ᠠᠯᠪᠠᠨ ᠮᠠᠳᠡᠭᠡ 2023  -   ᠵᠠᠰᠠᠭ᠎ᠤᠨ ᠤᠷᠳᠥᠨ᠎ᠤ ᠠᠯᠪᠠᠨ ᠮᠠᠳᠡᠭᠡ

ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ 《ᠪᠠᠶᠠᠨᠨᠠᠭᠤᠷ ᠬᠤᠲᠠ ᠵᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ》 ᠵᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ

ᠨᠡᠶ᠋ᠢᠲᠡᠯᠡᠭᠰᠡᠨ ᠴᠠᠭ᠄   2024-07-23

ᠡᠯ᠎ᠡ ᠬᠤᠰᠢᠭᠤ ᠰᠢᠶᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠭᠠᠭᠴᠠᠮᠣᠳᠣ ᠬᠢᠯᠢ ᠵᠢᠨ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠲᠣᠭᠤᠷᠢᠭ᠎ᠤᠨ ᠬᠠᠮᠢᠶᠠᠷᠤᠯᠲᠠ (ᠪᠡᠯᠡᠳᠬᠡᠯ) ᠵᠢᠨ ᠵᠥᠪᠯᠡᠯ᠂ ᠬᠤᠲᠠ ᠵᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠲᠠ᠎ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠎ᠳᠤ᠄


     《ᠪᠠᠶᠠᠨᠨᠠᠭᠤᠷ ᠬᠤᠲᠠ ᠵᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ》 ᠵᠢ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ 2024 ᠣᠨ᠎ᠤ ᠲᠠᠪᠤᠳᠤᠭ᠋ᠠᠷ ᠤᠳᠠᠭ᠎ᠠ ᠵᠢᠨ ᠪᠠᠶ᠋ᠢᠩᠭᠤ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃
                          ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ
                                         2024 ᠣᠨ᠎ᠤ 3 ᠰᠠᠷ᠎ᠠ ᠵᠢᠨ 20᠎ᠤ ᠡᠳᠦᠷ


     ᠪᠠᠶᠠᠨᠨᠠᠭᠤᠷ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ 《ᠤᠯᠤᠰ᠎ᠤᠨ ᠲᠠᠰ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2020] 5 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠪᠠᠶᠠᠨᠨᠠᠭᠤᠷ᠎ᠤᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ (ᠳᠣᠷᠣᠭᠰᠢ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ ᠭᠡᠵᠦ ᠲᠣᠪᠴᠢᠯᠠᠨ᠎ᠠ)᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠬᠤ ᠵᠢᠨ ᠲᠤᠰᠠᠳᠠ᠂ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠬᠥᠭᠵᠢᠯᠲᠡ ᠵᠢᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠣᠨᠴᠠᠭ᠋ᠠᠶ᠋ᠢᠯᠠᠨ ᠳᠣᠤᠷᠠᠬᠢ ᠮᠡᠲᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠪᠠ᠃
     ᠨᠢᠭᠡ᠂ ᠬᠥᠭᠵᠢᠯᠲᠡ ᠵᠢᠨ ᠬᠠᠷᠠᠯᠲᠠ
     ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠶᠡᠷᠦᠩᠬᠡᠢ ᠦᠷᠳᠡᠭ᠎ᠢ ᠵᠢᠯ ᠪᠦᠷᠢ ᠳᠤᠮᠳᠠᠴᠢ᠎ᠪᠠᠷ 15%᠎ᠠᠴᠠ ᠳᠡᠭᠡᠭᠰᠢ ᠨᠡᠮᠡᠭᠳᠡᠭᠦᠯᠵᠦ᠂ ᠪᠣᠳᠠᠲᠠᠢ ᠬᠡᠷᠡᠭᠯᠡᠭᠰᠡᠨ ᠭᠠᠳᠠᠭ᠋ᠠᠳᠤ ᠪᠡᠯᠡ ᠵᠢ ᠵᠢᠯ ᠪᠦᠷᠢ ᠳᠤᠮᠳᠠᠴᠢ᠎ᠪᠠᠷ 10%᠎ᠠᠴᠠ ᠳᠡᠭᠡᠭᠰᠢ ᠨᠡᠮᠡᠭᠳᠡᠭᠦᠯᠵᠦ᠂ ᠪᠦᠬᠦ ᠬᠤᠳᠠ᠎ᠳᠤ ᠡᠵᠡᠯᠡᠬᠦ ᠬᠤᠪᠢ ᠵᠢᠨ ᠵᠢᠩ᠎ᠢ 30%᠎ᠠᠴᠠ ᠳᠡᠭᠡᠭᠰᠢ ᠨᠡᠮᠡᠭᠳᠡᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨᠵᠡᠭᠡᠢ ᠡᠳ᠋ᠰᠢᠭᠦᠯᠬᠦ᠂ ᠠᠮᠢᠳᠤ ᠪᠣᠳᠠᠰ᠎ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠭᠤᠷᠪᠠᠨ ᠵᠠᠭᠤᠨ ᠳ᠋ᠦᠩᠰᠢᠭᠤᠷ ᠲᠡᠰ᠎ᠤᠨ ᠠᠵᠤ ᠦᠢ᠍ᠯᠡᠰ᠎ᠤᠨ ᠪᠦᠯᠦᠭᠵᠢᠯ᠎ᠢ ᠠᠩᠬ᠎ᠠ ᠠᠯᠬᠤᠮ ᠬᠡᠪᠴᠢᠶᠡᠵᠢᠭᠦᠯᠵᠦ᠂ ᠠᠵᠤ ᠦᠢ᠍ᠯᠡᠰ᠎ᠤᠨ ᠳᠡᠭᠡᠳᠦ ᠲᠡᠰᠵᠢᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠬᠥᠭᠵᠢᠯᠲᠡ ᠵᠢ ᠪᠣᠳᠠᠲᠠᠢ ᠠᠯᠬᠤᠮ᠎ᠢ ᠠᠯᠬᠤᠵᠤ᠂ ᠠᠵᠤ ᠠᠬᠤᠢ ᠵᠢᠨ ᠨᠡᠭᠡᠭᠡᠨ ᠬᠥᠭᠵᠢᠭᠦᠯᠦᠯᠲᠡ ᠵᠢᠨ ᠣᠷᠣᠨ᠎ᠢ ᠪᠠᠶᠠᠨᠨᠠᠭᠤᠷ ᠬᠤᠳᠠ ᠵᠢᠨ ᠥᠭᠡᠷᠡᠴᠢᠯᠡᠯᠲᠡ ᠨᠡᠬᠡᠬᠡᠯᠳᠡ ᠵᠢᠨ ᠴᠢᠬᠤᠯᠠ ᠠᠴᠢᠶᠠᠯᠠᠪᠤᠷᠢ᠂ ᠴᠢᠨᠠᠷ ᠰᠠᠶ᠋ᠢᠲᠠᠢ ᠬᠦᠴᠦᠨ ᠵᠦᠢ᠍ᠯ ᠲᠥᠪᠯᠡᠷᠡᠭᠰᠡᠨ ᠪᠡᠯᠡ ᠣᠷᠣᠭᠤᠯᠤᠯᠲᠠ ᠵᠢᠨ ᠬᠠᠯᠠᠭᠤᠨ ᠬᠥᠷᠥᠰᠥ᠂ ᠰᠢᠨᠵᠢᠯᠡᠬᠦ ᠤᠬᠠᠭ᠋ᠠᠨ ᠮᠡᠷᠭᠡᠵᠢᠯ᠎ᠳᠤ ᠡᠨᠧᠷᠭᠢ ᠣᠯᠭᠤᠵᠤ ᠬᠥᠭᠵᠢᠭᠦᠯᠬᠦ ᠰᠢᠨ᠎ᠡ ᠵᠢ ᠡᠭᠦᠳᠬᠦ ᠥᠨᠳᠦᠷᠯᠢᠭ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ ᠵᠢᠨ ᠲᠡᠷᠢᠭᠦᠨ ᠴᠢᠬᠤᠯᠠ ᠬᠥᠳᠡᠯᠭᠡᠭᠦᠷ ᠪᠣᠯᠭ᠋ᠠᠨ ᠪᠠᠶ᠋ᠢᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ 2027 ᠣᠨ᠎ᠤ ᠡᠴᠦᠰ᠎ᠲᠤ᠂ ᠤᠯᠤᠰ᠎ᠤᠨ ᠲᠠᠰ᠎ᠤᠨ ᠠᠵᠤ ᠠᠬᠤᠶ ᠵᠢᠨ ᠨᠡᠭᠡᠭᠡᠯᠲᠡ ᠵᠢᠨ ᠣᠷᠣᠨ᠎ᠤ ᠶᠡᠷᠦᠩᠬᠡᠶ᠋ᠢᠯᠡᠭᠰᠡᠨ ᠬᠥᠭᠵᠢᠯᠲᠡ ᠵᠢᠨ ᠬᠢᠷᠢ ᠲᠦᠪᠰᠢᠨ᠎ᠤ ᠬᠢᠨᠠᠨ ᠰᠢᠯᠭ᠋ᠠᠯᠲᠠ᠎ᠳᠤ ᠪᠥᠬᠦ ᠤᠯᠤᠰ᠎ᠤᠨ ᠡᠮᠦᠨ᠎ᠡ 150 ᠨᠡᠷᠡᠰ᠂ ᠪᠠᠷᠠᠭᠤᠨ ᠣᠷᠣᠨ᠎ᠤ ᠡᠮᠦᠨ᠎ᠡ 25 ᠨᠡᠷᠡᠰ᠎ᠲᠤ ᠵᠢᠭᠰᠠᠭ᠋ᠠᠭᠳᠠᠪᠠ᠃
     ᠬᠤᠶᠠᠷ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ
     (ᠨᠢᠭᠡ) ᠡᠷᠬᠡ ᠵᠢ ᠥᠷᠭᠡᠳᠬᠡᠵᠦ ᠴᠢᠳᠠᠪᠤᠷᠢ ᠣᠯᠭᠤᠬᠤ ᠵᠢ ᠦᠷᠭᠦᠯᠵᠢᠯᠡᠨ ᠠᠬᠢᠭᠤᠯᠬᠤ
     1. ᠥᠪᠡᠷᠲᠡᠭᠡᠨ ᠵᠠᠰᠠᠬᠤ ᠣᠷᠣᠨ᠂ ᠬᠤᠲᠠ ᠵᠢᠨ ᠡᠨᠧᠷᠭᠢ ᠠᠷᠪᠢᠯᠠᠬᠤ ᠵᠢ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠵᠢᠨ ᠵᠢᠯᠣᠭᠤᠳᠤᠯᠭ᠎ᠠ ᠬᠢᠨᠠᠯᠲᠠ ᠳᠣᠣᠷ᠎ᠠ᠂ ᠵᠢᠯ᠎ᠤᠨ ᠶᠡᠷᠦᠩᠬᠡᠶ᠋ᠢᠯᠡᠭᠰᠡᠨ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ 10000 ᠲᠣᠨ ᠪᠠᠷᠢᠮᠵᠢᠶᠠᠲᠤ ᠨᠡᠭᠦᠷᠡᠰᠦ᠎ᠠᠴᠠ ᠳᠣᠷᠣᠭᠰᠢ (10000 ᠲᠣᠨ᠎ᠢ ᠪᠠᠭᠲᠠᠭ᠋ᠠᠬᠤ ᠦᠭᠡᠢ) ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠳᠤ ᠣᠷᠣᠨ ᠪᠦᠰᠡ ᠵᠢᠨ ᠡᠨᠧᠷᠭᠢ ᠠᠷᠪᠢᠯᠠᠬᠤ ᠬᠢᠨᠠᠨ ᠪᠠᠶ᠋ᠢᠴᠠᠭ᠋ᠠᠯᠲᠠ ᠵᠢ ᠬᠡᠷᠡᠭᠵᠢᠭᠦᠯᠵᠦ᠂ ᠡᠨᠧᠷᠭᠢ ᠠᠷᠪᠢᠯᠠᠬᠤ ᠵᠢ ᠬᠢᠨᠠᠨ ᠪᠠᠶ᠋ᠢᠴᠠᠭ᠋ᠠᠵᠤ ᠠᠮᠠᠯᠠᠯᠲᠠ ᠵᠢᠨ ᠳᠦᠷᠢᠮ᠎ᠢ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ)
     2. ᠠᠵᠤ ᠠᠬᠤᠢ ᠵᠢᠨ ᠨᠡᠭᠡᠭᠡᠯᠲᠡ ᠵᠢᠨ ᠲᠣᠭᠤᠷᠢᠭ᠎ᠤᠨ ᠠᠵᠤ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠲᠠ ᠪᠠ ᠯᠢᠨ ᠾᠧ ᠲᠣᠭᠤᠷᠢᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠬᠤᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠢᠩᠬᠢᠮ᠎ᠳᠤ ᠣᠷᠣᠵᠤ ᠰᠠᠭᠤᠬᠤ ᠵᠦᠢ᠍ᠯᠡᠰ ᠵᠶ᠋ᠠᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠪᠠ ᠠᠵᠤ ᠠᠬᠤᠶ᠋ᠢᠯᠠᠯ᠎ᠤᠨ ᠬᠡᠷᠡᠭ ᠡᠷᠬᠢᠯᠡᠬᠦ ᠬᠡᠷᠡᠭᠴᠡᠭᠡ᠎ᠪᠠᠨ ᠦᠨᠳᠦᠰᠦᠯᠡᠨ᠂ ᠬᠡᠰᠡᠭ ᠪᠦᠯᠦᠭ ᠠᠵᠤ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠲᠤ ᠣᠷᠣᠵᠤ ᠰᠠᠭᠤᠬᠤ᠎ᠪᠠᠨ ᠤᠷᠲᠤᠳᠬᠠᠨ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠠᠷ ᠭᠦᠢ᠍ᠴᠡᠳᠬᠡᠬᠦ》 ᠵᠢ ᠴᠢᠷᠮᠠᠶ᠋ᠢᠨ ᠪᠡᠶᠡᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠯᠢᠨ ᠾᠧ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ)
     3. ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠎ᠠᠴᠠ ᠰᠢᠨ᠎ᠡ᠎ᠪᠠᠷ ᠪᠠᠶ᠋ᠢᠭᠤᠯᠬᠤ ᠲᠥᠷᠥᠯ ᠵᠦᠢ᠍ᠯ᠎ᠤᠨ ᠨᠡᠶ᠋ᠢᠭᠡᠮ᠎ᠤᠨ ᠲᠣᠭᠲᠠᠭᠤᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢᠨ ᠬᠠᠮᠲᠤ ᠬᠤᠲᠠ ᠵᠢᠨ ᠨᠠᠮ᠎ᠤᠨ ᠬᠤᠷᠢᠶᠠᠨ᠎ᠤ ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ᠎ᠳᠤ ᠳᠠᠩᠰᠠᠯᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠡ᠄ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠬᠠᠮᠢᠶᠠᠷᠤᠯᠲᠠ ᠵᠢᠨ ᠵᠥᠪᠯᠡᠯ᠂ ᠬᠤᠲᠠ ᠵᠢᠨ ᠨᠠᠮ᠎ᠤᠨ ᠬᠤᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶ᠎ᠠ)
     4. ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠰᠢᠨ᠎ᠡ᠎ᠪᠠᠷ ᠥᠭᠡᠷᠡᠴᠢᠯᠡᠨ ᠥᠷᠭᠡᠳᠬᠡᠨ ᠪᠠᠶ᠋ᠢᠭᠤᠯᠬᠤ ᠲᠥᠷᠥᠯ ᠵᠦᠢ᠍ᠯ ᠵᠢᠴᠢ ᠲᠡᠭᠦᠨ᠎ᠲᠠᠢ ᠬᠠᠷᠢᠯᠴᠠᠨ ᠢᠵᠢ ᠪᠥᠷᠢᠳᠦᠭᠰᠡᠨ ᠰᠠᠭᠤᠷᠢ ᠪᠡᠯᠡᠳᠬᠡᠮᠵᠢ ᠵᠢᠨ ᠲᠥᠷᠥᠯ ᠵᠦᠢ᠍ᠯ (ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠠᠴᠠ ᠪᠤᠰᠤᠳ)᠂ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ ᠵᠥᠪᠰᠢᠶᠡᠷᠡᠨ ᠣᠷᠣᠭᠤᠯᠬᠤ ᠭᠠᠷᠳᠠᠮ᠎ᠢ ᠬᠠᠤᠯᠢ ᠶᠣᠰᠣᠭ᠋ᠠᠷ ᠴᠣᠮᠬᠠᠳᠬᠠᠵᠤ᠂ ᠬᠢᠨᠠᠨ ᠵᠥᠪᠰᠢᠶᠡᠷᠡᠬᠦ ᠲᠠᠰ ᠳᠠᠷᠠᠭ᠋ᠠᠯᠠᠯ᠎ᠢ ᠳᠥᠭᠦᠮᠴᠢᠯᠡᠨ᠂ ᠤᠷᠢᠳᠠᠪᠠᠷ ᠪᠠᠶ᠋ᠢᠭᠤᠯᠵᠤ ᠳᠠᠷᠠᠭ᠎ᠠ᠎ᠨᠢ ᠬᠠᠮᠢᠶᠠᠷᠬᠤ ᠵᠠᠭᠪᠤᠷ᠎ᠢ ᠬᠡᠷᠡᠭᠵᠢᠭᠦᠯᠦᠨ᠎ᠡ; ᠠᠵᠤ ᠠᠬᠤᠶ᠋ᠢᠯᠠᠯ᠎ᠤᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠪᠥᠬᠦ ᠴᠤᠪᠤᠷᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠳᠤᠲᠠᠭᠤ ᠵᠢ ᠪᠠᠭᠲᠠᠭ᠋ᠠᠬᠤ᠎ᠪᠠᠷ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠷᠭ᠎ᠠ ᠮᠠᠶᠢᠭ᠎ᠢ ᠬᠡᠷᠡᠭᠵᠢᠭᠦᠯᠦᠨ᠎ᠡ; ᠠᠵᠤ ᠠᠬᠤᠶ᠋ᠢᠯᠠᠯ᠎ᠠᠴᠠ ᠪᠠᠯᠠ ᠣᠷᠣᠭᠤᠯᠵᠤ ᠲᠦᠭᠰᠢᠭᠦᠷᠢ ᠵᠢ ᠥᠪᠡᠰᠦᠪᠡᠨ ᠡᠭᠦᠷᠭᠡᠯᠡᠬᠦ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ ᠶᠠᠪᠤᠴᠠ᠎ᠳᠤ ᠮᠡᠳᠡᠭᠳᠡᠵᠦ ᠠᠮᠠᠯᠠᠭᠤᠯᠬᠤ ᠲᠦᠷᠢᠮ᠎ᠢ ᠬᠡᠷᠡᠭᠵᠢᠭᠦᠯᠵᠦ᠂ ᠬᠤᠯᠪᠣᠭᠳᠠᠯ ᠪᠥᠬᠦᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠠᠮᠠᠯᠳᠠᠭᠰᠠᠨ ᠵᠦᠢ᠍ᠯᠡᠰ᠎ᠤᠨ ᠠᠵᠢᠯ ᠬᠡᠷᠡᠭ᠎ᠤᠨ ᠳᠤᠮᠳᠠᠬᠢ ᠪᠠ ᠠᠵᠢᠯ ᠬᠡᠷᠡᠭ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ)᠃
     (ᠬᠤᠶᠠᠷ) ᠠᠵᠤ ᠦᠢ᠍ᠯᠡᠰ᠎ᠤᠨ ᠪᠦᠭᠡᠮᠨᠡᠷᠡᠨ ᠪᠦᠯᠦᠭᠯᠡᠯ᠎ᠤᠨ ᠬᠦᠭᠵᠢᠯᠲᠡ ᠵᠢ ᠲᠦᠯᠬᠢᠨ ᠠᠬᠢᠭᠤᠯᠤᠨ᠎ᠠ
     5. ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠲᠠᠢ ᠤᠶᠠᠯᠳᠤᠭᠤᠯᠤᠨ᠂ ᠲᠥᠷᠥ ᠵᠢᠨ ᠪᠣᠳᠣᠯᠭ᠎ᠠ ᠪᠠ ᠡᠷᠬᠡ ᠮᠡᠳᠡᠯ᠎ᠤᠨ ᠬᠡᠪᠴᠢᠶᠡᠨ᠎ᠳᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠣᠬᠢᠴᠠᠩᠭᠤᠶ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠲᠣᠭᠲᠠᠭ᠋ᠠᠵᠤ᠂ ᠣᠷᠣᠭᠤᠯᠵᠤ ᠢᠷᠡᠭᠰᠡᠨ ᠴᠢᠬᠤᠯᠠ ᠶᠡᠭᠡ ᠠᠵᠤ ᠦᠢ᠍ᠯᠡᠰ᠎ᠤᠨ ᠲᠥᠷᠥᠯ ᠵᠦᠢ᠍ᠯ ᠪᠠ ᠰᠢᠨ᠎ᠡ ᠵᠢ ᠡᠭᠦᠳᠬᠦ ᠲᠥᠷᠥᠯ ᠵᠦᠢ᠍ᠯ᠎ᠳᠤ 《ᠨᠢᠭᠡ ᠠᠵᠤ ᠠᠬᠤᠶ᠋ᠢᠯᠠᠯ᠎ᠳᠤ ᠨᠢᠭᠡ ᠲᠥᠷᠥ ᠵᠢᠨ ᠪᠣᠳᠣᠯᠭ᠎ᠠ》᠂ 《ᠨᠢᠭᠡ ᠠᠵᠤ ᠦᠢ᠍ᠯᠡᠰ᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 ᠵᠢ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠪᠠᠯᠠ ᠣᠷᠣᠭᠤᠯᠤᠯᠲᠠ ᠵᠢ ᠠᠬᠢᠭᠤᠯᠬᠤ ᠲᠥᠪ)
