ᠵᠠᠩ ᠯᠢ ᠸᠧᠨ ᠭᠡᠰᠢᠭᠦᠨ᠄ ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ
ᠨᠡᠶᠢᠲᠡᠯᠡᠭᠰᠡᠨ ᠴᠠᠭ᠄
2020/5/28
     ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠢᠩᠭᠠᠨ ᠠᠶᠢᠮᠠᠭ ᠤᠨ ᠳᠡᠳ᠋ ᠠᠶᠢᠮᠠᠭ ᠤᠨ ᠳᠠᠷᠤᠭ᠎ᠠ ᠵᠠᠩ ᠯᠢ ᠸᠧᠨ ᠤ ᠰᠠᠨᠠᠯ ᠳᠤᠷᠠᠳᠤᠯᠭ᠎ᠠ ᠶᠢᠨ ᠨᠢᠭᠡ ᠨᠢ ᠪᠣᠯ ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠬᠤ ᠠᠰᠠᠭᠤᠳᠠᠯ ᠪᠣᠯᠤᠨ᠎ᠠ᠃      ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠨᠢ ᠬᠠᠲᠤᠨ ᠭᠤᠣᠯ ᠤᠨ ᠳᠡᠭᠡᠳᠦ ᠤᠷᠤᠰᠬᠠᠯ ᠳᠤ ᠣᠷᠣᠰᠢᠵᠤ ᠪᠠᠶᠢᠨ᠎ᠠ᠃ ᠭᠤᠤᠯ ᠤᠨ ᠬᠡᠰᠡᠭ ᠤᠨ ᠣᠷᠳᠣ ᠨᠢ ᠬᠠᠲᠤᠨ ᠭᠤᠤᠯ ᠤᠨ ᠶᠡᠷᠦᠩᠬᠡᠶ ᠣᠷᠳᠣ ᠶᠢᠨ 1/6 ᠶᠢ ᠡᠵᠡᠯᠡᠵᠦ᠂ ᠰᠠᠪᠠ ᠭᠠᠵᠠᠷ ᠤᠨ ᠲᠠᠯᠠᠪᠠᠶ ᠨᠢ ᠬᠠᠲᠤᠨ ᠭᠤᠤᠯ ᠤᠨ ᠰᠠᠪᠠ ᠭᠠᠵᠠᠷ ᠤᠨ ᠶᠡᠷᠦᠩᠬᠡᠶ ᠲᠠᠯᠠᠪᠠᠶ ᠶᠢᠨ 1/5 ᠶᠢ ᠡᠵᠡᠯᠡᠵᠦ᠂ ᠬᠠᠲᠤᠨ ᠭᠤᠣᠯ ᠤᠨ ᠴᠢᠬᠤᠯᠠ ᠤᠰᠤᠨ ᠰᠤᠷᠪᠤᠯᠵᠢ ᠶᠢ ᠬᠠᠳᠠᠭᠠᠯᠠᠬᠤ ᠭᠠᠵᠠᠷ ᠪᠠ ᠬᠠᠩᠭᠠᠬᠤ ᠣᠷᠣᠨ ᠪᠣᠯᠤᠨ᠎ᠠ᠃ ᠬᠠᠲᠤᠨ ᠭᠤᠣᠯ ᠤᠨ ᠰᠠᠪᠠ ᠭᠠᠵᠠᠷ ᠨᠢ ᠥᠪᠥᠷ ᠮᠣᠩᠭᠤᠯ ᠤᠨ 7 ᠠᠶᠢᠮᠠᠭ ︵ᠬᠤᠲᠠ︶᠂ 51 ᠬᠤᠰᠢᠭᠤ ︵ᠰᠢᠶᠠᠨ᠂ ᠬᠤᠲᠠ᠂ ᠲᠣᠭᠤᠷᠢᠭ︶ ᠲᠠᠢ ᠬᠤᠯᠪᠣᠭᠳᠠᠵᠤ᠂ ᠤᠯᠤᠰ ᠤᠨ ᠨᠤᠲᠤᠭ ᠳᠡᠪᠢᠰᠬᠡᠷ ᠤᠨ ᠲᠠᠯᠠᠪᠠᠶ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ᠂ ᠬᠥᠮᠦᠨ ᠠᠮᠠ ᠨᠢ ᠲᠣᠰ ᠲᠣᠰ ᠪᠥᠬᠦ ᠣᠷᠣᠨ ᠤ 44%᠂ 69%᠂ 50% ᠶᠢ ᠡᠵᠡᠯᠡᠨ᠎ᠡ᠃      ︽ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠪᠣᠯ ᠥᠪᠥᠷ ᠮᠣᠩᠭᠤᠯ ᠤᠨ ᠠᠵᠤ ᠠᠬᠤᠶ ᠶᠢᠨ ᠬᠦᠭᠵᠢᠯᠲᠡ ᠶᠢᠨ ᠭᠤᠤᠯ ᠣᠷᠣᠨ ᠪᠦᠰᠡ ᠮᠥᠨ᠂ ᠮᠥᠨ ᠴᠦ ᠴᠢᠬᠤᠯᠠ ᠠᠮᠢ ᠠᠬᠤᠢ ᠶᠢᠨ ᠴᠢᠳᠠᠮᠵᠢᠲᠤ ᠣᠷᠣᠨ ᠪᠣᠯᠤᠨ᠎ᠠ᠃ ᠠᠮᠢ ᠠᠬᠤᠢ ᠶᠢᠨ ᠪᠠᠶᠢᠳᠠᠯ ᠤᠨ ᠰᠠᠶᠢᠨ ᠮᠠᠭᠤ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠰᠢᠭᠤᠳ ᠬᠤᠯᠪᠣᠭᠳᠠᠵᠤ᠂ ᠬᠠᠳᠤᠨ ᠭᠤᠤᠯ ᠤᠨ ᠳᠤᠮᠳᠠ ᠳᠣᠣᠷᠠᠳᠤ ᠤᠷᠤᠰᠬᠠᠯ ᠤᠨ ᠠᠮᠢ ᠠᠬᠤᠢ ᠶᠢᠨ ᠠᠮᠤᠷ ᠲᠦᠪᠰᠢᠨ ᠪᠣᠯᠤᠨ ᠤᠤᠭᠤᠬᠤ ᠤᠰᠤᠨ ᠤ ᠠᠮᠤᠷ ᠲᠦᠪᠰᠢᠨ ᠳᠤ ᠬᠤᠯᠪᠤᠭᠳᠠᠨ᠎ᠠ︾ ᠭᠡᠵᠦ ᠵᠠᠩ ᠯᠢ ᠸᠧᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃      ᠪᠠᠶᠢᠴᠠᠭᠠᠨ ᠰᠤᠳᠤᠯᠤᠯᠲᠠ ᠶᠢᠨ ᠳᠤᠮᠳᠠ ᠵᠠᠩ ᠯᠢ ᠸᠧᠨ ᠣᠶᠢᠯᠠᠭᠠᠭᠰᠠᠨ ᠢᠶᠠᠷ᠂ ᠣᠳᠣᠬᠠᠨ ᠳᠤ ᠬᠠᠳᠤᠨ ᠭᠤᠣᠯ ᠤᠨ ᠰᠠᠪᠠ ᠭᠠᠵᠠᠷ ᠤᠨ ᠦᠪᠦᠷ ᠮᠣᠩᠭᠤᠯ ᠤᠨ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠳᠤ ᠭᠤᠷᠪᠠᠨ ᠲᠠᠯ᠎ᠠ ᠶᠢᠨ ᠠᠰᠠᠭᠤᠳᠠᠯ ᠣᠷᠣᠰᠢᠵᠤ ᠪᠠᠶᠢᠨ᠎ᠠ᠃ ᠨᠢᠭᠡ᠂ 7 ᠠᠶᠢᠮᠠᠭ ᠬᠤᠲᠠ ᠪᠠᠷ ᠤᠷᠤᠰᠤᠨ ᠥᠩᠭᠡᠷᠡᠬᠦ ᠡᠯᠡᠰᠦᠷᠬᠡᠭᠵᠢᠭᠰᠡᠨ᠂ ᠴᠦᠯᠯᠡᠷᠭᠡᠭᠵᠢᠭᠰᠡᠨ ᠭᠠᠵᠠᠷ ᠰᠢᠷᠤᠢ ᠶᠢᠨ ᠲᠠᠯᠠᠪᠠᠶ ᠨᠢ 10 ᠳ᠋ᠦᠩᠰᠢᠭᠤᠷ ᠰᠢᠬᠠᠮ ᠮᠥ᠂ ᠭᠠᠵᠠᠷ ᠵᠦᠶ ᠶᠢᠨ ᠨᠥᠬᠦᠴᠡᠯ ᠤᠨ ᠬᠢᠵᠠᠭᠠᠷᠯᠠᠯ ᠠᠴᠠ ᠪᠣᠯᠵᠣ᠂ ᠲᠣᠰ ᠭᠠᠵᠠᠷ ᠣᠷᠣᠨ ᠭᠠᠩ ᠬᠠᠭᠤᠷᠠᠶ ᠪᠣᠷᠣᠭᠠᠨ ᠪᠠᠭ᠎ᠠ᠂ ᠠᠮᠢ ᠠᠬᠤᠶ ᠶᠢᠨ ᠣᠷᠴᠢᠨ ᠲᠣᠭᠤᠷᠢᠨ ᠬᠡᠪᠡᠷᠡᠭ ᠪᠠᠶᠢᠳᠠᠭ᠃ ᠬᠤᠶᠠᠷ ᠂ ᠥᠪᠥᠷ ᠮᠣᠩᠭᠤᠯ ᠤᠨ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠳᠤ ᠵᠢᠭᠰᠠᠭᠠᠭᠳᠠᠭᠰᠠᠨ ᠰᠢᠶᠠᠨ ᠠᠴᠠ ᠬᠠᠲᠤᠨ ᠭᠤᠤᠯ ᠤᠨ ᠰᠠᠪᠠ ᠭᠠᠵᠠᠷ ᠲᠤ ᠬᠠᠷᠢᠶᠠᠯᠠᠭᠳᠠᠬᠤ ᠨᠢ ᠵᠥᠪᠬᠡᠨ 9 ᠪᠠᠶᠢᠵᠤ᠂ ᠬᠠᠲᠤᠨ ᠭᠤᠤᠯ ᠤᠨ ᠭᠤᠤᠯ ᠤᠷᠤᠰᠬᠠᠯ ᠤᠨ ᠡᠷᠭᠢ ᠠᠴᠠ ᠬᠤᠯᠠ ᠮᠤᠨᠢ ᠠᠭᠤᠯᠠ ᠶᠢᠨ ᠠᠷᠤ ᠬᠤᠷᠮᠣᠶ ᠳᠤ ᠲᠥᠪᠯᠡᠷᠡᠵᠦ᠂ ᠬᠠᠳᠤᠨ ᠭᠤᠤᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠰᠢᠭᠤᠳ ᠦᠢᠯᠡᠳᠦᠯ ᠦᠵᠡᠭᠦᠯᠵᠦ ᠴᠢᠳᠠᠬᠤ ᠦᠭᠡᠢ ᠪᠠᠶᠢᠨ᠎ᠠ᠃ ᠭᠤᠷᠪᠠ᠂ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠨᠢ ᠤᠷᠤᠨ ᠨᠤᠲᠤᠭ ᠤᠨ ᠡᠳ᠋ ᠤᠨ ᠵᠠᠰᠠᠭ ᠤᠨ ᠬᠦᠴᠦᠨ ᠳᠤ ᠲᠦᠰᠢᠭᠯᠡᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠬᠤ ᠳᠤ ᠪᠡᠷᠬᠡᠲᠡᠶ ᠪᠠᠶᠢᠨ᠎ᠠ᠃      ︽ᠤᠯᠤᠰ ᠠᠴᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠂ ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠢ ᠪᠦᠬᠦᠨ ᠢ ᠲᠥᠪ ᠠᠴᠠ ᠣᠷᠣᠨ ᠨᠤᠲᠤᠭ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠥᠭᠬᠦ ᠬᠡᠪᠴᠢᠶᠡᠨ ᠳᠤ ᠣᠷᠣᠭᠤᠯᠵᠤ᠂ ᠠᠮᠢ ᠠᠬᠤᠶ ᠶᠢᠨ ᠨᠥᠬᠦᠪᠥᠷᠢ ᠥᠭᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠳᠤᠨ ᠭᠤᠤᠯ ᠤᠨ ᠪᠦᠬᠦ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠶᠢ ᠬᠦᠰᠡᠵᠦ ᠪᠠᠶᠢᠨ᠎ᠠ︾ ᠭᠡᠵᠦ ᠵᠠᠩ ᠯᠢ ᠸᠧᠨ ᠰᠠᠨᠠᠭᠤᠯᠵᠤ ᠬᠡᠯᠡᠵᠡᠶ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