ᠳ᠋ᠧᠩᠺᠸᠤ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭ᠎ᠠ ᠪᠠᠷ ᠣᠶᠢᠯᠠᠭᠠᠬᠤ ᠨᠢ
ᠨᠡᠶᠢᠲᠡᠯᠡᠭᠰᠡᠨ ᠴᠠᠭ᠄
2019/1/3
      2018 ᠣᠨ ᠤ ᠭᠤᠤᠯ ᠪᠣᠯᠬᠤ ᠠᠵᠤ ᠠᠬᠤᠢ ᠶᠢᠨ ᠭᠦᠶᠴᠡᠳᠬᠡᠯ ᠲᠤᠭ᠎ᠠ       ● ᠭᠠᠵᠠᠷ ᠣᠷᠣᠨ ᠤ ᠦᠶᠯᠡᠳᠪᠦᠷᠢᠯᠡᠯ ᠤᠨ ᠪᠦᠬᠦ ᠥᠷᠲᠡᠭ ᠢ 47.4 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ ᠪᠠᠶᠢᠨ᠎ᠠ       ● ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 2.39 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ ᠪᠠᠶᠢᠨ᠎ᠠ       ● ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 17 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠵᠢᠱᠢᠵᠦ ᠪᠠᠶᠢᠨ᠎ᠠ       ● ᠨᠡᠶᠢᠭᠡᠮ ᠤᠨ ᠬᠡᠷᠡᠭᠯᠡᠭᠡᠨ ᠤ ᠵᠦᠶᠯ 18 ᠳ᠋ᠦᠩᠰᠢᠭᠤᠷ ᠲᠥᠭᠦᠷᠢᠭ ᠲᠤ ᠬᠦᠷᠬᠦ ᠪᠠᠷ ᠵᠢᠱᠢᠵᠦ ᠪᠠᠶᠢᠨ᠎ᠠ       ● ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 29779 ᠲᠥᠭᠦᠷᠢᠭ ᠪᠠ 17402 ᠲᠥᠭᠦᠷᠢᠭ ᠲᠤ ᠬᠦᠷᠴᠦ᠂ ᠲᠣᠰ ᠲᠣᠰ 7.8 % ᠪᠠ 8 % ᠨᠡᠮᠡᠭᠳᠡᠬᠦ ᠪᠠᠷ ᠵᠢᠱᠢᠵᠦ ᠪᠠᠶᠢᠨ᠎ᠠ       ● ᠵᠢᠱᠢᠯᠲᠡ ᠪᠠᠷ ᠭᠤᠷᠪᠠᠨ ᠠᠵᠤ ᠦᠢᠯᠡᠰ ᠤᠨ ᠪᠦᠲᠦᠴᠡ 21᠄ 48.4᠄ 30.6 ᠪᠠᠶᠢᠭᠰᠠᠨ ᠠᠴᠠ 21.2᠄ 47.1᠄ 31.7 ᠪᠣᠯᠬᠤ 2019 ᠣᠨ ᠤ ᠠᠵᠢᠯ ᠤᠨ ᠲᠣᠬᠢᠷᠠᠭᠤᠯᠤᠯᠲᠠ             ᠶᠡᠷᠦᠩᠬᠡᠶ ᠱᠠᠭᠠᠷᠳᠠᠯᠭ᠎ᠠ       ● ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠎ᠠ       ● ᠠᠵᠢᠯ ᠣᠯᠭᠤᠯᠲᠠ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠮᠥᠩᠭᠦᠨ ᠭᠦᠶᠯᠭᠡᠭᠡ ᠶᠢ ᠲᠣᠭᠲᠠᠪᠤᠷᠢᠵᠢᠭᠤᠯᠵᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠵᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠤᠨ᠎ᠠ             ● ︽ᠠᠷᠤ ᠭᠠᠵᠠᠷ ᠤᠨ ᠵᠢᠶᠠᠩᠨᠠᠨ ᠣᠷᠣᠨ᠂ ᠪᠣᠬᠢᠷᠲᠤᠯ ᠦᠭᠡᠢ ᠬᠥᠭᠵᠢᠯᠲᠡ︾ ᠶᠢᠨ ᠬᠤᠰᠢᠭᠤᠴᠢ ᠴᠡᠷᠢᠭ ᠪᠣᠯᠬᠤ ᠲᠡᠮᠡᠴᠡᠯ ᠤᠨ ᠬᠠᠷᠠᠯᠲᠠ ᠶᠢᠨ ᠲᠣᠭᠤᠷᠢᠨ ᠳᠤ᠂ ᠪᠣᠬᠢᠷᠲᠤᠯ ᠦᠭᠡᠢ ᠣᠷᠭᠠᠨᠢᠭ᠂ ᠰᠣᠶᠣᠯ ᠵᠢᠭᠤᠯᠴᠢᠯᠠᠯ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ︽ᠭᠤᠷᠪᠠᠨ ᠨᠡᠷ᠎ᠡ ᠶᠢᠨ ᠬᠠᠭᠤᠳᠠᠰᠤ︾ ᠶᠢ ᠤᠯᠠᠮ ᠨᠢᠭᠡ ᠠᠯᠬᠤᠮ ᠭᠢᠯᠠᠯᠵᠠᠭᠤᠯᠤᠨ᠎ᠠ       ● ᠵᠢᠭᠤᠯᠴᠢᠯᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠬᠢᠲᠠᠳ ᠡᠪᠡᠰᠦᠨ ᠡᠮ ᠤᠨ ᠮᠠᠲ᠋ᠧᠷᠢᠶᠠᠯ ᠢ ᠡᠳ᠋ᠰᠢᠭᠦᠯᠬᠦ᠂ ᠴᠠᠬᠢᠯᠭᠠᠨ ᠬᠦᠴᠦᠨ ᠤ ᠰᠢᠨ᠎ᠡ ᠡᠨᠧᠷᠭᠢ ᠶᠢᠨ ︽ᠳᠥᠷᠪᠡᠨ ᠶᠡᠭᠡ ᠠᠵᠤ ᠦᠶᠯᠡᠰ︾ ᠢ ᠰᠢᠯᠢᠳᠡᠭᠵᠢᠭᠦᠯᠦᠨ᠎ᠡ       ᠲᠡᠮᠡᠴᠡᠯ ᠤᠨ ᠭᠤᠤᠯ ᠬᠠᠷᠠᠯᠲᠠ       ● ᠭᠤᠤᠯ ᠪᠣᠯᠬᠤ ᠠᠵᠤ ᠠᠬᠤᠢ ᠶᠢᠨ ᠭᠦᠶᠴᠡᠳᠬᠡᠯ ᠲᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠳᠤᠮᠳᠠᠴᠢ ᠲᠦᠪᠰᠢᠨ ᠠᠴᠠ ᠥᠨᠳᠥᠷ ᠪᠣᠯᠬᠤ       ● ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠠᠪᠤᠨ ᠭᠤᠤᠯᠳᠠᠯᠭ᠎ᠠ ᠶᠢᠨ ᠲᠣᠭᠤᠷᠢᠨ ᠳᠤ ᠦᠷᠭᠦᠯᠵᠢᠯᠡᠨ ᠠᠵᠢᠯᠯᠠᠬᠤ       ● ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠦᠢᠯᠡᠰ ᠤᠨ ᠰᠠᠶᠢᠨ ᠲᠦᠷᠭᠡᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ       ᠨᠠᠢᠮᠠᠨ ᠠᠵᠢᠯ ᠤᠨ ᠡᠭᠦᠷᠭᠡ       1᠂ ᠡᠶ᠎ᠡ ᠵᠣᠬᠢᠴᠠᠩᠭᠤᠶ ᠲᠣᠭᠲᠠᠭᠤᠨ ᠪᠠᠶᠢᠳᠠᠯ ᠤᠨ ᠲᠣᠭᠤᠷᠢᠨ ᠳᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ       2᠂ ᠰᠠᠭᠤᠷᠢ ᠶᠢ ᠪᠠᠬᠢᠯᠡᠬᠦ ᠶᠢᠨ ᠲᠣᠭᠤᠷᠢᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠢᠳᠡᠪᠬᠢᠲᠡᠶ ᠪᠠᠷ ᠰᠢᠯᠢᠳᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠪᠡᠯᠡᠳᠬᠡᠮᠵᠢ ᠶᠢ ᠲᠤᠬᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠶᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠶ᠃       3᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢᠨ ᠲᠣᠭᠤᠷᠢᠨ ᠳᠤ᠂ ᠬᠥᠭᠵᠢᠯᠲᠡ ᠶᠢ ᠪᠠᠲᠤᠳᠬᠠᠬᠤ ᠳᠡᠭᠡᠷ᠎ᠡ ᠦᠷᠭᠦᠯᠵᠢᠯᠡᠨ ᠬᠦᠴᠦᠯᠡᠬᠦ ᠬᠡᠷᠡᠭᠲᠡᠶ᠃ ᠴᠢᠬᠤᠯᠠ ᠶᠡᠭᠡ ᠲᠥᠷᠥᠯ ᠵᠦᠶᠯ ᠢ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠬᠦᠷᠢᠶᠡᠯᠡᠩ ᠤᠨ ᠦᠶᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃       4᠂ ᠪᠦᠬᠦ ᠬᠡᠪᠴᠢᠶᠡᠨ ᠤ ᠵᠢᠭᠤᠯᠴᠢᠯᠠᠯ ᠤᠨ ᠲᠣᠭᠤᠷᠢᠨ ᠳᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠲᠠᠯ᠎ᠠ ᠪᠠᠷ ᠦᠷᠭᠦᠯᠵᠢᠯᠡᠨ ᠴᠢᠷᠮᠠᠶᠢᠨ᠎ᠠ᠃ ᠵᠢᠭᠤᠯᠴᠢᠯᠠᠯ ᠤᠨ ᠦᠢᠯᠡᠰ ᠢ ᠬᠥᠭᠵᠢᠭᠦᠯᠵᠦ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃       5᠂ ᠴᠢᠳᠠᠮᠵᠢ ᠶᠢᠨ ᠳᠡᠰ ᠳᠡᠪᠰᠢᠭᠦᠯᠬᠦ ᠶᠢᠨ ᠲᠣᠭᠤᠷᠢᠨ ᠳᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠶ᠃ ᠬᠤᠲᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃       6᠂ ᠥᠭᠡᠷᠡᠴᠢᠯᠡᠯᠲᠡ ᠨᠡᠭᠡᠭᠡᠯᠲᠡ ᠶᠢᠨ ᠲᠣᠭᠤᠷᠢᠨ ᠳᠤ᠂ ᠳᠣᠲᠣᠭᠠᠳᠤ ᠠᠮᠢᠳᠤᠷᠠᠯ ᠤᠨ ᠬᠦᠴᠦᠨ ᠢ ᠬᠥᠭᠵᠢᠭᠡᠬᠦ ᠲᠠᠯ᠎ᠠ ᠪᠠᠷ ᠦᠷᠭᠦᠯᠵᠢᠯᠡᠨ ᠬᠦᠴᠦᠯᠡᠨ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠦᠷᠭᠡᠳᠬᠡᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃       7᠂ ᠬᠠᠮᠲᠤᠪᠠᠷ ᠡᠳ᠋ᠯᠡᠬᠦ ᠬᠥᠭᠵᠢᠯᠲᠡ ᠶᠢᠨ ᠲᠣᠭᠤᠷᠢᠨ ᠳᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠬᠠᠩᠭᠠᠬᠤ ᠲᠠᠯ᠎ᠠ ᠪᠠᠷ ᠦᠷᠭᠦᠯᠵᠢᠯᠡᠨ ᠴᠢᠷᠮᠠᠶᠢᠨ᠎ᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠡᠮ ᠡᠮᠨᠡᠯᠭᠡ ᠶᠢᠨ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠣᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ       8᠂ ᠰᠤᠷᠲᠠᠯ ᠤᠨ ᠬᠤᠪᠢᠷᠠᠭᠤᠯᠤᠯᠲᠠ ᠶᠢᠨ ᠲᠣᠭᠤᠷᠢᠨ ᠳᠤ᠂ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦᠯᠡᠬᠦ ᠬᠡᠷᠡᠭᠲᠡᠶ᠃
ᠢᠷᠡᠯᠲᠡ᠄ ᠲᠤᠰ ᠰᠦᠯᠵᠢᠶ᠎ᠡ