᠡᠷᠢ᠎ᠪᠠᠷ ᠭᠦᠢ᠍ᠴᠡᠳᠬᠡᠨ᠎ᠡ᠃
      1. ᠬᠤᠪᠢᠶᠠᠷᠢ ᠡᠷᠭᠢᠯᠲᠡ ᠵᠢᠨ ᠠᠯᠪᠠᠨ ᠭᠡᠷ᠎ᠤᠨ ᠲᠣᠭᠲᠠᠴᠠ ᠵᠢ ᠵᠢᠷᠤᠮᠵᠢᠭᠤᠯᠤᠨ᠎ᠠ᠃ 12345 ᠪᠤᠶᠤ 110᠎ᠨᠢ ᠨᠥᠭᠥᠭᠡ ᠡᠲᠡᠭᠡᠳ᠎ᠤᠨ ᠵᠶ᠋ᠡᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ ᠲᠣᠳᠣᠷᠬᠠᠢ ᠬᠠᠷᠢᠶᠠᠯᠠᠭᠳᠠᠬᠤ ᠵᠦᠢ᠍ᠯᠡᠰ᠎ᠢ ᠭᠥᠯᠢᠶᠡᠨ ᠠᠪᠤᠭᠰᠠᠨ ᠦᠶ᠎ᠡ᠎ᠳᠤ᠂ ᠨᠢᠭᠡ ᠯᠡ ᠲᠣᠪᠴᠢ᠎ᠪᠠᠷ ᠰᠢᠯᠵᠢᠭᠦᠯᠦᠨ ᠵᠠᠯᠭ᠋ᠠᠬᠤ᠂ ᠲᠤᠰᠬᠠᠢ ᠰᠠᠭᠤᠳᠠᠯ ᠵᠶ᠋ᠠᠷ ᠬᠠᠮᠲᠤᠷᠠᠨ ᠬᠥᠳᠡᠯᠦᠯᠴᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠴᠠᠭ ᠲᠤᠬᠠᠢ᠎ᠳᠤᠨᠢ ᠨᠥᠭᠥᠭᠡ ᠡᠲᠡᠭᠡᠳ᠎ᠲᠡᠭᠡᠨ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠦᠨ᠎ᠡ᠃ ᠬᠠᠷᠢᠭᠤᠴᠠᠯᠭ᠎ᠠ᠎ᠲᠠᠢ ᠨᠢᠭᠡᠴᠡ᠎ᠨᠢ ᠲᠣᠳᠣᠷᠬᠠᠢ ᠦᠭᠡᠢ ᠪᠤᠶᠤ ᠡᠭᠦᠷᠭᠡ ᠬᠠᠷᠢᠭᠤᠴᠠᠯᠭ᠎ᠠ᠎ᠨᠢ ᠰᠣᠯᠪᠢᠴᠠᠵᠤ ᠪᠠᠢ᠌ᠪᠠᠯ᠂ ᠭᠤᠷᠪᠠᠨ ᠲᠠᠯ᠎ᠠ᠎ᠪᠠᠷ ᠵᠶ᠋ᠠᠨ ᠤᠲᠠᠰᠤ᠎ᠪᠠᠷ ᠶᠠᠷᠢᠯᠴᠠᠬᠤ ᠠᠷᠭ᠎ᠠ ᠮᠠᠶᠢᠭ ᠵᠶ᠋ᠠᠷ ᠭᠥᠯᠢᠶᠡᠨ ᠠᠪᠴᠤ ᠰᠢᠢ᠍ᠳᠪᠦᠷᠢᠯᠡᠬᠦ ᠲᠠᠪᠴᠠᠩ᠎ᠢ ᠵᠥᠪᠳᠡᠯᠴᠡᠨ ᠲᠣᠭᠲᠠᠭ᠋ᠠᠵᠤ᠂ ᠵᠥᠪᠳᠡᠯᠴᠡᠭᠰᠡᠨ᠎ᠤ ᠳᠠᠷᠠᠭ᠎ᠠ ᠲᠣᠭᠲᠠᠭ᠋ᠠᠬᠤ ᠵᠢᠨ ᠠᠷᠭ᠎ᠠ ᠦᠭᠡᠢ ᠪᠠᠢ᠌ᠪᠠᠯ᠂ ᠤᠷᠢᠳᠠᠪᠠᠷ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠭᠥᠯᠢᠶᠡᠨ ᠠᠪᠤᠭᠰᠠᠨ ᠲᠠᠪᠴᠠᠩ ᠎ᠠᠴᠠ ᠤᠷᠢᠳᠠᠪᠠᠷ ᠭᠥᠯᠢᠶᠡᠨ ᠠᠪᠴᠤ ᠰᠢᠢ᠍ᠳᠪᠦᠷᠢᠯᠡᠨ᠎ᠡ᠂ ᠬᠡᠷᠪᠡ ᠣᠯᠠᠨ ᠲᠦᠮᠡᠨ᠎ᠤ ᠠᠮᠢ ᠨᠠᠰᠤ᠂ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠢ᠌ᠭᠡᠮ ᠨᠡᠶ᠋ᠢᠲᠡ ᠵᠢᠨ ᠡᠮᠬᠢ ᠵᠢᠷᠤᠮ᠎ᠢ ᠰᠦᠷᠳᠡᠭᠦᠯᠬᠦ ᠪᠠᠴᠢᠮ ᠪᠠᠢ᠌ᠳᠠᠯ ᠣᠷᠣᠰᠢᠵᠤ ᠪᠠᠢ᠌ᠪᠠᠯ᠂ 110 ᠵᠢ ᠴᠠᠭ ᠲᠤᠬᠠᠢ᠎ᠳᠤᠨᠢ ᠴᠠᠭᠳᠠᠭ᠎ᠠ ᠲᠣᠮᠢᠯᠠᠵᠤ ᠤᠷᠢᠳᠠᠪᠠᠷ ᠰᠢᠢ᠍ᠳᠪᠦᠷᠢᠯᠡᠨ᠎ᠡ᠃ 110 ᠢᠨᠲ᠋ᠧᠷ ᠰᠦᠯᠵᠢᠶᠡᠨ᠎ᠤ ᠠᠷᠭ᠎ᠠ ᠵᠠᠮ ᠵᠶ᠋ᠠᠷ ᠭᠥᠯᠢᠶᠡᠨ ᠠᠪᠤᠭᠰᠠᠨ 12345 ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠠᠬᠢ ᠪᠠᠴᠢᠮ ᠪᠤᠰᠤ ᠲᠥᠷᠥᠯ᠎ᠤᠨ ᠵᠦᠢ᠍ᠯᠡᠰ᠎ᠢ ᠰᠦᠯᠵᠢᠶᠡᠨ ᠳᠡᠭᠡᠷ᠎ᠡ ᠰᠢᠯᠵᠢᠭᠦᠯᠦᠨ ᠭᠦᠢ᠍ᠴᠡᠳᠬᠡᠬᠦ᠂ ᠬᠣᠯᠪᠤᠭ᠋ᠠᠯᠠᠨ ᠬᠥᠳᠡᠯᠦᠯᠴᠡᠵᠦ ᠲᠦᠷᠭᠡᠨ ᠭᠦᠢ᠍ᠴᠡᠳᠬᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ 12345 ᠬᠠᠯᠠᠭᠤᠨ ᠤᠲᠠᠰᠤ᠎ᠪᠠᠷ ᠳᠠᠮᠵᠢᠭᠤᠯᠤᠨ ᠭᠦᠢ᠍ᠴᠡᠳᠬᠡᠨ᠎ᠡ᠃ 110 ᠪᠠ 12345 ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠷᠢᠶᠠᠯᠠᠭᠳᠠᠬᠤ ᠦᠭᠡᠢ ᠭᠣᠮᠣᠳᠠᠯ ᠱᠠᠭ᠋ᠠᠷᠳᠠᠯᠭ᠎ᠠ ᠵᠢᠨ ᠵᠦᠢ᠍ᠯᠡᠰ᠎ᠢ ᠲᠣᠳᠣᠷᠬᠠᠢ᠌ᠯᠠᠬᠤ᠎ᠳᠤ᠂ 12345 ᠬᠠᠯᠠᠭᠤᠨ ᠤᠲᠠᠰᠤ ᠪᠠ 110 ᠲᠦᠭᠰᠢᠭᠦᠷᠢ ᠭᠥᠯᠢᠶᠡᠨ ᠠᠪᠬᠤ ᠲᠠᠪᠴᠠᠩ᠎ᠤᠨ ᠳ᠋ᠢᠶᠠᠩᠬᠤᠸᠠ ᠵᠠᠯᠭ᠋ᠠᠯᠲᠠ ᠵᠢᠨ ᠠᠵᠢᠯᠲᠠᠨ ᠵᠦᠢ ᠵᠣᠬᠢᠰᠲᠠᠢ ᠬᠥᠲᠥᠯᠥᠨ ᠵᠢᠯᠤᠭᠣᠳᠬᠤ ᠪᠠ ᠲᠠᠢ᠌ᠯᠪᠤᠷᠢᠯᠠᠬᠤ ᠠᠵᠢᠯ᠎ᠢ ᠰᠠᠢ᠌ᠲᠤᠷ ᠬᠢᠬᠦ ᠬᠡᠷᠡᠭᠲᠡᠢ᠃ 12345 ᠬᠠᠯᠠᠭᠤᠨ ᠤᠲᠠᠰᠤ ᠪᠠ 110 ᠲᠦᠭᠰᠢᠭᠦᠷᠢ ᠮᠡᠳᠡᠭᠡᠯᠡᠬᠦ ᠲᠠᠪᠴᠠᠩ ᠎ᠠᠴᠠ ᠨᠥᠭᠥᠭᠡ ᠡᠲᠡᠭᠡᠳ᠎ᠤᠨ ᠲᠠᠪᠴᠠᠩ᠎ᠳᠤ ᠰᠢᠯᠵᠢᠭᠦᠯᠦᠨ ᠰᠢᠢ᠍ᠳᠪᠦᠷᠢᠯᠡᠭᠦᠯᠦᠭᠰᠡᠨ ᠭᠤᠶᠤᠴᠢᠯᠠᠯ ᠎ᠢ ᠭᠦᠢ᠍ᠴᠡᠳᠬᠡᠭᠰᠡᠨ ᠪᠠᠢ᠌ᠳᠠᠯ ᠎ᠢ ᠭᠥᠯᠢᠶᠡᠨ ᠠᠪᠴᠤ ᠰᠢᠢ᠍ᠳᠪᠦᠷᠢᠯᠡᠬᠦ ᠲᠠᠪᠴᠠᠩ ᠎ᠠᠴᠠ ᠰᠢᠪᠠᠳᠠᠨ ᠰᠢᠢ᠍ᠳᠪᠦᠷᠢᠯᠡᠭᠦᠯᠵᠦ᠂ ᠬᠠᠷᠢᠭᠤ ᠰᠤᠷᠪᠤᠯᠵᠢᠯᠠᠵᠤ  ᠦᠨᠡᠯᠡᠨ᠎ᠡ᠃
      2. ᠡᠳᠦᠷ ᠲᠤᠲᠤᠮ᠎ᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ᠎ᠠ᠃ 110 ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠢᠯᠠᠩᠭᠤᠶ᠎ᠠ ᠬᠦᠴᠦᠷᠬᠡᠭᠯᠡᠯ᠂ ᠬᠡᠲᠦᠷᠡᠮᠡᠬᠡᠢ ᠬᠡᠷᠡᠭ᠎ᠢ ᠡᠭᠦᠰᠬᠡᠵᠦ ᠮᠡᠳᠡᠬᠦ ᠵᠥᠷᠢᠴᠡᠯ ᠵᠢᠭᠤᠷᠠᠯᠳᠤᠭ᠋ᠠᠨ᠎ᠢ ᠣᠯᠣᠭᠰᠠᠨ ᠦᠶ᠎ᠡ᠎ᠳᠤ᠂ ᠲᠡᠷᠡ ᠳᠠᠷᠤᠢ᠎ᠳᠤᠨᠢ ᠴᠠᠭᠳᠠᠭ᠎ᠠ ᠲᠣᠮᠢᠯᠠᠨ ᠰᠢᠢ᠍ᠳᠪᠦᠷᠢᠯᠡᠭᠦᠯᠵᠦ᠂ 12345᠎ᠳᠤ ᠬᠠᠷᠢᠶᠠᠯᠠᠭᠳᠠᠬᠤ ᠭᠣᠮᠣᠳᠠᠯ ᠱᠠᠭ᠋ᠠᠷᠳᠠᠯᠭ᠎ᠠ ᠵᠢ 12345᠎ᠳᠤ ᠰᠢᠯᠵᠢᠭᠦᠯᠦᠨ ᠲᠤᠰᠢᠶᠠᠵᠤ᠂ 12345᠎ᠠᠴᠠ ᠭᠣᠮᠣᠳᠠᠯ ᠲᠣᠭ᠋ᠠᠴᠢᠭᠰᠠᠨ ᠤᠴᠢᠷ ᠶᠠᠪᠤᠳᠠᠯ᠎ᠢ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ ᠪᠠ ᠬᠣᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠤ ᠴᠠᠭ ᠲᠤᠬᠠᠢ᠎ᠳᠤᠨᠢ ᠰᠢᠯᠵᠢᠭᠦᠯᠦᠨ ᠰᠢᠢ᠍ᠳᠪᠦᠷᠢᠯᠡᠭᠦᠯᠵᠦ᠂ ᠬᠠᠮᠲᠤᠷᠠᠨ ᠡᠶᠡᠳᠡᠭᠦᠯᠦᠨ ᠰᠢᠢ᠍ᠳᠪᠦᠷᠢᠯᠡᠬᠦ ᠠᠵᠢᠯ᠎ᠢ ᠥᠷᠨᠢᠭᠦᠯᠵᠦ᠂ ᠵᠥᠷᠢᠴᠡᠯ᠎ᠤᠨ ᠳᠠᠯᠳᠠ ᠭᠡᠮ᠎ᠢ ᠡᠬᠢ ᠰᠤᠷᠪᠤᠯᠵᠢ᠎ᠠᠴᠠ᠎ᠨᠢ ᠠᠷᠢᠯᠭ᠋ᠠᠬᠤ ᠵᠢ ᠲᠦᠯᠬᠢᠨ ᠠᠬᠢᠭᠤᠯᠤᠨ᠎ᠠ᠃ 12345 ᠪᠦᠷᠢᠯᠳᠦᠭᠦᠨ ᠨᠢᠭᠡᠴᠢ ᠰᠢᠢ᠍ᠳᠪᠦᠷᠢᠯᠡᠭᠦᠯᠬᠦ᠎ᠪᠠᠷ ᠲᠤᠰᠢᠶᠠᠭᠰᠠᠨ ᠭᠤᠶᠤᠴᠢᠯᠠᠯ᠎ᠢ ᠣᠯᠣᠭᠰᠠᠨ᠎ᠤ ᠲᠠᠷᠠᠭ᠎ᠠ᠂ ᠴᠠᠭ ᠲᠤᠬᠠᠢ᠎ᠳᠤᠨᠢ ᠰᠢᠢ᠍ᠳᠪᠦᠷᠢᠯᠡᠨ ᠰᠢᠢ᠍ᠳᠪᠦᠷᠢᠯᠡᠬᠦ ᠠᠵᠢᠯ᠎ᠢ ᠥᠷᠨᠢᠭᠦᠯᠵᠦ᠂ ᠲᠤᠬᠠᠢ ᠵᠢᠨ ᠲᠠᠯᠠᠪᠤᠷ᠎ᠲᠤ ᠰᠢᠢ᠍ᠳᠪᠦᠷᠢᠯᠡᠬᠦ ᠴᠢᠬᠤᠯᠠᠲᠠᠢ ᠪᠠᠢ᠌ᠪᠠᠯ᠂ ᠴᠠᠭ ᠲᠤᠬᠠᠢ᠎ᠳᠤᠨᠢ ᠬᠥᠮᠥᠨ ᠲᠣᠮᠢᠯᠠᠨ ᠲᠤᠬᠠᠢ ᠵᠢᠨ ᠲᠠᠯᠠᠪᠤᠷ᠎ᠲᠤ ᠣᠴᠢᠭᠤᠯᠵᠤ ᠰᠢᠢ᠍ᠳᠪᠦᠷᠢᠯᠡᠬᠦ ᠠᠵᠢᠯ᠎ᠢ ᠥᠷᠨᠢᠭᠦᠯᠬᠦ ᠬᠡᠷᠡᠭᠲᠡᠢ᠃ 12345 ᠨᠡᠢ᠌ᠭᠡᠮ᠎ᠤᠨ ᠲᠣᠭᠲᠠᠭᠤᠨ ᠪᠠᠢ᠌ᠳᠠᠯ᠎ᠢ ᠨᠥᠯᠥᠭᠡᠯᠡᠬᠦ ᠰᠦᠪᠡᠭᠴᠢ ᠪᠤᠶᠤ ᠬᠥᠮᠥᠰ᠎ᠤᠨ ᠮᠡᠳᠡᠭᠡ ᠵᠠᠩᠭᠢ ᠵᠢ ᠣᠯᠣᠭᠰᠠᠨ ᠪᠠᠢ᠌ᠪᠠᠯ᠂ ᠲᠡᠷᠡ ᠳᠠᠷᠤᠢ᠎ᠳᠤᠨᠢ 110᠎ᠳᠤ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠂ 12345 ᠠᠵᠢᠯ᠎ᠤᠨ ᠬᠠᠭᠤᠳᠠᠰᠤ ᠵᠢ ᠳᠠᠭ᠋ᠠᠭ᠋ᠠᠨ ᠰᠢᠢ᠍ᠳᠪᠦᠷᠢᠯᠡᠬᠦ ᠨᠢᠭᠡᠴᠢ ᠭᠣᠮᠣᠳᠠᠯ ᠱᠠᠭ᠋ᠠᠷᠳᠠᠯᠭ᠎ᠠ ᠵᠢ ᠰᠢᠢ᠍ᠳᠪᠦᠷᠢᠯᠡᠬᠦ ᠶᠠᠪᠤᠴᠠ᠎ᠳᠤ ᠵᠥᠷᠢᠴᠡᠯ ᠵᠢᠭᠤᠷᠠᠯᠳᠤᠭ᠋ᠠᠨ ᠰᠢᠷᠦᠭᠦᠰᠴᠦ᠂ ᠬᠡᠷᠡᠭ᠎ᠤᠨ ᠪᠠᠢ᠌ᠳᠠᠯ᠎ᠢ ᠡᠵᠡᠮᠳᠡᠬᠦ᠎ᠳᠤ ᠪᠡᠷᠬᠡᠲᠡᠢ ᠪᠤᠶᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠣᠯᠪᠣᠭᠳᠠᠭᠰᠠᠨ᠎ᠢ ᠣᠯᠵᠤ ᠮᠡᠳᠡᠪᠡᠯ᠂ ᠲᠡᠷᠡ ᠳᠠᠷᠤᠢ᠎ᠳᠤᠨᠢ 110 ᠴᠠᠭᠳᠠᠭ᠎ᠠ᠎ᠲᠠᠢ ᠬᠣᠯᠪᠤᠭ᠋ᠠᠯᠠᠨ ᠴᠠᠭᠳᠠᠭ᠎ᠠ ᠲᠣᠮᠢᠯᠠᠵᠤ ᠰᠢᠢ᠍ᠳᠪᠦᠷᠢᠯᠡᠭᠦᠯᠬᠦ ᠬᠡᠷᠡᠭᠲᠡᠢ᠃ ᠡᠯ᠎ᠡ ᠨᠢᠭᠡᠴᠡ᠎ᠨᠦᠭᠦᠳ ᠠᠩᠬ᠎ᠠ ᠵᠣᠯᠭ᠋ᠠᠭᠤᠯᠬᠤ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠪᠤᠰᠤᠳ ᠨᠢᠭᠡᠴᠡ ᠪᠤᠶᠤ ᠰᠠᠯᠠᠭ᠎ᠠ ᠮᠥᠴᠢᠷ᠎ᠤᠨ ᠬᠠᠷᠢᠶᠠᠯᠠᠬᠤ ᠶᠣᠰᠣᠲᠠᠢ ᠵᠢ ᠣᠯᠵᠤ ᠮᠡᠳᠡᠪᠡᠯ᠂ ᠤᠷᠢᠳᠠᠪᠠᠷ ᠰᠢᠢ᠍ᠳᠪᠦᠷᠢᠯᠡᠭᠰᠡᠨ᠎ᠤ ᠳᠠᠷᠠᠭ᠎ᠠ ᠳᠠᠬᠢᠨ ᠲᠣᠭᠲᠠᠭ᠋ᠠᠯ ᠶᠣᠰᠣᠭ᠋ᠠᠷ ᠰᠢᠯᠵᠢᠭᠦᠯᠦᠨ ᠲᠤᠰᠢᠶᠠᠬᠤ ᠬᠡᠷᠡᠭᠲᠡᠢ᠃ 12345᠂ 110 ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠤᠯᠠᠷᠢᠯ ᠪᠦᠷᠢ᠎ᠳᠤ ᠠᠳᠠᠭ᠎ᠲᠠᠭᠠᠨ ᠨᠢᠭᠡ ᠤᠳᠠᠭ᠎ᠠ ᠠᠵᠢᠯ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠠᠵᠢᠯ᠎ᠤᠨ ᠳᠤᠮᠳᠠ ᠢᠯᠡᠷᠡᠭᠦᠯᠦᠭᠰᠡᠨ ᠠᠰᠠᠭᠤᠳᠠᠯ᠎ᠢ ᠴᠠᠭ ᠲᠤᠬᠠᠢ᠎ᠳᠤᠨᠢ ᠰᠢᠢ᠍ᠳᠪᠦᠷᠢᠯᠡᠨ᠂ ᠠᠵᠤ ᠠᠬᠤᠢ᠌ᠯᠠᠯ ᠪᠠ ᠣᠯᠠᠨ ᠲᠦᠮᠡᠨ᠎ᠤ ᠨᠡᠯᠢᠶᠡᠳ ᠲᠥᠪᠯᠡᠷᠡᠭᠰᠡᠨ ᠭᠣᠮᠣᠳᠠᠯ ᠱᠠᠭ᠋ᠠᠷᠳᠠᠯᠭ᠎ᠠ ᠵᠢ ᠵᠠᠳᠠᠯᠤᠨ ᠰᠤᠳᠤᠯᠤᠨ ᠮᠠᠭ᠋ᠠᠳᠯᠠᠵᠤ᠂ ᠠᠵᠢᠯ᠎ᠤᠨ ᠡᠬᠡ ᠲᠠᠩᠰᠠ ᠪᠠᠢ᠌ᠭᠤᠯᠤᠨ᠂ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠬᠡᠷᠡᠭᠵᠢᠭᠦᠯᠵᠦ᠂ ᠲᠤᠰᠬᠠᠢ ᠬᠥᠮᠥᠨ ᠪᠠᠢ᠌ᠴᠠᠭ᠋ᠠᠨ ᠰᠢᠢ᠍ᠳᠪᠦᠷᠢᠯᠡᠬᠦ ᠵᠢ ᠬᠡᠷᠡᠭᠵᠢᠭᠦᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠢ ᠤᠷᠢᠳᠴᠢᠯᠠᠨ ᠲᠣᠬᠢᠷᠠᠭᠤᠯᠵᠤ᠂ ᠠᠵᠤ ᠠᠬᠤᠢ᠌ᠯᠠᠯ ᠪᠠ ᠣᠯᠠᠨ ᠲᠦᠮᠡᠨ᠎ᠤ ᠭᠣᠮᠣᠳᠠᠯ ᠱᠠᠭ᠋ᠠᠷᠳᠠᠯᠭ᠎ᠠ ᠵᠢ ᠴᠠᠭ ᠲᠤᠬᠠᠢ᠎ᠳᠤᠨᠢ ᠰᠢᠢ᠍ᠳᠪᠦᠷᠢᠯᠡᠨ᠎ᠡ᠃
      3. ᠪᠠᠴᠢᠮ ᠪᠠᠢ᠌ᠳᠠᠯ᠎ᠢ ᠠᠷᠭ᠋ᠠᠴᠠᠬᠤ ᠵᠢᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠦᠷᠢᠨᠰᠢᠭᠦᠯᠦᠨ᠎ᠡ᠃ 12345᠂ 110᠎ᠳᠤ 119᠂ 120᠂ 122 ᠵᠡᠷᠭᠡ ᠪᠠᠴᠢᠮ ᠶᠠᠭ᠋ᠠᠷᠠᠯᠲᠠᠢ ᠤᠲᠠᠰᠤ᠂ ᠤᠰᠤ ᠴᠠᠬᠢᠯᠭ᠋ᠠᠨ ᠬᠡᠢ ᠢᠯᠴᠢ ᠵᠡᠷᠭᠡ ᠤᠯᠠᠨ ᠨᠡᠶ᠋ᠢᠲᠡ ᠵᠢᠨ ᠠᠵᠢᠯ ᠦᠢ᠍ᠯᠡᠰ᠎ᠤᠨ ᠬᠠᠯᠠᠭᠤᠨ ᠤᠲᠠᠰᠤᠨ᠎ᠤ ᠪᠠᠴᠢᠮ ᠪᠠᠢ᠌ᠳᠠᠯ᠎ᠢ ᠠᠷᠭ᠋ᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ᠂ ᠭᠡᠨᠡᠳᠲᠡ ᠡᠭᠦᠰᠦᠭᠰᠡᠨ ᠬᠦᠨᠳᠦ ᠶᠡᠬᠡ ᠪᠠᠢ᠌ᠳᠠᠯ ᠭᠠᠷᠤᠮᠠᠭᠴᠠ ᠦᠳᠲᠡᠷ ᠲᠦᠷᠭᠡᠨ ᠴᠤᠤᠷᠢᠶᠠᠲᠤᠨ ᠲᠠᠭ᠋ᠠᠵᠤ᠂ ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠵᠤ᠂ ᠤᠯᠠᠨ ᠲᠦᠮᠡᠨ᠎ᠳᠤ ᠨᠡᠩ ᠴᠠᠭ ᠲᠤᠬᠠᠢ᠎ᠳᠤᠨᠢ᠂ ᠲᠤᠰᠬᠠᠢ ᠮᠡᠷᠭᠡᠵᠢᠯ᠎ᠤᠨ᠂ ᠥᠨᠳᠥᠷ ᠪᠦᠲᠦᠮᠵᠢᠲᠡᠶ᠎ᠪᠠᠷ ᠪᠠᠴᠢᠮ ᠠᠪᠤᠷᠠᠨ ᠲᠤᠰᠠᠯᠠᠬᠤ ᠦᠢ᠍ᠯᠡᠴᠢᠯᠡᠭᠡ ᠬᠠᠩᠭ᠋ᠠᠨ᠎ᠠ᠃ ᠡᠭᠦᠨ᠎ᠤ ᠬᠠᠮᠲᠤ᠂ 12345 ᠪᠠ 110 ᠪᠠᠴᠢᠮ ᠪᠠᠢ᠌ᠳᠠᠯ᠎ᠢ ᠠᠷᠭ᠋ᠠᠴᠠᠬᠤ ᠵᠢᠨ ᠬᠣᠯᠪᠤᠭ᠋ᠠᠯᠠᠨ ᠬᠥᠳᠡᠯᠦᠯᠴᠡᠬᠦ ᠲᠣᠭᠲᠠᠴᠠ ᠵᠢ ᠪᠦᠷᠢᠨᠰᠢᠭᠦᠯᠵᠦ᠂ ᠬᠢᠵᠢᠭ᠎ᠤᠨ ᠪᠠᠢ᠌ᠳᠠᠯ᠂ ᠪᠠᠢ᠌ᠭ᠋ᠠᠯᠢ ᠵᠢᠨ ᠭᠠᠮᠰᠢᠭ᠂ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠲᠦᠭᠰᠢᠭᠦᠷᠢᠲᠦ ᠪᠠᠢ᠌ᠳᠠᠯ᠂ ᠬᠦᠨᠳᠦ ᠶᠡᠬᠡ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠡᠨᠳᠡᠯ᠎ᠤᠨ ᠲᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠬᠤ᠎ᠳᠤ ᠭᠦᠷᠪᠡᠯ᠂ ᠪᠠᠴᠢᠮ   ᠪᠠᠢ᠌ᠳᠠᠯ ᠎ᠢ   ᠠᠷᠭ᠋ᠠᠴᠠᠬᠤ ᠵᠢᠨ  ᠬᠣᠯᠪᠤᠭ᠋ᠠᠯᠠᠨ   ᠬᠥᠳᠡᠯᠦᠯᠴᠡᠬᠦ  ᠲᠥᠰᠥᠯ ᠎ᠢ   ᠴᠠᠭ  ᠲᠤᠬᠠᠢ  ᠎ᠳᠤᠨᠢ  ᠡᠬᠢᠯᠡᠨ  ᠬᠡᠷᠡᠭᠵᠢᠭᠦᠯᠵᠦ᠂ ᠴᠠᠭᠳᠠᠭ᠋ᠠᠨ᠎ᠤ ᠬᠦᠴᠦᠨ ᠪᠠ ᠬᠣᠯᠪᠤᠭ᠋ᠠᠯᠠᠨ ᠬᠥᠳᠡᠯᠦᠯᠴᠡᠬᠦ ᠨᠢᠭᠡᠴᠡ ᠵᠢ ᠳᠠᠷᠤᠢ ᠲᠦᠷᠭᠡᠨ ᠵᠣᠬᠢᠶᠠᠨ ᠪᠠᠢ᠌ᠭᠤᠯᠤᠨ ᠤᠷᠢᠳᠴᠢᠯᠠᠨ ᠰᠢᠢ᠍ᠳᠪᠦᠷᠢᠯᠡᠵᠦ᠂ 12345 ᠪᠠ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠎ᠠᠴᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠪᠠᠢ᠌ᠭ᠋ᠠᠳ ᠲᠤᠰᠬᠠᠢ ᠮᠡᠷᠭᠡᠵᠢᠯ᠎ᠤᠨ ᠰᠢᠢ᠍ᠳᠪᠦᠷᠢᠯᠡᠯᠲᠡ ᠬᠢᠨ᠎ᠡ᠃
      4. ᠵᠥᠪᠳᠡᠯᠴᠡᠨ ᠰᠣᠯᠢᠯᠴᠠᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠡᠳᠦᠷ ᠲᠤᠲᠤᠮ᠎ᠤᠨ ᠬᠣᠯᠪᠤᠭ᠋ᠠᠯᠠᠨ ᠬᠥᠳᠡᠯᠦᠯᠴᠡᠵᠦ ᠰᠠᠭ᠋ᠠᠳ ᠦᠭᠡᠢ ᠨᠡᠪᠲᠡᠷᠡᠬᠦ ᠵᠢ ᠪᠠᠲᠤᠯᠠᠭᠰᠠᠨ ᠰᠠᠭᠤᠷᠢᠨ ᠳᠡᠭᠡᠷ᠎ᠡ᠂ ᠵᠥᠪᠳᠡᠯᠴᠡᠨ ᠰᠣᠯᠢᠯᠴᠠᠬᠤ ᠲᠣᠭᠲᠠᠴᠠ ᠵᠢ ᠪᠠᠢ᠌ᠭᠤᠯᠤᠨ᠎ᠠ᠃ ᠠᠵᠢᠯ᠎ᠤᠨ ᠤᠳᠤᠷᠢᠳᠬᠤ ᠳᠤᠭᠤᠢ᠌ᠯᠠᠩ ᠎ᠠᠴᠠ ᠬᠠᠮᠲᠤᠷᠠᠭᠰᠠᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠬᠤᠪᠢᠶᠠᠷᠢ ᠡᠷᠭᠢᠯᠲᠡ ᠵᠢᠨ ᠠᠯᠪᠠᠨ ᠭᠡᠷ᠎ᠤᠨ ᠠᠵᠢᠯ᠎ᠤᠨ ᠳᠤᠮᠳᠠ ᠢᠯᠡᠷᠡᠭᠰᠡᠨ ᠠᠰᠠᠭᠤᠳᠠᠯ᠎ᠢ ᠴᠠᠭ ᠲᠤᠬᠠᠢ᠎ᠳᠤᠨᠢ ᠵᠣᠯᠭ᠋ᠠᠭᠤᠯᠤᠨ ᠰᠢᠢ᠍ᠳᠪᠦᠷᠢᠯᠡᠵᠦ᠂ ᠠᠵᠢᠯ᠎ᠤᠨ ᠠᠵᠢᠯᠯᠠᠭ᠋ᠠᠨ᠎ᠤ ᠪᠠᠢ᠌ᠳᠠᠯ᠎ᠢ ᠰᠠᠷ᠎ᠠ᠎ᠪᠠᠷ ᠮᠡᠳᠡᠭᠳᠡᠵᠦ᠂ ᠬᠦᠴᠢᠷ ᠠᠰᠠᠭᠤᠳᠠᠯ᠎ᠢ ᠤᠯᠠᠷᠢᠯ᠎ᠳᠤ ᠰᠤᠳᠤᠯᠤᠨ ᠮᠠᠭ᠋ᠠᠳᠯᠠᠵᠤ ᠵᠥᠪᠳᠡᠯᠴᠡᠨ᠂ ᠣᠨ᠎ᠳᠤ ᠪᠥᠬᠥ ᠲᠠᠯ᠎ᠠ᠎ᠪᠠᠷ ᠳ᠋ᠦᠩᠨᠡᠬᠦ ᠬᠡᠷᠡᠭᠲᠡᠢ᠃ ᠬᠠᠷᠢᠶᠠᠯᠠᠯ᠎ᠤᠨ ᠮᠠᠷᠭᠤᠯᠳᠤᠭ᠋ᠠᠨ ᠣᠷᠣᠰᠢᠵᠤ ᠪᠠᠢ᠌ᠬᠤ᠂ ᠲᠤᠰᠢᠶᠠᠯ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ᠎ᠨᠢ ᠲᠣᠳᠣᠷᠬᠠᠢ ᠦᠭᠡᠢ ᠬᠦᠯᠢᠶᠡᠨ ᠠᠪᠴᠤ ᠰᠢᠢ᠍ᠳᠪᠦᠷᠢᠯᠡᠬᠦ ᠵᠦᠢ᠍ᠯᠡᠰ᠎ᠢ ᠴᠠᠭ ᠲᠤᠬᠠᠢ᠎ᠳᠤᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ ᠲᠤᠰᠢᠶᠠᠯ ᠬᠠᠷᠢᠭᠤᠴᠠᠯᠭ᠎ᠠ ᠵᠢᠨ ᠡᠷᠬᠡ ᠵᠢᠨ ᠬᠡᠪᠴᠢᠶ᠎ᠡ ᠵᠢ ᠨᠢᠭᠡᠳ ᠨᠢᠭᠡ᠎ᠪᠠᠷ ᠲᠣᠳᠣᠷᠬᠠᠢ᠌ᠯᠠᠵᠤ᠂ ᠬᠠᠷᠢᠶᠠᠯᠠᠯ᠎ᠤᠨ ᠪᠡᠶᠡᠴᠢ ᠴᠣᠭᠴᠠ ᠵᠢ ᠲᠣᠳᠣᠷᠬᠠᠢ ᠪᠣᠯᠭ᠋ᠠᠵᠤ᠂ ᠰᠢᠢ᠍ᠳᠪᠦᠷᠢᠯᠡᠬᠦ ᠵᠢᠷᠤᠮᠵᠢᠯ᠎ᠢ ᠲᠣᠭᠲᠠᠭ᠋ᠠᠨ᠎ᠠ᠃ ᠭᠣᠣᠯᠳᠠᠯᠭ᠎ᠠ᠎ᠲᠠᠢ᠂ ᠬᠦᠴᠢᠷ ᠠᠰᠠᠭᠤᠳᠠᠯ᠎ᠢ ᠤᠳᠤᠷᠢᠳᠬᠤ ᠳᠤᠭᠤᠢ᠌ᠯᠠᠩ᠎ᠳᠤ ᠮᠡᠳᠡᠭᠦᠯᠦᠨ ᠰᠤᠳᠤᠯᠤᠨ ᠮᠠᠭ᠋ᠠᠳᠯᠠᠭᠤᠯᠵᠤ᠂ ᠲᠣᠭᠲᠠᠭ᠋ᠠᠯᠭ᠋ᠠᠵᠤ᠂ ᠬᠣᠯᠪᠤᠭ᠋ᠠᠯᠠᠨ ᠬᠥᠳᠡᠯᠦᠯᠴᠡᠵᠦ ᠰᠠᠯᠭ᠋ᠠᠨ ᠲᠣᠬᠢᠷᠠᠭᠤᠯᠬᠤ ᠲᠣᠭᠲᠠᠴᠠ ᠵᠢᠨ ᠵᠣᠯᠭ᠋ᠠᠯᠳᠤᠯ ᠡᠮᠬᠢ ᠵᠢᠷᠤᠮ᠎ᠲᠠᠢ᠂ ᠠᠵᠢᠯᠯᠠᠭ᠋ᠠᠨ᠎ᠨᠢ ᠥᠨᠳᠥᠷ ᠪᠦᠲᠦᠮᠵᠢᠲᠡᠶ᠂ ᠴᠤᠪᠤᠷᠠᠯ᠎ᠨᠢ ᠪᠢᠲᠡᠭᠦᠦ ᠪᠠᠢ᠌ᠬᠤ ᠵᠢ ᠪᠠᠲᠤᠯᠠᠨ᠎ᠠ᠃ ᠬᠣᠲᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠭ᠎ᠠ ᠪᠠᠷᠢᠮᠲᠠ ᠵᠢᠨ ᠵᠠᠳᠠᠯᠤᠯᠲᠠ ᠬᠢᠵᠦ᠂ 12345 ᠪᠣᠯᠣᠨ 110 ᠵᠢᠨ ᠨᠢᠭᠡᠨᠲᠡ ᠰᠢᠢ᠍ᠳᠪᠦᠷᠢᠯᠡᠵᠦ ᠳᠠᠭᠤᠰᠬᠠᠭᠰᠠᠨ ᠭᠣᠮᠣᠳᠠᠯ ᠱᠠᠭ᠋ᠠᠷᠳᠠᠯᠭ᠎ᠠ ᠪᠠ ᠰᠢᠢ᠍ᠳᠪᠦᠷᠢᠯᠡᠵᠦ ᠳᠠᠭᠤᠰᠬᠠᠭ᠋ᠠᠳᠤᠢ ᠭᠣᠮᠣᠳᠠᠯ ᠱᠠᠭ᠋ᠠᠷᠳᠠᠯᠭ᠎ᠠ ᠵᠢᠴᠢ ᠬᠦᠴᠢᠷ ᠲᠦᠪᠡᠭᠲᠡᠢ ᠭᠣᠮᠣᠳᠠᠯ ᠱᠠᠭ᠋ᠠᠷᠳᠠᠯᠭ᠎ᠠ ᠵᠢ ᠲᠣᠳᠣᠷᠬᠠᠢ᠌ᠯᠠᠭᠰᠠᠨ ᠵᠠᠳᠠᠯᠤᠯᠲᠠ ᠬᠢᠬᠦ᠎ᠪᠠᠷ ᠳᠠᠮᠵᠢᠭᠤᠯᠤᠨ᠂ ᠬᠡᠯᠪᠡᠷᠢᠯ᠎ᠤᠨ ᠴᠢᠨᠠᠷᠲᠠᠢ᠂ ᠴᠤᠬᠤᠶ᠋ᠢᠯᠲᠠ ᠵᠢᠨ ᠴᠢᠨᠠᠷᠲᠠᠢ ᠠᠰᠠᠭᠤᠳᠠᠯ ᠪᠠ ᠭᠣᠮᠣᠳᠠᠯ ᠱᠠᠭ᠋ᠠᠷᠳᠠᠯᠭ᠎ᠠ ᠨᠡᠯᠢᠶᠡᠳ ᠲᠥᠪᠯᠡᠷᠡᠩᠭᠦᠢ᠂ ᠨᠡᠢ᠌ᠭᠡᠮ᠎ᠤᠨ ᠨᠥᠯᠥᠭᠡ᠎ᠪᠠᠷ ᠨᠡᠯᠢᠶᠡᠳ ᠶᠡᠬᠡ᠂ ᠬᠠᠮᠤᠷᠬᠤ ᠬᠥᠮᠥᠨ ᠨᠡᠯᠢᠶᠡᠳ ᠣᠯᠠᠨ ᠪᠠᠢ᠌ᠬᠤ ᠵᠦᠢ᠍ᠯᠡᠰ᠎ᠢ ᠡᠷᠢᠨ ᠭᠠᠷᠭ᠋ᠠᠵᠤ᠂ ᠬᠠᠯᠠᠭᠤᠨ ᠴᠡᠭ᠎ᠤᠨ ᠭᠣᠮᠣᠳᠠᠯ ᠱᠠᠭ᠋ᠠᠷᠳᠠᠯᠭ᠎ᠠ ᠵᠢ ᠴᠠᠭ ᠲᠤᠬᠠᠢ᠎ᠳᠤᠨᠢ ᠬᠠᠷᠢᠭᠤᠯᠬᠤ᠂ ᠭᠡᠨᠡᠳᠲᠡ ᠵᠢᠨ ᠬᠡᠷᠡᠭ᠎ᠢ ᠴᠠᠭ ᠲᠤᠬᠠᠢ᠎ᠳᠤᠨᠢ ᠤᠷᠢᠳᠴᠢᠯᠠᠨ ᠰᠡᠷᠡᠮᠵᠢᠯᠡᠭᠦᠯᠬᠦ ᠵᠢ ᠪᠡᠶᠡᠯᠡᠭᠦᠯᠵᠦ᠂ ᠬᠠᠯᠠᠭᠤᠨ ᠤᠲᠠᠰᠤ᠎ᠪᠠᠷ ᠬᠠᠪᠰᠤᠷᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃ 12345 ᠬᠢᠭᠡᠳ 110 ᠠᠵᠢᠯᠲᠠᠨ᠎ᠤ ᠰᠣᠯᠢᠯᠴᠠᠭ᠎ᠠ ᠰᠤᠷᠤᠯᠴᠠᠯᠭ᠎ᠠ ᠵᠢᠨ ᠲᠣᠭᠲᠠᠴᠠ ᠵᠢ ᠪᠠᠢ᠌ᠭᠤᠯᠵᠤ᠂ ᠵᠣᠯᠭ᠋ᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠎ᠤᠨ ᠦᠷᠭᠦᠯᠵᠢᠯᠡᠨ ᠳᠡᠭᠡᠭᠰᠢᠯᠡᠬᠦ ᠵᠢ ᠠᠬᠢᠭᠤᠯᠪᠠ᠃
      5. ᠲᠥᠷᠥᠯ ᠬᠤᠪᠢᠶᠠᠨ ᠬᠢᠨᠠᠯᠲᠠ ᠲᠠᠯᠪᠢᠵᠤ ᠰᠢᠯᠭ᠋ᠠᠨ ᠬᠢᠨᠠᠬᠤ ᠲᠣᠭᠲᠠᠴᠠ ᠵᠢ ᠴᠢᠩᠭ᠋ᠠᠷᠠᠭᠤᠯᠤᠨ᠎ᠠ᠃ ᠬᠣᠲᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠡᠷᠭᠢᠯᠲᠡ ᠵᠢᠨ ᠠᠯᠪᠠᠨ ᠭᠡᠷ᠎ᠤᠨ ᠪᠣᠳᠠᠲᠠᠢ ᠳᠦᠷᠢᠮ ᠪᠠ ᠵᠦᠢ᠍ᠯᠡᠰ᠎ᠤᠨ ᠨᠠᠷᠢᠨ ᠲᠠᠩᠰᠠ ᠵᠢ ᠨᠠᠷᠢᠯᠢᠭᠵᠢᠭᠤᠯᠤᠨ ᠬᠤᠪᠢᠶᠠᠵᠤ᠂ ᠡᠯ᠎ᠡ ᠳᠠᠭ᠋ᠠᠭ᠋ᠠᠨ ᠭᠦᠢ᠍ᠴᠡᠳᠬᠡᠬᠦ ᠨᠢᠭᠡᠴᠡ ᠵᠢᠨ ᠴᠠᠭ ᠬᠢᠵᠠᠭ᠋ᠠᠷᠯᠠᠨ ᠰᠢᠢ᠍ᠳᠪᠦᠷᠢᠯᠡᠵᠦ ᠳᠠᠭᠤᠰᠬᠠᠭᠰᠠᠨ ᠪᠠᠢ᠌ᠳᠠᠯ᠂ ᠭᠦᠢ᠍ᠴᠡᠳᠬᠡᠭᠰᠡᠨ ᠶᠠᠰᠤ ᠴᠢᠨᠠᠷ᠂ ᠪᠤᠴᠠᠭ᠋ᠠᠨ ᠪᠤᠴᠠᠭ᠋ᠠᠭᠰᠠᠨ ᠪᠠᠢ᠌ᠳᠠᠯ ᠵᠡᠷᠭᠡ᠎ᠳᠤ ᠡᠳᠦᠷ ᠲᠤᠲᠤᠮ᠎ᠤᠨ ᠬᠢᠨᠠᠯᠲᠠ ᠲᠠᠯᠪᠢᠨ᠎ᠠ᠃ ᠬᠣᠲᠠ ᠵᠢᠨ 12345 ᠬᠠᠯᠠᠭᠤᠨ ᠤᠲᠠᠰᠤᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠨᠢ ᠳᠠᠭ᠋ᠠᠬᠤ ᠬᠡᠮᠵᠢᠶ᠎ᠡ᠎ᠪᠠᠷ ᠳᠣᠣᠷ᠎ᠠ᠂ ᠰᠢᠢ᠍ᠳᠪᠦᠷᠢᠯᠡᠬᠦ ᠶᠠᠰᠤ ᠴᠢᠨᠠᠷ ᠵᠶ᠋ᠠᠷ ᠠᠨᠠᠢ᠂ ᠰᠢᠢ᠍ᠳᠪᠦᠷᠢᠯᠡᠬᠦ ᠴᠠᠭ᠎ᠤᠨ ᠬᠢᠵᠠᠭ᠋ᠠᠷ ᠎ᠠᠴᠠ ᠬᠡᠲᠦᠷᠡᠭᠰᠡᠨ᠂ ᠬᠠᠷᠢᠯᠴᠠᠨ ᠲᠦᠯᠬᠢᠯᠴᠡᠵᠦ ᠬᠠᠷᠢᠯᠴᠠᠨ ᠲᠦᠯᠬᠢᠯᠴᠡᠭᠰᠡᠨ ᠵᠡᠷᠭᠡ ᠪᠠᠢ᠌ᠳᠠᠯ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠣᠬᠢᠷᠠᠭᠤᠯᠵᠤ᠂ ᠰᠢᠪᠠᠳᠠᠨ ᠰᠢᠢ᠍ᠳᠪᠦᠷᠢᠯᠡᠭᠦᠯᠵᠦ᠂ ᠵᠠᠷᠯᠠᠨ ᠮᠡᠳᠡᠭᠳᠡᠵᠦ᠂ ᠪᠣᠯᠵᠣᠨ ᠶᠠᠷᠢᠯᠴᠠᠵᠤ᠂ ᠭᠣᠮᠣᠳᠠᠯ ᠱᠠᠭ᠋ᠠᠷᠳᠠᠯᠭ᠎ᠠ ᠵᠢ ᠭᠦᠢ᠍ᠴᠡᠳᠬᠡᠬᠦ ᠨᠢᠭᠡᠴᠡ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠵᠢᠨ ᠬᠠᠮᠲᠤ᠂ ᠭᠥᠯᠢᠶᠡᠨ ᠠᠪᠴᠤ ᠰᠢᠢ᠍ᠳᠪᠦᠷᠢᠯᠡᠬᠦ᠂ ᠲᠡᠷᠡ ᠳᠠᠷᠤᠢ᠎ᠳᠤᠨᠢ ᠰᠢᠯᠵᠢᠭᠦᠯᠦᠨ ᠰᠢᠢ᠍ᠳᠪᠦᠷᠢᠯᠡᠭᠦᠯᠬᠦ᠂ ᠴᠠᠭ ᠬᠢᠵᠠᠭ᠋ᠠᠷᠯᠠᠨ ᠰᠢᠢ᠍ᠳᠪᠦᠷᠢᠯᠡᠬᠦ᠂ ᠬᠠᠨᠤᠮᠵᠢ ᠵᠢᠨ ᠬᠡᠮᠵᠢᠶ᠎ᠡ ᠵᠢ ᠰᠢᠯᠭ᠋ᠠᠨ ᠲᠣᠭᠲᠠᠭ᠋ᠠᠬᠤ ᠵᠢ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠎ᠳᠤ ᠣᠷᠣᠭᠤᠯᠤᠨ᠎ᠠ᠃ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠠᠮᠲᠤᠷᠠᠨ ᠬᠥᠳᠡᠯᠦᠯᠴᠡᠬᠦ ᠨᠢᠭᠡᠴᠡ ᠵᠢᠨ ᠪᠠᠴᠢᠮ ᠪᠠᠢ᠌ᠳᠠᠯ᠎ᠢ ᠠᠷᠭ᠋ᠠᠴᠠᠬᠤ ᠵᠢᠨ ᠬᠠᠮᠲᠤᠷᠠᠨ ᠬᠥᠳᠡᠯᠦᠯᠴᠡᠵᠦ ᠳᠠᠭ᠋ᠠᠬᠤ᠂ ᠴᠠᠭᠳᠠᠭ᠋ᠠᠨ᠎ᠤ ᠶᠠᠪᠤᠳᠠᠯ᠎ᠤᠨ ᠪᠤᠰᠤ ᠲᠥᠷᠥᠯ᠎ᠤᠨ ᠪᠠᠴᠢᠮ ᠬᠡᠷᠡᠭ ᠶᠠᠪᠤᠳᠠᠯ᠎ᠢ ᠬᠠᠮᠲᠤᠷᠠᠨ ᠬᠥᠳᠡᠯᠦᠯᠴᠡᠵᠦ ᠰᠢᠢ᠍ᠳᠪᠦᠷᠢᠯᠡᠬᠦ ᠵᠡᠷᠭᠡ ᠬᠠᠮᠢᠶ᠎ᠠ ᠪᠦᠬᠦᠢ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠴᠤᠭᠯᠠᠭᠤᠯᠤᠨ ᠬᠤᠷᠢᠶᠠᠩᠭᠤᠢ᠌ᠯᠠᠵᠤ᠂ ᠡᠳᠦᠷ ᠲᠤᠲᠤᠮ᠎ᠤᠨ ᠬᠢᠨᠠᠯᠲᠠ᠎ᠪᠠᠨ ᠠᠵᠢᠯ᠎ᠤᠨ ᠬᠡᠷᠡᠭᠵᠢᠭᠦᠯᠦᠯᠲᠡ᠎ᠨᠢ ᠬᠦᠴᠦᠨ ᠦᠭᠡᠢ᠂ ᠦᠢᠯᠡ ᠪᠠᠢ᠌ᠳᠠᠯ᠎ᠨᠢ ᠬᠦᠨᠳᠦ ᠨᠣᠴᠢᠲᠠᠢ᠂ ᠮᠠᠭᠤ ᠨᠥᠯᠥᠭᠡ ᠪᠤᠶᠤ ᠦᠷ᠎ᠡ ᠳ᠋ᠦᠩ ᠭᠠᠷᠭ᠋ᠠᠭᠰᠠᠨ ᠪᠠᠢ᠌ᠪᠠᠯ᠂ ᠬᠠᠮᠢᠶᠠᠷᠤᠯᠲᠠ ᠵᠢᠨ ᠡᠷᠬᠡ ᠮᠡᠳᠡᠯ᠎ᠲᠠᠢ ᠨᠠᠮ᠎ᠤᠨ ᠵᠣᠬᠢᠶᠠᠨ ᠪᠠᠢ᠌ᠭᠤᠯᠤᠯᠲᠠ ᠪᠤᠶᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠭ᠎ᠠ᠎ᠳᠤ ᠲᠠᠰ ᠳᠠᠷᠠᠭ᠋ᠠᠯᠠᠯ ᠶᠣᠰᠣᠭ᠋ᠠᠷ ᠠᠰᠠᠭᠤᠳᠠᠯ᠎ᠤᠨ ᠰᠦᠪᠡᠭᠴᠢ ᠵᠢ ᠰᠢᠯᠵᠢᠭᠦᠯᠦᠨ ᠲᠤᠰᠢᠶᠠᠨ᠎ᠠ᠃ 12345 ᠪᠣᠯᠣᠨ 110 ᠲᠣᠭᠲᠠᠮᠠᠯ ᠬᠤᠭᠤᠴᠠᠭ᠎ᠠ᠎ᠲᠠᠢ᠎ᠪᠠᠷ ᠭᠣᠮᠣᠳᠠᠯ ᠲᠣᠭ᠋ᠠᠴᠢᠯᠲᠠ ᠵᠢ ᠰᠢᠢ᠍ᠳᠪᠦᠷᠢᠯᠡᠭᠰᠡᠨ ᠪᠠᠢ᠌ᠳᠠᠯ᠎ᠳᠤ ᠬᠢᠨᠠᠯᠲᠠ ᠪᠠᠢ᠌ᠴᠠᠭ᠋ᠠᠯᠲᠠ ᠬᠢᠵᠦ᠂ 12345᠎ᠠᠴᠠ 110 ᠴᠠᠭᠳᠠᠭ᠎ᠠ ᠵᠢ ᠬᠦᠯᠢᠶᠡᠨ ᠠᠪᠴᠤ ᠰᠢᠢ᠍ᠳᠪᠦᠷᠢᠯᠡᠬᠦ ᠰᠢᠰᠲ᠋ᠧᠮ᠎ᠤᠨ ᠴᠠᠭᠳᠠᠭ᠋ᠠᠨ᠎ᠤ ᠶᠠᠪᠤᠳᠠᠯ᠎ᠤᠨ ᠴᠠᠭᠳᠠᠭ᠎ᠠ ᠵᠢᠨ ᠪᠠᠢ᠌ᠳᠠᠯ᠎ᠢ ᠭᠦᠢ᠍ᠴᠡᠳᠬᠡᠬᠦ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠵᠢᠨ ᠬᠢᠨᠠᠨ ᠰᠢᠯᠭ᠋ᠠᠵᠤ ᠬᠢᠨᠠᠯᠲᠠ ᠲᠠᠯᠪᠢᠬᠤ ᠲᠣᠭᠲᠠᠴᠠ᠎ᠳᠤ ᠰᠢᠯᠵᠢᠵᠦ᠂ 12345᠎ᠠᠴᠠ ᠪᠦᠷᠢᠯᠳᠦᠭᠦᠨ ᠨᠢᠭᠡᠴᠢ᠎ᠳᠤ ᠬᠢᠨᠠᠯᠲᠠ ᠲᠠᠯᠪᠢᠵᠤ ᠬᠢᠨᠠᠨ ᠰᠢᠯᠭ᠋ᠠᠬᠤ᠎ᠳᠤ ᠣᠷᠣᠯᠴᠠᠬᠤ ᠦᠭᠡᠢ; 12345᠎ᠠᠴᠠ 110 ᠪᠣᠯᠭ᠋ᠠᠨ ᠰᠢᠯᠵᠢᠭᠦᠯᠦᠨ ᠰᠢᠢ᠍ᠳᠪᠦᠷᠢᠯᠡᠭᠦᠯᠬᠦ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ 12345 ᠵᠢᠨ ᠪᠦᠷᠢᠯᠳᠦᠭᠦᠨ ᠨᠢᠭᠡᠴᠡ ᠵᠢᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠬᠢᠨᠠᠯᠲᠠ ᠲᠠᠯᠪᠢᠵᠤ ᠬᠢᠨᠠᠨ ᠰᠢᠯᠭ᠋ᠠᠨ᠎ᠠ; 110 ᠵᠢ 12345᠎ᠳᠤ ᠰᠢᠯᠵᠢᠭᠦᠯᠦᠨ ᠣᠷᠣᠭᠤᠯᠤᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠲᠤ 12345᠎ᠠᠴᠠ ᠬᠣᠯᠪᠣᠭᠳᠠᠯ ᠪᠦᠬᠦᠢ ᠪᠦᠷᠢᠯᠳᠦᠭᠦᠨ ᠨᠢᠭᠡᠴᠢ᠎ᠳᠤ ᠬᠢᠨᠠᠯᠲᠠ ᠲᠠᠯᠪᠢᠵᠤ ᠬᠢᠨᠠᠨ ᠰᠢᠯᠭ᠋ᠠᠨ᠎ᠠ᠃
      (ᠭᠤᠷᠪᠠ) ᠰᠢᠰᠲ᠋ᠧᠮ᠎ᠤᠨ ᠲᠤᠯᠭ᠋ᠠᠭᠤᠷᠢᠯᠠᠯ ᠪᠠ ᠳ᠋ᠠᠢ᠌ᠲ᠋ᠠ ᠵᠢ ᠬᠠᠮᠲᠤᠪᠠᠷ ᠭᠥᠷᠳᠡᠵᠦ ᠬᠡᠷᠡᠭᠯᠡᠬᠦ ᠵᠢ ᠴᠢᠩᠭ᠋ᠠᠷᠠᠭᠤᠯᠤᠨ᠎ᠠ᠃
      1. ᠬᠠᠮᠲᠤᠷᠠᠨ ᠬᠥᠳᠡᠯᠦᠯᠴᠡᠬᠦ ᠲᠠᠪᠴᠠᠩ᠎ᠢ ᠪᠠᠢ᠌ᠭᠤᠯᠤᠨ᠎ᠠ᠃《ᠰᠢᠰᠲ᠋ᠧᠮ᠎ᠢ ᠠᠭᠤᠰᠤᠯᠴᠠᠭᠤᠯᠤᠨ ᠵᠠᠯᠭ᠋ᠠᠬᠤ᠂ ᠲᠣᠭ᠎ᠠ ᠪᠠᠷᠢᠮᠲᠠ ᠵᠢ ᠠᠭᠤᠰᠤᠯᠴᠠᠭᠤᠯᠤᠨ᠂ ᠲᠣᠭᠲᠠᠴᠠ ᠵᠢ ᠠᠭᠤᠰᠤᠯᠴᠠᠭᠤᠯᠤᠨ ᠰᠢᠯᠢᠳᠡᠭᠵᠢᠭᠦᠯᠬᠦ》 ᠶᠡᠷᠦᠩᠬᠡᠢ ᠰᠡᠳᠬᠢᠮᠵᠢ ᠵᠢᠨ ᠶᠣᠰᠣᠭ᠋ᠠᠷ᠂ 12345 ᠪᠠ 110 ᠠᠵᠢᠯ᠎ᠤᠨ ᠲᠠᠪᠴᠠᠩ᠎ᠢ ᠨᠠᠪᠲᠠᠷᠡᠭᠦᠯᠵᠦ᠂ ᠠᠵᠢᠯ᠎ᠤᠨ ᠬᠠᠭᠤᠳᠠᠰᠤ᠂ ᠴᠠᠭᠳᠠᠭ᠋ᠠᠨ᠎ᠤ ᠬᠠᠭᠤᠳᠠᠰᠤ ᠵᠢᠨ ᠬᠠᠷᠢᠯᠴᠠᠨ ᠨᠡᠪᠲᠡᠷᠡᠬᠦ ᠵᠠᠮ᠎ᠢ ᠪᠠᠢ᠌ᠭᠤᠯᠤᠨ᠂ ᠵᠣᠯᠭ᠋ᠠᠭᠤᠯᠬᠤ ᠵᠦᠢ᠍ᠯᠡᠰ᠎ᠢ ᠰᠦᠯᠵᠢᠶᠡᠨ ᠳᠡᠭᠡᠷ᠎ᠡ ᠡᠷᠭᠢᠯᠳᠦᠭᠦᠯᠬᠦ᠂ ᠳᠠᠭ᠋ᠠᠵᠤ ᠰᠢᠮᠳᠠᠭᠤᠯᠤᠨ ᠭᠦᠢ᠍ᠴᠡᠳᠬᠡᠬᠦ᠂ ᠬᠠᠷᠢᠭᠤ ᠲᠤᠰᠬᠠᠵᠤ ᠬᠠᠷᠢᠭᠤ ᠰᠤᠷᠪᠤᠯᠵᠢᠯᠠᠬᠤ᠂ ᠣᠶᠤᠨᠴᠢ᠎ᠪᠠᠷ ᠬᠢᠨᠠᠨ ᠬᠠᠮᠢᠶᠠᠷᠬᠤ ᠪᠢᠲᠡᠭᠦᠦ ᠴᠠᠭ᠋ᠠᠷᠢᠭ ᠠᠵᠢᠯᠯᠠᠭ᠋ᠠᠨ᠎ᠤ ᠵᠠᠭᠪᠤᠷ᠎ᠢ ᠪᠡᠶᠡᠯᠡᠭᠦᠯᠦᠨ᠎ᠡ᠃ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ 12345 ᠪᠣᠯᠣᠨ 110 ᠵᠢ ᠨᠢᠭᠡ ᠴᠣᠭᠴᠠᠵᠢᠭᠤᠯᠤᠨ ᠬᠣᠯᠪᠤᠭ᠋ᠠᠯᠠᠨ ᠬᠥᠳᠡᠯᠦᠯᠴᠡᠬᠦ ᠠᠵᠢᠯ᠎ᠤᠨ ᠲᠠᠪᠴᠠᠩ ᠪᠤᠶᠤ ᠬᠠᠷᠢᠯᠴᠠᠨ ᠠᠵᠢᠯᠲᠠᠨ ᠲᠣᠮᠢᠯᠠᠨ ᠰᠠᠭᠤᠯᠭ᠋ᠠᠬᠤ ᠵᠢ ᠠᠬᠢᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠴᠢ ᠲᠡᠷᠭᠡ ᠰᠢᠯᠵᠢᠭᠦᠯᠬᠦ᠂ ᠣᠨᠢᠰᠤ ᠨᠡᠭᠡᠭᠡᠬᠦ ᠵᠡᠷᠭᠡ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡ ᠵᠢ ᠬᠠᠮᠵᠢᠯᠴᠠᠨ ᠰᠢᠢ᠍ᠳᠪᠦᠷᠢᠯᠡᠬᠦ ᠵᠢᠨ ᠵᠢᠷᠦᠮᠵᠢᠯᠲᠡ᠂ ᠪᠠᠷᠢᠮᠵᠢᠶᠠᠵᠢᠯᠲᠠ᠂ ᠲᠤᠰᠬᠠᠢ᠌ᠵᠢᠯᠲᠠ᠂ ᠣᠶᠤᠨᠴᠢᠯᠠᠯᠲᠠ ᠵᠢ ᠲᠦᠯᠬᠢᠨ ᠠᠬᠢᠭᠤᠯᠪᠠ᠃