     6. ᠠᠵᠤ ᠠᠬᠤᠶ ᠵᠢᠨ ᠨᠡᠭᠡᠭᠡᠨ ᠬᠥᠭᠵᠢᠭᠦᠯᠬᠦ ᠣᠷᠣᠨ᠎ᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠭᠦᠨᠵᠡᠭᠡᠶ ᠡᠳ᠋ᠰᠢᠭᠦᠯᠬᠦ᠂ ᠠᠮᠢᠳᠤ ᠪᠣᠳᠠᠰ᠎ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠠᠵᠤ ᠦᠢ᠍ᠯᠡᠰ᠎ᠤᠨ ᠰᠦᠷᠦᠭᠵᠢᠨ ᠬᠥᠭᠵᠢᠬᠦ ᠵᠢ ᠭᠤᠤᠯᠳᠠᠯᠭ᠎ᠠ᠎ᠲᠠᠢ ᠳᠡᠮᠵᠢᠨ᠎ᠡ᠃ ᠠᠵᠤ ᠦᠢ᠍ᠯᠡᠳᠪᠦᠷᠢ ᠵᠢᠨ ᠵᠢᠷᠤᠭ ᠲᠥᠯᠥᠪᠯᠡᠭᠡ᠂ ᠪᠠᠷᠠᠭ᠋ᠠᠨ᠎ᠤ ᠭᠦᠢ᠍ᠯᠭᠡᠭᠡᠨ᠂ ᠮᠥᠩᠭᠦᠨ ᠭᠦᠢ᠍ᠯᠭᠡᠭᠡᠨ᠂ ᠠᠷᠠᠯᠵᠢᠶᠠᠨ᠎ᠤ ᠵᠠᠬ᠎ᠠ ᠳᠡᠯᠭᠡᠭᠦᠷ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠪᠠᠶ᠋ᠢᠴᠠᠭ᠋ᠠᠨ ᠰᠢᠯᠭ᠋ᠠᠵᠤ ᠪᠠᠶ᠋ᠢᠴᠠᠭ᠋ᠠᠨ ᠰᠢᠨᠵᠢᠬᠦ ᠭᠡᠷᠡᠴᠢᠯᠡᠯ ᠵᠡᠷᠭᠡ ᠦᠢ᠍ᠯᠡᠳᠪᠦᠷᠢᠯᠡᠯ᠎ᠤᠨ ᠴᠢᠨᠠᠷᠲᠠᠶ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠢ ᠲᠥᠬᠦᠷᠵᠢᠭᠦᠯᠦᠨ ᠬᠥᠭᠵᠢᠭᠦᠯᠵᠦ᠂ ᠠᠵᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠪᠣᠳᠠᠲᠤ ᠴᠣᠭᠴᠠ ᠵᠢᠨ ᠠᠵᠤ ᠠᠬᠤᠶ ᠵᠢᠨ ᠬᠥᠭᠵᠢᠯᠲᠡ ᠵᠢ ᠲᠤᠯᠭ᠋ᠠᠭᠤᠷᠢᠯᠠᠨ᠎ᠠ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)᠃
     7. ᠬᠤᠲᠠ ᠵᠢᠨ ᠳᠣᠲᠣᠷᠠᠬᠢ ᠰᠢᠨ᠎ᠡ᠎ᠪᠠᠷ ᠣᠷᠣᠭᠤᠯᠤᠨ ᠠᠪᠴᠢᠷᠠᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠠᠬᠤᠶ᠋ᠢᠯᠠᠯ᠂ ᠲᠤᠰᠬᠠᠢ ᠨᠠᠷᠢᠯᠢᠭ ᠣᠨᠴᠠ ᠰᠢᠨ᠎ᠡ 《ᠵᠢᠵᠢᠭ ᠠᠪᠤᠷᠭᠤ》 ᠠᠵᠤ ᠠᠬᠤᠶ᠋ᠢᠯᠠᠯ᠂ ᠵᠠᠩᠭᠢᠯᠠᠭ᠎ᠠ ᠵᠢᠨ ᠰᠡᠯᠪᠢᠭ ᠲᠣᠨᠤᠭ ᠪᠠ ᠳᠤᠮᠳᠠᠬᠢ ᠦᠢ᠍ᠯᠡᠳᠬᠦᠨ ᠦᠢ᠍ᠯᠡᠳᠬᠦ ᠠᠵᠤ ᠠᠬᠤᠶ᠋ᠢᠯᠠᠯ ᠵᠡᠷᠭᠡ ᠠᠵᠤ ᠠᠬᠤᠢ ᠵᠢᠨ ᠨᠡᠭᠡᠭᠡᠯᠲᠡ ᠵᠢᠨ ᠲᠣᠭᠤᠷᠢᠭ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠷᠢ ᠲᠣᠭᠲᠠᠭ᠋ᠠᠯᠲᠠ᠎ᠳᠤ ᠨᠡᠶ᠋ᠢᠴᠡᠭᠰᠡᠨ ᠳᠡᠭᠡᠳᠦ ᠳᠣᠣᠷᠠᠳᠤ ᠤᠷᠤᠰᠬᠠᠯ᠎ᠤᠨ ᠢᠵᠢ ᠪᠦᠷᠢᠳᠦᠭᠦᠯᠬᠦ ᠠᠵᠤ ᠠᠬᠤᠶ᠋ᠢᠯᠠᠯ᠎ᠢ ᠤᠷᠢᠳᠠᠪᠠᠷ ᠲᠥᠯᠥᠪᠵᠢᠭᠦᠯᠦᠨ ᠪᠠᠶ᠋ᠢᠷᠢᠯᠠᠭᠤᠯᠤᠨ᠎ᠠ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠠᠵᠤ ᠦᠢ᠍ᠯᠡᠳᠪᠦᠷᠢ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠪᠡᠯᠡ ᠣᠷᠣᠭᠤᠯᠤᠯᠲᠠ ᠵᠢ ᠠᠬᠢᠭᠤᠯᠬᠤ ᠲᠥᠪ)
     (ᠭᠤᠷᠪᠠ) ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠳᠠᠪᠤᠷᠢ ᠵᠢ ᠬᠦᠭᠵᠢᠭᠡᠬᠦ
     8. ᠪᠠᠯᠠ ᠮᠥᠩᠭᠦ ᠪᠠ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠪᠠᠷ ᠳᠠᠮᠵᠢᠭᠤᠯᠤᠨ᠂ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠭᠤᠤᠯᠯᠠᠭᠴᠢ ᠠᠵᠤ ᠠᠬᠤᠶ᠋ᠢᠯᠠᠯ ᠬᠢᠭᠡᠳ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠬᠠᠮᠲᠤᠷᠠᠯᠴᠠᠭ᠎ᠠ ᠵᠢ ᠠᠬᠢᠭᠤᠯᠵᠤ᠂ ᠨᠢᠭᠡ ᠪᠦᠯᠦᠭ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠪᠠ ᠰᠢᠨ᠎ᠡ ᠵᠢ ᠡᠭᠦᠳᠬᠦ ᠬᠤᠯᠪᠣᠭ᠋ᠠᠲᠤ ᠴᠣᠭᠴᠠ ᠵᠢ ᠪᠤᠶ᠋ᠢᠵᠢᠭᠤᠯᠤᠨ ᠪᠠᠶ᠋ᠢᠭᠤᠯᠤᠨ᠎ᠠ᠃ ᠨᠡᠷᠡᠲᠦ ᠠᠵᠤ ᠠᠬᠤᠶ᠋ᠢᠯᠠᠯ᠎ᠤᠨ ᠶᠡᠷᠦᠩᠬᠡᠶ ᠬᠡᠯᠲᠡᠰ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠳᠡᠭᠡᠳᠦ ᠵᠡᠷᠭᠡ ᠵᠢᠨ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠲᠠᠨ ᠪᠣᠯᠤᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠲᠠᠨ᠎ᠤ ᠵᠢᠩ ᠺᠠᠢ ᠲᠣᠭᠤᠷᠢᠭ᠎ᠲᠠᠭᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠶ᠋ᠢᠯᠠᠯ ᠡᠭᠦᠳᠦᠨ ᠪᠠᠶ᠋ᠢᠭᠤᠯᠬᠤ ᠵᠢ ᠵᠣᠷᠢᠭᠵᠢᠭᠤᠯᠵᠤ᠂ ᠨᠢᠭᠡ ᠪᠦᠯᠦᠭ ᠬᠤᠷᠰᠢᠯᠴᠠᠬᠤ ᠬᠦᠷᠢᠶᠡᠯᠡᠩ ᠲᠣᠭᠤᠷᠢᠭ᠎ᠢ ᠪᠦᠲᠦᠭᠡᠨ ᠪᠠᠶ᠋ᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠲᠤ ᠲᠤᠬᠠᠶ ᠵᠢᠨ ᠭᠠᠵᠠᠷ᠎ᠲᠤᠨᠢ ᠬᠤᠪᠢᠷᠠᠭᠤᠯᠬᠤ ᠵᠢ ᠠᠬᠢᠭᠤᠯᠤᠨ᠎ᠠ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ)
     9. ᠠᠵᠤ ᠠᠬᠤᠶ ᠵᠢᠨ ᠨᠡᠭᠡᠭᠡᠯᠲᠡ ᠵᠢᠨ ᠣᠷᠣᠨ᠎ᠤ ᠭᠤᠶᠤᠴᠢᠯᠠᠨ ᠮᠡᠳᠡᠭᠦᠯᠬᠦ᠂ ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠤᠤᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠂ ᠠᠵᠤ ᠠᠬᠤᠶ᠋ᠢᠯᠠᠯ᠎ᠤᠨ ᠮᠡᠷᠭᠡᠵᠢᠯ᠎ᠤᠨ ᠲᠥᠪ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠬᠦᠷ᠂ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯᠯᠠᠬᠤ ᠥᠷᠲᠡᠭᠡ ᠪᠠ ᠦᠢ᠍ᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠲᠥᠪ ᠵᠡᠷᠭᠡ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠶ᠋ᠢᠭᠤᠯᠤᠮᠵᠢ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠲᠠᠪᠴᠠᠩ᠎ᠢ ᠤᠷᠢᠳᠠᠪᠠᠷ ᠳᠡᠮᠵᠢᠨ᠎ᠡ᠃ ᠰᠢᠨ᠎ᠡ᠎ᠪᠠᠷ ᠮᠠᠭ᠋ᠠᠳᠯᠠᠨ ᠲᠣᠭᠲᠠᠭ᠋ᠠᠭᠰᠠᠨ ᠪᠠ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠨ ᠵᠢᠱ᠌ᠢᠭᠰᠡᠨ ᠰᠢᠯᠢᠳᠡᠭ ᠳᠡᠭᠡᠷᠡᠬᠢ ᠪᠠᠶ᠋ᠢᠭᠤᠯᠤᠮᠵᠢ ᠪᠠ ᠲᠠᠪᠴᠠᠩ᠎ᠳᠤ ᠥᠪᠡᠷᠲᠡᠭᠡᠨ ᠵᠠᠰᠠᠬᠤ ᠣᠷᠣᠨ᠎ᠤ ᠱᠠᠩᠨᠠᠵᠤ ᠨᠥᠬᠦᠪᠦᠷᠢᠯᠡᠬᠦ ᠪᠠᠷᠢᠮᠵᠢᠶ᠎ᠠ ᠶᠣᠰᠣᠭ᠋ᠠᠷ 1᠄ 1᠎ᠪᠠᠷ ᠵᠣᠬᠢᠴᠠᠭᠤᠯᠤᠨ ᠱᠠᠩᠨᠠᠵᠤ ᠨᠥᠬᠦᠪᠦᠷᠢᠯᠡᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ)
     10. ᠠᠵᠤ ᠠᠬᠤᠶ ᠵᠢᠨ ᠨᠡᠭᠡᠭᠡᠯᠲᠡ ᠵᠢᠨ ᠣᠷᠣᠨ᠎ᠤ ᠳᠣᠲᠣᠷ᠎ᠠ ᠲᠡᠷᠢᠭᠦᠯᠡᠭᠴᠢ ᠵᠢᠨ ᠶᠠᠰᠤ ᠴᠢᠨᠠᠷ᠎ᠤᠨ ᠱᠠᠩᠨᠠᠯ ᠬᠦᠷᠲᠡᠭᠰᠡᠨ ᠠᠵᠤ ᠠᠬᠤᠶ᠋ᠢᠯᠠᠯ᠎ᠳᠤ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠤᠷᠮᠠᠰᠢᠭᠤᠯᠬᠤ ᠲᠥᠷᠥ ᠵᠢᠨ ᠪᠣᠳᠣᠯᠭ᠎ᠠ ᠵᠢ ᠭᠥᠷᠳᠡᠭᠰᠡᠨ ᠰᠠᠭᠤᠷᠢᠨ ᠳᠡᠭᠡᠷ᠎ᠡ᠂ ᠳᠠᠬᠢᠨ ᠨᠢᠭᠡ ᠯᠡ ᠤᠳᠠᠭ᠎ᠠ᠎ᠳᠤ 50 ᠲᠦᠮᠡᠨ ᠲᠥᠭᠦᠷᠢᠭ᠎ᠤᠨ ᠱᠠᠩᠨᠠᠯ ᠣᠯᠭᠤᠨ᠎ᠠ; ᠤᠯᠤᠰ᠎ᠤᠨ ᠲᠠᠰ᠎ᠤᠨ ᠠᠵᠤ ᠠᠬᠤᠶ᠋ᠢᠯᠠᠯ᠎ᠤᠨ ᠪᠠᠷᠢᠮᠵᠢᠶ᠎ᠠ ᠵᠢᠨ 《ᠳᠠᠭ᠋ᠠᠭᠤᠯᠤᠭᠴᠢ》 ᠣᠯᠤᠭᠰᠠᠨ ᠠᠵᠤ ᠠᠬᠤᠶ᠋ᠢᠯᠠᠯ᠎ᠳᠤ ᠨᠢᠭᠡ ᠯᠡ ᠤᠳᠠᠭ᠎ᠠ᠎ᠳᠤ 20 ᠲᠦᠮᠡᠨ ᠲᠥᠭᠦᠷᠢᠭ᠎ᠤᠨ ᠨᠥᠬᠦᠪᠥᠷᠢ ᠣᠯᠭᠤᠨ᠎ᠠ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ)
     (ᠲᠦᠷᠪᠡ) ᠨᠡᠭᠡᠭᠡᠯᠲᠡᠲᠦ ᠠᠵᠤ ᠠᠬᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠶ᠎ᠡ
     11. ᠠᠵᠤ ᠠᠬᠤᠢ ᠵᠢᠨ ᠨᠡᠭᠡᠭᠡᠯᠲᠡ ᠵᠢᠨ ᠲᠣᠭᠤᠷᠢᠭ᠎ᠤᠨ ᠠᠵᠤ ᠠᠬᠤᠶ᠋ᠢᠯᠠᠯ᠎ᠤᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠵᠢᠨ ᠬᠥᠭᠵᠢᠯᠲᠡ ᠵᠢ ᠳᠡᠮᠵᠢᠵᠦ᠂ ᠵᠠᠬ᠎ᠠ ᠳᠡᠯᠭᠡᠭᠦᠷ᠎ᠢ ᠨᠡᠭᠡᠭᠡᠨ ᠥᠷᠭᠡᠳᠬᠡᠵᠦ᠂ ᠬᠢᠯᠢ ᠵᠢᠨ ᠭᠠᠳᠠᠨᠠᠬᠢ ᠡᠵᠡᠩᠨᠡᠨ ᠪᠣᠷᠣᠯᠠᠭᠤᠯᠬᠤ ᠲᠣᠣᠷ ᠴᠢᠭ᠂ ᠭᠠᠳᠠᠭ᠋ᠠᠳᠤ ᠵᠢᠨ ᠬᠥᠮᠥᠷᠭᠡ᠂ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠋ᠠᠨ᠎ᠤ ᠲᠤᠬᠠᠶ᠋ᠢᠯᠠᠭᠰᠠᠨ ᠠᠵᠢᠯ᠂ ᠣᠯᠠᠨ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠲᠡᠭᠡᠭᠡᠪᠦᠷᠢ ᠪᠠ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠬᠥᠭᠵᠢᠭᠦᠯᠦᠭᠰᠡᠨ ᠪᠠᠶ᠋ᠢᠪᠠᠯ᠂ ᠳᠠᠩ ᠭᠠᠭᠴᠠ ᠲᠥᠷᠥᠯ ᠵᠦᠢ᠍ᠯ᠎ᠳᠤ ᠪᠣᠳᠠᠲᠠᠢ ᠣᠷᠣᠭᠤᠯᠤᠯᠲᠠ ᠵᠢᠨ 60%᠎ᠪᠠᠷ ᠭᠠᠳᠠᠭ᠋ᠠᠳᠤ ᠠᠵᠤ ᠠᠬᠤᠢ ᠠᠷᠠᠯᠵᠢᠶᠠᠨ᠎ᠤ ᠬᠥᠭᠵᠢᠯᠲᠡ ᠵᠢᠨ ᠲᠤᠰᠬᠠᠢ ᠪᠡᠯᠡ ᠮᠥᠩᠭᠦ ᠵᠢᠨ ᠳᠡᠮᠵᠢᠯᠭᠡ ᠦᠵᠡᠭᠦᠯᠵᠦ᠂ ᠬᠠᠮᠤᠭ᠎ᠤᠨ ᠥᠨᠳᠥᠷ᠎ᠲᠡᠭᠡᠨ 300 ᠲᠦᠮᠡᠨ ᠲᠥᠭᠦᠷᠢᠭ᠎ᠠᠴᠠ ᠳᠠᠪᠠᠭᠤᠯᠬᠤ ᠦᠭᠡᠢ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ)
     12. ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠠᠵᠤ ᠠᠬᠤᠶ᠋ᠢᠯᠠᠯ᠎ᠤᠨ ᠭᠠᠳᠠᠭ᠋ᠠᠳᠤ᠎ᠠᠴᠠ ᠣᠷᠣᠭᠤᠯᠬᠤ ᠲᠥᠬᠦᠭᠡᠷᠦᠮᠵᠢ ᠵᠢᠴᠢ ᠮᠡᠷᠭᠡᠵᠢᠯ᠎ᠢ ᠣᠷᠣᠭᠤᠯᠤᠨ ᠠᠪᠴᠢᠷᠠᠵᠤ᠂ ᠰᠢᠨ᠎ᠡ ᠮᠡᠷᠭᠡᠵᠢᠯ᠂ ᠰᠢᠨ᠎ᠡ ᠭᠠᠷ ᠤᠷᠠᠯᠠᠯ᠎ᠢ ᠬᠡᠷᠡᠭᠯᠡᠨ ᠣᠲᠣ ᠵᠢᠨ ᠪᠠᠶ᠋ᠢᠭ᠎ᠠ ᠪᠡᠯᠡᠳᠬᠡᠮᠵᠢ᠂ ᠭᠠᠷ ᠤᠷᠠᠯᠠᠯ᠎ᠤᠨ ᠨᠥᠬᠦᠴᠡᠯ ᠵᠢᠴᠢ ᠦᠢ᠍ᠯᠡᠳᠪᠦᠷᠢᠯᠡᠯ᠎ᠤᠨ ᠦᠢ᠍ᠯᠡᠴᠢᠯᠡᠭᠡ ᠵᠡᠷᠭᠡ᠎ᠳᠤ ᠳᠡᠭᠡᠳᠦ ᠲᠠᠰ᠎ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠮᠡᠷᠭᠡᠵᠢᠯ᠎ᠤᠨ ᠥᠭᠡᠷᠡᠴᠢᠯᠡᠯᠲᠡ ᠬᠢᠭᠰᠡᠨ ᠪᠠᠶ᠋ᠢᠪᠠᠯ᠂ ᠲᠠᠩ ᠭᠠᠭᠴᠠ ᠲᠥᠷᠥᠯ ᠵᠦᠢ᠍ᠯ᠎ᠳᠤ ᠪᠣᠳᠠᠲᠠᠶ ᠣᠷᠣᠭᠤᠯᠤᠯᠲᠠ ᠵᠢᠨ 60%᠎ᠪᠠᠷ ᠭᠠᠳᠠᠭ᠋ᠠᠳᠤ ᠠᠵᠤ ᠠᠬᠤᠶ ᠠᠷᠠᠯᠵᠢᠶᠠᠨ᠎ᠤ ᠬᠥᠭᠵᠢᠯᠲᠡ ᠵᠢᠨ ᠲᠤᠰᠬᠠᠶ ᠪᠠᠯᠠ ᠮᠥᠩᠭᠦ ᠵᠢᠨ ᠳᠡᠮᠵᠢᠯᠭᠡ ᠦᠵᠡᠭᠦᠯᠵᠦ᠂ ᠬᠠᠮᠤᠭ᠎ᠤᠨ ᠥᠨᠳᠥᠷ᠎ᠲᠡᠭᠡᠨ 300 ᠲᠦᠮᠡᠨ ᠲᠥᠭᠦᠷᠢᠭ᠎ᠠᠴᠠ ᠳᠠᠪᠠᠭᠤᠯᠬᠤ ᠥᠬᠡᠶ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ)
     13. ᠠᠵᠤ ᠠᠬᠤᠢ ᠵᠢᠨ ᠨᠡᠭᠡᠭᠡᠯᠲᠡ ᠵᠢᠨ ᠲᠣᠭᠤᠷᠢᠭ᠎ᠤᠨ 《ᠨᠢᠭᠡ ᠲᠣᠭᠤᠷᠢᠭ ᠤᠯᠠᠨ ᠬᠦᠷᠢᠶᠡᠯᠡᠩ》᠎ᠤᠨ ᠪᠦᠲᠦᠭᠡᠨ ᠪᠠᠶ᠋ᠢᠭᠤᠯᠤᠯᠲᠠ ᠵᠢ ᠬᠡᠷᠡᠭᠵᠢᠭᠦᠯᠬᠦ ᠵᠢ ᠳᠡᠮᠵᠢᠵᠦ᠂ ᠤᠷᠠᠳ᠎ᠤᠨ ᠳᠤᠮᠳᠠᠳᠤ ᠬᠤᠰᠢᠭᠤ᠂ ᠭᠠᠭᠴᠠᠮᠤᠳᠤ ᠬᠢᠯᠢ ᠵᠢᠨ ᠪᠣᠭᠤᠮᠲᠠ᠎ᠯᠤᠭ᠎ᠠ ᠬᠠᠮᠲᠤᠷᠠᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠠᠷᠠᠯᠵᠢᠶᠠᠨ᠎ᠤ ᠬᠦᠷᠢᠶᠡᠯᠡᠩ ᠲᠣᠭᠤᠷᠢᠭ᠎ᠢ ᠪᠠᠶ᠋ᠢᠭᠤᠯᠵᠤ᠂ ᠯᠢᠨ ᠾᠧ ᠲᠣᠭᠤᠷᠢᠭ᠎ᠯᠤᠭ᠎ᠠ ᠬᠠᠮᠲᠤᠷᠠᠯᠴᠠᠨ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠬᠦᠷᠢᠶᠡᠯᠡᠩ ᠲᠣᠭᠤᠷᠢᠭ᠂ ᠠᠵᠤ ᠦᠢ᠍ᠯᠡᠰ ᠪᠠ ᠬᠤᠲᠠ ᠵᠢ ᠠᠭᠤᠰᠤᠯᠴᠠᠭᠤᠯᠬᠤ ᠬᠦᠷᠢᠶᠡᠯᠡᠩ ᠲᠣᠭᠤᠷᠢᠭ᠎ᠢ ᠪᠠᠶ᠋ᠢᠭᠤᠯᠵᠤ᠂ ᠨᠡᠭᠡᠭᠡᠯᠲᠡᠲᠦ ᠬᠡᠯᠪᠡᠷᠢ ᠵᠢᠨ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ ᠪᠠ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠣᠪᠴᠢᠶ᠎ᠠ᠂ ᠯᠢᠨ ᠾᠧ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠤᠷᠠᠳ᠎ᠤᠨ ᠳᠤᠮᠳᠠᠳᠤ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠭᠠᠭᠴᠠᠮᠤᠳᠤ ᠪᠣᠭᠤᠮᠲᠠ ᠵᠢᠨ ᠬᠠᠮᠢᠶᠠᠷᠤᠯᠲᠠ ᠵᠢᠨ ᠵᠥᠪᠯᠡᠯ)
     (ᠲᠠᠪᠤ) ᠪᠣᠬᠢᠷᠲᠤᠯ ᠦᠭᠡᠢ ᠲᠤᠭ᠎ᠠ ᠪᠠᠷᠢᠮᠲᠠ ᠵᠢᠨ ᠬᠥᠭᠵᠢᠯᠲᠡ ᠵᠢ ᠠᠬᠢᠭᠤᠯᠬᠤ ᠬᠡᠷᠡᠭᠲᠡᠢ
