— ᠮᠠᠯᠴᠢᠨ ᠲᠠᠷᠢᠶᠠᠴᠢᠨ ᠳᠤ ᠠᠰᠢᠬ ᠬᠦᠷᠳᠡᠭᠡᠬᠦ ᠲᠦᠷᠦ ᠶᠢᠨ ᠪᠤᠳᠤᠯᠭ᠎ᠠ ᠶᠢᠨ ᠲᠤᠬᠠᠢ ᠰᠢᠷᠢᠰ ᠰᠤᠷᠪᠤᠯᠵᠢᠯᠠᠭ᠎ᠠ ③ | ᠮᠠᠨ ᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠮᠧᠬᠠᠨᠢᠭᠵᠢᠭᠤᠯᠤᠯᠳᠡ ᠶᠢ ᠪᠥᠬᠦ ᠶᠠᠪᠤᠴᠠ ᠳᠤ ᠪᠥᠬᠦ ᠲᠠᠯ᠎ᠠ ᠶᠢᠨ ᠴᠢᠨᠠᠷ ᠰᠠᠶᠢᠲᠠᠶ ᠥᠨᠳᠥᠷ ᠦᠷ᠎ᠡ | ᠪᠦᠲᠦᠮᠵᠢᠲᠡᠶ ᠲᠠᠶᠢᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠡ ᠶᠢ ᠲᠦᠷᠭᠡᠳᠭᠡᠬᠦ ᠶᠢᠨ ᠲᠦᠯᠦᠬᠡ᠂ | 2021 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠨᠢᠬᠡ ᠡᠭᠡᠯᠵᠢ ᠶᠢᠨ ᠭᠤᠷᠪᠠᠨ ᠵᠢᠯ ᠤᠨ ᠬᠤᠭᠤᠴᠠᠭ᠎ᠠ ᠲᠠᠢ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠪᠤᠯᠤᠯ᠎ᠠ᠃ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠤᠷᠢ ᠶᠢ ᠥᠪᠡᠷᠲᠡᠭᠡᠨ ᠵᠠᠰᠠᠬᠤ ᠣᠷᠣᠨ ᠤ ᠬᠠᠷᠢᠶᠠᠨ ᠳᠣᠲᠣᠷᠠᠬᠢ ᠮᠠᠯ ᠠᠵᠤ ᠠᠬᠤᠶ ᠲᠠᠷᠢᠶᠠᠯᠠᠩ ᠤᠨ | ᠦᠢᠯᠡᠳᠪᠦᠷᠢᠯᠡᠯ ᠡᠷᠬᠢᠯᠡᠵᠦ ᠪᠠᠶᠢᠭ᠎ᠠ ᠬᠤᠪᠢ ᠬᠥᠮᠦᠨ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠬᠢᠵᠤ ᠪᠠᠶᠢᠭ᠎ᠠ ᠵᠣᠬᠢᠶᠠᠨ | ᠪᠠᠶᠢᠭᠤᠯᠤᠯᠲᠠ ᠳᠤ ᠤᠯᠭᠤᠨ᠎ᠠ᠃ ᠡᠬᠦᠨ ᠳᠤ᠂ ᠲᠦᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠮᠠᠰᠢᠨ | ᠪᠠᠭᠠᠵᠢ ᠶᠢᠨ ᠲᠦᠷᠦᠯ ᠵᠦᠢᠯ ᠤᠨ ᠬᠡᠪᠴᠢᠶ᠎ᠠ ᠨᠢ 12 ᠶᠡᠭᠡ ᠲᠥᠷᠥᠯ ᠤᠨ 27 ᠪᠠᠭ᠎ᠠ ᠲᠥᠷᠥᠯ ᠤᠨ 69 ᠲᠠᠧᠠᠷ ᠤᠨ ᠨᠡᠷ᠎ᠠ ᠲᠦᠷᠦᠯ ᠪᠤᠢ᠃ | ᠥᠪᠡᠷᠲᠡᠭᠡᠨ ᠵᠠᠰᠠᠬᠤ ᠣᠷᠣᠨ ᠠᠴᠠ ᠮᠠᠯᠵᠢᠬᠤ ᠣᠷᠣᠨ ᠤ ᠮᠠᠯᠴᠢᠳ ᠮᠠᠯ ᠠᠵᠤ ᠠᠬᠤᠶ ᠶᠢᠨ ᠮᠠᠰᠢᠨ ᠬᠤᠳᠠᠯᠳᠤᠨ ᠠᠪᠬᠤ ᠳᠤ ᠨᠡᠮᠡᠵᠤ ᠨᠦᠬᠦᠪᠤᠷᠢ ᠦᠭᠬᠦ | ᠪᠤᠶᠤ ᠲᠤᠰᠬᠠᠢ ᠨᠥᠬᠦᠪᠥᠷᠢ ᠥᠭᠬᠦ ᠶᠢ ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠤᠭᠰᠠᠨ | ᠦᠭᠡᠶ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠣᠨᠴᠠᠯᠢᠭᠲᠤ ᠬᠥᠭᠵᠢᠯᠲᠡ ᠳᠤ ᠬᠡᠷᠡᠭᠰᠡᠬᠦ ᠮᠠᠯ ᠠᠵᠤ ᠠᠬᠤᠶ ᠶᠢᠨ ᠮᠠᠰᠢᠨ ᠪᠠᠭᠠᠵᠢ ᠶᠢ ᠳᠡᠭᠡᠷ᠎ᠡ | ᠵᠢᠯ ᠤᠨ ᠳᠤᠮᠳᠠᠴᠢ ᠪᠣᠷᠣᠯᠠᠭᠤᠯᠭ᠎ᠠ ᠶᠢᠨ ᠦᠨ᠎ᠡ ᠬᠠᠩᠰᠢ ᠶᠢᠨ 30 % ᠠᠴᠠ ᠲᠠᠪᠠᠭᠤᠯᠬᠤ ᠦᠬᠡᠢ ᠪᠠᠷ ᠲᠥᠰᠦᠭᠡᠯᠡᠨ ᠪᠤᠳᠤᠬᠤ ᠶᠤᠮ ᠪᠠᠶᠢᠨ᠎ᠠ᠃ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠡᠯᠡ ᠮᠥᠩᠭᠦ ᠶᠢ ᠵᠥᠪᠬᠡᠨ 33 ᠮᠠᠯᠵᠢᠬᠤ ᠬᠤᠰᠢᠭᠤ ᠰᠢᠶᠠᠨ ᠪᠣᠯᠤᠨ 21 ᠬᠠᠭᠠᠰ ᠲᠠᠷᠢᠶᠠᠯᠠᠬᠤ | ᠬᠠᠭᠠᠰ ᠮᠠᠯᠵᠢᠬᠤ ᠬᠤᠰᠢᠭᠤ ᠰᠢᠶᠠᠨ ᠤ ᠮᠠᠯᠴᠢᠳ ᠪᠣᠯᠤᠨ ᠮᠠᠯᠴᠢᠳ ᠤᠨ ᠡᠵᠡᠩᠨᠡᠵᠤ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠳᠤ | ᠬᠠᠨᠳᠤᠭᠤᠯᠵᠡᠢ᠃ | ᠮᠠᠨ ᠤ ᠤᠷᠤᠨ ᠤ ᠨᠦᠬᠦᠪᠤᠷᠢ ᠶᠢᠨ ᠬᠡᠪᠴᠢᠶᠡᠨ ᠳᠤ ᠤᠷᠤᠭᠤᠯᠤᠭᠰᠠᠨ ᠮᠠᠰᠢᠨ ᠮᠠᠰᠢ ᠤᠯᠠᠨ ᠪᠠᠶᠢᠨ᠎ᠠ᠃ ᠪᠤᠳᠠᠳᠡᠢ ᠨᠦᠬᠦᠪᠤᠷᠢ ᠶᠢᠨ ᠪᠡᠷᠢᠮᠵᠢᠶ᠎ᠠ ᠶᠢ ︽ | ᠦᠪᠡᠷᠳᠡᠭᠡᠨ ᠵᠠᠰᠠᠬᠤ ᠤᠷᠤᠨ ᠤ 2021 — 2023 ᠤᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠦᠬᠦᠪᠤᠷᠢ ᠤᠯᠭᠤᠬᠤ ᠮᠠᠰᠢᠨ ᠪᠠᠭᠠᠵᠢ ᠶᠢᠨ | ᠨᠦᠬᠦᠪᠤᠷᠢ ᠶᠢᠨ ᠵᠤᠭᠤᠰ ᠤᠨ ᠲᠤᠭ᠎ᠠ ᠶᠢᠨ ᠨᠠᠷᠢᠨ ᠬᠦᠰᠦᠨᠦᠭᠳᠤ︾ ᠠᠴᠠ ᠯᠠᠪᠯᠠᠵᠤ ᠪᠤᠯᠤᠨ᠎ᠠ᠃ ᠲᠡᠭᠡᠪᠡᠯ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠨᠦᠬᠦᠪᠤᠷᠢ ᠨᠢ ᠲᠤᠭᠳᠠᠭᠰᠠᠨ ᠲᠤᠭᠠᠨ ᠤ ᠨᠦᠬᠦᠪᠤᠷᠢ ᠶᠢ ᠬᠡᠷᠡᠭᠵᠢᠬᠦᠯᠬᠦ ᠪᠠᠷ ᠪᠠᠷᠢᠮᠵᠢᠶᠠᠯᠠᠬᠤ ᠪᠤᠯᠤᠨ᠎ᠠ᠃ ᠮᠠᠨ ᠤ ᠣᠷᠣᠨ ᠬᠦᠳᠡᠭᠡ ᠠᠵᠤ ᠠᠬᠤᠢ ᠬᠥᠳᠡᠭᠡ | ᠲᠣᠰᠬᠤᠨ ᠤ ᠶᠠᠮᠤᠨ᠂ ᠡᠳ᠋ ᠤᠨ ᠵᠠᠰᠠᠭ ᠤᠨ ᠶᠠᠮᠤᠨ ᠠᠴᠠ ᠲᠤᠭᠳᠠᠭᠠᠨ ᠨᠡᠶᠢᠲᠡᠯᠡᠭᠰᠡᠨ ᠪᠥᠬᠦ ᠤᠯᠤᠰ ᠤᠨ ᠨᠥᠬᠦᠪᠥᠷᠢ ᠶᠢᠨ ᠬᠡᠪᠴᠢᠶᠡᠨ ᠳᠠᠬᠢ ᠡᠯ᠎ᠡ ᠮᠠᠰᠢᠨ | ᠪᠠᠭᠠᠵᠢ ᠪᠠᠷ ᠦᠨᠳᠦᠰᠦᠯᠡᠯ ᠪᠣᠯᠭᠠᠬᠤ ᠶᠢᠨ ᠬᠠᠮᠲᠤ᠂ ᠠᠳᠠᠯᠢ ᠲᠠᠰ ᠤᠨ ᠦᠢᠯᠡᠳᠬᠦᠨ ᠤ ᠳᠡᠭᠡᠷ᠎ᠡ ᠵᠢᠯ ᠤᠨ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠳᠤᠮᠳᠠᠴᠢ | ᠦᠨ᠎ᠡ ᠶᠢᠨ ᠲᠥᠰᠦᠭᠡᠯᠡᠨ ᠪᠤᠳᠤᠯᠲᠠ ᠶᠢ ᠦᠨᠳᠦᠰᠦᠯᠡᠨ ᠡᠯ᠎ᠡ ᠲᠠᠰ ᠤᠨ ᠨᠥᠬᠦᠪᠥᠷᠢ ᠶᠢᠨ ᠬᠡᠮᠵᠢᠶ᠎ᠠ ᠶᠢ ᠲᠣᠭᠲᠠᠭᠠᠵᠤ᠂ ᠥᠨᠳᠥᠷ ᠴᠢᠳᠠᠪᠬᠢᠲᠤ ᠬᠠᠭᠠᠯᠪᠤᠷᠢᠯᠠᠬᠤ | ᠥᠬᠡᠶ ᠪᠠᠷ ᠳᠠᠷᠢᠬᠤ ᠮᠠᠰᠢᠨ᠂ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠮᠠᠰᠢᠨ ᠤ ᠲᠥᠰᠦᠭᠡᠯᠡᠨ ᠪᠤᠳᠤᠬᠤ ᠬᠠᠷᠢᠴᠠᠯ ᠢ 35% ᠠᠴᠠ ᠲᠠᠪᠠᠭᠤᠯᠬᠤ ᠦᠬᠡᠢ᠂ | ᠪᠤᠰᠤᠳ ᠮᠠᠰᠢᠨ ᠪᠠᠭᠠᠵᠢ ᠶᠢ ᠲᠥᠰᠦᠭᠡᠯᠡᠨ ᠪᠤᠳᠤᠬᠤ ᠬᠠᠷᠢᠴᠠᠯ ᠢ 30 % ᠠᠴᠠ ᠲᠠᠪᠠᠭᠤᠯᠬᠤ ᠦᠬᠡᠢ ᠬᠡᠵᠤ ᠲᠤᠭᠳᠠᠭᠠᠪᠠ᠃ ᠵᠢᠱᠢᠶᠡᠯᠠᠪᠠᠯ᠂ ᠡᠩ ᠤᠨ ᠮᠠᠰᠢᠨ | ᠲᠦᠬᠦᠭᠡᠷᠤᠮᠵᠢ ᠶᠢᠨ ᠲᠠᠩ ᠮᠠᠰᠢᠨ ᠬᠤᠳᠠᠯᠳᠤᠨ ᠠᠪᠬᠤ ᠨᠦᠬᠦᠪᠤᠷᠢ ᠶᠢᠨ ᠬᠡᠮᠵᠢᠶ᠎ᠠ ᠨᠢ 5 ᠲᠦᠮᠡᠨ ᠲᠦᠬᠦᠷᠢᠭ ᠠᠴᠠ ᠲᠠᠪᠠᠵᠤ ᠪᠤᠯᠬᠤ ᠦᠬᠡᠢ︔ ᠰᠦ ᠰᠠᠭᠠᠬᠤ | ᠮᠠᠰᠢᠨ᠂ ᠬᠠᠳᠠᠭᠠᠬᠤ ᠮᠠᠰᠢᠨ ᠤ ᠲᠠᠩ ᠮᠠᠰᠢᠨ ᠤ ᠨᠦᠬᠦᠪᠤᠷᠢ ᠶᠢᠨ ᠬᠡᠮᠵᠢᠶ᠎ᠠ ᠨᠢ 12 ᠲᠦᠮᠡᠨ ᠲᠦᠬᠦᠷᠢᠭ ᠠᠴᠠ ᠲᠠᠪᠠᠵᠤ ᠪᠤᠯᠬᠤ ᠦᠬᠡᠢ︔ 100 ᠮᠤᠷᠢᠨ ᠤ | ᠬᠦᠴᠦᠨ ᠠᠴᠠ ᠲᠡᠭᠡᠭᠰᠢᠬᠢ ᠲᠤᠮᠤ ᠬᠡᠯᠪᠡᠷᠢ ᠶᠢᠨ ᠲᠷᠠᠺᠲ᠋ᠤᠷ᠂ ᠦᠨᠳᠤᠷ ᠴᠢᠳᠠᠪᠬᠢᠳᠤ ᠬᠦᠬᠡ ᠪᠠᠷ ᠲᠠᠷᠤᠰᠢᠭᠤᠯᠬᠤ ᠮᠠᠰᠢᠨ ᠲᠦᠬᠦᠭᠡᠷᠤᠮᠵᠢ᠂ ᠲᠤᠮᠤ ᠬᠡᠯᠪᠡᠷᠢ ᠶᠢᠨ | ᠬᠠᠭᠠᠯᠪᠤᠷᠢᠯᠠᠵᠤ ᠲᠠᠷᠢᠬᠤ ᠮᠠᠰᠢᠨ᠂ ᠲᠤᠮᠤ ᠬᠡᠯᠪᠡᠷᠢ ᠶᠢᠨ ᠲᠠᠷᠢᠶ᠎ᠠ ᠬᠤᠷᠢᠶᠠᠬᠤ ᠮᠠᠰᠢᠨ᠂ ᠤᠰᠤᠨ ᠲᠤᠳᠤᠷᠭ᠎ᠠ ᠶᠢᠨ ᠲᠤᠮᠤ ᠬᠡᠯᠪᠡᠷᠢ ᠶᠢᠨ ᠤᠰᠤᠯᠠᠵᠤ ᠲᠠᠷᠢᠬᠤ | ᠨᠡᠪᠴᠢᠬᠦᠯᠵᠤ ᠡᠵᠡᠮᠳᠡᠬᠦ ᠮᠠᠰᠢᠨ ᠵᠡᠷᠭᠡ ᠮᠠᠰᠢᠨ ᠤ ᠲᠠᠩ ᠮᠠᠰᠢᠨ ᠤ ᠨᠦᠬᠦᠪᠤᠷᠢ ᠶᠢᠨ ᠬᠡᠮᠵᠢᠶ᠎ᠠ ᠨᠢ 15 ᠲᠦᠮᠡᠨ ᠲᠦᠬᠦᠷᠢᠭ ᠠᠴᠠ ᠲᠠᠪᠠᠵᠤ ᠪᠤᠯᠬᠤ ᠦᠬᠡᠢ︔ | 200 ᠮᠤᠷᠢᠨ ᠬᠦᠴᠦᠨ ᠠᠴᠠ ᠲᠡᠭᠡᠭᠰᠢᠬᠢ ᠲᠷᠠᠺᠲ᠋ᠤᠷ ᠤᠨ ᠲᠠᠩ ᠮᠠᠰᠢᠨ ᠬᠤᠳᠠᠯᠳᠤᠨ ᠠᠪᠬᠤ ᠨᠦᠬᠦᠪᠤᠷᠢ ᠶᠢᠨ ᠬᠡᠮᠵᠢᠶ᠎ᠠ ᠨᠢ 25 ᠲᠦᠮᠡᠨ ᠲᠦᠬᠦᠷᠢᠭ ᠠᠴᠠ | ᠲᠠᠪᠠᠵᠤ ᠪᠤᠯᠬᠤ ᠦᠬᠡᠢ ᠬᠡᠪᠡ᠃ ᠶᠠᠷᠢᠶᠠᠨ ᠦᠬᠡᠢ᠂ ᠨᠥᠬᠦᠪᠥᠷᠢ ᠥᠭᠬᠦ ᠲᠠᠷᠢᠶᠠᠯᠠᠩ ᠤᠨ ᠮᠠᠰᠢᠨ ᠨᠢ ᠡᠷᠬᠡᠪᠰᠢ ᠨᠥᠬᠦᠪᠥᠷᠢ ᠥᠭᠬᠦ ᠬᠡᠪᠴᠢᠶᠡᠨ ᠳᠣᠲᠣᠷᠠᠬᠢ | ᠦᠢᠯᠡᠳᠬᠦᠨ ᠪᠠᠶᠢᠬᠤ ᠪᠦᠭᠡᠳ ᠲᠤᠭᠳᠠᠭᠰᠠᠨ ᠱᠠᠭᠠᠷᠳᠠᠯᠭ᠎ᠠ ᠶᠢ ᠪᠦᠷᠢᠯᠳᠦᠬᠦᠯᠦᠭᠰᠡᠨ ᠪᠠᠶᠢᠬᠤ ᠬᠡᠷᠡᠭᠳᠡᠢ᠃ ᠮᠠᠯᠴᠢᠳ ᠨᠦᠬᠦᠪᠤᠷᠢ ᠡᠷᠡᠮᠡᠯᠵᠡᠯᠡᠨ ᠠᠪᠬᠤ ᠳᠤ ᠨᠤᠳᠤᠭ | ᠪᠡᠯᠴᠢᠭᠡᠷ ᠲᠠᠭᠠᠭᠠᠴᠢᠯᠠᠬᠤ ᠦᠨᠡᠮᠯᠡᠯ ᠢᠶᠠᠨ ᠬᠠᠩᠭᠠᠬᠤ ᠴᠢᠬᠤᠯᠠᠳᠡᠢ ᠪᠠᠶᠢᠨ᠎ᠠ᠃ | 2021 ᠤᠨ ᠠᠴᠠ ᠡᠬᠢᠯᠡᠨ᠂ ᠮᠠᠨ ᠤ ᠣᠷᠣᠨ ᠮᠡᠷᠭᠡᠵᠢᠯ ᠬᠠᠷᠢᠴᠠᠩᠭᠤᠶ ᠪᠠᠷ ᠬᠤᠴᠣᠷᠤᠩᠭᠤᠶ ᠬᠦᠷᠳᠦᠲᠦ ᠲᠷᠠᠺᠲ᠋ᠤᠷ ᠵᠡᠷᠭᠡ ᠮᠠᠰᠢᠨ ᠪᠠᠭᠠᠵᠢ ᠳᠤ | ᠨᠥᠬᠦᠪᠥᠷᠢ ᠥᠭᠬᠦ ᠪᠠᠷᠢᠮᠵᠢᠶ᠎ᠠ ᠶᠢ ᠪᠠᠭᠤᠷᠠᠭᠤᠯᠵᠤ᠂ 30 ᠮᠣᠷᠢᠨ ᠤ ᠬᠦᠴᠦ ︵ᠪᠠᠭᠲᠠᠬᠤ ᠥᠬᠡᠶ︶ ᠠᠴᠠ ᠳᠣᠷᠣᠭᠰᠢᠬᠢ ᠬᠦᠷᠳᠦᠲᠦ ᠲᠷᠠᠺᠲ᠋ᠣᠷ ᠢ ᠨᠥᠬᠦᠪᠥᠷᠢ ᠶᠢᠨ | ᠬᠡᠪᠴᠢᠶ᠎ᠡ ᠠᠴᠠ ᠭᠠᠷᠭᠠᠵᠡᠢ᠃ 2023 ᠤᠨ ᠪᠤᠯᠬᠤ ᠳᠤ ᠨᠦᠬᠦᠪᠤᠷᠢ ᠦᠭᠬᠦ ᠮᠠᠰᠢᠨ ᠪᠠᠭᠠᠵᠢ ᠶᠢᠨ ᠨᠦᠬᠦᠪᠤᠷᠢ ᠶᠢᠨ ᠲᠤᠭ᠎ᠠ ᠶᠢ 15% ᠪᠤᠶᠤ ᠲᠡᠬᠦᠨ ᠠᠴᠠ | ᠲᠤᠷᠤᠭᠰᠢ ᠪᠤᠯᠳᠠᠯ᠎ᠠ ᠪᠠᠭᠤᠷᠠᠭᠤᠯᠬᠤ ᠶᠢ ᠦᠨᠡᠨ ᠬᠦ ᠪᠠᠳᠤᠯᠠᠵᠤ᠂ ᠮᠡᠷᠭᠡᠵᠢᠯ ᠬᠠᠷᠢᠴᠠᠩᠭᠤᠶ ᠪᠠᠷ ᠬᠤᠴᠣᠷᠤᠩᠭᠤᠶ ᠮᠠᠰᠢᠨ ᠪᠠᠭᠠᠵᠢ ᠶᠢ ᠢᠳᠡᠭ ᠢᠳᠡᠭ ᠢᠶᠠᠷ | ᠨᠦᠬᠦᠪᠤᠷᠢ ᠦᠭᠬᠦ ᠭᠡᠪᠴᠢᠶ᠎ᠠ ᠠᠴᠠ ᠭᠠᠷᠭᠠᠬᠤ ᠪᠤᠯᠤᠨ᠎ᠠ᠃ | | | |