ᠨᠠᠷᠠᠨ ᠨᠠᠭᠤᠷ ᠤᠨ ᠦᠵᠡᠮᠵᠢ ᠶᠢᠨ ᠣᠷᠣᠨ ᠪᠣᠯ ᠪᠠᠶᠠᠨᠨᠠᠭᠤᠷ ᠬᠤᠲᠠ ᠶᠢᠨ ᠬᠠᠮᠤᠭ ᠲᠣᠮᠣ ᠬᠢᠮᠡᠯ ᠨᠠᠭᠤᠷ ᠤᠨ ᠦᠵᠡᠮᠵᠢ ᠶᠢᠨ ᠣᠷᠣᠨ ᠪᠢᠯᠡ᠃ ᠲᠤᠰ | ᠦᠵᠡᠮᠵᠢ ᠶᠢᠨ ᠣᠷᠣᠨ ᠢ ᠰᠦᠩ ᠬᠠᠯᠢᠶ᠎ᠠ ᠦᠶᠡᠷ ᠤᠨ ᠬᠤᠭᠤᠴᠠᠭᠠᠨ ᠳᠤ᠂ ᠬᠠᠲᠤᠨ ᠭᠤᠣᠯ ᠤᠨ ᠤᠰᠤ ᠶᠢ ᠵᠠᠯᠠᠬᠤ ᠪᠠᠷ ᠳᠠᠮᠵᠢᠨ ᠪᠤᠢ ᠪᠣᠯᠣᠭᠰᠠᠨ 3.2 ᠲᠦᠮᠡᠨ | ᠮᠦ ᠨᠠᠭᠤᠷ ᠲᠤ ᠲᠦᠰᠢᠭᠯᠡᠨ ᠪᠠᠶᠢᠭᠤᠯᠵᠤ᠂ ᠤᠯᠤᠰ ᠤᠨ ᠭᠠᠵᠠᠷ ᠵᠦᠢ ᠶᠢᠨ ᠴᠡᠴᠡᠷᠯᠢᠭ ᠤᠨ ᠦᠵᠡᠮᠵᠢ ᠶᠢᠨ ᠣᠷᠣᠨ ᠪᠣᠯᠣᠨ᠎ᠠ᠃ ᠲᠤᠰ ᠦᠵᠡᠮᠵᠢ ᠶᠢᠨ ᠣᠷᠣᠨ ᠨᠢ | ᠤᠯᠤᠰ ᠤᠨ ᠨᠤᠭᠤ ᠭᠠᠵᠠᠷ ᠤᠨ ᠴᠡᠴᠡᠷᠯᠢᠭ ᠪᠠᠶᠢᠵᠤ᠂ ᠪᠠᠴᠢᠮ ᠪᠠᠶᠢᠳᠠᠯ ᠢ ᠠᠷᠭᠠᠴᠠᠬᠤ ᠪᠠᠷ ᠦᠶᠡᠷ ᠢ ᠭᠠᠳᠠᠭᠰᠢ ᠵᠠᠯᠠᠭᠠᠳ ᠪᠤᠢ ᠪᠣᠯᠣᠭᠰᠠᠨ ᠥᠷᠭᠡᠨ ᠠᠭᠤᠳᠠᠮ | ᠨᠠᠭᠤᠷ ᠤᠨ ᠣᠷᠣᠨ ᠢ ᠠᠰᠢᠭᠯᠠᠨ᠂ ᠡᠮᠦᠨ᠎ᠡ ᠬᠥᠪᠡᠭᠡᠨ ᠳᠠᠬᠢ ᠡᠯᠡᠰᠦᠨ ᠲᠣᠯᠣᠭᠠᠳ ᠵᠢᠴᠢ ᠬᠠᠲᠤᠨ ᠭᠤᠣᠯ ᠢ ᠬᠥᠪᠡᠭᠡᠳᠡᠭᠰᠠᠨ ᠤᠤᠭᠠᠯ ᠠᠮᠢ ᠠᠬᠤᠢ ᠶᠢᠨ | ᠦᠵᠡᠮᠵᠢ ᠶᠢ ᠤᠶᠠᠯᠳᠤᠭᠤᠯᠤᠭᠰᠠᠨ ᠥᠪᠡᠷᠮᠢᠴᠡ ᠦᠵᠡᠮᠵᠢ ᠶᠢᠨ ᠣᠷᠣᠨ ᠪᠠᠶᠢᠵᠤ᠂ ᠬᠠᠲᠤᠨ ᠭᠤᠣᠯ ᠡᠯᠡᠰᠦᠨ ᠴᠥᠯ ᠤᠨ ᠣᠨᠴᠠᠯᠢᠭᠲᠤ ᠵᠤᠭᠠᠴᠠᠯ ᠤᠨ ᠠᠵᠤ | ᠦᠢᠯᠡᠰ ᠢ ᠨᠡᠭᠡᠭᠡᠨ ᠬᠥᠭᠵᠢᠭᠦᠯᠵᠦ ᠪᠠᠶᠢᠳᠠᠭ᠃ ᠬᠠᠪᠤᠷ ᠨᠠᠮᠤᠷ ᠬᠤᠶᠠᠷ ᠤᠯᠠᠷᠢᠯ ᠳᠤ᠂ ᠶᠡᠭᠡ ᠬᠡᠮᠵᠢᠶᠡᠨ ᠤ ᠨᠡᠭᠦᠳᠡᠯ ᠤᠨ ᠰᠢᠪᠠᠭᠤᠳ ᠠᠳᠡ ᠠᠮᠠᠷᠠᠨ ᠰᠡᠯᠭᠦᠬᠦ | ᠪᠤᠶᠤ ᠨᠠᠭᠤᠷ ᠤᠨ ᠳᠤᠮᠳᠠᠬᠢ ᠳᠣᠪᠤ ᠲᠣᠯᠣᠭᠠᠳ ᠳᠡᠭᠡᠷ᠎ᠡ ᠡᠭᠦᠷ ᠪᠠᠷᠢᠵᠤ ᠥᠨᠳᠡᠭᠡ ᠲᠥᠷᠥᠨ ᠦᠷ᠎ᠡ ᠲᠥᠯ ᠢᠶᠠᠨ ᠥᠰᠬᠡᠨ ᠦᠷᠡᠵᠢᠭᠦᠯᠵᠦ᠂ ᠦᠢ ᠣᠯᠠᠨ | ᠵᠤᠭᠠᠴᠠᠭᠰᠠᠳ ᠵᠢᠴᠢ ᠭᠡᠷᠡᠯ ᠵᠢᠷᠤᠭ ᠤᠨ ᠪᠠᠭ᠋ᠠᠲᠠᠳ ᠤᠨ ᠳᠤᠷ᠎ᠠ ᠰᠣᠨᠢᠷᠬᠠᠯ ᠢ ᠲᠠᠲᠠᠵᠤ ᠪᠠᠶᠢᠳᠠᠭ ᠰᠠᠨ᠃ ᠠᠳᠡᠬᠢ ᠨᠠᠭᠤᠷ ᠤᠨ ᠤᠰᠤ ᠨᠢ ᠪᠣᠯᠣᠷ ᠲᠤᠩᠭᠠᠯᠠᠭ᠂ | ᠠᠭᠤᠷ ᠠᠮᠢᠰᠬᠤᠯ ᠴᠢᠭᠢᠭᠯᠢᠭ ᠳᠤᠯᠠᠭᠠᠬᠠᠨ ᠪᠠᠶᠢᠵᠤ᠂ ᠲᠠ ᠬᠥᠩᠭᠡᠨ ᠵᠠᠪᠢ ᠪᠠᠷ ᠨᠠᠭᠤᠷ ᠤᠨ ᠳᠡᠭᠡᠭᠦᠷ ᠵᠤᠭᠠᠴᠠᠨ᠂ ᠡᠬᠡ ᠪᠠᠶᠢᠭᠠᠯᠢ ᠶᠢᠨ ᠭᠤᠶᠢᠳᠠ ᠨᠠᠮᠤᠭᠤᠬᠠᠨ | ᠬᠠᠶᠢᠷ᠎ᠠ ᠶᠢ ᠰᠡᠳᠬᠢᠯ ᠢᠶᠠᠷ ᠢᠶᠠᠨ ᠣᠶᠢᠯᠠᠭᠠᠵᠤ ᠪᠣᠯᠣᠨ᠎ᠠ᠃ |