ᠥᠪᠥᠷ ᠮᠣᠩᠭᠤᠯ ᠤᠨ ᠡᠷᠳᠡᠨᠢ ᠰᠢᠰᠢ ᠰᠢᠷ᠎ᠠ ᠪᠤᠷᠴᠠᠭ ᠪᠣᠭᠤᠳᠠᠶ ᠶᠢᠨ ᠦᠨ᠎ᠡ ᠥᠰᠪᠡ
ᠨᠡᠶᠢᠲᠡᠯᠡᠭᠰᠡᠨ ᠴᠠᠭ᠄
2021/4/28
      ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢ ᠬᠢᠨᠠᠨ ᠬᠡᠮᠵᠢᠬᠦ ᠲᠥᠪ ᠠᠴᠠ ᠣᠶᠢᠯᠠᠭᠠᠭᠰᠠᠨ ᠢᠶᠠᠷ᠂ 3 ᠳ᠋ᠤᠭᠠᠷ ᠰᠠᠷ᠎ᠠ ᠳᠤ᠂ ᠪᠥᠬᠦ ᠣᠷᠣᠨ ᠤ ᠡᠷᠳᠡᠨᠢ ᠰᠢᠰᠢ᠂ ᠰᠢᠷ᠎ᠠ ᠪᠤᠷᠴᠠᠭ ᠤᠨ ᠬᠤᠳᠠᠯᠳᠤᠨ ᠠᠪᠬᠤ ᠦᠨ᠎ᠡ ᠥᠰᠴᠦ᠂ ᠪᠣᠭᠤᠳᠠᠶ ᠶᠢᠨ ᠦᠨ᠎ᠡ ᠲᠣᠭᠲᠠᠭᠤᠨ ᠪᠠᠶᠢᠵᠤ᠂ ᠭᠤᠤᠯ ᠪᠣᠯᠬᠤ ᠴᠠᠶᠢᠯᠭᠠᠭᠰᠠᠨ ᠠᠮᠤ ᠶᠢᠨ ᠦᠨ᠎ᠡ ᠵᠢᠭᠠᠬᠠᠨ ᠦᠰᠴᠡᠢ᠃ ᠨᠢᠳᠤᠨᠤᠨ ᠤ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ᠂ ᠬᠠᠷ᠎ᠠ ᠪᠤᠳᠠᠭ᠎ᠠ ᠶᠢᠨ ᠬᠤᠳᠠᠯᠳᠤᠨ ᠠᠪᠬᠤ ᠦᠨ᠎ᠡ᠂ ᠴᠠᠶᠢᠯᠭᠠᠭᠰᠠᠨ ᠠᠮᠤ ᠶᠢᠨ ᠰᠤᠯᠠ ᠪᠠᠷ ᠬᠤᠳᠠᠯᠳᠤᠬᠤ ᠦᠨ᠎ᠡ ᠴᠥᠮ ᠥᠰᠴᠡᠶ᠃       3 ᠳ᠋ᠤᠭᠠᠷ ᠰᠠᠷ᠎ᠠ ᠳᠤ᠂ ᠪᠥᠬᠦ ᠣᠷᠣᠨ ᠤ ᠠᠮᠤ ᠪᠤᠳᠠᠭᠠᠨ ᠤ ᠭᠤᠤᠯ ᠭᠠᠷᠤᠯᠲᠠ ᠶᠢᠨ ᠣᠷᠣᠨ ᠤ ᠪᠣᠭᠤᠳᠠᠶ᠂ ᠡᠷᠳᠡᠨᠢ ᠰᠢᠰᠢ᠂ ᠰᠢᠷ᠎ᠠ ᠪᠤᠷᠴᠠᠭ ᠭᠤᠷᠪᠠᠨ ᠵᠦᠢᠯ ᠤᠨ ᠠᠮᠤ ᠪᠤᠳᠠᠭ᠎ᠠ ᠶᠢᠨ ᠲᠤᠮᠳᠠᠴᠢ ᠦᠨ᠎ᠡ ᠨᠢ 169 . 53 ᠲᠥᠭᠦᠷᠢᠭ / 50 ᠺᠢᠯᠣᠭ᠍ᠷᠠᠮ ᠪᠠᠶᠢᠵᠤ᠂ ᠳᠡᠭᠡᠷ᠎ᠡ ᠰᠠᠷ᠎ᠠ ᠠᠴᠠ ᠪᠠᠨ 2.21% ᠪᠠᠷ ᠥᠰᠴᠦ ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 30.03% ᠪᠠᠷ ᠥᠰᠴᠡᠶ᠃       3 ᠳ᠋ᠤᠭᠠᠷ ᠰᠠᠷ᠎ᠠ ᠳᠤ᠂ ᠪᠥᠬᠦ ᠣᠷᠣᠨ ᠤ ᠪᠣᠭᠤᠳᠠᠶ ᠶᠢᠨ 50 ᠺᠢᠯᠣᠭ᠍ᠷᠠᠮ ᠪᠦᠷᠢ ᠶᠢᠨ ᠬᠤᠳᠠᠯᠳᠤᠨ ᠠᠪᠬᠤ ᠳᠤᠮᠳᠠᠴᠢ ᠦᠨ᠎ᠡ ᠨᠢ 128.34 ᠲᠥᠭᠦᠷᠢᠭ ᠪᠠᠶᠢᠵᠤ᠂ ᠳᠡᠭᠡᠷ᠎ᠡ ᠰᠠᠷ᠎ᠠ ᠶᠢᠨ ᠦᠨ᠎ᠡ ᠬᠠᠩᠰᠢ ᠲᠠᠢ ᠲᠡᠩᠴᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 3.8% ᠪᠠᠷ ᠥᠰᠴᠡᠶ᠃ ᠡᠭᠦᠨ ᠳᠤ᠂ ᠪᠠᠶᠠᠨᠨᠠᠭᠤᠷ ᠬᠤᠲᠠ ᠶᠢᠨ 3 ᠳ᠋ᠤᠭᠠᠷ ᠰᠠᠷ᠎ᠠ ᠶᠢᠨ 50 ᠺᠢᠯᠣᠭ᠍ᠷᠠᠮ ᠪᠣᠭᠤᠳᠠᠶ ᠶᠢᠨ ᠬᠤᠳᠠᠯᠳᠤᠨ ᠠᠪᠬᠤ ᠦᠨ᠎ᠡ ᠨᠢ 165 ᠲᠥᠭᠦᠷᠢᠭ ᠪᠠᠶᠢᠵᠤ᠂ ᠳᠡᠭᠡᠷ᠎ᠡ ᠰᠠᠷ᠎ᠠ ᠶᠢᠨ ᠦᠨ᠎ᠡ ᠬᠠᠩᠰᠢ ᠲᠠᠢ ᠲᠡᠩᠴᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.23% ᠪᠠᠷ ᠥᠰᠴᠡᠶ᠃ ᠬᠠᠶᠢᠯᠠᠷ ᠲᠣᠭᠤᠷᠢᠭ ᠤᠨ ᠤᠯᠠᠭᠠᠨ ᠪᠤᠭᠤᠳᠠᠢ ᠶᠢᠨ ᠬᠤᠳᠠᠯᠳᠤᠨ ᠠᠪᠬᠤ ᠦᠨ᠎ᠡ ᠨᠢ 120 ᠲᠥᠭᠦᠷᠢᠭ / 50 ᠺᠢᠯᠣᠭ᠍ᠷᠠᠮ ᠪᠠᠶᠢᠵᠤ᠂ ᠳᠡᠭᠡᠷ᠎ᠡ ᠰᠠᠷ᠎ᠠ ᠶᠢᠨ ᠦᠨ᠎ᠡ ᠲᠠᠢ ᠲᠡᠩᠴᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 14.29 % ᠪᠠᠷ ᠦᠰᠪᠡ᠃       3 ᠳ᠋ᠤᠭᠠᠷ ᠰᠠᠷ᠎ᠠ ᠳᠤ᠂ ᠪᠥᠬᠦ ᠣᠷᠣᠨ ᠤ ᠪᠠᠷᠢᠮᠵᠢᠶᠠᠳᠤ ᠡᠷᠳᠡᠨᠢ ᠰᠢᠰᠢ ᠶᠢᠨ ᠬᠤᠳᠠᠯᠳᠤᠨ ᠠᠪᠬᠤ ᠳᠤᠮᠳᠠᠴᠢ ᠦᠨ᠎ᠡ ᠨᠢ 119.43 ᠲᠥᠭᠦᠷᠢᠭ / 50 ᠺᠢᠯᠣᠭ᠍ᠷᠠᠮ ᠪᠠᠶᠢᠵᠤ᠂ ᠳᠡᠭᠡᠷ᠎ᠡ ᠰᠠᠷ᠎ᠠ ᠶᠢᠨ ᠦᠨ᠎ᠡ ᠬᠠᠩᠰᠢ ᠠᠴᠠ 4.54 % ᠪᠠᠷ ᠥᠰᠴᠦ᠂ ᠨᠢᠳᠤᠨᠤᠨ ᠤ ᠠᠳᠠᠯᠢ ᠬᠤᠭᠤᠴᠠᠭᠠᠨ ᠤ ᠦᠨ᠎ᠡ ᠬᠠᠩᠰᠢ ᠠᠴᠠ 36. 48 % ᠪᠠᠷ ᠥᠰᠴᠡᠶ᠃ ᠡᠭᠦᠨ ᠳᠤ᠂ 3 ᠳ᠋ᠤᠭᠠᠷ ᠰᠠᠷ᠎ᠠ ᠳᠤ ᠲᠦᠩᠯᠢᠶᠣᠤ ᠬᠤᠲᠠ ᠶᠢᠨ ᠪᠠᠷᠢᠮᠵᠢᠶᠠᠲᠤ ᠡᠷᠳᠡᠨᠢ ᠰᠢᠰᠢ ᠶᠢᠨ ᠬᠤᠳᠠᠯᠳᠤᠨ ᠠᠪᠬᠤ ᠦᠨ᠎ᠡ 115. 74 ᠲᠥᠭᠦᠷᠢᠭ / 50 ᠺᠢᠯᠣᠭ᠍ᠷᠠᠮ ᠪᠠᠶᠢᠵᠤ᠂ ᠲᠦᠷᠦᠭᠦᠦ ᠰᠠᠷ᠎ᠠ ᠶᠢᠨ ᠦᠨ᠎ᠡ ᠠᠴᠠ 9 . 36 % ᠪᠠᠷ ᠥᠰᠴᠦ᠂ ᠨᠢᠳᠤᠨᠤᠨ ᠤ ᠠᠳᠠᠯᠢ ᠬᠤᠭᠤᠴᠠᠭᠠᠨ ᠤ ᠦᠨ᠎ᠡ ᠠᠴᠠ 29 . 39 % ᠪᠠᠷ ᠥᠰᠴᠡᠶ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