ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠤᠨ ᠪᠠᠶᠠᠨᠨᠠᠭᠤᠷ ᠬᠤᠲᠠ ᠵᠢᠨ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ (2024 ᠣᠨ᠎ᠤ ᠬᠡᠪᠯᠡᠯ)᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ

ᠨᠡᠶ᠋ᠢᠲᠡᠯᠡᠭᠰᠡᠨ ᠴᠠᠭ᠄   2024-03-29

ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ ᠬᠠᠮᠢᠶᠠᠷᠤᠯᠲᠠ (ᠪᠡᠯᠡᠳᠬᠡᠭᠰᠡᠨ) ᠵᠢᠨ ᠵᠥᠪᠯᠡᠯ᠎ᠤᠨ ᠠᠯᠪᠠᠨ ᠭᠡᠷ᠂ ᠬᠤᠳᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄
      《ᠪᠠᠶᠠᠨᠨᠠᠭᠤᠷ ᠬᠤᠲᠠ ᠵᠢᠨ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ (2024 ᠣᠨ᠎ᠤ ᠬᠡᠪᠯᠡᠯ)》᠎ᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠢ᠃
                                ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
                                      2024 ᠣᠨ᠎ᠤ 1 ᠰᠠᠷ᠎ᠠ ᠵᠢᠨ 26᠎ᠤ ᠡᠳᠦᠷ
(ᠲᠣᠰ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠪᠡ)



      ᠪᠠᠶᠠᠨᠨᠠᠭᠤᠷ ᠬᠤᠲᠠ ᠵᠢᠨ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ (2024 ᠣᠨ᠎ᠤ ᠬᠡᠪᠯᠡᠯ)
      1 ᠶᠡᠷᠦᠩᠬᠡᠢ ᠳᠦᠷᠢᠮ
      1.1 ᠨᠠᠶ᠋ᠢᠷᠠᠭᠤᠯᠤᠨ ᠵᠣᠬᠢᠶᠠᠬᠤ ᠵᠣᠷᠢᠯᠭ᠎ᠠ
      ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠠᠷᠠᠳ ᠲᠦᠮᠡᠨ᠎ᠢ ᠳᠡᠭᠡᠳᠦᠯᠡᠬᠦ᠂ ᠠᠮᠢ ᠨᠠᠰᠤ ᠵᠢ ᠳᠡᠭᠡᠳᠦᠯᠡᠬᠦ ᠵᠢ ᠪᠠᠷᠢᠮᠲᠠᠯᠠᠵᠤ᠂ ᠪᠠᠶ᠋ᠢᠭ᠋ᠠᠯᠢ ᠵᠢᠨ ᠭᠠᠮᠰᠢᠭ᠎ᠤᠨ ᠬᠡᠷᠡᠭ᠂ ᠠᠳᠡᠯ᠎ᠤᠨ ᠭᠠᠢ ᠭᠠᠮᠰᠢᠭ᠎ᠤᠨ ᠬᠡᠷᠡᠭ᠂ ᠨᠡᠶ᠋ᠢᠭᠡᠮ᠎ᠤᠨ ᠠᠮᠤᠷ ᠲᠦᠪᠰᠢᠨ᠎ᠤ ᠬᠡᠷᠡᠭ ᠵᠡᠷᠭᠡ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ (ᠳᠣᠷᠣᠭᠰᠢ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ ᠭᠡᠵᠦ ᠲᠣᠪᠴᠢᠯᠠᠨ᠎ᠠ) ᠭᠠᠷᠤᠭᠰᠠᠨ᠎ᠤ ᠳᠠᠷᠠᠭ᠎ᠠ᠂ ᠡᠯ᠎ᠡ ᠵᠦᠢ᠍ᠯ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠲᠦᠷᠭᠡᠨ᠂ ᠥᠨᠳᠥᠷ ᠪᠦᠲᠦᠮᠵᠢᠲᠡᠢ᠂ ᠡᠮᠬᠢ ᠵᠢᠷᠤᠮ᠎ᠲᠠᠢ ᠶᠠᠪᠤᠭᠳᠠᠵᠤ᠂ ᠪᠦᠬᠦ ᠬᠤᠳᠠ ᠵᠢᠨ ᠡᠯ᠎ᠡ ᠱᠠᠲᠤᠨ᠎ᠤ ᠭᠡᠨᠡᠳᠲᠡ ᠡᠭᠦᠰᠦᠭᠰᠡᠨ ᠤᠯᠠᠨ ᠨᠡᠶ᠋ᠢᠲᠡ ᠵᠢᠨ ᠬᠡᠷᠡᠭ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠴᠢᠳᠠᠪᠤᠷᠢ ᠪᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠥᠮᠥᠨ᠎ᠤ ᠦᠬᠦᠯ ᠰᠢᠷᠬᠠᠲᠤᠯ ᠪᠠ ᠡᠷᠡᠭᠦᠯ ᠮᠡᠨᠳᠤ ᠵᠢᠨ ᠬᠤᠣᠷ ᠬᠥᠨᠥᠭᠡᠯ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠬᠥᠩᠭᠡᠷᠡᠭᠦᠯᠵᠦ᠂ ᠠᠷᠠᠳ ᠤᠯᠠᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠡ ᠮᠠᠬᠠᠪᠤᠳ᠎ᠤᠨ ᠡᠷᠡᠭᠦᠯ ᠮᠡᠨᠳᠤ ᠵᠢ ᠪᠠᠲᠤᠯᠠᠵᠤ᠂ ᠨᠡᠶ᠋ᠢᠭᠡᠮ᠎ᠤᠨ ᠡᠶ᠎ᠡ ᠵᠣᠬᠢᠴᠠᠩᠭᠤᠢ ᠲᠣᠭᠲᠠᠭᠤᠨ ᠪᠠᠶ᠋ᠢᠳᠠᠯ᠎ᠢ ᠬᠠᠮᠠᠭ᠋ᠠᠯᠠᠪᠠ᠃
      1.2 ᠨᠠᠶ᠋ᠢᠷᠠᠭᠤᠯᠤᠨ ᠵᠣᠬᠢᠶᠠᠬᠤ ᠦᠨᠳᠦᠰᠦᠯᠡᠯ
      《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭ᠋ᠠᠯᠠᠯ ᠬᠢᠭᠡᠳ ᠡᠷᠡᠭᠦᠯ ᠮᠡᠨᠳᠦ ᠵᠢ ᠠᠬᠢᠭᠤᠯᠬᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ ᠵᠢᠨ ᠬᠡᠷᠡᠭ᠎ᠢ ᠠᠷᠭ᠋ᠠᠴᠠᠬᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠵᠠᠰᠠᠬᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ᠎ᠤᠨ ᠨᠥᠯᠥᠭᠡᠨ᠎ᠤ ᠡᠪᠡᠳᠴᠢᠨ᠎ᠢ ᠰᠡᠷᠭᠡᠶ᠋ᠢᠯᠡᠨ ᠵᠠᠰᠠᠬᠤ ᠬᠠᠤᠯᠢ》 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠠᠴᠤᠷᠠᠭ ᠴᠢᠨᠠᠷᠲᠠᠢ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠢᠴᠢ 《ᠭᠡᠨᠡᠳᠲᠡ ᠡᠭᠦᠰᠬᠦ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠳᠦᠷᠢᠮ》 《ᠤᠯᠤᠰ᠎ᠤᠨ ᠭᠡᠨᠡᠳᠲᠡ ᠡᠭᠦᠰᠬᠦ ᠤᠯᠠᠨ ᠨᠡᠶ᠋ᠢᠲᠡ ᠵᠢᠨ ᠬᠡᠷᠡᠭ᠎ᠤᠨ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ》 《ᠪᠥᠬᠦ ᠤᠯᠤᠰ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯ᠎ᠤᠨ ᠵᠢᠷᠤᠮᠵᠢᠯ (ᠲᠤᠷᠰᠢᠨ ᠬᠡᠷᠡᠭᠵᠢᠭᠦᠯᠬᠦ)》 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠡᠨᠡᠳᠲᠡ ᠡᠭᠦᠰᠬᠦ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠶᠡᠷᠦᠩᠬᠡᠢ ᠪᠡᠯᠡᠳᠬᠡᠯ ᠲᠥᠰᠥᠯ (ᠲᠤᠷᠰᠢᠨ ᠬᠡᠷᠡᠭᠵᠢᠭᠦᠯᠬᠦ)》 《ᠪᠠᠶᠠᠨᠨᠠᠭᠤᠷ ᠬᠤᠳᠠ ᠵᠢᠨ ᠭᠡᠨᠡᠳᠲᠡ ᠡᠭᠦᠰᠬᠦ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠶᠡᠷᠦᠩᠬᠡᠢ ᠪᠡᠯᠡᠳᠬᠡᠯ ᠲᠥᠰᠥᠯ (2023 ᠣᠨ᠎ᠤ ᠬᠡᠪᠯᠡᠯ)》 ᠵᠡᠷᠭᠡ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠣᠯᠣᠨ ᠪᠡᠯᠡᠳᠬᠡᠯ ᠲᠥᠰᠥᠯ᠎ᠢ ᠦᠨᠳᠦᠰᠦᠯᠡᠨ ᠲᠤᠰ ᠪᠡᠯᠡᠳᠬᠡᠯ ᠲᠥᠰᠥᠯ᠎ᠢ ᠲᠣᠭᠲᠠᠭ᠋ᠠᠪᠠ᠃
      1.3 ᠬᠡᠷᠡᠭᠯᠡᠬᠦ ᠬᠡᠪᠴᠢᠶ᠎ᠡ
      ᠲᠣᠰ ᠪᠡᠯᠡᠳᠬᠡᠯ ᠲᠥᠰᠥᠯ᠎ᠢ ᠪᠠᠶᠠᠨᠨᠠᠭᠤᠷ ᠬᠤᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ (ᠪᠠᠶ᠋ᠢᠭ᠋ᠠᠯᠢ ᠵᠢᠨ ᠭᠠᠮᠰᠢᠭ᠎ᠤᠨ ᠲᠥᠷᠥᠯ᠂ ᠠᠳᠡᠯ᠎ᠤᠨ ᠭᠠᠮᠰᠢᠭ᠎ᠤᠨ ᠲᠥᠷᠥᠯ᠂ ᠨᠡᠶ᠋ᠢᠭᠡᠮ᠎ᠤᠨ ᠠᠮᠤᠷ ᠲᠦᠪᠰᠢᠨ᠎ᠤ ᠲᠥᠷᠥᠯ)᠎ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠡᠷᠡᠭᠦᠯ ᠮᠡᠨᠳᠦ ᠵᠢᠨ ᠬᠤᠣᠷ ᠬᠥᠨᠥᠭᠡᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠳᠤ ᠬᠡᠷᠡᠭᠯᠡᠨ᠎ᠡ᠃
      ᠪᠠᠶ᠋ᠢᠭ᠋ᠠᠯᠢ ᠵᠢᠨ ᠭᠠᠮᠰᠢᠭ᠎ᠤᠨ ᠬᠡᠷᠡᠭ᠎ᠲᠤ ᠭᠤᠣᠯᠳᠠᠭᠤ ᠤᠰᠤ ᠭᠠᠩ᠎ᠤᠨ ᠭᠠᠮᠰᠢᠭ᠂ ᠴᠠᠭ ᠠᠭᠤᠷ᠎ᠤᠨ ᠭᠠᠮᠰᠢᠭ᠂ ᠭᠠᠵᠠᠷ ᠬᠥᠳᠡᠯᠦᠯᠲᠡ ᠵᠢᠨ ᠭᠠᠮᠰᠢᠭ᠂ ᠭᠠᠵᠠᠷ᠎ᠤᠨ ᠭᠠᠮᠰᠢᠭ᠂ ᠠᠮᠢᠳᠤ ᠪᠣᠳᠠᠰ᠎ᠤᠨ ᠭᠠᠮᠰᠢᠭ ᠪᠠ ᠤᠢ ᠰᠢᠭᠤᠢ ᠨᠤᠲᠤᠭ ᠪᠡᠯᠴᠢᠭᠡᠷ᠎ᠤᠨ ᠭᠠᠯ᠎ᠤᠨ ᠭᠠᠮᠰᠢᠭ ᠵᠡᠷᠭᠡ ᠪᠠᠭᠲᠠᠨ᠎ᠠ; ᠠᠳᠡᠯ᠎ᠤᠨ ᠭᠠᠢ ᠭᠠᠮᠰᠢᠭ᠎ᠤᠨ ᠬᠡᠷᠡᠭ᠎ᠲᠤ ᠭᠤᠣᠯᠳᠠᠭᠤ ᠦᠢ᠍ᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠠᠬᠤᠶ᠋ᠢᠯᠠᠯ᠎ᠤᠨ ᠡᠯ᠎ᠡ ᠵᠦᠢ᠍ᠯ᠎ᠤᠨ ᠠᠶᠤᠯᠭᠦᠢ ᠵᠢᠨ ᠠᠳᠡᠯ᠂ ᠦᠢ᠍ᠯᠡᠳᠬᠦᠨ᠎ᠤ ᠶᠠᠰᠤ ᠴᠢᠨᠠᠷ᠎ᠤᠨ ᠠᠳᠡᠯ᠂ ᠵᠠᠮ ᠲᠡᠭᠡᠭᠡᠪᠦᠷᠢ ᠵᠢᠨ ᠠᠳᠡᠯ᠂ ᠤᠯᠠᠨ ᠨᠡᠶ᠋ᠢᠲᠡ ᠵᠢᠨ ᠲᠥᠬᠦᠭᠡᠷᠦᠮᠵᠢ ᠪᠠ ᠲᠥᠬᠦᠭᠡᠷᠦᠮᠵᠢ ᠵᠢᠨ ᠠᠳᠡᠯ᠂ ᠴᠥᠮ᠎ᠡ ᠵᠢᠨ ᠪᠠ ᠰᠠᠴᠤᠷᠠᠭ᠎ᠤᠨ ᠠᠳᠡᠯ᠂ ᠬᠢᠮᠢ ᠵᠢᠨ ᠬᠤᠣᠷᠳᠠᠭᠳᠠᠯ᠂ ᠣᠷᠴᠢᠨ ᠠᠬᠤᠢ ᠵᠢᠨ ᠪᠣᠬᠢᠷᠲᠤᠯ ᠪᠠ ᠠᠮᠢ ᠠᠬᠤᠢ ᠵᠢᠨ ᠡᠪᠳᠡᠭᠳᠡᠯ᠎ᠤᠨ ᠬᠡᠷᠡᠭ ᠵᠡᠷᠭᠡ ᠪᠠᠭᠲᠠᠨ᠎ᠠ; ᠨᠡᠶ᠋ᠢᠭᠡᠮ᠎ᠤᠨ ᠠᠮᠤᠷ ᠲᠦᠪᠰᠢᠨ᠎ᠤ ᠬᠡᠷᠡᠭ᠎ᠲᠤ ᠭᠤᠣᠯᠳᠠᠭᠤ ᠰᠦᠷᠳᠡᠭᠦᠯᠦᠯ᠎ᠤᠨ ᠳᠠᠭ᠋ᠠᠷᠢᠯᠲᠠ ᠵᠢᠨ ᠬᠡᠷᠡᠭ᠂ ᠡᠷᠡᠭᠦᠦ ᠵᠢᠨ ᠬᠡᠷᠡᠭ᠂ ᠬᠠᠮᠲᠤᠯᠢᠭ᠎ᠤᠨ ᠴᠢᠨᠠᠷᠲᠠᠢ ᠬᠡᠷᠡᠭ᠂ ᠲᠣᠰᠣ ᠬᠡᠢ ᠵᠢᠨ ᠬᠠᠩᠭ᠋ᠠᠯᠭ᠎ᠠ ᠲᠠᠰᠤᠯᠳᠠᠭᠰᠠᠨ ᠭᠡᠨᠡᠳᠲᠡ ᠵᠢᠨ ᠬᠡᠷᠡᠭ᠂ ᠮᠥᠩᠭᠦᠨ ᠭᠦᠢ᠍ᠯᠭᠡᠭᠡᠨ᠎ᠤ ᠭᠡᠨᠡᠳᠲᠡ ᠵᠢᠨ ᠬᠡᠷᠡᠭ᠂ ᠭᠠᠳᠠᠭ᠋ᠠᠳᠤ᠎ᠲᠠᠢ ᠬᠤᠯᠪᠣᠭᠳᠠᠭᠰᠠᠨ ᠭᠡᠨᠡᠳᠲᠡ ᠵᠢᠨ ᠬᠡᠷᠡᠭ᠂ ᠦᠨᠳᠦᠰᠦᠲᠡᠨ ᠱᠠᠰᠢᠨ ᠰᠤᠷᠲᠠᠬᠤᠨ᠎ᠤ ᠬᠡᠷᠡᠭ᠂ ᠲᠣᠣᠷ ᠰᠦᠯᠵᠢᠶ᠎ᠡ ᠪᠠ ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠡᠷᠡᠭ ᠵᠡᠷᠭᠡ ᠪᠠᠭᠲᠠᠨ᠎ᠠ᠃
      ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠢ 《ᠪᠠᠶᠠᠨᠨᠠᠭᠤᠷ ᠬᠤᠲᠠ ᠵᠢᠨ ᠣᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠥᠯ (2023 ᠣᠨ᠎ᠤ ᠬᠡᠪᠯᠡᠯ)》 ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
      1.4 ᠠᠵᠢᠯ᠎ᠤᠨ ᠵᠠᠷᠴᠢᠮ
      ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ; ᠬᠠᠷᠢᠶ᠎ᠠ ᠣᠷᠣᠨ᠎ᠳᠤᠨᠢ ᠬᠠᠮᠢᠶᠠᠷᠤᠭᠤᠯᠵᠤ᠂ ᠲᠤᠰᠢᠶᠠᠯ ᠬᠠᠷᠢᠭᠤᠴᠠᠯᠭ᠎ᠠ ᠵᠢ᠎ᠨᠢ ᠲᠣᠳᠣᠷᠬᠠᠶ᠋ᠢᠯᠠᠨ᠎ᠠ; ᠬᠠᠤᠯᠢ ᠲᠣᠭᠲᠠᠭ᠋ᠠᠯ᠎ᠢ ᠵᠢᠷᠤᠮᠯᠠᠵᠤ᠂ ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠬᠤ; ᠴᠠᠭ ᠲᠤᠬᠠᠢ᠎ᠳᠤᠨᠢ ᠲᠤᠰᠬᠠᠵᠤ᠂ ᠡᠷᠡᠰ ᠰᠢᠭᠤᠷᠬᠠᠢ ᠠᠷᠭ᠎ᠠ ᠬᠡᠮᠵᠢᠶ᠎ᠡ ᠠᠪᠤᠨ᠎ᠠ; ᡽ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠨ᠎ᠡ; ᠡᠩ᠎ᠤᠨ ᠦᠶ᠎ᠡ ᠪᠠ ᠳᠠᠶ᠋ᠢᠨ᠎ᠤ ᠦᠶ᠎ᠡ ᠵᠢ ᠤᠶᠠᠯᠳᠤᠭᠤᠯᠵᠤ᠂ ᠪᠠᠶ᠋ᠢᠩᠭᠤ ᠪᠡᠯᠡᠳᠬᠡᠯ᠎ᠲᠠᠢ ᠪᠠᠶ᠋ᠢᠬᠤ ᠬᠡᠷᠡᠭᠲᠡᠢ; ᠬᠠᠮᠵᠢᠯᠴᠠᠭ᠎ᠠ᠎ᠪᠠᠨ ᠴᠢᠩᠭ᠋ᠠᠳᠬᠠᠵᠤ᠂ ᠣᠯᠠᠨ ᠨᠡᠶ᠋ᠢᠲᠡ᠎ᠪᠠᠷ ᠵᠶ᠋ᠠᠨ ᠣᠷᠣᠯᠴᠠᠨ᠎ᠠ᠃
      2. ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠡᠷᠡᠭ᠎ᠤᠨ ᠳᠡᠰ ᠬᠤᠪᠢᠶᠠᠷᠢᠯᠠᠯ
      ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠡᠷᠡᠭᠦᠯ ᠮᠡᠨᠳᠦ ᠵᠢᠨ ᠬᠤᠣᠷ ᠬᠥᠨᠥᠭᠡᠯ᠎ᠤᠨ ᠪᠠᠶ᠋ᠢᠳᠠᠯ᠎ᠢ ᠦᠨᠳᠦᠰᠦᠯᠡᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠥᠯ (2023 ᠣᠨ᠎ᠳᠤ ᠵᠠᠰᠠᠪᠤᠷᠢ ᠣᠷᠣᠭᠤᠯᠤᠭᠰᠠᠨ)》᠎ᠤᠨ ᠱᠠᠭ᠋ᠠᠷᠳᠠᠯᠭ᠎ᠠ ᠶᠣᠰᠣᠭ᠋ᠠᠷ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠡᠷᠡᠭ᠎ᠢ ᠣᠨᠴᠣᠭᠤᠢ ᠬᠦᠨᠳᠦ ᠶᠡᠭᠡ (Ⅰ ᠲᠠᠰ)᠂ ᠬᠦᠨᠳᠦ ᠶᠡᠭᠡ (Ⅱ ᠲᠠᠰ)᠂ ᠨᠡᠯᠢᠶᠡᠳ ᠶᠡᠭᠡ (Ⅲ ᠲᠠᠰ) ᠪᠠ ᠡᠩ᠎ᠤᠨ (Ⅳ ᠲᠠᠰ) ᠨᠡᠶ᠋ᠢᠲᠡ ᠳᠥᠷᠪᠡᠨ ᠲᠠᠰ ᠬᠤᠪᠢᠶᠠᠨ᠎ᠠ᠃
      2.1 ᠣᠨᠴᠠᠭ᠋ᠠᠶ ᠴᠢᠬᠤᠯᠠ ᠶᠡᠭᠡ ᠬᠡᠷᠡᠭ ᠶᠠᠪᠤᠳᠠᠯ (Ⅰ ᠳᠡᠰ)
      (1) ᠨᠢᠭᠡ ᠤᠳᠠᠭ᠎ᠠ ᠵᠢᠨ ᠬᠡᠷᠡᠭ᠎ᠲᠤ ᠣᠨᠴᠠ ᠬᠦᠨᠳᠦ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠮᠥᠷᠲᠡᠭᠡᠨ ᠬᠦᠨᠳᠦ ᠲᠦᠭᠰᠢᠭᠦᠷᠢᠲᠡᠢ ᠬᠥᠮᠥᠨ ᠠᠮᠠ ᠣᠯᠠᠨ᠂ ᠡᠰᠡᠬᠦᠯ᠎ᠡ ᠴᠥᠮ᠎ᠡ ᠵᠢᠨ ᠠᠳᠡᠯ ᠪᠠ ᠭᠡᠨᠡᠳᠲᠡ ᠵᠢᠨ ᠰᠠᠴᠤᠷᠠᠭ ᠬᠡᠷᠡᠭ᠂ ᠬᠢᠮᠢ ᠵᠢᠨ ᠪᠣᠳᠠᠰ ᠯᠡᠪᠡᠷᠡᠭᠰᠡᠨ ᠠᠳᠡᠯ ᠵᠡᠷᠭᠡ᠎ᠠᠴᠠ ᠪᠣᠯᠵᠤ ᠶᠡᠭᠡ ᠬᠡᠮᠵᠢᠶᠡᠨ᠎ᠤ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠥᠪᠡᠷᠲᠡᠭᠡᠨ ᠵᠠᠰᠠᠬᠤ ᠣᠷᠣᠨ᠂ ᠤᠯᠤᠰ᠎ᠠᠴᠠ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠲᠠᠯ᠎ᠠ᠎ᠪᠠᠷ ᠳᠡᠮᠵᠢᠯᠭᠡ ᠦᠵᠡᠭᠦᠯᠬᠦ ᠵᠢ ᠭᠤᠶᠤᠴᠢᠯᠠᠭᠰᠠᠨ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠃
      (2) ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢ ᠠᠯᠤᠰᠯᠠᠭᠰᠠᠨ ᠣᠨᠴᠠᠭ᠋ᠠᠶ ᠬᠦᠨᠳᠦ ᠨᠣᠴᠢᠲᠠᠢ ᠬᠥᠮᠥᠨ ᠬᠠᠷ᠎ᠠ ᠦᠬᠦᠵᠦ ᠰᠢᠷᠬᠠᠲᠤᠭᠰᠠᠨ ᠭᠡᠨᠡᠳᠲᠡ ᠵᠢᠨ ᠤᠯᠠᠨ ᠨᠡᠶ᠋ᠢᠲᠡ ᠵᠢᠨ ᠬᠡᠷᠡᠭ᠃
      (3) ᠲᠦᠷᠦ ᠵᠢᠨ ᠶᠠᠪᠤᠳᠠᠯ᠎ᠤᠨ ᠬᠤᠷᠢᠶ᠎ᠠ ᠵᠢᠴᠢ ᠲᠡᠭᠦᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠥᠷᠨᠢᠭᠦᠯᠬᠦ ᠴᠢᠬᠤᠯᠠᠲᠠᠢ ᠪᠤᠰᠤᠳ ᠭᠡᠨᠡᠳᠲᠡ ᠵᠢᠨ ᠴᠢᠨᠠᠷᠲᠠᠢ ᠤᠯᠠᠨ ᠨᠡᠶ᠋ᠢᠲᠡ ᠵᠢᠨ ᠣᠨᠴᠠᠭ᠋ᠠᠶ ᠬᠦᠨᠳᠦ ᠶᠡᠭᠡ ᠬᠡᠷᠡᠭ᠃ 
      2.2 ᠴᠢᠬᠤᠯᠠ ᠶᠡᠭᠡ ᠬᠡᠷᠡᠭ ᠶᠠᠪᠤᠳᠠᠯ (Ⅱ ᠳᠡᠰ)
      (1) ᠨᠢᠭᠡ ᠤᠳᠠᠭ᠋ᠠᠨ᠎ᠤ ᠬᠡᠷᠡᠭ᠎ᠲᠤ ᠬᠦᠨᠳᠦ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶ᠋ᠢᠳᠠᠯ ᠭᠠᠷᠤᠭᠰᠠᠨ᠂ ᠡᠭᠦᠨ᠎ᠤ ᠳᠣᠲᠣᠷ᠎ᠠ ᠦᠬᠦᠭᠰᠡᠨ ᠪᠠ ᠬᠦᠨᠳᠦ ᠲᠦᠭᠰᠢᠭᠦᠷᠢᠲᠡᠢ ᠡᠪᠡᠳᠴᠢᠨ᠎ᠤ ᠵᠢᠱ᠌ᠢᠶ᠎ᠡ 5᠎ᠠᠴᠠ ᠬᠡᠲᠦᠷᠡᠭᠰᠡᠨ ᠭᠡᠨᠡᠳᠲᠡ ᠡᠭᠦᠰᠦᠭᠰᠡᠨ ᠤᠯᠠᠨ ᠨᠡᠶ᠋ᠢᠲᠡ ᠵᠢᠨ ᠬᠡᠷᠡᠭ ᠭᠠᠷᠤᠭᠰᠠᠨ᠃
      (2) ᠠᠶ᠋ᠢᠮᠠᠭ ᠬᠤᠲᠠ ᠠᠯᠤᠰᠯᠠᠭᠰᠠᠨ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠃
      (3) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠥᠷᠨᠢᠭᠦᠯᠬᠦ ᠴᠢᠬᠤᠯᠠᠲᠠᠢ ᠪᠤᠰᠤᠳ ᠴᠢᠬᠤᠯᠠ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠶᠠᠪᠤᠳᠠᠯ᠃
      2. 3 ᠨᠡᠯᠢᠶᠡᠳ ᠶᠡᠭᠡ ᠬᠡᠷᠡᠭ ᠶᠠᠪᠤᠳᠠᠯ (Ⅲ ᠳᠡᠰ)
      (1) ᠨᠢᠭᠡ ᠤᠳᠠᠭ᠋ᠠᠨ᠎ᠤ ᠬᠡᠷᠡᠭ᠎ᠲᠤ ᠨᠡᠯᠢᠶᠡᠳ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶ᠋ᠢᠳᠠᠯ ᠭᠠᠷᠴᠠᠢ᠂ ᠡᠭᠦᠨ᠎ᠤ ᠳᠣᠲᠣᠷ᠎ᠠ ᠦᠬᠦᠭᠰᠡᠨ ᠪᠠ ᠬᠦᠨᠳᠦ ᠲᠦᠭᠰᠢᠭᠦᠷᠢᠲᠡᠢ ᠡᠪᠡᠳᠴᠢᠨ᠎ᠤ ᠵᠢᠱ᠌ᠢᠶ᠎ᠡ 3 ᠵᠢᠱ᠌ᠢᠶ᠎ᠡ᠎ᠠᠴᠠ ᠬᠡᠲᠦᠷᠡᠭᠰᠡᠨ ᠭᠡᠨᠡᠳᠲᠡ ᠵᠢᠨ ᠤᠯᠠᠨ ᠨᠡᠶ᠋ᠢᠲᠡ ᠵᠢᠨ ᠬᠡᠷᠡᠭ ᠭᠠᠷᠤᠭᠰᠠᠨ᠃
      (2) ᠬᠤᠳᠠ ᠵᠢᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠥᠷᠨᠢᠭᠦᠯᠬᠦ ᠴᠢᠬᠤᠯᠠᠲᠠᠢ ᠪᠤᠰᠤᠳ ᠨᠡᠯᠢᠶᠡᠳ ᠶᠡᠭᠡ ᠭᠡᠨᠡᠳᠲᠡ ᠵᠢᠨ ᠤᠯᠠᠨ ᠨᠡᠶ᠋ᠢᠲᠡ ᠵᠢᠨ ᠬᠡᠷᠡᠭ᠃
      2.4 ᠡᠩ᠎ᠤᠨ ᠬᠡᠷᠡᠭ ᠶᠠᠪᠤᠳᠠᠯ (IV ᠳᠡᠰ)
      (1) ᠨᠢᠭᠡ ᠤᠳᠠᠭ᠋ᠠᠨ᠎ᠤ ᠬᠡᠷᠡᠭ᠎ᠲᠤ ᠵᠣᠬᠢᠬᠤ ᠲᠣᠭ᠋ᠠᠨ᠎ᠤ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶ᠋ᠢᠳᠠᠯ ᠭᠠᠷᠴᠤ᠂ ᠡᠭᠦᠨ᠎ᠤ ᠳᠣᠲᠣᠷ᠎ᠠ ᠦᠬᠦᠭᠰᠡᠨ ᠪᠠ ᠬᠦᠨᠳᠦ ᠲᠦᠭᠰᠢᠭᠦᠷᠢᠲᠡᠢ ᠡᠪᠡᠳᠴᠢᠨ᠎ᠤ ᠵᠢᠱ᠌ᠢᠶ᠎ᠡ 1᠎ᠠᠴᠠ ᠬᠡᠲᠦᠷᠡᠭᠰᠡᠨ ᠭᠡᠨᠡᠳᠲᠡ ᠡᠭᠦᠰᠦᠭᠰᠡᠨ ᠤᠯᠠᠨ ᠨᠡᠶ᠋ᠢᠲᠡ ᠵᠢᠨ ᠬᠡᠷᠡᠭ ᠭᠠᠷᠤᠭᠰᠠᠨ᠃
      (2) ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠥᠷᠨᠢᠭᠦᠯᠬᠦ ᠴᠢᠬᠤᠯᠠᠲᠠᠢ ᠪᠤᠰᠤᠳ ᠡᠩ᠎ᠤᠨ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠃
      3. ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ
      ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢ ᠵᠢᠯᠤᠭᠤᠳᠬᠤ ᠪᠠᠶ᠋ᠢᠭᠤᠯᠤᠮᠵᠢ ᠵᠢᠨ ᠨᠢᠭᠡᠳᠦᠯᠲᠡᠢ ᠤᠳᠤᠷᠢᠳᠤᠯᠭ᠎ᠠ᠂ ᠵᠢᠯᠣᠭᠤᠳᠤᠯᠭ᠎ᠠ ᠵᠢᠨ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠨᠢᠭᠲᠠ ᠬᠠᠮᠵᠢᠯᠴᠠᠨ᠂ ᠵᠣᠬᠢᠴᠠᠯᠳᠤᠨ ᠨᠢᠭᠡᠳᠴᠦ᠂ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠢ ᠬᠠᠮᠲᠤᠪᠠᠷ ᠠᠷᠭ᠋ᠠᠴᠠᠵᠤ᠂ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
      ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠳᠤ ᠪᠠᠭᠲᠠᠬᠤ᠎ᠨᠢ᠄ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠪᠠᠶ᠋ᠢᠭᠤᠯᠤᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠂ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠂ ᠡᠯ᠎ᠡ ᠲᠥᠷᠥᠯ᠎ᠤᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠶ᠋ᠢᠭᠤᠯᠤᠮᠵᠢ (ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ ᠵᠢ ᠵᠢᠭ᠋ᠠᠵᠤ ᠪᠣᠶ᠂ ᠡᠭᠦᠨ᠎ᠳᠤ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠲᠡᠭᠡ)᠂ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ᠂ ᠲᠤᠰᠬᠠᠢ ᠡᠮᠨᠡᠯᠭᠡ ᠵᠢᠨ ᠬᠤᠷᠢᠶ᠎ᠠ᠂ ᠴᠢᠰᠤ ᠠᠪᠬᠤ ᠴᠢᠰᠤ ᠬᠠᠩᠭ᠋ᠠᠬᠤ ᠪᠠᠶ᠋ᠢᠭᠤᠯᠤᠮᠵᠢ᠂ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ᠂ ᠣᠶᠤᠨ ᠮᠡᠳᠡᠷᠡᠯ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠪᠠᠶ᠋ᠢᠭᠤᠯᠤᠮᠵᠢ ᠵᠡᠷᠭᠡ)᠂ ᠲᠤᠬᠠᠢ ᠵᠢᠨ ᠲᠠᠯᠠᠪᠤᠷ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠪᠠᠭᠲᠠᠨ᠎ᠠ᠃
      3.1 ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ
      ᠬᠤᠲᠠ ᠵᠢᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶ᠋ᠢᠯᠠᠩ᠎ᠳᠤ᠄ ᠬᠦᠨᠳᠦ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠡᠭᠦᠰᠬᠦ ᠦᠶ᠎ᠡ᠎ᠳᠤ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠠᠵᠢᠯ᠎ᠢ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠬᠤᠲᠠ ᠵᠢᠨ ᠳᠠᠷᠤᠭ᠎ᠠ ᠵᠢ ᠳᠤᠭᠤᠶ᠋ᠢᠯᠠᠩ᠎ᠤᠨ ᠳᠠᠷᠤᠭ᠎ᠠ ᠪᠣᠯᠭ᠋ᠠᠵᠤ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠳᠡᠳ᠋ ᠨᠠᠷᠢᠨ ᠪᠢᠴᠢᠭ᠎ᠤᠨ ᠳᠠᠷᠤᠭ᠎ᠠ᠂ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠤᠣᠯ ᠤᠳᠤᠷᠢᠳᠤᠯᠭ᠎ᠠ ᠳᠡᠳ᠋ ᠳᠤᠭᠤᠶ᠋ᠢᠯᠠᠩ᠎ᠤᠨ ᠳᠠᠷᠤᠭ᠎ᠠ ᠪᠣᠯᠵᠤ᠂ ᠬᠤᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ (ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ)᠂ ᠡᠳ᠋᠎ᠤᠨ ᠵᠠᠰᠠᠭ᠎ᠤᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠤᠯᠠᠭ᠋ᠠᠨ ᠵᠠᠭ᠋ᠠᠯᠮᠠᠶ᠋ᠢᠲᠠᠨ᠎ᠤ ᠨᠡᠶ᠋ᠢᠭᠡᠮᠯᠢᠭ ᠵᠢᠴᠢ ᠪᠠᠶᠠᠨᠨᠠᠭᠤᠷ ᠬᠤᠲᠠ ᠵᠢᠨ ᠴᠡᠷᠢᠭ᠎ᠤᠨ ᠬᠤᠪᠢᠶᠠᠷᠢ ᠲᠣᠭᠤᠷᠢᠭ᠂ ᠤᠷᠠᠳ ᠪᠣᠭᠤᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠵᠶ᠋ᠠᠷ ᠪᠦᠷᠢᠯᠳᠦᠭᠦᠨ ᠪᠣᠯᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠨᠢ ᠴᠢᠬᠤᠯᠠ ᠶᠡᠭᠡ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠤᠳᠤᠷᠢᠳᠬᠤ᠂ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠪᠠᠶ᠋ᠢᠷᠢᠯᠠᠭᠤᠯᠬᠤ ᠵᠢ ᠬᠠᠷᠢᠭᠤᠴᠠᠨ᠎ᠠ; ᠨᠡᠯᠢᠶᠡᠳ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠡᠭᠦᠰᠪᠡᠯ᠂ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠭᠤᠣᠯ ᠤᠳᠤᠷᠢᠳᠤᠯᠭ᠎ᠠ᠎ᠪᠠᠷ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠭᠦᠯᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ᠎ᠪᠠᠷ ᠳᠤᠭᠤᠶ᠋ᠢᠯᠠᠩ᠎ᠤᠨ ᠳᠡᠳ᠋ ᠳᠠᠷᠤᠭ᠎ᠠ ᠵᠢᠨ ᠲᠤᠰᠢᠶᠠᠯ᠎ᠢ ᠡᠭᠦᠷᠭᠡᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠲᠠᠰᠤᠭ ᠪᠠ ᠬᠤᠯᠪᠣᠭᠳᠠᠯ ᠪᠦᠬᠦᠢ ᠬᠤᠲᠠ ᠵᠢᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ ᠵᠶ᠋ᠠᠷ ᠪᠦᠷᠢᠯᠳᠦᠭᠦᠨ ᠪᠣᠯᠭ᠋ᠠᠭᠰᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠪᠠᠶ᠋ᠢᠭᠤᠯᠵᠤ᠂ ᠨᠡᠯᠢᠶᠡᠳ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠤᠳᠤᠷᠢᠳᠬᠤ᠂ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ᠂ ᠪᠠᠶ᠋ᠢᠷᠢᠯᠠᠭᠤᠯᠬᠤ ᠠᠵᠢᠯ᠎ᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠢ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠳᠤ ᠲᠣᠬᠢᠷᠠᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠠᠪᠤᠷᠠᠨ ᠲᠤᠰᠠᠯᠠᠬᠤ ᠪᠠᠶ᠋ᠢᠭᠤᠯᠤᠮᠵᠢ ᠵᠢᠨ ᠡᠩᠨᠡᠭᠡ ᠵᠢᠨ ᠬᠠᠮᠢᠶᠠᠷᠤᠯᠲᠠ᠂ ᠵᠣᠬᠢᠶᠠᠨ ᠪᠠᠶ᠋ᠢᠭᠤᠯᠤᠯᠲᠠ ᠵᠢᠨ ᠬᠤᠯᠪᠣᠭ᠎ᠠ ᠠᠪᠬᠤ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ ᠬᠢᠬᠦ᠂ ᠮᠡᠳᠡᠭᠡ ᠵᠠᠩᠭᠢ ᠴᠤᠭᠯᠠᠭᠤᠯᠬᠤ᠂ ᠮᠡᠷᠭᠡᠵᠢᠯ ᠴᠢᠳᠠᠪᠤᠷᠢ ᠵᠢᠨ ᠰᠣᠷᠢᠯᠲᠠ ᠬᠢᠬᠦ ᠵᠡᠷᠭᠡ ᠡᠳᠦᠷ ᠲᠤᠲᠤᠮ᠎ᠤᠨ ᠠᠵᠢᠯ᠎ᠢ ᠬᠠᠷᠢᠭᠤᠴᠠᠭᠤᠯᠤᠨ᠎ᠠ᠃
