ᠴᠠᠭᠠᠨᠬᠦ᠋ᠷᠢᠶᠡ ᠶᠢᠨ ᠨᠠᠭᠤᠷ ᠤᠨ ᠵᠤᠭᠠᠴᠠᠯ ᠤᠨ ᠣᠷᠣᠨ ᠨᠢ ᠤᠯᠠᠭᠠᠨᠪᠤᠬ᠎ᠠ ᠶᠢᠨ ᠡᠯᠡᠰᠦᠨ ᠴᠥᠯ ᠤᠨ ᠭᠦᠨ ᠳᠤ ᠪᠠᠶᠢᠷᠢᠰᠢᠵᠤ᠂ ᠪᠠᠶᠠᠨᠭᠤᠣᠯ ᠪᠠᠯᠭᠠᠰᠤ ᠠᠴᠠ 55 | ᠺᠢᠯᠣᠮᠧᠲᠷ ᠵᠠᠶᠢᠲᠠᠢ ᠪᠠᠶᠢᠳᠠᠭ᠃ ᠨᠠᠭᠤᠷ ᠤᠨ ᠲᠠᠯᠠᠪᠠᠢ ᠨᠢ 5000 ᠮᠦ ᠪᠠᠶᠢᠵᠤ᠂ ᠶᠡᠭᠡ ᠨᠠᠭᠤᠷ᠂ ᠵᠡᠭᠦᠨ ᠨᠠᠭᠤᠷ ᠪᠠ ᠡᠮᠦᠨ᠎ᠡ ᠨᠠᠭᠤᠷ ᠢᠶᠠᠷ ᠪᠦᠷᠢᠯᠳᠥᠵᠡᠢ᠃ | ᠨᠠᠭᠤᠷ ᠤᠨ ᠤᠰᠤ ᠨᠢ ᠳᠦᠭᠦᠷᠡᠩ ᠦᠶᠡᠰ 5 ᠮᠧᠲᠷ ᠭᠦᠨ᠂ ᠬᠠᠮᠤᠭ ᠪᠠᠭ᠎ᠠ ᠳᠠᠭᠠᠨ ᠴᠤ 3 ᠮᠧᠲᠷ ᠭᠦᠨ ᠪᠠᠶᠢᠵᠤ᠂ ᠮᠠᠰᠢ ᠲᠤᠩᠭᠠᠯᠠᠭ ᠰᠠᠶᠢᠬᠠᠨ ᠪᠠᠶᠢᠳᠠᠭ᠃ | ᠨᠠᠭᠤᠷ ᠤᠨ ᠤᠰᠤᠨ ᠳᠤᠨᠢ ᠬᠠᠶᠢᠳᠠᠷ᠂ ᠮᠥᠷᠭᠦ ᠵᠡᠷᠭᠡ ᠵᠢᠭᠠᠰᠤ ᠪᠠᠶᠢᠵᠤ᠂ ᠬᠤᠯᠤᠰᠤ ᠵᠡᠭᠡᠰᠦ ᠡᠯᠪᠡᠭ ᠪᠠᠶᠢᠳᠠᠭ᠃ ᠬᠠᠪᠤᠷ ᠪᠣᠯᠵᠤ ᠤᠷᠢ ᠣᠷᠣᠬᠤ ᠳᠤ ᠨᠠᠭᠤᠷ ᠤᠨ | ᠤᠰᠤᠨ ᠳᠤᠨᠢ ᠨᠤᠭᠤᠰᠤ ᠭᠠᠯᠠᠭᠤᠳ ᠭᠠᠩᠭᠠᠨᠠᠯᠳᠤᠨ ᠤᠰᠤᠨ ᠰᠢᠪᠠᠭᠤᠳ ᠤᠨ ᠴᠡᠩᠭᠡᠯ ᠤᠨ ᠣᠷᠣᠨ ᠪᠣᠯᠳᠠᠭ᠃ ᠨᠠᠭᠤᠷ ᠤᠨ ᠣᠶᠢᠷ᠎ᠠ ᠬᠠᠪᠢ ᠪᠠᠷ ᠮᠥᠩᠬᠡ | ᠬᠠᠷᠭᠠᠨ᠎ᠠ ᠡᠯᠪᠡᠭ ᠤᠷᠭᠤᠵᠤ᠂ ᠵᠢᠯ ᠤᠨ ᠳᠥᠷᠪᠡᠨ ᠤᠯᠠᠷᠢᠯ ᠢᠶᠠᠷ ᠮᠥᠩᠬᠡ ᠨᠣᠭᠤᠭᠠᠨ ᠪᠠᠶᠢᠵᠤ᠂ 4 ᠰᠠᠷ᠎ᠠ ᠳᠤ ᠠᠯᠲᠠᠨ ᠰᠢᠷᠭᠠᠯ ᠴᠡᠴᠡᠭ ᠳᠡᠯᠭᠡᠷᠡᠵᠦ ᠭᠤᠶᠢᠳᠠ | ᠰᠠᠶᠢᠬᠠᠨ ᠦᠵᠡᠮᠵᠢ ᠪᠠᠷ ᠢᠶᠠᠨ ᠬᠥᠮᠥᠨ ᠣᠯᠠᠨ ᠢ ᠪᠠᠶᠠᠰᠬᠠᠳᠠᠭ ᠰᠠᠨ᠃ ᠨᠠᠭᠤᠷ ᠤᠨ ᠵᠡᠭᠦᠨ ᠪᠠ ᠡᠮᠦᠨ᠎ᠡ ᠬᠥᠪᠡᠭᠡ ᠨᠢ ᠡᠯᠡᠰᠦ ᠮᠠᠩᠬ᠎ᠠ ᠪᠠᠷ ᠬᠤᠴᠢᠭᠳᠠᠵᠤ᠂ | ᠳᠠᠪᠠᠯᠭᠠᠯᠠᠨ ᠦᠷᠭᠦᠯᠵᠢᠯᠡᠭᠰᠡᠨ ᠠᠯᠲᠠᠨ ᠰᠢᠷᠭᠠᠯ ᠡᠯᠡᠰᠦ ᠲᠩᠷᠢ ᠶᠢᠨ ᠬᠢᠵᠠᠭᠠᠷ ᠲᠤ ᠵᠠᠮᠬᠠᠷᠠᠳᠠᠭ᠃ ᠦᠵᠡᠮᠵᠢ ᠶᠢᠨ ᠣᠷᠣᠨ ᠳᠤ 450 ᠲᠡᠭᠰᠢ ᠳᠥᠷᠪᠡᠯᠵᠢᠨ | ᠮᠧᠲᠷ ᠤᠨ ᠭᠠᠷᠠᠮ ᠲᠠᠢ᠂ 1000 ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠲᠠᠢ᠂ ᠪᠠᠰᠠ ᠡᠷᠲᠡᠨ ᠤ ᠪᠠᠷᠢᠯᠭ᠎ᠠ ᠶᠢ ᠳᠠᠭᠤᠷᠢᠶᠠᠭᠰᠠᠨ ᠵᠣᠴᠢᠯᠠᠬᠤ | ᠭᠠᠵᠠᠷ ᠲᠠᠢ᠃ ᠨᠠᠭᠤᠷ ᠲᠤ ᠵᠤᠭᠠᠴᠠᠯ ᠤᠨ ᠵᠠᠪᠢ᠂ ᠲᠦᠷᠭᠡᠨ ᠵᠠᠪᠢ ᠪᠠ ᠵᠠᠪᠢ ᠰᠡᠯᠢᠵᠦ ᠪᠣᠯᠳᠠᠭ ᠪᠥᠭᠡᠳ ᠰᠡᠯᠡᠭᠦᠴᠡᠨ ᠵᠤᠭᠠᠴᠠᠬᠤ ᠳᠤ ᠵᠣᠷᠢᠭᠤᠯᠤᠭᠰᠠᠨ 3800 | ᠲᠡᠭᠰᠢ ᠳᠥᠷᠪᠡᠯᠵᠢᠨ ᠮᠧᠲᠷ ᠤᠨ ᠠᠭᠤᠳᠠᠮ ᠲᠠᠯᠠᠪᠠᠢ ᠲᠠᠢ ᠪᠠᠶᠢᠳᠠᠭ᠃ ᠳᠡᠯᠡᠬᠡᠢ ᠶᠢᠨ ᠲᠡᠷᠢᠭᠦᠨ ᠤ ᠮᠡᠷᠭᠡᠵᠢᠯ ᠢᠶᠠᠷ ᠦᠢᠯᠡᠳᠥᠭᠰᠡᠨ ᠰᠡᠷᠢᠭᠦᠴᠡᠭᠦᠯᠬᠦ ᠲᠥᠬᠦᠭᠡᠷᠦᠮᠵᠢ | ᠪᠦᠬᠦᠢ 1296 ᠲᠡᠭᠰᠢ ᠳᠥᠷᠪᠡᠯᠵᠢᠨ ᠮᠧᠲᠷ ᠤᠨ ᠬᠤᠭᠤᠯᠠᠨ ᠲᠢᠩᠬᠢᠮ ᠲᠠᠢ ᠪᠠᠶᠢᠵᠤ᠂ ᠳᠣᠲᠣᠷ᠎ᠠ ᠨᠢ ᠠᠭᠤᠯᠠ ᠤᠰᠤ ᠤᠷᠭᠤᠮᠠᠯ ᠴᠡᠴᠡᠭ ᠢᠶᠠᠷ ᠴᠢᠮᠡᠵᠦ᠂ | ᠳᠥᠷᠪᠡᠨ ᠤᠯᠠᠷᠢᠯ ᠳᠤ ᠪᠦᠷ ᠬᠠᠪᠤᠷ ᠮᠡᠲᠦ ᠠᠭᠤᠷ ᠠᠮᠢᠰᠬᠤᠯ ᠢ ᠪᠦᠷᠢᠯᠳᠥᠭᠦᠯᠵᠡᠢ᠃ 1.3 ᠲᠦᠮᠡᠨ ᠲᠡᠭᠰᠢ ᠳᠥᠷᠪᠡᠯᠵᠢᠨ ᠮᠧᠲᠷ ᠤᠨ ᠠᠮᠢ ᠠᠬᠤᠢ ᠶᠢᠨ ᠣᠢ ᠳᠤ | ᠬᠤᠩᠭᠤᠷᠴᠠᠭᠲᠤ ᠮᠣᠳᠣ᠂ ᠨᠠᠶᠢᠯᠵᠠᠭᠤᠷ ᠤᠳᠠ ᠵᠡᠷᠭᠡ ᠤᠷᠭᠤᠮᠠᠯ ᠢ ᠲᠠᠷᠢᠭᠰᠠᠨ ᠪᠥᠭᠡᠳ ᠪᠠᠰᠠ ᠬᠠᠶᠢᠯᠠᠷ ᠨᠠᠷᠠᠰᠤ᠂ ᠬᠤᠨᠢᠨ ᠠᠷᠴᠠ ᠵᠡᠷᠭᠡ ᠮᠣᠳᠣᠳ ᠢ | ᠲᠠᠷᠢᠬᠤ ᠪᠠᠷ ᠪᠠᠶᠢᠨ᠎ᠠ᠃ ᠵᠢᠭᠠᠰᠤ ᠭᠥᠬᠢᠳᠡᠬᠦ ᠳᠤᠷ᠎ᠠ ᠪᠠᠭ᠋ᠠᠲᠠᠢ ᠬᠥᠮᠥᠰ ᠪᠠᠰᠠ ᠣᠢ ᠶᠢ ᠥᠩᠭᠡᠷᠡᠨ ᠡᠮᠦᠨ᠎ᠡ ᠨᠠᠭᠤᠷ ᠲᠤ ᠬᠦᠷᠴᠦ᠂ ᠵᠢᠭᠠᠰᠤ ᠭᠥᠬᠢᠳᠡᠬᠦ | ᠲᠠᠯᠠᠪᠠᠢ ᠳᠤ ᠵᠢᠭᠠᠰᠤ ᠭᠥᠬᠢᠳᠡᠵᠦ ᠪᠣᠯᠣᠨ᠎ᠠ᠃ ᠡᠨᠡ ᠬᠦ ᠵᠢᠭᠠᠰᠤ ᠭᠥᠬᠢᠳᠡᠬᠦ ᠲᠠᠯᠠᠪᠠᠢ ᠶᠢ ᠣᠢ ᠶᠢᠨ ᠪᠠᠷᠠᠭᠤᠨ ᠬᠠᠵᠠᠭᠤ ᠳᠠᠬᠢ ᠡᠮᠦᠨ᠎ᠡ ᠨᠠᠭᠤᠷ ᠤᠨ ᠬᠥᠪᠡᠭᠡᠨ ᠳᠤ | ᠪᠠᠶᠢᠷᠢᠰᠢᠭᠤᠯᠵᠤ᠂ ᠮᠣᠳᠣᠨ ᠱᠠᠯᠠ ᠨᠠᠷᠠᠨ ᠰᠢᠬᠦᠷ ᠲᠣᠬᠢᠷᠠᠭᠤᠯᠵᠤ᠂ 20 ᠬᠥᠮᠥᠨ ᠵᠡᠷᠭᠡ ᠪᠠᠷ ᠵᠢᠭᠠᠰᠤ ᠭᠥᠬᠢᠳᠡᠵᠦ ᠪᠣᠯᠳᠠᠭ᠃ |