ᠲᠠᠷᠢᠶᠠᠯᠠᠩ ᠮᠠᠯ ᠠᠵᠤ ᠠᠬᠤᠢ ᠪᠣᠯ ᠮᠠᠨ ᠤ ᠬᠤᠲᠠ ᠶᠢᠨ ᠬᠠᠮᠤᠭ ᠤᠨ ᠶᠡᠭᠡ ᠣᠨᠴᠠᠯᠢᠭ ᠪᠠ ᠳᠠᠪᠠᠭᠤᠯᠢᠭ ᠮᠥᠨ᠃ ᠣᠶᠢᠷ᠎ᠠ ᠶᠢᠨ ᠬᠡᠳᠦᠨ ᠵᠢᠯ ᠳᠤ᠂ | ᠮᠠᠨ ᠤ ᠬᠤᠲᠠ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠰᠢᠨ᠎ᠡ ᠬᠡᠷᠡᠯ ᠰᠠᠴᠤᠷᠠᠩᠭᠤᠢ ᠠᠮᠵᠢᠯᠲᠠ ᠶᠢ ᠣᠯᠪᠠ᠃ 9 | ᠰᠠᠷ᠎ᠠ ᠶᠢᠨ 19 ᠤ ᠡᠳᠦᠷ ᠪᠢᠳᠡ ᠪᠠᠶᠠᠨᠨᠠᠭᠤᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ᠂ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠣᠣ ᠯᠢᠨ ᠬᠤ᠋ ᠪᠣᠯᠣᠨ | ᠪᠠᠶᠠᠨᠨᠠᠭᠤᠷ ᠬᠤᠲᠠ ᠶᠢᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠬᠥᠷᠥᠰᠥ ᠰᠢᠷᠣᠢ ᠬᠢᠭᠡᠳ ᠤᠰᠤ | ᠠᠷᠪᠢᠯᠠᠬᠤ ᠰᠠᠯᠠᠭᠠᠨ ᠤ ᠳᠠᠷᠤᠭ᠎ᠠ᠂ ᠳᠡᠭᠡᠳᠦ ᠲᠠᠰ ᠤᠨ ᠲᠠᠷᠢᠶᠠᠯᠠᠩ ᠤᠨ ᠮᠡᠷᠭᠡᠵᠢᠯᠲᠡᠨ ᠵᠠᠩ ᠴᠧᠨ ᠫᠢᠩ ᠢ ᠤᠷᠢᠵᠤ ᠲᠣᠭᠯᠠᠯᠲᠠ ᠶᠢᠨ ᠲᠠᠰᠤᠭ ᠲᠤ | ᠣᠷᠣᠯᠴᠠᠭᠤᠯᠪᠠ᠃ | ᠬᠥᠲᠥᠯᠥᠭᠴᠢ᠄ ︽ᠭᠠᠷ ᠲᠠᠭᠠᠨ ᠠᠮᠤ ᠪᠤᠳᠠᠭ᠎ᠠ ᠲᠠᠢ ᠪᠣᠯ ᠰᠠᠨᠳᠤᠷᠬᠤ ᠦᠭᠡᠢ︾᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ | ᠬᠤᠷᠢᠶ᠎ᠠ ᠠᠮᠤ ᠪᠤᠳᠠᠭᠠᠨ ᠤ ᠠᠮᠤᠷ ᠲᠦᠪᠰᠢᠨ ᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠶᠢᠨ ᠲᠡᠷᠢᠭᠦᠨ ᠴᠢᠬᠤᠯᠠ ᠶᠠᠪᠤᠳᠠᠯ ᠪᠣᠯᠭᠠᠪᠠ᠃ ᠤᠯᠤᠰ ᠤᠨ ᠥᠪᠡᠷᠲᠡᠭᠡᠨ | ᠵᠠᠰᠠᠬᠤ ᠣᠷᠣᠨ ᠤ ᠴᠢᠬᠤᠯᠠ ᠲᠠᠸᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠤ ᠬᠤᠪᠢ ᠳᠤ᠂ ᠠᠮᠤ ᠪᠤᠳᠠᠭᠠᠨ ᠤ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠬᠢᠵᠢᠭᠦᠯᠬᠦ ᠳᠤ ᠪᠠᠶᠠᠨᠨᠠᠭᠤᠷ ᠶᠠᠭᠠᠬᠢᠵᠤ ᠬᠢᠭᠰᠡᠨ ᠪᠤᠢ︖ ᠪᠢᠳᠡ ᠬᠠᠮᠲᠤ ᠪᠠᠷ ᠦᠵᠡᠵᠡᠭᠡᠶ᠎ᠡ᠃ ᠬᠥᠲᠥᠯᠥᠭᠴᠢ᠄ ᠣᠬᠤᠷ ᠹᠢᠯᠢᠮ ᠢ | ᠦᠵᠡᠭᠡᠳ᠂ ᠮᠠᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠲᠣᠰᠬᠤᠨ ᠤ ᠠᠷᠠᠳ ᠢ ᠵᠣᠷᠢᠭᠵᠢᠭᠤᠯᠵᠤ ᠠᠮᠤ ᠪᠤᠳᠠᠭᠠᠨ ᠤ ᠲᠠᠷᠢᠮᠠᠯ | ᠳᠠᠷᠢᠭᠤᠯᠬᠤ ᠶᠢᠨ ᠲᠥᠯᠥᠭᠡ ᠪᠠᠭ᠎ᠠ ᠦᠭᠡᠢ ᠠᠷᠭ᠎ᠠ ᠪᠤᠳᠤᠵᠤ ᠪᠠᠶᠢᠨ᠎ᠠ᠃ ᠠᠮᠤ ᠪᠤᠳᠠᠭᠠᠨ ᠤ ᠤᠨᠠᠯᠲᠠ ᠭᠤᠷᠪᠠᠨ ᠵᠢᠯ ᠳᠠᠷᠠᠭᠠᠯᠠᠨ 55 ᠳ᠋ᠦᠩᠰᠢᠭᠤᠷ ᠵᠢᠩ ᠠᠴᠠ | ᠳᠡᠭᠡᠭᠰᠢ ᠬᠡᠮᠵᠢᠶᠡᠨ ᠳᠤ ᠲᠣᠭᠲᠠᠪᠤᠷᠢᠵᠢᠪᠠ᠃ ᠡᠨᠡ ᠵᠢᠯ ᠨᠡᠩ ᠴᠤ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠪᠡᠶᠡᠯᠡᠭᠦᠯᠪᠡ᠃ ᠣᠣ ᠲᠣᠪᠴᠢᠶᠠᠨ ᠳᠠᠷᠤᠭ᠎ᠠ᠂ | ᠡᠨᠡᠬᠦ ᠲᠤᠭ᠎ᠠ ᠪᠠᠷᠢᠮᠲᠠ ᠶᠢᠨ ᠠᠷᠤ ᠳᠤ ᠪᠢᠳᠡ ᠶᠠᠮᠠᠷ ᠶᠠᠩᠵᠤ ᠶᠢᠨ ᠴᠢᠷᠮᠠᠶᠢᠯᠭ᠎ᠠ ᠭᠠᠷᠭᠠᠭᠰᠠᠨ ᠪᠤᠶ︖ | ᠣᠣ ᠯᠢᠨ ᠬᠤ᠋᠄ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ᠂ ᠡᠩ ᠲᠡᠷᠢᠭᠦᠨ ᠳᠤ ᠳᠠᠷᠢᠬᠤ ᠲᠠᠯᠠᠪᠠᠶ ᠶᠢ ᠳᠡᠭᠡᠭᠰᠢᠯᠡᠭᠦᠯᠬᠦ ᠬᠡᠷᠡᠭᠲᠡᠢ᠃ ᠡᠨᠡ ᠵᠢᠯ ᠪᠢᠳᠡ | ᠡᠯ᠎ᠡ ᠬᠤᠰᠢᠭᠤ ᠰᠢᠶᠠᠨ ᠲᠣᠭᠤᠷᠢᠭ ᠲᠤ ᠬᠢᠨᠠᠨ ᠰᠢᠯᠭᠠᠬᠤ ᠭᠦᠢᠴᠡᠳᠬᠡᠯ ᠲᠤᠭ᠎ᠠ ᠪᠠᠭᠤᠯᠭᠠᠵᠤ᠂ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠢᠴᠢᠭ ᠲᠤ | ᠭᠠᠷ ᠤᠨ ᠥᠰᠥᠭ ᠵᠢᠷᠤᠪᠠ᠃ ᠣᠬᠤᠷ ᠹᠢᠯᠢᠮ ᠳᠤ ᠬᠡᠯᠡᠭᠰᠡᠨ ᠮᠡᠲᠦ ᠪᠠᠷ᠂ ᠠᠮᠤ ᠪᠤᠳᠠᠭ᠎ᠠ ᠳᠠᠷᠢᠬᠤ ᠲᠠᠯᠠᠪᠠᠶ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ | ᠡᠭᠦᠷᠭᠡ ᠶᠢ ᠪᠡᠶᠡᠯᠡᠭᠦᠯᠵᠦ᠂ ᠥᠷᠭᠡᠨ ᠣᠯᠠᠨ ᠲᠠᠷᠢᠶᠠᠴᠢᠨ ᠡᠷᠦᠬᠡ ᠶᠢᠨ ᠠᠮᠤ ᠪᠤᠳᠠᠭᠠᠨ ᠤ ᠲᠠᠷᠢᠮᠠᠯ ᠳᠠᠷᠢᠬᠤ ᠶᠢ ᠵᠣᠷᠢᠭᠵᠢᠭᠤᠯᠬᠤ ᠶᠢᠨ ᠲᠥᠯᠥᠭᠡ᠂ ᠪᠢᠳᠡ | ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢᠨ ᠰᠠᠭᠤᠷᠢᠨ ᠳᠡᠭᠡᠷ᠎ᠡ᠂ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠳᠤ ᠪᠠᠰᠠ ᠨᠥᠬᠦᠪᠦᠷᠢ ᠶᠢᠨ ᠵᠣᠭᠤᠰ ᠢ ᠨᠡᠮᠡᠪᠡ᠃ 4.2 | ᠳ᠋ᠦᠩᠰᠢᠭᠤᠷ ᠲᠥᠭᠦᠷᠢᠭ ᠤᠨ ᠲᠠᠷᠢᠶᠠᠨ ᠭᠠᠵᠠᠷ ᠤᠨ ᠬᠦᠴᠦ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ᠂ 1.09 ᠳ᠋ᠦᠩᠰᠢᠭᠤᠷ ᠲᠥᠭᠦᠷᠢᠭ ᠤᠨ ᠠᠮᠤ ᠪᠤᠳᠠᠭ᠎ᠠ | ᠳᠠᠷᠢᠬᠤ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠥᠭᠴᠦ᠂ ᠪᠠᠰᠠ ᠲᠦᠷᠦᠭᠦᠤ ᠪᠦᠯᠦᠭ ᠤᠨ 2.88 ᠳ᠋ᠦᠩᠰᠢᠭᠤᠷ ᠲᠥᠭᠦᠷᠢᠭ ᠤᠨ | ᠡᠷᠳᠡᠨᠢ ᠰᠢᠰᠢ᠂ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠨᠥᠬᠦᠪᠦᠷᠢ ᠥᠭᠴᠡᠢ᠃ ᠡᠭᠦᠨ ᠤ ᠬᠠᠮᠲᠤ᠂ ᠪᠢᠳᠡ ᠵᠠᠬᠢᠶᠠᠯᠠᠭ᠎ᠠ ᠪᠠᠷ ᠳᠠᠷᠢᠬᠤ ᠶᠢ ᠵᠣᠷᠢᠭᠵᠢᠭᠤᠯᠵᠤ᠂ | ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠳᠡᠯᠭᠡᠷᠡᠭᠦᠯᠵᠦ᠂ ᠠᠮᠤ ᠲᠣᠰᠣᠨ ᠤ ᠲᠠᠷᠢᠮᠠᠯ ᠤᠨ ᠮᠢᠩᠭᠠᠨ ᠮᠦ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠵᠢᠱᠢᠶ᠎ᠡ | ᠦᠵᠡᠭᠦᠯᠬᠦ 10 ᠹᠢᠯᠢᠮ ᠢ ᠨᠠᠶᠢᠳᠠᠪᠤᠷᠢᠵᠢᠭᠤᠯᠤᠨ᠂ ᠠᠯᠢ ᠣᠯᠠᠨ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠢᠶᠠᠷ᠂ ᠡᠨᠡ ᠵᠢᠯ ᠤᠨ ᠪᠤᠭᠤᠳᠠᠢ ᠶᠢᠨ | ᠤᠨᠠᠯᠲᠠ ᠵᠢᠱᠢᠯᠲᠡ ᠪᠠᠷ ᠲᠦᠷᠦᠭᠦᠤ ᠵᠢᠯ ᠤᠨ ᠬᠢ ᠠᠴᠠ 5% ᠣᠷᠴᠢᠮ ᠨᠡᠮᠡᠭᠳᠡᠵᠦ᠂ ᠡᠯᠪᠡᠭ ᠬᠤᠷᠢᠶᠠᠯᠲᠠ ᠨᠢᠭᠡᠨᠲᠡ ᠲᠣᠭᠲᠠᠭᠰᠠᠨ ᠪᠠᠶᠢᠳᠠᠯ ᠲᠠᠢ ᠪᠣᠯᠵᠤ᠂ | ᠤᠯᠤᠰ ᠤᠨ ᠠᠮᠤ ᠬᠦᠨᠡᠰᠦᠨ ᠤ ᠬᠠᠩᠭᠠᠯᠭ᠎ᠠ ᠶᠢ ᠪᠠᠲᠤᠯᠠᠬᠤ ᠳᠤ ᠪᠠᠶᠠᠨᠨᠠᠭᠤᠷ ᠲᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠬᠥᠲᠥᠯᠥᠭᠴᠢ᠄ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠪᠠᠰᠠ ᠨᠢᠭᠡᠨ ᠮᠠᠰᠢ ᠴᠢᠬᠤᠯᠠ ᠲᠠᠯ᠎ᠠ ᠪᠣᠶ᠂ ᠪᠣᠬᠢᠷᠳᠤᠯ ᠦᠭᠡᠢ ᠠᠮᠢ ᠠᠬᠤᠢ᠂ ᠠᠶᠤᠯᠭᠦᠢ | ᠦᠢᠯᠡᠳᠪᠦᠷᠢᠯᠡᠯ ᠢ ᠪᠡᠶᠡᠯᠡᠭᠦᠯᠬᠦ ᠬᠡᠷᠡᠭᠲᠡᠢ᠃ 2019 ᠣᠨ ᠳᠤ᠂ ᠶᠡᠷᠦᠩᠬᠡᠢ ᠱᠦᠵᠢ ᠰᠢ ᠶᠢᠨ ᠫᠢᠩ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ | ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠪᠡ᠂ ᠲᠠᠷᠢᠶᠠᠯᠠᠩ ᠤᠨ ᠤᠯᠠᠨ | ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠪᠣᠯ ᠲᠡᠭᠦᠨ ᠤ ᠳᠣᠲᠣᠷᠠᠬᠢ ᠴᠢᠬᠤᠯᠠ ᠨᠢᠭᠡ ᠠᠭᠤᠯᠭ᠎ᠠ ᠪᠣᠯᠣᠨ᠎ᠠ᠃ ᠮᠠᠨ ᠤ ᠬᠤᠲᠠ ᠡᠨᠡ ᠲᠠᠯ᠎ᠠ ᠪᠠᠷ ᠶᠠᠭᠠᠬᠢᠵᠤ | ᠬᠢᠭᠰᠡᠨ ᠪᠤᠢ︖ | ᠤᠣ ᠯᠢᠨ ᠬᠤ᠋᠄ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠪᠣᠯ ᠨᠢᠭᠡᠨ ᠤᠷᠳᠤ ᠬᠤᠭᠤᠴᠠᠭᠠᠨ ᠤ ᠢᠨᠵᠧᠨᠧᠷᠢᠩ ᠪᠣᠯᠣᠨ᠎ᠠ᠂ 2018 | ᠣᠨ ᠠᠴᠠ ᠡᠬᠢᠯᠡᠨ ᠪᠢᠳᠡ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠪᠠᠷ ᠭᠤᠣᠯ ᠪᠣᠯᠭᠠᠭᠰᠠᠨ᠂ ᠮᠡᠷᠭᠡᠵᠢᠯ ᠢᠶᠠᠷ ᠪᠣᠬᠢᠷᠳᠤᠯ ᠢ ᠪᠠᠭᠠᠰᠬᠠᠬᠤ᠂ | ᠬᠡᠪᠴᠢᠶ᠎ᠡ ᠪᠠᠷ ᠪᠣᠬᠢᠷᠳᠤᠯ ᠢ ᠪᠠᠭᠤᠷᠠᠭᠤᠯᠬᠤ᠂ ᠤᠨᠢᠨ ᠳᠡᠭᠡᠷ᠎ᠡ ᠨᠢ ᠪᠣᠬᠢᠷᠳᠤᠯ ᠢ ᠬᠡᠮᠵᠢᠬᠦ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠪᠠᠷ ᠠᠷᠭ᠎ᠠ ᠪᠠᠷᠢᠯ | ᠪᠣᠯᠭᠠᠭᠰᠠᠨ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠡᠬᠢᠯᠡᠭᠦᠯᠵᠡᠢ᠃ ᠬᠢᠮᠢ ᠶᠢᠨ ᠪᠣᠷᠳᠣᠭᠤᠷ᠂ ᠰᠦᠯᠢᠶᠥᠦ ᠪᠦᠷᠬᠦᠪᠴᠢ ᠶᠢᠨ ᠪᠣᠬᠢᠷᠳᠤᠯ ᠢ | ᠰᠡᠷᠭᠡᠶᠢᠯᠡᠨ ᠵᠠᠰᠠᠬᠤ ᠬᠤᠶᠠᠷ ᠳᠦᠷᠢᠮ ᠤᠨ ᠬᠠᠤᠯᠢ ᠲᠣᠭᠲᠠᠭᠠᠬᠤ ᠠᠵᠢᠯ ᠢ ᠡᠬᠢᠯᠡᠭᠦᠯᠵᠦ᠂ ᠵᠠᠰᠠᠯᠲᠠ ᠶᠢ ᠵᠢᠷᠤᠮᠯᠠᠬᠤ ᠬᠠᠤᠯᠢ ᠲᠠᠢ ᠪᠣᠯᠭᠠᠪᠠ︔ ᠨᠢᠭᠡ ᠤᠳᠠᠭᠠᠨ ᠤ | ᠪᠦᠬᠦ ᠲᠠᠯ᠎ᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠵᠦ᠂ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠤᠨ ᠬᠡᠷᠡᠭᠯᠡᠯᠲᠡ ᠶᠢᠨ ᠲᠤᠭ᠎ᠠ ᠪᠠᠷᠢᠮᠲᠠ ᠶᠢ ᠲᠣᠳᠣᠷᠬᠠᠢ | ᠣᠶᠢᠯᠠᠭᠠᠪᠠ︔ ᠲᠠᠷᠢᠶᠠᠯᠠᠩ ᠮᠠᠯ ᠠᠵᠤ ᠠᠬᠤᠢ ᠶᠢᠨ ᠣᠷᠣᠭᠤᠯᠤᠯᠲᠠ ᠶᠢᠨ ᠡᠳ᠋ ᠤᠨ ᠮᠥᠷᠳᠡᠵᠦ ᠪᠣᠯᠬᠤᠶᠢᠴᠠ ᠰᠢᠰᠲ᠋ᠧᠮᠵᠢ ᠶᠢ ᠲᠡᠭᠦᠯᠳᠡᠷᠵᠢᠭᠦᠯᠵᠦ᠂ ᠨᠠᠷᠢᠯᠢᠭ | ᠣᠨᠣᠴᠠᠲᠠᠢ ᠪᠠᠷ ᠬᠠᠮᠢᠶᠠᠷᠤᠨ ᠡᠵᠡᠮᠳᠡᠬᠦ ᠶᠢ ᠪᠡᠶᠡᠯᠡᠭᠦᠯᠪᠡ︔ ᠨᠢᠭᠡ ᠪᠦᠯᠦᠭ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠪᠠᠶᠢᠭᠤᠯᠵᠤ᠂ ᠴᠡᠭ ᠢᠶᠠᠷ ᠨᠡᠶᠢᠳᠡᠮ ᠢ | ᠳᠠᠶᠢᠴᠢᠯᠠᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠪᠢᠳᠠ ᠲᠤᠰᠬᠠᠢ ᠣᠷᠣᠨ ᠬᠤᠳᠠ ᠶᠢᠨ ᠱᠠᠲᠤᠨ ᠳᠤ ᠠᠮᠢ ᠠᠬᠤᠢ ᠶᠢᠨ ᠵᠠᠰᠠᠯᠲᠠ ᠪᠠ | ᠪᠣᠬᠢᠷᠳᠤᠯ ᠦᠭᠡᠢ ᠬᠥᠭᠵᠢᠯᠲᠡ ᠶᠢᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠠᠵᠢᠯ ᠤᠨ ᠦᠷᠳᠡᠭᠡ ᠶᠢ ᠤᠷᠢᠳᠠᠪᠠᠷ ᠪᠠᠶᠢᠭᠤᠯᠵᠤ᠂ 17 ᠰᠢᠨᠵᠢᠯᠡᠬᠦ ᠤᠬᠠᠭᠠᠨ | ᠮᠡᠷᠭᠡᠵᠢᠯ ᠤᠨ ᠪᠠᠭ᠎ᠠ ᠬᠦᠷᠢᠶᠡᠯᠡᠩ ᠢ ᠪᠠᠶᠢᠭᠤᠯᠵᠤ᠂ ᠪᠦᠬᠦ ᠤᠯᠤᠰ ᠲᠤ ᠬᠤᠵᠢᠷᠯᠢᠭ ᠭᠠᠵᠠᠷ ᠢ ᠵᠠᠰᠠᠬᠤ ᠬᠤᠷᠠᠮᠠᠯ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠠᠵᠢᠯ ᠢ | ᠤᠷᠢᠳᠠᠪᠠᠷ ᠥᠷᠨᠢᠭᠦᠯᠵᠦ᠂ ᠮᠠᠨ ᠤ ᠬᠤᠳᠠ ᠶᠢᠨ ᠤᠯᠠᠨ ᠡᠬᠢᠲᠦ ᠪᠣᠬᠢᠷᠳᠤᠯ ᠢ ᠵᠠᠰᠠᠬᠤ ᠳᠤ ᠲᠣᠬᠢᠷᠠᠬᠤ ᠨᠢᠭᠡ ᠪᠦᠯᠦᠭ ᠰᠢᠨ᠎ᠡ ᠮᠠᠰᠢᠨ ᠮᠧᠬᠠᠨᠢᠭ ᠢ ᠰᠤᠳᠤᠯᠤᠨ | ᠦᠢᠯᠡᠳᠴᠡᠢ᠃ | ᠬᠥᠲᠥᠯᠥᠭᠴᠢ᠄ ᠲᠠᠨ ᠤ ᠬᠡᠯᠡᠭᠰᠡᠨ ᠢ ᠪᠢ ᠰᠤᠷᠪᠤᠯᠵᠢᠯᠠᠵᠤ ᠥᠩᠭᠡᠷᠡᠭᠰᠡᠨ᠂ ᠰᠦᠯᠢᠶᠥᠦ ᠪᠦᠷᠬᠦᠪᠴᠢ ᠶᠢ ᠳᠡᠪᠢᠰᠬᠦ ᠳᠤ ᠪᠠᠷᠢᠮᠵᠢᠶ᠎ᠠ ᠲᠠᠢ᠂ ᠲᠠᠷᠢᠶᠠᠨ ᠡᠮ ᠤᠨ | ᠯᠣᠩᠬᠤ ᠶᠢ ᠬᠤᠷᠢᠶᠠᠨ ᠠᠪᠬᠤ ᠳᠤ ᠨᠥᠬᠦᠪᠦᠷᠢ ᠲᠠᠢ᠂ ᠣᠷᠭᠠᠨᠢᠭ ᠪᠣᠷᠳᠣᠭᠤᠷ᠂ ᠠᠮᠢᠳᠤ ᠪᠣᠳᠠᠰ ᠤᠨ ᠪᠣᠷᠳᠣᠭᠤᠷ ᠬᠡᠷᠡᠭᠯᠡᠬᠦ ᠳᠤ ᠴᠥᠮ ᠨᠥᠬᠦᠪᠦᠷᠢ ᠲᠠᠢ᠂ | ᠲᠠᠷᠢᠶᠠᠴᠢᠳ ᠤᠨ ᠢᠳᠡᠪᠬᠢᠵᠢᠯ ᠢ ᠳᠠᠶᠢᠴᠢᠯᠠᠬᠤ ᠶᠢᠨ ᠲᠥᠯᠥᠭᠡ᠂ ᠮᠠᠨ ᠤ ᠲᠠᠷᠢᠶᠠᠯᠠᠩ ᠤᠨ ᠰᠠᠯᠠᠭ᠎ᠠ ᠮᠥᠴᠢᠷ ᠤᠨ ᠬᠢᠨ ᠪᠠᠭ᠎ᠠ ᠪᠤᠰᠤ ᠠᠷᠭ᠎ᠠ ᠪᠤᠳᠤᠵᠤ ᠭᠠᠷᠭᠠᠭᠰᠠᠨ | ᠃ | ᠤᠣ ᠯᠢᠨ ᠬᠤ᠋᠄ ᠲᠡᠶᠢᠮᠦ ᠠ᠋᠂ ᠡᠨᠡ ᠯᠣᠩᠬᠤᠨ ᠳᠤ ᠬᠤᠶᠠᠷ ᠬᠡᠮᠵᠢᠯ ᠲᠡᠮᠳᠡᠭ ᠲᠠᠢ᠂ ᠲᠡᠭᠦᠨ ᠢᠶᠠᠷ ᠳᠡᠮᠵᠢᠨ᠂ ᠡᠨᠡ ᠯᠣᠩᠬᠤ ᠶᠢ ᠬᠡᠨ ᠬᠤᠳᠠᠯᠳᠤᠵᠤ᠂ ᠬᠡᠨ | ᠬᠤᠳᠠᠯᠳᠤᠵᠤ ᠠᠪᠤᠭᠰᠠᠨ ᠭᠡᠳᠡᠭ ᠢ ᠮᠡᠳᠡᠵᠦ ᠪᠣᠯᠣᠨ᠎ᠠ᠂ ᠬᠠᠮᠤᠭ ᠰᠡᠭᠦᠯ ᠳᠤ ᠬᠤᠷᠢᠶᠠᠵᠤ ᠠᠪᠴᠢᠷᠠᠭᠰᠠᠨ ᠤᠤ︖ ᠳᠠᠷᠤᠢ ᠲᠠᠷᠢᠶᠠᠴᠢᠨ ᠪᠣᠯᠣᠨ ᠠᠵᠤ | ᠠᠬᠤᠶᠢᠯᠠᠯ ᠤᠨ ᠪᠣᠬᠢᠷᠳᠤᠯ ᠦᠭᠡᠢ ᠦᠢᠯᠡᠳᠪᠦᠷᠢᠯᠡᠯ ᠢ ᠬᠥᠲᠥᠯᠥᠨ ᠵᠢᠯᠤᠭᠤᠳᠴᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠲᠦᠯᠬᠢᠨ | ᠠᠬᠢᠭᠤᠯᠬᠤ ᠶᠢᠨ ᠲᠥᠯᠥᠭᠡ ᠶᠤᠮ᠃ ᠮᠠᠨ ᠤ ᠳᠥᠷᠪᠡ ᠶᠢ ᠡᠵᠡᠮᠳᠡᠬᠦ ᠮᠡᠷᠭᠡᠵᠢᠯ ᠤᠨ ᠬᠡᠷᠡᠭᠯᠡᠯᠲᠡ᠂ ᠤᠯᠠᠨ ᠡᠬᠢᠲᠦ ᠪᠣᠬᠢᠷᠳᠤᠯ ᠢ ᠵᠠᠰᠠᠬᠤ ᠨᠢ ᠪᠦᠬᠦ ᠤᠯᠤᠰ ᠲᠤ ᠴᠤ | ᠮᠠᠰᠢ ᠶᠡᠭᠡ ᠲᠣᠯᠢ ᠪᠣᠯᠬᠤ ᠠᠴᠢ ᠬᠤᠯᠪᠣᠭᠳᠠᠯ ᠲᠠᠢ ᠶᠤᠮ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠭᠤᠷᠪᠠ ᠤᠳᠠᠭ᠎ᠠ ᠮᠠᠨ ᠤ ᠬᠤᠳᠠ ᠳᠤ | ᠲᠤᠬᠠᠢ ᠶᠢᠨ ᠲᠠᠯᠠᠪᠠᠢ ᠶᠢᠨ ᠬᠤᠷᠠᠯ ᠬᠢᠵᠦ ᠮᠠᠨ ᠤ ᠲᠤᠷᠰᠢᠯᠭ᠎ᠠ ᠶᠢᠨ ᠠᠷᠭ᠎ᠠ ᠶᠢ ᠳᠡᠯᠭᠡᠷᠡᠭᠦᠯᠪᠡ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ᠬᠤᠶᠠᠷ | ᠤᠳᠠᠭ᠎ᠠ ᠤᠯᠠᠭᠠᠨᠰᠤᠬᠠᠢ ᠲᠠᠩᠭᠢᠰ ᠤᠨ ᠰᠠᠪᠠ ᠭᠠᠵᠠᠷ ᠤᠨ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠵᠠᠰᠠᠬᠤ ᠠᠵᠢᠯ ᠢ ᠨᠤᠲᠠᠯᠠᠪᠠ᠃ ᠨᠢᠳᠤᠨᠤᠨ ᠤ 11 | ᠰᠠᠷ᠎ᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠩᠬ᠎ᠠ ᠤᠳᠠᠭ᠎ᠠ ᠨᠡᠶᠢᠭᠡᠮ ᠤᠨ ᠬᠥᠷᠥᠩᠭᠡ ᠮᠥᠩᠭᠦ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠠᠮᠢ ᠠᠬᠤᠢ ᠶᠢᠨ ᠰᠡᠷᠭᠦᠭᠡᠯᠲᠡ ᠳᠤ ᠣᠷᠣᠯᠴᠠᠭᠰᠠᠨ 10 ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠮᠠᠨ ᠤ ᠪᠠᠶᠠᠨᠨᠠᠭᠤᠷ ᠰᠣᠩᠭᠤᠭᠳᠠᠵᠠᠢ᠃ ᠬᠥᠲᠥᠯᠥᠭᠴᠢ | ᠄ ᠤᠷᠢᠳᠴᠢᠯᠠᠭᠰᠠᠨ ᠲᠥᠷᠥ ᠶᠢᠨ ᠪᠣᠳᠣᠯᠭ᠎ᠠ ᠶᠢᠨ ᠲᠥᠯᠦᠪᠵᠢᠭᠦᠯᠭᠡ ᠲᠠᠢ᠂ ᠢᠵᠢ ᠪᠦᠷᠢᠨ ᠮᠡᠷᠭᠡᠵᠢᠯ ᠤᠨ ᠲᠤᠯᠭᠠᠭᠤᠷᠢᠯᠠᠯ ᠲᠠᠢ ᠪᠠᠶᠢᠪᠠᠯ᠂ ᠮᠠᠨ ᠤ ᠰᠠᠶᠢᠨ | ᠭᠠᠷᠤᠯᠲᠠ ᠶᠢᠨ ᠣᠷᠣᠨ ᠦᠷᠭᠦᠯᠵᠢᠯᠡᠨ ᠰᠠᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠲᠠᠶᠢᠯᠤᠨ᠎ᠠ᠃ ᠮᠠᠨ ᠤ ᠪᠠᠶᠠᠨᠨᠠᠭᠤᠷ ᠪᠣᠯ ᠤᠯᠤᠰ ᠤᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠴᠢᠬᠤᠯᠠ ᠰᠠᠭᠤᠷᠢᠨ ᠭᠠᠵᠠᠷ ᠮᠥᠨ᠂ ᠲᠠᠷᠢᠮᠠᠯ ᠤᠨ ᠦᠢᠯᠡᠰ ᠬᠥᠭᠵᠢᠭᠰᠡᠨ ᠢᠶᠠᠷ ᠪᠠᠷᠠᠬᠤ | ᠦᠭᠡᠢ ᠮᠠᠯ ᠠᠵᠤ ᠠᠬᠤᠢ ᠴᠤ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠮᠥᠨ᠃ ᠤᠳᠤ᠂ ᠤᠯᠤᠰ ᠠᠴᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠴᠤ ᠤᠯᠤᠰ ᠤᠨ ᠲᠡᠰ ᠤᠨ ᠪᠣᠬᠢᠷᠳᠤᠯ ᠦᠭᠡᠢ ᠰᠦ ᠶᠢᠨ ᠰᠠᠪᠠ ᠶᠢ | ᠴᠣᠭᠴᠠᠯᠠᠵᠤ ᠪᠠᠶᠢᠨ᠎ᠠ᠂ ᠡᠶᠢᠮᠦᠷᠬᠦ ᠣᠷᠴᠢᠨ ᠲᠣᠭᠤᠷᠢᠨ ᠳᠤ ᠮᠠᠨ ᠤ ᠪᠠᠶᠠᠨᠨᠠᠭᠤᠷ ᠤᠨ ᠰᠦ ᠶᠢᠨ ᠦᠢᠯᠡᠰ ᠤᠨ ᠬᠥᠭᠵᠢᠯᠲᠡ ᠶᠠᠮᠠᠷ ᠠᠵᠠ ᠲᠣᠬᠢᠶᠠᠯ ᠪᠠ | ᠥᠷᠢᠰᠦᠯᠳᠦᠭᠡᠨ ᠲᠠᠢ ᠪᠠᠶᠢᠭ᠎ᠠ ᠪᠤᠢ︖ | ᠤᠣ ᠯᠢᠨ ᠬᠤ᠋᠄ ᠰᠦ ᠶᠢᠨ ᠦᠢᠯᠡᠰ ᠪᠣᠯ ᠮᠠᠨ ᠤ ᠪᠠᠶᠠᠨᠨᠠᠭᠤᠷ ᠤᠨ ᠬᠠᠮᠤᠭ ᠤᠨ ᠰᠠᠭᠤᠷᠢ ᠲᠠᠢ᠂ ᠬᠠᠮᠤᠭ ᠤᠨ ᠨᠥᠬᠦᠴᠡᠯ ᠲᠠᠢ 12 ᠠᠵᠤ ᠦᠢᠯᠡᠰ ᠤᠨ | ᠬᠡᠯᠬᠢᠶ᠎ᠡ ᠳᠤ ᠬᠠᠮᠤᠭ ᠤᠨ ᠲᠡᠷᠢᠭᠦᠨ ᠳᠤ ᠰᠢᠪᠲᠤᠯᠤᠯᠲᠠ ᠭᠠᠷᠭᠠᠵᠤ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠠᠵᠤ ᠦᠢᠯᠡᠰ ᠪᠣᠯᠣᠨ᠎ᠠ᠃ ᠪᠢᠳᠡ ︽ᠡᠪᠡᠰᠦ︾ ᠶᠢ | ᠰᠠᠶᠢᠲᠤᠷ ᠳᠠᠷᠢᠬᠤ᠂ ︽ᠲᠠᠯᠠᠪᠠᠶ︾ ᠶᠢ ᠰᠠᠶᠢᠲᠤᠷ ᠪᠠᠶᠢᠭᠤᠯᠬᠤ᠂ ︽ᠦᠬᠡᠷ︾ ᠢ ᠰᠠᠶᠢᠲᠤᠷ ᠲᠡᠵᠢᠭᠡᠬᠦ᠂ ︽ᠰᠦ︾ ᠶᠢ ᠰᠠᠶᠢᠲᠤᠷ ᠦᠢᠯᠡᠳᠪᠦᠷᠢᠯᠡᠬᠦ᠂ ︽ᠠᠵᠢᠯ︾ | ᠢ ᠰᠠᠶᠢᠲᠤᠷ ᠬᠢᠬᠦ᠂ ︽ᠵᠣᠭᠤᠰ︾ ᠢ ᠰᠠᠶᠢᠲᠤᠷ ᠵᠠᠷᠤᠬᠤ ᠵᠡᠷᠭᠡ ᠵᠢᠷᠭᠤᠭᠠᠨ ᠴᠢᠭᠯᠡᠯ ᠠᠴᠠ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ | ᠠᠵᠢᠯ ᠢ ᠡᠮᠬᠢ ᠵᠢᠷᠤᠮ ᠲᠠᠢ ᠠᠬᠢᠭᠤᠯᠵᠤ ᠰᠠᠶᠢᠲᠤᠷ ᠬᠢᠪᠡ᠃ ᠪᠢ ᠠᠯᠢ ᠣᠯᠠᠨ ᠲᠤᠭ᠎ᠠ ᠪᠠᠷᠢᠮᠲᠠ ᠪᠠᠷ ᠳᠠᠮᠵᠢᠭᠤᠯᠤᠨ ᠣᠯᠠᠨ ᠳᠤ ᠦᠵᠡᠭᠦᠯᠦᠶ᠎ᠡ ᠭᠡᠵᠦ ᠪᠣᠳᠣᠵᠤ | ᠪᠠᠢᠨ᠎ᠠ᠃ 2022 ᠣᠨ ᠳᠤ ᠪᠥᠬᠦ ᠬᠤᠲᠠ ᠶᠢᠨ ᠴᠢᠨᠠᠷ ᠰᠠᠶᠢᠲᠠᠢ ᠲᠡᠵᠢᠭᠡᠯ ᠡᠪᠡᠰᠦᠨ ᠤ ᠭᠠᠷᠤᠯᠲᠠ 2018 ᠣᠨ ᠤ ᠡᠴᠦᠰ ᠤᠨ ᠬᠢ ᠠᠴᠠ 68% ᠪᠠᠷ | ᠨᠡᠮᠡᠭᠳᠡᠪᠡ︔ ᠨᠢᠭᠡᠨᠲᠡ ᠪᠠᠶᠢᠭᠤᠯᠤᠭᠰᠠᠨ ᠰᠠᠭᠠᠯᠢ ᠶᠢᠨ ᠦᠨᠢᠶ᠎ᠡ ᠶᠢᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠶᠢᠨ ᠲᠤᠭ᠎ᠠ ᠬᠡᠮᠵᠢᠶ᠎ᠡ 28.4% ᠨᠡᠮᠡᠭᠳᠡᠪᠡ︔ | ᠰᠠᠭᠠᠯᠢ ᠶᠢᠨ ᠦᠨᠢᠶ᠎ᠡ ᠶᠢᠨ ᠲᠤᠭ᠎ᠠ 110% ᠪᠠᠷ ᠨᠡᠮᠡᠭᠳᠡᠪᠡ︔ ᠡᠳᠦᠷ ᠤᠨ ᠲᠦᠭᠦᠬᠡᠢ ᠰᠦ᠋ 124.8% ᠪᠠᠷ ᠨᠡᠮᠡᠭᠳᠡᠪᠡ︔ ᠴᠠᠭᠠᠨ ᠢᠳᠡᠭᠡᠨ ᠡᠳ᠋ᠰᠢᠭᠦᠯᠬᠦ | ᠠᠵᠤ ᠠᠬᠤᠶᠢᠯᠠᠯ ᠤᠨ ᠡᠳᠦᠷ ᠤᠨ ᠡᠳ᠋ᠰᠢᠭᠦᠯᠦᠨ ᠰᠢᠢᠳᠪᠦᠷᠢᠯᠡᠬᠦ ᠴᠢᠳᠠᠪᠤᠷᠢ ᠶᠢ 43.8% ᠪᠠᠷ ᠨᠡᠮᠡᠭᠳᠡᠭᠦᠯᠦᠨ᠎ᠡ︔ ᠰᠠᠭᠠᠯᠢ ᠶᠢᠨ ᠲᠠᠷᠢᠶᠠᠴᠢᠨ᠂ ᠲᠠᠷᠢᠮᠠᠯ ᠤᠨ | ᠡᠷᠦᠬᠡ ᠶᠢ ᠳᠠᠶᠢᠴᠢᠯᠠᠨ ᠣᠷᠣᠯᠭ᠎ᠠ ᠶᠢᠨ ᠨᠡᠮᠡᠭᠳᠡᠯ ᠢ 25.5% ᠨᠡᠮᠡᠭᠳᠡᠭᠦᠯᠦᠨ᠎ᠡ︔ ᠠᠵᠢᠯ ᠣᠯᠭᠤᠯᠲᠠ ᠶᠢ ᠳᠠᠶᠢᠴᠢᠯᠠᠭᠰᠠᠨ ᠬᠥᠮᠥᠨ ᠤ ᠲᠤᠭ᠎ᠠ 26.7% ᠪᠠᠷ | ᠨᠡᠮᠡᠭᠳᠡᠪᠡ᠃ ᠪᠢᠳᠡ ᠪᠠᠰᠠ ᠬᠠᠩᠭᠢᠨ ᠬᠤᠶᠢᠲᠤ ᠬᠤᠰᠢᠭᠤ᠂ ᠤᠷᠠᠳ ᠤᠨ ᠡᠮᠦᠨᠡᠲᠦ ᠬᠤᠰᠢᠭᠤ᠂ ᠳ᠋ᠧᠩᠺᠸᠦ ᠳᠤ 10 ᠲᠦᠮᠡᠨ ᠰᠠᠭᠠᠯᠢ ᠶᠢᠨ ᠦᠨᠢᠶᠡᠨ ᠤ ᠠᠵᠤ | ᠦᠢᠯᠡᠰ ᠤᠨ ᠬᠦᠷᠢᠶᠡᠯᠡᠩ ᠲᠣᠭᠤᠷᠢᠭ ᠢ 4 ᠪᠠᠶᠢᠭᠤᠯᠵᠤ᠂ ᠣᠲᠣ ᠨᠢᠭᠡᠨᠲᠡ 37 ᠬᠡᠪᠴᠢᠶᠡᠵᠢᠭᠰᠡᠨ ᠮᠠᠯᠵᠢᠯ ᠤᠨ ᠲᠠᠯᠠᠪᠠᠶ ᠳᠤ ᠣᠷᠣᠵᠤ ᠰᠠᠭᠤᠭᠰᠠᠨ ᠪᠠᠶᠢᠨ᠎ᠠ᠃ | ᠬᠥᠲᠥᠯᠥᠭᠴᠢ᠄ ᠲᠤᠭ᠎ᠠ ᠪᠠᠷᠢᠮᠲᠠ ᠪᠣᠯ ᠬᠠᠮᠤᠭ ᠤᠨ ᠰᠠᠶᠢᠨ ᠭᠡᠷᠡᠴᠢ ᠮᠥᠨ᠃ ᠣᠣ ᠲᠣᠪᠴᠢᠶᠠᠨ ᠳᠠᠷᠤᠭ᠎ᠠ᠂ ᠥᠨᠥᠳᠥᠷ ᠡᠶᠢᠮᠦ ᠣᠯᠠᠨ ᠲᠤᠭ᠎ᠠ ᠪᠠᠷᠢᠮᠲᠠ ᠶᠢ | ᠰᠣᠨᠣᠰᠤᠭᠠᠳ᠂ ᠮᠠᠨ ᠤ ᠪᠠᠶᠠᠨᠨᠠᠭᠤᠷ ᠬᠤᠲᠠ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠢ ᠲᠦᠯᠬᠢᠨ ᠠᠬᠢᠭᠤᠯᠬᠤ ᠲᠠᠯ᠎ᠠ ᠪᠠᠷ ᠵᠢᠵᠢᠭ ᠣᠨᠴᠠ ᠭᠠᠷᠤᠯᠲᠠ | ᠠᠴᠠ ᠲᠣᠮᠣ ᠠᠵᠤ ᠦᠢᠯᠡᠰ ᠵᠦᠭ ᠬᠤᠪᠢᠷᠠᠭᠰᠠᠨ ᠢ ᠪᠢ ᠣᠯᠵᠤ ᠮᠠᠲᠠᠵᠠᠢ᠃ ᠲᠡᠭᠡᠪᠡᠯ ᠮᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠰᠢᠰᠲ᠋ᠧᠮ ᠤᠨ ᠰᠦᠷᠦᠭᠵᠢᠯ ᠤᠨ ᠬᠥᠭᠵᠢᠯᠲᠡ ᠶᠢ ᠪᠡᠶᠡᠯᠡᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠪᠠ ᠲᠥᠯᠦᠪᠵᠢᠭᠦᠯᠭᠡ ᠲᠠᠢ ᠪᠠᠶᠢᠬᠤ ᠶᠢ | ᠪᠢᠳᠡᠨ ᠳᠤ ᠲᠠᠨᠢᠯᠴᠠᠭᠤᠯᠤᠭᠠᠳ ᠥᠭᠭᠦᠨ᠎ᠡ ᠤᠤ︖ | ᠤᠣ ᠯᠢᠨ ᠬᠤ᠋᠄ ᠮᠠᠨ ᠤ ᠪᠠᠶᠠᠨᠨᠠᠭᠤᠷ ᠭᠤᠣᠯᠳᠠᠭᠤ ᠠᠯᠠᠰᠢᠨ ᠬᠤᠨᠢ᠂ ᠰᠠᠭᠠᠯᠢ ᠶᠢᠨ ᠦᠢᠯᠡᠰ᠂ ᠠᠯᠠᠰᠢᠨ ᠦᠬᠡᠷ᠂ ᠢᠮᠠᠭᠠᠨ ᠨᠣᠯᠤᠤᠷ᠂ ᠨᠡᠷᠡᠨ ᠬᠤᠸᠠᠷ᠂ ᠪᠤᠭᠤᠳᠠᠢ | ᠵᠡᠷᠭᠡ 6 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠤᠷᠲᠤᠳᠬᠠᠨ ᠬᠡᠯᠬᠢᠶ᠎ᠡ ᠶᠢ ᠴᠢᠩᠭᠠᠳᠬᠠᠵᠤ ᠬᠡᠯᠬᠢᠶ᠎ᠡ ᠶᠢ ᠨᠥᠬᠦᠪᠦᠷᠢᠯᠡᠬᠦ ᠠᠵᠢᠯ ᠢ ᠰᠠᠶᠢᠲᠤᠷ ᠬᠢᠨ᠎ᠡ᠃ | ᠪᠥᠬᠦ ᠬᠤᠲᠠ ᠳᠤ ᠬᠤᠲᠠ ᠶᠢᠨ ᠲᠠᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠭᠤᠣᠯᠳᠠᠯᠭ᠎ᠠ ᠲᠠᠢ ᠬᠥᠲᠥᠴᠢ ᠠᠵᠤ | ᠠᠬᠤᠶᠢᠯᠠᠯ ᠨᠡᠶᠢᠲᠡ 272 ᠪᠠᠶᠢᠵᠤ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ 105᠂ ᠤᠯᠤᠰ ᠤᠨ ᠲᠠᠰ ᠤᠨ 8 ᠪᠠᠶᠢᠵᠤ᠂ ᠲᠣᠰ ᠲᠣᠰ ᠪᠥᠬᠦ | ᠣᠷᠣᠨ ᠤ ᠨᠢᠭᠡᠳᠦᠭᠡᠷ᠂ ᠬᠤᠶᠠᠳᠤᠭᠠᠷ ᠲᠤ ᠵᠢᠭᠰᠠᠭᠠᠭᠳᠠᠪᠠ︔ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ | 71% ᠳᠤ ᠬᠦᠷᠴᠦ᠂ 60.6% ᠶᠢᠨ ᠮᠠᠯᠴᠢᠨ ᠲᠠᠷᠢᠶᠠᠴᠢᠨ ᠡᠷᠦᠬᠡ ᠵᠠᠬᠢᠶᠠᠯᠠᠭ᠎ᠠ ᠶᠢᠨ ᠬᠠᠭᠤᠳᠠᠰᠤ᠂ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ᠂ | ᠠᠵᠢᠯᠴᠢᠨ ᠬᠡᠷᠡᠭᠯᠡᠬᠦ᠂ ᠬᠤᠷᠰᠢᠶ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠯᠤᠭ᠎ᠠ ᠨᠢᠭᠲᠠ ᠬᠡᠯᠪᠡᠷᠢ ᠶᠢᠨ ᠲᠠᠷᠢᠶᠠᠯᠠᠩ ᠠᠵᠤ ᠠᠬᠤᠶᠢᠯᠠᠯ ᠤᠨ | ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠪᠠ︔ ᠯᠢᠨ ᠾᠧ ᠲᠣᠭᠤᠷᠢᠭ᠂ ᠦᠶᠤᠸᠠᠨ ᠰᠢᠶᠠᠨ ᠢ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠪᠣᠯᠭᠠᠨ ᠡᠭᠦᠳᠦᠨ ᠪᠠᠶᠢᠭᠤᠯᠪᠠ᠃ | ᠬᠥᠲᠥᠯᠥᠭᠴᠢ᠄ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢᠨ ᠨᠢᠭᠲᠠ ᠬᠤᠯᠪᠣᠭ᠎ᠠ ᠲᠠᠢ ᠪᠣᠯᠵᠤ᠂ ᠠᠵᠤ ᠦᠢᠯᠡᠰ ᠠᠭᠤᠰᠤᠯᠴᠠᠨ ᠬᠥᠭᠵᠢᠪᠡᠯ᠂ ᠮᠠᠯᠴᠢᠨ | ᠲᠠᠷᠢᠶᠠᠴᠢᠨ ᠤ ᠭᠥᠷᠳᠡᠬᠦ ᠠᠵᠤ ᠦᠶᠢᠯᠡᠰᠵᠢᠯᠲᠡ ᠶᠢᠨ ︽ᠠᠰᠢᠭ︾ ᠴᠤ ᠶᠠᠪᠤᠬᠤ ᠲᠤᠲᠤᠮ ᠣᠯᠠᠰᠢᠷᠠᠬᠤ ᠪᠣᠯᠣᠨ᠎ᠠ᠃ ᠡᠨᠡᠬᠦ ᠰᠣᠷᠪᠤᠯᠵᠢᠯᠠᠭ᠎ᠠ ᠶᠢ ᠬᠢᠬᠦ ᠠᠴᠠ | ᠡᠮᠦᠨ᠎ᠡ᠂ ᠪᠢᠳᠡ ᠪᠠᠰᠠ ᠬᠡᠳᠦᠨ ᠮᠠᠯᠴᠢᠨ ᠲᠠᠷᠢᠶᠠᠴᠢᠨ ᠢ ᠰᠤᠷᠪᠤᠯᠵᠢᠯᠠᠵᠤ᠂ ᠲᠡᠳᠡᠨ ᠤ ᠮᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠤᠯᠪᠣᠭᠳᠠᠯ | ᠪᠦᠬᠦᠢ ᠠᠵᠢᠯ ᠳᠤ ᠶᠠᠮᠠᠷ ᠰᠠᠨᠠᠭᠤᠯᠭ᠎ᠠ ᠪᠣᠯᠣᠨ ᠬᠦᠰᠡᠯ ᠡᠷᠡᠮᠡᠯᠵᠡᠯ ᠲᠠᠯᠪᠢᠵᠤ ᠪᠠᠶᠢᠭ᠎ᠠ ᠶᠢ ᠰᠣᠨᠣᠰᠪᠠ᠃ | ᠲᠣᠰᠬᠤᠨ ᠤ ᠠᠷᠠᠳ᠄ ᠨᠠᠳᠠ ᠳᠤ 45 ᠮᠦ ᠲᠠᠷᠢᠶ᠎ᠠ ᠲᠠᠢ᠂ ᠨᠢᠳᠤᠨᠤᠨ 20 ᠭᠠᠷᠤᠢ ᠮᠦ ᠭᠠᠵᠠᠷ ᠢ ᠴᠡᠭᠴᠡᠯᠡᠨ ᠰᠠᠶᠢᠵᠢᠷᠠᠭᠤᠯᠪᠠ᠃ ᠴᠡᠭᠴᠡᠯᠡᠨ ᠥᠭᠡᠷᠡᠴᠢᠯᠡᠭᠰᠡᠨ ᠤ | ᠲᠡᠷᠠᠭ᠎ᠠ ᠭᠠᠵᠠᠷ ᠪᠠᠰᠠ ᠠᠷᠪᠢᠳᠴᠤ᠂ ᠮᠠᠰᠢᠨ ᠢᠶᠠᠷ ᠠᠵᠢᠯᠯᠠᠬᠤ ᠲᠡᠷᠢᠶ᠎ᠠ ᠪᠠ ᠠᠨᠵᠢᠰᠤ ᠨᠠᠷᠬᠠᠳᠠᠬᠤ ᠮᠡᠲᠦ ᠶᠢᠨ ᠠᠵᠢᠯ ᠢ ᠬᠢᠬᠦ ᠳᠤ ᠨᠢᠰᠬᠡᠯ ᠤᠨ ᠰᠡᠷᠭᠡᠶᠢᠯᠡᠯᠲᠡ ᠶᠢᠨ | ᠵᠠᠷᠤᠳᠠᠯ ᠨᠢ ᠴᠥᠮ ᠬᠠᠭᠠᠰ ᠢᠶᠠᠷ ᠬᠢᠮᠳᠠᠷᠠᠬᠤ ᠪᠣᠯᠣᠨ᠎ᠠ᠃ ᠮᠢᠨᠤ ᠦᠯᠡᠳᠡᠭᠰᠡᠨ 20 ᠮᠦ ᠶᠢ ᠬᠡᠳᠦᠨ ᠤᠳᠠᠭ᠎ᠠ ᠶᠢᠨ ᠴᠠᠭ ᠲᠤ ᠴᠡᠭᠴᠡᠯᠡᠨ ᠥᠭᠡᠷᠡᠴᠢᠯᠡᠵᠦ ᠳᠡᠶᠢᠯᠬᠦ | ᠪᠣᠯᠤᠭᠰᠠᠨ ᠢ ᠪᠢ ᠠᠰᠠᠭᠤᠶ᠎ᠠ ᠭᠡᠵᠦ ᠪᠤᠳᠤᠵᠤ ᠪᠠᠶᠢᠨ᠎ᠠ᠂ ᠪᠢᠳᠡ ᠪᠦᠷ ᠬᠦᠰᠡᠵᠦ ᠪᠠᠶᠢᠭᠰᠠᠨ᠃ | ᠲᠣᠰᠬᠤᠨ ᠤ ᠠᠷᠠᠳ᠄ ᠮᠠᠨ ᠤ ᠬᠠᠵᠠᠭᠤ ᠳᠠᠬᠢ ᠵᠢᠱᠢᠶ᠎ᠡ ᠦᠵᠡᠭᠦᠯᠬᠦ ᠲᠣᠭᠤᠷᠢᠭ ᠤᠨ ᠭᠠᠵᠠᠷ ᠨᠢ ᠮᠠᠨ ᠤ ᠬᠤᠵᠢᠷ ᠠᠴᠠ ᠬᠡᠴᠡᠭᠦᠦ ᠰᠢᠤ᠂ ᠨᠢᠭᠤᠴᠠ ᠪᠠᠷ | ᠬᠤᠭᠤᠯᠠᠢ ᠪᠠᠷ ᠳᠠᠪᠤᠰᠤ ᠭᠠᠳᠠᠭᠰᠢᠯᠠᠭᠤᠯᠤᠭᠰᠠᠨ ᠤ ᠰᠡᠭᠦᠯᠡᠷ᠂ ᠬᠥᠮᠥᠨ ᠤ ᠲᠤᠭ᠎ᠠ ᠮᠠᠰᠢ ᠰᠠᠶᠢᠨ ᠪᠣᠯᠵᠠᠢ᠃ ᠪᠢᠳᠡᠠ ᠤ ᠦᠵᠡᠬᠦ ᠪᠠᠷ ᠶᠡᠭᠡ ᠰᠠᠶᠢᠨ ᠪᠠᠶᠢᠨ᠎ᠠ᠂ | ᠪᠢᠳᠡᠠ ᠢ ᠬᠠᠪᠰᠤᠷᠴᠤ ᠪᠠᠰᠠ ᠰᠠᠶᠢᠵᠢᠷᠠᠭᠤᠯᠤᠶ᠎ᠠ ᠭᠡᠵᠦ ᠪᠤᠳᠦᠵᠦ ᠪᠠᠶᠢᠨ᠎ᠠ᠃ | ᠤᠣ ᠯᠢᠨ ᠬᠤ᠋᠄ ᠡᠨᠡ ᠬᠤᠶᠠᠷ ᠨᠠᠶᠢᠵᠠ ᠶᠢᠨ ᠮᠠᠨ ᠤ ᠠᠵᠢᠯ ᠤᠨ ᠲᠤᠬᠠᠢ ᠵᠥᠪᠰᠢᠶᠡᠷᠡᠯ ᠪᠠ ᠬᠦᠰᠡᠯ ᠡᠷᠡᠮᠡᠯᠵᠡᠯ ᠳᠤ ᠲᠠᠯᠠᠷᠬᠠᠵᠤ ᠪᠠᠶᠢᠨ᠎ᠠ᠂ ᠰᠢᠨ᠎ᠡ ᠨᠢᠭᠡ | ᠡᠭᠡᠯᠵᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ 2019 ᠣᠨ ᠠᠴᠠ ᠡᠬᠢᠯᠡᠨ᠎ᠡ᠃ ᠭᠤᠷᠪᠠᠨ ᠵᠢᠯ ᠤᠨ ᠲᠤᠷᠰᠢ᠂ ᠭᠠᠵᠠᠷ | ᠰᠢᠷᠣᠢ ᠶᠢ ᠴᠡᠭᠴᠡᠯᠡᠨ ᠥᠭᠡᠷᠡᠴᠢᠯᠡᠬᠦ ᠪᠠᠷ ᠳᠡᠮᠵᠢᠨ᠂ ᠥᠩᠭᠡᠷᠡᠭᠰᠡᠨ ᠤ ᠬᠡᠰᠡᠭ ᠬᠡᠰᠡᠭ ᠭᠠᠵᠠᠷ ᠰᠢᠷᠣᠢ ᠶᠢ ᠲᠠᠷᠢᠶᠠᠨ ᠭᠠᠵᠠᠷ ᠪᠣᠯᠭᠠᠨ ᠳᠥᠷᠪᠡᠯᠵᠢᠨ᠂ ᠵᠠᠮ ᠨᠢ | ᠲᠣᠣᠷ᠂ ᠰᠤᠪᠠᠭ ᠨᠢ ᠬᠠᠷᠢᠯᠴᠠᠨ ᠨᠡᠪᠲᠡᠷᠡᠭᠰᠡᠨ᠂ ᠵᠠᠮ ᠨᠢ ᠵᠠᠯᠭᠠᠯᠳᠤᠭᠰᠠᠨ ᠵᠠᠯᠭᠠᠯᠳᠤᠭᠰᠠᠨ ᠭᠠᠵᠠᠷ ᠰᠢᠷᠣᠢ ᠶᠢ ᠪᠦᠲᠦᠭᠡᠨ ᠪᠠᠶᠢᠭᠤᠯᠤᠭᠠᠳ᠂ ᠭᠠᠵᠠᠷ ᠰᠢᠷᠣᠢ ᠶᠢᠨ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠪᠡ᠃ ᠵᠢᠱᠢᠶᠡᠯᠡᠪᠡᠯ᠂ ᠦᠶᠤᠸᠠᠨ ᠰᠢᠶᠠᠨ ᠤ ᠶᠢᠨᠳᠢᠩᠳᠤ ᠪᠠᠯᠭᠠᠰᠤᠨ ᠤ ᠬᠤᠩ ᠱᠧᠩ ᠲᠣᠰᠬᠤᠨ ᠳᠤ ᠨᠢᠭᠡ ᠯᠡ | ᠲᠣᠰᠬᠤᠨ ᠪᠠᠶᠢᠳᠠᠭ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ 2 ᠲᠦᠮᠡᠨ ᠮᠦ ᠭᠠᠵᠠᠷ ᠰᠢᠷᠣᠢ ᠳᠤ 1600 ᠮᠦ | ᠭᠠᠵᠠᠷ ᠢᠯᠡᠭᠦᠦ ᠨᠡᠮᠡᠭᠳᠡᠭᠰᠡᠨ ᠪᠠᠶᠢᠨ᠎ᠠ᠃ ᠲᠡᠷᠡᠴᠢᠯᠡᠨ ᠲᠣᠮᠣ ᠬᠡᠯᠪᠡᠷᠢ ᠶᠢᠨ ᠮᠧᠬᠠᠨᠢᠭ ᠢᠶᠠᠷ ᠠᠵᠢᠯᠯᠠᠬᠤ ᠳᠤ ᠲᠣᠬᠢᠷᠠᠵᠤ᠂ ᠥᠪᠡᠷ ᠤᠨ ᠦᠷᠳᠡᠭ ᠢ ᠠᠷᠪᠢᠯᠠᠵᠤ | ᠦᠷ᠎ᠡ ᠠᠰᠢᠭ ᠢ ᠨᠡᠮᠡᠭᠳᠡᠭᠦᠯᠦᠨ᠎ᠡ᠃ ᠭᠠᠵᠠᠷ ᠰᠢᠷᠣᠢ ᠶᠢ ᠨᠡᠮᠡᠭᠳᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ᠂ ᠤᠰᠤ ᠶᠢ ᠠᠷᠪᠢᠯᠠᠬᠤ᠂ | ᠬᠦᠴᠦ ᠶᠢ ᠠᠷᠪᠢᠯᠠᠬᠤ᠂ ᠵᠣᠭᠤᠰᠤᠨ ᠳᠤ ᠠᠷᠪᠢᠲᠠᠢ ᠭᠡᠵᠦ ᠬᠡᠯᠡᠵᠦ ᠪᠣᠯᠣᠨ᠎ᠠ᠃ ᠡᠨᠡ ᠵᠢᠯ ᠪᠢᠳᠡ 32.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠵᠠᠯᠭᠠᠭᠠᠳ ᠪᠢᠳᠡ ᠪᠠᠰᠠ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠠᠴᠠ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠡᠭᠦᠷᠭᠡ ᠶᠢ ᠲᠡᠮᠡᠴᠡᠨ ᠣᠯᠵᠤ᠂ ᠨᠡᠩ ᠤᠯᠠᠨ ᠲᠠᠷᠢᠶᠠᠨ ᠭᠠᠵᠠᠷ ᠢ ᠰᠠᠶᠢᠨ ᠲᠠᠷᠢᠶᠠᠨ | ᠭᠠᠵᠠᠷ ᠪᠣᠯᠭᠠᠬᠤ ᠪᠠᠷ ᠴᠢᠷᠮᠠᠶᠢᠨ᠎ᠠ᠂ ᠡᠨᠡ ᠲᠠᠷᠢᠶᠠᠴᠢᠨ ᠰᠠᠨᠠᠭ᠎ᠠ ᠠᠮᠤᠷ ᠪᠠᠶᠢᠭᠠᠷᠠᠢ᠃ | ᠵᠠᠩ ᠴᠧᠨ ᠫᠢᠩ᠄ ᠬᠤᠵᠢᠷᠯᠢᠭ ᠭᠠᠵᠠᠷ ᠢ ᠰᠠᠶᠢᠵᠢᠷᠠᠭᠤᠯᠬᠤ ᠨᠢ ᠮᠠᠨ ᠤ ᠪᠡᠷᠬᠡ ᠰᠡᠳᠦᠪ ᠢ ᠰᠢᠢᠳᠪᠦᠷᠢᠯᠡᠬᠦ ᠶᠢᠨ ᠭᠤᠣᠯᠳᠠᠯᠭ᠎ᠠ ᠪᠣᠯᠣᠭᠰᠠᠭᠠᠷ ᠢᠷᠡᠭᠰᠡᠨ᠂ | ᠮᠡᠳᠡᠭᠳᠡᠬᠦ᠋ᠢᠴᠡ ᠠᠮᠵᠢᠯᠲᠠ ᠣᠯᠣᠯ᠎ᠠ ᠭᠡᠵᠦ ᠬᠡᠯᠡᠵᠦ ᠪᠣᠯᠣᠨ᠎ᠠ᠃ ᠰᠠᠶ᠋ᠢᠬᠠᠨ ᠤ ᠲᠠᠷᠢᠶᠠᠴᠢᠳ ᠤᠨ ᠬᠡᠯᠡᠳᠡᠭ ᠳᠠᠯᠳᠠ ᠬᠤᠭᠤᠯᠠᠢ ᠪᠠᠷ ᠳᠠᠪᠤᠰᠤ ᠭᠠᠳᠠᠭᠰᠢᠯᠠᠭᠤᠯᠬᠤ | ᠪᠣᠯ ᠬᠦᠨᠳᠦ ᠬᠡᠮᠵᠢᠶᠡᠨ ᠤ ᠬᠤᠵᠢᠷᠯᠢᠭ ᠭᠠᠵᠠᠷ ᠤᠨ ᠨᠢᠭᠡ ᠵᠦᠢᠯ ᠤᠨ ᠰᠠᠶᠢᠵᠢᠷᠠᠭᠤᠯᠤᠯᠲᠠ ᠶᠢᠨ ᠬᠡᠪ ᠵᠠᠭᠪᠤᠷ ᠮᠥᠨ᠂ ᠡᠭᠦᠨ ᠠᠴᠠ ᠭᠠᠳᠠᠨ᠎ᠠ ᠪᠠᠰᠠ ︽ᠲᠠᠪᠤ ᠶᠢ | ᠨᠢᠭᠡ ᠴᠣᠭᠴᠠᠵᠢᠭᠤᠯᠬᠤ︾ ︽ᠳᠡᠭᠡᠳᠦ ᠬᠠᠯᠢᠰᠤᠨ ᠤ ᠳᠣᠣᠷᠠᠳᠤ ᠰᠦᠷᠡᠯ ᠢᠶᠠᠷ ᠳᠠᠪᠤᠰᠤ ᠬᠤᠷᠢᠭᠯᠠᠬᠤ︾ ᠵᠡᠷᠭᠡ ᠮᠡᠷᠭᠡᠵᠢᠯ ᠤᠨ ᠬᠡᠪ ᠵᠠᠭᠪᠤᠷ ᠪᠠᠶᠢᠳᠠᠭ᠂ ᠡᠨᠡ ᠨᠢ | ᠴᠥᠮ ᠪᠢᠳᠡᠨ ᠤ ᠣᠯᠠᠨ ᠵᠢᠯ ᠤᠨ ᠲᠤᠷᠰᠢ ᠬᠠᠶᠢᠨ ᠰᠦᠪᠡᠭᠴᠢᠯᠡᠵᠦ ᠪᠠᠶᠢᠭᠠᠳ ᠪᠦᠲᠦᠭᠡᠭᠰᠡᠨ ᠶᠤᠮ᠃ 2019 ᠣᠨ ᠳᠤ᠂ ᠪᠢᠳᠡ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠨᠵᠢᠩ ᠤᠨ ᠬᠥᠷᠥᠰᠥ ᠰᠢᠷᠣᠢ ᠶᠢᠨ ᠰᠤᠳᠤᠯᠭᠠᠨ ᠲᠠᠢ ᠬᠠᠮᠲᠤᠷᠠᠨ ︽ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ | ᠬᠥᠷᠥᠰᠥ ᠰᠢᠷᠣᠢ ᠭᠠᠵᠠᠷ ᠤᠨ ᠬᠦᠴᠦ ᠶᠢ ᠳᠡᠭᠡᠭᠰᠢᠯᠡᠭᠦᠯᠬᠦ ᠮᠡᠷᠭᠡᠵᠢᠯ ᠤᠨ ᠬᠡᠷᠡᠭᠯᠡᠯᠲᠡ ᠳᠡᠯᠭᠡᠷᠡᠭᠦᠯᠦᠯᠲᠡ ᠶᠢᠨ ᠲᠥᠪ︾ ᠢ ᠪᠠᠶᠢᠭᠤᠯᠵᠤ᠂ ᠪᠦᠬᠦ ᠤᠯᠤᠰ ᠤᠨ | ᠬᠤᠵᠢᠷᠯᠢᠭ ᠭᠠᠵᠠᠷ ᠢ ᠰᠠᠶᠢᠵᠢᠷᠠᠭᠤᠯᠬᠤ ᠮᠡᠷᠭᠡᠵᠢᠯ ᠤᠨ ᠲᠦᠷᠦᠭᠦᠴᠦᠳ ᠤᠨ ᠶᠠᠷᠢᠶᠠᠨ ᠤ ᠲᠠᠪᠴᠠᠩ ᠢ ᠮᠠᠨ ᠤ ᠦᠶᠤᠸᠠᠨ ᠳᠤ ᠶᠠᠪᠤᠭᠳᠠᠭᠤᠯᠵᠠᠢ᠃ ᠣᠶᠢᠷ᠎ᠠ ᠶᠢᠨ | ᠬᠡᠳᠦᠨ ᠵᠢᠯ ᠳᠤ᠂ ᠪᠢᠳᠡ ᠪᠠᠰᠠ ᠥᠪᠡᠷᠲᠡᠭᠡᠨ ᠵᠠᠰᠠᠬᠤ ᠣᠷᠣᠨ ᠤ ︽ᠳᠠᠪᠤᠰᠤ ᠶᠢ ᠥᠭᠡᠷᠡᠴᠢᠯᠡᠨ ᠡᠪᠡᠰᠦ ᠪᠣᠷᠳᠤᠭ᠎ᠠ ᠶᠢ ᠨᠡᠮᠡᠭᠳᠡᠭᠦᠯᠬᠦ ︵ᠪᠣᠷᠳᠤᠭ᠎ᠠ︶ ᠪᠠᠷ ᠮᠠᠯ | ᠠᠵᠤ ᠠᠬᠤᠢ ᠶᠢ ᠬᠥᠭᠵᠢᠭᠦᠯᠬᠦ︾ ᠵᠡᠷᠭᠡ ᠲᠥᠷᠥᠯ ᠵᠦᠢᠯ ᠳᠤ ᠲᠦᠰᠢᠭᠯᠡᠨ᠂ ᠬᠤᠵᠢᠷᠯᠢᠭ ᠭᠠᠵᠠᠷ ᠢ 20 ᠲᠦᠮᠡᠨ ᠮᠦ ᠥᠨᠳᠥᠷ ᠪᠠᠷᠢᠮᠵᠢᠶ᠎ᠠ ᠪᠠᠷ ᠰᠠᠶᠢᠵᠢᠷᠠᠭᠤᠯᠵᠤ᠂ | ᠢᠨᠵᠧᠨᠧᠷᠢᠩ᠂ ᠲᠠᠷᠢᠶᠠᠯᠠᠩ ᠤᠨ ᠮᠡᠷᠭᠡᠵᠢᠯ ᠢ ᠤᠶᠠᠯᠳᠤᠭᠤᠯᠬᠤ ᠵᠡᠷᠭᠡ ᠪᠦᠲᠦᠮᠵᠢᠲᠡᠶ ᠠᠷᠭ᠎ᠠ ᠪᠠᠷ ᠳᠠᠮᠵᠢᠭᠤᠯᠤᠨ᠂ ᠬᠥᠷᠥᠰᠥ ᠰᠢᠷᠣᠢ ᠶᠢᠨ ᠳᠠᠷᠢᠬᠤ ᠨᠥᠬᠦᠴᠡᠯ ᠪᠠ | ᠠᠮᠢ ᠠᠬᠤᠢ ᠶᠢᠨ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠪᠠ᠃ ᠬᠤᠶᠢᠰᠢᠳᠠ ᠪᠢᠳᠡ ᠪᠠᠰᠠ ᠦᠷᠭᠦᠯᠵᠢᠯᠡᠨ ᠦᠯᠢᠭᠡᠷ ᠵᠢᠱᠢᠶ᠎ᠡ ᠦᠵᠡᠭᠦᠯᠦᠨ | ᠳᠡᠯᠭᠡᠷᠡᠭᠦᠯᠵᠦ᠂ ᠲᠠᠷᠢᠶᠠᠴᠢᠳ ᠤᠨ ᠨᠢᠳᠦ ᠪᠠᠨ ᠠᠷᠴᠢᠨ ᠬᠦᠯᠢᠶᠡᠵᠦ ᠪᠠᠶᠢᠬᠤ ᠶᠢ ᠬᠦᠰᠡᠨ᠎ᠡ᠃ | ᠬᠥᠲᠥᠯᠥᠭᠴᠢ᠄ ᠮᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠭᠠᠵᠠᠷ ᠤᠨ | ᠰᠢᠮ᠎ᠡ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠮᠦ ᠪᠦᠷᠢ ᠶᠢᠨ ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠩ ᠤᠨ ᠠᠵᠤ ᠦᠢᠯᠡᠰ ᠤᠨ | ᠪᠦᠲᠦᠴᠡ ᠳᠤ ᠲᠣᠬᠢᠷᠠᠭᠤᠯᠤᠯᠲᠠ ᠬᠢᠪᠡ᠃ ᠪᠢᠳᠡᠨ ᠤ ᠰᠠᠶ᠋ᠢᠬᠠᠨ ᠬᠤᠪᠢᠶᠠᠯᠴᠠᠭᠰᠠᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠪᠤᠢ᠂ | ᠦᠨᠡᠨ ᠳᠡᠭᠡᠨ ᠬᠠᠮᠤᠭ ᠡᠴᠦᠰ ᠤᠨ ᠦᠷ᠎ᠡ ᠳ᠋ᠦᠩ ᠨᠢ ᠪᠦᠷ ᠮᠠᠨ ᠤ ᠮᠠᠯᠴᠢᠨ ᠲᠠᠷᠢᠶᠠᠴᠢᠨ ᠤ ᠬᠢ ᠶᠤᠮ᠃ ᠮᠠᠨ ᠤ ᠬᠤᠳᠠ ᠳᠤ ᠵᠠᠭᠤᠨ ᠲᠦᠮᠡ ᠰᠢᠬᠠᠮ ᠮᠠᠯᠴᠢᠨ | ᠲᠠᠷᠢᠶᠠᠴᠢᠨ ᠲᠠᠢ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ | ᠮᠠᠯᠴᠢᠨ ᠲᠠᠷᠢᠶᠠᠴᠢᠨ ᠢ ᠦᠨᠡᠨᠬᠦ ᠪᠠᠶᠠᠵᠢᠭᠤᠯᠵᠤ᠂ ᠠᠵᠤ ᠦᠢᠯᠡᠰ ᠢ ᠬᠦᠴᠦᠷᠬᠡᠭᠵᠢᠭᠦᠯᠵᠦ᠂ ᠭᠠᠵᠠᠷ ᠣᠷᠣᠨ ᠤ ᠬᠥᠭᠵᠢᠯᠲᠡ ᠶᠢ ᠬᠥᠭᠵᠢᠭᠦᠯᠬᠦ ᠪᠣᠯ ᠮᠠᠨ ᠤ | ᠬᠠᠮᠲᠤ ᠶᠢᠨ ᠬᠦᠰᠡᠯ ᠡᠷᠡᠮᠡᠯᠵᠡᠯ ᠪᠣᠯᠣᠨ᠎ᠠ᠃ |