      ᠬᠤᠰᠢᠭᠤ ᠰᠢᠶᠠᠨ᠎ᠤ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶ᠋ᠢᠯᠠᠩ᠎ᠳᠤ᠄ ᠬᠤᠰᠢᠭᠤ ᠰᠢᠶᠠᠨ ᠲᠣᠭᠤᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠤ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠭᠡᠨᠡᠳᠲᠡ ᠡᠭᠦᠰᠬᠦ ᠤᠯᠠᠨ ᠨᠡᠶ᠋ᠢᠳᠡ ᠵᠢᠨ ᠬᠡᠷᠡᠭ᠎ᠤᠨ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠣᠬᠢᠴᠠᠩᠭᠤᠢ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠡᠩ᠎ᠤᠨ ᠭᠡᠨᠡᠳᠲᠡ ᠡᠭᠦᠰᠬᠦ ᠤᠯᠠᠨ ᠨᠡᠶ᠋ᠢᠳᠡ ᠵᠢᠨ ᠬᠡᠷᠡᠭ᠎ᠤᠨ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠤᠳᠤᠷᠢᠳᠤᠨ᠂ ᠡᠯ᠎ᠡ ᠲᠦᠷᠦᠯ᠎ᠤᠨ ᠭᠡᠨᠡᠳᠲᠡ ᠡᠭᠦᠰᠬᠦ ᠤᠯᠠᠨ ᠨᠡᠶ᠋ᠢᠳᠡ ᠵᠢᠨ ᠬᠡᠷᠡᠭ᠎ᠤᠨ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢ ᠵᠣᠬᠢᠶᠠᠨ ᠪᠠᠶ᠋ᠢᠭᠤᠯᠬᠤ᠂ ᠵᠣᠬᠢᠴᠠᠭᠤᠯᠬᠤ ᠡᠭᠦᠷᠭᠡ ᠵᠢ ᠡᠭᠦᠷᠭᠡᠯᠡᠬᠦ ᠵᠢᠨ ᠬᠠᠮᠲᠤ ᠪᠠᠶ᠋ᠢᠭᠤᠯᠤᠮᠵᠢ ᠵᠢᠭ᠋ᠠᠨ ᠲᠣᠭᠲᠠᠭ᠋ᠠᠵᠤ ᠡᠳᠦᠷ ᠲᠤᠳᠤᠮ᠎ᠤᠨ ᠠᠵᠢᠯ᠎ᠢ ᠬᠠᠷᠢᠭᠤᠴᠠᠭᠤᠯᠤᠨ᠎ᠠ᠃
      3.2 ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ
      ᠬᠤᠲᠠ ᠵᠢᠨ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠤᠲᠠ ᠵᠢᠨ ᠱᠠᠲᠤᠨ᠎ᠤ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠪᠥᠬᠦ ᠬᠤᠲᠠ ᠵᠢᠨ ᠬᠡᠪᠴᠢᠶᠡᠨ᠎ᠳᠠᠬᠢ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠠᠵᠢᠯ᠎ᠳᠤ ᠵᠥᠪᠯᠡᠯᠭᠡ ᠥᠭᠬᠦ ᠰᠠᠨᠠᠭᠤᠯᠭ᠎ᠠ᠂ ᠮᠡᠷᠭᠡᠵᠢᠯ᠎ᠤᠨ ᠵᠢᠯᠣᠭᠤᠳᠤᠯᠭ᠎ᠠ ᠪᠠ ᠳᠡᠮᠵᠢᠯᠭᠡ ᠬᠠᠩᠭ᠋ᠠᠨ᠎ᠠ᠃ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠳᠤ 3 ᠵᠢᠯ᠎ᠳᠤ ᠨᠢᠭᠡ ᠤᠳᠠᠭ᠎ᠠ ᠲᠣᠬᠢᠷᠠᠭᠤᠯᠤᠯᠲᠠ ᠬᠢᠨ᠎ᠡ᠃
      ᠬᠤᠰᠢᠭᠤ ᠰᠢᠶᠠᠨ ᠲᠣᠭᠤᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠲᠤᠰᠬᠠᠢ ᠮᠡᠷᠭᠡᠵᠢᠯᠲᠡᠨ᠎ᠤ ᠳᠤᠭᠤᠶ᠋ᠢᠯᠠᠩ᠎ᠢ ᠵᠣᠬᠢᠶᠠᠨ ᠪᠠᠶ᠋ᠢᠭᠤᠯᠵᠤ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠳᠣᠲᠣᠷᠠᠬᠢ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠠᠵᠢᠯ᠎ᠳᠤ ᠮᠡᠷᠭᠡᠵᠢᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃
      3.3 ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠶ᠋ᠢᠭᠤᠯᠤᠮᠵᠢ
      ᠡᠯ᠎ᠡ ᠱᠠᠲᠤᠨ᠎ᠤ ᠡᠯ᠎ᠡ ᠲᠥᠷᠥᠯ᠎ᠤᠨ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠭᠦᠷᠭᠡ ᠵᠢ ᠡᠭᠦᠷᠭᠡᠯᠡᠨ᠎ᠡ᠃ ᠨᠢᠭᠡᠳᠦᠯᠲᠡᠢ ᠪᠠᠶ᠋ᠢᠷᠢᠯᠠᠭᠤᠯᠬᠤ᠂ ᠠᠵᠢᠯ ᠬᠤᠪᠢᠶᠠᠷᠢᠯᠠᠨ ᠬᠠᠷᠢᠭᠤᠴᠠᠬᠤ ᠵᠠᠷᠴᠢᠮ ᠶᠣᠰᠣᠭ᠋ᠠᠷ᠂ ᠡᠯ᠎ᠡ ᠱᠠᠲᠤᠨ᠎ᠤ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠥᠷᠲᠡᠭᠡ) ᠵᠢᠴᠢ ᠡᠮᠨᠡᠯᠭᠡ ᠵᠢᠨ ᠬᠤᠷᠢᠶ᠎ᠠ ᠵᠢᠨ ᠲᠦᠷᠭᠡᠨ ᠠᠪᠤᠷᠠᠯᠳᠠ ᠵᠢᠨ ᠰᠠᠯᠠᠭ᠎ᠠ᠎ᠨᠢ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠲᠤᠬᠠᠢ ᠵᠢᠨ ᠲᠠᠯᠠᠪᠤᠷ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠ ᠰᠢᠷᠬᠠᠲᠤᠭᠰᠠᠳ᠎ᠢ ᠰᠢᠯᠵᠢᠭᠦᠯᠦᠨ ᠬᠦᠷᠭᠡᠬᠦ ᠡᠭᠦᠷᠭᠡ ᠵᠢ ᠡᠭᠦᠷᠭᠡᠯᠡᠨ᠎ᠡ; ᠡᠯ᠎ᠡ ᠱᠠᠲᠤᠨ᠎ᠤ ᠶᠡᠷᠦᠩᠬᠡᠶ᠋ᠢᠯᠡᠭᠰᠡᠨ ᠡᠮᠨᠡᠯᠭᠡ ᠵᠢᠨ ᠬᠤᠷᠢᠶ᠎ᠠ᠂ ᠲᠤᠰᠬᠠᠢ ᠮᠡᠷᠭᠡᠵᠢᠯ᠎ᠤᠨ ᠡᠮᠨᠡᠯᠭᠡ ᠵᠢᠨ ᠬᠤᠷᠢᠶ᠎ᠠ ᠎ᠨᠢ ᠰᠢᠷᠬᠠᠲᠤᠭᠰᠠᠳ᠎ᠢ ᠬᠦᠯᠢᠶᠡᠨ ᠠᠪᠬᠤ ᠠᠵᠢᠯ᠎ᠢ ᠬᠠᠷᠢᠭᠤᠴᠠᠬᠤ ᠵᠢᠨ ᠬᠠᠮᠲᠤ ᠲᠡᠭᠦᠨ᠎ᠢ ᠰᠢᠢ᠍ᠳᠪᠦᠷᠢᠯᠡᠵᠦ ᠠᠪᠤᠷᠠᠨ ᠵᠠᠰᠠᠨ᠎ᠠ; ᠬᠤᠲᠠ ᠵᠢᠨ ᠲᠥᠪ ᠴᠢᠰᠤᠨ ᠥᠷᠲᠡᠭᠡ᠎ᠨᠢ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠎ᠤᠨ ᠠᠪᠤᠷᠠᠨ ᠲᠤᠰᠠᠯᠠᠬᠤ ᠬᠤᠭᠤᠴᠠᠭ᠋ᠠᠨ᠎ᠳᠠᠬᠢ ᠴᠢᠰᠤᠨ᠎ᠤ ᠬᠠᠩᠭ᠋ᠠᠯᠲᠠ ᠪᠠ ᠴᠢᠰᠤᠨ᠎ᠤ ᠢᠷᠡᠯᠲᠡ ᠵᠢᠨ ᠵᠣᠬᠢᠶᠠᠨ ᠪᠠᠶ᠋ᠢᠭᠤᠯᠤᠯᠲᠠ ᠵᠢ ᠬᠠᠷᠢᠭᠤᠴᠠᠨ᠎ᠠ; ᠡᠯ᠎ᠡ ᠱᠠᠲᠤᠨ᠎ᠤ ᠣᠶᠣᠨ᠎ᠤ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠤᠭᠤᠳ ᠰᠢᠷᠬᠠᠲᠤᠭᠰᠠᠳ ᠵᠢᠴᠢ ᠲᠡᠳᠡᠨ᠎ᠤ ᠭᠡᠷ ᠪᠦᠯᠢ᠂ ᠠᠪᠤᠷᠠᠨ ᠲᠤᠰᠠᠯᠠᠬᠤ ᠬᠥᠮᠥᠰ᠎ᠤᠨ ᠰᠡᠳᠬᠢᠴᠡ ᠵᠢᠨ ᠬᠢᠮᠤᠷᠠᠯ᠎ᠳᠤ ᠭᠠᠷ ᠲᠦᠷᠦᠭᠦ ᠠᠵᠢᠯ᠎ᠢ ᠰᠠᠶ᠋ᠢᠲᠤᠷ ᠬᠢᠨ᠎ᠡ; ᠡᠯ᠎ᠡ ᠱᠠᠲᠤᠨ᠎ᠤ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠪᠠᠶ᠋ᠢᠭᠤᠯᠤᠮᠵᠢ ᠪᠠ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠪᠠᠶ᠋ᠢᠭᠤᠯᠤᠮᠵᠢ᠎ᠨᠤᠭᠤᠳ ᠲᠣᠰ ᠲᠣᠰ᠎ᠤᠨ ᠡᠭᠦᠷᠭᠡ ᠴᠢᠳᠠᠪᠤᠷᠢ᠎ᠪᠠᠨ ᠦᠨᠳᠦᠰᠦᠯᠡᠨ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ ᠶᠠᠪᠤᠳᠠᠯ᠎ᠤᠨ ᠳᠤᠮᠳᠠᠬᠢ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠪᠠ ᠡᠷᠡᠭᠦᠯ ᠬᠠᠮᠠᠭ᠋ᠠᠯᠠᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
      3.4 ᠲᠤᠬᠠᠢ ᠵᠢᠨ ᠲᠠᠯᠠᠪᠠᠢ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ
      ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠲᠤᠬᠠᠢ ᠵᠢᠨ ᠲᠠᠯᠠᠪᠠᠶ ᠵᠢᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠤᠨ ᠴᠢᠬᠤᠯᠠᠲᠠᠢ ᠦᠶ᠎ᠡ᠎ᠳᠤ ᠲᠤᠬᠠᠢ ᠵᠢᠨ ᠲᠠᠯᠠᠪᠤᠷ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ᠎ᠢ ᠪᠠᠶ᠋ᠢᠭᠤᠯᠵᠤ᠂ ᠲᠤᠬᠠᠢ ᠵᠢᠨ ᠲᠠᠯᠠᠪᠤᠷ᠎ᠤᠨ ᠬᠠᠮᠤᠭ᠎ᠤᠨ ᠳᠡᠭᠡᠳᠦ ᠲᠠᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠦᠳ ᠪᠤᠶᠤ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢᠯᠤᠭᠤᠳᠬᠤ ᠪᠠᠶ᠋ᠢᠭᠤᠯᠤᠮᠵᠢ ᠵᠢᠨ ᠵᠢᠭ᠋ᠠᠨ ᠲᠣᠭᠲᠠᠭ᠋ᠠᠭᠰᠠᠨ ᠬᠠᠷᠢᠭᠤᠴᠠᠯᠭ᠋ᠠᠲᠠᠨ ᠨᠥᠬᠦᠳ ᠵᠶ᠋ᠠᠷ ᠵᠢᠯᠤᠭᠤᠳᠬᠤ ᠳᠠᠷᠤᠭ᠎ᠠ ᠵᠢᠨ ᠲᠤᠰᠢᠶᠠᠯ᠎ᠢ ᠡᠭᠦᠷᠭᠡᠯᠡᠭᠦᠯᠵᠦ᠂ ᠲᠤᠬᠠᠢ ᠵᠢᠨ ᠲᠠᠯᠠᠪᠤᠷ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠨᠢᠭᠡᠳᠦᠯᠲᠡᠢ ᠵᠢᠯᠣᠭᠤᠳᠤᠨ ᠵᠣᠬᠢᠴᠠᠭᠤᠯᠬᠤ ᠬᠡᠷᠡᠭᠲᠡᠢ᠃
      4. ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠪᠠᠴᠢᠮ ᠪᠠᠶ᠋ᠢᠳᠠᠯ᠎ᠢ ᠴᠤᠤᠷᠢᠶᠠᠲᠤᠨ ᠳᠠᠭ᠋ᠠᠬᠤ ᠪᠠ ᠵᠣᠭᠰᠣᠭ᠋ᠠᠬᠤ
      4.1 ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠪᠠᠴᠢᠮ ᠪᠠᠶ᠋ᠢᠳᠠᠯ᠎ᠢ ᠳᠡᠰ ᠬᠤᠪᠢᠶᠠᠨ ᠴᠤᠤᠷᠢᠶᠠᠲᠤᠨ ᠳᠠᠭ᠋ᠠᠬᠤ
      4.1.1 I ᠳᠡᠰ᠎ᠤᠨ ᠳᠠᠭ᠋ᠠᠯ
      4.1.1.1 I ᠲᠡᠰ᠎ᠤᠨ ᠳᠠᠭ᠋ᠠᠬᠤ ᠵᠢ ᠡᠬᠢᠯᠡᠭᠦᠯᠬᠦ
      ᠳᠣᠣᠷᠠᠬᠢ ᠨᠥᠬᠦᠴᠡᠯ᠎ᠤᠳ᠎ᠤᠨ ᠨᠢᠭᠡ᠎ᠳᠤᠨᠢ ᠨᠡᠶ᠋ᠢᠴᠡᠪᠡᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ Ⅰ ᠲᠠᠰ᠎ᠤᠨ ᠬᠠᠷᠢᠭᠤ ᠲᠤᠰᠬᠠᠯ᠎ᠢ ᠡᠬᠢᠯᠡᠭᠦᠯᠦᠨ᠎ᠡ᠄
      (1) ᠭᠡᠨᠡᠳᠲᠡ ᠡᠭᠦᠰᠦᠭᠰᠡᠨ ᠣᠨᠴᠠᠭ᠋ᠠᠶ ᠬᠦᠨᠳᠦ ᠶᠡᠭᠡ ᠤᠯᠠᠨ ᠨᠡᠶ᠋ᠢᠲᠡ ᠵᠢᠨ ᠬᠡᠷᠡᠭ ᠡᠭᠦᠰᠪᠡᠯ᠂ ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠤᠯᠤᠰ᠎ᠤᠨ ᠭᠡᠨᠡᠳᠲᠡ ᠡᠭᠦᠰᠦᠭᠰᠡᠨ ᠤᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠶᠡᠷᠦᠩᠬᠡᠢ ᠲᠥᠰᠥᠯ᠎ᠢ ᠡᠬᠢᠯᠡᠭᠦᠯᠦᠨ᠎ᠡ᠃
      (2) ᠭᠡᠨᠡᠳᠲᠡ ᠡᠭᠦᠰᠦᠭᠰᠡᠨ ᠣᠨᠴᠠᠭ᠋ᠠᠶ ᠬᠦᠨᠳᠦ ᠶᠡᠭᠡ ᠤᠯᠠᠨ ᠨᠡᠶ᠋ᠢᠲᠡ ᠵᠢᠨ ᠬᠡᠷᠡᠭ ᠭᠠᠷᠪᠠᠯ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠤᠯᠤᠰ᠎ᠤᠨ ᠭᠡᠨᠡᠳᠲᠡ ᠡᠭᠦᠰᠦᠭᠰᠡᠨ ᠤᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠤᠰᠬᠠᠢ ᠲᠥᠰᠥᠯ᠎ᠢ ᠡᠬᠢᠯᠡᠭᠦᠯᠦᠨ᠎ᠡ᠃
      (3) ᠣᠨᠴᠣᠭᠤᠢ ᠬᠦᠨᠳᠦ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠡᠭᠦᠰᠪᠡᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠢ ᠡᠬᠢᠯᠡᠭᠦᠯᠦᠨ᠎ᠡ᠃
      (4) ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠣᠨᠴᠠᠭ᠋ᠠᠶ ᠴᠢᠬᠤᠯᠠ ᠶᠡᠭᠡ ᠬᠡᠷᠡᠭ (Ⅰ ᠳᠡᠰ)᠎ᠤᠨ ᠳᠡᠰ᠎ᠲᠤ ᠨᠡᠶ᠋ᠢᠴᠡᠭᠰᠡᠨ ᠪᠤᠰᠤᠳ ᠭᠡᠨᠡᠳᠲᠡ ᠵᠢᠨ ᠤᠯᠠᠨ ᠨᠡᠶ᠋ᠢᠲᠡ ᠵᠢᠨ ᠬᠡᠷᠡᠭ᠃
      4.1.1.2 Ⅰ ᠳᠡᠰ᠎ᠤᠨ ᠳᠠᠭ᠋ᠠᠬᠤ ᠠᠵᠢᠯᠯᠠᠭ᠎ᠠ
      ᠣᠨᠴᠠᠭ᠋ᠠᠶ ᠬᠦᠨᠳᠦ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠡᠭᠦᠰᠬᠦ ᠦᠶ᠎ᠡ᠎ᠳᠤ᠂ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠤᠲᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶ᠋ᠢᠯᠠᠩ᠎ᠤᠨ ᠠᠵᠢᠯ᠎ᠢ ᠳᠠᠷᠤᠶ᠋ᠢᠬᠠᠨ ᠡᠬᠢᠯᠡᠭᠦᠯᠵᠦ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠦᠳᠲᠡᠷ ᠲᠦᠷᠭᠡᠨ ᠵᠣᠬᠢᠶᠠᠨ ᠪᠠᠶ᠋ᠢᠭᠤᠯᠤᠨ ᠵᠣᠬᠢᠴᠠᠭᠤᠯᠤᠨ ᠥᠷᠨᠢᠭᠦᠯᠵᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡ ᠪᠣᠯᠣᠨ ᠬᠤᠯᠪᠣᠭᠳᠠᠯ ᠪᠦᠬᠦᠢ ᠬᠥᠮᠥᠰ᠎ᠢ ᠵᠣᠬᠢᠶᠠᠨ ᠪᠠᠶ᠋ᠢᠭᠤᠯᠤᠨ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠲᠤᠬᠠᠢ ᠵᠢᠨ ᠲᠠᠯᠠᠪᠤᠷ᠎ᠲᠤ ᠬᠦᠷᠴᠦ ᠡᠮᠨᠡᠨ ᠠᠪᠤᠷᠠᠬᠤ ᠠᠵᠢᠯᠯᠠᠭ᠎ᠠ ᠥᠷᠨᠢᠭᠦᠯᠵᠦ᠂ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶ᠋ᠢᠳᠠᠯ᠎ᠳᠤ ᠶᠡᠷᠦᠩᠬᠡᠶ᠋ᠢᠯᠡᠭᠰᠡᠨ ᠦᠨᠡᠯᠡᠨ ᠵᠢᠱ᠌ᠢᠯᠲᠡ ᠬᠢᠵᠦ᠂ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠤᠨ ᠰᠠᠨᠠᠭᠤᠯᠭ᠎ᠠ ᠳᠤᠷᠠᠳᠴᠤ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢ ᠵᠢᠯᠤᠭᠤᠳᠬᠤ ᠪᠠᠶ᠋ᠢᠭᠤᠯᠤᠮᠵᠢ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠣᠨᠴᠠᠭ᠋ᠠᠶ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃ ᠬᠡᠷᠡᠭᠴᠡᠭᠡ᠎ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠂ ᠤᠯᠤᠰ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠤᠰᠠᠯᠠᠮᠵᠢ ᠵᠢ ᠣᠯᠬᠤ᠎ᠪᠠᠷ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢ᠎ᠳᠤᠨᠢ ᠮᠡᠳᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠳᠡᠮᠵᠢᠯᠭᠡ ᠵᠢ ᠣᠯᠬᠤ᠎ᠪᠠᠷ ᠴᠢᠷᠮᠠᠶ᠋ᠢᠨ᠎ᠠ᠃
      ᠬᠡᠷᠡᠭ ᠡᠭᠦᠰᠦᠭᠰᠡᠨ ᠭᠠᠵᠠᠷ᠎ᠤᠨ ᠬᠤᠰᠢᠭᠤ ᠰᠢᠶᠠᠨ ᠲᠣᠭᠤᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠤᠲᠠ ᠵᠢᠨ ᠱᠠᠲᠤᠨ᠎ᠤ ᠪᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠣᠨᠴᠣᠭᠤᠢ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃
      4.1.2 II ᠳᠡᠰ᠎ᠤᠨ ᠳᠠᠭ᠋ᠠᠯ
      4.1.2.1 II ᠳᠡᠰ᠎ᠤᠨ ᠳᠠᠭ᠋ᠠᠬᠤ ᠵᠢ ᠡᠬᠢᠯᠡᠭᠦᠯᠬᠦ
      ᠳᠣᠣᠷᠠᠬᠢ ᠨᠥᠬᠦᠴᠡᠯ᠎ᠤᠳ᠎ᠤᠨ ᠨᠢᠭᠡ᠎ᠳᠤᠨᠢ ᠨᠡᠶ᠋ᠢᠴᠡᠪᠡᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ Ⅱ ᠲᠠᠰ᠎ᠤᠨ ᠬᠠᠷᠢᠭᠤ ᠲᠤᠰᠬᠠᠯ᠎ᠢ ᠡᠬᠢᠯᠡᠭᠦᠯᠦᠨ᠎ᠡ᠄
      (1) ᠬᠦᠨᠳᠦ ᠶᠡᠭᠡ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ ᠡᠭᠦᠰᠪᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠎ᠠᠴᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠢ ᠡᠬᠢᠯᠡᠭᠦᠯᠦᠨ᠎ᠡ᠃
      (2) ᠬᠦᠨᠳᠦ ᠶᠡᠭᠡ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ ᠡᠭᠦᠰᠪᠡᠯ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠤᠰᠬᠠᠢ ᠵᠦᠢ᠍ᠯ᠎ᠤᠨ ᠪᠡᠯᠡᠳᠬᠡᠯ ᠲᠥᠰᠥᠯ᠎ᠢ ᠡᠬᠢᠯᠡᠭᠦᠯᠦᠨ᠎ᠡ᠃
      (3) ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠴᠢᠬᠤᠯᠠ ᠶᠡᠭᠡ ᠬᠡᠷᠡᠭ (Ⅱ ᠳᠡᠰ)᠎ᠤᠨ ᠳᠡᠰ᠎ᠲᠤ ᠨᠡᠶ᠋ᠢᠴᠡᠭᠰᠡᠨ ᠪᠤᠰᠤᠳ ᠭᠡᠨᠡᠳᠲᠡ ᠵᠢᠨ ᠤᠯᠠᠨ ᠨᠡᠶ᠋ᠢᠲᠡ ᠵᠢᠨ ᠬᠡᠷᠡᠭ᠃
      4.1.2.2Ⅱ ᠳᠡᠰ᠎ᠤᠨ ᠳᠠᠭ᠋ᠠᠬᠤ ᠠᠵᠢᠯᠯᠠᠭ᠎ᠠ
      ᠬᠦᠨᠳᠦ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠡᠭᠦᠰᠬᠦ ᠦᠶ᠎ᠡ᠎ᠳᠤ᠂ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠤᠲᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠤᠳᠤᠯᠭ᠎ᠠ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶ᠋ᠢᠯᠠᠩ᠎ᠤᠨ ᠠᠵᠢᠯ᠎ᠢ ᠳᠠᠷᠤᠶ᠋ᠢᠬᠠᠨ ᠡᠬᠢᠯᠡᠭᠦᠯᠵᠦ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠦᠳᠲᠡᠷ ᠲᠦᠷᠭᠡᠨ ᠵᠣᠬᠢᠶᠠᠨ ᠪᠠᠶ᠋ᠢᠭᠤᠯᠤᠨ ᠵᠣᠬᠢᠴᠠᠭᠤᠯᠤᠨ ᠥᠷᠨᠢᠭᠦᠯᠵᠦ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡ ᠪᠣᠯᠣᠨ ᠬᠤᠯᠪᠣᠭᠳᠠᠯ ᠪᠦᠬᠦᠢ ᠬᠥᠮᠥᠰ᠎ᠢ ᠵᠣᠬᠢᠶᠠᠨ ᠪᠠᠶ᠋ᠢᠭᠤᠯᠤᠨ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠲᠤᠬᠠᠢ ᠵᠢᠨ ᠲᠠᠯᠠᠪᠤᠷ᠎ᠲᠤ ᠬᠦᠷᠴᠦ ᠡᠮᠨᠡᠨ ᠠᠪᠤᠷᠠᠬᠤ ᠠᠵᠢᠯᠯᠠᠭ᠎ᠠ ᠥᠷᠨᠢᠭᠦᠯᠵᠦ᠂ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶ᠋ᠢᠳᠠᠯ᠎ᠳᠤ ᠶᠡᠷᠦᠩᠬᠡᠶ᠋ᠢᠯᠡᠭᠰᠡᠨ ᠦᠨᠡᠯᠡᠨ ᠵᠢᠱ᠌ᠢᠯᠲᠡ ᠬᠢᠵᠦ᠂ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠤᠨ ᠰᠠᠨᠠᠭᠤᠯᠭ᠎ᠠ ᠳᠤᠷᠠᠳᠴᠤ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢ ᠵᠢᠯᠤᠭᠤᠳᠬᠤ ᠪᠠᠶ᠋ᠢᠭᠤᠯᠤᠮᠵᠢ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠴᠢᠬᠤᠯᠠ ᠶᠡᠭᠡ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠬᠤᠯᠪᠣᠭᠳᠠᠯ ᠪᠦᠬᠦᠢ ᠪᠠᠶ᠋ᠢᠳᠠᠯ᠎ᠢ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃ ᠬᠡᠷᠡᠭᠴᠡᠭᠡ᠎ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠮᠨᠡᠯᠭᠡ ᠡᠷᠡᠭᠦᠯ ᠬᠠᠮᠠᠭ᠋ᠠᠯᠠᠯ᠎ᠤᠨ ᠲᠤᠰᠠᠯᠠᠮᠵᠢ ᠵᠢ ᠣᠯᠬᠤ᠎ᠪᠠᠷ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢ᠎ᠳᠤᠨᠢ ᠳᠡᠪᠰᠢᠭᠦᠯᠦᠨ ᠮᠡᠳᠡᠭᠦᠯᠦᠨ᠎ᠡ᠃
      ᠬᠡᠷᠡᠭ ᠡᠭᠦᠰᠦᠭᠰᠡᠨ ᠭᠠᠵᠠᠷ᠎ᠤᠨ ᠬᠤᠰᠢᠭᠤ ᠰᠢᠶᠠᠨ ᠲᠣᠭᠤᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠤᠲᠠ ᠵᠢᠨ ᠱᠠᠲᠤᠨ᠎ᠤ ᠪᠠ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ᠎ᠤ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠬᠦᠨᠳᠦ ᠶᠡᠭᠡ ᠭᠡᠨᠡᠳᠲᠡ ᠵᠢᠨ ᠴᠢᠨᠠᠷᠲᠠᠢ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃
      4.1.3 Ⅲ ᠳᠡᠰ᠎ᠤᠨ ᠳᠠᠭ᠋ᠠᠯ
      4.1.3.1 Ⅲ ᠳᠡᠰ᠎ᠤᠨ ᠳᠠᠭ᠋ᠠᠬᠤ ᠵᠢ ᠡᠬᠢᠯᠡᠭᠦᠯᠬᠦ
      ᠳᠣᠣᠷᠠᠬᠢ ᠨᠥᠬᠦᠴᠡᠯ᠎ᠤᠳ᠎ᠤᠨ ᠨᠢᠭᠡ᠎ᠳᠤᠨᠢ ᠨᠡᠶ᠋ᠢᠴᠡᠪᠡᠯ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ Ⅲ ᠲᠠᠰ᠎ᠤᠨ ᠳᠠᠭ᠋ᠠᠬᠤ ᠵᠢ ᠡᠬᠢᠯᠡᠭᠦᠯᠦᠨ᠎ᠡ᠄
      (1) ᠨᠡᠯᠢᠶᠡᠳ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠭᠠᠷᠪᠠᠯ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠬᠤᠲᠠ ᠵᠢᠨ ᠱᠠᠲᠤᠨ᠎ᠤ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠥᠯ᠎ᠢ ᠡᠬᠢᠯᠡᠭᠦᠯᠦᠨ᠎ᠡ᠃
      (2) ᠨᠡᠯᠢᠶᠡᠳ ᠶᠡᠭᠡ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠡᠭᠦᠰᠪᠡᠯ᠂ ᠬᠤᠲᠠ ᠵᠢᠨ ᠱᠠᠲᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠬᠤᠲᠠ ᠵᠢᠨ ᠱᠠᠲᠤᠨ᠎ᠤ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠤᠰᠬᠠᠢ ᠲᠥᠰᠥᠯ᠎ᠢ ᠡᠬᠢᠯᠡᠭᠦᠯᠦᠨ᠎ᠡ᠃
      (3) ᠪᠤᠰᠤᠳ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠨᠡᠯᠢᠶᠡᠳ ᠶᠡᠭᠡ ᠬᠡᠷᠡᠭ (Ⅲ ᠲᠠᠰ)᠎ᠤᠨ ᠲᠠᠰ᠎ᠲᠤ ᠨᠡᠶ᠋ᠢᠴᠡᠬᠦ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠃
      4.1.3.2 Ⅲ ᠳᠡᠰ᠎ᠤᠨ ᠳᠠᠭ᠋ᠠᠬᠤ ᠠᠵᠢᠯᠯᠠᠭ᠎ᠠ
      ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠭᠡᠨᠡᠳᠲᠡ ᠡᠭᠦᠰᠦᠭᠰᠡᠨ ᠨᠡᠯᠢᠶᠡᠳ ᠶᠡᠭᠡ ᠣᠯᠠᠨ ᠨᠡᠶ᠋ᠢᠲᠡ ᠵᠢᠨ ᠬᠡᠷᠡᠭ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠵᠢᠭ᠋ᠠᠪᠤᠷᠢ᠂ ᠮᠡᠳᠡᠭᠳᠡᠯ ᠪᠤᠶᠤ ᠮᠡᠳᠡᠭᠦᠯᠦᠯᠲᠡ ᠵᠢ ᠣᠯᠣᠭᠰᠠᠨ᠎ᠤ ᠳᠠᠷᠠᠭ᠎ᠠ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶ᠋ᠢᠯᠠᠩ᠎ᠤᠨ ᠠᠵᠢᠯ᠎ᠢ ᠳᠠᠷᠤᠶ᠋ᠢᠬᠠᠨ ᠡᠬᠢᠯᠡᠭᠦᠯᠵᠦ᠂ ᠲᠤᠬᠠᠢ ᠵᠢᠨ ᠲᠠᠯᠠᠪᠠᠶ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠦᠳᠲᠡᠷ ᠲᠦᠷᠭᠡᠨ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠤᠰᠬᠠᠢ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶ᠋ᠢᠳᠠᠯ᠎ᠳᠤ ᠶᠡᠷᠦᠩᠬᠡᠶ᠋ᠢᠯᠡᠭᠰᠡᠨ ᠦᠨᠡᠯᠡᠨ ᠵᠢᠱ᠌ᠢᠯᠲᠡ ᠬᠢᠬᠦ ᠵᠢᠨ ᠬᠠᠮᠲᠤ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ ᠪᠠ ᠲᠣᠰ ᠱᠠᠲᠤᠨ᠎ᠤ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢᠯᠤᠭᠤᠳᠬᠤ ᠪᠠᠶ᠋ᠢᠭᠤᠯᠤᠮᠵᠢ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠨᠡᠯᠢᠶᠡᠳ ᠶᠡᠭᠡ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠪᠠᠶ᠋ᠢᠳᠠᠯ᠎ᠢ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠢᠢ᠍ᠳᠪᠦᠷᠢᠯᠡᠭᠰᠡᠨ ᠪᠠᠶ᠋ᠢᠳᠠᠯ᠎ᠢ ᠮᠡᠳᠡᠭᠦᠯᠬᠦ ᠬᠡᠷᠡᠭᠲᠡᠢ᠃ ᠬᠡᠷᠡᠭᠴᠡᠭᠡ᠎ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠡᠮᠨᠡᠯᠭᠡ ᠡᠷᠡᠭᠦᠯ ᠬᠠᠮᠠᠭ᠋ᠠᠯᠠᠯ᠎ᠤᠨ ᠲᠤᠰᠠᠯᠠᠮᠵᠢ ᠵᠢ ᠣᠯᠬᠤ᠎ᠪᠠᠷ ᠬᠤᠳᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠴᠠᠭ ᠲᠤᠬᠠᠢ᠎ᠳᠤᠨᠢ ᠳᠡᠪᠰᠢᠭᠦᠯᠦᠨ ᠮᠡᠳᠡᠭᠦᠯᠦᠨ᠎ᠡ᠃
      4.1.4 Ⅳ ᠳᠡᠰ᠎ᠤᠨ ᠳᠠᠭ᠋ᠠᠯ
      4.1.4.1 Ⅳ ᠳᠡᠰ᠎ᠤᠨ ᠳᠠᠭ᠋ᠠᠬᠤ ᠵᠢ ᠡᠬᠢᠯᠡᠭᠦᠯᠬᠦ
      ᠳᠣᠣᠷ᠎ᠠ ᠵᠢᠭᠰᠠᠭ᠋ᠠᠭᠰᠠᠨ ᠨᠥᠬᠦᠴᠡᠯ᠎ᠤᠳ᠎ᠤᠨ ᠨᠢᠭᠡ᠎ᠳᠤᠨᠢ ᠨᠡᠶ᠋ᠢᠴᠡᠪᠡᠯ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ Ⅳ ᠳᠡᠰ᠎ᠤᠨ ᠴᠤᠤᠷᠢᠶᠠᠲᠤᠯ᠎ᠢ ᠡᠬᠢᠯᠡᠭᠦᠯᠦᠨ᠎ᠡ᠄
      (1) ᠡᠩ᠎ᠤᠨ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ ᠡᠭᠦᠰᠪᠡᠯ᠂ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠬᠤᠰᠢᠭᠤ ᠰᠢᠶᠠᠨ᠎ᠤ ᠱᠠᠲᠤᠨ᠎ᠤ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠢ ᠡᠬᠢᠯᠡᠭᠦᠯᠦᠨ᠎ᠡ᠃
      (2) ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩ᠎ᠤᠨ ᠬᠡᠷᠡᠭ (IV ᠳᠡᠰ)᠎ᠤᠨ ᠳᠡᠰ᠎ᠲᠤ ᠨᠡᠶ᠋ᠢᠴᠡᠬᠦ ᠪᠤᠰᠤᠳ ᠭᠡᠨᠡᠳᠲᠡ ᠵᠢᠨ ᠤᠯᠠᠨ ᠨᠡᠶ᠋ᠢᠲᠡ ᠵᠢᠨ ᠬᠡᠷᠡᠭ᠃
      4.1.4.2 Ⅳ ᠳᠡᠰ᠎ᠤᠨ ᠳᠠᠭ᠋ᠠᠬᠤ ᠠᠵᠢᠯᠯᠠᠭ᠎ᠠ
      ᠬᠤᠰᠢᠭᠤ ᠰᠢᠶᠠᠨ ᠲᠣᠭᠤᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠡᠩ᠎ᠤᠨ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠵᠢᠭ᠋ᠠᠪᠤᠷᠢ᠂ ᠮᠡᠳᠡᠭᠳᠡᠯ ᠪᠤᠶᠤ ᠮᠡᠳᠡᠭᠦᠯᠦᠯᠲᠡ ᠵᠢ ᠣᠯᠣᠭᠰᠠᠨ᠎ᠤ ᠳᠠᠷᠠᠭ᠎ᠠ᠂ ᠬᠤᠰᠢᠭᠤ ᠰᠢᠶᠠᠨ᠎ᠤ ᠱᠠᠲᠤᠨ᠎ᠤ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠵᠢᠯ᠎ᠢ ᠳᠠᠷᠤᠢ ᠲᠦᠷᠭᠡᠨ ᠡᠬᠢᠯᠡᠭᠦᠯᠵᠦ᠂ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠶ᠋ᠢᠭᠤᠯᠤᠮᠵᠢ ᠵᠢ ᠦᠳᠲᠡᠷ ᠲᠦᠷᠭᠡᠨ ᠵᠣᠬᠢᠶᠠᠨ ᠪᠠᠶ᠋ᠢᠭᠤᠯᠤᠨ ᠭᠡᠨᠡᠳᠲᠡ ᠡᠭᠦᠰᠬᠦ ᠤᠯᠠᠨ ᠨᠡᠶ᠋ᠢᠲᠡ ᠵᠢᠨ ᠬᠡᠷᠡᠭ᠎ᠤᠨ ᠲᠤᠬᠠᠢ ᠵᠢᠨ ᠲᠠᠯᠠᠪᠠᠢ ᠵᠢᠨ ᠠᠪᠤᠷᠠᠨ ᠵᠠᠰᠠᠬᠤ ᠠᠵᠢᠯ᠎ᠢ ᠥᠷᠨᠢᠭᠦᠯᠵᠦ᠂ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠰᠢᠷᠬᠠᠲᠤᠭᠰᠠᠳ ᠬᠢᠭᠡᠳ ᠠᠪᠤᠷᠠᠨ ᠵᠠᠰᠠᠭᠰᠠᠨ ᠪᠠᠶ᠋ᠢᠳᠠᠯ᠎ᠢ ᠨᠤᠲᠠᠯᠠᠬᠤ ᠪᠠ ᠦᠨᠡᠯᠡᠨ ᠵᠢᠱ᠌ᠢᠬᠦ ᠵᠢᠨ ᠬᠠᠮᠲᠤ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ ᠪᠣᠯᠣᠨ ᠭᠡᠨᠡᠳᠲᠡ ᠡᠭᠦᠰᠬᠦ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠵᠢᠯᠤᠭᠤᠳᠬᠤ ᠪᠠᠶ᠋ᠢᠭᠤᠯᠤᠮᠵᠢ᠎ᠳᠤ ᠬᠤᠯᠪᠣᠭᠳᠠᠯ ᠪᠦᠬᠦᠢ ᠰᠢᠢ᠍ᠳᠪᠦᠷᠢᠯᠡᠭᠰᠡᠨ ᠪᠠᠶ᠋ᠢᠳᠠᠯ᠎ᠢ ᠮᠡᠳᠡᠭᠦᠯᠬᠦ ᠬᠡᠷᠡᠭᠲᠡᠢ᠃ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠴᠢᠬᠤᠯᠠ᠎ᠲᠠᠢ ᠦᠶ᠎ᠡ᠎ᠳᠤ ᠲᠤᠰᠬᠠᠢ ᠮᠡᠷᠭᠡᠵᠢᠯᠲᠡᠨ᠎ᠢ ᠦᠳᠲᠡᠷ ᠲᠦᠷᠭᠡᠨ ᠵᠣᠬᠢᠶᠠᠨ ᠪᠠᠶ᠋ᠢᠭᠤᠯᠵᠤ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ᠎ᠳᠤ ᠮᠡᠷᠭᠡᠵᠢᠯ᠎ᠤᠨ ᠵᠢᠯᠣᠭᠤᠳᠤᠯᠭ᠎ᠠ ᠬᠢᠬᠦ ᠬᠡᠷᠡᠭᠲᠡᠢ᠃
