2023 ᠣᠨ ᠤ ᠳ᠋ᠧᠩᠺᠸᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/9/23
                                     ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ                            ᠳ᠋ᠧᠩᠺᠸᠦ  ᠵᠠᠰᠠᠭ ᠠᠯᠪᠠᠨ ᠥᠰᠥᠭ ︹ 2022 ︺ 67 ᠳ᠋ᠤᠭᠠᠷ ᠲᠣᠭᠠᠲᠤ        2023 ᠣᠨ ᠤ ᠳ᠋ᠧᠩᠺᠸᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ         ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ             ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ᠂ ᠰᠢᠶᠠᠨ ᠳᠤ ᠰᠠᠭᠤᠭ᠎ᠠ ᠬᠠᠮᠢᠶ᠎ᠠ ᠪᠥᠬᠦᠶ ᠨᠢᠭᠡᠴᠡ ᠳᠤ᠄      2023 ᠣᠨ ᠤ ᠳ᠋ᠧᠩᠺᠸᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠴᠤᠭᠯᠠᠭᠤᠯᠵᠤ ᠰᠦᠢᠳᠬᠡᠯ ᠲᠤᠰᠢᠶᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ︿2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ﹀ ᠢ ᠤᠯᠠᠮᠵᠢᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 2023 ᠣᠨ ᠤ ᠳ᠋ᠧᠩᠺᠸᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠡᠳᠦᠭᠡ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠳᠠᠭᠠᠳᠬᠠᠯ ᠳᠤ ᠣᠷᠣᠭᠰᠠᠳ      ᠬᠤᠲᠠ ᠪᠠᠯᠭᠠᠰᠤ ᠶᠢᠨ ᠠᠵᠢᠯᠴᠢᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠬᠡᠪᠴᠢᠶ᠎ᠡ ᠠᠴᠠ ᠭᠠᠳᠠᠨᠠᠬᠢ ᠬᠤᠲᠠ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ᠂ ᠬᠤᠲᠠ ᠪᠠᠯᠭᠠᠰᠤ ᠶᠢᠨ ᠠᠵᠢᠯ ᠥᠬᠡᠶ ᠰᠠᠭᠤᠭᠠᠯᠢ ᠠᠷᠠᠳ᠂ ᠡᠯ᠎ᠡ ᠲᠥᠷᠥᠯ ᠤᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠤᠰᠤᠳ ᠬᠥᠮᠦᠰ ᠢ ᠪᠠᠭᠲᠠᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠴᠥᠮ ᠳ᠋ᠧᠩᠺᠸᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠬᠡᠷᠡᠭᠲᠡᠶ᠃ ᠪᠠᠶᠠᠨᠨᠠᠭᠤᠷ ᠬᠤᠳᠠ ᠳᠤ ᠤᠷᠳᠤ ᠬᠤᠭᠤᠴᠠᠭ᠎ᠠ ᠪᠠᠷ ᠰᠠᠭᠤᠷᠢᠰᠢᠭᠰᠠᠨ ᠲᠤᠰ ᠬᠤᠳᠠ ᠶᠢᠨ ᠡᠷᠤᠭᠡ ᠠᠮᠠ ᠶᠢᠨ ᠲᠠᠩᠰᠠ ᠶᠢᠨ ᠪᠤᠰᠤ ᠬᠤᠳᠠ ᠬᠥᠳᠡᠭᠡ ᠶᠢᠨ ᠰᠠᠭᠤᠭᠠᠯᠢ ᠠᠷᠠᠳ  ᠰᠠᠶᠢᠨ ᠳᠤᠷ᠎ᠠ ᠠᠴᠠ ᠪᠠᠨ ᠮᠠᠨ ᠤ ᠰᠢᠶᠠᠨ ᠤ ᠳᠠᠭᠠᠳᠬᠠᠯ ᠳᠤ ᠣᠷᠣᠵᠤ᠂ ᠮᠠᠨ ᠤ ᠰᠢᠶᠠᠨ ᠤ ᠡᠷᠤᠭᠡ ᠠᠮᠠ ᠶᠢᠨ ᠲᠠᠩᠰᠠ ᠶᠢᠨ ᠳᠠᠭᠠᠳᠬᠠᠯ ᠳᠤ ᠣᠷᠣᠯᠴᠠᠭᠰᠠᠳ ᠲᠠᠢ ᠠᠳᠠᠯᠢᠬᠠᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠦᠷᠳᠡᠵᠤ ᠪᠣᠯᠤᠨ᠎ᠠ᠃ ᠰᠠᠶ᠋ᠢ ᠲᠥᠷᠥᠭᠰᠡᠨ ᠬᠡᠦᠬᠡᠳ 90 ᠡᠳᠦᠷ ᠤᠨ ᠳᠣᠲᠣᠷ᠎ᠠ ᠬᠢᠨᠠᠨ ᠬᠠᠮᠠᠭᠠᠯᠠᠭᠴᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠬᠤ  ᠳᠠᠩᠰᠠᠯᠠᠬᠤ ᠭᠠᠷ ᠭᠦᠶᠴᠡᠳᠬᠡᠯ᠂ ᠲᠥᠷᠥᠭᠰᠡᠨ ᠡᠳᠦᠷ ᠠᠴᠠ ᠡᠬᠢᠯᠡᠨ ᠵᠠᠷᠤᠴᠠᠭᠤᠯᠤᠭᠰᠠᠨ ᠡᠮ ᠡᠮᠨᠡᠯᠭᠡ ᠶᠢᠨ ᠵᠠᠷᠤᠳᠠᠯ ᠢ ᠴᠥᠮ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠣᠷᠣᠭᠤᠯᠵᠤ ᠪᠣᠯᠤᠨ᠎ᠠ᠃ ᠳᠠᠭᠠᠳᠬᠠᠯ ᠳᠤ ᠣᠷᠣᠭᠰᠠᠳ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠠ ᠬᠤᠲᠠ ᠪᠠᠯᠭᠠᠰᠤ ᠶᠢᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠵᠡᠷᠭᠡᠪᠡᠷ ᠣᠷᠣᠯᠴᠠᠵᠤ ᠪᠣᠯᠬᠤ ᠥᠬᠡᠶ᠂ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠶᠢ ᠳᠠᠪᠬᠤᠷᠳᠠᠭᠤᠯᠤᠨ ᠭᠥᠷᠳᠡᠵᠦ ᠪᠣᠯᠬᠤ ᠥᠬᠡᠶ᠃      ᠬᠤᠶᠠᠷ᠂ ᠳᠠᠭᠠᠳᠬᠠᠯ ᠳᠤ ᠣᠷᠣᠯᠴᠠᠬᠤ ᠪᠠᠷᠢᠮᠵᠢᠶ᠎ᠠ      ︵ᠨᠢᠭᠡ︶ ᠡᠩ ᠤᠨ ᠳᠠᠭᠠᠳᠬᠠᠯ ᠳᠤ ᠣᠷᠣᠭᠰᠠᠳ᠃ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 380 ᠲᠥᠭᠦᠷᠢᠭ ᠬᠦᠷᠲᠡᠯ᠎ᠡ ᠳᠡᠭᠡᠭᠰᠢᠯᠡᠭᠦᠯᠦᠨ᠎ᠡ᠃      ︵ᠬᠤᠶᠠᠷ︶ ᠣᠨᠴᠠᠭᠠᠢ ᠬᠥᠮᠦᠰ ᠳᠠᠭᠠᠳᠬᠠᠯ ᠳᠤ ᠣᠷᠣᠯᠴᠠᠬᠤ᠃ ᠣᠨᠴᠠ ᠬᠦᠴᠢᠷᠳᠡᠯ ᠲᠠᠢ ᠬᠥᠮᠦᠰ᠂ ᠥᠨᠥᠴᠢᠨ ᠬᠡᠦᠬᠡᠳ ︵ᠪᠣᠳᠠᠲᠠᠶ ᠠᠰᠠᠷᠠᠨ ᠲᠡᠵᠢᠭᠡᠬᠦ ᠬᠥᠮᠦᠨ ᠦᠭᠡᠶ ᠬᠡᠦᠬᠡᠳ ᠢ ᠪᠠᠭᠲᠠᠭᠠᠨ᠎ᠠ︶ ᠢ ᠡᠮ ᠡᠮᠨᠡᠯᠭᠡ ᠶᠢᠨ ᠲᠤᠰᠠᠯᠠᠮᠵᠢ ᠶᠢᠨ ᠪᠡᠯᠡ ᠮᠥᠩᠭᠦ ᠪᠠᠷ ᠪᠦᠬᠦ ᠲᠤᠭ᠎ᠠ ᠪᠠᠷ ᠨᠢ ᠲᠤᠰᠠᠯᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠵᠢᠯᠲᠠᠨ᠂ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠳᠠᠬᠢᠨ ᠶᠠᠳᠠᠭᠤᠷᠠᠭᠰᠠᠨ ᠬᠥᠮᠦᠰ ᠲᠤ ᠡᠮᠴᠢᠯᠡᠭᠡᠨ ᠤ ᠠᠪᠤᠷᠠᠨ ᠲᠤᠰᠠᠯᠠᠬᠤ ᠪᠠᠯᠠ ᠮᠥᠩᠭᠦ ᠠᠴᠠ ᠬᠤᠪᠢ ᠬᠥᠮᠦᠨ ᠤ ᠰᠦᠶᠳᠬᠡᠯ ᠲᠤᠰᠢᠶᠠᠬᠤ ᠪᠠᠷᠢᠮᠵᠢᠶ᠎ᠠ ᠶᠢᠨ 50% ᠪᠠᠷ ᠵᠣᠭᠤᠰ ᠮᠥᠩᠭᠦ ᠪᠠᠷ ᠲᠤᠰᠠᠯᠠᠨ᠎ᠠ ︵ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠠᠵᠢᠯᠲᠠᠨ〈ᠰᠢᠯᠵᠢᠯᠲᠡ ᠶᠢᠨ ᠬᠤᠭᠤᠴᠠᠭᠠᠨ ᠳᠤ〉ᠳᠣᠲᠣᠷᠠᠬᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠲᠤ ᠡᠮᠴᠢᠯᠡᠭᠡᠨ ᠤ ᠠᠪᠤᠷᠠᠨ ᠲᠤᠰᠠᠯᠠᠬᠤ ᠪᠠᠯᠠ ᠮᠥᠩᠭᠦ ᠪᠠᠷ 50% ᠪᠠᠷ ᠲᠤᠰᠠᠯᠠᠵᠤ᠂ ᠬᠥᠮᠦᠨ ᠪᠦᠷᠢ ᠳᠤ 190 ᠲᠥᠭᠦᠷᠢᠭ ᠤᠨ ᠪᠠᠷᠢᠮᠵᠢᠶ᠎ᠠ ᠪᠠᠷ ᠵᠣᠭᠤᠰ ᠮᠥᠩᠭᠦ ᠪᠠᠷ ᠲᠤᠰᠠᠯᠠᠨ᠎ᠠ᠂ ᠦᠯᠡᠳᠡᠭᠰᠡᠨ ᠬᠡᠰᠡᠭ ᠤᠨ ᠡᠳ᠋ ᠮᠥᠩᠭᠦ ᠪᠠᠷ ᠲᠤᠰᠠᠯᠠᠬᠤ ᠶᠢ ᠡᠳ᠋ ᠤᠨ ᠵᠠᠰᠠᠭ ᠠᠴᠠ ᠡᠭᠦᠷᠭᠡᠯᠡᠨ᠎ᠡ︶᠃ ᠡᠳ᠋ ᠮᠥᠩᠭᠦ ᠪᠠᠷ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ ᠶᠢ ᠡᠳ᠋ ᠮᠥᠩᠭᠦ ᠪᠠᠷ ᠲᠤᠰᠠᠯᠠᠬᠤ ᠰᠠᠯᠠᠭ᠎ᠠ ᠮᠥᠴᠢᠷ ᠠᠴᠠ ᠰᠢᠭᠤᠳ ᠣᠷᠣᠯᠠᠨ ᠲᠤᠰᠢᠶᠠᠵᠤ᠂ ᠰᠦᠶᠳᠬᠡᠯ ᠲᠤᠰᠢᠶᠠᠬᠤ ᠶᠠᠪᠤᠴᠠ ᠶᠢ ᠪᠠᠭᠠᠰᠬᠠᠨ᠎ᠠ︔ ᠡᠳ᠋ ᠤᠨ ᠵᠠᠰᠠᠭ ᠤᠨ ᠨᠥᠬᠦᠪᠥᠷᠢ ᠶᠢᠨ ᠬᠡᠰᠡᠭ ᠢ ᠲᠥᠰᠦᠪ ᠲᠤ ᠣᠷᠣᠭᠤᠯᠵᠤ ᠪᠣᠯᠤᠨ᠎ᠠ᠂ ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠰᠢᠬᠠᠨ ᠡᠵᠡᠯᠡᠵᠦ ᠨᠡᠭᠦᠯᠭᠡᠨ ᠬᠡᠷᠡᠭᠯᠡᠵᠦ ᠪᠣᠯᠬᠤ ᠦᠭᠡᠢ᠃      ᠭᠤᠷᠪᠠ᠂ ᠳᠠᠭᠠᠳᠬᠠᠯ ᠳᠤ ᠣᠷᠣᠯᠴᠠᠭᠰᠠᠨ ᠴᠠᠭ      ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠨ ᠠᠴᠠ ᠤᠷᠢᠳᠴᠢᠯᠠᠨ ᠰᠦᠶᠳᠬᠡᠯ ᠲᠤᠰᠢᠶᠠᠬᠤ ᠲᠦᠷᠢᠮ ᠢ ᠬᠡᠷᠡᠭᠵᠢᠭᠦᠯᠵᠦ᠂ 2022 ᠣᠨ ᠤ 9 ᠰᠠᠷ᠎ᠠ ᠶᠢᠨ 1 ᠤ ᠡᠳᠦᠷ ᠠᠴᠠ 2023 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ 2023 ᠣᠨ ᠤ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠤᠰᠢᠶᠠᠨ᠎ᠠ᠃ 