      2. ᠳ᠋ᠠᠢ᠌ᠲ᠋ᠠ ᠵᠢᠨ ᠠᠮᠤᠷ ᠲᠦᠪᠰᠢᠨ᠎ᠢ ᠬᠠᠮᠲᠤᠪᠠᠷ ᠡᠳ᠋ᠯᠡᠬᠦ ᠵᠢ ᠠᠬᠢᠭᠤᠯᠤᠨ᠎ᠠ᠃ 12345 ᠪᠠ 110 ᠣᠲᠣ ᠵᠢᠨ ᠪᠠᠢ᠌ᠭ᠎ᠠ ᠰᠢᠰᠲ᠋ᠧᠮ᠎ᠳᠤ ᠲᠦᠰᠢᠭᠯᠡᠨ᠂ ᠪᠥᠬᠥ ᠣᠷᠣᠨ᠎ᠤ ᠨᠢᠭᠡᠳᠦᠯᠲᠡᠢ ᠵᠢᠷᠤᠮᠵᠢᠭᠰᠠᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠵᠢᠨ ᠣᠷᠣᠯᠠᠬᠤ ᠨᠣᠮᠧᠷ᠂ ᠠᠵᠢᠯ᠎ᠤᠨ ᠬᠠᠭᠤᠳᠠᠰᠤ ᠪᠠ ᠴᠠᠭᠳᠠᠭ᠋ᠠᠨ᠎ᠤ ᠬᠠᠭᠤᠳᠠᠰᠤ ᠵᠢᠨ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠬᠠᠷᠢᠭᠤ ᠲᠤᠰᠬᠠᠬᠤ ᠲᠥᠷᠥᠯ ᠵᠦᠢ᠍ᠯ ᠵᠡᠷᠭᠡ ᠰᠠᠭᠤᠷᠢ ᠲᠣᠭ᠎ᠠ ᠪᠠᠷᠢᠮᠲᠠ ᠪᠠ ᠭᠣᠣᠯ ᠰᠡᠳᠦᠪᠲᠦ ᠬᠡᠷᠡᠭᠯᠡᠭᠡᠨ᠎ᠤ ᠲᠣᠭ᠎ᠠ ᠪᠠᠷᠢᠮᠲᠠ ᠵᠢ ᠭᠥᠯᠢᠶᠡᠨ ᠠᠪᠴᠤ ᠰᠢᠢ᠍ᠳᠪᠦᠷᠢᠯᠡᠵᠦ᠂ ᠲᠤᠬᠠᠢ᠌ᠯᠠᠭᠰᠠᠨ ᠠᠵᠢᠯ᠎ᠤᠨ ᠴᠤᠪᠤᠷᠠᠯ᠎ᠢ ᠡᠮᠬᠢᠯᠡᠨ ᠳᠢᠭᠯᠡᠵᠦ᠂ ᠬᠣᠯᠪᠤᠭ᠋ᠠᠯᠠᠨ ᠨᠡᠪᠲᠡᠷᠡᠯᠴᠡᠬᠦ ᠪᠠᠷᠢᠮᠵᠢᠶ᠎ᠠ ᠵᠢ ᠵᠣᠯᠭ᠋ᠠᠭᠤᠯᠤᠨ᠂ ᠲᠣᠭ᠎ᠠ ᠪᠠᠷᠢᠮᠲᠠ ᠵᠢᠨ ᠠᠭᠤᠰᠤᠯᠴᠠᠬᠤ ᠬᠡᠪᠴᠢᠶ᠎ᠡ ᠵᠢ ᠵᠣᠯᠭ᠋ᠠᠭᠤᠯᠤᠨ᠎ᠠ᠃ 《ᠬᠠᠮᠲᠤ᠎ᠪᠠᠷ ᠡᠳ᠋ᠯᠡᠬᠦ᠎ᠪᠠᠷ ᠵᠠᠷᠴᠢᠮ ᠪᠣᠯᠭ᠋ᠠᠵᠤ᠂ ᠬᠠᠮᠲᠤ᠎ᠪᠠᠷ ᠡᠳ᠋ᠯᠡᠬᠦ ᠦᠭᠡᠢ᠎ᠪᠠᠷ ᠣᠨᠴᠠᠭ᠋ᠠᠶ ᠵᠦᠢ᠍ᠯ ᠪᠣᠯᠭ᠋ᠠᠬᠤ》 ᠵᠢ ᠪᠠᠷᠢᠮᠲᠠᠯᠠᠵᠤ᠂ ᠠᠮᠤᠷ ᠲᠦᠪᠰᠢᠨ᠎ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ 12345 ᠪᠣᠯᠣᠨ 110 ᠵᠢ ᠰᠠᠯᠭ᠋ᠠᠨ ᠶᠠᠪᠤᠭᠤᠯᠵᠤ ᠬᠠᠮᠲᠤᠷᠠᠨ ᠬᠥᠳᠡᠯᠦᠯᠴᠡᠬᠦ ᠵᠦᠢ᠍ᠯᠡᠰ᠎ᠤᠨ ᠠᠵᠢᠯ᠎ᠤᠨ ᠬᠠᠭᠤᠳᠠᠰᠤ ᠵᠢᠨ ᠲᠣᠭ᠎ᠠ ᠪᠠᠷᠢᠮᠲᠠ᠎ᠳᠤ ᠦᠢ᠍ᠯᠡᠴᠢᠯᠡᠭᠡᠨ᠎ᠤ ᠵᠠᠯᠭ᠋ᠠᠰᠤ ᠵᠢ ᠬᠣᠣᠰ ᠴᠢᠭᠯᠡᠯ ᠵᠶ᠋ᠡᠷ ᠬᠠᠮᠲᠤ᠎ᠪᠠᠷ ᠡᠳ᠋ᠯᠡᠬᠦ ᠠᠷᠭ᠎ᠠ ᠬᠡᠮᠵᠢᠶ᠎ᠡ ᠠᠪᠴᠤ᠂ ᠳᠤᠮᠳᠠᠬᠢ ᠳ᠋ᠠᠢ᠌ᠲ᠋ᠠ ᠵᠢᠨ ᠬᠥᠮᠥᠷᠭᠡ ᠵᠢᠨ ᠬᠠᠮᠲᠤᠪᠠᠷ ᠡᠳ᠋ᠯᠡᠬᠦ ᠳ᠋ᠠᠢ᠌ᠲ᠋ᠠ ᠵᠢ ᠬᠠᠮᠲᠤᠪᠠᠷ ᠪᠠᠢ᠌ᠭᠤᠯᠵᠤ᠂ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢᠨ ᠬᠣᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠵᠦ᠂ ᠠᠵᠢᠯ᠎ᠤᠨ ᠬᠠᠭᠤᠳᠠᠰᠤ ᠰᠡᠷᠡᠮᠵᠢ ᠵᠢᠨ ᠬᠠᠭᠤᠳᠠᠰᠤ ᠵᠢ ᠬᠣᠣᠰ ᠴᠢᠭᠯᠡᠯ ᠵᠶ᠋ᠡᠷ ᠡᠷᠭᠢᠯᠳᠦᠭᠦᠯᠵᠦ᠂ ᠬᠠᠷᠢᠭᠤ ᠲᠤᠰᠬᠠᠯ᠎ᠤᠨ ᠪᠢᠲᠡᠭᠦᠦ ᠴᠠᠭ᠋ᠠᠷᠢᠭ᠎ᠤᠨ ᠠᠵᠢᠯᠯᠠᠭ᠋ᠠᠨ᠎ᠢ ᠬᠦᠯᠢᠶᠡᠨ ᠠᠪᠴᠤ ᠰᠢᠢ᠍ᠳᠪᠦᠷᠢᠯᠡᠨ᠎ᠡ᠃ ᠬᠡᠷᠡᠭᠯᠡᠭᠡᠨ᠎ᠤ ᠬᠣᠶᠠᠷ ᠲᠠᠯ᠎ᠠ ᠵᠢᠨ ᠮᠡᠳᠡᠯᠭᠡ ᠵᠢᠨ ᠬᠥᠮᠥᠷᠭᠡ᠂ ᠲᠤᠰᠬᠠᠢ ᠮᠡᠷᠭᠡᠵᠢᠯᠲᠡᠨ᠎ᠤ ᠬᠥᠮᠥᠷᠭᠡ ᠵᠡᠷᠭᠡ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢᠨ ᠬᠠᠮᠲᠤ ᠬᠠᠷᠢᠯᠴᠠᠨ ᠣᠢ᠌ᠯᠠᠭ᠋ᠠᠵᠤ ᠮᠡᠳᠡᠬᠦ ᠪᠤᠰᠤᠳ ᠵᠦᠢ᠍ᠯᠡᠰ᠎ᠢ ᠬᠠᠮᠲᠤ᠎ᠪᠠᠷ ᠡᠳ᠋ᠯᠡᠬᠦ᠎ᠪᠠᠷ ᠵᠥᠪᠳᠡᠯᠴᠡᠨ ᠲᠣᠭᠲᠠᠭ᠋ᠠᠵᠤ᠂ ᠣᠢ᠌ᠯᠠᠭ᠋ᠠᠵᠤ ᠮᠡᠳᠡᠬᠦ ᠬᠦᠷᠢᠶ᠎ᠡ ᠬᠡᠪᠴᠢᠶ᠎ᠡ ᠵᠢ ᠲᠣᠳᠣᠷᠬᠠᠢ᠌ᠯᠠᠨ᠂ ᠪᠠᠢ᠌ᠴᠠᠭ᠋ᠠᠵᠤ ᠪᠣᠯᠬᠤ᠂ ᠨᠡᠬᠡᠮᠵᠢᠯᠡᠵᠦ ᠪᠣᠯᠬᠤ᠂ ᠬᠡᠷᠡᠭᠯᠡᠵᠦ ᠪᠣᠯᠬᠤ ᠵᠢ ᠪᠡᠶᠡᠯᠡᠭᠦᠯᠵᠦ᠂ ᠲᠣᠭ᠎ᠠ ᠪᠠᠷᠢᠮᠲᠠ ᠵᠢᠨ ᠦᠨ᠎ᠡ ᠥᠷᠲᠡᠭ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠠᠭᠤᠳᠠᠯᠵᠤ᠂ ᠪᠠᠢ᠌ᠩᠭᠤᠵᠢᠭᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠣᠮᠣᠳᠠᠯ ᠱᠠᠭ᠋ᠠᠷᠳᠠᠯᠭ᠎ᠠ ᠪᠠ ᠴᠠᠭᠳᠠᠭ᠋ᠠᠨ᠎ᠤ ᠪᠠᠢ᠌ᠳᠠᠯ᠎ᠤᠨ ᠲᠣᠭ᠎ᠠ ᠪᠠᠷᠢᠮᠲᠠ ᠵᠢ ᠠᠭᠤᠰᠤᠯᠴᠠᠭᠤᠯᠤᠨ ᠰᠤᠳᠤᠯᠤᠨ ᠮᠠᠭ᠋ᠠᠳᠯᠠᠬᠤ ᠵᠢ ᠪᠡᠶᠡᠯᠡᠭᠦᠯᠦᠨ᠎ᠡ᠃
      3. ᠲᠣᠭ᠎ᠠ ᠪᠠᠷᠢᠮᠲᠠ ᠵᠢᠨ ᠬᠡᠷᠡᠭᠯᠡᠯᠲᠡ ᠵᠢ ᠴᠢᠩᠭ᠋ᠠᠷᠠᠭᠤᠯᠤᠨ᠎ᠠ᠃ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠬᠡᠷᠡᠭᠯᠡᠨ᠂ 12345 ᠲᠣᠭᠲᠠᠮᠠᠯ ᠬᠤᠭᠤᠴᠠᠭ᠎ᠠ᠎ᠲᠠᠢ᠎ᠪᠠᠷ ᠠᠵᠤ ᠠᠬᠤᠢ᠌ᠯᠠᠯ ᠪᠣᠯᠣᠨ ᠣᠯᠠᠨ ᠲᠦᠮᠡᠨ᠎ᠤ ᠥᠨᠳᠥᠷ ᠳᠠᠪᠲᠠᠮᠵᠢ ᠵᠢᠨ ᠯᠠᠪᠯᠠᠯᠲᠠ ᠵᠢᠨ ᠲᠥᠷᠥᠯ᠎ᠤᠨ ᠠᠰᠠᠭᠤᠳᠠᠯ᠂ ᠥᠨᠳᠥᠷ ᠳᠠᠪᠲᠠᠮᠵᠢ ᠵᠢᠨ ᠰᠢᠯᠵᠢᠭᠦᠯᠦᠨ ᠭᠦᠢ᠍ᠴᠡᠳᠬᠡᠬᠦ ᠤᠴᠢᠷ ᠶᠠᠪᠤᠳᠠᠯ᠎ᠢ ᠬᠤᠷᠢᠶᠠᠩᠭᠤᠢ᠌ᠯᠠᠵᠤ᠂ ᠬᠣᠯᠪᠣᠭᠳᠠᠭᠤᠯᠬᠤ᠎ᠪᠠᠷ ᠳᠠᠮᠵᠢᠭᠤᠯᠤᠨ ᠠᠷᠠᠳ᠎ᠤᠨ ᠠᠮᠢᠳᠤᠷᠠᠯ᠎ᠤᠨ ᠬᠦᠰᠡᠯ ᠱᠠᠭ᠋ᠠᠷᠳᠠᠯᠭ᠎ᠠ ᠵᠢ ᠰᠤᠳᠤᠯᠤᠨ ᠮᠠᠭ᠋ᠠᠳᠯᠠᠵᠤ᠂ ᠠᠮᠤᠷ ᠲᠦᠪᠰᠢᠨ᠎ᠢ ᠬᠠᠮᠠᠭ᠋ᠠᠯᠠᠬᠤ ᠴᠠᠭᠳᠠᠭ᠎ᠠ ᠵᠢᠨ ᠪᠠᠢ᠌ᠳᠠᠯ᠎ᠢ ᠰᠤᠳᠤᠯᠤᠨ ᠮᠠᠭ᠋ᠠᠳᠯᠠᠵᠤ᠂ ᠠᠷᠠᠳ᠎ᠤᠨ ᠰᠠᠨᠠᠭ᠋ᠠᠨ᠎ᠤ ᠬᠠᠯᠠᠮᠰᠢᠯ ᠴᠡᠭ᠂ ᠠᠶᠤᠯ ᠲᠦᠭᠰᠢᠭᠦᠷᠢ ᠵᠢᠨ ᠬᠡᠮ ᠰᠣᠭᠣᠭ᠂ ᠵᠥᠷᠢᠴᠡᠯ ᠠᠰᠠᠭᠤᠳᠠᠯ᠎ᠢ ᠪᠦᠲᠦᠮᠵᠢᠲᠡᠶ᠎ᠪᠠᠷ ᠵᠢᠭᠰᠠᠭ᠋ᠠᠨ ᠪᠠᠢ᠌ᠴᠠᠭ᠋ᠠᠵᠤ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶ᠎ᠡ᠎ᠲᠠᠢ᠎ᠪᠠᠨ ᠤᠶᠠᠯᠳᠤᠭᠤᠯᠤᠨ ᠲᠣᠰ ᠲᠣᠰ᠎ᠲᠤᠨᠢ ᠰᠤᠳᠤᠯᠤᠨ ᠮᠠᠭ᠋ᠠᠳᠯᠠᠭᠰᠠᠨ ᠰᠠᠭᠤᠷᠢᠨ ᠳᠡᠭᠡᠷ᠎ᠡ᠂ ᠬᠠᠮᠲᠤᠷᠠᠨ ᠰᠤᠳᠤᠯᠤᠨ ᠮᠠᠭ᠋ᠠᠳᠯᠠᠬᠤ᠂ ᠲᠤᠰᠬᠠᠢ ᠰᠡᠳᠦᠪ ᠵᠶ᠋ᠡᠷ ᠰᠤᠳᠤᠯᠤᠨ ᠮᠠᠭ᠋ᠠᠳᠯᠠᠬᠤ᠂ ᠶᠡᠷᠦᠩᠬᠡᠢ᠌ᠯᠡᠨ ᠰᠤᠳᠤᠯᠤᠨ ᠮᠠᠭ᠋ᠠᠳᠯᠠᠬᠤ ᠵᠢ ᠪᠠᠢ᠌ᠩᠭᠤᠵᠢᠭᠤᠯᠤᠨ ᠥᠷᠨᠢᠭᠦᠯᠵᠦ᠂ 12345 ᠬᠢᠭᠡᠳ 110 ᠥᠨᠳᠥᠷ ᠪᠦᠲᠦᠮᠵᠢᠲᠡᠶ᠎ᠪᠠᠷ ᠵᠣᠯᠭ᠋ᠠᠭᠤᠯᠤᠨ ᠬᠣᠯᠪᠤᠭ᠋ᠠᠯᠠᠨ ᠬᠥᠳᠡᠯᠦᠯᠴᠡᠬᠦ ᠵᠢ ᠦᠨᠡᠨᠬᠦ ᠠᠬᠢᠭᠤᠯᠵᠤ᠂ ᠭᠡᠨᠡᠳᠲᠡ ᠵᠢᠨ ᠴᠠᠭᠳᠠᠭ᠋ᠠᠨ᠎ᠤ ᠪᠠᠢ᠌ᠳᠠᠯ᠎ᠢ ᠲᠦᠷᠭᠡᠨ ᠪᠥᠭᠡᠳ ᠪᠦᠲᠦᠮᠵᠢᠲᠡᠶ ᠰᠢᠢ᠍ᠳᠪᠦᠷᠢᠯᠡᠵᠦ᠂ ᠴᠠᠭᠳᠠᠭ᠋ᠠᠨ᠎ᠤ ᠶᠠᠪᠤᠳᠠᠯ᠎ᠤᠨ ᠪᠤᠰᠤ ᠲᠤᠰᠠᠯᠠᠮᠵᠢ ᠭᠤᠶᠤᠴᠢᠯᠠᠬᠤ ᠵᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ᠎ᠪᠠᠷ ᠰᠠᠯᠭ᠋ᠠᠨ ᠲᠣᠬᠢᠷᠠᠭᠤᠯᠵᠤ᠂ ᠬᠠᠮᠵᠢᠯᠴᠠᠨ ᠦᠢ᠍ᠯᠡᠴᠢᠯᠡᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠂ ᠤᠳᠤᠷᠢᠳᠤᠯᠭ᠎ᠠ ᠵᠢᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠬᠦᠴᠦᠲᠡᠢ ᠦᠢ᠍ᠯᠡᠴᠢᠯᠡᠨ᠎ᠡ᠃
      ᠭᠤᠷᠪᠠ᠂ ᠴᠢᠳᠠᠪᠤᠷᠢ᠎ᠪᠠᠨ ᠳᠡᠭᠡᠭᠰᠢᠯᠡᠭᠦᠯᠬᠦ