      4.2 ᠲᠤᠬᠠᠢ ᠵᠢᠨ ᠲᠠᠯᠠᠪᠠᠶ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠ ᠵᠢᠯᠤᠭᠤᠳᠬᠤ
      ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡ ᠠᠪᠤᠷᠠᠨ ᠲᠤᠰᠠᠯᠠᠬᠤ ᠵᠠᠷᠯᠢᠭ᠎ᠢ ᠣᠯᠣᠭᠰᠠᠨ᠎ᠤ ᠳᠠᠷᠠᠭ᠎ᠠ ᠲᠤᠬᠠᠢ ᠵᠢᠨ ᠲᠠᠯᠠᠪᠤᠷ᠎ᠲᠤ ᠴᠠᠭ ᠲᠤᠬᠠᠢ᠎ᠳᠤᠨᠢ ᠣᠴᠢᠬᠤ ᠬᠡᠷᠡᠭᠲᠡᠢ ᠪᠥᠭᠡᠳ ᠲᠤᠬᠠᠢ ᠵᠢᠨ ᠲᠠᠯᠠᠪᠤᠷ᠎ᠤᠨ ᠪᠠᠶ᠋ᠢᠳᠠᠯ᠎ᠢ ᠦᠨᠳᠦᠰᠦᠯᠡᠨ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠥᠷᠨᠢᠭᠦᠯᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢ ᠬᠡᠷᠡᠭᠵᠢᠭᠦᠯᠬᠦ ᠶᠠᠪᠤᠴᠠ᠎ᠳᠤ᠂ ᠠᠪᠤᠷᠠᠨ ᠵᠠᠰᠠᠬᠤ ᠠᠵᠢᠯ᠎ᠢ ᠢᠳᠡᠪᠬᠢᠲᠡᠢ ᠥᠷᠨᠢᠭᠦᠯᠬᠦ ᠮᠥᠷᠲᠡᠭᠡᠨ ᠪᠠᠰᠠ ᠥᠪᠡᠷ᠎ᠢ᠎ᠪᠠᠨ ᠬᠠᠮᠠᠭ᠋ᠠᠯᠠᠬᠤ ᠵᠢ ᠴᠢᠬᠤᠯᠠᠴᠢᠯᠠᠵᠤ᠂ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ᠃
      ᠲᠤᠬᠠᠢ ᠵᠢᠨ ᠲᠠᠯᠠᠪᠤᠷ᠎ᠤᠨ ᠪᠠᠶ᠋ᠢᠳᠠᠯ᠎ᠢ ᠴᠠᠭ ᠲᠤᠬᠠᠢ᠎ᠳᠤᠨᠢ ᠣᠨᠣᠪᠴᠢᠲᠠᠶ ᠲᠤᠬᠠᠢ ᠵᠢᠨ ᠲᠠᠯᠠᠪᠠᠶ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠤᠭᠤᠳᠬᠤ ᠠᠵᠢᠯ᠎ᠢ ᠰᠠᠶ᠋ᠢᠲᠤᠷ ᠬᠢᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠪᠠᠴᠢᠮ᠂ ᠡᠮᠬᠢ ᠵᠢᠷᠤᠮ᠎ᠲᠠᠢ᠂ ᠥᠨᠳᠥᠷ ᠦᠷ᠎ᠡ ᠪᠦᠲᠦᠮᠵᠢᠲᠡᠶ ᠶᠠᠪᠤᠭᠳᠠᠭᠤᠯᠵᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠬᠡᠷᠡᠭ ᠭᠠᠷᠤᠭᠰᠠᠨ ᠲᠤᠬᠠᠢ ᠵᠢᠨ ᠲᠠᠯᠠᠪᠠᠶ᠎ᠳᠤ ᠲᠤᠬᠠᠢ ᠵᠢᠨ ᠲᠠᠯᠠᠪᠠᠶ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠤᠭᠤᠳᠬᠤ ᠭᠠᠵᠠᠷ ᠲᠣᠬᠢᠷᠠᠭᠤᠯᠵᠤ᠂ ᠭᠤᠣᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠡᠶ᠎ᠡ᠎ᠪᠠᠷ ᠵᠶ᠋ᠠᠨ ᠲᠤᠬᠠᠢ ᠵᠢᠨ ᠲᠠᠯᠠᠪᠠᠶ᠎ᠳᠤ ᠬᠦᠷᠴᠦ᠂ ᠡᠮᠦᠨ᠎ᠡ᠎ᠨᠢ ᠵᠢᠯᠤᠭᠤᠳᠴᠤ᠂ ᠳᠤᠮᠳᠠᠬᠢ ᠭᠤᠭᠴᠤᠭ᠎ᠠ ᠵᠢ ᠪᠠᠭ᠋ᠠᠰᠬᠠᠨ᠂ ᠰᠢᠢ᠍ᠳᠪᠦᠷᠢᠲᠦ ᠪᠣᠳᠣᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠠᠬᠢᠴᠠ ᠵᠢ ᠲᠦᠷᠭᠡᠳᠬᠡᠬᠦ ᠬᠡᠷᠡᠭᠲᠡᠢ᠃ ᠲᠤᠬᠠᠢ ᠵᠢᠨ ᠲᠠᠯᠠᠪᠤᠷ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠢᠯᠤᠭᠤᠳᠬᠤ ᠭᠠᠵᠠᠷ᠎ᠨᠢ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠵᠢᠯ᠎ᠤᠨ ᠵᠢᠯᠤᠭᠤᠳᠬᠤ ᠪᠠᠶ᠋ᠢᠭᠤᠯᠤᠮᠵᠢ ᠵᠢᠨ ᠤᠳᠤᠷᠢᠳᠤᠯᠭ᠎ᠠ ᠵᠢ ᠬᠦᠯᠢᠶᠡᠵᠦ᠂ ᠲᠤᠬᠠᠢ ᠵᠢᠨ ᠲᠠᠯᠠᠪᠤᠷ᠎ᠤᠨ ᠡᠯ᠎ᠡ ᠠᠪᠤᠷᠠᠨ ᠲᠤᠰᠠᠯᠠᠬᠤ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠪᠠ ᠵᠣᠬᠢᠴᠠᠭᠤᠯᠭ᠎ᠠ᠎ᠪᠠᠨ ᠴᠢᠩᠭ᠋ᠠᠳᠬᠠᠬᠤ ᠬᠡᠷᠡᠭᠲᠡᠢ᠃      
      4.2.1 ᠲᠤᠬᠠᠢ ᠵᠢᠨ ᠭᠠᠵᠠᠷ᠎ᠲᠤᠨᠢ ᠲᠦᠷᠭᠡᠨ ᠠᠪᠤᠷᠠᠬᠤ
      ᠲᠤᠬᠠᠢ ᠵᠢᠨ ᠲᠠᠯᠠᠪᠤᠷ᠎ᠲᠤ ᠬᠦᠷᠦᠭᠰᠡᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡ᠎ᠨᠢ ᠲᠤᠬᠠᠢ ᠵᠢᠨ ᠲᠠᠯᠠᠪᠤᠷ᠎ᠤᠨ ᠲᠤᠰᠬᠠᠢ ᠠᠪᠤᠷᠠᠨ ᠲᠤᠰᠠᠯᠠᠬᠤ ᠡᠩᠨᠡᠭᠡ᠎ᠲᠠᠢ ᠬᠠᠮᠵᠢᠯᠴᠠᠨ᠂ ᠰᠢᠷᠬᠠᠲᠤᠭᠰᠠᠳ᠎ᠢ ᠠᠶᠤᠯ᠎ᠲᠠᠢ ᠣᠷᠣᠨ᠎ᠠᠴᠠ ᠲᠦᠷᠭᠡᠨ ᠰᠢᠯᠵᠢᠭᠦᠯᠦᠨ ᠭᠠᠷᠭ᠋ᠠᠵᠤ᠂ 《ᠤᠷᠢᠳ ᠵᠶ᠋ᠠᠷ ᠠᠮᠢ ᠵᠢ ᠎ᠨᠢ ᠠᠪᠤᠷᠠᠵᠤ ᠳᠠᠷᠠᠭ᠎ᠠ᠎ᠨᠢ ᠰᠢᠷᠬᠠᠲᠠᠨ᠎ᠢ᠎ᠨᠢ ᠵᠠᠰᠠᠵᠤ᠂ ᠤᠷᠢᠳ ᠵᠶ᠋ᠠᠷ ᠬᠦᠨᠳᠦ ᠵᠢ᠎ᠨᠢ ᠠᠪᠤᠷᠠᠵᠤ ᠳᠠᠷᠠᠭ᠎ᠠ᠎ᠨᠢ ᠬᠥᠩᠭᠡᠨ᠎ᠢ᠎ᠨᠢ ᠠᠪᠤᠷᠠᠬᠤ》 ᠵᠠᠷᠴᠢᠮ ᠶᠣᠰᠣᠭ᠋ᠠᠷ ᠠᠵᠢᠯ ᠵᠶ᠋ᠠᠨ ᠥᠷᠨᠢᠭᠦᠯᠵᠦ᠂ ᠣᠯᠠᠨ ᠤᠯᠤᠰ᠎ᠤᠨ ᠨᠢᠭᠡᠳᠦᠯᠲᠡᠢ ᠪᠠᠷᠢᠮᠵᠢᠶ᠎ᠠ᠎ᠪᠠᠷ ᠰᠢᠷᠬᠠᠲᠤᠭᠰᠠᠳ᠎ᠤᠨ ᠰᠢᠷᠬ᠎ᠠ ᠵᠢ ᠪᠠᠶ᠋ᠢᠴᠠᠭ᠋ᠠᠨ ᠲᠥᠷᠥᠯ ᠬᠤᠪᠢᠶᠠᠵᠤ᠂ ᠲᠣᠰ ᠲᠣᠰ 《ᠨᠣᠭᠤᠭ᠋ᠠᠨ᠂ ᠰᠢᠷ᠎ᠠ᠂ ᠤᠯᠠᠭ᠋ᠠᠨ᠂ ᠬᠠᠷ᠎ᠠ》 ᠳᠥᠷᠪᠡᠨ ᠥᠩᠭᠡ᠎ᠪᠠᠷ ᠬᠥᠩᠭᠡᠨ᠂ ᠬᠦᠨᠳᠦ᠂ ᠠᠶᠤᠯ᠎ᠲᠠᠢ ᠬᠦᠨᠳᠦ ᠰᠢᠷᠬᠠᠲᠠᠨ ᠪᠠ ᠦᠬᠦᠭᠰᠡᠳ᠎ᠲᠤ ᠲᠡᠮᠳᠡᠭ (ᠲᠥᠷᠥᠯ ᠬᠤᠪᠢᠶᠠᠬᠤ ᠲᠡᠮᠳᠡᠭ᠎ᠢ ᠰᠦᠯᠢᠶᠥᠦ ᠮᠠᠲ᠋ᠧᠷᠢᠶᠠᠯ ᠵᠶ᠋ᠠᠷ ᠪᠠᠭᠤᠤ ᠵᠢᠨ ᠪᠦᠴᠡ ᠵᠣᠬᠢᠶᠠᠨ᠎ᠠ) ᠬᠢᠵᠦ᠂ ᠰᠢᠷᠬᠠᠲᠠᠨ ᠪᠤᠶᠤ ᠦᠬᠦᠭᠰᠡᠳ᠎ᠤᠨ ᠪᠠᠭᠤᠤ ᠪᠤᠶᠤ ᠬᠥᠯ᠎ᠤᠨ ᠱᠠᠭ᠎ᠠ ᠵᠢᠨ ᠬᠡᠰᠡᠭ᠎ᠲᠤ ᠬᠥᠮᠥᠷᠢᠵᠦ᠂ ᠬᠤᠶ᠋ᠢᠰᠢᠳᠠ ᠵᠢᠨ ᠠᠪᠤᠷᠠᠨ ᠵᠠᠰᠠᠯᠲᠠ᠎ᠳᠤ ᠢᠯᠭ᠋ᠠᠨ ᠲᠠᠨᠢᠭᠤᠯᠬᠤ ᠪᠤᠶᠤ ᠵᠣᠬᠢᠴᠠᠩᠭᠤᠢ ᠠᠷᠭ᠎ᠠ ᠬᠡᠮᠵᠢᠶ᠎ᠡ ᠠᠪᠬᠤ᠎ᠳᠤ ᠲᠥᠬᠦᠮ ᠪᠣᠯᠭ᠋ᠠᠨ᠎ᠠ᠃
      4.2.2 ᠰᠢᠷᠬᠠᠲᠠᠨ᠎ᠢ ᠰᠢᠯᠵᠢᠭᠦᠯᠦᠨ ᠵᠥᠭᠡᠭᠡᠪᠦᠷᠢᠯᠡᠬᠦ
      ᠲᠤᠬᠠᠢ ᠵᠢᠨ ᠲᠠᠯᠠᠪᠤᠷ᠎ᠤᠨ ᠣᠷᠴᠢᠨ ᠲᠣᠭᠤᠷᠢᠨ ᠠᠶᠤᠯ ᠲᠦᠭᠰᠢᠭᠦᠷᠢ᠎ᠳᠤ ᠤᠴᠠᠷᠠᠭᠰᠠᠨ ᠪᠤᠶᠤ ᠰᠢᠷᠬᠠᠲᠠᠨ ᠡᠪᠡᠳᠴᠢᠲᠡᠨ᠎ᠤ ᠪᠠᠶ᠋ᠢᠳᠠᠯ ᠵᠥᠪᠰᠢᠶᠡᠷᠡᠬᠦ ᠦᠶ᠎ᠡ᠎ᠳᠤ᠂ ᠰᠢᠷᠬᠠᠲᠠᠨ ᠡᠪᠡᠳᠴᠢᠲᠡᠨ᠎ᠢ ᠠᠯᠢ ᠲᠦᠷᠭᠡᠨ ᠵᠶ᠋ᠠᠷ ᠰᠢᠯᠵᠢᠭᠦᠯᠦᠨ ᠵᠥᠭᠡᠭᠡᠪᠦᠷᠢᠯᠡᠬᠦ ᠵᠢᠨ ᠬᠠᠮᠲᠤ ᠳᠣᠣᠷᠠᠬᠢ ᠠᠵᠢᠯ᠎ᠤᠳ᠎ᠢ ᠰᠠᠶ᠋ᠢᠲᠤᠷ ᠬᠢᠨ᠎ᠡ᠄
      (1) ᠰᠢᠷᠬ᠎ᠠ ᠵᠢ᠎ᠨᠢ ᠪᠠᠶ᠋ᠢᠴᠠᠭ᠋ᠠᠭ᠋ᠠᠳ ᠲᠦᠷᠦᠯ ᠬᠤᠪᠢᠶᠠᠨ ᠰᠢᠯᠵᠢᠭᠦᠯᠦᠨ ᠵᠥᠭᠡᠭᠡᠪᠦᠷᠢᠯᠡᠬᠦ᠎ᠪᠠᠷ ᠬᠦᠯᠢᠶᠡᠵᠦ ᠪᠠᠶ᠋ᠢᠭ᠎ᠠ ᠰᠢᠷᠬᠠᠲᠠᠨ᠎ᠳᠤ ᠳᠠᠬᠢᠨ ᠪᠠᠶ᠋ᠢᠴᠠᠭ᠋ᠠᠯᠲᠠ ᠬᠢᠨ᠎ᠡ᠃ ᠬᠥᠳᠡᠯᠦᠩᠭᠦᠢ᠎ᠪᠠᠷ ᠶᠡᠭᠡ ᠴᠢᠰᠤ ᠭᠠᠷᠤᠭᠰᠠᠨ ᠪᠤᠶᠤ ᠰᠢᠯᠵᠢᠭᠦᠯᠦᠨ ᠵᠥᠭᠡᠭᠡᠪᠦᠷᠢᠯᠡᠬᠦ ᠶᠠᠪᠤᠴᠠ᠎ᠳᠤ ᠠᠮᠢ ᠨᠠᠰᠤᠨ᠎ᠤ ᠠᠶᠤᠯ᠎ᠲᠠᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ᠎ᠢ ᠲᠤᠬᠠᠢ ᠵᠢᠨ ᠭᠠᠵᠠᠷ᠎ᠲᠤᠨᠢ ᠤᠷᠢᠳ ᠵᠶ᠋ᠠᠷ ᠲᠦᠷᠭᠡᠨ ᠠᠪᠤᠷᠠᠵᠤ᠂ ᠡᠮᠨᠡᠨ ᠵᠠᠰᠠᠵᠤ᠂ ᠴᠢᠬᠤᠯᠠ ᠪᠦᠬᠦᠢ ᠰᠢᠢ᠍ᠳᠪᠦᠷᠢᠯᠡᠯᠲᠡ ᠬᠢᠭᠰᠡᠨ᠎ᠤ ᠳᠠᠷᠠᠭ᠎ᠠ ᠰᠠᠶᠢ ᠬᠢᠨᠠᠨ ᠬᠠᠮᠠᠭ᠋ᠠᠯᠠᠯᠲᠠ ᠵᠢᠨ ᠳᠣᠣᠷ᠎ᠠ ᠰᠢᠯᠵᠢᠭᠦᠯᠦᠨ ᠵᠥᠭᠡᠭᠡᠪᠦᠷᠢᠯᠡᠨ᠎ᠡ᠃
      (2) ᠰᠢᠯᠵᠢᠭᠦᠯᠦᠨ ᠲᠡᠭᠡᠭᠡᠪᠦᠷᠢᠯᠡᠬᠦ ᠺᠠᠷᠲ᠎ᠢ ᠨᠠᠷᠢᠨ ᠬᠢᠨᠠᠮᠠᠭ᠋ᠠᠢ ᠲᠠᠭᠯᠠᠵᠤ᠂ ᠭᠥᠯᠢᠶᠡᠨ ᠠᠪᠤᠭᠰᠠᠨ ᠡᠮᠴᠢᠯᠡᠭᠡᠨ᠎ᠤ ᠪᠠᠶ᠋ᠢᠭᠤᠯᠤᠮᠵᠢ᠎ᠳᠤ ᠲᠤᠰᠢᠶᠠᠬᠤ ᠵᠢᠨ ᠬᠠᠮᠲᠤ᠂ ᠲᠤᠬᠠᠢ ᠵᠢᠨ ᠲᠠᠯᠠᠪᠤᠷ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ᠎ᠲᠤ ᠮᠡᠳᠡᠭᠦᠯᠵᠦ ᠬᠤᠷᠢᠶᠠᠩᠭᠤᠶ᠋ᠢᠯᠠᠭᠤᠯᠤᠨ᠎ᠠ᠃
      (3) ᠰᠢᠯᠵᠢᠭᠦᠯᠦᠨ ᠵᠥᠭᠡᠭᠡᠪᠦᠷᠢᠯᠡᠬᠦ ᠶᠠᠪᠤᠴᠠ᠎ᠳᠤ᠂ ᠡᠮᠴᠢ ᠰᠤᠪᠢᠯᠠᠭᠴᠢ ᠡᠷᠬᠡᠪᠰᠢ ᠡᠮᠴᠢᠯᠡᠭᠡᠨ᠎ᠤ ᠥᠷᠥᠭᠡᠨ᠎ᠳᠤ ᠰᠢᠷᠬᠠᠲᠠᠨ ᠡᠪᠡᠳᠴᠢᠲᠡᠨ᠎ᠤ ᠡᠪᠡᠳᠴᠢᠨ᠎ᠤ ᠪᠠᠶ᠋ᠢᠳᠠᠯ᠎ᠤᠨ ᠬᠤᠪᠢᠷᠠᠯᠲᠠ ᠵᠢ ᠨᠢᠭᠲᠠ ᠠᠵᠢᠭᠯᠠᠬᠤ ᠵᠢᠨ ᠬᠠᠮᠲᠤ ᠡᠮᠴᠢᠯᠡᠭᠡᠨ᠎ᠤ ᠦᠷᠭᠦᠯᠵᠢᠯᠡᠨ ᠶᠠᠪᠤᠭᠳᠠᠬᠤ ᠵᠢ ᠪᠠᠲᠤᠯᠠᠬᠤ ᠬᠡᠷᠡᠭᠲᠡᠢ᠃
      (4) ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ᠎ᠳᠤ ᠡᠷᠬᠡᠪᠰᠢ ᠰᠢᠨᠵᠢᠯᠡᠬᠦ ᠤᠬᠠᠭ᠋ᠠᠨᠴᠢ᠎ᠪᠠᠷ ᠵᠥᠭᠡᠭᠡᠪᠦᠷᠢᠯᠡᠵᠦ᠂ ᠬᠤᠶᠠᠳᠠᠭᠢ ᠤᠳᠠᠭ᠎ᠠ ᠭᠡᠮᠲᠦᠭᠡᠬᠦ᠎ᠠᠴᠠ ᠵᠠᠶ᠋ᠢᠯᠠᠰᠬᠢᠬᠦ ᠬᠡᠷᠡᠭᠲᠡᠢ᠃
      (5) ᠰᠢᠷᠬᠠᠲᠠᠨ ᠡᠪᠡᠳᠴᠢᠲᠡᠨ᠎ᠢ ᠵᠦᠢ ᠵᠣᠬᠢᠰᠲᠠᠢ ᠰᠠᠯᠭ᠋ᠠᠨ ᠲᠣᠬᠢᠷᠠᠭᠤᠯᠬᠤ ᠪᠤᠶᠤ ᠲᠤᠬᠠᠢ ᠵᠢᠨ ᠲᠠᠯᠠᠪᠤᠷ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ᠎ᠤᠨ ᠵᠢᠭ᠋ᠠᠨ ᠲᠣᠭᠲᠠᠭ᠋ᠠᠭᠰᠠᠨ ᠭᠠᠵᠠᠷ ᠵᠶ᠋ᠠᠷ ᠰᠢᠯᠵᠢᠭᠦᠯᠦᠨ ᠲᠡᠭᠡᠭᠡᠪᠦᠷᠢᠯᠡᠨ᠎ᠡ᠂ ᠶᠠᠮᠠᠷᠪᠠ ᠡᠮᠴᠢᠯᠡᠭᠡᠨ᠎ᠤ ᠪᠠᠶ᠋ᠢᠭᠤᠯᠤᠮᠵᠢ ᠭᠡᠳ ᠶᠠᠮᠠᠷᠪᠠ ᠰᠢᠯᠲᠠᠭ᠋ᠠᠨ ᠵᠶ᠋ᠠᠷ ᠰᠢᠷᠬᠠᠲᠠᠨ ᠡᠪᠡᠳᠴᠢᠲᠡᠨ᠎ᠢ ᠣᠨᠣᠰᠢᠯᠠᠬᠤ ᠵᠢ ᠲᠡᠪᠴᠢᠵᠦ ᠪᠣᠯᠬᠤ ᠦᠭᠡᠢ᠂ ᠭᠥᠯᠢᠶᠡᠨ ᠠᠪᠬᠤ ᠵᠢ ᠲᠡᠪᠴᠢᠵᠦ ᠪᠣᠯᠬᠤ ᠦᠭᠡᠢ᠃
      4.3 ᠣᠶᠣᠨ᠎ᠤ ᠡᠷᠡᠭᠦᠯ ᠬᠠᠮᠠᠭ᠋ᠠᠯᠠᠯ᠂ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠪᠠ ᠡᠷᠡᠭᠦᠯ ᠬᠠᠮᠠᠭ᠋ᠠᠯᠠᠯ᠎ᠳᠤ ᠬᠢᠨᠠᠯᠲᠠ ᠲᠠᠯᠪᠢᠬᠤ ᠠᠵᠢᠯ
      ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ ᠡᠭᠦᠰᠦᠭᠰᠡᠨ᠎ᠤ ᠳᠠᠷᠠᠭ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠠᠶ᠋ᠢᠳᠠᠯ᠎ᠢ ᠦᠨᠳᠦᠰᠦᠯᠡᠨ ᠣᠶᠣᠨ᠎ᠤ ᠡᠷᠡᠭᠦᠯ ᠬᠠᠮᠠᠭ᠋ᠠᠯᠠᠯ᠂ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠬᠢᠨᠠᠯᠲᠠ ᠲᠠᠯᠪᠢᠬᠤ ᠵᠡᠷᠭᠡ ᠬᠤᠯᠪᠣᠭᠳᠠᠯ ᠪᠦᠬᠦᠢ ᠲᠤᠰᠬᠠᠢ ᠪᠠᠶ᠋ᠢᠭᠤᠯᠤᠮᠵᠢ ᠪᠠ ᠠᠵᠢᠯᠲᠠᠨ᠎ᠢ ᠵᠣᠬᠢᠶᠠᠨ ᠪᠠᠶ᠋ᠢᠭᠤᠯᠵᠤ᠂ ᠰᠡᠳᠬᠢᠴᠡ ᠵᠢᠨ ᠬᠢᠮᠤᠷᠠᠯ᠎ᠳᠤ ᠭᠠᠷ ᠲᠦᠷᠦᠭᠦ᠂ ᠡᠷᠡᠭᠦᠯ ᠬᠠᠮᠠᠭ᠋ᠠᠯᠠᠯ᠎ᠤᠨ ᠤᠬᠠᠭ᠋ᠠᠨ᠎ᠤ ᠪᠠᠶ᠋ᠢᠴᠠᠭ᠋ᠠᠯᠲᠠ ᠪᠠ ᠦᠨᠡᠯᠡᠯᠲᠡ᠂ ᠡᠷᠡᠭᠦᠯ ᠬᠠᠮᠠᠭ᠋ᠠᠯᠠᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠡᠷᠭᠡ ᠠᠵᠢᠯ᠎ᠢ ᠥᠷᠨᠢᠭᠦᠯᠵᠦ᠂ ᠰᠡᠷᠭᠡᠶ᠋ᠢᠯᠡᠨ ᠬᠢᠵᠠᠭ᠋ᠠᠷᠯᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠯᠠᠨ ᠨᠡᠶ᠋ᠢᠲᠡ ᠵᠢᠨ ᠡᠯ᠎ᠡ ᠲᠦᠷᠦᠯ᠎ᠤᠨ ᠭᠡᠨᠡᠳᠲᠡ ᠵᠢᠨ ᠬᠡᠷᠡᠭ᠎ᠠᠴᠠ ᠪᠤᠢ ᠪᠣᠯᠬᠤ ᠤᠯᠠᠨ ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠭᠡᠨᠡᠳᠲᠡ ᠵᠢᠨ ᠬᠡᠷᠡᠭ ᠡᠭᠦᠰᠬᠦ ᠪᠤᠶᠤ ᠡᠭᠦᠰᠬᠦ ᠵᠢ ᠰᠡᠷᠭᠡᠶ᠋ᠢᠯᠡᠵᠦ᠂ ᠶᠡᠭᠡ ᠭᠠᠮᠰᠢᠭ᠎ᠤᠨ ᠲᠠᠷᠠᠭ᠎ᠠ ᠶᠡᠭᠡ ᠬᠢᠵᠢᠭ ᠦᠯᠦ ᠳᠡᠯᠭᠡᠷᠡᠬᠦ ᠵᠢ ᠦᠨᠡᠨ ᠬᠦ᠌ ᠪᠠᠲᠤᠯᠠᠨ᠎ᠠ᠃
      4.4 ᠮᠡᠳᠡᠭᠡ ᠵᠠᠩᠭᠢ ᠵᠢ ᠮᠡᠳᠡᠭᠦᠯᠬᠦ ᠪᠠ ᠨᠡᠶ᠋ᠢᠲᠡᠯᠡᠬᠦ
