ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ 《ᠪᠠᠶᠠᠨᠨᠠᠭᠤᠷ ᠬᠣᠲᠠ ᠵᠢᠨ 2023 ᠣᠨ᠎ᠤ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠲᠥᠪᠯᠡᠷᠡᠭᠦᠯᠦᠨ ᠵᠠᠰᠠᠬᠤ ᠠᠵᠢᠯ᠎ᠤᠨ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2023-09-07
ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ᠄
《ᠪᠠᠶᠠᠨᠨᠠᠭᠤᠷ ᠬᠣᠲᠠ ᠵᠢᠨ 2023 ᠣᠨ᠎ᠤ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠲᠥᠪᠯᠡᠷᠡᠭᠦᠯᠦᠨ ᠵᠠᠰᠠᠬᠤ ᠠᠵᠢᠯ᠎ᠤᠨ ᠲᠥᠰᠥᠯ》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢ ᠬᠢᠨᠠᠮᠠᠭ᠋ᠠᠢ ᠰᠠᠢ᠌ᠲᠤᠷ ᠠᠳᠬᠤᠲᠤᠭ᠋ᠠᠢ᠃
2023 ᠣᠨ᠎ᠤ 5 ᠰᠠᠷ᠎ᠠ ᠵᠢᠨ 12᠎ᠤᠨ ᠡᠳᠦᠷ
ᠪᠠᠶᠠᠨᠨᠠᠭᠤᠷ ᠬᠣᠲᠠ ᠵᠢᠨ 2023 ᠣᠨ᠎ᠤ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠲᠥᠪᠯᠡᠷᠡᠭᠦᠯᠦᠨ ᠵᠠᠰᠠᠬᠤ ᠠᠵᠢᠯ᠎ᠤᠨ ᠲᠥᠰᠥᠯ
ᠡᠭᠦᠨ᠎ᠢ ᠭᠦᠨᠵᠡᠭᠡᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ ᠵᠢ ᠪᠠᠢ᠌ᠩᠭᠤᠵᠢᠭᠤᠯᠬᠤ ᠳᠦᠷᠢᠮᠵᠢᠭᠦᠯᠬᠦ ᠠᠵᠢᠯ᠎ᠤᠨ ᠲᠤᠬᠠᠢ ᠬᠡᠷᠡᠭᠵᠢᠭᠦᠯᠬᠦ ᠰᠠᠨᠠᠯ》 (ᠵᠠᠮ ᠬᠠᠷᠢᠯᠴᠠᠭ᠎ᠠ ᠵᠠᠰᠠᠮᠠᠯ ᠵᠠᠮ ᠲᠠᠷᠬᠠᠭ᠋ᠠᠭᠰᠠᠨ [2017] 173 ᠳ᠋ᠤᠭ᠋ᠠᠷ ᠲᠣᠭ᠋ᠠᠲᠤ)᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠠᠷᠭ᠎ᠠ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 258 ᠳ᠋ᠤᠭ᠋ᠠᠷ ᠲᠣᠭ᠋ᠠᠲᠤ)᠂ 《ᠪᠠᠶᠠᠨᠨᠠᠭᠤᠷ ᠬᠣᠲᠠ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠵᠢᠨ ᠬᠠᠮᠲᠤᠷᠠᠨ ᠬᠠᠤᠯᠢ ᠬᠡᠷᠡᠭᠵᠢᠭᠦᠯᠬᠦ ᠵᠢ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠮᠡᠳᠡᠭᠳᠡᠯ》 (ᠪᠠᠶᠠᠨᠨᠠᠭᠤᠷ ᠠᠯᠪᠠᠨ ᠲᠠᠷᠬᠠᠭ᠋ᠠᠭᠰᠠᠨ [2018] 39 ᠳ᠋ᠦᠭᠡᠷ ᠲᠣᠭ᠋ᠠᠲᠤ)᠎ᠤᠨ ᠱᠠᠭ᠋ᠠᠷᠳᠠᠯᠭ᠎ᠠ᠂ ᠪᠠᠷᠠᠭ᠎ᠠ ᠵᠢᠨ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠦᠢ᠍ᠯᠡ ᠠᠵᠢᠯᠯᠠᠭᠠᠲᠤ ᠴᠢᠩᠭ᠎ᠠ ᠴᠣᠬᠢᠯᠲᠠ ᠥᠭᠴᠦ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠵᠢᠨ ᠪᠠᠢ᠌ᠴᠠᠭ᠋ᠠᠬᠤ ᠪᠠ ᠰᠢᠢ᠍ᠳᠬᠡᠨ ᠲᠣᠷᠭ᠋ᠠᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠵᠦ᠂ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠵᠢᠨ ᠬᠠᠮᠲᠤᠷᠠᠨ ᠬᠠᠤᠯᠢ ᠬᠡᠷᠡᠭᠵᠢᠭᠦᠯᠬᠦ ᠵᠢ ᠪᠠᠢ᠌ᠩᠭᠤᠵᠢᠭᠤᠯᠬᠤ᠂ ᠳᠦᠷᠢᠮᠵᠢᠭᠦᠯᠬᠦ ᠵᠢ ᠲᠦᠯᠬᠢᠨ ᠠᠬᠢᠭᠤᠯᠵᠤ᠂ ᠪᠠᠶᠠᠨᠨᠠᠭᠤᠷ ᠬᠤᠳᠠ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠤᠨ ᠪᠣᠳᠠᠲᠤ ᠪᠠᠢ᠌ᠳᠠᠯ ᠢ ᠦᠨᠳᠦᠰᠦᠯᠡᠨ᠂ ᠲᠤᠰ ᠲᠥᠰᠥᠯ᠎ᠢ ᠲᠣᠭᠲᠠᠭ᠋ᠠᠪᠠ᠃
ᠨᠢᠭᠡ᠂ ᠵᠢᠯᠤᠭᠣᠳᠬᠤ ᠦᠵᠡᠯ ᠰᠠᠨᠠᠭ᠎ᠠ
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠵᠢ ᠵᠠᠰᠠᠬᠤ ᠠᠵᠢᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠵᠠᠮ ᠲᠡᠭᠡᠭᠡᠪᠦᠷᠢ ᠵᠢᠨ ᠬᠥᠭᠵᠢᠯᠲᠡ᠎ᠳᠤ ᠦᠢ᠍ᠯᠡᠴᠢᠯᠡᠬᠦ᠂ ᠵᠠᠮ ᠬᠠᠷᠢᠯᠴᠠᠭ᠋ᠠᠨ᠎ᠤ ᠠᠮᠤᠷ ᠲᠦᠪᠰᠢᠨ ᠪᠠ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠪᠠᠷ ᠬᠠᠷᠠᠯᠲᠠ ᠪᠣᠯᠭ᠋ᠠᠵᠤ᠂ 《ᠵᠠᠰᠠᠭ᠎ᠤᠨ ᠣᠷᠳᠣᠨ ᠤᠳᠤᠷᠢᠳᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡ᠎ᠪᠠᠷ ᠵᠠᠰᠠᠬᠤ᠂ ᠣᠷᠳᠣ ᠬᠤᠭᠤᠴᠠᠭ᠎ᠠ᠎ᠪᠠᠷ ᠪᠦᠲᠦᠮᠵᠢᠲᠡᠶ ᠵᠠᠰᠠᠬᠤ》 ᠵᠠᠷᠴᠢᠮ᠎ᠢ ᠪᠠᠷᠢᠮᠲᠠᠯᠠᠨ᠂ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠠᠵᠢᠯ᠎ᠤᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠵᠢᠯ᠎ᠤᠨ ᠲᠣᠭᠲᠠᠴᠠ ᠵᠢᠨ ᠰᠢᠨ᠎ᠡ ᠵᠢ ᠡᠭᠦᠳᠴᠦ᠂ ᠬᠠᠤᠯᠢ ᠬᠡᠷᠡᠭᠵᠢᠭᠦᠯᠬᠦ ᠴᠤᠪᠤᠷᠠᠯ᠎ᠢ ᠵᠢᠷᠤᠮᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠷᠠᠭᠤᠯᠵᠤ᠂ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠵᠢ ᠳᠡᠭᠡᠭᠰᠢᠯᠡᠭᠦᠯᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠪᠠ ᠠᠷᠠᠳ ᠣᠯᠠᠨ᠎ᠤ ᠶᠠᠪᠤᠵᠤ ᠰᠠᠭᠤᠬᠤ᠎ᠳᠤ ᠨᠠᠩ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠦᠢ᠍ᠯᠡᠴᠢᠯᠡᠭᠡᠨ᠎ᠤ ᠪᠠᠲᠤᠯᠠᠭ᠎ᠠ ᠬᠠᠩᠭ᠋ᠠᠨ᠎ᠠ᠃
ᠬᠣᠶᠠᠷ᠂ ᠠᠵᠢᠯ᠎ᠤᠨ ᠬᠠᠷᠠᠯᠲᠠ
