ᠮᠠᠨ ᠤ ᠤᠷᠤᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠶ 8000 ᠲᠦᠮᠡᠨ ᠮᠥ ᠶᠢ ᠲᠠᠪᠠᠵᠡᠢ
ᠨᠡᠶᠢᠲᠡᠯᠡᠭᠰᠡᠨ ᠴᠠᠭ᠄
2021/5/24
      ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ ᠠᠴᠠ ᠣᠶᠢᠯᠠᠭᠠᠭᠰᠠᠨ ᠢᠶᠠᠷ᠂ ᠮᠠᠨ ᠤ ᠤᠷᠤᠨ ᠤ ᠡᠯ᠎ᠡ ᠭᠠᠵᠠᠷ ᠤᠨ ᠬᠠᠪᠤᠷ ᠤᠨ ᠲᠠᠷᠢᠶᠠᠯᠠᠭ᠎ᠠ ᠣᠷᠭᠢᠯ ᠤᠨ ᠬᠤᠭᠤᠴᠠᠭᠠᠨ ᠳᠤ ᠣᠷᠣᠵᠤ᠂ 5 ᠰᠠᠷ᠎ᠠ ᠶᠢᠨ 19 ᠤ ᠡᠳᠦᠷ ᠤᠨ ᠲᠠᠷᠢᠶᠠᠯᠠᠩ ᠤᠨ ᠪᠠᠶᠢᠳᠠᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠪᠥᠬᠦ ᠣᠷᠣᠨ ᠢᠶᠠᠷ ᠢᠶᠠᠨ 8024.6 ᠲᠦᠮᠡᠨ ᠮᠥ ᠠᠮᠤ ᠪᠤᠳᠠᠭᠠᠨ ᠤ ᠲᠠᠷᠢᠮᠠᠯ ᠲᠠᠷᠢᠵᠤ᠂ ᠨᠢᠭᠡᠨᠲᠡ 3104.6 ᠲᠦᠮᠡᠨ ᠮᠥ ᠨᠢ ᠴᠢᠬᠢᠯᠡᠵᠦ᠂ ᠨᠢᠭᠡᠳᠦᠭᠡᠷ ᠬᠤᠶᠠᠳᠤᠭᠠᠷ ᠲᠥᠷᠥᠯ ᠤᠨ ᠴᠢᠬᠢ ᠶᠢᠨ ᠡᠵᠡᠯᠡᠬᠦ ᠬᠠᠷᠢᠴᠠᠯ 93.7% ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠨ ᠵᠢᠱᠢᠭᠰᠡᠨ ᠢᠶᠠᠷ᠂ 5 ᠰᠠᠷ᠎ᠠ ᠶᠢᠨ ᠳᠤᠮᠳᠠᠴᠢ ᠰᠡᠭᠦᠯᠴᠢ ᠪᠠᠷ ᠠᠭᠠᠷ ᠤᠨ ᠳᠤᠯᠠᠭᠠᠨ ᠳᠡᠭᠡᠭᠰᠢᠯᠡᠬᠦ ᠶᠢ ᠳᠠᠭᠠᠯᠳᠤᠨ᠂ ᠪᠥᠬᠦ ᠣᠷᠣᠨ ᠤ ᠶᠡᠬᠡᠩᠬᠢ ᠭᠠᠵᠠᠷ ᠲᠤ 3 ᠤᠳᠠᠭ᠎ᠠ ᠢᠯᠡᠷᠬᠡᠶ ᠬᠤᠷ᠎ᠠ ᠲᠣᠨᠳᠠᠰᠤ ᠪᠠᠭᠤᠵᠤ᠂ ᠬᠠᠪᠤᠷ ᠤᠨ ᠲᠠᠷᠢᠶᠠᠯᠠᠭ᠎ᠠ ᠪᠠ ᠲᠠᠷᠢᠮᠠᠯ ᠤᠨ ᠴᠢᠬᠢᠯᠡᠬᠦ ᠳᠤ ᠠᠰᠢᠭᠲᠠᠶ ᠶᠤᠮ᠃       ᠣᠶᠢᠯᠠᠭᠠᠭᠰᠠᠨ ᠢᠶᠠᠷ᠂ ᠪᠦᠬᠦ ᠤᠷᠤᠨ ᠤ ᠬᠠᠪᠤᠷ ᠤᠨ ᠲᠠᠷᠢᠶᠠᠯᠠᠩ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠰᠠᠶᠢᠨ ᠪᠠᠶᠢᠨ᠎ᠠ᠃ ᠲᠠᠷᠢᠶᠠᠯᠠᠩ ᠤᠨ ᠬᠡᠷᠡᠭᠰᠡᠯ ᠤᠨ ᠨᠦᠭᠡᠴᠡ ᠬᠠᠩᠭᠠᠮᠵᠢᠳᠠᠢ᠂ ᠤᠳᠤᠬᠠᠨ ᠳᠤ ᠪᠦᠬᠦ ᠤᠷᠤᠨ ᠤ ᠡᠯ᠎ᠠ ᠭᠠᠵᠠᠷ ᠤᠨ ᠡᠷᠳᠡᠨᠢ ᠰᠢᠰᠢ ᠵᠡᠷᠭᠡ ᠭᠤᠤᠯ ᠪᠤᠯᠬᠤ ᠠᠮᠤ ᠪᠤᠳᠠᠭᠠᠨ ᠤ ᠲᠠᠷᠢᠮᠠᠯ ᠤᠨ ᠦᠷ᠎ᠠ ᠶᠢᠨ ᠢᠷᠡᠯᠳᠡ ᠶᠢᠨ ᠬᠠᠩᠭᠠᠯᠭ᠎ᠠ ᠭᠦᠢᠴᠡᠳ ᠪᠠᠶᠢᠵᠤ᠂ ᠬᠢᠮᠢ ᠶᠢᠨ ᠪᠤᠷᠳᠤᠭᠤᠷ ᠤᠨ ᠨᠦᠭᠡᠴᠡ 165.2 ᠲᠦᠮᠡᠨ ᠲᠤᠨ᠂ ᠲᠠᠷᠢᠶᠠᠨ ᠡᠮ 6902 ᠲᠤᠨ ᠪᠠᠶᠢᠵᠤ᠂ ᠬᠠᠪᠤᠷ ᠤᠨ ᠲᠠᠷᠢᠶᠠᠯᠠᠩ ᠦᠢᠯᠡᠳᠪᠦᠷᠢᠯᠡᠯ ᠤᠨ ᠬᠡᠷᠡᠭᠴᠡᠭᠡ ᠶᠢ ᠪᠦᠷᠢᠮᠦᠰᠦᠨ ᠬᠠᠩᠭᠠᠵᠤ᠂ ᠰᠦᠯᠢᠶᠤᠤ ᠪᠦᠷᠬᠦᠪᠴᠢ ᠶᠢᠨ ᠨᠦᠭᠡᠴᠡ 6.8 ᠲᠦᠮᠡᠨ ᠲᠤᠨ ᠪᠠᠶᠢᠵᠤ᠂ ᠨᠢᠭᠡᠨᠳᠡ ᠬᠠᠪᠤᠷ ᠤᠨ ᠲᠠᠷᠢᠶᠠᠯᠠᠭ᠎ᠠ ᠶᠢᠨ ᠶᠡᠷᠦᠩᠬᠡᠢ ᠬᠡᠷᠡᠭᠴᠡᠭᠡ ᠶᠢᠨ 80% ᠠᠴᠠ ᠲᠡᠭᠡᠭᠰᠢᠬᠢ ᠶᠢ ᠡᠵᠡᠯᠡᠪᠠ᠃ ᠲᠠᠷᠢᠶᠠᠯᠠᠩ ᠤᠨ ᠮᠠᠰᠢᠨ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠪᠡᠯᠡᠳᠭᠡᠯ ᠭᠦᠢᠴᠡᠳ᠂ ᠪᠦᠬᠦ ᠤᠷᠤᠨ ᠳᠤ ᠬᠠᠪᠤᠷ ᠤᠨ ᠲᠠᠷᠢᠶᠠᠯᠠᠩ ᠦᠢᠯᠡᠳᠪᠦᠷᠢᠯᠡᠯ ᠳᠤ ᠤᠷᠤᠭᠤᠯᠵᠤ ᠪᠤᠯᠬᠤ ᠲᠷᠠᠺᠲ᠋ᠤᠷ 102.2 ᠲᠦᠮᠡ᠂ ᠢᠵᠢ ᠪᠦᠷᠢᠳᠦᠭᠦᠯᠬᠦ ᠲᠠᠷᠢᠶᠠᠯᠠᠩ ᠤᠨ ᠮᠠᠰᠢᠨ ᠪᠠᠭᠠᠵᠢ 150.4 ᠲᠦᠮᠡ ᠠᠴᠠ ᠲᠡᠭᠡᠭᠰᠢ ᠪᠠᠶᠢᠵᠤ᠂ ᠲᠠᠷᠢᠶᠠᠯᠠᠩ ᠤᠨ ᠮᠠᠰᠢᠨᠴᠢᠨ᠂ ᠰᠡᠯᠪᠢᠨ ᠵᠠᠰᠠᠬᠤ ᠠᠵᠢᠯᠳᠠᠨ ᠢ 4.28 ᠲᠦᠮᠡᠨ ᠬᠦᠮᠦᠨ ᠤᠳᠠᠭ᠎ᠠ ᠪᠤᠯᠪᠠᠰᠤᠷᠠᠭᠤᠯᠵᠤ᠂ ᠨᠢᠭᠡᠨᠳᠡ 152.15 ᠲᠦᠮᠡᠨ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠨ ᠵᠠᠰᠠᠭᠰᠠᠨ ᠪᠤᠯᠬᠤᠷ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠪᠦᠷᠢᠮᠦᠰᠦᠨ ᠬᠠᠩᠭᠠᠵᠤ ᠴᠢᠳᠠᠨ᠎ᠠ᠃ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ ᠪᠠᠰᠠ 57 ᠵᠦᠢᠯ ᠤᠨ ᠮᠠᠯ ᠠᠵᠤ ᠠᠬᠤᠢ ᠲᠠᠷᠢᠶᠠᠯᠠᠩ ᠤᠨ ᠭᠤᠤᠯ ᠲᠡᠯᠭᠡᠷᠡᠭᠦᠯᠬᠦ ᠮᠡᠷᠭᠡᠵᠢᠯ ᠢ ᠲᠠᠨᠢᠯᠴᠠᠭᠤᠯᠵᠤ᠂ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ ᠤᠨ ᠰᠦᠯᠵᠢᠶᠡᠨ ᠲᠡᠭᠡᠷ᠎ᠠ ︽ᠲᠠᠷᠢᠶᠠᠯᠠᠩ ᠤᠨ ᠮᠡᠷᠭᠡᠵᠢᠯ ᠤᠨ ᠡᠭᠦᠯᠡᠨ ᠬᠢᠴᠢᠶᠡᠯ ᠤᠨ ᠲᠠᠩᠬᠢᠮ︾ ᠨᠡᠭᠡᠭᠡᠵᠦ᠂ ᠨᠢᠭᠡᠨᠳᠡ 50 ᠭᠠᠷᠤᠢ ᠬᠤᠭᠤᠴᠠᠭᠠᠨ ᠤ ᠲᠤᠰᠬᠠᠢ ᠰᠡᠳᠦᠪᠳᠤ ᠪᠤᠯᠪᠠᠰᠤᠷᠠᠯ ᠤᠨ ᠹᠢᠯᠢᠮ ᠢ ᠦᠢᠯᠡᠳᠦᠨ ᠨᠡᠶᠢᠳᠡᠯᠡᠵᠦ᠂ ᠬᠠᠪᠤᠷ ᠤᠨ ᠲᠠᠷᠢᠶᠠᠯᠠᠩ ᠦᠢᠯᠡᠳᠪᠦᠷᠢᠯᠡᠯ ᠳᠤ ᠴᠠᠭ ᠲᠤᠬᠠᠢ ᠳᠤᠨᠢ ᠮᠡᠷᠭᠡᠵᠢᠯ ᠤᠨ ᠦᠢᠯᠡᠴᠢᠯᠡᠭᠡ ᠬᠠᠩᠭᠠᠪᠠ᠃ 3 ᠰᠠᠷ᠎ᠠ ᠶᠢᠨ ᠰᠡᠭᠦᠯᠴᠢ ᠠᠴᠠ ᠨᠠᠭᠠᠰᠢ᠂ ᠲᠠᠷᠢᠶᠠᠯᠠᠬᠤ ᠤᠷᠤᠨ ᠤ ᠬᠦᠷᠦᠰᠦᠨ ᠤ ᠴᠢᠬᠢᠭ ᠤᠨ ᠪᠠᠶᠢᠳᠠᠯ ᠶᠡᠷᠦᠩᠬᠡᠢ ᠳᠡᠭᠡᠨ ᠦᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠰᠠᠶᠢᠨ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠦᠷᠨᠢᠭᠦᠯᠬᠦ ᠳᠤ ᠠᠰᠢᠭᠳᠠᠢ ᠪᠤᠯᠪᠠ᠃ 5 ᠰᠠᠷ᠎ᠠ ᠶᠢᠨ ᠡᠬᠢ ᠪᠠᠷ᠂ ᠬᠦᠷᠦᠰᠦᠨ ᠤ ᠴᠢᠬᠢᠭ ᠤᠨ ᠪᠠᠶᠢᠳᠠᠯ ᠬᠡᠳᠦ᠋ᠢᠪᠠᠷ ᠡᠳᠦᠢ ᠲᠡᠳᠦᠢ ᠪᠠᠭᠤᠷᠠᠭᠰᠠᠨ ᠪᠤᠯᠪᠠᠴᠤ ᠮᠦᠨ ᠯᠡ ᠲᠦᠷᠦᠭᠦᠦ ᠵᠢᠯ ᠪᠠ ᠦᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠳᠤ ᠤᠶᠢᠢᠷᠠᠳᠴᠤ᠂ ᠨᠢᠭᠡ ᠬᠤᠶᠠᠳᠤᠭᠠᠷ ᠲᠦᠷᠦᠯ ᠤᠨ ᠴᠢᠬᠢᠭ ᠤᠨ ᠲᠠᠯᠠᠪᠠᠢ ᠶᠢᠨ ᠡᠵᠡᠯᠡᠬᠦ ᠬᠠᠷᠢᠴᠠᠯ ᠨᠢ 40% ᠠᠴᠠ ᠲᠡᠭᠡᠭᠰᠢ ᠳᠤ ᠬᠦᠷᠴᠡᠢ᠃ ᠡᠨᠡ ᠵᠢᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠦᠨᠡᠨ ᠬᠦ ᠴᠢᠩᠭᠠᠷᠠᠭᠤᠯᠬᠤ ᠶᠢᠨ ᠬᠠᠮᠲᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠠᠯᠠᠪᠠᠶ ᠶᠢ 900 ᠲᠦᠮᠡᠨ ᠮᠥ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠭᠤᠤᠯ ᠭᠠᠷᠤᠯᠲᠠ ᠶᠢᠨ 15 ᠬᠤᠰᠢᠭᠤ ᠰᠢᠶᠠᠨ ᠳᠤ ᠠᠮᠤ ᠪᠤᠳᠠᠭᠠᠨ ᠤ ᠲᠠᠷᠢᠮᠠᠯ ᠤᠨ ᠪᠣᠬᠢᠷᠲᠤᠯ ᠥᠬᠡᠶ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠰᠠᠭᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ᠬᠠᠪᠤᠷ ᠤᠨ ᠲᠠᠷᠢᠶᠠᠯᠠᠩ ᠦᠢᠯᠡᠳᠪᠦᠷᠢᠯᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃       ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠪᠤᠷ ᠤᠨ ᠬᠠᠮᠢᠶᠠᠷᠤᠯᠲᠠ ᠪᠠᠷ ᠭᠤᠤᠯᠳᠠᠯᠭ᠎ᠠ ᠪᠣᠯᠭᠠᠵᠤ᠂ ᠭᠠᠮᠰᠢᠭ ᠢ ᠰᠡᠷᠭᠡᠶᠢᠯᠡᠨ ᠭᠠᠮᠰᠢᠭ ᠤᠨ ᠬᠤᠬᠢᠷᠠᠯ ᠢ ᠪᠠᠭᠠᠰᠬᠠᠬᠤ᠂ ᠪᠣᠬᠢᠷᠲᠤᠯ ᠥᠬᠡᠶ ᠪᠠᠷ ᠳᠠᠷᠢᠬᠤ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠦᠨᠡᠨ ᠬᠦ ᠰᠠᠶᠢᠲᠤᠷ ᠠᠳᠬᠤᠨ᠎ᠠ᠃ ᠲᠠᠷᠢᠶᠠᠯᠠᠬᠤ ᠡᠷᠦᠬᠡ ᠶᠢ ᠵᠢᠯᠣᠭᠤᠳᠤᠨ ᠲᠠᠷᠢᠶᠠᠯᠠᠬᠤ ᠠᠬᠢᠴᠠ ᠶᠢ ᠲᠦᠷᠭᠡᠳᠭᠡᠨ᠂ ᠬᠦᠷᠦᠰᠦ ᠰᠢᠷᠤᠢ ᠶᠢᠨ ᠴᠢᠬᠢᠭ ᠤᠨ ᠪᠠᠶᠢᠳᠠᠯ ᠢ ᠨᠢᠭᠳᠠ ᠠᠩᠬᠠᠷᠴᠤ᠂ ᠣᠶᠢᠷ᠎ᠠ ᠶᠢᠨ ᠬᠤᠭᠤᠴᠠᠭᠠᠨ ᠤ ᠬᠤᠷ᠎ᠠ ᠲᠤᠨᠳᠠᠰᠤ ᠲᠠᠢ ᠴᠠᠭ ᠠᠭᠤᠷ ᠢ ᠭᠦᠢᠴᠡᠳ ᠠᠰᠢᠠᠠᠯᠠᠨ᠂ ᠴᠢᠬᠢᠭ ᠢ ᠵᠠᠪᠳᠤᠨ ᠴᠠᠭ ᠲᠤᠬᠠᠢ ᠳᠤᠨᠢ ᠲᠠᠷᠢᠨ᠎ᠠ᠃ ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ᠂ ᠪᠦᠬᠦ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠰᠢᠰᠲ᠋ᠧᠮ ᠤᠨ ᠬᠢᠨ ᠡᠯ᠎ᠠ ᠱᠠᠳᠤᠨ ᠤ ᠮᠡᠷᠭᠡᠵᠢᠯ ᠤᠨ ᠠᠵᠢᠯᠳᠠᠨ ᠢ ᠵᠤᠬᠢᠶᠠᠨ ᠪᠠᠶᠢᠭᠤᠯᠵᠤ ᠂ ᠦᠢᠯᠡᠳᠪᠦᠷᠢᠯᠡᠯ ᠤᠨ ᠨᠢᠭᠡᠳᠦᠭᠡᠷ ᠹᠷᠤᠨᠲ ᠲᠤ ᠭᠦᠨᠵᠡᠭᠡᠶᠢᠷᠡᠨ᠂ ᠬᠦᠷᠦᠰᠦ ᠰᠢᠷᠤᠢ ᠶᠢ ᠰᠢᠨᠵᠢᠨ ᠪᠤᠷᠳᠤᠭᠤᠷ ᠤᠷᠤᠭᠤᠯᠬᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠵᠡᠷᠭᠡ ᠰᠢᠨᠵᠢᠯᠡᠬᠦ ᠤᠬᠠᠭᠠᠨᠴᠢ ᠪᠠᠷ ᠪᠤᠷᠳᠤᠭᠤᠷ ᠤᠷᠤᠭᠤᠯᠬᠤ ᠠᠷᠭ᠎ᠠ ᠬᠡᠯᠪᠡᠷᠢ ᠶᠢ ᠶᠡᠬᠡᠪᠠᠷ ᠲᠡᠯᠭᠡᠷᠡᠭᠦᠯᠵᠦ᠂ ᠰᠢᠨ᠎ᠠ ᠬᠡᠯᠪᠡᠷᠢ ᠶᠢᠨ ᠦᠨᠳᠦᠷ ᠪᠦᠳᠦᠮᠵᠢᠳᠡᠢ ᠪᠤᠷᠳᠤᠭᠤᠷ ᠢ ᠲᠡᠯᠭᠡᠷᠡᠭᠦᠯᠦᠨ᠂ ᠬᠢᠮᠢ ᠶᠢᠨ ᠪᠤᠷᠳᠤᠭᠤᠷ ᠤᠨ ᠬᠡᠷᠡᠭᠯᠡᠭᠡᠨ ᠤ ᠬᠡᠮᠵᠢᠶ᠎ᠠ ᠶᠢ ᠪᠠᠭᠠᠰᠬᠠᠬᠤ ᠶᠢ ᠠᠬᠢᠭᠤᠯᠵᠤ᠂ ᠲᠠᠷᠢᠶᠠᠴᠢᠳ ᠢ ᠬᠠᠪᠰᠤᠷᠤᠨ ᠲᠠᠷᠢᠮᠠᠯ ᠤᠨ ᠦᠪᠡᠷ ᠤᠨ ᠦᠷᠳᠡᠭ ᠢ ᠪᠠᠭᠤᠷᠠᠭᠤᠯᠵᠤ᠂ ᠡᠯ᠎ᠠ ᠵᠦᠢᠯ ᠤᠨ ᠪᠤᠬᠢᠷᠳᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠢ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠲᠠᠭᠠᠯᠳᠤᠭᠤᠯᠤᠨ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠦᠨᠡᠨ ᠭᠦ ᠪᠠᠳᠤᠯᠠᠨ᠎ᠠ᠃  
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