      ᠡᠮᠴᠢᠯᠡᠭᠡᠨ᠎ᠤ ᠲᠦᠷᠭᠡᠨ ᠠᠪᠤᠷᠠᠯᠲᠠ ᠵᠢᠨ ᠲᠥᠪ (ᠥᠷᠲᠡᠭᠡ) ᠪᠣᠯᠣᠨ ᠪᠤᠰᠤᠳ ᠡᠮᠴᠢᠯᠡᠭᠡᠨ᠎ᠤ ᠪᠠᠶ᠋ᠢᠭᠤᠯᠤᠮᠵᠢ᠎ᠨᠤᠭᠤᠳ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠮᠡᠳᠡᠭᠦᠯᠦᠯᠲᠡ ᠵᠢ ᠣᠯᠣᠭᠰᠠᠨ᠎ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠦᠳᠲᠡᠷ ᠲᠦᠷᠭᠡᠨ ᠥᠷᠨᠢᠭᠦᠯᠬᠦ ᠵᠢᠨ ᠬᠠᠮᠲᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠲᠦᠷᠭᠡᠨ ᠠᠪᠤᠷᠠᠭᠰᠠᠨ ᠵᠡᠷᠭᠡ ᠪᠠᠶ᠋ᠢᠳᠠᠯ᠎ᠢ ᠬᠡᠷᠡᠭ ᠭᠠᠷᠤᠭᠰᠠᠨ ᠭᠠᠵᠠᠷ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠣᠨ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠢ ᠠᠷᠭ᠋ᠠᠴᠠᠬᠤ ᠵᠢᠨ ᠲᠥᠯᠥᠭᠡ ᠪᠠᠶ᠋ᠢᠭᠤᠯᠤᠭᠰᠠᠨ ᠲᠤᠬᠠᠢ ᠵᠢᠨ ᠲᠠᠯᠠᠪᠤᠷ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ᠎ᠲᠤ ᠳᠠᠷᠤᠢ ᠲᠦᠷᠭᠡᠨ ᠮᠡᠳᠡᠭᠦᠯᠬᠦ ᠬᠡᠷᠡᠭᠲᠡᠢ᠃
      ᠲᠤᠬᠠᠢ ᠵᠢᠨ ᠲᠠᠯᠠᠪᠠᠶ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠭᠦᠷᠭᠡ ᠵᠢ ᠡᠭᠦᠷᠭᠡᠯᠡᠭᠰᠡᠨ ᠡᠯ᠎ᠡ ᠡᠮᠴᠢᠯᠡᠭᠡᠨ᠎ᠤ ᠪᠠᠶ᠋ᠢᠭᠤᠯᠤᠮᠵᠢ ᠵᠢᠨ ᠬᠠᠮᠢᠶ᠎ᠠ ᠪᠦᠬᠦᠢ ᠲᠤᠭ᠎ᠠ ᠪᠠᠷᠢᠮᠲᠠ ᠵᠢ ᠬᠤᠷᠢᠶᠠᠩᠭᠤᠶ᠋ᠢᠯᠠᠵᠤ᠂ ᠡᠳᠦᠷ ᠪᠦᠷᠢ ᠳᠡᠭᠡᠳᠦ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠰᠢᠷᠬᠠᠲᠠᠨ ᠡᠪᠡᠳᠴᠢᠲᠡᠨ᠎ᠤ ᠪᠠᠶ᠋ᠢᠳᠠᠯ᠂ ᠡᠮᠴᠢᠯᠡᠭᠡᠨ᠎ᠤ ᠠᠪᠤᠷᠠᠨ ᠵᠠᠰᠠᠭᠰᠠᠨ ᠠᠬᠢᠴᠠ ᠵᠡᠷᠭᠡ ᠵᠢ ᠮᠡᠳᠡᠭᠦᠯᠵᠦ᠂ ᠴᠢᠬᠤᠯᠠ ᠪᠠᠶ᠋ᠢᠳᠠᠯ᠎ᠢ ᠴᠠᠭ ᠲᠤᠬᠠᠢ᠎ᠳᠤᠨᠢ ᠮᠡᠳᠡᠭᠦᠯᠬᠦ ᠬᠡᠷᠡᠭᠲᠡᠢ᠃ ᠮᠡᠳᠡᠭᠦᠯᠦᠯᠲᠡ ᠵᠢ ᠭᠥᠯᠢᠶᠡᠨ ᠠᠪᠤᠭᠰᠠᠨ ᠬᠤᠯᠪᠣᠭᠳᠠᠯ ᠪᠦᠬᠦᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠨᠢ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢᠯᠤᠭᠤᠳᠬᠤ ᠪᠠᠶ᠋ᠢᠭᠤᠯᠤᠮᠵᠢ᠎ᠳᠤ ᠬᠤᠯᠪᠣᠭᠳᠠᠯ ᠪᠦᠬᠦᠢ ᠪᠠᠶ᠋ᠢᠳᠠᠯ᠎ᠢ ᠴᠠᠭ ᠲᠤᠬᠠᠢ᠎ᠳᠤᠨᠢ ᠮᠡᠳᠡᠭᠦᠯᠬᠦ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠵᠢᠯᠤᠭᠤᠳᠬᠤ ᠭᠠᠵᠠᠷ᠎ᠤᠨ ᠨᠢᠭᠡᠳᠦᠯᠲᠡᠢ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠶᠣᠰᠣᠭ᠋ᠠᠷ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠮᠡᠳᠡᠭᠡ ᠵᠠᠩᠭᠢ ᠵᠢ ᠨᠡᠶ᠋ᠢᠲᠡᠯᠡᠬᠦ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠢ᠃
      4.5 ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠯᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠳᠠᠭ᠋ᠠᠬᠤ ᠵᠢ ᠳᠡᠰ ᠳᠡᠪᠰᠢᠭᠦᠯᠬᠦ ᠪᠠ ᠵᠣᠭᠰᠤᠭ᠋ᠠᠬᠤ
      ᠭᠡᠨᠡᠳᠲᠡ ᠵᠢᠨ ᠴᠢᠨᠠᠷᠲᠠᠢ ᠣᠯᠠᠨ ᠨᠡᠶ᠋ᠢᠲᠡ ᠵᠢᠨ ᠬᠡᠷᠡᠭ᠎ᠨᠢ ᠴᠠᠭ ᠬᠤᠭᠤᠴᠠᠭ᠎ᠠ ᠵᠢ ᠳᠠᠭ᠋ᠠᠯᠳᠤᠨ ᠤᠯᠠᠷᠢᠵᠤ᠂ ᠬᠦᠨᠳᠦ ᠨᠣᠴᠢᠲᠠᠢ ᠪᠠ ᠬᠤᠣᠷ ᠬᠥᠨᠥᠭᠡᠯ᠎ᠤᠨ ᠬᠡᠮᠵᠢᠶ᠎ᠡ᠎ᠨᠢ ᠤᠯᠠᠮ ᠨᠢᠭᠡ ᠠᠯᠬᠤᠮ ᠰᠢᠷᠦᠭᠦᠰᠬᠦ ᠵᠢᠨ ᠬᠠᠮᠲᠤ ᠥᠷᠭᠡᠵᠢᠨ ᠥᠷᠭᠡᠵᠢᠬᠦ ᠬᠠᠨᠳᠤᠰᠢ᠎ᠲᠠᠢ ᠪᠤᠶᠤ ᠪᠠᠶ᠋ᠢᠳᠠᠯ᠎ᠨᠢ ᠪᠤᠳᠤᠯᠢᠶᠠᠨᠲᠠᠢ ᠪᠥᠭᠡᠳ ᠡᠵᠡᠮᠳᠡᠬᠦ᠎ᠳᠤ ᠪᠡᠷᠬᠡᠲᠡᠢ ᠦᠶ᠎ᠡ᠎ᠳᠤ᠂ ᠬᠡᠷᠡᠭ ᠡᠭᠦᠰᠦᠭᠰᠡᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠠ ᠭᠡᠨᠡᠳᠲᠡ ᠵᠢᠨ ᠴᠢᠨᠠᠷᠲᠠᠢ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ ᠵᠢᠯᠤᠭᠤᠳᠬᠤ ᠪᠠᠶ᠋ᠢᠭᠤᠯᠤᠮᠵᠢ᠎ᠳᠤ ᠳᠠᠷᠤᠢ ᠲᠦᠷᠭᠡᠨ ᠲᠤᠰᠬᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠲᠠᠰ᠎ᠢ ᠴᠠᠭ ᠲᠤᠬᠠᠢ᠎ᠳᠤᠨᠢ ᠳᠡᠭᠡᠭᠰᠢᠯᠡᠭᠦᠯᠬᠦ ᠬᠡᠷᠡᠭᠲᠡᠢ᠃
      ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠲᠤᠬᠠᠢ ᠵᠢᠨ ᠲᠠᠯᠠᠪᠠᠶ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ ᠳᠠᠭᠤᠰᠴᠤ᠂ ᠰᠢᠷᠬᠠᠲᠠᠨ ᠡᠪᠡᠳᠴᠢᠲᠡᠨ᠎ᠢ ᠡᠮᠴᠢᠯᠡᠭᠡᠨ᠎ᠤ ᠪᠠᠶ᠋ᠢᠭᠤᠯᠤᠮᠵᠢ᠎ᠳᠤ ᠪᠦᠲᠦᠮᠵᠢᠲᠡᠶ ᠡᠮᠨᠡᠨ ᠵᠠᠰᠠᠵᠤ᠂ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠠᠳᠠᠯᠢ ᠱᠠᠲᠤᠨ᠎ᠤ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠵᠢᠯᠤᠭᠤᠳᠬᠤ ᠪᠠᠶ᠋ᠢᠭᠤᠯᠤᠮᠵᠢ ᠪᠤᠶᠤ ᠠᠳᠠᠯᠢ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠨᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠳᠠᠭ᠋ᠠᠵᠤ ᠬᠢᠬᠦ ᠠᠵᠢᠯ ᠳᠠᠭᠤᠰᠤᠭᠰᠠᠨ᠎ᠢ ᠨᠡᠶ᠋ᠢᠲᠡᠯᠡᠬᠦ ᠵᠢᠨ ᠬᠠᠮᠲᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠳᠠᠭ᠋ᠠᠵᠤ ᠬᠢᠬᠦ ᠠᠵᠢᠯ ᠳᠠᠭᠤᠰᠤᠭᠰᠠᠨ ᠮᠡᠳᠡᠭᠡ ᠵᠠᠩᠭᠢ ᠵᠢ ᠳᠡᠭᠡᠳᠦ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠳᠤ ᠮᠡᠳᠡᠭᠦᠯᠦᠨ᠎ᠡ᠃
      5. ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠲᠤᠯᠠᠭ᠎ᠠ
      ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠶ᠋ᠢᠭᠤᠯᠤᠮᠵᠢ ᠪᠣᠯᠣᠨ ᠡᠩᠨᠡᠭᠡ ᠵᠢᠨ ᠪᠠᠶ᠋ᠢᠭᠤᠯᠤᠯᠲᠠ᠂ ᠤᠯᠤᠰ᠎ᠤᠨ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠎ᠢ ᠰᠡᠷᠭᠡᠶ᠋ᠢᠯᠡᠨ ᠬᠢᠵᠠᠭ᠋ᠠᠷᠯᠠᠬᠤ ᠰᠢᠰᠲ᠋ᠧᠮ᠎ᠤᠨ ᠪᠠᠶ᠋ᠢᠭᠤᠯᠤᠯᠲᠠ ᠵᠢᠨ ᠴᠢᠬᠤᠯᠠ ᠪᠦᠷᠢᠯᠳᠦᠭᠦᠨ ᠬᠡᠰᠡᠭ ᠮᠥᠨ᠂ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ 《ᠡᠩ᠎ᠤᠨ ᠦᠶ᠎ᠡ ᠪᠠ ᠲᠡᠶ᠋ᠢᠨ᠎ᠤ ᠦᠶ᠎ᠡ ᠵᠢ ᠤᠶᠠᠯᠳᠤᠭᠤᠯᠬᠤ᠂ ᠪᠠᠶ᠋ᠢᠩᠭᠤ ᠪᠡᠯᠡᠳᠬᠡᠯ᠎ᠲᠠᠢ ᠪᠠᠶ᠋ᠢᠬᠤ》 ᠵᠠᠷᠴᠢᠮ᠎ᠢ ᠵᠢᠷᠤᠮᠯᠠᠨ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠣᠬᠢᠶᠠᠨ ᠪᠠᠶ᠋ᠢᠭᠤᠯᠤᠯᠲᠠ ᠪᠠ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ ᠵᠢ ᠪᠠᠶ᠋ᠢᠭᠤᠯᠤᠨ᠂ ᠡᠯ᠎ᠡ ᠵᠦᠢ᠍ᠯ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠮᠡᠷᠭᠡᠵᠢᠯ᠎ᠤᠨ ᠲᠥᠰᠥᠯ᠎ᠢ ᠲᠣᠭᠲᠠᠭ᠋ᠠᠵᠤ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ᠃
      5.1 ᠮᠡᠳᠡᠭᠡ ᠵᠠᠩᠭᠢ ᠵᠢᠨ ᠰᠢᠰᠲ᠋ᠧᠮ᠎ᠤᠨ ᠪᠠᠲᠤᠯᠠᠭ᠎ᠠ
      ᠣᠲᠣ ᠵᠢᠨ ᠪᠠᠶ᠋ᠢᠭ᠎ᠠ ᠡᠬᠢ ᠪᠠᠶᠠᠯᠢᠭ᠎ᠢ ᠠᠰᠢᠭᠯᠠᠭᠰᠠᠨ ᠰᠠᠭᠤᠷᠢᠨ ᠳᠡᠭᠡᠷ᠎ᠡ᠂ ᠮᠡᠳᠡᠭᠡ ᠵᠠᠩᠭᠢᠵᠢᠯᠲᠠ ᠵᠢᠨ ᠮᠡᠷᠭᠡᠵᠢᠯ᠎ᠢ ᠭᠦᠢ᠍ᠴᠡᠳ ᠬᠡᠷᠡᠭᠯᠡᠨ᠂ ᠥᠨᠳᠥᠷ ᠪᠦᠲᠦᠮᠵᠢᠲᠡᠶ ᠨᠢᠭᠡᠳᠦᠯᠲᠡᠢ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠵᠢᠯᠣᠭᠤᠳᠤᠨ ᠲᠣᠬᠢᠷᠠᠭᠤᠯᠬᠤ ᠮᠡᠳᠡᠭᠡ ᠵᠠᠩᠭᠢ ᠵᠢᠨ ᠰᠢᠰᠲ᠋ᠧᠮ᠎ᠢ ᠪᠠᠶ᠋ᠢᠭᠤᠯᠵᠤ᠂ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠯᠲᠠ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠢ ᠎ᠳᠤᠨᠢ᠂ ᠣᠨᠣᠪᠴᠢᠲᠠᠶ ᠡᠵᠡᠮᠰᠢᠵᠦ᠂ ᠪᠠᠴᠢᠮ ᠪᠠᠶ᠋ᠢᠳᠠᠯ᠎ᠢ ᠠᠷᠭ᠋ᠠᠴᠠᠬᠤ᠎ᠳᠤ ᠬᠠᠮᠤᠭ᠎ᠤᠨ ᠲᠡᠷᠢᠭᠦᠨ᠎ᠳᠤ ᠳᠠᠭ᠋ᠠᠬᠤ ᠠᠵᠢᠯ᠎ᠢ ᠥᠷᠨᠢᠭᠦᠯᠦᠨ᠎ᠡ; ᠡᠮᠴᠢᠯᠡᠭᠡᠨ᠎ᠤ ᠪᠠᠶ᠋ᠢᠭᠤᠯᠤᠮᠵᠢ ᠬᠢᠭᠡᠳ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠤᠭᠤᠷᠣᠨᠳᠤ᠂ ᠵᠢᠴᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠤᠭᠤᠷᠣᠨᠳᠣᠬᠢ ᠮᠡᠳᠡᠭᠡ ᠵᠠᠩᠭᠢ ᠵᠢ ᠬᠠᠮᠲᠤᠪᠠᠷ ᠭᠥᠷᠳᠡᠵᠦ᠂ ᠵᠠᠷᠯᠢᠭ ᠵᠢᠭ᠋ᠠᠪᠤᠷᠢ ᠲᠣᠳᠣᠷᠬᠠᠢ᠂ ᠰᠢᠰᠲ᠋ᠧᠮ᠎ᠨᠢ ᠡᠮᠬᠢ ᠵᠢᠷᠤᠮ᠎ᠲᠠᠢ᠂ ᠰᠢᠰᠲ᠋ᠧᠮ ᠬᠡᠰᠡᠭ᠎ᠨᠢ ᠰᠢᠭᠤᠳ ᠰᠢᠯᠤᠭᠤᠨ᠂ ᠬᠡᠷᠡᠭᠵᠢᠭᠦᠯᠬᠦ᠎ᠨᠢ ᠬᠦᠴᠦᠨ᠎ᠲᠠᠢ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠢ᠃
      5.2 ᠲᠦᠷᠭᠡᠨ ᠠᠪᠤᠷᠠᠯᠲᠠ ᠵᠢᠨ ᠪᠠᠶ᠋ᠢᠭᠤᠯᠤᠮᠵᠢ ᠵᠢᠨ ᠪᠠᠲᠤᠯᠠᠭ᠎ᠠ
      《ᠲᠦᠷᠭᠡᠨ ᠠᠪᠤᠷᠠᠯᠳᠠ ᠵᠢᠨ ᠲᠥᠪ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ》 ᠪᠣᠯᠣᠨ 《ᠡᠮᠨᠡᠯᠭᠡ ᠵᠢᠨ ᠬᠤᠷᠢᠶ᠎ᠠ᠎ᠠᠴᠠ ᠡᠮᠦᠨᠡᠬᠢ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ᠂ ᠬᠤᠲᠠ ᠪᠣᠯᠣᠨ ᠡᠯ᠎ᠡ ᠬᠤᠰᠢᠭᠤ ᠰᠢᠶᠠᠨ ᠲᠣᠭᠤᠷᠢᠭ᠎ᠨᠢ ᠦᠢ᠍ᠯᠡᠴᠢᠯᠡᠭᠡᠨ᠎ᠤ ᠬᠥᠮᠥᠨ ᠠᠮᠠ ᠪᠣᠯᠣᠨ ᠡᠮᠴᠢᠯᠡᠭᠡᠨ᠎ᠤ ᠠᠪᠤᠷᠠᠨ ᠠᠪᠤᠷᠠᠯᠳᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠡᠮᠨᠡᠯᠭᠡ ᠵᠢᠨ ᠬᠤᠷᠢᠶ᠎ᠠ᠎ᠠᠴᠠ ᠡᠮᠦᠨᠡᠬᠢ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠥᠷᠲᠡᠭᠡ ᠴᠢᠭ᠋᠎ᠢ ᠵᠦᠢ ᠵᠣᠬᠢᠰᠲᠠᠢ ᠪᠠᠶ᠋ᠢᠷᠢᠰᠢᠭᠤᠯᠵᠤ᠂ ᠲᠦᠷᠭᠡᠨ ᠠᠪᠤᠷᠠᠯᠳᠠ ᠵᠢᠨ ᠲᠣᠣᠷ ᠰᠦᠯᠵᠢᠶ᠎ᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ 《ᠬᠠᠭ᠋ᠠᠰ ᠴᠠᠭ᠎ᠤᠨ ᠠᠪᠤᠷᠠᠨ ᠲᠤᠰᠠᠯᠠᠬᠤ ᠬᠦᠷᠢᠶ᠎ᠡ》 ᠵᠢ ᠠᠯᠬᠤᠮ ᠠᠯᠬᠤᠮ ᠵᠶ᠋ᠠᠷ ᠥᠷᠭᠡᠳᠬᠡᠬᠦ ᠬᠡᠷᠡᠭᠲᠡᠢ᠃ ᠬᠤᠲᠠ᠂ ᠬᠤᠰᠢᠭᠤ ᠰᠢᠶᠠᠨ ᠲᠣᠭᠤᠷᠢᠭ᠎ᠨᠢ ᠶᠡᠷᠦᠩᠬᠡᠶ᠋ᠢᠯᠡᠭᠰᠡᠨ ᠬᠦᠴᠦᠨ ᠵᠶ᠋ᠠᠷ ᠨᠡᠯᠢᠶᠡᠳ ᠴᠢᠩᠭ᠎ᠠ ᠡᠮᠴᠢᠯᠡᠭᠡᠨ᠎ᠤ ᠪᠠᠶ᠋ᠢᠭᠤᠯᠤᠮᠵᠢ᠎ᠳᠤ ᠲᠦᠰᠢᠭᠯᠡᠨ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠵᠶ᠋ᠠᠷ ᠭᠤᠣᠯᠳᠠᠯᠭ᠎ᠠ ᠪᠣᠯᠭ᠋ᠠᠵᠤ᠂ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠶᠣᠰᠣᠭ᠋ᠠᠷ᠂ ᠡᠮᠴᠢᠯᠡᠭᠡᠨ᠎ᠤ ᠪᠠᠶ᠋ᠢᠭᠤᠯᠤᠮᠵᠢ ᠵᠢᠨ ᠲᠦᠷᠭᠡᠨ ᠡᠮᠨᠡᠬᠦ ᠲᠦᠷᠭᠡᠨ ᠠᠪᠤᠷᠠᠯᠳᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠢ᠃
      5.3 ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡ ᠵᠢᠨ ᠪᠠᠲᠤᠯᠠᠭ᠎ᠠ