ᠲᠥᠪᠯᠡᠷᠡᠭᠦᠯᠦᠨ ᠵᠠᠰᠠᠬᠤ ᠠᠵᠢᠯᠯᠠᠭ᠎ᠠ᠎ᠪᠠᠷ ᠳᠡᠮᠵᠢᠨ᠂ ᠪᠥᠬᠥ ᠬᠣᠲᠠ ᠵᠢᠨ ᠬᠡᠮᠵᠢᠶ᠎ᠡ᠎ᠠᠴᠠ ᠬᠡᠲᠦᠷᠡᠭᠦᠯᠬᠦ ᠵᠢ ᠵᠠᠰᠠᠬᠤ ᠠᠵᠢᠯ᠎ᠤᠨ ᠰᠢᠰᠲ᠋ᠧᠮᠵᠢ ᠵᠢ ᠤᠯᠠᠮ ᠨᠢᠭᠡ ᠠᠯᠬᠤᠮ ᠪᠦᠷᠢᠨᠰᠢᠭᠦᠯᠵᠦ᠂ ᠬᠡᠮᠵᠢᠶ᠎ᠡ᠎ᠠᠴᠠ ᠬᠡᠲᠦᠷᠡᠭᠦᠯᠬᠦ ᠵᠢ ᠵᠠᠰᠠᠬᠤ ᠬᠠᠮᠢᠶ᠎ᠠ ᠪᠦᠬᠦᠢ ᠬᠠᠷᠢᠭᠤᠴᠠᠯᠭ᠎ᠠ ᠵᠢ ᠪᠦᠲᠦᠮᠵᠢᠲᠡᠶ ᠨᠠᠢ᠌ᠳᠠᠪᠤᠷᠢᠵᠢᠭᠤᠯᠵᠤ᠂ ᠬᠡᠮᠵᠢᠶ᠎ᠡ᠎ᠠᠴᠠ ᠬᠡᠲᠦᠷᠡᠭᠦᠯᠬᠦ ᠵᠢ ᠵᠠᠰᠠᠬᠤ ᠠᠵᠢᠯ᠎ᠤᠨ ᠪᠠᠢ᠌ᠭᠤᠯᠤᠮᠵᠢ ᠵᠢᠨ ᠠᠵᠢᠯᠯᠠᠭ᠋ᠠᠨ ᠬᠡᠪ᠎ᠤᠨ ᠪᠠᠢ᠌ᠳᠠᠯ᠎ᠲᠠᠢ ᠪᠠᠢ᠌ᠵᠤ᠂ ᠠᠵᠢᠯ᠎ᠤᠨ ᠵᠠᠷᠤᠳᠠᠯ᠎ᠢ ᠪᠠᠲᠤᠯᠠᠭ᠎ᠠ᠎ᠲᠠᠢ ᠪᠣᠯᠭ᠋ᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠬᠤ᠂ ᠬᠠᠷᠢᠭᠤ ᠮᠡᠳᠡᠭᠦᠯᠬᠦ᠂ ᠪᠠᠢ᠌ᠷᠢᠯᠠᠭᠤᠯᠬᠤ ᠠᠵᠢᠯ᠎ᠤᠨ ᠲᠣᠭᠲᠠᠴᠠ ᠵᠢ ᠨᠠᠢ᠌ᠳᠠᠪᠤᠷᠢᠵᠢᠭᠤᠯᠪᠠ; ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠦᠢᠯᠡ ᠠᠵᠢᠯᠯᠠᠭ᠎ᠠ ᠵᠢ ᠪᠦᠲᠦᠮᠵᠢᠲᠡᠶ ᠵᠠᠰᠠᠵᠤ᠂ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ ᠬᠥᠰᠬᠡ ᠵᠢ ᠳᠤᠷ᠎ᠠ᠎ᠪᠠᠷ ᠵᠶ᠋ᠠᠨ ᠥᠭᠡᠷᠡᠴᠢᠯᠡᠨ ᠤᠭᠰᠠᠷᠠᠬᠤ ᠦᠵᠡᠭᠳᠡᠯ᠎ᠢ ᠬᠣᠷᠢᠭᠯᠠᠵᠤ᠂ ᠪᠠᠷᠠᠭ᠋ᠠᠨ᠎ᠤ ᠲᠡᠭᠡᠭᠡᠪᠦᠷᠢ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠢᠯᠡᠳᠲᠡ ᠰᠠᠢ᠌ᠵᠢᠷᠠᠭᠤᠯᠪᠠ; ᠵᠠᠰᠠᠮᠠᠯ ᠵᠠᠮ᠎ᠤᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠦᠲᠦᠮᠵᠢᠲᠡᠶ ᠬᠠᠮᠠᠭ᠋ᠠᠯᠠᠵᠤ᠂ ᠵᠠᠰᠠᠮᠠᠯ ᠵᠠᠮ᠎ᠤᠨ ᠠᠮᠤᠷ ᠲᠦᠪᠰᠢᠨ᠎ᠤ ᠳᠠᠯᠳᠠ ᠬᠡᠮ ᠪᠠᠭ᠋ᠠᠰᠴᠤ᠂ ᠵᠠᠰᠠᠮᠠᠯ ᠵᠠᠮ᠎ᠤᠨ ᠠᠮᠤᠷ ᠲᠦᠪᠰᠢᠨ᠎ᠤ ᠡᠨᠳᠡᠯ ᠪᠠᠭ᠋ᠠᠰᠪᠠ; ᠵᠠᠰᠠᠮᠠᠯ ᠵᠠᠮ᠎ᠤᠨ ᠬᠠᠤᠯᠢ ᠬᠡᠷᠡᠭᠵᠢᠭᠦᠯᠬᠦ ᠳᠦᠷᠢ ᠲᠥᠷᠬᠦ ᠪᠠ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠵᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠬᠡᠮᠵᠢᠶ᠎ᠡ᠎ᠠᠴᠠ ᠬᠡᠲᠦᠷᠡᠭᠦᠯᠬᠦ ᠵᠢ ᠵᠠᠰᠠᠬᠤ ᠲᠤᠰᠬᠠᠢ ᠠᠵᠢᠯᠯᠠᠭ᠎ᠠ ᠵᠢᠨ ᠨᠡᠢ᠌ᠭᠡᠮ᠎ᠤᠨ ᠬᠠᠨᠤᠮᠵᠢ ᠵᠢᠨ ᠬᠡᠮᠵᠢᠶ᠎ᠡ ᠢᠯᠡᠳᠲᠡ ᠳᠡᠭᠡᠭᠰᠢᠯᠡᠪᠡ᠃ ᠤᠯᠤᠰ ᠪᠠ ᠮᠤᠵᠢ ᠵᠢᠨ ᠭᠣᠣᠯ ᠱᠤᠭᠤᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠨᠤᠷᠮ᠎ᠠ ᠵᠢ ᠢᠮᠠᠭᠲᠠ 1% ᠵᠢᠨ ᠳᠣᠲᠣᠷ᠎ᠠ ᠪᠠᠢ᠌ᠯᠭ᠋ᠠᠵᠤ᠂ ᠬᠥᠳᠡᠭᠡ ᠲᠣᠰᠬᠣᠨ᠎ᠤ ᠵᠠᠰᠠᠮᠠᠯ ᠵᠠᠮ᠎ᠤᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠭᠰᠠᠨ ᠨᠤᠷᠮ᠎ᠠ ᠵᠢ 3% ᠵᠢᠨ ᠳᠣᠲᠣᠷ᠎ᠠ ᠪᠠᠢ᠌ᠯᠭ᠋ᠠᠨ᠎ᠠ᠃
ᠭᠤᠷᠪᠠ᠂ ᠠᠵᠢᠯ᠎ᠤᠨ ᠭᠣᠣᠯᠳᠠᠯᠭ᠎ᠠ
ᠪᠦᠬᠦ ᠲᠠᠯ᠎ᠠ᠎ᠪᠠᠷ ᠬᠡᠮᠵᠢᠶ᠎ᠡ᠎ᠠᠴᠠ ᠬᠡᠲᠦᠷᠡᠭᠦᠯᠬᠦ ᠵᠢ ᠵᠠᠰᠠᠬᠤ ᠵᠢ ᠪᠠᠷᠢᠮᠲᠠᠯᠠᠵᠤ᠂ ᠪᠦᠬᠦ ᠵᠢᠯ᠎ᠳᠤ ᠬᠡᠮᠵᠢᠶ᠎ᠡ᠎ᠠᠴᠠ ᠬᠡᠲᠦᠷᠡᠭᠦᠯᠬᠦ ᠵᠢ ᠵᠠᠰᠠᠵᠤ᠂ ᠪᠦᠬᠦ ᠬᠡᠪᠴᠢᠶᠡᠨ᠎ᠳᠤ ᠬᠡᠮᠵᠢᠶ᠎ᠡ᠎ᠠᠴᠠ ᠬᠡᠲᠦᠷᠡᠭᠦᠯᠬᠦ ᠵᠢ ᠵᠠᠰᠠᠵᠤ᠂ ᠬᠡᠮᠵᠢᠶ᠎ᠡ᠎ᠠᠴᠠ ᠬᠡᠲᠦᠷᠡᠭᠦᠯᠬᠦ ᠵᠢ ᠵᠠᠰᠠᠬᠤ ᠵᠢ ᠪᠦᠬᠦᠨ᠎ᠢ ᠪᠦᠷᠬᠦᠭᠦᠯᠵᠦ᠂ ᠠᠯᠠᠭ ᠦᠯᠡᠳᠡᠭᠡᠬᠦ ᠦᠭᠡᠢ᠃
(ᠨᠢᠭᠡ) ᠭᠣᠣᠯᠳᠠᠯᠭ᠎ᠠ᠎ᠲᠠᠢ ᠣᠷᠣᠨ ᠪᠦᠰᠡ᠄ ᠨᠡᠭᠦᠷᠡᠰᠦ᠂ ᠬᠠᠢ᠌ᠷ ᠴᠢᠯᠠᠭᠤᠨ ᠮᠠᠲ᠋ᠧᠷᠢᠶᠠᠯ᠂ ᠪᠠᠷᠢᠯᠭ᠎ᠠ ᠵᠢᠨ ᠮᠠᠲ᠋ᠧᠷᠢᠶᠠᠯ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠵᠡᠷᠭᠡ ᠪᠠᠷᠠᠭ᠎ᠠ ᠲᠡᠭᠡᠭᠡᠪᠦᠷᠢ ᠵᠢᠨ ᠲᠦᠭᠦᠬᠡᠢ ᠮᠠᠲ᠋ᠧᠷᠢᠶᠠᠯ ᠦᠢ᠍ᠯᠡᠳᠪᠦᠷᠢᠯᠡᠬᠦ ᠣᠷᠣᠨ ᠪᠦᠰᠡ ᠵᠠᠰᠠᠮᠠᠯ ᠵᠠᠮ᠎ᠤᠨ ᠲᠣᠣᠷ ᠨᠢᠭᠲᠠᠷᠠᠭᠰᠠᠨ ᠣᠷᠣᠨ; ᠨᠡᠭᠦᠷᠡᠰᠦ᠂ ᠬᠠᠢ᠌ᠷ ᠴᠢᠯᠠᠭᠤᠨ᠎ᠤ ᠮᠠᠲ᠋ᠧᠷᠢᠶᠠᠯ᠂ ᠪᠠᠷᠢᠯᠭ᠎ᠠ ᠵᠢᠨ ᠮᠠᠲ᠋ᠧᠷᠢᠶᠠᠯ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ᠎ᠢ ᠰᠢᠯᠵᠢᠭᠦᠯᠦᠨ ᠲᠡᠭᠡᠭᠡᠪᠦᠷᠢᠯᠡᠬᠦ ᠭᠣᠣᠯ ᠣᠷᠣᠨ ᠪᠠ ᠶᠡᠬᠡ ᠬᠡᠮᠵᠢᠶᠡᠨ᠎ᠤ ᠡᠳ᠋ ᠪᠠᠷᠠᠭ᠎ᠠ ᠵᠢ ᠲᠥᠪᠯᠡᠷᠡᠭᠦᠯᠦᠨ ᠲᠠᠷᠬᠠᠭ᠋ᠠᠬᠤ ᠭᠠᠵᠠᠷ᠃
(ᠬᠣᠶᠠᠷ) ᠭᠣᠣᠯᠳᠠᠯᠭ᠎ᠠ᠎ᠲᠠᠢ ᠵᠠᠮ᠎ᠤᠨ ᠬᠡᠰᠡᠭ᠄ ᠡᠩ᠎ᠤᠨ ᠤᠯᠤᠰ ᠪᠠ ᠮᠤᠵᠢ ᠵᠢᠨ ᠭᠣᠣᠯ ᠱᠤᠭᠤᠮ ᠪᠠ ᠬᠥᠳᠡᠭᠡ ᠲᠣᠰᠬᠣᠨ᠎ᠤ ᠵᠠᠰᠠᠮᠠᠯ ᠵᠠᠮ᠎ᠢ ᠬᠣᠯᠪᠣᠭᠰᠠᠨ ᠵᠠᠮ᠎ᠤᠨ ᠬᠡᠰᠡᠭ; ᠬᠢᠯᠢ ᠵᠢᠨ ᠳᠣᠲᠣᠷ᠎ᠠ ᠡᠮᠦᠨᠡᠰᠢ ᠤᠮᠠᠷᠠᠰᠢ ᠨᠡᠪᠲᠡᠷᠡᠵᠦ᠂ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠬᠦ ᠭᠣᠣᠯ ᠵᠠᠮ᠂ ᠵᠢᠱ᠌ᠢᠶᠡᠯᠡᠪᠡᠯ G110᠂ S311᠂ S212᠂ S213 ᠪᠤᠭᠤᠲᠤ ᠠᠴᠠ ᠶᠢᠨ᠎ᠤ ᠳᠡᠭᠡᠳᠦ ᠬᠤᠷᠳᠤᠴᠠᠲᠤ ᠲᠡᠮᠦᠷ ᠵᠠᠮ ᠵᠡᠷᠭᠡ ᠲᠥᠷᠥᠯ ᠵᠦᠢ᠍ᠯ᠎ᠤᠨ ᠪᠠᠷᠢᠯᠭ᠎ᠠ ᠵᠢᠨ ᠡᠳ᠋ᠰᠢᠭᠦᠯᠦᠭᠰᠡᠨ ᠰᠠᠭᠤᠷᠢ ᠮᠠᠲ᠋ᠧᠷᠢᠶᠠᠯ᠎ᠤᠨ ᠬᠣᠯᠢᠬᠤ ᠥᠷᠲᠡᠭᠡ ᠵᠢᠨ ᠱᠤᠭᠤᠮ ᠳᠠᠭ᠋ᠠᠤ; ᠡᠷᠬᠢᠨ ᠲᠣᠭᠣᠷᠢᠨ᠎ᠤ ᠠᠢ᠌ᠮᠠᠭ ᠬᠣᠲᠠ᠎ᠯᠤᠭ᠎ᠠ ᠵᠠᠯᠭ᠋ᠠᠯᠳᠤᠭᠰᠠᠨ ᠵᠠᠮ᠎ᠤᠨ ᠬᠡᠰᠡᠭ ᠵᠡᠷᠭᠡ᠃
