ᠳ᠋ᠧᠩᠺᠸᠦ ᠰᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠵᠠᠷᠯᠠᠯ ︵ᠳ᠋ᠧᠩᠺᠸᠦ ᠰᠡᠷᠭᠡᠶᠢᠯᠡᠨ ᠵᠢᠯᠣᠭᠤᠳᠬᠤ ᠵᠠᠷᠯᠠᠯ ﹇2022﹈ 49 ᠳ᠋ᠦᠭᠡᠷ ᠲᠣᠭᠠᠲᠤ︶
ᠨᠡᠶᠢᠲᠡᠯᠡᠭᠰᠡᠨ ᠴᠠᠭ᠄
2022/11/7
      ᠣᠳᠣᠬᠠᠨ ᠳᠤ ᠮᠠᠨ ᠤ ᠰᠢᠶᠠᠨ ᠤ ᠡᠷᠬᠢᠨ ᠲᠣᠭᠤᠷᠢᠨ ᠤ ᠬᠢᠵᠢᠭ ᠤᠨ ᠪᠠᠶᠢᠳᠠᠯ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠵᠤ᠂ ᠲᠠᠷᠬᠠᠬᠤ ᠠᠶᠤᠯ ᠲᠦᠭᠰᠢᠭᠦᠷᠢ ᠦᠷᠭᠦᠯᠵᠢᠯᠡᠨ ᠣᠷᠣᠰᠢᠵᠤ ᠪᠠᠶᠢᠨ᠎ᠠ᠂ ᠳ᠋ᠧᠩᠺᠸᠤ ᠰᠢᠶᠠᠨ ᠤ ᠥᠷᠭᠡᠨ ᠤᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠪᠠᠲᠤᠯᠠᠬᠤ ᠶᠢᠨ ᠲᠥᠯᠥᠭᠡ᠂ ᠣᠨᠴᠠᠭᠠᠶᠢᠯᠠᠨ ᠳᠣᠣᠷᠠᠬᠢ ᠮᠡᠲᠦ ᠪᠠᠴᠢᠮ ᠵᠠᠷᠯᠠᠪᠠ᠄      1. ᠵᠠᠷᠯᠠᠯ ᠢ ᠨᠡᠶᠢᠲᠡᠯᠡᠭᠰᠡᠨ ᠴᠠᠭ ᠠᠴᠠ ᠡᠬᠢᠯᠡᠨ᠂ ᠡᠯ᠎ᠡ ᠲᠦᠷᠦᠯ ᠤᠨ ᠬᠥᠮᠦᠰ ᠵᠠᠷᠴᠢᠮ ᠳᠡᠭᠡᠷ᠎ᠡ ᠪᠠᠨ ᠵᠢᠵᠢᠭ ᠬᠡᠯᠪᠡᠷᠢ ᠶᠢᠨ ᠠᠶᠠᠨᠴᠢᠳ ᠤᠨ ᠲᠡᠭᠡᠭᠡᠪᠦᠷᠢ ᠶᠢᠨ ᠲᠡᠷᠭᠡ᠂ ᠬᠤᠪᠢ ᠶᠢᠨ ᠮᠠᠰᠢᠨ ᠲᠡᠷᠭᠡ ᠵᠡᠷᠭᠡ ᠪᠠᠷ ᠮᠠᠨ ᠤ ᠰᠢᠶᠠᠨ ᠳᠤ ᠣᠷᠣᠵᠤ ᠪᠣᠯᠬᠤ ᠦᠭᠡᠢ᠃ ᠦᠨᠡᠨᠬᠦ ᠣᠷᠣᠬᠤ ᠴᠢᠬᠤᠯᠠ ᠲᠠᠢ ᠪᠣᠯ᠂ ︽7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 3 ᠡᠳᠦᠷ ᠤᠨ ᠬᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠬᠡᠮᠵᠢᠯᠲᠡ︾ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠤᠭᠤᠴᠠᠭᠠᠨ ᠳᠤ ︽1 ᠡᠳᠦᠷ 1 ᠪᠠᠶᠢᠴᠠᠭᠠᠯᠲᠠ︾ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠵᠦ᠂ ᠪᠣᠶ ᠪᠥᠬᠦᠶ ᠵᠠᠷᠤᠳᠠᠯ ᠢ ᠥᠪᠡᠷ ᠢᠶᠠᠨ ᠰᠢᠶᠳᠪᠦᠷᠢᠯᠡᠨ᠎ᠡ᠃      2. ᠵᠠᠷᠯᠠᠯ ᠤᠨ ᠱᠠᠭᠠᠷᠳᠠᠯᠭ᠎ᠠ ᠠᠴᠠ ᠵᠥᠷᠢᠴᠡᠵᠦ᠂ ᠠᠶᠠᠯᠠᠯ ᠢᠶᠠᠨ ᠨᠢᠭᠤᠨ ᠳᠠᠯᠳᠠᠯᠠᠭᠰᠠᠨ ᠪᠤᠶᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠦᠭᠡᠢ᠂ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠬᠠᠩᠭᠠᠬᠤ ᠦᠭᠡᠢ᠂ ᠵᠣᠷᠢᠭᠤᠳᠠ ᠪᠣᠭᠤᠮᠲᠠ ᠰᠢᠪᠲᠤᠯᠤᠭᠰᠠᠨ᠂ ᠲᠣᠭᠤᠷᠢᠨ ᠶᠠᠪᠤᠵᠤ ᠪᠣᠭᠤᠮᠲᠠ ᠠᠴᠠ ᠵᠠᠶᠢᠯᠠᠭᠰᠠᠨ᠂ ᠵᠢᠴᠢ ᠶᠠᠪᠠᠭᠠᠨ ᠶᠠᠪᠤᠬᠤ᠂ ᠮᠠᠰᠢᠨᠲᠤ ᠪᠤᠰᠤ ᠲᠡᠷᠭᠡ ᠵᠢᠯᠣᠭᠤᠳᠴᠤ ᠮᠠᠨ ᠤ ᠰᠢᠶᠠᠨ ᠳᠤ ᠣᠷᠣᠵᠤ ᠢᠷᠡᠭᠰᠡᠨ ᠬᠥᠮᠦᠰ ᠢ ᠠᠶᠤᠯ ᠲᠦᠭᠰᠢᠭᠦᠷᠢ ᠲᠠᠢ ᠣᠷᠣᠨ ᠤ ᠬᠥᠮᠦᠰ ᠤᠨ ᠶᠣᠰᠣᠭᠠᠷ ᠬᠠᠮᠢᠶᠠᠷᠴᠤ᠂ 7 ᠡᠳᠦᠷ ᠲᠥᠪᠯᠡᠷᠡᠭᠦᠯᠦᠨ ᠲᠤᠰᠠᠭᠠᠷᠯᠠᠵᠤ᠂ ᠵᠠᠷᠤᠳᠠᠯ ᠢ ᠨᠢ ᠥᠪᠡᠷ ᠢᠶᠠᠨ ᠰᠢᠶᠳᠪᠦᠷᠢᠯᠡᠬᠦ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠲᠣᠭᠲᠠᠭᠠᠯ ᠠᠴᠠ ᠵᠥᠷᠢᠴᠡᠨ ᠰᠢᠶᠠᠨ ᠳᠤ ᠪᠤᠴᠠᠭᠰᠠᠳ ᠢ ᠬᠠᠪᠰᠤᠷᠴᠤ ᠮᠡᠳᠡᠭᠡ ᠵᠠᠩᠭᠢ ᠶᠢ ᠨᠢ ᠨᠢᠭᠤᠨ ᠳᠠᠯᠳᠠᠯᠠᠭᠤᠯᠵᠤ᠂ ᠲᠥᠬᠦᠮ ᠦᠵᠡᠭᠦᠯᠦᠭᠰᠡᠨ ᠡᠲᠡᠭᠡᠳ ᠪᠠᠶᠢᠪᠠᠯ᠂ ᠬᠠᠮᠲᠤ ᠳᠤᠨᠢ ᠰᠢᠳᠬᠡᠨ ᠲᠣᠷᠭᠠᠨ᠎ᠠ᠃      3. ᠥᠷᠭᠡᠨ ᠣᠯᠠᠨ ᠠᠷᠠᠳ ᠲᠦᠮᠡᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠣᠳᠣᠬᠠᠨ ᠳᠤ ᠭᠠᠳᠠᠨ᠎ᠠ ᠣᠷᠣᠨ ᠳᠤ ᠠᠵᠢᠯᠯᠠᠵᠤ ᠪᠠᠶᠢᠭ᠎ᠠ ᠪᠤᠶᠤ ᠵᠢᠭᠤᠯᠴᠢᠯᠠᠨ ᠰᠠᠭᠤᠵᠤ ᠪᠠᠶᠢᠭ᠎ᠠ ᠬᠡᠷ ᠤᠨ ᠬᠥᠮᠦᠰ᠂ ᠲᠥᠷᠥᠯ ᠰᠠᠳᠤᠨ᠂ ᠨᠠᠶᠢᠵᠠ ᠨᠥᠬᠦᠳ ᠵᠡᠷᠭᠡ ᠳᠤ ᠳᠠᠮᠵᠢᠭᠤᠯᠤᠨ ᠮᠡᠳᠡᠭᠳᠡᠵᠦ᠂ ᠣᠶᠢᠷ᠎ᠠ ᠶᠢᠨ ᠬᠤᠭᠤᠴᠠᠭᠠᠨ ᠳᠤ ᠰᠢᠶᠠᠨ ᠳᠠᠭᠠᠨ ᠪᠤᠴᠠᠬᠤ ᠴᠢᠬᠤᠯᠠ ᠥᠬᠡᠶ ᠪᠣᠯ ᠪᠤᠴᠠᠬᠤ ᠦᠭᠡᠢ᠂ ᠪᠤᠴᠠᠬᠤ ᠴᠢᠬᠤᠯᠠᠲᠠᠶ ᠬᠥᠮᠦᠰ ᠲᠤ ᠬᠢᠵᠢᠭ ᠰᠡᠷᠭᠡᠶᠢᠯᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠨᠡᠶᠢᠭᠡᠮ ᠲᠣᠭᠤᠷᠢᠭ᠂ ᠨᠢᠭᠡᠴᠡ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠥᠷᠰᠢ ᠵᠡᠷᠭᠡᠯᠡᠳᠡᠭᠡ ᠠᠶᠢᠯ ᠰᠠᠭᠠᠬᠠᠯᠲᠠ᠂ ᠭᠡᠷ ᠤᠨ ᠣᠶᠢᠷ᠎ᠠ ᠬᠠᠪᠢ ᠳᠤ ᠠᠷᠤ ᠥᠪᠥᠷ ᠲᠤ ᠣᠶᠢᠷ᠎ᠠ ᠶᠢᠨ ᠬᠤᠭᠤᠴᠠᠭᠠᠨ ᠳᠤ ᠰᠢᠶᠠᠨ ᠤ ᠭᠠᠳᠠᠨᠠᠬᠢ ᠬᠥᠮᠦᠰ ᠪᠤᠴᠠᠵᠤ ᠢᠷᠡᠭᠰᠡᠨ ᠪᠤᠶᠤ ᠬᠤᠨᠣᠭᠰᠠᠨ ᠪᠠᠶᠢᠪᠠᠯ᠂ ᠲᠡᠷᠡ ᠳᠠᠷᠤᠶ ᠳᠤᠨᠢ ᠢᠯᠡᠴᠢᠯᠡᠨ ᠮᠡᠳᠡᠭᠦᠯᠦᠨ᠎ᠡ︔ ᠳᠠᠩᠰᠠᠯᠠᠭᠤᠯᠵᠤ ᠮᠡᠳᠡᠭᠦᠯᠦᠭᠰᠡᠨ ᠥᠬᠡᠶ᠂ ᠵᠦᠶ ᠶᠣᠰᠣᠨ ᠤ ᠰᠢᠯᠲᠠᠭᠠᠨ ᠥᠬᠡᠶ ᠪᠠᠷ ᠵᠠᠮ ᠲᠣᠭᠤᠷᠢᠵᠤ ᠶᠠᠪᠤᠭᠰᠠᠨ᠂ ᠲᠥᠷᠥᠯ ᠰᠠᠳᠤᠨ ᠨᠠᠶᠢᠵᠠ ᠨᠥᠬᠦᠳ ᠢᠶᠠᠷ ᠠᠶᠢᠯᠴᠢᠯᠠᠭᠰᠠᠨ ᠬᠥᠮᠦᠰ ᠵᠢᠴᠢ ᠲᠣᠭᠲᠠᠭᠠᠯ ᠠᠴᠠ ᠵᠥᠷᠢᠴᠡᠨ ᠠᠶᠠᠨᠴᠢᠳ ᠢ ᠲᠡᠭᠡᠭᠡᠪᠦᠷᠢᠯᠡᠭᠰᠡᠨ ᠰᠦᠯᠵᠢᠶ᠎ᠡ ᠪᠠᠷ ᠪᠣᠯᠵᠣᠭᠰᠠᠨ ᠲᠡᠷᠭᠡ᠂ ᠲᠦᠷᠢᠶᠡᠰᠦᠨ ᠮᠠᠰᠢᠨ ᠲᠡᠷᠭᠡ ᠶᠢ ᠴᠢᠩᠭ᠎ᠠ ᠵᠢᠭᠰᠠᠭᠠᠨ ᠪᠠᠶᠢᠴᠠᠭᠠᠵᠤ᠂ ᠣᠯᠵᠤ ᠮᠡᠳᠡᠪᠡᠯ ᠲᠡᠷᠡ ᠳᠠᠷᠤᠶ ᠳᠤᠨᠢ ᠢᠯᠡᠴᠢᠯᠡᠨ ᠮᠡᠳᠡᠭᠦᠯᠬᠦ ᠶᠢᠨ ᠬᠠᠮᠲᠤ ᠲᠤᠬᠠᠶ ᠶᠢᠨ ᠭᠠᠵᠠᠷ ᠲᠤᠨᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃      4. ᠪᠥᠬᠦ ᠰᠢᠶᠠᠨ ᠤ ︽ᠬᠤᠶᠠᠷ ᠥᠷᠲᠡᠭᠡ︾᠂ ᠡᠯ᠎ᠡ ᠵᠠᠰᠠᠮᠠᠯ ᠵᠠᠮ ᠤᠨ ᠬᠢᠵᠢᠭ ᠤᠨ ᠪᠠᠶᠢᠳᠠᠯ ᠤᠨ ᠦᠶᠯᠡᠴᠢᠯᠡᠭᠡᠨ ᠤ ᠥᠷᠲᠡᠭᠡ ᠨᠦᠭᠦᠳ ᠨᠢᠭᠡᠳᠦᠭᠡᠷ ᠲᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠨᠢᠭᠡ ᠺᠣᠳ᠋ ᠨᠢᠭᠡ ᠺᠠᠷᠲ ᠨᠢᠭᠡ ᠮᠡᠳᠡᠭᠦᠯᠦᠯᠲᠡ︾ ︵ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠠᠷᠲ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠮᠡᠳᠡᠭᠦᠯᠦᠯᠲᠡ︶ ᠶᠢ ᠴᠢᠩᠭ᠎ᠠ ᠪᠠᠶᠢᠴᠠᠭᠠᠨ ᠰᠢᠯᠭᠠᠵᠤ᠂ ᠭᠤᠤᠯᠳᠠᠯᠭ᠎ᠠ ᠲᠠᠢ ᠭᠠᠵᠠᠷ ᠣᠷᠣᠨ ᠤ ᠪᠤᠴᠠᠵᠤ ᠢᠷᠡᠭᠰᠡᠳ ᠢ ᠵᠣᠷᠢᠭᠰᠠᠨ ᠰᠤᠮᠤ ᠪᠠᠯᠭᠠᠰᠤ ︵ᠨᠡᠶᠢᠭᠡᠮ ᠲᠣᠭᠤᠷᠢᠭ︶ ᠶᠢᠨ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠯᠤᠭ᠎ᠠ ᠨᠡᠪᠲᠡᠷᠡᠯᠴᠡᠨ ᠵᠣᠯᠭᠠᠭᠤᠯᠬᠤ ᠶᠢ ᠰᠠᠶᠢᠲᠤᠷ ᠬᠢᠵᠦ᠂ ︽ᠴᠡᠭ ᠠᠴᠠ ᠴᠡᠭ ᠲᠤ ᠬᠥᠷᠬᠦ︾ ︽ᠭᠠᠷ ᠠᠴᠠ ᠭᠠᠷ ᠲᠤ ᠳᠠᠮᠵᠢᠭᠤᠯᠬᠤ︾ ᠪᠢᠲᠡᠭᠦᠦ ᠴᠠᠭᠠᠷᠢᠭ ᠢᠶᠠᠷ ᠲᠤᠰᠴᠤ ᠠᠪᠴᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠠᠮᠢᠶᠠᠷᠤᠯᠲᠠ ᠠᠴᠠ ᠭᠤᠭᠤᠵᠢᠭᠳᠠᠵᠤ ᠡᠵᠡᠮᠳᠡᠯ ᠢᠶᠠᠨ ᠠᠯᠳᠠᠭᠰᠠᠨ ᠪᠠᠶᠢᠪᠠᠯ᠂ ᠬᠤᠯᠪᠣᠭᠳᠠᠯ ᠪᠦᠬᠦᠢ ᠬᠥᠮᠦᠰ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      5. ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠪᠣᠯᠤᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠪᠠ ᠠᠶᠠᠨᠴᠢᠳ ᠤᠨ ᠬᠠᠮᠢᠶᠠᠷᠤᠯᠲᠠ ᠦᠶᠯᠡᠴᠢᠯᠡᠭᠡ ᠶᠢ ᠰᠠᠶᠢᠲᠤᠷ ᠬᠢᠬᠦ ᠲᠤᠬᠠᠶ ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ︾ ᠢ ᠴᠢᠩᠭ᠎ᠠ ᠨᠠᠶᠢᠳᠠᠪᠤᠷᠢᠵᠢᠭᠤᠯᠤᠨ ︵ᠪᠠᠶᠠᠨᠨᠠᠭᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ ︹ 2022 ︺ 67 ᠳ᠋ᠤᠭᠠᠷ ᠲᠣᠭᠠᠲᠤ︶ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠦᠯᠦᠨ ᠳᠠᠩᠰᠠᠯᠠᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠲᠡᠷᠭᠡᠨ ᠤ ᠠᠵᠢᠯᠲᠠᠨ ᠤ ︽ᠨᠢᠭᠡ ᠺᠣᠳ᠋ ᠨᠢᠭᠡ ᠺᠠᠷᠲ ᠨᠢᠭᠡ ᠮᠡᠳᠡᠭᠦᠯᠦᠯᠲᠡ︾ ᠶᠢ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ︽ᠬᠡᠨ ᠬᠢᠨᠠᠨ ᠵᠥᠪᠰᠢᠶᠡᠷᠡᠭᠰᠡᠨ ᠪᠣᠯ ᠬᠡᠨ ᠬᠠᠷᠢᠭᠤᠴᠠᠵᠤ ᠬᠡᠨ ᠬᠢᠨᠠᠨ ᠬᠠᠮᠢᠶᠠᠷᠬᠤ︾ ᠶᠢ ᠬᠡᠷᠡᠭᠵᠢᠭᠦᠯᠵᠦ᠂ ᠱᠠᠭᠠᠷᠳᠠᠯᠭ᠎ᠠ ᠳᠤ ᠥᠯᠥ ᠨᠡᠶᠢᠴᠡᠬᠦ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠭᠥᠯᠢᠶᠡᠨ ᠠᠪᠴᠤ ᠪᠣᠯᠬᠤ ᠥᠬᠡᠶ᠂ ᠮᠠᠨ ᠤ ᠰᠢᠶᠠᠨ ᠳᠤ ᠣᠷᠣᠬᠤ ᠶᠢ ᠵᠥᠪᠰᠢᠶᠡᠷᠡᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠬᠠᠮᠢᠶ᠎ᠠ ᠪᠥᠬᠦᠶ ᠠᠵᠤ ᠠᠬᠤᠶᠢᠯᠠᠯ᠂ ᠪᠠᠷᠠᠭᠠᠨ ᠤ ᠡᠵᠡᠨ ᠢ ᠰᠢᠮᠳᠠᠭᠤᠯᠵᠤ ᠪᠠᠶᠢᠭᠠᠳ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠠᠴᠠ ᠭᠤᠭᠤᠵᠢᠭᠳᠠᠵᠤ ᠬᠠᠮᠢᠶᠠᠷᠤᠯᠲᠠ ᠪᠠᠨ ᠠᠯᠳᠠᠭᠰᠠᠨ ᠠᠴᠠ ᠪᠣᠯᠵᠣ ᠬᠢᠵᠢᠭ ᠳᠡᠯᠭᠡᠷᠡᠬᠦ ᠲᠦᠭᠰᠢᠭᠦᠷᠢ ᠶᠢ ᠪᠣᠶ ᠪᠣᠯᠭᠠᠭᠰᠠᠨ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠠᠮᠢᠶ᠎ᠠ ᠪᠥᠬᠦᠶ ᠠᠵᠤ ᠠᠬᠤᠶᠢᠯᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠵᠠᠮ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠡᠯ᠎ᠡ ᠲᠦᠷᠦᠯ ᠤᠨ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ ᠶᠢᠨ ᠮᠠᠨ ᠤ ᠰᠢᠶᠠᠨ ᠤ ᠬᠢᠯᠢ ᠳᠣᠲᠣᠷ᠎ᠠ ᠳᠤᠷ᠎ᠠ ᠪᠠᠷ ᠢᠶᠠᠨ ᠵᠣᠭᠰᠣᠵᠤ ᠪᠣᠯᠬᠤ ᠦᠭᠡᠢ ᠳᠤ ᠬᠢᠨᠠᠯᠲᠠ ᠲᠠᠯᠪᠢᠬᠤ ᠬᠡᠷᠡᠭᠲᠡᠶ᠃      6. ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠵᠣᠴᠢᠳ ᠪᠠᠭᠤᠳᠠᠯ᠂ ᠪᠠᠷᠢᠯᠭ᠎ᠠ ᠶᠢᠨ ᠠᠵᠢᠯ ᠤᠨ ᠭᠠᠵᠠᠷ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠲᠤ ᠠᠮᠠᠪᠴᠢ ᠵᠡᠭᠦᠬᠦ᠂ ᠳᠤᠯᠠᠭᠠᠨ ᠢ ᠬᠡᠮᠵᠢᠬᠦ᠂ ︽ᠲᠠᠯᠠᠪᠤᠷ ᠭᠠᠵᠠᠷ ᠤᠨ ᠺᠣᠳ᠋︾ ᠢ ᠰᠢᠷᠪᠢᠬᠦ ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠤᠨ ᠵᠢᠷᠤᠮᠵᠢᠭᠤᠯᠵᠤ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ 72 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠬᠡᠷᠡᠭᠲᠡᠶ᠃ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠳᠣᠲᠣᠷᠠᠬᠢ ᠬᠥᠮᠦᠨ ᠠᠮᠠ ᠶᠢᠨ ᠴᠤᠪᠤᠷᠠᠯ ᠤᠨ ᠨᠢᠭᠲᠠᠴᠠ ᠶᠢ ᠴᠢᠩᠭ᠎ᠠ ᠬᠢᠵᠠᠭᠠᠷᠯᠠᠵᠤ᠂ ︽ᠤᠷᠤᠰᠬᠠᠯ ᠢ ᠬᠢᠵᠠᠭᠠᠷᠯᠠᠬᠤ᠂ ᠣᠷᠭᠢᠯ ᠦᠶ᠎ᠡ ᠶᠢ ᠵᠥᠷᠢᠭᠦᠯᠬᠦ︾ ᠬᠠᠮᠢᠶᠠᠷᠤᠯᠲᠠ ᠶᠢ ᠬᠡᠷᠡᠭᠵᠢᠭᠦᠯᠦᠨ᠂ ︽2 ᠮᠧᠲᠷ ᠤᠨ ᠱᠤᠭᠤᠮ︾ ᠭᠠᠷᠭᠠᠵᠤ ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠤᠷᠢᠳᠴᠢᠯᠠᠨ ᠵᠠᠬᠢᠶᠠᠯᠠᠬᠤ ᠦᠶᠯᠡᠴᠢᠯᠡᠭᠡ ᠶᠢ ᠰᠠᠨᠠᠭᠠᠴᠢᠯᠠᠵᠤ᠂ ᠬᠥᠮᠦᠨ ᠬᠠᠷ᠎ᠠ ᠠᠮᠠᠷᠬᠠᠨ ᠴᠤᠭᠯᠠᠷᠠᠬᠤ ᠣᠷᠣᠨ ᠪᠦᠰᠡ ᠶᠢ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠬᠤᠯᠪᠣᠭᠳᠠᠯ ᠪᠥᠬᠦᠶ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠯ᠎ᠡ ᠲᠥᠷᠥᠯ ᠤᠨ ᠡᠵᠡᠩᠨᠡᠯᠲᠡ ᠶᠢᠨ ᠭᠠᠵᠠᠷ ᠲᠠᠯᠠᠪᠤᠷ ᠤᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠪᠠᠶᠢᠴᠠᠭᠠᠬᠤ ᠪᠠᠨ ᠴᠢᠩᠭᠠᠳᠬᠠᠵᠤ᠂ ᠳᠡᠭᠡᠷ᠎ᠡ ᠳᠤᠷᠠᠳᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠨᠠᠶᠢᠳᠠᠪᠤᠷᠢᠵᠢᠭᠤᠯᠤᠭᠰᠠᠨ ᠨᠢ ᠬᠦᠴᠦᠨ ᠥᠬᠡᠶ ᠶᠢ ᠨᠢ ᠪᠦᠬᠦᠨ ᠢ ᠬᠠᠭᠠᠵᠤ ᠵᠣᠭᠰᠣᠭᠠᠬᠤ ᠬᠡᠷᠡᠭᠲᠡᠶ᠃      ᠲᠤᠰ ᠵᠠᠷᠯᠠᠯ ᠤᠨ ᠠᠷᠭ᠎ᠠ ᠬᠡᠮᠵᠢᠶ᠎ᠡ ᠶᠢ ᠬᠢᠵᠢᠭ ᠤᠨ ᠪᠠᠶᠢᠳᠠᠯ ᠪᠠ ᠬᠢᠵᠢᠭ ᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠬᠥᠳᠡᠯᠦᠩᠭᠦᠶ ᠪᠠᠷ ᠲᠣᠬᠢᠷᠠᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠶᠢᠯᠠᠭᠠᠵᠤ᠂ ᠳᠡᠮᠵᠢᠵᠦ᠂ ᠢᠳᠡᠪᠬᠢᠲᠡᠶ ᠬᠠᠮᠵᠢᠯᠴᠠᠭᠰᠠᠨ ᠳᠤ ᠴᠢᠨᠢ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕                               ᠳ᠋ᠧᠩᠺᠸᠤ ᠰᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ                   ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                   2022 ᠣᠨ ᠤ 11 ᠰᠠᠷ᠎ᠠ ᠶᠢᠨ 7 ᠤ ᠡᠳᠦᠷ 
ᠢᠷᠡᠯᠲᠡ᠄ ᠲᠤᠰ ᠰᠦᠯᠵᠢᠶ᠎ᠡ