     14. ᠬᠤᠳᠠ ᠵᠢᠨ ᠳᠣᠲᠣᠷ᠎ᠠ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠡᠭᠡᠭᠦᠯᠦᠨ ᠬᠤᠷᠢᠶᠠᠵᠤ ᠳᠠᠬᠢᠨ ᠠᠰᠢᠭᠯᠠᠬᠤ ᠠᠵᠤ ᠠᠬᠤᠶ᠋ᠢᠯᠠᠯ᠎ᠢ ᠰᠢᠨ᠎ᠡ᠎ᠪᠠᠷ ᠣᠷᠣᠭᠤᠯᠤᠨ ᠠᠪᠴᠢᠷᠠᠵᠤ᠂ ᠨᠡᠭᠡᠭᠡᠨ ᠬᠥᠭᠵᠢᠭᠦᠯᠬᠦ ᠣᠷᠣᠨ᠎ᠤ ᠬᠡᠷᠡᠭᠴᠡᠭᠡ ᠵᠢ ᠦᠨᠳᠦᠰᠦᠯᠡᠨ᠂ ᠤᠷᠢᠳ ᠵᠶ᠋ᠠᠷ ᠠᠵᠤ ᠦᠢ᠍ᠯᠡᠳᠪᠦᠷᠢ ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠶᠡᠷᠦᠩᠬᠡᠶ᠋ᠢᠯᠡᠨ ᠠᠰᠢᠭᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠪᠡᠯᠡ ᠣᠷᠣᠭᠤᠯᠤᠯᠲᠠ ᠵᠢ ᠠᠬᠢᠭᠤᠯᠬᠤ ᠲᠥᠪ)
     15. ᠡᠯ᠎ᠡ ᠲᠥᠷᠥᠯ᠎ᠤᠨ ᠬᠥᠷᠥᠩᠭᠡ ᠵᠢᠨ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠲᠤ ᠪᠠᠯᠠ ᠣᠷᠣᠭᠤᠯᠤᠨ ᠮᠡᠳᠡᠭᠡ ᠵᠠᠩᠭᠢ ᠵᠢᠨ ᠮᠡᠷᠭᠡᠵᠢᠯ᠎ᠤᠨ ᠰᠠᠭᠤᠷᠢ ᠪᠡᠯᠡᠳᠬᠡᠮᠵᠢ ᠪᠠᠶ᠋ᠢᠭᠤᠯᠬᠤ ᠵᠢ ᠵᠣᠷᠢᠭᠵᠢᠭᠤᠯᠵᠤ᠂ ᠴᠢᠮᠡᠭᠡ ᠬᠤᠯᠪᠣᠭ᠋ᠠᠨ᠎ᠤ ᠠᠵᠤ ᠠᠬᠤᠶ᠋ᠢᠯᠠᠯ᠎ᠤᠨ 5G ᠰᠦᠯᠵᠢᠶᠡᠨ᠎ᠤ ᠬᠡᠪᠴᠢᠶᠡᠲᠦ ᠰᠦᠯᠵᠢᠶ᠎ᠡ ᠥᠷᠨᠢᠭᠦᠯᠬᠦ ᠵᠢ ᠳᠡᠮᠵᠢᠵᠦ᠂ ᠴᠢᠮᠡᠭᠡ ᠬᠤᠯᠪᠣᠭ᠋ᠠᠨ᠎ᠤ ᠰᠠᠭᠤᠷᠢ ᠥᠷᠲᠡᠭᠡ᠎ᠳᠤ ᠴᠠᠬᠢᠯᠭ᠋ᠠᠨ ᠬᠡᠷᠡᠭᠯᠡᠬᠦ᠎ᠪᠠᠷ ᠮᠡᠳᠡᠭᠦᠯᠦᠨ ᠬᠢᠨᠠᠭᠤᠯᠬᠤ ᠵᠢᠨ ᠰᠠᠭ᠋ᠠᠳ ᠥᠬᠡᠶ ᠨᠡᠪᠲᠡᠷᠡᠬᠦ ᠵᠠᠮ ᠪᠠᠶ᠋ᠢᠭᠤᠯᠵᠤ᠂ ᠲᠣᠭ᠋ᠠᠴᠢᠯᠠᠭᠰᠠᠨ ᠠᠵᠤ ᠠᠬᠤᠶ ᠵᠢᠨ ᠬᠦᠷᠢᠶᠡᠨ᠎ᠳᠠᠬᠢ ᠠᠵᠤ ᠠᠬᠤᠶ᠋ᠢᠯᠠᠯ᠎ᠤᠨ ᠥᠪᠡᠷᠲᠡᠭᠡᠨ ᠵᠠᠰᠠᠬᠤ ᠣᠷᠣᠨ᠎ᠤ ᠴᠠᠬᠢᠯᠭ᠋ᠠᠨ ᠬᠦᠴᠦᠨ᠎ᠤ ᠣᠯᠠᠨ ᠲᠠᠯᠠᠲᠤ ᠠᠷᠠᠯᠵᠢᠶᠠᠨ᠎ᠤ ᠲᠦᠷᠢᠮ ᠶᠣᠰᠣᠭ᠋ᠠᠷ ᠴᠠᠬᠢᠯᠭ᠋ᠠᠨ ᠬᠦᠴᠦᠨ᠎ᠤ ᠵᠠᠬ᠎ᠠ ᠳᠡᠯᠭᠡᠭᠦᠷᠴᠢᠯᠡᠭᠰᠡᠨ ᠠᠷᠠᠯᠵᠢᠶᠠᠨ᠎ᠳᠤ ᠣᠷᠣᠯᠴᠠᠬᠤ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ)
     (ᠵᠢᠷᠭᠤᠭ᠎ᠠ) ᠪᠦᠲᠦᠭᠡᠨ ᠪᠠᠶ᠋ᠢᠭᠤᠯᠤᠯᠲᠠ ᠵᠢᠨ ᠡᠵᠡᠩᠨᠡᠯᠲᠡ ᠵᠢᠨ ᠵᠠᠭᠪᠤᠷ᠎ᠤᠨ ᠰᠢᠨ᠎ᠡ ᠵᠢ ᠡᠭᠦᠳᠦᠨ᠎ᠡ
     16. 《ᠬᠠᠮᠢᠶᠠᠷᠤᠯᠲᠠ ᠵᠢᠨ ᠵᠥᠪᠯᠡᠯ᠎ᠤᠨ ᠺᠣᠮᠫᠠᠨᠢ》 ᠵᠢᠨ ᠡᠵᠡᠩᠨᠡᠯᠲᠡ ᠵᠢᠨ ᠵᠠᠭᠪᠤᠷ᠎ᠢ ᠬᠠᠶ᠋ᠢᠨ ᠰᠦᠪᠡᠭᠴᠢᠯᠡᠵᠦ᠂ ᠬᠠᠮᠢᠶᠠᠷᠤᠯᠲᠠ ᠵᠢᠨ ᠪᠠᠶ᠋ᠢᠭᠤᠯᠤᠮᠵᠢ ᠬᠢᠭᠡᠳ ᠡᠵᠡᠩᠨᠡᠯᠲᠡ ᠵᠢᠨ ᠪᠠᠶ᠋ᠢᠭᠤᠯᠤᠮᠵᠢ ᠵᠢ ᠰᠠᠯᠭ᠋ᠠᠬᠤ ᠲᠦᠷᠢᠮ᠎ᠢ ᠬᠡᠷᠡᠭᠵᠢᠭᠦᠯᠦᠨ᠎ᠡ᠃ ᠠᠵᠤ ᠠᠬᠤᠢ ᠵᠢᠨ ᠨᠡᠭᠡᠭᠡᠯᠲᠡ ᠵᠢᠨ ᠲᠣᠭᠤᠷᠢᠭ᠎ᠤᠨ 《ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ᠂ ᠰᠢᠯᠢᠳᠡᠭ ᠠᠮᠵᠢᠯᠲᠠ ᠪᠦᠲᠦᠮᠵᠢ ᠣᠯᠪᠠᠯ ᠰᠠᠶ᠋ᠢᠨ ᠬᠠᠷᠠᠮᠵᠢ ᠣᠯᠬᠤ》 ᠬᠥᠳᠡᠯᠦᠩᠭᠦᠢ᠎ᠪᠠᠷ ᠤᠷᠮᠠᠰᠢᠭᠤᠯᠬᠤ ᠰᠠᠶ᠋ᠢᠨ ᠰᠠᠶ᠋ᠢᠬᠠᠨ ᠬᠥᠮᠥᠨ ᠬᠡᠷᠡᠭᠯᠡᠬᠦ ᠲᠣᠭᠲᠠᠴᠠ ᠵᠢ ᠪᠠᠶ᠋ᠢᠭᠤᠯᠬᠤ ᠵᠢ ᠳᠡᠮᠵᠢᠵᠦ᠂ ᠠᠵᠢᠯ ᠦᠢ᠍ᠯᠡᠰ᠎ᠤᠨ ᠨᠢᠭᠡᠴᠡ ᠵᠢᠨ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠤ ᠣᠨ᠎ᠤ ᠴᠠᠯᠢᠩ᠎ᠤᠨ ᠳᠦᠷᠢᠮ᠂ ᠲᠥᠷᠥᠯ ᠵᠦᠢ᠍ᠯ᠎ᠤᠨ ᠴᠠᠯᠢᠩ᠂ ᠵᠥᠪᠯᠡᠯᠴᠡᠭᠡᠷ᠎ᠤᠨ ᠴᠠᠯᠢᠩ ᠵᠡᠷᠭᠡ ᠣᠯᠠᠨ ᠵᠦᠢ᠍ᠯ᠎ᠤᠨ ᠬᠤᠪᠢᠶᠠᠷᠢᠯᠠᠯᠲᠠ ᠵᠢᠨ ᠬᠡᠯᠪᠡᠷᠢ ᠵᠢ ᠰᠦᠪᠡᠭᠴᠢᠯᠡᠨ ᠬᠡᠷᠡᠭᠵᠢᠭᠦᠯᠦᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ)
     (ᠳᠤᠯᠤᠭ᠎ᠠ) ᠡᠯᠧᠮᠧᠨ᠋ᠲ᠎ᠤᠨ ᠪᠠᠲᠤᠯᠠᠭ᠎ᠠ ᠪᠠ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠬᠤ ᠵᠢ ᠴᠢᠩᠭ᠋ᠠᠳᠬᠠᠨ᠎ᠠ
     17. ᠲᠣᠭᠤᠷᠢᠭ᠎ᠤᠨ ᠨᠡᠭᠡᠭᠡᠨ ᠬᠥᠭᠵᠢᠭᠦᠯᠬᠦ ᠠᠵᠤ ᠠᠬᠤᠶ᠋ᠢᠯᠠᠯ᠎ᠤᠨ ᠦᠯᠡᠳᠡᠭᠡᠯ ᠭᠠᠵᠠᠷ ᠰᠢᠷᠣᠶ ᠵᠢ ᠵᠦᠶ ᠵᠣᠬᠢᠰᠲᠠᠶ ᠰᠠᠯᠭ᠋ᠠᠵᠤ ᠰᠢᠯᠵᠢᠭᠦᠯᠦᠨ ᠥᠭᠬᠦ ᠵᠢ ᠳᠡᠮᠵᠢᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠠ ᠲᠦᠯᠦᠪᠦᠷᠢᠲᠡᠢ ᠰᠢᠯᠵᠢᠭᠦᠯᠬᠦ ᠭᠡᠷ᠎ᠡ ᠵᠢᠨ ᠪᠣᠯᠵᠤᠭ᠎ᠠ᠎ᠳᠤ ᠨᠡᠶ᠋ᠢᠴᠡᠭᠰᠡᠨ ᠤᠷᠢᠲᠠᠯ ᠳᠣᠤᠷ᠎ᠠ᠂ ᠠᠷᠠᠯᠵᠢᠶᠠᠨ᠎ᠤ ᠡᠷᠬᠡ ᠴᠢᠯᠥᠭᠡ ᠵᠢ ᠭᠦᠢ᠍ᠴᠡᠳ ᠪᠠᠲᠤᠯᠠᠵᠤ᠂ ᠥᠯᠥ ᠬᠥᠳᠡᠯᠬᠦ ᠬᠥᠷᠥᠩᠭᠡ ᠵᠢᠨ ᠰᠢᠯᠵᠢᠭᠦᠯᠬᠦ ᠳᠡᠩᠰᠡᠯᠡᠯᠲᠡ ᠵᠢ ᠬᠠᠤᠯᠢ ᠶᠣᠰᠣᠭ᠋ᠠᠷ ᠭᠦᠢ᠍ᠴᠡᠳᠬᠡᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ)
     18. ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠵᠢᠨ ᠰᠠᠭᠤᠷᠢ ᠮᠥᠩᠭᠦ᠂ ᠡᠯ᠎ᠡ ᠲᠥᠷᠥᠯ᠎ᠤᠨ ᠠᠵᠤ ᠦᠢ᠍ᠯᠡᠰ᠎ᠤᠨ ᠲᠤᠰᠬᠠᠶ ᠪᠠᠯᠠ ᠮᠥᠩᠭᠦ᠂ ᠲᠤᠰᠬᠠᠶ ᠵᠢᠭᠡᠯᠡᠯᠭᠡ ᠵᠢᠨ ᠲᠡᠮᠳᠡᠭᠲᠦ ᠵᠢ ᠠᠰᠢᠭᠯᠠᠨ ᠰᠠᠭᠤᠷᠢ ᠪᠡᠯᠡᠳᠬᠡᠮᠵᠢ ᠵᠢᠴᠢ ᠴᠢᠬᠤᠯᠠ ᠶᠡᠭᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠳᠡᠮᠵᠢᠨ᠎ᠡ᠃ ᠬᠤᠲᠠ ᠵᠢᠨ ᠲᠣᠰ ᠱᠠᠲᠤ ᠵᠢᠯ ᠪᠦᠷᠢ ᠵᠣᠬᠢᠬᠤ ᠲᠤᠰᠬᠠᠶ ᠪᠠᠯᠠ ᠮᠥᠩᠭᠦ ᠳᠣᠭᠢᠷᠠᠭᠤᠯᠵᠤ᠂ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠰᠢᠨᠡᠳᠭᠡᠨ ᠥᠭᠡᠷᠡᠴᠢᠯᠡᠬᠦ ᠣᠯᠠᠨ ᠨᠡᠶ᠋ᠢᠲᠡ ᠵᠢᠨ ᠰᠠᠭᠤᠷᠢ ᠪᠡᠯᠡᠳᠬᠡᠮᠵᠢ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠲᠣᠪᠴᠢᠶ᠎ᠠ᠂ ᠵᠠᠮ ᠬᠠᠷᠢᠯᠴᠠᠭ᠋ᠠᠨ᠎ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ)᠃
     19. ᠠᠵᠤ ᠠᠬᠤᠶ ᠵᠢᠨ ᠨᠡᠭᠡᠭᠡᠯᠲᠡ ᠬᠢᠬᠦ ᠣᠷᠣᠨ ᠵᠶ᠋ᠠᠷ ᠳᠡᠮᠵᠢᠨ ᠥᠪᠡᠷᠲᠡᠭᠡᠨ ᠵᠠᠰᠠᠬᠤ ᠣᠷᠣᠨ᠎ᠠᠴᠠ ᠪᠠᠭᠤᠯᠭ᠋ᠠᠭᠰᠠᠨ ᠲᠤᠰᠬᠠᠶ ᠵᠦᠢ᠍ᠯ ᠵᠶ᠋ᠠᠷ ᠰᠢᠯᠵᠢᠭᠦᠯᠦᠨ ᠥᠭᠬᠦ ᠨᠡᠪᠲᠡᠷᠡᠬᠦ ᠵᠠᠮ᠎ᠢ ᠠᠰ᠎ᠲᠤᠨᠢ ᠨᠡᠭᠡᠭᠡᠬᠦ ᠵᠢ ᠳᠡᠮᠵᠢᠵᠦ᠂ ᠲᠤᠰᠠᠭ᠋ᠠᠷ ᠵᠢᠭᠰᠠᠭ᠋ᠠᠨ᠂ ᠲᠤᠰᠠᠭ᠋ᠠᠷ ᠵᠣᠭᠤᠰ ᠲᠣᠬᠢᠷᠠᠭᠤᠯᠬᠤ ᠵᠢ ᠪᠡᠶᠡᠯᠡᠭᠦᠯᠦᠨ᠎ᠡ᠃ ᠠᠵᠤ ᠦᠢ᠍ᠯᠡᠳᠪᠦᠷᠢ ᠵᠢᠨ ᠲᠣᠭᠤᠷᠢᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠳᠡᠮᠵᠢᠬᠦ᠎ᠳᠤ ᠬᠤᠰᠢᠭᠤ ᠰᠢᠶᠠᠨ ᠲᠣᠭᠤᠷᠢᠭ᠎ᠤᠨ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠬᠠᠮᠢᠶᠠᠷᠬᠤ ᠵᠠᠭᠪᠤᠷ ᠵᠶ᠋ᠠᠷ ᠯᠠᠪᠯᠠᠯᠲᠠ ᠪᠣᠯᠭ᠋ᠠᠬᠤ ᠵᠢ ᠳᠡᠮᠵᠢᠨ᠎ᠡ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ)
     20. ᠪᠣᠷᠣᠲᠣᠬᠤᠶ ᠵᠢᠨ ᠳᠡᠭᠡᠳᠦ ᠰᠤᠷᠭ᠋ᠠᠭᠤᠯᠢ᠂ ᠪᠠᠶᠠᠨᠨᠠᠭᠤᠷ᠎ᠤᠨ ᠮᠠᠰᠲ᠋ᠧᠷ᠎ᠤᠨ ᠳᠡᠭᠡᠳᠦ ᠰᠤᠷᠭ᠋ᠠᠭᠤᠯᠢ᠂ ᠯᠢᠨ ᠾᠧ ᠲᠣᠭᠤᠷᠢᠭ᠎ᠤᠨ ᠨᠢᠭᠡᠳᠦᠭᠡᠷ ᠠᠵᠢᠯ ᠮᠡᠷᠭᠡᠵᠢᠯ᠎ᠤᠨ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠡᠷᠭᠡ ᠳᠡᠭᠡᠳᠦ ᠰᠤᠷᠭ᠋ᠠᠭᠤᠯᠢ᠎ᠳᠤ ᠠᠵᠢᠯ ᠲᠥᠷᠥᠯ᠎ᠤᠨ ᠰᠢᠰᠲ᠋ᠧᠮ᠎ᠤᠨ ᠲᠤᠰᠬᠠᠶ ᠮᠡᠷᠭᠡᠵᠢᠯ᠂ ᠬᠢᠴᠢᠶᠡᠯ ᠲᠥᠷᠥᠯ᠎ᠢ ᠪᠠᠶ᠋ᠢᠭᠤᠯᠬᠤ ᠵᠢ ᠬᠠᠶ᠋ᠢᠨ ᠰᠦᠪᠡᠭᠴᠢᠯᠡᠵᠦ᠂ ᠠᠵᠤ ᠠᠬᠤᠶ ᠵᠢᠨ ᠨᠡᠭᠡᠭᠡᠯᠲᠡ ᠵᠢᠨ ᠲᠣᠭᠤᠷᠢᠭ᠎ᠤᠨ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ᠎ᠳᠤ ᠮᠡᠷᠭᠡᠵᠢᠯ᠎ᠤᠨ ᠴᠢᠳᠠᠪᠤᠷᠢᠲᠠᠨ᠎ᠤ ᠪᠠᠲᠤᠯᠠᠭ᠎ᠠ ᠬᠠᠩᠭ᠋ᠠᠨ᠎ᠠ᠃ (ᠬᠠᠷᠢᠭᠤᠴᠠᠯᠭ᠋ᠠᠲᠤ ᠨᠢᠭᠡᠴᠡ᠄ ᠬᠤᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ)



ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ 《ᠪᠠᠶᠠᠨᠨᠠᠭᠤᠷ ᠬᠤᠲᠠ ᠵᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠤᠷᠢᠭ᠎ᠤᠨ ᠴᠢᠨᠠᠷ ᠰᠠᠶ᠋ᠢᠲᠠᠶ ᠬᠥᠭᠵᠢᠯᠲᠡ ᠵᠢ ᠳᠡᠮᠵᠢᠬᠦ ᠲᠤᠬᠠᠶ ᠪᠣᠳᠠᠲᠠᠶ ᠠᠷᠭ᠎ᠠ ᠬᠡᠮᠵᠢᠶ᠎ᠡ》 ᠵᠢᠨ ᠲᠤᠬᠠᠶ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ

ᠢᠷᠡᠯᠲᠡ᠄ ᠪᠠᠶᠠᠨᠨᠠᠭᠤᠷ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠣᠯ ᠰᠦᠯᠵᠢᠶ᠎ᠡ