2022 ᠣᠨ ᠤ 12 ᠰᠠᠷ᠎ᠠ ᠶᠢᠨ 25 ᠤ ᠡᠳᠦᠷ ᠠᠴᠠ ᠡᠮᠦᠨ᠎ᠡ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠲᠥᠪᠯᠡᠷᠡᠭᠦᠯᠦᠨ ᠣᠷᠣᠯᠴᠠᠬᠤ᠂ ᠰᠦᠶᠳᠬᠡᠯ ᠲᠤᠰᠢᠶᠠᠬᠤ᠂ ᠳᠡᠩᠰᠡᠯᠡᠨ ᠲᠡᠮᠳᠡᠭᠯᠡᠬᠦ᠂ ᠮᠡᠳᠡᠭᠡ ᠵᠠᠩᠭᠢ ᠣᠷᠣᠭᠤᠯᠬᠤ ᠠᠵᠢᠯ ᠢ ᠳᠠᠭᠤᠰᠬᠠᠨ᠎ᠠ᠃ ᠣᠨᠴᠠᠭᠠᠶ ᠪᠠᠶᠢᠳᠠᠯ ᠠᠴᠠ ᠲᠣᠭᠲᠠᠭᠰᠠᠨ ᠴᠠᠭ ᠤᠨ ᠳᠣᠲᠣᠷ᠎ᠠ ᠰᠦᠶᠳᠬᠡᠯ ᠲᠤᠰᠢᠶᠠᠬᠤ ᠪᠠᠷ ᠳᠡᠩᠰᠡᠯᠡᠵᠦ ᠳᠠᠭᠠᠳᠬᠠᠯ ᠳᠤ ᠣᠷᠣᠯᠴᠠᠭᠰᠠᠨ ᠥᠬᠡᠶ ᠪᠠᠶᠢᠪᠠᠯ᠂ 2023 ᠣᠨ ᠤ 2 ᠰᠠᠷ᠎ᠠ ᠶᠢᠨ 28 ᠤ ᠡᠳᠦᠷ ᠪᠣᠯᠲᠠᠯ᠎ᠠ ᠤᠷᠲᠤᠳᠬᠠᠵᠤ ᠪᠣᠯᠤᠨ᠎ᠠ᠃ 2023 ᠣᠨ ᠤ 3 ᠰᠠᠷ᠎ᠠ ᠶᠢᠨ 1 ᠤ ᠡᠳᠦᠷ᠂ ᠪᠥᠬᠦ ᠰᠢᠶᠠᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠮᠡᠳᠡᠭᠡ ᠵᠠᠩᠭᠢ ᠶᠢ ᠣᠷᠣᠭᠤᠯᠬᠤ ᠠᠵᠢᠯ ᠳᠠᠭᠤᠰᠴᠤ᠂ ᠳᠠᠭᠠᠳᠬᠠᠯ ᠳᠤ ᠣᠷᠣᠯᠴᠠᠬᠤ ᠰᠢᠰᠲ᠋ᠧᠮ ᠬᠠᠭᠠᠨ᠎ᠠ᠂ ᠡᠨᠡ ᠬᠤᠭᠤᠴᠠᠭᠠᠨ ᠳᠤ ᠰᠦᠶᠳᠬᠡᠯ ᠲᠤᠰᠢᠶᠠᠬᠤ ᠳᠡᠩᠰᠡᠯᠡᠯᠲᠡ ᠬᠢᠯᠭᠡᠭᠰᠡᠨ ᠥᠬᠡᠶ ᠰᠠᠭᠤᠭᠠᠯᠢ ᠠᠷᠠᠳ ᠢ ᠣᠨ ᠤ ᠳᠠᠭᠠᠳᠬᠠᠯ ᠳᠤ ᠣᠷᠣᠯᠴᠠᠬᠤ ᠬᠢᠷᠢ ᠬᠡᠮ ᠢᠶᠠᠨ ᠬᠠᠶᠠᠭᠰᠠᠨ ᠢᠶᠠᠷ ᠦᠵᠡᠨ᠎ᠡ᠃      ᠳᠥᠷᠪᠡ᠂ ᠳᠠᠭᠠᠳᠬᠠᠯ ᠳᠤ ᠣᠷᠣᠯᠴᠠᠬᠤ ᠵᠢᠴᠢ ᠳᠠᠭᠠᠳᠬᠠᠯ ᠳᠤ ᠣᠷᠣᠬᠤ ᠠᠷᠭ᠎ᠠ ᠮᠠᠶ᠋ᠢᠭ      ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ᠂ ᠳᠤᠮᠳᠠᠳᠤ ᠤᠯᠤᠰ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠯᠡᠰᠦᠨ ᠴᠥᠯ ᠣᠶ ᠰᠢᠭᠤᠶ ᠶᠢᠨ ᠲᠤᠷᠰᠢᠯᠲᠠ ᠶᠢᠨ ᠲᠥᠪ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠡᠮ ᠡᠮᠨᠡᠯᠭᠡ ᠶᠢᠨ ᠳᠠᠭᠠᠳᠬᠠᠯ ᠤᠨ ᠲᠠᠲᠠᠪᠤᠷᠢᠯᠠᠨ ᠲᠤᠰᠢᠶᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠣᠩᠬᠤ᠂ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠶᠡᠭᠡ ᠲᠢᠩᠬᠢᠮ᠂ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠶᠡᠭᠡ ᠲᠢᠩᠬᠢᠮ ᠤᠨ ᠴᠣᠩᠬᠤ᠂ ᠡᠯ᠎ᠡ ᠰᠤᠮᠤ ᠪᠠᠯᠭᠠᠰᠤ ︵ᠨᠡᠶᠢᠭᠡᠮ ᠲᠣᠭᠤᠷᠢᠭ︶ ᠶᠢᠨ ᠡᠷᠡᠭᠦᠯ ᠬᠠᠮᠠᠭᠠᠯᠠᠯ ᠤᠨ ᠲᠥᠪ ᠬᠤᠷᠢᠶ᠎ᠠ᠂ ᠭᠠᠴᠠᠭ᠎ᠠ ᠲᠣᠰᠬᠤᠨ᠂ ᠰᠤᠷᠭᠠᠭᠤᠯᠢ ᠵᠡᠷᠭᠡ ᠨᠢ ᠲᠥᠪᠯᠡᠷᠡᠭᠦᠯᠦᠨ ᠣᠷᠣᠯᠠᠨ ᠬᠤᠷᠢᠶᠠᠨ᠎ᠠ᠃ ᠡᠰᠡᠬᠦᠯ᠎ᠡ ᠯᠠᠩᠭᠦᠶ ᠠᠴᠠ ᠲᠠᠲᠠᠪᠤᠷᠢᠯᠠᠬᠤ᠂ ᠡᠭᠦᠯᠡᠨ POS ᠮᠠᠰᠢᠨ᠂ ᠭᠠᠷ ᠤᠲᠠᠰᠤ ᠪᠠᠷ ᠰᠦᠶᠳᠬᠡᠯ ᠲᠤᠰᠢᠶᠠᠬᠤ᠂ ᠥᠪᠡᠰᠦᠪᠡᠨ ᠦᠶᠯᠡᠴᠢᠯᠡᠬᠦ ᠦᠵᠦᠭᠦᠷ ᠲᠥᠬᠦᠭᠡᠷᠦᠮᠵᠢ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠭᠠᠳᠬᠠᠯ ᠳᠤ ᠣᠷᠣᠯᠴᠠᠭᠰᠠᠳ ᠲᠤ ᠨᠠᠩ ᠲᠥᠬᠦᠮ ᠣᠯᠠᠨ ᠡᠰᠢᠵᠢᠭᠰᠡᠨ ᠰᠦᠶᠳᠬᠡᠯ ᠲᠤᠰᠢᠶᠠᠬᠤ ᠠᠷᠭ᠎ᠠ ᠵᠠᠮ ᠢ ᠬᠠᠩᠭᠠᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠎ᠠ      ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ᠂ ᠳᠤᠮᠳᠠᠳᠤ ᠤᠯᠤᠰ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠯᠡᠰᠦᠨ ᠴᠥᠯ ᠣᠶ ᠰᠢᠭᠤᠶ ᠶᠢᠨ ᠲᠤᠷᠰᠢᠯᠲᠠ ᠶᠢᠨ ᠲᠥᠪ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠶᠠᠲᠤ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠪᠠ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠦᠨᠡᠨ ᠬᠦ ᠡᠭᠦᠷᠭᠡᠯᠡᠵᠦ᠂ ᠪᠥᠬᠦ ᠰᠢᠶᠠᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠵᠤ᠂ ᠣᠨᠴᠠ ᠬᠦᠴᠢᠷᠳᠡᠯᠲᠡᠶ᠂ ᠨᠠᠭᠠᠳᠤ ᠵᠠᠬ᠎ᠠ ᠶᠢᠨ ᠪᠠᠲᠤᠯᠠᠭ᠎ᠠ᠂ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠭᠥᠷᠳᠡᠬᠦ ᠠᠵᠢᠯᠲᠠᠨ᠂ ᠬᠢᠨᠠᠨ ᠰᠢᠯᠭᠠᠬᠤ ᠳᠤ ᠣᠷᠣᠭᠤᠯᠤᠭᠰᠠᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠵᠡᠷᠭᠡ ᠬᠦᠴᠢᠷᠳᠡᠯᠲᠡᠶ ᠬᠥᠮᠦᠰ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ ᠡᠷᠬᠡᠪᠰᠢ 100% ᠳᠤ ᠬᠦᠷᠦᠭᠦᠯᠬᠦ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠳᠠᠭᠠᠳᠬᠠᠯ ᠳᠤ ᠣᠷᠣᠯᠴᠠᠭᠰᠠᠳ ᠢ ᠬᠢᠨᠠᠮᠠᠭᠠᠶ ᠬᠢᠨᠠᠨ ᠲᠣᠭᠲᠠᠭᠠᠵᠤ᠂ ᠳᠠᠭᠠᠳᠬᠠᠯ ᠳᠤ ᠣᠷᠣᠭᠰᠠᠳ᠂ ᠳᠠᠭᠠᠳᠬᠠᠯ ᠳᠤ ᠣᠷᠤᠭ᠎ᠠ ᠥᠬᠡᠶ ᠬᠥᠮᠦᠰ ᠤᠨ ᠰᠠᠭᠤᠷᠢ ᠮᠡᠳᠡᠭᠡ ᠵᠠᠩᠭᠢ ᠶᠢ ᠬᠢᠨᠠᠨ ᠬᠠᠷᠭᠤᠭᠤᠯᠵᠤ᠂ ᠨᠢᠭᠤᠷᠳᠠᠬᠤ ᠪᠠᠶᠢᠳᠠᠯ ᠢ ᠣᠨᠣᠪᠴᠢᠲᠠᠶ ᠲᠣᠭᠲᠠᠭᠠᠨ ᠥᠷᠭᠡᠳᠬᠡᠵᠦ᠂ ᠳᠠᠭᠠᠳᠬᠠᠯ ᠳᠤ ᠣᠷᠣᠯᠴᠠᠭᠰᠠᠳ ᠢ ᠬᠢᠨᠠᠨ ᠲᠣᠭᠲᠠᠭᠠᠬᠤ ᠠᠵᠢᠯ ᠵᠢᠴᠢ ᠲᠤᠭ᠎ᠠ ᠪᠠᠷᠢᠮᠲᠠ ᠶᠢ ᠬᠢᠨᠠᠨ ᠲᠣᠭᠲᠠᠭᠠᠭᠰᠠᠨ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠤᠪᠢᠶᠠᠨ ᠭᠥᠷᠳᠡᠬᠦ ᠠᠵᠢᠯ ᠢ ᠪᠣᠳᠠᠲᠠᠶᠢᠵᠢᠭᠤᠯᠤᠨ ᠨᠠᠷᠢᠨ ᠨᠢᠮᠪᠠᠶ ᠬᠢᠬᠦ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠳᠠᠭᠠᠳᠬᠠᠯ ᠳᠤ ᠣᠷᠣᠯᠴᠠᠬᠤ ᠨᠥᠬᠦᠪᠥᠷᠢ ᠪᠠᠯᠠ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠡᠷᠦᠬᠡ ᠠᠮᠠ ᠶᠢᠨ ᠬᠠᠷᠢᠶ᠎ᠠ ᠶᠢᠨ ᠬᠥᠮᠦᠨ ᠠᠮᠠ ᠶᠢᠨ ᠲᠤᠭ᠎ᠠ᠂ ᠡᠷᠦᠬᠡ ᠠᠮᠠ ᠶᠢᠨ ᠬᠠᠷᠢᠶ᠎ᠠ ᠶᠢᠨ ᠮᠡᠳᠡᠭᠡ ᠵᠠᠩᠭᠢ ᠶᠢ ᠬᠠᠮᠵᠢᠯᠴᠠᠨ ᠬᠠᠩᠭᠠᠨ᠎ᠠ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠵᠦ᠂ ᠣᠯᠠᠨ ᠵᠦᠶᠯ ᠤᠨ ᠠᠷᠭ᠎ᠠ ᠵᠠᠮ᠂ ᠣᠯᠠᠨ ᠵᠦᠶᠯ ᠤᠨ ᠬᠡᠯᠪᠡᠷᠢ ᠮᠠᠶ᠋ᠢᠭ ᠤᠨ ᠲᠠᠲᠠᠪᠤᠷᠢᠯᠠᠨ ᠬᠤᠷᠢᠶᠠᠬᠤ ᠠᠷᠭ᠎ᠠ ᠮᠠᠶ᠋ᠢᠭ ᠢ ᠨᠡᠭᠡᠭᠡᠵᠦ᠂ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠨ ᠲᠠᠲᠠᠪᠤᠷᠢᠯᠠᠨ ᠲᠤᠰᠢᠶᠠᠬᠤ ᠶᠢ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠤᠬᠠᠭᠤᠯᠤᠨ ᠳᠠᠶᠢᠴᠢᠯᠠᠬᠤ᠂ ᠪᠦᠬᠦᠯᠢ ᠴᠣᠭᠴᠠ ᠪᠠᠷ ᠰᠦᠶᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠣᠨᠴᠠ ᠬᠦᠴᠢᠷᠳᠡᠯᠲᠡᠶ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠲᠠᠬᠢ ᠬᠡᠷ ᠪᠦᠯᠢ ᠶᠢᠨ ᠪᠦᠷᠢᠯᠳᠦᠬᠦᠨ ᠵᠡᠷᠭᠡ ᠬᠦᠴᠢᠷᠳᠡᠯᠲᠡᠶ ᠬᠥᠮᠦᠰ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠵᠤ᠂ ᠳᠠᠭᠠᠳᠬᠠᠯ ᠳᠤ ᠣᠷᠣᠯᠴᠠᠬᠤ ᠶᠢ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ ᠃ ᠵᠡᠮᠳᠡᠭᠴᠦᠳ ᠤᠨ ᠬᠤᠯᠪᠣᠭ᠎ᠠ ᠨᠢ ᠵᠡᠮᠳᠡᠭᠴᠦᠳ ᠤᠨ ᠮᠡᠳᠡᠭᠡ ᠵᠠᠩᠭᠢ ᠶᠢ ᠬᠠᠩᠭᠠᠵᠤ᠂ ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠲᠦᠷᠦ ᠶᠢᠨ ᠪᠤᠳᠤᠯᠭ᠎ᠠ ᠶᠢ  ᠡᠳ᠋ᠯᠡᠵᠦ ᠪᠣᠢ ᠬᠥᠮᠥᠰ᠂ ᠲᠠᠬᠢᠨ ᠶᠠᠳᠠᠭᠤᠷᠠᠭᠰᠠᠨ ᠬᠥᠮᠦᠰ᠂ ᠬᠢᠨᠠᠨ ᠬᠡᠮᠵᠢᠯᠲᠡ ᠳᠤ ᠣᠷᠣᠭᠤᠯᠤᠭᠰᠠᠨ ᠠᠮᠠᠷᠬᠠᠨ ᠲᠠᠬᠢᠨ ᠶᠠᠳᠠᠭᠤᠷᠠᠭᠰᠠᠨ ᠬᠥᠮᠦᠰ ᠤᠨ ᠮᠡᠳᠡᠭᠡ ᠵᠠᠩᠭᠢ ᠶᠢ ᠬᠠᠩᠭᠠᠵᠤ᠂ ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃      ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠬᠤ ᠬᠡᠷᠡᠭᠲᠡᠶ      ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ᠂ ᠳᠤᠮᠳᠠᠳᠤ ᠤᠯᠤᠰ ᠤᠨ ᠣᠶ ᠰᠢᠭᠤᠶ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠯᠡᠰᠦᠨ ᠴᠥᠯ ᠣᠶ ᠰᠢᠭᠤᠶ ᠶᠢᠨ ᠲᠤᠷᠰᠢᠯᠲᠠ ᠶᠢᠨ ᠲᠥᠪ᠂ ᠰᠤᠷᠭᠠᠨ ᠬᠥᠮᠦᠵᠢᠯ ᠤᠨ ᠲᠣᠪᠴᠢᠶ᠎ᠠ ᠨᠤᠭᠤᠳ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠲᠠᠢ ᠬᠠᠮᠵᠢᠯᠴᠠᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠣᠶᠢᠯᠠᠭᠠᠬᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠳᠠᠭᠠᠳᠬᠠᠯ ᠳᠤ ᠣᠷᠣᠯᠴᠠᠬᠤ ᠶᠢ ᠰᠢᠮᠳᠠᠭᠤᠯᠬᠤ ᠵᠡᠷᠭᠡ ᠠᠵᠢᠯ ᠢ ᠰᠠᠶᠢᠲᠤᠷ ᠬᠢᠬᠦ ᠬᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ᠂ ᠲᠤᠭ᠎ᠠ ᠪᠦᠷᠢᠳᠬᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠥᠳᠡᠯᠦᠩᠭᠦᠶ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠦᠶᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠦᠶᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠵᠦ᠂ ᠠᠷᠠᠳ ᠣᠯᠠᠨ ᠳᠤ ᠲᠥᠪ ᠭᠤᠤᠯᠴᠢ ᠳᠥᠭᠦᠮ ᠳᠥᠲᠡ ᠪᠥᠭᠡᠳ ᠥᠨᠳᠥᠷ ᠦᠷ᠎ᠡ ᠪᠦᠲᠦᠮᠵᠢᠲᠡᠶ᠂ ᠳᠤᠯᠠᠭᠠᠨ ᠲᠠᠭᠠᠯᠠᠮᠵᠢᠲᠠᠶ ᠡᠮᠴᠢᠯᠡᠭᠡᠨ ᠤ ᠪᠠᠲᠤᠯᠠᠭ᠎ᠠ ᠶᠢᠨ ᠦᠶᠯᠡᠴᠢᠯᠡᠭᠡ ᠬᠠᠩᠭᠠᠬᠤ ᠬᠡᠷᠡᠭᠲᠡᠶ᠃ ᠡᠭᠦᠨ ᠤ ᠬᠠᠮᠲᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠨᠡᠶᠢᠭᠡᠮ ᠤᠨ ᠵᠢᠱᠢᠯᠲᠡ ᠶᠢ ᠵᠦᠶ ᠵᠣᠬᠢᠰᠲᠠᠶ ᠵᠢᠯᠣᠭᠤᠳᠤᠨ᠂ ᠬᠠᠮᠢᠶ᠎ᠠ ᠪᠥᠬᠦᠶ ᠠᠵᠢᠯ ᠤᠨ ᠪᠡᠯᠡᠳᠬᠡᠯ ᠲᠥᠰᠦᠯ ᠢ ᠲᠣᠭᠲᠠᠭᠠᠵᠤ᠂ ᠴᠢᠬᠤᠯᠠ ᠶᠡᠭᠡ ᠪᠠᠶᠢᠳᠠᠯ ᠲᠤᠯᠭᠠᠷᠠᠪᠠᠯ ᠴᠠᠭ ᠲᠤᠬᠠᠶ ᠳᠤᠨᠢ ᠱᠠᠭᠠᠷᠳᠠᠯᠭ᠎ᠠ ᠶᠣᠰᠣᠭᠠᠷ ᠮᠡᠳᠡᠭᠦᠯᠬᠦ ᠬᠡᠷᠡᠭᠲᠡᠶ᠃      ︵ᠭᠤᠷᠪᠠ︶ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠢᠳᠡᠪᠬᠢᠵᠢᠭᠦᠯᠦᠨ ᠳᠡᠯᠭᠡᠷᠡᠭᠦᠯᠬᠦ ᠠᠵᠢᠯ ᠢ ᠲᠦᠷᠭᠡᠳᠬᠡᠨ ᠠᠬᠢᠭᠤᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠤᠬᠠᠭᠤᠯᠤᠨ ᠳᠡᠯᠭᠡᠷᠡᠭᠦᠯᠬᠦ ᠠᠵᠢᠯ ᠤᠨ ᠲᠥᠰᠦᠯ︾ ︵ᠥᠪᠥᠷ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ︹ 2020 ︺ 21 ᠳ᠋ᠦᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠢᠨᠲ᠋ᠧᠷ ᠰᠦᠯᠵᠢᠶ᠎ᠡ + ᠡᠮ ᠡᠮᠨᠡᠯᠭᠡ ᠶᠢᠨ ᠳᠠᠭᠠᠳᠬᠠᠯ︾ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠮᠠᠨ ᠤ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ᠪᠠ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠵᠦ᠂ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ ᠨᠤᠭᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰᠬᠠᠶ ᠬᠥᠮᠦᠨ ᠳᠣᠭᠢᠷᠠᠭᠤᠯᠤᠨ ᠲᠣᠰ ᠠᠵᠢᠯ ᠢ ᠬᠠᠷᠢᠭᠤᠴᠠᠭᠤᠯᠵᠤ᠂ ᠬᠠᠷᠢᠶ᠎ᠠ ᠣᠷᠣᠨ ᠳᠠᠭᠠᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠵᠢᠴᠢ ᠬᠡᠷᠡᠭᠯᠡᠵᠦ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 2022 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠮᠠᠨ ᠤ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠠᠮᠢᠯᠠᠭᠤᠯᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃                         ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ                       2022 ᠣᠨ ᠤ 9 ᠰᠠᠷ᠎ᠠ ᠶᠢᠨ 15 ᠤ ᠡᠳᠦᠷ 
ᠢᠷᠡᠯᠲᠡ᠄ ᠲᠤᠰ ᠰᠦᠯᠵᠢᠶ᠎ᠡ