ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠬᠤ ᠪᠥᠭᠡᠳ ︽ᠠᠷᠪᠠᠨ ᠳᠥᠷᠪᠡᠳᠦᠭᠡᠷ ᠲᠠᠪᠤᠨ ᠵᠢᠯ | ︾ ᠤᠨ ᠡᠬᠢᠯᠡᠯᠲᠡ ᠶᠢᠨ ᠵᠢᠯ ᠪᠣᠯᠤᠨ᠎ᠠ᠂ ᠡᠨᠡ ᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ ᠵᠠᠩᠭᠢᠯᠠᠭ᠎ᠠ ᠶᠢᠨ ᠦᠶ᠎ᠡ ᠳᠤ᠂ ᠥᠪᠥᠷ ᠮᠣᠩᠭᠤᠯ | ᠦᠷᠭᠦᠯᠵᠢᠯᠡᠨ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠳᠤ ᠲᠣᠭᠲᠠᠭᠠᠭᠰᠠᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠣᠰᠣᠭᠠᠷ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ | ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠵᠤ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ | ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠨ᠎ᠠ᠃ | ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠴᠢᠬᠤᠯᠠ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠂ ︽ᠠᠷᠪᠠᠨ | ᠳᠥᠷᠪᠡᠳᠦᠭᠡᠷ ᠲᠠᠪᠤᠨ ᠵᠢᠯ︾ ᠢ ᠡᠬᠢᠯᠡᠭᠦᠯᠵᠦ᠂ ᠰᠢᠨ᠎ᠡ ᠠᠶᠠᠨ ᠢᠶᠠᠨ ᠡᠬᠢᠯᠡᠭᠦᠯᠬᠦ ᠳᠤ ᠭᠡᠷᠬᠢᠨ ᠠᠵᠠ ᠲᠣᠬᠢᠶᠠᠯ ᠢ ᠠᠮᠵᠢᠵᠤ᠂ ᠥᠷᠢᠰᠥᠯᠳᠦᠭᠡᠨ ᠢ ᠠᠷᠭᠠᠴᠡᠭᠠᠬᠤ | ᠳᠤᠮᠳᠠ ᠨᠠᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠪᠣᠶ︖ ᠣᠶᠢᠷ᠎ᠠ ᠳᠤ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠢ | ᠰᠤᠷᠪᠤᠯᠵᠢᠯᠠᠪᠠ᠃ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠨ᠎ᠠ | ᠰᠤᠷᠪᠤᠯᠵᠢᠯᠠᠭᠴᠢ᠄ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠤ ᠳᠠᠷᠠᠭ᠎ᠠ᠂ ᠥᠪᠥᠷ ᠮᠣᠩᠭᠤᠯ ᠤᠨ ᠬᠢᠨ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠨ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠰᠡᠳᠬᠢᠴᠡ ᠠᠷᠭ᠎ᠠ | ᠬᠡᠮᠵᠢᠶ᠎ᠡ ᠪᠠᠶᠢᠬᠤ ᠪᠤᠢ︖ | ᠱᠢ ᠲᠠᠢ ᠹᠧᠩ᠄ ᠥᠪᠥᠷ ᠮᠣᠩᠭᠤᠯ ᠤᠨ ᠬᠢᠨ ︽ᠭᠤᠷᠪᠠᠨ ᠰᠢᠨ᠎ᠡ︾ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠬᠠᠮᠤᠭ ᠤᠨ | ᠦᠨᠳᠦᠰᠦᠨ ᠵᠦᠢᠯ ᠪᠣᠯ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠳᠤ ᠲᠣᠭᠲᠠᠭᠠᠵᠦ ᠦᠭᠬᠦᠭᠰᠡᠨ | ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠣᠰᠣᠭᠠᠷ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ | ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ᠂ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢ ᠴᠣᠭᠴᠠᠯᠠᠬᠤ ᠶᠠᠪᠤᠳᠠᠯ ᠪᠣᠯᠤᠨ᠎ᠠ᠃ | ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠠᠮᠢ ᠠᠬᠤᠶ ᠣᠷᠴᠢᠨ | ᠲᠣᠭᠤᠷᠢᠨ ᠢ ᠬᠠᠮᠠᠭᠠᠯᠠᠬᠤ ᠶᠢ ᠳᠡᠶᠢᠯᠦᠩᠭᠦᠶ ᠪᠠᠶᠢᠷᠢᠨ ᠳᠤ ᠲᠠᠯᠪᠢᠵᠤ᠂ ︽ᠶᠡᠭᠡ ᠪᠠᠷ ᠬᠠᠮᠠᠭᠠᠯᠠᠬᠤ ᠶᠢ ᠬᠠᠮᠳᠤ ᠪᠠᠷ ᠠᠳᠬᠤᠵᠦ᠂ ᠶᠡᠭᠡ ᠪᠠᠷ ᠨᠡᠬᠡᠭᠡᠨ ᠬᠦᠭᠵᠢᠭᠦᠯᠬᠦ ᠶᠢ | ᠲᠡᠪᠴᠢᠬᠦ︾ ᠶᠢ ᠲᠡᠮᠦᠷ ᠮᠡᠲᠦ ᠬᠠᠳᠠᠭᠤ ᠶᠣᠰᠣ ᠲᠦᠷᠢᠮ ᠪᠣᠯᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ ᠪᠥᠬᠦ ᠣᠷᠣᠨ | ᠪᠦᠰᠡ ᠪᠠᠷ ᠴᠢᠩᠭᠠᠳᠬᠠᠵᠤ᠂ ᠬᠥᠭᠵᠢᠯᠲᠡ ᠶᠢ ᠪᠣᠬᠢᠷᠲᠤᠯ ᠥᠬᠡᠶ ᠲᠡᠶᠢᠰᠢ ᠬᠤᠪᠢᠷᠠᠭᠤᠯᠬᠤ ᠶᠢ ᠪᠥᠬᠦ ᠠᠵᠢᠯ ᠲᠥᠷᠥᠯ ᠪᠥᠬᠦ ᠬᠦᠷᠢᠶᠡᠨ ᠳᠤ ᠠᠬᠢᠭᠤᠯᠤᠨ᠎ᠠ᠃ | ᠢᠯᠠᠩᠭᠤᠶ᠎ᠠ ᠬᠥᠮᠦᠨ ᠠᠮᠠ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠳᠠ ᠶᠢᠨ ᠡᠨᠡ ᠬᠦ ᠵᠠᠩᠭᠢᠯᠠᠭ᠎ᠠ ᠶᠢ ᠠᠳᠬᠤᠵᠤ᠂ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ᠂ ᠠᠵᠤ ᠦᠢᠯᠡᠰ ᠤᠨ ᠰᠠᠭᠤᠷᠢᠨ᠂ ᠣᠷᠣᠨ ᠪᠦᠰᠡ ᠶᠢᠨ ᠠᠵᠤ ᠠᠬᠤᠢ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠳᠠ ᠶᠢ ᠲᠤᠬᠢᠷᠠᠭᠤᠯᠤᠨ ᠰᠢᠯᠢᠳᠡᠭᠵᠢᠭᠦᠯᠵᠦ᠂ ᠡᠯ᠎ᠡ ᠭᠠᠵᠠᠷ ᠤᠨ ᠶᠠᠭᠤ ᠶᠢ ᠡᠷᠬᠡᠪᠰᠢ ᠬᠢᠬᠦ᠂ ᠶᠠᠭᠤ ᠶᠢ ᠤᠷᠢᠳ ᠢᠶᠠᠷ ᠬᠢᠬᠦ᠂ ᠶᠠᠭᠤ ᠶᠢ ᠬᠢᠵᠦ ᠪᠤᠯᠬᠤ | ᠦᠭᠡᠢ ᠪᠠ ᠬᠠᠮᠲᠤ ᠪᠠᠷ ᠶᠠᠭᠤ ᠬᠢᠬᠦ᠂ ᠭᠤᠣᠯᠳᠠᠭᠤ ᠶᠠᠭᠤ ᠬᠢᠬᠦ ᠶᠢ ᠲᠣᠳᠣᠷᠬᠠᠶᠢᠯᠠᠵᠤ᠂ ᠵᠡᠭᠦᠨ ᠳᠤᠮᠳᠠ ᠪᠠᠷᠠᠭᠤᠨ ᠬᠡᠰᠡᠭ ᠤᠨ ᠡᠯ᠎ᠡ ᠠᠶᠢᠮᠠᠭ ᠬᠤᠳᠠ ᠶᠢᠨ | ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠪᠤᠢ ᠪᠦᠬᠦᠢ ᠣᠷᠣᠨ ᠪᠦᠰᠡ᠂ ᠪᠤᠢ ᠪᠦᠬᠦᠢ ᠬᠦᠷᠢᠶ᠎ᠡ᠂ ᠪᠤᠢ ᠪᠦᠬᠦᠢ ᠠᠵᠤ ᠦᠢᠯᠡᠰ᠂ ᠪᠤᠢ | ᠪᠦᠬᠦᠢ ᠠᠵᠢᠯ ᠲᠦᠷᠦᠯ ᠤᠨ ᠬᠥᠭᠵᠢᠯᠲᠡ ᠶᠢ ᠴᠥᠮ ᠠᠮᠢ ᠠᠬᠤᠢ ᠤᠷᠴᠢᠨ ᠲᠤᠭᠤᠷᠢᠨ ᠢ ᠪᠦᠲᠦᠮᠵᠢᠲᠡᠢ ᠬᠠᠮᠠᠭᠠᠯᠠᠬᠤ ᠪᠠ ᠡᠨᠧᠷᠭᠢ ᠡᠬᠢ ᠪᠠᠶᠠᠯᠢᠭ ᠢ ᠥᠨᠳᠥᠷ | ᠪᠦᠲᠦᠮᠵᠢᠲᠡᠢ ᠠᠰᠢᠬᠯᠠᠬᠤ ᠲᠠᠯ᠎ᠠ ᠳᠤ ᠪᠡᠶᠡᠯᠡᠬᠦᠯᠬᠦ ᠬᠡᠷᠡᠭᠲᠡᠢ᠃ | ᠴᠢᠨᠠᠷ ᠰᠠᠶᠢᠲᠠᠶ ᠬᠥᠭᠵᠢᠯᠲᠡ᠂ ᠥᠨᠳᠥᠷ ᠪᠦᠲᠦᠮᠵᠢᠲᠡᠶ ᠵᠠᠰᠠᠯᠲᠠ᠂ ᠥᠨᠳᠥᠷ ᠲᠦᠪᠰᠢᠨ ᠪᠥᠬᠦᠶ ᠨᠡᠭᠡᠭᠡᠯᠲᠡ ᠶᠢ ᠨᠢᠭᠡᠳᠦᠯᠲᠡᠶ ᠲᠥᠯᠥᠪᠵᠢᠭᠦᠯᠦᠨ | ᠠᠬᠢᠭᠤᠯᠵᠤ᠂ ᠤᠯᠤᠰ ᠤᠨ ᠳᠣᠲᠣᠭᠠᠳᠤ ᠯᠤᠭ᠎ᠠ ᠶᠢᠨ ᠶᠡᠭᠡ ᠣᠷᠴᠢᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠤᠨ ᠲᠦᠭᠵᠢᠷᠡᠯ ᠲᠠᠰᠤᠯᠳᠠᠯ ᠢ | ᠨᠡᠪᠲᠡᠷᠡᠭᠦᠯᠵᠦ᠂ ᠬᠠᠩᠭᠠᠯᠭ᠎ᠠ ᠶᠢᠨ ᠬᠡᠷᠡᠭᠴᠡᠭᠡ ᠳᠤ ᠵᠣᠬᠢᠴᠠᠬᠤ ᠴᠢᠨᠠᠷ ᠢ ᠳᠡᠭᠡᠭᠰᠢᠯᠡᠭᠦᠯᠬᠦ ᠭᠡᠷᠡᠭᠲᠡᠢ᠃ ︽ᠬᠤᠶᠠᠷ ᠬᠠᠯᠬᠠᠪᠴᠢ︾ ᠶᠢ ᠪᠥᠲᠥᠭᠡᠨ ᠪᠠᠶᠢᠭᠤᠯᠬᠤ ᠶᠢᠨ | ᠲᠣᠭᠤᠷᠢᠨ ᠳᠤ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠵᠢᠯᠣᠭᠤᠳᠤᠮᠵᠢ ᠪᠣᠯᠭᠠᠨ ᠪᠥᠬᠦ ᠣᠷᠣᠨ ᠪᠦᠰᠡ ᠶᠢᠨ ᠠᠮᠢ | ᠠᠬᠤᠶ ᠶᠢᠨ ᠠᠮᠤᠷ ᠲᠦᠪᠰᠢᠨ ᠤ ᠪᠠᠶᠢᠷᠢᠰᠢᠯ ᠢ ᠪᠠᠶᠢᠭᠤᠯᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠬᠤ ᠪᠠᠷ ᠤᠳᠤᠷᠢᠳᠤᠮᠵᠢ | ᠪᠣᠯᠭᠠᠨ ᠠᠮᠤᠭᠤᠯᠠᠩᠳᠦ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠪᠠ ᠬᠢᠯᠢ | ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠭᠡᠷᠡᠭᠲᠡᠢ᠃ ︽ᠬᠤᠶᠠᠷ ᠰᠠᠭᠤᠷᠢᠨ︾ ᠢ | ᠪᠦᠲᠦᠭᠡᠨ ᠪᠠᠶᠢᠭᠤᠯᠬᠤ ᠲᠠᠢ ᠤᠶᠠᠯᠳᠤᠭᠤᠯᠤᠨ᠂ ᠥᠪᠡᠷᠮᠢᠴᠡ ᠣᠨᠴᠠᠯᠢᠭ ᠲᠠᠢ᠂ ᠳᠠᠪᠠᠭᠤᠯᠢᠭ ᠲᠠᠢ ᠣᠷᠣᠨ ᠪᠦᠰᠡ ᠶᠢᠨ ᠰᠢᠨ᠎ᠡ ᠶᠢ ᠡᠭᠦᠳᠬᠦ ᠰᠢᠰᠲ᠋ᠧᠮ ᠪᠠ | ᠪᠣᠬᠢᠷᠲᠤᠯ ᠦᠭᠡᠢ ᠣᠨᠴᠠᠯᠢᠭᠲᠤ ᠳᠠᠪᠠᠭᠤᠯᠢᠭ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠤᠯᠤᠰ ᠠᠴᠠ ᠡᠨᠧᠷᠭᠢ ᠶᠢᠨ ᠠᠮᠤᠷ | ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠳᠤᠮᠳᠠ ᠠᠵᠤ ᠦᠢᠯᠡᠰ ᠤᠨ ᠬᠥᠭᠵᠢᠯᠲᠡ ᠶᠢᠨ ᠳᠡᠰ | ᠳᠠᠪᠬᠤᠷᠭ᠎ᠠ ᠪᠠ ᠲᠦᠪᠰᠢᠨ ᠢ ᠳᠡᠭᠡᠭᠰᠢᠯᠡᠭᠦᠯᠬᠦ ᠭᠡᠷᠡᠭᠲᠡᠢ᠃ ︽ᠨᠢᠭᠡ ᠪᠠᠬᠢᠯᠡᠯᠲᠡ︾ ᠶᠢ ᠴᠣᠭᠴᠠᠯᠠᠨ ᠪᠠᠶᠢᠭᠤᠯᠬᠤ ᠶᠢᠨ ᠲᠣᠭᠤᠷᠢᠨ ᠳᠤ ᠪᠣᠭᠤᠮᠲᠠ ᠶᠢᠨ ᠡᠬᠢ | ᠪᠠᠶᠠᠯᠢᠭ ᠢ ᠡᠮᠬᠢᠯᠡᠨ ᠨᠡᠶᠢᠳᠭᠡᠵᠦ ᠲᠣᠬᠢᠷᠠᠭᠤᠯᠬᠤ ᠶᠢ ᠰᠢᠯᠢᠳᠡᠭᠵᠢᠭᠦᠯᠵᠦ᠂ ᠬᠠᠭᠤᠷᠠᠶ ᠳᠠᠯᠠᠶ ᠠᠭᠠᠷ ᠤᠨ ᠲᠣᠣᠷ ᠰᠦᠯᠵᠢᠶ᠎ᠡ ᠶᠢᠨ ᠬᠤᠯᠪᠣᠭᠠᠯᠠᠨ ᠲᠡᠭᠡᠭᠡᠪᠦᠷᠢᠯᠡᠬᠦ | ᠭᠤᠣᠯ ᠵᠠᠮ ᠢ ᠨᠡᠪᠲᠡᠷᠡᠭᠦᠯᠦᠨ᠂ ᠴᠢᠬᠤᠯᠠ ᠬᠦᠢᠰᠦ ᠬᠤᠯᠪᠤᠭᠠᠰᠤ ᠪᠣᠯᠬᠤ ᠬᠤᠲᠠ᠂ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ ᠲᠥᠪ ᠪᠠ ᠡᠬᠢ ᠪᠠᠶᠠᠯᠢᠭ ᠢ | ᠤᠨᠳᠤᠤᠰᠢᠭᠤᠯᠬᠤ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠳᠣᠲᠣᠷ ᠭᠠᠵᠠᠷ ᠤᠨ ᠲᠤᠯᠭᠠᠭᠤᠷᠢᠯᠠᠯ ᠢ ᠴᠢᠩᠭᠠᠷᠠᠭᠤᠯᠤᠨ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠪᠦᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠢ ᠪᠠᠶᠢᠭᠤᠯᠬᠤ ᠭᠡᠷᠡᠭᠲᠡᠢ᠃ | ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ | ᠰᠤᠷᠪᠤᠯᠵᠢᠯᠠᠭᠴᠢ᠄ ᠥᠪᠥᠷ ᠮᠣᠩᠭᠤᠯ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠭᠠᠳ ᠶᠠᠮᠠᠷ ᠶᠠᠮᠠᠷ ᠦᠷ᠎ᠡ ᠪᠦᠲᠦᠮᠵᠢ ᠤᠯᠤᠭᠰᠠᠨ ᠪᠣᠶ | ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠨᠢ ᠶᠠᠭᠤ ᠪᠤᠢ︖ | ᠱᠢ ᠲᠠᠢ ᠹᠧᠩ᠄ ᠣᠶᠢᠷ᠎ᠠ ᠶᠢᠨ ᠬᠤᠶᠠᠷ ᠵᠢᠯ ᠳᠤ ᠪᠢᠳᠡ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ | ᠶᠡᠭᠡ ᠬᠦᠴᠦ ᠣᠷᠣᠭᠤᠯᠵᠤ ᠪᠠᠶᠢᠭᠠᠳ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠣᠷᠣᠨ ᠤ ᠳᠠᠬᠢᠯᠳᠠ ᠡᠨᠧᠷᠭᠢ ᠶᠢᠨ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ 36% ᠳᠤ | ᠬᠦᠷᠴᠦ᠂ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠤᠪᠢ ᠶᠢᠨ ᠵᠢᠩ | 63.6% ᠳᠤ ᠬᠦᠷᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠣᠨᠳᠣᠣᠰᠢᠭᠤᠯᠬᠤ ᠨᠣᠷᠮ᠎ᠠ 65% ᠳᠤ ᠬᠦᠷᠴᠦ᠂ | ᠲᠣᠭᠠᠴᠢᠯᠠᠭᠰᠠᠨ ᠠᠵᠤ ᠠᠬᠤᠶ ᠶᠢᠨ ᠬᠤᠪᠢ ᠶᠢᠨ ᠵᠢᠩ 22.8% ᠳᠤ ᠬᠦᠷᠴᠡᠶ᠃ ᠲᠠᠷᠠᠭᠠᠴᠢ ᠶᠢᠨ ᠠᠯᠬᠤᠮ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ︽ᠬᠤᠶᠠᠷ ᠰᠠᠭᠤᠷᠢᠨ︾ ᠢ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠪᠠᠷ | ᠭᠤᠤᠯᠳᠠᠯᠭ᠎ᠠ ᠪᠣᠯᠭᠠᠵᠤ᠂ ᠪᠠᠶᠢᠷᠢᠰᠢᠭᠤᠯᠤᠯᠲᠠ ᠶᠢ ᠲᠣᠬᠢᠷᠠᠭᠤᠯᠬᠤ᠂ ᠪᠦᠲᠦᠴᠡ ᠶᠢ ᠰᠢᠯᠢᠳᠡᠭᠵᠢᠭᠦᠯᠬᠦ ᠪᠠ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠨᠠᠩ | ᠶᠡᠭᠡ ᠡᠷᠴᠢᠮ ᠢᠶᠠᠷ ᠠᠬᠢᠭᠤᠯᠵᠤ᠂ ᠠᠵᠤ ᠦᠢᠯᠡᠰ ᠤᠨ ᠰᠠᠭᠤᠷᠢ ᠶᠢ ᠳᠡᠭᠡᠳᠦ ᠲᠠᠰᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠣᠳᠣᠬᠢᠴᠢᠯᠠᠬᠤ ᠲᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠨᠢᠭᠡ ᠳᠤ᠂ ᠬᠥᠭᠵᠢᠯᠲᠡ ᠶᠢᠨ ᠤᠳᠤᠷᠢᠳᠤᠮᠵᠢ ᠶᠢᠨ ᠲᠠᠯ᠎ᠠ ᠪᠠᠷ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠥᠬᠡᠶ ᠪᠠᠷ ᠬᠥᠭᠵᠢᠭᠦᠯᠬᠦ ᠶᠢ | ᠪᠠᠷᠢᠮᠲᠠᠯᠠᠵᠤ᠂ ᠠᠵᠤ ᠦᠢᠯᠡᠰ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠨᠢ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ | ᠪᠠᠶᠢᠭᠤᠯᠤᠯᠲᠠ ᠶᠢ ᠳᠠᠭᠠᠬᠤ ᠶᠢᠨ ᠬᠠᠮᠲᠤ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠲᠠᠢ ᠬᠠᠷᠰᠢᠯᠳᠤᠬᠤ᠂ | ᠠᠮᠢ ᠠᠬᠤᠶ ᠣᠷᠴᠢᠨ ᠲᠣᠭᠤᠷᠢᠨ ᠢ ᠡᠪᠳᠡᠬᠦ ᠠᠵᠤ ᠦᠢᠯᠡᠰ ᠤᠨ ᠲᠥᠷᠥᠯ ᠵᠦᠢᠯ ᠪᠦᠬᠦᠨ ᠢ᠂ ᠳᠡᠭᠡᠳᠦ ᠲᠠᠰ ᠤᠨ ᠴᠤ ᠲᠡᠷᠡ ᠳᠤᠤᠷᠠᠳᠤ ᠲᠠᠰ ᠤᠨ ᠴᠤ ᠲᠡᠷᠡ᠂ | ᠤᠯᠠᠮᠵᠢᠯᠠᠯᠲᠤ ᠠᠵᠤ ᠦᠢᠯᠡᠰ ᠴᠦ ᠲᠡᠷᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠴᠦ ᠲᠡᠷᠡ᠂ ᠴᠥᠮ ᠡᠷᠡᠰ ᠬᠤᠷᠢᠬᠯᠠᠵᠤ᠂ ᠤᠳᠤ ᠪᠠᠶᠢᠭ᠎ᠠ | ᠦᠢᠯᠡᠳᠪᠦᠷᠢᠯᠡᠯ ᠤᠨ ᠴᠢᠳᠠᠪᠤᠷᠢ ᠶᠢ ᠨᠢᠭᠡ ᠪᠣᠯ ᠲᠦᠷᠭᠡᠨ ᠥᠭᠡᠷᠡᠴᠢᠯᠡᠨ ᠪᠠᠶᠢᠭᠤᠯᠦᠨ᠎ᠠ᠂ ᠡᠰᠡᠬᠦᠯ᠎ᠡ ᠲᠦᠢᠯᠪᠤᠷᠢᠲᠠᠶ ᠬᠠᠰᠤᠨ᠎ᠠ᠃ | ᠬᠤᠶᠠᠷ ᠲᠤ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ᠂ ᠭᠤᠤᠯ ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯᠤᠨ ᠠᠵᠤ | ᠦᠢᠯᠡᠰ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠴᠢᠩᠭ᠎ᠠ ᠵᠢᠷᠤᠮᠯᠠᠨ᠂ ᠳᠠᠪᠠᠭᠤᠯᠢᠭ ᠠᠵᠤ ᠦᠢᠯᠡᠰ ᠢ ᠳᠠᠪᠠᠭᠤᠯᠢᠭ ᠭᠠᠵᠠᠷ ᠣᠷᠣᠨ ᠲᠡᠶᠢᠰᠢ | ᠲᠥᠪᠯᠡᠷᠡᠭᠦᠯᠬᠦ ᠶᠢ ᠠᠬᠢᠭᠤᠯᠵᠤ᠂ ᠪᠤᠭᠤᠲᠤ᠂ ᠣᠷᠳᠣᠰ ᠢᠶᠠᠷ ᠭᠤᠤᠯᠳᠠᠯᠭ᠎ᠠ ᠪᠣᠯᠭᠠᠨ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ | ᠪᠦᠲᠦᠭᠡᠨ ᠪᠠᠶᠢᠭᠤᠯᠵᠤ᠂ ᠵᠡᠭᠦᠨ ᠬᠡᠰᠡᠭ ᠤᠨ 5 ᠠᠶᠢᠮᠠᠭ ᠬᠤᠲᠠ ᠪᠣᠯᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠢᠶᠠᠷ ᠭᠤᠤᠯᠳᠠᠯᠭ᠎ᠠ ᠪᠣᠯᠭᠠᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠵᠤ᠂ ᠭᠠᠵᠠᠷ ᠪᠣᠯᠭᠠᠨ ᠳᠤ ᠨᠡᠭᠡᠭᠡᠨ ᠬᠦᠭᠵᠢᠬᠦᠯᠦᠯᠳᠠ | ᠬᠢᠬᠦ᠂ ᠨᠡᠶᠢᠳᠡᠮ ᠦᠷᠨᠢᠭᠦᠯᠬᠦ ᠠᠴᠠ ᠵᠠᠶᠢᠯᠠᠰᠬᠢᠵᠦ᠂ ᠰᠣᠬᠤᠷ ᠪᠠᠯᠠᠶ ᠪᠠᠷ ᠡᠮᠬᠢ ᠵᠠᠮᠪᠠᠷᠠᠭ᠎ᠠ ᠦᠭᠡᠶ ᠪᠠᠷ ᠥᠷᠭᠡᠳᠬᠡᠬᠦ᠂ ᠳᠤᠤᠷᠠᠳᠤ ᠲᠦᠪᠰᠢᠨ ᠢᠶᠠᠷ | ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠶᠢ ᠰᠡᠷᠭᠡᠶᠢᠯᠡᠨ᠎ᠡ᠃ | ᠭᠤᠷᠪᠠ ᠳᠤ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠲᠡᠪᠴᠢᠵᠦ᠂ ᠰᠢᠯᠢᠳᠡᠭ ᠢ | ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠳᠡᠭᠡᠳᠦ ᠲᠡᠰ ᠤᠨ ᠣᠶᠤᠨᠴᠢᠯᠠᠭᠰᠠᠨ ᠪᠣᠬᠢᠷᠲᠤᠯ ᠥᠬᠡᠶ ᠪᠣᠯᠭᠠᠬᠤ ᠴᠢᠭᠯᠡᠯ ᠢ ᠪᠠᠷᠢᠮᠲᠠᠯᠠᠵᠤ᠂ ᠡᠬᠢ | ᠪᠠᠶᠠᠯᠢᠭ ᠢ ᠣᠨᠳᠤᠤᠰᠢᠭᠤᠯᠬᠤ ᠨᠣᠷᠮ᠎ᠠ ᠪᠠ ᠨᠠᠷᠢᠯᠢᠭ ᠡᠳ᠋ᠰᠢᠭᠦᠯᠬᠦ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠨᠡᠭᠦᠷᠡᠰᠦ ᠪᠠᠷ ᠰᠠᠭᠤᠷᠢᠯᠠᠭᠰᠠᠨ ᠪᠥᠬᠦ ᠠᠵᠤ | ᠦᠢᠯᠡᠰ ᠤᠨ ᠬᠡᠯᠬᠢᠶ᠎ᠡ᠂ ᠬᠤᠪᠣᠷ ᠰᠢᠷᠣᠶ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ ᠢ ᠭᠤᠤᠯᠳᠠᠯᠭ᠎ᠠ ᠲᠠᠢ ᠴᠤᠬᠴᠠᠯᠠᠵᠦ᠂ ᠤᠨᠴᠠᠯᠢᠭᠲᠤ | ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠲᠡᠭᠦᠨ ᠤ ᠠᠵᠤ ᠦᠢᠯᠡᠰ ᠤᠨ ᠪᠦᠰᠡ ᠪᠠ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠪᠦᠯᠦᠭᠵᠢᠯ ᠢ | ᠪᠠᠶᠢᠭᠤᠯᠬᠤ ᠶᠢᠨ ᠬᠠᠮᠲᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠰᠣᠶᠣᠯ ᠵᠢᠭᠤᠯᠴᠢᠯᠠᠯ ᠵᠡᠷᠭᠡ ᠣᠲᠣ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠳᠠᠪᠠᠭᠤᠯᠢᠭ ᠬᠦᠷᠢᠶᠡᠨ ᠳᠤ ᠨᠠᠷᠢᠯᠢᠭ ᠳᠠᠷᠢᠵᠤ ᠨᠢᠮᠪᠠᠢ ᠠᠷᠠᠴᠢᠯᠠᠵᠦ᠂ ᠰᠢᠨ᠎ᠡ ᠲᠤᠯᠭᠠᠭᠤᠷᠢ ᠠᠵᠤ ᠦᠢᠯᠡᠰ ᠢ | ᠢᠳᠡᠪᠬᠢᠲᠡᠶ ᠪᠤᠶᠢᠵᠢᠭᠤᠯᠤᠨ᠎ᠠ᠃ | ᠰᠤᠷᠪᠤᠯᠵᠢᠯᠠᠭᠴᠢ᠄ ᠮᠠᠨ ᠤ ᠤᠯᠤᠰ ᠤᠨ ᠤᠮᠠᠷᠠᠲᠤ ᠶᠢᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠶ ᠶᠢᠨ | ᠴᠢᠳᠠᠮᠵᠢᠲᠤ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠬᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ | ᠲᠠᠯ᠎ᠠ ᠪᠠᠷ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠭᠠᠷᠭᠠᠵᠤ ᠰᠢᠨ᠎ᠡ ᠦᠷ᠎ᠡ ᠪᠦᠲᠦᠮᠵᠢ ᠣᠯᠤᠭᠰᠠᠨ ᠪᠤᠢ︖ | ᠱᠢ ᠲᠠᠢ ᠹᠧᠩ᠄ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠬᠤᠶᠠᠷ ᠲᠠᠯᠠᠲᠤ ᠴᠢᠨᠠᠷᠲᠠᠢ᠂ ᠬᠡᠳᠦ᠋ᠢᠪᠡᠷ ᠠᠮᠢ ᠠᠬᠤᠢ ᠶᠢᠨ ᠰᠢᠰᠲ᠋ᠧᠮ ᠤᠨ | ᠰᠠᠭᠤᠷᠢ ᠶᠡᠷᠦᠩᠬᠡᠢ ᠳᠡᠭᠡᠨ ᠵᠦᠭᠡᠷ ᠪᠣᠯᠪᠠᠴᠤ ᠠᠮᠢ ᠠᠬᠤᠢ ᠣᠷᠴᠢᠨ ᠲᠣᠭᠤᠷᠢᠨ ᠤ ᠰᠠᠭᠤᠷᠢ ᠮᠠᠰᠢ ᠪᠠᠭᠤᠷᠠᠢ᠂ ᠴᠦᠯᠯᠡᠷᠬᠡᠭᠵᠢᠵᠦ ᠡᠯᠡᠰᠦᠷᠭᠡᠭᠵᠢᠭᠰᠡᠡ ᠭᠠᠵᠠᠷ | ᠰᠢᠷᠣᠢ ᠶᠢᠨ ᠲᠠᠯᠠᠪᠠᠢ ᠲᠤᠰ ᠲᠤᠰ ᠪᠦᠬᠦ ᠤᠯᠤᠰ ᠤᠨ 23.3% ᠪᠠ 23.7% ᠶᠢ ᠡᠵᠡᠯᠡᠵᠦ ᠪᠠᠶᠢᠨ᠎ᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠨ ᠵᠠᠰᠠᠬᠤ ᠶᠢ ᠴᠢᠩᠭᠠᠳᠬᠠᠬᠤ ᠶᠢᠨ ᠲᠣᠭᠤᠷᠢᠨ ᠳᠤ᠂ | ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠨᠢᠭᠡ ᠪᠦᠯᠦᠭ ᠴᠢᠬᠤᠯᠠ ᠶᠡᠭᠡ ᠥᠭᠡᠷᠡᠴᠢᠯᠡᠯᠲᠡ ᠬᠢᠵᠦ᠂ ︽ᠨᠤᠲᠤᠭ ᠪᠡᠯᠴᠢᠭᠡᠷ ᠳᠡᠭᠡᠷ᠎ᠡ | ᠳᠤᠷ᠎ᠠ ᠪᠠᠷ ᠢᠶᠠᠨ ᠠᠭᠤᠳᠠᠯᠵᠦ ᠮᠠᠯᠲᠠᠬᠤ᠂ ᠰᠢᠨ᠎ᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠦᠭᠵᠢᠬᠦᠯᠬᠦ ᠵᠡᠷᠭᠡ ᠠᠵᠤ ᠦᠢᠯᠡᠳᠪᠦᠷᠢ ᠶᠢᠨ | ᠲᠥᠷᠥᠯ ᠵᠦᠢᠯ ᠢ ᠴᠢᠩᠭ᠎ᠠ ᠴᠠᠭᠠᠵᠠᠯᠠᠵᠦ᠂ ᠪᠠᠶᠢᠭᠤᠯᠵᠤ ᠡᠵᠡᠩᠨᠡᠬᠦ ᠶᠢ ᠨᠢᠭᠡᠨᠲᠡ ᠵᠥᠪᠰᠢᠶᠡᠷᠡᠭᠰᠡᠨ ᠠᠭᠤᠷᠬᠠᠶ᠂ ᠰᠠᠯᠬᠢᠨ ᠬᠦᠴᠤᠨ ᠤ ᠴᠠᠬᠢᠯᠭᠠᠨ᠂ ᠬᠡᠷᠡᠯ ᠴᠡᠨᠡᠭ | ᠵᠡᠷᠭᠡ ᠲᠥᠷᠥᠯ ᠵᠦᠢᠯ ᠤᠨ ᠬᠤᠭᠤᠴᠠᠭ᠎ᠠ ᠨᠢ ᠲᠤᠯᠪᠠᠯ ᠤᠬᠤᠷᠢᠨ ᠭᠠᠷᠭᠠᠬᠤ︾ ᠵᠡᠷᠭᠡ ᠰᠢᠢᠳᠪᠦᠷᠢᠲᠦ ᠪᠣᠳᠣᠯᠭ᠎ᠠ ᠲᠤᠭᠳᠠᠭᠠᠵᠦ᠂ ᠨᠤᠲᠤᠭ ᠪᠡᠯᠴᠢᠭᠡᠷ᠂ ᠣᠶ | ᠰᠢᠭᠤᠶ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠪᠣᠯᠤᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠰᠠᠨ ᠲᠠᠯᠠᠪᠠᠶ ᠪᠦᠬᠦ ᠤᠯᠤᠰ ᠤᠨ ᠲᠡᠷᠢᠭᠦᠨ ᠳᠤ | ᠣᠷᠣᠵᠦ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠦᠷᠢ ᠰᠢᠷᠢ ᠶᠢᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠤᠳᠤᠷᠢᠳᠬᠤ ᠺᠠᠳ᠋ᠷ ᠤᠨ | ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠣᠳᠣᠯᠲᠠ᠂ ᠤᠯᠤᠰ ᠤᠨ ᠥᠮᠴᠢᠯᠡᠯ ᠤᠨ ᠰᠢᠭᠤᠶᠢᠲᠤ | ᠣᠷᠣᠨ ᠤ ᠥᠭᠡᠷᠡᠴᠢᠯᠡᠯᠲᠡ ᠵᠡᠷᠭᠡ ᠠᠵᠢᠯ ᠢᠯᠡᠳᠲᠡ ᠦᠷ᠎ᠡ ᠪᠦᠲᠦᠮᠵᠢ ᠤᠯᠵᠦ᠂ ᠬᠦᠭᠡ ᠣᠭᠲᠠᠷᠭᠤᠶ᠂ ᠬᠦᠭᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠤ ᠱᠠᠲᠤᠴᠢ ᠴᠢᠨᠠᠷᠲᠠᠶ ᠡᠭᠦᠷᠭᠡ ᠶᠢ ᠤᠷᠤᠭᠰᠢᠲᠠᠶ ᠪᠡᠶᠡᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠦᠷᠭᠦᠯᠵᠢᠯᠡᠨ | ᠰᠠᠶᠢᠵᠢᠷᠠᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃ | ᠣᠲᠣ ᠥᠪᠥᠷ ᠮᠣᠩᠭᠤᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠴᠢᠪ ᠬᠡᠮᠡᠨ ︽ᠤᠷᠤᠭᠰᠢᠯᠠᠪᠠᠯ ᠢᠯᠠᠵᠦ᠂ | ᠤᠷᠤᠭᠰᠢᠯᠠᠬᠤ ᠥᠬᠡᠶ ᠪᠣᠯ ᠤᠬᠤᠷᠢᠬᠤ︾ ᠲᠡᠦᠬᠡ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠪᠢᠳᠡ ᠦᠷᠭᠦᠯᠵᠢᠯᠡᠨ ᠪᠠᠶᠢᠯᠳᠤᠬᠤ | ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ | ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ | ᠦᠷᠭᠦᠯᠵᠢᠯᠡᠨ ᠪᠣᠭᠤᠮᠲᠠ ᠰᠢᠪᠲᠤᠯᠤᠨ᠎ᠠ᠃ ᠨᠢᠭᠡ ᠳᠤ᠂ ︽ᠵᠠᠰᠠᠬᠤ︾ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ᠶᠡᠷᠦᠩᠬᠡᠶᠢᠯᠡᠨ ᠵᠠᠰᠠᠬᠤ᠂ | ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠰᠡᠳᠬᠢᠬᠦᠢ ᠶᠢ ᠪᠤᠢ ᠪᠣᠯᠭᠠᠵᠤ᠂ ᠨᠤᠲᠤᠭ ᠪᠡᠯᠴᠢᠭᠡᠷ ᠪᠠ ᠤᠢ ᠰᠢᠭᠤᠢ ᠶᠢ ᠬᠠᠮᠠᠭᠠᠯᠠᠬᠤ ᠶᠢ ᠠᠮᠢ | ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠭᠤᠯᠠ ᠶᠢ ᠵᠠᠰᠠᠬᠤ᠂ ᠤᠰᠤ ᠶᠢ ᠵᠠᠰᠠᠬᠤ᠂ ᠤᠢ ᠰᠢᠭᠤᠢ ᠶᠢ ᠵᠠᠰᠠᠬᠤ᠂ | ᠲᠠᠷᠢᠶᠠᠨ ᠭᠠᠵᠠᠷ ᠢ ᠵᠠᠰᠠᠬᠤ᠂ ᠨᠠᠭᠤᠷ ᠴᠥᠭᠦᠷᠥᠮ ᠢ ᠵᠠᠰᠠᠬᠤ᠂ ᠨᠤᠳᠤᠬ ᠪᠡᠯᠴᠢᠭᠡᠷ ᠢ ᠵᠠᠰᠠᠬᠤ᠂ ᠡᠯᠡᠰᠦ ᠶᠢ ᠵᠠᠰᠠᠬᠤ ᠶᠢ ᠪᠦᠬᠦᠯᠢ ᠴᠣᠭᠴᠠ ᠪᠠᠷ ᠨᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠮᠠᠭᠤᠳᠠᠯ ᠤᠨ ᠴᠡᠭ᠂ ᠬᠡᠰᠡᠭ ᠪᠦᠯᠦᠭ᠂ ᠱᠤᠭᠤᠮ ᠪᠦᠰᠡ ᠪᠠ ︽ᠬᠤᠭ ᠨᠣᠪᠰᠢ ᠬᠤᠳᠠ ᠶᠢ ᠬᠦᠷᠢᠶᠡᠯᠡᠬᠦ︾᠂ | ︽ᠬᠦᠨᠳᠦ ᠬᠢᠮᠢ ᠶᠢᠨ ᠠᠵᠤ ᠦᠢᠯᠡᠳᠪᠤᠷᠢ ᠬᠤᠳᠠ ᠶᠢ ᠬᠦᠷᠢᠶᠡᠯᠡᠬᠦ︾ ᠵᠡᠷᠭᠡ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠴᠢᠩᠭᠠᠳᠬᠠᠵᠤ᠂ | ᠦᠴᠦᠬᠡᠨ ᠴᠦ ᠦᠯᠡᠳᠡᠭᠡᠯ ᠦᠭᠡᠢ ᠵᠠᠰᠠᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ ︽ᠲᠣᠬᠢᠷᠠᠭᠤᠯᠬᠤ︾ ᠲᠠᠯ᠎ᠠ ᠪᠠᠷ ᠦᠨᠡᠨ ᠪᠣᠳᠠᠲᠠᠶ ᠬᠢᠨ᠎ᠠ᠃ ᠡᠨᠧᠷᠭᠢ | ᠠᠷᠪᠢᠯᠠᠵᠤ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ︽ᠬᠠᠲᠠᠭᠤ ᠪᠠᠷᠢᠮᠵᠢᠶ᠎ᠠ︾ ᠪᠣᠯᠭᠠᠵᠤ᠂ ᠤᠯᠠᠭᠠᠨ ᠱᠤᠭᠤᠮ ᠵᠢᠷᠤᠵᠤ᠂ ᠵᠠᠭᠠᠭ | ᠱᠤᠭᠤᠮ ᠢ ᠲᠣᠳᠣᠷᠬᠠᠶᠢᠯᠠᠨ᠂ ᠬᠤᠷᠢᠭ᠎ᠠ ᠱᠤᠭᠤᠮ ᠢ ᠲᠣᠳᠣᠷᠬᠠᠢ ᠪᠣᠯᠭᠠᠵᠤ᠂ ᠠᠭᠤᠷᠬᠠᠢ ᠶᠢᠨ ᠡᠬᠢ ᠪᠠᠶᠠᠯᠢᠭ ᠪᠤᠯᠭᠠᠨ ᠢ ᠴᠥᠮ ᠮᠠᠯᠲᠠᠵᠤ ᠤᠬᠳᠦ ᠪᠣᠯᠬᠤ ᠦᠭᠡᠢ᠂ | ᠠᠭᠤᠷᠬᠠᠢ ᠶᠢᠨ ᠡᠬᠢ ᠪᠠᠶᠠᠯᠢᠭ ᠲᠠᠢ ᠭᠠᠵᠠᠷ ᠣᠷᠣᠨ ᠳᠤ ᠡᠨᠧᠷᠭᠢ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠢ ᠪᠠᠶᠢᠭᠤᠯᠵᠤ ᠤᠬᠳᠦ ᠪᠣᠯᠬᠤ ᠦᠭᠡᠢ᠂ ᠡᠬᠢ | ᠪᠠᠶᠠᠯᠢᠭ ᠢ ᠨᠡᠭᠡᠭᠡᠨ ᠬᠥᠭᠵᠢᠭᠦᠯᠬᠦ ᠪᠠ ᠬᠤᠪᠢᠷᠠᠭᠤᠯᠬᠤ ᠶᠢ ᠪᠦᠳᠦᠭᠦᠯᠢᠭ ᠢᠶᠠᠷ᠂ ᠳᠣᠣᠷᠠᠳᠤ ᠲᠦᠪᠰᠢᠨ ᠢᠶᠠᠷ ᠬᠢᠵᠦ ᠤᠬᠳᠦ ᠪᠣᠯᠬᠤ ᠦᠭᠡᠢ᠂ ᠪᠡᠶᠡᠴᠢ | ᠴᠣᠭᠴᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠬᠠᠶᠢᠬᠤᠷᠤᠯ ᠦᠭᠡᠢ ᠪᠠᠷ ᠶᠠᠮᠠᠷ ᠠᠵᠤ ᠦᠢᠯᠡᠰ ᠢ ᠴᠦ ᠭᠡᠳ ᠪᠦᠷ ᠬᠦᠭᠵᠢᠭᠦᠯᠵᠦ ᠤᠬᠳᠦ ᠪᠣᠯᠬᠤ ᠦᠭᠡᠢ᠃ | ᠭᠤᠷᠪᠠ ᠳᠤ ︽ᠴᠠᠭᠠᠵᠠᠯᠠᠬᠤ︾ ᠲᠠᠯ᠎ᠠ ᠪᠠᠷ ᠴᠢᠩᠭ᠎ᠠ ᠠᠷᠭ᠎ᠠ ᠬᠡᠮᠵᠢᠶ᠎ᠠ ᠶᠢ ᠭᠡᠷᠡᠭᠵᠢᠭᠦᠯᠦᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠬᠤᠬᠢᠷᠠᠯ ᠢ ᠳᠥᠯᠥᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠱᠠᠭᠠᠷᠳᠠᠯᠭ᠎ᠠ ᠶᠢ ᠦᠨᠡᠨ ᠬᠦ ᠴᠢᠩᠭᠠᠳᠬᠠᠵᠦ | ᠂ ᠠᠮᠢ ᠠᠬᠤᠶ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠶᠢ ᠤᠬᠳᠤ ᠠᠭᠤᠴᠢᠯᠠᠬᠤ ᠦᠭᠡᠢ ᠪᠠᠶᠢᠵᠤ᠂ ᠨᠢᠭᠡ ᠶᠢ ᠢᠯᠡᠷᠡᠭᠦᠯᠪᠡᠯ ᠨᠢᠭᠡ ᠶᠢ ᠡᠷᠡᠰ ᠪᠠᠶᠢᠴᠠᠭᠠᠨ | ᠰᠢᠢᠳᠪᠦᠷᠢᠯᠡᠵᠦ᠂ ᠶᠠᠮᠠᠷᠪᠠ ᠬᠥᠮᠦᠨ ᠶᠠᠮᠠᠷᠪᠠ ᠭᠠᠵᠠᠷ ᠣᠷᠣᠨ ᠳᠤ ᠪᠦᠷ ᠠᠳᠠᠯᠢᠬᠠᠨ ᠭᠡᠷᠡᠭᠵᠢᠭᠦᠯᠦᠨ᠎ᠠ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠶᠢ ᠪᠤᠲᠠᠲᠠᠢ ᠪᠦᠭᠡᠳ ᠭᠦᠨᠵᠡᠭᠡᠢ ᠬᠢᠨ᠎ᠠ | ᠰᠤᠷᠪᠤᠯᠵᠢᠯᠠᠭᠴᠢ᠄ ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠦᠪᠦᠷ ᠮᠣᠩᠭᠤᠯ ᠢᠶᠠᠨ ᠮᠠᠨᠳᠤᠭᠤᠯᠬᠤ︾ ᠶᠢ ᠬᠡᠷᠬᠢᠨ ᠪᠤᠲᠠᠲᠠᠢ ᠪᠦᠭᠡᠳ ᠭᠦᠨᠵᠡᠭᠡᠢ ᠬᠢᠬᠦ ᠪᠤᠢ︖ | ᠱᠢ ᠲᠠᠢ ᠹᠧᠩ᠄ ᠥᠪᠥᠷ ᠮᠣᠩᠭᠤᠯ ᠤᠨ ᠰᠢᠨ᠎ᠡ ᠶᠢ ᠡᠭᠦᠳᠬᠦ ᠰᠠᠭᠤᠷᠢ ᠪᠠᠭᠤᠷᠠᠶ᠂ ᠴᠢᠳᠠᠪᠤᠷᠢ ᠬᠦᠷᠦᠯᠴᠡᠬᠦ ᠥᠬᠡᠶ᠂ ᠴᠢᠳᠠᠪᠤᠷᠢᠲᠠᠨ ᠳᠤᠲᠠᠭᠳᠠᠵᠤ ᠪᠠᠶᠢᠭ᠎ᠠ | ᠠᠰᠠᠭᠤᠳᠠᠯ ᠨᠡᠯᠢᠶᠡᠳ ᠲᠣᠪᠤᠶᠢᠮ᠎ᠠ ᠪᠠᠶᠢᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠪᠠ ᠲᠤᠷᠰᠢᠯᠲᠠ ᠬᠥᠭᠵᠢᠯᠲᠡ ᠶᠢᠨ ᠵᠠᠷᠤᠳᠠᠯ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠠᠵᠤ ᠠᠬᠤᠶ ᠶᠢᠨ | ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠨᠢ ᠪᠥᠬᠦ ᠤᠯᠤᠰ ᠤᠨ ᠳᠤᠮᠳᠠᠴᠢ ᠲᠦᠪᠰᠢᠨ ᠠᠴᠠ ᠳᠤᠤᠷ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠤᠨ ᠰᠤᠳᠤᠯᠭᠠᠠ ᠬᠢᠵᠦ ᠨᠡᠭᠡᠭᠡᠠ ᠬᠦᠭᠵᠢᠭᠦᠯᠬᠦ ᠠᠵᠢᠯᠯᠠᠭ᠎ᠠ ᠬᠢᠵᠦ ᠪᠠᠶᠢᠭ᠎ᠠ ᠨᠢ 10% ᠳᠤ ᠬᠥᠷᠬᠦ ᠥᠬᠡᠶ ᠪᠠᠶᠢᠨ᠎ᠠ᠃ ᠪᠢᠳᠡ ︽ᠰᠢᠨ᠎ᠡ ᠶᠢ | ᠡᠭᠦᠳᠬᠦ ᠶᠢ ᠠᠳᠬᠤᠬᠤ ᠪᠣᠯ ᠬᠥᠭᠵᠢᠯᠲᠡ ᠶᠢ ᠠᠳᠬᠤᠬᠤ ᠶᠠᠪᠤᠳᠠᠯ ᠮᠥᠨ᠂ ᠰᠢᠨ᠎ᠡ ᠶᠢ ᠡᠭᠦᠳᠬᠦ ᠶᠢ ᠰᠦᠪᠡᠭᠴᠢᠯᠡᠬᠦ ᠪᠣᠯ ᠢᠷᠡᠭᠡᠳᠦᠶ ᠶᠢ ᠲᠥᠯᠥᠪᠵᠢᠭᠦᠯᠬᠦ ᠶᠠᠪᠤᠳᠠᠯ | ᠮᠥᠨ︾ ᠭᠡᠬᠦ ᠪᠠ ︽ᠬᠥᠭᠵᠢᠭᠡᠳᠦᠶ ᠭᠠᠵᠠᠷ ᠣᠷᠣᠨ ᠳᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠨᠡᠩ | ᠢᠯᠡᠬᠦᠦ ᠬᠡᠷᠡᠭᠵᠢᠭᠦᠯᠬᠦ ᠴᠢᠬᠤᠯᠠᠲᠠᠶ︾ ᠭᠡᠬᠦ ᠤᠬᠠᠮᠰᠠᠷ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠪᠠᠷ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠡᠷᠢᠭᠦᠨ | ᠴᠢᠬᠤᠯᠠ ᠡᠭᠦᠷᠭᠡ ᠪᠣᠯᠭᠠᠵᠤ᠂ ᠵᠤᠬᠢᠰᠳᠠᠢ ᠶᠢ ᠨᠢ ᠬᠢᠵᠦ ᠵᠤᠬᠢᠰ ᠦᠭᠡᠢ ᠶᠢ ᠨᠢ ᠦᠯᠦ ᠬᠢᠬᠦ ᠶᠢ ᠪᠠᠷᠢᠮᠲᠠᠯᠠᠵᠤ᠂ ᠴᠢᠬᠤᠯᠠ ᠶᠡᠭᠡ ᠠᠵᠢᠯᠯᠠᠭ᠎ᠠ ᠪᠠᠷ ᠪᠣᠭᠤᠮᠲᠠ | ᠰᠢᠪᠲᠤᠯᠬᠤ ᠶᠢ ᠠᠬᠢᠭᠤᠯᠬᠤ ᠶᠢ ᠪᠠᠷᠢᠮᠲᠠᠯᠠᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠨᠡ ᠬᠦ ᠬᠠᠮᠤᠭ ᠤᠨ ᠶᠡᠭᠡ | ᠪᠣᠭᠤᠮᠢ ᠶᠢ ᠰᠢᠢᠳᠪᠦᠷᠢᠯᠡᠬᠦ ᠲᠠᠯ᠎ᠠ ᠪᠠᠷ ᠠᠯᠢ ᠲᠦᠷᠭᠡᠨ ᠢᠶᠠᠷ ᠪᠤᠳᠠᠳᠤ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ | ᠨᠢᠭᠡ ᠳᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠤᠭᠤᠮᠳᠠ ᠰᠢᠪᠳᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠰᠤᠳᠤᠯᠭᠠᠨ ᠪᠠ ᠲᠤᠷᠰᠢᠯᠲᠠ ᠬᠢᠵᠦ | ᠨᠡᠭᠡᠭᠡᠨ ᠬᠥᠭᠵᠢᠭᠦᠯᠬᠦ ᠣᠷᠣᠭᠤᠯᠤᠯᠲᠠ ᠶᠢᠨ ᠡᠷᠴᠢᠮ ᠢ ᠬᠢᠨᠠᠨ ᠰᠢᠯᠭᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠵᠠᠶᠢᠯᠠᠰᠢ ᠦᠭᠡᠢ | ᠨᠡᠮᠡᠭᠳᠡᠯ ᠤᠨ ᠲᠣᠭᠲᠡᠴᠡ ᠪᠠ ᠨᠡᠶᠢᠭᠡᠮ ᠤᠨ ᠣᠯᠠᠨ ᠠᠷᠭ᠎ᠠ ᠵᠠᠮ ᠤᠨ ᠣᠷᠣᠭᠤᠯᠤᠯᠲᠠ ᠶᠢ ᠤᠷᠮᠠᠰᠢᠭᠤᠯᠬᠤ ᠲᠣᠭᠲᠡᠴᠡ ᠶᠢ ᠪᠠᠶᠢᠭᠤᠯᠵᠤ᠂ ᠪᠥᠬᠦ ᠨᠡᠶᠢᠭᠡᠮ ᠤᠨ | ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠦᠷᠭᠦᠯᠵᠢᠯᠡᠨ ᠶᠡᠭᠡ ᠪᠠᠷ ᠨᠡᠮᠡᠭᠳᠡᠭᠦᠯᠬᠦ ᠶᠢ ᠪᠠᠲᠤᠯᠠᠵᠤ᠂ ᠪᠥᠬᠦ ᠤᠯᠤᠰ ᠤᠨ ᠳᠤᠮᠳᠠᠴᠢ | ᠲᠦᠪᠰᠢᠨ ᠯᠦᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ | ᠬᠤᠶᠠᠷ ᠲᠤ᠂ ᠥᠪᠡᠷᠮᠢᠴᠡ ᠣᠨᠴᠠᠯᠢᠭ ᠲᠠᠢ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢ | ᠬᠠᠩᠭᠠᠯᠭ᠎ᠠ ᠶᠢᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠴᠢᠨᠠᠷ ᠰᠠᠶᠢᠲᠠᠢ ᠡᠨᠧᠷᠭᠢ ᠡᠬᠢ ᠪᠠᠶᠠᠯᠢᠭ᠂ ᠠᠮᠢ | ᠠᠬᠤᠢ ᠣᠷᠴᠢᠨ ᠲᠤᠭᠤᠷᠢᠨ ᠤ ᠬᠠᠮᠠᠭᠠᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ | ᠵᠡᠷᠭᠡ ᠳᠠᠪᠠᠭᠤᠯᠢᠭ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠪᠦᠯᠦᠭ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠪᠠᠶᠢᠷᠢᠰᠢᠭᠤᠯᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠤᠭᠤᠮᠲᠠ ᠰᠢᠪᠲᠤᠯᠤᠯᠲᠠ ᠶᠢᠨ | ᠠᠵᠢᠯᠯᠠᠭ᠎ᠠ ᠶᠢ ᠭᠡᠷᠡᠭᠵᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠦᠷᠲᠡᠭ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠨᠤᠭᠤᠳ ᠢ ᠴᠢᠷᠮᠠᠶᠢᠨ ᠪᠤᠢ ᠪᠣᠯᠭᠠᠨ᠎ᠠ᠃ | | ᠭᠤᠷᠪᠠ ᠳᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠎ᠠ᠃ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾᠂ | ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ︽ᠴᠢᠨᠠᠷ ᠪᠠ ᠲᠠᠰ ᠢ ᠳᠡᠭᠡᠭᠰᠢᠯᠡᠭᠦᠯᠬᠦ︾ ᠵᠢᠴᠢ ᠥᠪᠡᠷᠲᠡᠭᠡᠨ ᠵᠠᠰᠠᠬᠤ ᠣᠷᠣᠨ ᠤ ᠲᠠᠰ ᠤᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ︽ᠰᠢᠯᠢᠳᠡᠭ ᠢ ᠨᠢ ᠲᠡᠳᠭᠦᠨ ᠪᠤᠶᠢᠵᠢᠭᠤᠯᠬᠤ︾ ᠵᠡᠷᠭᠡ ᠠᠵᠢᠯᠯᠠᠭ᠎ᠠ ᠶᠢ ᠬᠡᠷᠡᠭᠵᠢᠭᠦᠯᠵᠦ᠂ ᠡᠯ᠎ᠡ ᠲᠥᠷᠥᠯ ᠤᠨ | ᠰᠢᠨ᠎ᠡ ᠶᠢ ᠡᠭᠦᠳᠬᠦ ᠬᠦᠴᠦᠨ ᠵᠦᠢᠯ ᠤᠨ ᠠᠵᠤ ᠠᠬᠤᠶᠢᠯᠠᠯ ᠳᠤ ᠲᠥᠪᠯᠡᠷᠡᠬᠦ ᠶᠢ ᠠᠬᠢᠭᠤᠯᠤᠨ᠂ ᠨᠢᠭᠡ ᠪᠦᠯᠦᠭ ᠰᠢᠨ᠎ᠡ ᠶᠢ ᠡᠭᠦᠳᠬᠦ ᠬᠡᠯᠪᠡᠷᠢ ᠶᠢᠨ ᠳᠠᠭᠠᠭᠤᠯᠤᠭᠴᠢ | ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠦᠯᠦᠭᠵᠢᠯ ᠢ ᠲᠦᠷᠬᠡᠨ | ᠪᠤᠶᠢᠵᠢᠭᠤᠯᠤᠨ᠎ᠠ᠃ | ᠲᠦᠷᠪᠡ ᠳᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠤᠯᠤᠰ ᠤᠨ ᠴᠢᠬᠤᠯᠠ ᠶᠡᠭᠡ ᠴᠢᠳᠠᠪᠤᠷᠢᠲᠠᠨ ᠤ | ᠢᠨᠵᠧᠨᠧᠷᠢᠩ ᠲᠠᠢ ᠵᠣᠯᠭᠠᠭᠤᠯᠵᠤ᠂ ︽ᠨᠢᠭᠡ ᠲᠥᠪ ᠤᠯᠠᠨ ᠴᠡᠭ︾ ᠤᠨ ᠴᠢᠳᠠᠪᠤᠷᠢᠲᠠᠨ ᠤ ᠠᠵᠢᠯ ᠤᠨ ᠪᠠᠶᠢᠷᠢᠰᠢᠯ ᠢ ᠪᠠᠶᠢᠭᠤᠯᠬᠤ ᠪᠠᠷ ᠭᠠᠷᠳᠡᠴᠡ ᠪᠣᠯᠭᠠᠨ | ᠤᠷᠤᠭᠤᠯᠵᠦ ᠠᠪᠴᠢᠷᠠᠬᠤ᠂ ᠬᠦᠮᠦᠵᠢᠬᠦᠯᠬᠦ᠂ ᠬᠡᠷᠡᠭᠯᠡᠬᠦ᠂ ᠦᠯᠡᠳᠡᠭᠡᠬᠦ ᠵᠡᠷᠭᠡ ᠡᠯ᠎ᠡ ᠭᠤᠭᠴᠣᠭᠠᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠡᠭᠦᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠣᠭᠲᠡᠴᠡ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠶᠢ ᠤᠷᠮᠠᠰᠢᠭᠤᠯᠬᠤ | ᠪᠠ ᠪᠠᠲᠤᠯᠠᠬᠤ ᠲᠣᠭᠲᠡᠴᠡ ᠶᠢ ᠪᠦᠷᠢᠨᠰᠢᠬᠦᠯᠵᠤ᠂ ᠥᠷᠨᠢᠭᠦᠨ ᠬᠥᠭᠵᠢᠩᠭᠦᠢ ᠰᠠᠶᠢᠨ ᠰᠠᠶᠢᠬᠠᠨ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠨ᠎ᠠ᠃ | | |