ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ | ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠢ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠢ ᠣᠶᠢᠷ᠎ᠠ ᠳᠤ ᠲᠤᠷᠰᠢᠨ ᠠᠵᠢᠯᠯᠠᠭᠤᠯᠪᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠨᠢ ᠪᠠᠶᠢᠭᠠᠯᠢ ᠶᠢᠨ ᠡᠬᠢ | ᠪᠠᠶᠠᠯᠢᠭ ᠤᠨ ︽ᠨᠢᠭᠡ ᠵᠢᠷᠤᠭ︾ ᠢᠶᠠᠷ ᠰᠠᠭᠤᠷᠢ ᠪᠣᠯᠭᠠᠵᠤ᠂ ᠲᠠᠷᠬᠠᠮᠠᠯ ᠮᠠᠶ᠋ᠢᠭ ᠤᠨ ᠬᠡᠷᠡᠭᠯᠡᠯᠳᠡ ᠪᠠ ᠦᠢᠯᠡᠴᠢᠯᠡᠭᠡᠨ ᠤ ᠪᠦᠳᠦᠴᠡ ᠲᠠᠢ᠃ ︽1 + N︾ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠢᠭᠡ ᠭᠤᠤᠯ ᠲᠥᠪ ᠪᠠ ᠬᠡᠮᠵᠢᠨ ᠵᠢᠷᠤᠬᠤ᠂ ᠲᠥᠯᠥᠪᠵᠢᠭᠦᠯᠬᠦ᠂ ᠭᠠᠵᠠᠷ ᠰᠢᠨᠵᠢᠯᠡᠭᠡᠨ ᠤ ᠤᠷᠴᠢᠨ ᠲᠤᠭᠤᠷᠢᠨ᠂ | ᠭᠠᠵᠠᠷ ᠰᠢᠨᠵᠢᠯᠡᠭᠡᠨ ᠤ ᠪᠠᠶᠢᠴᠠᠭᠠᠯᠲᠠ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠵᠡᠷᠭᠡ ᠲᠠᠪᠤᠨ ᠬᠤᠪᠢᠶᠠᠷᠢ ᠲᠥᠪ ᠪᠠᠶᠢᠭᠤᠯᠵᠤ᠂ ᠠᠭᠤᠯᠭ᠎ᠠ ᠨᠢ ᠪᠦᠷᠢᠨ᠂ | ᠰᠢᠨᠡᠳᠭᠡᠯᠳᠡ ᠨᠢ ᠲᠦᠷᠭᠡᠨ᠂ ᠡᠷᠭᠡ ᠰᠦᠷᠳᠦ ᠤᠨᠤᠪᠴᠢᠳᠠᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢᠨ ᠰᠠᠭᠤᠷᠢ | ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮ ᠢ ᠪᠦᠷᠢᠯᠳᠦᠭᠦᠯᠦᠨ᠎ᠠ᠃ | ᠣᠳᠣᠬᠠᠨ ᠳᠤ᠂ ᠭᠤᠤᠯ ᠲᠥᠪ ᠨᠢ ᠨᠢᠭᠡᠨᠲᠡ ᠰᠠᠭᠤᠷᠢ ᠣᠷᠴᠢᠨ ᠲᠣᠭᠤᠷᠢᠨ ᠢ ᠪᠦᠳᠦᠭᠡᠨ ᠪᠠᠶᠢᠭᠤᠯᠬᠤ ᠪᠠ ᠲᠠᠪᠴᠠᠩ ᠢ ᠨᠡᠭᠡᠭᠡᠨ ᠬᠥᠭᠵᠢᠭᠦᠯᠬᠦ ᠡᠭᠦᠷᠭᠡ ᠶᠢ | ᠪᠡᠶᠡᠯᠡᠭᠦᠯᠵᠦ᠂ ᠤᠯᠤᠰ ᠤᠨ ᠨᠤᠳᠤᠭ ᠲᠡᠪᠢᠰᠭᠡᠷ ᠤᠨ ᠡᠬᠢ ᠪᠠᠶᠠᠯᠢᠭ ᠤᠨ ︽ᠨᠢᠭᠡ ᠵᠢᠷᠤᠭ︾ ᠤᠨ ᠳ᠋ᠠᠶᠢᠲ᠋ᠠ ᠶᠢᠨ ᠡᠬᠢ ᠪᠠᠶᠠᠯᠢᠭ ᠢ ᠵᠢᠩᠬᠢᠨᠢ ᠪᠠᠷ ᠵᠠᠯᠭᠠᠨ | ᠣᠷᠣᠭᠤᠯᠪᠠ᠃ ᠲᠤᠷᠰᠢᠨ ᠠᠵᠢᠯᠯᠠᠭᠤᠯᠤᠭᠰᠠᠨ ᠤ ᠳᠠᠷᠠᠭ᠎ᠠ᠂ ᠬᠠᠮᠢᠶ᠎ᠠ ᠪᠥᠬᠦᠶ ᠴᠢᠳᠠᠮᠵᠢ ᠶᠢ ᠦᠷᠭᠦᠯᠵᠢᠯᠡᠨ ᠨᠡᠭᠡᠭᠡᠨ ᠬᠥᠭᠵᠢᠭᠦᠯᠵᠦ ᠲᠡᠭᠦᠯᠳᠡᠷᠵᠢᠭᠦᠯᠬᠦ ᠶᠢᠨ ᠬᠠᠮᠲᠤ | ᠠᠯᠬᠤᠮ ᠠᠯᠬᠤᠮ ᠢᠶᠠᠷ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠳᠤ ᠳᠡᠯᠭᠡᠷᠡᠭᠦᠯᠦᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠡᠬᠢ | ᠪᠠᠶᠠᠯᠢᠭ ᠤᠨ ᠬᠢᠨᠠᠯᠲᠠ ᠬᠠᠮᠢᠶᠠᠷᠤᠯᠲᠠ᠂ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢ ᠰᠢᠯᠢᠳᠡᠭᠵᠢᠭᠦᠯᠦᠨ ᠨᠡᠭᠡᠭᠡᠨ ᠬᠥᠭᠵᠢᠭᠦᠯᠬᠦ ᠳᠤ ᠪᠦᠲᠦᠮᠵᠢᠲᠡᠶ | ᠲᠤᠯᠭᠠᠭᠤᠷᠢᠯᠠᠯ ᠬᠠᠩᠭᠠᠨ᠎ᠠ᠃ | | | |