— ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠽᠧᠩ ᠢ ᠰᠢᠨ ᠢ ᠰᠤᠷᠪᠤᠯᠵᠢᠯᠠᠭᠰᠠᠨ ᠨᠢ | ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠰᠤᠳᠤᠯᠤᠨ ᠦᠢᠯᠡᠳᠬᠦ ᠠᠵᠢᠯ ᠤᠨ ᠶᠡᠷᠦᠩᠬᠡᠶ ᠠᠬᠢᠴᠠ ᠶᠠᠮᠠᠷ ᠵᠡᠷᠭᠡ | ᠪᠠᠶᠢᠬᠤ ᠪᠣᠶ︖ ᠠᠯᠢ ᠠᠯᠢ ᠲᠠᠯ᠎ᠠ ᠶᠢᠨ ᠣᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠪᠡ︖ ᠳᠡᠯᠡᠬᠡᠢ ᠶᠢᠨ ᠸᠠᠺᠼᠢᠨ ᠤ ᠰᠤᠳᠤᠯᠭᠠᠨ ᠤ ᠦᠷ᠎ᠡ ᠳ᠋ᠦᠩ | ᠶᠠᠮᠠᠷ ᠵᠡᠷᠭᠡ ᠪᠠᠶᠢᠬᠤ ᠪᠤᠢ︖ ᠲᠠᠷᠠᠭᠠᠴᠢ ᠶᠢᠨ ᠠᠯᠬᠤᠮ ᠳᠤ ᠪᠠᠰᠠ ᠰᠢᠨ᠎ᠡ ᠬᠡᠯᠪᠡᠷᠢ ᠶᠢᠨ ᠸᠠᠺᠼᠢᠨ ᠭᠠᠷᠴᠤ ᠢᠷᠡᠨ᠎ᠠ ᠤᠤ︖ ᠁ 6 ᠤ ᠡᠳᠦᠷ᠂ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ | ᠬᠤᠯᠪᠤᠭᠠᠯᠠᠨ ᠡᠵᠡᠮᠳᠡᠬᠦ ᠲᠣᠭᠲᠠᠴᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠳᠤᠭᠤᠶᠢᠯᠠᠩ ᠤᠨ ᠸᠠᠺᠼᠢᠨ ᠰᠤᠳᠤᠯᠤᠨ ᠦᠢᠯᠡᠳᠬᠦ | ᠲᠤᠰᠬᠠᠶ ᠠᠩᠭᠢ ᠶᠢᠨ ᠬᠠᠷᠢᠭᠤᠴᠠᠯᠭᠠᠲᠠᠨ ᠽᠧᠩ ᠢ ᠰᠢᠨ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠵᠦ᠂ ᠣᠯᠠᠨ | ᠨᠡᠶᠢᠲᠡ ᠶᠢᠨ ᠠᠩᠬᠠᠷᠤᠯ ᠳᠤ ᠬᠠᠷᠢᠭᠤᠯᠳᠠ ᠦᠭᠴᠠᠢ᠃ | ᠤᠷᠢᠳ ᠡᠮᠦᠨ᠎ᠡ ᠪᠠᠶᠢᠭ᠎ᠠ ᠦᠭᠡᠢ ᠪᠣᠭᠤᠮᠲᠠ ᠰᠢᠪᠲᠤᠯᠤᠯᠲᠠ — 21 ᠵᠦᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ | ᠡᠮᠴᠢᠯᠡᠭᠡᠨ ᠤ ᠲᠤᠷᠰᠢᠯᠲᠠ ᠶᠢᠨ ᠱᠠᠲᠤᠨ ᠳᠤ ᠣᠷᠣᠪᠠ | ᠠᠰᠠᠭᠤᠯᠲᠠ᠄ ᠭᠡᠨᠡᠳᠲᠡ ᠪᠠᠷ ᠳᠠᠭᠠᠷᠢᠨ ᠢᠷᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠨᠢ ᠸᠠᠺᠼᠢᠨ ᠤ ᠪᠣᠭᠤᠮᠲᠠ ᠰᠢᠪᠲᠤᠯᠬᠤ ᠠᠵᠢᠯ ᠳᠤ ᠤᠷᠢᠳ | ᠡᠮᠦᠨ᠎ᠡ ᠪᠠᠶᠢᠭ᠎ᠠ ᠦᠭᠡᠢ ᠥᠷᠢᠰᠥᠯᠳᠦᠭᠡᠨ ᠠᠪᠴᠢᠷᠠᠪᠠ᠂ ᠳᠤᠮᠳᠠᠳᠤ ᠤᠯᠤᠰ ᠶᠠᠮᠠᠷ ᠲᠦᠪᠰᠢᠨ ᠳᠤ ᠪᠠᠶᠢᠬᠤ ᠪᠤᠢ︖ ᠣᠳᠣᠬᠠᠨ ᠤ ᠠᠬᠢᠴᠠ ᠶᠠᠮᠠᠷ ᠵᠡᠷᠭᠡ ᠪᠤᠢ︖ | | ᠬᠠᠷᠢᠭᠤᠯᠲᠠ᠄ ᠪᠢᠳᠡ ᠡᠷᠲᠡᠬᠡᠨ ᠪᠠᠶᠢᠷᠢᠯᠠᠭᠤᠯᠵᠤ᠂ ᠣᠯᠠᠨ ᠵᠠᠮ ᠢᠶᠠᠷ ᠶᠠᠪᠤᠬᠤ ᠶᠢ ᠪᠠᠷᠢᠮᠲᠠᠯᠠᠵᠤ᠂ 2020 ᠣᠨ ᠤ 2 ᠰᠠᠷ᠎ᠠ ᠳᠤ ᠲᠤᠰᠬᠠᠶ ᠠᠩᠭᠢ | ᠪᠠᠶᠢᠭᠤᠯᠤᠨ ᠸᠠᠺᠼᠢᠨ ᠰᠤᠳᠤᠯᠤᠨ ᠦᠢᠯᠡᠳᠬᠦ ᠠᠵᠢᠯ ᠢ ᠪᠠᠶᠢᠷᠢᠯᠠᠭᠤᠯᠵᠤ᠂ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ | ᠰᠤᠳᠤᠯᠤᠨ ᠦᠢᠯᠡᠳᠬᠦ ᠬᠤᠷᠳᠤᠴᠠ ᠪᠣᠯᠤᠨ ᠲᠤᠭ᠎ᠠ ᠬᠡᠮᠵᠢᠶ᠎ᠡ ᠢᠮᠠᠭᠲᠠ ᠳᠡᠯᠡᠬᠡᠶ ᠶᠢᠨ ᠡᠮᠦᠨ᠎ᠡ ᠡᠩᠨᠡᠭᠡᠨ ᠳᠤ ᠣᠷᠣᠰᠢᠵᠤ ᠪᠠᠶᠢᠨ᠎ᠠ᠃ | ᠮᠠᠨ ᠤ ᠤᠯᠤᠰ ᠤᠨ 21 ᠵᠦᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠨᠢᠭᠡᠨᠲᠡ ᠡᠮᠴᠢᠯᠡᠭᠡᠨ ᠤ ᠲᠤᠷᠰᠢᠯᠲᠠ ᠶᠢᠨ ᠱᠠᠲᠤᠨ ᠳᠤ | ᠣᠷᠣᠪᠠ᠃ ᠣᠳᠣᠬᠠᠨ ᠳᠤ 4 ᠵᠦᠢᠯ ᠤᠨ ᠸᠠᠺᠼᠢᠨ ᠨᠢ ᠤᠯᠤᠰ ᠤᠨ ᠳᠣᠲᠣᠭᠠᠳᠤ ᠳᠤ ᠨᠥᠬᠦᠴᠡᠯ ᠲᠠᠢ ᠪᠠᠷ ᠵᠠᠬ᠎ᠠ ᠳᠡᠯᠭᠡᠭᠦᠷ ᠲᠤ ᠭᠠᠷᠬᠤ ᠵᠦᠪᠰᠢᠶᠡᠷᠡᠯ ᠤᠯᠵᠤ᠂ | 3 ᠵᠦᠢᠯ ᠤᠨ ᠸᠠᠺᠼᠢᠨ ᠨᠢ ᠤᠯᠤᠰ ᠤᠨ ᠳᠣᠲᠣᠭᠠᠳᠤ ᠳᠤ ᠪᠠᠴᠢᠮ ᠬᠡᠷᠡᠭᠯᠡᠬᠦ ᠵᠦᠪᠰᠢᠶᠡᠷᠡᠯ ᠤᠯᠵᠤ᠂ 8 ᠵᠦᠢᠯ ᠤᠨ ᠸᠠᠺᠼᠢᠨ ᠨᠢ ᠤᠯᠤᠰ ᠤᠨ ᠭᠠᠳᠠᠭᠠᠳᠤ ᠳᠤ | Ⅲ ᠬᠤᠭᠤᠴᠠᠭᠠᠨ ᠤ ᠡᠮᠴᠢᠯᠡᠭᠡᠨ ᠤ ᠲᠤᠷᠰᠢᠯᠳᠠ ᠬᠢᠬᠦ ᠵᠦᠪᠰᠢᠶᠡᠷᠡᠯ ᠤᠯᠵᠤ᠂ 1mRNA ᠸᠠᠺᠼᠢᠨ ᠨᠢ ᠤᠯᠤᠰ ᠤᠨ ᠭᠠᠳᠠᠭᠠᠳᠤ ᠳᠤ ᠶᠣᠰᠣ ᠰᠤᠷᠲᠠᠬᠤᠨ ᠤ | ᠵᠥᠪᠰᠢᠶᠡᠷᠡᠯ ᠣᠯᠵᠤ᠂ ᠬᠢᠯᠢ ᠶᠢᠨ ᠭᠠᠳᠠᠨᠠᠬᠢ ᠡᠮᠴᠢᠯᠡᠭᠡᠨ ᠤ ᠲᠤᠷᠰᠢᠯᠲᠠ ᠶᠢᠨ ᠢᠳᠡᠪᠬᠢ ᠥᠬᠡᠶᠢᠳᠡᠭᠦᠯᠦᠭᠰᠡᠨ ᠸᠠᠺᠼᠢᠨ᠂ ᠳᠠᠬᠢᠨ ᠵᠣᠬᠢᠶᠠᠨ ᠪᠠᠶᠢᠭᠤᠯᠤᠭᠰᠠᠨ | ᠤᠭᠤᠷᠠᠭ ᠤᠨ ᠸᠠᠺᠼᠢᠨ᠂ ᠪᠤᠯᠴᠢᠷᠬᠠᠶ ᠶᠢᠨ ᠸᠢᠷᠦ᠋ᠰ ᠤᠨ ᠠᠴᠢᠶᠠᠯᠠᠪᠤᠷᠢ ᠶᠢᠨ ᠸᠠᠺᠼᠢᠨ᠂ ᠪᠥᠭᠡᠮ ᠬᠦᠴᠢᠯ ᠤᠨ ᠸᠠᠺᠼᠢᠨ ᠤ ᠮᠡᠷᠭᠡᠵᠢᠯ ᠤᠨ ᠱᠤᠭᠤᠮ ᠢ ᠪᠥᠬᠦ | ᠲᠠᠯ᠎ᠠ ᠪᠠᠷ ᠪᠦᠷᠬᠦᠭᠦᠯᠪᠡ᠃ | ᠸᠠᠺᠼᠢᠨ ᠢ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠤᠯᠭᠠᠨ᠎ᠠ — ᠪᠦᠬᠦ ᠳᠡᠯᠡᠬᠡᠢ ᠳᠤ 3.5 ᠳ᠋ᠦᠩᠰᠢᠭᠤᠷ ᠭᠠᠷᠤᠢ ᠬᠤᠪᠢ ᠸᠠᠺᠼᠢᠨ | ᠬᠠᠩᠭᠠᠵᠤ᠂ 90 ᠭᠠᠷᠤᠢ ᠤᠯᠤᠰ ᠪᠣᠯᠤᠨ ᠭᠠᠵᠠᠷ ᠣᠷᠣᠨ ᠳᠤ ᠵᠠᠬ᠎ᠠ ᠳᠡᠯᠭᠡᠭᠦᠷ ᠲᠤ ᠭᠠᠷᠭᠠᠬᠤ ᠪᠤᠶᠤ ᠪᠠᠴᠢᠮ ᠬᠡᠷᠡᠭᠯᠡᠬᠦ ᠵᠦᠪᠰᠢᠶᠡᠷᠡᠯ ᠤᠯᠵᠠᠢ | ᠠᠰᠠᠭᠤᠯᠲᠠ᠄ 73 ᠳ᠋ᠤᠭᠠᠷ ᠬᠤᠭᠤᠴᠠᠭᠠᠨ ᠤ ᠳᠡᠯᠡᠬᠡᠢ ᠶᠢᠨ ᠡᠷᠡᠭᠦᠯ ᠬᠠᠮᠠᠭᠠᠯᠠᠯ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ | ᠤᠯᠤᠰ ᠸᠠᠺᠼᠢᠨ ᠢ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠣᠯᠭᠠᠨ᠎ᠠ ᠭᠡᠵᠦ ᠲᠥᠪ ᠴᠢᠩᠭ᠎ᠠ ᠪᠠᠷ ᠠᠮᠠᠯᠳᠠᠪᠠ᠃ ᠪᠦᠬᠦ ᠪᠥᠮᠪᠥᠷᠴᠡᠭ ᠲᠤ | ᠬᠢᠵᠢᠭ ᠦᠷᠪᠢᠰᠦᠨ ᠳᠡᠯᠭᠡᠷᠡᠵᠦ᠂ ᠳᠤᠮᠳᠠᠳᠤ ᠤᠯᠤᠰ ᠤᠨ ᠦᠪᠡᠷ ᠤᠨ ᠸᠠᠺᠼᠢᠨ ᠤ ᠬᠡᠷᠡᠭᠴᠡᠭᠡ ᠯᠤᠲᠤ ᠶᠡᠭᠡ ᠪᠠᠶᠢᠬᠤ ᠪᠠᠶᠢᠳᠠᠯ ᠳᠣᠣᠷ᠎ᠠ᠂ ᠤᠯᠤᠰ ᠤᠨ | ᠳᠣᠲᠣᠭᠠᠳᠤ ᠭᠠᠳᠠᠭᠠᠳᠤ ᠶᠢᠨ ᠬᠤᠶᠠᠷ ᠬᠡᠷᠡᠭᠴᠡᠭᠡ ᠶᠢ ᠬᠡᠷᠬᠢᠨ ᠬᠠᠩᠭᠠᠬᠤ ᠪᠤᠢ︖ ᠪᠢᠳᠡ ᠪᠥᠬᠦ ᠪᠥᠮᠪᠥᠷᠴᠡᠭ ᠤᠨ ᠬᠢᠵᠢᠭ ᠲᠠᠢ ᠲᠡᠮᠡᠴᠡᠬᠦ ᠳᠤ ᠶᠠᠮᠠᠷ ᠬᠤᠪᠢ ᠨᠡᠮᠡᠷᠢ | ᠦᠵᠡᠭᠦᠯᠬᠦ ᠪᠣᠶ︖ | ᠬᠠᠷᠢᠭᠤᠯᠲᠠ᠄ ᠮᠠᠨ ᠤ ᠤᠯᠤᠰ ᠨᠢᠭᠡᠨᠲᠡ ᠪᠥᠬᠦ ᠳᠡᠯᠡᠬᠡᠶ ᠶᠢᠨ 90 ᠭᠠᠷᠤᠶ ᠤᠯᠤᠰ ᠪᠠ ᠭᠠᠵᠠᠷ ᠣᠷᠣᠨ ᠳᠤ ᠵᠠᠬ᠎ᠠ ᠳᠡᠯᠭᠡᠭᠦᠷ ᠲᠤ ᠭᠠᠷᠭᠠᠬᠤ ᠪᠤᠶᠤ ᠪᠠᠴᠢᠮ | ᠬᠡᠷᠡᠭᠯᠡᠬᠦ ᠵᠥᠪᠰᠢᠶᠡᠷᠡᠯ ᠣᠯᠤᠭᠰᠠᠨ ᠪᠥᠭᠡᠳ 2 ᠵᠦᠢᠯ ᠤᠨ ᠸᠠᠺᠼᠢᠨ ᠢ ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠪᠠᠴᠢᠮ ᠬᠡᠷᠡᠭᠯᠡᠬᠦ | ᠬᠠᠭᠤᠳᠠᠰᠤᠨ ᠳᠤ ᠣᠷᠣᠭᠤᠯᠬᠤ ᠵᠦᠪᠰᠢᠶᠡᠷᠡᠯ ᠤᠯᠵᠠᠢ᠃ | ᠬᠡᠳᠦ᠋ᠢᠪᠡᠷ ᠮᠠᠨ ᠤ ᠤᠯᠤᠰ ᠤᠨ ᠤᠯᠤᠰ ᠤᠨ ᠳᠣᠲᠣᠭᠠᠳᠤ ᠶᠢᠨ ᠸᠠᠺᠼᠢᠨ ᠲᠠᠷᠢᠭᠰᠠᠨ ᠬᠡᠮᠵᠢᠶ᠎ᠡ ᠨᠢᠭᠡᠨᠲᠡ 7 ᠳ᠋ᠦᠩᠰᠢᠭᠤᠷ ᠭᠠᠷᠤᠶ ᠤᠳᠠᠭ᠎ᠠ ᠳᠤ ᠬᠦᠷᠴᠦ᠂ | ᠪᠥᠬᠦ ᠳᠡᠯᠡᠬᠡᠶ ᠳᠤ ᠲᠡᠷᠢᠭᠦᠯᠡᠵᠦ ᠪᠠᠶᠢᠭ᠎ᠠ ᠪᠣᠯᠪᠠᠴᠤ ᠵᠠᠭᠤᠨ ᠬᠥᠮᠦᠨ ᠪᠦᠷᠢ ᠳᠠᠬᠢ ᠲᠠᠷᠢᠯᠭ᠎ᠠ ᠶᠢᠨ ᠬᠠᠷᠢᠴᠠᠯ ᠨᠢ ᠤᠷᠢᠲᠠᠵᠤ ᠥᠬᠡᠶ ᠶᠤᠮ᠃ ᠡᠶᠢᠮᠦ ᠪᠠᠶᠢᠳᠠᠯ | ᠳᠤᠤᠷ᠎ᠠ ᠪᠢᠳᠡ ᠬᠢᠯᠢ ᠶᠢᠨ ᠳᠣᠲᠣᠨ᠎ᠠ ᠭᠠᠳᠠᠨᠠᠬᠢ ᠬᠢᠵᠢᠭ ᠤᠨ ᠪᠠᠶᠢᠳᠠᠯ ᠢ ᠦᠨᠳᠦᠰᠦᠯᠡᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠡᠷᠡᠭᠴᠡᠭᠡ ᠶᠢ ᠨᠢᠭᠡᠳᠦᠯᠲᠡᠶ | ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠸᠠᠺᠼᠢᠨ ᠤ ᠬᠠᠩᠭᠠᠯᠭ᠎ᠠ ᠶᠢ ᠵᠦᠶ ᠵᠣᠬᠢᠰᠲᠠᠶ ᠲᠣᠬᠢᠷᠠᠭᠤᠯᠤᠨ᠎ᠠ᠃ ᠮᠠᠨ ᠤ ᠤᠯᠤᠰ ᠤᠨ ᠰᠢᠨ᠎ᠡ ᠲᠢᠲᠢᠮᠯᠢᠭ | ᠸᠠᠺᠼᠢᠨ ᠢ ᠭᠠᠳᠠᠭᠠᠳᠤ ᠳᠤ ᠨᠢᠭᠡᠨᠳᠡ 3.5 ᠳ᠋ᠦᠩᠰᠢᠭᠤᠷ ᠭᠠᠷᠤᠢ ᠬᠤᠪᠢ ᠬᠠᠩᠭᠠᠵᠤ᠂ ᠡᠭᠦᠨ ᠳᠤ 80 ᠭᠠᠷᠤᠢ ᠤᠯᠤᠰ ᠲᠤ ᠬᠠᠨᠳᠢᠪᠯᠠᠵᠤ᠂ 40 ᠭᠠᠷᠤᠢ | ᠤᠯᠤᠰ ᠲᠤ ᠭᠠᠷᠭᠠᠵᠠᠢ᠃ 2020 ᠣᠨ ᠤ 10 ᠰᠠᠷ᠎ᠠ ᠳᠤ᠂ ᠮᠠᠨ ᠤ ᠤᠯᠤᠰ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠬᠡᠷᠡᠭᠵᠢᠭᠦᠯᠬᠦ | ᠲᠥᠯᠥᠪᠯᠡᠭᠡ ︵COVAX︶ ᠳᠤ ᠣᠷᠣᠬᠤ ᠪᠠᠷ ᠨᠡᠶᠢᠲᠡᠯᠡᠵᠦ᠂ 1000 ᠲᠦᠮᠡᠨ ᠬᠤᠪᠢ ᠸᠠᠺᠼᠢᠨ ᠬᠠᠩᠭᠠᠬᠤ ᠪᠠᠷ ᠠᠮᠠᠯᠳᠠᠵᠠᠢ᠃ | ᠬᠢᠵᠢᠭ ᠤᠨ ᠪᠠᠶᠢᠳᠠᠯ ᠢ ᠢᠯᠠᠨ ᠳᠠᠪᠠᠭ᠋ᠤ ᠬᠤᠷᠴᠠ ᠵᠡᠪᠰᠡᠭ ᠪᠤᠯᠪᠠ — ᠳᠡᠯᠡᠬᠡᠢ ᠶᠢᠨ ᠰᠤᠳᠤᠯᠭᠠᠨ ᠳᠤ ᠬᠠᠷᠠᠭᠤᠯᠤᠭᠰᠠᠨ ᠢᠶᠠᠷ ᠳᠤᠮᠳᠠᠳᠤ ᠤᠯᠤᠰ ᠤᠨ | ᠸᠠᠺᠼᠢᠨ ᠨᠢ ᠮᠠᠰᠢ ᠰᠠᠶᠢᠨ ᠬᠠᠮᠠᠭᠠᠯᠠᠬᠤ ᠬᠦᠴᠦᠨ ᠲᠠᠢ | ᠠᠰᠠᠭᠤᠯᠲᠠ᠄ ᠸᠠᠺᠼᠢᠨ ᠪᠣᠯ ᠬᠢᠵᠢᠭ ᠢ ᠢᠯᠠᠬᠤ ᠬᠤᠷᠴᠠ ᠵᠡᠪᠰᠡᠭ ᠮᠥᠨ᠂ ᠣᠯᠠᠨ ᠢᠶᠠᠷ ᠢᠶᠠᠨ ᠸᠠᠺᠼᠢᠨ ᠤ ᠪᠣᠳᠠᠲᠠᠶ ᠬᠠᠮᠠᠭᠠᠯᠠᠬᠤ ᠦᠢᠯᠡᠳᠦᠯ ᠢ ᠮᠠᠰᠢ | ᠠᠩᠬᠠᠷᠴᠤ ᠪᠠᠶᠢᠨ᠎ᠠ᠃ ᠣᠳᠣᠬᠠᠨ ᠳᠤ ᠳᠤᠮᠳᠠᠳᠤ ᠤᠯᠤᠰ ᠤᠨ ᠵᠥᠪᠰᠢᠶᠡᠷᠡᠯ ᠣᠯᠤᠭᠰᠠᠨ ᠸᠠᠺᠼᠢᠨ ᠤ ᠳᠡᠯᠡᠬᠡᠶ ᠳᠠᠬᠢ ᠠᠮᠤᠷ ᠲᠦᠪᠰᠢᠨ ᠴᠢᠨᠠᠷ ᠪᠠ ᠪᠦᠲᠦᠮᠵᠢᠲᠦ | ᠴᠢᠨᠠᠷ ᠨᠢ ᠴᠤᠬᠤᠮ ᠶᠠᠮᠠᠷ ᠪᠣᠶ︖ | ᠬᠠᠷᠢᠭᠤᠯᠲᠠ᠄ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠭ᠎ᠠ ᠪᠣᠯᠬᠤᠷ ᠳᠡᠯᠡᠬᠡᠶ ᠶᠢᠨ ᠬᠠᠮᠠᠭᠠᠯᠠᠯᠲᠠ ᠶᠢᠨ ᠨᠣᠷᠮ᠎ᠠ ᠶᠢ | ᠣᠨᠣᠪᠴᠢᠲᠠᠶ ᠪᠦᠷᠢᠳᠬᠡᠬᠦ ᠳᠤ ᠲᠡᠶᠢᠮᠦ ᠬᠢᠯᠪᠠᠷ ᠪᠢᠰᠢ ᠶᠤᠮ᠂ ᠭᠡᠪᠡᠴᠦ ᠬᠤᠶᠠᠷ ᠬᠡᠷᠡᠭ ᠤᠨ ᠵᠢᠱᠢᠶ᠎ᠡ ᠶᠢ ᠲᠠᠨᠢᠯᠴᠠᠭᠤᠯᠵᠤ ᠪᠣᠯᠤᠨ᠎ᠠ᠃ ᠴᠢᠯᠢ ᠶᠢᠨ ᠡᠷᠡᠭᠦᠯ | ᠬᠠᠮᠠᠭᠠᠯᠠᠯ ᠤᠨ ᠶᠠᠮᠤᠨ ᠤ ᠨᠡᠶᠢᠲᠡᠯᠡᠭᠰᠡᠨ ᠢᠶᠠᠷ᠂ 5 ᠰᠠᠷ᠎ᠠ ᠶᠢᠨ 16 ᠤ ᠡᠳᠦᠷ ᠪᠣᠯᠲᠠᠯ᠎ᠠ᠂ ᠲᠤᠰ ᠤᠯᠤᠰ ᠪᠠᠷᠤᠭ ᠮᠠᠨ ᠤ ᠤᠯᠤᠰ ᠤᠨ ᠺᠧ ᠰᠢᠩ ᠺᠤᠮᠫᠠᠨᠢ ᠶᠢᠨ | 1325 ᠲᠦᠮᠡᠨ ᠬᠤᠪᠢ ᠢᠳᠡᠪᠬᠢ ᠦᠭᠡᠶᠢᠳᠡᠭᠦᠯᠬᠦ ᠸᠠᠺᠼᠢᠨ ᠢ ᠲᠠᠷᠢᠵᠤ᠂ ᠰᠤᠳᠤᠯᠭᠠᠨ ᠤ ᠦᠷ᠎ᠡ ᠳ᠋ᠦᠩ ᠠᠴᠠ ᠦᠵᠡᠪᠡᠯ᠂ ᠬᠤᠶᠠᠳᠤᠭᠠᠷ ᠤᠳᠠᠭ᠎ᠠ ᠶᠢᠨ | ᠸᠠᠺᠼᠢᠨ ᠢ ᠲᠠᠷᠢᠭᠰᠠᠨ ᠤ 14 ᠡᠳᠦᠷ ᠤᠨ ᠳᠠᠷᠠᠭ᠎ᠠ᠂ ᠡᠪᠡᠳᠴᠢᠨ ᠤ ᠢᠯᠡᠷᠡᠯ ᠲᠠᠢ ᠬᠠᠯᠳᠠᠪᠤᠷᠢ ᠤᠯᠬᠤ ᠰᠡᠷᠭᠡᠶᠢᠯᠡᠬᠦ ᠦᠷ᠎ᠡ ᠪᠦᠲᠦᠮᠵᠢ 65.3% ᠳᠤ ᠬᠦᠷᠴᠦ᠂ | ᠡᠮᠨᠡᠯᠭᠡ ᠳᠤ ᠰᠠᠭᠤᠵᠤ ᠡᠮᠨᠡᠭᠦᠯᠬᠦ ᠶᠢ ᠰᠡᠷᠭᠡᠶᠢᠯᠡᠬᠦ ᠦᠷ᠎ᠡ ᠪᠦᠲᠦᠮᠵᠢ 87% ᠳᠤ ᠬᠦᠷᠴᠦ᠂ ᠬᠦᠨᠳᠦ ᠡᠪᠡᠳᠴᠢᠲᠡᠨ ᠤ ᠥᠷᠥᠭᠡ ᠳᠤ ᠣᠷᠣᠬᠤ ᠶᠢ ᠰᠡᠷᠭᠡᠶᠢᠯᠡᠬᠦ | ᠦᠷ᠎ᠡ ᠪᠦᠲᠦᠮᠵᠢ 90.3% ᠳᠤ ᠬᠦᠷᠴᠦ᠂ ᠬᠠᠯᠳᠠᠪᠤᠷᠢ ᠠᠴᠠ ᠪᠣᠯᠵᠣ ᠥᠭᠦᠬᠦ ᠶᠢ ᠰᠡᠷᠭᠡᠶᠢᠯᠡᠬᠦ ᠦᠷ᠎ᠡ ᠪᠦᠲᠦᠮᠵᠢ 86% ᠳᠤ ᠬᠦᠷᠴᠡᠶ᠂ ᠲᠤᠬᠠᠶ ᠶᠢᠨ | ᠭᠠᠵᠠᠷ ᠤᠨ ᠤᠨᠳᠤᠤᠰᠢᠭᠰᠠᠨ ᠸᠢᠷᠦ᠋ᠰ ᠳᠡᠯᠭᠡᠷᠡᠵᠤ ᠪᠠᠶᠢᠭᠰᠠᠨ ᠪᠠᠶᠢᠳᠠᠯ ᠢ ᠪᠣᠳᠣᠯᠬᠢᠯᠠᠭᠠᠳ᠂ ᠮᠠᠨ ᠤ ᠤᠯᠤᠰ ᠤᠨ ᠸᠠᠺᠼᠢᠨ ᠨᠢ ᠤᠨᠳᠤᠤᠰᠢᠭᠰᠠᠨ ᠸᠢᠷᠦ᠋ᠰ ᠢ ᠴᠤ | ᠮᠠᠰᠢ ᠰᠠᠶᠢᠨ ᠰᠡᠷᠭᠡᠶᠢᠯᠡᠬᠦ ᠦᠢᠯᠡᠳᠦᠯ ᠲᠠᠢ᠃ | ᠤᠯᠤᠰ ᠤᠨ ᠳᠣᠲᠣᠭᠠᠳᠤ ᠶᠢᠨ ᠶᠡᠭᠡ ᠬᠡᠪᠴᠢᠶᠡᠨ ᠤ ᠲᠠᠷᠢᠯᠭ᠎ᠠ ᠨᠢ ᠮᠠᠨ ᠤ ᠤᠯᠤᠰ ᠤᠨ ᠸᠠᠺᠼᠢᠨ ᠤ ᠠᠮᠤᠷ ᠲᠦᠪᠰᠢᠨ ᠴᠢᠨᠠᠷ ᠢ ᠭᠦᠢᠴᠡᠳ ᠢᠯᠡᠷᠡᠭᠦᠯᠪᠡ᠃ | ᠪᠦᠷᠢᠳᠬᠡᠯ ᠢ ᠦᠨᠳᠦᠰᠦᠯᠡᠪᠡᠯ᠂ ᠮᠠᠨ ᠤ ᠤᠯᠤᠰ ᠤᠨ 7 ᠳ᠋ᠦᠩᠰᠢᠭᠤᠷ ᠭᠠᠷᠤᠶ ᠤᠳᠠᠭᠠᠨ ᠤ ᠲᠠᠷᠢᠯᠭ᠎ᠠ ᠶᠢᠨ ᠮᠠᠭᠤ ᠢᠯᠡᠷᠡᠯ ᠭᠠᠷᠤᠭᠰᠠᠠ ᠮᠡᠳᠡᠭᠦᠯᠦᠯᠲᠡ ᠶᠢᠨ | ᠡᠭᠦᠰᠬᠦ ᠨᠣᠷᠮ᠎ᠠ ᠨᠢ 11.86 /10 ᠲᠦᠮᠡᠨ ᠤᠳᠠᠭ᠎ᠠ ᠪᠣᠯᠤᠨ᠎ᠠ᠃ ᠡᠭᠦᠨ ᠳᠤ᠂ ᠡᠩ ᠤᠨ ᠲᠤᠰᠬᠠᠯ 83% ᠶᠢ ᠡᠵᠡᠯᠡᠵᠦ᠂ ᠬᠡᠪ ᠤᠨ ᠪᠤᠰᠤ ᠲᠤᠰᠬᠠᠯ | 17% ᠶᠢ ᠡᠵᠡᠯᠡᠵᠦ᠂ ᠡᠩ ᠤᠨ ᠲᠤᠰᠬᠠᠯ᠂ ᠬᠡᠪ ᠤᠨ ᠪᠤᠰᠤ ᠲᠤᠰᠬᠠᠯ ᠤᠨ ᠡᠭᠦᠰᠬᠦ ᠨᠣᠷᠮ᠎ᠠ ᠨᠢ ᠴᠥᠮ 2019 ᠣᠨ ᠤ ᠮᠠᠨ ᠤ ᠤᠯᠤᠰ ᠤᠨ ᠡᠩ ᠤᠨ | ᠲᠠᠷᠢᠯᠭ᠎ᠠ ᠶᠢᠨ ᠡᠯ᠎ᠡ ᠲᠥᠷᠥᠯ ᠤᠨ ᠸᠠᠺᠼᠢᠨ ᠤ ᠳᠤᠮᠳᠠᠴᠢ ᠮᠡᠳᠡᠭᠦᠯᠦᠯᠲᠡ ᠶᠢᠨ ᠬᠢᠷᠢ ᠲᠦᠪᠰᠢᠨ ᠠᠴᠠ ᠳᠤᠤᠷ᠎ᠠ ᠪᠠᠶᠢᠨ᠎ᠠ᠃ | ︽ᠦᠯᠦ ᠬᠠᠯᠳᠠᠭᠠᠬᠤ ᠴᠢᠳᠠᠪᠤᠷᠢ ᠶᠢᠨ ᠤᠷᠲᠤ ᠴᠠᠭᠠᠠ ᠭᠡᠷᠡᠮ︾ ᠢ ᠪᠠᠶᠢᠭᠤᠯᠵᠠᠢ — ᠵᠢᠱᠢᠯᠲᠡ ᠪᠠᠷ ᠵᠢᠯ ᠤᠨ ᠡᠴᠦᠰ ᠠᠴᠠ ᠡᠮᠦᠨ᠎ᠡ ᠨᠠᠭᠠᠳᠤ | ᠵᠠᠬ᠎ᠠ ᠳᠠᠭᠠᠨ 70% ᠶᠢᠨ ᠬᠠᠷᠠᠯᠲᠠᠲᠦ ᠬᠥᠮᠦᠰ ᠸᠠᠺᠼᠢᠨ ᠤ ᠲᠠᠷᠢᠯᠭ᠎ᠠ ᠬᠢᠨ᠎ᠠ | ᠠᠰᠠᠭᠤᠯᠲᠠ᠄ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠮᠡᠳᠡᠭᠦᠯᠦᠯᠲᠡ ᠶᠢ ᠦᠨᠳᠦᠰᠦᠯᠡᠪᠡᠯ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠳᠡᠯᠡᠬᠡᠢ ᠳᠤ ᠨᠢᠭᠡᠨᠲᠡ 300 ᠭᠠᠷᠤᠢ ᠲᠦᠮᠡᠨ ᠬᠥᠮᠦᠨ ᠢ ᠦᠬᠦᠭᠦᠯᠵᠦ᠂ 200 ᠭᠠᠷᠤᠢ ᠤᠯᠤᠰ ᠪᠠ ᠭᠠᠵᠠᠷ | ᠣᠷᠣᠨ ᠢ ᠨᠥᠯᠥᠭᠡᠯᠡᠪᠡ᠃ ᠳᠤᠮᠳᠠᠳᠤ ᠤᠯᠤᠰ ᠶᠠᠭ ᠬᠠᠮᠤᠭ ᠤᠨ ᠶᠡᠭᠡ ᠬᠡᠪᠴᠢᠶ᠎ᠠ ᠲᠠᠢ ᠰᠢᠨ᠎ᠡ ᠲᠢᠲᠢᠮᠯᠢᠭ ᠸᠠᠺᠼᠢᠨ ᠤ ᠲᠠᠷᠢᠯᠭ᠎ᠠ ᠲᠠᠷᠢᠬᠤ ᠶᠢ ᠠᠬᠢᠭᠤᠯᠵᠤ ᠪᠠᠶᠢᠨ᠎ᠠ | ᠂ ᠣᠳᠣᠬᠠᠨ ᠳᠤ ᠠᠬᠢᠴᠠ ᠨᠢ ᠶᠠᠮᠠᠷ ᠵᠡᠷᠭᠡ ᠪᠠᠶᠢᠬᠤ ᠪᠤᠢ︖ ᠡᠭᠡᠯᠢᠯᠡᠭᠡ ᠶᠢᠨ ᠬᠠᠯᠬᠠᠪᠴᠢ ᠪᠠᠶᠢᠭᠤᠯᠬᠤ ᠠᠴᠠ ᠪᠠᠰᠠ ᠬᠡᠳᠦᠶ ᠬᠤᠯᠠ ᠪᠠᠶᠢᠬᠤ ᠪᠤᠢ︖ | ᠬᠠᠷᠢᠭᠤᠯᠲᠠ᠄ 3 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ ᠶᠢᠨ ︽ᠡᠳᠦᠷ ᠤᠨ ᠰᠣᠨᠢᠨ︾ ᠤ | ᠲᠦᠷᠢᠮ ᠢ ᠵᠢᠩᠬᠢᠨᠢ ᠪᠠᠷ ᠡᠬᠢᠯᠡᠭᠦᠯᠪᠡ᠃ 5 ᠰᠠᠷ᠎ᠠ ᠠᠴᠠ ᠨᠠᠭᠠᠰᠢ᠂ ᠸᠠᠺᠼᠢᠨ ᠤ ᠲᠠᠷᠢᠯᠭ᠎ᠠ ︽ᠲᠦᠷᠭᠡᠨ ᠭᠦᠶᠦᠯᠲᠡ︾ ᠳᠤ ᠣᠷᠣᠵᠤ᠂ ᠣᠳᠣᠬᠠᠨ ᠳᠤ ᠪᠦᠬᠦ | ᠤᠯᠤᠰ ᠤᠨ ᠰᠢᠨ᠎ᠡ ᠲᠢᠲᠢᠮᠯᠢᠭ ᠤᠨ ᠸᠠᠺᠼᠢᠨ ᠤ ᠲᠠᠷᠢᠯᠭ᠎ᠠ 7 ᠳ᠋ᠦᠩᠰᠢᠭᠤᠷ ᠤᠳᠠᠭ᠎ᠠ ᠶᠢ ᠳᠠᠪᠠᠵᠤ᠂ ᠳᠤᠮᠳᠠᠳᠤ ᠤᠯᠤᠰ ᠤᠨ ᠸᠠᠺᠼᠢᠨ ᠢ ᠳᠡᠯᠡᠬᠡᠢ ᠳᠡᠭᠡᠷᠡᠬᠢ ᠨᠡᠩ | ᠤᠯᠠᠨ ᠤᠯᠤᠰ ᠮᠡᠳᠡᠷᠡᠵᠦ ᠬᠦᠯᠢᠶᠡᠨ ᠠᠪᠴᠠᠢ᠃ ᠣᠶᠢᠷ᠎ᠠ ᠳᠤ ᠡᠭᠦᠰᠦᠭᠰᠡᠨ ᠲᠤᠬᠠᠶ ᠶᠢᠨ ᠭᠠᠵᠠᠷ ᠤᠨ ᠡᠪᠡᠳᠴᠢᠨ ᠤ ᠵᠢᠱᠢᠶ᠎ᠡ ᠳᠤ᠂ ᠰᠡᠷᠭᠡᠶᠢᠯᠡᠨ ᠡᠵᠡᠮᠳᠡᠬᠦ ᠪᠠᠶᠢᠳᠠᠯ | ᠮᠥᠨ ᠬᠦ ᠬᠦᠨᠳᠦ ᠨᠣᠴᠢᠲᠠᠶ ᠪᠠᠶᠢᠵᠤ᠂ ︽ᠡᠭᠡᠯᠢᠯᠡᠭᠡ ᠶᠢᠨ ᠣᠷᠳᠣ ᠴᠠᠭᠠᠨ ᠬᠡᠷᠡᠮ︾ ᠢ ᠬᠠᠮᠲᠤ ᠪᠠᠷ ᠴᠣᠭᠴᠠᠯᠠᠵᠤ᠂ ︽ᠸᠠᠺᠼᠢᠨ ᠤ ᠲᠠᠲᠠᠭᠠᠯᠵᠠᠯ︾ ᠢ | ᠪᠠᠭᠠᠰᠬᠠᠬᠤ ᠳᠤ ᠲᠠ ᠪᠢᠳᠡᠨ ᠤ ᠳᠡᠮᠵᠢᠯᠭᠡ ᠴᠢᠬᠤᠯᠠᠲᠠᠶ ᠪᠠᠶᠢᠨ᠎ᠠ᠃ | ᠠᠰᠠᠭᠤᠯᠲᠠ᠄ ᠣᠯᠠᠨ ᠨᠡᠶᠢᠲᠡ ᠶᠢᠨ ᠠᠩᠬᠠᠷᠴᠤ ᠪᠠᠶᠢᠭ᠎ᠠ ᠸᠢᠷᠦ᠋ᠰ ᠤᠨ ᠤᠨᠳᠤᠤᠰᠢᠯ ᠤᠨ ᠸᠠᠺᠼᠢᠨ ᠳᠤ ᠦᠵᠡᠭᠦᠯᠬᠦ ᠨᠥᠯᠥᠭᠡ ᠳᠤ ᠴᠢᠭᠯᠡᠭᠦᠯᠦᠨ᠂ ᠪᠢᠳᠡ | ᠪᠠᠰᠠ ᠶᠠᠮᠠᠷ ᠶᠠᠮᠠᠷ ᠰᠢᠨ᠎ᠡ ᠰᠤᠳᠤᠯᠭᠠᠨ ᠬᠢᠵᠦ ᠪᠠᠶᠢᠬᠤ ᠪᠤᠢ︖ ᠮᠠᠨᠠᠨᠲᠤᠭᠤᠯᠤᠨ ᠰᠣᠷᠣᠬᠤ ᠬᠡᠯᠪᠡᠷᠢ ᠶᠢᠨ ᠰᠢᠨ᠎ᠡ ᠲᠢᠲᠢᠮᠯᠢᠭ ᠤᠨ ᠸᠠᠺᠼᠢᠨ ᠢ ᠪᠠᠴᠢᠮ ᠬᠡᠷᠡᠭᠯᠡᠵᠦ | ᠪᠠᠶᠢᠭ᠎ᠠ ᠠᠬᠢᠴᠠ ᠶᠠᠮᠠᠷ ᠵᠡᠷᠭᠡ ᠪᠠᠶᠢᠬᠤ ᠪᠣᠶ︖ ᠸᠠᠺᠼᠢᠨ ᠢ ᠪᠠᠴᠢᠮ ᠬᠡᠷᠡᠭᠯᠡᠬᠦ ᠨᠠᠰᠤ ᠶᠢ ᠳᠠᠬᠢᠨ ᠥᠷᠭᠡᠳᠬᠡᠬᠦ ᠦᠦ︖ | ᠬᠠᠷᠢᠭᠤᠯᠲᠠ᠄ ᠨᠢᠭᠡᠳᠦᠭᠡᠷ ᠲᠤ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠵᠠᠯᠭᠠᠮᠵᠢ ᠬᠠᠮᠢᠶ᠎ᠠ ᠪᠥᠬᠦᠶ ᠰᠤᠳᠤᠯᠭᠠᠨ ᠢ | ᠢᠳᠡᠪᠬᠢᠲᠡᠶ ᠠᠬᠢᠭᠤᠯᠤᠨ᠎ᠠ᠂ ᠡᠭᠦᠨ ᠳᠤ ᠦᠨᠡᠡ ᠪᠤᠲᠠᠲᠠᠢ ᠲᠡᠯᠡᠭᠡᠢ ᠶᠢᠨ ᠰᠤᠲᠤᠯᠭᠠᠠ᠂ ᠡᠭᠡᠯᠢᠯᠡᠭᠡ ᠶᠢᠨ ᠳᠠᠭᠠᠭᠠᠮᠠᠭᠠᠶ ᠴᠢᠨᠠᠷ ᠤᠨ ᠰᠤᠳᠤᠯᠭᠠᠨ ᠵᠡᠷᠭᠡ ᠶᠢ | ᠪᠠᠭᠲᠠᠭᠠᠵᠤ᠂ ᠸᠠᠺᠼᠢᠨ ᠢ ᠴᠢᠨᠠᠭᠰᠢᠲᠠ ᠶᠡᠭᠡ ᠬᠡᠪᠴᠢᠶ᠎ᠡ ᠲᠠᠢ ᠪᠠᠷ ᠬᠡᠷᠡᠭᠯᠡᠬᠦ ᠳᠤ ᠯᠠᠪᠯᠠᠯᠲᠠ ᠬᠠᠩᠭᠠᠨ᠎ᠠ᠃ | ᠬᠤᠶᠠᠳᠤᠭᠠᠷ ᠲᠤ᠂ ᠣᠳᠣᠬᠠᠨ ᠤ ᠰᠤᠳᠤᠯᠭᠠᠨ ᠠᠴᠠ ᠦᠵᠡᠪᠡᠯ᠂ ᠣᠲᠣ ᠶᠢᠨ ᠸᠠᠺᠼᠢᠨ ᠨᠢ ᠣᠲᠣ ᠶᠢᠨ ᠸᠢᠷᠦ᠋ᠰ ᠤᠨ ᠤᠨᠳᠤᠤᠰᠢᠯ ᠢ ᠡᠵᠡᠮᠳᠡᠵᠦ ᠴᠢᠳᠠᠨ᠎ᠠ᠃ | ᠭᠡᠪᠡᠴᠦ ᠵᠠᠪᠠᠯ ᠤᠷᠢᠳᠴᠢᠯᠠᠨ ᠪᠡᠯᠡᠳᠬᠡᠯ ᠬᠢᠬᠦ ᠬᠡᠷᠡᠭᠲᠡᠶ᠂ ᠸᠢᠷᠦ᠋ᠰ ᠮᠥᠨ ᠬᠦ ᠪᠥᠬᠦ ᠳᠡᠯᠡᠬᠡᠶ ᠶᠢᠨ ᠬᠡᠪᠴᠢᠶᠡᠨ ᠳᠤ ᠲᠦᠷᠭᠡᠨ ᠲᠠᠷᠬᠠᠵᠤ ᠪᠠᠶᠢᠭ᠎ᠠ ᠪᠠᠶᠢᠳᠠᠯ ᠳᠤᠤᠷ᠎ᠠ | ᠂ ᠪᠢᠳᠡ ᠡᠷᠬᠡᠪᠰᠢ ᠸᠢᠷᠦ᠋ᠰ ᠤᠨ ᠤᠨᠳᠤᠤᠰᠢᠭᠰᠠᠨ ᠪᠠᠶᠢᠳᠠᠯ ᠢ ᠴᠢᠩᠭ᠎ᠠ ᠬᠢᠨᠠᠨ ᠬᠡᠮᠵᠢᠵᠦ᠂ ᠰᠢᠨ᠎ᠡ ᠲᠢᠲᠢᠮᠯᠢᠭ ᠸᠢᠷᠦ᠋ᠰ ᠤᠨ ᠬᠦᠨᠳᠦ ᠨᠣᠴᠢᠲᠠᠶ ᠤᠨᠳᠤᠤᠰᠢᠯ ᠢ | ᠰᠡᠷᠭᠡᠶᠢᠯᠡᠵᠦ ᠴᠢᠲᠠᠬᠤ ᠸᠠᠺᠼᠢᠨ ᠢ ᠰᠤᠳᠤᠯᠤᠨ ᠨᠡᠭᠡᠭᠡᠬᠦ ᠠᠵᠢᠯ ᠢ ᠤᠷᠢᠳᠴᠢᠯᠠᠨ ᠰᠠᠶᠢᠲᠤᠷ ᠬᠢᠬᠦ ᠬᠡᠷᠡᠭᠲᠡᠶ᠃ | ᠭᠤᠷᠪᠠᠳᠤᠭᠠᠷ ᠲᠤ᠂ ᠨᠠᠩ ᠣᠯᠠᠨ ᠸᠠᠺᠼᠢᠨ ᠤ Ⅲ ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠥᠷᠨᠢᠭᠦᠯᠬᠦ ᠶᠢ ᠢᠳᠡᠪᠬᠢᠲᠡᠶ ᠠᠬᠢᠭᠤᠯᠵᠤ᠂ ᠨᠠᠩ ᠣᠯᠠᠨ | ᠸᠠᠺᠼᠢᠨ ᠤ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠵᠤ᠂ ᠨᠠᠩ ᠶᠡᠭᠡ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠡᠴᠦᠰ ᠤᠨ ᠬᠠᠷᠠᠯᠲᠠ ᠪᠣᠯ | ᠸᠠᠺᠼᠢᠨ ᠤ ᠬᠠᠩᠭᠠᠯᠭ᠎ᠠ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃ | ᠳᠥᠷᠪᠡᠳᠦᠭᠡᠷ ᠲᠤ᠂ ᠬᠠᠮᠠᠷ ᠢᠶᠠᠷ ᠰᠦᠷᠴᠢᠬᠦ ᠸᠠᠺᠼᠢᠨ ᠪᠣᠯ ᠮᠦᠨ ᠴᠤ ᠮᠠᠨ ᠤ ᠬᠠᠮᠤᠭ ᠤᠨ ᠡᠷᠲᠡ ᠪᠠᠶᠢᠷᠢᠯᠠᠭᠤᠯᠤᠭᠰᠠᠨ ᠮᠡᠷᠭᠡᠵᠢᠯ ᠤᠨ ᠱᠤᠭᠤᠮ ᠤᠨ ᠨᠢᠭᠡ | ᠪᠣᠯᠤᠨ᠎ᠠ᠂ ᠣᠳᠣᠬᠠᠨ ᠳᠤ ᠬᠤᠯᠪᠣᠭᠳᠠᠯ ᠪᠦᠬᠦᠢ ᠨᠢᠭᠡᠴᠢ ᠶᠠᠭ ᠬᠠᠮᠠᠷ ᠢᠶᠠᠷ ᠰᠦᠷᠴᠢᠬᠦ ᠪᠠ ᠮᠠᠨᠠᠨᠲᠤᠭᠤᠯᠵᠦ ᠰᠤᠷᠤᠬᠤ ᠮᠠᠶ᠋ᠢᠭ ᠤᠨ ᠰᠢᠨ᠎ᠡ ᠲᠢᠲᠢᠮᠯᠢᠭ ᠤᠨ | ᠸᠠᠺᠼᠢᠨ ᠤ ᠡᠮᠴᠢᠯᠡᠭᠡᠨ ᠤ ᠲᠤᠷᠰᠢᠯᠲᠠ ᠶᠢ ᠥᠷᠨᠢᠭᠦᠯᠬᠦ ᠶᠢᠨ ᠬᠠᠮᠲᠤ ᠲᠤᠭ᠎ᠠ ᠪᠠᠷᠢᠮᠲᠠ ᠶᠢ ᠪᠦᠷᠢᠳᠬᠡᠨ ᠵᠠᠳᠠᠯᠤᠯᠲᠠ ᠬᠢᠵᠦ ᠪᠠᠶᠢᠨ᠎ᠠ᠂ ᠲᠤᠭ᠎ᠠ ᠪᠠᠷᠢᠮᠲᠠ | ᠦᠨᠳᠦᠰᠦᠨ ᠳᠡᠭᠡᠨ ᠪᠦᠷᠢᠨ ᠪᠣᠯᠤᠭᠰᠠᠨ ᠤ ᠳᠠᠷᠠᠭ᠎ᠠ᠂ ᠪᠢᠳᠡ ᠲᠣᠬᠢᠷᠠᠮᠵᠢᠲᠠᠢ ᠦᠶ᠎ᠡ ᠳᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠲᠡᠭᠦᠨ ᠤ ᠠᠮᠤᠷ | ᠲᠦᠪᠰᠢᠨ ᠴᠢᠨᠠᠷ ᠪᠠ ᠪᠦᠳᠦᠮᠵᠢᠳᠤ ᠴᠢᠨᠠᠷ ᠢ ᠨᠤᠲᠠᠯᠠᠭᠤᠯᠤᠨ᠎ᠠ᠃ | ᠲᠠᠪᠤᠳᠤᠭᠠᠷ ᠲᠤ᠂ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠢ ᠬᠡᠷᠡᠭᠯᠡᠬᠦ ᠬᠥᠮᠦᠰ ᠨᠢᠭᠡᠨᠲᠡ 18 ᠨᠠᠰᠤᠨ ᠠᠴᠠ | ᠳᠡᠭᠡᠭᠰᠢ ᠪᠤᠯᠵᠤ᠂ ᠲᠠᠷᠢᠬᠴᠢᠳ ᠤᠨ ᠬᠠᠮᠤᠭ ᠤᠨ ᠶᠡᠭᠡ ᠨᠠᠰᠤ ᠨᠢ 100 ᠨᠠᠰᠤ ᠶᠢ ᠳᠠᠪᠠᠭᠰᠠᠨ ᠪᠠᠶᠢᠨ᠎ᠠ᠃ ᠣᠳᠣᠬᠠᠨ ᠳᠤ ᠲᠤᠰᠬᠠᠶ ᠮᠡᠷᠭᠡᠵᠢᠯᠲᠡᠨ ᠨᠢᠭᠡᠨᠲᠡ | 3 ᠠᠴᠠ 17 ᠨᠠᠰᠤᠨ ᠤ ᠬᠥᠮᠦᠰ ᠤᠨ ᠸᠠᠺᠼᠢᠨ ᠬᠡᠷᠡᠭᠯᠡᠬᠦ ᠠᠶᠤᠯᠭᠦᠶ ᠴᠢᠨᠠᠷ ᠪᠠ ᠪᠦᠳᠦᠮᠵᠢᠳᠦ ᠴᠢᠨᠠᠷ ᠲᠤ ᠨᠤᠲᠠᠯᠠᠯᠲᠠ ᠬᠢᠵᠦ ᠪᠠᠶᠢᠨ᠎ᠠ᠂ ᠤᠯᠤᠰ ᠤᠨ | ᠬᠤᠯᠪᠣᠭᠳᠠᠯ ᠪᠥᠬᠦᠶ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠡᠷᠡᠭᠴᠡᠭᠡ ᠪᠠᠨ ᠦᠨᠳᠦᠰᠦᠯᠡᠨ ᠡᠲᠡᠭᠡᠷ ᠬᠥᠮᠦᠰ ᠲᠤ ᠬᠡᠷᠡᠭᠯᠡᠬᠦ ᠪᠣᠯᠤᠨ᠎ᠠ᠃ | ᠵᠢᠷᠭᠤᠳᠤᠭᠠᠷ ᠲᠤ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠪᠦᠬᠦ ᠲᠡᠯᠡᠭᠡᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ | ᠪᠠᠶᠢᠭ᠎ᠠ ᠪᠣᠳᠠᠲᠤ ᠪᠠᠶᠢᠳᠠᠯ ᠢ ᠦᠨᠳᠦᠰᠦᠯᠡᠨ᠂ ᠰᠢᠨ᠎ᠡ ᠲᠢᠲᠢᠮᠯᠢᠭ ᠤᠨ ᠠᠭᠤᠰᠬᠢᠨ ᠦᠷᠪᠢᠰᠦᠯ ᠸᠠᠺᠼᠢᠨ ᠢ ᠪᠠᠴᠢᠮ ᠬᠡᠷᠡᠭᠯᠡᠬᠦ ᠨᠠᠷᠢᠨ ᠲᠠᠩᠰᠠ ᠶᠢᠨ ᠲᠦᠷᠢᠮ ᠳᠤ | ᠴᠠᠭ ᠲᠤᠬᠠᠢ ᠳᠤᠨᠢ ᠲᠤᠬᠢᠷᠠᠭᠤᠯᠤᠯᠳᠠ ᠬᠢᠬᠦ ᠶᠢ ᠪᠢᠳᠡ ᠪᠠᠰᠠ ᠰᠠᠨᠠᠭᠠᠴᠢᠯᠠᠵᠤ ᠪᠠᠶᠢᠨ᠎ᠠ᠃ ᠵᠢᠱᠢᠶᠡᠯᠡᠪᠡᠯ᠂ ᠠᠮᠢᠲᠠᠨ ᠤ ᠲᠤᠷᠰᠢᠯᠲᠠ᠂ Ⅰ/Ⅱ ᠬᠤᠭᠤᠴᠠᠭᠠᠨ ᠤ | ᠡᠮᠴᠢᠯᠡᠭᠡᠨ ᠤ ᠲᠤᠷᠰᠢᠯᠲᠠ ᠶᠢᠨ ᠦᠷ᠎ᠡ ᠪᠦᠲᠦᠮᠵᠢ ᠨᠢ ᠮᠠᠰᠢ ᠰᠠᠶᠢᠨ ᠪᠠᠶᠢᠵᠤ᠂ ᠦᠢᠯᠡᠳᠪᠦᠷᠢᠯᠡᠯ ᠨᠢ ᠴᠦ GMP ᠶᠢᠨ ᠪᠠᠷᠢᠮᠵᠢᠶ᠎ᠠ ᠳᠤ ᠪᠦᠷᠢᠮᠦᠰᠦᠨ ᠨᠡᠶᠢᠴᠡᠵᠦ | ᠪᠠᠶᠢᠬᠤ ᠪᠣᠯᠬᠤᠷ Ⅲ ᠬᠤᠭᠤᠴᠠᠭᠠᠨ ᠤ ᠡᠮᠴᠢᠯᠡᠭᠡᠨ ᠤ ᠲᠤᠷᠰᠢᠯᠲᠠ ᠶᠢ ᠬᠡᠯᠲᠦᠷᠢᠭᠦᠯᠬᠦ ᠶᠢ ᠪᠣᠳᠣᠯᠬᠢᠯᠠᠵᠤ᠂ ᠰᠠᠭᠠᠷᠮᠠᠭᠵᠢᠭᠰᠠᠨ ᠲᠠᠭᠠᠭᠠᠭᠴᠢ ᠶᠢ ᠪᠣᠷᠣᠯᠠᠬᠤ | ᠭᠦᠢᠴᠡᠳᠭᠡᠯ ᠲᠤᠭ᠎ᠠ ᠪᠣᠯᠭᠠᠪᠠᠯ ᠵᠣᠬᠢᠨ᠎ᠠ᠂ ᠢᠩᠭᠢᠪᠡᠯ ᠸᠠᠺᠼᠢᠨ ᠤ ᠬᠠᠩᠭᠠᠯᠭ᠎ᠠ ᠶᠢᠨ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠃ | ︵ᠰᠢᠨᠬᠤᠸᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 6 ᠤ ᠴᠠᠬᠢᠯᠭᠠᠨ ᠮᠡᠳᠡᠭᠡ ᠠᠴᠠ︶ | | | |