(ᠭᠤᠷᠪᠠ) ᠭᠣᠣᠯᠳᠠᠯᠭ᠎ᠠ᠎ᠲᠠᠢ ᠡᠬᠢ ᠡᠭᠦᠰᠦᠯ᠄ ᠨᠢᠭᠡᠨᠲᠡ ᠨᠡᠢ᠌ᠲᠡᠯᠡᠭᠰᠡᠨ 24 ᠭᠣᠣᠯᠳᠠᠯᠭ᠎ᠠ᠎ᠲᠠᠢ ᠪᠠᠷᠠᠭ᠋ᠠᠨ᠎ᠤ ᠲᠡᠭᠡᠭᠡᠪᠦᠷᠢ ᠵᠢᠨ ᠡᠬᠢ ᠡᠭᠦᠰᠦᠯ᠎ᠤᠨ ᠠᠵᠤ ᠠᠬᠤᠢ᠌ᠯᠠᠯ ᠵᠢᠴᠢ ᠣᠢ᠌ᠷ᠎ᠠ ᠵᠢᠨ ᠭᠤᠷᠪᠠᠨ ᠵᠢᠯ᠎ᠳᠤ ᠰᠢᠨ᠎ᠡ᠎ᠪᠠᠷ ᠨᠡᠮᠡᠭᠳᠡᠭᠰᠡᠨ ᠲᠣᠮᠣ ᠬᠡᠯᠪᠡᠷᠢ ᠵᠢᠨ ᠦᠢ᠍ᠯᠡᠳᠪᠦᠷᠢ ᠠᠭᠤᠷᠬᠠᠢ ᠵᠢᠨ ᠠᠵᠤ ᠠᠬᠤᠢ᠌ᠯᠠᠯ᠃
(ᠳᠥᠷᠪᠡ) ᠭᠣᠣᠯᠳᠠᠯᠭ᠎ᠠ᠎ᠲᠠᠢ ᠲᠡᠷᠭᠡ ᠬᠥᠰᠬᠡ᠄ ᠨᠡᠭᠦᠷᠡᠰᠦ᠂ ᠬᠠᠢ᠌ᠷ ᠴᠢᠯᠠᠭᠤᠨ ᠮᠠᠲ᠋ᠧᠷᠢᠶᠠᠯ᠂ ᠪᠠᠷᠢᠯᠭ᠎ᠠ ᠵᠢᠨ ᠮᠠᠲ᠋ᠧᠷᠢᠶᠠᠯ᠂ ᠠᠭᠤᠷᠬᠠᠢ ᠵᠢᠨ ᠭᠠᠷᠤᠯᠲᠠ ᠵᠢᠨ ᠡᠬᠢ ᠪᠠᠶᠠᠯᠢᠭ ᠢ ᠲᠡᠭᠡᠭᠡᠪᠦᠷᠢᠯᠡᠬᠦ ᠲᠣᠮᠣ ᠬᠡᠯᠪᠡᠷᠢ ᠵᠢᠨ ᠪᠠᠷᠠᠭ᠎ᠠ ᠵᠢᠨ ᠲᠡᠷᠭᠡ᠂ ᠢᠯᠠᠩᠭᠤᠶ᠎ᠠ ᠲᠡᠷᠭᠡ ᠪᠠ ᠪᠠᠷᠠᠭ᠎ᠠ ᠵᠢᠨ ᠶᠡᠷᠦᠩᠬᠡᠢ ᠬᠦᠨᠳᠦ᠎ᠨᠢ 55 ᠲᠣᠨ᠎ᠠᠴᠠ ᠬᠡᠲᠦᠷᠡᠭᠰᠡᠨ ᠬᠦᠨᠳᠦ ᠬᠡᠯᠪᠡᠷᠢ ᠵᠢᠨ ᠪᠠᠷᠠᠭ᠎ᠠ ᠲᠡᠭᠡᠭᠡᠬᠦ ᠮᠠᠰᠢᠨ ᠲᠡᠷᠭᠡ᠃
(ᠲᠠᠪᠤ) ᠭᠣᠣᠯᠳᠠᠯᠭ᠎ᠠ᠎ᠲᠠᠢ ᠦᠢᠯᠡ ᠠᠵᠢᠯᠯᠠᠭ᠎ᠠ᠄ ᠡᠵᠡᠩᠨᠡᠯᠲᠡ ᠵᠢᠨ ᠡᠷᠦᠬᠡ ᠵᠢᠨ ᠲᠡᠷᠭᠡ ᠬᠥᠰᠬᠡ ᠵᠢ ᠬᠠᠤᠯᠢ ᠪᠤᠰᠤ᠎ᠪᠠᠷ ᠨᠡᠢ᠌ᠯᠡᠭᠦᠯᠦᠨ ᠤᠭᠰᠠᠷᠠᠵᠤ ᠥᠭᠡᠷᠡᠴᠢᠯᠡᠨ ᠤᠭᠰᠠᠷᠠᠬᠤ᠂ ᠪᠠᠷᠠᠭ᠋ᠠᠨ᠎ᠤ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠡ ᠵᠢᠨ ᠪᠠᠷᠠᠭ᠎ᠠ ᠠᠴᠢᠶᠠᠯᠠᠬᠤ ᠵᠢ ᠬᠢᠨᠠᠨ ᠬᠠᠮᠢᠶᠠᠷᠬᠤ᠎ᠳᠠᠭᠠᠨ ᠬᠦᠴᠦᠨ ᠦᠭᠡᠢ᠎ᠠᠴᠠ ᠪᠣᠯᠵᠤ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠳᠤᠷ᠎ᠠ᠎ᠪᠠᠷ᠎ᠨᠢ ᠲᠠᠯᠪᠢᠬᠤ᠂ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ ᠬᠥᠰᠬᠡ ᠵᠢ ᠮᠠᠭᠤ ᠰᠠᠨᠠᠭ᠎ᠠ᠎ᠲᠠᠢ᠎ᠪᠠᠷ ᠳᠠᠭ᠋ᠠᠭ᠋ᠠᠴᠠ ᠠᠴᠠ ᠬᠡᠲᠦᠷᠡᠭᠦᠯᠬᠦ᠂ ᠬᠣᠶᠠᠳᠠᠭᠢ ᠤᠳᠠᠭ᠎ᠠ ᠠᠴᠢᠶᠠᠯᠠᠬᠤ᠂ ᠣᠢ᠌ᠷ᠎ᠠ ᠵᠠᠮ᠎ᠳᠤ ᠪᠤᠴᠠᠭ᠋ᠠᠨ ᠠᠴᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃
ᠳᠥᠷᠪᠡ᠂ ᠠᠵᠢᠯ᠎ᠤᠨ ᠠᠷᠭ᠎ᠠ ᠬᠡᠮᠵᠢᠶ᠎ᠡ
(ᠨᠢᠭᠡ) ᠥᠷᠭᠡᠨ ᠵᠶ᠋ᠡᠷ ᠤᠬᠠᠭᠤᠯᠵᠤ᠂ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠲᠣᠰ ᠤᠳᠠᠭ᠋ᠠᠨ᠎ᠤ ᠲᠤᠰᠬᠠᠢ ᠵᠠᠰᠠᠯᠲᠠ ᠵᠢᠨ ᠠᠵᠢᠯᠯᠠᠭ᠎ᠠ ᠵᠢᠨ ᠤᠬᠠᠭᠤᠯᠭ᠎ᠠ᠎ᠪᠠᠨ ᠴᠢᠩᠭ᠋ᠠᠳᠬᠠᠵᠤ᠂ ᠤᠬᠠᠭᠤᠯᠭ᠎ᠠ ᠬᠥᠮᠦᠵᠢᠯ᠎ᠢ ᠢᠮᠠᠭᠲᠠ ᠬᠡᠲᠦ ᠳᠠᠭ᠋ᠠᠭ᠋ᠠᠴᠠ᠎ᠠᠴᠠ ᠬᠡᠲᠦᠷᠡᠭᠦᠯᠬᠦ ᠵᠢ ᠵᠠᠰᠠᠬᠤ ᠠᠵᠢᠯᠯᠠᠭ᠎ᠠ ᠵᠢᠨ ᠪᠥᠬᠥ ᠶᠠᠪᠤᠴᠠ᠎ᠳᠤ ᠲᠤᠤᠱᠯᠠᠭᠤᠯᠬᠤ ᠬᠡᠷᠡᠭᠲᠡᠢ᠃ ᠡᠬᠢᠯᠡᠭᠦᠯᠬᠦ ᠱᠠᠲᠤᠨ᠎ᠳᠤ ᠡᠯ᠎ᠡ ᠲᠥᠷᠥᠯ᠎ᠤᠨ ᠵᠠᠭᠤᠴᠢᠯᠠᠭᠤᠷ ᠵᠶ᠋ᠠᠷ ᠳᠠᠮᠵᠢᠭᠤᠯᠤᠨ ᠳᠠᠭ᠋ᠠᠭ᠋ᠠᠴᠠ ᠠᠴᠠ ᠬᠡᠲᠦᠷᠡᠭᠦᠯᠬᠦ ᠵᠢ ᠵᠠᠰᠠᠬᠤ ᠠᠵᠢᠯ᠎ᠤᠨ ᠴᠢᠬᠤᠯᠠ ᠠᠴᠢ ᠬᠣᠯᠪᠣᠭᠳᠠᠯ᠂ ᠵᠣᠷᠢᠯᠭ᠎ᠠ ᠪᠠ ᠳᠠᠭ᠋ᠠᠭ᠋ᠠᠴᠠ ᠠᠴᠠ ᠬᠡᠲᠦᠷᠡᠭᠦᠯᠬᠦ ᠵᠢᠨ ᠬᠣᠣᠷ ᠬᠥᠨᠥᠭᠡᠯ᠎ᠢ ᠥᠷᠭᠡᠨ ᠵᠶ᠋ᠡᠷ ᠤᠬᠠᠭᠤᠯᠬᠤ ᠬᠡᠷᠡᠭᠲᠡᠢ; ᠮᠡᠳᠡᠭᠳᠡᠬᠦ ᠪᠢᠴᠢᠭ ᠨᠡᠢ᠌ᠲᠡᠯᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ ᠪᠠᠷᠠᠭ᠋ᠠᠨ᠎ᠤ ᠲᠡᠭᠡᠭᠡᠪᠦᠷᠢ ᠵᠢᠨ ᠠᠵᠤ ᠠᠬᠤᠢ᠌ᠯᠠᠯ᠂ ᠲᠡᠷᠭᠡᠨ᠎ᠤ ᠡᠵᠡᠨ᠂ ᠵᠢᠯᠣᠭᠣᠴᠢ ᠵᠢ ᠬᠥᠲᠥᠯᠥᠨ ᠵᠢᠯᠤᠭᠣᠳᠴᠤ ᠪᠠᠢ᠌ᠭ᠋ᠠᠳ ᠰᠠᠨᠠᠭ᠋ᠠᠴᠢᠯᠠᠭ᠎ᠠ ᠠᠴᠠ᠎ᠪᠠᠨ ᠬᠠᠮᠵᠢᠯᠴᠠᠨ ᠬᠠᠤᠯᠢ ᠬᠡᠷᠡᠭᠵᠢᠭᠦᠯᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠴᠠᠭ ᠲᠤᠬᠠᠢᠳᠤᠨᠢ ᠠᠷᠢᠯᠭ᠋ᠠᠬᠤ ᠬᠡᠷᠡᠭᠲᠡᠢ᠃ ᠬᠡᠷᠡᠭᠵᠢᠭᠦᠯᠬᠦ ᠱᠠᠲᠤᠨ᠎ᠳᠤ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠨ ᠮᠡᠳᠡᠭᠳᠡᠬᠦ᠂ ᠡᠰᠡᠷᠭᠦ ᠲᠠᠯ᠎ᠠ ᠵᠢᠨ ᠵᠢᠱ᠌ᠢᠶ᠎ᠡ ᠵᠢ ᠨᠡᠢ᠌ᠲᠡᠯᠡᠬᠦ᠂ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠭᠡᠭᠡᠪᠦᠷᠢ ᠵᠢᠨ ᠦᠢᠯᠡ ᠠᠵᠢᠯᠯᠠᠭ᠎ᠠ ᠵᠢ ᠢᠯᠡᠴᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠥᠨᠳᠥᠷ ᠳᠠᠷᠤᠯᠲᠠᠲᠤ ᠬᠦᠴᠦᠲᠡᠢ ᠴᠣᠬᠢᠯᠲᠠ ᠥᠭᠬᠦ ᠪᠠᠢ᠌ᠳᠠᠯ᠎ᠢ ᠪᠣᠶ ᠪᠣᠯᠭ᠋ᠠᠨ᠎ᠠ᠃ ᠳ᠋ᠦᠩᠨᠡᠬᠦ ᠱᠠᠲᠤ ᠦᠶ᠎ᠡ᠎ᠳᠤ ᠤᠬᠠᠭᠤᠯᠭ᠎ᠠ ᠵᠢᠨ ᠹᠢᠯᠢᠮ᠂ ᠠᠵᠢᠯ ᠲᠦᠷᠦᠯ᠎ᠤᠨ ᠰᠤᠷᠲᠠᠯ᠎ᠤᠨ ᠬᠠᠯᠠᠮᠰᠢᠯ ᠤᠲᠠᠰᠤ ᠦᠢ᠍ᠯᠡᠳᠬᠦ ᠵᠡᠷᠭᠡ ᠬᠡᠯᠪᠡᠷᠢ᠎ᠪᠠᠷ ᠵᠠᠰᠠᠯᠲᠠ ᠵᠢᠨ ᠦᠷ᠎ᠡ ᠪᠦᠲᠦᠭᠡᠯ᠎ᠢ ᠤᠬᠠᠭᠤᠯᠵᠤ᠂ ᠵᠠᠰᠠᠯᠲᠠ ᠵᠢᠨ ᠲᠤᠷᠰᠢᠯᠭ᠎ᠠ ᠵᠢ ᠳ᠋ᠦᠩᠨᠡᠵᠦ᠂ ᠵᠠᠰᠠᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠯᠳᠦᠭᠦᠯᠬᠦ ᠬᠡᠷᠡᠭᠲᠡᠢ᠃
