ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2022 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠡᠭᠡᠷ᠎ᠡ | | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | | | | | | ᠲᠥᠯᠥᠭᠡᠯᠡᠭᠴᠢᠳ ᠠ᠋᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ | ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠵᠦ ᠡᠬᠢᠯᠡᠭᠰᠡᠨ ᠵᠢᠯ ᠤᠨ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ᠂ ᠮᠥᠨ ᠴᠦ ᠥᠪᠥᠷ | ᠮᠣᠩᠭᠤᠯ ᠤᠨ ᠬᠥᠭᠵᠢᠯᠲᠡ ᠶᠢᠨ ᠶᠠᠪᠤᠴᠠ ᠳᠠᠬᠢ ᠶᠡᠷᠦ ᠪᠤᠰᠤ ᠶᠢᠨ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠶᠢ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠪᠠᠲᠤ ᠲᠦᠰᠢᠭᠯᠡᠨ ᠡᠯ᠎ᠡ ᠵᠦᠢᠯ ᠤᠨ ᠠᠵᠢᠯ | ᠦᠢᠯᠡᠰ ᠤᠨ ᠬᠥᠭᠵᠢᠯᠲᠡ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠪᠠᠷ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢ ᠪᠠᠶᠠᠷᠯᠠᠨ ᠪᠡᠯᠭᠡᠯᠡᠪᠡ᠃ | ᠨᠢᠭᠡ ᠵᠢᠯ ᠤᠨ ᠲᠤᠷᠰᠢ᠂ ᠪᠢᠳᠡ ᠡᠯ᠎ᠡ ᠵᠦᠢᠯ ᠤᠨ ᠬᠦᠴᠢᠷ ᠪᠠ ᠥᠷᠢᠰᠦᠯᠳᠦᠭᠡᠨ ᠲᠤᠯᠭᠠᠷᠠᠭᠰᠠᠨ ᠴᠦ᠂ ᠲᠣᠭᠲᠠᠭᠤᠨ ᠪᠠᠶᠢᠯᠭᠠᠬᠤ ᠶᠢᠨ ᠳᠠᠭᠠᠤ ᠳᠤ | ᠤᠷᠤᠭᠰᠢᠯᠠᠨ᠂ ᠬᠦᠨᠳᠦ ᠡᠭᠦᠷᠭᠡ ᠶᠢ ᠡᠭᠦᠷᠭᠡᠯᠡᠵᠦ ᠬᠦᠴᠦᠯᠡᠨ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ ᠪᠠᠷ ᠬᠡᠳᠦᠨ | ᠵᠦᠢᠯ ᠤᠨ ᠴᠢᠬᠤᠯᠠ ᠮᠥᠷᠲᠡᠭᠡᠨ ᠬᠦᠴᠢᠷ ᠠᠵᠢᠯ ᠶᠠᠪᠤᠳᠠᠯ ᠢ ᠭᠤᠣᠯᠳᠠᠯᠭ᠎ᠠ ᠲᠠᠢ ᠠᠳᠬᠤᠪᠠ᠃ ᠲᠥᠯᠦᠪᠵᠢᠭᠦᠯᠭᠡ ᠶᠢᠨ ᠲᠣᠭᠲᠠᠯᠴᠠᠭ᠎ᠠ ᠶᠢ ᠨᠠᠷᠢᠨ ᠨᠢᠮᠪᠠᠢ | ᠨᠠᠶᠢᠷᠠᠭᠤᠯᠤᠨ ᠵᠣᠬᠢᠶᠠᠪᠠ᠂ ᠶᠡᠷᠦᠩᠬᠡᠢ ᠱᠦᠵᠢ ᠰᠢ ᠶᠢᠨ ᠫᠢᠩ ᠪᠠ ᠨᠠᠮ ᠤᠨ ᠲᠥᠪ ᠬᠤᠷᠢᠶᠠᠨ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠨᠢᠭᠲᠠ ᠤᠶᠠᠯᠳᠤᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠨᠠᠭᠤᠯᠭ᠎ᠠ ᠶᠣᠰᠣᠭᠠᠷ ᠵᠢᠷᠤᠭ | ᠲᠥᠰᠥᠪ ᠢᠶᠠᠨ ᠲᠤᠭᠤᠰᠢᠲᠠᠢ ᠵᠢᠷᠤᠭᠯᠠᠨ ᠵᠣᠬᠢᠶᠠᠬᠤ ᠶᠢ ᠪᠠᠷᠢᠮᠲᠠᠯᠠᠨ᠂ ᠲᠥᠯᠦᠪᠵᠢᠭᠦᠯᠭᠡ ᠶᠢ ᠬᠡᠷᠡᠭᠵᠢᠭᠦᠯᠵᠦ ᠡᠬᠢᠯᠡᠭᠰᠡᠨ ᠵᠢᠯ ᠳᠤ ᠡᠯ᠎ᠡ ᠲᠥᠷᠥᠯ ᠤᠨ ᠶᠡᠷᠦᠩᠬᠡᠢ | ᠲᠥᠯᠦᠪᠵᠢᠭᠦᠯᠭᠡ ᠪᠠ ᠲᠤᠰᠬᠠᠢ ᠲᠥᠯᠦᠪᠵᠢᠭᠦᠯᠭᠡ ᠶᠢ ᠦᠨᠳᠦᠰᠦᠨ ᠳᠤ ᠪᠠᠨ ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠪᠥᠭᠡᠳ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠥᠭᠵᠢᠯᠲᠡ ᠶᠢᠨ ᠬᠡᠷᠡᠭᠵᠢᠭᠦᠯᠦᠨ ᠨᠠᠶᠢᠳᠠᠪᠤᠷᠢᠵᠢᠭᠤᠯᠬᠤ ᠲᠥᠰᠥᠯ ᠢ ᠨᠠᠶᠢᠷᠠᠭᠤᠯᠤᠨ ᠵᠣᠬᠢᠶᠠᠪᠠ᠃ ᠳᠠᠯᠳᠠ | ᠬᠦᠴᠦᠨ ᠢᠶᠠᠨ ᠪᠥᠬᠦ ᠲᠠᠯ᠎ᠠ ᠪᠠᠷ ᠠᠭᠤᠳᠠᠯᠵᠤ ᠨᠡᠭᠦᠷᠡᠰᠦ ᠴᠠᠬᠢᠯᠭᠠᠨ ᠤ ᠬᠠᠩᠭᠠᠯᠭ᠎ᠠ ᠶᠢ ᠪᠠᠲᠤᠯᠠᠪᠠ᠂ ᠶᠡᠭᠡ ᠲᠠᠯ᠎ᠠ ᠶᠢ ᠪᠠᠲᠤᠯᠠᠬᠤ ᠪᠠ ᠠᠷᠠᠳ ᠤᠨ ᠠᠮᠢᠳᠤᠷᠠᠯ ᠢ | ᠪᠠᠲᠤᠯᠠᠬᠤ ᠶᠢ ᠪᠠᠷᠢᠮᠲᠠᠯᠠᠨ᠂ ᠤᠷᠢᠳ ᠬᠤᠵᠢᠳ 50 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ ᠦᠢᠯᠡᠳᠪᠦᠷᠢᠯᠡᠯ ᠢᠶᠠᠨ ᠨᠡᠮᠡᠭᠳᠡᠭᠦᠯᠵᠦ ᠬᠠᠩᠭᠠᠯᠭ᠎ᠠ ᠶᠢ | ᠪᠠᠲᠤᠯᠠᠨ᠂ ᠤᠯᠤᠰ ᠠᠴᠠ ᠲᠤᠰᠢᠶᠠᠵᠤ ᠳᠠᠭᠠᠯᠭᠠᠭᠰᠠᠨ 18 ᠮᠤᠵᠢ ᠶᠢᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ ᠲᠡᠭᠦᠰ ᠠᠮᠵᠢᠯᠲᠠ ᠲᠠᠢ | ᠪᠡᠶᠡᠯᠡᠭᠦᠯᠵᠦ᠂ ᠲᠠᠷᠢᠶᠠᠴᠢᠨ ᠮᠠᠯᠴᠢᠨ ᠡᠷᠦᠬᠡ ᠳᠤ ᠡᠩ ᠤᠨ ᠦᠨ᠎ᠡ ᠪᠠᠷ ᠨᠡᠭᠦᠷᠡᠰᠦ ᠬᠠᠩᠭᠠᠵᠤ ᠥᠭᠪᠡ᠂ ᠨᠡᠭᠦᠷᠡᠰᠦᠨ ᠤ ᠡᠳᠦᠷ ᠤᠨ ᠭᠠᠷᠤᠯᠲᠠ ᠵᠠᠯᠭᠠᠭ᠎ᠠ ᠪᠠᠷ | ᠰᠢᠨ᠎ᠡ ᠲᠦᠪᠰᠢᠨ ᠳᠤ ᠬᠦᠷᠴᠦ᠂ ᠭᠠᠳᠠᠭᠰᠢ ᠴᠠᠬᠢᠯᠭᠠᠨ ᠳᠠᠮᠵᠢᠭᠤᠯᠤᠭᠰᠠᠨ ᠬᠡᠮᠵᠢᠶ᠎ᠡ ᠪᠥᠬᠦ ᠤᠯᠤᠰ ᠲᠤ ᠲᠦᠷᠦᠭᠦᠯᠡᠭᠡᠳ ᠤᠯᠤᠰ ᠤᠨ ᠬᠥᠭᠵᠢᠯᠲᠡ ᠪᠠ ᠠᠮᠤᠷ | ᠲᠦᠪᠰᠢᠨ ᠤ ᠶᠡᠭᠡ ᠲᠠᠯ᠎ᠠ ᠳᠤ ᠥᠪᠥᠷ ᠮᠣᠩᠭᠤᠯ ᠤᠨ ᠢᠶᠠᠨ ᠬᠤᠪᠢ ᠨᠡᠮᠡᠷᠢ ᠶᠢ ᠦᠵᠡᠭᠦᠯᠪᠡ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠭᠡᠨᠡᠳᠲᠡ | ᠡᠭᠦᠰᠦᠭᠰᠡᠨ ᠬᠢᠵᠢᠭ ᠤᠨ ᠪᠠᠶᠢᠳᠠᠯ ᠢ ᠰᠢᠢᠳᠪᠦᠷᠢᠯᠡᠪᠡ᠂ ᠠᠷᠠᠳ ᠲᠦᠮᠡᠨ ᠢ ᠳᠡᠭᠡᠳᠦᠯᠡᠬᠦ ᠪᠠ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ᠠᠷᠭ᠎ᠠ ᠪᠥᠬᠦᠨ ᠢ | ᠰᠦᠪᠡᠭᠴᠢᠯᠡᠨ ᠪᠠᠶᠢᠵᠤ ᠬᠢᠯᠢ ᠬᠢᠵᠠᠭᠠᠷ ᠣᠷᠣᠨ ᠤ ᠬᠤᠲᠠ ᠪᠠᠯᠭᠠᠰᠤᠨ ᠳᠠᠬᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠨ ᠰᠢᠨᠵᠢᠬᠦ᠂ ᠡᠮᠴᠢᠯᠡᠵᠦ ᠠᠪᠤᠷᠠᠨ | ᠵᠠᠰᠠᠬᠤ᠂ ᠲᠤᠰᠠᠭᠠᠷᠯᠠᠵᠤ ᠲᠥᠪᠬᠢᠨᠡᠭᠦᠯᠬᠦ᠂ ᠡᠳ᠋ ᠪᠠᠷᠠᠭ᠎ᠠ ᠶᠢ ᠪᠠᠲᠤᠯᠠᠬᠤ ᠵᠡᠷᠭᠡ ᠡᠯ᠎ᠡ ᠲᠠᠯ᠎ᠠ ᠪᠠᠷ ᠬᠢ ᠲᠥᠰᠥᠭᠡᠯᠡᠬᠦᠶ᠎ᠡ ᠪᠡᠷᠬᠡ ᠪᠠᠶᠢᠭᠰᠠᠨ ᠬᠦᠴᠢᠷᠳᠡᠯ ᠢ ᠢᠯᠡᠨ | ᠳᠠᠪᠠᠪᠠ᠂ ᠢᠯᠠᠩᠭᠤᠶ᠎ᠠ ᠬᠦᠴᠢᠷ ᠪᠡᠷᠬᠡᠰᠢᠶᠡᠯ ᠢ ᠲᠤᠭᠤᠯᠵᠤ ᠪᠠᠶᠢᠭᠠᠳ ᠲᠦᠮᠡ ᠭᠠᠷᠤᠢ ᠵᠢᠭᠤᠯᠴᠢᠯᠠᠭᠰᠠᠳ ᠢ ᠮᠤᠵᠢ ᠠᠯᠤᠰᠯᠠᠵᠤ ᠬᠠᠮᠠᠭᠠᠯᠠᠨ ᠬᠦᠷᠭᠡᠬᠦ᠂ ᠨᠢᠭᠲᠠ | ᠣᠶᠢᠷᠠᠲᠤᠭᠰᠠᠨ ᠲᠦᠮᠡ ᠭᠠᠷᠤᠢ ᠬᠥᠮᠥᠨ ᠢ ᠭᠠᠵᠠᠷ ᠣᠷᠣᠨ ᠬᠤᠪᠢᠶᠠᠵᠤ ᠲᠤᠰᠠᠭᠠᠷᠯᠠᠬᠤ᠂ ᠬᠡᠳᠦᠨ ᠵᠠᠭᠤᠨ ᠡᠪᠡᠳᠴᠢᠲᠡᠨ ᠢ ᠮᠢᠩᠭᠠᠨ ᠭᠠᠵᠠᠷ ᠤᠨ ᠬᠤᠯᠠ | ᠰᠢᠯᠵᠢᠭᠦᠯᠦᠨ ᠬᠦᠷᠭᠡᠬᠦ ᠠᠵᠢᠯ ᠢᠶᠠᠨ ᠠᠮᠵᠢᠯᠲᠠ ᠲᠠᠢ ᠵᠣᠬᠢᠶᠠᠨ ᠪᠠᠶᠢᠭᠤᠯᠵᠤ᠂ ᠡᠷᠢᠶᠡᠨ ᠬᠤᠲᠠ᠂ ᠡᠵᠡᠨ᠎ᠡ᠂ ᠮᠠᠨᠵᠤᠤᠷ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ | ᠪᠦᠲᠦᠮᠵᠢᠲᠡᠢ ᠳᠥᠪᠬᠢᠨᠡᠭᠦᠯᠦᠨ ᠰᠢᠢᠳᠪᠦᠷᠢᠯᠡᠭᠡᠳ ᠠᠷᠠᠳ ᠣᠯᠠᠨ ᠤ ᠠᠮᠤᠭᠤᠯᠠᠩ ᠪᠠ ᠨᠡᠶᠢᠭᠡᠮ ᠤᠨ ᠡᠮᠬᠢ ᠳᠢᠭᠯᠢᠮ ᠲᠣᠭᠲᠠᠭᠤᠨ ᠪᠠᠶᠢᠬᠤ ᠶᠢ ᠬᠦᠴᠦᠲᠡᠢ | ᠬᠠᠮᠠᠭᠠᠯᠠᠨ ᠪᠠᠲᠤᠯᠠᠪᠠ᠃ ᠬᠦᠨᠳᠦ ᠶᠡᠭᠡ ᠲᠦᠭᠰᠢᠭᠦᠷᠢ ᠶᠢ ᠡᠷᠡᠰ ᠰᠢᠭᠤᠷᠬᠠᠢ ᠪᠥᠭᠡᠳ ᠯᠠᠪᠳᠠᠭᠤᠨ ᠪᠠᠲᠤᠲᠠᠢ ᠪᠠᠷ ᠰᠡᠷᠭᠡᠶᠢᠯᠡᠵᠦ ᠠᠷᠢᠯᠭᠠᠪᠠ᠂ ᠵᠠᠰᠠᠭ ᠤᠨ | ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠪᠣᠣ ᠱᠠᠩ ᠪᠠᠩᠬᠢ ᠶᠢᠨ ᠲᠦᠭᠰᠢᠭᠦᠷᠢ ᠪᠠ | ᠥᠪᠥᠷ ᠮᠣᠩᠭᠤᠯ ᠤᠨ ᠡᠨᠧᠷᠬᠢ ᠶᠢᠨ ᠪᠦᠲᠦᠭᠡᠨ ᠪᠠᠶᠢᠭᠤᠯᠤᠯᠲᠠ ᠶᠢᠨ ᠰᠲ᠋ᠣᠺ ᠢ ᠰᠢᠶᠠᠩᠭᠠᠩ ᠤᠨ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠠᠴᠠ ᠪᠤᠴᠠᠭᠠᠨ | ᠭᠠᠷᠭᠠᠬᠤ ᠶᠢ ᠯᠠᠪᠳᠠᠭᠤᠨ ᠢᠶᠠᠷ ᠰᠢᠢᠳᠪᠦᠷᠢᠯᠡᠨ᠂ ᠬᠤᠲᠠ ᠶᠢᠨ ᠬᠤᠳᠠᠯᠳᠤᠭᠠᠨ ᠤ ᠪᠠᠩᠬᠢ ᠳᠤ ᠥᠭᠡᠷᠡᠴᠢᠯᠡᠯᠲᠡ ᠬᠢᠵᠦ ᠲᠦᠭᠰᠢᠭᠦᠷᠢ ᠶᠢ ᠨᠢ ᠠᠷᠢᠯᠭᠠᠬᠤ ᠶᠢ | ᠯᠠᠪᠳᠠᠭᠤᠨ ᠢᠶᠠᠷ ᠠᠬᠢᠭᠤᠯᠤᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠲᠠᠯ᠎ᠠ ᠶᠢᠨ ᠲᠦᠭᠰᠢᠭᠦᠷᠢ ᠶᠢ ᠢᠳᠡᠪᠬᠢᠲᠡᠢ | ᠰᠡᠷᠭᠡᠶᠢᠯᠡᠨ ᠡᠵᠡᠮᠳᠡᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠪᠠ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ | ᠵᠠᠰᠠᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠲᠣᠭᠲᠠᠭᠠᠯ ᠪᠠ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠨ᠂ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠲᠣᠭᠲᠠᠭᠤᠨ ᠪᠥᠭᠡᠳ ᠤᠷᠲᠤ ᠤᠳᠠᠭᠠᠨ ᠬᠥᠭᠵᠢᠬᠦ ᠳᠤ ᠰᠠᠶᠢᠨ ᠰᠠᠶᠢᠬᠠᠨ ᠰᠠᠭᠤᠷᠢ ᠶᠢ ᠲᠠᠯᠪᠢᠪᠠ᠃ ᠠᠷᠭ᠎ᠠ | ᠪᠣᠳᠣᠯᠭ᠎ᠠ ᠶᠢ ᠣᠨᠣᠴᠠᠲᠠᠢ ᠬᠡᠷᠡᠭᠵᠢᠭᠦᠯᠵᠦ ᠡᠨᠧᠷᠬᠢ ᠠᠷᠪᠢᠯᠠᠵᠤ ᠬᠤᠷᠣᠭᠳᠠᠯ ᠢ ᠪᠠᠭᠤᠷᠠᠭᠤᠯᠬᠤ ᠪᠠᠨ ᠴᠢᠩᠭᠠᠷᠠᠭᠤᠯᠪᠠ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠨ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠳᠠᠭᠠᠭᠠᠨ ᠲᠤᠯᠵᠤ᠂ ᠲᠣᠭᠲᠠᠭᠠᠯ ᠠᠴᠠ | ᠵᠥᠷᠢᠴᠡᠭᠰᠡᠨ ︽ᠬᠤᠶᠠᠷ ᠶᠡᠬᠡᠲᠡᠢ︾ ᠪᠠᠶᠢᠬᠤ ᠲᠥᠷᠥᠯ ᠵᠦᠢᠯ ᠢ ᠴᠡᠭᠴᠡᠯᠡᠨ ᠦᠭᠡᠶᠢᠰᠬᠡᠵᠦ᠂ ᠡᠨᠧᠷᠬᠢ ᠶᠢᠨ ᠬᠤᠷᠣᠭᠳᠠᠯ ᠳᠤ ᠲᠥᠰᠥᠪ ᠤᠨ ᠬᠠᠮᠢᠶᠠᠷᠤᠯᠲᠠ ᠶᠢ | ᠬᠡᠷᠡᠭᠵᠢᠭᠦᠯᠦᠨ᠂ ᠤᠯᠤᠰ ᠠᠴᠠ ᠪᠠᠭᠤᠯᠭᠠᠭᠰᠠᠨ ᠡᠭᠦᠷᠭᠡ ᠶᠢ ᠪᠡᠶᠡᠯᠡᠭᠦᠯᠦᠭᠰᠡᠨ ᠪᠥᠭᠡᠳ ᠡᠬᠢ ᠪᠠᠶᠠᠯᠢᠭ ᠤᠨ ᠣᠷᠴᠢᠨ ᠲᠣᠭᠤᠷᠢᠨ ᠤ ᠬᠦᠯᠢᠶᠡᠰᠦᠯᠡᠬᠦ ᠴᠢᠨᠠᠷᠲᠠᠢ | ᠭᠦᠢᠴᠡᠳᠬᠡᠯ ᠲᠣᠭᠠᠨ ᠳᠤ ᠡᠵᠡᠮᠰᠢᠯ ᠠᠯᠳᠠᠭᠳᠠᠬᠤ ᠪᠠᠶᠢᠳᠠᠯ ᠢ ᠬᠤᠪᠢᠷᠠᠭᠤᠯᠪᠠ᠃ ᠬᠦᠴᠢᠷ ᠵᠦᠢᠯ ᠢ ᠲᠤᠯᠤᠨ ᠬᠠᠷᠢᠭᠤᠴᠠᠵᠤ ᠦᠨᠡᠨ ᠪᠣᠳᠠᠲᠠᠢ ᠪᠠᠷ ᠠᠵᠢᠯᠯᠠᠵᠤ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠪᠡ᠂ ᠪᠦᠬᠦᠯᠢ ᠴᠣᠭᠴᠠ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠪᠠᠷ | ᠬᠥᠲᠥᠯᠥᠭᠦᠷ ᠪᠣᠯᠭᠠᠬᠤ ᠶᠢ ᠪᠠᠷᠢᠮᠲᠠᠯᠠᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠲᠥᠰᠥᠯ ᠢ ᠲᠣᠭᠲᠠᠭᠠᠨ᠂ ︽ᠨᠢᠭᠡ ᠯᠠ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ 2.0 ᠪᠠᠶᠢᠭᠤᠯᠤᠯᠲᠠ ᠶᠢ ᠬᠡᠷᠡᠭᠵᠢᠭᠦᠯᠵᠦ᠂ ︽ᠮᠥᠩᠬᠡ ᠰᠤᠪᠠᠭ᠂ ᠳᠥᠷᠪᠡ ᠶᠢ ᠭᠦᠢᠴᠡᠳᠬᠡᠬᠦ︾ ᠦᠢᠯᠡᠴᠢᠯᠡᠭᠡ ᠶᠢ | ᠥᠷᠨᠢᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠳᠤ ᠣᠷᠴᠢᠨ ᠨᠥᠬᠦᠴᠡᠯ ᠬᠤᠪᠢᠷᠠᠵᠤ ᠪᠠᠶᠢᠬᠤ ᠪᠠ ᠦᠢᠯᠡᠴᠢᠯᠡᠭᠡ ᠰᠢᠯᠢᠳᠡᠭᠵᠢᠵᠦ ᠪᠠᠶᠢᠬᠤ ᠶᠢ ᠮᠡᠳᠡᠷᠡᠭᠦᠯᠪᠡ᠃ | ᠴᠥᠬᠦᠷᠡᠰᠢ ᠦᠭᠡᠢ ᠴᠢᠷᠮᠠᠶᠢᠭᠰᠠᠨ ᠢᠶᠠᠷ ᠪᠥᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠠᠶᠢᠨ ᠰᠠᠶᠢᠬᠠᠨ ᠬᠠᠨᠳᠤᠰᠢ ᠢᠯᠡᠷᠡᠵᠦ᠂ ᠪᠥᠬᠦ ᠵᠢᠯ ᠤᠨ | ᠭᠤᠣᠯ ᠪᠣᠯᠬᠤ ᠬᠥᠭᠵᠢᠯᠲᠡ ᠶᠢᠨ ᠬᠠᠷᠠᠯᠲᠠ ᠡᠭᠦᠷᠭᠡ ᠨᠡᠯᠢᠶᠡᠳ ᠰᠠᠶᠢᠨ ᠪᠡᠶᠡᠯᠡᠭᠳᠡᠪᠡ᠃ | ᠨᠢᠭᠡ ᠳᠤ ᠠᠵᠤ ᠠᠬᠤᠢ ᠲᠣᠭᠲᠠᠭᠤᠨ ᠪᠥᠭᠡᠳ ᠡᠷᠡᠭᠦᠯ ᠠᠵᠢᠯᠯᠠᠭᠠᠨ ᠢᠶᠠᠨ ᠪᠠᠲᠤᠯᠠᠪᠠ᠃ ᠪᠦᠲᠦᠮᠵᠢᠲᠡᠢ ᠪᠡᠯᠡ ᠣᠷᠤᠭᠤᠯᠤᠯᠲᠠ ᠶᠢ ᠬᠦᠴᠦᠯᠡᠨ | ᠥᠷᠭᠡᠳᠬᠡᠵᠦ᠂ 3074 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠦᠨ᠂ 4658 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠵᠤ | ᠦᠢᠯᠡᠳᠪᠦᠷᠢ ᠶᠢᠨ ᠪᠡᠯᠡ ᠣᠷᠤᠭᠤᠯᠤᠯᠲᠠ ᠪᠠ ᠠᠷᠠᠳ ᠤᠨ ᠳᠤᠮᠳᠠᠬᠢ ᠪᠡᠯᠡ ᠣᠷᠤᠭᠤᠯᠤᠯᠲᠠ ᠲᠤᠰ ᠲᠤᠰ 21.1% ᠪᠠ 14.4% ᠨᠡᠮᠡᠭᠳᠡᠪᠡ᠃ ᠣᠯᠠᠨ | ᠵᠦᠢᠯ ᠤᠨ ᠠᠷᠭ᠎ᠠ ᠠᠪᠴᠢᠯ ᠢ ᠬᠡᠷᠡᠭᠯᠡᠵᠦ ᠪᠠᠶᠢᠭᠠᠳ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠲᠠᠶᠢᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ | ᠥᠪᠡᠷ ᠤᠨ ᠥᠷᠲᠡᠭ ᠢ ᠨᠢ 59 ᠳ᠋ᠦᠩᠰᠢᠭᠤᠷ ᠲᠥᠭᠦᠷᠢᠭ ᠪᠠᠭᠤᠷᠠᠭᠤᠯᠤᠨ᠂ ᠠᠵᠤ ᠠᠬᠤᠶᠢᠯᠠᠯ ᠳᠤ ᠭᠦᠢᠯᠭᠡᠭᠡᠨ ᠤ ᠴᠢᠨᠠᠷᠲᠠᠢ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠰᠠᠭᠤᠷᠢ ᠮᠥᠩᠭᠦ ᠪᠠ ᠬᠦᠴᠢᠷᠳᠡᠯ ᠢ ᠨᠢ ᠲᠠᠶᠢᠯᠬᠤ ᠬᠥᠭᠵᠢᠯᠲᠡ ᠶᠢᠨ ᠰᠠᠭᠤᠷᠢ ᠮᠥᠩᠭᠦ ᠶᠢ ᠰᠢᠨ᠎ᠡ ᠪᠠᠷ 38.4 ᠳ᠋ᠦᠩᠰᠢᠭᠤᠷ ᠲᠥᠭᠦᠷᠢᠭ ᠲᠠᠯᠪᠢᠵᠤ | ᠥᠭᠪᠡ᠂ ᠰᠢᠨ᠎ᠡ ᠪᠠᠷ 250 ᠳ᠋ᠦᠩᠰᠢᠭᠤᠷ ᠭᠠᠷᠤᠢ ᠲᠥᠭᠦᠷᠢᠭ ᠭᠠᠶᠢᠯᠢ ᠶᠢ ᠬᠥᠩᠭᠡᠷᠡᠭᠦᠯᠵᠦ ᠰᠦᠢᠳᠬᠡᠯ ᠢ ᠪᠠᠭᠤᠷᠠᠭᠤᠯᠤᠨ᠂ ᠰᠢᠨ᠎ᠡ ᠪᠠᠶᠢᠭᠤᠯᠤᠭᠰᠠᠨ ᠵᠠᠬ᠎ᠠ | ᠳᠡᠯᠭᠡᠭᠦᠷ ᠤᠨ ᠭᠤᠣᠯ ᠴᠣᠭᠴᠠ 38. 6 ᠲᠦᠮᠡ ᠪᠣᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 3000 | ᠳ᠋ᠦᠩᠰᠢᠭᠤᠷ ᠲᠥᠭᠦᠷᠢᠭ ᠢ ᠳᠠᠪᠠᠭᠠᠳ ᠲᠡᠦᠬᠡ ᠶᠢᠨ ᠰᠢᠨ᠎ᠡ ᠲᠦᠪᠰᠢᠨ ᠢ ᠡᠭᠦᠳᠪᠡ᠃ ᠪᠡᠯᠡ ᠮᠥᠩᠭᠦ ᠶᠢ ᠰᠢᠭᠤᠳ ᠪᠠᠭᠤᠯᠭᠠᠬᠤ ᠲᠣᠭᠲᠠᠴᠠ ᠶᠢ | ᠨᠠᠶᠢᠳᠠᠪᠤᠷᠢᠵᠢᠭᠤᠯᠤᠨ᠂ ᠵᠠᠷᠤᠯᠭ᠎ᠠ ᠳᠤ ᠰᠢᠭᠤᠳ ᠪᠠᠭᠤᠯᠭᠠᠭᠰᠠᠨ ᠪᠡᠯᠡ ᠮᠥᠩᠭᠦ 758 ᠳ᠋ᠦᠩᠰᠢᠭᠤᠷ ᠲᠥᠭᠦᠷᠢᠭ ᠲᠤ ᠬᠦᠷᠴᠦ᠂ ᠪᠣᠳᠠᠲᠤ ᠴᠣᠭᠴᠠ ᠶᠢᠨ ᠠᠵᠤ | ᠠᠬᠤᠢ ᠶᠢᠨ ᠬᠥᠭᠵᠢᠯᠲᠡ ᠪᠠ ᠠᠷᠠᠳ ᠤᠨ ᠦᠨᠳᠦᠰᠦᠨ ᠠᠮᠢᠳᠤᠷᠠᠯ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠪᠠ᠃ ᠪᠥᠬᠦ ᠣᠷᠣᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ 2 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 6.3% ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ | ᠣᠷᠤᠭᠤᠯᠤᠯᠲᠠ 9.8% ᠨᠡᠮᠡᠭᠳᠡᠨ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 6.3% ᠨᠡᠮᠡᠭᠳᠡᠵᠦ᠂ ᠡᠩ ᠤᠨ | ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 14.6% ᠨᠡᠮᠡᠭᠳᠡᠨ᠂ ᠠᠵᠤ ᠠᠬᠤᠢ ᠦᠷᠭᠦᠯᠵᠢᠯᠡᠨ ᠲᠣᠭᠲᠠᠭᠤᠨ ᠢᠶᠠᠷ ᠰᠡᠷᠭᠦᠨ ᠥᠷᠨᠢᠵᠦ᠂ ᠲᠣᠭᠲᠠᠭᠤᠨ ᠤ | ᠳᠠᠭᠠᠤ ᠳᠤ ᠰᠠᠶᠢᠨ ᠬᠠᠨᠳᠤᠰᠢ ᠲᠠᠢ ᠪᠣᠯᠪᠠ᠃ | ᠬᠤᠶᠠᠷ ᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠢᠳᠡᠪᠬᠢ ᠠᠬᠢᠯᠲᠠ ᠲᠠᠢ ᠪᠣᠯᠪᠠ᠃ ᠰᠦ ᠰᠠᠭᠠᠯᠢ ᠶᠢᠨ ᠦᠢᠯᠡᠰ ᠪᠠ ᠦᠷ᠎ᠡ | ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 460 ᠲᠦᠮᠡᠨ ᠮᠦ ᠰᠢᠨ᠎ᠡ ᠪᠠᠷ | ᠨᠡᠮᠡᠭᠳᠡᠨ᠂ ᠠᠮᠤ ᠪᠤᠳᠠᠭᠠᠨ ᠤ ᠦᠢᠯᠡᠳᠪᠦᠷᠢᠯᠡᠯ ︽ᠠᠷᠪᠠᠨ ᠨᠠᠢᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ︽ | ᠠᠷᠪᠠᠨ ᠳᠣᠯᠣᠭᠠᠨ ᠵᠢᠯ ᠳᠠᠷᠠᠭᠠᠯᠠᠵᠤ ᠲᠣᠭᠲᠠᠭᠤᠨ ᠥᠰᠦᠯᠲᠡ︾ ᠲᠠᠢ ᠪᠣᠯᠪᠠ᠃ ᠰᠢᠨ᠎ᠡ ᠡᠨᠧᠷᠬᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠢ ᠬᠡᠷᠡᠭᠵᠢᠭᠦᠯᠦᠨ᠂ | ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠬᠢᠭᠡᠳ ᠭᠡᠷᠡᠯ ᠴᠡᠨᠡᠭ ᠤᠨ ᠲᠥᠷᠥᠯ ᠵᠦᠢᠯ ᠤᠨ ᠵᠥᠪᠰᠢᠶᠡᠷᠡᠯ ᠣᠯᠣᠭᠰᠠᠨ ᠬᠡᠪᠴᠢᠶ᠎ᠡ 4000 ᠲᠦᠮᠡᠨ ᠺᠢᠯᠣᠸᠠᠲ ᠢ | ᠳᠠᠪᠠᠭᠰᠠᠨ ᠪᠥᠭᠡᠳ ᠳᠠᠬᠢᠨ ᠡᠭᠦᠰᠴᠦ ᠪᠣᠯᠬᠤ ᠡᠨᠧᠷᠬᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 27.5% ᠨᠡᠮᠡᠭᠳᠡᠪᠡ᠃ ᠠᠵᠤ ᠦᠢᠯᠡᠰ ᠤᠨ ᠬᠠᠭᠤᠴᠢᠨ ᠢ ᠨᠢ | ᠥᠭᠡᠷᠡᠴᠢᠯᠡᠵᠦ ᠰᠢᠨ᠎ᠡ ᠪᠠᠷ ᠪᠣᠢ ᠪᠣᠯᠭᠠᠬᠤ ᠶᠢ ᠲᠦᠷᠭᠡᠳᠬᠡᠨ᠂ ᠶᠤᠸᠠᠨᠵᠢᠩ ᠵᠡᠷᠭᠡ 15 ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ | ᠦᠢᠯᠡᠳᠬᠦ ᠦᠢᠯᠡᠰ ᠪᠠ ᠳᠡᠭᠡᠳᠦ ᠰᠢᠨ᠎ᠡ ᠮᠡᠷᠭᠡᠵᠢᠯ ᠤᠨ ᠦᠢᠯᠡᠰ ᠲᠤᠰ ᠲᠤᠰ 11.3% ᠪᠠ 22.4% ᠨᠡᠮᠡᠭᠳᠡᠪᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠰᠢᠯᠢᠳᠡᠭᠵᠢᠭᠦᠯᠵᠦ ᠡᠮᠬᠢᠯᠡᠨ ᠨᠡᠶᠢᠯᠡᠭᠦᠯᠬᠦ ᠪᠠᠨ ᠪᠡᠶᠡᠯᠡᠭᠦᠯᠵᠦ᠂ ᠪᠠᠶᠢᠭᠤᠯᠤᠮᠵᠢ ᠶᠢᠨ ᠲᠤᠭ᠎ᠠ ᠶᠢ ᠬᠠᠭᠠᠰ ᠢᠶᠠᠷ ᠪᠠᠭᠠᠰᠬᠠᠨ᠂ ᠲᠥᠯᠦᠪᠵᠢᠭᠦᠯᠭᠡ ᠶᠢᠨ | ᠲᠠᠯᠠᠪᠠᠢ ᠶᠢ 30% ᠬᠠᠰᠤᠵᠤ᠂ ᠦᠢᠯᠡᠳᠬᠦᠨ ᠤ ᠥᠷᠲᠡᠭ ᠨᠢ ᠮᠢᠩᠭᠠᠨ ᠳ᠋ᠦᠩᠰᠢᠭᠤᠷ ᠢ ᠳᠠᠪᠠᠭᠰᠠᠨ ᠬᠦᠷᠢᠶᠡᠯᠡᠩ ᠲᠣᠭᠤᠷᠢᠭ 3 ᠪᠣᠯᠪᠠ᠃ ᠦᠢᠯᠡᠴᠢᠯᠡᠭᠡᠨ ᠤ | ᠦᠢᠯᠡᠰ ᠤᠨ ᠲᠣᠭᠲᠠᠭᠤᠨ ᠪᠣᠯᠵᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠶᠢ ᠠᠬᠢᠭᠤᠯᠤᠨ᠂ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠰᠥᠨᠢ ᠶᠢᠨ | ᠬᠡᠷᠡᠭᠯᠡᠭᠡ ᠶᠢᠨ ᠲᠥᠪᠯᠡᠷᠡᠯ ᠤᠨ ᠲᠣᠭᠤᠷᠢᠭ ᠢ 3᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠪᠣᠯᠬᠤ ᠲᠣᠰᠬᠤᠨ ᠪᠠᠯᠭᠠᠰᠤ ᠶᠢ 9 | ᠰᠢᠨ᠎ᠡ ᠪᠠᠷ ᠡᠭᠦᠳᠦᠨ ᠪᠠᠶᠢᠭᠤᠯᠵᠤ᠂ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠲᠤᠷᠰᠢᠯᠲᠠ ᠶᠢᠨ ᠴᠡᠭ ᠤᠨ ᠬᠤᠲᠠ ᠳᠤ ᠪᠤᠭᠤᠲᠤ ᠬᠤᠲᠠ | ᠰᠣᠩᠭᠤᠭᠳᠠᠨ ᠣᠷᠣᠪᠠ᠃ ᠪᠥᠬᠦ ᠣᠷᠣᠨ ᠤ ᠬᠠᠳᠠᠭᠠᠯᠠᠮᠵᠢ ᠪᠠ ᠵᠢᠭᠡᠯᠡᠯᠭᠡ ᠶᠢᠨ ᠵᠣᠭᠤᠰᠤᠨ ᠤ ᠨᠡᠮᠡᠭᠳᠡᠯ ᠤᠨ ᠬᠤᠷᠳᠤᠴᠠ ᠨᠡᠮᠡᠭᠳᠡᠯ ᠤᠨ ᠬᠡᠮᠵᠢᠶ᠎ᠡ ᠴᠥᠮ 4 | ᠵᠢᠯ ᠳᠠᠬᠢ ᠰᠢᠨ᠎ᠡ ᠲᠦᠪᠰᠢᠨ ᠢ ᠡᠭᠦᠳᠴᠦ᠂ ᠪᠠᠩᠬᠢ ᠶᠢᠨ ᠦᠢᠯᠡᠰ ᠤᠨ ᠨᠠᠶᠢᠳᠠᠪᠤᠷᠢ ᠮᠠᠭᠤᠲᠠᠢ ᠵᠢᠭᠡᠯᠡᠯᠭᠡ ᠶᠢᠨ ᠵᠣᠭᠤᠰᠤᠨ ᠤ ᠨᠣᠷᠮ᠎ᠠ ᠪᠠᠭᠤᠷᠠᠭᠠᠳ 6 ᠵᠢᠯ ᠳᠠᠬᠢ | ᠬᠠᠮᠤᠭ ᠤᠨ ᠳᠣᠣᠷ᠎ᠠ ᠲᠦᠪᠰᠢᠨ ᠳᠤ ᠬᠦᠷᠪᠡ︔ 4 ᠠᠵᠤ ᠠᠬᠤᠶᠢᠯᠠᠯ ᠠᠮᠵᠢᠯᠲᠠ ᠲᠠᠢ ᠪᠠᠷ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ᠂ ᠮᠠᠨ ᠤ ᠣᠷᠣᠨ ᠤ ᠠᠵᠤ | ᠠᠬᠤᠶᠢᠯᠠᠯ 9 ᠵᠢᠯ A ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠦᠭᠡᠢ ᠲᠡᠮᠳᠡᠭᠯᠡᠯ ᠢ ᠡᠴᠦᠰᠯᠡᠭᠦᠯᠪᠡ᠃ | ᠭᠤᠷᠪᠠ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ ᠢ ᠪᠥᠬᠦ ᠲᠠᠯ᠎ᠠ ᠪᠠᠷ | ᠭᠦᠨᠵᠡᠭᠡᠶᠢᠷᠡᠭᠦᠯᠪᠡ᠃ ᠰᠤᠳᠤᠯᠤᠨ ᠨᠡᠭᠡᠭᠡᠬᠦ ᠳᠤ ᠪᠡᠯᠡ ᠣᠷᠣᠭᠤᠯᠤᠨ ᠰᠢᠪᠲᠤᠯᠤᠯᠲᠠ ᠬᠢᠬᠦ ᠠᠵᠢᠯᠯᠠᠭᠠᠨ ᠢ ᠬᠡᠷᠡᠭᠵᠢᠭᠦᠯᠦᠨ᠂ ᠡᠳ᠋ ᠤᠨ ᠵᠠᠰᠠᠭ ᠤᠨ ᠲᠥᠬᠦᠷᠵᠢᠭᠦᠯᠦᠨ | ᠳᠡᠮᠵᠢᠬᠦ 12 ᠠᠷᠭ᠎ᠠ ᠬᠡᠮᠵᠢᠶ᠎ᠡ ᠶᠢ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠬᠢ ᠡᠳ᠋ ᠤᠨ ᠵᠠᠰᠠᠭ ᠤᠨ ᠵᠠᠷᠤᠯᠭ᠎ᠠ ᠶᠢ ᠠᠳᠠᠯᠢ | ᠪᠠᠷᠢᠮᠵᠢᠶ᠎ᠠ ᠪᠠᠷ 20.7% ᠨᠡᠮᠡᠭᠳᠡᠭᠦᠯᠪᠡ᠃ ᠤᠷᠤᠭᠰᠢ ᠳᠠᠪᠰᠢᠨ ᠰᠢᠯᠢᠳᠡᠭᠵᠢᠬᠦ ᠶᠢ ᠠᠬᠢᠭᠤᠯᠵᠤ ᠲᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠦᠨ᠂ | ᠪᠥᠬᠦ ᠤᠯᠤᠰ ᠤᠨ ᠨᠡᠷᠡᠰ ᠤᠨ ᠵᠢᠭᠰᠠᠭᠠᠯᠲᠠ ᠳᠤ ᠬᠦᠬᠡᠬᠤᠲᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠠᠶᠢᠷᠢ ᠨᠢ ᠤᠷᠤᠭᠰᠢ ᠪᠠᠨ 10 ᠳᠠᠪᠰᠢᠵᠤ᠂ ᠪᠥᠬᠦ | ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ | ᠲᠤᠰ ᠲᠤᠰ 1220 ᠪᠠ 828 ᠪᠣᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ 47 ᠲᠤᠰᠬᠠᠢ ᠵᠦᠢᠯ ᠢ ᠵᠣᠬᠢᠶᠠᠨ ᠪᠠᠶᠢᠭᠤᠯᠵᠤ᠂ | ᠮᠡᠷᠭᠡᠵᠢᠯ ᠤᠨ ᠰᠢᠪᠲᠤᠯᠤᠯᠲᠠ ᠶᠢᠨ ᠲᠥᠯᠥᠪᠯᠡᠭᠡ ᠶᠢᠨ 445 ᠵᠦᠢᠯ ᠢ ᠬᠡᠷᠡᠭᠵᠢᠭᠦᠯᠦᠨ᠂ ᠠᠩᠬᠠᠨ ᠤ ᠪᠦᠯᠦᠭ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ | ᠲᠥᠷᠥᠯ ᠵᠦᠢᠯ ᠤᠨ 12 ᠵᠦᠢᠯ ᠢ ᠨᠢ ᠴᠢᠷᠮᠠᠶᠢᠨ ᠪᠦᠲᠦᠭᠡᠵᠦ᠂ ᠠᠯᠤᠰ ᠰᠡᠷᠡᠯ ᠤᠨ ᠳᠠᠭᠠᠭᠤᠯᠢ ᠣᠳᠣᠨ ︽ᠥᠪᠥᠷ ᠮᠣᠩᠭᠤᠯ ᠤᠨ ᠨᠢᠭᠡᠳᠦᠭᠡᠷ ᠨᠣᠮᠧᠷᠲᠤ︾ ᠶᠢ | ᠠᠮᠵᠢᠯᠲᠠ ᠲᠠᠢ ᠬᠠᠷᠪᠤᠪᠠ᠃ ᠲᠠᠪᠴᠠᠩ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠥᠪᠥᠷ ᠮᠣᠩᠭᠤᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠵᠤ᠂ ᠬᠤᠪᠣᠷ ᠰᠢᠷᠣᠢ ᠪᠠ 5G ᠠᠵᠤ ᠦᠢᠯᠡᠰ ᠤᠨ ᠰᠢᠨ᠎ᠡ ᠡᠭᠦᠳᠦᠯᠲᠡ ᠶᠢᠨ | ᠬᠤᠯᠪᠣᠭ᠎ᠠ ᠶᠢ ᠪᠠᠶᠢᠭᠤᠯᠤᠨ᠂ ᠤᠯᠤᠰ ᠤᠨ ᠣᠷᠣᠨ ᠪᠦᠰᠡ ᠶᠢᠨ ᠰᠢᠨ᠎ᠡ ᠡᠭᠦᠳᠦᠯᠲᠡ ᠶᠢᠨ ᠬᠥᠭᠵᠢᠯᠲᠡ ᠶᠢᠨ ᠬᠤᠯᠪᠣᠭᠠᠲᠤ ᠰᠠᠭᠤᠷᠢ ᠮᠥᠩᠭᠦ ᠪᠠ ᠬᠠᠲᠤᠨ | ᠭᠤᠣᠯ ᠤᠨ ᠰᠠᠪᠠ ᠭᠠᠵᠠᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠤᠯᠪᠣᠭ᠎ᠠ ᠳᠤ ᠣᠷᠣᠯᠴᠠᠵᠤ᠂ ᠤᠯᠤᠰ ᠤᠨ | ᠳᠣᠲᠣᠭᠠᠳᠤ ᠶᠢᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠯᠤᠭ᠎ᠠ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ 24 ᠪᠠᠶᠢᠭᠤᠯᠤᠮᠵᠢ ᠶᠢ ᠬᠠᠮᠲᠤ ᠪᠠᠷ | ᠪᠠᠶᠢᠭᠤᠯᠤᠨ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠪᠠ ᠰᠦ ᠴᠠᠭᠠᠨ ᠢᠳᠡᠭᠡᠨ ᠤ ᠠᠵᠤ ᠦᠢᠯᠡᠰ ᠤᠨ ᠬᠡᠮᠵᠢᠵᠦ | ᠰᠢᠯᠭᠠᠨ ᠲᠤᠷᠰᠢᠬᠤ ᠲᠥᠪ ᠢ ᠪᠠᠶᠢᠭᠤᠯᠬᠤ ᠠᠵᠢᠯ ᠠᠮᠵᠢᠯᠲᠠ ᠲᠠᠢ ᠪᠠᠷ ᠵᠥᠪᠰᠢᠶᠡᠷᠡᠭᠳᠡᠪᠡ᠃ | ᠳᠥᠷᠪᠡ ᠳᠤ ᠠᠮᠢ ᠠᠬᠤᠢ ᠶᠢᠨ ᠰᠢᠰᠲ᠋ᠧᠮ ᠤᠨ ᠴᠢᠨᠠᠷ ᠴᠢᠨᠰᠠᠭ᠎ᠠ ᠪᠠ ᠲᠣᠭᠲᠠᠭᠤᠨ ᠴᠢᠨᠠᠷ ᠦᠷᠭᠦᠯᠵᠢᠯᠡᠨ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ ᠤ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠪᠥᠬᠦ ᠪᠦᠰᠡ ᠳᠤ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠶᠢ ᠲᠣᠳᠣᠷᠬᠠᠢ ᠲᠣᠭᠲᠠᠭᠠᠵᠤ᠂ ︽ᠭᠤᠷᠪᠠᠨ ᠲᠥᠷᠥᠯ ᠤᠨ ᠣᠷᠣᠨ ᠵᠠᠢ ᠶᠢᠨ ᠲᠣᠭᠤᠷᠢᠭ ᠪᠠ ᠭᠤᠷᠪᠠᠨ ᠵᠤᠷᠪᠤᠰ | ᠬᠢᠵᠠᠭᠠᠷᠯᠠᠬᠤ ᠱᠤᠭᠤᠮ︾ ᠢ ᠵᠣᠬᠢᠰᠲᠠᠢ ᠲᠣᠭᠲᠠᠭᠠᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠭᠰᠠᠨ ᠵᠢᠴᠢ ︽ᠪᠤᠴᠠᠵᠤ | ᠪᠠᠶᠢᠴᠠᠭᠠᠨ ᠦᠵᠡᠬᠦ︾ ᠳᠤ ᠴᠡᠭᠴᠡᠯᠡᠨ ᠰᠠᠶᠢᠵᠢᠷᠠᠭᠤᠯᠬᠤ ᠪᠠᠷ ᠲᠤᠰᠬᠠᠭᠰᠠᠨ ᠡᠭᠦᠷᠭᠡ ᠪᠠᠨ ᠪᠡᠶᠡᠯᠡᠭᠦᠯᠵᠦ᠂ ᠬᠠᠲᠤᠨ ᠭᠤᠣᠯ᠂ ᠬᠥᠯᠥᠨ ᠨᠠᠭᠤᠷ ᠳᠠᠭ᠎ᠠ ᠶᠢᠨ ᠨᠠᠭᠤᠷ | ᠤᠯᠠᠭᠠᠨᠰᠤᠬᠠᠢ ᠨᠠᠭᠤᠷ᠂ ᠴᠠᠭᠠᠨᠨᠠᠭᠤᠷ ᠵᠡᠷᠭᠡ ᠭᠤᠣᠯᠳᠠᠯᠭ᠎ᠠ ᠪᠣᠯᠬᠤ ᠨᠠᠭᠤᠷ ᠭᠤᠣᠯ ᠤᠨ ᠰᠠᠪᠠ ᠭᠠᠵᠠᠷ ᠢ ᠵᠠᠰᠠᠬᠤ ᠠᠵᠢᠯ ᠳᠤ ᠯᠠᠪᠳᠠᠭᠤᠨ ᠪᠠᠲᠤᠲᠠᠢ ᠦᠷ᠎ᠡ | ᠪᠦᠲᠦᠮᠵᠢ ᠣᠯᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠨ ᠬᠢᠵᠦ᠂ ᠠᠭᠠᠷ ᠮᠠᠨᠳᠠᠯ᠂ ᠤᠰᠤ᠂ ᠭᠠᠵᠠᠷ | ᠬᠥᠷᠥᠰᠥᠨ ᠤ ᠣᠷᠴᠢᠨ ᠲᠣᠭᠤᠷᠢᠨ ᠤ ᠴᠢᠨᠠᠷ ᠦᠷᠭᠦᠯᠵᠢᠯᠡᠨ ᠰᠠᠶᠢᠵᠢᠷᠠᠪᠠ᠃ ︽2021 ᠣᠨ ᠤ ᠳᠤᠮᠳᠠᠳᠤ ᠤᠯᠤᠰ ᠤᠨ ᠠᠮᠢ ᠠᠬᠤᠢ ᠶᠢᠨ ᠬᠠᠮᠤᠭ ᠤᠨ | ᠥᠷᠢᠰᠦᠯᠳᠦᠬᠦ ᠬᠦᠴᠦᠨ ᠪᠦᠬᠦᠢ ᠬᠤᠲᠠ︾ ᠳᠤ ᠬᠥᠬᠡᠬᠤᠲᠠ ᠰᠣᠩᠭᠤᠭᠳᠠᠨ ᠣᠷᠣᠵᠤ᠂ ᠬᠢᠩᠭᠠᠨ ᠠᠶᠢᠮᠠᠭ ᠪᠥᠬᠦ ᠣᠷᠣᠨ ᠤ ᠲᠤᠰᠬᠠᠢ ᠣᠷᠣᠨ ᠬᠤᠲᠠ ᠶᠢᠨ | ᠳᠡᠰ ᠤᠨ ᠠᠩᠬᠠᠨ ᠤ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠶᠢᠨ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠰᠠᠭᠤᠷᠢᠨ | ᠭᠠᠵᠠᠷ ᠢ ᠠᠮᠵᠢᠯᠲᠠ ᠲᠠᠢ ᠡᠭᠦᠳᠦᠨ ᠪᠠᠶᠢᠭᠤᠯᠪᠠ᠃ ᠬᠠᠮᠠᠭᠠᠯᠠᠵᠤ ᠥᠩᠵᠢᠭᠦᠯᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠂ 594 ᠲᠦᠮᠡᠨ ᠮᠦ ᠣᠢ | ᠣᠶᠢᠵᠢᠭᠤᠯᠵᠤ᠂ 1667 ᠲᠦᠮᠡᠨ ᠮᠦ ᠡᠪᠡᠰᠦ ᠲᠠᠷᠢᠵᠤ᠂ 530 ᠲᠦᠮᠡᠨ ᠮᠦ ᠡᠯᠡᠰᠦ ᠶᠢ ᠬᠠᠰᠢᠭᠰᠠᠨ ᠪᠠ ᠵᠠᠰᠠᠵᠤ᠂ ᠪᠣᠬᠢᠷᠳᠤᠯ ᠦᠭᠡᠢ ᠠᠭᠤᠷᠬᠠᠢ ᠶᠢ 133 | ᠰᠢᠨ᠎ᠡ ᠪᠠᠷ ᠪᠠᠶᠢᠭᠤᠯᠤᠨ᠂ ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠦᠷᠭᠦᠯᠵᠢᠯᠡᠨ ᠳᠡᠭᠡᠭᠰᠢᠯᠡᠪᠡ᠃ | ᠲᠠᠪᠤ ᠳᠤ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ ᠶᠠᠳᠠᠭᠤ ᠠᠴᠠ ᠠᠩᠭᠢᠵᠢᠷᠠᠭᠤᠯᠤᠭᠰᠠᠨ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ ᠥᠷᠭᠡᠳᠬᠡᠨ᠂ ᠬᠥᠳᠡᠭᠡ ᠲᠣᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠂ | ᠠᠵᠢᠭᠯᠠᠯᠲᠠ ᠳᠤ ᠪᠠᠶᠢᠭᠰᠠᠨ 4.7 ᠲᠦᠮᠡᠨ ᠬᠥᠮᠥᠨ ᠤ ᠪᠤᠴᠠᠭᠠᠳ ᠶᠠᠳᠠᠭᠤᠷᠠᠬᠤ ᠪᠠ ᠶᠠᠳᠠᠭᠤ ᠪᠠᠶᠢᠳᠠᠯ ᠳᠤ ᠣᠷᠣᠬᠤ ᠲᠦᠭᠰᠢᠭᠦᠷᠢ ᠶᠢ ᠦᠭᠡᠶᠢᠰᠬᠡᠵᠦ᠂ | ᠲᠠᠷᠢᠶᠠᠯᠠᠬᠤ ᠮᠠᠯᠵᠢᠬᠤ ᠣᠷᠣᠨ ᠳᠤ 4704 ᠺᠢᠯᠣᠮᠧᠲᠷ ᠵᠠᠰᠠᠮᠠᠯ ᠵᠠᠮ ᠳᠡᠪᠢᠰᠦᠨ᠂ ᠨᠤᠷᠠᠬᠤ ᠠᠶᠤᠯᠲᠠᠢ ᠪᠠᠶᠢᠭᠰᠠᠨ 6814 ᠡᠷᠦᠬᠡ ᠶᠢᠨ ᠭᠡᠷ ᠪᠠᠶᠢᠰᠢᠩ ᠢ ᠵᠠᠰᠠᠨ | ᠰᠠᠶᠢᠵᠢᠷᠠᠭᠤᠯᠵᠤ᠂ ᠭᠡᠮ ᠠᠰᠠᠭᠤᠳᠠᠯ ᠲᠠᠢ 15.1 ᠲᠦᠮᠡᠨ ᠵᠣᠷᠯᠣᠩ ᠢ ᠴᠡᠭᠴᠡᠯᠡᠨ ᠰᠠᠶᠢᠵᠢᠷᠠᠭᠤᠯᠪᠠ᠃ ᠪᠡᠭᠡᠵᠢᠩ ᠪᠠ ᠥᠪᠥᠷ ᠮᠣᠩᠭᠤᠯ ᠤᠨ ᠬᠠᠮᠵᠢᠯᠴᠠᠨ | ᠠᠵᠢᠯᠯᠠᠬᠤ ᠶᠢ ᠭᠦᠨᠵᠡᠭᠡᠶᠢᠷᠡᠭᠦᠯᠦᠨ᠂ 97 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠤᠰᠠᠯᠠᠨ ᠬᠠᠪᠰᠤᠷᠬᠤ ᠪᠡᠯᠡ ᠮᠥᠩᠭᠦ ᠶᠢ 19.4 ᠳ᠋ᠦᠩᠰᠢᠭᠤᠷ | ᠲᠥᠭᠦᠷᠢᠭ ᠣᠷᠣᠭᠤᠯᠤᠨ᠂ ᠬᠠᠪᠰᠤᠷᠴᠤ ᠲᠡᠳᠬᠦᠬᠦ ᠬᠡᠷᠡᠭᠯᠡᠭᠡ 100 ᠳ᠋ᠦᠩᠰᠢᠭᠤᠷ ᠲᠥᠭᠦᠷᠢᠭ ᠢ ᠳᠠᠪᠠᠪᠠ᠃ ᠠᠭᠠᠷ ᠤᠨ ᠠᠶᠠᠯᠠᠯ ᠤᠨ ᠭᠤᠣᠯ ᠱᠤᠭᠤᠮ ᠢ ᠰᠠᠯᠪᠤᠷᠢ | ᠱᠤᠭᠤᠮ ᠯᠤᠭ᠎ᠠ ᠨᠡᠪᠲᠡᠷᠡᠭᠦᠯᠬᠦ᠂ ᠰᠠᠯᠪᠤᠷᠢ ᠱᠤᠭᠤᠮ ᠢ ᠰᠠᠯᠪᠤᠷᠢ ᠱᠤᠭᠤᠮ ᠯᠤᠭ᠎ᠠ ᠨᠡᠪᠲᠡᠷᠡᠭᠦᠯᠬᠦ ᠶᠢ ᠲᠦᠷᠭᠡᠳᠬᠡᠨ ᠠᠬᠢᠭᠤᠯᠵᠤ᠂ ᠬᠥᠬᠡᠬᠤᠲᠠ ᠠᠴᠠ ᠵᠧᠩᠵᠧᠦ᠂ | ᠵᠢᠨᠠᠨ᠂ ᠰᠢ ᠠᠨ ᠳᠤ ᠰᠢᠭᠤᠳ ᠬᠦᠷᠬᠦ ᠬᠦᠳᠡᠯᠭᠡᠭᠦᠷᠲᠦ ᠴᠤᠪᠤᠭ᠎ᠠ ᠲᠡᠷᠭᠡ ᠶᠢ ᠵᠠᠯᠭᠠᠯᠳᠤᠭ᠎ᠠ ᠪᠠᠷ ᠨᠡᠪᠲᠡᠷᠡᠭᠦᠯᠦᠨ᠂ ᠬᠥᠬᠡᠬᠤᠲᠠ ᠪᠤᠭᠤᠲᠤ ᠣᠷᠳᠣᠰ | ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 161 ᠵᠦᠢᠯᠡᠰ ᠲᠤ ︽ᠳᠥᠷᠪᠡᠨ ᠬᠤᠲᠠ ᠶᠢᠨ ᠬᠤᠭᠤᠷᠣᠨᠳᠤ ᠵᠥᠷᠢᠶ᠎ᠡ ᠦᠭᠡᠢ ᠪᠠᠷ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠪᠡ᠃ | ᠵᠢᠷᠭᠤᠭ᠎ᠠ ᠳᠤ ᠥᠭᠡᠷᠡᠴᠢᠯᠡᠯᠲᠡ ᠨᠡᠭᠡᠭᠡᠯᠲᠡ ᠢᠯᠡᠳᠲᠡ ᠦᠷ᠎ᠡ ᠪᠦᠲᠦᠮᠵᠢ ᠲᠠᠢ ᠪᠣᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠶᠢ | ᠭᠦᠨᠵᠡᠭᠡᠶᠢᠷᠡᠭᠦᠯᠦᠨ᠂ ᠠᠵᠤ ᠠᠬᠤᠶᠢᠯᠠᠯ ᠡᠷᠬᠢᠯᠡᠨ ᠨᠡᠭᠡᠭᠡᠬᠦ ᠠᠵᠢᠯ ᠢ ︽ᠨᠢᠭᠡ ᠯᠠ ᠡᠳᠦᠷ ᠲᠤ ᠭᠦᠢᠴᠡᠳᠬᠡᠨ ᠳᠠᠭᠤᠰᠬᠠᠵᠤ︾᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ 67.8% ᠵᠦᠢᠯᠡᠰ ᠤᠨ ᠪᠥᠬᠦ ᠶᠠᠪᠤᠴᠠ ᠶᠢ ᠨᠢ ᠰᠦᠯᠵᠢᠶ᠎ᠡ ᠪᠠᠷ ᠭᠦᠢᠴᠡᠳᠬᠡᠬᠦ ᠶᠢ ᠳᠡᠮᠵᠢᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠬᠢ ᠣᠯᠠᠨᠲᠠ ᠦᠢᠯᠡᠴᠢᠯᠡᠬᠦ ᠵᠦᠢᠯᠡᠰ ᠲᠤ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠺᠣᠮᠫᠠᠨᠢ ᠶᠢᠨ ᠳᠦᠷᠢᠮ ᠤᠨ ᠥᠭᠡᠷᠡᠴᠢᠯᠡᠯᠲᠡ ᠶᠢ | ᠦᠨᠳᠦᠰᠦᠨ ᠳᠤ ᠪᠠᠨ ᠳᠠᠭᠤᠰᠬᠠᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠡᠯᠡ ᠣᠷᠤᠭᠤᠯᠤᠯᠲᠠ ᠶᠢᠨ ᠪᠦᠯᠦᠭᠯᠡᠯ ᠢ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ | ᠳᠠᠬᠢᠨᠲᠠ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠡᠨᠧᠷᠬᠢ ᠶᠢᠨ ᠪᠡᠯᠡ ᠣᠷᠤᠭᠤᠯᠤᠯᠲᠠ ᠪᠠ ᠡᠨᠧᠷᠬᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠢ | ᠡᠮᠬᠢᠯᠡᠨ ᠨᠡᠶᠢᠯᠡᠭᠦᠯᠪᠡ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠪᠠᠨ ᠬᠦᠷᠢᠶ᠎ᠡ | ᠴᠠᠷᠠᠭ᠎ᠠ ᠪᠠᠷ ᠨᠢ ᠢᠯᠭᠠᠨ ᠠᠬᠢᠭᠤᠯᠵᠤ᠂ ᠨᠣᠭᠤᠭᠠᠨ ᠮᠥᠩᠭᠦᠨ ᠭᠦᠢᠯᠭᠡᠭᠡᠨ ᠤ ᠲᠤᠰᠬᠠᠢ ᠡᠵᠡᠩᠨᠡᠯᠲᠡ ᠶᠢᠨ ᠪᠠᠶᠢᠭᠤᠯᠤᠮᠵᠢ ᠶᠢ ᠪᠠᠶᠢᠭᠤᠯᠤᠨ᠂ ᠨᠣᠭᠤᠭᠠᠨ | ᠵᠢᠭᠡᠯᠡᠯᠭᠡ ᠶᠢᠨ ᠵᠣᠭᠤᠰ 18.4% ᠨᠡᠮᠡᠭᠳᠡᠪᠡ᠃ ᠣᠷᠣᠨ ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠵᠡᠷᠭᠡ ᠲᠤᠷᠰᠢᠯᠲᠠ ᠶᠢᠨ ᠴᠡᠭ ᠢ ᠯᠠᠪᠳᠠᠭᠤᠨ | ᠪᠠᠲᠤᠲᠠᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠤ ᠪᠠᠨ | ᠪᠡᠶᠡᠯᠡᠭᠦᠯᠪᠡ᠃ ᠭᠠᠳᠠᠭᠠᠳᠤ ᠳᠤ ᠨᠡᠭᠡᠭᠡᠯᠲᠡ ᠬᠢᠬᠦ ᠨᠢᠭᠡ ᠪᠦᠯᠦᠭ ᠭᠤᠣᠯᠳᠠᠯᠭ᠎ᠠ ᠪᠣᠯᠬᠤ ᠢᠨᠵᠧᠨᠧᠷᠢᠩ ᠤᠨ ᠲᠥᠷᠥᠯ ᠵᠦᠢᠯ ᠢ ᠰᠡᠳᠦᠨ ᠲᠥᠯᠥᠪᠯᠡᠵᠦ | ᠬᠡᠷᠡᠭᠵᠢᠭᠦᠯᠦᠨ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ ᠶᠢ 304 ᠴᠤᠪᠤᠭ᠎ᠠ ᠶᠠᠪᠤᠭᠤᠯᠵᠤ᠂ ᠬᠢᠯᠢ ᠪᠠᠷ ᠭᠠᠷᠴᠤ ᠣᠷᠣᠭᠰᠠᠨ ᠳᠤᠮᠳᠠᠳᠤ | ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡ 6162 ᠴᠤᠪᠤᠭ᠎ᠠ ᠪᠠᠶᠢᠵᠤ᠂ 13.3% ᠨᠡᠮᠡᠭᠳᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠶᠡᠷᠦᠩᠬᠡᠢ ᠲᠤᠭ᠎ᠠ 1235.6 ᠳ᠋ᠦᠩᠰᠢᠭᠤᠷ ᠲᠥᠭᠦᠷᠢᠭ ᠪᠣᠯᠵᠤ᠂ 17.2% ᠨᠡᠮᠡᠭᠳᠡᠪᠡ᠃ ᠪᠥᠬᠦ ᠤᠯᠤᠰ ᠤᠨ ᠠᠵᠤ ᠦᠢᠯᠡᠳᠪᠦᠷᠢ | ᠬᠤᠳᠠᠯᠳᠤᠭ᠎ᠠ ᠶᠢᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠶᠢᠨ ᠳᠡᠭᠡᠳᠦ ᠳᠡᠰ ᠤᠨ ᠲᠦᠷᠦᠭᠦᠴᠦᠳ ᠤᠨ ᠬᠤᠷᠠᠯ ᠬᠢᠭᠡᠳ ᠪᠥᠬᠦ ᠤᠯᠤᠰ ᠤᠨ ᠠᠷᠠᠳ ᠠᠴᠠ | ᠡᠵᠡᠩᠨᠡᠭᠰᠡᠨ ᠰᠢᠯᠢᠳᠡᠭ ᠬᠦᠴᠦᠷᠬᠡᠭ ᠠᠵᠤ ᠠᠬᠤᠶᠢᠯᠠᠯ ᠤᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠠᠪᠰᠤᠷᠤᠨ ᠠᠬᠢᠭᠤᠯᠬᠤ ᠶᠡᠭᠡ ᠬᠤᠷᠠᠯ ᠢ | ᠡᠷᠬᠢᠯᠡᠨ᠂ ᠤᠯᠤᠰ ᠤᠨ ᠳᠣᠲᠣᠭᠠᠳᠤ ᠳᠠᠬᠢ ᠭᠤᠣᠯᠳᠠᠯᠭ᠎ᠠ ᠪᠣᠯᠬᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠤᠰ ᠤᠨ | ᠳᠣᠲᠣᠭᠠᠳᠤ ᠠᠴᠠ ᠣᠷᠣᠭᠤᠯᠵᠤ ᠠᠪᠴᠢᠷᠠᠭᠰᠠᠨ ᠪᠡᠯᠡ ᠮᠥᠩᠭᠦ 2112 ᠳ᠋ᠦᠩᠰᠢᠭᠤᠷ ᠲᠥᠭᠦᠷᠢᠭ ᠪᠠᠶᠢᠵᠤ᠂ 15.3% ᠨᠡᠮᠡᠭᠳᠡᠪᠡ᠃ | ᠳᠣᠯᠤᠭ᠎ᠠ ᠳᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠪᠠᠬᠢᠵᠢᠨ ᠬᠥᠭᠵᠢᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠡᠷᠡᠰ ᠪᠠᠲᠤᠳᠬᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠦᠴᠦᠲᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ︽ᠳᠡᠯᠭᠡᠷᠡᠭᠦᠯᠦᠨ ᠲᠦᠭᠡᠮᠡᠯᠵᠢᠭᠦᠯᠪᠡᠰᠦ ᠵᠣᠬᠢᠬᠤ ᠪᠦᠬᠦᠨ ᠢ ᠵᠠᠪᠠᠯ ᠳᠡᠯᠭᠡᠷᠡᠭᠦᠯᠦᠨ ᠲᠦᠭᠡᠮᠡᠯᠵᠢᠭᠦᠯᠵᠦ︾᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠠᠰᠠᠷᠠᠨ ᠬᠥᠮᠥᠵᠢᠭᠦᠯᠬᠦ ᠬᠥᠮᠦᠵᠢᠯ ᠢ ᠬᠡᠦᠬᠡᠳ ᠤᠨ ᠴᠡᠴᠡᠷᠯᠢᠭ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ᠂ | ᠬᠤᠲᠠ ᠶᠢᠨ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ ᠶᠢᠨ ᠦᠨᠡᠯᠡᠨ ᠵᠢᠱᠢᠬᠦ ᠠᠵᠢᠯ ᠢ ᠶᠡᠷᠦᠩᠬᠡᠢ ᠳᠤ ᠨᠢ ᠪᠡᠶᠡᠯᠡᠭᠦᠯᠪᠡ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠬᠢᠩᠭᠠᠨ ᠠᠶᠢᠮᠠᠭ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠳᠠᠬᠢᠨᠲᠠ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠨᠡᠩ ᠢᠯᠠᠩᠭᠤᠶ᠎ᠠ | ᠮᠠᠷᠲᠠᠭᠳᠠᠰᠢ ᠦᠭᠡᠢ ᠪᠣᠯᠤᠭᠰᠠᠨ ᠶᠠᠪᠤᠳᠠᠯ ᠪᠣᠯ᠂ ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠪᠠ ᠴᠠᠰᠤ ᠵᠤᠳ ᠪᠣᠯᠤᠭᠰᠠᠨ ᠦᠶ᠎ᠡ ᠳᠤ᠂ ᠦᠨᠳᠦᠰᠦᠲᠡᠨ | ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠨ᠂ ᠡᠯ᠎ᠡ ᠱᠠᠲᠤ ᠡᠯ᠎ᠡ ᠭᠠᠵᠠᠷ ᠤᠨ ᠬᠢᠨ ᠲᠦᠷᠭᠡᠨ ᠢᠶᠠᠷ ᠬᠦᠴᠦᠯᠡᠨ ᠲᠤᠰᠠᠯᠠᠵᠤ᠂ ᠵᠢᠷᠭᠠᠯ | ᠵᠣᠪᠠᠯ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ | ᠬᠠᠮᠲᠤᠳᠬᠠᠬᠤ ᠬᠠᠮᠲᠤ ᠶᠢᠨ ᠴᠣᠭᠴᠠ ᠶᠢᠨ ᠣᠨᠣᠯᠵᠢᠬᠤᠨ ᠢ ᠳᠠᠶᠢᠯᠤᠨ ᠲᠣᠳᠣᠷᠠᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠦᠷᠯᠢᠭ ᠰᠠᠶᠢᠬᠠᠨ | ᠬᠠᠭᠤᠳᠠᠰᠤ ᠶᠢ ᠵᠢᠷᠤᠭᠯᠠᠨ ᠪᠢᠴᠢᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠬᠠᠮᠠᠭᠠᠯᠠᠪᠠ᠃ | ᠨᠠᠢᠮᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠠᠵᠢᠯ ᠣᠯᠭᠤᠵᠤ ᠣᠷᠤᠯᠭ᠎ᠠ ᠨᠡᠮᠡᠭᠳᠡᠭᠦᠯᠬᠦ | ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠬᠤᠲᠠ ᠪᠠᠯᠭᠠᠰᠤᠨ ᠤ ᠠᠵᠢᠯ ᠣᠯᠣᠭᠰᠠᠳ 22.4 ᠲᠦᠮᠡ ᠰᠢᠨ᠎ᠡ ᠪᠠᠷ ᠨᠡᠮᠡᠭᠳᠡᠵᠦ᠂ ᠣᠨ ᠤ ᠲᠥᠯᠥᠪᠯᠡᠭᠡ ᠶᠢ 112% | ᠪᠡᠶᠡᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠤᠰ ᠲᠤᠰ 7.3% ᠪᠠ 10.7% ᠨᠡᠮᠡᠭᠳᠡᠪᠡ᠃ ᠲᠦᠭᠡᠮᠡᠯ ᠬᠠᠷᠠᠭᠠᠯᠵᠠᠯ ᠤᠨ | ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠬᠤᠶᠠᠷ ᠢ ᠬᠥᠩᠭᠡᠷᠡᠭᠦᠯᠬᠦ︾ ᠲᠥᠷᠥ ᠶᠢᠨ | ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠤᠨ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠦᠨᠳᠦᠰᠦᠨ ᠳᠤ ᠪᠠᠨ | ᠲᠡᠩᠴᠡᠭᠦᠷᠢᠰᠢᠭᠦᠯᠬᠦ ᠮᠠᠭᠠᠳᠯᠠᠯᠲᠠ ᠶᠢ ᠪᠦᠬᠦ ᠬᠦᠷᠢᠶ᠎ᠡ ᠴᠠᠷᠠᠭᠠᠨ ᠳᠤ ᠪᠠᠲᠤᠯᠠᠪᠠ᠃ ᠬᠦᠨᠳᠦ ᠶᠡᠭᠡ ᠬᠢᠵᠢᠭ ᠤᠨ ᠪᠠᠶᠢᠳᠠᠯ ᠳᠤ ᠠᠪᠤᠷᠠᠨ ᠵᠠᠰᠠᠬᠤ ᠰᠠᠭᠤᠷᠢᠨ ᠭᠠᠵᠠᠷ᠂ | ᠬᠤᠲᠠ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠶᠢᠨ ᠪᠠᠶᠢᠭᠤᠯᠤᠯᠲᠠ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠪᠠᠲᠤᠯᠠᠭ᠎ᠠ ᠶᠢᠨ | ᠢᠨᠵᠧᠨᠧᠷᠢᠩ ᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠦ ᠴᠢᠳᠠᠪᠤᠷᠢ ᠪᠦᠬᠦᠯᠢ ᠴᠣᠭᠴᠠ ᠪᠠᠷ ᠢᠶᠠᠨ ᠳᠡᠭᠡᠭᠰᠢᠯᠡᠪᠡ᠃ | ᠤᠯᠠᠭᠠᠨᠮᠥ᠋ᠴᠢᠷ ᠤᠨ ᠥᠭᠡᠷᠡᠴᠢᠯᠡᠯᠲᠡ ᠰᠢᠨ᠎ᠡ ᠡᠭᠦᠳᠦᠯᠲᠡ ᠶᠢ ᠳᠡᠮᠵᠢᠵᠦ᠂ ᠯᠢᠶᠤᠤ ᠤᠯᠤᠰ ᠤᠨ ᠦᠶ᠎ᠡ ᠶᠢᠨ ᠦ᠋ ᠠᠨ ᠵᠧᠦ ᠶᠢᠨ ᠰᠤᠪᠤᠷᠭ᠎ᠠ ᠶᠢ ᠬᠠᠮᠠᠭᠠᠯᠠᠵᠤ | ᠰᠡᠯᠪᠢᠨ ᠵᠠᠰᠠᠬᠤ ᠠᠵᠢᠯ ᠢᠶᠠᠨ ᠪᠡᠶᠡᠯᠡᠭᠦᠯᠵᠦ᠂ ᠬᠢᠯᠢ ᠬᠢᠵᠠᠭᠠᠷ ᠪᠤᠶᠢᠲᠠ ᠪᠥᠭᠯᠡᠭᠦᠦ ᠭᠠᠵᠠᠷ ᠤᠨ 12.12 ᠲᠦᠮᠡᠨ ᠮᠠᠯᠵᠢᠬᠤ ᠡᠷᠦᠬᠡ ᠳᠤ ᠣᠶᠤᠨᠯᠢᠭ ᠷᠠᠳᠢᠣ᠋ | ᠲᠧᠯᠸᠢᠰ ᠤᠨ ᠰᠦᠯᠵᠢᠶ᠎ᠡ ᠶᠢ ᠨᠠᠪᠲᠠᠷᠡᠭᠦᠯᠵᠦ᠂ ᠪᠦᠬᠦ ᠤᠯᠤᠰ ᠤᠨ ᠬᠤᠯᠪᠣᠭᠠᠲᠤ ᠣᠷᠤᠯᠳᠤᠭᠠᠨ ᠳᠤ ᠥᠪᠥᠷ ᠮᠣᠩᠭᠤᠯ ᠤᠨ ᠬᠥᠳᠡᠭᠡ ᠲᠤᠰᠬᠤᠨ ᠤ ᠢᠲᠡᠭᠡᠮᠵᠢ ᠶᠢᠨ | ᠬᠤᠷᠰᠢᠶᠠᠨ ᠤ ᠡᠮᠡᠭᠲᠡᠢ ᠶᠢᠨ ᠰᠠᠭᠰᠤᠨ ᠪᠥᠮᠪᠦᠭᠡ ᠶᠢᠨ ᠠᠩᠭᠢ ᠮᠠᠩᠯᠠᠶᠢᠯᠠᠪᠠ᠂ ᠣᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠬᠥᠳᠡᠯᠭᠡᠭᠡᠨ ᠥᠷᠨᠢᠵᠦ ᠡᠬᠢᠯᠡᠪᠡ᠃ | ᠨᠡᠶᠢᠭᠡᠮ ᠤᠨ ᠳᠠᠭᠠᠳᠬᠠᠯ ᠳᠤ ᠣᠷᠤᠯᠴᠠᠬᠤ ᠬᠡᠪᠴᠢᠶ᠎ᠡ ᠶᠢ ᠥᠷᠭᠡᠳᠬᠡᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠨᠠᠰᠤᠵᠢᠯ ᠤᠨ ᠮᠥᠩᠭᠦ᠂ ᠡᠮᠴᠢᠯᠡᠭᠡᠨ ᠤ | ᠳᠠᠭᠠᠳᠬᠠᠯ ᠤᠨ ᠨᠥᠬᠦᠪᠦᠷᠢ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠵᠤ ᠠᠰᠠᠷᠠᠨ | ᠲᠡᠵᠢᠭᠡᠬᠦ ᠪᠠᠷᠢᠮᠵᠢᠶ᠎ᠠ ᠤᠯᠠᠮ ᠨᠢᠭᠡ ᠠᠯᠬᠤᠮ ᠳᠡᠭᠡᠭᠰᠢᠯᠡᠵᠦ᠂ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠯᠠᠪᠳᠠᠭᠤᠨ | ᠪᠠᠲᠤᠲᠠᠢ ᠠᠬᠢᠪᠠ᠃ ᠬᠠᠭᠤᠴᠢᠨ ᠰᠠᠭᠤᠭᠠᠯᠢ ᠲᠣᠭᠤᠷᠢᠭ ᠲᠠᠬᠢ 23.8 ᠲᠦᠮᠡᠨ ᠡᠷᠦᠬᠡ ᠶᠢ ᠥᠭᠡᠷᠡᠴᠢᠯᠡᠨ ᠰᠢᠨᠡᠳᠬᠡᠵᠦ᠂ ᠳᠦᠭᠦᠮ ᠪᠦᠲᠦᠴᠡᠲᠦ ᠣᠷᠣᠨ | ᠰᠠᠭᠤᠴᠠ ᠶᠢᠨ ᠲᠣᠭᠤᠷᠢᠭ ᠤᠨ 2.59 ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ᠂ ᠨᠡᠶᠢᠲᠡ 2947 2947 ᠲᠣᠷᠤᠯ ᠵᠦᠢᠯ᠂ 139.7 | ᠲᠦᠮᠡᠨ ᠢᠵᠢ ᠭᠡᠷ ᠪᠠᠶᠢᠰᠢᠩ ᠭᠠᠵᠠᠷ ᠬᠥᠷᠥᠩᠭᠡ ᠶᠢᠨ ᠥᠩᠭᠡᠷᠡᠭᠰᠡᠨ ᠤ ᠦᠯᠡᠳᠡᠭᠳᠡᠵᠦ ᠪᠠᠶᠢᠭᠰᠠᠨ ᠠᠰᠠᠭᠤᠳᠠᠯ ᠢ ᠰᠢᠢᠳᠪᠦᠷᠢᠯᠡᠪᠡ᠃ ᠨᠡᠶᠢᠭᠡᠮ ᠤᠨ ᠵᠠᠰᠠᠯᠲᠠ ᠶᠢ | ᠴᠢᠩᠭᠠᠳᠬᠠᠨ ᠰᠢᠨ᠎ᠡ ᠶᠢ ᠡᠭᠦᠳᠴᠦ᠂ ᠬᠦᠬᠡᠬᠤᠲᠠ ︽2021 ᠣᠨ ᠤ ᠳᠤᠮᠳᠠᠳᠤ ᠤᠯᠤᠰ ᠤᠨ ᠳᠠᠭᠠᠭᠤᠯᠤᠭᠴᠢ ᠣᠶᠤᠨᠯᠢᠭ ᠬᠤᠲᠠ︾ ᠪᠠᠷ ᠰᠣᠩᠭᠤᠭᠳᠠᠨ᠂ | ᠣᠷᠳᠣᠰ ᠠᠮᠤᠭᠤᠯᠠᠩᠲᠤ ᠳᠤᠮᠳᠠᠳᠤ ᠤᠯᠤᠰ ᠤᠨ ᠪᠠᠶᠢᠭᠤᠯᠤᠯᠲᠠ ᠶᠢᠨ ︽ᠴᠠᠩ ᠠᠨ ᠬᠤᠨᠳᠠᠭᠠᠲᠤ︾ ᠶᠢᠨ ᠢᠷᠠᠭᠤ ᠠᠯᠳᠠᠷ ᠢ ᠬᠦᠷᠲᠡᠵᠦ᠂ ᠪᠥᠬᠦ ᠣᠷᠣᠨ ᠤ | ᠭᠤᠷᠪᠠᠨ ᠱᠠᠲᠤᠨ ᠤ ᠨᠡᠶᠢᠭᠡᠮ ᠤᠨ ᠠᠵᠢᠯ ᠤᠨ ᠲᠠᠪᠴᠠᠩ᠂ ᠴᠠᠬᠢᠯᠭᠠᠨ ᠬᠤᠯᠪᠣᠭᠠᠨ ᠤ ᠮᠡᠬᠡᠯᠡᠯ ᠢ ᠡᠰᠡᠷᠭᠦᠴᠡᠬᠦ ᠲᠥᠪ ᠤᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠪᠠᠷ ᠠᠬᠢᠭᠤᠯᠵᠤ᠂ ᠳᠠᠬᠢᠨ ᠳᠠᠪᠲᠠᠨ ᠵᠠᠬᠢᠳᠠᠯ ᠰᠤᠷᠪᠤᠯᠵᠢᠯᠠᠯ ᠬᠢᠬᠦ ᠶᠢ ᠵᠠᠰᠠᠭᠰᠠᠨ ᠪᠠ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠭᠰᠠᠨ | ᠲᠤᠰᠬᠠᠢ ᠠᠵᠢᠯ ᠤᠨ ᠦᠷ᠎ᠡ ᠪᠦᠲᠦᠮᠵᠢ ᠢᠯᠡᠷᠬᠡᠢ ᠪᠣᠯᠪᠠ᠃ ᠪᠠᠶᠢᠭᠠᠯᠢ ᠶᠢᠨ ᠭᠠᠢ ᠭᠠᠮᠰᠢᠭ ᠢ ᠪᠦᠲᠦᠮᠵᠢᠲᠡᠢ ᠠᠷᠭᠠᠴᠠᠭᠠᠵᠤ᠂ ᠠᠮᠤᠷ ᠲᠦᠪᠰᠢᠨ ᠤ ᠲᠠᠯ᠎ᠠ ᠪᠠᠷ ᠬᠢ | ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠂ ᠠᠶᠤᠯ ᠦᠭᠡᠢ ᠦᠢᠯᠡᠳᠪᠦᠷᠢᠯᠡᠯ ᠤᠨ ᠠᠳᠡᠯ ᠬᠡᠷᠡᠭ | ᠭᠠᠷᠤᠭᠰᠠᠨ ᠲᠤᠭ᠎ᠠ ᠪᠠ ᠠᠳᠡᠭᠰᠡᠨ ᠬᠥᠮᠥᠨ ᠤ ᠲᠤᠭ᠎ᠠ ᠴᠥᠮ ᠪᠠᠭᠠᠰᠴᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠠᠯ᠎ᠠ ᠳᠤ ᠬᠦᠨᠳᠦ ᠶᠡᠭᠡ | ᠬᠡᠷᠡᠭ ᠡᠭᠦᠰᠦᠭᠰᠡᠨ ᠦᠭᠡᠢ ᠪᠠᠶᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠪᠠ᠃ | ᠨᠢᠭᠡ ᠵᠢᠯ ᠤᠨ ᠲᠤᠷᠰᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ ᠪᠠ ᠠᠰᠠᠷᠠᠨ ᠬᠠᠷᠠᠭᠠᠯᠵᠠᠬᠤ᠂ ᠴᠡᠷᠢᠭ ᠤᠨ | ᠠᠯᠪᠠ ᠠᠴᠠ ᠬᠠᠯᠠᠭᠳᠠᠭᠰᠠᠳ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠳᠤ ᠴᠥᠮ ᠰᠢᠨ᠎ᠡ ᠠᠮᠵᠢᠯᠲᠠ ᠣᠯᠵᠤ᠂ ᠭᠠᠳᠠᠭᠠᠳᠤ ᠶᠠᠪᠤᠳᠠᠯ ᠪᠠ | ᠬᠠᠷᠢᠶᠠᠲᠤ ᠶᠢᠨ ᠶᠠᠪᠤᠳᠠᠯ᠂ ᠲᠤᠭ᠎ᠠ ᠪᠦᠷᠢᠳᠬᠡᠯ ᠪᠠᠶᠢᠴᠠᠭᠠᠯᠲᠠ᠂ ᠰᠣᠨᠢᠨ ᠮᠡᠳᠡᠭᠡ ᠷᠠᠳᠢᠣ᠋ ᠲᠧᠯᠸᠢᠰ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠪᠠ | ᠨᠢᠭᠤᠴᠠ ᠶᠢ ᠬᠠᠮᠠᠭᠠᠯᠠᠬᠤ᠂ ᠵᠥᠪᠳᠡᠭᠴᠢ ᠪᠠ ᠲᠡᠦᠬᠡ ᠰᠣᠶᠣᠯ᠂ ᠭᠠᠵᠠᠷ ᠬᠥᠳᠡᠯᠦᠯᠲᠡ ᠪᠠ ᠴᠠᠭ ᠠᠭᠤᠷ᠂ ᠭᠠᠵᠠᠷ ᠰᠢᠨᠵᠢᠯᠡᠭᠡᠨ ᠤ ᠬᠡᠮᠵᠢᠨ ᠵᠢᠷᠤᠭᠯᠠᠯ ᠵᠡᠷᠭᠡ | ᠠᠵᠢᠯ ᠦᠢᠯᠡᠰ ᠲᠤ ᠴᠥᠮ ᠰᠢᠨ᠎ᠡ ᠦᠷ᠎ᠡ ᠪᠦᠲᠦᠮᠵᠢ ᠲᠠᠢ ᠪᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ ᠵᠡᠮᠳᠡᠭᠴᠦᠳ ᠤᠨ | ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠰᠤᠲᠠᠶᠢᠴᠤᠳ ᠤᠨ ᠠᠵᠢᠯ ᠤᠨ ᠵᠥᠪᠯᠡᠯ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ | ᠵᠥᠪᠯᠡᠯ ᠵᠡᠷᠭᠡ ᠵᠣᠬᠢᠶᠠᠨ ᠪᠠᠶᠢᠭᠤᠯᠤᠯᠲᠠ ᠴᠥᠮ ᠰᠢᠨ᠎ᠡ ᠳᠦᠷᠰᠦ ᠪᠠᠶᠢᠳᠠᠯ ᠢᠯᠡᠷᠡᠪᠡ᠃ | ᠨᠢᠭᠡ ᠵᠢᠯ ᠤᠨ ᠲᠤᠷᠰᠢ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠰᠢᠨ᠎ᠡ ᠪᠠᠷ ᠴᠢᠩᠭᠠᠷᠠᠪᠠ᠃ ᠪᠢᠳᠡ ᠤᠯᠤᠰ ᠲᠥᠷᠥ ᠶᠢᠨ | ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠪᠢ ᠣᠯᠠᠨ | ᠲᠦᠮᠡᠨ ᠳᠤ ᠪᠣᠳᠠᠲᠠᠢ ᠶᠠᠪᠤᠳᠠᠯ ᠬᠢᠬᠦ︾ ᠨᠠᠷᠢᠨ ᠳᠠᠩᠰᠠᠨ ᠤ ᠵᠦᠢᠯᠡᠰ ᠢ ᠪᠥᠬᠦ ᠲᠠᠯ᠎ᠠ ᠪᠠᠷ ᠪᠡᠶᠡᠯᠡᠭᠦᠯᠦᠨ᠂ ᠲᠥᠪ ᠤᠨ ᠲᠣᠭᠤᠷᠢᠨ ᠪᠠᠶᠢᠴᠠᠭᠠᠯᠲᠠ ᠪᠠ ᠬᠢᠨᠠᠨ | ᠪᠣᠳᠣᠯᠲᠠ ᠪᠠᠷ ᠲᠤᠰᠬᠠᠭᠰᠠᠨ ᠴᠡᠭᠴᠡᠯᠡᠵᠦ ᠰᠠᠶᠢᠵᠢᠷᠠᠭᠤᠯᠬᠤ ᠠᠵᠢᠯ ᠢ ᠬᠢᠨᠠᠮᠠᠭᠠᠢ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠬᠦᠷᠢᠶ᠎ᠡ ᠪᠠ ᠤᠯᠤᠰ ᠤᠨ | ᠥᠮᠴᠢᠯᠡᠯᠲᠦ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠨᠡᠭᠡᠭᠡᠯᠲᠡ ᠶᠢᠨ ᠲᠣᠭᠤᠷᠢᠭ ᠤᠨ ᠰᠢᠰᠲ᠋ᠧᠮ ᠳᠠᠬᠢ ᠬᠡᠷᠡᠭ ᠢᠶᠠᠷ ᠴᠡᠭᠴᠡᠯᠡᠯᠲᠡ | ᠰᠠᠶᠢᠵᠢᠷᠠᠭᠤᠯᠤᠯᠲᠠ ᠶᠢ ᠠᠬᠢᠭᠤᠯᠬᠤ ᠠᠵᠢᠯ ᠢᠶᠠᠨ ᠭᠦᠨᠵᠡᠭᠡᠶᠢᠷᠡᠭᠦᠯᠦᠨ ᠠᠬᠢᠭᠤᠯᠵᠤ᠂ ᠵᠠᠰᠠᠭ ᠤᠨ ᠣᠷᠳᠣᠨ ᠤ ᠠᠵᠢᠯ ᠤᠨ ᠦᠷ᠎ᠡ ᠠᠰᠢᠭ᠂ | ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ᠂ ᠵᠠᠰᠠᠯᠲᠠ ᠬᠢᠭᠰᠡᠨ ᠦᠷ᠎ᠡ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠪᠡ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠨ᠂ ᠡᠯ᠎ᠡ ᠲᠠᠯ᠎ᠠ ᠶᠢᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠰᠢᠶᠡᠷᠡᠭᠦᠯᠦᠭᠰᠡᠨ ᠬᠠᠤᠯᠢ ᠲᠣᠭᠲᠠᠭᠠᠯ ᠤᠨ ᠲᠠᠯ᠎ᠠ ᠶᠢᠨ ᠰᠠᠨᠠᠯ | ᠵᠥᠪᠯᠡᠯᠭᠡ 36 ᠪᠠᠶᠢᠵᠤ᠂ ᠵᠠᠰᠠᠭ ᠤᠨ ᠣᠷᠳᠣᠨ ᠤ 29 ᠲᠣᠭᠲᠠᠭᠠᠯ ᠳᠦᠷᠢᠮ ᠢ ᠲᠣᠭᠲᠠᠭᠠᠵᠤ᠂ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 585 ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ 583 ᠰᠠᠨᠠᠯ | ᠳᠤᠷᠠᠳᠤᠯᠭ᠎ᠠ ᠶᠢ ᠴᠥᠮ ᠭᠦᠢᠴᠡᠳᠬᠡᠵᠦ ᠳᠠᠭᠤᠰᠬᠠᠪᠠ᠃ ᠠᠷᠪᠢᠴᠢ ᠭᠠᠮᠲᠠᠢ ᠠᠮᠢᠳᠤᠷᠠᠬᠤ ᠶᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠭᠤᠣᠯᠳᠠᠯᠭ᠎ᠠ ᠶᠢᠨ ᠪᠤᠰᠤ᠂ ᠵᠠᠪᠠᠯ ᠬᠡᠷᠡᠭᠰᠡᠬᠦ ᠪᠤᠰᠤ ᠴᠢᠨᠠᠷᠲᠠᠢ ᠵᠠᠷᠤᠯᠭ᠎ᠠ ᠶᠢᠨ ᠲᠥᠰᠥᠪ ᠢ 55.5 ᠳ᠋ᠦᠩᠰᠢᠭᠤᠷ ᠲᠥᠭᠦᠷᠢᠭ ᠬᠠᠰᠤᠨ ᠪᠠᠭᠠᠰᠬᠠᠵᠤ᠂ | ᠶᠡᠷᠦᠩᠬᠡᠢ ᠳᠤ ᠨᠢ ᠬᠠᠰᠤᠵᠤ ᠪᠠᠭᠠᠰᠬᠠᠭᠰᠠᠨ ᠨᠤᠷᠮ᠎ᠠ 34.4% ᠪᠣᠯᠪᠠ᠃ | ᠲᠥᠯᠥᠭᠡᠯᠡᠭᠴᠢᠳ ᠠ᠋᠂ ᠥᠩᠭᠡᠷᠡᠭᠰᠡᠨ ᠨᠢᠭᠡ ᠵᠢᠯ ᠳᠤ᠂ ᠬᠦᠴᠢᠷᠳᠡᠯ ᠣᠯᠠᠨ ᠥᠷᠢᠰᠦᠯᠳᠦᠭᠡᠨ ᠶᠡᠭᠡ ᠪᠠᠶᠢᠳᠠᠯ ᠳᠣᠣᠷ᠎ᠠ᠂ ᠮᠠᠨ ᠤ ᠣᠷᠣᠨ ᠤ ᠡᠯ᠎ᠡ | ᠵᠦᠢᠯ ᠤᠨ ᠠᠵᠢᠯ ᠦᠢᠯᠡᠰ ᠬᠥᠭᠵᠢᠨ ᠳᠠᠪᠰᠢᠵᠤ ᠴᠢᠳᠠᠭᠰᠠᠨ ᠶᠠᠪᠤᠳᠠᠯ ᠪᠣᠯ ᠦᠨᠳᠦᠰᠦᠨ ᠳᠤ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠣᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠪᠠᠷ ᠵᠢᠯᠣᠭᠤᠳᠤᠨ ᠳᠠᠭᠠᠭᠤᠯᠤᠭᠰᠠᠨ ᠪᠠ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ | ᠮᠣᠩᠭᠤᠯ ᠳᠤ ᠴᠢᠭᠯᠡᠯ ᠲᠣᠭᠲᠠᠭᠠᠵᠤ ᠵᠠᠮ ᠵᠢᠭᠠᠵᠤ ᠤᠳᠤᠷᠢᠳᠤᠭᠰᠠᠨ ᠳᠤ ᠪᠣᠢ᠃ ᠮᠠᠨ ᠤ ᠣᠷᠣᠨ ᠤ ᠡᠯ᠎ᠡ ᠵᠦᠢᠯ ᠤᠨ ᠠᠵᠢᠯ ᠳᠤ ᠣᠯᠣᠭᠰᠠᠨ ᠠᠮᠵᠢᠯᠲᠠ ᠪᠦᠲᠦᠮᠵᠢ | ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ | ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠲᠦᠮᠵᠢᠲᠡᠢ ᠬᠢᠨᠠᠯᠲᠠ ᠲᠠᠯᠪᠢᠵᠤ ᠶᠡᠭᠡ ᠪᠠᠷ ᠳᠡᠮᠵᠢᠭᠰᠡᠨ ᠤ ᠦᠷ᠎ᠡ ᠳ᠋ᠦᠩ ᠪᠣᠯᠣᠨ᠎ᠠ᠃ | ᠠᠳᠡ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠣᠷᠣᠨ ᠤ ᠦᠨᠳᠦᠰᠦᠲᠡᠨ ᠨᠦᠭᠦᠳ ᠤᠨ 2400 | ᠲᠦᠮᠡ ᠭᠠᠷᠤᠢ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ | ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠠᠷᠠᠳ ᠤᠨ ᠪᠦᠯᠬᠦᠮ᠂ ᠨᠡᠶᠢᠭᠡᠮ ᠤᠨ ᠡᠯ᠎ᠡ | ᠡᠲᠡᠭᠡᠳ ᠤᠨ ᠬᠢᠨ᠂ ᠲᠥᠪ ᠤᠨ ᠡᠯ᠎ᠡ ᠰᠠᠯᠠᠭ᠎ᠠ ᠮᠥᠴᠢᠷ᠂ ᠠᠬ᠎ᠠ ᠳᠡᠭᠦᠦ ᠮᠤᠵᠢ ᠣᠷᠣᠨ ᠬᠤᠲᠠ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠢᠯᠦᠭᠡᠯᠡᠬᠦ | ᠴᠡᠷᠢᠭ ᠪᠠ ᠵᠡᠪᠰᠡᠭᠲᠦ ᠴᠠᠭᠳᠠᠭᠠᠨ ᠤ ᠴᠡᠷᠢᠭ ᠠᠩᠭᠢ᠂ ᠥᠪᠥᠷ ᠮᠣᠩᠭᠤᠯ ᠢ ᠬᠠᠯᠠᠮᠵᠢᠯᠠᠨ ᠳᠡᠮᠵᠢᠭᠰᠡᠨ ᠪᠦᠬᠦ ᠨᠠᠶᠢᠵᠠ ᠨᠥᠬᠦᠳ ᠲᠤ ᠴᠢᠩ ᠰᠡᠳᠬᠢᠯ ᠤᠨ ᠲᠠᠯᠠᠷᠬᠠᠯ | ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠬᠤᠶᠠᠷ᠂ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠱᠠᠭᠠᠷᠳᠠᠯᠭ᠎ᠠ | ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠ ᠲᠠᠢ ᠬᠤᠷᠠᠯᠳᠤᠬᠤ ᠪᠠᠷ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠶᠠᠭ ᠭᠦᠨᠵᠡᠭᠡᠢ ᠥᠷᠨᠢᠵᠦ | ᠪᠠᠶᠢᠨ᠎ᠠ᠂ ᠡᠳᠡᠭᠡᠷ ᠨᠢ ᠥᠪᠥᠷ ᠮᠣᠩᠭᠤᠯ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠴᠠ ᠳᠤ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠣᠭᠲᠠᠭᠤᠨ ᠤ ᠳᠠᠭᠠᠤ ᠤᠷᠤᠭᠰᠢᠯᠠᠬᠤ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠪᠦᠷᠢᠨ ᠭᠦᠢᠴᠡᠳ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠭᠰᠠᠨ ᠬᠥᠭᠵᠢᠯᠲᠡ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ | ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠥᠬᠦᠷᠡᠰᠢ ᠦᠭᠡᠢ ᠪᠠᠲᠤᠳᠬᠠᠨ᠂ | ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ ᠶᠢ ᠲᠦᠷᠭᠡᠳᠬᠡᠨ | ᠪᠠᠶᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ | ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠬᠡᠪᠴᠢᠶᠡᠨ ᠳᠤ ᠪᠠᠶᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠪᠠᠲᠤᠯᠠᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠶ᠎ᠠ | ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ ᠠᠵᠢᠯ ᠣᠯᠣᠭᠰᠠᠳ ᠢ 20 ᠭᠠᠷᠤᠢ ᠲᠦᠮᠡ ᠰᠢᠨ᠎ᠡ ᠪᠠᠷ ᠨᠡᠮᠡᠭᠳᠡᠭᠦᠯᠵᠦ᠂ ᠬᠤᠲᠠ | ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠤᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ | ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ | ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠤᠯᠤᠰ ᠠᠴᠠ | ᠪᠠᠭᠤᠯᠭᠠᠭᠰᠠᠨ ᠡᠨᠧᠷᠬᠢ ᠠᠷᠪᠢᠯᠠᠵᠤ ᠪᠣᠬᠢᠷᠳᠤᠯ ᠢ ᠭᠠᠳᠠᠭᠰᠢᠯᠠᠭᠤᠯᠬᠤ ᠪᠠᠨ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠠᠵᠤ ᠠᠬᠤᠢ ᠶᠢᠨ ᠨᠡᠮᠡᠭᠳᠡᠯ ᠤᠨ | ᠬᠠᠷᠠᠯᠲᠠ ᠶᠢ 6% ᠣᠷᠴᠢᠮ ᠪᠠᠶᠢᠯᠭᠠᠬᠤ ᠪᠠᠷ ᠲᠣᠭᠲᠠᠭᠠᠭᠰᠠᠨ ᠶᠠᠪᠤᠳᠠᠯ ᠪᠣᠯ ᠲᠣᠭᠲᠠᠭᠤᠨ ᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠠᠭᠠᠤ ᠤᠷᠤᠭᠰᠢᠯᠠᠬᠤ | ᠱᠠᠭᠠᠷᠳᠠᠯᠭ᠎ᠠ ᠶᠢ ᠲᠤᠭᠤᠰᠢᠯᠠᠭᠤᠯᠤᠨ᠂ ᠬᠥᠳᠡᠯᠭᠡᠭᠦ ᠬᠦᠴᠦᠨ ᠤ ᠲᠤᠯᠭᠠᠭᠤᠷᠢᠯᠠᠯ᠂ ᠳᠠᠷᠤᠯᠲᠠ ᠬᠦᠯᠢᠶᠡᠬᠦ ᠳᠠᠭᠠᠭᠠᠴᠠ ᠪᠠ ᠪᠤᠰᠤᠳ ᠵᠢᠱᠢᠭᠰᠡᠨ ᠬᠠᠷᠠᠯᠲᠠ ᠲᠠᠢ | ᠬᠠᠷᠢᠯᠴᠠᠨ ᠵᠣᠬᠢᠴᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠲᠠᠢ ᠵᠣᠯᠭᠠᠭᠤᠯᠬᠤ ᠪᠠᠷ ᠪᠣᠳᠣᠯᠬᠢᠯᠠᠪᠠ᠂ ᠡᠨᠡ ᠨᠢ | ᠠᠵᠢᠯ ᠣᠯᠭᠤᠯᠲᠠ ᠶᠢ ᠪᠠᠲᠤᠯᠠᠬᠤ᠂ ᠲᠦᠭᠰᠢᠭᠦᠷᠢ ᠶᠢ ᠰᠡᠷᠭᠡᠶᠢᠯᠡᠬᠦ᠂ ᠵᠢᠱᠢᠯᠲᠡ ᠶᠢ ᠲᠣᠭᠲᠠᠪᠤᠷᠢᠵᠢᠭᠤᠯᠬᠤ ᠳᠤ ᠠᠰᠢᠭᠲᠠᠢ᠂ ᠪᠦᠲᠦᠴᠡ ᠶᠢ ᠲᠣᠬᠢᠷᠠᠭᠤᠯᠬᠤ᠂ | ᠴᠢᠳᠠᠮᠵᠢ ᠶᠢ ᠬᠤᠪᠢᠷᠠᠭᠤᠯᠬᠤ᠂ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ ᠪᠥᠭᠡᠳ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢ ᠠᠳᠬᠤᠬᠤ ᠢᠳᠡᠪᠬᠢᠵᠢᠯ ᠪᠠ | ᠰᠠᠨᠠᠭᠠᠴᠢᠯᠠᠭᠠᠲᠤ ᠴᠢᠨᠠᠷ ᠢ ᠨᠢ ᠳᠠᠶᠢᠴᠢᠯᠠᠨ ᠳᠡᠭᠡᠭᠰᠢᠯᠡᠭᠦᠯᠬᠦ ᠳᠤ ᠠᠰᠢᠭᠲᠠᠢ ᠶᠤᠮ᠃ | ᠶᠡᠷᠦᠩᠬᠡᠶᠢᠯᠡᠨ ᠵᠠᠳᠠᠯᠪᠠᠯ᠂ ᠡᠳᠡᠭᠡᠷ ᠬᠠᠷᠠᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠲᠤᠯᠭᠠᠭᠤᠷᠢᠯᠠᠬᠤ ᠨᠥᠬᠦᠴᠡᠯ ᠲᠠᠢ ᠪᠠᠶᠢᠬᠤ ᠮᠥᠷᠲᠡᠭᠡᠨ | ᠬᠦᠴᠢᠷᠳᠡᠯ ᠥᠷᠢᠰᠦᠯᠳᠦᠭᠡᠨ ᠪᠠᠰᠠ ᠲᠤᠯᠭᠠᠷᠠᠵᠤ ᠪᠠᠶᠢᠨ᠎ᠠ᠃ ᠪᠦᠬᠦ ᠤᠯᠤᠰ ᠤᠨ ᠪᠠᠶᠢᠳᠠᠯ ᠠᠴᠠ ᠦᠵᠡᠪᠡᠯ᠂ ᠮᠠᠨ ᠤ ᠤᠯᠤᠰ ᠤᠨ ᠠᠵᠤ ᠠᠬᠤᠢ ᠤᠶᠠᠨ ᠬᠠᠳᠠᠨ | ᠴᠢᠨᠠᠷ ᠢᠶᠠᠷ ᠴᠢᠩᠭ᠎ᠠ᠂ ᠤᠷᠲᠤ ᠬᠤᠭᠤᠴᠠᠭ᠎ᠠ ᠪᠠᠷ ᠰᠠᠶᠢᠵᠢᠷᠠᠵᠤ ᠪᠠᠶᠢᠭ᠎ᠠ ᠦᠨᠳᠦᠰᠦᠨ ᠪᠠᠶᠢᠳᠠᠯ ᠳᠤ ᠬᠤᠪᠢᠷᠠᠯᠲᠠ ᠦᠭᠡᠢ᠂ ᠭᠡᠪᠡᠴᠦ ᠲᠤᠰ ᠡᠷᠢᠨ ᠵᠠᠭᠤᠨ ᠳᠠᠬᠢ | ᠬᠢᠵᠢᠭ ᠤᠨ ᠪᠠᠶᠢᠳᠠᠯ ᠤᠨ ᠳᠠᠭᠠᠷᠢᠯᠲᠠ ᠳᠣᠣᠷ᠎ᠠ ᠵᠠᠭᠤᠨ ᠣᠨ ᠤ ᠶᠡᠷᠦ ᠪᠤᠰᠤ ᠶᠢᠨ ᠪᠠᠶᠢᠳᠠᠯ ᠲᠦᠷᠭᠡᠨ ᠢᠶᠠᠷ ᠤᠯᠠᠷᠢᠨ ᠬᠤᠪᠢᠰᠴᠤ ᠪᠠᠶᠢᠨ᠎ᠠ᠂ ᠭᠠᠳᠠᠷ ᠣᠷᠴᠢᠨ ᠨᠡᠩ | ᠨᠠᠷᠢᠨ ᠪᠤᠳᠤᠯᠢᠶᠠᠨ ᠲᠠᠢ ᠨᠡᠩ ᠬᠦᠨᠳᠦ ᠨᠣᠴᠢᠲᠠᠢ ᠪᠠ ᠲᠣᠭᠲᠠᠪᠤᠷᠢ ᠦᠭᠡᠢ ᠪᠣᠯᠵᠤ ᠪᠣᠢ᠂ ᠠᠵᠤ ᠠᠬᠤᠢ ᠶᠢᠨ ᠬᠥᠭᠵᠢᠯᠲᠡ ᠳᠤ ᠬᠡᠷᠡᠭᠴᠡᠭᠡ ᠱᠠᠭᠠᠷᠳᠠᠯᠭ᠎ᠠ ᠪᠠᠭᠠᠰᠬᠤ | ᠂ ᠬᠠᠩᠭᠠᠯᠭ᠎ᠠ ᠶᠢᠨ ᠲᠠᠯ᠎ᠠ ᠳᠠᠭᠠᠷᠢᠭᠳᠠᠬᠤ᠂ ᠵᠢᠱᠢᠯᠲᠡ ᠪᠠᠭᠤᠷᠠᠬᠤ ᠭᠤᠷᠪᠠᠨ ᠳᠠᠪᠬᠤᠷ ᠳᠠᠷᠤᠯᠲᠠ ᠲᠤᠯᠭᠠᠷᠠᠵᠤ ᠪᠠᠶᠢᠨ᠎ᠠ᠃ ᠮᠠᠨ ᠤ ᠣᠷᠣᠨ ᠤ ᠪᠠᠶᠢᠳᠠᠯ ᠠᠴᠠ | ᠦᠵᠡᠪᠡᠯ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠰᠦᠪᠡᠭᠴᠢᠯᠡᠬᠦ ᠠᠰᠠᠭᠤᠳᠠᠯ ᠢᠶᠠᠨ | ᠲᠠᠰᠤᠷᠠᠯᠲᠠ ᠦᠭᠡᠢ ᠰᠢᠢᠳᠪᠦᠷᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠳᠤᠯ ᠦᠭᠡᠢ ᠪᠣᠯᠭᠠᠬᠤ ᠲᠡᠶᠢᠰᠢ ᠬᠡᠯᠪᠡᠷᠢ ᠪᠠᠨ | ᠬᠤᠪᠢᠷᠠᠭᠤᠯᠬᠤ ᠪᠠᠶᠢᠳᠠᠯ ᠦᠷᠭᠦᠯᠵᠢᠯᠡᠨ ᠰᠠᠶᠢᠵᠢᠷᠠᠵᠤ ᠪᠠᠶᠢᠭ᠎ᠠ ᠪᠣᠯᠪᠠᠴᠤ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠪᠤᠰᠤ ᠠᠰᠠᠭᠤᠳᠠᠯ ᠮᠥᠨ ᠬᠦ | ᠲᠣᠪᠤᠶᠢᠮ᠎ᠠ ᠪᠠᠶᠢᠭᠰᠠᠭᠠᠷ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠪᠠᠶᠢᠷᠢᠰᠢᠭᠤᠯᠤᠯ ᠤᠨ ᠵᠥᠷᠢᠴᠡᠯ᠂ ᠪᠦᠲᠦᠴᠡ ᠶᠢᠨ ᠠᠰᠠᠭᠤᠳᠠᠯ ᠪᠠ | ᠪᠠᠶᠢᠭᠤᠯᠤᠯ ᠤᠨ ᠲᠠᠯ᠎ᠠ ᠶᠢᠨ ᠬᠠᠷᠰᠢ ᠰᠠᠭᠠᠳ ᠮᠥᠨ ᠬᠦ ᠲᠣᠪᠤᠶᠢᠮ᠎ᠠ ᠪᠠᠶᠢᠭᠰᠠᠭᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠰᠠᠭᠤᠷᠢ | ᠪᠡᠯᠡᠳᠬᠡᠮᠵᠢ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠣᠯᠠᠨ ᠨᠡᠶᠢᠲᠡ ᠶᠢᠨ ᠦᠢᠯᠡᠴᠢᠯᠡᠭᠡ ᠪᠠ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠮᠥᠨ ᠬᠦ ᠲᠣᠪᠤᠶᠢᠮ᠎ᠠ ᠪᠠᠶᠢᠨ᠎ᠠ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ | ᠬᠦᠨᠳᠦᠷᠡᠵᠦ᠂ ᠲᠦᠷᠦᠯ ᠵᠦᠢᠯ ᠤᠨ ᠨᠥᠭᠡᠴᠡ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠵᠣᠯᠭᠠᠭᠤᠯᠬᠤ ᠴᠢᠨᠠᠷ ᠴᠢᠩᠭ᠎ᠠ ᠪᠤᠰᠤ᠂ ᠲᠦᠷᠦᠯ ᠵᠦᠢᠯ ᠤᠨ ᠪᠦᠲᠦᠴᠡ | ᠬᠢᠭᠡᠳ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠢᠵᠢᠯᠢᠰᠢᠬᠦ ᠴᠢᠨᠠᠷ ᠥᠨᠳᠥᠷ ᠪᠤᠰᠤ ᠪᠠᠶᠢᠵᠤ᠂ ᠠᠵᠤ ᠠᠬᠤᠢ ᠶᠢᠨ | ᠨᠡᠮᠡᠭᠳᠡᠯ ᠳᠤ ᠦᠵᠡᠭᠦᠯᠬᠦ ᠲᠦᠷᠦᠯ ᠵᠦᠢᠯ ᠤᠨ ᠬᠡᠪᠴᠢᠶᠡᠵᠢᠯ ᠤᠨ ᠲᠤᠯᠭᠠᠭᠤᠷᠢᠯᠠᠬᠤ ᠬᠦᠴᠦᠨ ᠬᠦᠷᠦᠯᠴᠡᠬᠦ ᠦᠭᠡᠢ ᠪᠠᠶᠢᠨ᠎ᠠ᠃ ᠣᠷᠣᠨ ᠨᠤᠲᠤᠭ ᠤᠨ ᠬᠡᠷᠡᠭᠯᠡᠵᠦ | ᠪᠣᠯᠬᠤᠶᠢᠴᠠ ᠡᠳ᠋ ᠤᠨ ᠬᠦᠴᠦᠨ ᠶᠡᠷᠦᠩᠬᠡᠢ ᠳᠤ ᠪᠠᠨ ᠭᠦᠢᠴᠡᠳ ᠪᠤᠰᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢᠰᠢᠯ ᠲᠠᠲᠠᠭᠤ ᠪᠠᠶᠢᠳᠠᠯ ᠲᠠᠢ᠂ | ᠢᠯᠠᠩᠭᠤᠶ᠎ᠠ ᠦᠨᠳᠦᠰᠦᠨ ᠱᠠᠲᠤᠨ ᠤ ᠵᠠᠰᠠᠭ ᠤᠨ ᠣᠷᠳᠣᠨ ᠥᠷᠢ ᠥᠭᠴᠡᠭᠡ ᠶᠢ ᠠᠷᠢᠯᠭᠠᠬᠤ᠂ ᠠᠵᠤ ᠠᠬᠤᠶᠢᠯᠠᠯ ᠢ ᠲᠤᠰᠠᠯᠠᠨ ᠬᠦᠴᠢᠷᠳᠡᠯ ᠢ ᠨᠢ ᠲᠠᠶᠢᠯᠬᠤ ᠪᠠ | ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ ᠪᠠᠲᠤᠯᠠᠬᠤ᠂ ᠠᠵᠢᠯᠯᠠᠵᠤ ᠡᠷᠭᠢᠯᠳᠦᠭᠦᠯᠬᠦ ᠶᠢ ᠪᠠᠲᠤᠯᠠᠬᠤ ᠲᠠᠯ᠎ᠠ ᠳᠤ ᠨᠡᠯᠢᠶᠡᠳ ᠶᠡᠭᠡ ᠬᠦᠴᠢᠷ ᠲᠤᠯᠭᠠᠷᠠᠵᠤ ᠪᠣᠢ᠃ | ᠡᠯ᠎ᠡ ᠲᠦᠷᠦᠯ ᠤᠨ ᠲᠦᠭᠰᠢᠭᠦᠷᠢ ᠪᠠ ᠥᠷᠢᠰᠦᠯᠳᠦᠭᠡᠨ ᠢᠯᠡᠷᠬᠡᠢ ᠣᠯᠠᠰᠢᠷᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠬᠦᠷᠢᠶᠡᠨ ᠳᠠᠬᠢ ᠲᠦᠭᠰᠢᠭᠦᠷᠢ | ᠬᠤᠷᠠᠮᠳᠤᠨ ᠳᠠᠪᠬᠤᠴᠠᠵᠤ᠂ ᠠᠮᠢ ᠠᠬᠤᠢ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠤᠨ ᠦᠯᠡᠳᠡᠭᠳᠡᠯ ᠨᠡᠯᠢᠶᠡᠳ ᠶᠡᠭᠡ ᠪᠠᠶᠢᠨ᠎ᠠ᠂ ᠬᠡᠪᠴᠢᠶᠡᠵᠢᠯ ᠤᠨ | ᠴᠢᠨᠠᠷᠲᠠᠢ ᠪᠠᠷ ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠨ ᠪᠠᠲᠤᠳᠬᠠᠬᠤ ᠴᠢᠬᠤᠯᠠᠲᠠᠢ᠂ ᠢᠯᠠᠩᠭᠤᠶ᠎ᠠ ᠬᠢᠵᠢᠭ ᠤᠨ | ᠪᠠᠶᠢᠳᠠᠯ ᠭᠡᠨᠡᠳᠲᠡ ᠡᠭᠦᠰᠬᠦ ᠲᠦᠭᠰᠢᠭᠦᠷᠢ ᠢᠮᠠᠭᠲᠠ ᠣᠷᠣᠰᠢᠵᠤ ᠪᠠᠶᠢᠬᠤ ᠪᠣᠯᠬᠤᠷ᠂ ᠠᠵᠢᠯ ᠢᠶᠠᠨ ᠥᠴᠥᠬᠡᠨ ᠰᠤᠯᠠᠷᠠᠭᠤᠯᠵᠤ᠂ ᠥᠴᠥᠬᠡᠨ ᠠᠯᠳᠠᠰᠢ ᠭᠠᠷᠭᠠᠪᠠᠯ | ᠲᠥᠰᠥᠭᠡᠯᠡᠬᠦᠶ᠎ᠡ ᠪᠡᠷᠬᠡ ᠨᠥᠯᠥᠭᠡ ᠭᠠᠷᠴᠤ ᠮᠡᠳᠡᠬᠦ ᠪᠣᠯᠣᠮᠵᠢ ᠲᠠᠢ ᠮᠥᠷᠲᠡᠭᠡᠨ ᠳᠠᠭᠠᠭᠠᠬᠤᠶᠠ ᠪᠡᠷᠬᠡ ᠦᠨ᠎ᠡ ᠲᠥᠯᠥᠪᠦᠷᠢ ᠭᠠᠷᠭᠠᠬᠤ ᠪᠣᠯᠣᠨ᠎ᠠ᠃ | ᠶᠡᠷᠦᠩᠬᠡᠶᠢᠯᠡᠭᠡᠳ ᠬᠡᠯᠡᠪᠡᠯ᠂ ᠲᠥᠰᠥᠭᠡᠯᠡᠯ ᠤᠨ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠬᠦ ᠳᠤ ᠪᠠᠨ ᠥᠨᠳᠥᠷ ᠪᠠᠷᠢᠮᠵᠢᠶᠠᠨ ᠳᠤ ᠬᠦᠷᠭᠡᠬᠦ ᠪᠠᠷ ᠴᠢᠷᠮᠠᠶᠢᠨ | ᠂ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠪᠡᠶᠡᠯᠡᠭᠦᠯᠬᠦ ᠳᠤ ᠪᠠᠨ ᠳᠠᠷᠤᠯᠲᠠ ᠶᠢ ᠳᠠᠭᠠᠭᠠᠵᠤ ᠬᠦᠨᠳᠦ ᠶᠢ ᠡᠭᠦᠷᠭᠡᠯᠡᠬᠦ ᠬᠡᠷᠡᠭᠲᠡᠢ᠃ ᠪᠢᠳᠡ ᠬᠤᠷᠢᠭ᠎ᠠ | ᠱᠤᠭᠤᠮ ᠤᠨ ᠰᠡᠳᠬᠢᠬᠦᠢ ᠶᠢ ᠪᠣᠢ ᠪᠣᠯᠭᠠᠨ᠂ ᠰᠢᠰᠲ᠋ᠧᠮ ᠤᠨ ᠦᠵᠡᠯᠲᠡ ᠪᠠᠨ ᠴᠢᠩᠭᠠᠷᠠᠭᠤᠯᠤᠨ᠂ ᠨᠢᠭᠡᠳᠦᠯᠲᠡᠢ ᠲᠥᠯᠥᠪᠯᠡᠬᠦ ᠠᠷᠭ᠎ᠠ ᠶᠢ ᠰᠠᠶᠢᠲᠤᠷ ᠬᠡᠷᠡᠭᠯᠡᠵᠦ᠂ | ᠪᠦᠷᠢᠨ ᠭᠦᠢᠴᠡᠳ ᠪᠡᠯᠡᠳᠬᠡᠯ ᠬᠢᠵᠦ᠂ ᠪᠦᠬᠦ ᠬᠦᠴᠦ ᠪᠠᠷ ᠢᠶᠠᠨ ᠴᠢᠷᠮᠠᠶᠢᠨ ᠠᠵᠢᠯᠯᠠᠵᠤ᠂ ᠨᠡᠩ ᠰᠠᠶᠢᠨ ᠦᠷ᠎ᠡ ᠳ᠋ᠦᠩ ᠢ ᠲᠡᠮᠡᠴᠡᠨ ᠣᠯᠬᠤ ᠬᠡᠷᠡᠭᠲᠡᠢ᠃ ᠡᠷᠬᠡᠪᠰᠢ | ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠭᠦᠢᠴᠡᠳ᠂ ᠵᠥᠪ ᠣᠨᠣᠪᠴᠢᠳᠠᠢ᠂ ᠪᠦᠭᠦ ᠲᠠᠯ᠎ᠠ ᠪᠠᠷ ᠲᠤᠭᠤᠰᠢᠯᠠᠭᠤᠯᠤᠨ᠎ᠠ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠰᠠᠶᠢᠨ ᠢ ᠨᠢ ᠪᠠᠳᠠᠷᠠᠭᠤᠯᠤᠨ ᠰᠢᠭᠠᠷᠤ ᠪᠠᠨ ᠲᠡᠪᠴᠢᠭᠦ ᠪᠠ ᠰᠢᠯᠢᠳᠡᠭ ᠢ ᠬᠥᠮᠥᠵᠢᠭᠦᠯᠦᠨ ᠦᠷ᠎ᠡ | ᠠᠰᠢᠭ ᠢᠶᠠᠨ ᠨᠡᠮᠡᠭᠳᠡᠭᠦᠯᠬᠦ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠪᠦᠳᠣᠮᠵᠢᠳᠠᠢ ᠵᠠᠮ ᠮᠥᠷ ᠢ ᠣᠨᠣᠪᠴᠢᠳᠠᠢ | ᠡᠷᠢᠵᠦ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠦᠴᠦᠯᠡᠨ ᠬᠤᠪᠢᠷᠠᠭᠤᠯᠵᠤ᠂ ᠪᠣᠬᠢᠷᠳᠤᠯ ᠦᠭᠡᠢ ᠪᠥᠭᠡᠳ ᠣᠨᠴᠠᠯᠢᠭ ᠲᠠᠢ ᠳᠠᠪᠠᠭᠤᠯᠢᠭ ᠣᠳᠣ | ᠦᠶ᠎ᠡ ᠶᠢᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠴᠣᠭᠴᠠᠯᠠᠵᠤ᠂ ᠪᠦᠭᠦ ᠬᠦᠴᠦᠨ ᠢᠶᠠᠷ ᠢᠶᠠᠨ ᠪᠦᠲᠦᠴᠡ ᠳᠤ ᠲᠣᠬᠢᠷᠠᠭᠤᠯᠤᠯᠲᠠ ᠬᠢᠵᠦ᠂ | ᠴᠢᠳᠠᠮᠵᠢ ᠪᠠᠨ ᠬᠤᠪᠢᠷᠠᠭᠤᠯᠤᠨ᠂ ᠶᠠᠰᠤ ᠴᠢᠨᠠᠷ ᠢᠶᠠᠨ ᠳᠡᠭᠡᠭᠰᠢᠯᠡᠭᠦᠯᠣᠨ᠎ᠡ᠃ ᠡᠷᠬᠡᠪᠰᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ | ᠳᠠᠭᠠᠤ ᠤᠷᠤᠭᠰᠢᠯᠠᠬᠤ ᠶᠢ ᠪᠠᠷᠢᠮᠲᠠᠯᠠᠨ᠎ᠠ᠂ ᠠᠵᠤ ᠠᠬᠤᠢ ᠶᠢ ᠲᠣᠭᠲᠠᠪᠤᠷᠢᠵᠢᠭᠤᠯᠬᠤ᠂ ᠪᠣᠭᠤᠮᠲᠠ ᠰᠢᠪᠲᠤᠯᠬᠤ ᠳᠤ ᠠᠰᠢᠭᠲᠠᠢ ᠪᠠᠶᠢᠬᠤ ᠲᠦᠷᠣ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠢᠳᠡᠪᠬᠢᠲᠡᠢ ᠳᠤᠷᠠᠳᠤᠨ ᠭᠠᠷᠭᠠᠵᠤ᠂ ᠠᠵᠤ ᠠᠬᠤᠢ ᠶᠢᠨ ᠦᠨᠳᠦᠰᠦᠨ ᠰᠠᠭᠤᠷᠢ ᠶᠢ ᠡᠷᠡᠰ ᠲᠣᠭᠲᠠᠪᠤᠷᠢᠵᠢᠭᠤᠯᠵᠤ᠂ ᠨᠡᠶᠢᠭᠡᠮ ᠤᠨ ᠦᠨᠳᠦᠰᠦᠨ | ᠲᠠᠯ᠎ᠠ ᠶᠢ ᠲᠣᠭᠲᠠᠭᠤᠨ ᠪᠠᠶᠢᠯᠭᠠᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠪᠦᠲᠦᠮᠵᠢ ᠶᠢᠨ ᠬᠤᠪᠢᠰᠤᠯᠲᠠ᠂ ᠬᠥᠳᠡᠯᠭᠡᠭᠦ | ᠬᠦᠴᠦᠨ ᠤ ᠬᠤᠪᠢᠰᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠶᠢᠨ ᠬᠡᠮᠵᠢᠶᠡᠨ ᠤ ᠵᠦᠢ ᠵᠣᠬᠢᠰᠲᠠᠢ ᠪᠠᠷ ᠨᠡᠮᠡᠭᠳᠡᠬᠦ ᠪᠠ ᠴᠢᠨᠠᠷ ᠤᠨ | ᠲᠣᠭᠲᠠᠭᠤᠨ ᠢᠶᠠᠷ ᠳᠡᠭᠡᠭᠰᠢᠯᠡᠬᠦ ᠶᠢ ᠪᠡᠶᠡᠯᠡᠭᠦᠯᠬᠦ ᠪᠠᠨ ᠦᠨᠡᠨ ᠬᠦ ᠪᠠᠲᠤᠯᠠᠨ᠎ᠠ᠃ ᠡᠷᠬᠡᠪᠰᠢ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠡᠬᠦ ᠦᠭᠡᠢ ᠪᠠᠶᠢᠬᠤ | ᠬᠤᠷᠢᠭ᠎ᠠ ᠱᠤᠭᠤᠮ ᠢ ᠪᠠᠲᠤ ᠰᠠᠬᠢᠨ᠎ᠠ᠂ ᠲᠦᠭᠰᠢᠭᠦᠷᠢ ᠶᠢ ᠠᠷᠢᠯᠭᠠᠨ ᠲᠦᠭᠰᠢᠭᠦᠷᠢ ᠶᠢᠨ ᠬᠤᠪᠢᠷᠠᠬᠤ ᠠᠴᠠ ᠰᠡᠷᠭᠡᠶᠢᠯᠡᠬᠦ ᠶᠢ ᠠᠯᠢᠪᠠ ᠠᠵᠢᠯ ᠤᠨ ᠤᠷᠢᠳᠡᠬᠢ ᠨᠥᠬᠦᠴᠡᠯ | ᠪᠣᠯᠭᠠᠵᠣ᠂ ᠡᠯ᠎ᠡ ᠲᠠᠯ᠎ᠠ ᠶᠢᠨ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢ ᠪᠠᠲᠤᠯᠠᠬᠤ ᠬᠠᠷᠢᠭᠤᠴᠠᠯᠭ᠎ᠠ ᠶᠢ ᠨᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠬᠦᠷᠢᠶ᠎ᠡ | ᠴᠠᠷᠠᠭᠠᠨ ᠳᠠᠬᠢ ᠲᠦᠭᠰᠢᠭᠦᠷᠢ ᠶᠢ ᠰᠡᠷᠡᠮᠵᠢᠯᠡᠭᠦᠯᠵᠣ ᠬᠢᠨᠠᠨ ᠰᠢᠨᠵᠢᠭᠦ ᠪᠠ ᠰᠡᠷᠭᠡᠶᠢᠯᠡᠵᠦ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠬᠡᠷᠡᠭᠵᠢᠭᠦᠯᠵᠦ᠂ | ᠡᠷᠲᠡ ᠠᠴᠠ ᠨᠢ ᠠᠩᠬᠠᠷᠤᠨ ᠵᠢᠵᠢᠭ ᠪᠠᠶᠢᠬᠤ ᠳᠤ ᠨᠢ ᠠᠳᠬᠤᠵᠤ ᠴᠤᠬᠤᠶᠢᠵᠤ ᠭᠠᠷᠪᠠᠯ ᠰᠢᠢᠳᠪᠦᠷᠢᠯᠡᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ | ᠪᠠᠲᠤᠯᠠᠨ᠎ᠠ᠃ ᠡᠷᠬᠡᠪᠰᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ ᠬᠦᠴᠢᠷ ᠪᠡᠷᠬᠡᠰᠢᠶᠡᠯ ᠢ ᠢᠯᠡᠨ ᠳᠠᠪᠠᠨ᠎ᠠ᠂ ᠣᠷᠣᠨ ᠳᠠᠶᠠᠭᠠᠷ ᠢᠶᠠᠨ ᠬᠠᠮᠲᠤ ᠪᠠᠷ | ᠬᠥᠭᠵᠢᠯᠲᠡ ᠶᠢ ᠠᠳᠬᠤᠵᠤ ᠣᠳᠣᠬᠠᠨ ᠤ ᠬᠦᠴᠢᠷ ᠵᠣᠪᠠᠭᠤᠷᠢ ᠶᠢ ᠲᠤᠭᠤᠯᠵᠤ᠂ ᠡᠳ᠋ ᠤᠨ ᠬᠦᠴᠦᠨ ᠢᠶᠠᠨ ᠦᠨᠳᠦᠰᠦᠨ ᠱᠠᠲᠤᠨ ᠳᠤ ᠪᠠᠭᠤᠯᠭᠠᠬᠤ᠂ ᠲᠦᠷᠣ ᠶᠢᠨ | ᠪᠣᠳᠣᠯᠭ᠎ᠠ ᠪᠠᠨ ᠦᠨᠳᠦᠰᠦᠨ ᠱᠠᠲᠤ ᠲᠡᠶᠢᠰᠢ ᠬᠡᠯᠪᠠᠶᠢᠯᠭᠡᠬᠦ ᠶᠢ ᠠᠬᠢᠭᠤᠯᠵᠤ᠂ ᠨᠡᠩ ᠣᠯᠡᠨ ᠡᠬᠢ ᠪᠠᠶᠠᠯᠢᠭ ᠬᠦᠴᠦᠨ ᠴᠢᠳᠠᠯ ᠢ ᠲᠠᠶᠢᠴᠢᠯᠠᠵᠣ ᠪᠠᠶᠢᠭᠠᠳ ᠦᠨᠳᠦᠰᠦᠨ | ᠱᠠᠲᠤᠨ ᠤ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠦᠴᠢᠷᠳᠡᠯᠲᠡᠢ ᠴᠠᠭ ᠢ ᠲᠣᠭᠤᠯᠬᠤ ᠳᠤ ᠨᠢ ᠬᠠᠪᠰᠤᠷᠴᠤ᠂ ᠲᠠᠯ᠎ᠠ ᠲᠠᠯ᠎ᠠ ᠶᠢᠨ ᠡᠷᠴᠢ ᠵᠣᠷᠢᠭ ᠢ ᠭᠦᠢᠴᠡᠳ | ᠳᠠᠶᠢᠴᠢᠯᠠᠵᠣ ᠥᠭᠡᠷᠡᠴᠢᠯᠡᠯᠲᠡ ᠪᠠ ᠬᠥᠭᠵᠢᠯᠲᠡ ᠶᠢ ᠠᠬᠢᠭᠤᠯᠤᠨ᠎ᠠ᠃ | ᠭᠤᠷᠪᠠ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠭᠤᠣᠯ ᠡᠭᠦᠷᠭᠡ | ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠪᠠ ᠬᠠᠲᠠᠭᠤ ᠪᠡᠷᠬᠡ ᠡᠭᠦᠷᠭᠡ ᠶᠢᠨ ᠡᠮᠦᠨ᠎ᠡ᠂ ᠪᠢᠳᠠ ᠢᠲᠡᠭᠡᠯ ᠵᠣᠷᠢᠭ ᠢᠶᠠᠨ ᠪᠠᠲᠤᠳᠬᠠᠵᠤ᠂ | ᠰᠠᠨᠠᠭᠠᠴᠢᠯᠠᠭ᠎ᠠ ᠠᠴᠠ ᠪᠠᠨ ᠵᠢᠳᠬᠦᠨ ᠴᠢᠷᠮᠠᠶᠢᠵᠤ ᠠᠵᠢᠯ ᠢᠶᠠᠨ ᠰᠠᠶᠢᠲᠤᠷ ᠬᠢᠨ᠎ᠡ᠃ | ︵ᠨᠢᠭᠡ︶ ᠪᠡᠯᠡ ᠣᠷᠣᠭᠤᠯᠤᠯᠳᠡ ᠶᠢ ᠥᠷᠭᠡᠳᠬᠡᠨ ᠬᠡᠷᠡᠭᠯᠡᠭᠡ ᠶᠢ ᠠᠬᠢᠭᠤᠯᠵᠤ ᠲᠦᠭᠰᠢᠭᠦᠷᠢ ᠶᠢ ᠰᠡᠷᠭᠡᠶᠢᠯᠡᠬᠦ ᠪᠠᠷ ᠬᠦᠴᠦᠯᠡᠨ ᠴᠢᠷᠮᠠᠶᠢᠵᠤ᠂ ᠠᠵᠤ | ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠭᠦᠭᠵᠢᠭᠦ ᠶᠢ ᠪᠠᠲᠤᠯᠠᠨ᠎ᠠ᠃ ᠪᠡᠯᠡ ᠣᠷᠣᠭᠤᠯᠣᠯᠳᠡ ᠶᠢᠨ ᠵᠠᠩᠭᠢᠯᠠᠭ᠎ᠠ ᠶᠢᠨ ᠦᠢᠯᠡᠳᠦᠯ ᠪᠠ ᠬᠡᠷᠡᠭᠯᠡᠭᠡ ᠶᠢᠨ | ᠰᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠬᠦᠨᠳᠦ ᠶᠡᠭᠡ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠲᠣᠭᠲᠠᠭᠤᠨ ᠢ ᠪᠠᠲᠤᠯᠠᠵᠤ | ᠤᠷᠤᠭᠰᠢᠯᠠᠬᠤ ᠶᠢ ᠠᠬᠢᠭᠤᠯᠬᠤ ᠬᠠᠲᠠᠭᠤ ᠰᠢᠷᠦᠭᠦᠨ ᠳᠠᠶᠢᠯᠠᠯᠳᠤᠭᠠᠨ ᠢ ᠰᠠᠶᠢᠲᠤᠷ ᠬᠢᠨ᠎ᠡ᠃ | ᠪᠦᠳᠣᠮᠵᠢᠳᠠᠢ ᠪᠡᠯᠡ ᠣᠷᠣᠭᠤᠯᠣᠯᠳᠡ ᠶᠢ ᠢᠳᠡᠪᠬᠢᠲᠡᠢ ᠥᠷᠭᠡᠳᠬᠡᠨ᠎ᠡ᠃ ᠤᠯᠤᠰ ᠤᠨ ᠲᠥᠰᠥᠪ ᠲᠠᠬᠢ ᠪᠡᠯᠡ ᠣᠷᠣᠭᠤᠯᠣᠯᠳᠡ ᠶᠢ ᠵᠣᠬᠢᠬᠤ ᠬᠡᠮᠵᠢᠶ᠎ᠡ ᠪᠠᠷ | ᠨᠡᠮᠡᠭᠳᠡᠭᠦᠯᠬᠦ᠂ ᠪᠣᠳᠠᠲᠤ ᠴᠣᠭᠴᠠ ᠶᠢᠨ ᠠᠵᠤ ᠠᠬᠤᠢ ᠶᠢᠨ ᠪᠡᠯᠡ ᠲᠣᠬᠢᠷᠠᠭᠤᠯᠬᠤ ᠶᠢ ᠬᠦᠴᠦᠲᠡᠢ ᠳᠡᠮᠵᠢᠭᠦ ᠵᠡᠷᠭᠡ ᠲᠦᠷᠣ ᠶᠢᠨ ᠪᠣᠳᠣᠯᠭ᠎ᠠ ᠶᠢ ᠭᠦᠢᠴᠡᠳ ᠰᠠᠶᠢᠨ | ᠠᠰᠢᠭᠯᠠᠵᠤ᠂ ᠲᠥᠯᠦᠪᠵᠢᠭᠦᠯᠭᠡ ᠶᠢᠨ ᠴᠢᠬᠤᠯᠠ ᠶᠡᠭᠡ ᠲᠦᠷᠣᠯ ᠵᠦᠢᠯ ᠪᠠ ᠣᠨ ᠤ ᠭᠤᠣᠯᠳᠠᠯᠭ᠎ᠠ ᠪᠣᠯᠬᠤ ᠲᠦᠷᠣᠯ ᠵᠦᠢᠯ ᠢ ᠴᠢᠩᠭ᠎ᠠ ᠠᠩᠬᠠᠷᠴᠤ᠂ ᠶᠡᠷᠦ | ᠪᠤᠰᠤ ᠶᠢᠨ ᠠᠷᠭ᠎ᠠ ᠬᠡᠮᠵᠢᠶ᠎ᠡ ᠶᠢ ᠠᠪᠴᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠡᠬᠢᠨ ᠤ ᠬᠤᠭᠤᠴᠠᠭᠠᠨ ᠳᠠᠬᠢ ᠠᠵᠢᠯ ᠢ ᠰᠠᠶᠢᠲᠤᠷ ᠬᠢᠵᠦ᠂ | 5200 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠬᠢᠬᠦ ᠬᠠᠷᠠᠯᠲᠠ ᠶᠢ ᠪᠦᠬᠦ ᠬᠦᠴᠦ ᠪᠠᠷ ᠢᠶᠠᠨ ᠪᠡᠶᠡᠯᠡᠭᠦᠯᠦᠨ᠎ᠡ᠃ ᠲᠦᠷᠣᠯ | ᠵᠦᠢᠯ ᠤᠨ ᠬᠥᠮᠥᠷᠭᠡ ᠳᠤ ᠲᠣᠬᠢᠷᠠᠭᠤᠯᠤᠯᠲᠠ ᠬᠢᠵᠦ ᠳᠡᠰ ᠳᠠᠪᠰᠢᠭᠦᠯᠭᠦ ᠶᠢ ᠲᠦᠷᠭᠡᠳᠬᠡᠨ᠂ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ | ᠬᠡᠯᠬᠢᠶ᠎ᠡ᠂ ᠰᠢᠨ᠎ᠡ ᠶᠢ ᠡᠭᠦᠣᠡᠭᠦ ᠬᠡᠯᠬᠢᠶᠡᠨ ᠤ ᠲᠣᠭᠤᠷᠢᠨ ᠳᠤ ᠲᠦᠷᠣᠯ ᠵᠦᠢᠯ ᠢ ᠠᠬᠢᠭᠤᠯᠬᠤ ᠪᠠᠨ ᠰᠡᠳᠬᠢᠨ ᠰᠦᠪᠡᠭᠴᠢᠯᠡᠵᠦ᠂ ᠠᠵᠤ ᠦᠢᠯᠡᠳᠪᠦᠷᠢ ᠶᠢᠨ | ᠮᠡᠷᠭᠡᠵᠢᠯ ᠢᠶᠠᠨ ᠥᠭᠡᠷᠡᠴᠢᠯᠡᠨ ᠰᠢᠨᠡᠴᠢᠯᠡᠬᠦ᠂ ᠲᠡᠷᠢᠭᠦᠨ ᠤ ᠦᠢᠯᠡᠣᠡᠭᠦ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠪᠠ ᠰᠢᠨ᠎ᠡ ᠡᠭᠦᠳᠦᠯᠲᠡ ᠶᠢᠨ ᠦᠷ᠎ᠡ | ᠪᠦᠲᠦᠭᠡᠯ ᠢᠶᠠᠨ ᠤᠯᠠᠷᠢᠭᠤᠯᠬᠤ ᠳᠤ ᠪᠡᠯᠡ ᠣᠷᠣᠭᠤᠯᠣᠯᠳᠡ ᠪᠠᠨ ᠶᠡᠭᠡ ᠪᠠᠷ ᠨᠡᠮᠡᠭᠳᠡᠭᠦᠯᠬᠦ ᠶᠢ ᠠᠬᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠠᠵᠢᠯ ᠢ ᠴᠢᠩᠳᠠᠯᠠᠨ᠂ ᠭᠠᠳᠠᠭᠰᠢ ᠭᠠᠷᠭᠠᠬᠤ ᠶᠢ ᠪᠠᠶᠢᠩᠭᠤᠵᠢᠭᠤᠯᠵᠤ᠂ ᠲᠠᠲᠠᠵᠤ ᠣᠷᠣᠭᠤᠯᠤᠨ ᠠᠪᠴᠢᠷᠠᠬᠤ ᠶᠢ ᠣᠨᠣᠴᠠᠲᠠᠢ ᠪᠣᠯᠭᠠᠨ᠂ ᠨᠡᠶᠢᠭᠡᠮ ᠤᠨ | ᠬᠥᠷᠥᠩᠭᠡ ᠶᠢᠨ ᠪᠡᠯᠡ ᠣᠷᠣᠭᠤᠯᠣᠯᠳᠡ ᠶᠢ ᠠᠬᠢᠭᠤᠯᠬᠤ ᠪᠠ ᠣᠷᠣᠨ ᠤ ᠭᠠᠳᠠᠨᠠᠬᠢ ᠪᠡᠯᠡ ᠣᠷᠣᠭᠤᠯᠣᠯᠳᠡ ᠶᠢ ᠣᠷᠣᠭᠤᠯᠵᠤ ᠠᠪᠴᠢᠷᠠᠬᠤ ᠪᠠᠨ ᠶᠡᠭᠡ ᠪᠠᠷ | ᠨᠡᠮᠡᠭᠳᠡᠭᠦᠯᠦᠨ᠎ᠡ᠃ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠤᠯᠤᠰ ᠤᠨ ᠰᠠᠭᠤᠷᠢ ᠪᠡᠯᠡᠳᠬᠡᠮᠵᠢ ᠶᠢᠨ ᠪᠡᠯᠡ | ᠣᠷᠣᠭᠤᠯᠣᠯᠳᠡ ᠪᠠᠨ ᠵᠣᠬᠢᠬᠤ ᠬᠡᠮᠵᠢᠶ᠎ᠡ ᠪᠠᠷ ᠤᠷᠢᠳᠴᠢᠯᠠᠨ ᠥᠷᠨᠢᠭᠦᠯᠬᠦ ᠠᠵᠠ ᠲᠣᠬᠢᠶᠠᠯ ᠢ ᠠᠳᠬᠤᠵᠤ᠂ ᠪᠦᠭᠦ ᠤᠯᠤᠰ ᠲᠤ ᠬᠤᠯᠪᠣᠵᠤ ᠨᠡᠪᠲᠡᠷᠡᠭᠰᠡᠨ᠂ ᠪᠦᠬᠦ | ᠣᠷᠣᠨ ᠳᠤ ᠬᠠᠷᠢᠯᠴᠠᠨ ᠨᠡᠪᠲᠡᠷᠡᠯᠴᠡᠭᠰᠡᠨ ᠣᠳᠣ ᠦᠶ᠎ᠡ ᠶᠢᠨ ᠰᠠᠭᠤᠷᠢ ᠪᠡᠯᠡᠳᠬᠡᠮᠵᠢ ᠶᠢᠨ ᠲᠣᠣᠷ ᠰᠦᠯᠵᠢᠶᠡᠨ ᠤ ᠲᠣᠭᠲᠠᠯᠴᠠᠭ᠎ᠠ ᠶᠢ ᠱᠠᠯᠠᠪᠳᠠᠨ ᠪᠠᠶᠢᠭᠤᠯᠤᠨ᠎ᠠ᠃ | ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠵᠢᠨᠢᠩ ᠳ᠋ᠠᠲ᠋ᠦ᠋ᠩ ᠶᠣᠸᠠᠨᠫᠢᠩ ᠤᠨ ᠳᠡᠭᠡᠳᠦ ᠬᠤᠷᠳᠤ ᠶᠢᠨ ᠲᠡᠮᠦᠷ ᠵᠠᠮ ᠢ ᠪᠦᠲᠦᠭᠡᠨ | ᠪᠠᠶᠢᠭᠤᠯᠬᠤ ᠪᠠ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠥᠭᠡᠷᠡᠴᠢᠯᠡᠬᠦ ᠶᠢ ᠲᠦᠷᠭᠡᠳᠬᠡᠵᠦ᠂ ᠣᠷᠳᠣᠰ ᠲᠡᠮᠡᠭᠡᠲᠦ ᠶᠠᠨ ᠠᠨ ᠤ | ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠲᠦᠷᠣᠯ ᠵᠦᠢᠯ ᠢ ᠡᠷᠲᠡᠬᠡᠨ ᠪᠣᠳᠠᠲᠠᠶᠢᠵᠢᠭᠤᠯᠬᠤ ᠠᠵᠢᠯ ᠢᠶᠠᠨ ᠡᠬᠢᠯᠡᠭᠦᠯᠭᠦ ᠪᠠᠷ ᠴᠢᠷᠮᠠᠶᠢᠨ᠎ᠠ᠃ S43 ᠨᠢᠰᠬᠡᠯ ᠤᠨ | ᠪᠠᠭᠤᠳᠠᠯ ᠤᠨ ᠳᠡᠭᠡᠳᠦ ᠬᠤᠷᠳᠤ ᠶᠢᠨ ᠵᠠᠮ ᠵᠡᠷᠭᠡ ᠲᠦᠷᠣᠯ ᠵᠦᠢᠯ ᠢ ᠠᠵᠢᠯ ᠡᠬᠢᠯᠡᠭᠦᠯᠦᠨ ᠪᠠᠶᠢᠭᠤᠯᠬᠤ ᠶᠢ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ | ᠵᠠᠮ ᠢ 5000 ᠭᠠᠷᠤᠢ ᠺᠢᠯᠣᠮᠧᠲᠷ ᠰᠢᠨ᠎ᠡ ᠪᠠᠷ ᠥᠭᠡᠷᠡᠴᠢᠯᠡᠨ ᠰᠢᠨᠡᠳᠬᠡᠵᠦ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠵᠠᠰᠠᠮᠠᠯ ᠵᠠᠮ ᠪᠠ ᠴᠢᠮᠡᠭᠡ | ᠬᠤᠯᠪᠣᠭᠠᠨ ᠤ ᠲᠣᠣᠷ ᠰᠦᠯᠵᠢᠶ᠎ᠡ᠂ ᠮᠠᠯᠵᠢᠬᠤ ᠣᠷᠣᠨ ᠤ ᠮᠡᠳᠡᠭᠡ ᠬᠤᠯᠪᠣᠭᠠᠨ ᠤ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠭᠦᠭᠡᠬᠤᠳᠠ ᠰᠢᠨ᠎ᠡ ᠨᠢᠰᠬᠡᠯ ᠤᠨ ᠪᠠᠭᠤᠳᠠᠯ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ 3 | ᠪᠠᠶᠢᠭᠤᠯᠵᠤ᠂ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠤᠨ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠪᠦᠭᠦ ᠣᠷᠣᠨ ᠤ ᠠᠭᠠᠷ ᠤᠨ ᠠᠶᠠᠯᠠᠯ ᠤᠨ ᠭᠤᠣᠯ | ᠱᠤᠭᠤᠮ ᠢ ᠰᠠᠯᠪᠤᠷᠢ ᠱᠤᠭᠤᠮ ᠯᠤᠭ᠎ᠠ ᠨᠡᠪᠲᠡᠷᠡᠭᠦᠯᠬᠦ᠂ ᠪᠦᠭᠦ ᠰᠦᠯᠵᠢᠶ᠎ᠡ ᠪᠠᠷ ᠬᠤᠯᠪᠣᠬᠤ ᠶᠢ ᠠᠬᠢᠭᠤᠯᠤᠨ᠎ᠠ᠃ ᠥᠪᠥᠷ ᠮᠣᠩᠭᠤᠯ ᠤᠨ ᠬᠡᠰᠡᠭ ᠲᠠᠬᠢ ᠬᠠᠲᠤᠨ | ᠭᠤᠣᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭ᠎ᠠ᠂ ᠴᠤᠤᠯ ᠭᠤᠣᠯ ᠤᠨ ᠤᠰᠤ ᠶᠢ ᠵᠠᠯᠠᠵᠤ ᠯᠢᠶᠣᠣ ᠾᠧ ᠭᠤᠣᠯ ᠳᠤ ᠨᠡᠮᠡᠷᠢᠯᠡᠬᠦ ᠬᠤᠶᠠᠳᠤᠭᠠᠷ | ᠬᠤᠭᠤᠴᠠᠭ᠎ᠠ᠂ ᠠᠶᠤᠯ ᠭᠡᠮ ᠲᠠᠢ ᠤᠰᠣᠨ ᠴᠦᠭᠦᠷᠣᠮ ᠤᠨ ᠠᠶᠤᠯ ᠢ ᠠᠷᠢᠯᠭᠠᠨ ᠪᠠᠬᠢᠵᠢᠭᠦᠯᠬᠦ ᠵᠡᠷᠭᠡ ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ᠂ ᠤᠰᠤ ᠵᠠᠯᠠᠵᠤ | ᠲᠠᠲᠠᠬᠤ ᠭᠤᠣᠯᠯᠠᠭᠴᠢ ᠢᠨᠵᠧᠨᠧᠷᠢᠩ ᠪᠠ ᠲᠠᠷᠢᠶᠠᠨ ᠭᠠᠵᠠᠷ ᠤᠨ ᠣᠰᠣᠨ ᠠᠰᠢᠭᠯᠠᠯᠲᠠ ᠶᠢᠨ ᠲᠦᠷᠣᠯ ᠵᠦᠢᠯ ᠢ ᠢᠳᠡᠪᠬᠢᠲᠡᠢ ᠰᠡᠳᠬᠢᠨ ᠲᠥᠯᠥᠪᠵᠢᠭᠦᠯᠦᠨ᠎ᠡ᠃ | ᠬᠤᠳᠡ ᠶᠢᠨ ᠰᠢᠨᠡᠴᠢᠯᠡᠯᠲᠡ ᠶᠢᠨ ᠠᠵᠢᠯᠯᠠᠭᠠᠨ ᠢ ᠭᠦᠨᠵᠡᠭᠡᠢ ᠠᠬᠢᠭᠤᠯᠤᠨ᠂ ᠬᠠᠭᠤᠴᠢᠨ ᠬᠤᠭᠤᠯᠠᠢ ᠭᠤᠤᠷᠰᠤ ᠣᠨᠴᠠᠭᠠᠶᠢᠯᠠᠨ ᠰᠢᠲᠠᠮᠠᠬᠠᠢ ᠬᠡᠢ ᠶᠢᠨ ᠬᠤᠭᠤᠯᠠᠢ | ᠭᠤᠤᠷᠰᠤ ᠶᠢᠨ ᠥᠭᠡᠷᠡᠴᠢᠯᠡᠨ ᠰᠢᠨᠡᠳᠬᠡᠬᠦ ᠶᠢ ᠴᠢᠩᠳᠠᠯᠠᠵᠤ᠂ ᠬᠤᠳᠡ ᠶᠢᠨ ᠨᠠᠷᠢᠯᠢᠭᠵᠢᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠬᠤᠳᠡ ᠶᠢᠨ ᠠᠮᠤᠷ ᠲᠦᠪᠰᠢᠨ ᠪᠠ ᠰᠠᠭᠤᠷᠢᠰᠢᠬᠤ ᠳᠤ ᠲᠣᠬᠢᠷᠠᠬᠤ ᠴᠢᠨᠠᠷ ᠢ ᠳᠡᠭᠡᠭᠰᠢᠯᠡᠭᠦᠯᠦᠨ᠎ᠡ᠃ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭ ᠤᠨ ᠲᠦᠷᠣᠯ | ᠵᠦᠢᠯ ᠢ ᠪᠡᠯᠡᠳᠬᠡᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠠᠶᠢᠮᠠᠭ ᠬᠤᠳᠡ᠂ ᠬᠤᠰᠢᠭᠤ ᠰᠢᠶᠠᠨ ᠤ ᠵᠢᠭᠡᠯᠡᠯᠭᠡ ᠶᠢᠨ ᠲᠡᠮᠳᠡᠭ ᠤᠨ ᠲᠦᠷᠣᠯ ᠵᠦᠢᠯ ᠳᠤ ᠵᠢᠭᠠᠨ | ᠵᠢᠯᠤᠭᠤᠳᠴᠤ ᠵᠣᠬᠢᠴᠠᠭᠤᠯᠬᠤ ᠪᠠᠨ ᠴᠢᠩᠭᠠᠳᠬᠠᠨ᠂ ᠨᠢᠭᠡ ᠪᠦᠯᠦᠭ ᠢ ᠨᠢ ᠠᠵᠢᠯ ᠡᠬᠢᠯᠡᠭᠦᠯᠵᠦ ᠪᠦᠲᠦᠭᠡᠨ ᠪᠠᠶᠢᠭᠤᠯᠪᠠᠯ ᠲᠡᠷᠡ ᠨᠢᠭᠡ ᠪᠦᠯᠦᠭ ᠢ ᠨᠢ ᠨᠥᠭᠡᠴᠡᠯᠡᠬᠦ ᠶᠢ | ᠪᠡᠶᠡᠯᠡᠭᠦᠯᠵᠦ᠂ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠲᠦᠷᠭᠡᠬᠡᠨ ᠪᠣᠢ ᠪᠣᠯᠭᠠᠨ᠎ᠠ᠃ | ᠬᠡᠷᠡᠭᠯᠡᠭᠡ ᠶᠢᠨ ᠪᠠᠭᠲᠠᠭᠠᠮᠵᠢ ᠪᠠᠨ ᠥᠷᠭᠡᠳᠬᠡᠨ ᠳᠡᠰ ᠳᠡᠪᠰᠢᠭᠦᠯᠭᠦ ᠶᠢ ᠦᠷᠭᠦᠯᠵᠢᠯᠡᠨ ᠠᠬᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠠᠷᠭ᠎ᠠ | ᠪᠦᠬᠦᠨ ᠢ ᠰᠦᠪᠡᠭᠴᠢᠯᠡᠵᠦ ᠪᠠᠶᠢᠭᠠᠳ ᠥᠷᠭᠡᠨ ᠤᠯᠠᠨ ᠠᠷᠠᠳ ᠲᠦᠮᠡᠨ ᠤ ︽ᠵᠣᠭᠤᠰ ᠮᠥᠩᠭᠦᠨ ᠤ ᠴᠦᠩᠬᠦ︾ ᠶᠢ ᠨᠢ ᠳᠦᠭᠦᠷᠭᠡᠵᠦ᠂ ᠤᠯᠠᠨ ᠲᠦᠮᠡᠨ ᠤ ᠭᠠᠷ | ᠦᠵᠦᠭᠦᠷ ᠵᠠᠷᠤᠬᠤ ᠵᠣᠭᠤᠰ ᠢ ᠨᠢ ᠠᠷᠪᠢᠳᠬᠠᠪᠠᠯ ᠬᠡᠷᠡᠭᠯᠡᠭᠡ ᠰᠠᠶ᠋ᠢ ᠨᠡᠮᠡᠭᠳᠡᠨ᠂ ᠬᠡᠷᠡᠭᠯᠡᠭᠡ ᠶᠢᠨ ᠪᠦᠲᠦᠴᠡ ᠰᠠᠶ᠋ᠢ ᠰᠠᠶᠢᠵᠢᠷᠠᠵᠤ᠂ ᠬᠡᠷᠡᠭᠯᠡᠭᠡ ᠶᠢᠨ ᠴᠢᠨᠠᠷ ᠴᠢᠨᠰᠠᠭ᠎ᠠ | ᠳᠡᠭᠡᠭᠰᠢᠯᠡᠵᠦ ᠴᠢᠳᠠᠨ᠎ᠠ᠃ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠣᠭᠡ᠂ ᠬᠠᠮᠢᠶ᠎ᠠ ᠪᠦᠬᠦᠢ | ᠦᠢᠯᠡᠴᠢᠯᠡᠭᠡᠨ ᠤ ᠦᠢᠯᠡᠰ ᠲᠤ ᠳᠡᠮᠵᠢᠯᠭᠡ ᠦᠵᠡᠭᠦᠯᠭᠦ ᠲᠦᠷᠣ ᠶᠢᠨ ᠪᠣᠳᠣᠯᠭ᠎ᠠ ᠶᠢ ᠦᠷᠭᠦᠯᠵᠢᠯᠡᠭᠦᠯᠬᠦ ᠪᠠ ᠲᠡᠭᠦᠯᠳᠡᠷᠵᠢᠭᠦᠯᠵᠦ᠂ ᠬᠡᠷᠡᠭᠯᠡᠭᠡ ᠶᠢᠨ ᠨᠡᠮᠡᠭᠳᠡᠯ ᠢ | ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠦᠢᠯᠡᠴᠢᠯᠡᠭᠡ ᠡᠵᠡᠩᠨᠡᠯᠲᠡ ᠶᠢᠨ ᠠᠵᠢᠯᠯᠠᠬᠤ | ᠳᠦᠷᠢᠮᠯᠡᠯ ᠢ ᠠᠵᠢᠯ ᠲᠦᠷᠣᠯ ᠬᠤᠪᠢᠶᠠᠵᠤ ᠪᠠᠶᠢᠭᠠᠳ ᠲᠡᠭᠦᠯᠳᠡᠷᠵᠢᠭᠦᠯᠵᠦ᠂ ᠰᠢᠭᠤᠳ ᠣᠷᠣᠯᠴᠠᠬᠤᠢ ᠬᠡᠷᠡᠭᠯᠡᠭᠡ ᠶᠢ ᠲᠦᠷᠭᠡᠪᠴᠢᠯᠡᠨ ᠰᠡᠷᠭᠦᠭᠡᠬᠦ ᠶᠢ ᠠᠬᠢᠭᠤᠯᠵᠤ᠂ | ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠡᠭᠡᠯᠢ ᠲᠣᠭᠤᠷᠢᠭ ᠤᠨ ᠵᠠᠬ᠎ᠠ ᠳᠡᠯᠭᠡᠭᠦᠷ᠂ ᠳᠡᠯᠭᠡᠭᠦᠷ ᠬᠤᠳᠠᠯᠳᠤᠭᠠᠨ ᠤ ᠫᠦᠰᠡ᠂ ᠰᠥᠨᠢ ᠶᠢᠨ ᠠᠵᠤ ᠠᠬᠤᠢ ᠵᠡᠷᠭᠡ ᠶᠢᠨ | ᠪᠦᠭᠦ ᠲᠠᠯ᠎ᠠ ᠪᠠᠷ ᠬᠥᠭᠵᠢᠭᠡᠨ ᠲᠠᠢ ᠪᠣᠯᠬᠤ ᠶᠢ ᠠᠬᠢᠭᠤᠯᠤᠨ᠎ᠠ᠃ ᠪᠦᠭᠦ ᠤᠯᠤᠰ ᠤᠨ ᠵᠠᠬ᠎ᠠ ᠳᠡᠯᠭᠡᠭᠦᠷ ᠲᠤ ᠰᠠᠭᠤᠷᠢᠯᠠᠨ ᠵᠢᠭᠤᠯᠴᠢᠯᠠᠯ ᠤᠨ ᠬᠡᠷᠡᠭᠯᠡᠭᠡ᠂ ᠪᠣᠬᠢᠷᠳᠤᠯ | ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠡᠷᠡᠭᠯᠡᠭᠡ ᠶᠢ ᠥᠷᠭᠡᠳᠬᠡᠨ᠂ ᠰᠢᠨ᠎ᠡ ᠡᠨᠧᠷᠬᠢ ᠶᠢᠨ ᠮᠠᠰᠢᠨ ᠲᠡᠷᠭᠡ ᠶᠢ ᠳᠡᠯᠭᠡᠷᠡᠭᠦᠯᠦᠨ | ᠬᠡᠷᠡᠭᠯᠡᠬᠦ ᠪᠠᠨ ᠠᠬᠢᠭᠤᠯᠵᠤ᠂ ᠭᠡᠷ ᠤᠨ ᠪᠣᠬᠢᠷᠳᠤᠯ ᠦᠭᠡᠢ ᠣᠶᠤᠨᠴᠢ ᠴᠠᠬᠢᠯᠭᠠᠨ ᠬᠡᠷᠡᠭᠰᠡᠯ ᠢᠶᠠᠨ ᠬᠥᠳᠡᠭᠡ ᠪᠠᠭᠤᠯᠭᠠᠬᠤ ᠶᠢ ᠵᠣᠷᠢᠭᠵᠢᠭᠤᠯᠤᠨ᠎ᠠ᠃ ᠰᠢᠨ᠎ᠡ | ᠬᠡᠯᠪᠡᠷᠢ ᠶᠢᠨ ᠬᠤᠳᠠᠯᠳᠤᠭᠠᠨ ᠤ ᠲᠣᠭᠤᠷᠢᠭ᠂ ᠰᠢᠶᠠᠨ ᠤ ᠬᠤᠳᠡ ᠶᠢᠨ ᠶᠡᠷᠦᠩᠬᠡᠶᠢᠯᠡᠭᠰᠡᠨ ᠬᠤᠳᠠᠯᠳᠤᠭᠠᠨ ᠤ ᠴᠣᠭᠴᠠ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ | ᠲᠥᠬᠦᠷᠵᠢᠭᠰᠡᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠡᠷᠡᠭᠯᠡᠭᠡ ᠶᠢᠨ ᠰᠦᠯᠵᠢᠶᠡᠨ ᠳᠤ ᠪᠠ ᠰᠦᠯᠵᠢᠶᠡᠨ ᠤ ᠭᠠᠳᠠᠨ᠎ᠠ ᠠᠭᠤᠰᠤᠯᠴᠠᠨ | ᠭᠦᠭᠵᠢᠭᠦ ᠶᠢ ᠠᠬᠢᠭᠤᠯᠵᠤ᠂ ᠡᠷᠬᠡ ᠳᠤ ᠬᠠᠯᠳᠠᠵᠤ ᠬᠤᠳᠠᠯ ᠬᠠᠭᠤᠷᠮᠠᠭ ᠢᠶᠠᠷ ᠵᠣᠬᠢᠶᠠᠬᠤ ᠳᠤ ᠴᠣᠬᠢᠯᠲᠠ ᠥᠭᠴᠦ᠂ ᠬᠡᠷᠡᠭᠯᠡᠭᠡ ᠶᠢᠨ ᠰᠠᠶᠢᠨ ᠰᠠᠶᠢᠬᠠᠨ ᠣᠷᠴᠢᠨ | ᠨᠥᠬᠦᠴᠡᠯ ᠢ ᠪᠣᠢ ᠪᠣᠯᠭᠠᠨ᠎ᠠ᠃ | ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠣᠨᠣᠴᠠᠲᠠᠢ ᠰᠡᠷᠭᠡᠶᠢᠯᠡᠵᠦ ᠠᠷᠢᠯᠭᠠᠨ᠎ᠠ᠃ ᠦᠨᠳᠦᠰᠦᠨ ᠱᠠᠲᠤᠨ ᠤ ᠵᠠᠰᠠᠭ ᠤᠨ ᠣᠷᠳᠣᠨ ᠤ ᠥᠷᠢ | ᠥᠭᠴᠡᠭᠡᠨ ᠤ ᠳᠠᠷᠤᠭᠠᠰᠤ ᠬᠦᠨᠳᠦ ᠪᠠ ᠲᠡᠭᠦᠨ ᠢ ᠠᠷᠢᠯᠭᠠᠬᠤ ᠳᠤ ᠬᠦᠴᠢᠷ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠣᠷᠣᠨ ᠨᠤᠲᠤᠭ ᠤᠨ ᠬᠠᠷᠢᠭᠤᠴᠠᠯᠭ᠎ᠠ ᠪᠠ | ᠣᠨ ᠤ ᠡᠭᠦᠷᠭᠡ ᠶᠢ ᠪᠣᠳᠠᠲᠠᠶᠢᠵᠢᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠨᠢᠭᠡ ᠪᠦᠯᠦᠭ ᠢ ᠨᠢ ᠴᠡᠪᠡᠷᠯᠡᠨ᠂ ᠨᠢᠭᠡ ᠪᠦᠯᠦᠭ ᠢ | ᠨᠢ ᠰᠣᠯᠢᠵᠤ᠂ ᠨᠢᠭᠡ ᠪᠦᠯᠦᠭ ᠲᠤ ᠨᠢ ᠳᠠᠮ ᠬᠦᠦ ᠥᠭᠴᠦ᠂ ᠨᠢᠭᠡ ᠪᠦᠯᠦᠭ ᠢ ᠨᠢ ᠬᠤᠪᠢᠶᠠᠷᠢᠯᠠᠨ ᠰᠢᠯᠵᠢᠭᠦᠯᠬᠦ ᠠᠷᠭ᠎ᠠ ᠬᠡᠮᠵᠢᠶ᠎ᠡ ᠶᠢ ᠠᠪᠴᠤ ᠪᠠᠶᠢᠭᠠᠳ | ᠦᠨᠳᠦᠰᠦᠨ ᠱᠠᠲᠤᠨ ᠤ ᠬᠢ ᠶᠢ ᠪᠦᠭᠦ ᠬᠦᠴᠦ ᠪᠠᠷ ᠢᠶᠠᠨ ᠬᠠᠪᠰᠣᠷᠣᠨ ᠪᠠᠶᠢᠵᠤ ᠥᠷᠢ ᠥᠭᠴᠡᠭᠡ ᠶᠢ ᠨᠢ ᠠᠷᠢᠯᠭᠠᠨ᠎ᠠ᠃ ᠡᠳ᠋ ᠤᠨ ᠵᠠᠰᠠᠭ ᠠᠵᠤ ᠠᠬᠤᠢ ᠶᠢᠨ | ᠰᠠᠬᠢᠯᠭ᠎ᠠ ᠪᠠᠲᠤ ᠶᠢ ᠴᠢᠩᠳᠠᠯᠠᠵᠤ᠂ ᠲᠥᠰᠥᠪ ᠤᠨ ᠠᠮᠵᠢᠯᠲᠠ ᠪᠦᠳᠣᠮᠵᠢ ᠶᠢᠨ ᠬᠠᠮᠢᠶᠠᠷᠤᠯᠲᠠ ᠶᠢ ᠴᠢᠩᠳᠠᠯᠠᠨ᠂ ᠳᠠᠯᠳᠡ ᠴᠢᠨᠠᠷᠲᠠᠢ ᠥᠷᠢ ᠥᠭᠴᠡᠭᠡ ᠶᠢᠨ | ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠲᠣᠭᠲᠠᠭᠠᠯ ᠠᠴᠠ ᠵᠥᠷᠢᠴᠡᠨ ᠬᠡᠷᠡᠭᠯᠡᠬᠦ᠂ ᠭᠠᠶᠢᠯᠢ ᠶᠢ ᠳᠠᠷᠤᠵᠤ ᠭᠠᠶᠢᠯᠢ | ᠲᠤᠰᠢᠶᠠᠬᠤ ᠠᠴᠠ ᠵᠠᠶᠢᠯᠠᠬᠤ᠂ ᠡᠳ᠋ ᠤᠨ ᠶᠠᠪᠤᠳᠠᠯ ᠢ ᠬᠠᠭᠤᠷᠮᠠᠭ ᠢᠶᠠᠷ ᠵᠣᠬᠢᠶᠠᠬᠤ ᠵᠡᠷᠭᠡ ᠦᠢᠯᠨ ᠠᠵᠢᠯᠯᠠᠭ᠎ᠠ ᠶᠢ ᠡᠷᠡᠰ ᠬᠤᠷᠢᠭᠯᠠᠨ᠎ᠠ᠃ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠵᠠᠰᠠᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠮᠥᠩᠭᠦᠨ ᠭᠦᠢᠯᠭᠡᠭᠡᠨ ᠤ ᠬᠠᠮᠵᠢᠯᠴᠠᠨ ᠬᠢᠨᠠᠵᠤ ᠬᠠᠮᠢᠶᠠᠷᠬᠤ ᠲᠣᠭᠲᠠᠴᠠ ᠶᠢ | ᠪᠠᠶᠢᠭᠤᠯᠤᠨ᠂ ᠠᠵᠤ ᠠᠬᠤᠶᠢᠯᠠᠯ ᠤᠨ ᠥᠪᠡᠷ ᠢᠶᠠᠨ ᠲᠡᠩᠬᠡᠷᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠢ ᠴᠢᠩᠳᠠᠯᠠᠵᠤ᠂ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠯᠠᠪᠳᠠᠭᠤᠨ ᠢᠶᠠᠷ ᠠᠷᠢᠯᠭᠠᠵᠤ᠂ ᠢᠲᠡᠭᠡᠮᠵᠢ ᠶᠢᠨ ᠲᠦᠷᠣᠯ ᠤᠨ ᠵᠢᠭᠡᠯᠡᠯᠭᠡ ᠶᠢᠨ | ᠲᠡᠮᠳᠡᠭ ᠤᠨ ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠰᠡᠷᠭᠡᠶᠢᠯᠡᠵᠦ ᠠᠷᠢᠯᠭᠠᠨ᠎ᠠ᠃ ᠬᠤᠳᠡ ᠶᠢᠨ ᠪᠠᠶᠢᠳᠠᠯ ᠳᠤ ᠨᠢ ᠲᠣᠬᠢᠷᠠᠭᠤᠯᠤᠨ ᠪᠣᠳᠣᠯᠭ᠎ᠠ ᠬᠡᠷᠡᠭᠵᠢᠭᠦᠯᠵᠦ | ᠪᠠᠶᠢᠭᠠᠳ ᠭᠡᠷ ᠪᠠᠶᠢᠰᠢᠩ ᠭᠠᠵᠠᠷ ᠬᠥᠷᠥᠩᠭᠡ ᠶᠢᠨ ᠲᠣᠬᠢᠷᠠᠭᠤᠯᠭ᠎ᠠ ᠡᠵᠡᠮᠳᠡᠯ ᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ | ᠭᠡᠷ᠎ᠡ ᠭᠦᠢᠴᠡᠳᠬᠡᠬᠦ ᠶᠢᠨ ᠲᠦᠭᠰᠢᠭᠦᠷᠢ ᠶᠢ ᠯᠠᠪᠳᠠᠭᠤᠨ ᠪᠠᠲᠤᠲᠠᠢ ᠰᠢᠢᠳᠪᠦᠷᠢᠯᠡᠨ᠎ᠡ᠃ | ︵ᠬᠤᠶᠠᠷ︶ ᠠᠵᠤ ᠦᠢᠯᠡᠰ ᠢ ᠲᠣᠭᠲᠠᠭᠤᠨ ᠪᠠᠶᠢᠯᠭᠠᠵᠤ ᠬᠡᠯᠬᠢᠶᠡᠰᠦ ᠶᠢ ᠴᠢᠩᠭᠠᠷᠠᠭᠤᠯᠤᠨ ᠬᠥᠳᠡᠯᠭᠡᠭᠦ ᠴᠢᠳᠠᠮᠵᠢ ᠶᠢ ᠪᠣᠢ ᠪᠣᠯᠭᠠᠬᠤ ᠪᠠᠷ ᠬᠦᠴᠦᠯᠡᠨ | ᠴᠢᠷᠮᠠᠶᠢᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠦᠨᠳᠦᠰᠦᠨ ᠰᠠᠭᠤᠷᠢ ᠶᠢ ᠪᠠᠬᠢᠵᠢᠭᠦᠯᠦᠨ᠎ᠡ᠃ ᠤᠯᠤᠰ ᠤᠨ ᠡᠨᠧᠷᠬᠢ ᠶᠢᠨ ᠠᠮᠤᠷ ᠲᠦᠪᠰᠢᠨ᠂ ᠠᠮᠤ | ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ ᠢ ᠨᠡᠩ ᠰᠠᠶᠢᠨ ᠪᠠᠲᠤᠯᠠᠬᠤ ᠶᠢᠨ ᠲᠣᠭᠤᠷᠢᠨ ᠳᠤ᠂ | ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ | ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠰᠢᠨ᠎ᠡ | ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠣᠳᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠵᠢᠯᠲᠤ ᠠᠵᠤ | ᠠᠬᠤᠢ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠦᠨ ᠪᠠᠶᠢᠭᠤᠯᠵᠤ᠂ ᠭᠤᠣᠯᠳᠠᠯᠭ᠎ᠠ ᠪᠣᠯᠬᠤ 12 | ᠠᠵᠤ ᠦᠢᠯᠡᠰ ᠤᠨ ᠬᠡᠯᠬᠢᠶ᠎ᠡ ᠶᠢ ᠤᠷᠢᠳ ᠢᠶᠠᠷ ᠪᠠᠶᠢᠭᠤᠯᠤᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠵᠤ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ | ᠳᠠᠶᠢᠴᠢᠯᠠᠨ᠎ᠠ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠴᠢᠨᠠᠷ ᠰᠠᠶᠢᠲᠠᠢ ᠪᠥᠭᠡᠳ ᠥᠨᠳᠥᠷ | ᠪᠦᠲᠦᠮᠵᠢᠲᠠᠢ ᠪᠠᠷ ᠬᠡᠯᠪᠡᠷᠢ ᠪᠠᠨ ᠬᠤᠪᠢᠷᠠᠭᠤᠯᠬᠤ ᠶᠢ ᠬᠦᠴᠦᠲᠡᠢ ᠠᠬᠢᠭᠤᠯᠤᠨ᠎ᠠ᠃ ᠪᠦᠲᠦᠭᠡᠭᠳᠡᠬᠦᠨ ᠤ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠨᠢ | ᠳᠡᠭᠡᠭᠰᠢᠯᠡᠭᠦᠯᠬᠦ᠂ ᠨᠡᠷᠡᠲᠦ ᠲᠡᠮᠳᠡᠭ ᠢ ᠪᠣᠢ ᠪᠣᠯᠭᠠᠬᠤ ᠶᠢ ᠨᠡᠩ ᠴᠢᠬᠤᠯᠠᠴᠢᠯᠠᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠬᠦ ᠠᠵᠤ ᠦᠢᠯᠡᠰ ᠤᠨ | ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠤᠨᠠᠯᠲᠠ ᠭᠠᠷᠤᠯᠲᠠ ᠶᠢᠨ ᠲᠣᠮᠣ ᠣᠷᠣᠨ | ᠪᠠᠶᠢᠭᠰᠠᠨ ᠠᠴᠠ ᠪᠠᠨ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠲᠡᠶᠢᠰᠢ ᠳᠠᠪᠰᠢᠬᠤ ᠶᠢ ᠠᠬᠢᠭᠤᠯᠤᠨ᠎ᠠ᠃ ᠦᠷ᠎ᠡ | ᠡᠭᠦᠯᠳᠡᠷ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠂ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠵᠤ ᠠᠰᠢᠭᠯᠠᠬᠤ᠂ | ᠰᠠᠶᠢᠨ ᠡᠭᠦᠯᠳᠡᠷᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠰᠢᠯᠢᠳᠡᠭ ᠳᠠᠪᠠᠭᠤᠯᠢᠭ ᠣᠨᠴᠠᠯᠢᠭ ᠲᠠᠢ ᠦᠷ᠎ᠡ ᠡᠭᠦᠯᠳᠡᠷ ᠢ ᠪᠤᠶᠢᠵᠢᠭᠤᠯᠬᠤ ᠭᠤᠷᠪᠠᠨ ᠲᠣᠮᠣ | ᠢᠨᠵᠧᠨᠧᠷᠢᠩ ᠢ ᠲᠥᠪᠯᠡᠷᠡᠭᠦᠯᠦᠨ ᠠᠬᠢᠭᠤᠯᠤᠨ᠎ᠠ᠃ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ | ᠰᠢᠯᠢᠳᠡᠭ ᠰᠠᠶᠢᠨ ᠦᠷ᠎ᠡ ᠶᠢᠨ ᠢᠷᠡᠯᠲᠡ᠂ ᠲᠡᠵᠢᠭᠡᠯ ᠡᠪᠡᠰᠦ᠂ ᠰᠦ ᠰᠠᠭᠠᠯᠢ ᠶᠢᠨ ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠤᠨ᠂ ᠢᠯᠢ ᠶᠢᠨ ᠣᠳᠣ ᠦᠶ᠎ᠡ ᠶᠢᠨ | ᠣᠶᠤᠨᠯᠢᠭ ᠡᠷᠡᠭᠦᠯ ᠮᠡᠨᠳᠦ ᠶᠢᠨ ᠵᠢᠯᠠᠭ᠎ᠠ᠂ ᠮᠧᠩ ᠨᠢᠦ ᠳᠤᠮᠳᠠᠲᠤ ᠤᠯᠤᠰ ᠤᠨ ᠰᠦ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠴᠢᠬᠤᠯᠠ ᠶᠡᠭᠡ ᠲᠥᠷᠥᠯ ᠵᠦᠢᠯ ᠢ | ᠰᠠᠶᠢᠲᠤᠷ ᠪᠠᠶᠢᠭᠤᠯᠤᠨ᠂ ︽ᠨᠢᠭᠡ ᠰᠢᠷᠬᠡᠭ ᠡᠪᠡᠰᠦ ᠶᠢ ᠰᠠᠶᠢᠨ ᠲᠠᠷᠢᠬᠤ ᠠᠴᠠ ᠨᠢᠭᠡ ᠴᠣᠮᠣ ᠴᠢᠨᠠᠷ ᠰᠠᠶᠢᠲᠠᠢ ᠰᠦ ᠤᠤᠭᠤᠬᠤ ᠬᠦᠷᠲᠡᠯᠡᠬᠢ︾ ᠪᠦᠬᠦ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠡᠶᠡᠯᠡᠭᠦᠯᠬᠦ ᠳᠤ ᠰᠠᠭᠤᠷᠢ ᠶᠢ ᠰᠠᠶᠢᠨ ᠲᠠᠯᠪᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠡᠷᠴᠢᠮᠵᠢᠬᠦ᠂ ᠬᠡᠪᠴᠢᠶᠡᠵᠢᠬᠦ᠂ | ᠳᠡᠭᠡᠳᠦ ᠳᠡᠰᠴᠢᠯᠡᠬᠦ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠰᠦ ᠰᠠᠭᠠᠯᠢ ᠶᠢᠨ ᠦᠢᠯᠡᠰ ᠡᠷᠳᠡᠨᠢ ᠰᠢᠰᠢ ᠶᠢᠨ ᠮᠢᠩᠭᠠᠨ ᠳ᠋ᠦᠩᠰᠢᠭᠤᠷ ᠳᠡᠰ ᠤᠨ ᠬᠤᠶᠠᠷ ᠠᠵᠤ | ᠦᠢᠯᠡᠰ ᠪᠠ ᠠᠯᠠᠰᠢᠨ ᠦᠬᠡᠷ᠂ ᠠᠯᠠᠰᠢᠨ ᠬᠤᠨᠢ᠂ ᠢᠮᠠᠭᠠᠨ ᠨᠣᠣᠯᠣᠭᠤᠷ᠂ ᠲᠥᠮᠥᠰᠥ ᠵᠡᠷᠭᠡ ᠵᠠᠭᠤᠨ ᠳ᠋ᠦᠩᠰᠢᠭᠤᠷ ᠳᠡᠰ ᠤᠨ ᠠᠵᠤ ᠦᠢᠯᠡᠰ ᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ | ᠥᠪᠥᠷ ᠮᠣᠩᠭᠤᠯ︾ ᠨᠡᠷᠡᠮᠵᠢᠲᠦ ᠨᠡᠷᠡᠲᠦ ᠲᠡᠮᠳᠡᠭ ᠤᠨ ᠮᠠᠭᠠᠳᠯᠠᠯᠲᠠ ᠪᠠᠷ ᠬᠥᠲᠥᠯᠥᠭᠦᠷ ᠪᠣᠯᠭᠠᠵᠤ ᠨᠢᠭᠡ ᠪᠦᠯᠦᠭ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠡᠷᠡᠲᠦ ᠲᠡᠮᠳᠡᠭ ᠪᠠ ᠪᠦᠲᠦᠭᠡᠭᠳᠡᠬᠦᠨ ᠤ ᠨᠡᠷᠡᠲᠦ ᠲᠡᠮᠳᠡᠭ ᠢ ᠠᠯᠳᠠᠷᠰᠢᠯᠠᠭᠤᠯᠤᠨ ᠳᠠᠭᠤᠷᠢᠰᠬᠠᠨ᠎ᠠ᠃ ᠠᠮᠤ ᠪᠤᠳᠠᠭ᠎ᠠ ᠶᠢᠨ ᠠᠮᠤᠷ ᠲᠦᠪᠰᠢᠨ ᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠨ᠂ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠠᠢ ᠪᠠᠷ | ᠤᠨᠠᠯᠲᠠ ᠪᠠᠨ ᠨᠡᠮᠡᠭᠳᠡᠭᠦᠯᠦᠭᠰᠡᠨ ᠵᠢᠱᠢᠶ᠎ᠡ ᠦᠵᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠠᠮᠤ ᠪᠤᠳᠠᠭᠠᠨ ᠤ ᠲᠠᠷᠢᠬᠤ ᠲᠠᠯᠠᠪᠠᠢ ᠪᠠ ᠤᠨᠠᠯᠲᠠ ᠶᠢ | ᠲᠣᠭᠲᠠᠪᠤᠷᠢᠵᠢᠭᠤᠯᠤᠨ᠂ ᠰᠢᠷ᠎ᠠ ᠪᠤᠷᠴᠠᠭ ᠢ 500 ᠲᠦᠮᠡᠨ ᠮᠦ ᠲᠠᠯᠠᠪᠠᠢ ᠥᠷᠭᠡᠳᠬᠡᠨ ᠲᠠᠷᠢᠬᠤ ᠡᠭᠦᠷᠭᠡ ᠪᠠᠨ ᠪᠡᠶᠡᠯᠡᠭᠦᠯᠵᠦ᠂ 400 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ 1350 ᠲᠦᠮᠡᠨ ᠮᠦ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠬᠤ ᠴᠢᠨᠠᠷᠲᠠᠢ ᠪᠠᠷ ᠲᠠᠷᠢᠶᠠᠯᠠᠬᠤ | ᠡᠭᠦᠷᠭᠡ ᠶᠢ ᠰᠠᠶᠢᠲᠤᠷ ᠠᠳᠬᠤᠨ᠂ ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ ᠠᠰᠢᠭᠯᠠᠬᠤ ᠪᠠᠨ ᠴᠢᠩᠭᠠᠳᠬᠠᠵᠤ᠂ ᠨᠡᠩ ᠣᠯᠠᠨ ᠲᠠᠷᠢᠶᠠᠨ | ᠭᠠᠵᠠᠷ ᠢ ᠰᠠᠶᠢᠨ ᠲᠠᠷᠢᠶ᠎ᠠ ᠪᠣᠯᠭᠠᠨ᠎ᠠ᠃ ︽ᠬᠤᠯᠢᠰᠢᠨ ᠢᠳᠡᠭᠡ︾ ᠶᠢ ᠲᠡᠭᠦᠯᠳᠡᠷᠵᠢᠭᠦᠯᠦᠨ᠂ ᠭᠤᠣᠯᠳᠠᠯᠭ᠎ᠠ ᠪᠣᠯᠬᠤ ᠬᠤᠲᠠ ᠶᠢᠨ ᠢᠳᠡᠰᠢᠨ ᠨᠣᠭᠤᠭ᠎ᠠ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠵᠦ ᠬᠠᠩᠭᠠᠬᠤ ᠲᠠᠯ᠎ᠠ ᠶᠢᠨ ᠥᠪᠡᠰᠦᠪᠡᠨ ᠬᠠᠩᠭᠠᠬᠤ ᠴᠢᠳᠠᠪᠤᠷᠢ ᠶᠢ ᠠᠯᠬᠤᠮ | ᠠᠯᠬᠤᠮ ᠢᠶᠠᠷ ᠳᠡᠭᠡᠭᠰᠢᠯᠡᠭᠦᠯᠦᠨ᠎ᠡ᠃ | ᠡᠨᠧᠷᠬᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢᠶᠠᠨ ᠰᠢᠯᠢᠳᠡᠭᠵᠢᠭᠦᠯᠵᠦ ᠳᠡᠰ ᠳᠡᠪᠰᠢᠭᠦᠯᠬᠦ ᠶᠢ ᠬᠦᠴᠦᠲᠡᠢ ᠠᠬᠢᠭᠤᠯᠤᠨ᠎ᠠ᠃ | ᠡᠨᠡ ᠬᠦ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ︽ᠬᠤᠶᠠᠷ ᠢ ᠤᠷᠢᠳ ᠢᠶᠠᠷ ᠴᠣᠭᠴᠠᠯᠠᠬᠤ︾᠂ ︽ᠬᠤᠶᠠᠷ ᠢ | ᠳᠠᠪᠠᠭᠤᠯᠬᠤ︾ ᠶᠢᠨ ᠬᠠᠷᠠᠯᠲᠠ ᠳᠤ ᠴᠢᠭᠯᠡᠭᠦᠯᠦᠨ᠂ ᠥᠪᠥᠷ ᠮᠣᠩᠭᠤᠯ ᠤᠨ ᠵᠡᠭᠦᠨ ᠬᠡᠰᠡᠭ᠂ ᠥᠪᠥᠷ ᠮᠣᠩᠭᠤᠯ ᠤᠨ ᠪᠠᠷᠠᠭᠤᠨ ᠬᠡᠰᠡᠭ ᠲᠠᠬᠢ ᠮᠢᠩᠭᠠᠨ ᠲᠦᠮᠡᠨ | ᠺᠢᠯᠣᠸᠠᠲ ᠳᠡᠰ ᠤᠨ ᠰᠢᠨ᠎ᠡ ᠡᠨᠧᠷᠬᠢ ᠶᠢᠨ ᠰᠠᠭᠤᠷᠢᠨ ᠭᠠᠵᠠᠷ ᠪᠠ ᠤᠰᠤ ᠲᠠᠲᠠᠵᠤ ᠡᠨᠧᠷᠬᠢ ᠬᠠᠳᠠᠭᠠᠯᠠᠬᠤ ᠴᠠᠬᠢᠯᠭᠠᠨ ᠥᠷᠲᠡᠭᠡ᠂ ᠰᠢᠨ᠎ᠡ ᠬᠡᠯᠪᠡᠷᠢ ᠶᠢᠨ ᠡᠨᠧᠷᠬᠢ | ᠨᠥᠭᠡᠴᠡᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠯᠡᠰᠦ ᠮᠠᠩᠬ᠎ᠠ ᠭᠤᠪᠢ ᠴᠦᠯ ᠤᠨ ᠪᠦᠰᠡ ᠳᠠᠬᠢ ᠶᠡᠭᠡ ᠬᠡᠪᠴᠢᠶ᠎ᠡ ᠪᠠᠷ ᠰᠢᠨ᠎ᠡ | ᠡᠨᠧᠷᠬᠢ ᠶᠢ ᠨᠡᠭᠡᠭᠡᠨ ᠠᠰᠢᠭᠯᠠᠬᠤ ᠲᠥᠯᠦᠪᠵᠢᠭᠦᠯᠭᠡ ᠶᠢᠨ ᠪᠠᠶᠢᠷᠢᠰᠢᠭᠤᠯᠤᠯ ᠢ ᠲᠦᠷᠭᠡᠳᠬᠡᠨ᠂ ᠴᠠᠬᠢᠯᠭᠠᠨ ᠰᠤᠷᠪᠤᠯᠵᠢ ᠪᠠ ᠲᠣᠣᠷ ᠳᠠᠭᠠᠭᠠᠴᠠ ᠨᠥᠭᠡᠴᠡ᠂ ᠰᠠᠯᠬᠢ | ᠭᠡᠷᠡᠯ ᠴᠡᠨᠡᠭ ᠢᠯᠴᠢ ᠨᠥᠭᠡᠴᠡ ᠡᠨᠧᠷᠬᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠢ ᠬᠡᠷᠡᠭᠯᠡᠭᠡᠨ ᠤ ᠵᠢᠱᠢᠶ᠎ᠡ ᠦᠵᠡᠭᠦᠯᠬᠦ ᠠᠵᠢᠯ ᠢ ᠲᠦᠷᠭᠡᠳᠬᠡᠵᠦ᠂ ᠰᠠᠯᠬᠢ ᠭᠡᠷᠡᠯ | ᠤᠰᠦᠳᠦ᠋ᠷᠦᠭᠴᠢ ᠨᠥᠭᠡᠴᠡ ᠡᠨᠧᠷᠬᠢ ᠶᠢᠨ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠵᠤ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠠᠮᠤᠷ ᠲᠦᠪᠰᠢᠨ | ᠂ ᠤᠶᠠᠨ ᠬᠠᠲᠠᠨ᠂ ᠥᠨᠳᠥᠷ ᠪᠦᠲᠦᠮᠵᠢᠲᠦ ᠰᠢᠰᠲ᠋ᠧᠮ ᠢ ᠪᠠᠶᠢᠭᠤᠯᠤᠨ᠂ ᠰᠢᠨ᠎ᠡ ᠡᠨᠧᠷᠬᠢ ᠶᠢᠨ ᠲᠣᠣᠷ ᠲᠤ ᠨᠡᠶᠢᠯᠡᠭᠦᠯᠬᠦ ᠬᠡᠪᠴᠢᠶ᠎ᠡ ᠶᠢ 2000 ᠲᠦᠮᠡᠨ | ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠳᠠᠬᠢᠨ ᠡᠭᠦᠰᠴᠦ ᠪᠣᠯᠬᠤ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠢ 40% ᠠᠴᠠ | ᠢᠯᠡᠭᠦᠦ ᠪᠣᠯᠭᠠᠨ ᠳᠡᠭᠡᠭᠰᠢᠯᠡᠭᠦᠯᠦᠨ᠎ᠡ᠃ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ | ᠢᠳᠡᠪᠬᠢᠲᠡᠢ ᠪᠡᠯᠡᠳᠬᠡᠨ ᠪᠠᠶᠢᠭᠤᠯᠵᠤ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ | ᠦᠢᠯᠡᠰ ᠢ ᠬᠦᠴᠦᠲᠡᠢ ᠬᠥᠭᠵᠢᠭᠦᠯᠦᠨ᠂ ᠮᠢᠩᠭᠠᠨ ᠳ᠋ᠦᠩᠰᠢᠭᠤᠷ ᠳᠡᠰ ᠤᠨ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠪᠦᠯᠦᠭᠵᠢᠯ ᠪᠠ ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ᠂ ᠡᠨᠧᠷᠬᠢ ᠬᠠᠳᠠᠭᠠᠯᠠᠬᠤ ᠲᠥᠬᠦᠭᠡᠷᠦᠮᠵᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ | ᠲᠥᠪᠯᠡᠷᠡᠭᠦᠯᠦᠨ ᠪᠠᠶᠢᠭᠤᠯᠤᠨ᠎ᠠ᠃ ᠡᠨᠧᠷᠬᠢ ᠶᠢᠨ ᠥᠭᠡᠷᠡᠴᠢᠯᠡᠯᠲᠡ ᠶᠢ ᠬᠠᠮᠵᠢᠯᠴᠠᠵᠤ ᠬᠤᠯᠪᠤᠭᠠᠯᠠᠨ ᠭᠦᠨᠵᠡᠭᠡᠶᠢᠷᠡᠭᠦᠯᠵᠦ᠂ ᠴᠡᠪᠡᠷ ᠡᠨᠧᠷᠬᠢ ᠶᠢ ᠪᠠᠭᠲᠠᠭᠠᠨ ᠰᠢᠩᠭᠡᠭᠡᠬᠦ | ᠤᠷᠲᠤ ᠬᠤᠭᠤᠴᠠᠭᠠᠨ ᠤ ᠪᠦᠲᠦᠮᠵᠢᠲᠠᠢ ᠲᠣᠭᠲᠠᠴᠠ ᠶᠢ ᠪᠠᠶᠢᠭᠤᠯᠤᠨ᠂ ᠰᠢᠨ᠎ᠡ ᠡᠨᠧᠷᠬᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ ᠶᠢ ᠪᠦᠷᠢᠨᠰᠢᠭᠦᠯᠵᠦ᠂ | ᠡᠨᠧᠷᠬᠢ ᠶᠢᠨ ᠦᠨ᠎ᠡ ᠬᠠᠩᠰᠢ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠡᠪᠡᠷ ᠡᠨᠧᠷᠬᠢ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ | ᠭᠠᠷᠤᠯᠲᠠ ᠶᠢ ᠬᠠᠶᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠲᠠᠯ᠎ᠠ ᠳᠠᠬᠢ ᠨᠡᠭᠦᠷᠡᠰᠦᠨ ᠤ ᠦᠢᠯᠡᠳᠪᠦᠷᠢᠯᠡᠬᠦ | ᠴᠢᠳᠠᠮᠵᠢ ᠶᠢᠨ ᠨᠥᠭᠡᠴᠡ ᠶᠢ ᠨᠡᠮᠡᠭᠳᠡᠭᠦᠯᠵᠦ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠭᠦᠷᠭᠡᠭᠦ ᠵᠠᠮ ᠬᠤᠭᠤᠯᠠᠢ ᠪᠠ ᠲᠥᠬᠦᠷᠵᠢᠭᠰᠡᠨ ᠴᠠᠬᠢᠯᠭᠠᠨ | ᠰᠣᠷᠪᠣᠯᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠥᠪᠥᠷ ᠮᠣᠩᠭᠤᠯ ᠤᠨ ᠪᠠᠷᠠᠭᠤᠨ ᠳᠠᠬᠢ ᠴᠠᠬᠢᠯᠭᠠᠨ ᠬᠦᠴᠦᠨ ᠤ ᠲᠣᠣᠷ ᠤᠨ | ᠵᠡᠭᠦᠨ ᠬᠡᠰᠡᠭ ᠤᠨ ᠲᠡᠭᠦᠰᠬᠡᠯ ᠦᠵᠦᠭᠦᠷ ᠤᠨ ᠴᠠᠬᠢᠯᠭᠠᠨ ᠬᠦᠴᠦᠨ ᠤ ᠲᠣᠣᠷᠯᠢᠭ ᠪᠠ ᠴᠠᠬᠢᠯᠭᠠᠨ ᠰᠤᠷᠪᠤᠯᠵᠢ ᠶᠢᠨ ᠲᠤᠯᠭᠠᠭᠤᠷᠢᠯᠠᠬᠤ ᠪᠠᠶᠢᠷᠢᠰᠢᠯ ᠢ ᠦᠷᠭᠦᠯᠵᠢᠯᠡᠨ | ᠰᠢᠯᠢᠳᠡᠭᠵᠢᠭᠦᠯᠵᠦ᠂ ᠴᠠᠬᠢᠯᠭᠠᠨ ᠬᠦᠴᠦᠨ ᠤ ᠭᠦᠢᠴᠡᠳ ᠬᠠᠩᠭᠠᠬᠤ ᠶᠢ ᠠᠬᠢᠭᠤᠯᠤᠨ᠂ ᠨᠡᠭᠦᠷᠡᠰᠦ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠠᠵᠢᠯ ᠢᠶᠠᠨ | ᠰᠠᠶᠢᠲᠤᠷ ᠬᠢᠨ᠎ᠡ᠃ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶᠡᠰᠦ ᠶᠢ ᠤᠷᠲᠤᠳᠬᠠᠨ᠂ ᠳᠡᠭᠡᠳᠦ ᠳᠡᠰ ᠤᠨ ᠮᠠᠲ᠋ᠧᠷᠢᠶᠠᠯ ᠪᠠ ᠦᠵᠦᠭᠦᠷ ᠤᠨ | ᠦᠢᠯᠡᠳᠬᠦᠨ ᠳᠤ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠬᠡᠮᠵᠢᠶ᠎ᠡ ᠪᠠ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ ᠳᠡᠭᠡᠭᠰᠢᠯᠡᠭᠦᠯᠦᠨ᠎ᠡ᠃ | ᠦᠢᠯᠡᠳᠬᠦ ᠦᠢᠯᠡᠰ ᠤᠨ ᠳᠡᠭᠡᠳᠦ ᠳᠡᠰᠵᠢᠬᠦ᠂ ᠣᠶᠤᠨᠴᠢᠯᠠᠬᠤ ᠪᠠ ᠪᠣᠬᠢᠷᠳᠤᠯ ᠦᠭᠡᠢ ᠪᠠᠷ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠦᠢᠯᠡᠣᠡᠭᠦ ᠦᠢᠯᠡᠰ᠂ | ᠳᠤᠮᠳᠠ ᠵᠢᠵᠢᠭ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠣ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠲᠣᠭᠲᠠᠭᠠᠵᠤ᠂ | ᠬᠡᠯᠬᠢᠶ᠎ᠡ ᠶᠢ ᠨᠢ ᠤᠷᠲᠤᠳᠬᠠᠨ ᠬᠡᠯᠬᠢᠶ᠎ᠡ ᠶᠢ ᠨᠢ ᠨᠥᠬᠦᠪᠦᠷᠢᠯᠡᠬᠦ ᠬᠡᠯᠬᠢᠶ᠎ᠡ ᠶᠢ ᠨᠢ ᠴᠢᠩᠭᠠᠷᠠᠭᠤᠯᠬᠤ ᠠᠵᠢᠯᠯᠠᠭᠠᠨ ᠢ ᠬᠡᠷᠡᠭᠵᠢᠭᠦᠯᠵᠦ᠂ ᠠᠵᠤ ᠦᠢᠯᠡᠰ ᠤᠨ ᠰᠠᠭᠤᠷᠢ ᠶᠢ | ᠳᠠᠬᠢᠨᠲᠠ ᠪᠠᠶᠢᠭᠤᠯᠬᠤ ᠨᠢᠭᠡ ᠪᠦᠯᠦᠭ ᠢᠨᠵᠧᠨᠧᠷᠢᠩ ᠤᠨ ᠲᠦᠷᠣᠯ ᠵᠦᠢᠯ ᠢ ᠡᠬᠢᠯᠡᠭᠦᠯᠵᠦ᠂ ᠨᠢᠭᠡ ᠪᠦᠯᠦᠭ ᠲᠤᠰᠬᠠᠢ ᠨᠠᠷᠢᠯᠢᠭ ᠣᠨᠴᠠ ᠰᠢᠨ᠎ᠡ ︽ᠬᠡᠪᠴᠢᠶ᠎ᠡ ᠨᠢ | ᠵᠢᠵᠢᠭ ᠪᠣᠯᠪᠠᠴᠤ ᠬᠥᠭᠵᠢᠯᠲᠡ ᠰᠠᠶᠢᠲᠠᠢ ᠠᠪᠤᠷᠭᠤ︾ ᠠᠵᠤ ᠠᠬᠤᠶᠢᠯᠠᠯ ᠢ ᠪᠣᠢ ᠪᠣᠯᠭᠠᠨ᠂ ᠨᠢᠭᠡ ᠪᠦᠯᠦᠭ ᠮᠢᠩᠭᠠᠨ ᠳ᠋ᠦᠩᠰᠢᠭᠤᠷ ᠳᠡᠰ ᠤᠨ ᠳᠠᠪᠠᠭᠤᠯᠢᠭ | ᠣᠨᠴᠠᠯᠢᠭ ᠲᠠᠢ ᠠᠵᠤ ᠦᠢᠯᠡᠰ ᠢ ᠪᠣᠢ ᠪᠣᠯᠭᠠᠨ᠎ᠠ᠃ ᠴᠡᠷᠢᠭ ᠤᠨ ᠠᠵᠤ ᠦᠢᠯᠡᠳᠪᠦᠷᠢ ᠶᠢᠨ ᠳᠠᠪᠠᠭᠤᠯᠢᠭ ᠢ ᠪᠠᠳᠠᠷᠠᠭᠤᠯᠤᠨ᠂ ᠪᠤᠭᠤᠲᠤ ᠶᠢᠨ ᠴᠡᠷᠢᠭ ᠪᠠ ᠠᠷᠠᠳ ᠤᠨ | ᠬᠡᠷᠡᠭᠴᠡᠭᠡ ᠶᠢ ᠠᠭᠤᠰᠤᠯᠴᠠᠭᠤᠯᠤᠭᠰᠠᠨ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠡᠨᠧᠷᠬᠢ᠂ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ | ᠴᠠᠷᠠᠭᠠᠨ ᠳᠤ ᠠᠵᠤ ᠠᠬᠤᠶᠢᠯᠠᠯ ᠤᠨ ᠳᠡᠰ ᠤᠨ᠂ ᠠᠵᠢᠯ ᠲᠦᠷᠦᠯ ᠤᠨ ᠳᠡᠰ ᠤᠨ᠂ ᠣᠷᠣᠨ ᠪᠦᠰᠡ ᠶᠢᠨ ᠳᠡᠰ ᠤᠨ ᠠᠵᠤ ᠦᠢᠯᠡᠳᠪᠦᠷᠢ ᠶᠢᠨ ᠢᠨᠲ᠋ᠧᠷ | ᠰᠦᠯᠵᠢᠶᠡᠨ ᠤ ᠲᠠᠪᠴᠠᠩ ᠢ 10 ᠪᠠᠶᠢᠭᠤᠯᠵᠤ᠂ ᠣᠶᠤᠨᠴᠢᠯᠠᠭᠰᠠᠨ ᠦᠢᠯᠡᠳᠪᠦᠷᠢ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠮᠬᠢᠯᠡᠵᠦ ᠨᠡᠶᠢᠯᠡᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠦᠨ᠂ ᠣᠷᠣᠨ | ᠪᠦᠰᠡ ᠶᠢᠨ ᠦᠨᠡᠯᠡᠨ ᠵᠢᠱᠢᠬᠦ ᠶᠢ ᠪᠡᠶᠡᠯᠡᠭᠦᠯᠵᠦ᠂ ᠬᠦᠷᠢᠶᠡᠯᠡᠩ ᠲᠣᠭᠤᠷᠢᠭ ᠪᠦᠬᠦᠨ ᠢ ᠣᠶᠤᠨᠯᠢᠭ ᠬᠦᠷᠢᠶᠡᠯᠡᠩ ᠲᠣᠭᠤᠷᠢᠭ ᠪᠣᠯᠭᠠᠨ᠎ᠠ᠃ ᠦᠯᠡᠭᠦᠳᠡᠭᠰᠡᠨ ᠪᠠ | ᠳᠣᠣᠷ᠎ᠠ ᠦᠷ᠎ᠡ ᠠᠰᠢᠭ ᠲᠠᠢ ᠦᠢᠯᠡᠳᠪᠦᠷᠢᠯᠡᠬᠦ ᠴᠢᠳᠠᠮᠵᠢ ᠶᠢ ᠨᠢ ᠪᠤᠴᠠᠭᠠᠨ ᠭᠠᠷᠭᠠᠬᠤ ᠶᠢ ᠲᠦᠷᠭᠡᠳᠬᠡᠨ᠂ ᠡᠨᠧᠷᠬᠢ ᠠᠷᠪᠢᠯᠠᠬᠤ ᠤᠰᠤ ᠠᠷᠪᠢᠯᠠᠬᠤ ᠪᠠ ᠪᠣᠬᠢᠷᠳᠤᠯ | ᠡᠳ᠋ ᠢ ᠬᠡᠳᠦ ᠳᠣᠣᠷ᠎ᠠ ᠭᠠᠳᠠᠭᠰᠢᠯᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠡᠮᠬᠢ ᠵᠢᠷᠤᠮ ᠲᠠᠢ ᠠᠬᠢᠭᠤᠯᠵᠤ᠂ ᠬᠦᠷᠢᠶᠡᠯᠡᠩ ᠲᠣᠭᠤᠷᠢᠭ ᠲᠠᠬᠢ ᠥᠪᠡᠷ ᠤᠨ | ᠪᠡᠯᠡᠳᠬᠡᠯ ᠴᠠᠬᠢᠯᠭᠠᠨ ᠤ ᠦᠢᠯᠡᠳᠪᠦᠷᠢ᠂ ᠡᠨᠧᠷᠬᠢ ᠶᠢᠨ ᠬᠤᠷᠣᠭᠳᠠᠯ ᠶᠡᠬᠡᠲᠡᠢ ᠠᠵᠤ ᠠᠬᠤᠶᠢᠯᠠᠯ ᠳᠤ ᠬᠡᠷᠡᠭᠰᠡᠬᠦ ᠴᠠᠬᠢᠯᠭᠠᠨ ᠢ ᠨᠢ ᠪᠣᠬᠢᠷᠳᠤᠯ ᠦᠭᠡᠢ ᠴᠠᠬᠢᠯᠭᠠᠨ ᠢᠶᠠᠷ | ᠣᠷᠣᠯᠠᠭᠤᠯᠬᠤ ᠶᠢ ᠬᠡᠷᠡᠭᠵᠢᠭᠦᠯᠦᠨ᠂ ᠪᠣᠬᠢᠷᠳᠤᠯ ᠦᠭᠡᠢ ᠦᠢᠯᠡᠳᠬᠦ ᠶᠢ ᠬᠥᠭᠵᠢᠭᠦᠯᠵᠦ᠂ ᠨᠢᠭᠡ ᠪᠦᠯᠦᠭ ᠨᠡᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ | ᠬᠦᠷᠢᠶᠡᠯᠡᠩ ᠲᠣᠭᠤᠷᠢᠭ᠂ ᠨᠡᠭᠦᠷᠡᠰᠦᠲᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ | ᠲᠣᠭᠠᠵᠢᠯᠲᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ᠃ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢ | ᠪᠦᠷᠢᠨᠰᠢᠭᠦᠯᠦᠨ᠂ ᠭᠦᠬᠡᠬᠤᠳᠠ᠂ ᠪᠤᠭᠤᠲᠤ ᠶᠢᠨ ︽ᠮᠢᠩᠭᠠᠨ ᠰᠠᠶ᠎ᠠ ᠰᠦᠯᠵᠢᠶᠡᠨ ᠤ ᠬᠤᠳᠡ︾ ᠪᠠ ᠨᠡᠭᠦᠷᠡᠰᠦ᠂ ᠬᠤᠪᠣᠷ ᠰᠢᠷᠣᠢ᠂ ᠬᠢᠮᠢ ᠶᠢᠨ ᠠᠵᠤ ᠦᠢᠯᠡᠳᠪᠦᠷᠢ | ᠵᠡᠷᠭᠡ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠡᠮᠳᠡᠭ ᠤᠨ ᠵᠠᠳᠠᠯᠤᠯᠲᠠ ᠶᠢᠨ ᠬᠤᠶᠠᠳᠤᠭᠠᠷ ᠳᠡᠰ ᠤᠨ ᠵᠠᠩᠭᠢᠶᠠᠰᠤ ᠶᠢ ᠪᠠᠶᠢᠭᠤᠯᠵᠤ᠂ ᠪᠦᠭᠦ ᠤᠯᠤᠰ ᠤᠨ | ᠨᠢᠭᠡ ᠴᠣᠭᠴᠠᠵᠢᠭᠰᠠᠨ ᠰᠢᠢᠳᠪᠦᠷᠢᠯᠡᠬᠦ ᠬᠤᠷᠳᠤᠴᠠ ᠶᠢᠨ ᠲᠣᠣᠷ ᠰᠦᠯᠵᠢᠶᠡᠨ ᠤ ᠤᠯᠤᠰ ᠤᠨ ᠬᠦᠢᠰᠦ ᠪᠣᠯᠬᠤ ᠵᠠᠩᠭᠢᠶᠠᠰᠤ ᠶᠢ ᠪᠠᠶᠢᠭᠤᠯᠵᠤ᠂ 5G ᠰᠠᠭᠤᠷᠢ | ᠦᠷᠲᠡᠭᠡ ᠶᠢ 1 ᠲᠦᠮᠡ ᠰᠢᠨ᠎ᠡ ᠪᠠᠷ ᠪᠠᠶᠢᠭᠤᠯᠤᠨ᠎ᠠ᠃ ᠠᠵᠤ ᠦᠢᠯᠡᠰ ᠤᠨ ᠲᠣᠭᠠᠵᠢᠭᠤᠯᠤᠯᠲᠠ ᠶᠢ ᠠᠬᠢᠭᠤᠯᠤᠨ᠂ ᠲᠣᠭᠠᠵᠢᠭᠤᠯᠤᠭᠰᠠᠨ ᠬᠡᠯᠪᠡᠷᠢ ᠪᠠᠷ | ᠬᠤᠪᠢᠷᠠᠭᠤᠯᠬᠤ ᠠᠵᠢᠯ ᠤᠨ ᠵᠠᠮ ᠱᠤᠭᠤᠮ ᠢ ᠠᠵᠢᠯ ᠲᠦᠷᠣᠯ ᠬᠤᠪᠢᠶᠠᠨ ᠲᠣᠭᠲᠠᠭᠠᠵᠤ᠂ ᠤᠯᠠᠮᠵᠢᠯᠠᠯᠲᠤ ᠠᠵᠤ ᠦᠢᠯᠡᠰ ᠢ ᠪᠦᠭᠦ ᠲᠠᠯ᠎ᠠ ᠪᠠᠷ᠂ ᠪᠦᠭᠦ ᠬᠡᠯᠬᠢᠶᠡᠨ ᠳᠤ | ᠲᠣᠭᠠᠵᠢᠭᠤᠯᠵᠤ ᠥᠭᠡᠷᠡᠴᠢᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠠᠵᠢᠯᠯᠠᠬᠤ | ᠳᠠᠷᠠᠭᠠᠯᠠᠯ ᠤᠨ ᠲᠣᠭᠠᠵᠢᠭᠤᠯᠤᠨ ᠡᠵᠡᠮᠳᠡᠬᠦ ᠨᠣᠷᠮ᠎ᠠ ᠪᠠ ᠲᠣᠭᠠᠵᠢᠭᠤᠯᠤᠭᠰᠠᠨ ᠰᠤᠳᠤᠯᠵᠤ ᠨᠡᠭᠡᠭᠡᠨ ᠵᠢᠷᠤᠵᠤ ᠲᠥᠯᠥᠪᠯᠡᠬᠦ ᠪᠠᠭᠠᠵᠢ ᠶᠢ ᠲᠦᠭᠡᠮᠡᠯᠵᠢᠭᠦᠯᠬᠦ ᠨᠣᠷᠮ᠎ᠠ ᠪᠠᠨ | ᠳᠡᠭᠡᠭᠰᠢᠯᠡᠭᠦᠯᠦᠨ᠂ 5G+ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠤᠨ᠂ 5G+ ᠣᠶᠤᠨᠯᠢᠭ | ᠠᠭᠤᠷᠬᠠᠢ ᠶᠢ ᠪᠦᠲᠦᠭᠡᠨ ᠪᠠᠶᠢᠭᠤᠯᠵᠤ᠂ ᠰᠤᠷᠭᠠᠨ ᠬᠥᠮᠦᠵᠢᠯ᠂ ᠡᠮᠴᠢᠯᠡᠭᠡ᠂ ᠵᠠᠮ ᠬᠠᠷᠢᠯᠴᠠᠭ᠎ᠠ ᠵᠡᠷᠭᠡ ᠶᠢᠨ 5G ᠳᠠᠯᠠᠪᠡᠢ ᠦᠵᠡᠭᠳᠡᠯ ᠤᠨ ᠵᠢᠱᠢᠶ᠎ᠡ ᠦᠵᠡᠭᠦᠯᠬᠦ ᠶᠢ | ᠠᠬᠢᠭᠤᠯᠤᠨ᠂ ᠨᠢᠭᠡ ᠪᠦᠯᠦᠭ ᠲᠡᠷᠭᠡᠨ ᠵᠣᠭᠰᠣᠭᠠᠯ ᠤᠨ ᠣᠶᠤᠨᠴᠢ ᠦᠷᠲᠡᠭᠡ᠂ ᠴᠠᠬᠢᠯᠭᠠᠨ ᠴᠡᠨᠡᠭᠯᠡᠬᠦ ᠱᠣᠩ ᠢ ᠪᠦᠲᠦᠭᠡᠨ ᠪᠠᠶᠢᠭᠤᠯᠤᠨ᠎ᠠ᠃ ᠲᠣᠭᠠᠵᠢᠯᠳᠣ ᠠᠵᠤ | ᠦᠢᠯᠡᠰᠵᠢᠯᠲᠡ ᠶᠢ ᠠᠬᠢᠭᠤᠯᠵᠤ᠂ ᠬᠦᠭᠡᠬᠤᠳᠠ ᠪᠤᠭᠤᠲᠤ ᠣᠷᠳᠣᠰ ᠤᠯᠠᠭᠠᠨᠴᠠᠪ᠂ ᠤᠯᠠᠭᠠᠨᠬᠠᠳᠠ ᠪᠠᠷ ᠭᠤᠣᠯᠳᠠᠯᠭ᠎ᠠ ᠪᠣᠯᠭᠠᠭᠰᠠᠨ ᠥᠪᠡᠷᠮᠢᠴᠡ ᠣᠨᠴᠠᠯᠢᠭ ᠲᠠᠢ | ᠲᠣᠭᠠᠵᠢᠯᠳᠣ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠂ ᠡᠭᠦᠯᠡᠨ ᠪᠣᠳᠣᠯᠲᠠ᠂ ᠬᠡᠰᠡᠭ ᠤᠳ ᠤᠨ ᠬᠡᠯᠬᠢᠶ᠎ᠡ᠂ ᠵᠣᠬᠢᠶᠠᠮᠠᠯ ᠣᠶᠣᠨ᠂ ᠵᠥᠭᠡᠯᠡᠨ | ᠬᠡᠷᠡᠭᠰᠡᠯ ᠢ ᠨᠡᠭᠡᠭᠡᠨ ᠠᠰᠢᠭᠯᠠᠬᠤ ᠵᠡᠷᠭᠡ ᠲᠣᠭᠠᠵᠢᠯᠳᠣ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ᠃ | ᠦᠢᠯᠡᠴᠢᠯᠡᠭᠡᠨ ᠤ ᠦᠢᠯᠡᠰ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠵᠦ ᠦᠷ᠎ᠡ ᠠᠰᠢᠭ ᠢᠶᠠᠨ ᠨᠡᠮᠡᠭᠳᠡᠭᠦᠯᠬᠦ ᠶᠢ ᠬᠦᠴᠦᠯᠡᠨ ᠠᠬᠢᠭᠤᠯᠤᠨ᠎ᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠬᠤᠳᠠᠯᠳᠤᠭᠠᠨ ᠤ ᠶᠠᠪᠤᠳᠠᠯ ᠤᠨ ᠴᠤᠭᠯᠠᠭᠠᠨ ᠦᠵᠡᠭᠦᠯᠭᠡ | ᠵᠡᠷᠭᠡ ᠰᠢᠨ᠎ᠡ ᠪᠠᠷ ᠪᠣᠢ ᠪᠣᠯᠤᠭᠰᠠᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ᠂ ᠪᠤᠭᠤᠲᠤ ᠶᠢᠨ ᠪᠣᠯᠣᠳ ᠲᠡᠮᠦᠷ᠂ ᠢᠯᠢ᠂ ᠤᠮᠠᠷᠠᠲᠤ ᠶᠢᠨ ᠬᠦᠨᠳᠦ ᠠᠵᠤ | ᠦᠢᠯᠡᠳᠪᠦᠷᠢ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠬᠢᠭᠡᠳ ᠲᠡᠷᠢᠭᠦᠨ ᠤ ᠦᠢᠯᠡᠳᠬᠦ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ | ᠲᠤᠷᠰᠢᠯᠲᠠ ᠶᠢᠨ ᠴᠡᠭ ᠢ ᠰᠠᠶᠢᠲᠤᠷ ᠠᠳᠬᠤᠨ᠎ᠠ᠃ ᠪᠠᠷᠠᠭᠠᠨ ᠤ ᠭᠦᠢᠯᠭᠡᠭᠡᠨ ᠤ ᠦᠢᠯᠡᠰ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠤᠨ᠂ ᠬᠦᠬᠡᠬᠤᠲᠠ᠂ | ᠤᠯᠠᠭᠠᠨᠴᠠᠪ — ᠡᠷᠢᠶᠡᠨ ᠬᠤᠲᠠ᠂ ᠮᠠᠨᠵᠤᠤᠷ ᠲᠠᠬᠢ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠ ᠪᠠᠶᠠᠨᠨᠠᠭᠤᠷ ᠲᠠᠬᠢ ᠤᠯᠤᠰ ᠤᠨ ᠭᠤᠣᠯᠯᠠᠬᠤ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠬᠤ ᠮᠠᠯᠵᠢᠬᠤ ᠣᠷᠣᠨ ᠤ ᠭᠤᠪᠢᠭᠤᠯᠵᠤ | ᠢᠯᠡᠭᠡᠬᠦ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ᠲᠣᠰᠬᠤᠨ ᠪᠣᠯᠭᠠᠨ ᠳᠤ ᠲᠦᠷᠭᠡᠨ ᠬᠦᠷᠭᠡᠯᠲᠡ ᠨᠡᠪᠲᠡᠷᠡᠬᠦ ᠶᠢ ᠦᠨᠳᠦᠰᠦᠨ ᠳᠤ ᠪᠠᠨ | ᠪᠡᠶᠡᠯᠡᠭᠦᠯᠦᠨ᠎ᠡ᠃ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠪᠦᠲᠦᠮᠵᠢᠲᠠᠢ ᠳᠡᠮᠵᠢᠬᠦ ᠶᠢ ᠠᠬᠢᠭᠤᠯᠵᠤ᠂ ᠨᠣᠭᠤᠭᠠᠨ | ᠮᠥᠩᠭᠦᠨ ᠭᠦᠢᠯᠭᠡᠭᠡ᠂ ᠨᠡᠶᠢᠳᠡᠮ ᠬᠠᠷᠠᠭᠠᠯᠵᠠᠯᠲᠤ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠮᠥᠩᠭᠦᠨ | ᠭᠦᠢᠯᠭᠡᠭᠡ ᠶᠢ ᠶᠡᠭᠡ ᠪᠠᠷ ᠬᠥᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠳᠦᠭᠦᠮ ᠦᠵᠡᠭᠦᠯᠬᠦ ᠬᠡᠮᠵᠢᠶ᠎ᠡ ᠪᠠᠨ | ᠳᠡᠭᠡᠭᠰᠢᠯᠡᠭᠦᠯᠦᠨ᠂ ᠪᠡᠯᠡ ᠲᠣᠬᠢᠷᠠᠭᠤᠯᠬᠤ ᠲᠠᠯ᠎ᠠ ᠶᠢᠨ ᠥᠪᠡᠷ ᠤᠨ ᠦᠷᠲᠡᠭ ᠢ ᠨᠢ ᠪᠠᠭᠤᠷᠠᠭᠤᠯᠤᠨ᠎ᠠ᠃ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠭᠤᠣᠯᠳᠠᠯᠭ᠎ᠠ ᠪᠣᠯᠬᠤ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠠᠵᠢᠯᠯᠠᠭᠠᠨ ᠪᠠ | ᠰᠣᠶᠣᠯ ᠵᠢᠭᠤᠯᠴᠢᠯᠠᠯ ᠤᠨ ᠲᠣᠭᠠᠵᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠡᠯᠡ | ᠣᠷᠤᠭᠤᠯᠤᠯᠲᠠ ᠶᠢᠨ ᠪᠦᠯᠦᠭᠯᠡᠯ ᠢ ᠵᠣᠬᠢᠶᠠᠨ ᠪᠠᠶᠢᠭᠤᠯᠵᠤ᠂ ᠬᠠᠳᠣᠨ ᠭᠤᠣᠯ ᠤᠨ ᠲᠣᠬᠤᠢ᠂ ᠷᠠᠰᠢᠶᠠᠨ᠂ ᠡᠵᠡᠨ᠎ᠡ ᠵᠡᠷᠭᠡ ᠳᠠᠪᠠᠭᠤᠯᠢᠭ ᠣᠷᠣᠨ ᠬᠡᠰᠡᠭ ᠤᠳ ᠢ | ᠤᠷᠢᠳ ᠢᠶᠠᠷ ᠬᠥᠭᠵᠢᠭᠦᠯᠬᠦ ᠶᠢ ᠳᠡᠮᠵᠢᠵᠣ᠂ ᠨᠢᠭᠡ ᠪᠦᠯᠦᠭ ᠡᠬᠢ ᠪᠠᠶᠠᠯᠢᠭ ᠢᠶᠠᠨ ᠭᠦᠨᠵᠡᠭᠡᠢ ᠡᠮᠬᠢᠯᠡᠵᠦ ᠨᠡᠶᠢᠯᠡᠭᠦᠯᠦᠭᠰᠡᠨ ᠪᠠ ᠰᠣᠶᠣᠯ ᠵᠢᠭᠤᠯᠴᠢᠯᠠᠯ ᠢᠶᠠᠨ ᠭᠦᠨᠵᠡᠭᠡᠢ | ᠠᠭᠤᠰᠤᠯᠴᠠᠭᠤᠯᠤᠭᠰᠠᠨ ᠰᠢᠨ᠎ᠡ ᠦᠯᠢᠭᠡᠷ ᠳᠠᠭᠤᠷᠢᠶᠠᠯ ᠢ ᠪᠣᠢ ᠪᠣᠯᠭᠠᠨ᠂ ᠪᠦᠬᠦ ᠣᠷᠣᠨ ᠤ ᠵᠢᠭᠤᠯᠴᠢᠯᠠᠯ ᠢ ᠵᠡᠭᠦᠨ ᠠᠴᠠ ᠪᠠᠷᠠᠭᠤᠨᠰᠢ ᠪᠠᠨ ᠪᠦᠷ ᠬᠥᠭᠵᠢᠶᠡᠨᠲᠡᠢ | ᠪᠣᠯᠭᠠᠵᠣ᠂ ᠵᠢᠯ ᠤᠨ ᠳᠦᠷᠪᠡᠨ ᠤᠯᠠᠷᠢᠯ ᠳᠤ ᠴᠥᠮ ᠥᠷᠨᠢᠩᠭᠦᠢ ᠪᠣᠯᠭᠠᠨ᠎ᠠ᠃ | ︵ᠭᠤᠷᠪᠠ︶ ᠠᠮᠢ ᠠᠬᠤᠢ ᠣᠷᠴᠢᠨ ᠲᠣᠭᠤᠷᠢᠨ ᠢᠶᠠᠨ ᠬᠠᠮᠠᠭᠠᠯᠠᠵᠤ ᠵᠠᠰᠠᠬᠤ ᠶᠢ ᠬᠦᠴᠦᠯᠡᠨ ᠰᠠᠶᠢᠲᠤᠷ ᠠᠳᠬᠤᠵᠤ᠂ ᠮᠠᠨ ᠤ ᠤᠯᠤᠰ ᠤᠨ ᠤᠮᠠᠷᠠᠲᠤ ᠶᠢᠨ | ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠲᠤ ᠴᠣᠭᠴᠠᠯᠠᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠠᠮᠢ ᠠᠬᠤᠢ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠵᠤ᠂ | ᠥᠪᠥᠷ ᠮᠣᠩᠭᠤᠯ ᠤᠨ ᠨᠣᠮᠢᠨ ᠨᠣᠭᠤᠭᠠᠨ᠂ ᠴᠡᠩᠬᠡᠷ ᠬᠥᠬᠡ᠂ ᠠᠷᠢᠭᠤᠨ ᠴᠡᠪᠡᠷ ᠢ ᠬᠠᠮᠠᠭᠠᠯᠠᠵᠤ ᠰᠠᠬᠢᠨ᠎ᠠ᠃ | ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠶᠢᠮᠠᠭ ᠬᠤᠲᠠ᠂ ᠬᠤᠰᠢᠭᠤ ᠰᠢᠶᠠᠨ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠪᠡᠶᠡᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠢ ᠶᠢᠨ ᠬᠡᠷᠡᠭᠴᠡᠭᠡᠨ ᠳᠤ ᠬᠠᠮᠢᠶᠠᠷᠤᠨ ᠵᠠᠬᠢᠷᠬᠤ ᠶᠢ ᠴᠢᠩᠭᠠᠷᠠᠭᠤᠯᠤᠨ᠂ ︽ᠭᠤᠷᠪᠠᠨ ᠱᠤᠭᠤᠮ ᠨᠢᠭᠡ ᠳᠠᠩᠰᠠ︾ ᠶᠢᠨ ᠣᠷᠣᠨ ᠪᠦᠰᠡ ᠬᠤᠪᠢᠶᠠᠵᠤ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠨ᠎ᠠ᠃ ᠠᠭᠤᠯᠠ ᠤᠰᠤ ᠤᠢ ᠲᠠᠷᠢᠶ᠎ᠠ ᠨᠠᠭᠤᠷ ᠪᠡᠯᠴᠢᠭᠡᠷ | ᠡᠯᠡᠰᠦ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠲᠠᠯ᠎ᠠ ᠨᠤᠲᠤᠭ ᠪᠠ ᠤᠢ ᠰᠢᠭᠤᠢ ᠶᠢ ᠬᠠᠮᠠᠭᠠᠯᠠᠬᠤ ᠪᠠᠨ ᠲᠡᠷᠢᠭᠦᠨ ᠴᠢᠬᠤᠯᠠ ᠡᠭᠦᠷᠭᠡ ᠪᠣᠯᠭᠠᠨ᠂ ᠮᠠᠯ ᠪᠠ | ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ ᠢ ᠨᠠᠶᠢᠳᠠᠪᠤᠷᠢᠵᠢᠭᠤᠯᠵᠤ᠂ ᠤᠢ ᠰᠢᠭᠤᠢ ᠡᠪᠡᠰᠦ ᠪᠡᠯᠴᠢᠭᠡᠷ ᠤᠨ ᠭᠡᠮ ᠬᠥᠨᠥᠭᠡᠯ ᠢ ᠰᠡᠷᠭᠡᠶᠢᠯᠡᠨ ᠡᠵᠡᠮᠳᠡᠬᠦ ᠪᠠᠨ | ᠴᠢᠩᠭᠠᠷᠠᠭᠤᠯᠵᠤ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠪᠠᠨ | ᠭᠦᠨᠵᠡᠭᠡᠶᠢᠷᠡᠭᠦᠯᠦᠨ᠂ ᠠᠮᠢ ᠠᠬᠤᠢ ᠣᠷᠴᠢᠨ ᠲᠣᠭᠤᠷᠢᠨ ᠤ ᠬᠡᠪᠡᠷᠡᠭ ᠣᠷᠣᠨ ᠬᠡᠰᠡᠭ ᠲᠤ ᠠᠩᠬᠠᠷᠤᠯ ᠢᠶᠠᠨ ᠴᠢᠭᠯᠡᠭᠦᠯᠦᠭᠰᠡᠨ ᠬᠠᠮᠠᠭᠠᠯᠠᠵᠤ ᠰᠡᠷᠭᠦᠭᠡᠬᠦ ᠴᠢᠬᠤᠯᠠ ᠶᠡᠭᠡ | ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠪᠠ ᠡᠯᠡᠰᠦ ᠶᠢ ᠰᠡᠷᠭᠡᠶᠢᠯᠡᠨ ᠵᠠᠰᠠᠬᠤ ᠠᠵᠢᠯ ᠢᠶᠠᠨ ᠰᠢᠨᠵᠢᠯᠡᠬᠦ | ᠤᠬᠠᠭᠠᠨᠴᠢ ᠪᠠᠷ ᠠᠬᠢᠭᠤᠯᠤᠨ᠎ᠠ᠃ ᠬᠠᠲᠤᠨ ᠭᠤᠣᠯ ᠢ ᠶᠡᠭᠡ ᠪᠠᠷ ᠬᠠᠮᠠᠭᠠᠯᠠᠵᠤ ᠶᠡᠭᠡ ᠪᠠᠷ ᠵᠠᠰᠠᠬᠤ ᠪᠠᠨ ᠲᠦᠷᠦᠭᠦᠯᠡᠨ ᠬᠢᠬᠦ ᠶᠢ ᠪᠠᠷᠢᠮᠲᠠᠯᠠᠨ᠂ ᠣᠷᠴᠢᠨ ᠲᠣᠭᠤᠷᠢᠨ ᠤ | ᠠᠰᠠᠭᠤᠳᠠᠯ ᠢ ᠴᠡᠭᠴᠡᠯᠡᠨ ᠵᠠᠰᠠᠬᠤ᠂ ᠤᠰᠤ ᠶᠢ ᠲᠤᠩ ᠰᠠᠶᠢᠨ ᠠᠷᠪᠢᠯᠠᠬᠤ ᠪᠠ ᠡᠵᠡᠮᠳᠡᠬᠦ᠂ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠰᠢᠪᠲᠤᠯᠤᠯᠲᠠ ᠶᠢᠨ | ᠳᠠᠶᠢᠯᠠᠯᠳᠤᠭᠠᠨ ᠢ ᠰᠠᠶᠢᠲᠤᠷ ᠬᠢᠵᠦ᠂ ᠠᠷᠪᠠᠨ ᠲᠣᠮᠣ ᠬᠥᠨᠳᠡᠢ ᠶᠢ ᠶᠡᠷᠦᠩᠬᠡᠶᠢᠯᠡᠨ ᠵᠠᠰᠠᠬᠤ ᠪᠠ ᠰᠠᠶᠢᠷᠭᠠᠯ ᠭᠠᠵᠠᠷ ᠲᠠᠬᠢ ᠰᠠᠭᠤᠭᠠᠯᠢ ᠠᠷᠠᠳ ᠢ ᠨᠡᠭᠦᠯᠭᠡᠨ | ᠰᠢᠯᠵᠢᠭᠦᠯᠬᠦ ᠪᠠᠨ ᠲᠦᠷᠭᠡᠳᠬᠡᠨ ᠠᠬᠢᠭᠤᠯᠵᠤ᠂ ᠬᠥᠯᠥᠨ ᠨᠠᠭᠤᠷ᠂ ᠤᠯᠠᠭᠠᠨᠰᠤᠬᠠᠢ ᠨᠠᠭᠤᠷ᠂ ᠲᠠᠭ᠎ᠠ ᠶᠢᠨ ᠨᠠᠭᠤᠷ᠂ ᠴᠠᠭᠠᠨᠨᠠᠭᠤᠷ᠂ ᠪᠠᠷᠠᠭᠤᠨ ᠯᠢᠶᠣᠣ ᠾᠧ ᠭᠤᠣᠯ | ᠵᠡᠷᠭᠡ ᠭᠤᠣᠯᠳᠠᠯᠭ᠎ᠠ ᠪᠤᠯᠬᠤ ᠨᠠᠭᠤᠷ ᠭᠤᠣᠯ ᠨᠤᠭᠤ ᠭᠠᠵᠠᠷ ᠢ ᠶᠡᠷᠦᠩᠬᠡᠶᠢᠯᠡᠨ ᠵᠠᠰᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠪᠠᠷᠢᠯᠭ᠎ᠠ ᠶᠢᠨ ᠲᠦᠷᠣᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠲᠥᠯᠥᠪᠵᠢᠭᠦᠯᠦᠨ᠎ᠡ᠃ ᠤᠢ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ ᠴᠦᠬᠦᠷᠦᠮ ᠤᠨ | ᠳᠠᠷᠤᠭ᠎ᠠ ᠶᠢᠨ ᠳᠦᠷᠢᠮ ᠢ ᠴᠢᠩᠭᠠᠷᠠᠭᠤᠯᠵᠤ᠂ ᠨᠤᠲᠤᠭ ᠪᠡᠯᠴᠢᠭᠡᠷ᠂ ᠭᠤᠣᠯ ᠮᠥᠷᠡᠨ ᠨᠠᠭᠤᠷ ᠴᠦᠬᠦᠷᠦᠮ ᠵᠡᠷᠭᠡ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ | ᠲᠣᠭᠠᠵᠢᠭᠤᠯᠵᠤ ᠬᠢᠨᠠᠨ ᠬᠠᠮᠢᠶᠠᠷᠬᠤ᠂ ᠲᠣᠣᠷᠯᠢᠬᠵᠢᠭᠤᠯᠵᠤ ᠬᠠᠷᠢᠭᠤᠴᠠᠯᠭ᠎ᠠ ᠨᠠᠶᠢᠳᠠᠪᠤᠷᠢᠵᠢᠭᠤᠯᠬᠤ᠂ ᠬᠠᠤᠯᠢᠵᠢᠭᠤᠯᠵᠤ ᠵᠢᠷᠤᠮᠵᠢᠭᠤᠯᠬᠤ ᠲᠣᠭᠲᠠᠯᠴᠠᠭ᠎ᠠ ᠶᠢ | ᠪᠠᠶᠢᠭᠤᠯᠤᠨ᠎ᠠ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠪᠣᠬᠢᠷᠳᠤᠯ ᠦᠭᠡᠢ ᠠᠭᠤᠷᠬᠠᠢ ᠶᠢ 100 ᠭᠠᠷᠤᠢ | ᠰᠢᠨ᠎ᠡ ᠪᠠᠷ ᠪᠠᠶᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠪᠠᠨ ᠲᠦᠷᠭᠡᠳᠬᠡᠨ᠂ ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠶᠢ ᠢᠳᠡᠪᠬᠢᠲᠡᠢ | ᠪᠠᠶᠢᠭᠤᠯᠤᠨ᠂ ᠡᠯ᠎ᠡ ᠭᠠᠵᠠᠷ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠪᠠᠷ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ | ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠰᠠᠶᠢᠨ ᠰᠠᠶᠢᠬᠠᠨ ᠨᠤᠲᠤᠭ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨ ᠭᠦᠨᠵᠡᠭᠡᠢ ᠰᠠᠶᠢᠲᠤᠷ ᠬᠢᠨ᠎ᠡ᠃ ᠠᠭᠠᠷ ᠤᠨ ᠴᠡᠪᠡᠷᠴᠡ ᠶᠢ ᠰᠠᠶᠢᠵᠢᠷᠠᠭᠤᠯᠬᠤ | ᠠᠵᠢᠯ ᠢ ᠬᠦᠴᠦᠲᠡᠢ ᠠᠬᠢᠭᠤᠯᠤᠨ᠂ ᠦᠬᠠᠢ ᠵᠢᠴᠢ ᠲᠡᠭᠦᠨ ᠤ ᠡᠷᠭᠢᠨ ᠲᠣᠭᠤᠷᠢᠨ ᠳᠠᠬᠢ ᠭᠠᠵᠠᠷ ᠣᠷᠣᠨ ᠵᠡᠷᠭᠡ ᠭᠤᠣᠯᠳᠠᠯᠭ᠎ᠠ ᠪᠣᠯᠬᠤ ᠣᠷᠣᠨ ᠪᠦᠰᠡᠨ ᠤ ᠠᠭᠠᠷ | ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠠᠮᠠᠭᠠᠯᠠᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠶᠢᠨ | ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠪᠣᠬᠢᠷᠳᠤᠯ ᠢ ᠭᠦᠨᠵᠡᠭᠡᠢ ᠵᠠᠰᠠᠬᠤ ᠪᠠᠨ ᠠᠬᠢᠭᠤᠯᠤᠨ᠂ ᠪᠣᠬᠢᠷᠳᠤᠯ ᠡᠭᠦᠰᠬᠡᠬᠦ ᠤᠯᠠᠨ ᠪᠣᠳᠠᠰ ᠢ | ᠬᠠᠮᠵᠢᠯᠴᠠᠵᠤ ᠪᠠᠶᠢᠭᠠᠳ ᠬᠠᠮᠢᠶᠠᠷᠤᠨ ᠡᠷᠬᠡᠰᠢᠶᠡᠬᠦ ᠪᠠᠨ ᠴᠢᠩᠭᠠᠷᠠᠭᠤᠯᠵᠤ᠂ ᠴᠡᠪᠡᠷ ᠳᠤᠯᠠᠭᠠᠯᠠᠭ᠎ᠠ ᠶᠢ ᠲᠦᠷᠭᠡᠳᠬᠡᠨ ᠠᠬᠢᠭᠤᠯᠵᠤ᠂ ᠬᠦᠨᠳᠦ ᠪᠣᠬᠢᠷᠳᠤᠯ ᠲᠠᠢ ᠴᠠᠭ | ᠠᠭᠠᠷ ᠢ ᠦᠨᠳᠦᠰᠦᠨ ᠳᠤ ᠪᠠᠨ ᠠᠷᠢᠯᠭᠠᠨ᠎ᠠ᠃ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠᠨ ᠬᠦᠴᠦᠲᠡᠢ ᠠᠬᠢᠭᠤᠯᠵᠤ᠂ ᠭᠤᠣᠯ ᠤᠷᠤᠭᠤ ᠪᠣᠬᠢᠷᠳᠤᠯ | ᠭᠠᠳᠠᠭᠰᠢᠯᠠᠭᠤᠯᠬᠤ ᠠᠮᠠᠰᠠᠷ ᠪᠠ ᠪᠠᠷᠢᠮᠵᠢᠶ᠎ᠠ ᠳᠤ ᠦᠯᠦ ᠬᠦᠷᠬᠦ ᠣᠭᠲᠣᠯᠣᠭᠠᠰᠤ ᠶᠢᠨ ᠤᠰᠤᠨ ᠴᠣᠭᠴᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠪᠤᠵᠠᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠣᠨᠣᠴᠠᠲᠠᠢ ᠳᠡᠭᠡᠭᠰᠢᠯᠡᠭᠦᠯᠬᠦ ᠪᠠᠨ ᠲᠦᠷᠭᠡᠳᠬᠡᠨ ᠠᠬᠢᠭᠤᠯᠵᠤ᠂ ᠰᠢᠶᠠᠨ ᠤ ᠱᠠᠲᠤᠨ ᠤ ᠬᠤᠲᠠ ᠶᠢᠨ | ᠪᠠᠶᠢᠭᠤᠯᠤᠭᠰᠠᠨ ᠲᠣᠭᠤᠷᠢᠭ ᠲᠠᠬᠢ ᠪᠣᠬᠢᠷ ᠦᠮᠡᠬᠡᠢ ᠤᠰᠤᠨ ᠴᠣᠭᠴᠠ ᠶᠢ ᠨᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠬᠥᠷᠥᠰᠥ | ᠰᠢᠷᠣᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠬᠦᠴᠦᠲᠡᠢ ᠠᠬᠢᠭᠤᠯᠤᠨ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠦᠨᠳᠦ ᠲᠡᠮᠦᠷᠯᠢᠭ ᠤᠨ ᠪᠣᠬᠢᠷᠳᠤᠯ ᠢ | ᠡᠬᠢ ᠢᠷᠡᠯᠲᠡ ᠠᠴᠠ ᠨᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ ᠨᠢ ᠪᠠᠭᠠᠰᠬᠠᠨ ᠤᠨᠠᠯᠲᠠ | ᠬᠤᠷᠢᠶᠠᠯᠲᠠ ᠶᠢ ᠨᠢ ᠨᠡᠮᠡᠭᠳᠡᠭᠦᠯᠬᠦ ᠪᠠ ᠲᠠᠷᠢᠶᠠᠨ ᠤ ᠰᠦᠯᠢᠶᠥᠦ ᠪᠦᠷᠬᠦᠪᠴᠢ ᠶᠢ ᠪᠤᠴᠠᠭᠠᠨ ᠬᠤᠷᠢᠶᠠᠬᠤ ᠡᠷᠴᠢᠮ ᠢᠶᠠᠨ ᠴᠢᠩᠭᠠᠷᠠᠭᠤᠯᠤᠨ᠂ ᠬᠤᠭ ᠨᠣᠪᠰᠢ ᠶᠢ | ᠲᠦᠷᠦᠯ ᠬᠤᠪᠢᠶᠠᠬᠤ ᠪᠠ ᠡᠬᠢ ᠪᠠᠶᠠᠯᠢᠭᠵᠢᠭᠤᠯᠬᠤ ᠶᠢ ᠠᠬᠢᠭᠤᠯᠵᠤ᠂ ᠣᠷᠳᠣᠰ᠂ ᠪᠤᠭᠤᠲᠤ ᠶᠢᠨ ᠶᠡᠭᠡ ᠬᠡᠮᠵᠢᠶᠡᠨ ᠤ ᠬᠠᠲᠠᠭᠤ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠭᠰᠠᠨ ᠠᠵᠢᠯ ᠤᠨ ᠵᠢᠱᠢᠶ᠎ᠡ ᠦᠵᠡᠭᠦᠯᠬᠦ ᠶᠢ ᠨᠢ ᠳᠡᠮᠵᠢᠨ᠎ᠡ᠃ | ᠠᠷᠪᠢᠯᠠᠨ ᠡᠷᠴᠢᠮᠵᠢᠭᠦᠯᠵᠦ ᠤᠷᠴᠢᠯᠳᠤᠭᠤᠯᠤᠨ ᠬᠥᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠨᠡᠭᠦᠷᠡᠰᠦᠳᠦ᠋ᠷᠦᠭᠴᠢ ᠶᠢᠨ | ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠠᠴᠠ ᠪᠠᠭᠤᠷᠠᠭᠤᠯᠬᠤ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ | ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠭᠯᠠᠬᠤ ᠶᠢ ᠴᠢᠩᠭᠠᠳᠬᠠᠵᠤ᠂ ᠭᠤᠣᠯᠳᠠᠯᠭ᠎ᠠ | ᠪᠣᠯᠬᠤ ᠬᠦᠷᠢᠶᠡᠨ ᠳᠠᠬᠢ ᠡᠨᠧᠷᠬᠢ ᠠᠷᠪᠢᠯᠠᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠡᠷᠴᠢᠮ ᠢ ᠨᠢ ᠴᠢᠩᠭᠠᠷᠠᠭᠤᠯᠤᠨ᠂ ᠭᠦᠢᠯᠭᠡᠭᠡᠨ | ᠰᠠᠶᠢᠲᠠᠢ ᠪᠠᠷᠠᠭᠠᠨ ᠤ ᠲᠡᠭᠡᠭᠡᠪᠦᠷᠢ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾᠂ ︽ᠰᠤᠯᠠ ᠠᠴᠠ ᠴᠢᠩᠭᠡᠯᠢᠭ ᠢᠶᠠᠷ ᠲᠡᠭᠡᠭᠡᠪᠦᠷᠢᠯᠡᠬᠦ ᠪᠣᠯᠭᠠᠨ | ᠬᠤᠪᠢᠷᠠᠭᠤᠯᠬᠤ︾ ᠶᠢ ᠲᠦᠷᠭᠡᠳᠬᠡᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠴᠢᠳᠠᠪᠤᠷᠢ ᠪᠠᠨ ᠦᠷᠭᠦᠯᠵᠢᠯᠡᠨ ᠲᠡᠭᠡᠭᠰᠢᠯᠡᠬᠦᠯᠦᠨ᠎ᠡ᠃ ᠡᠨᠧᠷᠭᠢ | ᠬᠤᠷᠣᠭᠳᠠᠭᠤᠯᠬᠤ ᠬᠦᠴᠦᠯᠡᠴᠡ ᠶᠢ ᠴᠢᠩᠭ᠎ᠠ ᠡᠵᠡᠮᠳᠡᠬᠦ᠂ ᠶᠡᠷᠦᠩᠬᠡᠢ ᠬᠡᠮᠵᠢᠶ᠎ᠡ ᠶᠢ ᠨᠢ ᠤᠶᠠᠨ ᠬᠠᠷᠢᠮᠠᠬᠠᠢ ᠪᠠᠷ ᠬᠠᠮᠢᠶᠠᠷᠬᠤ ᠶᠢ ᠬᠡᠷᠡᠭᠵᠢᠭᠦᠯᠵᠦ᠂ ᠡᠨᠧᠷᠭᠢ ᠬᠡᠷᠡᠭᠯᠡᠬᠦ | ᠲᠥᠰᠥᠪ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠡᠨᠧᠷᠭᠢ ᠬᠤᠷᠣᠭᠳᠠᠯ ᠤᠨ ᠬᠦᠴᠦᠯᠡᠴᠡ ᠶᠢᠨ ᠪᠠᠷᠢᠮᠵᠢᠶᠠᠯᠠᠵᠤ ᠬᠥᠲᠥᠯᠥᠨ ᠵᠢᠯᠤᠭᠤᠳᠬᠤ ᠶᠢ | ᠴᠢᠩᠭᠠᠷᠠᠭᠤᠯᠵᠤ᠂ ︽ᠬᠤᠶᠠᠷ ᠶᠡᠬᠡᠲᠡᠢ︾ ᠲᠦᠷᠦᠯ ᠵᠦᠢᠯ ᠢ ᠳᠣᠣᠷ᠎ᠠ ᠲᠦᠪᠰᠢᠨ ᠲᠠᠢ ᠪᠠᠷ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠂ ᠰᠢᠨ᠎ᠡ ᠪᠠᠷ | ᠪᠠᠶᠢᠭᠤᠯᠬᠤ ᠲᠦᠷᠦᠯ ᠵᠦᠢᠯ ᠳᠤ ᠴᠥᠮ ︽ᠬᠤᠶᠠᠷ ᠲᠡᠷᠢᠭᠦᠨ ᠤ︾ ᠬᠢᠨᠠᠨ ᠪᠠᠶᠢᠴᠠᠭᠠᠬᠤ ᠪᠠᠷᠢᠮᠵᠢᠶ᠎ᠠ ᠶᠢ ᠬᠡᠷᠡᠭᠵᠢᠭᠦᠯᠵᠦ᠂ ᠰᠢᠨ᠎ᠡ ᠪᠠᠷ ᠪᠤᠢ ᠪᠣᠯᠤᠭᠰᠠᠨ ᠡᠨᠧᠷᠭᠢ | ᠬᠡᠷᠡᠭᠯᠡᠬᠦ ᠣᠷᠣᠨ ᠵᠠᠢ ᠶᠢ ᠪᠣᠬᠢᠷᠳᠤᠯ ᠦᠭᠡᠢ ᠪᠥᠭᠡᠳ ᠣᠨᠴᠠᠯᠢᠭ ᠲᠠᠢ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠳᠤ ᠤᠷᠢᠳ ᠢᠶᠠᠷ ᠬᠡᠷᠡᠭᠯᠡᠨ᠎ᠡ᠃ ᠤᠰᠤᠨ ᠤ | ᠡᠬᠢ ᠰᠤᠷᠪᠤᠯᠵᠢ ᠶᠢᠨ ᠬᠠᠲᠠᠭᠤ ᠬᠢᠵᠠᠭᠠᠷᠯᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠪᠠ ︽ | ᠤᠰᠤᠨ ᠤ ᠬᠡᠮᠵᠢᠶ᠎ᠡ ᠪᠠᠷ ᠪᠣᠳᠣᠯᠭ᠎ᠠ ᠬᠡᠷᠡᠭᠵᠢᠭᠦᠯᠬᠦ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠴᠤ | ᠬᠡᠷᠡᠭᠯᠡᠬᠦ ᠶᠢ ᠴᠢᠩᠭ᠎ᠠ ᠠᠳᠬᠤᠵᠤ ᠵᠠᠰᠠᠨ᠂ ᠲᠠᠷᠢᠶᠠᠯᠠᠩ ᠤᠨ ᠤᠰᠤ ᠠᠷᠪᠢᠯᠠᠨ ᠦᠷ᠎ᠡ ᠪᠦᠳᠣᠮᠵᠢ ᠪᠠᠨ ᠳᠡᠭᠡᠭᠰᠢᠯᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠨ | ᠪᠣᠬᠢᠷᠳᠤᠯ ᠡᠳ᠋ ᠭᠠᠳᠠᠭᠰᠢᠯᠠᠭᠤᠯᠬᠤ ᠪᠠᠨ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠨ ᠤᠰᠤ ᠰᠦᠢᠳᠬᠡᠬᠦ ᠶᠢ ᠪᠠᠭᠠᠰᠬᠠᠬᠤ ᠪᠠᠨ ᠪᠦᠬᠦ ᠲᠠᠯ᠎ᠠ ᠪᠠᠷ | ᠴᠢᠩᠭᠠᠷᠠᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ᠨᠡᠮᠡᠵᠦ ᠬᠠᠳᠠᠭᠠᠯᠠᠬᠤ ᠶᠢ ᠬᠤᠯᠪᠣᠭᠳᠠᠭᠤᠯᠬᠤ︾ ᠪᠠᠨ ᠴᠢᠩᠭᠠᠳᠬᠠᠵᠤ᠂ | ᠵᠥᠪᠰᠢᠶᠡᠷᠡᠭᠰᠡᠨ ᠪᠠᠶᠢᠲᠠᠯ᠎ᠠ ᠬᠠᠩᠭᠠᠵᠤ ᠥᠭᠭᠦᠭᠡᠳᠦᠢ ᠪᠠ ᠰᠤᠯᠠ ᠪᠠᠶᠢᠭ᠎ᠠ ᠭᠠᠵᠠᠷ ᠰᠢᠷᠣᠢ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠠᠰᠢᠭᠯᠠᠮᠵᠢ ᠪᠠᠷ | ᠪᠠᠷᠤᠭᠲᠠᠢ ᠭᠠᠵᠠᠷ ᠢ ᠳᠠᠬᠢᠨᠲᠠ ᠨᠡᠭᠡᠭᠡᠨ ᠬᠥᠭᠵᠢᠭᠦᠯᠬᠦ ᠪᠠ ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ ᠳᠠᠬᠢᠨᠲᠠ ᠬᠠᠭᠠᠯᠪᠤᠷᠢᠯᠠᠵᠤ ᠠᠰᠢᠭᠯᠠᠬᠤ ᠪᠠᠨ | ᠠᠬᠢᠭᠤᠯᠤᠨ᠎ᠠ᠃ ᠠᠵᠢᠯᠴᠢ ᠠᠷᠪᠢᠴᠢ ᠠᠷᠪᠢᠯᠠᠨ ᠭᠠᠮᠨᠠᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠳᠦᠭᠦᠮ ᠲᠣᠬᠢᠲᠠᠢ᠂ ᠪᠣᠬᠢᠷᠳᠤᠯ ᠦᠭᠡᠢ ᠪᠥᠭᠡᠳ | ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ | ᠵᠣᠷᠢᠭᠵᠢᠭᠤᠯᠤᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠬᠠᠮᠲᠤ ᠪᠠᠷ ᠪᠦᠲᠦᠭᠡᠨ ᠪᠠᠶᠢᠭᠤᠯᠤᠨ᠎ᠠ᠃ | ︵ᠳᠥᠷᠪᠡ︶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠡᠭᠦᠳᠦᠯᠲᠡ ᠶᠢ ᠠᠬᠢᠭᠤᠯᠵᠤ ᠨᠡᠭᠡᠭᠡᠯᠲᠡ ᠬᠢᠬᠦ ᠶᠢ ᠥᠷᠭᠡᠳᠬᠡᠬᠦ ᠪᠠᠷ ᠬᠦᠴᠦᠯᠡᠨ ᠴᠢᠷᠮᠠᠶᠢᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠳᠣᠲᠣᠭᠠᠳᠤ ᠳᠠᠬᠢ ᠬᠥᠳᠡᠯᠭᠡᠭᠦ ᠬᠦᠴᠦᠨ ᠢ ᠬᠥᠭᠵᠢᠭᠡᠨ᠎ᠡ᠃ | ᠬᠥᠭᠵᠢᠭᠦᠯᠬᠦ ᠳᠤ ᠬᠦᠴᠢᠷ ᠪᠠ ᠬᠤᠪᠢᠷᠠᠭᠤᠯᠬᠤ ᠳᠤ ᠪᠡᠷᠬᠡ ᠲᠠᠢ ᠪᠤᠯᠬᠤ ᠳᠤᠲᠤᠮ ᠢᠶᠠᠨ ᠥᠭᠡᠷᠡᠴᠢᠯᠡᠯᠲᠡ ᠬᠢᠵᠦ ᠪᠠᠶᠢᠭᠠᠳ ᠠᠮᠢᠵᠢᠷᠠᠯ ᠤᠨ ᠬᠦᠴᠦᠨ ᠣᠯᠬᠤ᠂ | ᠰᠢᠨ᠎ᠡ ᠶᠢ ᠡᠭᠦᠳᠴᠦ ᠪᠠᠶᠢᠭᠠᠳ ᠬᠥᠳᠡᠯᠭᠡᠭᠦ ᠬᠦᠴᠦᠨ ᠣᠯᠬᠤ᠂ ᠨᠡᠭᠡᠭᠡᠯᠲᠡ ᠬᠢᠵᠦ ᠪᠠᠶᠢᠭᠠᠳ ᠠᠰᠢᠭ ᠣᠯᠬᠤ ᠶᠢ ᠪᠠᠷᠢᠮᠲᠠᠯᠠᠨ᠎ᠠ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠶᠡᠭᠡ ᠪᠠᠷ ᠬᠦᠴᠦᠯᠡᠵᠦ ᠰᠢᠯᠢᠳᠡᠭᠵᠢᠭᠦᠯᠦᠨ᠎ᠡ᠃ ᠲᠡᠷᠢᠭᠦᠨ ᠤ ᠬᠢ ᠲᠠᠢ ᠬᠠᠷᠢᠴᠠᠭᠤᠯᠵᠤ᠂ | ᠲᠡᠷᠢᠭᠦᠨ ᠤ ᠬᠢ ᠠᠴᠠ ᠰᠤᠷᠤᠯᠴᠠᠵᠤ ᠪᠠᠶᠢᠭᠠᠳ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠰᠢᠯᠢᠳᠡᠭᠵᠢᠭᠦᠯᠵᠦ ᠳᠡᠰ ᠳᠡᠪᠰᠢᠭᠰᠡᠨ ᠪᠠᠷᠯᠠᠯ ᠢ ᠪᠦᠬᠦ | ᠬᠦᠴᠦ ᠪᠠᠷ ᠢᠶᠠᠨ ᠴᠣᠭᠴᠠᠯᠠᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠦᠬᠡᠬᠤᠲᠠ ᠪᠤᠭᠤᠲᠤ | ᠣᠷᠳᠣᠰ ᠤᠯᠠᠭᠠᠨᠴᠠᠪ ᠲᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠬᠡ ᠶᠢᠨ ᠵᠦᠢᠯᠡᠰ ᠢ ᠪᠦᠬᠦ ᠲᠠᠯ᠎ᠠ ᠪᠠᠷ ᠳᠣᠷᠣᠭᠰᠢ ᠲᠠᠯᠪᠢᠬᠤ ᠲᠤᠷᠰᠢᠯᠲᠠ ᠶᠢᠨ | ᠴᠡᠭ ᠤᠨ ᠠᠵᠢᠯ ᠢ ᠥᠷᠨᠢᠭᠦᠯᠦᠨ᠎ᠡ᠃ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠰᠢᠯᠢᠳᠡᠭᠵᠢᠭᠦᠯᠦᠨ᠂ ︽ᠨᠢᠭᠡ ᠯᠠ ᠰᠦᠯᠵᠢᠶ᠎ᠡ ᠪᠠᠷ | ᠨᠢᠭᠡᠳᠦᠯᠲᠡᠢ ᠬᠠᠮᠢᠶᠠᠷᠬᠤ︾ ᠶᠢ ᠡᠬᠢᠯᠡᠭᠦᠯᠵᠦ᠂ ︽ᠮᠥᠩᠬᠡ ᠰᠤᠪᠠᠭ· ᠳᠥᠷᠪᠡ ᠶᠢ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠰᠤᠷᠭᠠᠨ | ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ ᠪᠠ ᠠᠵᠤ ᠠᠬᠤᠶᠢᠯᠠᠯ ᠨᠡᠭᠡᠭᠡᠨ ᠡᠷᠬᠢᠯᠡᠬᠦ᠂ ᠡᠵᠡᠩᠨᠡᠯᠲᠡ ᠶᠢᠨ ᠵᠥᠪᠰᠢᠶᠡᠷᠡᠯ ᠵᠡᠷᠭᠡ ᠣᠯᠠᠨᠲᠠ ᠳᠠᠪᠲᠠᠨ | ᠭᠦᠢᠴᠡᠳᠬᠡᠬᠦ ᠵᠦᠢᠯᠡᠰ ᠢ ︽ᠨᠢᠭᠡ ᠯᠠ ᠤᠳᠠᠭ᠎ᠠ ᠳᠤ ᠭᠦᠢᠴᠡᠳᠬᠡᠬᠦ︾᠂ ︽ᠭᠠᠷ ᠤᠲᠠᠰᠤ ᠪᠠᠷ ᠭᠦᠢᠴᠡᠳᠬᠡᠬᠦ︾᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ | ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠪᠣᠯᠬᠤ 12345 ᠶᠢᠨ ︽ᠨᠢᠭᠡ ᠤᠲᠠᠰᠤ ᠪᠠᠷ ᠨᠡᠶᠢᠳᠡᠮ ᠨᠡᠪᠲᠡᠷᠡᠬᠦ︾ ᠶᠢ | ᠠᠬᠢᠭᠤᠯᠵᠤ᠂ ᠣᠯᠠᠨ ᠲᠦᠮᠡᠨ ᠤ ᠲᠤᠰᠬᠠᠭᠰᠠᠨ ᠠᠵᠢᠯ ᠶᠠᠪᠤᠳᠠᠯ ᠳᠤ ᠳᠠᠭᠠᠵᠦ ᠰᠢᠮᠳᠠᠭᠤᠯᠬᠤ ᠪᠠ ᠲᠡᠭᠦᠨ ᠢ ᠨᠢ ᠭᠦᠢᠴᠡᠳᠬᠡᠬᠦ ᠬᠥᠮᠥᠨ ᠲᠠᠢ ᠪᠣᠯᠭᠠᠨ᠎ᠠ᠃ ︽ | ᠬᠤᠶᠠᠷ ᠢ ᠣᠭᠲᠤ ᠭᠤᠶᠢᠪᠢᠰᠢ ᠦᠭᠡᠢ ᠪᠠᠶᠢᠯᠭᠠᠬᠤ︾ ᠶᠢ ᠪᠠᠷᠢᠮᠲᠠᠯᠠᠨ᠂ ᠲᠥᠪ ᠭᠤᠤᠯᠴᠢ ᠪᠠᠷ ᠥᠷᠢᠰᠦᠯᠳᠦᠬᠦ ᠳᠤ ᠬᠢᠨᠠᠨ ᠪᠠᠶᠢᠴᠠᠭᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠵᠦᠢᠯᠡᠰ ᠢ ᠴᠢᠩᠭ᠎ᠠ ᠡᠵᠡᠮᠳᠡᠨ᠂ ᠤᠯᠤᠰ ᠤᠨ ᠭᠠᠶᠢᠯᠢ ᠬᠥᠩᠭᠡᠷᠡᠭᠦᠯᠵᠦ | ᠰᠦᠢᠳᠬᠡᠯ ᠪᠠᠭᠤᠷᠠᠭᠤᠯᠬᠤ ᠰᠢᠨ᠎ᠡ ᠲᠦᠷᠦ ᠶᠢᠨ ᠪᠣᠳᠣᠯᠭ᠎ᠠ ᠶᠢ ᠴᠥᠮ ᠬᠡᠷᠡᠭᠵᠢᠭᠦᠯᠦᠨ ᠪᠣᠳᠠᠲᠠᠶᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ | ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠮᠠᠷᠭᠤᠭᠠᠨ ᠦᠭᠡᠢ ᠳᠠᠩᠰᠠᠨ ᠳᠠᠬᠢ ᠵᠣᠭᠤᠰ ᠢ ᠨᠢ ᠪᠦᠬᠦᠨ ᠢ ᠲᠥᠯᠥᠵᠦ ᠳᠠᠭᠤᠰᠬᠠᠨ᠎ᠠ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠯᠢ ᠨᠢ ᠴᠦ ᠭᠡᠰᠡᠨ᠂ ᠬᠦᠴᠢᠷᠳᠡᠯ ᠲᠠᠢ ᠪᠣᠯᠬᠤ ᠲᠣᠳᠣᠮ᠂ ᠵᠠᠰᠠᠭ ᠤᠨ | ᠣᠷᠳᠣᠨ ᠤᠯᠠᠮ ᠢᠯᠡᠭᠦᠦ ᠬᠠᠪᠰᠤᠷᠴᠤ ᠬᠦᠴᠦᠨ ᠣᠯᠭᠤᠨ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠨᠢ ᠳᠣᠲᠣᠨᠣ ᠪᠤᠯᠪᠠᠴᠦ ᠳᠦᠷᠢᠮ ᠵᠥᠷᠢᠴᠡᠬᠦ ᠦᠭᠡᠢ | ᠂ ᠴᠢᠬᠡᠴᠢ ᠪᠤᠯᠪᠠᠴᠦ ᠬᠤᠯᠠ ᠵᠠᠶᠢᠳᠠᠬᠤ ᠦᠭᠡᠢ ᠪᠠᠶᠢᠵᠤ᠂ ᠢᠲᠡᠭᠡᠯ ᠲᠡᠭᠦᠯᠳᠡᠷ ᠢᠶᠠᠷ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠨᠢ ᠳᠡᠮᠵᠢᠨ᠎ᠡ᠃ | ᠭᠤᠣᠯᠳᠠᠯᠭ᠎ᠠ ᠪᠣᠯᠬᠤ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠢ ᠪᠡᠶᠡᠯᠡᠭᠦᠯᠬᠦ ᠪᠠ ᠠᠬᠢᠭᠤᠯᠵᠤ᠂ ᠠᠯᠳᠠᠭᠳᠠᠯ ᠲᠠᠢ ᠭᠤᠣᠯᠳᠠᠯᠭ᠎ᠠ ᠪᠣᠯᠬᠤ ᠠᠵᠤ ᠠᠬᠤᠶᠢᠯᠠᠯ ᠳᠤ ᠲᠤᠰᠬᠠᠢ | ᠴᠡᠭᠴᠡᠯᠡᠨ ᠵᠠᠰᠠᠬᠤ ᠶᠢ ᠪᠡᠶᠡᠯᠡᠭᠦᠯᠦᠨ᠂ ᠥᠪᠡᠷᠲᠡᠭᠡᠨ ᠵᠠᠰᠠᠬᠤ ᠣᠷᠣᠨ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠪᠠᠷ ᠳᠠᠬᠢᠨᠲᠠ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠵᠦ ᠨᠡᠶᠢᠯᠡᠭᠦᠯᠬᠦ ᠶᠢ ᠨᠡᠩ ᠬᠦᠴᠦᠲᠡᠢ ᠠᠬᠢᠭᠤᠯᠵᠤ᠂ ᠠᠵᠢᠯ | ᠲᠦᠷᠦᠯ ᠤᠨ ᠲᠡᠷᠢᠭᠦᠨ ᠤ ᠬᠠᠮᠢᠶᠠᠷᠤᠯᠲᠠ ᠯᠤᠭ᠎ᠠ ᠪᠠᠷᠢᠮᠵᠢᠶᠠᠯᠠᠵᠤ ᠳᠡᠭᠡᠭᠰᠢᠯᠡᠭᠦᠯᠬᠦ ᠲᠤᠰᠬᠠᠢ ᠠᠵᠢᠯᠯᠠᠭᠠᠨ ᠢ ᠥᠷᠨᠢᠭᠦᠯᠦᠨ᠂ ᠤᠯᠤᠰ ᠤᠨ ᠥᠮᠴᠢᠯᠡᠯᠲᠦ ᠬᠥᠷᠥᠩᠭᠡ | ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠭᠤᠶᠢᠪᠢᠰᠢ ᠦᠭᠡᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ᠃ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠣᠷᠣᠨ ᠤ ᠨᠢᠭᠡᠳᠦᠯᠲᠡᠢ ᠲᠥᠯᠥᠪᠯᠡᠬᠦ ᠴᠢᠳᠠᠪᠤᠷᠢ ᠶᠢ ᠴᠢᠩᠭᠠᠷᠠᠭᠤᠯᠤᠨ᠂ ᠡᠳ᠋ ᠤᠨ ᠵᠠᠰᠠᠭ ᠤᠨ ᠪᠡᠯᠡ ᠮᠥᠩᠭᠦᠨ ᠤ | ᠲᠠᠯ᠎ᠠ ᠪᠠᠷ ᠬᠢ ᠬᠥᠲᠥᠯᠥᠨ ᠳᠠᠭᠠᠭᠤᠯᠬᠤ᠂ ᠲᠣᠬᠢᠷᠠᠭᠤᠯᠤᠨ ᠡᠵᠡᠮᠳᠡᠬᠦ᠂ ᠳᠠᠶᠢᠴᠢᠯᠠᠨ ᠬᠥᠭᠵᠢᠭᠡᠬᠦ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠳᠠᠬᠢ | ᠨᠢᠭᠡᠳᠦᠯᠲᠡᠢ ᠲᠥᠯᠥᠪᠯᠡᠵᠦ ᠵᠢᠭᠠᠨ ᠵᠢᠯᠤᠭᠤᠳᠬᠤ ᠶᠢ ᠴᠢᠩᠭᠠᠳᠬᠠᠨ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ ᠭᠤᠣᠯᠳᠠᠯᠭ᠎ᠠ ᠪᠣᠯᠬᠤ ᠲᠦᠷᠦᠯ | ᠵᠦᠢᠯ ᠳᠠᠬᠢ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠬᠤᠳᠠᠯᠳᠤᠭᠠᠨ ᠤ ᠪᠠᠩᠬᠢ᠂ ᠬᠥᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ︽ᠲᠢᠶᠠᠨ ᠵᠢᠶᠦ᠋ᠨ ᠦᠢᠯᠡᠴᠢᠯᠡᠭᠡ︾ ᠶᠢᠨ ᠲᠥᠯᠥᠪᠯᠡᠭᠡ ᠶᠢ | ᠦᠷᠬᠦᠯᠵᠢᠯᠡᠨ ᠠᠬᠢᠭᠤᠯᠵᠤ᠂ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠪᠠ ᠵᠢᠭᠡᠯᠡᠯᠭᠡ ᠶᠢᠨ ᠲᠡᠮᠳᠡᠭᠲᠦ ᠶᠢᠨ ᠪᠡᠯᠡ ᠲᠣᠬᠢᠷᠠᠭᠤᠯᠭ᠎ᠠ ᠪᠠᠨ ᠥᠷᠭᠡᠳᠬᠡᠬᠦ᠂ | ᠢᠲᠡᠭᠡᠮᠵᠢᠲᠦ ᠪᠡᠯᠡ ᠲᠣᠬᠢᠷᠠᠭᠤᠯᠭ᠎ᠠ ᠥᠷᠨᠢᠭᠦᠯᠬᠦ ᠶᠢ ᠳᠠᠮᠵᠢᠵᠦ᠂ ᠢᠲᠡᠭᠡᠮᠵᠢᠲᠦ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠥᠷᠭᠡᠳᠬᠡᠨ᠂ ᠪᠡᠯᠡ ᠲᠣᠬᠢᠷᠠᠭᠤᠯᠬᠤ | ᠪᠦᠲᠦᠴᠡ ᠳᠤ ᠨᠢ ᠲᠣᠬᠢᠷᠠᠭᠤᠯᠤᠯᠲᠠ ᠬᠢᠨ᠎ᠡ᠃ ᠴᠠᠬᠢᠯᠭᠠᠨ ᠤ ᠦᠨ᠎ᠡ ᠪᠠᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠯᠵᠢᠶᠠᠯᠠᠬᠤ | ᠴᠠᠬᠢᠯᠭᠠᠨ ᠤ ᠦᠨ᠎ᠡ ᠶᠢᠨ ᠬᠥᠪᠥᠮᠡᠯ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠭᠠᠵᠠᠷ ᠰᠢᠷᠣᠢ ᠨᠤᠲᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠨ | ᠲᠣᠬᠢᠷᠠᠭᠤᠯᠬᠤ︾ ᠶᠢ ᠯᠠᠪᠳᠠᠭᠤᠨ ᠢᠶᠠᠷ ᠬᠡᠷᠡᠭᠵᠢᠭᠦᠯᠵᠦ᠂ ᠠᠮᠢᠲᠠᠨ ᠤ ᠬᠢᠵᠢᠭ ᠭᠡᠮ ᠢ ᠰᠡᠷᠭᠡᠶᠢᠯᠡᠨ ᠳᠠᠷᠤᠬᠤ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠰᠢᠰᠲ᠋ᠧᠮ ᠲᠠᠢ ᠠᠬᠢᠭᠤᠯᠤᠨ᠎ᠠ᠃ | ᠰᠢᠨ᠎ᠡ ᠶᠢ ᠡᠭᠦᠣᠡᠭᠦ ᠮᠠᠶ᠋ᠢᠭ ᠤᠨ ᠥᠪᠥᠷ ᠮᠣᠩᠭᠤᠯ ᠢᠶᠠᠨ ᠲᠦᠷᠭᠡᠳᠬᠡᠨ ᠪᠦᠲᠦᠭᠡᠨ ᠪᠠᠶᠢᠭᠤᠯᠤᠨ᠎ᠠ᠃ ᠣᠷᠣᠨ ᠳᠠᠶᠠᠭᠠᠷ ᠲᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠶᠠᠰᠤ ᠴᠢᠨᠠᠷ ᠢ ᠳᠡᠭᠡᠭᠰᠢᠯᠡᠭᠦᠯᠬᠦ᠂ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠬᠥᠭᠵᠢᠭᠦᠯᠬᠦ ᠬᠠᠮᠲᠤ ᠶᠢᠨ ᠲᠠᠨᠢᠯᠲᠠ ᠶᠢ ᠪᠦᠷᠢᠯᠳᠦᠭᠦᠯᠦᠨ᠎ᠡ᠃ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ ᠢᠶᠠᠷ ᠨᠢᠭᠡᠳᠦᠯᠲᠡᠢ ᠤᠳᠤᠷᠢᠳᠤᠮᠵᠢ ᠪᠣᠯᠭᠠᠵᠣ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠰᠢᠨ᠎ᠡ ᠶᠢ ᠡᠭᠦᠣᠡᠭᠦ ᠴᠢᠳᠠᠪᠤᠷᠢ ᠪᠠᠨ ᠳᠡᠭᠡᠭᠰᠢᠯᠡᠭᠦᠯᠭᠦ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ | ᠰᠢᠨ᠎ᠡ ᠡᠭᠦᠳᠦᠯᠲᠡ ᠪᠠᠷ ᠬᠥᠭᠵᠢᠯᠲᠡ ᠪᠠᠨ ᠳᠠᠶᠢᠴᠢᠯᠠᠬᠤ ᠰᠢᠨ᠎ᠡ ᠳᠠᠪᠠᠭᠤᠯᠢᠭ ᠢ ᠪᠣᠢ ᠪᠣᠯᠭᠠᠨ᠎ᠠ᠃ ᠵᠠᠰᠠᠭ ᠤᠨ ᠣᠷᠳᠣᠨ ᠤ ᠰᠤᠳᠤᠯᠤᠨ ᠨᠡᠭᠡᠭᠡᠬᠦ ᠳᠠᠬᠢ ᠪᠡᠯᠡ | ᠤᠷᠤᠭᠤᠯᠤᠯᠲᠠ ᠪᠠᠨ ᠵᠠᠶᠢᠯᠠᠰᠢ ᠦᠭᠡᠢ ᠨᠡᠮᠡᠭᠳᠡᠭᠦᠯᠬᠦ ᠲᠣᠭᠲᠠᠴᠠ ᠪᠠ ᠨᠡᠶᠢᠭᠡᠮ ᠤᠨ ᠣᠯᠠᠨ ᠵᠠᠮ ᠮᠥᠷ ᠢᠶᠠᠷ ᠪᠡᠯᠡ ᠣᠷᠣᠭᠤᠯᠵᠤ ᠤᠷᠮᠠᠰᠢᠭᠤᠯᠬᠤ ᠲᠣᠭᠲᠠᠴᠠ ᠶᠢ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠡᠳ᠋ ᠤᠨ ᠵᠠᠰᠠᠭ ᠤᠨ ᠵᠠᠷᠤᠯᠭ᠎ᠠ ᠶᠢ 36.9% ᠨᠡᠮᠡᠭᠳᠡᠭᠦᠯᠵᠦ᠂ ᠠᠵᠤ ᠠᠬᠤᠶᠢᠯᠠᠯ᠂ | ᠮᠥᠩᠭᠦᠨ ᠭᠦᠢᠯᠭᠡᠭᠡᠨ ᠤ ᠬᠥᠷᠥᠩᠭᠡ ᠪᠠ ᠠᠷᠠᠳ ᠤᠨ ᠳᠤᠮᠳᠠᠬᠢ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠤᠯ ᠳᠤ ᠣᠷᠣᠭᠤᠯᠣᠯᠳᠡ ᠬᠢᠬᠦ ᠶᠢ ᠨᠢ ᠨᠡᠮᠡᠭᠳᠡᠭᠦᠯᠵᠦ᠂ ᠰᠤᠳᠤᠯᠤᠨ ᠨᠡᠭᠡᠭᠡᠬᠦ ᠠᠵᠢᠯᠯᠠᠭ᠎ᠠ ᠲᠠᠢ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠲᠤᠭ᠎ᠠ ᠶᠢᠨ ᠬᠤᠶᠠᠷ ᠳᠠᠬᠢᠨ ᠢᠶᠠᠷ ᠨᠡᠮᠡᠭᠳᠡᠬᠦ ᠶᠢ ᠪᠡᠶᠡᠯᠡᠭᠦᠯᠦᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 200 ᠰᠢᠨ᠎ᠡ ᠪᠠᠷ | ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠠᠶ᠋ᠢᠭ ᠤᠨ ᠳᠤᠮᠳᠠ ᠵᠢᠵᠢᠭ ᠠᠵᠤ ᠠᠬᠤᠶᠢᠯᠠᠯ ᠢ 1000 ᠠᠴᠠ ᠳᠠᠪᠠᠭᠤᠯᠤᠨ᠎ᠠ᠃ ᠠᠵᠤ | ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠵᠤ ᠪᠠᠶᠢᠭᠠᠳ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ | ᠰᠦ ᠶᠢᠨ ᠦᠢᠯᠡᠰ᠂ ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠳᠣᠮᠵᠢᠳᠠᠢ ᠪᠠᠷ ᠠᠰᠢᠭᠯᠠᠬᠤ ᠵᠡᠷᠭᠡ ᠭᠤᠣᠯᠳᠠᠯᠭ᠎ᠠ ᠪᠣᠯᠬᠤ ᠬᠦᠷᠢᠶᠡᠨ ᠳᠤ ᠠᠩᠬᠠᠷᠤᠯ ᠢᠶᠠᠨ | ᠴᠢᠭᠯᠡᠭᠦᠯᠦᠨ ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠵᠦ᠂ ᠦᠷ᠎ᠡ ᠡᠭᠦᠯᠳᠡᠷ ᠤᠨ ᠦᠢᠯᠡᠰ᠂ ︽ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠤᠷᠭᠢᠯ ᠬᠡᠮᠵᠢᠭᠳᠡᠯ ᠠᠴᠠ ᠪᠠᠭᠤᠷᠠᠭᠤᠯᠬᠤ ᠪᠠ ᠨᠡᠭᠦᠷᠡᠰᠦᠲᠦ᠋ᠷᠦᠭᠴᠢ ᠶᠢ ᠰᠠᠭᠠᠷᠮᠠᠭᠵᠢᠭᠤᠯᠬᠤ︾ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠡᠬᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠤᠨ ᠰᠢᠯᠵᠢᠭᠦᠯᠦᠨ ᠤᠯᠠᠷᠢᠭᠤᠯᠵᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ᠰᠦ ᠶᠢᠨ ᠦᠢᠯᠡᠰ᠂ ᠬᠤᠪᠣᠷ ᠰᠢᠷᠣᠢ ᠶᠢᠨ | ᠰᠢᠨ᠎ᠡ ᠮᠠᠲ᠋ᠧᠷᠢᠶᠠᠯ᠂ ᠠᠮᠢᠳᠠᠨ ᠤ ᠸᠠᠺᠼᠢᠨ ᠵᠡᠷᠭᠡ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠢ ᠳᠡᠮᠵᠢᠵᠦ ᠪᠠᠶᠢᠭᠠᠳ ᠮᠡᠷᠭᠡᠵᠢᠯ ᠤᠨ ᠰᠢᠪᠲᠤᠯᠤᠯᠲᠠ | ᠥᠷᠨᠢᠭᠦᠯᠦᠨ᠂ ᠬᠦᠬᠡᠬᠤᠲᠠ ᠪᠤᠭᠤᠲᠤ ᠣᠷᠳᠣᠰ ᠲᠠᠬᠢ ᠤᠯᠤᠰ ᠤᠨ ᠪᠡᠶ᠎ᠡ ᠪᠠᠨ ᠳᠠᠭᠠᠭᠠᠭᠰᠠᠨ ᠰᠢᠨ᠎ᠡ ᠡᠭᠦᠳᠦᠯᠲᠡ ᠶᠢᠨ ᠵᠢᠱᠢᠶ᠎ᠡ ᠦᠵᠡᠭᠦᠯᠬᠦ ᠲᠣᠭᠤᠷᠢᠭ᠂ | ᠪᠠᠶᠠᠨᠨᠠᠭᠤᠷ ᠲᠠᠬᠢ ᠤᠯᠤᠰ ᠤᠨ ᠲᠠᠷᠢᠶᠠᠯᠠᠩ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ᠂ ᠤᠯᠤᠰ ᠤᠨ ᠡᠪᠡᠰᠦᠨ ᠤ | ᠦᠷ᠎ᠡ ᠶᠢᠨ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠤᠨ ᠡᠭᠦᠳᠦᠨ ᠪᠠᠶᠢᠭᠤᠯᠵᠤ ᠰᠢᠪᠲᠤᠯᠤᠯᠲᠠ ᠬᠢᠬᠦ ᠠᠵᠢᠯ ᠥᠷᠨᠢᠭᠦᠯᠬᠦ ᠶᠢ ᠳᠡᠮᠵᠢᠵᠤ᠂ | ᠭᠤᠣᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠵᠡᠷᠭᠡ ᠳᠡᠰ ᠢ ᠨᠢ ᠳᠡᠪᠰᠢᠭᠦᠯᠭᠦ ᠶᠢ ᠳᠡᠮᠵᠢᠵᠣ᠂ ᠰᠢᠨ᠎ᠡ ᠣᠨᠣᠯᠵᠢᠬᠤᠨ ᠢᠶᠠᠷ ᠤᠳᠤ ᠦᠶ᠎ᠡ ᠶᠢᠨ ᠰᠢᠨ᠎ᠡ | ᠮᠠᠶ᠋ᠢᠭ ᠤᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠯ ᠤᠨ ᠬᠦᠷᠢᠶᠡᠯᠡᠩ ᠢ ᠪᠠᠶᠢᠭᠤᠯᠤᠨ᠎ᠠ᠃ ︽ᠵᠠᠷᠯᠠᠯ ᠬᠦᠯᠢᠶᠡᠵᠦ | ᠬᠤᠰᠢᠭᠤᠷᠠᠨ ᠠᠵᠢᠯᠯᠠᠬᠤ︾ ᠳᠦᠷᠢᠮ ᠢ ᠬᠦᠴᠦᠲᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠵᠠᠷᠤᠳᠠᠯ ᠤᠨ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠡᠵᠡᠨ ᠮᠡᠳᠡᠬᠦ ᠡᠷᠬᠡ ᠶᠢ ᠥᠷᠭᠡᠳᠬᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠴᠢᠩᠭᠠᠳᠬᠠᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ ᠴᠢᠳᠠᠪᠤᠷᠢᠲᠠᠨ ᠤ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠤ ᠪᠦᠯᠬᠦᠮ ᠨᠡᠶᠢᠲᠡ ᠶᠢ ᠶᠡᠭᠡ ᠪᠠᠷ ᠬᠥᠲᠥᠯᠥᠨ ᠳᠠᠭᠠᠭᠤᠯᠵᠤ ᠬᠥᠮᠥᠵᠢᠭᠦᠯᠦᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠵᠠᠯᠠᠭᠤ ᠴᠢᠳᠠᠪᠤᠷᠢᠲᠠᠨ ᠢ ᠬᠥᠮᠥᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ | ᠲᠣᠮᠢᠯᠠᠭᠴᠢ ᠶᠢᠨ ᠳᠦᠷᠢᠮ ᠢ ᠭᠦᠨᠵᠡᠭᠡᠢ ᠬᠡᠷᠡᠭᠵᠢᠭᠦᠯᠦᠨ᠎ᠡ᠃ | ᠨᠡᠭᠡᠭᠡᠯᠲᠡ ᠬᠢᠬᠦ ᠶᠢ ᠥᠷᠭᠡᠳᠬᠡᠬᠦ ᠠᠷᠭ᠎ᠠ ᠬᠡᠮᠵᠢᠶ᠎ᠡ ᠶᠢ ᠪᠦᠲᠦᠮᠵᠢᠲᠠᠢ ᠨᠠᠶᠢᠳᠠᠪᠤᠷᠢᠵᠢᠭᠤᠯᠤᠨ᠎ᠠ᠃ ︽ᠲᠠᠯᠪᠢᠬᠤ︾ ᠪᠠ ︽ᠰᠡᠷᠭᠡᠶᠢᠯᠡᠬᠦ︾ ᠶᠢ ᠨᠢᠭᠡᠳᠦᠯᠲᠡᠢ | ᠲᠥᠯᠥᠪᠯᠡᠵᠦ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠪᠣᠳᠠᠲᠠᠢ ᠠᠳᠬᠤᠨ᠂ ᠨᠦᠭᠦᠭᠡ ᠲᠠᠯ᠎ᠠ ᠪᠠᠷ ᠬᠢᠯᠢ ᠶᠢᠨ ᠪᠣᠭᠤᠮᠲᠠ ᠶᠢᠨ | ᠰᠠᠭᠠᠳ ᠦᠭᠡᠢ ᠨᠡᠪᠲᠡᠷᠡᠬᠦ ᠶᠢ ᠰᠠᠶᠢᠲᠤᠷ ᠠᠳᠬᠤᠨ᠎ᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠳᠤ ᠢᠳᠡᠪᠬᠢᠲᠡᠢ ᠠᠭᠤᠰᠤᠯᠴᠠᠨ᠂ ᠤᠷᠤᠰ | ᠮᠣᠩᠭᠤᠯ ᠯᠤᠭ᠎ᠠ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠢᠯᠢ ᠶᠢᠨ ᠪᠣᠭᠤᠮᠲᠠ ᠶᠢᠨ ᠬᠦᠢᠰᠦ ᠪᠣᠯᠬᠤ ᠴᠢᠳᠠᠮᠵᠢ ᠪᠠᠨ ᠥᠷᠭᠡᠳᠬᠡᠨ | ᠥᠭᠡᠷᠡᠴᠢᠯᠡᠬᠦ᠂ ᠬᠤᠯᠪᠤᠭᠠᠯᠠᠨ ᠲᠡᠭᠡᠭᠡᠪᠦᠷᠢᠯᠡᠬᠦ ᠵᠠᠮ ᠤᠨ ᠴᠢᠳᠠᠪᠤᠷᠢ ᠶᠢ ᠨᠡᠮᠡᠭᠳᠡᠭᠦᠯᠦᠨ ᠴᠢᠩᠭᠠᠳᠬᠠᠬᠤ᠂ ᠲᠥᠪᠯᠡᠷᠡᠭᠦᠯᠵᠦ ᠬᠤᠪᠢᠶᠠᠷᠢᠯᠠᠨ ᠲᠡᠭᠡᠭᠡᠪᠦᠷᠢᠯᠡᠬᠦ | ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠵᠡᠷᠭᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ ᠮᠠᠨ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠴᠣᠭᠴᠠᠯᠠᠬᠤ ᠳᠤ ᠰᠠᠭᠤᠷᠢ ᠶᠢ ᠨᠢ ᠪᠠᠬᠢᠵᠢᠭᠦᠯᠦᠨ᠎ᠡ᠃ ᠮᠠᠨᠵᠤᠤᠷ᠂ ᠡᠷᠢᠶᠡᠨ | ᠬᠤᠳᠠ ᠳᠠᠬᠢ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠲᠣᠭᠤᠷᠢᠭ ᠤᠨ ᠴᠢᠳᠠᠮᠵᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠭᠠᠳᠠᠭᠰᠢᠯ ᠮᠠᠶ᠋ᠢᠭ ᠤᠨ ᠠᠵᠤ ᠦᠢᠯᠡᠰ ᠢ | ᠢᠳᠡᠪᠬᠢᠲᠡᠢ ᠪᠤᠵᠠᠭᠠᠶᠢᠷᠠᠭᠤᠯᠤᠨ᠂ ᠳᠤᠮᠲᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ ᠲᠡᠷᠭᠡᠨ ᠤ ᠣᠷᠣᠯᠴᠠᠴᠠ ᠶᠢ ᠳᠡᠭᠡᠭᠰᠢᠯᠡᠭᠦᠯᠵᠦ᠂ ᠭᠠᠳᠠᠭᠠᠳᠤ ᠪᠡᠯᠡ ᠶᠢ ᠲᠠᠳᠡᠨ | ᠠᠪᠴᠢᠷᠠᠬᠤ ᠪᠠ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠥᠷᠭᠡᠳᠬᠡᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠪᠠ ᠬᠠᠳᠣᠨ ᠭᠤᠣᠯ ᠳᠠᠭᠠᠤ ᠶᠢᠨ ᠮᠤᠵᠢ᠂ ᠬᠥᠷᠰᠢ ᠵᠡᠷᠭᠡᠯᠡᠳᠡᠭᠡ ᠮᠤᠵᠢ ᠣᠷᠣᠨ ᠯᠤᠭ᠎ᠠ ᠶᠢᠨ ᠪᠣᠳᠠᠲᠠᠢ ᠶᠢ ᠡᠷᠬᠢᠮᠯᠡᠵᠦ | ᠬᠠᠮᠲᠤᠷᠠᠨ ᠠᠵᠢᠯᠯᠠᠬᠤ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠢᠯᠠᠩᠭᠤᠶ᠎ᠠ ᠡᠨᠧᠷᠬᠢ᠂ ᠠᠮᠢ ᠠᠬᠤᠢ᠂ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠤᠷᠭᠠᠨ ᠬᠥᠮᠦᠵᠢᠯ᠂ ᠡᠮᠴᠢᠯᠡᠭᠡ᠂ ᠴᠢᠳᠠᠪᠤᠷᠢᠲᠠᠨ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠤ ᠰᠢᠪᠲᠤᠯᠤᠯᠲᠠ | ᠭᠠᠷᠭᠠᠬᠤ ᠪᠠᠷ ᠰᠦᠪᠡᠭᠴᠢᠯᠡᠨ᠂ ᠨᠢᠭᠡ ᠶᠢ ᠨᠢᠭᠡ ᠳᠤ ᠴᠢᠭᠯᠡᠬᠦᠯᠬᠦ ᠪᠠ ᠨᠢᠭᠡ ᠶᠢ ᠣᠯᠠᠨ ᠳᠤ ᠴᠢᠭᠯᠡᠭᠦᠯᠦᠭᠰᠡᠨ ᠬᠠᠮᠲᠤᠷᠠᠵᠤ ᠠᠵᠢᠯᠯᠠᠬᠤ ᠵᠦᠢᠯᠡᠰ ᠢ ᠣᠨᠣᠴᠠᠲᠠᠢ | ᠰᠡᠳᠦᠨ ᠲᠥᠯᠥᠪᠯᠡᠵᠦ᠂ ᠳᠡᠭᠡᠳᠦ ᠦᠵᠦᠭᠦᠷ ᠤᠨ ᠠᠵᠤ ᠦᠢᠯᠡᠰ ᠲᠠᠢ ᠵᠣᠯᠭᠠᠭᠤᠯᠬᠤ᠂ ᠳᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ᠂ | ᠲᠡᠷᠢᠭᠦᠨ ᠤ ᠬᠦᠴᠦᠨ ᠵᠦᠢᠯ ᠢ ᠰᠢᠩᠭᠡᠬᠡᠨ ᠠᠪᠬᠤ᠂ ᠬᠡᠷᠡᠭᠯᠡᠭᠡ ᠶᠢᠨ ᠵᠠᠬ᠎ᠠ ᠳᠡᠯᠭᠡᠭᠦᠷ ᠢ ᠥᠷᠭᠡᠳᠬᠡᠬᠦ ᠠᠵᠢᠯ ᠢᠶᠠᠨ ᠨᠡᠩ ᠰᠠᠶᠢᠨ ᠪᠣᠯᠭᠠᠨ᠎ᠠ᠃ | ︵ᠲᠠᠪᠤ︶ ᠬᠤᠲᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠬᠦᠴᠦᠯᠡᠨ ᠠᠬᠢᠭᠤᠯᠵᠤ᠂ ᠪᠦᠬᠦ ᠣᠷᠣᠨ ᠤ ᠡᠯ᠎ᠡ ᠭᠠᠵᠠᠷ ᠤᠨ | ᠥᠷᠢᠰᠦᠯᠳᠦᠨ ᠬᠥᠭᠵᠢᠭᠰᠡᠨ ᠬᠥᠭᠵᠢᠶᠡᠩᠭᠦᠢ ᠪᠠᠶᠢᠳᠠᠯ ᠢ ᠪᠤᠢ ᠪᠣᠯᠭᠠᠨ᠎ᠠ᠃ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ | ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠰᠢᠨ᠎ᠡ ᠨᠢᠭᠡ ᠡᠭᠡᠯᠵᠢ ᠶᠢᠨ ᠪᠠᠶᠢᠯᠳᠤᠬᠤ ᠪᠣᠳᠣᠯᠭ᠎ᠠ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ | ᠨᠠᠶᠢᠳᠠᠪᠤᠷᠢᠵᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠤᠨ᠂ ᠲᠥᠪᠯᠡᠷᠡᠭᠦᠯᠵᠦ ᠪᠥᠭᠡᠮᠨᠡᠷᠡᠭᠦᠯᠵᠦ ᠡᠷᠴᠢᠮᠵᠢᠭᠦᠯᠵᠦ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠬᠤᠲᠠ ᠬᠥᠳᠡᠭᠡ ᠶᠢᠨ ᠣᠷᠣᠨ ᠪᠦᠰᠡ ᠶᠢᠨ | ᠵᠣᠬᠢᠴᠠᠩᠭᠤᠢ ᠬᠥᠭᠵᠢᠭᠰᠡᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ | ᠬᠥᠳᠡᠭᠡ ᠲᠤᠰᠬᠤᠨ ᠢᠶᠠᠨ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠪᠤᠴᠠᠭᠠᠳ ᠶᠠᠳᠠᠭᠤᠷᠠᠬᠤ ᠶᠢ ᠰᠡᠷᠭᠡᠶᠢᠯᠡᠬᠦ ᠪᠠᠷ ᠤᠷᠢᠳᠠᠯ | ᠪᠤᠯᠭᠠᠵᠤ᠂ ᠬᠢᠨᠠᠨ ᠰᠢᠨᠵᠢᠬᠦ ᠬᠠᠪᠰᠤᠷᠤᠨ ᠳᠡᠳᠭᠦᠬᠦ ᠲᠣᠭᠲᠠᠴᠠ ᠪᠠᠨ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ ᠬᠠᠪᠰᠤᠷᠤᠨ ᠳᠡᠳᠭᠦᠭᠦ ᠬᠤᠰᠢᠭᠤ ᠰᠢᠶᠠᠨ ᠲᠡᠶᠢᠰᠢ | ᠬᠡᠯᠪᠠᠶᠢᠯᠭᠡᠨ ᠳᠡᠮᠵᠢᠬᠦ ᠪᠠ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭ᠎ᠠ ᠦᠷᠬᠦᠯᠵᠢᠯᠡᠨ ᠳᠡᠳᠭᠦᠭᠦ ᠶᠢ ᠰᠠᠶᠢᠲᠤᠷ ᠠᠳᠬᠤᠵᠤ᠂ ᠬᠡᠪᠴᠢᠶᠡᠵᠢᠯ ᠤᠨ ᠴᠢᠨᠠᠷᠲᠠᠢ | ᠪᠤᠴᠠᠭᠠᠳ ᠶᠠᠳᠠᠭᠤᠷᠠᠬᠤ ᠦᠵᠡᠭᠳᠡᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠠᠮᠢᠳᠤᠷᠠᠯ ᠢ ᠰᠢᠨ᠎ᠡ | ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ ᠣᠨᠴᠠᠯᠢᠭ ᠲᠠᠢ ᠲᠠᠷᠢᠵᠤ ᠤᠷᠭᠤᠭᠤᠯᠤᠨ ᠲᠡᠵᠢᠭᠡᠵᠦ ᠦᠷᠡᠵᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ᠂ ᠬᠥᠳᠡᠭᠡ ᠲᠤᠰᠬᠤᠨ ᠤ ᠵᠢᠭᠤᠯᠴᠢᠯᠠᠯ ᠵᠡᠷᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠲᠤᠬᠠᠢ ᠶᠢᠨ ᠭᠠᠵᠠᠷ | ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠬᠥᠭᠵᠢᠭᠦᠯᠵᠦ᠂ ᠠᠵᠤ ᠦᠢᠯᠡᠰ ᠤᠨ ᠬᠡᠪᠴᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠂ ᠠᠵᠢᠯ ᠣᠯᠭᠤᠨ ᠦᠢᠯᠡᠰ | ᠪᠣᠰᠬᠠᠬᠤ ᠪᠠᠭᠲᠠᠭᠠᠮᠵᠢ ᠶᠢ ᠥᠷᠭᠡᠳᠬᠡᠵᠦ᠂ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭ᠎ᠠ ᠶᠢ ᠨᠢᠭᠲᠠᠷᠠᠭᠤᠯᠤᠨ᠂ ᠲᠠᠷᠢᠶᠠᠴᠢᠨ | ᠮᠠᠯᠴᠢᠳ ᠤᠨ ᠵᠣᠬᠢᠶᠠᠨ ᠪᠠᠶᠢᠭᠤᠯᠤᠯᠲᠠ ᠪᠣᠯᠬᠤ ᠪᠠ ᠬᠤᠷᠰᠢᠶᠠᠵᠢᠯ ᠤᠨ ᠵᠢᠷᠤᠮᠵᠢᠯ ᠲᠠᠢ ᠪᠣᠯᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠤᠲᠤᠭ ᠤᠨ ᠴᠢᠳᠠᠪᠤᠷᠢᠲᠠᠨ᠂ | ᠰᠢᠯᠢᠳᠡᠭ ᠣᠶᠤᠲᠠᠳ ᠤᠨ ᠨᠤᠲᠤᠭ ᠲᠤ ᠪᠠᠨ ᠪᠤᠴᠠᠵᠤ ᠦᠢᠯᠡᠰ ᠪᠣᠰᠬᠠᠬᠤ ᠶᠢ ᠳᠡᠮᠵᠢᠵᠤ᠂ ︽ᠴᠢᠳᠠᠯᠲᠠᠨ ᠤ ᠠᠵᠤ ᠠᠬᠤᠢ︾ ᠶᠢ ᠬᠥᠭᠵᠢᠭᠦᠯᠵᠦ᠂ ᠪᠡᠭᠡᠵᠢᠩ ᠪᠠ | ᠥᠪᠥᠷ ᠮᠣᠩᠭᠤᠯ ᠤᠨ ᠬᠠᠮᠵᠢᠯᠴᠠᠭ᠎ᠠ᠂ ᠴᠡᠭ ᠲᠣᠭᠲᠠᠭᠠᠵᠤ ᠬᠠᠪᠰᠤᠷᠤᠨ ᠳᠡᠳᠭᠦᠭᠦ ᠪᠠ ︽ᠲᠦᠮᠡᠨ ᠠᠵᠤ ᠠᠬᠤᠶᠢᠯᠠᠯ ᠢᠶᠠᠷ ᠲᠦᠮᠡᠨ ᠲᠤᠰᠬᠤᠨ ᠢ ᠬᠥᠭᠵᠢᠭᠦᠯᠦᠨ | ᠮᠠᠨᠳᠤᠭᠤᠯᠬᠤ︾ ᠠᠵᠢᠯᠯᠠᠭᠠᠨ ᠢ ᠭᠦᠨᠵᠡᠭᠡᠶᠢᠷᠡᠭᠦᠯᠦᠨ᠎ᠡ᠃ ᠬᠥᠳᠡᠭᠡ ᠲᠤᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠨ ᠪᠦᠬᠦ ᠲᠠᠯ᠎ᠠ ᠪᠠᠷ | ᠪᠡᠶᠡᠯᠡᠭᠦᠯᠵᠦ᠂ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠦᠨ᠂ ᠠᠰᠠᠭᠤᠳᠠᠯ ᠲᠠᠢ | ᠵᠣᠷᠯᠣᠩ ᠢ ᠴᠡᠭᠴᠡᠯᠡᠨ ᠰᠠᠶᠢᠵᠢᠷᠠᠭᠤᠯᠵᠤ᠂ ᠠᠷᠢᠭᠤᠨ ᠴᠡᠪᠡᠷ ᠵᠣᠷᠯᠣᠩ ᠢ ᠰᠢᠨ᠎ᠡ ᠪᠠᠷ 11 ᠲᠦᠮᠡ ᠪᠠᠶᠢᠭᠤᠯᠤᠨ᠂ ᠠᠮᠢᠳᠤᠷᠠᠯ ᠤᠨ ᠬᠤᠭ ᠨᠣᠪᠰᠢ ᠪᠣᠬᠢᠷ | ᠤᠰᠤᠨ ᠤ ᠵᠠᠰᠠᠯᠲᠠ ᠶᠢ ᠲᠣᠭᠤᠷᠢᠭ ᠪᠠ ᠲᠥᠷᠥᠯ ᠬᠤᠪᠢᠶᠠᠵᠤ ᠠᠬᠢᠭᠤᠯᠤᠨ᠎ᠠ᠃ ᠬᠢᠯᠢ ᠬᠢᠵᠠᠭᠠᠷ ᠤᠨ ᠭᠠᠵᠠᠷ ᠣᠷᠣᠨ ᠳᠠᠬᠢ ᠰᠤᠮᠤ ᠰᠢᠶᠠᠩ ᠪᠠᠯᠭᠠᠰᠤᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠢ ᠥᠷᠨᠢᠭᠦᠯᠦᠨ᠎ᠡ᠃ | ᠵᠡᠭᠦᠨ ᠳᠤᠮᠳᠠ ᠪᠠᠷᠠᠭᠤᠨ ᠣᠷᠣᠨ ᠤ ᠵᠦᠷᠢᠶᠡᠵᠢᠭᠰᠡᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ᠃ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠶᠣᠰᠣᠭᠠᠷ᠂ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠡᠯ᠎ᠡ ᠭᠠᠵᠠᠷ ᠢ | ᠬᠥᠲᠥᠯᠥᠨ ᠵᠢᠯᠤᠭᠤᠳᠴᠤ ᠪᠠᠶᠢᠭᠠᠳ ᠳᠠᠪᠠᠭᠤᠯᠢᠭ ᠪᠠ ᠣᠨᠴᠠᠯᠢᠭ ᠲᠤ ᠪᠠᠨ ᠰᠠᠭᠤᠷᠢᠯᠠᠨ᠂ ᠠᠵᠢᠯ ᠬᠤᠪᠢᠶᠠᠨ ᠬᠠᠮᠵᠢᠯᠴᠠᠬᠤ ᠪᠠᠨ ᠴᠢᠩᠭᠠᠳᠬᠠᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠨ᠎ᠠ᠃ ᠵᠡᠭᠦᠨ ᠬᠡᠰᠡᠭ ᠤᠨ ᠭᠠᠵᠠᠷ ᠣᠷᠣᠨ ᠤ ᠪᠣᠬᠢᠷᠳᠤᠯ ᠦᠭᠡᠢ ᠠᠮᠢ | ᠠᠬᠤᠢ ᠶᠢᠨ ᠳᠠᠪᠠᠭᠤᠯᠢᠭ ᠢᠶᠠᠨ ᠲᠣᠳᠣᠷᠠᠭᠤᠯᠬᠤ ᠪᠠ ᠪᠠᠳᠠᠷᠠᠭᠤᠯᠵᠤ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠶᠢᠨ ᠵᠢᠭᠤᠯᠴᠢᠯᠠᠯ ᠤᠨ | ᠦᠢᠯᠡᠰ ᠢᠶᠠᠷ ᠲᠤᠯᠭᠠᠭᠤᠷᠢ ᠪᠣᠯᠭᠠᠵᠤ ᠪᠣᠬᠢᠷᠳᠤᠯ ᠦᠭᠡᠢ ᠠᠵᠤ ᠦᠢᠯᠡᠰ ᠤᠨ ᠲᠣᠭᠲᠠᠯᠴᠠᠭ᠎ᠠ ᠶᠢ ᠴᠣᠭᠴᠠᠯᠠᠨ ᠪᠠᠶᠢᠭᠤᠯᠬᠤ ᠶᠢ ᠨᠢ ᠠᠬᠢᠭᠤᠯᠤᠨ᠎ᠠ᠃ ᠤᠯᠠᠭᠠᠨᠬᠠᠳᠠ᠂ | ᠲᠦᠩᠯᠢᠶᠣᠣ ᠶᠢᠨ ᠳᠠᠭᠠᠭᠠᠨ ᠠᠪᠴᠤ ᠵᠠᠯᠭᠠᠭᠤᠯᠬᠤ ᠠᠵᠤ ᠦᠢᠯᠡᠰ ᠤᠨ ᠰᠢᠯᠵᠢᠯᠲᠡ ᠶᠢᠨ ᠵᠢᠱᠢᠶ᠎ᠡ ᠦᠵᠡᠭᠦᠯᠬᠦ ᠲᠣᠭᠤᠷᠢᠭ ᠢ ᠬᠠᠮᠲᠤ ᠪᠠᠷ ᠪᠠᠶᠢᠭᠤᠯᠬᠤ ᠶᠢ ᠨᠢ | ᠳᠡᠮᠵᠢᠵᠦ᠂ ᠬᠥᠯᠥᠨ ᠪᠤᠶᠢᠷ᠂ ᠰᠢᠯᠢ ᠶᠢᠨ ᠭᠤᠣᠯ ᠤᠨ ᠲᠡᠨᠢᠭᠡᠷ ᠲᠠᠯ᠎ᠠ ᠨᠤᠲᠤᠭ ᠭᠡᠮᠡᠬᠦ ᠨᠡᠷᠡᠲᠦ ᠲᠡᠮᠳᠡᠭ ᠢ ᠪᠣᠢ ᠪᠣᠯᠭᠠᠬᠤ ᠶᠢ ᠨᠢ ᠳᠡᠮᠵᠢᠵᠦ᠂ ᠬᠢᠩᠭᠠᠨ ᠠᠶᠢᠮᠠᠭ ᠤᠨ | ᠷᠠᠰᠢᠶᠠᠨ ᠤ ᠤᠯᠤᠰ ᠤᠨ ᠳᠡᠰ ᠤᠨ ᠰᠡᠯᠡᠭᠦᠴᠡᠯ ᠵᠤᠭᠠᠴᠠᠯ ᠤᠨ ᠠᠮᠠᠷᠠᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ ᠨᠢ ᠳᠡᠮᠵᠢᠨ᠎ᠡ᠃ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠤᠨ ᠬᠥᠭᠵᠢᠭᠦᠯᠬᠦ ᠠᠬᠢᠴᠠ ᠶᠢ ᠲᠦᠷᠭᠡᠳᠬᠡᠵᠦ᠂ ᠵᠠᠬ᠎ᠠ ᠳᠡᠯᠭᠡᠭᠦᠷ ᠤᠨ ᠳᠦᠷᠢᠮ ᠤᠨ ᠲᠣᠭᠲᠠᠯᠴᠠᠭ᠎ᠠ ᠶᠢᠨ ︽ | ᠭᠤᠷᠪᠠᠨ ᠬᠠᠮᠲᠤ ᠭᠤᠷᠪᠠᠨ ᠬᠠᠷᠢᠯᠴᠠᠨ︾ ᠢᠨᠵᠧᠨᠧᠷᠢᠩ ᠢ ᠬᠡᠷᠡᠭᠵᠢᠭᠦᠯᠦᠨ᠂ ᠠᠶᠠᠨᠴᠢᠨ ᠤ ᠵᠥᠭᠡᠭᠡᠪᠦᠷᠢ ᠶᠢᠨ 1 ᠴᠠᠭ ᠤᠨ ᠳᠣᠲᠣᠷ᠎ᠠ ᠲᠦᠷᠭᠡᠨ ᠬᠦᠷᠬᠦ | ᠲᠣᠭᠤᠷᠢᠭ ᠢ ᠪᠣᠢ ᠪᠣᠯᠭᠠᠵᠤ᠂ ᠣᠶᠤᠨᠯᠢᠭ ᠬᠤᠲᠠ ᠶᠢ ᠨᠢᠭᠡ ᠴᠣᠭᠴᠠ ᠪᠠᠷ ᠪᠠᠶᠢᠭᠤᠯᠤᠨ᠂ ᠬᠦᠴᠦᠲᠡᠢ ᠪᠥᠭᠡᠳ ᠬᠦᠭᠵᠢᠶᠡᠩᠭᠦᠢ ᠨᠡᠮᠡᠭᠳᠡᠯ ᠤᠨ ᠳᠠᠶᠢᠴᠢᠯᠠᠬᠤ | ᠲᠦᠢᠯ ᠢ ᠲᠦᠷᠭᠡᠳᠬᠡᠨ ᠪᠣᠢ ᠪᠣᠯᠭᠠᠨ᠎ᠠ᠃ ᠬᠦᠬᠡᠬᠤᠲᠠ ᠶᠢ ᠳᠡᠮᠵᠢᠵᠦ ᠣᠷᠣᠨ ᠤ ᠲᠥᠪ ᠢᠶᠠᠨ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠴᠢᠨᠠᠷ | ᠰᠠᠶᠢᠲᠠᠢ ᠬᠥᠭᠵᠢᠯᠲᠡ ᠶᠢ ᠬᠠᠮᠤᠭ ᠤᠨ ᠲᠡᠷᠢᠭᠦᠨ ᠳᠤ ᠪᠡᠶᠡᠯᠡᠭᠦᠯᠦᠨ᠎ᠡ᠂ ᠪᠤᠭᠤᠲᠤ ᠶᠢ ᠳᠡᠮᠵᠢᠵᠦ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠪᠠ ᠣᠳᠣ ᠦᠶ᠎ᠡ ᠶᠢᠨ | ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠪᠠᠶᠢᠭᠤᠯᠤᠨ᠎ᠠ᠂ ᠣᠷᠳᠣᠰ ᠢ ᠳᠡᠮᠵᠢᠵᠦ ᠣᠳᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠰᠠᠭᠤᠷᠢᠨ | ᠭᠠᠵᠠᠷ ᠢ ᠪᠠᠶᠢᠭᠤᠯᠤᠨ᠎ᠠ᠂ ᠤᠯᠠᠭᠠᠨᠴᠠᠪ ᠢ ᠳᠡᠮᠵᠢᠵᠦ ᠪᠠᠷᠠᠭᠠᠨ ᠤ ᠭᠦᠢᠯᠭᠡᠭᠡᠨ ᠤ ᠬᠦᠢᠰᠦ ᠪᠠ ᠬᠢᠯᠢ ᠶᠢᠨ ᠪᠣᠭᠤᠮᠲᠠ ᠶᠢᠨ ᠪᠦᠰᠡ ᠲᠣᠭᠤᠷᠢᠭ ᠢ ᠪᠣᠢ ᠪᠣᠯᠭᠠᠨ᠎ᠠ᠃ | ᠪᠠᠷᠠᠭᠤᠨ ᠬᠡᠰᠡᠭ ᠤᠨ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠳᠤᠲᠠᠭᠤᠳᠠᠯ ᠢᠶᠠᠨ ᠨᠥᠬᠦᠪᠦᠷᠢᠯᠡᠬᠦ ᠶᠢ ᠠᠬᠢᠭᠤᠯᠵᠤ᠂ ᠠᠭᠤᠷᠬᠠᠢ ᠮᠠᠯᠲᠠᠬᠤ᠂ | ᠬᠡᠦᠷᠰᠢᠭᠦᠯᠬᠦ ᠵᠡᠷᠭᠡ ᠠᠵᠤ ᠦᠢᠯᠡᠰ ᠢ ᠨᠡᠶᠢᠯᠡᠭᠦᠯᠦᠨ ᠰᠢᠯᠢᠳᠡᠭᠵᠢᠭᠦᠯᠵᠦ᠂ ᠡᠷᠭᠢᠯᠲᠡᠲᠦ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠪᠠᠶᠠᠨᠨᠠᠭᠤᠷ ᠤᠨ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠵᠤ ᠥᠭᠡᠷᠡᠴᠢᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠶᠢ ᠳᠡᠮᠵᠢᠨ᠎ᠡ᠂ ᠦᠬᠠᠢ ᠶᠢᠨ | ᠡᠬᠢ ᠪᠠᠶᠠᠯᠢᠭ ᠰᠢᠪᠬᠠᠷᠤᠭᠰᠠᠨ ᠬᠤᠲᠠ ᠶᠢᠨ ᠬᠡᠯᠪᠡᠷᠢ ᠪᠠᠨ ᠲᠦᠷᠭᠡᠳᠬᠡᠨ ᠬᠤᠪᠢᠷᠠᠭᠤᠯᠬᠤ ᠶᠢ ᠳᠡᠮᠵᠢᠨ᠎ᠡ᠂ ᠠᠯᠠᠱᠠ ᠶᠢᠨ ᠳᠠᠬᠢᠨ ᠡᠭᠦᠰᠴᠦ ᠪᠣᠯᠬᠤ ᠡᠨᠧᠷᠬᠢ ᠶᠢᠨ | ᠰᠠᠭᠤᠷᠢᠨ ᠭᠠᠵᠠᠷ ᠪᠠᠶᠢᠭᠤᠯᠬᠤ ᠶᠢ ᠳᠡᠮᠵᠢᠨ᠎ᠡ᠃ | ︵ᠵᠢᠷᠭᠤᠭ᠎ᠠ︶ ᠰᠠᠭᠤᠷᠢ ᠪᠠᠲᠤᠯᠠᠭ᠎ᠠ ᠶᠢ ᠰᠠᠬᠢᠵᠤ ᠦᠨᠳᠦᠰᠦᠨ ᠵᠦᠢᠯ ᠢ ᠪᠠᠲᠤᠯᠠᠨ ᠳᠤᠲᠠᠭᠤᠳᠠᠯ ᠢᠶᠠᠨ ᠨᠥᠬᠦᠪᠦᠷᠢᠯᠡᠬᠦ ᠪᠠᠷ ᠬᠦᠴᠦᠯᠡᠨ ᠴᠢᠷᠮᠠᠶᠢᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠨᠢᠭᠡᠳᠦᠯᠲᠡᠢ ᠲᠥᠯᠥᠪᠯᠡᠨ ᠠᠬᠢᠭᠤᠯᠵᠤ᠂ ᠴᠢᠳᠠᠯ ᠤᠨ ᠢᠶᠠᠨ ᠬᠢᠷᠢ ᠪᠠᠷ ᠴᠢᠷᠮᠠᠶᠢᠨ ᠠᠵᠢᠯᠯᠠᠵᠤ᠂ ᠭᠤᠣᠯᠳᠠᠭᠤ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ | ᠬᠦᠷᠢᠶᠡᠨ ᠳᠠᠬᠢ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠣᠨᠣᠴᠠᠲᠠᠢ ᠬᠠᠩᠭᠠᠵᠤ᠂ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠲᠡᠶᠢᠰᠢ ᠯᠠᠪᠳᠠᠭᠤᠨ | ᠪᠠᠲᠤᠲᠠᠢ ᠤᠷᠤᠭᠰᠢᠯᠠᠨ᠎ᠠ᠃ | ᠠᠵᠢᠯ ᠣᠯᠭᠤᠯᠲᠠ ᠶᠢ ᠦᠨᠡᠨ ᠬᠦ ᠲᠣᠭᠲᠠᠭᠤᠨ ᠢᠶᠠᠷ ᠥᠷᠭᠡᠳᠬᠡᠨ᠎ᠡ᠃ ᠴᠢᠨᠠᠷ ᠰᠠᠶᠢᠲᠠᠢ ᠬᠥᠭᠵᠢᠯᠲᠡ ᠶᠢᠨ ᠶᠠᠪᠤᠴᠠ ᠳᠤ ᠪᠠᠨ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠴᠢᠩᠭᠠᠷᠠᠭᠤᠯᠤᠨ᠂ ᠠᠵᠤ ᠠᠬᠤᠶᠢᠯᠠᠯ ᠢ ᠲᠣᠭᠲᠠᠭᠤᠨ ᠪᠠᠶᠢᠯᠭᠠᠬᠤ ᠪᠠᠷ ᠠᠵᠢᠯ ᠣᠯᠭᠤᠯᠲᠠ ᠶᠢ ᠲᠣᠭᠲᠠᠭᠤᠨ ᠪᠣᠯᠭᠠᠵᠤ᠂ | ᠠᠵᠤ ᠠᠬᠤᠶᠢᠯᠠᠯ ᠢ ᠪᠠᠲᠤᠯᠠᠬᠤ ᠪᠠᠷ ᠠᠵᠢᠯ ᠣᠯᠭᠤᠯᠲᠠ ᠶᠢ ᠪᠠᠲᠤᠯᠠᠵᠤ᠂ ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢᠶᠠᠷ ᠴᠢᠩᠭ᠎ᠠ ᠪᠠᠶᠢᠭ᠎ᠠ ᠳᠤᠮᠳᠠ ᠵᠢᠵᠢᠭ | ᠪᠢᠴᠢᠯ ᠠᠵᠤ ᠠᠬᠤᠶᠢᠯᠠᠯ᠂ ᠠᠵᠢᠯ ᠣᠯᠭᠤᠯᠲᠠ ᠶᠢ ᠳᠠᠶᠢᠴᠢᠯᠠᠬᠤ ᠬᠡᠪᠴᠢᠶ᠎ᠡ ᠪᠠᠷ ᠥᠷᠭᠡᠨ ᠪᠠᠶᠢᠭ᠎ᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠬᠦᠴᠦᠲᠡᠢ ᠲᠡᠳᠬᠦᠵᠦ᠂ ᠠᠵᠢᠯ ᠣᠯᠭᠤᠯᠲᠠ ᠶᠢᠨ ᠲᠠᠯ᠎ᠠ ᠳᠠᠬᠢ ᠠᠵᠤ ᠠᠬᠤᠢ ᠶᠢᠨ ᠨᠡᠮᠡᠭᠳᠡᠯ ᠤᠨ ᠳᠠᠶᠢᠴᠢᠯᠠᠬᠤ ᠬᠦᠴᠦᠨ ᠢ ᠨᠢ ᠳᠡᠭᠡᠭᠰᠢᠯᠡᠭᠦᠯᠦᠨ᠎ᠡ᠃ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠵᠢᠯ ᠠᠯᠳᠠᠭᠰᠠᠳ ᠵᠡᠷᠭᠡ ᠭᠤᠣᠯᠳᠠᠯᠭ᠎ᠠ ᠪᠣᠯᠬᠤ ᠬᠥᠮᠥᠰ ᠤᠨ ᠠᠵᠢᠯ | ᠣᠯᠭᠤᠯᠲᠠ ᠶᠢ ᠲᠥᠷᠥᠯ ᠬᠤᠪᠢᠶᠠᠨ ᠪᠠᠲᠤᠯᠠᠵᠤ᠂ ᠠᠵᠢᠯ ᠣᠯᠬᠤ ᠳᠤ ᠬᠦᠴᠢᠷᠳᠡᠯᠲᠡᠢ ᠪᠠᠶᠢᠭ᠎ᠠ ᠬᠥᠮᠥᠰ ᠢ ᠬᠠᠪᠰᠤᠷᠤᠨ ᠲᠡᠳᠬᠦᠵᠦ ᠪᠠᠶᠢᠭᠠᠳ ᠠᠵᠢᠯ ᠣᠯᠭᠤᠵᠤ᠂ | ᠲᠠᠷᠢᠶᠠᠯᠠᠬᠤ ᠮᠠᠯᠵᠢᠬᠤ ᠣᠷᠣᠨ ᠤ ᠬᠥᠳᠡᠯᠮᠦᠷᠢ ᠬᠦᠴᠦᠨ ᠢ ᠨᠠᠭᠠᠲᠤ ᠵᠠᠬ᠎ᠠ ᠳᠤ ᠪᠠᠨ 240 ᠲᠦᠮᠡ ᠰᠢᠯᠵᠢᠭᠦᠯᠦᠨ᠎ᠡ᠃ ᠠᠮᠢᠳᠤᠯᠢᠭ ᠢᠶᠠᠷ ᠠᠵᠢᠯ ᠣᠯᠭᠤᠬᠤ ᠳᠤ | ᠬᠥᠳᠡᠯᠮᠦᠷᠢ ᠬᠦᠴᠦᠨ ᠤ ᠬᠡᠷᠡᠭᠯᠡᠯᠲᠡ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠲᠦᠷᠭᠡᠨ ᠢᠯᠡᠭᠡᠭᠴᠢ ᠵᠠᠯᠠᠭᠤ᠂ | ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠬᠥᠮᠥᠰ ᠤᠨ ᠡᠷᠬᠡ ᠠᠰᠢᠭ ᠢ ᠪᠠᠲᠤᠯᠠᠨ᠎ᠠ᠃ ︽ᠦᠢᠯᠡᠰ ᠪᠣᠰᠬᠠᠬᠤ ᠥᠪᠥᠷ ᠮᠣᠩᠭᠤᠯ︾ ᠤᠨ ᠠᠵᠢᠯᠯᠠᠭᠠᠨ ᠢ | ᠭᠦᠨᠵᠡᠭᠡᠶᠢᠷᠡᠭᠦᠯᠦᠨ᠂ ᠡᠯ᠎ᠡ ᠭᠠᠵᠠᠷ ᠢ ᠳᠡᠮᠵᠢᠵᠦ ᠪᠠᠶᠢᠭᠠᠳ ᠭᠤᠣᠯᠳᠠᠯᠭ᠎ᠠ ᠪᠣᠯᠬᠤ ᠬᠥᠮᠥᠰ ᠤᠨ ᠠᠵᠢᠯ ᠣᠯᠭᠤᠯᠲᠠ ᠶᠢᠨ ᠰᠠᠭᠤᠷᠢᠨ ᠭᠠᠵᠠᠷ ᠪᠠ ᠦᠢᠯᠡᠰ ᠪᠣᠰᠬᠠᠬᠤ | ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠶᠢ | ᠨᠢᠭᠡᠳᠦᠯᠲᠡᠢ ᠲᠥᠯᠥᠪᠯᠡᠵᠦ ᠠᠬᠢᠭᠤᠯᠤᠨ᠎ᠠ᠃ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠥᠷᠭᠡᠨ ᠬᠡᠪᠴᠢᠶᠡᠨ ᠤ ᠪᠣᠯᠪᠠᠰᠤᠷᠠᠯ ᠢ ᠥᠷᠨᠢᠭᠦᠯᠦᠨ᠂ ᠣᠶᠤᠨᠯᠢᠭ ᠢᠶᠠᠷ | ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠵᠦ᠂ ᠬᠠᠩᠭᠠᠯᠭ᠎ᠠ ᠪᠠ ᠬᠡᠷᠡᠭᠴᠡᠭᠡ ᠶᠢ ᠵᠣᠯᠭᠠᠯᠳᠤᠭᠤᠯᠬᠤ ᠪᠠᠨ ᠪᠦᠲᠦᠮᠵᠢᠲᠡᠢ ᠵᠣᠬᠢᠶᠠᠨ | ᠪᠠᠶᠢᠭᠤᠯᠵᠤ᠂ ᠨᠡᠩ ᠤᠯᠠᠨ ᠬᠥᠳᠡᠯᠮᠦᠷᠢᠯᠡᠭᠴᠢ ᠶᠢᠨ ᠠᠵᠢᠯ ᠣᠯᠵᠤ ᠦᠢᠯᠡᠰ ᠪᠣᠰᠬᠠᠬᠤ ᠶᠢ ᠨᠢ ᠬᠠᠪᠰᠤᠷᠤᠨ ᠳᠡᠮᠵᠢᠨ᠎ᠡ᠃ | ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃ ᠶᠣᠰᠣ ᠰᠤᠷᠲᠠᠬᠤᠨ ᠢ ᠪᠣᠢ ᠪᠣᠯᠭᠠᠵᠤ ᠬᠥᠮᠥᠨ ᠢ ᠬᠥᠮᠥᠵᠢᠭᠦᠯᠬᠦ ᠶᠢ | ᠪᠠᠷᠢᠮᠲᠠᠯᠠᠨ᠂ ᠶᠡᠭᠡ ᠳᠡᠭᠡᠳᠦ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠨᠢᠭᠡ ᠴᠣᠭᠴᠠᠵᠢᠭᠰᠠᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠎ᠠ᠃ ︽ᠬᠡᠦᠬᠡᠳ ᠤᠨ ᠴᠡᠴᠡᠷᠯᠢᠭ ᠲᠤ ᠣᠷᠣᠬᠤ ᠳᠤ ᠬᠦᠴᠢᠷᠲᠡᠢ︾ ᠪᠠᠶᠢᠭ᠎ᠠ ᠠᠰᠠᠭᠤᠳᠠᠯ ᠢ ᠣᠯᠠᠨ | ᠠᠷᠭ᠎ᠠ ᠵᠠᠮ ᠢᠶᠠᠷ ᠰᠢᠢᠳᠪᠦᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠵᠢᠴᠢ ᠰᠤᠷᠬᠤ ᠨᠠᠰᠦᠨ ᠠᠴᠠ ᠡᠮᠦᠨᠡᠬᠢ ᠰᠤᠷᠭᠠᠨ ᠬᠥᠮᠦᠵᠢᠯ ᠤᠨ ᠠᠯᠪᠠᠨ | ᠵᠠᠷᠤᠳᠠᠯ ᠤᠨ ᠣᠷᠤᠭᠤᠯᠤᠯᠲᠠ ᠪᠠ ᠠᠯᠪᠠᠨ ᠠᠴᠠ ᠪᠠᠶᠢᠭᠤᠯᠤᠭᠰᠠᠨ ᠰᠤᠷᠭᠠᠭᠤᠯᠢ ᠶᠢᠨ ᠰᠤᠷᠤᠭᠴᠢᠳ ᠤᠨ ᠪᠠᠶᠢᠷᠢ ᠣᠷᠣ ᠶᠢᠨ ᠬᠠᠩᠭᠠᠯᠭ᠎ᠠ ᠶᠢ ᠨᠡᠮᠡᠭᠳᠡᠭᠦᠯᠦᠨ᠂ ︽ | ᠬᠤᠶᠠᠷ ᠢ ᠬᠥᠩᠭᠡᠷᠡᠭᠦᠯᠬᠦ︾ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠠᠴᠠ ᠡᠷᠬᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠢ | ᠵᠢᠷᠤᠮᠵᠢᠭᠤᠯᠤᠨ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠦᠭᠵᠢᠬᠦ ᠶᠢ ᠠᠬᠢᠭᠤᠯᠵᠤ᠂ ᠬᠡᠦᠬᠡᠳ | ᠪᠦᠬᠦᠨ ᠢ ᠣᠶᠢᠷ᠎ᠠ ᠬᠠᠪᠢ ᠶᠢᠨ ᠰᠤᠷᠭᠠᠭᠤᠯᠢ ᠳᠤ ᠪᠠᠨ ᠰᠠᠶᠢᠲᠤᠷ ᠰᠤᠷᠤᠯᠴᠠᠭᠤᠯᠬᠤ ᠪᠠᠷ ᠴᠢᠷᠮᠠᠶᠢᠨ᠎ᠠ᠃ ᠳᠡᠭᠡᠳᠦ ᠰᠤᠷᠭᠠᠭᠤᠯᠢ ᠶᠢᠨ ᠨᠢᠭᠡᠳᠦᠯᠲᠡᠢ ᠰᠢᠯᠭᠠᠯᠲᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠬᠢᠯᠡᠭᠦᠯᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠯᠠᠨ ᠶᠠᠩᠵᠤ | ᠬᠡᠯᠪᠡᠷᠢ ᠲᠠᠢ ᠥᠪᠡᠷᠮᠢᠴᠡ ᠣᠨᠴᠠᠯᠢᠭ ᠲᠠᠢ ᠬᠥᠭᠵᠢᠬᠦ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠶᠠᠷ ᠥᠨᠳᠥᠷ ᠲᠦᠪᠰᠢᠨ︾᠂ ︽ | ᠬᠤᠶᠠᠷ ᠴᠢᠨᠠᠷ ᠰᠠᠶᠢᠲᠠᠢ︾ ᠲᠥᠯᠥᠪᠯᠡᠭᠡ ᠶᠢ ᠬᠡᠷᠡᠭᠵᠢᠭᠦᠯᠵᠦ᠂ ᠶᠠᠮᠤᠨ ᠪᠠ ᠥᠪᠡᠷᠲᠡᠭᠡᠨ ᠵᠠᠰᠠᠬᠤ ᠣᠷᠣᠨ ︽ᠤᠷ᠎ᠠ ᠮᠡᠷᠭᠡᠰᠢᠯᠲᠦ ᠥᠪᠥᠷ ᠮᠣᠩᠭᠤᠯ︾ ᠢ | ᠬᠠᠮᠲᠤ ᠪᠠᠷ ᠪᠠᠶᠢᠭᠤᠯᠬᠤ ᠶᠢ ᠨᠢ ᠠᠬᠢᠭᠤᠯᠵᠤ᠂ ᠭᠤᠣᠯᠳᠠᠯᠭ᠎ᠠ ᠪᠣᠯᠬᠤ ᠠᠵᠤ ᠦᠢᠯᠡᠰ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠵᠠᠯᠭᠠᠯᠳᠤᠭᠤᠯᠵᠤ | ᠪᠠᠶᠢᠭᠠᠳ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠨ ᠠᠵᠢᠯᠯᠠᠬᠤ ᠶᠢ | ᠭᠦᠨᠵᠡᠭᠡᠶᠢᠷᠡᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠲᠣᠬᠢᠷᠠᠭᠤᠯᠤᠯᠲᠠ ᠪᠠ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠶᠠᠮᠤᠨ ᠪᠠ | ᠥᠪᠡᠷᠲᠡᠭᠡᠨ ᠵᠠᠰᠠᠬᠤ ᠣᠷᠣᠨ ᠤ ︽ᠬᠤᠣᠰ ᠲᠡᠷᠢᠭᠦᠨ ᠳᠡᠰ︾ ᠤᠨ ᠶᠡᠭᠡ ᠳᠡᠭᠡᠳᠦ ᠰᠤᠷᠭᠠᠭᠤᠯᠢ ᠶᠢ ᠬᠠᠮᠲᠤ ᠪᠠᠷ ᠪᠠᠶᠢᠭᠤᠯᠬᠤ ᠡᠷᠴᠢᠮ ᠢ ᠴᠢᠩᠭᠠᠷᠠᠭᠤᠯᠤᠨ᠂ | ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠰᠤᠷᠭᠠᠨ ᠬᠥᠮᠦᠵᠢᠯ ᠤᠨ ᠨᠡᠩ ᠰᠠᠶᠢᠨ ᠵᠣᠬᠢᠴᠠᠬᠤ ᠶᠢ ᠠᠬᠢᠭᠤᠯᠤᠨ᠎ᠠ᠃ | ᠠᠷᠠᠳ ᠲᠦᠮᠡᠨ ᠤ ᠡᠷᠡᠭᠦᠯ ᠮᠡᠨᠳᠦ ᠶᠢ ᠦᠨᠡᠨ ᠬᠦ ᠪᠠᠲᠤᠯᠠᠨ᠎ᠠ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠭᠲᠠᠯᠴᠠᠭ᠎ᠠ ᠶᠢᠨ ᠥᠭᠡᠷᠡᠴᠢᠯᠡᠯᠲᠡ ᠶᠢ | ᠠᠬᠢᠭᠤᠯᠵᠤ᠂ ᠦᠨᠳᠦᠰᠦᠨ ᠱᠠᠲᠤᠨ ᠤ ᠬᠢᠵᠢᠭ ᠤᠨ ᠪᠠᠶᠢᠳᠠᠯ ᠢ ᠬᠢᠨᠠᠨ ᠰᠢᠨᠵᠢᠵᠦ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠪᠠ | ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶᠠᠨ ᠤ ᠡᠮᠨᠡᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠡᠮᠴᠢᠯᠡᠭᠡᠨ ᠤ ᠲᠥᠪ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠪᠠᠨ ᠠᠬᠢᠭᠤᠯᠬᠤ | ᠠᠵᠢᠯᠯᠠᠭᠠᠨ ᠢ ᠬᠡᠷᠡᠭᠵᠢᠭᠦᠯᠵᠦ᠂ ᠰᠢᠶᠠᠨ ᠤ ᠬᠡᠪᠴᠢᠶᠡᠨ ᠤ ᠨᠢᠭᠲᠠ ᠬᠠᠷᠢᠴᠠᠭᠠᠨ ᠤ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ | ᠴᠡᠭ ᠤᠨ ᠪᠠᠶᠢᠭᠤᠯᠤᠯᠲᠠ ᠶᠢ ᠠᠬᠢᠭᠤᠯᠤᠨ᠂ ᠡᠮᠨᠡᠯᠭᠡ ᠶᠢᠨ ᠠᠵᠢᠯᠲᠠᠳ ᠢ ᠬᠠᠮᠠᠭᠠᠯᠠᠵᠤ ᠬᠠᠯᠠᠮᠵᠢᠯᠠᠵᠤ ᠬᠠᠶᠢᠷᠠᠯᠠᠬᠤ ᠤᠷᠲᠤ ᠬᠤᠷᠭᠤᠴᠠᠭᠠᠨ ᠤ ᠪᠦᠲᠦᠮᠵᠢᠲᠡᠢ | ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠪᠡᠭᠡᠵᠢᠩ ᠪᠠ ᠥᠪᠥᠷ ᠮᠣᠩᠭᠤᠯ᠂ ᠱᠠᠩᠬᠠᠢ ᠪᠠ ᠥᠪᠥᠷ ᠮᠣᠩᠭᠤᠯ ᠤᠨ ᠡᠮᠴᠢᠯᠡᠭᠡᠨ ᠤ ᠪᠠᠶᠢᠭᠤᠯᠤᠮᠵᠢ ᠶᠢᠨ | ᠬᠠᠮᠲᠤᠷᠠᠯᠴᠠᠭ᠎ᠠ ᠶᠢ ᠴᠢᠩᠭᠠᠳᠬᠠᠨ᠂ ᠬᠢᠲᠠᠳ ᠡᠮ ︵ᠮᠣᠩᠭᠤᠯ ᠡᠮ︶ ᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠪᠦᠬᠦ ᠲᠠᠯ᠎ᠠ ᠪᠠᠷ | ᠬᠡᠷᠡᠭᠵᠢᠭᠦᠯᠦᠨ᠎ᠡ᠃ ᠦᠷᠭᠦᠯᠵᠢ ᠲᠣᠬᠢᠶᠠᠯᠳᠤᠬᠤ ᠡᠪᠡᠳᠴᠢᠨ ᠢ ᠡᠮᠨᠡᠬᠦ ᠡᠮ ᠤᠨ ᠵᠦᠢᠯ ᠪᠠ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠩᠭᠦᠢ ᠪᠠᠷ | ᠬᠡᠮᠵᠢᠶ᠎ᠡ ᠲᠠᠢ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠤᠨ᠂ ᠡᠮᠡᠭᠲᠡᠶᠢᠴᠦᠳ ᠤᠨ ︽ᠬᠤᠶᠠᠷ ᠵᠦᠢᠯ ᠤᠨ ᠦᠮᠡᠨ︾ ᠡᠪᠡᠳᠴᠢᠨ ᠢ ᠨᠢ ᠰᠢᠭᠰᠢᠨ | ᠪᠠᠶᠢᠴᠠᠭᠠᠬᠤ ᠳᠤ ᠬᠠᠮᠤᠷᠬᠤ ᠬᠡᠪᠴᠢᠶ᠎ᠡ ᠶᠢ ᠨᠢ ᠥᠷᠭᠡᠳᠬᠡᠵᠦ᠂ ᠭᠤᠣᠯᠳᠠᠯᠭ᠎ᠠ ᠪᠤᠯᠬᠤ ᠬᠥᠮᠥᠰ ᠤᠨ ᠭᠡᠷ ᠪᠦᠯᠢ ᠶᠢᠨ ᠡᠮᠴᠢ ᠯᠦᠭᠡ ᠶᠢᠨ ᠭᠡᠷ᠎ᠡ ᠲᠣᠭᠲᠠᠬᠤ ᠨᠤᠷᠮ᠎ᠠ ᠶᠢ | ᠳᠡᠭᠡᠭᠰᠢᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠲᠥᠯᠥᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠲᠦᠮᠡᠨ ᠤ ᠡᠪᠡᠳᠴᠢᠨ ᠢᠶᠠᠨ | ᠡᠮᠨᠡᠭᠦᠯᠬᠦ ᠳᠠᠷᠤᠭᠠᠰᠤ ᠶᠢ ᠴᠢᠷᠮᠠᠶᠢᠨ ᠬᠥᠩᠭᠡᠷᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠨ᠎ᠠ᠃ ᠪᠦᠬᠦ ᠠᠷᠠᠳ ᠤᠨ ᠳᠠᠭᠠᠳᠬᠠᠯ ᠳᠤ ᠣᠷᠤᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ | ᠨᠠᠰᠤᠵᠢᠯ ᠤᠨ ᠦᠨᠳᠦᠰᠦᠨ ᠳᠠᠭᠠᠳᠬᠠᠯ ᠳᠤ ᠣᠷᠣᠯᠴᠠᠭᠰᠠᠳ ᠢ 40 ᠲᠦᠮᠡᠨ ᠬᠥᠮᠥᠨ ᠨᠡᠮᠡᠭᠳᠡᠭᠦᠯᠵᠦ᠂ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 86% ᠠᠴᠠ | ᠳᠡᠭᠡᠭᠰᠢ ᠪᠣᠯᠭᠠᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠦᠨᠳᠦᠰᠦᠨ ᠳᠠᠭᠠᠳᠬᠠᠯ ᠤᠨ ᠪᠦᠬᠦ ᠤᠯᠤᠰ ᠲᠤ ᠨᠢᠭᠡᠳᠦᠯᠲᠡᠢ ᠲᠥᠯᠥᠪᠯᠡᠬᠦ | ᠳᠦᠷᠢᠮ ᠢ ᠨᠠᠶᠢᠳᠠᠪᠤᠷᠢᠵᠢᠭᠤᠯᠤᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠨᠥᠬᠦᠪᠦᠷᠢᠯᠡᠬᠦ ᠰᠠᠭᠤᠷᠢ ᠮᠥᠩᠭᠦᠨ ᠤ ᠣᠷᠤᠭᠤᠯᠤᠯᠲᠠ ᠶᠢᠨ ᠤᠷᠲᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ᠡᠮᠴᠢᠯᠡᠭᠡᠨ ᠤ ᠦᠨᠳᠦᠰᠦᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠢ ᠥᠪᠡᠷᠲᠡᠭᠡᠨ | ᠵᠠᠰᠠᠬᠤ ᠣᠷᠣᠨ ᠤ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠠᠬᠢᠭᠤᠯᠵᠤ᠂ ᠮᠤᠵᠢ ᠠᠯᠤᠰᠯᠠᠨ ᠣᠨᠳᠣᠣ ᠭᠠᠵᠠᠷ ᠡᠮᠨᠡᠭᠦᠯᠪᠡᠯ ᠰᠢᠭᠤᠳ ᠳ᠋ᠦᠩᠨᠡᠨ ᠪᠣᠳᠣᠬᠤ ᠶᠢ | ᠰᠢᠯᠢᠳᠡᠭᠵᠢᠭᠦᠯᠦᠨ᠎ᠡ᠃ ᠣᠯᠠᠨ ᠲᠦᠮᠡᠨ ᠤ ᠣᠷᠣᠨ ᠰᠠᠭᠤᠴᠠ ᠶᠢᠨ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠵᠤ᠂ ᠬᠤᠲᠠ ᠪᠠᠯᠭᠠᠰᠤᠨ ᠤ ᠬᠠᠭᠤᠴᠢᠨ | ᠰᠠᠭᠤᠭᠠᠯᠢ ᠲᠣᠭᠤᠷᠢᠭ ᠲᠠᠬᠢ 21.37 ᠲᠦᠮᠡᠨ ᠡᠷᠦᠬᠡ ᠶᠢ ᠥᠭᠡᠷᠡᠴᠢᠯᠡᠨ ᠰᠢᠨᠡᠳᠬᠡᠬᠦ ᠪᠠ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠲᠠᠬᠢ 1 | ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠡᠷᠡᠭᠵᠢᠭᠦᠯᠦᠨ᠂ 1.2 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠶᠢ ᠪᠠᠶᠢᠭᠤᠯᠤᠨ᠎ᠠ᠃ ︽ᠨᠠᠰᠤᠲᠠᠶᠢᠴᠤᠳ ᠪᠠ ᠨᠢᠯᠬᠠᠰ︾ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠡᠷ ᠲᠤ ᠨᠢ ᠠᠰᠠᠷᠠᠬᠤ ᠶᠢ | ᠬᠡᠷᠡᠭᠵᠢᠭᠦᠯᠵᠦ ᠪᠦᠬᠦᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠵᠣᠬᠢᠴᠠᠩᠭᠤᠢ ᠬᠥᠭᠵᠢᠯᠲᠡ ᠶᠢ ᠠᠬᠢᠭᠤᠯᠤᠨ᠂ ᠰᠢᠶᠠᠨ᠂ | ᠰᠢᠶᠠᠩ᠂ ᠳᠤᠰᠬᠤᠨ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠰᠦᠯᠵᠢᠶ᠎ᠡ ᠶᠢ ᠪᠠᠶᠢᠭᠤᠯᠵᠤ᠂ ᠲᠥᠷᠥᠵᠦ ᠬᠥᠩᠭᠡᠵᠢᠬᠦ ᠲᠠᠯ᠎ᠠ ᠶᠢᠨ ᠰᠢᠨ᠎ᠡ ᠲᠦᠷᠦ ᠶᠢᠨ | ᠪᠣᠳᠣᠯᠭ᠎ᠠ ᠶᠢᠨ ᠪᠣᠳᠠᠲᠠᠶᠢᠵᠢᠵᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ᠤᠯᠠᠨ ᠲᠠᠯ᠎ᠠ ᠶᠢᠨ ᠬᠢᠨ ᠤ ᠬᠦᠴᠦᠨ ᠢ ᠳᠠᠶᠢᠴᠢᠯᠠᠵᠤ ᠪᠠᠶᠢᠭᠠᠳ ᠨᠠᠰᠤᠵᠢᠯ᠂ ᠬᠡᠦᠬᠡᠳ | ᠰᠠᠭᠠᠲᠠᠭᠤᠯᠵᠤ ᠠᠰᠠᠷᠠᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠡᠮᠡᠭᠲᠡᠶᠢᠴᠦᠳ ᠬᠡᠦᠬᠡᠳ ᠤᠨ ︽ᠬᠤᠶᠠᠷ ᠬᠥᠲᠥᠯᠪᠦᠷᠢ︾ ᠶᠢᠨ ᠬᠠᠷᠠᠯᠲᠠ | ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠠᠰᠤᠨ ᠳᠤ ᠥᠯᠥ ᠬᠦᠷᠦᠭᠰᠡᠳ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠨᠡᠶᠢᠭᠡᠮ ᠤᠨ ᠠᠪᠤᠷᠠᠨ ᠳᠤᠰᠯᠠᠬᠤ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠶᠢ | ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠣᠷᠣᠰᠢᠭᠤᠯᠭ᠎ᠠ ᠶᠢᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ | ᠣᠷᠣᠰᠢᠭᠤᠯᠭ᠎ᠠ ᠶᠢᠨ ᠠᠵᠢᠯ ᠤᠨ ᠬᠦᠷᠢᠶᠡᠨ ᠳᠠᠬᠢ ᠦᠢᠯᠡᠴᠢᠯᠡᠭᠡᠨ ᠤ ᠳᠤᠲᠠᠭᠤᠳᠠᠯ ᠢ ᠭᠦᠢᠴᠡᠳ ᠨᠥᠬᠦᠪᠦᠷᠢᠯᠡᠨ᠎ᠡ᠃ | ᠤᠯᠠᠨ ᠨᠡᠶᠢᠳᠠ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ | ᠦᠵᠡᠯᠲᠡ ᠶᠢ ᠪᠣᠢ ᠪᠣᠯᠭᠠᠨ ᠦᠢᠯᠡᠳᠦᠯᠭᠡᠵᠢᠭᠦᠯᠵᠦ᠂ ᠪᠣᠯᠪᠠᠰᠤᠨ ᠢ ᠴᠣᠭᠴᠠᠯᠠᠨ ᠪᠠᠶᠢᠭᠤᠯᠬᠤ ᠪᠠᠨ ᠭᠦᠨᠵᠡᠭᠡᠶᠢᠷᠡᠭᠦᠯᠦᠨ᠂ ᠰᠢᠨ᠎ᠡ ᠴᠠᠭ ᠦᠶ᠎ᠡ ᠶᠢᠨ ᠠᠷᠠᠳ | ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ ᠠᠵᠢᠯᠯᠠᠭᠠᠨ︾ ᠢ ᠭᠦᠨᠵᠡᠭᠡᠢ ᠬᠡᠷᠡᠭᠵᠢᠭᠦᠯᠦᠨ᠎ᠡ᠃ ᠭᠤᠣᠯᠳᠠᠯᠭ᠎ᠠ ᠪᠣᠯᠬᠤ ᠲᠡᠦᠬᠡ ᠶᠢᠨ | ᠳᠤᠷᠠᠰᠬᠠᠯᠲᠤ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠠᠰᠢᠭᠯᠠᠬᠤ ᠪᠠᠨ ᠴᠢᠩᠭᠠᠳᠬᠠᠵᠤ᠂ ᠤᠷᠳᠤ ᠴᠠᠭᠠᠨ ᠬᠡᠷᠡᠮ᠂ ᠬᠠᠳᠤᠨ ᠭᠤᠣᠯ ᠤᠨ | ᠤᠯᠤᠰ ᠤᠨ ᠰᠣᠶᠣᠯ ᠤᠨ ᠴᠡᠴᠡᠷᠯᠢᠭ ᠪᠠ ᠯᠢᠶᠤᠤ ᠤᠯᠤᠰ ᠤᠨ ᠳᠡᠭᠡᠳᠦ ᠨᠡᠶᠢᠰᠯᠡᠯ ᠬᠡᠮᠡᠬᠦ ᠤᠯᠤᠰ ᠤᠨ ᠬᠠᠭᠤᠴᠢᠨ ᠤ ᠰᠤᠳᠤᠯᠤᠯ ᠤᠨ ᠰᠣᠶᠣᠯ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠶᠤᠨᠯᠢᠭ ᠷᠠᠳᠢᠣ᠋ ᠲᠧᠯᠸᠢᠰ ᠤᠨ ᠢᠨᠵᠧᠨᠧᠷᠢᠩ ᠢ ᠭᠦᠨᠵᠡᠭᠡᠢ ᠥᠷᠭᠡᠳᠬᠡᠨ᠂ ᠤᠯᠠᠭᠠᠨᠮᠥ᠋ᠴᠢᠷ᠂ ᠰᠣᠨᠢᠨ ᠮᠡᠳᠡᠭᠡ | ᠷᠠᠳᠢᠣ᠋ ᠲᠧᠯᠸᠢᠰ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠵᠢᠯ ᠦᠢᠯᠡᠰ ᠤᠨ ᠲᠥᠪ ᠶᠣᠰᠣ ᠶᠢ ᠪᠠᠷᠢᠮᠲᠠᠯᠠᠭᠰᠠᠨ ᠰᠢᠨ᠎ᠡ ᠡᠭᠦᠳᠦᠯᠲᠡ ᠲᠠᠢ ᠬᠥᠭᠵᠢᠯᠲᠡ ᠶᠢ | ᠳᠡᠮᠵᠢᠵᠤ᠂ ᠳᠤᠮᠳᠠᠳᠤ ᠤᠯᠤᠰ ᠤᠨ ᠦᠯᠢᠭᠡᠷ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠨ᠎ᠠ᠃ ᠤᠯᠠᠨ ᠨᠡᠶᠢᠳᠠ ᠶᠢᠨ ᠰᠣᠶᠣᠯ ᠤᠨ ᠪᠡᠯᠡᠳᠬᠡᠮᠵᠢ ᠶᠢᠨ | ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠳᠡᠷᠭᠡᠳᠡᠬᠢ ᠤᠶᠤᠨ ᠤ ᠰᠣᠶᠣᠯ ᠤᠨ ᠭᠡᠷ ᠣᠷᠣᠨ ᠢ ᠪᠠᠶᠢᠭᠤᠯᠤᠨ᠎ᠠ᠃ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠪᠠ ᠮᠥᠰᠥ ᠴᠠᠰᠤᠨ ᠤ ᠬᠥᠳᠡᠯᠭᠡᠭᠡᠨ ᠢ ᠥᠷᠨᠢᠭᠦᠯᠵᠦ᠂ ᠠᠷᠪᠠᠨ ᠲᠠᠪᠤᠳᠤᠭᠠᠷ ᠬᠤᠭᠤᠴᠠᠭᠠᠨ ᠤ ᠪᠦᠬᠦ ᠣᠷᠣᠨ ᠤ ᠲᠠᠮᠢᠷ ᠤᠨ ᠴᠤᠭᠯᠠᠭᠠᠨ᠂ | ᠵᠢᠷᠭᠤᠳᠤᠭᠠᠷ ᠬᠤᠭᠤᠴᠠᠭᠠᠨ ᠤ ᠪᠦᠬᠦ ᠣᠷᠣᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ | ︵ᠳᠤᠯᠤᠭ᠎ᠠ︶ ᠪᠦᠯᠬᠦᠮᠳᠡᠯ ᠲᠠᠢ ᠡᠶ᠎ᠡ ᠵᠣᠬᠢᠴᠠᠩᠭᠤᠢ ᠠᠮᠤᠷ ᠲᠣᠭᠲᠠᠭᠤᠨ ᠪᠠᠶᠢᠳᠠᠯ ᠢ ᠬᠦᠴᠦᠯᠡᠨ ᠪᠠᠬᠢᠵᠢᠭᠦᠯᠵᠦ ᠬᠥᠭᠵᠢᠭᠦᠯᠦᠨ᠂ ᠡᠬᠡ ᠤᠯᠤᠰ ᠤᠨ | ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ᠃ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠡᠭᠡ | ᠲᠠᠯ᠎ᠠ ᠳᠠᠬᠢ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠡᠭᠦᠷᠭᠡ ᠬᠠᠷᠢᠭᠤᠴᠠᠯᠭ᠎ᠠ ᠪᠠᠨ ᠪᠠᠲᠤ ᠡᠵᠡᠮᠰᠢᠨ᠂ ᠡᠶ᠎ᠡ ᠵᠣᠬᠢᠴᠠᠩᠭᠤᠢ ᠠᠮᠤᠷ ᠲᠣᠭᠲᠠᠭᠤᠨ ᠢ | ᠬᠠᠮᠠᠭᠠᠯᠠᠬᠤ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠥᠨᠢ ᠡᠭᠦᠷᠢᠳᠡ ᠪᠠᠳᠠᠷᠠᠨ | ᠳᠡᠯᠭᠡᠷᠡᠭᠦᠯᠵᠦ᠂ ᠡᠬᠡ ᠤᠯᠤᠰ ᠤᠨ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠥᠨᠢ ᠡᠭᠦᠷᠢᠳᠡ ᠪᠠᠬᠢᠵᠢᠭᠦᠯᠦᠨ ᠪᠠᠲᠤᠳᠬᠠᠨ᠎ᠠ᠃ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠵᠦ ᠬᠥᠭᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠵᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠲᠣᠭᠤᠷᠢᠨ ᠳᠤ ᠨᠢᠭᠲᠠ ᠤᠶᠠᠯᠳᠤᠭᠤᠯᠤᠨ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠯᠠᠪᠳᠠᠭᠤᠨ ᠪᠠᠲᠤᠲᠠᠢ ᠬᠡᠷᠡᠭᠵᠢᠭᠦᠯᠦᠨ ᠬᠡᠷᠡᠭᠯᠡᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠬᠦᠷᠲᠡᠬᠦ ᠨᠡᠩ ᠣᠯᠠᠨ | ᠳᠤᠮᠳᠠᠳᠤ ᠶᠢᠨ ᠰᠣᠶᠣᠯ ᠤᠨ ᠲᠡᠮᠳᠡᠭ ᠪᠠ ᠳᠤᠮᠳᠠᠳᠤ ᠶᠢᠨ ᠰᠣᠶᠣᠯ ᠤᠨ ᠳᠦᠷᠢ ᠲᠥᠷᠬᠦ ᠶᠢ ᠤᠯᠠᠮᠵᠢᠯᠠᠨ ᠳᠡᠯᠭᠡᠷᠡᠭᠦᠯᠵᠦ᠂ ︽ᠭᠤᠷᠪᠠᠨ ᠰᠠᠯᠵᠤ ᠪᠣᠯᠣᠰᠢ ᠦᠭᠡᠢ︾ | ᠂ ︽ᠲᠠᠪᠤᠨ ᠮᠡᠳᠡᠷᠡᠬᠦᠢ︾ ᠶᠢᠨ ᠦᠵᠡᠯ ᠰᠠᠨᠠᠭ᠎ᠠ ᠪᠠ ︽ᠳᠥᠷᠪᠡ ᠶᠢ ᠬᠠᠮᠲᠤᠳᠬᠠᠬᠤ︾ ᠣᠨᠣᠯᠵᠢᠬᠤᠨ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠡᠳᠬᠢᠯ ᠳᠤ ᠭᠦᠨ ᠬᠠᠳᠠᠩᠰᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢᠶᠠᠨ ᠭᠦᠨ ᠭᠦᠨᠵᠡᠭᠡᠢ ᠤᠳᠠᠭᠠᠨ | ᠳᠠᠭᠠᠭᠠᠮᠠᠭᠠᠢ ᠥᠷᠨᠢᠭᠦᠯᠵᠦ᠂ ᠰᠢᠬᠢᠳᠭᠡᠯᠳᠤ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠤᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠠᠨᠠᠷ ᠤᠨ ᠦᠷ᠎ᠡ | ᠮᠡᠲᠦ ᠨᠢᠭᠲᠠᠷᠠᠨ ᠪᠦᠯᠬᠦᠮᠳᠡᠬᠦ ᠶᠢ ᠠᠬᠢᠭᠤᠯᠤᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠬᠠᠮᠲᠤ ᠪᠠᠷ | ᠬᠠᠮᠠᠭᠠᠯᠠᠨ᠎ᠠ᠃ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠱᠠᠰᠢᠨ ᠰᠤᠷᠲᠠᠬᠤᠨ ᠤ ᠬᠠᠤᠯᠢ ᠪᠤᠰᠤ ᠦᠢᠯᠡ ᠠᠵᠢᠯᠯᠠᠭ᠎ᠠ ᠶᠢ | ᠴᠡᠭᠴᠡᠯᠡᠨ ᠵᠠᠰᠠᠵᠤ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠂ ᠱᠠᠰᠢᠨ ᠰᠤᠷᠲᠠᠬᠤᠨ ᠤ ᠡᠶ᠎ᠡ ᠵᠣᠬᠢᠴᠠᠯ ᠢ ᠳᠠᠰᠤᠷᠠᠯᠳᠠ ᠦᠭᠡᠢ | ᠠᠬᠢᠭᠤᠯᠤᠨ᠎ᠠ᠃ | ᠬᠢᠵᠢᠭ ᠤᠨ ᠪᠠᠶᠢᠳᠠᠯ ᠢ ᠪᠦᠬᠦ ᠬᠡᠯᠬᠢᠶᠡᠰᠦ ᠪᠠᠷ ᠨᠠᠷᠢᠯᠢᠭᠵᠢᠭᠤᠯᠤᠨ ᠰᠡᠷᠭᠡᠶᠢᠯᠡᠵᠦ ᠡᠵᠡᠮᠳᠡᠬᠦ ᠶᠢ ᠰᠢᠨᠵᠢᠯᠡᠬᠦ ᠤᠬᠠᠭᠠᠨᠴᠢ ᠪᠠᠷ ᠬᠦᠴᠦᠲᠡᠢ ᠰᠠᠶᠢᠲᠤᠷ | ᠠᠳᠬᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠠᠵᠤ ᠠᠬᠤᠢ ᠨᠡᠶᠢᠭᠡᠮ ᠤᠨ ᠠᠯᠢᠪᠠ ᠠᠵᠢᠯᠯᠠᠭ᠎ᠠ ᠳᠤ ᠨᠠᠶᠢᠳᠠᠪᠤᠷᠢᠵᠢᠭᠤᠯᠤᠨ᠂ | ᠬᠠᠮᠤᠭ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠬᠡᠷᠡᠭᠵᠢᠭᠦᠯᠬᠦ ᠡᠷᠴᠢᠮ ᠢᠶᠠᠷ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ | ᠳᠣᠲᠣᠭᠠᠳᠤ ᠳᠤ ᠪᠠᠨ ᠳᠠᠬᠢᠨ ᠳᠡᠯᠭᠡᠷᠡᠬᠦ ᠶᠢ ᠨᠢ ᠰᠡᠷᠭᠡᠶᠢᠯᠡᠬᠦ ᠶᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠭᠡᠨᠡᠳᠲᠡ ᠡᠭᠦᠰᠴᠦ ᠠᠮᠤᠷ ᠲᠣᠭᠲᠠᠭᠤᠨ ᠤ ᠶᠡᠭᠡ | ᠲᠠᠯ᠎ᠠ ᠳᠤ ᠳᠠᠭᠠᠷᠢᠯᠲᠠ ᠪᠣᠯᠬᠤ ᠶᠢ ᠡᠷᠡᠰ ᠰᠡᠷᠭᠡᠶᠢᠯᠡᠨ᠎ᠡ᠃ ᠬᠢᠯᠢ ᠶᠢᠨ ᠪᠣᠭᠤᠮᠲᠠ ᠶᠢᠨ ᠲᠦᠭᠰᠢᠭᠦᠷᠢ ᠶᠢᠨ ᠳᠠᠯᠳᠠ ᠭᠡᠮ ᠢ ᠲᠤᠰᠬᠠᠢ ᠪᠠᠭ ᠵᠢᠭᠰᠠᠭᠠᠨ ᠪᠠᠶᠢᠴᠠᠭᠠᠬᠤ᠂ | ᠲᠤᠰᠬᠠᠢ ᠰᠣᠷᠢᠯᠲᠠ ᠬᠢᠬᠦ᠂ ᠲᠤᠰᠬᠠᠢ ᠮᠡᠷᠭᠡᠵᠢᠯ ᠢᠶᠠᠷ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠂ ᠬᠢᠯᠢ ᠶᠢᠨ ᠪᠣᠭᠤᠮᠲᠠ ᠶᠢᠨ ᠬᠤᠳᠠ ᠳᠠᠬᠢ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠬᠢ ᠪᠠᠶᠠᠯᠢᠭ ᠤᠨ ᠪᠠᠶᠢᠷᠢᠰᠢᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠵᠠᠰᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠷᠠᠭᠤᠯᠵᠤ᠂ ᠬᠥᠮᠥᠨ᠂ ᠪᠣᠳᠠᠰ᠂ ᠣᠷᠴᠢᠨ ᠲᠣᠭᠤᠷᠢᠨ ᠳᠤ ᠪᠢᠲᠡᠭᠦᠦ ᠴᠥᠷᠬᠡᠯᠡᠨ ᠬᠠᠮᠢᠶᠠᠷᠬᠤ ᠶᠢ ᠴᠢᠩᠭᠠᠷᠠᠭᠤᠯᠤᠨ᠎ᠠ᠃ | ᠪᠠᠶᠢᠩᠭᠤᠵᠢᠭᠤᠯᠤᠨ ᠰᠡᠷᠭᠡᠶᠢᠯᠡᠵᠦ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠤᠯᠠᠨ ᠴᠡᠭ ᠤᠨ ᠬᠢᠨᠠᠨ ᠰᠢᠨᠵᠢᠵᠦ ᠰᠡᠷᠡᠮᠵᠢᠯᠡᠭᠦᠯᠬᠦ ᠲᠣᠭᠲᠠᠴᠠ ᠶᠢ | ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠬᠥᠳᠡᠯᠦᠩᠭᠦᠢ ᠪᠠᠷ ᠲᠡᠭᠦᠯᠳᠡᠷᠵᠢᠭᠦᠯᠦᠨ᠂ ᠬᠢᠵᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠡᠭᠦᠰᠬᠦ ᠳᠤ ᠬᠦᠷᠪᠡᠯ ᠦᠳᠲᠡᠷ ᠲᠦᠷᠭᠡᠨ ᠬᠦᠴᠦᠲᠡᠢ ᠳᠥᠪᠬᠢᠨᠡᠭᠦᠯᠦᠨ | ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠮᠥᠷᠲᠡᠭᠡᠨ ᠦᠷᠡᠭᠳᠡᠯ ᠰᠦᠢᠳᠦᠯ ᠪᠠ ᠮᠠᠭᠤ ᠨᠥᠯᠥᠭᠡ ᠶᠢ ᠪᠠᠭᠠᠰᠬᠠᠬᠤ ᠪᠠᠷ ᠬᠦᠴᠦᠯᠡᠨ ᠴᠢᠷᠮᠠᠶᠢᠨ᠎ᠠ᠃ | ᠠᠮᠤᠭᠤᠯᠠᠩᠲᠤ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠶᠢ ᠲᠡᠷᠢᠭᠦᠨ ᠪᠠᠶᠢᠷᠢᠨ ᠳᠤ ᠲᠠᠯᠪᠢᠨ᠂ ᠪᠡᠭᠡᠵᠢᠩ ᠤᠨ ᠡᠪᠦᠯ ᠤᠨ ᠤᠯᠠᠷᠢᠯ ᠤᠨ | ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ | ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠠᠷᠭ᠎ᠠ ᠬᠡᠮᠵᠢᠶ᠎ᠡ ᠪᠠᠨ ᠤᠷᠢᠳ ᠢᠶᠠᠷ ᠪᠡᠯᠡᠳᠬᠡᠨ᠂ | ᠨᠠᠶᠢᠳᠠᠪᠤᠷᠢᠵᠢᠭᠤᠯᠵᠤ ᠪᠣᠳᠠᠲᠠᠶᠢᠵᠢᠭᠤᠯᠤᠨ᠎ᠠ᠃ ︽ᠹᠧᠩ ᠴᠢᠶᠤᠤ ᠶᠢᠨ ᠲᠤᠷᠰᠢᠯᠭ᠎ᠠ︾ ᠶᠢ ᠥᠪᠥᠷ ᠮᠣᠩᠭᠤᠯ ᠳᠤ ᠦᠢᠯᠡᠳᠦᠯᠭᠡᠵᠢᠭᠦᠯᠬᠦ ᠶᠢ ᠭᠦᠨᠵᠡᠭᠡᠶᠢᠷᠡᠭᠦᠯᠦᠨ᠂ | ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ᠂ ᠨᠡᠶᠢᠭᠡᠮ ᠤᠨ ᠠᠵᠢᠯ ᠤᠨ ᠲᠣᠭᠲᠠᠯᠴᠠᠭ᠎ᠠ ᠶᠢ ᠪᠦᠷᠢᠨᠰᠢᠭᠦᠯᠵᠦ᠂ | ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠲᠦᠮᠵᠢᠳᠠᠢ ᠠᠷᠢᠯᠭᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢ ᠴᠢᠩᠭᠠᠷᠠᠭᠤᠯᠤᠨ᠂ ᠠᠮᠢᠳᠤ ᠪᠣᠳᠠᠰ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠮᠤᠷ ᠲᠦᠪᠰᠢᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠳᠤ | ᠦᠨᠳᠦᠰᠦ ᠠᠴᠠ ᠨᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ᠂ ᠪᠠᠴᠢᠮ | ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠨᠥᠭᠡᠴᠡ᠂ ᠣᠷᠣᠨ ᠪᠦᠰᠡ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠰᠠᠭᠤᠷᠢᠨ | ᠭᠠᠵᠠᠷ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠴᠢᠩᠭᠠᠳᠬᠠᠨ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠨ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ | ᠳᠡᠮᠵᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠪᠠ ᠠᠷᠠᠳ ᠤᠨ ᠬᠡᠷᠡᠭᠴᠡᠭᠡᠨ ᠤ ᠠᠭᠤᠰᠤᠯᠴᠠᠯ᠂ ᠠᠷᠠᠳ ᠤᠨ ᠠᠭᠠᠷ ᠤᠨ | ᠰᠡᠷᠭᠡᠶᠢᠯᠡᠯᠲᠡ ᠵᠡᠷᠭᠡ ᠠᠵᠢᠯ ᠢ ᠰᠠᠶᠢᠲᠤᠷ ᠬᠢᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠲᠣᠭᠲᠠᠯᠴᠠᠭ᠎ᠠ ᠪᠠ ᠪᠠᠲᠤᠯᠠᠭ᠎ᠠ ᠶᠢᠨ ᠳᠦᠷᠢᠮ ᠢ | ᠪᠦᠷᠢᠨᠰᠢᠭᠦᠯᠦᠨ᠂ ᠴᠡᠷᠢᠭ ᠪᠠ ᠵᠠᠰᠠᠭ᠂ ᠴᠡᠷᠢᠭ ᠪᠠ ᠠᠷᠠᠳ ᠪᠦᠯᠬᠦᠮᠳᠡᠨ ᠨᠢᠭᠡᠳᠴᠦ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠢ ᠰᠠᠬᠢᠨ | ᠬᠠᠮᠠᠭᠠᠯᠠᠨ᠎ᠠ᠃ | ᠳᠥᠷᠪᠡ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠠ | ᠰᠢᠨ᠎ᠡ ᠴᠠᠭ ᠦᠶ᠎ᠡ ᠶᠢᠨ ᠵᠠᠰᠠᠭ ᠤᠨ ᠣᠷᠳᠣᠨ ᠤ ᠠᠵᠢᠯ ᠳᠤ ᠵᠠᠪᠠᠯ ᠰᠢᠨ᠎ᠡ ᠪᠠᠷᠢᠮᠵᠢᠶ᠎ᠠ ᠰᠢᠨ᠎ᠡ ᠴᠢᠨᠠᠷ ᠴᠢᠨᠰᠠᠭ᠎ᠠ᠂ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ | ᠳᠦᠷᠰᠦ ᠪᠠᠶᠢᠳᠠᠯ ᠲᠠᠢ ᠪᠠᠶᠢᠯᠭᠠᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠳᠤ ᠵᠠᠪᠠᠯ ᠰᠢᠨ᠎ᠡ ᠴᠢᠩᠭᠠᠷᠠᠯᠲᠠ ᠰᠢᠨ᠎ᠡ ᠳᠠᠪᠰᠢᠯᠳᠠ ᠲᠠᠢ ᠪᠣᠯᠭᠠᠨ᠎ᠠ | ᠃ | ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠠᠶᠢᠩᠭᠤᠵᠢᠬᠤ ᠪᠠ | ᠤᠷᠲᠦ ᠬᠤᠭᠤᠴᠠᠭᠠᠨ ᠤ ᠪᠦᠲᠦᠮᠵᠢᠲᠠᠢ ᠪᠠᠶᠢᠬᠤ ᠶᠢ ᠠᠬᠢᠭᠤᠯᠵᠤ᠂ ᠨᠠᠮ ᠳᠤ ᠪᠠᠨ ᠦᠨᠡᠨᠴᠢ ᠰᠢᠳᠤᠷᠭᠤ ᠪᠠᠶᠢᠬᠤ ᠬᠥᠮᠦᠵᠢᠯ ᠢ ᠭᠦᠨᠵᠡᠭᠡᠶᠢᠷᠡᠭᠦᠯᠵᠦ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ | ᠳᠡᠭᠡᠭᠰᠢᠯᠡᠭᠦᠯᠦᠨ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠠᠲᠤ ᠴᠢᠩᠭ᠎ᠠ ᠪᠠᠷ ᠪᠡᠶᠡᠯᠡᠭᠦᠯᠦᠨ᠂ ᠦᠵᠡᠯ ᠰᠠᠨᠠᠭ᠎ᠠ | ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠯᠭᠠᠨ᠎ᠠ᠃ | ᠨᠢᠭᠡ ᠯᠠ ᠰᠡᠳᠬᠢᠯ ᠢᠶᠠᠷ ᠨᠠᠶᠢᠳᠠᠪᠤᠷᠢᠵᠢᠭᠤᠯᠬᠤ ᠶᠢ ᠠᠳᠬᠤᠨ᠎ᠠ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ | ᠲᠣᠭᠤᠷᠢᠨ ᠳᠤ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢᠨ ᠶᠣᠰᠣᠭᠠᠷ᠂ ᠲᠡᠷᠡ ᠶᠣᠰᠣᠭᠠᠷ | ᠨᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠠᠬᠢᠭᠤᠯᠤᠨ᠎ᠠ᠃ ᠠᠵᠢᠯ ᠤᠨ ᠪᠠᠶᠢᠷᠢ ᠪᠣᠯ ᠬᠠᠷᠢᠭᠤᠴᠠᠯᠭ᠎ᠠ | ᠂ ᠲᠤᠰᠢᠶᠠᠯ ᠤᠨ ᠪᠠᠶᠢᠷᠢ ᠪᠣᠯ ᠬᠠᠷᠢᠭᠤᠴᠠᠯᠭ᠎ᠠ ᠪᠤᠯᠬᠤ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠬᠤ ᠦᠭᠡᠢ ᠪᠠ ᠪᠣᠳᠠᠲᠠᠢ ᠨᠠᠶᠢᠳᠠᠪᠤᠷᠢᠵᠢᠭᠤᠯᠬᠤ ᠦᠭᠡᠢ ᠪᠠᠶᠢᠬᠤ | ᠦᠵᠡᠭᠳᠡᠯ ᠢ ᠡᠷᠡᠰ ᠲᠡᠪᠴᠢᠨ᠎ᠡ᠃ ᠠᠵᠢᠯ ᠤᠨ ᠠᠷᠭ᠎ᠠ ᠪᠠᠷᠢᠯ ᠢᠶᠠᠨ ᠨᠡᠩ ᠴᠢᠩᠭ᠎ᠠ᠂ ᠨᠡᠩ ᠨᠠᠷᠢᠯᠢᠭ᠂ ᠨᠡᠩ ᠪᠣᠳᠠᠲᠠᠢ ᠪᠣᠯᠭᠠᠨ᠂ ᠨᠢᠭᠡᠳᠦᠭᠡᠷ ᠹᠷᠤᠨᠲ ᠤᠨ ᠠᠵᠢᠯ ᠢ | ᠪᠠᠶᠢᠩᠭᠤᠵᠢᠭᠤᠯᠬᠤ ᠪᠠ ᠪᠢᠲᠡᠭᠦᠦ ᠴᠥᠷᠬᠡᠯᠡᠨ ᠨᠠᠶᠢᠳᠠᠪᠤᠷᠢᠵᠢᠭᠤᠯᠬᠤ ᠶᠢ ᠤᠷᠲᠤ ᠬᠤᠭᠤᠴᠠᠭᠠᠨ ᠳᠤ ᠪᠦᠲᠦᠮᠵᠢᠲᠡᠢ ᠪᠠᠶᠢᠯᠭᠠᠵᠤ᠂ ᠦᠨᠳᠦᠰᠦᠨ ᠱᠠᠲᠤᠨ ᠤ | ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠵᠢᠳᠬᠦᠯ ᠴᠢᠷᠮᠠᠶᠢᠯᠭ᠎ᠠ ᠭᠠᠷᠭᠠᠬᠤ ᠦᠭᠡᠢ᠂ ᠠᠯᠭᠤᠷᠯᠠᠨ ᠠᠵᠢᠯᠯᠠᠬᠤ᠂ | ᠥᠩᠭᠡᠪᠴᠢ ᠠᠵᠢᠯ ᠬᠢᠬᠦ᠂ ᠠᠵᠢᠯ ᠢᠶᠠᠨ ᠰᠣᠬᠤᠷ ᠪᠠᠯᠠᠢ ᠪᠠᠷ ᠳᠡᠯᠭᠡᠨ ᠦᠷᠦᠬᠦ ᠶᠢ ᠡᠷᠡᠰ ᠡᠰᠡᠷᠭᠦᠴᠡᠵᠦ᠂ ᠲᠣᠭᠲᠠᠭᠰᠠᠨ ᠠᠵᠢᠯ ᠶᠠᠪᠤᠳᠠᠯ ᠢ ᠴᠢᠩᠭ᠎ᠠ ᠠᠳᠬᠤᠨ | ᠱᠠᠯᠠᠪᠳᠠᠨ ᠭᠦᠢᠴᠡᠳᠬᠡᠵᠦ᠂ ᠦᠷ᠎ᠡ ᠪᠦᠲᠦᠮᠵᠢ ᠭᠠᠷᠭᠠᠵᠤ᠂ ᠦᠷ᠎ᠡ ᠳ᠋ᠦᠩ ᠲᠠᠢ ᠪᠣᠯᠭᠠᠬᠤ ᠬᠡᠷᠡᠭᠲᠡᠢ᠃ | ᠰᠡᠳᠬᠢᠯ ᠲᠠᠯᠪᠢᠵᠤ ᠪᠣᠳᠠᠲᠠᠢ ᠶᠠᠪᠤᠳᠠᠯ ᠢ ᠬᠢᠴᠢᠶᠡᠩᠭᠦᠢ ᠭᠦᠢᠴᠡᠳᠬᠡᠨ᠎ᠡ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠬᠢᠨᠠᠮᠠᠭᠠᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠠᠷᠰᠠᠷ ᠤᠴᠢᠷ ᠶᠠᠪᠤᠳᠠᠯ ᠢ ᠲᠣᠮᠣ ᠠᠵᠢᠯ ᠶᠠᠪᠤᠳᠠᠯ ᠢᠶᠠᠷ ᠦᠵᠡᠵᠦ᠂ ᠤᠯᠠᠨ ᠲᠦᠮᠡᠨ ᠤ ᠶᠠᠭᠠᠷᠠᠯᠲᠠᠢ ᠤᠴᠢᠷ | ᠬᠦᠴᠢᠷᠲᠡᠢ ᠶᠠᠪᠤᠳᠠᠯ ᠢ ᠴᠢᠬᠤᠯᠠ ᠠᠵᠢᠯ ᠶᠠᠪᠤᠳᠠᠯ ᠪᠣᠯᠭᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ︾ ᠶᠢ ᠦᠷᠭᠦᠯᠵᠢᠯᠡᠨ ᠠᠬᠢᠭᠤᠯᠤᠨ᠎ᠠ᠃ ᠰᠢᠨ᠎ᠡ | ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤᠳᠤᠷᠢᠳᠬᠤ ᠺᠠᠳ᠋ᠷ ᠤᠨ ᠰᠤᠷᠪᠤᠯᠵᠢᠯᠠᠯ | ᠭᠥᠯᠢᠶᠡᠨ ᠠᠪᠬᠤ ᠲᠣᠭᠲᠠᠴᠠ ᠶᠢ ᠪᠠᠶᠢᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠳᠠᠨ ᠰᠣᠨᠣᠰᠴᠤ᠂ ᠣᠯᠠᠨ ᠲᠦᠮᠡᠨ ᠤ ᠠᠰᠠᠭᠤᠳᠠᠯ ᠢ ᠦᠨᠡᠨ | ᠪᠣᠳᠠᠲᠠᠢ ᠪᠠᠷ ᠰᠢᠢᠳᠪᠦᠷᠢᠯᠡᠨ᠂ ᠠᠵᠤ ᠠᠬᠤᠶᠢᠯᠠᠯ ᠳᠤ ᠦᠨᠡᠨ ᠰᠡᠳᠬᠢᠯ ᠢᠶᠠᠷ ᠢᠶᠠᠨ ᠦᠢᠯᠡᠴᠢᠯᠡᠨ᠎ᠡ᠃ ︽ᠠᠯᠪᠠᠨ ᠤ ᠭᠤᠷᠪᠠᠨ︾ ᠵᠠᠷᠤᠳᠠᠯ ᠢ ᠴᠢᠩᠭ᠎ᠠ ᠬᠢᠵᠠᠭᠠᠷᠯᠠᠨ | ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠶᠢᠨ ᠪᠤᠰᠤ ᠪᠠ ᠵᠠᠪᠠᠯ ᠬᠡᠷᠡᠭᠰᠡᠬᠦ ᠪᠤᠰᠤ ᠴᠢᠨᠠᠷᠲᠠᠢ ᠵᠠᠷᠤᠯᠭ᠎ᠠ ᠶᠢᠨ ᠲᠥᠰᠥᠪ ᠢ ᠳᠠᠬᠢᠨᠲᠠ 29. | 5 ᠳ᠋ᠦᠩᠰᠢᠭᠤᠷ ᠲᠥᠭᠦᠷᠢᠭ ᠬᠠᠰᠤᠨ᠎ᠠ᠂ ᠡᠯ᠎ᠡ ᠱᠠᠲᠤ ᠡᠯ᠎ᠡ ᠭᠠᠵᠠᠷ ᠤᠨ ᠵᠠᠷᠤᠯᠭ᠎ᠠ ᠪᠠᠨ ᠠᠷᠪᠢᠯᠠᠵᠤ ᠠᠷᠪᠢᠴᠢ ᠭᠠᠮᠲᠠᠢ ᠪᠠᠶᠢᠬᠤ ᠶᠢ ᠳᠠᠶᠢᠴᠢᠯᠠᠵᠦ᠂ ᠪᠦᠷᠢᠯᠭᠡᠨ | ᠰᠦᠢᠳᠬᠡᠬᠦ ᠪᠠ ᠵᠠᠷᠤᠯᠭ᠎ᠠ ᠶᠡᠬᠡᠲᠡᠢ ᠪᠠᠶᠢᠬᠤ ᠶᠢ ᠡᠷᠡᠰ ᠡᠰᠡᠷᠭᠦᠴᠡᠨ᠂ ᠵᠠᠷᠤᠳᠠᠯ ᠮᠥᠩᠭᠦ ᠪᠦᠭᠦᠨ ᠢ ᠠᠷᠪᠢᠲᠠᠢ ᠭᠠᠮᠲᠠᠢ ᠬᠡᠷᠡᠭᠯᠡᠵᠦ᠂ ᠠᠵᠢᠯ ᠶᠠᠪᠤᠳᠠᠯ ᠪᠦᠭᠦᠨ ᠢ | ᠪᠦᠷᠢᠨ ᠰᠠᠶᠢᠨ ᠭᠦᠢᠴᠡᠳᠬᠡᠨ᠎ᠡ᠃ | ᠠᠷᠢᠭᠤᠨ ᠴᠢᠬᠡᠴᠢ ᠪᠠᠷ ᠠᠵᠢᠯᠯᠠᠵᠤ ᠦᠢᠯᠡᠰ ᠪᠦᠲᠦᠭᠡᠨ᠎ᠡ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠰᠠᠬᠢᠯᠭ᠎ᠠ ᠪᠠᠲᠤ ᠪᠠ | ᠶᠣᠰᠣ ᠳᠦᠷᠢᠮ ᠢ ᠴᠢᠩᠭ᠎ᠠ ᠵᠢᠷᠤᠮᠯᠠᠨ ᠰᠠᠬᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠪᠣᠯᠭᠢᠴᠢᠯᠠᠬᠤ᠂ ᠠᠷᠠᠯᠵᠢᠶᠠᠴᠢᠯᠠᠬᠤ ᠶᠢ | ᠰᠡᠷᠭᠡᠶᠢᠯᠡᠨ ᠬᠤᠷᠢᠭᠯᠠᠵᠤ᠂ ︽ᠲᠦᠷᠪᠡᠨ ᠰᠤᠷᠲᠠᠯ︾ ᠤᠨ ᠠᠰᠠᠭᠤᠳᠠᠯ ᠢᠯᠠᠩᠭᠤᠶ᠎ᠠ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠤᠳ | ᠴᠣᠬᠤᠶᠢᠮᠠᠭᠴᠠ ᠳᠠᠷᠤᠵᠤ᠂ ᠢᠯᠵᠠᠷᠠᠯ ᠤᠨ ᠦᠵᠡᠭᠳᠡᠯ ᠳᠤ ᠥᠴᠥᠬᠡᠨ ᠴᠦ ᠢᠯᠳᠠᠷ ᠬᠠᠶᠠᠬᠤ ᠦᠭᠡᠢ ᠪᠠᠶᠢᠵᠤ᠂ ᠴᠢᠩᠭ᠎ᠠ ᠪᠠᠶᠢᠯᠭᠠᠬᠤ ᠭᠤᠣᠯ ᠦᠨᠳᠦᠰᠦᠨ | ᠰᠠᠨᠠᠭ᠎ᠠ ᠶᠢ ᠵᠠᠰᠠᠭ ᠤᠨ ᠣᠷᠳᠣᠨ ᠤ ᠰᠢᠰᠲ᠋ᠧᠮ ᠳᠤ ᠲᠦᠢᠯᠪᠤᠷᠢᠲᠠᠢ ᠲᠤᠭᠤᠰᠢᠯᠠᠭᠤᠯᠤᠨ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠦᠲᠦᠭᠡᠬᠦ | ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠣᠢ ᠪᠣᠯᠭᠠᠨ᠎ᠠ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | ᠳᠦᠷᠢᠮ ᠢᠶᠠᠷ ᠡᠷᠬᠡ ᠶᠢ ᠬᠠᠮᠢᠶᠠᠷᠬᠤ᠂ ᠠᠵᠢᠯ ᠶᠠᠪᠤᠳᠠᠯ ᠢ ᠬᠠᠮᠢᠶᠠᠷᠬᠤ᠂ ᠠᠵᠢᠯᠲᠠᠨ ᠢᠶᠠᠨ ᠬᠠᠮᠢᠶᠠᠷᠬᠤ ᠶᠢ ᠪᠠᠷᠢᠮᠲᠠᠯᠠᠵᠤ᠂ ᠢᠲᠡᠭᠡᠮᠵᠢ ᠪᠠᠶᠢᠵᠤ ᠠᠮᠠᠯᠠᠯᠲᠠ ᠪᠠᠨ | ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠡᠯᠡᠪᠡᠰᠦ ᠢᠲᠡᠭᠡᠮᠵᠢᠲᠡᠢ ᠬᠢᠪᠡᠰᠦ ᠪᠦᠲᠦᠮᠵᠢᠲᠡᠢ ᠪᠠᠶᠢᠵᠤ᠂ ︽ᠰᠢᠨ᠎ᠡ ᠲᠤᠰᠢᠶᠠᠯᠲᠠᠨ ᠨᠢ ᠬᠠᠭᠤᠴᠢᠨ ᠳᠠᠩᠰᠠ ᠶᠢ | ᠬᠠᠮᠢᠶᠠᠷᠬᠤ ᠦᠭᠡᠢ︾ ᠪᠠᠶᠢᠵᠤ ᠣᠭᠲᠤ ᠪᠤᠯᠬᠤ ᠦᠭᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ᠂ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠲᠠᠯᠪᠢᠬᠤ᠂ ᠬᠢᠨᠠᠨ ᠪᠠᠶᠢᠴᠠᠭᠠᠬᠤ ᠲᠠᠯ᠎ᠠ ᠶᠢᠨ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ᠂ ᠨᠡᠶᠢᠭᠡᠮ ᠤᠨ ᠬᠢᠨᠠᠯᠲᠠ ᠲᠠᠯᠪᠢᠬᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠣᠳᠣᠯᠲᠠ ᠪᠠᠷ | ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠬᠢᠨᠠᠯᠲᠠ ᠲᠠᠯᠪᠢᠯᠲᠠ ᠶᠢᠨ ᠳᠣᠣᠷ᠎ᠠ ᠠᠵᠢᠯ ᠥᠷᠨᠢᠭᠦᠯᠬᠦ ᠳᠠᠳᠬᠠᠯ ᠲᠠᠢ ᠪᠣᠯᠵᠤ᠂ ᠬᠢᠨᠠᠯᠲᠠ ᠲᠠᠯᠪᠢᠯᠲᠠ ᠶᠢᠨ ᠳᠤᠮᠳᠠ | ᠡᠭᠦᠷᠭᠡ ᠬᠠᠷᠢᠭᠤᠴᠠᠯᠭ᠎ᠠ ᠪᠠᠨ ᠴᠢᠳᠠᠮᠠᠭᠠᠢ ᠭᠦᠢᠴᠡᠳᠬᠡᠨ᠎ᠡ᠃ | ᠲᠥᠯᠥᠭᠡᠯᠡᠭᠴᠢᠳ ᠠ᠋︕ ᠰᠢᠨ᠎ᠡ ᠴᠠᠭ ᠦᠶ᠎ᠡ ᠪᠢᠳᠠᠨ ᠳᠤ ᠥᠩᠭᠡ ᠬᠡᠷᠡᠯᠳᠦ ᠬᠠᠷᠢᠭᠤᠴᠠᠯᠭ᠎ᠠ ᠡᠭᠦᠷᠭᠡᠯᠡᠯ ᠣᠯᠭᠤᠵᠤ᠂ ᠰᠢᠨ᠎ᠡ ᠠᠶᠠᠨ ᠵᠠᠮ ᠪᠢᠳᠠᠨ ᠢ | ᠡᠷᠡᠮᠡᠬᠡᠶᠢᠯᠡᠨ ᠤᠷᠤᠭᠰᠢᠯᠠᠭᠤᠯᠬᠤ ᠪᠠᠷ ᠤᠷᠢᠶᠠᠯᠠᠵᠤ ᠪᠠᠶᠢᠨ᠎ᠠ︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠴᠢᠩᠭ᠎ᠠ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠯᠬᠦᠮᠳᠡᠯ ᠳᠠᠭᠠᠭᠤᠯᠭ᠎ᠠ ᠳᠣᠣᠷ᠎ᠠ᠂ ᠪᠦᠬᠦ | ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠡᠨᠡᠷᠢᠯ ᠳᠤ ᠲᠠᠯᠠᠷᠬᠠᠵᠤ ᠡᠷᠡᠯᠬᠡᠭᠯᠡᠨ | ᠤᠷᠤᠭᠰᠢᠯᠠᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ | ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠶ᠎ᠡ︕ | | |