      (ᠨᠢᠭᠡ) 12345 ᠵᠠᠯᠭ᠋ᠠᠨ ᠭᠦᠢ᠍ᠴᠡᠳᠬᠡᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠬᠣᠲᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢ ᠨᠡᠢ᠌ᠯᠡᠭᠦᠯᠬᠦ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠬᠣᠣᠰ ᠳ᠋ᠤᠭ᠋ᠠᠷ᠎ᠢ ᠵᠡᠷᠭᠡ᠎ᠪᠠᠷ ᠶᠠᠪᠤᠭᠤᠯᠬᠤ᠂ ᠬᠤᠪᠢᠶᠠᠷᠢ ᠲᠥᠪ ᠪᠠᠶ᠋ᠢᠭᠤᠯᠬᠤ ᠬᠡᠯᠪᠡᠷᠢ ᠵᠢ ᠨᠢᠭᠡᠨᠲᠡ ᠨᠡᠢ᠌ᠯᠡᠭᠦᠯᠦᠭᠰᠡᠨ ᠪᠣᠯᠪᠠᠴᠤ ᠳ᠋ᠢᠶᠠᠩᠬᠤᠸᠠ ᠵᠠᠯᠭ᠋ᠠᠯᠲᠠ ᠵᠢᠨ ᠰᠠᠭᠤᠳᠠᠯ᠎ᠤᠨ ᠬᠠᠯᠠᠭᠤᠨ ᠤᠲᠠᠰᠤᠨ᠎ᠤ ᠨᠣᠮᠧᠷ᠎ᠢ ᠮᠥᠨ ᠬᠦ᠌ ᠦᠯᠡᠳᠡᠭᠡᠵᠦ᠂ 《7×24 ᠴᠠᠭ》᠎ᠤᠨ ᠬᠥᠮᠥᠨ᠎ᠤ ᠬᠦᠴᠦ᠎ᠪᠠᠷ ᠦᠢ᠍ᠯᠡᠴᠢᠯᠡᠬᠦ ᠴᠢᠳᠠᠪᠤᠷᠢ ᠵᠢ ᠪᠦᠷᠢᠯᠳᠦᠭᠦᠯᠦᠭᠰᠡᠨ ᠦᠭᠡᠢ ᠪᠤᠶᠤ ᠬᠥᠮᠥᠨ᠎ᠤ ᠬᠦᠴᠦ᠎ᠪᠠᠷ ᠵᠠᠯᠭ᠋ᠠᠬᠤ ᠨᠣᠷᠮ᠎ᠠ᠎ᠨᠢ 60% ᠎ᠠᠴᠠ ᠳᠣᠣᠷ᠎ᠠ ᠪᠠᠢ᠌ᠪᠠᠯ᠂ ᠳ᠋ᠢᠶᠠᠩᠬᠤᠸᠠ ᠵᠠᠯᠭ᠋ᠠᠯᠲᠠ ᠵᠢᠨ ᠰᠠᠭᠤᠳᠠᠯ᠎ᠤᠨ ᠰᠠᠭᠤᠳᠠᠯ᠎ᠢ 12345᠎ᠲᠠᠢ ᠨᠡᠢ᠌ᠯᠡᠭᠦᠯᠦᠨ ᠨᠢᠭᠡᠳᠦᠯᠲᠡᠢ ᠬᠠᠮᠢᠶᠠᠷᠴᠤ᠂ ᠨᠣᠮᠧᠷ᠎ᠢ᠎ᠨᠢ ᠦᠯᠡᠳᠡᠭᠡᠵᠦ ᠪᠣᠯᠣᠨ᠎ᠠ᠃ 12345 ᠲᠠᠪᠴᠠᠩ ᠬᠢᠭᠡᠳ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠤᠨ ᠬᠣᠯᠪᠣᠯᠳᠤᠨ ᠨᠡᠪᠲᠡᠷᠡᠯᠴᠡᠬᠦ ᠵᠢ ᠴᠢᠩᠭ᠋ᠠᠳᠬᠠᠵᠤ᠂ ᠮᠡᠳᠡᠭᠡ ᠵᠠᠩᠭᠢ ᠵᠢ ᠴᠠᠭ ᠲᠤᠬᠠᠢ᠎ᠳᠤᠨᠢ ᠪᠦᠬᠦ ᠬᠡᠮᠵᠢᠶ᠎ᠡ᠎ᠪᠠᠷ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠎ᠡ᠃ 12345 ᠲᠣᠭᠲᠠᠮᠠᠯ ᠬᠤᠭᠤᠴᠠᠭ᠎ᠠ᠎ᠲᠠᠢ᠎ᠪᠠᠷ ᠠᠵᠤ ᠠᠬᠤᠢ᠌ᠯᠠᠯ ᠪᠠ ᠣᠯᠠᠨ ᠲᠦᠮᠡᠨ᠎ᠤ ᠥᠨᠳᠥᠷ ᠳᠠᠪᠲᠠᠮᠵᠢᠲᠤ ᠯᠠᠪᠯᠠᠯᠭ᠎ᠠ ᠵᠢᠨ ᠲᠥᠷᠥᠯ᠎ᠤᠨ ᠠᠰᠠᠭᠤᠳᠠᠯ᠎ᠢ ᠬᠤᠷᠢᠶᠠᠩᠭᠤᠢ᠌ᠯᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠰᠠᠨᠠᠭ᠋ᠠᠴᠢᠯᠠᠭ᠎ᠠ ᠎ᠠᠴᠠ᠎ᠪᠠᠨ ᠮᠡᠳᠡᠭᠡ ᠵᠠᠩᠭᠢ ᠨᠡᠢ᠌ᠲᠡᠯᠡᠬᠦ ᠵᠢ12345 ᠠᠵᠢᠯ᠎ᠤᠨ ᠬᠠᠭᠤᠳᠠᠰᠤ ᠵᠢ ᠳᠠᠭ᠋ᠠᠭ᠋ᠠᠨ ᠭᠦᠢ᠍ᠴᠡᠳᠬᠡᠬᠦ ᠨᠢᠭᠡᠴᠡ ᠵᠢᠨ ᠭᠦᠢ᠍ᠴᠡᠳᠬᠡᠬᠦ ᠠᠵᠢᠯ᠎ᠢ ᠰᠢᠮᠳᠠᠭᠤᠯᠤᠨ ᠪᠠᠢ᠌ᠴᠠᠭ᠋ᠠᠵᠤ ᠬᠢᠨᠠᠨ ᠰᠢᠯᠭ᠋ᠠᠬᠤ ᠵᠢ ᠴᠢᠩᠭ᠋ᠠᠳᠬᠠᠵᠤ᠂ ᠭᠦᠢ᠍ᠴᠡᠳᠬᠡᠭᠰᠡᠨ ᠪᠠᠢ᠌ᠳᠠᠯ ᠵᠶ᠋ᠠᠨ ᠴᠠᠭ ᠲᠤᠬᠠᠢ᠎ᠳᠤᠨᠢ ᠢᠯᠡ ᠪᠣᠯᠭ᠋ᠠᠨ᠂ ᠳᠠᠭ᠋ᠠᠬᠤ ᠨᠣᠷᠮ᠎ᠠ᠂ ᠰᠢᠢ᠍ᠳᠪᠦᠷᠢᠯᠡᠬᠦ ᠨᠣᠷᠮ᠎ᠠ ᠪᠠ ᠬᠠᠨᠤᠮᠵᠢᠲᠠᠶ ᠪᠠᠢ᠌ᠬᠤ ᠨᠣᠷᠮ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢᠨ ᠵᠦᠢ᠍ᠯᠡᠰ᠎ᠢ ᠠᠮᠵᠢᠯᠲᠠ᠎ᠲᠠᠢ᠂ ᠲᠦᠷᠭᠡᠨ᠂ ᠰᠠᠢ᠌ᠨ ᠬᠢᠬᠦ ᠵᠢ ᠦᠨᠡᠨᠬᠦ ᠪᠠᠲᠤᠯᠠᠬᠤ ᠬᠡᠷᠡᠭᠲᠡᠢ᠃
      (ᠬᠣᠶᠠᠷ) 110 ᠴᠠᠭᠳᠠᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠲᠣᠰ ᠭᠠᠵᠠᠷ ᠣᠷᠣᠨ᠎ᠤ᠎ᠪᠠᠨ 110 ᠴᠠᠭᠳᠠᠭ᠎ᠠ ᠵᠢ ᠭᠥᠯᠢᠶᠡᠨ ᠠᠪᠬᠤ ᠬᠡᠮᠵᠢᠶ᠎ᠡ ᠵᠢ ᠦᠨᠳᠦᠰᠦᠯᠡᠨ᠂ ᠴᠠᠭᠳᠠᠭ᠎ᠠ ᠵᠢ ᠭᠥᠯᠢᠶᠡᠨ ᠠᠪᠬᠤ ᠰᠠᠭᠤᠳᠠᠯ᠎ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠬᠢᠷᠠᠭᠤᠯᠵᠤ᠂ ᠴᠠᠭᠳᠠᠭ᠎ᠠ ᠵᠢ ᠵᠢᠯᠣᠭᠣᠳᠤᠨ ᠲᠣᠬᠢᠷᠠᠭᠤᠯᠵᠤ᠂ ᠲᠥᠬᠦᠭᠡᠷᠦᠮᠵᠢ ᠪᠠ ᠰᠢᠰᠲ᠋ᠧᠮ᠎ᠤᠨ ᠪᠠᠲᠤᠯᠠᠭ᠎ᠠ ᠵᠢ ᠴᠢᠩᠭ᠋ᠠᠷᠠᠭᠤᠯᠤᠨ᠂ 110 《ᠠᠮᠢᠨ ᠰᠤᠳᠠᠰᠤ》 ᠵᠢᠨ ᠪᠥᠬᠥ ᠡᠳᠦᠷ᠎ᠤᠨ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠬᠤ ᠵᠢᠨ ᠬᠠᠮᠲᠤ ᠢᠨᠲ᠋ᠧᠷ ᠰᠦᠯᠵᠢᠶ᠎ᠡ᠎ᠪᠠᠷ ᠲᠦᠭᠰᠢᠭᠦᠷᠢ ᠮᠡᠳᠡᠭᠦᠯᠬᠦ ᠠᠷᠭ᠎ᠠ ᠵᠠᠮ᠎ᠢ ᠥᠷᠭᠡᠳᠬᠡᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠡᠷᠡᠭᠴᠡᠭᠡ ᠵᠢ ᠬᠠᠩᠭ᠋ᠠᠬᠤ ᠬᠡᠷᠡᠭᠲᠡᠢ᠃ ᠡᠯ᠎ᠡ ᠴᠠᠭᠳᠠᠭ᠋ᠠᠨ᠎ᠤ ᠲᠥᠷᠥᠯ ᠪᠠ ᠪᠣᠳᠠᠲᠤ ᠪᠠᠢ᠌ᠯᠳᠤᠭ᠋ᠠᠨ᠎ᠤ ᠨᠢᠭᠡᠴᠡ ᠬᠢᠭᠡᠳ 110 ᠴᠠᠭᠳᠠᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠠᠵᠢᠯ᠎ᠢ ᠬᠠᠷᠢᠯᠴᠠᠨ ᠵᠣᠯᠭ᠋ᠠᠭᠤᠯᠤᠭᠰᠠᠨ ᠲᠦᠷᠭᠡᠨ ᠳᠠᠭ᠋ᠠᠬᠤ ᠲᠣᠭᠲᠠᠴᠠ ᠵᠢ ᠪᠠᠢ᠌ᠭᠤᠯᠵᠤ᠂ ᠨᠢᠭᠡᠳᠦᠭᠡᠷ ᠹᠷᠣᠨᠲ᠎ᠤᠨ ᠴᠠᠭᠳᠠᠭ᠎ᠠ ᠵᠢ ᠰᠢᠢ᠍ᠳᠪᠦᠷᠢᠯᠡᠬᠦ ᠠᠵᠢᠯ᠎ᠤᠨ ᠲᠣᠭ᠎ᠠ ᠪᠠᠷᠢᠮᠲᠠ ᠵᠢᠨ ᠴᠢᠳᠠᠪᠤᠷᠢ ᠣᠯᠭᠣᠬᠤ ᠪᠠ ᠠᠷᠤ ᠲᠠᠯ᠎ᠠ ᠵᠢᠨ ᠲᠤᠯᠭ᠋ᠠᠭᠤᠷᠢᠯᠠᠯ᠎ᠢ ᠴᠢᠩᠭ᠋ᠠᠳᠬᠠᠨ᠂ ᠤᠷᠢᠳᠴᠢᠯᠠᠨ ᠰᠡᠷᠭᠡᠢ᠌ᠯᠡᠬᠦ ᠴᠠᠭᠳᠠᠭ᠋ᠠᠨ᠎ᠤ ᠶᠠᠪᠤᠳᠠᠯ᠎ᠢ ᠢᠳᠡᠪᠬᠢᠲᠡᠢ ᠰᠦᠪᠡᠭᠴᠢᠯᠡᠨ ᠬᠡᠷᠡᠭᠵᠢᠭᠦᠯᠵᠦ᠂ ᠴᠠᠭᠳᠠᠭ᠎ᠠ ᠵᠢ ᠭᠥᠯᠢᠶᠡᠨ ᠠᠪᠴᠤ ᠰᠢᠢ᠍ᠳᠪᠦᠷᠢᠯᠡᠬᠦ ᠠᠵᠢᠯ᠎ᠤᠨ ᠬᠦᠴᠦᠨ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠦᠨ᠎ᠡ᠃
      (ᠭᠤᠷᠪᠠ) 12345 ᠬᠢᠭᠡᠳ 110 ᠣᠶᠤᠨ᠎ᠤ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠨ᠎ᠠ᠃ ᠣᠶᠤᠨᠴᠢ᠎ᠪᠠᠷ ᠲᠠᠨᠢᠯᠴᠠᠭᠤᠯᠬᠤ᠂ ᠠᠪᠢᠶ᠎ᠠ ᠵᠢ ᠠᠦ᠋ᠲ᠋ᠣ᠋ ᠰᠢᠯᠵᠢᠭᠦᠯᠦᠨ ᠪᠢᠴᠢᠬᠦ᠂ ᠥᠪᠡᠰᠦᠪᠡᠨ ᠲᠣᠮᠢᠯᠠᠬᠤ ᠲᠠᠩ ᠴᠢᠳᠠᠮᠵᠢ ᠵᠢ ᠨᠡᠭᠡᠭᠡᠨ ᠬᠥᠭᠵᠢᠭᠦᠯᠵᠦ᠂ ᠣᠶᠤᠨᠴᠢᠯᠠᠭᠰᠠᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠤᠨ᠎ᠠ᠃ 12345 ᠪᠣᠯᠣᠨ 110 ᠵᠠᠭ᠋ᠠᠯᠳᠤᠯᠭ᠎ᠠ ᠵᠢ ᠬᠦᠯᠢᠶᠡᠨ ᠠᠪᠬᠤ ᠠᠵᠢᠯ᠎ᠢ ᠬᠠᠷᠢᠯᠴᠠᠨ ᠵᠣᠯᠭ᠋ᠠᠯᠳᠤᠭᠤᠯᠤᠭᠰᠠᠨ ᠲᠦᠷᠭᠡᠨ ᠴᠤᠤᠷᠢᠶᠠᠲᠤᠨ ᠳᠠᠭ᠋ᠠᠬᠤ ᠲᠣᠭᠲᠠᠴᠠ ᠵᠢ ᠪᠠᠢ᠌ᠭᠤᠯᠵᠤ᠂ ᠭᠡᠨᠡᠳᠲᠡ ᠵᠢᠨ ᠪᠠᠢ᠌ᠳᠠᠯ ᠲᠣᠬᠢᠶᠠᠯᠳᠤᠪᠠᠯ ᠳ᠋ᠢᠶᠠᠩᠬᠤᠸᠠ ᠵᠠᠯᠭ᠋ᠠᠯᠲᠠ ᠵᠢᠨ ᠬᠡᠮᠵᠢᠶ᠎ᠡ ᠲᠦᠷᠭᠡᠨ ᠨᠡᠮᠡᠭᠳᠡᠬᠦ ᠦᠶ᠎ᠡ᠎ᠳᠤ᠂ ᠣᠶᠤᠨᠲᠤ ᠦᠢ᠍ᠯᠡᠴᠢᠯᠡᠭᠡᠨ᠎ᠤ ᠰᠢᠰᠲ᠋ᠧᠮ᠎ᠨᠢ ᠥᠨᠳᠥᠷ ᠳᠠᠪᠲᠠᠮᠵᠢ ᠵᠢᠨ ᠠᠰᠠᠭᠤᠳᠠᠯ᠎ᠳᠤ ᠠᠦ᠋ᠲ᠋ᠣ᠋ ᠬᠠᠷᠢᠭᠤᠯᠲᠠ ᠥᠭᠴᠦ᠂ ᠠᠵᠤ ᠠᠬᠤᠢ᠌ᠯᠠᠯ ᠪᠠ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠣᠶᠤᠨᠲᠤ ᠰᠢᠰᠲ᠋ᠧᠮ ᠵᠶ᠋ᠡᠷ ᠳᠠᠮᠵᠢᠭᠤᠯᠤᠨ ᠪᠠᠢ᠌ᠳᠠᠯ᠎ᠢ ᠲᠤᠰᠬᠠᠪᠠ᠃ 12345 ᠪᠠ 110 ᠪᠠᠷᠢᠮᠵᠢᠶ᠎ᠠ ᠵᠢ ᠨᠢᠭᠡᠳᠬᠡᠭᠰᠡᠨ᠂ ᠴᠠᠭ ᠲᠤᠬᠠᠢ᠎ᠳᠤᠨᠢ ᠰᠢᠨᠡᠳᠬᠡᠭᠰᠡᠨ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ ᠮᠡᠳᠡᠯᠭᠡ ᠵᠢᠨ ᠬᠥᠮᠥᠷᠭᠡ ᠵᠢ ᠪᠠᠢ᠌ᠭᠤᠯᠵᠤ᠂ ᠥᠨᠳᠥᠷ ᠳᠠᠪᠲᠠᠮᠵᠢ ᠵᠢᠨ ᠠᠰᠠᠭᠤᠳᠠᠯ ᠪᠠ ᠥᠨᠳᠥᠷ ᠳᠠᠪᠲᠠᠮᠵᠢ᠎ᠪᠠᠷ ᠰᠢᠯᠵᠢᠭᠦᠯᠦᠨ ᠰᠢᠢ᠍ᠳᠪᠦᠷᠢᠯᠡᠬᠦ ᠵᠦᠢ᠍ᠯᠡᠰ᠎ᠲᠤ 《ᠨᠢᠭᠡ ᠠᠰᠠᠭᠤᠯᠲᠠ ᠨᠢᠭᠡ ᠬᠠᠷᠢᠭᠤᠯᠬᠤ》 ᠪᠠᠷᠢᠮᠵᠢᠶ᠎ᠠ ᠵᠢ ᠲᠣᠭᠲᠠᠭ᠋ᠠᠵᠤ᠂ 《ᠠᠰᠠᠭᠤᠪᠠᠯ ᠳᠠᠷᠤᠢ ᠬᠠᠷᠢᠭᠤᠯᠬᠤ》᠂ 《ᠵᠠᠭ᠋ᠠᠯᠳᠤᠯᠭ᠎ᠠ ᠵᠢ ᠬᠦᠯᠢᠶᠡᠨ ᠠᠪᠤᠪᠠᠯ ᠳᠠᠷᠤᠢ ᠰᠢᠢ᠍ᠳᠪᠦᠷᠢᠯᠡᠬᠦ》᠂ 《ᠠᠵᠢᠯ᠎ᠤᠨ ᠬᠠᠭᠤᠳᠠᠰᠤ ᠵᠢ ᠰᠢᠭᠤᠳ ᠰᠢᠯᠵᠢᠭᠦᠯᠦᠨ ᠰᠢᠢ᠍ᠳᠪᠦᠷᠢᠯᠡᠬᠦ ᠨᠢᠭᠡᠳᠦᠭᠡᠷ ᠹᠷᠣᠨᠲ》 ᠵᠡᠷᠭᠡ ᠠᠵᠢᠯ᠎ᠤᠨ ᠠᠷᠭ᠎ᠠ ᠮᠠᠶᠢᠭ᠎ᠢ ᠢᠳᠡᠪᠬᠢᠲᠡᠢ ᠬᠡᠷᠡᠭᠵᠢᠭᠦᠯᠵᠦ᠂ ᠬᠣᠶᠠᠷ ᠲᠠᠯ᠎ᠠ᠎ᠪᠠᠷ ᠵᠶ᠋ᠠᠨ ᠬᠠᠷᠭᠤᠭᠤᠯᠤᠨ ᠬᠢᠨᠠᠬᠤ᠂ ᠨᠢᠭᠡ ᠯᠡ ᠲᠣᠪᠴᠢ᠎ᠪᠠᠷ ᠰᠢᠯᠵᠢᠭᠦᠯᠦᠨ ᠰᠢᠢ᠍ᠳᠪᠦᠷᠢᠯᠡᠬᠦ᠂ ᠭᠣᠭᠣᠵᠢᠭᠳᠠᠭᠰᠠᠨ ᠵᠦᠢ᠍ᠯ᠎ᠢ ᠪᠠᠢ᠌ᠴᠠᠭ᠋ᠠᠵᠤ ᠪᠤᠷᠤᠭᠤ ᠵᠢ ᠵᠠᠯᠠᠷᠠᠭᠤᠯᠬᠤ ᠳᠦᠷᠢᠮ᠎ᠢ ᠲᠡᠭᠦᠯᠳᠡᠷᠵᠢᠭᠦᠯᠪᠡ᠃
      ᠳᠥᠷᠪᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ
      (ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠬᠣᠲᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ ᠪᠥᠬᠥ ᠬᠣᠲᠠ ᠵᠢᠨ 12345 ᠬᠢᠭᠡᠳ 110 ᠵᠢ ᠵᠣᠯᠭ᠋ᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠵᠢ ᠬᠠᠷᠢᠭᠤᠴᠠᠨ᠎ᠠ᠃ ᠬᠣᠲᠠ ᠵᠢᠨ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠢᠭᠡᠴᠡ᠎ᠨᠦᠭᠦᠳ ᠬᠣᠯᠪᠤᠭ᠋ᠠᠯᠠᠨ ᠬᠥᠳᠡᠯᠦᠯᠴᠡᠬᠦ ᠠᠵᠢᠯ᠎ᠤᠨ ᠡᠭᠦᠷᠭᠡ ᠬᠠᠷᠢᠭᠤᠴᠠᠯᠭ᠎ᠠ ᠪᠠ ᠱᠠᠭ᠋ᠠᠷᠳᠠᠯᠭ᠎ᠠ ᠵᠢ ᠦᠨᠳᠦᠰᠦᠯᠡᠨ᠂ ᠲᠣᠭᠲᠠᠭ᠋ᠠᠯ ᠱᠠᠭ᠋ᠠᠷᠳᠠᠯᠭ᠎ᠠ ᠶᠣᠰᠣᠭ᠋ᠠᠷ ᠬᠠᠯᠠᠮᠰᠢᠯ ᠤᠲᠠᠰᠤᠨ᠎ᠤ ᠠᠵᠢᠯ᠎ᠤᠨ ᠬᠠᠭᠤᠳᠠᠰᠤ ᠭᠦᠢ᠍ᠴᠡᠳᠬᠡᠬᠦ ᠪᠠ ᠵᠣᠯᠭ᠋ᠠᠭᠤᠯᠤᠨ ᠬᠣᠯᠪᠤᠭ᠋ᠠᠯᠠᠨ ᠬᠥᠳᠡᠯᠦᠯᠴᠡᠬᠦ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷᠳᠡᠯ ᠵᠢᠴᠢ  ᠠᠰᠠᠭᠤᠳᠠᠯ ᠎ᠢ  ᠰᠢᠢ᠍ᠳᠪᠦᠷᠢᠯᠡᠵᠦ ᠂  ᠴᠠᠭ  ᠲᠤᠬᠠᠢ  ᠎ᠳᠤᠨᠢ  ᠳᠠᠭ᠋ᠠᠵᠤ᠂ ᠬᠦᠴᠦᠲᠡᠢ ᠰᠢᠢ᠍ᠳᠪᠦᠷᠢᠯᠡᠬᠦ ᠵᠢ ᠪᠡᠶᠡᠯᠡᠭᠦᠯᠬᠦ ᠬᠡᠷᠡᠭᠲᠡᠢ᠃
      (ᠬᠣᠶᠠᠷ) ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠎ᠨᠢ 12345 ᠬᠢᠭᠡᠳ 110 ᠵᠢ ᠵᠣᠯᠭ᠋ᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠂ ᠰᠢᠰᠲ᠋ᠧᠮ᠎ᠤᠨ ᠪᠠᠢ᠌ᠭᠤᠯᠤᠯᠲᠠ᠂ ᠠᠵᠢᠯᠲᠠᠨ᠎ᠤ ᠪᠣᠯᠪᠠᠰᠤᠷᠠᠭᠤᠯᠤᠯ᠎ᠤᠨ ᠡᠳ᠋᠎ᠤᠨ ᠵᠠᠰᠠᠭ᠎ᠤᠨ ᠪᠠᠲᠤᠯᠠᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠃ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ ᠣᠲᠣ ᠵᠢᠨ ᠪᠠᠢ᠌ᠭ᠎ᠠ ᠵᠠᠷᠤᠳᠠᠯ᠎ᠤᠨ ᠠᠷᠭ᠎ᠠ ᠵᠠᠮ᠎ᠢ ᠨᠢᠭᠡᠳᠦᠯᠲᠡᠢ ᠲᠥᠯᠥᠪᠯᠡᠨ ᠠᠰᠢᠭᠯᠠᠵᠤ᠂ 12345 ᠬᠢᠭᠡᠳ 110 ᠵᠢ ᠵᠣᠯᠭ᠋ᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠂ ᠰᠢᠰᠲ᠋ᠧᠮ᠎ᠤᠨ ᠪᠠᠢ᠌ᠭᠤᠯᠤᠯᠲᠠ᠂ ᠠᠵᠢᠯᠲᠠᠨ᠎ᠤ ᠪᠣᠯᠪᠠᠰᠤᠷᠠᠭᠤᠯᠤᠯ ᠵᠡᠷᠭᠡ᠎ᠳᠤ ᠬᠡᠷᠡᠭᠰᠡᠬᠦ ᠵᠠᠷᠤᠳᠠᠯ᠎ᠢ ᠪᠠᠲᠤᠯᠠᠵᠤ᠂ ᠵᠣᠯᠭ᠋ᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠎ᠤᠨ ᠡᠮᠬᠢ ᠵᠢᠷᠤᠮ᠎ᠲᠠᠢ ᠪᠥᠭᠡᠳ ᠥᠨᠳᠥᠷ ᠪᠦᠲᠦᠮᠵᠢᠲᠡᠶ ᠶᠠᠪᠤᠭᠳᠠᠬᠤ ᠵᠢ ᠳᠡᠮᠵᠢᠨ ᠠᠬᠢᠭᠤᠯᠬᠤ ᠬᠡᠷᠡᠭᠲᠡᠢ᠃ ᠬᠣᠲᠠ ᠵᠢᠨ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠢᠭᠡᠴᠡ ᠵᠢᠨ ᠲᠠᠰ ᠳᠡᠪᠰᠢᠭᠦᠯᠦᠨ ᠰᠢᠰᠲ᠋ᠧᠮ᠎ᠤᠨ ᠲᠠᠪᠴᠠᠩ᠎ᠢ ᠰᠢᠯᠢᠳᠡᠭᠵᠢᠭᠦᠯᠦᠭᠰᠡᠨ᠎ᠠᠴᠠ ᠪᠣᠶ ᠪᠣᠯᠤᠭᠰᠠᠨ ᠵᠠᠷᠤᠳᠠᠯ ᠪᠠ ᠠᠵᠢᠯᠲᠠᠨ᠎ᠤ ᠵᠠᠷᠤᠳᠠᠯ᠎ᠢ ᠪᠦᠷᠢᠯᠳᠦᠭᠦᠨ ᠨᠢᠭᠡᠴᠡ ᠥᠪᠡᠰᠦᠪᠡᠨ ᠡᠭᠦᠷᠭᠡᠯᠡᠨ᠎ᠡ᠃
      (ᠭᠤᠷᠪᠠ) ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠎ᠠ ᠃ ᠬᠣᠲᠠ ᠵᠢᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠨᠢ 12345 ᠪᠠ 110 ᠳ᠋ᠢᠶᠠᠩᠬᠤᠸᠠ ᠵᠠᠯᠭ᠋ᠠᠯᠲᠠ ᠵᠢᠨ ᠬᠡᠮᠵᠢᠶ᠎ᠡ ᠵᠢ ᠦᠨᠳᠦᠰᠦᠯᠡᠨ᠂ ᠳ᠋ᠢᠶᠠᠩᠬᠤᠸᠠ ᠵᠠᠯᠭ᠋ᠠᠯᠲᠠ ᠵᠢᠨ ᠰᠠᠭᠤᠳᠠᠯ᠎ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠲᠣᠬᠢᠷᠠᠭᠤᠯᠵᠤ᠂ ᠳ᠋ᠢᠶᠠᠩᠬᠤᠸᠠ ᠵᠠᠯᠭ᠋ᠠᠯᠲᠠ ᠵᠢᠨ ᠠᠵᠢᠯᠲᠠᠨ᠎ᠢ ᠭᠦᠢ᠍ᠴᠡᠳ ᠲᠣᠬᠢᠷᠠᠭᠤᠯᠤᠨ ᠬᠦᠴᠦᠷᠬᠡᠭᠵᠢᠭᠦᠯᠵᠦ᠂ ᠨᠢᠭᠡᠳᠦᠭᠡᠷ ᠹᠷᠣᠨᠲ᠎ᠤᠨ ᠠᠵᠢᠯᠲᠠᠨ᠎ᠢ ᠬᠠᠯᠠᠮᠵᠢᠯᠠᠬᠤ ᠡᠷᠴᠢᠮ ᠵᠶ᠋ᠡᠨ ᠴᠢᠩᠭ᠋ᠠᠷᠠᠭᠤᠯᠤᠨ᠂ ᠬᠣᠯᠪᠣᠭᠳᠠᠯ ᠪᠦᠬᠦᠢ ᠠᠵᠢᠯ ᠮᠡᠷᠭᠡᠵᠢᠯ᠎ᠤᠨ ᠲᠥᠯᠦᠪᠵᠢᠭᠦᠯᠭᠡ᠂ ᠬᠥᠯᠥᠰᠦ ᠣᠯᠭᠣᠮᠵᠢ᠂ ᠡᠷᠬᠡ ᠠᠰᠢᠭ᠎ᠤᠨ ᠬᠠᠮᠠᠭ᠋ᠠᠯᠠᠯᠲᠠ᠂ ᠰᠠᠢ᠌ᠰᠢᠶᠠᠨ ᠬᠥᠬᠢᠭᠦᠯᠬᠦ ᠵᠡᠷᠭᠡ ᠲᠠᠯ᠎ᠠ ᠵᠢᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠯ ᠶᠣᠰᠣᠭ᠋ᠠᠷ ᠨᠠᠢ᠌ᠳᠠᠪᠤᠷᠢᠵᠢᠭᠤᠯᠬᠤ ᠬᠡᠷᠡᠭᠲᠡᠢ᠃ ᠡᠭᠦᠨ᠎ᠤ ᠬᠠᠮᠲᠤ 12345 ᠪᠣᠯᠣᠨ 110 ᠠᠵᠢᠯᠲᠠᠨ᠎ᠤ ᠲᠤᠬᠠᠢ᠌ᠯᠠᠭᠰᠠᠨ ᠠᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠳ᠋ᠢᠶᠠᠩᠬᠤᠸᠠ ᠵᠠᠯᠭ᠋ᠠᠯᠲᠠ ᠵᠢᠨ ᠲᠥᠯᠥᠭᠡᠯᠡᠭᠴᠢ᠂ ᠴᠠᠭᠳᠠᠭ᠋ᠠᠴᠢ ᠵᠢᠨ ᠰᠣᠯᠢᠯᠴᠠᠭ᠋ᠠᠨ᠎ᠤ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠨᠡᠪᠲᠡᠷᠡᠯᠴᠡᠨ ᠬᠠᠷᠢᠯᠴᠠᠬᠤ ᠵᠢ ᠴᠢᠩᠭ᠋ᠠᠳᠬᠠᠨ᠂ ᠬᠣᠯᠪᠤᠭ᠋ᠠᠯᠠᠨ ᠬᠠᠮᠵᠢᠯᠴᠠᠬᠤ ᠵᠢ ᠴᠢᠩᠭ᠋ᠠᠳᠬᠠᠨ᠎ᠠ᠃ ᠡᠯ᠎ᠡ ᠱᠠᠲᠤᠨ᠎ᠤ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠠᠮᠢᠶ᠎ᠠ ᠪᠦᠬᠦᠢ ᠪᠦᠷᠢᠯᠳᠦᠭᠦᠨ ᠨᠢᠭᠡᠴᠡ᠎ᠨᠦᠭᠦᠳ ᠠᠵᠢᠯ᠎ᠤᠨ ᠡᠭᠦᠷᠭᠡ ᠵᠢᠨ ᠬᠡᠷᠡᠭᠴᠡᠭᠡ᠎ᠪᠠᠨ ᠦᠨᠳᠦᠰᠦᠯᠡᠨ᠂ ᠬᠠᠮᠲᠤᠷᠠᠨ ᠬᠥᠳᠡᠯᠦᠯᠴᠡᠬᠦ ᠲᠣᠭᠲᠠᠴᠠ᠎ᠯᠤᠭ᠎ᠠ ᠵᠣᠬᠢᠴᠠᠯᠳᠤᠭᠰᠠᠨ ᠠᠵᠢᠯ᠎ᠤᠨ ᠵᠠᠭᠪᠤᠷ᠎ᠢ ᠲᠦᠷᠭᠡᠳᠬᠡᠨ ᠪᠠᠢ᠌ᠭᠤᠯᠵᠤ᠂ 《7×24 ᠴᠠᠭ》᠎ᠤᠨ ᠵᠢᠵᠢᠭᠦᠷᠯᠡᠨ ᠵᠢᠵᠢᠭᠦᠷᠯᠡᠨ ᠰᠠᠬᠢᠬᠤ ᠵᠢ ᠥᠷᠨᠢᠭᠦᠯᠵᠦ᠂ ᠠᠵᠤ ᠠᠬᠤᠢ᠌ᠯᠠᠯ ᠪᠠ ᠣᠯᠠᠨ ᠲᠦᠮᠡᠨ᠎ᠤ ᠬᠦᠰᠡᠯ ᠱᠠᠭ᠋ᠠᠷᠳᠠᠯᠭ᠎ᠠ ᠵᠢ ᠥᠨᠳᠥᠷ ᠦᠷ᠎ᠡ ᠪᠦᠲᠦᠮᠵᠢᠲᠡᠶ᠎ᠪᠠᠷ ᠰᠢᠢ᠍ᠳᠪᠦᠷᠢᠯᠡᠬᠦ ᠵᠢ ᠦᠨᠡᠨᠬᠦ ᠪᠠᠲᠤᠯᠠᠬᠤ ᠬᠡᠷᠡᠭᠲᠡᠢ᠃
      (ᠳᠥᠷᠪᠡ) ᠤᠬᠠᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ᠃ ᠬᠣᠲᠠ ᠵᠢᠨ ᠲᠣᠮᠣ ᠳ᠋ᠠᠢ᠌ᠲ᠋ᠠ ᠵᠢᠨ ᠲᠥᠪ᠂ ᠪᠠᠶᠠᠨᠨᠠᠭᠤᠷ᠎ᠤᠨ ᠡᠳᠦᠷ᠎ᠤᠨ ᠰᠣᠨᠢᠨ᠎ᠤ ᠬᠣᠷᠢᠶ᠎ᠠ᠂ ᠲᠧᠯᠸᠢᠰ ᠬᠣᠷᠢᠶ᠎ᠠ ᠵᠡᠷᠭᠡ ᠤᠬᠠᠭᠤᠯᠬᠤ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ᠂ ᠰᠣᠨᠢᠨ ᠮᠡᠳᠡᠭᠡᠨ᠎ᠤ ᠵᠠᠭᠤᠴᠢᠯᠠᠭᠤᠷ ᠵᠡᠷᠭᠡ ᠠᠷᠭ᠎ᠠ ᠵᠠᠮ᠎ᠢ ᠭᠦᠢ᠍ᠴᠡᠳ ᠠᠰᠢᠭᠯᠠᠨ᠂ 12345 ᠬᠢᠭᠡᠳ 110 ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ᠂ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ᠂ ᠰᠢᠯᠵᠢᠭᠦᠯᠦᠨ ᠭᠦᠢ᠍ᠴᠡᠳᠬᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ ᠠᠭᠤᠯᠭ᠎ᠠ ᠵᠢ ᠥᠷᠭᠡᠨ ᠵᠶ᠋ᠡᠷ ᠤᠬᠠᠭᠤᠯᠵᠤ᠂ ᠠᠷᠠᠳ ᠣᠯᠠᠨ᠎ᠢ ᠬᠥᠲᠥᠯᠥᠨ ᠵᠢᠯᠤᠭᠣᠳᠴᠤ ᠪᠠᠢ᠌ᠭ᠋ᠠᠳ 12345 ᠪᠠ 110 ᠵᠢ ᠵᠥᠪ ᠬᠡᠷᠡᠭᠯᠡᠭᠦᠯᠬᠦ ᠬᠡᠷᠡᠭᠲᠡᠢ᠃ ᠮᠠᠭᠤ ᠰᠠᠨᠠᠭ᠎ᠠ᠎ᠲᠠᠢ᠎ᠪᠠᠷ ᠲᠦᠢ᠍ᠪᠡᠭᠡᠭᠰᠡᠨ 12345 ᠪᠠ 110 ᠵᠢᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠴᠣᠬᠢᠯᠲᠠ ᠥᠭᠬᠦ ᠪᠠ ᠢᠯᠡᠴᠢᠯᠡᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠃ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ᠂ ᠨᠡᠢ᠌ᠭᠡᠮ᠎ᠤᠨ ᠪᠦᠯᠬᠦᠮ᠂ ᠠᠷᠠᠳ ᠤᠯᠠᠨ ᠪᠠ ᠵᠠᠭᠤᠴᠢᠯᠠᠭᠤᠷ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ 12345 ᠪᠠ 110 ᠵᠢᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃
      (ᠲᠠᠪᠤ) ᠡᠮᠬᠢ ᠳᠢᠭᠯᠢᠮ᠎ᠤᠨ ᠬᠠᠮᠠᠭ᠋ᠠᠯᠠᠯᠲᠠ ᠵᠢ ᠴᠢᠩᠭ᠋ᠠᠳᠬᠠᠨ᠎ᠠ᠃ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ ᠵᠦᠢ ᠶᠣᠰᠣᠨ᠎ᠤ ᠰᠢᠯᠲᠠᠭ᠋ᠠᠨ ᠦᠭᠡᠢ ᠪᠤᠶᠤ ᠮᠥᠨ ᠴᠢᠨᠠᠷ᠎ᠤᠨ ᠠᠭᠤᠯᠭ᠎ᠠ᠎ᠳᠤ ᠣᠯᠠᠨ ᠤᠳᠠᠭ᠎ᠠ ᠬᠠᠯᠠᠭᠤᠨ ᠤᠲᠠᠰᠤ ᠵᠢ ᠳᠠᠬᠢᠨ ᠳᠠᠪᠲᠠᠨ ᠤᠲᠠᠰᠤᠳᠠᠵᠤ᠂ ᠣᠯᠠᠨ ᠨᠡᠶ᠋ᠢᠲᠡ ᠵᠢᠨ ᠡᠬᠢ ᠪᠠᠶᠠᠯᠢᠭ᠎ᠢ ᠣᠷᠳᠣ ᠬᠤᠭᠤᠴᠠᠭ᠎ᠠ᠎ᠪᠠᠷ ᠡᠵᠡᠯᠡᠨ ᠬᠡᠷᠡᠭᠯᠡᠭᠰᠡᠨ; ᠠᠵᠢᠯᠲᠠᠨ᠎ᠢ ᠦᠢ᠍ᠮᠡᠭᠦᠯᠦᠭᠰᠡᠨ᠂ ᠭᠤᠲᠤᠭ᠋ᠠᠨ ᠳᠣᠷᠣᠮᠵᠢᠯᠠᠭᠰᠠᠨ᠂ ᠰᠦᠷᠳᠡᠭᠦᠯᠦᠭᠰᠡᠨ᠂ ᠬᠠᠯᠠᠭᠤᠨ ᠤᠲᠠᠰᠤᠨ᠎ᠤ ᠠᠵᠢᠯ᠎ᠤᠨ ᠬᠡᠪ᠎ᠤᠨ ᠠᠵᠢᠯᠯᠠᠭ᠎ᠠ ᠵᠢ ᠬᠠᠷᠰᠢᠯᠠᠭᠰᠠᠨ; ᠵᠣᠷᠢᠭᠤᠳᠠ ᠣᠷᠣ ᠦᠭᠡᠢ ᠭᠠᠵᠠᠷ ᠣᠪᠣᠭ᠎ᠠ ᠪᠣᠰᠬᠠᠨ ᠭᠦᠳᠬᠡᠨ ᠭᠦᠵᠢᠷᠯᠡᠵᠦ᠂ ᠭᠦᠳᠬᠡᠨ ᠵᠠᠭ᠋ᠠᠯᠳᠤᠵᠤ᠂ ᠭᠦᠵᠢᠷᠯᠡᠨ ᠬᠣᠣᠷᠯᠠᠵᠤ᠂ ᠲᠥᠪ ᠪᠤᠰᠤ ᠠᠷᠭ᠎ᠠ᠎ᠪᠠᠷ ᠬᠠᠯᠠᠭᠤᠨ ᠤᠲᠠᠰᠤᠨ᠎ᠤ ᠠᠵᠢᠯ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠪᠠᠢ᠌ᠳᠠᠯ᠎ᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃
      ᠳᠠᠭ᠋ᠠᠯᠳᠤᠭᠤᠯᠤᠯ᠄ ᠪᠠᠶᠠᠨᠨᠠᠭᠤᠷ ᠬᠣᠲᠠ ᠵᠢᠨ 12345 ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠠᠷᠠᠳ᠎ᠲᠤ ᠲᠥᠬᠥᠮ ᠦᠵᠡᠭᠦᠯᠬᠦ ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢ᠍ᠯᠡᠴᠢᠯᠡᠭᠡᠨ᠎ᠤ ᠲᠠᠪᠴᠠᠩ᠎ᠤᠨ ᠭᠥᠯᠢᠶᠡᠨ ᠠᠪᠴᠤ ᠰᠢᠢ᠍ᠳᠪᠦᠷᠢᠯᠡᠬᠦ ᠬᠡᠪᠴᠢᠶ᠎ᠡ ᠵᠢᠨ ᠬᠤᠪᠢᠶᠠᠷᠢᠯᠠᠯ

                                          2023 ᠣᠨ᠎ᠤ 4 ᠰᠠᠷ᠎ᠠ ᠵᠢᠨ 13᠎ᠤ ᠡᠳᠦᠷ

(ᠲᠣᠰ ᠮᠠᠲ᠋ᠧᠷᠢᠶᠠᠯ᠎ᠢ ᠢᠯᠡ᠎ᠪᠠᠷ  ᠨᠡᠢ᠌ᠲᠡᠯᠡᠪᠡ)




 

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