(ᠬᠣᠶᠠᠷ) ᠨᠠᠷᠢᠨ ᠨᠢᠮᠪᠠᠢ ᠣᠢ᠌ᠯᠠᠭ᠋ᠠᠨ ᠵᠢᠭᠰᠠᠭ᠋ᠠᠵᠤ᠂ ᠰᠠᠭᠤᠷᠢ ᠲᠣᠭ᠎ᠠ ᠵᠢ ᠡᠵᠡᠮᠰᠢᠨ᠎ᠡ᠃ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠎ᠨᠤᠭᠤᠳ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠯᠣᠨ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠢ ᠲᠦᠷᠭᠡᠬᠡᠨ ᠵᠣᠬᠢᠶᠠᠨ ᠪᠠᠢ᠌ᠭᠤᠯᠵᠤ᠂ ᠡᠯ᠎ᠡ ᠭᠠᠵᠠᠷ ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠠᠢ᠌ᠷ ᠴᠢᠯᠠᠭᠤᠨ᠎ᠤ ᠮᠠᠲ᠋ᠧᠷᠢᠶᠠᠯ ᠵᠡᠷᠭᠡ ᠡᠳ᠋ ᠪᠠᠷᠠᠭ᠎ᠠ ᠲᠡᠭᠡᠭᠡᠪᠦᠷᠢᠯᠡᠵᠦ ᠪᠠᠢ᠌ᠭ᠎ᠠ ᠲᠡᠷᠭᠡ ᠬᠥᠰᠬᠡ ᠪᠣᠯᠣᠨ ᠬᠠᠮᠢᠶ᠎ᠠ ᠪᠦᠬᠦᠢ ᠲᠠᠯᠠᠪᠤᠷ ᠥᠷᠳᠡᠭᠡ᠂ ᠢᠯᠠᠩᠭᠤᠶ᠎ᠠ ᠬᠠᠢ᠌ᠷ ᠴᠢᠯᠠᠭᠤᠨ᠎ᠤ ᠮᠠᠲ᠋ᠧᠷᠢᠶᠠᠯ᠎ᠤᠨ ᠦᠢ᠍ᠯᠡᠳᠪᠦᠷᠢ᠂ ᠬᠣᠯᠢᠬᠤ ᠥᠷᠳᠡᠭᠡ ᠪᠣᠯᠣᠨ ᠦᠢ᠍ᠯᠡᠳᠪᠦᠷᠢ ᠠᠭᠤᠷᠬᠠᠢ ᠵᠢᠨ ᠠᠵᠤ ᠠᠬᠤᠢ᠌ᠯᠠᠯ᠎ᠢ ᠪᠠᠢ᠌ᠴᠠᠭ᠋ᠠᠨ ᠪᠠᠷᠯᠠᠵᠤ᠂ ᠰᠠᠭᠤᠷᠢ ᠲᠣᠭ᠎ᠠ ᠵᠢ᠎ᠨᠢ ᠡᠵᠡᠮᠰᠢᠨ᠂ ᠡᠬᠡ ᠲᠠᠨᠭ᠌ᠰᠠ ᠪᠠᠢ᠌ᠭᠤᠯᠵᠤ᠂ ᠲᠦᠭᠦᠬᠡᠢ ᠮᠠᠲ᠋ᠧᠷᠢᠶᠠᠯ᠎ᠢ ᠰᠢᠯᠵᠢᠭᠦᠯᠦᠨ ᠲᠡᠭᠡᠭᠡᠪᠦᠷᠢᠯᠡᠬᠦ ᠲᠡᠷᠭᠡ ᠬᠥᠰᠬᠡ ᠵᠢᠨ ᠶᠠᠪᠤᠬᠤ ᠵᠠᠮ ᠱᠤᠭᠤᠮ᠂ ᠬᠠᠷᠢᠶ᠎ᠠ ᠪᠦᠬᠦᠢ ᠠᠵᠤ ᠠᠬᠤᠢ᠌ᠯᠠᠯ᠂ ᠪᠠᠷᠠᠭ᠎ᠠ ᠬᠠᠩᠭ᠋ᠠᠬᠤ ᠭᠠᠵᠠᠷ ᠢ ᠲᠣᠳᠣᠷᠬᠠᠢ ᠣᠢ᠌ᠯᠠᠭ᠋ᠠᠵᠤ᠂ ᠴᠢᠭᠯᠡᠭᠦᠯᠬᠦ ᠴᠢᠨᠠᠷᠲᠠᠢ᠎ᠪᠠᠷ ᠲᠤᠰᠬᠠᠢ ᠵᠦᠢ᠍ᠯ᠎ᠤᠨ ᠵᠠᠰᠠᠬᠤ ᠲᠥᠰᠥᠯ ᠪᠣᠯᠣᠨ ᠠᠷᠭ᠎ᠠ ᠬᠡᠮᠵᠢᠶ᠎ᠡ ᠵᠢ ᠲᠣᠭᠲᠠᠭ᠋ᠠᠬᠤ ᠬᠡᠷᠡᠭᠲᠡᠢ᠃
(ᠭᠤᠷᠪᠠ) ᠬᠠᠤᠯᠢ ᠵᠢ ᠬᠡᠷᠡᠭᠵᠢᠭᠦᠯᠬᠦ ᠵᠢ ᠴᠢᠩᠭ᠋ᠠᠳᠬᠠᠵᠤ᠂ ᠬᠠᠤᠯᠢ ᠶᠣᠰᠣᠭ᠋ᠠᠷ ᠴᠢᠩᠭ᠎ᠠ ᠰᠢᠢ᠍ᠳᠬᠡᠨ᠎ᠡ᠃ ᠳᠣᠲᠣᠭ᠋ᠠᠳᠤ ᠵᠢ ᠬᠠᠮᠠᠭ᠋ᠠᠯᠠᠬᠤ ᠵᠠᠮ ᠬᠠᠷᠢᠯᠴᠠᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠲᠡᠷᠭᠡ ᠬᠥᠰᠬᠡ ᠵᠢᠨ ᠪᠠᠢ᠌ᠴᠠᠭ᠋ᠠᠨ ᠰᠢᠯᠭ᠋ᠠᠬᠤ ᠵᠢ ᠭᠥᠯᠢᠶᠡᠨ ᠠᠪᠬᠤ ᠵᠢ ᠵᠢᠯᠣᠭᠣᠳᠤᠨ ᠵᠢᠯᠤᠭᠣᠳᠬᠤ ᠵᠢ ᠬᠠᠷᠢᠭᠤᠴᠠᠵᠤ᠂ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠭᠰᠠᠨ᠂ ᠲᠡᠷᠭᠡ ᠬᠥᠰᠬᠡ ᠵᠢ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠭᠰᠠᠨ᠂ ᠨᠡᠢ᠌ᠯᠡᠭᠦᠯᠵᠦ ᠤᠭᠰᠠᠷᠠᠭᠰᠠᠨ ᠲᠡᠷᠭᠡ ᠬᠥᠰᠬᠡ ᠵᠢ ᠬᠠᠤᠯᠢ ᠶᠣᠰᠣᠭ᠋ᠠᠷ ᠰᠢᠳᠬᠡᠨ ᠲᠣᠷᠭ᠋ᠠᠨ᠎ᠠ; ᠵᠠᠮ ᠬᠠᠷᠢᠯᠴᠠᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠳ ᠲᠡᠷᠭᠡ ᠬᠥᠰᠬᠡ ᠵᠢᠨ ᠠᠴᠢᠶᠠᠯᠠᠭᠰᠠᠨ ᠪᠠᠢ᠌ᠳᠠᠯ᠎ᠢ ᠪᠠᠢ᠌ᠴᠠᠭ᠋ᠠᠨ ᠰᠢᠯᠭ᠋ᠠᠬᠤ ᠵᠢᠨ ᠬᠠᠮᠲᠤ ᠲᠡᠭᠦᠨ᠎ᠳᠤ ᠬᠢᠨᠠᠯᠲᠠ ᠲᠠᠯᠪᠢᠵᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ᠎ᠨᠢ ᠠᠷᠢᠯᠭ᠋ᠠᠬᠤ ᠵᠢ ᠬᠠᠷᠢᠭᠤᠴᠠᠵᠤ᠂ ᠬᠠᠤᠯᠢ᠎ᠠᠴᠠ ᠵᠥᠷᠢᠴᠡᠭᠰᠡᠨ ᠪᠠᠷᠠᠭ᠎ᠠ ᠵᠢᠨ ᠲᠡᠭᠡᠭᠡᠪᠦᠷᠢ ᠵᠢᠨ ᠡᠬᠢ ᠡᠭᠦᠰᠦᠯ ᠨᠢᠭᠡᠴᠡ᠂ ᠲᠡᠭᠡᠭᠡᠪᠦᠷᠢ ᠵᠢᠨ ᠠᠵᠤ ᠠᠬᠤᠢ᠌ᠯᠠᠯ᠂ ᠲᠡᠷᠭᠡ ᠬᠥᠰᠬᠡ᠂ ᠡᠵᠡᠩᠨᠡᠭᠴᠢ ᠬᠢᠭᠡᠳ ᠵᠢᠯᠣᠭᠣᠴᠢ ᠵᠢ ᠬᠠᠤᠯᠢ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠢ᠃ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠳ ᠴᠠᠭᠳᠠᠭ᠋ᠠᠨ᠎ᠤ ᠬᠦᠴᠦᠨ᠎ᠢ ᠴᠠᠭ ᠲᠤᠬᠠᠢᠳᠤᠨᠢ ᠲᠣᠬᠢᠷᠠᠭᠤᠯᠤᠨ᠂ ᠳᠠᠭ᠋ᠠᠭ᠋ᠠᠴᠠ ᠠᠴᠠ ᠬᠡᠲᠦᠷᠡᠭᠦᠯᠬᠦ ᠵᠢ ᠵᠠᠰᠠᠬᠤ ᠥᠷᠲᠡᠭᠡ ᠴᠢᠭ᠋ ᠵᠢᠴᠢ ᠵᠠᠮ ᠳᠡᠭᠡᠷᠡᠬᠢ ᠳᠠᠭ᠋ᠠᠭ᠋ᠠᠴᠠ ᠠᠴᠠ ᠬᠡᠲᠦᠷᠡᠭᠦᠯᠬᠦ ᠵᠢ ᠵᠠᠰᠠᠬᠤ ᠵᠢ ᠬᠠᠮᠠᠭ᠋ᠠᠯᠠᠵᠤ᠂ ᠠᠮᠤᠷ ᠲᠦᠪᠰᠢᠨ᠎ᠤ ᠡᠮᠬᠢ ᠳᠢᠭᠯᠢᠮ᠎ᠢ ᠡᠬᠢ ᠡᠭᠦᠰᠦᠯ᠎ᠠᠴᠠ᠎ᠨᠢ ᠬᠢᠨᠠᠨ ᠬᠠᠮᠢᠶᠠᠷᠴᠤ᠂ ᠵᠠᠮ ᠬᠠᠷᠢᠯᠴᠠᠭ᠎ᠠ ᠵᠢ ᠪᠥᠭᠯᠡᠬᠦ᠂ ᠠᠯᠪᠠᠳᠠᠯᠭ᠎ᠠ᠎ᠪᠠᠷ ᠪᠣᠭᠣᠮᠲᠠ ᠰᠢᠪᠲᠤᠯᠬᠤ᠂ ᠬᠦᠴᠦᠷᠬᠡᠭᠯᠡᠯ ᠵᠶ᠋ᠡᠷ ᠬᠠᠤᠯᠢ ᠵᠢ ᠡᠰᠡᠷᠭᠦᠴᠡᠬᠦ᠂ ᠬᠠᠮᠢᠶ᠎ᠠ ᠪᠦᠬᠦᠢ ᠪᠡᠯᠡᠳᠬᠡᠮᠵᠢ ᠲᠥᠬᠦᠭᠡᠷᠦᠮᠵᠢ ᠵᠢ ᠡᠪᠳᠡᠬᠦ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠬᠠᠤᠯᠢ ᠶᠣᠰᠣᠭ᠋ᠠᠷ ᠴᠢᠩᠭ᠎ᠠ ᠰᠢᠳᠬᠡᠬᠦ ᠬᠡᠷᠡᠭᠲᠡᠢ᠃ ᠢᠯᠠᠩᠭᠤᠶ᠎ᠠ 《ᠵᠠᠭᠤᠨ ᠲᠣᠨ᠎ᠤ ᠸᠠᠩ》᠎ᠤᠨ ᠵᠠᠰᠠᠯᠲᠠ ᠵᠢ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ ᠪᠠᠷᠠᠭ᠋ᠠᠨ᠎ᠤ ᠲᠡᠭᠡᠭᠡᠪᠦᠷᠢ ᠵᠢᠨ ᠡᠬᠢ ᠡᠭᠦᠰᠦᠯ᠎ᠤᠨ ᠠᠵᠤ ᠠᠬᠤᠢ᠌ᠯᠠᠯ᠎ᠤᠨ ᠲᠠᠷᠬᠠᠯᠲᠠ ᠵᠡᠷᠭᠡ ᠮᠡᠳᠡᠭᠡ ᠵᠠᠩᠭᠢ᠎ᠲᠠᠢ ᠤᠶᠠᠯᠳᠤᠭᠤᠯᠤᠨ ᠲᠣᠭ᠎ᠠ ᠪᠠᠷᠢᠮᠲᠠ ᠵᠢᠨ ᠵᠠᠳᠠᠯᠤᠯᠲᠠ ᠬᠢᠵᠦ᠂ 《ᠵᠠᠭᠤᠨ ᠲᠣᠨ᠎ᠤ ᠸᠠᠩ》᠎ᠤᠨ ᠣᠯᠠᠨ ᠡᠭᠦᠰᠬᠦ ᠣᠯᠠᠨ ᠡᠭᠦᠰᠬᠦ ᠲᠠᠷᠬᠠᠯᠲᠠ ᠵᠢᠨ ᠵᠢᠮ᠎ᠡ ᠶᠣᠰᠣ ᠵᠢ ᠳ᠋ᠦᠩᠨᠡᠨ᠂ ᠬᠠᠤᠯᠢ ᠬᠡᠷᠡᠭᠵᠢᠭᠦᠯᠬᠦ ᠰᠠᠯᠪᠤᠷᠢ ᠪᠠᠭ᠎ᠠ ᠠᠩᠭᠢ ᠵᠢ ᠵᠣᠬᠢᠶᠠᠨ ᠪᠠᠢ᠌ᠭᠤᠯᠵᠤ ᠬᠠᠮᠲᠤᠷᠠᠨ ᠬᠠᠤᠯᠢ ᠬᠡᠷᠡᠭᠵᠢᠭᠦᠯᠵᠦ᠂ ᠬᠦᠨᠳᠦ ᠨᠣᠴᠢᠲᠠᠢ ᠬᠠᠤᠯᠢ ᠵᠢ ᠵᠥᠷᠢᠴᠡᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠦᠢᠯᠡ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ 《ᠴᠤᠬᠤᠶ᠋ᠢᠪᠠᠯ ᠴᠣᠬᠢᠯᠲᠠ ᠥᠭᠬᠦ》 ᠥᠨᠳᠥᠷ ᠳᠠᠷᠤᠯᠲᠠᠲᠤ ᠪᠠᠢ᠌ᠳᠠᠯ᠎ᠢ ᠪᠣᠶ ᠪᠣᠯᠭ᠋ᠠᠬᠤ ᠬᠡᠷᠡᠭᠲᠡᠢ᠃
(ᠳᠥᠷᠪᠡ) ᠠᠷᠭ᠎ᠠ ᠮᠠᠶᠢᠭ ᠵᠶ᠋ᠠᠨ ᠬᠠᠯᠠᠨ ᠰᠠᠢ᠌ᠵᠢᠷᠠᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ᠃ ᠡᠯ᠎ᠡ ᠭᠠᠵᠠᠷ᠎ᠨᠢ ᠬᠢᠯᠢ ᠵᠢᠨ ᠳᠣᠲᠣᠷᠠᠬᠢ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨᠢ ᠪᠠᠢ᠌ᠴᠠᠭ᠋ᠠᠨ ᠬᠡᠮᠵᠢᠬᠦ ᠲᠣᠭᠲᠠᠮᠠᠯ ᠥᠷᠲᠡᠭᠡ ᠪᠠ ᠬᠥᠳᠡᠯᠦᠩᠭᠦᠢ ᠪᠠᠢ᠌ᠴᠠᠭ᠋ᠠᠨ ᠬᠡᠮᠵᠢᠬᠦ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ᠎ᠳᠤ ᠲᠦᠰᠢᠭᠯᠡᠨ 24 ᠴᠠᠭ᠎ᠲᠤ ᠲᠠᠰᠤᠯᠳᠠᠭᠤᠯᠬᠤ ᠦᠭᠡᠢ ᠵᠠᠮ᠎ᠤᠨ ᠴᠠᠭᠳᠠᠭ᠎ᠠ ᠵᠢ ᠬᠠᠮᠲᠤᠷᠠᠨ ᠵᠠᠰᠠᠬᠤ ᠵᠢ ᠥᠷᠨᠢᠭᠦᠯᠬᠦ ᠵᠢᠨ ᠬᠠᠮᠲᠤ᠂ ᠨᠡᠭᠦᠳᠡᠯ ᠬᠡᠲᠦ ᠠᠴᠢᠶᠠᠯᠠᠭᠰᠠᠨᠢ ᠵᠠᠰᠠᠬᠤ ᠲᠤᠰᠬᠠᠢ ᠲᠡᠷᠭᠡ ᠵᠢ ᠠᠰᠢᠭᠯᠠᠨ ᠬᠠᠷᠢᠶ᠎ᠠ ᠣᠷᠣᠨ᠎ᠤ ᠵᠠᠮ᠎ᠤᠨ ᠬᠡᠮᠵᠢᠶ᠎ᠡ᠎ᠠᠴᠠ ᠬᠡᠲᠦᠷᠡᠭᠰᠡᠨ᠎ᠢ ᠵᠠᠰᠠᠬᠤ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠃ ᠬᠠᠷᠢᠶᠠᠲᠤ ᠣᠷᠣᠨ᠎ᠤ ᠳᠣᠲᠣᠷ᠎ᠠ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨᠢ ᠪᠠᠢ᠌ᠴᠠᠭ᠋ᠠᠨ ᠬᠡᠮᠵᠢᠬᠦ ᠦᠷᠳᠡᠭᠡ ᠪᠠᠢ᠌ᠬᠤ ᠦᠭᠡᠢ ᠪᠣᠯ ᠠᠵᠢᠯ᠎ᠤᠨ ᠲᠥᠯᠥᠪᠯᠡᠭᠡ ᠲᠣᠭᠲᠠᠭ᠋ᠠᠨ᠂ ᠦᠢ᠍ᠯᠡᠴᠢᠯᠡᠭᠡᠨ᠎ᠤ ᠲᠣᠬᠢᠷᠠᠭᠤᠯᠤᠯᠲᠠ ᠵᠢ ᠨᠠᠷᠢᠯᠢᠭᠵᠢᠭᠤᠯᠤᠨ᠂ ᠬᠣᠯᠪᠤᠭ᠋ᠠᠯᠠᠨ ᠰᠢᠯᠵᠢᠵᠦ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨᠢ ᠵᠠᠰᠠᠬᠤ ᠵᠢ ᠥᠷᠨᠢᠭᠦᠯᠵᠦ᠂ ᠬᠠᠤᠯᠢ᠎ᠠᠴᠠ ᠵᠥᠷᠢᠴᠡᠨ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨ ᠰᠡᠵᠢᠭᠯᠡᠯᠲᠡᠢ ᠲᠡᠷᠭᠡ ᠬᠥᠰᠬᠡ ᠵᠢ ᠣᠯᠵᠤ ᠮᠡᠳᠡᠪᠡᠯ᠂ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠭᠰᠠᠨᠢ ᠪᠠᠢ᠌ᠴᠠᠭ᠋ᠠᠨ ᠬᠡᠮᠵᠢᠬᠦ ᠥᠷᠳᠡᠭᠡ ᠴᠡᠭ ᠪᠤᠶᠤ ᠬᠠᠤᠯᠢ ᠬᠡᠷᠡᠭᠵᠢᠭᠦᠯᠬᠦ ᠥᠷᠳᠡᠭᠡ ᠭᠠᠵᠠᠷ᠂ ᠠᠴᠢᠶ᠎ᠠ ᠪᠠᠭᠤᠯᠭ᠋ᠠᠬᠤ ᠲᠠᠯᠠᠪᠠᠢ᠎ᠳᠤ ᠣᠢ᠌ᠷ᠎ᠠ ᠬᠠᠪᠢ᠎ᠳᠤᠨᠢ ᠬᠥᠲᠥᠯᠥᠨ ᠬᠦᠷᠦᠭᠰᠡᠨ᠎ᠤ ᠲᠠᠷᠠᠭ᠎ᠠ᠂ ᠥᠷᠲᠡᠭᠡᠨ᠎ᠳᠤ ᠰᠠᠭᠤᠵᠤ ᠬᠠᠮᠲᠤᠷᠠᠨ ᠬᠠᠤᠯᠢ ᠬᠡᠷᠡᠭᠵᠢᠭᠦᠯᠬᠦ ᠵᠠᠭᠪᠤᠷ ᠶᠣᠰᠣᠭ᠋ᠠᠷ ᠨᠢᠭᠡᠳᠦᠯᠲᠡᠢ ᠪᠠᠢ᠌ᠴᠠᠭ᠋ᠠᠨ ᠬᠡᠮᠵᠢᠵᠦ ᠰᠢᠢ᠍ᠳᠪᠦᠷᠢᠯᠡᠬᠦ ᠬᠡᠷᠡᠭᠲᠡᠢ᠃ ᠬᠢᠵᠠᠭ᠋ᠠᠷ᠎ᠠᠴᠠ ᠬᠡᠲᠦᠷᠡᠲᠡᠯ᠎ᠡ ᠠᠴᠢᠶᠠᠯᠠᠭᠰᠠᠨᠢ ᠪᠠᠢ᠌ᠴᠠᠭ᠋ᠠᠨ ᠬᠡᠮᠵᠢᠬᠦ ᠥᠷᠳᠡᠭᠡ ᠴᠡᠭ ᠪᠤᠶᠤ ᠬᠠᠤᠯᠢ ᠬᠡᠷᠡᠭᠵᠢᠭᠦᠯᠬᠦ ᠥᠷᠳᠡᠭᠡ ᠭᠠᠵᠠᠷ᠂ ᠠᠴᠢᠶ᠎ᠠ ᠪᠠᠭᠤᠯᠭ᠋ᠠᠬᠤ ᠲᠠᠯᠠᠪᠠᠢ᠎ᠲᠠᠢ ᠪᠣᠯᠤᠭᠰᠠᠨ᠎ᠤ ᠲᠠᠷᠠᠭ᠎ᠠ᠂ ᠥᠷᠲᠡᠭᠡᠨ᠎ᠳᠤ ᠰᠠᠭᠤᠵᠤ ᠬᠠᠮᠲᠤᠷᠠᠨ ᠬᠠᠤᠯᠢ ᠬᠡᠷᠡᠭᠵᠢᠭᠦᠯᠬᠦ ᠵᠠᠭᠪᠤᠷ ᠶᠣᠰᠣᠭ᠋ᠠᠷ ᠪᠠᠢ᠌ᠴᠠᠭ᠋ᠠᠨ ᠬᠡᠮᠵᠢᠵᠦ ᠰᠢᠢ᠍ᠳᠪᠦᠷᠢᠯᠡᠬᠦ ᠬᠡᠷᠡᠭᠲᠡᠢ᠃ ᠡᠭᠦᠨ᠎ᠤ ᠬᠠᠮᠲᠤ ᠪᠠᠷᠠᠭ᠎ᠠ ᠵᠢᠨ ᠲᠡᠭᠡᠭᠡᠪᠦᠷᠢ ᠵᠢᠨ ᠲᠡᠷᠭᠡ ᠬᠥᠰᠬᠡ ᠵᠢᠨ ᠡᠯᠡᠰᠦ ᠳᠡᠭᠳᠡᠨ ᠤᠨᠠᠵᠤ ᠵᠠᠮ ᠢ ᠪᠣᠬᠢᠷᠲᠤᠭᠤᠯᠬᠤ᠂ ᠲᠡᠷᠭᠡ ᠬᠥᠰᠬᠡ ᠵᠢ ᠲᠣᠭᠣᠷᠢᠵᠤ ᠶᠠᠪᠤᠬᠤ᠂ ᠬᠣᠶᠠᠳᠠᠭᠢ ᠤᠳᠠᠭ᠎ᠠ ᠠᠴᠢᠶᠠᠯᠠᠬᠤ᠂ ᠣᠢ᠌ᠷ᠎ᠠ ᠵᠠᠮ ᠵᠶ᠋ᠠᠷ ᠴᠢᠷᠦᠨ ᠲᠡᠭᠡᠭᠡᠪᠦᠷᠢᠯᠡᠬᠦ᠂ ᠪᠠᠷᠠᠭ᠎ᠠ ᠵᠢᠨ ᠲᠡᠭᠡᠭᠡᠪᠦᠷᠢ ᠵᠢᠨ ᠲᠡᠷᠭᠡ ᠬᠥᠰᠬᠡ ᠵᠢ ᠳᠤᠷ᠎ᠠ᠎ᠪᠠᠷ ᠵᠶ᠋ᠠᠨ ᠥᠭᠡᠷᠡᠴᠢᠯᠡᠨ ᠤᠭᠰᠠᠷᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠬᠡᠷᠡᠭᠲᠡᠢ᠃ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠮ ᠬᠠᠷᠢᠯᠴᠠᠭ᠎ᠠ ᠲᠡᠭᠡᠭᠡᠪᠦᠷᠢ ᠵᠢᠨ ᠰᠠᠯᠠᠭ᠎ᠠ ᠮᠥᠴᠢᠷ᠎ᠤᠳ 《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠋ᠠᠨ ᠤ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ ᠵᠠᠰᠠᠮᠠᠯ ᠵᠠᠮ᠎ᠤᠨ ᠬᠠᠤᠯᠢ ᠬᠡᠷᠡᠭᠵᠢᠭᠦᠯᠬᠦ ᠥᠷᠲᠡᠭᠡ ᠭᠠᠵᠠᠷ᠂ ᠠᠴᠢᠶ᠎ᠠ ᠪᠠᠭᠤᠯᠭ᠋ᠠᠬᠤ ᠲᠠᠯᠠᠪᠤᠷ ᠪᠠ ᠲᠡᠷᠭᠡ ᠵᠣᠭᠰᠤᠭ᠋ᠠᠬᠤ ᠲᠠᠯᠠᠪᠤᠷ᠎ᠢ ᠴᠠᠭ ᠲᠤᠬᠠᠢᠳᠤᠨᠢ ᠵᠢᠭ᠋ᠠᠨ ᠲᠣᠭᠲᠠᠭ᠋ᠠᠬᠤ ᠵᠢᠨ ᠬᠠᠮᠲᠤ ᠨᠡᠢ᠌ᠭᠡᠮ᠎ᠳᠤ ᠨᠡᠢ᠌ᠲᠡᠯᠡᠵᠦ᠂ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ᠎ᠳᠤ ᠬᠠᠤᠯᠢ ᠬᠡᠷᠡᠭᠵᠢᠭᠦᠯᠬᠦ᠎ᠳᠤ ᠬᠠᠤᠯᠢ ᠶᠣᠰᠣᠨ᠎ᠤ᠂ ᠳᠥᠭᠥᠮ ᠳᠥᠲᠡ ᠠᠵᠢᠯᠯᠠᠬᠤ ᠲᠠᠯᠠᠪᠤᠷ ᠬᠠᠩᠭ᠋ᠠᠬᠤ ᠬᠡᠷᠡᠭᠲᠡᠢ᠃
(ᠲᠠᠪᠤ) ᠰᠠᠯᠠᠭ᠎ᠠ ᠮᠥᠴᠢᠷ᠎ᠤᠳ ᠬᠠᠮᠲᠤᠷᠠᠨ ᠬᠥᠳᠡᠯᠦᠯᠴᠡᠵᠦ᠂ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠎ᠡ᠃ ᠡᠯ᠎ᠡ ᠭᠠᠵᠠᠷ ᠤᠳ ᠡᠳ᠋ᠰᠢᠭᠦᠯᠬᠦ᠂ ᠬᠠᠢ᠌ᠯᠤᠭᠤᠯᠬᠤ᠂ ᠠᠭᠤᠷᠬᠠᠢ ᠵᠡᠷᠭᠡ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠡᠬᠢ ᠡᠭᠦᠰᠦᠯ᠎ᠠᠴᠠ᠎ᠨᠢ ᠵᠠᠰᠠᠬᠤ ᠤᠬᠠᠭᠤᠯᠭ᠎ᠠ ᠪᠣᠯᠣᠨ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠰᠠᠢ᠌ᠲᠤᠷ ᠬᠢᠵᠦ᠂ ᠪᠠᠷᠠᠭ᠎ᠠ ᠵᠢᠨ ᠲᠡᠭᠡᠭᠡᠪᠦᠷᠢ ᠵᠢᠨ ᠡᠬᠢ ᠡᠭᠦᠰᠦᠯ᠎ᠠᠴᠠ᠎ᠨᠢ ᠠᠵᠤ ᠠᠬᠤᠢ᠌ᠯᠠᠯ᠎ᠳᠤ ᠲᠣᠭᠲᠠᠭ᠋ᠠᠯ᠎ᠠᠴᠠ ᠵᠥᠷᠢᠴᠡᠨ ᠪᠠᠷᠠᠭ᠎ᠠ ᠠᠴᠢᠶᠠᠯᠠᠵᠤ ᠪᠠᠢ᠌ᠬᠤ ᠵᠢ ᠣᠯᠵᠤ ᠮᠡᠳᠡᠪᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ 《ᠵᠠᠰᠠᠮᠠᠯ ᠵᠠᠮ᠎ᠤᠨ ᠠᠶᠤᠯ ᠦᠭᠡᠢ ᠵᠢ ᠬᠠᠮᠠᠭ᠋ᠠᠯᠠᠬᠤ ᠳᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠎ᠠ ᠵᠢᠨ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ᠎ᠠᠴᠠ ᠬᠡᠲᠦᠷᠡᠲᠡᠯ᠎ᠡ ᠠᠴᠢᠶᠠᠯᠠᠵᠤ ᠪᠠᠢ᠌ᠭ᠎ᠠ ᠠᠷᠭ᠎ᠠ》᠂ 《ᠨᠢᠭᠡ ᠵᠢ ᠬᠡᠲᠦᠷᠡᠭᠦᠯᠵᠦ ᠳᠥᠷᠪᠡ ᠵᠢ ᠲᠣᠷᠭ᠋ᠠᠬᠤ》 ᠲᠣᠭᠲᠠᠭ᠋ᠠᠯ ᠶᠣᠰᠣᠭ᠋ᠠᠷ ᠴᠢᠩᠭ᠎ᠠ ᠰᠢᠳᠬᠡᠨ ᠲᠣᠷᠭ᠋ᠠᠬᠤ ᠬᠡᠷᠡᠭᠲᠡᠢ᠃ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠲᠡᠷᠭᠡ ᠬᠥᠰᠬᠡ ᠵᠢ ᠬᠠᠤᠯᠢ ᠪᠤᠰᠤ᠎ᠪᠠᠷ ᠥᠭᠡᠷᠡᠴᠢᠯᠡᠨ ᠤᠭᠰᠠᠷᠠᠬᠤ᠂ ᠨᠡᠢ᠌ᠯᠡᠭᠦᠯᠵᠦ ᠤᠭᠰᠠᠷᠠᠬᠤ ᠵᠢᠴᠢ ᠠᠵᠤ ᠠᠬᠤᠢ᠌ᠯᠠᠯ᠎ᠤᠨ ᠵᠢᠷᠤᠮᠵᠢᠯ ᠦᠭᠡᠢ᠎ᠪᠠᠷ ᠠᠴᠢᠶᠠᠯᠠᠬᠤ ᠵᠡᠷᠭᠡ ᠦᠢᠯᠡ ᠠᠵᠢᠯᠯᠠᠭ᠎ᠠ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠲᠣᠰ ᠰᠠᠯᠠᠭ᠎ᠠ ᠮᠥᠴᠢᠷ᠎ᠤᠨ ᠡᠷᠬᠡ ᠲᠤᠰᠢᠶᠠᠯ᠎ᠤᠨ ᠬᠡᠪᠴᠢᠶᠡᠨ᠎ᠳᠤ ᠬᠠᠷᠢᠶᠠᠯᠠᠭᠳᠠᠬᠤ ᠦᠭᠡᠢ ᠬᠠᠤᠯᠢ ᠠᠴᠠ ᠵᠥᠷᠢᠴᠡᠭᠰᠡᠨ ᠦᠵᠡᠭᠳᠡᠯ᠎ᠢ ᠣᠯᠵᠤ ᠮᠡᠳᠡᠪᠡᠯ ᠴᠠᠭ ᠲᠤᠬᠠᠢᠳᠤᠨᠢ ᠬᠠᠮᠢᠶ᠎ᠠ ᠪᠦᠬᠦᠢ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠡᠪᠲᠡᠷᠡᠭᠦᠯᠬᠦ ᠬᠡᠷᠡᠭᠲᠡᠢ᠃
(ᠵᠢᠷᠭᠤᠭ᠎ᠠ) ᠡᠬᠢ ᠡᠭᠦᠰᠦᠯ᠎ᠢ᠎ᠨᠢ ᠰᠠᠢ᠌ᠲᠤᠷ ᠠᠳᠬᠤᠵᠤ᠂ ᠭᠣᠣᠯᠳᠠᠯᠭ᠎ᠠ᠎ᠲᠠᠢ᠎ᠪᠠᠷ ᠬᠢᠨᠠᠨ ᠡᠵᠡᠮᠳᠡᠬᠦ ᠬᠡᠷᠡᠭᠲᠡᠢ᠃ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠎ᠨᠢ ᠭᠣᠣᠯᠳᠠᠭᠤ ᠬᠠᠷᠢᠶ᠎ᠠ ᠣᠷᠣᠨ᠎ᠤ ᠳᠣᠲᠣᠷᠠᠬᠢ ᠵᠠᠰᠠᠭ᠎ᠤᠨ ᠣᠷᠳᠣᠨ᠎ᠤ ᠨᠡᠢ᠌ᠲᠡᠯᠡᠭᠰᠡᠨ ᠪᠠᠷᠠᠭ᠋ᠠᠨ᠎ᠤ ᠡᠬᠢ ᠡᠭᠦᠰᠦᠯ᠎ᠤᠨ ᠨᠢᠭᠡᠴᠡ᠂ ᠬᠠᠢ᠌ᠷ ᠴᠢᠯᠠᠭᠤᠨ᠎ᠤ ᠮᠠᠲ᠋ᠧᠷᠢᠶᠠᠯ᠎ᠤᠨ ᠦᠢ᠍ᠯᠡᠳᠪᠦᠷᠢ᠂ ᠬᠣᠯᠢᠬᠤ ᠥᠷᠲᠡᠭᠡ᠂ ᠭᠣᠣᠯᠳᠠᠯᠭ᠎ᠠ᠎ᠲᠠᠢ ᠦᠢ᠍ᠯᠡᠳᠪᠦᠷᠢ ᠠᠭᠤᠷᠬᠠᠢ ᠵᠡᠷᠭᠡ ᠠᠵᠤ ᠠᠬᠤᠢ᠌ᠯᠠᠯ᠎ᠤᠨ ᠲᠡᠭᠡᠭᠡᠪᠦᠷᠢ ᠵᠢᠨ ᠦᠢᠯᠡ ᠠᠵᠢᠯᠯᠠᠭ᠎ᠠ ᠵᠢ ᠵᠢᠷᠤᠮᠵᠢᠭᠤᠯᠤᠨ ᠵᠠᠰᠠᠵᠤ᠂ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠪᠣᠭᠣᠮᠲᠠ ᠵᠢ ᠡᠬᠢ ᠡᠭᠦᠰᠦᠯ᠎ᠠᠴᠠ᠎ᠨᠢ ᠡᠵᠡᠮᠳᠡᠬᠦ ᠬᠡᠷᠡᠭᠲᠡᠢ᠃ ᠭᠣᠣᠯᠳᠠᠯᠭ᠎ᠠ᠎ᠲᠠᠢ ᠪᠠᠷᠠᠭ᠋ᠠᠨ᠎ᠤ ᠲᠡᠭᠡᠭᠡᠪᠦᠷᠢ ᠵᠢᠨ ᠡᠬᠢ ᠡᠭᠦᠰᠦᠯ᠎ᠤᠨ ᠠᠵᠤ ᠠᠬᠤᠢ᠌ᠯᠠᠯ᠎ᠢ ᠨᠡᠢ᠌ᠲᠡᠯᠡᠬᠦ ᠪᠠ ᠨᠠᠷᠢᠨ ᠬᠠᠭᠤᠳᠠᠰᠤ ᠵᠢᠨ ᠬᠠᠮᠢᠶᠠᠷᠤᠯᠲᠠ ᠵᠢᠨ ᠳᠦᠷᠢᠮ᠎ᠢ ᠦᠷᠭᠦᠯᠵᠢᠯᠡᠨ ᠨᠠᠢ᠌ᠳᠠᠪᠤᠷᠢᠵᠢᠭᠤᠯᠵᠤ᠂ ᠵᠢᠯ᠎ᠤᠨ ᠳᠣᠲᠣᠷ᠎ᠠ ᠬᠠᠷᠢᠶ᠎ᠠ ᠣᠷᠣᠨ᠎ᠤ ᠳᠣᠲᠣᠷᠠᠬᠢ ᠴᠢᠬᠤᠯᠠ ᠪᠠᠷᠠᠭ᠋ᠠᠨ᠎ᠤ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠡ᠎ᠳᠤ ᠳᠠᠬᠢᠨ ᠪᠠᠢ᠌ᠴᠠᠭ᠋ᠠᠯᠲᠠ ᠬᠢᠵᠦ᠂ ᠨᠡᠢ᠌ᠲᠡᠯᠡᠨ᠎ᠡ᠃ ᠠᠶᠤᠯᠲᠠᠢ ᠬᠢᠮᠢ ᠵᠢᠨ ᠪᠣᠳᠠᠰ᠎ᠢ ᠦᠢ᠍ᠯᠡᠳᠪᠦᠷᠢᠯᠡᠬᠦ᠂ ᠲᠡᠭᠡᠭᠡᠪᠦᠷᠢᠯᠡᠬᠦ ᠠᠵᠤ ᠠᠬᠤᠢ᠌ᠯᠠᠯ᠎ᠤᠨ ᠠᠶᠤᠯᠲᠠᠢ ᠬᠢᠮᠢ ᠵᠢᠨ ᠪᠣᠳᠠᠰ᠎ᠢ ᠳᠠᠭ᠋ᠠᠭ᠋ᠠᠨ ᠲᠡᠭᠡᠭᠡᠪᠦᠷᠢᠯᠡᠭᠴᠢ ᠵᠢᠨ ᠪᠠᠢ᠌ᠴᠠᠭ᠋ᠠᠨ ᠰᠢᠯᠭ᠋ᠠᠬᠤ᠂ ᠳᠠᠩᠰᠠᠯᠠᠬᠤ ᠵᠡᠷᠭᠡ ᠳᠦᠷᠢᠮ᠎ᠢ ᠨᠠᠢ᠌ᠳᠠᠪᠤᠷᠢᠵᠢᠭᠤᠯᠬᠤ᠎ᠳᠤ ᠤᠯᠠᠮ ᠨᠢᠭᠡ ᠠᠯᠬᠤᠮ ᠬᠢᠨᠠᠯᠲᠠ ᠲᠠᠯᠪᠢᠵᠤ᠂ ᠪᠠᠴᠢᠮ ᠪᠠᠢ᠌ᠳᠠᠯ᠎ᠢ ᠠᠷᠭ᠋ᠠᠴᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ ᠮᠡᠳᠡᠭᠡ ᠵᠠᠩᠭᠢ ᠵᠢ ᠮᠡᠳᠡᠭᠡᠯᠡᠬᠦ ᠲᠣᠭᠲᠠᠴᠠ ᠵᠢ ᠪᠠᠶ᠋ᠢᠭᠤᠯᠬᠤ ᠵᠢᠨ ᠬᠠᠮᠲᠤ ᠠᠶᠤᠯᠲᠠᠢ ᠬᠢᠮᠢ ᠵᠢᠨ ᠪᠣᠳᠠᠰ᠎ᠢ ᠬᠠᠤᠯᠢ ᠠᠴᠠ ᠵᠥᠷᠢᠴᠡᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠦᠢᠯᠡ ᠠᠵᠢᠯᠯᠠᠭ᠎ᠠ᠎ᠳᠤ ᠬᠠᠮᠲᠤ᠎ᠪᠠᠷ ᠴᠣᠬᠢᠯᠲᠠ ᠥᠭᠴᠦ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠢ᠌ᠯᠠᠯ ᠪᠠ ᠠᠵᠢᠯᠲᠠᠨ᠎ᠤ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠢ᠃
ᠲᠠᠪᠤ᠂ ᠠᠵᠢᠯ᠎ᠤᠨ ᠠᠯᠬᠤᠮ ᠳᠠᠷᠠᠭ᠎ᠠ
(ᠨᠢᠭᠡ) ᠤᠬᠠᠭᠤᠯᠤᠨ ᠪᠡᠯᠡᠳᠬᠡᠬᠦ ᠱᠠᠲᠤ ᠦᠶ᠎ᠡ (2023 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ 5 ᠳ᠋ᠤᠭ᠋ᠠᠷ ᠰᠠᠷ᠎ᠠ ᠵᠢᠨ 15᠎ᠤ ᠡᠳᠦᠷ)
