ᠴᠢᠨᠠᠷ ᠰᠠᠶᠢᠲᠠᠢ ᠬᠥᠭᠵᠢᠯᠲᠡ ᠶᠢ ᠤᠯᠠᠨ ᠢᠶᠠᠷ ᠢᠶᠠᠨ ᠶᠠᠷᠢᠬᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠪᠠᠶᠠᠨᠨᠠᠭᠤᠷ ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠄ ᠭᠠᠶᠢᠯᠢ ᠲᠠᠲᠠᠪᠤᠷᠢ ᠶᠢᠨ ᠣᠳᠣᠬᠢᠴᠢᠯᠠᠯᠲᠠ ᠪᠠᠷ ᠪᠠᠶᠠᠨᠨᠠᠭᠤᠷ ᠤᠨ ᠴᠢᠨᠠᠷ ᠰᠠᠶᠢᠲᠠᠢ ᠬᠥᠭᠵᠢᠯᠲᠡ ᠳᠤ  ᠦᠢᠯᠡᠴᠢᠯᠡᠶ᠎ᠡ
ᠨᠡᠶᠢᠲᠡᠯᠡᠭᠰᠡᠨ ᠴᠠᠭ᠄
2023/4/18
      ᠬᠥᠲᠥᠯᠦᠭᠴᠢ᠄ ᠴᠢᠨᠠᠷ  ᠰᠠᠶᠢᠲᠠᠢ ᠬᠥᠭᠵᠢᠯᠲᠡ ᠶᠢ ᠬᠡᠷᠬᠢᠨ ᠦᠵᠡᠬᠦ ᠪᠣᠢ᠃ ᠭᠠᠶᠢᠯᠢ ᠲᠠᠲᠠᠪᠤᠷᠢ ᠨᠢ ᠤᠯᠤᠰ ᠤᠨ ᠵᠠᠰᠠᠯᠲᠠ ᠳᠤᠮᠳᠠ ᠰᠠᠭᠤᠷᠢ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ᠂ ᠪᠠᠲᠤᠯᠠᠭ᠎ᠠ ᠶᠢᠨ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠪᠠᠶᠠᠨᠨᠠᠭᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠦᠴᠦᠲᠡᠢ ᠦᠢᠯᠡᠴᠢᠯᠡᠪᠡ᠃ ᠥᠨᠥᠳᠥᠷ ᠪᠢᠳᠡ ᠤᠯᠤᠰ ᠤᠨ ᠭᠠᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠪᠠᠶᠠᠨᠨᠠᠭᠤᠷ ᠬᠤᠲᠠ ᠶᠢᠨ ᠭᠠᠢᠯᠢ ᠶᠢᠨ ᠶᠠᠪᠤᠳᠠᠯ ᠤᠨ ᠲᠣᠪᠴᠢᠶᠠᠨ ᠤ  ᠨᠡᠪᠲᠡᠷᠡᠭᠦᠯᠭᠡ ᠶᠢᠨ ᠲᠠᠰᠤᠭ ᠲᠤ ᠤᠷᠢᠵᠤ᠂ ᠬᠤᠶᠠᠷ ᠬᠦᠨᠳᠦᠲᠦ ᠵᠣᠴᠢᠳ ᠢ ᠪᠠᠶᠠᠷᠯᠠᠨ ᠤᠭᠲᠤᠵᠤ ᠪᠠᠶᠢᠨ᠎ᠠ᠃      ᠬᠦᠨᠲᠦᠲᠦ ᠵᠤᠴᠢᠨ᠄  ᠬᠥᠲᠥᠯᠦᠭᠴᠢ ᠰᠠᠶᠢᠨ ᠤᠤ᠂ ᠦᠵᠡᠭᠴᠢᠳ ᠰᠠᠶᠢᠨ ᠤᠤ᠃      ᠬᠥᠲᠥᠯᠥᠭᠴᠢ᠄ ᠭᠠᠶᠢᠯᠢ ᠲᠠᠲᠠᠪᠤᠷᠢ ᠪᠣᠯ ᠣᠯᠠᠨ ᠨᠡᠶᠢᠲᠡ ᠶᠢᠨ ᠡᠳ᠋ ᠤᠨ ᠵᠠᠰᠠᠭ ᠤᠨ ᠬᠠᠮᠤᠭ ᠤᠨ ᠭᠤᠤᠯ ᠣᠷᠣᠯᠭ᠎ᠠ ᠶᠢᠨ ᠬᠡᠯᠪᠡᠷᠢ ᠪᠠ ᠢᠷᠡᠯᠲᠡ ᠮᠥᠨ᠂ ᠭᠠᠶᠢᠯᠢ ᠲᠠᠲᠠᠪᠤᠷᠢ ᠶᠢᠨ ᠵᠠᠰᠠᠯᠲᠠ ᠨᠢ ᠦᠢᠯᠡᠳᠪᠦᠷᠢᠯᠡᠯ᠂ ᠭᠦᠢᠯᠭᠡᠭᠡ᠂ ᠬᠤᠪᠢᠶᠠᠷᠢᠯᠠᠯᠲᠠ᠂ ᠬᠡᠷᠡᠭᠯᠡᠭᠡᠨ ᠤ ᠡᠯ᠎ᠡ ᠬᠦᠷᠢᠶᠡᠨ ᠳᠤ ᠬᠤᠯᠪᠣᠭᠳᠠᠵᠠᠶ᠂ ᠲᠡᠭᠡᠪᠡᠯ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠠᠶᠠᠨᠨᠠᠭᠤᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ ᠪᠢᠳᠡ ᠬᠠᠮᠲᠤ ᠳᠠᠭᠠᠨ ᠨᠢᠭᠡ ᠣᠬᠤᠷ ᠺᠢᠨᠣ᠋ ᠦᠵᠡᠶ᠎ᠡ᠃      ᠬᠥᠲᠥᠯᠥᠭᠴᠢ᠄ ᠣᠬᠤᠷ ᠹᠢᠯᠢᠮ ᠠᠴᠠ ᠪᠢᠳᠡ ᠥᠩᠭᠡᠷᠡᠭᠰᠡᠨ ᠨᠢᠭᠡ ᠵᠢᠯ ᠳᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠪᠠᠶᠠᠨᠨᠠᠭᠤᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠤᠨ ᠬᠦᠴᠢᠷᠳᠡᠯ ᠢ ᠰᠢᠢᠳᠪᠦᠷᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠮᠠᠰᠢ ᠣᠯᠠᠨ ᠪᠦᠲᠦᠮᠵᠢᠲᠡᠶ ᠠᠵᠢᠯ ᠬᠢᠵᠡᠢ᠃ ᠮᠠᠨ ᠤ ᠭᠠᠶᠢᠯᠢ ᠶᠢᠨ ᠶᠠᠪᠤᠳᠠᠯ ᠤᠨ ᠠᠵᠢᠯ ᠳᠤ ᠨᠢᠭᠡ ᠭᠤᠣᠯ ᠵᠦᠢᠯ ᠪᠤᠢ᠂ ᠳᠠᠷᠤᠢ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠶᠠᠪᠤᠳᠠᠯ ᠪᠣᠯᠤᠨ᠎ᠠ ᠭᠡᠳᠡᠭ ᠢ ᠪᠢ ᠠᠩᠬᠠᠷᠴᠤ ᠣᠯᠪᠠ᠃      ᠬᠦᠨᠲᠦᠲᠦ ᠵᠤᠴᠢᠨ᠄ ᠲᠡᠶᠢᠮᠦ ᠡ᠂ ᠭᠠᠶᠢᠯᠢ ᠶᠢᠨ ᠶᠠᠪᠤᠲᠠᠯ ᠤᠨ ᠰᠠᠯᠠᠭ᠎ᠠ ᠮᠦᠴᠢᠷ ᠤᠨ ᠬᠢᠨ ᠲᠠᠷᠬᠠᠨ ᠡᠭᠦᠷᠬᠡ ᠬᠠᠷᠢᠭᠤᠴᠠᠯᠭ᠎ᠠ ᠲᠠᠢ᠂ ᠪᠢᠲᠡᠨ ᠤ ᠬᠡᠯᠡᠭᠦ ᠪᠠᠷ ᠢᠷᠡᠭᠰᠡᠨ ᠤᠯᠤᠰ ᠠᠴᠠ ᠵᠤᠭᠤᠰ ᠮᠦᠩᠭᠦ ᠴᠤᠭᠯᠠᠭᠤᠯᠵᠤ᠂ ᠠᠷᠠᠳ ᠢᠷᠬᠡᠳ ᠭᠠᠶᠢᠯᠢ ᠲᠠᠲᠠᠪᠤᠷᠢᠯᠠᠨ᠎ᠠ᠃ ᠤᠯᠤᠰ ᠤᠨ  ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠪᠠᠶᠠᠨᠨᠠᠭᠤᠷ ᠬᠤᠲᠠ ᠶᠢᠨ  ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠢ  ᠭᠠᠶᠢᠯᠢ ᠲᠠᠲᠠᠪᠤᠷᠢᠯᠠᠨ ᠬᠠᠮᠢᠶᠠᠷᠬᠤ ᠪᠠ  ᠭᠠᠶᠢᠯᠢ ᠲᠠᠲᠠᠪᠤᠷᠢ ᠶᠢᠨ ᠦᠢᠯᠡᠴᠢᠯᠡᠭᠡ ᠭᠡᠬᠦ ᠬᠤᠶᠠᠷ ᠶᠡᠭᠡ ᠭᠤᠣᠯ ᠱᠤᠭᠤᠮ ᠤᠨ ᠲᠣᠭᠤᠷᠢᠨ ᠳᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ ᠡᠯ᠎ᠡ ᠵᠦᠢᠯ ᠤᠨ  ᠭᠠᠶᠢᠯᠢ ᠲᠠᠲᠠᠪᠤᠷᠢ᠂  ᠨᠡᠶᠢᠭᠡᠮ ᠤᠨ  ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ  ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠵᠢᠴᠢ  ᠭᠠᠶᠢᠯᠢ  ᠲᠤᠰᠢᠶᠠᠬᠤ ᠦᠢᠯᠡᠴᠢᠯᠡᠭᠡ ᠶᠢ ᠵᠣᠬᠢᠶᠠᠨ ᠪᠠᠢᠭᠤᠯᠤᠨ᠂  ᠭᠠᠶᠢᠯᠢ ᠲᠠᠲᠠᠪᠤᠷᠢ ᠶᠢᠨ ᠤᠬᠠᠭᠤᠯᠭ᠎ᠠ᠂  ᠭᠠᠶᠢᠯᠢ ᠰᠦᠢᠳᠭᠡᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ ᠶᠢ ᠠᠬᠢᠭᠤᠯᠵᠤ᠂  ᠭᠠᠶᠢᠯᠢ  ᠲᠤᠰᠢᠶᠠᠭᠴᠢ᠂ ᠰᠦᠢᠳᠭᠡᠯ  ᠲᠤᠰᠢᠶᠠᠭᠴᠢ ᠶᠢᠨ ᠬᠠᠤᠯᠢ ᠶᠣᠰᠣᠨ ᠤ ᠡᠷᠬᠡ  ᠠᠰᠢᠭ ᠢ ᠬᠠᠮᠠᠭᠠᠯᠠᠨ᠎ᠠ᠃ 2022 ᠣᠨ ᠳᠤ᠂ ᠪᠢᠳᠡ ᠭᠤᠤᠯᠳᠠᠯᠭ᠎ᠠ ᠲᠠᠢ ᠲᠥᠷᠥᠯ ᠵᠦᠢᠯ ᠢᠶᠠᠷ ᠳᠠᠮᠵᠢᠭᠤᠯᠤᠨ ᠭᠠᠶᠢᠯᠢ ᠶᠢᠨ ᠢᠷᠡᠯᠳᠡ ᠶᠢ ᠮᠥᠷᠳᠡᠬᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠣᠭᠲᠠᠭᠤᠨ ᠨᠡᠮᠡᠭᠳᠡᠯ ᠢ ᠬᠢᠨᠠᠨ ᠬᠠᠮᠢᠶᠠᠷᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠡᠳᠬᠦᠨ ᠭᠠᠶᠢᠯᠢ ᠶᠢᠨ ᠰᠠᠭᠤᠷᠢ ᠶᠢ ᠥᠷᠭᠡᠳᠬᠡᠬᠦ᠂ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠭᠠᠶᠢᠯᠢ ᠲᠠᠲᠠᠪᠤᠷᠢ ᠶᠢ ᠶᠡᠷᠦᠩᠬᠡᠶᠢᠯᠡᠨ ᠵᠠᠰᠠᠬᠤ᠂ ᠵᠠᠰᠠᠭ ᠤᠨ ᠣᠷᠳᠣᠨ ᠤ ᠲᠠᠪᠴᠠᠩ ᠢ ᠠᠰᠢᠭᠯᠠᠨ ᠨᠡᠶᠢᠯᠡᠮᠡᠯ ᠬᠦᠴᠦᠨ ᠢ ᠨᠢᠭᠲᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 2022 ᠣᠨ ᠳᠤ᠂ ᠪᠥᠬᠦ ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠡᠯ᠎ᠡ ᠵᠦᠢᠯ ᠤᠨ ᠭᠠᠶᠢᠯᠢ ᠰᠦᠢᠳᠬᠡᠯ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 0.71% ᠪᠠᠷ ᠨᠡᠮᠡᠭᠳᠡᠪᠡ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ ᠠᠳᠠᠯᠢ ᠪᠠᠷᠢᠮᠵᠢᠶ᠎ᠠ ᠪᠠᠷ 5.43% ᠪᠠᠷ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 6. 18% ᠪᠠᠷ ᠨᠡᠮᠡᠭᠳᠡᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠡᠳ᠋ ᠤᠨ ᠬᠦᠴᠦᠨ ᠤ ᠳᠡᠮᠵᠢᠯᠭᠡ ᠬᠠᠩᠭᠠᠪᠠ᠃      ᠬᠥᠲᠥᠯᠥᠭᠴᠢ᠄ ᠵᠠᠩ ᠲᠤᠪᠴᠢᠶᠠᠨ ᠲᠠᠷᠤᠭ᠎ᠠ ᠡ᠂ ᠲᠠ ᠰᠠᠶ᠋ᠢᠬᠠᠨ ᠭᠠᠶᠢᠯᠢ ᠶᠢᠨ ᠠᠵᠢᠯ  ᠳᠤ ᠬᠤᠶᠠᠷ ᠭᠤᠤᠯ ᠱᠤᠭᠤᠮ᠂ ᠭᠠᠶᠢᠯᠢ ᠲᠠᠳᠠᠪᠤᠷᠢᠯᠠᠬᠤ ᠬᠠᠮᠢᠶᠠᠷᠬᠤ ᠪᠤᠯᠤᠨ ᠭᠠᠶᠢᠯᠢ ᠲᠠᠳᠠᠪᠤᠷᠢᠯᠠᠬᠤ ᠦᠢᠯᠡᠴᠢᠯᠡᠭᠡ ᠬᠢᠨ᠎ᠡ ᠭᠡᠪᠡ᠃ ᠭᠠᠶᠢᠯᠢ ᠲᠠᠲᠠᠪᠤᠷᠢᠯᠠᠵᠤ ᠬᠠᠮᠢᠶᠠᠷᠬᠤ ᠲᠠᠯ᠎ᠠ ᠪᠠᠷ᠂ ᠪᠠᠶᠠᠨᠨᠠᠭᠤᠷ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠣᠷᠣᠨ ᠨᠤᠲᠤᠭ ᠤᠨ ᠠᠵᠤ ᠠᠬᠤᠶ ᠬᠢᠭᠡᠳ ᠨᠡᠶᠢᠭᠡᠮ ᠤᠨ ᠬᠥᠭᠵᠢᠯᠲᠡ ᠳᠤ ᠭᠦᠢᠴᠡᠳ ᠡᠳ᠋ ᠤᠨ ᠬᠦᠴᠦᠨ ᠤ ᠪᠠᠲᠤᠯᠠᠭ᠎ᠠ ᠬᠠᠩᠭᠠᠭᠰᠠᠨ ᠢ ᠣᠯᠵᠤ ᠬᠠᠷᠠᠵᠤ ᠪᠣᠯᠤᠨ᠎ᠠ᠃ ᠬᠡᠯᠡᠯᠭᠡᠨ ᠦᠭᠡᠢ ᠣᠶᠢᠷ᠎ᠠ ᠶᠢᠨ ᠬᠤᠶᠠᠷ ᠵᠢᠯ ᠳᠤ ᠬᠢᠵᠢᠭ ᠤᠨ ᠨᠥᠯᠥᠭᠡ ᠠᠴᠠ ᠪᠣᠯᠵᠤ᠂ ᠮᠠᠨ ᠤ ᠬᠤᠲᠠ ᠶᠢᠨ ᠬᠡᠰᠡᠭ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠨᠢ ᠥᠷᠢᠰᠥᠯᠳᠦᠭᠡᠨ ᠳᠤ ᠲᠤᠯᠭᠠᠷᠠᠵᠤ ᠪᠠᠶᠢᠨ᠎ᠠ᠂ ᠲᠡᠭᠡᠪᠡᠯ ᠮᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠪᠠᠰᠠ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠭᠰᠠᠨ ᠪᠣᠯ ᠤᠤ︖      ᠬᠦᠨᠳᠦᠲᠦ ᠵᠣᠴᠢᠳ᠄ ᠪᠤᠷᠤᠭᠤ ᠥᠬᠡᠶ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠴᠠᠷᠠᠭᠤᠯᠤᠭᠰᠠᠨ ᠠᠰᠢᠭ ᠥᠬᠡᠶ ᠨᠥᠯᠥᠭᠡ ᠶᠢᠨ ᠡᠮᠦᠨ᠎ᠡ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠪᠣᠯ ᠬᠠᠮᠤᠭ ᠤᠨ ᠰᠢᠭᠤᠳ᠂ ᠬᠠᠮᠤᠭ ᠤᠨ ᠪᠦᠲᠦᠮᠵᠢᠲᠡᠶ ᠠᠷᠭ᠎ᠠ ᠬᠡᠮᠵᠢᠶ᠎ᠡ ᠶᠢᠨ ᠨᠢᠭᠡ ᠪᠣᠯᠤᠨ᠎ᠠ᠃      ᠡᠭᠦᠨ ᠤ ᠲᠤᠯᠠᠳᠠ᠂ ᠮᠠᠨ ᠤ ᠪᠠᠶᠠᠨᠨᠠᠭᠤᠷ ᠬᠤᠲᠠ ᠪᠥᠬᠦ ᠣᠷᠣᠨ ᠳᠤ ᠡᠩ ᠲᠡᠷᠢᠭᠦᠨ ᠳᠤ ᠵᠠᠰᠠᠭ ᠤᠨ ᠣᠷᠳᠣᠨ ᠤ ᠤᠳᠤᠷᠢᠳᠤᠯᠭ᠎ᠠ ᠬᠠᠷᠢᠭᠤᠴᠠᠵᠤ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂  ᠳᠤᠮᠳᠠᠳᠤ ᠤᠯᠤᠰ ᠤᠨ ᠠᠷᠠᠳ ᠤᠨ ᠪᠠᠩᠬᠢ ᠳᠥᠷᠪᠡᠨ ᠰᠠᠯᠠᠭ᠎ᠠ ᠮᠥᠴᠢᠷ ᠤᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ︽ᠬᠤᠲᠠ ᠶᠢᠨ ᠳᠠᠷᠤᠭ᠎ᠠ ᠶᠢᠨ ᠭᠠᠶᠢᠯᠢ ᠶᠢᠨ ᠬᠢᠴᠢᠶᠡᠯ︾ ᠤᠨ ᠬᠡᠯᠪᠡᠷᠢ ᠪᠠᠷ ᠪᠥᠬᠦ ᠬᠤᠲᠠ ᠶᠢᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠵᠢᠯ ᠳᠤ ᠳᠠᠬᠢᠨ ᠪᠠᠶᠢᠷᠢᠯᠠᠭᠤᠯᠤᠯᠲᠠ ᠬᠢᠪᠡ︔ ᠡᠭᠦᠨ ᠤ ᠬᠠᠮᠲᠤ᠂ ᠦᠯᠡᠳᠡᠭᠡᠨ ᠲᠤᠯᠭᠠᠨ ᠪᠤᠴᠠᠭᠠᠬᠤ 95 ᠲᠦᠭᠰᠢᠭᠦᠷᠢ ᠶᠢᠨ ᠭᠦᠢᠴᠡᠳᠬᠡᠯ ᠲᠤᠭ᠎ᠠ ᠶᠢᠨ ᠵᠠᠭᠪᠤᠷ ᠢ ᠪᠠᠶᠢᠭᠤᠯᠵᠤ᠂ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ᠲᠦᠭᠰᠢᠭᠦᠷᠢ ᠶᠢ ᠲᠦᠷᠭᠡᠨ ᠰᠡᠷᠡᠮᠵᠢᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠭᠠᠶᠢᠯᠢ ᠪᠤᠴᠠᠭᠠᠬᠤ ᠠᠵᠤ ᠠᠬᠤᠶᠢᠯᠠᠯ ᠳᠤ ᠪᠥᠬᠦ ᠦᠵᠡᠮᠵᠢᠲᠦ ᠮᠠᠶ᠋ᠢᠭ ᠤᠨ ᠠᠦ᠋ᠲ᠋ᠣᠴᠢᠯᠠᠭᠰᠠᠨ ᠰᠢᠷᠪᠢᠯᠲᠡ ᠶᠢᠨ ᠠᠵᠢᠯ ᠢ ᠥᠷᠨᠢᠭᠦᠯᠵᠦ᠂ ᠭᠠᠶᠢᠯᠢ ᠪᠤᠴᠠᠭᠠᠬᠤ ᠲᠦᠭᠰᠢᠭᠦᠷᠢ ᠶᠢ ᠬᠢᠨᠠᠨ ᠬᠠᠷᠭᠤᠭᠤᠯᠬᠤ ᠴᠠᠭ ᠤᠨ ᠤᠷᠲᠤ ᠶᠢ ᠬᠡᠳᠦᠨ ᠡᠳᠦᠷ ᠤᠨ ᠳᠣᠲᠣᠷ᠎ᠠ 2 ᠮᠢᠨᠦ᠋ᠲ ᠪᠣᠯᠲᠠᠯ᠎ᠠ ᠪᠠᠭᠠᠰᠬᠠᠪᠠ᠃      ᠵᠢᠱᠢᠶᠡᠯᠡᠪᠡᠯ᠂ ᠥᠪᠥᠷ ᠮᠣᠩᠭᠤᠯ ᠤᠨ ᠾᠸᠢ ᠮᠤᠤ ᠨᠡᠭᠦᠷᠡᠰᠦ ᠬᠢᠮᠢ ᠶᠢᠨ ᠠᠵᠤ ᠤᠶᠢᠯᠡᠳᠪᠤᠷᠢ ᠶᠢᠨ ᠬᠢᠵᠠᠭᠠᠷᠲᠤ ᠺᠣᠮᠫᠠᠨᠢ ᠶᠢᠨ ᠬᠠᠷᠢᠶ᠎ᠠ ᠨᠡᠭᠦᠷᠡᠰᠦ ᠬᠢᠮᠢ ᠶᠢᠨ ᠠᠵᠤ ᠤᠶᠢᠯᠡᠳᠪᠤᠷᠢ ᠶᠢᠨ ᠲᠥᠷᠥᠯ ᠵᠦᠢᠯ ᠨᠢ  ᠡᠯᠧᠺᠲᠷᠣᠨ ᠬᠥᠮᠥᠷᠭᠡ ᠶᠢᠨ ᠰᠢᠰᠲ᠋ᠧᠮ ᠢᠶᠠᠷ ᠳᠠᠮᠵᠢᠭᠤᠯᠤᠨ ᠭᠠᠶᠢᠯᠢ ᠪᠤᠴᠠᠭᠠᠬᠤ ᠪᠥᠬᠦ ᠶᠠᠪᠤᠴᠠ ᠶᠢ ᠡᠯᠧᠺᠳ᠋ᠷᠤᠨᠴᠢᠯᠠᠵᠤ᠂ ᠠᠵᠤ ᠠᠬᠤᠶᠢᠯᠠᠯ ᠳᠤ 3.69 ᠳ᠋ᠦᠩᠰᠢᠭᠤᠷ ᠲᠥᠭᠦᠷᠢᠭ ᠤᠨ ᠭᠠᠶᠢᠯᠢ ᠪᠤᠴᠠᠭᠠᠬᠤ ᠶᠢ  ᠭᠦᠢᠴᠡᠳᠬᠡᠪᠡ︔ ᠪᠠᠰᠠ ᠪᠠᠶᠠᠨᠨᠠᠭᠤᠷ ᠤᠨ ᠬᠤᠸᠠ ᠾᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠡᠳ᠋ ᠤᠨ ᠵᠠᠰᠠᠭ ᠨᠢ ᠠᠵᠤ ᠠᠬᠤᠶᠢᠯᠠᠯ ᠳᠤ ᠦᠯᠡᠳᠡᠭᠡᠭᠰᠡᠨ ᠭᠠᠶᠢᠯᠢ ᠶᠢᠨ ᠲᠤᠭ᠎ᠠ ᠶᠢ 436.22 ᠲᠦᠮᠡᠨ ᠲᠥᠭᠦᠷᠢᠭ ᠪᠤᠴᠠᠭᠠᠨ᠂ ᠠᠵᠤ ᠠᠬᠤᠶᠢᠯᠠᠯ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠲᠦᠭᠦᠬᠡᠶ ᠮᠠᠲ᠋ᠧᠷᠢᠶᠠᠯ ᠣᠷᠣᠭᠤᠯᠬᠤ ᠡᠷᠭᠢᠯᠲᠡ ᠶᠢᠨ ᠬᠦᠴᠢᠷᠳᠡᠯ ᠢ ᠨᠢᠭᠡ ᠦᠶ᠎ᠡ ᠰᠢᠢᠳᠪᠦᠷᠢᠯᠡᠪᠡ᠃      ᠬᠥᠲᠥᠯᠦᠭᠴᠢ᠄ ᠡᠳᠡᠭᠡᠷ ᠪᠣᠯ ᠦᠨᠡᠬᠡᠷ ᠦᠨᠡᠨ ᠪᠣᠳᠠᠲᠠᠢ ᠰᠠᠢᠨ ᠲᠥᠷᠥ ᠶᠢᠨ ᠪᠣᠳᠣᠯᠭ᠎ᠠ ᠪᠣᠯᠤᠨ᠎ᠠ᠃ ᠦᠨᠡᠨ ᠳᠡᠭᠡᠨ ᠮᠠᠨ ᠤ ᠡᠩ ᠤᠨ ᠠᠷᠠᠳ ᠲᠤ ᠠᠪᠴᠤ ᠬᠡᠯᠡᠪᠡᠯ ᠂ ᠲᠦᠷᠭᠡᠨ ᠪᠦᠭᠡᠳ ᠳᠦᠭᠦᠮ ᠭᠠᠶᠢᠯᠢ ᠲᠠᠲᠠᠪᠤᠷᠢ ᠭᠦᠢᠴᠡᠳᠬᠡᠬᠦ ᠨᠢ ᠮᠥᠨ ᠯᠡ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠪᠣᠯᠣᠨ᠎ᠠ᠂ ᠡᠳᠡᠭᠡᠷ ᠲᠠᠯ᠎ᠠ ᠪᠠᠷ ᠪᠢᠳᠡ ᠶᠠᠭᠠᠬᠢᠵᠤ ᠬᠢᠭᠰᠡᠨ ᠪᠤᠢ︖      ᠬᠦᠨᠳᠦᠲᠦ  ᠵᠣᠴᠢᠨ᠄ ᠭᠠᠶᠢᠯᠢ ᠲᠤᠰᠢᠶᠠᠭᠴᠢ ᠶᠢ ︽ᠳᠤᠲᠠᠭᠤ ᠭᠦᠶᠦᠯᠭᠡᠵᠦ︾᠂ ᠨᠠᠩ ᠲᠦᠷᠭᠡᠨ᠂ ᠨᠠᠩ ᠰᠢᠯᠢᠳᠡᠭ᠂ ᠨᠠᠩ ᠲᠥᠬᠦᠮ ᠭᠠᠶᠢᠯᠢ ᠶᠢᠨ ᠶᠠᠪᠤᠳᠠᠯ  ᠭᠦᠢᠴᠡᠳᠬᠡᠬᠦ  ᠦᠢᠯᠡᠴᠢᠯᠡᠭᠡ ᠶᠢ ᠬᠦᠷᠲᠡᠭᠡᠭᠰᠡᠨ ᠨᠢ ᠶᠡᠷᠦ ᠨᠢ ᠮᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠬᠥᠭᠡᠭᠡᠴᠡᠯᠳᠦᠯ ᠪᠣᠯᠤᠨ᠎ᠠ᠃ ᠵᠢᠱᠢᠶᠡᠯᠡᠪᠡᠯ ᠂ 2022 ᠣᠨ ᠳᠤ᠂ ᠪᠢᠳᠡ ︽ᠬᠤᠶᠠᠷ ᠱᠠᠲᠤᠨ ᠤ ᠨᠠᠮ ᠤᠨ ᠬᠤᠷᠢᠶ᠎ᠠ ᠡᠮᠦᠨ᠎ᠡ ᠨᠢ ᠭᠠᠪᠰᠢᠭᠠᠶᠢᠯᠠᠵᠤ᠂ ᠵᠠᠭᠤᠨ ᠨᠠᠮ ᠤᠨ ᠡᠭᠦᠷ ᠡᠮᠦᠨ᠎ᠡ ᠹᠷᠣᠨᠲ ᠲᠤ ᠬᠦᠷᠴᠦ᠂ ᠮᠢᠩᠭᠠᠨ ᠨᠠᠮ ᠤᠨ ᠭᠡᠰᠢᠭᠦᠨ ᠲᠦᠮᠡᠨ ᠠᠵᠤ ᠠᠬᠤᠶᠢᠯᠠᠯ ᠲᠠᠢ ᠬᠤᠯᠪᠣᠭᠠᠯᠠᠵᠤ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠶᠡᠭᠡ ᠰᠤᠷᠪᠤᠯᠵᠢᠯᠠᠬᠤ ᠠᠵᠢᠯᠯᠠᠭ᠎ᠠ ᠶᠢ ᠥᠷᠨᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ 14721 ᠡᠷᠦᠬᠡ ᠶᠢ ᠰᠤᠷᠪᠤᠯᠵᠢᠯᠠᠨ ᠪᠠᠶᠢᠴᠠᠭᠠᠨ ᠰᠤᠳᠤᠯᠵᠤ᠂ 5 ᠲᠥᠷᠥᠯ ᠤᠨ 197 ᠠᠰᠠᠭᠤᠳᠠᠯ ᠢ ᠴᠤᠭᠯᠠᠭᠤᠯᠤᠨ ᠰᠢᠢᠳᠪᠦᠷᠢᠯᠡᠪᠡ︔ ︽ᠬᠤᠣᠰ ᠱᠤᠭᠤᠮ ᠢᠶᠠᠷ ᠬᠤᠯᠪᠣᠭᠠᠯᠠᠨ ᠬᠥᠳᠡᠯᠦᠯᠴᠡᠬᠦ︾ ᠪᠠ ︽ᠰᠢᠢᠳᠪᠦᠷᠢᠯᠡᠬᠦ ᠯᠠᠪᠯᠠᠬᠤ ᠶᠢ ᠬᠠᠮᠵᠢᠯᠴᠠᠭᠤᠯᠬᠤ︾ ᠲᠣᠭᠲᠠᠴᠠ ᠶᠢ ᠪᠠᠶᠢᠭᠤᠯᠵᠤ᠂ ᠠᠯᠤᠰ ᠠᠴᠠ ᠰᠦᠯᠵᠢᠶᠡᠨ ᠳᠡᠭᠡᠷ᠎ᠡ ᠦᠵᠡᠭᠳᠡᠬᠦ᠋ᠢᠴᠡ ᠴᠠᠭ ᠲᠤᠬᠠᠢ ᠳᠤᠨᠢ ᠬᠠᠷᠢᠯᠴᠠᠬᠤ ᠶᠢ ᠪᠡᠶᠡᠯᠡᠭᠦᠯᠪᠡ︔ 50 ᠵᠦᠢᠯ ᠤᠨ ᠲᠤᠬᠠᠶᠢᠯᠠᠭᠰᠠᠨ ᠠᠵᠢᠯ ᠢ ᠳᠤᠲᠠᠭᠤᠳᠠᠯ ᠢ ᠠᠭᠤᠴᠢᠯᠠᠨ ᠭᠦᠢᠴᠡᠳᠬᠡᠬᠦ ᠦᠢᠯᠡᠴᠢᠯᠡᠭᠡ ᠳᠤ ᠣᠷᠣᠭᠤᠯᠵᠤ᠂ ᠰᠦᠢᠳᠬᠡᠯ ᠬᠤᠷᠢᠶᠠᠬᠤ ᠦᠭᠡᠢ ᠪᠠᠷ ︽ᠵᠠᠬᠢᠳᠠᠯ ᠤᠨ ᠳᠤᠭᠲᠤᠢ︾ ᠶᠢ ᠭᠤᠪᠢᠭᠤᠯᠵᠤ᠂ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ ᠨᠠᠶᠢᠳᠠᠪᠤᠷᠢᠵᠢᠭᠤᠯᠵᠤ᠂ ᠭᠠᠶᠢᠯᠢ ᠲᠤᠰᠢᠶᠠᠭᠴᠢ ᠶᠢᠨ ᠰᠦᠢᠳᠬᠡᠯ ᠲᠤᠰᠢᠶᠠᠬᠤ ᠳᠤ ᠲᠦᠢᠯ ᠤᠨ ᠶᠡᠭᠡ ᠳᠥᠭᠦᠮ ᠦᠵᠡᠭᠦᠯᠪᠡ᠃      ᠬᠥᠲᠥᠯᠥᠭᠴᠢ᠄ ᠥᠩᠭᠡᠷᠡᠭᠡᠭᠰᠡᠨ ᠳᠤ ᠪᠢ ᠲᠣᠭᠠᠴᠢᠯᠠᠭᠰᠠᠨ ᠥᠭᠡᠷᠡᠴᠢᠯᠡᠯᠲᠡ ᠶᠢ ᠠᠬᠢᠭᠤᠯᠵᠤ᠂ ᠭᠠᠶᠢᠯᠢ ᠲᠤᠰᠢᠶᠠᠭᠴᠢ ᠳᠤ ᠨᠡᠩ ᠤᠯᠠᠨ ᠳᠥᠭᠦᠮ ᠳᠥᠲᠡ ᠥᠨᠳᠥᠷ ᠪᠦᠲᠦᠮᠵᠢᠲᠡᠢ ᠭᠠᠶᠢᠯᠢ ᠰᠦᠢᠳᠬᠡᠯ ᠤᠨ ᠦᠢᠯᠡᠴᠢᠯᠡᠭᠡ ᠬᠠᠩᠭᠠᠬᠤ ᠶᠢ ᠣᠶᠢᠯᠠᠭᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠠᠶᠢᠯᠠᠰᠢ ᠦᠭᠡᠢ ᠬᠡᠷᠡᠭᠴᠡᠭᠡ ᠳᠤ ᠵᠣᠬᠢᠴᠠᠭᠤᠯᠤᠭᠰᠠᠨ ᠪᠠᠶᠢᠨ᠎ᠠ᠂ ᠲᠡᠭᠡᠪᠡᠯ ᠮᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠲᠠᠯ᠎ᠠ ᠪᠠᠷ ᠪᠠᠰᠠ ᠮᠠᠰᠢ ᠤᠯᠠᠨ ᠠᠵᠢᠯ ᠬᠢᠭᠰᠡᠨ ᠪᠠᠶᠢᠨ᠎ᠠ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