ᠳ᠋ᠧᠩᠺᠧᠦ ᠰᠢᠶᠠᠨ ᠤ ᠵᠢᠶᠦ᠋ᠨ ᠰᠠᠢ ᠮᠥᠽᠧᠢ ᠨᠢ ᠪᠠᠶᠠᠨᠭᠤᠣᠯ ᠪᠠᠯᠭᠠᠰᠤ ᠶᠢᠨ ᠳ᠋ᠦᠩ ᠹᠧᠩ ᠵᠠᠮ ᠤᠨ ᠹᠦ᠋ ᠶᠤᠸᠠᠨ ᠠᠭᠤᠳᠠᠮ ᠲᠠᠯᠠᠪᠠᠢ ᠶᠢᠨ ᠵᠡᠭᠦᠨ | ᠬᠥᠪᠡᠭᠡᠨ ᠳᠤ ᠪᠠᠶᠢᠷᠢᠰᠢᠵᠤ ᠪᠠᠶᠢᠳᠠᠭ᠃ ᠲᠤᠰ ᠮᠥᠽᠧᠢ ᠶᠢ 2009 ᠣᠨ ᠤ 7 ᠰᠠᠷ᠎ᠠ ᠳᠤ ᠪᠠᠶᠢᠭᠤᠯᠤᠨ ᠲᠡᠭᠦᠰᠬᠡᠵᠦ᠂ 2010 ᠣᠨ ᠤ 10 ᠰᠠᠷ᠎ᠠ ᠶᠢᠨ 20 | ᠤ ᠡᠳᠥᠷ ᠵᠢᠩᠬᠢᠨᠢ ᠪᠠᠷ ᠭᠠᠳᠠᠭᠰᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠯᠲᠡ ᠬᠢᠵᠠᠢ᠃ ᠳᠡᠯᠭᠡᠨ ᠦᠵᠡᠭᠦᠯᠬᠦ ᠲᠢᠩᠬᠢᠮ ᠤᠨ ᠶᠡᠷᠦᠩᠬᠡᠢ ᠲᠠᠯᠠᠪᠠᠢ ᠨᠢ 2600 | ᠲᠡᠭᠰᠢ ᠳᠥᠷᠪᠡᠯᠵᠢᠨ ᠮᠧᠲᠷ ᠪᠠᠶᠢᠵᠤ᠂ ᠲᠡᠦᠬᠡ ᠰᠣᠶᠣᠯ ᠤᠨ ᠲᠢᠩᠬᠢᠮ᠂ ᠠᠮᠵᠢᠯᠲᠠ ᠪᠦᠲᠦᠮᠵᠢ ᠶᠢᠨ ᠲᠢᠩᠬᠢᠮ᠂ ᠵᠤᠭᠠᠴᠠᠯ ᠤᠨ ᠰᠣᠶᠣᠯ ᠤᠨ ᠲᠢᠩᠬᠢᠮ᠂ ᠪᠢᠯᠧᠲ | ᠭᠡᠷᠡᠴᠢ ᠮᠠᠲ᠋ᠧᠷᠢᠶᠠᠯ ᠤᠨ ᠲᠢᠩᠬᠢᠮ᠂ ᠴᠡᠷᠢᠭ ᠠᠩᠭᠢ ᠶᠢᠨ ᠳᠤᠷᠠᠰᠬᠠᠯ ᠤᠨ ᠲᠢᠩᠬᠢᠮ᠂ ᠡᠯᠡᠰᠦ ᠶᠢ ᠵᠠᠰᠠᠭᠰᠠᠨ ᠳᠤᠷᠠᠰᠬᠠᠯ ᠤᠨ ᠲᠢᠩᠬᠢᠮ ᠵᠡᠷᠭᠡ ᠵᠢᠷᠭᠤᠭᠠᠨ ᠳᠡᠯᠭᠡᠨ | ᠦᠵᠡᠭᠦᠯᠬᠦ ᠲᠢᠩᠬᠢᠮ ᠲᠠᠢ᠃ | ᠲᠡᠦᠬᠡ ᠰᠣᠶᠣᠯ ᠤᠨ ᠲᠢᠩᠬᠢᠮ ᠤᠨ ᠲᠠᠯᠠᠪᠠᠢ ᠨᠢ 550 ᠲᠡᠭᠰᠢ ᠳᠥᠷᠪᠡᠯᠵᠢᠨ ᠮᠧᠲᠷ ᠪᠠᠶᠢᠵᠤ᠂ ᠬᠠᠨ ᠤᠯᠤᠰ ᠤᠨ ᠦᠶ᠎ᠡ ᠶᠢᠨ ᠲᠡᠦᠬᠡ ᠪᠠᠷ ᠭᠤᠣᠯ ᠰᠢᠵᠢᠮ | ᠪᠣᠯᠭᠠᠵᠤ᠂ ᠳ᠋ᠧᠩᠺᠧᠦ ᠰᠢᠶᠠᠨ ᠤ ᠲᠡᠦᠬᠡ ᠶᠢ ᠪᠠᠯᠠᠷ ᠦᠶ᠎ᠡ ᠠᠴᠠ ᠣᠶᠢᠷ᠎ᠠ ᠦᠶ᠎ᠡ ᠶᠢᠨ ᠲᠡᠦᠬᠡ ᠪᠣᠯᠲᠠᠯᠠᠬᠢ ᠬᠤᠪᠢᠰᠤᠯᠲᠠ ᠶᠢ ᠳᠡᠯᠭᠡᠨ ᠦᠵᠡᠭᠦᠯᠵᠦ᠂ ᠬᠠᠳᠠᠭᠠᠯᠠᠵᠤ | ᠪᠠᠶᠢᠭ᠎ᠠ ᠲᠡᠦᠬᠡᠨ ᠪᠣᠳᠠᠰ 318 ᠪᠠᠶᠢᠵᠤ᠂ ᠮᠠᠨ ᠤ ᠰᠢᠶᠠᠨ ᠤ ᠬᠡᠪᠴᠢᠶᠡᠨ ᠠᠴᠠ ᠣᠯᠳᠠᠭᠰᠠᠨ ᠲᠡᠦᠬᠡᠨ ᠦᠯᠡᠳᠡᠭᠳᠡᠯ 182 ᠵᠦᠢᠯ ᠪᠤᠢ᠃ ᠳᠡᠯᠭᠡᠨ ᠦᠵᠡᠭᠦᠯᠵᠦ | ᠪᠠᠶᠢᠭ᠎ᠠ ᠵᠦᠢᠯᠡᠰ ᠲᠤ ᠬᠡᠳᠥᠨ ᠮᠢᠩᠭᠠᠨ ᠲᠦᠮᠡᠨ ᠵᠢᠯ ᠤᠨ ᠡᠮᠦᠨᠡᠬᠢ ᠵᠢᠭᠠᠰᠤᠨ ᠤ ᠴᠢᠯᠠᠭᠤᠵᠢᠮᠠᠯ᠂ ᠮᠣᠳᠣᠨ ᠤ ᠴᠢᠯᠠᠭᠤᠵᠢᠮᠠᠯ᠂ ᠠᠮᠢᠲᠠᠨ ᠤ ᠴᠢᠯᠠᠭᠤᠵᠢᠮᠠᠯ᠂ | ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠪᠠᠭᠠᠵᠢ ᠬᠡᠷᠡᠭᠰᠡᠯ᠂ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠸᠠᠭᠠᠷ ᠲᠣᠭᠤᠰᠬᠠᠨ ᠡᠳ᠋ᠯᠡᠯ᠂ ᠴᠢᠨ ᠬᠠᠨ | ᠤᠯᠤᠰ ᠤᠨ ᠦᠶ᠎ᠡ ᠶᠢᠨ ᠾᠦᠩᠨᠦ ᠪᠠ ᠬᠠᠨ ᠤᠯᠤᠰ ᠤᠨ ᠪᠠᠶᠢᠯᠳᠤᠭᠠᠨ ᠳᠤ ᠵᠠᠷᠤᠵᠤ ᠪᠠᠶᠢᠭᠰᠠᠨ ᠴᠡᠷᠢᠭ ᠤᠨ ᠵᠡᠪᠰᠡᠭ ᠪᠠ ᠡᠳ᠋ᠯᠡᠯ ᠬᠡᠷᠡᠭᠰᠡᠯ᠂ ᠠᠲᠠᠷ ᠬᠠᠭᠠᠯᠪᠤᠷᠢᠯᠠᠨ | ᠬᠢᠵᠠᠭᠠᠷ ᠢ ᠪᠠᠬᠢᠵᠢᠭᠦᠯᠬᠦ ᠳᠤ ᠵᠠᠷᠤᠵᠤ ᠪᠠᠶᠢᠭᠰᠠᠨ ᠦᠢᠯᠡᠳᠪᠦᠷᠢᠯᠡᠯ ᠠᠮᠢᠳᠤᠷᠠᠯ ᠤᠨ ᠬᠡᠷᠡᠭᠰᠡᠯ ᠵᠢᠴᠢ ᠬᠤᠶᠢᠯᠭᠠᠯᠠᠨ ᠣᠷᠣᠰᠢᠭᠤᠯᠤᠭᠰᠠᠨ ᠡᠳ᠋ᠯᠡᠯ ᠵᠡᠷᠭᠡ ᠪᠤᠢ᠃ | ᠣᠨᠴᠠᠭᠠᠶᠢᠯᠠᠨ ᠪᠠᠷᠠᠭᠤᠨ ᠬᠠᠨ ᠤᠯᠤᠰ ᠤᠨ ᠦᠶ᠎ᠡ ᠳᠤ᠂ ᠬᠠᠨ ᠦ᠋ ᠳ᠋ᠢ ᠬᠠᠭᠠᠨ ᠱᠦᠸᠧ ᠹᠠᠩ ᠵᠢᠶᠦ᠋ᠨ ᠢ ᠪᠠᠶᠢᠭᠤᠯᠤᠨ᠂ ᠬᠠᠷᠢᠶᠠᠨ ᠳᠤᠨᠢ ᠠᠷᠪᠠᠨ ᠰᠢᠶᠠᠨ | ᠪᠠᠭᠲᠠᠵᠤ᠂ ᠭᠤᠷᠪᠠᠨ ᠰᠢᠶᠠᠨ ︵ᠰᠠᠨ ᠹᠧᠩ᠂ ᠢᠦᠢ ᠾᠦᠨ᠂ ᠯᠢᠨ ᠿᠦᠩ︶ ᠨᠢ ᠳ᠋ᠧᠩᠺᠧᠦ ᠶᠢᠨ ᠬᠡᠪᠴᠢᠶᠡᠨ ᠳᠤ ᠪᠠᠶᠢᠵᠤ᠂ 300 ᠭᠠᠷᠤᠢ ᠵᠢᠯ ᠤᠨ | ᠪᠠᠳᠠᠷᠠᠩᠭᠤᠢ ᠦᠶ᠎ᠡ ᠶᠢ ᠲᠤᠭᠤᠯᠵᠠᠢ᠃ ᠬᠢᠵᠠᠭᠠᠷ ᠣᠷᠣᠨ ᠤ ᠰᠠᠯᠬᠢ ᠪᠣᠷᠣᠭᠠᠨ᠂ ᠠᠲᠠᠷ ᠬᠠᠭᠠᠯᠪᠤᠷᠢᠯᠠᠨ ᠬᠢᠵᠠᠭᠠᠷ ᠢ ᠪᠠᠬᠢᠵᠢᠭᠦᠯᠦᠭᠰᠡᠨ᠂ ᠾᠦᠩᠨᠦ ᠶᠢᠨ ᠲᠥᠷᠥ | ᠪᠣᠯᠤᠨ ᠬᠠᠨ ᠤᠯᠤᠰ ᠤᠨ ᠡᠪᠰᠡᠯ ᠤᠷᠤᠭ ᠪᠣᠯᠤᠯᠴᠠᠭᠰᠠᠨ᠂ ᠵᠣᠣ ᠵᠢᠶᠦ᠋ᠨ ᠤᠮᠠᠷᠠᠰᠢ ᠮᠣᠷᠳᠠᠬᠤ ᠳᠠᠭᠠᠨ ᠵᠢᠢ ᠯᠦ ᠰᠠᠢ ᠳᠤ ᠬᠤᠶᠠᠷ ᠵᠢᠯ ᠰᠠᠭᠤᠭᠰᠠᠨ ᠵᠡᠷᠭᠡ ᠠᠯᠢ | ᠣᠯᠠᠨ ᠲᠡᠦᠬᠡ ᠶᠢᠨ ᠬᠡᠷᠡᠭ ᠤᠴᠢᠷ ᠨᠢ ᠳ᠋ᠧᠩᠺᠧᠦ ᠰᠢᠶᠠᠨ ᠤ ᠲᠡᠦᠬᠡ ᠰᠣᠶᠣᠯ ᠤᠨ ᠥᠨᠢ ᠤᠳᠠᠭᠠᠨ ᠲᠡᠦᠬᠡ ᠶᠢ ᠪᠦᠬᠦ ᠲᠠᠯ᠎ᠠ ᠪᠠᠷ ᠢᠯᠡᠷᠡᠭᠦᠯᠵᠦ ᠪᠠᠶᠢᠳᠠᠭ ᠰᠠᠨ᠃ | ᠠᠮᠵᠢᠯᠲᠠ ᠪᠦᠲᠦᠮᠵᠢ ᠶᠢᠨ ᠲᠢᠩᠬᠢᠮ ᠤᠨ ᠲᠠᠯᠠᠪᠠᠢ ᠨᠢ 850 ᠲᠡᠭᠰᠢ ᠳᠥᠷᠪᠡᠯᠵᠢᠨ ᠮᠧᠲᠷ ᠪᠠᠶᠢᠵᠤ᠂ ᠦᠰᠦᠭ ᠵᠢᠷᠤᠭ ᠤᠨ ᠮᠠᠲ᠋ᠧᠷᠢᠶᠠᠯ᠂ ᠪᠣᠳᠠᠲᠤ ᠪᠣᠳᠠᠰ | ᠵᠡᠷᠭᠡ ᠶᠢ 150 ᠬᠤᠪᠢ ᠳᠡᠯᠭᠡᠨ ᠦᠵᠡᠭᠦᠯᠵᠦ᠂ ᠵᠢᠷᠤᠭ ᠰᠡᠭᠦᠳᠡᠷ ᠤᠨ ᠮᠠᠲ᠋ᠧᠷᠢᠶᠠᠯ 200 ᠭᠠᠷᠤᠢ ᠬᠤᠪᠢ ᠪᠠᠶᠢᠵᠤ᠂ ᠳ᠋ᠧᠩᠺᠧᠦ ᠰᠢᠶᠠᠨ ᠤ ᠥᠭᠡᠷᠡᠴᠢᠯᠡᠯᠲᠡ | ᠨᠡᠭᠡᠭᠡᠯᠲᠡ ᠶᠢᠨ 30 ᠵᠢᠯ ᠤᠨ ᠲᠤᠷᠰᠢᠬᠢ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠦᠵᠡᠭᠦᠯᠵᠡᠢ᠃ | ᠵᠤᠭᠠᠴᠠᠯ ᠤᠨ ᠰᠣᠶᠣᠯ ᠤᠨ ᠲᠢᠩᠬᠢᠮ ᠤᠨ ᠲᠠᠯᠠᠪᠠᠢ ᠨᠢ 200 ᠲᠡᠭᠰᠢ ᠳᠥᠷᠪᠡᠯᠵᠢᠨ ᠮᠧᠲᠷ ᠪᠠᠶᠢᠵᠤ᠂ ᠦᠰᠦᠭ ᠪᠢᠴᠢᠭ᠂ ᠵᠢᠷᠤᠭ ᠰᠡᠭᠦᠳᠡᠷ ᠢᠶᠠᠷ | ᠳᠠᠮᠵᠢᠭᠤᠯᠤᠨ ᠳ᠋ᠧᠩᠺᠧᠦ ᠰᠢᠶᠠᠨ ᠤ ᠬᠠᠲᠤᠨ ᠭᠤᠣᠯ ᠤᠨ ᠦᠵᠡᠮᠵᠢ᠂ ᠡᠯᠡᠰᠦᠨ ᠴᠥᠯ ᠤᠨ ᠦᠵᠡᠮᠵᠢ᠂ ᠮᠤᠨᠠ ᠠᠭᠤᠯᠠ ᠶᠢᠨ ᠡᠷᠲᠡᠨ ᠤ ᠦᠯᠡᠳᠡᠭᠳᠡᠯ ᠵᠡᠷᠭᠡ | ᠭᠤᠷᠪᠠᠨ ᠶᠡᠭᠡ ᠰᠣᠶᠣᠯ ᠤᠨ ᠵᠠᠮ ᠱᠤᠭᠤᠮ ᠪᠠ ᠨᠡᠷᠡᠲᠦ ᠰᠢᠯᠢᠳᠡᠭ ᠨᠤᠲᠤᠭ ᠤᠨ ᠭᠠᠷᠤᠯᠲᠠ ᠵᠢᠴᠢ ᠣᠷᠣᠨ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ ᠤ | ᠰᠣᠶᠣᠯ ᠵᠡᠷᠭᠡ ᠠᠭᠤᠯᠭ᠎ᠠ ᠶᠢ ᠦᠵᠡᠭᠦᠯᠦᠭᠰᠡᠨ ᠪᠠᠶᠢᠳᠠᠭ᠃ | ᠪᠢᠯᠧᠲ ᠭᠡᠷᠡᠴᠢ ᠮᠠᠲ᠋ᠧᠷᠢᠶᠠᠯ ᠤᠨ ᠲᠢᠩᠬᠢᠮ ᠤᠨ ᠲᠠᠯᠠᠪᠠᠢ ᠨᠢ 200 ᠲᠡᠭᠰᠢ ᠳᠥᠷᠪᠡᠯᠵᠢᠨ ᠮᠧᠲᠷ ᠪᠠᠶᠢᠵᠤ᠂ ᠮᠠᠨ ᠤ ᠰᠢᠶᠠᠨ ᠤ ᠪᠢᠯᠧᠲ ᠭᠡᠷᠡᠴᠢ | ᠦᠨᠡᠮᠯᠡᠯ ᠤᠨ ᠬᠤᠷᠢᠶᠠᠨ ᠬᠠᠳᠠᠭᠠᠯᠠᠭᠴᠢ ᠰᠦᠨ ᠶᠢᠨ ᠭᠦᠢ ᠨᠥᠬᠦᠷ ᠤᠨ ᠬᠠᠳᠠᠭᠠᠯᠠᠵᠤ ᠪᠠᠶᠢᠭᠰᠠᠨ ᠲᠥᠯᠥᠪᠯᠡᠭᠡᠲᠦ ᠠᠵᠤ ᠠᠬᠤᠢ ᠶᠢᠨ ᠴᠠᠭ ᠦᠶ᠎ᠡ ᠳᠤ ︽ᠢᠳᠡᠬᠦ︾ | ᠂ ︽ᠡᠮᠦᠰᠬᠦ︾᠂ ︽ᠬᠡᠷᠡᠭᠯᠡᠬᠦ︾ ᠭᠤᠷᠪᠠᠨ ᠶᠡᠭᠡ ᠲᠥᠷᠥᠯ ᠤᠨ ᠲᠦᠮᠡ ᠭᠠᠷᠤᠢ ᠬᠤᠪᠢ ᠪᠢᠯᠧᠲ ᠭᠡᠷᠡᠴᠢ ᠮᠠᠲ᠋ᠧᠷᠢᠶᠠᠯ ᠢ ᠲᠥᠪᠯᠡᠷᠡᠭᠦᠯᠦᠨ ᠳᠡᠯᠭᠡᠨ ᠦᠵᠡᠭᠦᠯᠵᠡᠢ᠃ | ᠡᠭᠦᠨ ᠤ ᠵᠣᠷᠢᠯᠭ᠎ᠠ ᠪᠣᠯ ᠲᠤᠬᠠᠢ ᠶᠢᠨ ᠴᠠᠭ ᠦᠶ᠎ᠡ ᠠᠴᠠ ᠪᠢᠳᠡᠨ ᠳᠤ ᠦᠯᠡᠳᠡᠭᠡᠭᠰᠡᠨ ᠥᠨᠢᠳᠡ ᠶᠢᠨ ᠳᠤᠷᠠᠳᠬᠠᠯ ᠢ ᠳᠠᠬᠢᠨᠲᠠ ᠰᠡᠷᠡᠵᠦ᠂ ᠪᠦᠭᠦᠳᠡ ᠨᠠᠶᠢᠷᠠᠮᠳᠠᠬᠤ | ᠤᠯᠤᠰ ᠤᠨ ᠥᠰᠦᠯᠲᠡ ᠪᠤᠶᠢᠵᠢᠯᠲᠠ ᠶᠢᠨ ᠵᠠᠮ ᠢ ᠦᠵᠡᠭᠦᠯᠬᠦ ᠶᠠᠪᠤᠳᠠᠯ ᠪᠣᠯᠣᠨ᠎ᠠ᠃ | ᠴᠡᠷᠢᠭ ᠠᠩᠭᠢ ᠶᠢᠨ ᠳᠤᠷᠠᠰᠬᠠᠯ ᠤᠨ ᠲᠢᠩᠬᠢᠮ ᠤᠨ ᠲᠠᠯᠠᠪᠠᠢ ᠨᠢ 200 ᠲᠡᠭᠰᠢ ᠳᠥᠷᠪᠡᠯᠵᠢᠨ ᠮᠧᠲᠷ ᠪᠠᠶᠢᠵᠤ᠂ ᠭᠤᠣᠯᠳᠠᠭᠤ ᠥᠪᠥᠷ ᠮᠣᠩᠭᠤᠯ ᠤᠨ ᠴᠡᠷᠢᠭ | ᠠᠩᠭᠢ ᠶᠢᠨ ᠪᠠᠶᠢᠯᠳᠤᠭᠴᠢᠳ ᠤᠨ ᠬᠠᠩᠭᠠᠭᠰᠠᠨ ᠦᠰᠦᠭ ᠪᠢᠴᠢᠭ ᠤᠨ ᠮᠠᠲ᠋ᠧᠷᠢᠶᠠᠯ᠂ ᠵᠢᠷᠤᠭ ᠰᠡᠭᠦᠳᠡᠷ ᠪᠠ ᠬᠠᠭᠤᠴᠢᠨ ᠡᠳ᠋ᠯᠡᠯ ᠢ 160 ᠭᠠᠷᠤᠢ ᠬᠤᠪᠢ ᠳᠡᠯᠭᠡᠨ | ᠦᠵᠡᠭᠦᠯᠵᠡᠢ᠃ 2014 ᠣᠨ ᠤ 8 ᠰᠠᠷ᠎ᠠ ᠶᠢᠨ 2 ᠤᠨ ᠡᠳᠥᠷ᠂ ᠪᠡᠭᠡᠵᠢᠩ ᠤᠨ ᠴᠡᠷᠢᠭ ᠤᠨ ᠲᠣᠭᠤᠷᠢᠭ ᠤᠨ ᠥᠪᠥᠷ ᠮᠣᠩᠭᠤᠯ ᠤᠨ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠶᠢᠨ ᠴᠡᠷᠢᠭ ᠠᠩᠭᠢ ᠪᠠᠶᠢᠭᠤᠯᠤᠭᠳᠠᠭᠰᠠᠨ ᠳᠥᠴᠢᠨ ᠲᠠᠪᠤᠨ ᠵᠢᠯ ᠤᠨ ᠣᠢ ᠶᠢᠨ ᠪᠠᠶᠠᠷ ᠲᠤ ᠲᠣᠬᠢᠶᠠᠯᠳᠤᠭᠤᠯᠤᠨ ᠲᠤᠰ ᠣᠷᠳᠣᠨ ᠢ ᠨᠡᠭᠡᠭᠡᠵᠡᠢ᠃ | ᠲᠤᠰ ᠲᠢᠩᠬᠢᠮ ᠨᠢ ᠬᠥᠮᠥᠰ ᠲᠤ᠂ ᠲᠤᠬᠠᠢ ᠶᠢᠨ ᠦᠶ᠎ᠡ ᠶᠢᠨ ᠴᠡᠷᠢᠭ ᠠᠩᠭᠢ ᠶᠢᠨ ᠪᠠᠶᠢᠯᠳᠤᠭᠴᠢᠳ ᠤᠨ ︽ᠰᠢᠷᠭᠠᠭᠤ ᠲᠡᠮᠡᠴᠡᠵᠦ᠂ ᠬᠦᠨᠳᠦ ᠬᠦᠴᠢᠷ ᠢ ᠲᠡᠰᠪᠦᠷᠢᠯᠡᠨ | ᠂ ᠰᠢᠨᠲᠠᠷᠠᠰᠢ ᠦᠭᠡᠢ ᠪᠠᠷ ᠵᠣᠷᠢᠭᠲᠠᠢ ᠤᠷᠤᠭᠰᠢᠯᠠᠬᠤ︾ ᠵᠣᠷᠢᠭ ᠰᠠᠨᠠᠭ᠎ᠠ ᠶᠢ ᠦᠵᠡᠭᠦᠯᠵᠡᠢ᠃ ᠲᠤᠰ ᠲᠢᠩᠬᠢᠮ ᠪᠣᠯ ᠴᠡᠷᠢᠭ ᠠᠩᠭᠢ ᠶᠢᠨ ᠲᠡᠦᠬᠡ ᠶᠢ ᠳᠡᠯᠭᠡᠨ | ᠦᠵᠡᠭᠦᠯᠦᠭᠰᠡᠨ ᠪᠡᠯᠭᠡ ᠳᠤᠷᠠᠰᠬᠠᠯ ᠤᠨ ᠴᠢᠨᠠᠷᠲᠠᠢ ᠬᠥᠮᠥᠨ ᠰᠣᠶᠣᠯ ᠤᠨ ᠦᠵᠡᠭᠦᠯᠭᠡ ᠪᠣᠯᠬᠤ ᠪᠥᠭᠡᠳ᠂ ᠬᠤᠶᠢᠨᠠᠬᠢ ᠬᠥᠮᠥᠰ ᠢ ᠬᠥᠲᠥᠯᠦᠨ ᠵᠢᠯᠣᠭᠤᠳᠬᠤ ᠪᠠ | ᠬᠥᠮᠥᠵᠢᠭᠦᠯᠬᠦ ᠪᠠᠶᠢᠭᠠᠳ ᠴᠡᠷᠢᠭ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠭᠤᠯᠬᠤ ᠴᠢᠬᠤᠯᠠ ᠰᠣᠶᠣᠯ ᠤᠨ ᠰᠠᠭᠤᠷᠢᠨ ᠭᠠᠵᠠᠷ ᠪᠣᠯᠣᠨ᠎ᠠ᠃ | ᠡᠯᠡᠰᠦ ᠶᠢ ᠵᠠᠰᠠᠭᠰᠠᠨ ᠳᠤᠷᠠᠰᠬᠠᠯ ᠤᠨ ᠲᠢᠩᠬᠢᠮ ᠤᠨ ᠲᠠᠯᠠᠪᠠᠢ ᠨᠢ 600 ᠲᠡᠭᠰᠢ ᠳᠥᠷᠪᠡᠯᠵᠢᠨ ᠮᠧᠲᠷ ᠪᠠᠶᠢᠵᠤ᠂ ᠦᠰᠦᠭ ᠪᠢᠴᠢᠭ᠂ ᠵᠢᠷᠤᠭ ᠰᠡᠭᠦᠳᠡᠷ᠂ | ᠪᠣᠳᠠᠲᠤ ᠡᠳ᠋ ᠢ ᠳᠡᠯᠭᠡᠨ ᠦᠵᠡᠭᠦᠯᠬᠦ ᠪᠠᠷ ᠳᠠᠮᠵᠢᠨ᠂ ᠮᠠᠨ ᠤ ᠰᠢᠶᠠᠨ ᠤ 60 ᠭᠠᠷᠤᠢ ᠵᠢᠯ ᠤᠨ ᠲᠤᠷᠰᠢᠬᠢ ᠡᠯᠡᠰᠦ ᠰᠠᠯᠬᠢᠨ ᠢ ᠰᠡᠷᠭᠡᠶᠢᠯᠡᠨ ᠵᠠᠰᠠᠵᠤ᠂ ᠡᠯᠡᠰᠦᠨ | ᠴᠥᠯ ᠢ ᠥᠭᠡᠷᠡᠴᠢᠯᠡᠵᠦ᠂ ᠨᠣᠮᠢᠨ ᠨᠣᠭᠤᠭᠠᠨ ᠭᠡᠷ ᠣᠷᠣᠨ ᠢᠶᠠᠨ ᠴᠣᠭᠴᠠᠯᠠᠭᠰᠠᠨ ᠰᠡᠳᠬᠢᠯ ᠢ ᠬᠥᠳᠡᠯᠭᠡᠮ᠎ᠡ ᠦᠢᠯᠡ ᠶᠠᠪᠤᠳᠠᠯ ᠢ ᠦᠵᠡᠭᠦᠯᠵᠦ᠂ ᠴᠠᠭ ᠦᠶ᠎ᠡ ᠶᠢᠨ | ᠦᠢᠯᠡᠰ ᠪᠣᠰᠬᠠᠭᠰᠠᠨ ᠵᠣᠷᠢᠭ ᠰᠠᠨᠠᠭ᠎ᠠ ᠪᠠ ᠦᠨᠳᠥᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠦᠬᠡ ᠶᠢᠨ ᠦᠨᠡᠨ ᠪᠠᠶᠢᠳᠠᠯ ᠢ ᠳᠠᠬᠢᠨᠲᠠ ᠢᠯᠡᠷᠡᠭᠦᠯᠵᠦ᠂ | ᠦᠨᠡᠨ ᠠᠴᠠ ᠵᠥᠪ ᠢ ᠡᠷᠢᠬᠦ ᠤᠬᠠᠭᠤᠯᠭ᠎ᠠ ᠶᠢᠨ ᠰᠠᠭᠤᠷᠢ ᠬᠥᠭ ᠢᠶᠠᠷ᠂ ᠡᠯᠡᠰᠦ ᠶᠢ ᠵᠠᠰᠠᠬᠤ ᠵᠣᠷᠢᠭ ᠰᠠᠨᠠᠭᠠᠨ ᠤ ᠵᠢᠯᠣᠭᠤᠳᠤᠯᠭ᠎ᠠ ᠪᠠᠷ ᠪᠦᠬᠦ ᠰᠢᠶᠠᠨ ᠤ ᠡᠯ᠎ᠡ | ᠲᠥᠷᠥᠯ ᠤᠨ ᠠᠵᠢᠯ ᠢᠶᠠᠨ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠮᠠᠨ ᠤ ᠰᠢᠶᠠᠨ ᠤ ᠭᠦᠢᠴᠡᠨ ᠳᠠᠪᠠᠵᠤ ᠪᠠᠳᠠᠷᠠᠨ ᠬᠥᠭᠵᠢᠬᠦ ᠳᠤ ᠬᠦᠴᠦᠷᠬᠡᠭ ᠶᠡᠭᠡ ᠣᠶᠣᠨ | ᠰᠠᠨᠠᠭᠠᠨ ᠤ ᠬᠦᠴᠦᠨ ᠢ ᠬᠠᠩᠭᠠᠭᠰᠠᠨ ᠪᠠᠶᠢᠨ᠎ᠠ᠃ ᠲᠤᠰ ᠲᠢᠩᠬᠢᠮ ᠳᠤ ᠪᠠᠰᠠ ᠲᠦᠷ ᠴᠠᠭ ᠤᠨ ᠤᠷᠠᠨ ᠵᠢᠷᠤᠭ ᠪᠢᠴᠢᠯᠭᠡ ᠶᠢᠨ ᠦᠵᠡᠰᠬᠦᠯᠡᠩ ᠲᠣᠬᠢᠷᠠᠭᠤᠯᠵᠤ᠂ | ᠣᠷᠣᠨ ᠨᠤᠲᠤᠭ ᠤᠨ ᠤᠷᠠᠨ ᠵᠢᠷᠤᠭᠴᠢᠨ ᠪᠠ ᠤᠷᠠᠨ ᠪᠢᠴᠢᠯᠭᠡᠲᠡᠨ᠂ ᠭᠡᠷᠡᠯ ᠵᠢᠷᠤᠭ ᠤᠨ ᠪᠠᠭ᠋ᠠᠲᠠᠳ ᠤᠨ 120 ᠭᠠᠷᠤᠢ ᠬᠤᠪᠢ ᠤᠷᠠᠨ ᠵᠢᠷᠤᠭ ᠪᠢᠴᠢᠯᠭᠡ ᠵᠢᠴᠢ | ᠭᠡᠷᠡᠯ ᠵᠢᠷᠤᠭ ᠤᠨ ᠪᠦᠲᠦᠭᠡᠯ ᠢ ᠳᠡᠯᠭᠡᠨ ᠦᠵᠡᠭᠦᠯᠵᠦ ᠪᠠᠶᠢᠳᠠᠭ᠃ ᠬᠦᠯᠢᠶᠡᠨ ᠠᠪᠴᠤ ᠵᠣᠴᠢᠯᠠᠨ ᠦᠢᠯᠡᠴᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ | ᠮᠥᠽᠧᠢ ᠳᠤ ᠪᠠᠰᠠ ᠬᠡᠯᠡᠵᠦ ᠲᠠᠶᠢᠯᠪᠤᠷᠢᠯᠠᠬᠤ ᠰᠢᠰᠲ᠋ᠧᠮ ᠲᠠᠭᠠᠷᠠᠭᠤᠯᠵᠤ᠂ ᠬᠡᠯᠡᠵᠦ ᠲᠠᠶᠢᠯᠪᠤᠷᠢᠯᠠᠬᠤ ᠰᠢᠰᠲ᠋ᠧᠮ ᠨᠡᠶᠢᠳᠡᠮ ᠪᠦᠷᠬᠦᠵᠦ᠂ ᠲᠣᠭᠤᠷᠢᠨ ᠦᠵᠡᠬᠦ ᠣᠯᠠᠨ | ᠲᠦᠮᠡᠨ ᠳᠤ ᠳᠥᠭᠦᠮ ᠨᠥᠬᠦᠴᠡᠯ ᠬᠠᠩᠭᠠᠵᠠᠢ᠃ ᠪᠦᠬᠦ᠋ᠢᠯᠡ ᠦᠵᠡᠭᠦᠯᠭᠡ ᠶᠢᠨ ᠲᠢᠩᠬᠢᠮ ᠳᠤ ᠪᠦᠷ ᠡᠯᠧᠺᠳ᠋ᠷᠣᠨ ᠬᠢᠨᠠᠨ ᠡᠵᠡᠮᠳᠡᠯ᠂ ᠭᠠᠯ ᠢ ᠰᠡᠷᠭᠡᠶᠢᠯᠡᠬᠦ᠂ | ᠬᠤᠯᠠᠭᠠᠢ ᠶᠢ ᠰᠡᠷᠭᠡᠶᠢᠯᠡᠬᠦ ᠲᠥᠬᠦᠭᠡᠷᠦᠮᠵᠢ ᠲᠠᠭᠠᠷᠠᠭᠤᠯᠤᠭᠰᠠᠨ ᠪᠥᠭᠡᠳ ᠠᠮᠤᠷ ᠲᠦᠪᠰᠢᠨ ᠤ ᠬᠠᠮᠠᠭᠠᠯᠠᠯᠲᠠ ᠶᠢᠨ ᠲᠠᠰᠤᠭ ᠲᠤ 24 ᠴᠠᠭ ᠢᠶᠠᠷ ᠨᠡᠶᠢᠳᠡᠮ ᠬᠢᠨᠠᠨ | ᠡᠵᠡᠮᠳᠡᠵᠦ᠂ ᠪᠦᠬᠦᠯᠢ ᠵᠢᠯ ᠢᠶᠠᠷ ᠰᠦᠢᠳᠬᠡᠯ ᠬᠤᠷᠢᠶᠠᠬᠤ ᠦᠭᠡᠢ ᠪᠠᠷ ᠴᠢᠯᠥᠭᠡᠲᠡᠢ ᠨᠡᠭᠡᠭᠡᠵᠦ ᠪᠠᠶᠢᠳᠠᠭ᠃ | ᠮᠥᠽᠧᠢ ᠶᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠯᠲᠡ ᠬᠢᠭᠰᠡᠨ ᠠᠴᠠ ᠨᠠᠭᠠᠰᠢ᠂ ᠨᠡᠶᠢᠭᠡᠮ ᠤᠨ ᠦᠷ᠎ᠡ ᠠᠰᠢᠭ ᠮᠠᠰᠢ ᠢᠯᠡᠷᠬᠡᠢ ᠪᠠᠶᠢᠵᠤ᠂ ᠳᠡᠯᠭᠡᠨ | ᠦᠵᠡᠭᠦᠯᠬᠦ ᠣᠷᠳᠣᠨ ᠤ ᠣᠯᠠᠨ ᠨᠡᠶᠢᠲᠡ ᠶᠢᠨ ᠥᠷᠲᠡᠭ ᠭᠦᠢᠴᠡᠳ ᠰᠠᠶᠢᠨ ᠪᠠᠳᠠᠷᠠᠵᠠᠢ᠃ ᠴᠢᠯᠥᠭᠡᠲᠡᠢ ᠨᠡᠭᠡᠭᠡᠭᠰᠡᠨ ᠠᠴᠠ ᠨᠠᠭᠠᠰᠢ᠂ ᠨᠡᠶᠢᠲᠡ 13 ᠲᠦᠮᠡ ᠭᠠᠷᠤᠢ | ᠬᠥᠮᠥᠨ ᠤᠳᠠᠭ᠎ᠠ ᠶᠢ ᠬᠦᠯᠢᠶᠡᠨ ᠵᠣᠴᠢᠯᠠᠭᠰᠠᠨ ᠪᠥᠭᠡᠳ᠂ ᠪᠠᠶᠠᠷ ᠳᠤᠷᠠᠰᠬᠠᠯ ᠤᠨ ᠡᠳᠥᠷ ᠡᠯ᠎ᠡ ᠵᠦᠢᠯ ᠤᠨ ᠠᠵᠢᠯᠯᠠᠭ᠎ᠠ ᠶᠢ 36 ᠤᠳᠠᠭ᠎ᠠ ᠥᠷᠨᠢᠭᠦᠯᠵᠡᠢ᠃ | 2010 ᠣᠨ ᠳᠤ᠂ ᠳ᠋ᠧᠩᠺᠧᠦ ᠰᠢᠶᠠᠨ ᠤ ᠮᠥᠽᠧᠢ ᠨᠢ ᠪᠠᠶᠠᠨᠨᠠᠭᠤᠷ ᠬᠤᠲᠠ ᠶᠢᠨ ᠡᠬᠡ ᠤᠯᠤᠰᠴᠢ ᠬᠥᠮᠥᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢᠶᠠᠷ | ᠦᠨᠡᠯᠡᠭᠳᠡᠵᠦ᠂ 2013 ᠣᠨ ᠳᠤ ᠤᠯᠤᠰ ᠤᠨ AA ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠡᠢ᠃ ᠲᠤᠰ ᠮᠥᠽᠧᠢ ᠨᠢ ᠴᠣᠩᠬᠤᠪᠴᠢ | ᠤᠬᠠᠭᠤᠯᠭ᠎ᠠ ᠶᠢᠨ ᠦᠢᠯᠡᠳᠥᠯ ᠢᠶᠠᠨ ᠭᠦᠢᠴᠡᠳ ᠪᠠᠳᠠᠷᠠᠭᠤᠯᠵᠤ᠂ ᠡᠬᠡ ᠤᠯᠤᠰᠴᠢ ᠬᠥᠮᠥᠵᠢᠯ ᠤᠨ ᠭᠤᠣᠯ ᠠᠶᠢᠵᠠᠮ ᠢ ᠪᠠᠳᠠᠷᠠᠭᠤᠯᠵᠤ᠂ ︽ᠳᠤᠮᠳᠠᠳᠤ ᠪᠠᠨ | ᠬᠠᠶᠢᠷᠠᠯᠠᠵᠤ᠂ ᠡᠬᠡ ᠨᠤᠲᠤᠭ ᠢᠶᠠᠨ ᠬᠠᠶᠢᠷᠠᠯᠠᠬᠤ︾ ᠤᠬᠠᠭᠤᠯᠭ᠎ᠠ ᠶᠢᠨ ᠰᠠᠭᠤᠷᠢᠨ ᠪᠣᠯᠵᠤ᠂ ᠮᠡᠳᠡᠯᠭᠡ ᠶᠢ ᠤᠯᠠᠮᠵᠢᠯᠠᠨ᠂ ᠪᠣᠯᠪᠠᠰᠤᠨ ᠢ ᠤᠬᠠᠭᠤᠯᠵᠤ᠂ ᠲᠡᠦᠬᠡ ᠶᠢ | ᠬᠦᠦᠷᠨᠢᠵᠦ᠂ ᠵᠥᠪ ᠶᠣᠰᠣ ᠶᠢ ᠰᠤᠷᠲᠠᠯᠴᠢᠯᠠᠬᠤ ᠭᠠᠵᠠᠷ ᠪᠣᠯᠵᠤ᠂ ᠬᠥᠮᠥᠰ ᠲᠤ ᠣᠶᠣᠨ ᠰᠠᠨᠠᠭᠠᠨ ᠤ ᠬᠦᠨᠡᠰᠦ ᠬᠠᠩᠭᠠᠬᠤ ᠭᠡᠷ ᠣᠷᠣᠨ ᠪᠣᠯᠵᠤ᠂ ᠲᠡᠦᠬᠡ ᠶᠢᠨ ᠥᠪ | ᠦᠯᠡᠳᠡᠭᠳᠡᠯ ᠵᠢᠴᠢ ᠰᠣᠶᠣᠯ ᠤᠨ ᠥᠪ ᠢ ᠬᠠᠮᠠᠭᠠᠯᠠᠬᠤ ᠪᠠ ᠥᠷᠲᠡᠭ ᠢ ᠨᠢ ᠪᠠᠳᠠᠷᠠᠭᠤᠯᠬᠤ ᠳᠤ ᠨᠡᠩ ᠠᠯᠤᠰ ᠬᠡᠲᠦ ᠶᠢᠨ ᠦᠢᠯᠡᠳᠥᠯ ᠦᠵᠡᠭᠦᠯᠵᠦ ᠪᠠᠶᠢᠳᠠᠭ᠃ |