ᠪᠥᠬᠥ ᠬᠣᠲᠠ ᠵᠢᠨ ᠬᠡᠪᠴᠢᠶᠡᠨ᠎ᠳᠤ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠤᠬᠠᠭᠤᠯᠭ᠎ᠠ ᠵᠢᠨ ᠠᠵᠢᠯᠯᠠᠭ᠎ᠠ ᠵᠢ ᠲᠥᠪᠯᠡᠷᠡᠭᠦᠯᠦᠨ ᠥᠷᠨᠢᠭᠦᠯᠵᠦ᠂ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠭᠰᠡᠨ᠎ᠢ ᠵᠠᠰᠠᠬᠤ᠎ᠳᠤ ᠠᠭᠤᠷ ᠠᠮᠢᠰᠬᠤᠯ᠎ᠢ ᠪᠣᠶ ᠪᠣᠯᠭ᠋ᠠᠨ᠎ᠠ᠃ ᠠᠵᠢᠯᠯᠠᠭ᠎ᠠ ᠵᠢᠨ ᠠᠵᠢᠯ᠎ᠤᠨ ᠲᠥᠰᠥᠯ᠎ᠢ ᠳᠠᠷᠤᠮᠠᠯᠯᠠᠨ ᠲᠠᠷᠬᠠᠭ᠋ᠠᠵᠤ᠂ ᠬᠠᠮᠢᠶ᠎ᠠ ᠪᠦᠬᠦᠢ ᠠᠵᠢᠯ᠎ᠢ ᠲᠥᠪᠯᠡᠷᠡᠭᠦᠯᠦᠨ ᠪᠠᠢ᠌ᠷᠢᠯᠠᠭᠤᠯᠤᠨ᠎ᠠ᠃ ᠪᠠᠷᠠᠭ᠋ᠠᠨ᠎ᠤ ᠲᠡᠭᠡᠭᠡᠪᠦᠷᠢ ᠵᠢᠨ ᠡᠬᠢ ᠡᠭᠦᠰᠦᠯ᠎ᠤᠨ ᠨᠢᠭᠡᠴᠡ ᠪᠣᠯᠣᠨ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ ᠬᠥᠰᠬᠡ ᠵᠢ ᠲᠡᠮᠲᠡᠷᠢᠨ ᠵᠢᠭᠰᠠᠭ᠋ᠠᠬᠤ ᠬᠡᠷᠡᠭᠲᠡᠢ᠃
(ᠬᠣᠶᠠᠷ) ᠲᠥᠪᠯᠡᠷᠡᠭᠦᠯᠦᠨ ᠵᠠᠰᠠᠬᠤ ᠱᠠᠲᠤ ᠦᠶ᠎ᠡ (2023 ᠣᠨ᠎ᠤ 5 ᠰᠠᠷ᠎ᠠ ᠵᠢᠨ 15᠎ᠤ ᠡᠳᠦᠷ — 11 ᠰᠠᠷ᠎ᠠ ᠵᠢᠨ 10᠎ᠤ ᠡᠳᠦᠷ)
ᠬᠣᠲᠠ᠂ ᠬᠣᠰᠢᠭᠤ (ᠰᠢᠶᠠᠨ᠂ ᠲᠣᠭᠣᠷᠢᠭ) ᠬᠣᠶᠠᠷ ᠱᠠᠲᠤᠨ᠎ᠤ ᠵᠠᠰᠠᠭ᠎ᠤᠨ ᠣᠷᠳᠣᠨ᠎ᠤ ᠨᠢᠭᠡᠳᠦᠯᠲᠡᠢ ᠤᠳᠤᠷᠢᠳᠤᠯᠭ᠎ᠠ ᠵᠢᠨ ᠳᠣᠣᠷ᠎ᠠ᠂ ᠪᠥᠬᠥ ᠬᠣᠲᠠ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠭᠦᠯᠬᠦ ᠵᠢ ᠵᠠᠰᠠᠬᠤ ᠠᠵᠢᠯ᠎ᠤᠨ 《ᠨᠢᠭᠡ ᠬᠥᠯᠭᠡ ᠰᠢᠲᠠᠷ᠎ᠠ》 ᠵᠢᠨ ᠱᠠᠭ᠋ᠠᠷᠳᠠᠯᠭ᠎ᠠ ᠪᠠ ᠠᠵᠢᠯ᠎ᠤᠨ ᠲᠥᠰᠥᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠬᠠᠮᠲᠤᠷᠠᠨ ᠬᠠᠤᠯᠢ ᠬᠡᠷᠡᠭᠵᠢᠭᠦᠯᠬᠦ ᠡᠩᠨᠡᠭᠡ ᠵᠢ ᠵᠣᠬᠢᠶᠠᠨ ᠪᠠᠢ᠌ᠭᠤᠯᠵᠤ᠂ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠭᠦᠯᠬᠦ ᠵᠢ ᠲᠥᠪᠯᠡᠷᠡᠭᠦᠯᠦᠨ ᠶᠡᠷᠦᠩᠬᠡᠢ᠌ᠯᠡᠨ ᠵᠠᠰᠠᠨ᠎ᠠ᠃
(ᠭᠤᠷᠪᠠ) ᠳ᠋ᠦᠩᠨᠡᠨ ᠳᠡᠭᠡᠭᠰᠢᠯᠡᠭᠦᠯᠬᠦ ᠱᠠᠲᠤ ᠦᠶ᠎ᠡ (2023 ᠣᠨ᠎ᠤ 11 ᠳ᠋ᠦᠭᠡᠷ ᠰᠠᠷ᠎ᠠ ᠵᠢᠨ 11᠎ᠤ ᠡᠳᠦᠷ᠎ᠠᠴᠠ 11 ᠳ᠋ᠦᠭᠡᠷ ᠰᠠᠷ᠎ᠠ ᠵᠢᠨ 30᠎ᠤ ᠡᠳᠦᠷ)᠃
ᠡᠯ᠎ᠡ ᠬᠣᠰᠢᠭᠤ ᠰᠢᠶᠠᠨ ᠲᠣᠭᠣᠷᠢᠭ ᠵᠢᠴᠢ ᠬᠣᠲᠠ ᠵᠢᠨ ᠵᠠᠮ ᠬᠠᠷᠢᠯᠴᠠᠭ᠎ᠠ ᠲᠡᠭᠡᠭᠡᠪᠦᠷᠢ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ᠎ᠨᠤᠭᠤᠳ ᠬᠠᠮᠢᠶ᠎ᠠ ᠪᠦᠬᠦᠢ ᠲᠤᠷᠰᠢᠯᠭ᠎ᠠ ᠬᠢᠳᠡᠯ ᠵᠶ᠋ᠡᠨ ᠰᠢᠰᠲ᠋ᠧᠮ᠎ᠲᠠᠢ ᠳ᠋ᠦᠩᠨᠡᠵᠦ᠂ ᠬᠠᠮᠢᠶ᠎ᠠ ᠪᠦᠬᠦᠢ ᠰᠠᠨᠠᠭᠤᠯᠭ᠎ᠠ ᠵᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠠᠵᠢᠯ᠎ᠤᠨ ᠳᠦᠷᠢᠮ᠎ᠢ ᠲᠡᠭᠦᠯᠳᠡᠷᠵᠢᠭᠦᠯᠦᠨ᠂ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠨᠣᠷᠮ᠎ᠠ ᠵᠢ ᠴᠠᠭ ᠲᠤᠬᠠᠢᠳᠤᠨᠢ ᠪᠦᠷᠢᠳᠬᠡᠬᠦ ᠵᠢᠨ ᠬᠠᠮᠲᠤ᠂ 11 ᠳ᠋ᠦᠭᠡᠷ ᠰᠠᠷ᠎ᠠ ᠵᠢᠨ 30᠎ᠤ ᠡᠳᠦᠷ᠎ᠠᠴᠠ ᠡᠮᠦᠨ᠎ᠡ ᠠᠵᠢᠯ᠎ᠤᠨ ᠳ᠋ᠦᠩᠨᠡᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠢ᠃
ᠵᠢᠷᠭᠤᠭ᠎ᠠ᠂ ᠠᠵᠢᠯ᠎ᠤᠨ ᠱᠠᠭ᠋ᠠᠷᠳᠠᠯᠭ᠎ᠠ
(ᠨᠢᠭᠡ) ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠲᠣᠭᠲᠠᠴᠠ᠎ᠪᠠᠨ ᠪᠦᠷᠢᠨᠰᠢᠭᠦᠯᠬᠦ ᠬᠡᠷᠡᠭᠲᠡᠢ᠃ ᠡᠯ᠎ᠡ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠎ᠨᠤᠭᠤᠳ 《ᠪᠠᠶᠠᠨᠨᠠᠭᠤᠷ ᠬᠣᠲᠠ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠵᠢᠨ ᠬᠠᠮᠲᠤᠷᠠᠨ ᠬᠠᠤᠯᠢ ᠬᠡᠷᠡᠭᠵᠢᠭᠦᠯᠬᠦ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠶᠠᠪᠤᠭᠤᠯᠬᠤ ᠲᠤᠬᠠᠢ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠮᠡᠳᠡᠭᠳᠡᠯ》 (ᠪᠠᠶᠠᠨᠨᠠᠭᠤᠷ ᠠᠯᠪᠠᠨ ᠲᠠᠷᠬᠠᠭ᠋ᠠᠭᠰᠠᠨ [2018] 39 ᠳ᠋ᠦᠭᠡᠷ ᠲᠣᠭ᠋ᠠᠲᠤ)᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠪᠠ ᠰᠢᠨ᠎ᠡ᠎ᠪᠠᠷ ᠨᠡᠢ᠌ᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠠᠭ᠋ᠠᠨ᠎ᠤ ᠲᠡᠭᠡᠭᠡᠪᠦᠷᠢ ᠵᠢᠨ ᠲᠡᠷᠭᠡ ᠬᠥᠰᠬᠡ ᠵᠢᠨ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠠᠷᠭ᠎ᠠ》 ᠵᠢᠨ ᠱᠠᠭ᠋ᠠᠷᠳᠠᠯᠭ᠎ᠠ ᠶᠣᠰᠣᠭ᠋ᠠᠷ᠂ ᠬᠠᠷᠢᠶ᠎ᠠ ᠭᠠᠵᠠᠷ᠎ᠤᠨ ᠳᠣᠲᠣᠷᠠᠬᠢ ᠠᠯᠢᠪᠠ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠬᠦᠴᠦᠨ᠎ᠢ ᠪᠥᠬᠥ ᠲᠠᠯ᠎ᠠ᠎ᠪᠠᠷ ᠨᠢᠭᠡᠳᠦᠯᠲᠡᠢ ᠲᠥᠯᠥᠪᠯᠡᠵᠦ᠂ ᠴᠤᠭᠭ᠋ᠠᠷ ᠠᠳᠬᠤᠨ ᠬᠠᠮᠲᠤ᠎ᠪᠠᠷ ᠬᠠᠮᠢᠶᠠᠷᠴᠤ᠂ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠂ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠵᠤ ᠲᠡᠭᠡᠭᠡᠪᠦᠷᠢᠯᠡᠬᠦ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ; ᠳᠠᠭ᠋ᠠᠭ᠋ᠠᠴᠠ ᠠᠴᠠ ᠬᠡᠲᠦᠷᠡᠭᠦᠯᠬᠦ ᠵᠢ ᠵᠠᠰᠠᠬᠤ ᠬᠠᠮᠲᠤᠷᠠᠭᠰᠠᠨ ᠬᠤᠷᠠᠯ᠎ᠤᠨ ᠳᠦᠷᠢᠮ ᠵᠡᠷᠭᠡ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠨᠠᠢ᠌ᠳᠠᠪᠤᠷᠢᠵᠢᠭᠤᠯᠵᠤ᠂ ᠳᠠᠭ᠋ᠠᠭ᠋ᠠᠴᠠ ᠠᠴᠠ ᠬᠡᠲᠦᠷᠡᠭᠦᠯᠬᠦ ᠵᠢ ᠵᠠᠰᠠᠬᠤ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠤᠨ ᠪᠠᠢ᠌ᠷᠢᠯᠠᠭᠤᠯᠵᠤ᠂ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠬᠦᠴᠢᠷᠳᠡᠯ᠎ᠢ ᠦᠨᠡᠨ ᠬᠦ᠌ ᠰᠢᠢ᠍ᠳᠪᠦᠷᠢᠯᠡᠬᠦ ᠬᠡᠷᠡᠭᠲᠡᠢ; ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠭᠦᠯᠬᠦ ᠵᠢ ᠵᠠᠰᠠᠬᠤ ᠬᠠᠤᠯᠢ ᠬᠡᠷᠡᠭᠵᠢᠭᠦᠯᠬᠦ ᠴᠢᠬᠤᠯᠠ ᠪᠦᠬᠦᠢ ᠲᠤᠰᠬᠠᠢ ᠵᠠᠷᠤᠳᠠᠯ᠎ᠢ ᠲᠣᠬᠢᠷᠠᠭᠤᠯᠵᠤ᠂ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠭᠦᠯᠬᠦ ᠵᠢ ᠵᠠᠰᠠᠬᠤ ᠠᠵᠢᠯ᠎ᠤᠨ ᠥᠨᠳᠥᠷ ᠪᠦᠲᠦᠮᠵᠢᠲᠡᠶ ᠶᠠᠪᠤᠭᠳᠠᠬᠤ ᠵᠢ ᠪᠠᠲᠤᠯᠠᠬᠤ ᠬᠡᠷᠡᠭᠲᠡᠢ᠃
(ᠬᠣᠶᠠᠷ) ᠬᠠᠤᠯᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠵᠤ᠂ ᠪᠠᠢ᠌ᠴᠠᠭ᠋ᠠᠵᠤ ᠬᠢᠨᠠᠨ ᠵᠢᠯᠤᠭᠣᠳᠬᠤ ᠵᠢ ᠴᠢᠩᠭ᠋ᠠᠳᠬᠠᠨ᠎ᠠ᠃ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠤᠨ᠎ᠬᠢᠨ ᠠᠵᠢᠯ᠎ᠤᠨ ᠰᠠᠬᠢᠯᠭ᠎ᠠ ᠪᠠᠲᠤ᠎ᠪᠠᠨ ᠴᠢᠩᠳᠠᠯᠠᠵᠤ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠵᠢ ᠨᠢᠭᠡᠳᠦᠯᠲᠡᠢ ᠪᠣᠯᠭ᠋ᠠᠵᠤ᠂ ᠬᠠᠤᠯᠢ ᠬᠡᠷᠡᠭᠵᠢᠭᠦᠯᠬᠦ ᠲᠠᠰ ᠳᠠᠷᠠᠭ᠋ᠠᠯᠠᠯ᠎ᠢ ᠴᠢᠩᠭ᠎ᠠ ᠵᠢᠷᠤᠮᠵᠢᠭᠤᠯᠤᠨ᠂ ᠬᠠᠮᠲᠤᠷᠠᠨ ᠬᠠᠤᠯᠢ ᠬᠡᠷᠡᠭᠵᠢᠭᠦᠯᠬᠦ ᠲᠤᠬᠠᠢ᠌ᠯᠠᠭᠰᠠᠨ ᠠᠵᠢᠯ᠎ᠤᠨ ᠴᠤᠪᠤᠷᠠᠯ᠎ᠢ ᠴᠠᠭ ᠲᠤᠬᠠᠢᠳᠤᠨᠢ ᠨᠡᠢ᠌ᠭᠡᠮ᠎ᠳᠤ ᠨᠡᠢ᠌ᠲᠡᠯᠡᠵᠦ᠂ ᠵᠠᠮ ᠳᠡᠭᠡᠷ᠎ᠡ ᠬᠠᠤᠯᠢ ᠬᠡᠷᠡᠭᠵᠢᠭᠦᠯᠬᠦ ᠶᠠᠪᠤᠴᠠ᠎ᠳᠤ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ 《ᠠᠷᠪᠠ ᠵᠢ ᠥᠯᠥ ᠵᠥᠪᠰᠢᠶᠡᠷᠡᠬᠦ》 ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠬᠡᠮᠵᠢᠶ᠎ᠡ᠎ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠬᠠᠤᠯᠢ ᠬᠡᠷᠡᠭᠵᠢᠭᠦᠯᠬᠦ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠨᠡᠮᠡᠬᠦ ᠪᠤᠶᠤ ᠪᠠᠭᠤᠷᠠᠭᠤᠯᠬᠤ ᠵᠢᠴᠢ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠵᠤ ᠳᠤᠷ᠎ᠠ᠎ᠪᠠᠷ ᠵᠶ᠋ᠠᠨ ᠵᠣᠭᠣᠰ ᠲᠣᠷᠭ᠋ᠠᠬᠤ᠂ ᠵᠣᠭᠣᠰ ᠵᠶ᠋ᠠᠷ ᠲᠣᠷᠭ᠋ᠠᠬᠤ ᠠᠴᠠ ᠪᠢᠰᠢ ᠠᠴᠢᠶ᠎ᠠ ᠪᠠᠭᠤᠯᠭ᠋ᠠᠬᠤ ᠦᠭᠡᠢ᠂ ᠳᠣᠲᠣᠷ᠎ᠠ ᠭᠠᠳᠠᠨ᠎ᠠ ᠰᠥᠯᠪᠡᠭᠡᠯᠳᠦᠬᠦ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠭᠠᠵᠢᠭᠤᠳᠠᠭᠤᠯᠬᠤ ᠵᠡᠷᠭᠡ ᠬᠠᠤᠯᠢ ᠲᠣᠭᠲᠠᠭ᠋ᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠡᠷᠡᠰ ᠬᠣᠷᠢᠭᠯᠠᠬᠤ ᠬᠡᠷᠡᠭᠲᠡᠢ᠃ ᠰᠠᠬᠢᠯᠭ᠎ᠠ ᠪᠠᠲᠤ ᠵᠢᠨ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠡᠷᠴᠢᠮ ᠵᠶ᠋ᠡᠨ ᠴᠢᠩᠭ᠋ᠠᠷᠠᠭᠤᠯᠵᠤ᠂ ᠠᠵᠢᠯ᠎ᠳᠠᠭᠠᠨ ᠬᠦᠴᠦᠨ ᠦᠭᠡᠢ᠂ ᠠᠰᠠᠭᠤᠳᠠᠯ ᠲᠣᠪᠣᠢ᠌ᠮ᠎ᠠ ᠪᠠᠢ᠌ᠭ᠎ᠠ ᠰᠠᠯᠠᠭ᠎ᠠ ᠮᠥᠴᠢᠷ ᠪᠠ ᠭᠠᠵᠠᠷ ᠣᠷᠣᠨ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠣᠯᠵᠣᠨ ᠶᠠᠷᠢᠯᠴᠠᠵᠤ ᠵᠠᠷᠯᠠᠨ ᠮᠡᠳᠡᠭᠳᠡᠵᠦ᠂ ᠵᠠᠭᠤᠴᠢᠯᠠᠭᠤᠷ᠎ᠤᠨ ᠢᠯᠡᠴᠢᠯᠡᠭᠰᠡᠨ ᠪᠠ ᠤᠯᠠᠨ ᠲᠦᠮᠡᠨ᠎ᠤ ᠵᠠᠭ᠋ᠠᠯᠳᠤᠭᠰᠠᠨ᠂ ᠢᠯᠡᠴᠢᠯᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠬᠠᠤᠯᠢ ᠬᠡᠷᠡᠭᠵᠢᠭᠦᠯᠦᠯᠲᠡ ᠵᠢᠨ ᠠᠰᠠᠭᠤᠳᠠᠯ᠎ᠢ ᠪᠠᠢ᠌ᠴᠠᠭ᠋ᠠᠨ ᠲᠣᠳᠣᠯᠠᠮᠠᠭᠴᠠ ᠴᠢᠩᠭ᠎ᠠ ᠰᠢᠢ᠍ᠳᠪᠦᠷᠢᠯᠡᠬᠦ ᠬᠡᠷᠡᠭᠲᠡᠢ᠃
(ᠭᠤᠷᠪᠠ) ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠮᠡᠳᠡᠭᠡ ᠵᠠᠩᠭᠢ ᠵᠢᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠬᠤ ᠬᠡᠷᠡᠭᠲᠡᠢ᠃ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠠᠵᠢᠯ᠎ᠢ ᠥᠷᠨᠢᠭᠦᠯᠬᠦ ᠶᠠᠪᠤᠴᠠ᠎ᠳᠤ᠂ ᠬᠣᠰᠢᠭᠤ ᠰᠢᠶᠠᠨ ᠲᠣᠭᠣᠷᠢᠭ᠎ᠤᠨ ᠵᠠᠰᠠᠭ᠎ᠤᠨ ᠣᠷᠳᠣᠨ᠎ᠨᠢ ᠲᠣᠰ ᠭᠠᠵᠠᠷ ᠣᠷᠣᠨ᠎ᠤ ᠬᠡᠮᠵᠢᠶ᠎ᠡ ᠳᠠᠭ᠋ᠠᠭ᠋ᠠᠴᠠ ᠠᠴᠠ ᠬᠡᠲᠦᠷᠡᠲᠡᠯ᠎ᠡ ᠠᠴᠢᠶᠠᠯᠠᠬᠤ ᠵᠢ ᠵᠠᠰᠠᠬᠤ ᠠᠵᠢᠯ᠎ᠢ ᠥᠷᠨᠢᠭᠦᠯᠦᠭᠰᠡᠨ ᠪᠠᠢ᠌ᠳᠠᠯ᠎ᠢ ᠨᠢᠭᠲᠠ ᠠᠩᠬᠠᠷᠴᠤ᠂ ᠴᠢᠬᠤᠯᠠ ᠶᠡᠬᠡ ᠪᠠᠢ᠌ᠳᠠᠯ ᠭᠠᠷᠪᠠᠯ᠂ ᠳᠡᠭᠡᠳᠦ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠴᠠᠭ ᠲᠤᠬᠠᠢᠳᠤᠨᠢ ᠮᠡᠳᠡᠭᠦᠯᠵᠦ᠂ ᠮᠡᠳᠡᠭᠡ ᠵᠠᠩᠭᠢ ᠵᠢᠨ ᠬᠣᠯᠪᠣᠭ᠋ᠠᠴᠢᠨ᠎ᠢ ᠲᠣᠭᠲᠠᠭ᠋ᠠᠵᠤ ᠴᠠᠭ ᠲᠤᠬᠠᠢᠳᠤᠨᠢ ᠮᠡᠳᠡᠭᠡ ᠵᠠᠩᠭᠢ᠎ᠪᠠᠨ ᠮᠡᠳᠡᠭᠦᠯᠦᠨ ᠬᠦᠷᠭᠡᠬᠦ ᠬᠡᠷᠡᠭᠲᠡᠢ᠃
ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