ᠰᠤᠷᠪᠤᠯᠵᠢᠯᠠᠭᠴᠢ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠣᠶᠢᠯᠠᠭᠠᠭᠰᠠᠨ ᠢᠶᠠᠷ᠂ ᠳᠤᠮᠳᠠᠳᠤ | ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠪᠣᠯᠤᠨ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ | ᠬᠠᠮᠲᠤᠷᠠᠨ ᠮᠠᠨ ᠤ ᠣᠷᠣᠨ ᠤ 12 ᠠᠶᠢᠮᠠᠭ ᠬᠤᠲᠠ ᠳᠤ 20 ︽ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠨᠡᠯᠭᠡ ᠶᠢᠨ ᠲᠠᠰᠤᠭ︾ ᠢ ᠲᠠᠳᠬᠦᠨ ᠪᠠᠶᠢᠭᠤᠯᠵᠤ᠂ | ᠵᠢᠱᠢᠯᠲᠡ ᠪᠠᠷ ᠵᠢᠯ ᠤᠨ ᠰᠡᠬᠦᠯᠴᠢ ᠪᠠᠷ ᠪᠠᠶᠢᠭᠤᠯᠵᠤ ᠳᠠᠭᠤᠰᠬᠠᠬᠤ ᠪᠣᠯᠤᠨ᠎ᠠ᠃ | ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠰᠠᠭᠤᠷᠢ ᠮᠥᠩᠭᠦᠨ ᠤ ᠨᠡᠶᠢᠭᠡᠮᠯᠢᠭ ᠤᠨ ︽ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ ᠡᠮᠨᠡᠯᠭᠡ ᠶᠢᠨ | ᠲᠠᠰᠤᠭ︾ ᠤᠨ ᠲᠥᠷᠥᠯ ᠵᠦᠢᠯ ᠨᠢ ᠰᠤᠷᠭᠠᠭᠤᠯᠢ ᠶᠢᠨ ᠬᠦᠷᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠵᠤ᠂ ᠰᠤᠷᠭᠠᠭᠤᠯᠢ ᠳᠤ | ᠪᠠᠶᠢᠭ᠎ᠠ ᠪᠠᠭᠰᠢ ᠰᠤᠷᠤᠭᠴᠢᠳ ᠤᠨ ᠠᠮᠢ ᠨᠠᠰᠤ ᠪᠠ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ ᠶᠤᠮ᠃ ᠲᠥᠷᠥᠯ ᠵᠦᠢᠯ ᠨᠢ ᠨᠡᠶᠢᠲᠡ 200 ᠲᠦᠮᠡᠨ | ᠲᠥᠭᠦᠷᠢᠭ ᠤᠨ ᠪᠠᠯᠠ ᠣᠷᠣᠭᠤᠯᠵᠤ᠂ ᠰᠤᠷᠭᠠᠭᠤᠯᠢ ᠶᠢᠨ ᠡᠮᠨᠡᠯᠭᠡ ᠶᠢᠨ ᠲᠠᠰᠤᠭ ᠢ ᠲᠡᠳᠬᠦᠨ ᠪᠠᠶᠢᠭᠤᠯᠵᠤ᠂ ᠠᠯᠪᠠᠨ ᠬᠡᠷ ᠤᠨ ᠬᠡᠷᠡᠭᠰᠡᠯ᠂ ᠲᠥᠬᠦᠭᠡᠷᠦᠮᠵᠢ ᠵᠢᠴᠢ | ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡᠨ ᠤ ᠡᠳ᠋ ᠪᠣᠳᠠᠰ ᠵᠡᠷᠭᠡ ᠶᠢ ᠲᠣᠬᠢᠷᠠᠭᠤᠯᠤᠨ᠎ᠠ᠃ ᠡᠭᠦᠨ ᠤ ᠬᠠᠮᠲᠤ᠂ ︽ᠲᠦᠭᠡᠮᠡᠯ ᠬᠠᠶᠢᠷ᠎ᠠ ᠶᠢᠨ ᠰᠤᠷᠭᠠᠭᠤᠯᠢ ᠶᠢᠨ | ᠡᠮᠨᠡᠯᠭᠡ ᠶᠢᠨ ᠲᠠᠰᠤᠭ︾ ᠤᠨ ᠰᠤᠷᠭᠠᠭᠤᠯᠢ ᠶᠢᠨ ᠡᠮᠴᠢ ᠶᠢᠨ ᠬᠦᠴᠦᠨ ᠳᠤ ᠲᠦᠰᠢᠭᠯᠡᠨ ᠰᠤᠷᠭᠠᠭᠤᠯᠢ ᠶᠢᠨ ᠬᠦᠷᠢᠶᠡᠨ ᠤ ᠡᠷᠡᠭᠦᠯ ᠮᠡᠨᠳᠦ ᠶᠢᠨ ᠬᠥᠮᠦᠵᠢᠯ᠂ ᠪᠠᠴᠢᠮ | ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠣᠯᠪᠠᠰᠤᠷᠠᠯ ᠵᠡᠷᠭᠡ ᠠᠵᠢᠯᠯᠠᠭ᠎ᠠ ᠶᠢ ᠥᠷᠨᠢᠭᠦᠯᠵᠦ᠂ ᠰᠤᠷᠤᠭᠴᠢᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ | ᠪᠠᠶᠢᠭᠤᠯᠬᠤ᠂ ᠰᠤᠷᠭᠠᠭᠤᠯᠢ ᠶᠢᠨ ᠬᠦᠷᠢᠶᠡᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠳᠡᠯᠭᠡ | ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠵᠡᠷᠭᠡ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠂ ︽ᠠᠷᠠᠳ ᠲᠤ ᠪᠣᠳᠠᠲᠤ ᠶᠠᠪᠤᠳᠠᠯ ᠬᠢᠵᠦ ᠥᠭᠬᠦ︾ ᠶᠢ ᠦᠨᠡᠨ ᠬᠦ | ᠪᠡᠶᠡᠯᠡᠭᠦᠯᠬᠦ ᠪᠤᠯᠤᠨ᠎ᠠ᠃ | | |