ᠳ᠋ᠧᠩᠺᠸᠤ ᠵᠠᠰᠠᠭ ᠠᠯᠪᠠᠨ ᠦᠰᠦᠭ〔2023〕55 ᠲᠣᠭᠠᠲᠤ | ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ︽ᠳ᠋ᠧᠩᠺᠸᠤ ᠰᠢᠶᠠᠨ ᠤ ᠱᠤᠤᠭᠢᠶᠠᠨ ᠤ ᠪᠣᠬᠢᠷᠲᠤᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭᠠᠨ ᠤ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠳ᠋ᠧᠩᠺᠸᠤ ᠰᠢᠶᠠᠨ ᠤ ᠠᠷᠠᠳ ᠤᠨ ᠵᠠᠰᠠᠭ ᠤᠨ ᠣᠷᠳᠣᠨ | 2023 ᠣᠨ ᠤ 12 ᠰᠠᠷ᠎ᠠ ᠶᠢᠨ 1 ᠤ ᠡᠳᠦᠷ | | | | | | | ᠳ᠋ᠧᠩᠺᠸᠤ ᠰᠢᠶᠠᠨ ᠤ ᠱᠤᠤᠭᠢᠶᠠᠨ ᠤ ᠪᠣᠬᠢᠷᠲᠤᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ | ᠱᠤᠤᠭᠢᠶᠠᠨ ᠤ ᠪᠣᠬᠢᠷᠲᠤᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠠᠵᠤ ᠦᠢᠯᠡᠳᠪᠦᠷᠢ ᠶᠢᠨ ᠱᠤᠤᠭᠢᠶᠠᠨ᠂ ᠪᠠᠷᠢᠯᠭ᠎ᠠ ᠶᠢᠨ | ᠠᠵᠢᠯ ᠤᠨ ᠱᠤᠤᠭᠢᠶᠠᠨ᠂ ᠵᠠᠮ ᠬᠠᠷᠢᠯᠴᠠᠭᠠᠨ ᠤ ᠱᠤᠤᠭᠢᠶᠠᠨ᠂ ᠨᠡᠶᠢᠭᠡᠮ ᠤᠨ ᠠᠮᠢᠳᠤᠷᠠᠯ ᠤᠨ ᠱᠤᠤᠭᠢᠶᠠᠨ ᠤ ᠪᠣᠬᠢᠷᠲᠤᠯ ᠢ ᠢᠳᠡᠪᠬᠢᠲᠡᠶ ᠪᠠᠷ ᠬᠢᠵᠠᠭᠠᠷᠯᠠᠵᠤ᠂ | ᠱᠤᠤᠭᠢᠶᠠᠨ ᠢᠶᠠᠷ ᠠᠷᠠᠳ ᠢ ᠦᠢᠮᠡᠭᠦᠯᠬᠦ ᠦᠵᠡᠭᠳᠡᠯ ᠢ ᠪᠦᠲᠦᠮᠵᠢᠲᠡᠶ ᠪᠠᠷ ᠰᠢᠢᠳᠪᠦᠷᠢᠯᠡᠵᠦ᠂ ᠬᠤᠲᠠ ᠪᠠᠯᠭᠠᠰᠤ ᠶᠢᠨ ᠳᠠᠭᠤᠨ ᠤ ᠣᠷᠴᠢᠨ ᠲᠣᠭᠤᠷᠢᠨ ᠤ ᠴᠢᠨᠠᠷ | ᠴᠢᠨᠰᠠᠭ᠎ᠠ ᠶᠢ ᠮᠡᠳᠡᠭᠳᠡᠬᠦ᠋ᠢᠴᠡ ᠰᠠᠶᠢᠵᠢᠷᠠᠭᠤᠯᠵᠤ᠂ ᠠᠷᠠᠳ ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ︽ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠨᠢ ᠵᠡᠷᠭᠡᠪᠡᠷ ᠵᠠᠰᠠᠬᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ︾ ᠱᠤᠤᠭᠢᠶᠠᠨ ᠤ ᠪᠣᠬᠢᠷᠲᠤᠯ ᠢ | ᠴᠡᠭᠴᠡᠯᠡᠨ ᠵᠠᠰᠠᠬᠤ ᠠᠵᠢᠯ ᠤᠨ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠱᠤᠤᠭᠢᠶᠠᠨ᠂ ᠪᠠᠷᠢᠯᠭ᠎ᠠ ᠶᠢᠨ ᠠᠵᠢᠯ ᠤᠨ ᠱᠤᠤᠭᠢᠶᠠᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠱᠤᠤᠭᠢᠶᠠᠨ᠂ ᠨᠡᠶᠢᠭᠡᠮ ᠤᠨ ᠠᠮᠢᠳᠤᠷᠠᠯ ᠤᠨ ᠱᠤᠤᠭᠢᠶᠠᠨ ᠤ ᠪᠣᠬᠢᠷᠲᠤᠯ ᠢ | ᠪᠦᠲᠦᠮᠵᠢᠲᠡᠶ ᠪᠠᠷ ᠬᠢᠵᠠᠭᠠᠷᠯᠠᠵᠤ᠂ ᠱᠤᠤᠭᠢᠶᠠᠨ ᠠᠷᠠᠳ ᠢ ᠦᠢᠮᠡᠭᠦᠯᠬᠦ ᠠᠰᠠᠭᠤᠳᠠᠯ ᠢ ᠮᠡᠳᠡᠭᠳᠡᠬᠦ᠋ᠢᠴᠡ ᠨᠠᠮᠳᠠᠭᠤᠯᠵᠤ᠂ ᠬᠤᠳᠠ ᠶᠢᠨ ᠲᠣᠭᠤᠷᠢᠭ ᠤᠨ ᠳᠠᠭᠤᠨ ᠤ | ᠣᠷᠴᠢᠨ ᠲᠣᠭᠤᠷᠢᠨ ᠤ ᠶᠠᠰᠤ ᠴᠢᠨᠠᠷ ᠢ ᠮᠡᠳᠡᠭᠳᠡᠬᠦ᠋ᠢᠴᠡ ᠰᠠᠶᠢᠵᠢᠷᠠᠭᠤᠯᠵᠤ᠂ ᠤᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠲᠠᠰᠤᠷᠠᠯᠳᠠ ᠥᠭᠡᠢ | ᠳᠡᠭᠡᠭᠰᠢᠯᠡᠭᠦᠯᠦᠨ᠎ᠡ᠃ | ᠬᠤᠶᠠᠷ᠂ ᠴᠡᠭᠴᠡᠯᠡᠨ ᠵᠠᠰᠠᠬᠤ ᠬᠡᠪᠴᠢᠶ᠎ᠡ | ᠪᠦᠬᠦ ᠰᠢᠶᠠᠨ ᠤ ᠬᠡᠪᠴᠢᠶᠡᠨ ᠳᠤ ᠱᠤᠤᠭᠢᠶᠠᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠲᠣᠭᠤᠷᠢᠭ ᠵᠢᠴᠢ ᠡᠷᠬᠢᠨ | ᠲᠣᠭᠤᠷᠢᠨ ᠤ ᠠᠵᠤ ᠦᠢᠯᠡᠳᠪᠦᠷᠢ ᠶᠢᠨ ᠱᠤᠤᠭᠢᠶᠠᠨ᠂ ᠪᠠᠷᠢᠯᠭ᠎ᠠ ᠶᠢᠨ ᠠᠵᠢᠯ ᠤᠨ ᠱᠤᠤᠭᠢᠶᠠᠨ᠂ ᠵᠠᠮ ᠲᠡᠭᠡᠭᠡᠪᠦᠷᠢ ᠶᠢᠨ ᠱᠤᠤᠭᠢᠶᠠᠨ᠂ ᠨᠡᠶᠢᠭᠡᠮ ᠤᠨ ᠠᠮᠢᠳᠤᠷᠠᠯ ᠤᠨ | ᠱᠤᠤᠭᠢᠶᠠᠨ ᠢ ᠭᠤᠣᠯᠳᠠᠯᠭ᠎ᠠ ᠲᠠᠢ ᠪᠠᠷ ᠥᠷᠨᠢᠭᠦᠯᠦᠨ᠎ᠡ᠃ | ᠭᠤᠷᠪᠠ᠂ ᠠᠵᠢᠯ ᠤᠨ ᠲᠣᠬᠢᠷᠠᠭᠤᠯᠤᠯᠲᠠ | ︵ᠨᠢᠭᠡ︶ ᠤᠬᠠᠭᠤᠯᠤᠨ ᠪᠠᠶᠢᠷᠢᠯᠠᠭᠤᠯᠬᠤ ᠱᠠᠲᠤ ᠦᠶ᠎ᠡ ︵ᠲᠣᠰ ᠡᠳᠦᠷ ᠠᠴᠠ ᠡᠬᠢᠯᠡᠨ 11 ᠳ᠋ᠦᠭᠡᠷ ᠰᠠᠷ᠎ᠠ ᠶᠢᠨ 26 ᠤ ᠡᠳᠦᠷ ᠪᠣᠯᠲᠠᠯ᠎ᠠ︶᠃ ᠡᠯ᠎ᠡ | ᠬᠠᠷᠢᠭᠤᠴᠠᠯᠭᠠᠲᠤ ᠨᠢᠭᠡᠴᠡ ᠨᠦᠭᠦᠳ ᠴᠡᠭᠴᠡᠯᠡᠨ ᠵᠠᠰᠠᠬᠤ ᠲᠤᠰᠬᠠᠶ ᠲᠥᠰᠦᠯ ᠲᠣᠭᠲᠠᠭᠠᠵᠤ᠂ ᠦᠳᠲᠡᠷ ᠲᠦᠷᠭᠡᠨ ᠲᠣᠬᠢᠷᠠᠭᠤᠯᠤᠨ ᠪᠠᠶᠢᠷᠢᠯᠠᠭᠤᠯᠵᠤ᠂ ᠰᠣᠨᠢᠨ᠂ | ᠲᠧᠯᠸᠢᠰ᠂ ᠷᠠᠳᠢᠣ᠋ ᠨᠡᠪᠲᠡᠷᠡᠭᠦᠯᠭᠡ ᠪᠣᠯᠤᠨ ᠲᠣᠣᠷ ᠰᠦᠯᠵᠢᠶ᠎ᠡ ᠶᠢ ᠭᠦᠢᠴᠡᠳ ᠠᠰᠢᠭᠯᠠᠨ᠂ ᠤᠯᠠᠨ ᠶᠠᠩᠵᠤ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠬᠦ ᠬᠡᠷᠡᠭᠲᠡᠶ᠃ | ︵ᠬᠤᠶᠠᠷ︶ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ︵11 ᠳ᠋ᠦᠭᠡᠷ ᠰᠠᠷ᠎ᠠ ᠶᠢᠨ 30 ᠤ ᠡᠳᠦᠷ ᠠᠴᠠ 12 ᠳ᠋ᠤᠭᠠᠷ ᠰᠠᠷ᠎ᠠ ᠶᠢᠨ 18 ᠤ ᠡᠳᠦᠷ | ᠪᠣᠯᠲᠠᠯ᠎ᠠ︶᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠬᠠᠷᠠᠯᠲᠠ ᠡᠭᠦᠷᠭᠡ ᠶᠢ ᠠᠵᠢᠯ ᠤᠨ ᠪᠠᠶᠢᠷᠢ ᠪᠠ ᠬᠥᠮᠦᠨ ᠳᠤ ᠬᠦᠷᠲᠡᠯ᠎ᠡ ᠨᠠᠷᠢᠯᠢᠬᠵᠢᠭᠤᠯᠤᠨ | ᠬᠤᠪᠢᠶᠠᠷᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠩᠭᠠᠳᠬᠠᠨ᠂ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠨᠢᠭᠡ ᠳᠤ ᠭᠤᠤᠯᠳᠠᠯᠭ᠎ᠠ ᠲᠠᠢ ᠣᠷᠣᠨ ᠪᠦᠰᠡ᠂ ᠵᠡᠭᠡᠯᠢ ᠭᠤᠳᠤᠮᠵᠢ ᠶᠢᠨ | ᠬᠤᠶᠠᠷ ᠬᠠᠵᠠᠭᠤ᠂ ᠰᠥᠨᠢ ᠶᠢᠨ ᠱᠤᠤᠭᠢᠶᠠᠨ ᠵᠡᠷᠭᠡ ᠡᠯ᠎ᠡ ᠲᠥᠷᠥᠯ ᠤᠨ ᠠᠷᠠᠳ ᠢ ᠦᠢᠮᠡᠭᠦᠯᠬᠦ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠨ᠎ᠠ︔ | ᠬᠤᠶᠠᠷ ᠲᠤ ᠣᠯᠠᠨ ᠲᠦᠮᠡᠨ ᠤ ᠳᠠᠬᠢᠨ ᠳᠠᠪᠲᠠᠨ ᠵᠠᠭᠠᠯᠳᠤᠭᠰᠠᠨ᠂ ᠲᠤᠰᠬᠠᠯ ᠶᠡᠬᠡᠲᠡᠶ ᠳᠠᠭᠤ ᠱᠤᠤᠭᠢᠶᠠᠨ ᠤ ᠪᠣᠬᠢᠷᠲᠤᠯ ᠤᠨ ᠬᠠᠷᠢᠭᠤᠴᠠᠯᠭ᠎ᠠ ᠶᠢ ᠬᠥᠮᠦᠨ ᠳᠤᠨᠢ | ᠳᠠᠭᠠᠭᠠᠯᠭᠠᠵᠤ᠂ ᠬᠤᠭᠤᠴᠠᠭ᠎ᠠ ᠲᠣᠭᠲᠠᠭᠠᠨ ᠰᠢᠢᠳᠪᠦᠷᠢᠯᠡᠵᠦ ᠳᠠᠭᠤᠰᠬᠠᠬᠤ ᠬᠡᠷᠡᠭᠲᠡᠶ︔ ᠭᠤᠷᠪᠠ ᠳᠤ ᠬᠠᠤᠯᠢ ᠪᠤᠰᠤ ᠰᠣᠶᠣᠯ ᠴᠡᠩᠭᠡᠯ ᠤᠨ ᠲᠠᠯᠠᠪᠤᠷ ᠭᠠᠵᠠᠷ᠂ | ᠬᠤᠳᠠᠯᠳᠤᠭᠠᠨ ᠤ ᠪᠣᠷᠣᠯᠠᠭᠤᠯᠭ᠎ᠠ ᠶᠢᠨ ᠲᠣᠣᠷ ᠴᠡᠭ᠂ ᠠᠭᠤᠳᠠᠮ ᠲᠠᠯᠠᠪᠠᠢ ᠶᠢᠨ ᠠᠵᠢᠯᠯᠠᠭ᠎ᠠ ᠵᠡᠷᠭᠡ ᠲᠠᠯᠠᠪᠤᠷ ᠭᠠᠵᠠᠷ ᠢ ᠴᠠᠭᠠᠵᠠᠯᠠᠨ᠎ᠠ︔ ᠳᠥᠷᠪᠡ ᠳᠤ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠣᠰᠣᠭᠠᠷ᠂ ᠡᠯ᠎ᠡ ᠲᠥᠷᠥᠯ ᠤᠨ ᠱᠤᠤᠭᠢᠶᠠᠨ ᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠰᠢᠳᠬᠡᠨ᠎ᠡ᠃ | ︵ᠭᠤᠷᠪᠠ︶ ᠴᠡᠭᠴᠡᠯᠡᠨ ᠵᠠᠰᠠᠵᠤ ᠳ᠋ᠦᠩᠨᠡᠬᠦ ᠱᠠᠲᠤ ᠦᠶ᠎ᠡ ︵12 ᠳ᠋ᠤᠭᠠᠷ ᠰᠠᠷ᠎ᠠ ᠶᠢᠨ 18 ᠤ ᠡᠳᠦᠷ ᠠᠴᠠ ᠵᠢᠯ ᠤᠨ ᠡᠴᠦᠰ ᠪᠣᠯᠲᠠᠯ᠎ᠠ︶᠃ ᠡᠯ᠎ᠡ | ᠬᠠᠷᠢᠭᠤᠴᠠᠯᠭᠠᠲᠤ ᠨᠢᠭᠡᠴᠡ ᠨᠦᠭᠦᠳ ᠲᠥᠪᠯᠡᠷᠡᠭᠦᠯᠦᠨ ᠴᠡᠭᠴᠡᠯᠡᠨ ᠵᠠᠰᠠᠬᠤ ᠱᠠᠲᠤ ᠦᠶ᠎ᠡ ᠶᠢᠨ ᠲᠤᠷᠰᠢᠯᠭ᠎ᠠ ᠪᠠᠨ ᠬᠢᠨᠠᠮᠠᠭᠠᠶ ᠳ᠋ᠦᠩᠨᠡᠵᠦ᠂ ᠲᠠᠭᠤ ᠱᠤᠤᠭᠢᠶᠠᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠮᠢᠶᠠᠷᠤᠯᠲᠠ ᠪᠠᠨ ᠵᠢᠷᠤᠮᠵᠢᠭᠤᠯᠤᠨ᠂ | ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠤᠰᠬᠠᠶ ᠵᠠᠰᠠᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠣᠯᠠᠨ ᠲᠦᠮᠡᠨ ᠤ ᠰᠡᠳᠬᠢᠯ | ᠬᠠᠨᠤᠮᠵᠢᠲᠠᠶ ᠪᠠᠶᠢᠬᠤ ᠬᠡᠮᠵᠢᠶ᠎ᠡ ᠪᠠᠨ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠳᠥᠷᠪᠡ᠂ ᠭᠤᠤᠯᠳᠠᠯᠭ᠎ᠠ ᠲᠠᠢ ᠡᠭᠦᠷᠭᠡ | ︵ᠨᠢᠭᠡ︶ ᠠᠵᠤ ᠦᠢᠯᠡᠳᠪᠦᠷᠢ ᠶᠢᠨ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | 1. ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠠᠭᠤ ᠱᠤᠤᠭᠢᠶᠠᠨ ᠤ ᠪᠣᠬᠢᠷᠲᠤᠯ ᠢ ᠵᠠᠰᠠᠬᠤ ᠶᠢ ᠠᠬᠢᠭᠤᠯᠤᠨ᠎ᠠ᠃ ᠱᠤᠤᠭᠢᠶ᠎ᠠ ᠳᠠᠭᠤ | ᠭᠠᠳᠠᠭᠰᠢᠯᠠᠭᠤᠯᠬᠤ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠱᠠᠯᠠᠪᠳᠠᠭᠤᠯᠤᠨ ᠳᠣᠷᠭᠢᠯᠲᠠ ᠶᠢ ᠪᠠᠭᠠᠰᠬᠠᠵᠤ ᠱᠤᠤᠭᠢᠶᠠᠨ ᠢ ᠪᠠᠭᠠᠰᠬᠠᠬᠤ ᠠᠷᠭ᠎ᠠ ᠬᠡᠮᠵᠢᠶ᠎ᠡ ᠶᠢ | ᠦᠨᠡᠨᠬᠦ ᠠᠪᠤᠭᠤᠯᠵᠤ᠂ ᠦᠢᠯᠡᠳᠪᠦᠷᠢ ᠶᠢᠨ ᠲᠣᠭᠤᠷᠢᠭ ᠲᠠᠬᠢ ᠲᠣᠭᠲᠠᠮᠠᠯ ᠲᠥᠬᠦᠭᠡᠷᠦᠮᠵᠢ᠂ ᠲᠡᠭᠡᠭᠡᠪᠦᠷᠢ ᠶᠢᠨ ᠪᠠᠭᠠᠵᠢ᠂ ᠪᠠᠷᠠᠭ᠎ᠠ ᠠᠴᠢᠶᠠᠯᠠᠵᠤ ᠪᠠᠭᠤᠯᠭᠠᠬᠤ ᠵᠡᠷᠭᠡ | ᠱᠤᠤᠭᠢᠶᠠᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠭᠡᠨᠡᠳᠲᠡ ᠶᠢᠨ ᠱᠤᠤᠭᠢᠶᠠᠨ ᠢᠶᠠᠷ ᠠᠷᠠᠳ ᠢ ᠦᠢᠮᠡᠭᠦᠯᠬᠦ ᠠᠴᠠ ᠵᠠᠶᠢᠯᠠᠰᠬᠢᠬᠦ | ᠬᠡᠷᠡᠭᠲᠡᠢ︔ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠡᠷᠢᠭᠦᠨ ᠤ ᠵᠠᠰᠠᠬᠤ ᠮᠡᠷᠭᠡᠵᠢᠯ ᠢ ᠬᠡᠷᠡᠭᠯᠡᠬᠦ ᠶᠢ ᠵᠣᠷᠢᠭᠵᠢᠭᠤᠯᠵᠤ᠂ ᠠᠵᠢᠯ ᠲᠥᠷᠥᠯ ᠤᠨ | ᠱᠤᠤᠭᠢᠶᠠᠨ ᠢ ᠵᠠᠰᠠᠬᠤ ᠨᠡᠶᠢᠲᠡᠯᠢᠭ ᠵᠢᠱᠢᠶ᠎ᠡ ᠦᠵᠡᠭᠦᠯᠬᠦ ᠶᠢ ᠪᠣᠶ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ | ︶ | 2. ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠱᠤᠤᠭᠢᠶᠠᠨ ᠤ ᠪᠣᠬᠢᠷᠲᠤᠯ ᠢ ᠣᠷᠣᠨ ᠬᠤᠪᠢᠶᠠᠨ | ᠬᠠᠮᠢᠶᠠᠷᠤᠨ ᠡᠵᠡᠮᠳᠡᠵᠦ᠂ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠪᠠ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠵᠠᠮ ᠱᠤᠭᠤᠮ ᠢ ᠰᠢᠯᠢᠳᠡᠭᠵᠢᠭᠦᠯᠦᠨ᠂ ᠳᠣᠤᠷ᠎ᠠ | ᠱᠤᠤᠭᠢᠶᠠᠨ ᠤ ᠲᠥᠬᠦᠭᠡᠷᠦᠮᠵᠢ ᠪᠠ ᠲᠡᠭᠡᠭᠡᠪᠦᠷᠢ ᠶᠢᠨ ᠪᠠᠭᠠᠵᠢ ᠶᠢ ᠬᠡᠷᠡᠭᠯᠡᠬᠦ ᠬᠡᠷᠡᠭᠲᠡᠶ᠃ ᠳᠠᠭᠤ ᠱᠤᠤᠭᠢᠶᠠᠨ ᠤ ᠪᠣᠬᠢᠷᠲᠤᠯ ᠬᠦᠨᠳᠦ ᠨᠣᠴᠢᠲᠠᠶ ᠪᠤᠶᠤ ᠤᠯᠠᠨ | ᠲᠦᠮᠡᠨ ᠤ ᠵᠠᠭᠠᠯᠳᠤᠭᠰᠠᠨ ᠠᠰᠠᠭᠤᠳᠠᠯ ᠨᠡᠯᠢᠶᠡᠳ ᠤᠯᠠᠨ ᠪᠠᠶᠢᠭ᠎ᠠ ᠣᠷᠣᠨ ᠪᠦᠰᠡ ᠳᠤ ᠳᠠᠭᠤ ᠱᠤᠤᠭᠢᠶᠠᠨ ᠢ ᠲᠤᠰᠬᠠᠶᠢᠯᠠᠨ ᠵᠠᠰᠠᠬᠤ ᠠᠵᠢᠯ ᠤᠨ ᠲᠥᠰᠦᠯ ᠢ | ᠲᠣᠭᠲᠠᠭᠠᠨ ᠬᠡᠷᠡᠭᠵᠢᠭᠦᠯᠵᠦ᠂ ᠳᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 3. ᠭᠤᠣᠯᠳᠠᠯᠭ᠎ᠠ ᠲᠠᠢ ᠠᠵᠤ ᠠᠬᠤᠶᠢᠯᠠᠯ ᠤᠨ ᠱᠤᠤᠭᠢᠶᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ ᠠᠵᠤ ᠦᠢᠯᠡᠳᠪᠦᠷᠢ ᠶᠢᠨ | ᠱᠤᠤᠭᠢᠶᠠᠨ ᠤ ᠪᠣᠬᠢᠷᠲᠤᠯ ᠢ ᠭᠠᠳᠠᠭᠰᠢᠯᠠᠭᠤᠯᠬᠤ ᠵᠥᠪᠰᠢᠶᠡᠷᠡᠯ ᠢ ᠭᠤᠶᠤᠴᠢᠯᠠᠬᠤ ᠪᠠ ᠬᠢᠨᠠᠨ ᠣᠯᠭᠤᠬᠤ ᠮᠡᠷᠭᠡᠵᠢᠯ ᠤᠨ ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠵᠤ᠂ | ᠬᠠᠤᠯᠢ ᠶᠣᠰᠣᠭᠠᠷ ᠪᠣᠬᠢᠷᠲᠤᠯ ᠢ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠪᠤᠶᠤ ᠪᠣᠬᠢᠷᠲᠤᠯ ᠢ ᠭᠠᠳᠠᠭᠰᠢᠯᠠᠭᠤᠯᠬᠤ ᠳᠡᠩᠰᠡᠯᠡᠯᠲᠡ | ᠬᠢᠬᠦ ᠶᠢᠨ ᠬᠠᠮᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ︔ ᠵᠠᠭᠠᠯᠳᠤᠯᠭ᠎ᠠ ᠪᠠᠷ ᠨᠡᠯᠢᠶᠡᠳ ᠣᠯᠠᠨ ᠪᠠᠶᠢᠭ᠎ᠠ ᠱᠤᠤᠭᠢᠶᠠᠨ ᠤ ᠪᠣᠬᠢᠷᠲᠤᠯ ᠭᠠᠳᠠᠭᠰᠢᠯᠠᠭᠤᠯᠬᠤ | ᠨᠢᠭᠡᠴᠡ ᠳᠤ ᠴᠢᠭᠯᠡᠭᠦᠯᠦᠨ᠂ ᠲᠡᠳᠡᠨ ᠢ ᠰᠢᠮᠳᠠᠭᠤᠯᠵᠤ ᠪᠠᠶᠢᠭᠠᠳ ᠱᠤᠤᠭᠢᠶᠠᠨ ᠢ ᠪᠠᠭᠠᠰᠬᠠᠬᠤ ᠲᠥᠯᠥᠪᠯᠡᠭᠡ ᠲᠣᠭᠲᠠᠭᠠᠯᠭᠠᠵᠤ᠂ ᠡᠷᠬᠢᠨ ᠲᠣᠭᠤᠷᠢᠨ ᠤ | ᠱᠤᠤᠭᠢᠶᠠᠨ ᠳᠤ ᠰᠡᠷᠭᠡᠭ ᠪᠠᠷᠢᠯᠭ᠎ᠠ ᠶᠢᠨ ᠲᠥᠪᠯᠡᠷᠡᠭᠰᠡᠨ ᠣᠷᠣᠨ ᠳᠤ ᠦᠵᠡᠭᠦᠯᠬᠦ ᠨᠥᠯᠥᠭᠡ ᠶᠢ ᠪᠠᠭᠠᠰᠬᠠᠨ᠎ᠠ᠃ ︵ᠬᠠᠷᠢᠭᠤᠴᠠᠯᠭᠠᠲᠤ ᠨᠢᠭᠡᠴᠡ᠄ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ︶ | ︵ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠲᠥᠷᠥᠯ ᠬᠤᠪᠢᠶᠠᠨ | ᠠᠯᠬᠤᠮ ᠬᠤᠪᠢᠶᠠᠨ ᠵᠠᠰᠠᠬᠤ ᠶᠢ ᠠᠬᠢᠭᠤᠯᠤᠨ᠎ᠠ | 1. ᠮᠠᠰᠢᠨᠲᠤ ᠲᠡᠷᠭᠡᠨ ᠤ ᠳᠤᠤᠭᠠᠷᠬᠤ ᠶᠢ ᠴᠠᠭᠠᠵᠠᠯᠠᠬᠤ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠨᠢ | ᠵᠠᠮ ᠬᠠᠷᠢᠯᠴᠠᠭᠠᠨ ᠤ ᠶᠠᠪᠤᠵᠤ ᠰᠠᠭᠤᠬᠤ᠂ ᠲᠠᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠶᠢᠨ ᠬᠡᠷᠡᠭᠴᠡᠭᠡ ᠶᠢ ᠶᠡᠷᠦᠩᠬᠡᠶᠢᠯᠡᠨ ᠪᠣᠳᠣᠯᠬᠢᠯᠠᠵᠤ᠂ | ᠳᠤᠤᠭᠠᠷᠬᠤ ᠶᠢ ᠴᠠᠭᠠᠵᠠᠯᠠᠬᠤ᠂ ᠶᠠᠪᠤᠬᠤ ᠶᠢ ᠴᠠᠭᠠᠵᠠᠯᠠᠬᠤ᠂ ᠬᠤᠷᠳᠤᠴᠠ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠠᠪᠴᠤ᠂ ᠲᠡᠷᠭᠡᠨ ᠤ ᠬᠡᠯᠪᠡᠷᠢ᠂ ᠲᠡᠷᠭᠡᠨ ᠤ | ᠤᠷᠤᠰᠬᠠᠯ ᠤᠨ ᠬᠡᠮᠵᠢᠶ᠎ᠡ᠂ ᠲᠡᠷᠭᠡᠨ ᠤ ᠬᠤᠷᠳᠤᠴᠠ ᠵᠡᠷᠭᠡ ᠶᠢ ᠵᠦᠶ ᠵᠣᠬᠢᠰᠲᠠᠶ ᠬᠢᠵᠠᠭᠠᠷᠯᠠᠵᠤ᠂ ᠬᠠᠮᠢᠶ᠎ᠠ ᠪᠥᠬᠦᠶ ᠲᠡᠮᠳᠡᠭ᠂ ᠵᠢᠷᠤᠭᠠᠰᠤ ᠶᠢ ᠬᠠᠤᠯᠢ ᠶᠣᠰᠣᠭᠠᠷ | ᠪᠠᠶᠢᠷᠢᠯᠠᠭᠤᠯᠵᠤ᠂ ᠨᠡᠶᠢᠭᠡᠮ ᠳᠤ ᠵᠠᠷᠯᠠᠬᠤ ᠬᠡᠷᠡᠭᠲᠡᠶ︔ ᠳᠤᠤᠭᠠᠷᠬᠤ ᠶᠢ ᠴᠠᠭᠠᠵᠠᠯᠠᠬᠤ ᠵᠠᠮ ᠤᠨ ᠬᠡᠰᠡᠭ ᠲᠤ ᠮᠠᠰᠢᠨᠲᠤ ᠲᠡᠷᠭᠡ ᠶᠢᠨ ᠬᠠᠤᠯᠢ ᠠᠴᠠ ᠵᠥᠷᠢᠴᠡᠭᠰᠡᠨ | ᠪᠦᠷᠢᠶ᠎ᠡ ᠶᠢᠨ ᠠᠦ᠋ᠲ᠋ᠣ᠋ ᠲᠡᠮᠳᠡᠭᠯᠡᠯ ᠤᠨ ᠰᠢᠰᠲ᠋ᠧᠮ ᠳᠣᠭᠢᠷᠠᠭᠤᠯᠬᠤ ᠶᠢ ᠵᠣᠷᠢᠭᠵᠢᠭᠤᠯᠵᠤ᠂ ᠮᠠᠰᠢᠨᠲᠤ ᠲᠡᠷᠭᠡ ᠶᠢᠨ ᠬᠠᠮᠢᠶ᠎ᠠ ᠪᠥᠬᠦᠶ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠵᠠᠪᠳᠤᠨ ᠰᠡᠭᠦᠳᠡᠷᠯᠡᠬᠦ ᠬᠡᠷᠡᠭᠲᠡᠶ᠃ ᠣᠷᠣᠨ ᠰᠠᠭᠤᠴᠠ᠂ ᠰᠤᠷᠭᠠᠭᠤᠯᠢ᠂ ᠡᠮᠴᠢᠯᠡᠭᠡ ᠵᠡᠷᠭᠡ ᠰᠡᠷᠭᠡᠭ ᠪᠠᠷᠢᠯᠭ᠎ᠠ ᠶᠢᠨ ᠲᠥᠪᠯᠡᠷᠡᠭᠰᠡᠨ ᠣᠷᠣᠨ | ᠪᠦᠰᠡ ᠪᠠᠷ ᠭᠤᠤᠯᠳᠠᠯᠭ᠎ᠠ ᠪᠣᠯᠭᠠᠵᠤ᠂ ᠪᠦᠷᠢᠶ᠎ᠡ ᠳᠤᠤᠭᠠᠷᠭᠠᠬᠤ ᠶᠢ ᠴᠠᠭᠠᠵᠠᠯᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶ | 2. ᠵᠠᠮ ᠤᠨ ᠱᠤᠤᠭᠢᠶᠠᠨ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ | ᠠᠩᠭᠢ ᠶᠢᠨ ᠬᠢᠨ ᠲᠠᠭᠤ ᠱᠤᠤᠭᠢᠶᠠᠨ ᠤ ᠪᠣᠬᠢᠷᠲᠤᠯ ᠤᠨ ᠣᠳᠣᠬᠢ ᠪᠠᠶᠢᠳᠠᠯ᠂ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ | ᠂ ᠲᠣᠮᠣ ᠳᠤᠮᠳᠠ ᠬᠡᠯᠪᠡᠷᠢ ᠶᠢᠨ ᠪᠠᠷᠠᠭᠠᠨ ᠤ ᠲᠡᠷᠭᠡ ︵ᠰᠢᠷ᠎ᠠ ᠫᠠᠶᠢᠰᠠ ᠦᠨᠡᠮᠯᠡᠯ︶ ᠶᠢᠨ ᠬᠤᠷᠢᠭᠠᠲᠠᠶ ᠣᠷᠣᠨ ᠪᠦᠰᠡ ᠪᠠ ᠲᠣᠭᠤᠷᠢᠨ ᠶᠠᠪᠤᠬᠤ ᠲᠥᠰᠦᠯ ᠢ ᠴᠠᠭ | ᠲᠤᠬᠠᠶ ᠳᠤᠨᠢ ᠰᠢᠯᠢᠳᠡᠭᠵᠢᠭᠦᠯᠦᠨ ᠳᠣᠭᠢᠷᠠᠭᠤᠯᠬᠤ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠨ ᠮᠡᠳᠡᠭᠳᠡᠨ᠎ᠡ︔ ᠮᠠᠰᠢᠨᠲᠤ ᠲᠡᠷᠭᠡ ᠶᠢᠨ ︽ᠵᠡᠭᠡᠯᠢ ᠳᠡᠯᠪᠡᠴᠢᠬᠦ︾ | ᠦᠢᠯᠡ ᠠᠵᠢᠯᠯᠠᠭ᠎ᠠ ᠶᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠥᠷᠨᠢᠭᠦᠯᠵᠦ᠂ ᠳᠠᠭᠤ ᠵᠠᠮᠬᠠᠷᠠᠭᠤᠯᠤᠭᠴᠢ ᠶᠢ ᠨᠤᠷᠠᠭᠠᠬᠤ ᠪᠤᠶᠤ ᠡᠪᠳᠡᠬᠦ᠂ ᠬᠡᠢ | ᠭᠠᠳᠠᠭᠰᠢᠯᠠᠭᠤᠯᠬᠤ ᠬᠤᠭᠤᠯᠠᠶ ᠨᠡᠮᠡᠵᠦ ᠤᠭᠰᠠᠷᠠᠬᠤ ᠵᠡᠷᠭᠡ ᠮᠠᠰᠢᠨᠲᠤ ᠲᠡᠷᠭᠡ ᠶᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠭᠰᠠᠨ ᠦᠢᠯᠡ ᠠᠵᠢᠯᠯᠠᠭ᠎ᠠ ᠶᠢ ᠪᠦᠬᠦ | ᠲᠠᠯ᠎ᠠ ᠪᠠᠷ ᠴᠡᠭᠴᠡᠯᠡᠨ ᠵᠠᠰᠠᠬᠤ ᠵᠢᠴᠢ ᠳᠡᠭᠡᠷ᠎ᠡ ᠳᠤᠷᠠᠳᠤᠭᠰᠠᠨ ᠥᠭᠡᠷᠡᠴᠢᠯᠡᠨ ᠤᠭᠰᠠᠷᠠᠭᠰᠠᠨ ᠲᠡᠷᠭᠡ ᠬᠥᠰᠬᠡ ᠶᠢ ᠵᠢᠯᠣᠭᠤᠳᠴᠤ ᠬᠦᠷᠴᠢᠭᠢᠨᠡᠬᠦ᠂ ᠲᠦᠷᠭᠡᠨ | ᠳᠠᠪᠬᠢᠭᠤᠯᠬᠤ ᠶᠢ ᠴᠠᠭᠠᠵᠠᠯᠠᠬᠤ ᠪᠠᠷ ᠳᠠᠮᠵᠢᠭᠤᠯᠤᠨ᠂ ᠵᠠᠰᠠᠮᠠᠯ ᠵᠠᠮ ᠤᠨ ᠱᠤᠤᠭᠢᠶᠠᠨ ᠤ ᠪᠣᠬᠢᠷᠲᠤᠯ ᠢ ᠪᠠᠭᠠᠰᠬᠠᠨ᠎ᠠ᠃ ︵ᠬᠠᠷᠢᠭᠤᠴᠠᠯᠭᠠᠲᠤ ᠨᠢᠭᠡᠴᠡ᠄ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ︶ | 3. ᠵᠠᠰᠠᠮᠠᠯ ᠵᠠᠮ ᠤᠨ ᠠᠷᠠᠴᠢᠯᠠᠯᠲᠠ ᠪᠠ ᠪᠡᠯᠡᠳᠬᠡᠮᠵᠢ ᠶᠢᠨ ᠥᠭᠡᠷᠡᠴᠢᠯᠡᠯᠲᠡ ᠶᠢ ᠴᠢᠩᠭᠠᠳᠬᠠᠨ᠎ᠠ᠃ ᠵᠠᠰᠠᠮᠠᠯ ᠵᠠᠮ᠂ ᠬᠥᠭᠦᠷᠭᠡ ᠶᠢᠨ ᠪᠡᠯᠡᠳᠬᠡᠮᠵᠢ ᠵᠢᠴᠢ | ᠨᠢᠭᠡᠨᠲᠡ ᠪᠠᠶᠢᠭ᠎ᠠ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠡᠯᠡᠳᠬᠡᠮᠵᠢ ᠶᠢ ᠪᠠᠶᠢᠴᠠᠭᠠᠬᠤ᠂ ᠬᠠᠮᠠᠭᠠᠯᠠᠬᠤ ᠪᠠ ᠠᠷᠠᠴᠢᠯᠠᠬᠤ ᠶᠢ ᠴᠢᠩᠭᠠᠳᠬᠠᠵᠤ᠂ | ᠲᠤᠬᠠᠶ ᠶᠢᠨ ᠲᠠᠯᠠᠪᠤᠷ ᠲᠤ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠡᠪᠳᠡᠷᠡᠵᠦ ᠰᠦᠢᠲᠦᠭᠰᠡᠨ ᠵᠠᠮ ᠤᠨ ᠨᠢᠭᠤᠷ᠂ ᠬᠤᠳᠳᠤᠭ ᠤᠨ ᠠᠮᠠᠰᠠᠷ ᠢ | ᠰᠤᠯᠠᠷᠠᠭᠤᠯᠬᠤ ᠵᠡᠷᠭᠡ ᠶᠢ ᠴᠠᠭ ᠲᠤᠬᠠᠶ ᠳᠤᠨᠢ ᠰᠡᠯᠪᠢᠨ ᠵᠠᠰᠠᠵᠤ᠂ ᠳᠣᠷᠭᠢᠯᠲᠠ ᠶᠢ ᠪᠠᠭᠠᠰᠬᠠᠨ ᠱᠤᠤᠭᠢᠶᠠᠨ ᠢ ᠪᠠᠭᠤᠷᠠᠭᠤᠯᠬᠤ ᠪᠡᠯᠡᠳᠬᠡᠮᠵᠢ ᠶᠢᠨ ᠬᠡᠪ ᠤᠨ | ᠠᠵᠢᠯᠯᠠᠭᠠᠨ ᠢ ᠪᠠᠲᠤᠯᠠᠨ᠎ᠠ︔ ᠵᠠᠮ ᠢ ᠥᠭᠡᠷᠡᠴᠢᠯᠡᠬᠦ ᠳᠤ ᠪᠠᠨ᠂ ᠳᠣᠣᠷ᠎ᠠ ᠱᠤᠤᠭᠢᠶᠠᠨ ᠲᠠᠢ ᠵᠠᠮ ᠤᠨ ᠨᠢᠭᠤᠷ ᠤᠨ ᠮᠠᠲ᠋ᠧᠷᠢᠶᠠᠯ ᠵᠢᠴᠢ ᠮᠡᠷᠭᠡᠵᠢᠯ ᠢ ᠳᠡᠯᠭᠡᠷᠡᠭᠦᠯᠦᠨ | ᠬᠡᠷᠡᠭᠯᠡᠵᠦ᠂ ᠴᠢᠬᠤᠯᠠ ᠪᠤᠰᠤ ᠬᠤᠷᠳᠤᠴᠠ ᠪᠠᠭᠤᠷᠠᠭᠤᠯᠬᠤ ᠪᠦᠰᠡ ᠶᠢ ᠬᠠᠯᠠᠨ ᠰᠠᠶᠢᠵᠢᠷᠠᠭᠤᠯᠬᠤ ᠪᠤᠶᠤ ᠦᠭᠡᠶᠢᠰᠬᠡᠬᠦ᠂ ᠵᠠᠮ ᠤᠨ ᠨᠢᠭᠤᠷ ᠤᠨ ᠲᠡᠭᠰᠢ ᠬᠡᠮᠵᠢᠶ᠎ᠡ ᠶᠢ | ᠳᠡᠭᠡᠭᠰᠢᠯᠡᠭᠦᠯᠬᠦ᠂ ᠨᠣᠭᠤᠭᠠᠷᠠᠭᠤᠯᠤᠯᠲᠠ ᠶᠢᠨ ᠪᠦᠰᠡ ᠲᠡᠷᠢᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠳᠡᠯᠭᠡᠷᠡᠭᠦᠯᠵᠦ᠂ ᠵᠠᠮ ᠬᠠᠷᠢᠯᠴᠠᠭᠠᠨ ᠤ ᠱᠤᠤᠭᠢᠶᠠᠨ ᠢ | ᠦᠨᠡᠨᠬᠦ ᠪᠠᠭᠤᠷᠠᠭᠤᠯᠬᠤ ᠬᠡᠷᠡᠭᠲᠡᠶ᠃ ︵ᠬᠠᠷᠢᠭᠤᠴᠠᠬᠤ ᠨᠢᠭᠡᠴᠡ᠄ ᠵᠠᠮ ᠬᠠᠷᠢᠯᠴᠠᠭᠠᠨ ᠤ ᠲᠣᠪᠴᠢᠶ᠎ᠠ︶ | ︵ᠭᠤᠷᠪᠠ︶ ᠪᠠᠷᠢᠯᠭ᠎ᠠ ᠶᠢᠨ ᠠᠵᠢᠯ ᠤᠨ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠷᠠᠭᠤᠯᠵᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ | 1. ᠪᠥᠲᠥᠭᠡᠨ ᠪᠠᠶᠢᠭᠤᠯᠬᠤ ᠨᠢᠭᠡᠴᠡ᠂ ᠪᠠᠷᠢᠯᠭ᠎ᠠ ᠪᠠᠷᠢᠬᠤ ᠨᠢᠭᠡᠴᠡ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠲᠠᠭᠤ ᠱᠤᠤᠭᠢᠶᠠᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠬᠠᠷᠢᠭᠤᠴᠠᠯᠭ᠎ᠠ ᠪᠠ ᠡᠭᠦᠷᠭᠡ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠪᠠᠷᠢᠯᠭ᠎ᠠ ᠪᠠᠷᠢᠬᠤ ᠨᠢᠭᠡᠴᠡ ᠨᠢ ᠪᠠᠷᠢᠯᠭ᠎ᠠ | ᠪᠠᠷᠢᠬᠤ ᠭᠡᠷ᠎ᠡ ᠳᠡᠭᠡᠨ ᠪᠠᠷᠢᠯᠭ᠎ᠠ ᠪᠠᠷᠢᠬᠤ ᠨᠢᠭᠡᠴᠡ ᠶᠢᠨ ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ︔ | ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠠᠷᠤᠳᠠᠯ ᠢ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠳᠤ ᠣᠷᠣᠭᠤᠯᠤᠨ᠎ᠠ︔ ᠪᠠᠷᠢᠯᠭ᠎ᠠ ᠪᠠᠷᠢᠬᠤ ᠨᠢᠭᠡᠴᠡ ᠶᠢᠨ | ᠲᠠᠭᠤ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠲᠥᠰᠦᠯ ᠢ ᠨᠠᠶᠢᠷᠠᠭᠤᠯᠤᠨ ᠲᠣᠭᠲᠠᠭᠠᠵᠤ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ︔ | ᠤᠯᠤᠰ ᠠᠴᠠ ᠲᠣᠭᠲᠠᠭᠠᠭᠰᠠᠨ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠠᠷᠢᠯᠭ᠎ᠠ ᠶᠢᠨ ᠬᠡᠷᠡᠭᠯᠡᠬᠦ ᠶᠢ ᠴᠠᠭᠠᠵᠠᠯᠠᠬᠤ | ᠪᠠ ᠬᠢᠵᠠᠭᠠᠷᠯᠠᠬᠤ ᠮᠡᠷᠭᠡᠵᠢᠯ ᠤᠨ ᠭᠠᠷᠴᠠᠭ ᠢ ᠴᠢᠩᠭ᠎ᠠ ᠵᠢᠷᠤᠮᠯᠠᠨ᠂ ᠲᠠᠭᠤ ᠱᠤᠤᠭᠢᠶᠠᠨ ᠤ ᠪᠣᠬᠢᠷᠲᠤᠯ ᠠᠮᠠᠷᠬᠠᠨ ᠡᠭᠦᠰᠬᠦ ᠬᠤᠴᠣᠷᠤᠩᠭᠤᠶ ᠪᠠᠷᠢᠯᠭ᠎ᠠ ᠶᠢᠨ ᠤᠷᠠᠯᠠᠯ ᠪᠠ | ᠲᠥᠬᠦᠭᠡᠷᠦᠮᠵᠢ ᠶᠢ ᠬᠢᠵᠠᠭᠠᠷᠯᠠᠬᠤ ᠪᠤᠶᠤ ᠬᠡᠷᠡᠭᠯᠡᠬᠦ ᠶᠢ ᠴᠠᠭᠠᠵᠠᠯᠠᠨ᠎ᠠ︔ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠭᠤᠤᠯᠳᠠᠯᠭ᠎ᠠ ᠲᠠᠢ | ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠬᠢᠨᠠᠨ ᠡᠵᠡᠮᠳᠡᠬᠦ ᠬᠢᠨᠠᠨ ᠬᠡᠮᠵᠢᠬᠦ ᠲᠥᠬᠦᠭᠡᠷᠦᠮᠵᠢ ᠤᠭᠰᠠᠷᠠᠬᠤ᠂ | ᠠᠵᠢᠯᠯᠠᠭᠤᠯᠬᠤ ᠵᠢᠴᠢ ᠥᠨᠳᠥᠷ ᠱᠤᠤᠭᠢᠶᠠᠨ ᠲᠠᠢ ᠪᠠᠷᠢᠯᠭ᠎ᠠ ᠶᠢᠨ ᠠᠵᠢᠯ ᠤᠨ ᠮᠠᠰᠢᠨ ᠮᠧᠬᠠᠨᠢᠭ ᠤᠨ ᠳᠡᠩᠰᠡᠯᠡᠨ ᠬᠠᠮᠢᠶᠠᠷᠤᠯᠲᠠ ᠶᠢᠨ ᠪᠠᠶᠢᠳᠠᠯ ᠢ ᠬᠢᠨᠠᠨ | ᠬᠠᠷᠭᠤᠭᠤᠯᠵᠤ᠂ ᠪᠠᠷᠢᠯᠭ᠎ᠠ ᠶᠢᠨ ᠠᠵᠢᠯ ᠤᠨ ᠱᠤᠤᠭᠢᠶᠠᠨ ᠤ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠪᠠᠷᠢᠯᠭ᠎ᠠ ᠶᠢᠨ ᠨᠢᠭᠡᠴᠡ ᠶᠢ | ᠰᠢᠮᠳᠠᠭᠤᠯᠵᠤ ᠪᠠᠶᠢᠭᠠᠳ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠷᠥᠯ ᠵᠦᠢᠯ ᠤᠨ ᠱᠤᠤᠭᠢᠶᠠᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠲᠥᠰᠦᠯ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ︔ ᠭᠠᠵᠠᠷ ᠬᠥᠳᠡᠯᠦᠯᠲᠡ ᠶᠢ ᠪᠠᠭᠠᠰᠬᠠᠵᠤ ᠱᠤᠤᠭᠢᠶᠠᠨ ᠢ ᠪᠠᠭᠠᠰᠬᠠᠬᠤ | ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠂ ᠤᠯᠤᠰ ᠠᠴᠠ ᠨᠡᠶᠢᠲᠡᠯᠡᠭᠰᠡᠨ ᠭᠠᠵᠠᠷ ᠤᠨ ᠱᠤᠤᠭᠢᠶᠠᠨ ᠤ ᠪᠠᠷᠢᠯᠭ᠎ᠠ ᠶᠢᠨ ᠲᠥᠬᠦᠭᠡᠷᠦᠮᠵᠢ ᠶᠢᠨ ᠵᠢᠯᠣᠭᠤᠳᠬᠤ | ᠨᠡᠷᠡᠰ ᠤᠨ ᠵᠢᠭᠰᠠᠭᠠᠯᠲᠠ ᠶᠢ ᠦᠨᠳᠦᠰᠦᠯᠡᠨ᠂ ᠳᠣᠣᠷ᠎ᠠ ᠱᠤᠤᠭᠢᠶᠠᠨ ᠤ ᠪᠠᠷᠢᠯᠭ᠎ᠠ ᠶᠢᠨ ᠲᠥᠬᠦᠭᠡᠷᠦᠮᠵᠢ ᠶᠢ ᠡᠩ ᠲᠡᠷᠢᠭᠦᠨ ᠳᠤ ᠬᠡᠷᠡᠭᠯᠡᠨ᠎ᠡ᠃ ︵ᠬᠠᠷᠢᠭᠤᠴᠠᠬᠤ | ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | 2. ᠰᠡᠷᠭᠡᠭ ᠪᠠᠷᠢᠯᠭ᠎ᠠ ᠶᠢᠨ ᠲᠥᠪᠯᠡᠷᠡᠭᠰᠡᠨ ᠣᠷᠣᠨ ᠪᠦᠰᠡ ᠪᠠ ᠰᠥᠨᠢ ᠶᠢᠨ ᠴᠠᠭ ᠤᠨ ᠪᠠᠷᠢᠯᠭ᠎ᠠ ᠶᠢᠨ ᠠᠵᠢᠯ ᠤᠨ ᠱᠤᠤᠭᠢᠶᠠᠨ ᠤ ᠬᠠᠮᠢᠶᠠᠷᠤᠯᠲᠠ ᠶᠢ | ᠴᠢᠩᠭᠠᠳᠬᠠᠨ᠎ᠠ᠃ ᠱᠤᠤᠭᠢᠶᠠᠨ ᠳᠤ ᠰᠡᠷᠭᠡᠭ ᠪᠠᠷᠢᠯᠭ᠎ᠠ ᠶᠢᠨ ᠲᠥᠪᠯᠡᠷᠡᠭᠰᠡᠨ ᠣᠷᠣᠨ ᠪᠠ ᠰᠥᠨᠢ ᠶᠢᠨ ᠴᠠᠭ ᠤᠨ ᠪᠠᠷᠢᠯᠭ᠎ᠠ ᠶᠢᠨ ᠲᠠᠯᠠᠪᠤᠷ ᠨᠢ ᠡᠩ ᠲᠡᠷᠢᠭᠦᠨ ᠳᠤ | ᠳᠣᠤᠷ᠎ᠠ ᠱᠤᠤᠭᠢᠶᠠᠨ ᠲᠠᠢ ᠪᠠᠷᠢᠯᠭ᠎ᠠ ᠶᠢᠨ ᠤᠷᠠᠨ ᠳᠠᠷᠬ᠎ᠠ ᠪᠠ ᠲᠥᠬᠦᠭᠡᠷᠦᠮᠵᠢ ᠶᠢ ᠬᠡᠷᠡᠭᠯᠡᠵᠦ᠂ ᠳᠣᠷᠭᠢᠯᠲᠠ ᠶᠢ ᠪᠠᠭᠠᠰᠬᠠᠨ ᠱᠤᠤᠭᠢᠶᠠᠨ ᠢ ᠪᠠᠭᠤᠷᠠᠭᠤᠯᠬᠤ ᠠᠷᠭ᠎ᠠ | ᠬᠡᠮᠵᠢᠶ᠎ᠡ ᠠᠪᠴᠤ᠂ ᠲᠠᠯᠠᠪᠤᠷ ᠢᠶᠠᠷ ᠣᠷᠣᠵᠤ ᠭᠠᠷᠬᠤ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ︔ ᠰᠥᠨᠢ ᠪᠠᠷ ᠪᠠᠷᠢᠯᠭ᠎ᠠ | ᠪᠠᠷᠢᠬᠤ ᠬᠠᠮᠢᠶᠠᠷᠤᠯᠲᠠ ᠶᠢ ᠴᠢᠩᠳᠠᠯᠠᠵᠤ᠂ ᠰᠥᠨᠢ ᠪᠠᠷ ᠪᠠᠷᠢᠯᠭ᠎ᠠ ᠪᠠᠷᠢᠭᠰᠠᠨ ᠭᠡᠷᠡᠴᠢ ᠶᠢ ᠮᠡᠳᠡᠭᠦᠯᠬᠦ ᠲᠦᠷᠢᠮ ᠢ ᠲᠡᠭᠦᠯᠳᠡᠷᠵᠢᠭᠦᠯᠦᠨ᠂ ᠰᠥᠨᠢ ᠪᠠᠷ ᠪᠠᠷᠢᠯᠭ᠎ᠠ ᠪᠠᠷᠢᠬᠤ | ᠨᠢᠭᠡᠴᠡ ᠨᠢ ᠬᠠᠤᠯᠢ ᠶᠣᠰᠣᠭᠠᠷ ᠵᠠᠷᠯᠠᠨ ᠨᠡᠶᠢᠲᠡᠯᠡᠬᠦ ᠬᠡᠷᠡᠭᠲᠡᠶ︔ ᠰᠥᠨᠢ ᠪᠠᠷ ᠪᠠᠷᠢᠯᠭ᠎ᠠ ᠪᠠᠷᠢᠬᠤ ᠪᠠᠷ ᠵᠥᠪᠰᠢᠶᠡᠷᠡᠭᠳᠡᠭᠰᠡᠨ ᠵᠦᠢᠯᠡᠰ ᠲᠤ ᠱᠤᠤᠭᠢᠶᠠᠨ ᠢ | ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠶ︔ ᠲᠣᠭᠲᠠᠭᠠᠯ ᠠᠴᠠ ᠵᠥᠷᠢᠴᠡᠨ ᠰᠥᠨᠢ ᠪᠠᠷ ᠪᠠᠷᠢᠯᠭ᠎ᠠ ᠪᠠᠷᠢᠬᠤ ᠶᠢ ᠪᠥᠲᠥᠭᠡᠨ ᠪᠠᠶᠢᠭᠤᠯᠤᠯᠲᠠ᠂ ᠪᠠᠷᠢᠯᠭ᠎ᠠ | ᠪᠠᠷᠢᠬᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠳᠤ ᠣᠷᠣᠭᠤᠯᠵᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ | ᠠᠬᠤᠶᠢᠯᠠᠯ ᠢ ᠬᠠᠤᠯᠢ ᠶᠣᠰᠣᠭᠠᠷ ᠵᠠᠯᠬᠠᠭᠠᠨ ᠴᠡᠭᠡᠷᠯᠡᠭᠦᠯᠵᠦ᠂ ᠬᠠᠷᠢᠭᠤᠴᠠᠯᠭ᠎ᠠ ᠨᠡᠬᠡᠮᠵᠢᠯᠡᠬᠦ᠂ ᠢᠯᠡᠴᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ | ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠬᠡᠶ ᠨᠢᠭᠡᠴᠡ ᠪᠠ ᠬᠤᠪᠢ ᠬᠥᠮᠦᠨ ᠢ ᠬᠠᠤᠯᠢ ᠶᠣᠰᠣᠭᠠᠷ ᠵᠠᠯᠬᠠᠭᠠᠨ ᠴᠡᠭᠡᠷᠯᠡᠭᠦᠯᠦᠨ᠎ᠡ᠃ ︵ᠬᠠᠷᠢᠭᠤᠴᠠᠬᠤ ᠨᠢᠭᠡᠴᠡ | ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | ︵ᠲᠥᠷᠪᠡ︶ ᠨᠡᠶᠢᠭᠡᠮ ᠤᠨ ᠠᠮᠢᠳᠤᠷᠠᠯ ᠤᠨ ᠱᠤᠤᠭᠢᠶᠠᠨ ᠢ ᠬᠠᠮᠢᠶᠠᠷᠤᠨ ᠡᠵᠡᠮᠳᠡᠬᠦ ᠶᠢ ᠲᠥᠯᠬᠢᠨ ᠠᠬᠢᠭᠤᠯᠵᠤ᠂ ᠡᠶ᠎ᠡ ᠵᠣᠬᠢᠴᠠᠯ ᠲᠠᠢ ᠠᠮᠢᠳᠤᠷᠠᠯ ᠤᠨ | ᠣᠷᠴᠢᠨ ᠲᠣᠭᠤᠷᠢᠨ ᠢ ᠪᠤᠢ ᠪᠣᠯᠭᠠᠨ᠎ᠠ | 1. ᠣᠯᠠᠨ ᠨᠡᠶᠢᠲᠡ ᠶᠢᠨ ᠲᠠᠯᠠᠪᠤᠷ ᠤᠨ ᠱᠤᠤᠭᠢᠶᠠᠨ ᠤ ᠬᠠᠮᠢᠶᠠᠷᠤᠯᠲᠠ ᠶᠢ ᠢᠳᠡᠭᠡᠨ ᠤᠮᠳᠠᠭᠠᠨ ᠤ ᠲᠠᠯᠠᠪᠤᠷ ᠭᠠᠵᠠᠷ ᠲᠤ ᠨᠡᠶᠢᠭᠡᠮ ᠤᠨ ᠠᠮᠢᠳᠤᠷᠠᠯ ᠤᠨ | ᠱᠤᠤᠭᠢᠶᠠᠨ ᠡᠭᠦᠰᠭᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ ︵ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ︶᠃ ᠨᠡᠶᠢᠭᠡᠮ ᠲᠣᠭᠤᠷᠢᠭ᠂ ᠵᠤᠭ᠎ᠠ ᠴᠡᠩᠭᠡᠯ ᠤᠨ ᠭᠠᠵᠠᠷ ᠲᠠᠯᠠᠪᠤᠷ ᠲᠤ ᠬᠡᠷᠡᠭ ᠡᠳᠦᠬᠦ᠂ ᠵᠠᠬ᠎ᠠ ᠳᠡᠯᠭᠡᠭᠦᠷ ᠤᠨ ᠦᠢᠮᠡᠯᠳᠦᠨ ᠱᠤᠤᠭᠢᠯᠳᠤᠬᠤ ᠦᠢᠯᠡ ᠠᠵᠢᠯᠯᠠᠭ᠎ᠠ ᠶᠢ | ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠬᠤᠷᠢᠭᠠᠲᠠᠶ ᠣᠷᠣᠨ ᠤ ᠬᠡᠪᠴᠢᠶᠡᠨ ᠳᠤ ᠬᠤᠸᠠᠷ ᠫᠤᠤᠵᠢᠩ ᠲᠠᠯᠪᠢᠬᠤ ᠦᠢᠯᠡ ᠠᠵᠢᠯᠯᠠᠭ᠎ᠠ ᠶᠢᠨ | ᠬᠠᠮᠢᠶᠠᠷᠤᠯᠲᠠ ᠶᠢ ᠴᠢᠩᠳᠠᠯᠠᠨ᠎ᠠ ︵ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶᠃ ᠲᠠᠯᠠᠪᠠᠶ᠂ ᠴᠡᠴᠡᠷᠯᠢᠭ ᠵᠡᠷᠭᠡ ᠣᠯᠠᠨ ᠨᠡᠶᠢᠲᠡ ᠶᠢᠨ | ᠲᠠᠯᠠᠪᠤᠷ ᠲᠤ ᠲᠠᠯᠠᠪᠠᠶ ᠶᠢᠨ ᠪᠥᠵᠢᠭ᠂ ᠪᠡᠶ᠎ᠡ ᠶᠢᠨ ᠲᠠᠮᠢᠷ ᠤᠨ ᠪᠣᠯᠪᠠᠰᠤᠷᠠᠯ ᠵᠡᠷᠭᠡ ᠲᠠᠭᠤ ᠱᠤᠤᠭᠢᠶᠠᠨ ᠤ ᠪᠣᠬᠢᠷᠲᠤᠯ ᠡᠭᠦᠰᠭᠡᠬᠦ ᠠᠵᠢᠯᠯᠠᠭ᠎ᠠ ᠶᠢᠨ ᠬᠠᠮᠢᠶᠠᠷᠤᠯᠲᠠ ᠶᠢ | ᠴᠢᠩᠭᠠᠳᠬᠠᠨ᠎ᠠ ︵ᠬᠠᠷᠢᠭᠤᠴᠠᠯᠭᠠᠲᠤ ᠨᠢᠭᠡᠴᠡ᠄ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶︔ ᠬᠤᠳᠠᠯᠳᠤᠭᠠᠨ ᠤ | ᠡᠵᠡᠩᠨᠡᠯᠲᠡ ᠶᠢᠨ ᠠᠵᠢᠯᠯᠠᠭ᠎ᠠ ᠳᠤᠮᠳᠠ ᠥᠨᠳᠥᠷ ᠳᠠᠭᠤᠲᠤ ᠷᠠᠳᠢᠣ᠋ ᠨᠡᠪᠲᠡᠷᠡᠭᠦᠯᠭᠡ ᠶᠢᠨ ᠪᠦᠷᠢᠶ᠎ᠡ ᠶᠢ ᠬᠡᠷᠡᠭᠯᠡᠬᠦ ᠪᠤᠶᠤ ᠥᠨᠳᠥᠷ ᠱᠤᠤᠭᠢᠶᠠᠨ ᠢ ᠦᠷᠭᠦᠯᠵᠢᠯᠡᠨ ᠳᠠᠬᠢᠨ | ᠳᠠᠪᠲᠠᠨ ᠭᠠᠷᠭᠠᠬᠤ ᠪᠤᠰᠤᠳ ᠠᠷᠭ᠎ᠠ ᠪᠠᠷ ᠵᠠᠷ ᠰᠤᠷᠲᠠᠯᠴᠢᠯᠠᠭ᠎ᠠ ᠬᠢᠬᠦ ᠶᠢ ᠴᠠᠭᠠᠵᠠᠯᠠᠨ᠎ᠠ ︵ᠬᠠᠷᠢᠭᠤᠴᠠᠯᠭᠠᠲᠤ ᠨᠢᠭᠡᠴᠢ᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠪᠴᠢᠶ᠎ᠠ︶᠃ | 2. ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠱᠤᠤᠭᠢᠶᠠᠨ ᠤ ᠬᠠᠮᠢᠶ᠎ᠠ ᠪᠥᠬᠦᠢ ᠪᠠᠶᠢᠳᠠᠯ ᠢ ᠢᠯᠡ ᠪᠣᠯᠭᠠᠬᠤ ᠶᠢ ᠲᠥᠯᠬᠢᠨ | ᠠᠬᠢᠭᠤᠯᠤᠨ᠎ᠠ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠠᠸᠠᠷ ᠤᠨ ᠭᠡᠷ ᠪᠠᠶᠢᠰᠢᠩ ᠬᠤᠳᠠᠯᠳᠤᠭᠠᠯᠠᠬᠤ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ ᠤᠨ | ᠱᠠᠭᠠᠷᠳᠠᠯᠭ᠎ᠠ ᠶᠢ ᠦᠨᠳᠦᠰᠦᠯᠡᠨ᠂ ᠣᠷᠣᠨ ᠰᠠᠭᠤᠴᠠ ᠨᠢ ᠡᠷᠬᠢᠨ ᠲᠣᠭᠤᠷᠢᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠵᠠᠮ ᠬᠠᠷᠢᠯᠴᠠᠭ᠎ᠠ ᠵᠢᠴᠢ ᠣᠷᠣᠨ | ᠰᠠᠭᠤᠴᠠ ᠶᠢᠨ ᠵᠢᠵᠢᠭ ᠲᠣᠭᠤᠷᠢᠭ ᠵᠡᠷᠭᠡ ᠶᠢᠨ ᠱᠤᠤᠭᠢᠶᠠᠨ ᠳᠤ ᠨᠥᠯᠥᠭᠡᠯᠡᠭᠳᠡᠵᠦ ᠮᠡᠳᠡᠬᠦ ᠪᠠᠶᠢᠳᠠᠯ᠂ ᠠᠪᠬᠤ ᠪᠤᠶᠤ ᠠᠪᠬᠤ ᠪᠠᠷ ᠲᠥᠯᠥᠪᠯᠡᠵᠦ ᠪᠠᠶᠢᠭ᠎ᠠ ᠰᠡᠷᠭᠡᠶᠢᠯᠡᠨ | ᠵᠠᠰᠠᠬᠤ ᠠᠷᠭ᠎ᠠ ᠬᠡᠮᠵᠢᠶ᠎ᠡ ᠵᠢᠴᠢ ᠣᠷᠣᠨ ᠰᠠᠭᠤᠴᠠ ᠶᠢᠨ ᠬᠠᠮᠲᠤ ᠪᠠᠷ ᠬᠡᠷᠡᠭᠯᠡᠬᠦ ᠲᠥᠬᠦᠭᠡᠷᠦᠮᠵᠢ᠂ ᠲᠥᠬᠦᠭᠡᠷᠦᠮᠵᠢ ᠶᠢᠨ ᠣᠷᠣᠨ ᠪᠠᠶᠢᠷᠢ ᠵᠡᠷᠭᠡ ᠠᠭᠤᠯᠭ᠎ᠠ ᠶᠢ ᠨᠡᠮᠡᠬᠦ | ᠬᠡᠷᠡᠭᠲᠡᠶ᠃ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠭᠴᠢ ᠪᠣᠷᠣᠯᠠᠭᠤᠯᠭ᠎ᠠ ᠶᠢᠨ ᠲᠠᠯᠠᠪᠤᠷ ᠲᠤ ᠣᠷᠣᠨ ᠰᠠᠭᠤᠴᠠ ᠶᠢᠨ ᠤᠴᠠᠷᠠᠵᠤ ᠮᠡᠳᠡᠬᠦ | ᠱᠤᠤᠭᠢᠶᠠᠨ ᠤ ᠨᠥᠯᠥᠭᠡ ᠵᠢᠴᠢ ᠵᠣᠬᠢᠴᠠᠩᠭᠤᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠵᠠᠷᠯᠠᠨ ᠨᠡᠶᠢᠲᠡᠯᠡᠬᠦ ᠬᠡᠷᠡᠭᠲᠡᠶ᠃ ︵ᠬᠠᠷᠢᠭᠤᠴᠠᠬᠤ ᠨᠢᠭᠡᠴᠡ᠄ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ︶ | 3. ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠤᠨ ᠱᠤᠤᠭᠢᠶᠠᠨ ᠢ ᠬᠠᠮᠢᠶᠠᠷᠤᠨ ᠡᠵᠡᠮᠳᠡᠬᠦ ᠶᠢ ᠨᠠᠷᠢᠯᠢᠬᠵᠢᠭᠤᠯᠤᠨ᠎ᠠ᠃ ᠰᠢᠨ᠎ᠡ ᠪᠠᠷ | ᠪᠠᠶᠢᠭᠤᠯᠤᠭᠰᠠᠨ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠲᠣᠭᠤᠷᠢᠭ ᠲᠤ ᠤᠭᠰᠠᠷᠠᠭᠰᠠᠨ ᠴᠠᠬᠢᠯᠭᠠᠨ ᠱᠠᠲᠤ᠂ ᠤᠰᠤᠨ ᠬᠥᠭᠡᠷᠭᠡ᠂ ᠬᠦᠴᠦᠳᠡᠯ | ᠥᠭᠡᠷᠡᠴᠢᠯᠡᠭᠴᠢ ᠵᠡᠷᠭᠡ ᠬᠠᠮᠲᠤ ᠪᠠᠷ ᠬᠡᠷᠡᠭᠯᠡᠬᠦ ᠪᠡᠯᠡᠳᠬᠡᠮᠵᠢ ᠲᠥᠬᠦᠭᠡᠷᠦᠮᠵᠢ ᠨᠢ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠲᠠᠭᠤ ᠬᠥᠨᠳᠡᠶᠢᠷᠡᠭᠦᠯᠬᠦ ᠵᠢᠷᠤᠭ | ᠲᠥᠯᠥᠪᠯᠡᠭᠡ ᠶᠢᠨ ᠬᠠᠮᠢᠶ᠎ᠠ ᠪᠥᠬᠦᠶ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠨᠢᠭᠡᠨᠲᠡ ᠪᠠᠶᠢᠭᠤᠯᠵᠤ ᠬᠡᠷᠡᠭᠯᠡᠭᠰᠡᠨ ᠰᠠᠭᠤᠭᠠᠯᠢ | ᠠᠷᠠᠳ ᠤᠨ ᠣᠷᠣᠨ ᠰᠠᠭᠤᠴᠠ ᠶᠢᠨ ᠠᠰᠠᠷ ᠤᠨ ᠳᠣᠲᠣᠷᠠᠬᠢ ᠴᠠᠬᠢᠯᠭᠠᠨ ᠱᠠᠳᠤ᠂ ᠤᠰᠤᠨ ᠬᠥᠭᠡᠷᠭᠡ᠂ ᠬᠦᠴᠦᠳᠡᠯ ᠥᠭᠡᠷᠡᠴᠢᠯᠡᠭᠴᠢ ᠵᠡᠷᠭᠡ ᠬᠠᠮᠲᠤ ᠪᠠᠷ ᠬᠡᠷᠡᠭᠯᠡᠬᠦ | ᠪᠡᠯᠡᠳᠬᠡᠮᠵᠢ ᠲᠥᠬᠦᠭᠡᠷᠦᠮᠵᠢ ᠶᠢ ᠥᠮᠴᠢᠯᠡᠭᠴᠢ᠂ ᠬᠠᠮᠢᠶᠠᠷᠤᠭᠴᠢ ᠠᠴᠠ ᠬᠠᠮᠠᠭᠠᠯᠠᠨ ᠬᠠᠮᠢᠶᠠᠷᠬᠤ ᠶᠢ ᠬᠠᠷᠢᠭᠤᠴᠠᠨ᠎ᠠ᠂ ᠪᠡᠯᠡᠳᠬᠡᠮᠵᠢ ᠲᠥᠬᠦᠭᠡᠷᠦᠮᠵᠢ ᠠᠴᠠ | ᠡᠭᠦᠰᠦᠭᠰᠡᠨ ᠣᠷᠴᠢᠨ ᠲᠣᠭᠤᠷᠢᠨ ᠤ ᠱᠤᠤᠭᠢᠶᠠᠨ ᠨᠢ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠦ ᠪᠣᠯᠬᠤ ᠦᠭᠡᠢ᠃ ᠭᠡᠷ ᠳᠣᠲᠣᠷᠠᠬᠢ ᠵᠠᠰᠠᠯ ᠴᠢᠮᠡᠭᠯᠡᠯ ᠤᠨ | ᠠᠵᠢᠯᠯᠠᠭ᠎ᠠ ᠨᠢ ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠶᠢᠨ ᠬᠠᠮᠲᠤ ᠠᠵᠢᠯᠯᠠᠬᠤ ᠴᠠᠭ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠠᠳᠠᠯ ᠠᠬᠤᠶ ᠶᠢᠨ | ᠬᠠᠮᠢᠶᠠᠷᠤᠯᠲᠠ ᠶᠢᠨ ᠨᠢᠭᠡᠴᠡ ᠨᠢ ᠵᠠᠰᠠᠨ ᠴᠢᠮᠡᠭᠯᠡᠭᠴᠢ ᠪᠠ ᠵᠠᠰᠠᠨ ᠴᠢᠮᠡᠭᠯᠡᠭᠴᠢ ᠶᠢᠨ ᠨᠠᠶᠢᠳᠠᠭᠰᠠᠨ ᠵᠠᠰᠠᠯ ᠴᠢᠮᠡᠭᠯᠡᠯ ᠤᠨ ᠠᠵᠤ ᠠᠬᠤᠶᠢᠯᠠᠯ ᠤᠨ ᠬᠤᠯᠪᠣᠭᠳᠠᠯ ᠪᠦᠬᠦᠢ | ᠴᠠᠭᠠᠵᠠᠯᠠᠬᠤ ᠠᠵᠢᠯᠯᠠᠭ᠎ᠠ ᠪᠠ ᠠᠩᠬᠠᠷᠬᠤ ᠵᠦᠢᠯᠡᠰ ᠢ ᠬᠡᠯᠡᠵᠦ ᠥᠭᠬᠦ ᠶᠢᠨ ᠬᠠᠮᠲᠤ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠠᠰᠠᠭᠤᠳᠠᠯ ᠢ ᠣᠯᠵᠤ | ᠮᠡᠳᠡᠪᠡᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ︵ᠬᠠᠷᠢᠭᠤᠴᠠᠬᠤ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ︶ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠠᠵᠢᠯ ᠢ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠪᠣᠯᠭᠠᠨ ᠭᠤᠤᠯᠳᠠᠯᠭ᠎ᠠ ᠲᠠᠢ ᠠᠵᠢᠯ ᠳᠠᠭᠠᠨ ᠣᠷᠣᠭᠤᠯᠤᠨ᠂ ᠴᠥᠬᠦᠷᠡᠰᠢ ᠥᠬᠡᠶ ᠪᠠᠶᠢᠩᠭᠤ | ᠠᠳᠬᠤᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠰᠢᠮᠳᠠᠭᠤᠯᠤᠨ ᠪᠠᠶᠢᠴᠠᠭᠠᠵᠤ᠂ ᠬᠤᠪᠢᠳᠠᠨ ᠬᠠᠮᠢᠶᠠᠷᠴᠤ ᠪᠥᠬᠦᠶ | ᠤᠳᠤᠷᠢᠳᠤᠯᠭ᠎ᠠ ᠰᠢᠭᠤᠳ ᠠᠳᠬᠤᠵᠤ᠂ ᠪᠠᠶᠢᠩᠭᠤ ᠠᠳᠬᠤᠵᠤ᠂ ᠦᠷ᠎ᠡ ᠪᠦᠲᠦᠮᠵᠢ ᠤᠯᠬᠤ ᠬᠡᠷᠡᠭᠲᠡᠶ᠃ | ︵ᠬᠤᠶᠠᠷ︶ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠱᠤᠤᠭᠢᠶᠠᠨ ᠤ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠠᠰᠠᠭᠤᠳᠠᠯ ᠤᠨ ᠡᠬᠡ ᠲᠠᠩᠰᠠ ᠪᠠᠶᠢᠭᠤᠯᠵᠤ᠂ ᠬᠠᠷᠢᠭᠤᠴᠠᠯᠭᠠᠲᠤ ᠨᠢᠭᠡᠴᠡ᠂ ᠴᠡᠭᠴᠡᠯᠡᠨ ᠵᠠᠰᠠᠬᠤ ᠠᠭᠤᠯᠭ᠎ᠠ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠵᠢᠴᠢ | ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠡᠳᠦᠷ ᠲᠤᠲᠤᠮ ᠤᠨ ᠪᠠᠶᠢᠴᠠᠭᠠᠬᠤ᠂ | ᠲᠣᠭᠤᠷᠢᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠤᠳᠠᠭ᠎ᠠ ᠳᠠᠷᠠᠭ᠎ᠠ ᠶᠢ ᠴᠢᠩᠭᠠᠷᠠᠭᠤᠯᠤᠨ᠂ ᠲᠠᠭᠤ ᠱᠤᠤᠭᠢᠶᠠᠨ ᠠᠷᠠᠳ ᠢ ᠦᠢᠮᠡᠭᠦᠯᠬᠦ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ︔ ᠭᠤᠣᠯ ᠤᠳᠤᠷᠢᠳᠤᠯᠭ᠎ᠠ ᠶᠢᠨ ᠣᠷᠣᠯᠴᠠᠭᠰᠠᠨ ᠬᠠᠮᠲᠤᠷᠠᠨ ᠬᠠᠤᠯᠢ ᠬᠡᠷᠡᠭᠵᠢᠭᠦᠯᠬᠦ ᠶᠠᠪᠤᠳᠠᠯ ᠢ ᠭᠠᠷᠠᠭ ᠪᠦᠷᠢ | ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠶ᠃ | ︵ᠭᠤᠷᠪᠠ︶ ᠵᠠᠭᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠎ᠡ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠵᠠᠭᠠᠯᠳᠤᠬᠤ ᠳ᠋ᠢᠶᠠᠩᠬᠤᠸᠠ ᠪᠠᠨ | ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ ᠣᠯᠠᠨ ᠨᠡᠶᠢᠲᠡ ᠪᠠᠷ ᠢᠶᠠᠨ ᠣᠷᠴᠢᠨ ᠲᠣᠭᠤᠷᠢᠨ ᠤ ᠪᠣᠬᠢᠷᠲᠤᠯ ᠢ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ 12369 | ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ 12345 ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠵᠠᠭᠠᠯᠳᠤᠵᠤ ᠪᠣᠯᠤᠨ᠎ᠠ︔ ᠵᠢᠵᠢᠭᠦᠷᠯᠡᠨ | ᠰᠠᠬᠢᠬᠤ ᠠᠵᠢᠯ ᠢ ᠴᠢᠩᠭᠠᠳᠬᠠᠵᠤ᠂ ᠵᠠᠭᠠᠯᠳᠤᠬᠤ ᠳ᠋ᠢᠶᠠᠩᠬᠤᠸᠠ ᠶᠢᠨ 24 ᠴᠠᠭ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠨᠠᠷᠢᠨ ᠬᠢᠨᠠᠮᠠᠭᠠᠶ ᠭᠥᠯᠢᠶᠡᠨ | ᠠᠪᠴᠤ᠂ ᠣᠯᠠᠨ ᠲᠦᠮᠡᠨ ᠤ ᠵᠠᠭᠠᠯᠳᠤᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ | ︵ᠳᠥᠷᠪᠡ︶ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠴᠡᠭᠴᠡᠯᠡᠨ ᠵᠠᠰᠠᠬᠤ ᠲᠥᠰᠦᠯ ᠢᠶᠠᠨ ᠴᠠᠭ | ᠲᠤᠬᠠᠶ ᠳᠤᠨᠢ ᠮᠡᠳᠡᠭᠦᠯᠦᠨ ᠬᠦᠷᠭᠡᠬᠦ ᠶᠢᠨ ᠬᠠᠮᠲᠤ ᠨᠢᠭᠡ ᠬᠠᠷᠢᠭᠤᠴᠠᠯᠭᠠᠲᠤ ᠤᠳᠤᠷᠢᠳᠤᠯᠭ᠎ᠠ᠂ ᠨᠢᠭᠡ ᠬᠤᠯᠪᠣᠭᠠᠴᠢᠨ ᠲᠣᠭᠲᠠᠭᠠᠬᠤ ᠶᠢᠨ ᠬᠠᠮᠲᠤ 12 ᠳ᠋ᠤᠭᠠᠷ | ᠰᠠᠷ᠎ᠠ ᠶᠢᠨ 1 ᠤ ᠡᠳᠦᠷ᠂ 12 ᠳ᠋ᠤᠭᠠᠷ ᠰᠠᠷ᠎ᠠ ᠶᠢᠨ 8 ᠤ ᠡᠳᠦᠷ᠂ 12 ᠳ᠋ᠤᠭᠠᠷ ᠰᠠᠷ᠎ᠠ ᠶᠢᠨ 15 ᠤ ᠡᠳᠦᠷ ᠲᠤᠰᠬᠠᠶ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠢᠶᠠᠨ 12 ᠳ᠋ᠤᠭᠠᠷ ᠰᠠᠷ᠎ᠠ ᠶᠢᠨ 19 ᠤ ᠡᠳᠦᠷ ᠲᠤᠰᠬᠠᠶ ᠴᠡᠭᠴᠡᠯᠡᠨ ᠵᠠᠰᠠᠬᠤ ᠠᠵᠢᠯ ᠤᠨ ᠳ᠋ᠦᠩᠨᠡᠯᠲᠡ ᠪᠠᠨ ᠵᠢᠩᠬᠢᠨᠢ ᠪᠢᠴᠢᠭ | ᠮᠠᠲ᠋ᠧᠷᠢᠶᠠᠯ ᠢᠶᠠᠷ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ︵ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ ᠳᠤ | ᠮᠡᠳᠡᠭᠦᠯᠦᠨ ᠬᠦᠷᠭᠡᠬᠦ ᠬᠡᠷᠡᠭᠲᠡᠶ᠃ ᠲᠤᠰᠬᠠᠶ ᠴᠡᠭᠴᠡᠯᠡᠨ ᠵᠠᠰᠠᠬᠤ ᠶᠠᠪᠤᠴᠠ ᠳᠤ᠂ ᠬᠠᠯᠠᠭᠤᠨ ᠤᠲᠠᠰᠤ ᠶᠢ ᠲᠤᠰᠴᠤ ᠰᠣᠨᠣᠰᠬᠤ ᠬᠥᠮᠦᠨ ᠥᠬᠡᠶ᠂ ᠵᠠᠭᠠᠯᠳᠤᠯᠭ᠎ᠠ ᠶᠢ | ᠭᠥᠯᠢᠶᠡᠨ ᠠᠪᠴᠤ ᠰᠢᠢᠳᠪᠦᠷᠢᠯᠡᠬᠦ ᠬᠥᠮᠦᠨ ᠥᠬᠡᠶ᠂ ᠰᠢᠯᠲᠠᠭᠯᠠᠨ ᠲᠦᠯᠬᠢᠯᠴᠡᠬᠦ᠂ ᠪᠠᠶᠢᠴᠠᠭᠠᠨ ᠰᠢᠢᠳᠪᠦᠷᠢᠯᠡᠭᠰᠡᠨ ᠨᠢ ᠬᠦᠴᠦᠨ ᠥᠬᠡᠶ ᠪᠤᠶᠤ ᠨᠠᠵᠠᠭᠠᠶ ᠨᠥᠯᠥᠭᠡ | ᠭᠠᠷᠭᠠᠭᠰᠠᠨ ᠪᠠᠶᠢᠪᠠᠯ᠂ ᠬᠠᠷᠢᠭᠤᠴᠠᠯᠭ᠎ᠠ ᠨᠡᠬᠡᠮᠵᠢᠯᠡᠨ᠎ᠡ᠃ | ᠬᠠᠷᠢᠯᠴᠠᠬᠤ ᠬᠥᠮᠦᠨ᠄ ᠸᠠᠩ ᠰᠢᠤᠸᠠᠢ | ᠬᠠᠷᠢᠯᠴᠠᠬᠤ ᠤᠲᠠᠰᠤ᠄ 0478-4260766 15047053082 | ᠰᠢᠦᠳᠠᠨ ᠤ ᠬᠠᠶᠢᠷᠴᠠᠭ ᠢ ᠮᠡᠳᠡᠭᠦᠯᠦᠨ ᠬᠦᠷᠭᠡᠬᠦ᠄ 645281702@qq.com | | |