ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ ᠵᠢᠴᠢ ᠣᠨᠴᠠᠭᠠᠶ ᠣᠯᠢᠮᠫᠢᠺ ᠤᠨ ᠲᠠᠮᠢᠷ ᠤᠨ ᠴᠤᠭᠯᠠᠭᠠᠨ ᠲᠡᠭᠦᠰ ᠠᠮᠵᠢᠯᠲᠠ ᠲᠠᠢ ᠥᠨᠳᠥᠷᠯᠡᠪᠡ ᠴᠢ᠊ ᠪᠠᠲᠤ ᠲᠠᠮᠢᠷ ᠤᠨ ᠴᠤᠭᠯᠠᠭᠠᠨ ᠲᠡᠭᠦᠰᠦᠭᠰᠡᠨ ᠢ ᠵᠠᠷᠯᠠᠵᠠᠢ
  
2023/8/30
          8 ᠰᠠᠷ᠎ᠠ ᠶᠢᠨ 28 ᠤ ᠣᠷᠣᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ ᠵᠢᠴᠢ ᠣᠨᠴᠠᠭᠠᠢ ᠣᠯᠢᠮᠫᠢᠺ ᠤᠨ ᠲᠠᠮᠢᠷ ᠤᠨ ᠴᠤᠭᠯᠠᠭᠠᠨ ᠤ ᠲᠡᠭᠦᠰᠬᠦ ᠶᠣᠰᠣᠯᠠᠯ ᠣᠷᠳᠣᠰ ᠬᠤᠳᠠ ᠳᠤ ᠶᠠᠪᠤᠭᠳᠠᠪᠠ᠃          ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠪᠦᠯᠭᠦᠮ ᠤᠨ ᠶᠡᠷᠦᠩᠬᠡᠢ ᠬᠤᠪᠢ ᠪᠠᠷ ᠡᠮᠦᠨ᠎ᠡ ᠵᠢᠷᠭᠤᠭᠠᠨ ᠨᠡᠷᠡᠰ ᠲᠤ ᠣᠷᠣᠭᠰᠠᠨ ᠲᠥᠯᠥᠭᠡᠯᠡᠭᠴᠢᠳ ᠤᠨ ᠪᠦᠯᠭᠦᠮ ᠳᠤ ᠱᠠᠩᠨᠠᠯ ᠭᠠᠷᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ ᠵᠢᠴᠢ ᠣᠨᠴᠠᠭᠠᠢ ᠣᠯᠢᠮᠫᠢᠺ ᠤᠨ ᠲᠠᠮᠢᠷ ᠤᠨ ᠴᠤᠭᠯᠠᠭᠠᠨ ᠲᠡᠭᠦᠰᠦᠭᠰᠡᠨ ᠢ ᠵᠠᠷᠯᠠᠭᠰᠠᠨ ᠪᠥᠭᠡᠳ ᠬᠤᠷᠠᠯ ᠤᠨ ᠲᠤᠭ ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠳᠤ ᠣᠷᠣᠯᠴᠠᠵᠠᠢ᠃          ᠲᠡᠭᠦᠰᠬᠦ ᠶᠣᠰᠣᠯᠠᠯ ᠳᠡᠭᠡᠷ᠎ᠡ᠂ ᠪᠤᠭᠤᠲᠤ ᠬᠤᠲᠠ ᠶᠢᠨ ᠲᠥᠯᠥᠭᠡᠯᠡᠭᠴᠢ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ ᠤ ᠲᠤᠭ ᠢ ᠲᠤᠰᠪᠠ᠃ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ ᠵᠢᠴᠢ ᠣᠨᠴᠠᠭᠠᠢ ᠣᠯᠢᠮᠫᠢᠺ ᠤᠨ ᠲᠠᠮᠢᠷ ᠤᠨ ᠴᠤᠭᠯᠠᠭᠠᠨ ᠢ 2026 ᠣᠨ ᠳᠤ ᠪᠤᠭᠤᠲᠤ ᠬᠤᠲᠠ ᠳᠤ ᠡᠷᠭᠢᠯᠡᠭᠦ ᠪᠠᠷ ᠪᠤᠢ᠃ ᠶᠣᠰᠣᠯᠠᠯ ᠲᠡᠭᠦᠰᠦᠭᠰᠡᠨ ᠤ ᠲᠠᠷᠠᠭ᠎ᠠ᠂ ᠤᠯᠠᠨ ᠢᠶᠠᠷ ᠢᠶᠠᠨ ᠭᠤᠴᠣ ᠰᠠᠶᠢᠬᠠᠨ ᠰᠣᠶᠣᠯ ᠪᠡᠶ᠎ᠡ ᠶᠢᠨ ᠲᠠᠮᠢᠷ ᠤᠨ ᠦᠵᠡᠭᠦᠯᠭᠡ ᠶᠢ ᠰᠣᠨᠢᠷᠬᠠᠵᠤ᠂ ᠲᠡᠭᠦᠰᠬᠦ ᠶᠣᠰᠣᠯᠠᠯ ᠨᠢ ︽ᠬᠦᠰᠡᠯ ᠵᠡᠭᠦᠳᠦ ᠶᠢᠨ ᠳᠡᠭᠦᠯᠢᠯ︾ ᠬᠡᠮᠡᠬᠦ ᠬᠡᠦᠬᠡᠳ ᠤᠨ ᠨᠠᠶᠢᠷᠠᠯ ᠳᠠᠭᠤᠤ ᠶᠢᠨ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃        
     