      ᠬᠤᠲᠠ ᠵᠢᠨ ᠱᠠᠲᠤᠨ᠎ᠳᠤ 13 ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ ᠵᠢ ᠵᠣᠬᠢᠶᠠᠨ ᠪᠠᠶ᠋ᠢᠭᠤᠯᠵᠤ᠂ ᠡᠭᠦᠨ᠎ᠳᠤ ᠠᠨᠠᠭ᠋ᠠᠬᠤ ᠤᠬᠠᠭ᠋ᠠᠨ᠎ᠤ ᠪᠠᠴᠢᠮ ᠠᠪᠤᠷᠠᠨ ᠲᠤᠰᠠᠯᠠᠬᠤ ᠡᠩᠨᠡᠭᠡ 6᠂ ᠰᠡᠳᠬᠢᠴᠡ ᠵᠢᠨ ᠬᠢᠮᠤᠷᠠᠯ᠎ᠳᠤ ᠭᠠᠷ ᠳᠦᠷᠦᠵᠦ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠩᠭᠢ 1᠂ ᠡᠷᠡᠭᠦᠯ ᠬᠠᠮᠠᠭ᠋ᠠᠯᠠᠯ᠎ᠤᠨ ᠬᠢᠨᠠᠯᠲᠠ ᠲᠠᠯᠪᠢᠵᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠩᠭᠢ 1᠂ ᠲᠦᠷᠭᠡᠨ ᠴᠢᠨᠠᠷᠲᠠᠢ ᠬᠠᠯᠳᠠᠪᠤᠷᠢᠲᠤ ᠡᠪᠡᠳᠴᠢᠨ᠎ᠢ ᠰᠡᠷᠭᠡᠶ᠋ᠢᠯᠡᠨ ᠬᠢᠵᠠᠭ᠋ᠠᠷᠯᠠᠬᠤ ᠠᠩᠭᠢ 2᠂ ᠭᠡᠨᠡᠳᠲᠡ ᠵᠢᠨ ᠬᠤᠣᠷᠳᠠᠯᠭ᠎ᠠ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠩᠭᠢ 2᠂ ᠴᠥᠮ᠎ᠡ ᠪᠠ ᠰᠠᠴᠤᠷᠠᠭ᠎ᠤᠨ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠠᠩᠭᠢ 1 ᠪᠣᠶ᠃ ᠬᠤᠲᠠ ᠵᠢᠨ ᠱᠠᠲᠤᠨ᠎ᠤ ᠡᠷᠡᠭᠦᠯ ᠬᠠᠮᠠᠭ᠋ᠠᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ᠎ᠨᠢ ᠭᠤᠣᠯᠳᠠᠭᠤ ᠬᠤᠲᠠ ᠵᠢᠨ ᠬᠡᠪᠴᠢᠶᠡᠨ ᠳᠣᠲᠣᠷᠠᠬᠢ ᠨᠡᠯᠢᠶᠡᠳ ᠶᠡᠭᠡ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠡᠭᠦᠷᠭᠡᠯᠡᠬᠦ ᠵᠢᠨ ᠬᠠᠮᠲᠤ᠂ ᠬᠤᠰᠢᠭᠤ ᠰᠢᠶᠠᠨ ᠲᠣᠭᠤᠷᠢᠭ᠎ᠢ ᠵᠢᠯᠣᠭᠤᠳᠤᠨ ᠨᠡᠯᠢᠶᠡᠳ ᠶᠡᠭᠡ ᠵᠢᠴᠢ ᠲᠡᠭᠦᠨ᠎ᠠᠴᠠ ᠳᠣᠷᠣᠭᠰᠢᠬᠢ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
      ᠬᠤᠰᠢᠭᠤ ᠰᠢᠶᠠᠨ ᠲᠣᠭᠤᠷᠢᠭ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠶᠡᠷᠦᠩᠬᠡᠶ᠋ᠢᠯᠡᠭᠰᠡᠨ ᠴᠢᠨᠠᠷᠲᠠᠢ ᠲᠤᠬᠠᠢ ᠵᠢᠨ ᠲᠠᠯᠠᠪᠠᠶ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠰᠠᠯᠪᠤᠷᠢ ᠪᠠᠭ᠎ᠠ ᠠᠩᠭᠢ (ᠬᠤᠰᠢᠭᠤ ᠰᠢᠶᠠᠨ᠎ᠤ ᠱᠠᠲᠤ ᠪᠦᠷᠢ᠎ᠳᠤ 50 ᠬᠥᠮᠥᠨ᠎ᠠᠴᠠ ᠳᠤᠲᠠᠭᠤ ᠦᠭᠡᠢ) ᠵᠢ ᠪᠠᠶ᠋ᠢᠭᠤᠯᠬᠤ ᠵᠢᠨ ᠬᠠᠮᠲᠤ ᠲᠤᠬᠠᠢ ᠵᠢᠨ ᠭᠠᠵᠠᠷ᠎ᠤᠨ ᠣᠨᠴᠠᠯᠢᠭ ᠵᠶ᠋ᠠᠨ ᠦᠨᠳᠦᠰᠦᠯᠡᠨ᠂ ᠣᠨᠴᠣᠭᠤᠢ ᠲᠤᠰᠬᠠᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ ᠵᠢ ᠪᠠᠶ᠋ᠢᠭᠤᠯᠬᠤ ᠬᠡᠷᠡᠭᠲᠡᠢ᠃ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠠᠵᠢᠯᠲᠠᠨ᠎ᠤ ᠬᠤᠪᠢᠷᠠᠯᠲᠠ ᠪᠠ ᠪᠣᠳᠠᠲᠠᠢ ᠪᠠᠶ᠋ᠢᠳᠠᠯ᠎ᠢ ᠦᠨᠳᠦᠰᠦᠯᠡᠨ᠂ 3 ᠵᠢᠯ ᠪᠦᠷᠢ ᠨᠢᠭᠡ ᠤᠳᠠᠭ᠎ᠠ ᠡᠩᠨᠡᠭᠡ ᠵᠢᠨ ᠪᠦᠷᠢᠯᠳᠦᠭᠦᠨ᠎ᠳᠤ ᠲᠣᠬᠢᠷᠠᠭᠤᠯᠤᠯᠲᠠ ᠬᠢᠵᠦ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡ ᠵᠢᠨ ᠲᠣᠭᠲᠠᠭᠤᠨ ᠪᠠᠶ᠋ᠢᠬᠤ ᠵᠢ ᠪᠠᠲᠤᠯᠠᠬᠤ ᠵᠢᠨ ᠬᠠᠮᠲᠤ ᠴᠢᠩᠭ᠎ᠠ ᠬᠠᠮᠢᠶᠠᠷᠴᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠪᠣᠯᠪᠠᠰᠤᠷᠠᠭᠤᠯᠤᠯ ᠪᠠ ᠰᠣᠷᠢᠯᠲᠠ ᠵᠢ ᠥᠷᠨᠢᠭᠦᠯᠦᠨ᠂ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠵᠠᠰᠠᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
      5.4 ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ
      ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠣᠨ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠡᠩᠨᠡᠭᠡ᠂ ᠡᠮᠴᠢᠯᠡᠭᠡᠨ᠎ᠤ ᠪᠠᠶ᠋ᠢᠭᠤᠯᠤᠮᠵᠢ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠰᠣᠷᠢᠯᠲᠠ ᠵᠢ ᠢᠳᠡᠪᠬᠢᠲᠡᠢ ᠥᠷᠨᠢᠭᠦᠯᠵᠦ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯ᠎ᠤᠨ ᠪᠣᠳᠠᠲᠠᠢ᠎ᠲᠠᠢ ᠤᠶᠠᠯᠳᠤᠭᠤᠯᠤᠨ᠂ ᠲᠣᠰ ᠪᠡᠯᠡᠳᠬᠡᠯ ᠲᠥᠰᠥᠯ᠎ᠤᠨ ᠱᠠᠭ᠋ᠠᠷᠳᠠᠯᠭ᠎ᠠ ᠵᠢ ᠦᠨᠳᠦᠰᠦᠯᠡᠨ ᠲᠣᠰ ᠰᠠᠯᠠᠭ᠎ᠠ ᠮᠥᠴᠢᠷ᠂ ᠲᠣᠰ ᠨᠢᠭᠡᠴᠡ ᠵᠢᠨ ᠵᠶ᠋ᠠᠨ ᠣᠨ᠎ᠤ ᠰᠣᠷᠢᠯᠲᠠ ᠵᠢᠨ ᠲᠥᠯᠥᠪᠯᠡᠭᠡ ᠵᠢ ᠲᠣᠭᠲᠠᠭ᠋ᠠᠵᠤ᠂ ᠰᠢᠷᠡᠭᠡᠨ ᠨᠢᠭᠤᠷ᠎ᠤᠨ ᠰᠣᠷᠢᠯᠲᠠ ᠪᠤᠶᠤ ᠪᠣᠳᠠᠲᠤ ᠪᠠᠶ᠋ᠢᠯᠳᠤᠭ᠋ᠠᠨ᠎ᠤ ᠰᠣᠷᠢᠯᠲᠠ᠂ ᠬᠡᠰᠡᠭ ᠴᠢᠳᠠᠮᠵᠢ ᠵᠢᠨ ᠰᠣᠷᠢᠯᠲᠠ ᠪᠤᠶᠤ ᠪᠥᠬᠦ ᠲᠠᠯ᠎ᠠ ᠵᠢᠨ ᠰᠣᠷᠢᠯᠲᠠ ᠵᠡᠷᠭᠡ ᠬᠡᠯᠪᠡᠷᠢ ᠵᠢ ᠠᠪᠴᠤ ᠪᠣᠯᠣᠨ᠎ᠠ᠃ ᠰᠣᠷᠢᠯᠲᠠ᠎ᠳᠤ ᠭᠡᠨᠡᠳᠲᠡ ᠵᠢᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ᠂ ᠵᠣᠬᠢᠶᠠᠨ ᠪᠠᠶ᠋ᠢᠭᠤᠯᠤᠨ ᠬᠠᠮᠢᠶᠠᠷᠬᠤ᠂ ᠲᠦᠷᠭᠡᠨ ᠲᠤᠰᠬᠠᠬᠤ (ᠡᠩᠨᠡᠭᠡ ᠴᠤᠭᠯᠠᠷᠠᠬᠤ᠂ ᠲᠤᠬᠠᠢ ᠵᠢᠨ ᠲᠠᠯᠠᠪᠤᠷ᠎ᠲᠤ ᠠᠪᠤᠷᠠᠨ ᠡᠮᠨᠡᠬᠦ᠂ ᠰᠢᠷᠬᠠᠲᠤᠭᠰᠠᠳ᠎ᠢ ᠰᠢᠯᠵᠢᠭᠦᠯᠦᠨ ᠲᠡᠭᠡᠭᠡᠪᠦᠷᠢᠯᠡᠬᠦ᠂ ᠡᠮᠨᠡᠯᠭᠡ ᠵᠢᠨ ᠬᠤᠷᠢᠶᠠᠨ᠎ᠳᠤ ᠠᠪᠤᠷᠠᠨ ᠡᠮᠨᠡᠬᠦ ᠵᠡᠷᠭᠡ)᠂ ᠡᠳ᠋ ᠪᠣᠳᠠᠰ ᠨᠥᠭᠡᠴᠡᠯᠡᠬᠦ᠂ ᠰᠠᠯᠠᠭ᠎ᠠ ᠮᠥᠴᠢᠷ ᠵᠣᠬᠢᠴᠠᠭᠤᠯᠬᠤ᠂ ᠵᠠᠭᠤᠴᠢᠯᠠᠭᠤᠷ᠎ᠤᠨ ᠨᠡᠪᠲᠡᠷᠡᠯᠴᠡᠭᠡ ᠵᠢᠴᠢ ᠮᠡᠳᠡᠭᠡ ᠵᠠᠩᠭᠢᠵᠢᠯᠲᠠ ᠵᠢᠨ ᠬᠠᠮᠵᠢᠯᠴᠠᠭ᠎ᠠ ᠵᠡᠷᠭᠡ ᠠᠭᠤᠯᠭ᠎ᠠ᠎ᠲᠠᠢ ᠬᠤᠯᠪᠣᠭᠳᠠᠭᠰᠠᠨ ᠪᠠᠶ᠋ᠢᠬᠤ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠰᠣᠷᠢᠯᠲᠠ᠎ᠳᠤ ᠤᠯᠠᠨ ᠨᠡᠶ᠋ᠢᠲᠡ᠎ᠪᠠᠷ ᠵᠶ᠋ᠠᠨ ᠣᠷᠣᠯᠴᠠᠬᠤ ᠴᠢᠬᠤᠯᠠᠲᠠᠢ ᠪᠠᠶ᠋ᠢᠪᠠᠯ᠂ ᠡᠷᠬᠡᠪᠰᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃
      5.5 ᠡᠳ᠋ ᠪᠣᠳᠠᠰ᠎ᠤᠨ ᠨᠥᠭᠡᠴᠡᠯᠡᠯᠲᠡ ᠵᠢᠨ ᠪᠠᠲᠤᠯᠠᠭ᠎ᠠ
      《ᠤᠯᠤᠰ᠎ᠤᠨ ᠡᠮ ᠡᠮᠨᠡᠯᠭᠡ ᠵᠢᠨ ᠨᠥᠭᠡᠴᠡ ᠵᠢᠨ ᠬᠠᠮᠢᠶᠠᠷᠤᠯᠲᠠ ᠵᠢᠨ ᠠᠷᠭ᠎ᠠ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠡᠮ ᠡᠮᠨᠡᠯᠭᠡ ᠵᠢᠨ ᠨᠥᠭᠡᠴᠡ ᠵᠢᠨ ᠬᠠᠮᠢᠶᠠᠷᠤᠯᠲᠠ ᠵᠢᠨ ᠠᠷᠭ᠎ᠠ》 ᠶᠣᠰᠣᠭ᠋ᠠᠷ᠂ ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠤ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠵᠡᠷᠭᠡ ᠰᠠᠯᠠᠭ᠎ᠠ ᠮᠥᠴᠢᠷ᠎ᠤᠳ ᠨᠡᠪᠲᠡᠷᠡᠯᠴᠡᠬᠦ᠂ ᠵᠣᠬᠢᠴᠠᠭᠤᠯᠤᠨ ᠬᠠᠮᠵᠢᠯᠴᠠᠬᠤ᠂ ᠠᠵᠢᠯ ᠬᠤᠪᠢᠶᠠᠷᠢᠯᠠᠨ ᠬᠠᠷᠢᠭᠤᠴᠠᠬᠤ᠎ᠪᠠᠨ ᠴᠢᠩᠭ᠋ᠠᠳᠬᠠᠵᠤ᠂ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ᠂ ᠲᠥᠬᠦᠭᠡᠷᠦᠮᠵᠢ᠂ ᠲᠦᠷᠭᠡᠨ ᠪᠠᠶ᠋ᠢᠴᠠᠭ᠋ᠠᠨ ᠬᠡᠮᠵᠢᠬᠦ ᠪᠠᠭ᠋ᠠᠵᠢ ᠬᠡᠷᠡᠭᠰᠡᠯ ᠪᠣᠯᠣᠨ ᠤᠷᠪᠠᠯᠵᠢ᠂ ᠡᠷᠡᠭᠦᠯ ᠬᠠᠮᠠᠭ᠋ᠠᠯᠠᠯ᠎ᠤᠨ ᠰᠡᠷᠭᠡᠶ᠋ᠢᠯᠡᠨ ᠬᠠᠮᠠᠭ᠋ᠠᠯᠠᠬᠤ ᠬᠡᠷᠡᠭᠰᠡᠯ ᠵᠡᠷᠭᠡ ᠡᠳ᠋ ᠪᠠᠷᠠᠭ᠎ᠠ ᠨᠥᠭᠡᠴᠡᠯᠡᠬᠦ ᠪᠠ ᠪᠠᠲᠤᠯᠠᠬᠤ ᠵᠢ ᠰᠠᠶ᠋ᠢᠲᠤᠷ ᠬᠢᠬᠦ ᠬᠡᠷᠡᠭᠲᠡᠢ᠃
      5.6 ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠠᠷᠤᠳᠠᠯ᠎ᠤᠨ ᠪᠠᠲᠤᠯᠠᠭ᠎ᠠ
      ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠡᠭᠦᠷᠭᠡᠯᠡᠬᠦ ᠶᠣᠰᠣᠲᠠᠢ ᠭᠡᠨᠡᠳᠲᠡ ᠡᠭᠦᠰᠬᠦ ᠤᠯᠠᠨ ᠨᠡᠶ᠋ᠢᠳᠡ ᠵᠢᠨ ᠬᠡᠷᠡᠭ᠎ᠤᠨ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ᠎ᠳᠤ ᠵᠠᠪᠠᠯ ᠬᠡᠷᠡᠭᠰᠡᠬᠦ ᠵᠠᠷᠤᠳᠠᠯ᠎ᠢ ᠬᠠᠷᠢᠭᠤᠴᠠᠨ ᠲᠣᠬᠢᠷᠠᠭᠤᠯᠬᠤ ᠵᠢᠨ ᠬᠠᠮᠲᠤ ᠵᠠᠷᠤᠳᠠᠯ᠎ᠢ ᠬᠡᠷᠡᠭᠯᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
      ᠪᠠᠶ᠋ᠢᠭ᠋ᠠᠯᠢ ᠵᠢᠨ ᠭᠠᠮᠰᠢᠭ᠎ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶ᠋ᠢᠪᠠᠯ᠂ ᠡᠯ᠎ᠡ ᠱᠠᠲᠤᠨ᠎ᠤ ᠡᠳ᠋᠎ᠤᠨ ᠵᠠᠰᠠᠭ᠎ᠠᠴᠠ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠡᠮᠨᠡᠨ ᠵᠠᠰᠠᠵᠤ ᠠᠪᠤᠷᠠᠬᠤ ᠵᠠᠷᠤᠳᠠᠯ᠎ᠢ ᠡᠭᠦᠷᠭᠡᠯᠡᠬᠦ ᠪᠤᠶᠤ ᠨᠥᠬᠦᠪᠦᠷᠢ ᠣᠯᠭᠤᠨ᠎ᠠ᠃
      ᠠᠶᠤᠯᠭᠦᠢ ᠦᠢ᠍ᠯᠡᠳᠪᠦᠷᠢᠯᠡᠯ᠎ᠤᠨ ᠠᠳᠡᠯ᠎ᠠᠴᠠ ᠪᠣᠯᠤᠭᠰᠠᠨ ᠬᠥᠮᠥᠨ ᠦᠬᠦᠵᠦ ᠰᠢᠷᠬᠠᠲᠤᠭᠰᠠᠨ ᠪᠠᠶ᠋ᠢᠪᠠᠯ᠂ ᠠᠳᠡᠯ ᠭᠠᠷᠤᠭᠰᠠᠨ ᠨᠢᠭᠡᠴᠢ᠎ᠨᠢ ᠡᠮᠴᠢᠯᠡᠭᠡᠨ᠎ᠤ ᠲᠦᠷᠭᠡᠨ ᠠᠪᠤᠷᠠᠯᠳᠠ ᠵᠢᠨ ᠲᠥᠪ (ᠦᠷᠳᠡᠭᠡ) ᠪᠤᠶᠤ ᠬᠤᠯᠪᠣᠭᠳᠠᠯ ᠪᠦᠬᠦᠢ ᠡᠮᠴᠢᠯᠡᠭᠡᠨ᠎ᠤ ᠪᠠᠶ᠋ᠢᠭᠤᠯᠤᠮᠵᠢ᠎ᠳᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠶᠠᠪᠤᠴᠠ᠎ᠳᠤ ᠡᠭᠦᠰᠦᠭᠰᠡᠨ ᠵᠠᠷᠤᠳᠠᠯ᠎ᠢ ᠥᠭᠬᠦ ᠬᠡᠷᠡᠭᠲᠡᠢ᠂ ᠬᠡᠷᠡᠭ ᠭᠠᠷᠤᠭᠰᠠᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠠᠷᠢᠭᠤᠴᠠᠵᠤ ᠪᠠᠶ᠋ᠢᠭ᠋ᠠᠳ ᠰᠢᠪᠠᠳᠠᠨ ᠨᠠᠶ᠋ᠢᠳᠠᠪᠤᠷᠢᠵᠢᠭᠤᠯᠬᠤ ᠬᠡᠷᠡᠭᠲᠡᠢ᠃
      ᠨᠡᠶ᠋ᠢᠭᠡᠮ᠎ᠤᠨ ᠠᠮᠤᠷ ᠲᠦᠪᠰᠢᠨ᠎ᠤ ᠬᠡᠷᠡᠭ᠎ᠤᠨ ᠳᠤᠮᠳᠠ ᠡᠭᠦᠰᠦᠭᠰᠡᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶ᠋ᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠬᠠᠷᠢᠭᠤᠴᠠᠯᠭ᠋ᠠᠲᠤ ᠨᠢᠭᠡᠴᠡ ᠪᠤᠶᠤ ᠬᠠᠷᠢᠭᠤᠴᠠᠯᠭ᠋ᠠᠲᠠᠨ᠎ᠠᠴᠠ ᠡᠮᠴᠢᠯᠡᠭᠡᠨ᠎ᠤ ᠠᠪᠤᠷᠠᠨ ᠵᠠᠰᠠᠬᠤ ᠵᠠᠷᠤᠳᠠᠯ᠎ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠬᠠᠷᠢᠭᠤᠴᠠᠵᠤ ᠪᠠᠶ᠋ᠢᠭ᠋ᠠᠳ ᠰᠢᠮᠳᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠡᠳ᠋᠎ᠤᠨ ᠵᠠᠰᠠᠭ᠎ᠨᠢ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ ᠪᠤᠶᠤ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ᠎ᠢ ᠦᠨᠳᠦᠰᠦᠯᠡᠨ ᠡᠮᠴᠢᠯᠡᠭᠡᠨ᠎ᠤ ᠠᠪᠤᠷᠠᠨ ᠵᠠᠰᠠᠬᠤ ᠵᠠᠷᠤᠳᠠᠯ᠎ᠳᠤ ᠨᠥᠬᠦᠪᠦᠷᠢ ᠣᠯᠭᠤᠵᠤ ᠪᠣᠯᠣᠨ᠎ᠠ᠃
      ᠡᠯ᠎ᠡ ᠲᠥᠷᠥᠯ᠎ᠤᠨ ᠳᠠᠭ᠋ᠠᠳᠬᠠᠯ᠎ᠤᠨ ᠪᠠᠶ᠋ᠢᠭᠤᠯᠤᠮᠵᠢ᠎ᠨᠤᠭᠤᠳ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠬᠥᠮᠥᠨ᠎ᠤ ᠪᠡᠶ᠎ᠡ᠂ ᠡᠮᠴᠢᠯᠡᠭᠡ᠂ ᠡᠷᠡᠭᠦᠯ ᠮᠡᠨᠳᠦ ᠵᠡᠷᠭᠡ ᠳᠠᠭ᠋ᠠᠳᠬᠠᠯ᠎ᠳᠤ ᠣᠷᠣᠯᠴᠠᠭᠰᠠᠨ ᠦᠬᠦᠵᠦ ᠰᠢᠷᠬᠠᠲᠤᠭᠰᠠᠨ ᠬᠥᠮᠥᠰ᠎ᠲᠤ ᠲᠥᠯᠥᠪᠦᠷᠢ ᠥᠭᠬᠦ ᠠᠵᠢᠯ᠎ᠢ ᠰᠠᠶ᠋ᠢᠲᠤᠷ ᠬᠢᠬᠦ ᠬᠡᠷᠡᠭᠲᠡᠢ᠃
      5.7 ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠵᠠᠮ ᠲᠡᠭᠡᠭᠡᠪᠦᠷᠢ ᠵᠢᠨ ᠪᠠᠲᠤᠯᠠᠭ᠎ᠠ
      ᠡᠯ᠎ᠡ ᠱᠠᠲᠤᠨ᠎ᠤ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠩᠨᠡᠭᠡ᠎ᠨᠦᠭᠦᠳ ᠪᠣᠳᠠᠲᠠᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠠᠪᠤᠷᠠᠨ ᠲᠤᠰᠠᠯᠠᠬᠤ ᠲᠡᠷᠭᠡ ᠬᠥᠰᠬᠡ᠂ ᠵᠠᠮ ᠬᠠᠷᠢᠯᠴᠠᠭ᠋ᠠᠨ᠎ᠤ ᠪᠠᠭ᠋ᠠᠵᠢ ᠪᠣᠯᠣᠨ ᠴᠢᠮᠡᠭᠡ ᠬᠤᠯᠪᠣᠭ᠋ᠠᠨ᠎ᠤ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠃ ᠲᠡᠮᠦᠷ ᠵᠡᠮ᠂ ᠵᠡᠮ ᠬᠠᠷᠢᠯᠴᠠᠭ᠎ᠠ᠂ ᠠᠷᠠᠳ᠎ᠤᠨ ᠠᠭ᠋ᠠᠷ᠎ᠤᠨ ᠲᠡᠭᠡᠭᠡᠪᠦᠷᠢ᠂ ᠳᠣᠲᠣᠭ᠋ᠠᠳᠤ ᠵᠢ ᠬᠠᠮᠠᠭ᠋ᠠᠯᠠᠬᠤ (ᠵᠡᠮ ᠬᠠᠷᠢᠯᠴᠠᠭ᠋ᠠᠨ᠎ᠤ ᠬᠠᠮᠢᠶᠠᠷᠤᠯᠲᠠ) ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯᠲᠠᠨ ᠪᠠ ᠡᠳ᠋ ᠪᠣᠳᠠᠰ᠎ᠤᠨ ᠲᠡᠭᠡᠭᠡᠪᠦᠷᠢ ᠵᠢ ᠤᠷᠢᠳᠠᠪᠠᠷ ᠲᠣᠬᠢᠷᠠᠭᠤᠯᠬᠤ᠂ ᠤᠷᠢᠳᠠᠪᠠᠷ ᠲᠣᠬᠢᠷᠠᠭᠤᠯᠬᠤ᠂ ᠤᠷᠢᠳᠠᠪᠠᠷ ᠲᠠᠯᠪᠢᠵᠤ ᠶᠠᠪᠤᠭᠤᠯᠬᠤ ᠵᠢ ᠪᠠᠲᠤᠯᠠᠵᠤ᠂ ᠲᠡᠭᠡᠭᠡᠪᠦᠷᠢ ᠵᠢᠨ ᠠᠶᠤᠯᠭᠦᠢ ᠪᠥᠭᠡᠳ ᠰᠠᠭ᠋ᠠᠳ ᠦᠭᠡᠢ ᠨᠡᠪᠲᠡᠷᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠪᠠᠶ᠋ᠢᠳᠠᠯ ᠣᠨᠴᠠᠭ᠋ᠠᠢ ᠪᠠᠴᠢᠮ ᠦᠶ᠎ᠡ᠎ᠳᠤ᠂ ᠲᠤᠬᠠᠢ ᠵᠢᠨ ᠲᠠᠯᠠᠪᠠᠶ ᠵᠢᠴᠢ ᠬᠠᠮᠢᠶ᠎ᠠ ᠪᠦᠬᠦᠢ ᠨᠡᠪᠲᠡᠷᠡᠬᠦ ᠵᠠᠮ᠎ᠳᠤ ᠵᠠᠮ ᠬᠠᠷᠢᠯᠴᠠᠭ᠋ᠠᠨ᠎ᠤ ᠵᠠᠬᠢᠷᠤᠨ ᠬᠠᠮᠢᠶᠠᠷᠤᠯᠲᠠ ᠵᠢ ᠬᠡᠷᠡᠭᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠵᠤ ᠠᠪᠤᠷᠠᠨ ᠲᠤᠰᠠᠯᠠᠬᠤ 《ᠰᠠᠭ᠋ᠠᠳ ᠦᠭᠡᠢ ᠨᠡᠪᠲᠡᠷᠡᠬᠦ ᠵᠠᠮ》 ᠭᠠᠷᠭ᠋ᠠᠵᠤ᠂ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠦᠨᠡᠨᠬᠦ ᠪᠠᠲᠤᠯᠠᠬᠤ ᠬᠡᠷᠡᠭᠲᠡᠢ᠃
      5.8 ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ
      ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠭᠡᠨᠡᠳᠲᠡ ᠡᠭᠦᠰᠦᠭᠰᠡᠨ ᠤᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠳᠤ ᠳᠡᠮᠵᠢᠯᠭᠡ ᠪᠠ ᠪᠠᠲᠤᠯᠠᠭ᠎ᠠ ᠬᠠᠩᠭ᠋ᠠᠬᠤ ᠬᠡᠷᠡᠭᠲᠡᠢ᠃
      ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠭᠡᠨᠡᠳᠲᠡ ᠡᠭᠦᠰᠬᠦ ᠤᠯᠠᠨ ᠨᠡᠶ᠋ᠢᠲᠡ ᠵᠢᠨ ᠬᠡᠷᠡᠭ᠎ᠤᠨ ᠲᠤᠬᠠᠢ ᠵᠢᠨ ᠲᠠᠯᠠᠪᠤᠷ᠎ᠤᠨ ᠠᠮᠤᠷ᠎ᠢ ᠬᠠᠮᠠᠭ᠋ᠠᠯᠠᠬᠤ ᠡᠮᠬᠢ ᠵᠢᠷᠤᠮ᠂ ᠵᠠᠮ ᠬᠠᠷᠢᠯᠴᠠᠭ᠋ᠠᠨ᠎ᠤ ᠡᠮᠬᠢ ᠵᠢᠷᠤᠮ᠎ᠢ ᠬᠠᠷᠢᠭᠤᠴᠠᠨ ᠬᠠᠮᠠᠭ᠋ᠠᠯᠠᠵᠤ᠂ ᠲᠤᠬᠠᠢ ᠵᠢᠨ ᠲᠠᠯᠠᠪᠤᠷ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠪᠠᠲᠤᠯᠠᠨ᠎ᠠ᠃
      ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ (ᠡᠮ᠎ᠤᠨ ᠵᠦᠢ᠍ᠯ᠎ᠤᠨ ᠬᠢᠨᠠᠯᠲᠠ ᠬᠠᠮᠢᠶᠠᠷᠤᠯᠲᠠ) ᠵᠢᠨ ᠰᠠᠯᠠᠭ᠎ᠠ ᠮᠥᠴᠢᠷ᠎ᠤᠳ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠡᠮ᠎ᠤᠨ ᠵᠦᠢ᠍ᠯ᠂ ᠡᠮᠴᠢᠯᠡᠭᠡᠨ᠎ᠤ ᠪᠠᠭ᠋ᠠᠵᠢ ᠬᠡᠷᠡᠭᠰᠡᠯ ᠪᠠ ᠲᠥᠬᠦᠭᠡᠷᠦᠮᠵᠢ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃
      ᠤᠯᠠᠭ᠋ᠠᠨ ᠵᠠᠭ᠋ᠠᠯᠮᠠᠶ᠋ᠢᠳᠠᠨ᠎ᠤ ᠨᠡᠶ᠋ᠢᠭᠡᠮᠯᠢᠭ᠎ᠤᠳ 《ᠳᠤᠮᠳᠠᠳᠤ ᠤᠯᠤᠰ᠎ᠤᠨ ᠤᠯᠠᠭ᠋ᠠᠨ ᠵᠠᠭ᠋ᠠᠯᠮᠠᠶ᠋ᠢᠳᠠᠨ᠎ᠤ ᠨᠡᠶ᠋ᠢᠭᠡᠮᠯᠢᠭ᠎ᠤᠨ ᠶᠡᠷᠦᠩᠬᠡᠢ ᠡᠪᠯᠡᠯ᠎ᠤᠨ ᠪᠠᠶ᠋ᠢᠭ᠋ᠠᠯᠢ ᠵᠢᠨ ᠭᠠᠮᠰᠢᠭ ᠬᠢᠭᠡᠳ ᠭᠡᠨᠡᠳᠲᠡ ᠡᠭᠦᠰᠬᠦ ᠤᠯᠠᠨ ᠨᠡᠶ᠋ᠢᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ》 ᠪᠣᠯᠣᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨ ᠵᠠᠭ᠋ᠠᠯᠮᠠᠶ᠋ᠢᠳᠠᠨ᠎ᠤ ᠨᠡᠶ᠋ᠢᠭᠡᠮᠯᠢᠭ᠎ᠤᠨ ᠪᠠᠶ᠋ᠢᠭ᠋ᠠᠯᠢ ᠵᠢᠨ ᠭᠠᠮᠰᠢᠭ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ》 ᠎ᠤᠨ ᠶᠣᠰᠣᠭ᠋ᠠᠷ᠂ ᠤᠯᠠᠨ ᠲᠦᠮᠡᠨ᠎ᠢ ᠵᠣᠬᠢᠶᠠᠨ ᠪᠠᠶ᠋ᠢᠭᠤᠯᠤᠨ ᠲᠤᠬᠠᠢ ᠵᠢᠨ ᠲᠠᠯᠠᠪᠠᠢ ᠵᠢᠨ ᠥᠪᠡᠷ᠎ᠢ᠎ᠪᠠᠨ ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠥᠷᠨᠢᠭᠦᠯᠬᠦ ᠵᠢ ᠬᠠᠷᠢᠭᠤᠴᠠᠵᠤ᠂ ᠬᠠᠮᠢᠶ᠎ᠠ ᠪᠦᠬᠦᠢ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠡᠭᠦᠨ᠎ᠤ ᠬᠠᠮᠲᠤ ᠭᠡᠨᠡᠳᠲᠡ ᠡᠭᠦᠰᠦᠭᠰᠡᠨ ᠤᠯᠠᠨ ᠨᠡᠶ᠋ᠢᠲᠡ ᠵᠢᠨ ᠬᠡᠷᠡᠭ᠎ᠤᠨ ᠪᠣᠳᠠᠲᠠᠢ ᠪᠠᠶ᠋ᠢᠳᠠᠯ᠎ᠢ ᠦᠨᠳᠦᠰᠦᠯᠡᠨ᠂ ᠤᠯᠤᠰ᠎ᠤᠨ ᠳᠣᠲᠣᠭ᠋ᠠᠳᠤ ᠭᠠᠳᠠᠭ᠋ᠠᠳᠤ᠎ᠳᠤ ᠤᠷᠢᠶᠠᠯᠠᠭ᠎ᠠ ᠭᠠᠷᠭ᠋ᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠣᠬᠢᠶᠠᠨ ᠪᠠᠶ᠋ᠢᠭᠤᠯᠤᠯᠲᠠ ᠪᠠ ᠬᠤᠪᠢ ᠬᠥᠮᠥᠨ᠎ᠤ ᠪᠡᠯᠡᠭᠯᠡᠨ ᠬᠦᠷᠭᠡᠭᠰᠡᠨ ᠵᠦᠢ᠍ᠯ᠎ᠢ ᠬᠠᠤᠯᠢ ᠶᠣᠰᠣᠭ᠋ᠠᠷ ᠬᠦᠯᠢᠶᠡᠨ ᠠᠪᠴᠤ᠂ ᠬᠥᠮᠦᠯᠢᠭ ᠦᠵᠡᠯ᠎ᠤᠨ ᠪᠠᠴᠢᠮ ᠬᠡᠷᠡᠭᠴᠡᠭᠡ᠎ᠲᠠᠢ ᠲᠤᠰᠠᠯᠠᠮᠵᠢ ᠦᠵᠡᠭᠦᠯᠪᠡ᠃
      ᠪᠠᠶᠠᠨᠨᠠᠭᠤᠷ᠎ᠤᠨ ᠴᠡᠷᠢᠭ᠎ᠤᠨ ᠬᠤᠪᠢᠶᠠᠷᠢ ᠲᠣᠭᠤᠷᠢᠭ᠎ᠨᠢ ᠴᠡᠷᠢᠭ ᠠᠩᠭᠢ ᠵᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠎ᠢ ᠬᠠᠷᠢᠭᠤᠴᠠᠨ ᠵᠣᠬᠢᠴᠠᠭᠤᠯᠵᠤ᠂ ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠵᠢᠴᠢ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠵᠢᠭ᠋ᠠᠪᠤᠷᠢ ᠵᠢ ᠦᠨᠳᠦᠰᠦᠯᠡᠨ᠂ ᠴᠡᠷᠢᠭ ᠠᠩᠭᠢ ᠵᠢᠨ ᠬᠤᠯᠪᠣᠭᠳᠠᠯ ᠪᠦᠬᠦᠢ ᠡᠮᠴᠢᠯᠡᠭᠡ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ ᠪᠠ ᠬᠦᠴᠦᠨ᠎ᠢ ᠵᠣᠬᠢᠶᠠᠨ ᠪᠠᠶ᠋ᠢᠭᠤᠯᠵᠤ᠂ ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠢ ᠳᠡᠮᠵᠢᠨ ᠬᠠᠮᠵᠢᠯᠴᠠᠨ᠎ᠠ᠃
      ᠤᠷᠠᠳ ᠪᠣᠭᠤᠮᠲᠠ᠎ᠨᠢ ᠭᠠᠳᠠᠭ᠋ᠠᠳᠤ᠎ᠠᠴᠠ ᠣᠷᠣᠭᠤᠯᠬᠤ ᠵᠢ ᠵᠥᠪᠰᠢᠶᠡᠷᠡᠭᠰᠡᠨ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠪᠠᠴᠢᠮ ᠬᠡᠷᠡᠭᠴᠡᠭᠡ᠎ᠲᠠᠢ ᠡᠳ᠋ ᠪᠣᠳᠠᠰ᠎ᠢ ᠤᠷᠢᠳᠠᠪᠠᠷ ᠪᠠᠶ᠋ᠢᠴᠠᠭ᠋ᠠᠨ ᠰᠢᠯᠭ᠋ᠠᠵᠤ ᠶᠠᠪᠤᠭᠤᠯᠬᠤ ᠵᠢ ᠬᠠᠷᠢᠭᠤᠴᠠᠨ᠎ᠠ᠃
      6. ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠳᠤ ᠣᠯᠠᠨ ᠨᠡᠶ᠋ᠢᠲᠡ᠎ᠪᠠᠷ ᠵᠶ᠋ᠠᠨ ᠣᠷᠣᠯᠴᠠᠨ᠎ᠠ
      ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠮᠡᠳᠡᠯᠭᠡ ᠵᠢ ᠲᠦᠭᠡᠮᠡᠯᠵᠢᠭᠦᠯᠬᠦ ᠵᠢ ᠵᠣᠬᠢᠶᠠᠨ ᠥᠪᠡᠷᠲᠡᠭᠡᠨ ᠵᠠᠰᠠᠬᠤ ᠣᠷᠣᠨ ᠪᠠ ᠣᠷᠣᠨ ᠨᠤᠲᠤᠭ᠎ᠤᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢ᠎ᠨᠤᠭᠤᠳ ᠨᠡᠶ᠋ᠢᠭᠡᠮ ᠨᠡᠶ᠋ᠢᠲᠡ᠎ᠳᠤ ᠬᠢᠬᠦ ᠤᠬᠠᠭᠤᠯᠭ᠎ᠠ ᠬᠥᠮᠦᠵᠢᠯ ᠵᠶ᠋ᠠᠨ ᠥᠷᠭᠡᠳᠬᠡᠬᠦ ᠬᠡᠷᠡᠭᠲᠡᠢ; ᠡᠯ᠎ᠡ ᠰᠠᠯᠠᠭ᠎ᠠ ᠮᠥᠴᠢᠷ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠨᠡᠶ᠋ᠢᠭᠡᠮ᠎ᠤᠨ ᠪᠦᠯᠬᠦᠮ᠎ᠤᠳ ᠥᠪᠡᠷ᠎ᠤᠨ ᠬᠠᠷᠢᠶᠠᠨ᠎ᠳᠠᠬᠢ ᠬᠥᠮᠥᠰ᠎ᠲᠡᠭᠡᠨ ᠬᠢᠬᠦ ᠤᠬᠠᠭᠤᠯᠭ᠎ᠠ ᠬᠥᠮᠦᠵᠢᠯ ᠵᠶ᠋ᠠᠨ ᠴᠢᠩᠭ᠋ᠠᠳᠬᠠᠬᠤ ᠬᠡᠷᠡᠭᠲᠡᠢ; ᠡᠯ᠎ᠡ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠨᠤᠭᠤᠳ ᠤᠬᠠᠭᠤᠯᠭ᠎ᠠ ᠵᠢᠨ ᠮᠠᠲ᠋ᠧᠷᠢᠶᠠᠯ᠎ᠢ ᠬᠠᠩᠭ᠋ᠠᠬᠤ ᠪᠠ ᠪᠠᠭᠰᠢ ᠨᠠᠷ᠎ᠢ ᠪᠣᠯᠪᠠᠰᠤᠷᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠮᠡᠳᠡᠯᠭᠡ ᠵᠢ ᠥᠷᠭᠡᠨ ᠵᠶ᠋ᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠳᠣᠲᠣᠭ᠋ᠠᠳᠤ ᠵᠢ ᠬᠠᠮᠠᠭ᠋ᠠᠯᠠᠬᠤ ᠺᠠᠳ᠋ᠷ ᠴᠠᠭᠳᠠᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠵᠢᠨ ᠠᠮᠤᠷ ᠲᠦᠪᠰᠢᠨ᠎ᠤ ᠠᠵᠢᠯᠲᠠᠨ ᠪᠠ ᠡᠷᠡᠭᠦᠯ ᠬᠠᠮᠠᠭ᠋ᠠᠯᠠᠭᠴᠢ᠎ᠪᠠᠷ ᠭᠤᠣᠯᠯᠠᠭᠴᠢ ᠬᠦᠴᠦᠨ ᠪᠣᠯᠭ᠋ᠠᠭᠰᠠᠨ ᠣᠯᠠᠨ ᠲᠦᠮᠡᠨᠴᠢ ᠴᠢᠨᠠᠷᠲᠠᠢ ᠠᠪᠤᠷᠠᠨ ᠲᠤᠰᠠᠯᠠᠬᠤ ᠲᠣᠣᠷ ᠰᠦᠯᠵᠢᠶ᠎ᠡ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠪᠣᠯᠪᠠᠰᠤᠷᠠᠭᠤᠯᠤᠯ ᠪᠠ ᠰᠣᠷᠢᠯᠲᠠ᠎ᠪᠠᠷ ᠳᠡᠮᠵᠢᠨ ᠲᠡᠳᠡᠨ᠎ᠤ ᠥᠪᠡᠷ᠎ᠢ᠎ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃
      7. ᠳᠠᠭ᠋ᠠᠯᠳᠤᠭᠤᠯᠤᠭᠰᠠᠨ ᠳᠦᠷᠢᠮ
      7.1 ᠬᠠᠷᠢᠭᠤᠴᠠᠯᠭ᠎ᠠ ᠬᠢᠭᠡᠳ ᠱᠠᠩᠨᠠᠵᠤ ᠲᠣᠷᠭ᠋ᠠᠬᠤ
      ᠭᠡᠨᠡᠳᠲᠡ ᠡᠭᠦᠰᠦᠭᠰᠡᠨ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠳᠤ ᠬᠠᠷᠢᠭᠤᠴᠠᠯᠭ᠎ᠠ ᠵᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠬᠡᠷᠡᠭᠵᠢᠭᠦᠯᠦᠨ᠎ᠡ᠃
      ᠡᠯ᠎ᠡ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠠᠵᠢᠯ᠎ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ᠎ᠤ ᠬᠠᠮᠲᠤ ᠪᠠ ᠬᠤᠪᠢ ᠬᠥᠮᠥᠨ᠎ᠢ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠠᠶ᠋ᠢᠰᠢᠶᠠᠨ ᠬᠥᠬᠢᠭᠦᠯᠬᠦ ᠪᠠ ᠱᠠᠩᠨᠠᠨ᠎ᠠ᠃
      ᠬᠠᠷᠢᠭᠤᠴᠠᠯᠭ᠎ᠠ᠎ᠪᠠᠨ ᠠᠯᠳᠠᠭᠰᠠᠨ᠂ ᠲᠤᠰᠢᠶᠠᠯ ᠵᠶ᠋ᠠᠨ ᠭᠤᠲᠤᠭ᠋ᠠᠭᠰᠠᠨ ᠬᠤᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠥᠨ᠎ᠠᠴᠠ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ ᠬᠠᠷᠢᠭᠤᠴᠠᠯᠭ᠎ᠠ ᠵᠢ᠎ᠨᠢ ᠴᠢᠩᠭ᠎ᠠ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
      7.2 ᠪᠡᠯᠡᠳᠬᠡᠯ ᠲᠥᠰᠥᠯ᠎ᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ
      ᠲᠣᠰ ᠪᠡᠯᠡᠳᠬᠡᠯ ᠲᠥᠰᠥᠯ᠎ᠢ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠵᠣᠬᠢᠶᠠᠨ ᠪᠠᠶ᠋ᠢᠭᠤᠯᠤᠨ ᠲᠣᠭᠲᠠᠭ᠋ᠠᠬᠤ ᠵᠢᠨ ᠬᠠᠮᠲᠤ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠨᠡᠶ᠋ᠢᠲᠡᠯᠡᠨ᠎ᠡ᠃ ᠡᠯ᠎ᠡ ᠬᠤᠰᠢᠭᠤ ᠰᠢᠶᠠᠨ ᠲᠣᠭᠤᠷᠢᠭ᠎ᠨᠢ ᠪᠣᠳᠠᠲᠠᠢ᠎ᠲᠠᠢ᠎ᠪᠠᠨ ᠤᠶᠠᠯᠳᠤᠭᠤᠯᠤᠨ᠂ ᠲᠣᠰ ᠭᠠᠵᠠᠷ ᠣᠷᠣᠨ᠎ᠤ ᠭᠡᠨᠡᠳᠲᠡ ᠡᠭᠦᠰᠬᠦ ᠣᠯᠠᠨ ᠨᠡᠶ᠋ᠢᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠥᠯ᠎ᠢ ᠲᠣᠭᠲᠠᠭ᠋ᠠᠬᠤ ᠵᠢᠨ ᠬᠠᠮᠲᠤ ᠲᠣᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠨᠡᠶ᠋ᠢᠲᠡᠯᠡᠨ᠎ᠡ᠃
      ᠲᠣᠰ ᠪᠡᠯᠡᠳᠬᠡᠯ ᠲᠥᠰᠥᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠲᠣᠭᠲᠠᠭ᠋ᠠᠵᠤ᠂ ᠣᠯᠠᠨ ᠨᠡᠶ᠋ᠢᠲᠡ ᠵᠢᠨ ᠭᠡᠨᠡᠳᠲᠡ ᠵᠢᠨ ᠬᠡᠷᠡᠭ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠠᠪᠤᠷᠠᠨ ᠲᠤᠰᠠᠯᠠᠬᠤ ᠵᠢ ᠬᠡᠷᠡᠭᠵᠢᠭᠦᠯᠬᠦ ᠶᠠᠪᠤᠴᠠ᠎ᠳᠤ ᠣᠷᠣᠰᠢᠵᠤ ᠪᠠᠶ᠋ᠢᠭ᠎ᠠ ᠠᠰᠠᠭᠤᠳᠠᠯ᠎ᠢ ᠦᠨᠳᠦᠰᠦᠯᠡᠨ ᠴᠠᠭ ᠲᠤᠬᠠᠢ᠎ᠳᠤᠨᠢ ᠵᠠᠰᠠᠪᠤᠷᠢ ᠣᠷᠣᠭᠤᠯᠵᠤ ᠨᠥᠬᠦᠪᠦᠷᠢᠯᠡᠨ᠎ᠡ᠃
      7.3 ᠪᠡᠯᠡᠳᠬᠡᠯ ᠲᠥᠰᠥᠯ᠎ᠢ ᠲᠠᠶ᠋ᠢᠯᠪᠤᠷᠢᠯᠠᠬᠤ ᠰᠠᠯᠠᠭ᠎ᠠ ᠮᠥᠴᠢᠷ
      ᠲᠤᠰ ᠲᠥᠰᠥᠯ᠎ᠢ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃
      7.4 ᠪᠡᠯᠡᠳᠬᠡᠯ ᠲᠥᠰᠥᠯ᠎ᠢ ᠬᠡᠷᠡᠭᠵᠢᠭᠦᠯᠬᠦ ᠴᠠᠭ
      ᠲᠤᠰ ᠪᠡᠯᠡᠳᠬᠡᠯ ᠲᠥᠰᠥᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