ᠳ᠋ᠧᠩᠺᠧᠤ ᠵᠠᠰᠠᠭ ᠲᠠᠷᠬᠠᠭᠠᠭᠰᠠᠨ〔 2023〕31 ᠲᠣᠭᠠᠲᠤ | | | ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠶᠢᠨ ᠺᠣᠮᠫᠠᠨᠢ᠂ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠢᠶᠠᠨ ᠳᠤ | ᠰᠠᠭᠤᠭ᠎ᠠ ᠬᠠᠮᠢᠶ᠎ᠠ ᠪᠥᠬᠦᠶ ᠨᠢᠭᠡᠴᠡ ᠳᠤ᠄ | ᠴᠠᠭ ᠠᠭᠤᠷ ᠤᠨ ᠠᠵᠢᠯ ᠤᠨ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠳ᠋ᠧᠩᠺᠧᠤ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ︽ᠳ᠋ᠧᠩᠺᠧᠤ | ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃ | ᠳ᠋ᠧᠩᠺᠧᠤ ᠰᠢᠶᠠᠨ ᠤ ᠠᠷᠠᠳ ᠤᠨ ᠵᠠᠰᠠᠭ ᠤᠨ ᠣᠷᠳᠣᠨ | 2023 ᠣᠨ ᠤ 9 ᠰᠠᠷ᠎ᠠ ᠶᠢᠨ 11 ᠤ ᠡᠳᠦᠷ | | | | ᠳ᠋ᠧᠩᠺᠧᠤ ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ | | | | ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ ᠴᠠᠭ ᠠᠭᠤᠷ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳ᠋ᠧᠩᠺᠧᠤ | ᠰᠢᠶᠠᠨ ᠤ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢᠨ ᠬᠥᠲᠥᠯᠪᠦᠷᠢ ︵ | 2022 — 2035 ᠣᠨ︶ ᠶᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ 〔 | 2022 〕 11 ᠳ᠋ᠦᠭᠡᠷ ᠲᠣᠭᠠᠲᠤ᠂ ᠳᠣᠷᠣᠭᠰᠢ ᠲᠣᠪᠴᠢ ᠭᠡᠵᠦ ᠲᠣᠪᠴᠢᠯᠠᠨ᠎ᠠ︶ ︽ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠳᠥᠯᠭᠢᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ ᠵᠠᠰᠠᠭ | ᠲᠠᠷᠬᠠᠭᠠᠭᠰᠠᠨ 〔 2021 〕 16 ᠳ᠋ᠤᠭᠠᠷ ᠲᠣᠭᠠᠲᠤ︶ ︽ᠪᠠᠶᠠᠨᠨᠠᠭᠤᠷ ᠬᠤᠲᠠ ᠶᠢᠨ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ︵ᠪᠠᠶᠠᠨᠨᠠᠭᠤᠷ ᠵᠠᠰᠠᠭ ᠲᠠᠷᠬᠠᠭᠠᠭᠰᠠᠨ〔 2022 〕 23 ᠳ᠋ᠤᠭᠠᠷ ᠲᠣᠭᠠᠲᠤ︶ ᠵᠡᠷᠭᠡ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠪᠣᠳᠠᠲᠠᠶ ᠬᠡᠷᠡᠭᠴᠡᠭᠡ ᠳᠤ ᠰᠠᠭᠤᠷᠢᠯᠠᠨ᠂ ᠴᠠᠭ | ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠨᠴᠠᠭᠠᠶᠢᠯᠠᠨ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ | ᠲᠣᠭᠲᠠᠭᠠᠪᠠ᠄ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠪᠣᠯᠤᠨ ᠥᠪᠥᠷ ᠮᠣᠩᠭᠤᠯ ᠤᠨ ᠴᠢᠬᠤᠯᠠ ᠶᠠᠷᠢᠶᠠᠨ ᠤ | ᠲᠤᠬᠠᠶ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠪᠠᠷ ᠦᠢᠯᠡᠴᠢᠯᠡᠬᠦ ᠪᠠ ᠠᠭᠤᠰᠤᠯᠴᠠᠵᠤ᠂ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠢ ᠵᠠᠮᠨᠠᠵᠤ᠂ ︽ᠨᠠᠷᠢᠨ ᠨᠢᠭᠲᠠ ᠬᠢᠨᠠᠨ ᠬᠡᠮᠵᠢᠬᠦ᠂ ᠨᠠᠷᠢᠯᠢᠭ ᠣᠨᠣᠪᠴᠢᠲᠠᠢ ᠤᠷᠢᠳᠴᠢᠯᠠᠨ ᠮᠡᠳᠡᠭᠡᠯᠡᠬᠦ᠂ ᠨᠠᠷᠢᠯᠢᠭ ᠦᠢᠯᠡᠴᠢᠯᠡᠬᠦ︾ ᠪᠠᠷ | ᠭᠤᠣᠯᠳᠠᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠬᠥᠭᠵᠢᠯᠲᠡ᠂ ᠠᠮᠢᠳᠤᠷᠠᠯ ᠴᠢᠨᠡᠭᠡᠯᠢᠭ᠂ ᠠᠮᠢ ᠠᠬᠤᠢ ᠰᠠᠶᠢᠨ ᠰᠠᠶᠢᠬᠠᠨ ᠪᠠᠶᠢᠬᠤ ᠶᠢ ᠦᠨᠡᠨᠬᠦ | ᠪᠠᠲᠤᠯᠠᠬᠤ ᠬᠡᠷᠡᠭᠲᠡᠢ᠃ ︽ᠮᠢᠩᠭᠠᠨ ᠵᠠᠭᠤᠨ ᠲᠦᠮᠡᠨ︾ ᠤ ᠢᠨᠵᠧᠨᠧᠷᠢᠩ ᠢ ᠬᠡᠷᠡᠭᠵᠢᠭᠦᠯᠵᠦ᠂ ᠪᠥᠬᠦ ᠤᠯᠤᠰ ᠤᠨ ᠣᠷᠭᠠᠨᠢᠭ ᠪᠦᠲᠦᠭᠡᠭᠳᠡᠬᠦᠨ ᠤ ᠭᠡᠷᠡᠴᠢᠯᠡᠯ ᠤᠨ | ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠵᠤ᠂ ᠰᠢᠨ᠎ᠡ ᠡᠨᠧᠷᠭᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠥᠨᠳᠦᠷᠯᠢᠭ ᠭᠠᠵᠠᠷ᠂ ᠥᠪᠡᠷᠲᠡᠭᠡᠨ ᠵᠠᠰᠠᠬᠤ | ᠣᠷᠣᠨ ᠤ ᠪᠠᠷᠠᠭᠤᠨ ᠣᠷᠣᠨ ᠤ ᠵᠢᠭᠤᠯᠴᠢᠯᠠᠯ ᠤᠨ ᠦᠵᠡᠮᠵᠢᠲᠦ ᠣᠷᠣᠨ ᠢ ᠴᠣᠭᠴᠠᠯᠠᠨ ᠪᠠᠶᠢᠭᠤᠯᠵᠤ᠂ ᠨᠡᠭᠡᠭᠡᠯᠲᠡᠲᠦ ᠳ᠋ᠧᠩᠺᠸᠦ ᠶᠢ ᠪᠥᠲᠥᠭᠡᠨ ᠪᠠᠶᠢᠭᠤᠯᠬᠤ᠂ | ᠳ᠋ᠧᠩᠺᠸᠦ ᠶᠢ ᠪᠠᠭᠲᠠᠭᠠᠬᠤ᠂ ᠦᠨᠡᠨᠴᠢ ᠢᠲᠡᠭᠡᠮᠵᠢᠲᠡᠶ ᠳ᠋ᠧᠩᠺᠸᠦ ᠶᠢ ᠪᠥᠲᠥᠭᠡᠨ ᠪᠠᠶᠢᠭᠤᠯᠬᠤ᠂ ᠳ᠋ᠧᠩᠺᠸᠦ ᠶᠢ ᠬᠠᠮᠲᠤ ᠪᠠᠷ ᠡᠳ᠋ᠯᠡᠬᠦ ᠳᠤ ᠪᠠᠲᠤ ᠴᠢᠩᠭ᠎ᠠ ᠴᠠᠭ | ᠠᠭᠤᠷ ᠤᠨ ᠪᠠᠲᠤᠯᠠᠭ᠎ᠠ ᠬᠠᠩᠭᠠᠨ᠎ᠠ᠃ | ︵ᠬᠤᠶᠠᠷ︶ ᠬᠥᠭᠵᠢᠯᠲᠡ ᠶᠢᠨ ᠬᠠᠷᠠᠯᠲᠠ | 2025 ᠣᠨ ᠪᠣᠯᠬᠤ ᠳᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ᠂ ᠪᠦᠲᠦᠴᠡ ᠨᠢ ᠪᠦᠷᠢᠨ ᠲᠡᠭᠦᠯᠳᠡᠷ᠂ ᠴᠢᠳᠠᠮᠵᠢ ᠨᠢ ᠲᠡᠷᠢᠭᠦᠨ᠂ ᠪᠠᠲᠤᠯᠠᠭ᠎ᠠ ᠨᠢ | ᠬᠦᠴᠦᠲᠡᠶ ᠣᠳᠣᠬᠢᠴᠢᠯᠠᠭᠰᠠᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠴᠢᠯᠡᠭᠡ᠂ ᠲᠤᠬᠠᠶᠢᠯᠠᠭᠰᠠᠨ ᠠᠵᠢᠯ ᠪᠠ | ᠵᠠᠰᠠᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ | ᠠᠮᠢ ᠠᠬᠤᠶ ᠶᠢᠨ ᠴᠠᠭ ᠠᠭᠤᠷ ᠤᠨ ᠦᠢᠯᠡᠴᠢᠯᠡᠭᠡ᠂ ᠲᠠᠷᠢᠶᠠᠯᠠᠩ ᠮᠠᠯ ᠠᠵᠤ ᠠᠬᠤᠶ ᠶᠢᠨ ᠴᠠᠭ ᠠᠭᠤᠷ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ | ᠵᠡᠷᠭᠡ ᠬᠦᠷᠢᠶ᠎ᠡ ᠬᠡᠪᠴᠢᠶ᠎ᠡ ᠶᠢ ᠪᠥᠬᠦ ᠬᠤᠲᠠ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠦᠨ᠎ᠡ᠃ | 2035 ᠣᠨ ᠪᠣᠯᠬᠤ ᠳᠤ ᠬᠡᠷᠡᠭᠴᠡᠭᠡ ᠶᠢ ᠬᠠᠩᠭᠠᠭᠰᠠᠨ᠂ ᠣᠨᠴᠠᠯᠢᠭ ᠢᠶᠠᠷ ᠢᠯᠡ ᠲᠣᠳᠣ᠂ ᠮᠡᠷᠭᠡᠵᠢᠯ ᠢᠶᠠᠷ ᠳᠠᠪᠰᠢᠩᠭᠤᠢ᠂ ᠠᠮᠢᠵᠢᠷᠠᠯ ᠤᠨ ᠬᠦᠴᠦᠨ ᠢᠶᠠᠷ | ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠨᠡᠩ ᠭᠦᠢᠴᠡᠳ ᠪᠠᠳᠠᠷᠠᠭᠤᠯᠵᠤ᠂ ᠴᠠᠭ ᠠᠭᠤᠷ ᠤᠨ ᠡᠨᠧᠷᠭᠢ ᠣᠯᠭᠤᠬᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠮᠵᠢ ᠶᠢ ᠨᠡᠩ ᠢᠯᠡᠷᠬᠡᠢ ᠪᠣᠯᠭᠠᠵᠤ᠂ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ᠂ ᠦᠢᠯᠡᠳᠪᠦᠷᠢᠯᠡᠯ ᠢ ᠬᠥᠭᠵᠢᠭᠦᠯᠬᠦ᠂ | ᠠᠮᠢᠳᠤᠷᠠᠯ ᠢ ᠴᠢᠨᠡᠭᠡᠯᠢᠭᠵᠢᠭᠦᠯᠬᠦ᠂ ᠠᠮᠢ ᠠᠬᠤᠢ ᠶᠢ ᠰᠠᠶᠢᠨ ᠰᠠᠶᠢᠬᠠᠨ ᠪᠣᠯᠭᠠᠬᠤ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ | ᠃ | ᠬᠤᠶᠠᠷ᠂ ᠭᠤᠣᠯ ᠡᠭᠦᠷᠭᠡ | ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ | ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠎ᠠ | 1. ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠴᠠᠭ ᠠᠭᠤᠷ ᠤᠨ ᠭᠠᠮᠰᠢᠭ ᠤᠨ | ᠰᠡᠷᠭᠡᠶᠢᠯᠡᠯᠲᠡ ᠶᠢ ᠭᠠᠮᠰᠢᠭ ᠢ ᠰᠡᠷᠭᠡᠶᠢᠯᠡᠵᠦ ᠪᠠᠭᠠᠰᠬᠠᠬᠤ ᠶᠡᠷᠦᠩᠬᠡᠶᠢᠯᠡᠭᠰᠡᠨ ᠰᠢᠰᠲ᠋ᠧᠮ ᠳᠤ ᠣᠷᠣᠭᠤᠯᠵᠤ᠂ ᠦᠨᠳᠦᠰᠦᠨ ᠱᠠᠲᠤᠨ ᠤ ᠲᠤᠤᠷᠴᠢᠯᠠᠭᠰᠠᠨ ᠨᠡᠶᠢᠭᠡᠮ ᠤᠨ | ᠵᠠᠰᠠᠯᠲᠠ ᠶᠢᠨ ᠰᠢᠰᠲ᠋ᠧᠮ ᠳᠤ ᠠᠭᠤᠰᠬᠠᠨ ᠣᠷᠣᠭᠤᠯᠤᠨ᠎ᠠ᠃ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ ᠠᠵᠢᠯ ᠤᠨ ᠵᠠᠰᠠᠭ ᠵᠠᠬᠢᠷᠭᠠᠨ ᠤ | ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠷᠠᠭᠤᠯᠵᠤ᠂ ᠱᠠᠳᠤ ᠬᠤᠪᠢᠶᠠᠨ ᠬᠠᠷᠢᠭᠤᠴᠠᠬᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ | ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠦᠷᠭᠡᠨ ᠳᠠᠭᠠᠬᠤ᠂ ᠥᠨᠳᠥᠷ ᠪᠦᠲᠦᠮᠵᠢᠲᠡᠶ ᠪᠠᠷ ᠬᠠᠮᠲᠤᠷᠠᠨ ᠬᠥᠳᠡᠯᠦᠯᠴᠡᠭᠰᠡᠨ ᠤᠯᠠᠨ ᠰᠠᠯᠠᠭ᠎ᠠ | ᠮᠥᠴᠢᠷ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠲᠣᠭᠲᠠᠴᠠ ᠪᠠ ᠨᠡᠶᠢᠭᠡᠮ ᠢᠶᠠᠷ ᠢᠶᠠᠨ ᠣᠷᠣᠯᠴᠠᠬᠤ ᠲᠣᠭᠲᠠᠴᠠ ᠶᠢ ᠪᠦᠷᠢᠨᠰᠢᠬᠦᠯᠵᠤ᠂ ᠬᠦᠨᠳᠦ | ᠶᠡᠭᠡ ᠴᠠᠭ ᠠᠭᠤᠷ ᠤᠨ ᠭᠠᠮᠰᠢᠭ ᠤᠨ ᠠᠵᠢᠯ ᠢ ᠵᠣᠭᠰᠣᠭᠠᠬᠤ ᠦᠢᠯᠡᠳᠪᠦᠷᠢᠯᠡᠯ ᠢ ᠵᠣᠭᠰᠣᠭᠠᠬᠤ ᠬᠢᠴᠢᠶᠡᠯ ᠢ ᠵᠣᠭᠰᠣᠭᠠᠬᠤ ᠲᠡᠭᠡᠭᠡᠪᠦᠷᠢᠯᠡᠬᠦ ᠶᠢ ᠵᠣᠭᠰᠣᠭᠠᠬᠤ ᠵᠡᠷᠭᠡ | ᠲᠦᠷᠢᠮ ᠢ ᠨᠠᠶᠢᠳᠠᠪᠤᠷᠢᠵᠢᠭᠤᠯᠤᠨ᠎ᠠ᠃ ︵ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠳ᠋ᠧᠩᠺᠸᠦ | ᠰᠢᠶᠠᠨ ᠤ ᠬᠤᠪᠢᠶᠠᠷᠢ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ | ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯᠡᠰᠦ ᠶᠢ ᠰᠡᠷᠭᠡᠶᠢᠯᠡᠨ ᠵᠠᠰᠠᠬᠤ ᠲᠣᠪᠴᠢᠶ᠎ᠠ᠂ ᠡᠯ᠎ᠡ | ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ᠃ ᠨᠢᠭᠡᠳᠦᠭᠡᠷ ᠲᠤ | ᠵᠢᠭᠰᠠᠭᠠᠭᠳᠠᠭᠰᠠᠳ ᠢ ᠲᠦᠷᠦᠭᠦᠯᠡᠨ ᠬᠢᠬᠦ ᠨᠢᠭᠡᠴᠡ ᠪᠣᠯᠭᠠᠨ᠎ᠠ᠂ ᠳᠣᠷᠣᠭᠰᠢ ᠠᠳᠠᠯᠢ︶ | 2. ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ᠃ ᠪᠦᠬᠦ ᠰᠢᠶᠠᠨ ᠤ ᠭᠤᠣᠯ ᠪᠣᠯᠬᠤ ᠴᠠᠭ ᠠᠭᠤᠷ ᠤᠨ | ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠬᠤ᠂ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ ᠶᠢ ᠪᠡᠶᠡᠯᠡᠭᠦᠯᠵᠦ᠂ ᠴᠠᠭ | ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠢ ᠨᠡᠶᠢᠳᠡᠮ ᠪᠠᠶᠢᠴᠠᠭᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠎ᠠ᠃ ᠴᠠᠭ ᠠᠭᠤᠷ ᠤᠨ | ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠡᠯ᠎ᠡ ᠱᠠᠲᠤᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠪᠠᠭᠠᠰᠬᠠᠬᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ | ᠪᠠᠶᠢᠭᠤᠯᠤᠯᠲᠠ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ | ᠳᠠᠭᠠᠳᠬᠠᠯ ᠤᠨ ᠴᠠᠭ ᠠᠭᠤᠷ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠨ᠂ ᠭᠠᠮᠰᠢᠭ ᠤᠨ ᠬᠤᠬᠢᠷᠠᠯ ᠢ ᠦᠨᠡᠯᠡᠨ ᠵᠢᠱᠢᠬᠦ᠂ ᠴᠠᠭ ᠠᠭᠤᠷ ᠤᠨ | ᠢᠯᠡᠳᠬᠡᠭᠴᠢ ᠶᠢᠨ ᠳᠠᠭᠠᠳᠬᠠᠯ ᠤᠨ ᠦᠢᠯᠡᠳᠬᠦᠨ ᠢ ᠨᠡᠭᠡᠭᠡᠨ ᠬᠥᠭᠵᠢᠭᠦᠯᠬᠦ ᠪᠠ ᠲᠥᠯᠥᠪᠦᠷᠢ ᠥᠭᠬᠦ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ︵ᠰᠢᠶᠠᠨ ᠤ | ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠡᠯᠡᠰᠦ ᠶᠢ ᠰᠡᠷᠭᠡᠶᠢᠯᠡᠨ ᠵᠠᠰᠠᠬᠤ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠰᠤᠮᠤ ᠪᠠᠯᠭᠠᠰᠤ᠂ | ᠲᠠᠷᠢᠶᠠᠯᠠᠩ ᠤᠨ ᠲᠠᠯᠠᠪᠠᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠦᠨ᠎ᠡ᠃ ᠰᠢᠶᠠᠨ ᠤ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ ᠵᠢᠯᠣᠭᠤᠳᠬᠤ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠠᠶᠠᠨᠨᠠᠭᠤᠷ ᠬᠤᠲᠠ ᠶᠢᠨ ᠴᠠᠭ | ᠠᠭᠤᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠢ ᠭᠠᠮᠰᠢᠭ ᠲᠤ ᠬᠤᠯᠪᠣᠭᠳᠠᠬᠤ ᠡᠯ᠎ᠡ ᠰᠠᠯᠠᠭ᠎ᠠ | ᠮᠥᠴᠢᠷ ᠲᠤ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠤᠨ᠎ᠠ᠃ ᠭᠡᠨᠡᠳᠲᠡ ᠶᠢᠨ ᠬᠡᠷᠡᠭ ᠤᠨ ᠤᠷᠢᠳᠴᠢᠯᠠᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠪᠠ | ᠤᠯᠠᠮᠵᠢᠯᠠᠨ ᠲᠠᠷᠬᠠᠭᠠᠬᠤ ᠪᠠᠷᠢᠮᠵᠢᠶ᠎ᠠ ᠶᠢ ᠲᠣᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠠᠭ ᠲᠤᠬᠠᠢᠢᠴᠢ ᠴᠢᠨᠠᠷ ᠪᠠ ᠨᠠᠷᠢᠯᠢᠭ | ᠣᠨᠣᠴᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠤᠷᠪᠠᠨ ᠲᠣᠮᠣ ᠡᠵᠡᠩᠨᠡᠯᠲᠡ ᠶᠢᠨ ᠬᠤᠳᠠᠯᠳᠤᠭᠠᠴᠢᠨ ᠤ ᠴᠢᠬᠤᠯᠠ ᠶᠡᠭᠡ ᠭᠡᠨᠡᠳᠲᠡ ᠶᠢᠨ ᠬᠡᠷᠡᠭ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠰᠠᠭᠠᠳ ᠥᠬᠡᠶ ᠨᠡᠪᠲᠡᠷᠡᠬᠦ ᠵᠠᠮ︾ ᠪᠠ ᠪᠥᠬᠦ ᠰᠦᠯᠵᠢᠶ᠎ᠡ ᠪᠠᠷ ᠰᠦᠢᠳᠬᠡᠯ ᠬᠤᠷᠢᠶᠠᠬᠤ ᠥᠬᠡᠶ ᠪᠠᠷ ᠨᠡᠶᠢᠲᠡᠯᠡᠬᠦ | ᠲᠣᠭᠲᠠᠴᠠ ᠶᠢ ᠪᠦᠷᠢᠨᠰᠢᠬᠦᠯᠵᠦ᠂ ᠰᠣᠨᠢᠨ ᠮᠡᠳᠡᠭᠡᠨ ᠤ ᠵᠠᠭᠤᠴᠢᠯᠠᠭᠤᠷ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠪᠠ ᠴᠢᠮᠡᠭᠡ ᠬᠤᠯᠪᠣᠭ᠎ᠠ ᠶᠢᠨ | ᠡᠵᠡᠩᠨᠡᠯᠲᠡ ᠶᠢᠨ ᠠᠵᠤ ᠠᠬᠤᠶᠢᠯᠠᠯ ᠬᠢᠭᠡᠳ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠠᠪᠴᠠᠩ ᠤᠨ ᠠᠭᠤᠰᠤᠯᠳᠤᠨ ᠬᠥᠳᠡᠯᠦᠯᠴᠡᠬᠦ ᠶᠢ ᠠᠬᠢᠭᠤᠯᠤᠨ᠎ᠠ᠃ | ᠬᠦᠨᠳᠦ ᠶᠡᠭᠡ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ︽ᠬᠠᠷᠢᠭᠤ ᠥᠭᠬᠦ︾ ᠲᠣᠭᠲᠠᠴᠠ ᠶᠢ ᠨᠠᠶᠢᠳᠠᠪᠤᠷᠢᠵᠢᠭᠤᠯᠵᠤ᠂ ᠰᠡᠷᠡᠮᠵᠢᠯᠡᠭᠦᠯᠬᠦ | ᠮᠡᠳᠡᠭᠡ ᠵᠠᠩᠭᠢ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠲᠡᠯ᠎ᠡ ᠡᠷᠦᠬᠡ ᠬᠥᠮᠦᠨ ᠪᠦᠷᠢ ᠳᠤ ᠬᠦᠷᠲᠡᠯ᠎ᠡ ᠨᠡᠶᠢᠲᠡᠯᠡᠬᠦ ᠶᠢ ᠠᠬᠢᠭᠤᠯᠤᠨ᠎ᠠ᠃ ︵ | ᠰᠢᠶᠠᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠨᠡᠪᠲᠡᠷᠡᠭᠦᠯᠭᠡ ᠶᠢᠨ | ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠳ᠋ᠧᠩᠺᠸᠦ ᠬᠤᠪᠢᠶᠠᠷᠢ ᠺᠣᠮᠫᠠᠨᠢ᠂ | ᠳᠤᠮᠳᠠᠳᠤ ᠤᠯᠤᠰ ᠤᠨ ᠨᠡᠭᠦᠳᠡᠯ ᠬᠤᠯᠪᠣᠭ᠎ᠠ ᠶᠢᠨ ᠳ᠋ᠧᠩᠺᠸᠦ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠳ᠋ᠧᠩᠺᠸᠦ ᠬᠤᠪᠢᠶᠠᠷᠢ | ᠺᠣᠮᠫᠠᠨᠢ᠂ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠠᠮᠢ ᠠᠬᠤᠶ ᠶᠢᠨ ᠪᠣᠯᠪᠠᠰᠤᠨ ᠤ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠴᠠᠭ ᠠᠭᠤᠷ ᠤᠨ ᠪᠣᠬᠢᠷᠲᠤᠯ ᠥᠬᠡᠶ ᠬᠥᠭᠵᠢᠯᠲᠡ ᠳᠤ ᠦᠢᠯᠡᠴᠢᠯᠡᠬᠦ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠤᠨ᠎ᠠ | 4. ᠤᠯᠠᠭᠠᠨᠪᠤᠬ᠎ᠠ ᠡᠯᠡᠰᠦᠨ ᠴᠥᠯ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠠᠮᠢ ᠠᠬᠤᠶ ᠶᠢᠨ | ᠴᠠᠭ ᠠᠭᠤᠷ ᠪᠠ ᠠᠯᠤᠰ ᠰᠡᠷᠡᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠥᠨᠳᠥᠷ ᠬᠤᠪᠢ ᠶᠢᠨ ᠳᠠᠭᠠᠭᠤᠯᠢ | ᠣᠳᠣᠨ ᠤ ᠠᠯᠤᠰ ᠰᠡᠷᠡᠯ ᠵᠢᠴᠢ ᠭᠠᠵᠠᠷ ᠳᠡᠭᠡᠷᠡᠬᠢ ᠬᠢᠨᠠᠨ ᠬᠡᠮᠵᠢᠬᠦ ᠥᠷᠲᠡᠭᠡ ᠲᠣᠤᠷ ᠲᠤ ᠲᠦᠰᠢᠭᠯᠡᠨ᠂ ᠠᠮᠢ ᠠᠬᠤᠶ ᠶᠢᠨ ᠶᠠᠰᠤ ᠴᠢᠨᠠᠷ ᠪᠠ ᠠᠮᠢ ᠠᠬᠤᠶ ᠶᠢᠨ | ᠴᠢᠳᠠᠮᠵᠢ ᠶᠢ ᠰᠡᠷᠭᠦᠭᠡᠬᠦ ᠴᠠᠭ ᠠᠭᠤᠷ ᠤᠨ ᠬᠢᠨᠠᠨ ᠬᠡᠮᠵᠢᠵᠦ ᠦᠨᠡᠯᠡᠬᠦ ᠶᠢ ᠴᠢᠩᠭᠠᠳᠬᠠᠵᠤ᠂ ᠠᠮᠢ ᠠᠬᠤᠶ ᠶᠢᠨ ᠴᠠᠭ ᠠᠭᠤᠷ ᠤᠨ ᠬᠢᠨᠠᠨ ᠬᠡᠮᠵᠢᠵᠦ ᠦᠨᠡᠯᠡᠨ ᠵᠢᠱᠢᠬᠦ | ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠬᠡᠲᠦ ᠠᠭᠤᠷ ᠠᠮᠢᠰᠬᠤᠯ ᠤᠨ ᠬᠡᠷᠡᠭ ᠪᠠ ᠴᠠᠭ ᠠᠭᠤᠷ ᠤᠨ ᠭᠠᠮᠰᠢᠭ ᠤᠨ ᠠᠮᠢ ᠠᠬᠤᠶ ᠶᠢᠨ ᠠᠮᠤᠷ ᠲᠦᠪᠰᠢᠨ ᠳᠤ | ᠦᠵᠡᠭᠦᠯᠬᠦ ᠨᠥᠯᠥᠭᠡ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ ᠤᠯᠠᠭᠠᠨᠪᠤᠬ᠎ᠠ ᠡᠯᠡᠰᠦᠨ ᠴᠥᠯ ᠤᠨ ᠨᠡᠷᠡᠨ ᠡᠨᠧᠷᠭᠢ ᠶᠢᠨ ᠡᠬᠢ | ᠪᠠᠶᠠᠯᠢᠭ ᠢ ᠨᠡᠶᠢᠳᠡᠮ ᠪᠠᠶᠢᠴᠠᠭᠠᠬᠤ᠂ ᠬᠡᠷᠡᠯ ᠴᠡᠨᠡᠭ ᠤᠨ ᠠᠭᠤᠷ ᠠᠮᠢᠰᠬᠤᠯ ᠤᠨ ᠦᠷ᠎ᠡ ᠠᠰᠢᠭ ᠢ ᠦᠨᠡᠯᠡᠨ ᠵᠢᠱᠢᠬᠦ ᠵᠡᠷᠭᠡ ᠠᠵᠢᠯ ᠢ ᠠᠬᠢᠭᠤᠯᠤᠨ᠎ᠠ᠃ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠠᠭ ᠠᠭᠤᠷ ᠤᠨ ᠦᠢᠯᠡᠴᠢᠯᠡᠭᠡᠨ ᠢ ᠥᠷᠨᠢᠭᠦᠯᠵᠦ᠂ ᠨᠢᠰᠬᠡᠯ ᠢᠶᠠᠷ ᠳᠠᠷᠢᠵᠤ ᠣᠶᠢᠵᠢᠭᠤᠯᠬᠤ ᠴᠠᠭ | ᠠᠭᠤᠷ ᠤᠨ ᠪᠠᠲᠤᠯᠠᠭ᠎ᠠ᠂ ᠦᠷ᠎ᠡ ᠪᠦᠲᠦᠮᠵᠢ ᠶᠢ ᠦᠨᠡᠯᠡᠨ ᠵᠢᠱᠢᠬᠦ ᠵᠡᠷᠭᠡ ᠲᠤᠬᠠᠶᠢᠯᠠᠭᠰᠠᠨ ᠠᠵᠢᠯ ᠢ ᠴᠢᠩᠭᠠᠷᠠᠭᠤᠯᠤᠨ᠎ᠠ᠃ ︵ᠰᠢᠶᠠᠨ ᠤ ᠴᠠᠭ ᠠᠭᠤᠷ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯᠡᠰᠦ ᠶᠢ ᠰᠡᠷᠭᠡᠶᠢᠯᠡᠨ ᠵᠠᠰᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ᠂ | ᠲᠠᠷᠢᠶᠠᠯᠠᠩ ᠤᠨ ᠲᠠᠯᠠᠪᠠᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 5. ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ | ᠠᠭᠤᠷ ᠠᠮᠢᠰᠬᠤᠯ ᠤᠨ ᠬᠤᠪᠢᠷᠠᠯᠲᠠ ᠪᠠ ᠲᠦᠢᠯ ᠤᠨ ᠠᠭᠤᠷ ᠠᠮᠢᠰᠬᠤᠯ ᠤᠨ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠠᠭᠤᠷ | ᠠᠮᠢᠰᠬᠤᠯ ᠤᠨ ᠡᠬᠢ ᠪᠠᠶᠠᠯᠢᠭ ᠤᠨ ᠳᠠᠭᠠᠭᠠᠴᠠ ᠶᠢ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠢ ᠥᠷᠭᠡᠳᠬᠡᠵᠦ᠂ ᠤᠰᠤᠨ ᠤ ᠡᠬᠢ ᠪᠠᠶᠠᠯᠢᠭ᠂ ᠠᠮᠢ ᠠᠬᠤᠶ ᠶᠢᠨ | ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠪᠠᠶᠢᠷᠢᠰᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ | ᠨᠥᠯᠥᠭᠡ ᠶᠢ ᠦᠨᠡᠯᠡᠨ ᠵᠢᠱᠢᠬᠦ ᠠᠵᠢᠯ ᠢ ᠠᠯᠬᠤᠮ ᠠᠯᠬᠤᠮ ᠢᠶᠠᠷ ᠥᠷᠨᠢᠭᠦᠯᠦᠨ᠎ᠡ᠃ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠠᠮᠢ ᠠᠬᠤᠶ ᠶᠢ | ᠬᠠᠮᠠᠭᠠᠯᠠᠬᠤ ᠪᠠ ᠰᠡᠷᠭᠦᠭᠡᠬᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ᠂ ᠠᠭᠤᠷ ᠠᠮᠢᠰᠬᠤᠯ ᠳᠤ ᠵᠣᠬᠢᠴᠠᠬᠤ ᠬᠡᠯᠪᠡᠷᠢ ᠶᠢᠨ ᠬᠤᠲᠠ ᠪᠠ | ᠣᠷᠣᠨ ᠪᠦᠰᠡ ᠶᠢᠨ ᠠᠭᠤᠷ ᠠᠮᠢᠰᠬᠤᠯ ᠤᠨ ᠪᠣᠯᠤᠮᠵᠢᠲᠤ ᠴᠢᠨᠠᠷ ᠢ ᠨᠤᠲᠠᠯᠠᠵᠤ ᠦᠨᠡᠯᠡᠨ ᠵᠢᠱᠢᠬᠦ ᠲᠤᠬᠠᠶᠢᠯᠠᠭᠰᠠᠨ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠪᠥᠬᠦ | ᠣᠷᠣᠨ ᠤ ᠬᠡᠪᠴᠢᠶᠡᠨ ᠳᠠᠬᠢ ᠴᠢᠬᠤᠯᠠ ᠶᠡᠭᠡ ᠲᠥᠯᠥᠪᠵᠢᠭᠦᠯᠭᠡ᠂ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠵᠡᠷᠭᠡ ᠠᠭᠤᠷ ᠠᠮᠢᠰᠬᠤᠯ ᠤᠨ | ᠪᠣᠯᠤᠮᠵᠢᠲᠤ ᠴᠢᠨᠠᠷ ᠤᠨ ᠨᠤᠲᠠᠯᠠᠯᠲᠠ ᠶᠢ ᠥᠷᠨᠢᠭᠦᠯᠦᠨ᠎ᠡ᠃ ︵ᠰᠢᠶᠠᠨ ᠤ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯᠡᠰᠦ ᠶᠢ ᠰᠡᠷᠭᠡᠶᠢᠯᠡᠨ ᠵᠠᠰᠠᠬᠤ ᠲᠣᠪᠴᠢᠶ᠎ᠠ᠂ ᠡᠯ᠎ᠡ ᠰᠤᠮᠤ ᠪᠠᠯᠭᠠᠰᠤ᠂ | ᠲᠠᠷᠢᠶᠠᠯᠠᠩ ᠤᠨ ᠲᠠᠯᠠᠪᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠤᠳᠤ ᠦᠶ᠎ᠡ ᠶᠢᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠤᠨ᠎ᠠ | 6. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠠᠭᠤᠷ ᠤᠨ ᠪᠠᠲᠤᠯᠠᠪᠤᠷᠢ ᠶᠢᠨ ᠦᠢᠯᠡᠴᠢᠯᠡᠭᠡᠨ ᠤ ᠴᠢᠳᠠᠪᠤᠷᠢ ᠶᠢ ᠰᠤᠮᠤ ᠪᠠᠯᠭᠠᠰᠤᠨ ᠳᠤ | ᠬᠦᠷᠲᠡᠯ᠎ᠡ ᠨᠠᠷᠢᠯᠢᠬᠵᠢᠭᠤᠯᠤᠭᠰᠠᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠳᠬᠦᠨ ᠤ ᠰᠢᠰᠲ᠋ᠧᠮᠵᠢ ᠶᠢ ᠪᠠᠶᠢᠭᠤᠯᠵᠤ᠂ | ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠪᠠᠭᠠᠰᠬᠠᠬᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠂ ᠲᠠᠷᠢᠶᠠᠯᠠᠩ ᠤᠨ ᠴᠠᠭ ᠠᠭᠤᠷ ᠤᠨ | ᠭᠠᠮᠰᠢᠭ ᠢ ᠰᠡᠷᠭᠡᠶᠢᠯᠡᠵᠦ ᠪᠠᠭᠠᠰᠬᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠴᠠᠭ ᠠᠭᠤᠷ ᠤᠨ ᠨᠥᠬᠦᠴᠡᠯ ᠳᠤ ᠰᠠᠭᠤᠷᠢᠯᠠᠭᠰᠠᠨ ᠤᠰᠤ ᠠᠷᠪᠢᠯᠠᠬᠤ | ᠤᠰᠤᠯᠠᠯᠲᠠ ᠶᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠳᠡᠯᠭᠡᠷᠡᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠢ ᠬᠠᠮᠲᠤᠷᠠᠨ ᠭᠠᠮᠰᠢᠭ ᠤᠨ | ᠲᠥᠷᠥᠯ ᠢ ᠬᠤᠪᠢᠶᠠᠨ ᠨᠠᠷᠢᠯᠢᠬᠵᠢᠭᠤᠯᠤᠭᠰᠠᠨ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠣᠷᠣᠨ ᠤ ᠬᠤᠪᠢᠶᠠᠷᠢᠯᠠᠯ᠂ ᠲᠠᠷᠢᠮᠠᠯ ᠤᠨ ᠵᠣᠬᠢᠴᠠᠬᠤ ᠴᠢᠨᠠᠷᠲᠠᠶ | ᠣᠷᠣᠨ ᠤ ᠬᠤᠪᠢᠶᠠᠷᠢᠯᠠᠯ ᠢ ᠥᠷᠨᠢᠭᠦᠯᠵᠦ᠂ ᠲᠠᠷᠢᠶᠠᠯᠠᠩ ᠤᠨ ᠠᠵᠤ ᠦᠢᠯᠡᠰ ᠤᠨ ᠪᠠᠶᠢᠷᠢᠰᠢᠭᠤᠯᠤᠯᠲᠠ ᠳᠤ ᠲᠤᠯᠭᠠᠭᠤᠷᠢᠯᠠᠯ ᠬᠠᠩᠭᠠᠨ᠎ᠠ᠃ ᠰᠡᠷᠡᠮᠵᠢᠯᠡᠭᠦᠯᠬᠦ ᠮᠡᠳᠡᠭᠡ | ᠵᠠᠩᠭᠢ ᠶᠢ ᠮᠠᠯᠵᠢᠬᠤ ᠲᠠᠷᠢᠶᠠᠯᠠᠬᠤ ᠣᠷᠣᠨ ᠳᠤ ᠨᠡᠶᠢᠲᠡᠯᠡᠬᠦ ᠲᠣᠤᠷ ᠰᠦᠯᠵᠢᠶ᠎ᠡ ᠶᠢ ᠪᠠᠶᠢᠭᠤᠯᠵᠤ᠂ ᠬᠥᠳᠡᠭᠡ ᠲᠣᠰᠬᠤᠨ ᠤ ᠰᠡᠷᠡᠮᠵᠢᠯᠡᠭᠦᠯᠬᠦ ᠮᠡᠳᠡᠭᠡ ᠵᠠᠩᠭᠢ ᠶᠢᠨ | ᠬᠠᠮᠤᠷᠬᠤ ᠬᠡᠪᠴᠢᠶ᠎ᠡ ᠪᠠ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ︵ᠰᠢᠶᠠᠨ ᠤ ᠴᠠᠭ ᠠᠭᠤᠷ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠥᠷᠪᠡ︶ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠰᠢᠭ ᠲᠠᠢ ᠲᠠᠯ᠎ᠠ | ᠥᠭᠡᠳᠡ ᠲᠥᠭᠦᠵᠦ ᠬᠤᠣᠷᠲᠠᠢ ᠲᠠᠯ᠎ᠠ ᠠᠴᠠ ᠵᠠᠶᠢᠯᠠᠬᠤ ᠳᠠᠪᠠᠭᠤᠯᠢᠭ ᠢ ᠪᠠᠳᠠᠷᠠᠭᠤᠯᠤᠨ᠎ᠠ | 7. ᠠᠮᠤᠷ ᠲᠦᠪᠰᠢᠨ ᠢᠶᠠᠷ ᠠᠵᠢᠯᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠴᠠᠬᠢᠯᠭᠠᠨ ᠡᠵᠡᠮᠰᠢᠯᠲᠦ ᠥᠨᠳᠥᠷ | ᠫᠤᠤ ᠶᠢᠨ ᠠᠵᠢᠯ ᠤᠨ ᠵᠢᠯᠤᠭᠤᠳᠤᠯᠭ᠎ᠠ ᠶᠢ ᠳᠡᠯᠭᠡᠷᠡᠭᠦᠯᠦᠨ᠎ᠡ᠃ ᠭᠠᠩ ᠬᠠᠭᠰᠠᠷᠭᠠᠨ᠂ ᠮᠥᠨᠳᠥᠷ ᠵᠡᠷᠭᠡ ᠬᠦᠨᠳᠦ ᠶᠡᠭᠡ ᠭᠠᠮᠰᠢᠭ ᠵᠢᠴᠢ ᠪᠠᠴᠢᠮ ᠪᠠᠶᠢᠳᠠᠯ ᠢ | ᠠᠷᠭᠠᠴᠠᠬᠤ ᠴᠢᠬᠤᠯᠠ ᠶᠡᠭᠡ ᠪᠠᠲᠤᠯᠠᠭ᠎ᠠ ᠶᠢᠨ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ | ᠪᠠᠶᠢᠳᠠᠯ ᠢ ᠲᠦᠷᠭᠡᠨ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠤᠳ | ᠬᠠᠮᠲᠤᠷᠠᠨ ᠬᠥᠳᠡᠯᠦᠯᠴᠡᠬᠦ᠂ ᠴᠡᠷᠢᠭ ᠠᠩᠭᠢ ᠪᠠ ᠣᠷᠣᠨ ᠨᠤᠲᠤᠭ ᠬᠠᠮᠵᠢᠯᠴᠠᠬᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ︾ ᠬᠥᠮᠦᠨ ᠤ ᠬᠦᠴᠦ ᠪᠠᠷ ᠴᠠᠭ | ᠠᠭᠤᠷ ᠢ ᠨᠥᠯᠥᠭᠡᠯᠡᠬᠦ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠢᠶᠠᠷᠤᠯᠲᠠ ᠶᠢᠨ ᠲᠥᠷᠢᠮ︾ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠠᠵᠢᠯᠯᠠᠬᠤ | ᠲᠣᠨᠣᠭᠯᠠᠯ ᠤᠨ ᠤᠶᠤᠨᠴᠢᠯᠠᠯᠳᠠ ᠶᠢᠨ ᠥᠭᠡᠷᠡᠴᠢᠯᠡᠯᠲᠡ ᠪᠠ ᠠᠮᠤᠷ ᠲᠦᠪᠰᠢᠨ ᠤ ᠮᠡᠳᠡᠭᠡ ᠵᠠᠩᠭᠢᠵᠢᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠵᠦ᠂ | ᠠᠮᠤᠷ ᠲᠦᠪᠰᠢᠨ ᠢᠶᠠᠷ ᠠᠵᠢᠯᠯᠠᠬᠤ ᠴᠢᠳᠠᠪᠤᠷᠢ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠵᠡᠷᠭᠡ | ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠥᠮᠦᠨ ᠰᠡᠭᠦᠳᠡᠷ ᠪᠣᠳᠠᠰ ᠤᠨ ᠰᠦᠯᠵᠢᠶ᠎ᠡ ᠶᠢᠨ ᠬᠠᠮᠢᠶᠠᠷᠤᠯᠲᠠ ᠶᠢᠨ | ᠰᠢᠰᠲ᠋ᠧᠮ ᠢ ᠴᠢᠩᠭᠠᠷᠠᠭᠤᠯᠤᠨ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠬᠠᠮᠲᠤᠷᠠᠭᠰᠠᠨ ᠪᠠᠶᠢᠴᠠᠭᠠᠯᠲᠠ ᠪᠠ ᠪᠠᠴᠢᠮ ᠪᠠᠶᠢᠳᠠᠯ ᠢ ᠠᠷᠭᠠᠴᠠᠬᠤ | ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ︵ᠰᠢᠶᠠᠨ ᠤ ᠴᠠᠭ ᠠᠭᠤᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | 8. ᠭᠤᠤᠯᠳᠠᠯᠭ᠎ᠠ ᠲᠠᠢ ᠠᠵᠢᠯ ᠲᠥᠷᠥᠯ ᠤᠨ ᠴᠠᠭ ᠠᠭᠤᠷ ᠤᠨ ᠦᠢᠯᠡᠴᠢᠯᠡᠭᠡ ᠶᠢ ᠠᠬᠢᠭᠤᠯᠤᠨ᠎ᠠ᠃ ᠨᠡᠷᠡᠨ ᠤ ᠡᠨᠧᠷᠭᠢ᠂ ᠰᠠᠯᠬᠢᠨ ᠤ ᠡᠨᠧᠷᠭᠢ ᠶᠢᠨ ᠡᠬᠢ | ᠪᠠᠶᠠᠯᠢᠭ ᠢ ᠦᠨᠡᠯᠡᠨ ᠵᠢᠱᠢᠬᠦ ᠪᠠ ᠣᠷᠣᠨ ᠬᠤᠪᠢᠶᠠᠷᠢᠯᠠᠬᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ | ᠦᠢᠯᠡᠰ ᠤᠨ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠬᠤ ᠶᠢ ᠥᠷᠨᠢᠭᠦᠯᠦᠨ᠎ᠡ᠃ ᠵᠠᠮ ᠬᠠᠷᠢᠯᠴᠠᠭᠠᠨ ᠤ ᠴᠠᠭ ᠠᠭᠤᠷ ᠤᠨ ᠬᠢᠨᠠᠨ ᠬᠡᠮᠵᠢᠬᠦ | ᠦᠷᠳᠡᠭᠡ ᠶᠢᠨ ᠲᠣᠣᠷ ᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ | ᠭᠦᠨᠵᠡᠭᠡᠶᠢᠷᠡᠭᠦᠯᠦᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠠᠭᠤᠷ ᠤᠨ ᠭᠠᠮᠰᠢᠭ ᠵᠢᠴᠢ ᠡᠭᠦᠰᠦᠮᠡᠯ ᠭᠠᠮᠰᠢᠭ ᠤᠨ ᠲᠦᠭᠰᠢᠭᠦᠷᠢ ᠶᠢ ᠵᠢᠭᠰᠠᠭᠠᠨ | ᠪᠠᠶᠢᠴᠠᠭᠠᠬᠤ ᠶᠢ ᠥᠷᠨᠢᠭᠦᠯᠵᠦ᠂ ᠭᠤᠤᠯᠳᠠᠯᠭ᠎ᠠ ᠲᠠᠢ ᠦᠵᠡᠮᠵᠢ ᠶᠢᠨ ᠣᠷᠣᠨ ᠤ ᠵᠢᠭᠤᠯᠴᠢᠯᠠᠯ ᠤᠨ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ | ᠬᠠᠮᠲᠤᠷᠠᠨ ᠨᠡᠶᠢᠲᠡᠯᠡᠬᠦ ᠨᠡᠶᠢᠲᠡᠯᠡᠨ᠎ᠡ᠃ ︵ᠰᠢᠶᠠᠨ ᠤ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 9. ᠬᠤᠲᠠ ᠶᠢᠨ ᠴᠠᠭ ᠠᠭᠤᠷ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠴᠠᠭ ᠠᠭᠤᠷ ᠢ ᠬᠤᠳᠠ | ᠪᠠᠯᠭᠠᠰᠤᠨ ᠤ ᠪᠦᠳᠦᠭᠡᠨ ᠪᠠᠶᠢᠭᠤᠯᠤᠯᠲᠠ ᠳᠤ ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ ᠬᠤᠲᠠ ᠶᠢᠨ ᠶᠡᠷᠦᠩᠬᠡᠶᠢᠯᠡᠭᠰᠡᠨ ᠵᠠᠮ ᠬᠠᠷᠢᠯᠴᠠᠭ᠎ᠠ᠂ ᠵᠢᠭᠤᠯᠴᠢᠯᠠᠯ | ᠂ ᠢᠯᠴᠢ ᠬᠠᠩᠭᠠᠬᠤ᠂ ᠴᠠᠰᠤ ᠠᠷᠢᠯᠭᠠᠬᠤ ᠵᠡᠷᠭᠡ ᠲᠤᠰᠬᠠᠶ ᠵᠦᠢᠯ ᠤᠨ ᠴᠠᠭ ᠠᠭᠤᠷ ᠤᠨ ᠦᠢᠯᠡᠴᠢᠯᠡᠭᠡᠨ ᠢ ᠰᠠᠶᠢᠲᠤᠷ ᠬᠢᠨ᠎ᠠ᠃ ᠬᠤᠳᠠ ᠶᠢᠨ ᠤᠰᠤᠲᠤᠯ ᠢ ᠬᠢᠨᠠᠨ | ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠰᠠᠯᠠᠭ᠎ᠠ ᠮᠥᠴᠢᠷ ᠤᠨ ᠤᠰᠤᠲᠤᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ | ᠬᠤᠳᠠ ᠶᠢᠨ ᠤᠰᠤᠲᠤᠯ ᠤᠨ ᠴᠠᠭ ᠠᠭᠤᠷ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠥᠷᠨᠢᠭᠦᠯᠦᠨ᠎ᠡ᠃ ︵ᠰᠢᠶᠠᠨ ᠤ ᠴᠠᠭ | ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 10. ᠠᠷᠠᠳ ᠤᠨ ᠠᠮᠢᠳᠤᠷᠠᠯ ᠤᠨ ᠴᠠᠭ ᠠᠭᠤᠷ ᠤᠨ ᠦᠢᠯᠡᠴᠢᠯᠡᠭᠡ ᠶᠢ ᠰᠠᠶᠢᠲᠤᠷ ᠬᠢᠨ᠎ᠠ᠃ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡ ᠶᠢ | ᠬᠤᠳᠠ ᠬᠥᠳᠡᠭᠡ ᠶᠢᠨ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠳᠤ ᠣᠷᠣᠭᠤᠯᠵᠤ᠂ ᠤᠯᠠᠨ ᠨᠡᠶᠢᠲᠡ ᠶᠢᠨ | ᠴᠠᠭ ᠠᠭᠤᠷ ᠤᠨ ᠦᠢᠯᠡᠴᠢᠯᠡᠭᠡᠨ ᠤ ᠠᠷᠠᠳ ᠣᠯᠠᠨ ᠤ ᠠᠮᠢᠳᠤᠷᠠᠯ᠂ ᠡᠷᠡᠭᠦᠯ ᠮᠡᠨᠳᠦ ᠰᠤᠪᠢᠯᠠᠯᠲᠠ᠂ ᠰᠡᠯᠡᠭᠦᠴᠡᠯ᠂ ᠵᠢᠭᠤᠯᠴᠢᠯᠠᠯ ᠵᠡᠷᠭᠡ ᠶᠢᠨ ᠣᠯᠠᠨ ᠡᠰᠢᠵᠢᠭᠰᠡᠨ᠂ | ᠥᠪᠡᠷᠮᠢᠴᠡ ᠪᠠ ᠨᠠᠷᠢᠯᠢᠬᠵᠢᠭᠤᠯᠤᠭᠰᠠᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠢ ᠬᠥᠭᠵᠢᠭᠦᠯᠦᠨ᠎ᠡ᠃ | ᠨᠡᠶᠢᠭᠡᠮ ᠨᠡᠶᠢᠲᠡ ᠳᠤ ᠬᠠᠨᠳᠤᠭᠤᠯᠤᠭᠰᠠᠨ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ | ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠣᠯᠠᠨ | ᠨᠡᠶᠢᠲᠡ ᠶᠢᠨ ᠭᠠᠮᠰᠢᠭ ᠢ ᠰᠡᠷᠭᠡᠶᠢᠯᠡᠵᠦ ᠪᠠᠭᠠᠰᠬᠠᠬᠤ ᠦᠵᠡᠯ ᠤᠬᠠᠮᠰᠠᠷ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠰᠢᠶᠠᠨ ᠤ ᠴᠠᠭ ᠠᠭᠤᠷ ᠤᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠠᠭ | ᠠᠭᠤᠷ ᠤᠨ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | 11. ᠴᠠᠭ ᠠᠭᠤᠷ ᠤᠨ ᠵᠠᠩᠭᠢᠯᠠᠭ᠎ᠠ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠤᠷᠢᠳᠴᠢᠯᠠᠨ ᠮᠡᠳᠡᠭᠡᠯᠡᠵᠦ ᠤᠷᠢᠳᠴᠢᠯᠠᠨ | ᠰᠡᠷᠡᠮᠵᠢᠯᠡᠭᠦᠯᠬᠦ ᠵᠠᠩᠭᠢᠯᠠᠭ᠎ᠠ ᠶᠢᠨ ᠮᠡᠷᠭᠡᠵᠢᠯ ᠤᠨ ᠲᠤᠰ ᠣᠷᠣᠨᠴᠢᠯᠠᠬᠤ ᠰᠤᠳᠤᠯᠭᠠᠨ ᠢ ᠲᠦᠯᠬᠢᠨ ᠠᠬᠢᠭᠤᠯᠵᠤ᠂ ᠥᠨᠳᠥᠷ ᠢᠯᠭᠠᠮᠵᠢᠳᠤ ᠤᠶᠤᠨᠲᠤ ᠲᠣᠣᠷ ᠤᠨ | ᠦᠢᠯᠡᠳᠬᠦᠨ᠂ ᠴᠠᠭ ᠠᠭᠤᠷ ᠤᠨ ᠳᠠᠭᠠᠭᠤᠯᠢ ᠤᠳᠤ ᠪᠠ ᠷᠠᠳᠠᠷ ᠤᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠨᠢᠭᠡ | ᠦᠶ᠎ᠡ ᠶᠢᠨ ᠴᠠᠭ ᠠᠭᠤᠷ ᠤᠨ ᠷᠠᠳᠠᠷ ᠤᠨ ᠪᠦᠲᠦᠭᠡᠭᠳᠡᠬᠦᠨ ᠢ ᠲᠣᠰ ᠭᠠᠵᠠᠷ ᠲᠤᠨᠢ ᠬᠡᠷᠡᠭᠯᠡᠬᠦ ᠶᠢ ᠴᠢᠩᠭᠠᠳᠬᠠᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠪᠠᠶᠢᠭᠤᠯᠤᠮᠵᠢ ᠪᠣᠯᠤᠨ ᠪᠤᠰᠤᠳ ᠨᠡᠶᠢᠭᠡᠮ ᠤᠨ ᠬᠦᠴᠦᠨ ᠯᠦᠭᠡ ᠶᠢᠨ ᠬᠤᠷᠰᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠳᠠ ᠶᠢᠨ ᠳᠣᠲᠣᠭᠠᠳᠤ | ᠤᠰᠤᠲᠤᠯ᠂ ᠠᠭᠤᠯᠠᠨ ᠦᠶᠡᠷ᠂ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠵᠡᠷᠭᠡ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠭᠡᠯᠡᠬᠦ ᠮᠡᠷᠭᠡᠵᠢᠯ ᠤᠨ | ᠰᠢᠨᠵᠢᠯᠡᠬᠦ ᠤᠬᠠᠭᠠᠨ ᠤ ᠰᠤᠳᠤᠯᠤᠯ ᠤᠨ ᠪᠣᠭᠤᠮᠲᠠ ᠰᠢᠪᠲᠤᠯᠬᠤ ᠶᠢ ᠴᠢᠩᠭᠠᠷᠠᠭᠤᠯᠤᠨ᠎ᠠ᠃ ᠴᠠᠭ ᠠᠭᠤᠷ ᠤᠨ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ | ᠪᠦᠬᠦ ᠰᠢᠶᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠲᠥᠯᠥᠪᠯᠡᠭᠡ ᠳᠤ ᠣᠷᠣᠭᠤᠯᠵᠤ᠂ ᠴᠠᠭ ᠠᠭᠤᠷ ᠤᠨ ᠰᠢᠰᠲ᠋ᠧᠮ ᠤᠨ ᠺᠠᠳ᠋ᠷ | ᠠᠵᠢᠯᠳᠠᠨ ᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠲᠡᠮᠵᠢᠵᠤ᠂ ᠴᠠᠭ ᠠᠭᠤᠷ ᠤᠨ ᠬᠥᠭᠵᠢᠯᠲᠡ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠨ᠎ᠠ᠃ ︵ | ᠰᠢᠶᠠᠨ ᠤ ᠴᠠᠭ ᠠᠭᠤᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ︶ | ︵ᠳᠣᠯᠤᠭ᠎ᠠ︶ ᠣᠲᠣ ᠦᠶ᠎ᠡ ᠶᠢᠨ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | 12. ᠨᠠᠷᠢᠯᠢᠭ ᠠᠵᠢᠭᠯᠠᠨ ᠬᠡᠮᠵᠢᠬᠦ ᠶᠢ ᠬᠥᠭᠵᠢᠭᠦᠯᠦᠨ᠎ᠡ᠃ ᠣᠷᠣᠨ ᠪᠦᠰᠡ ᠶᠢᠨ ᠠᠦ᠋ᠲ᠋ᠣ᠋ ᠴᠠᠭ ᠠᠭᠤᠷ ᠤᠨ ᠠᠵᠢᠭᠯᠠᠯᠲᠠ ᠶᠢᠨ ᠥᠷᠲᠡᠭᠡ ᠶᠢᠨ | ᠪᠠᠷᠢᠮᠵᠢᠶᠠᠵᠢᠭᠤᠯᠤᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠠᠮᠢ ᠠᠬᠤᠶ᠂ ᠲᠠᠷᠢᠶᠠᠯᠠᠩ᠂ ᠵᠠᠮ ᠬᠠᠷᠢᠯᠴᠠᠭ᠎ᠠ᠂ ᠡᠨᠧᠷᠭᠢ ᠶᠢᠨ ᠰᠤᠷᠪᠤᠯᠵᠢ᠂ | ᠵᠢᠭᠤᠯᠴᠢᠯᠠᠯ᠂ ᠤᠢ ᠰᠢᠭᠤᠶ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠲᠤᠰᠬᠠᠶ ᠮᠡᠷᠭᠡᠵᠢᠯ ᠤᠨ ᠴᠠᠭ ᠠᠭᠤᠷ ᠢ ᠠᠵᠢᠭᠯᠠᠨ ᠬᠡᠮᠵᠢᠬᠦ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠠᠭᠤᠯᠠᠨ ᠦᠶᠡᠷ ᠭᠠᠵᠠᠷ ᠤᠨ ᠭᠠᠮᠰᠢᠭ ᠠᠮᠠᠷᠬᠠᠨ ᠡᠭᠦᠰᠳᠡᠭ ᠣᠷᠣᠨ᠂ ᠤᠯᠠᠭᠠᠨᠪᠤᠬ᠎ᠠ ᠡᠯᠡᠰᠦᠨ ᠴᠥᠯ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠠᠦ᠋ᠲ᠋ᠣ᠋ ᠴᠠᠭ ᠠᠭᠤᠷ ᠤᠨ ᠥᠷᠲᠡᠭᠡ ᠶᠢ ᠰᠢᠨ᠎ᠡ ᠪᠠᠷ ᠪᠠᠶᠢᠭᠤᠯᠤᠨ᠎ᠠ᠃ | ᠴᠠᠭ ᠠᠭᠤᠷ ᠤᠨ ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠠᠬᠤᠶ ᠶᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ ︵ᠰᠢᠶᠠᠨ ᠤ ᠴᠠᠭ | ᠠᠭᠤᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠯ᠎ᠡ ᠰᠤᠮᠤ ᠪᠠᠯᠭᠠᠰᠤ᠂ ᠲᠠᠷᠢᠶᠠᠯᠠᠩ ᠤᠨ ᠲᠠᠯᠠᠪᠠᠶ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 13. ᠨᠠᠷᠢᠯᠢᠭ ᠣᠨᠣᠴᠠᠲᠠᠶ ᠪᠠᠷ ᠤᠷᠢᠳᠴᠢᠯᠠᠨ ᠮᠡᠳᠡᠭᠡᠯᠡᠬᠦ ᠶᠢ ᠬᠥᠭᠵᠢᠭᠦᠯᠦᠨ᠎ᠡ᠃ ᠲᠣᠭᠠᠴᠢᠯᠠᠭᠰᠠᠨ ᠤᠶᠤᠨᠲᠤ᠂ ᠵᠠᠶ ᠵᠠᠪᠰᠠᠷ ᠥᠬᠡᠶ ᠪᠠᠷ ᠪᠦᠬᠦᠨ ᠢ | ᠬᠠᠮᠤᠷᠤᠭᠰᠠᠨ ᠨᠠᠷᠢᠯᠢᠭ ᠣᠨᠣᠴᠠᠲᠠᠶ ᠪᠠᠷ ᠤᠷᠢᠳᠴᠢᠯᠠᠨ ᠮᠡᠳᠡᠭᠡᠯᠡᠬᠦ ᠲᠤᠬᠠᠶᠢᠯᠠᠭᠰᠠᠨ ᠠᠵᠢᠯ ᠢ ᠶᠡᠬᠡᠪᠡᠷ ᠬᠥᠭᠵᠢᠭᠦᠯᠦᠨ᠎ᠡ᠃ ᠤᠯᠠᠨ ᠬᠡᠮᠵᠢᠶᠡᠲᠦ ᠭᠠᠮᠰᠢᠭᠲᠤ ᠴᠢᠨᠠᠷ᠂ | ᠬᠡᠲᠦᠷᠡᠮᠡᠬᠡᠢ ᠴᠢᠨᠠᠷ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠨᠥᠯᠥᠭᠡ ᠳᠤ ᠰᠠᠭᠤᠷᠢᠯᠠᠭᠰᠠᠨ | ᠤᠷᠢᠳᠴᠢᠯᠠᠨ ᠮᠡᠳᠡᠭᠡᠯᠡᠬᠦ ᠪᠠ ᠠᠶᠤᠯ ᠲᠦᠭᠰᠢᠭᠦᠷᠢ ᠳᠤ ᠰᠠᠭᠤᠷᠢᠯᠠᠭᠰᠠᠨ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠬᠥᠭᠵᠢᠭᠦᠯᠦᠨ᠎ᠡ᠃ ᠣᠬᠤᠷ | ᠴᠠᠭ ᠤᠨ ᠣᠶᠢᠷ᠎ᠠ ᠬᠠᠪᠢ ᠶᠢᠨ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠲᠤᠬᠠᠶᠢᠯᠠᠭᠰᠠᠨ ᠠᠵᠢᠯ ᠢ ᠴᠢᠩᠭᠠᠳᠬᠠᠵᠤ᠂ ᠰᠢᠷᠦᠭᠦᠨ ᠪᠣᠷᠣᠭᠠᠨ ︵ | ᠴᠠᠰᠤ︶᠂ ᠠᠶᠤᠩᠭᠠᠲᠤ ᠪᠣᠷᠣᠭᠠᠨ᠂ ᠶᠡᠭᠡ ᠰᠠᠯᠬᠢ᠂ ᠣᠬᠤᠷ ᠴᠠᠭ ᠤᠨ ᠰᠢᠷᠦᠭᠦᠨ ᠪᠣᠷᠣᠭᠠᠨ ᠵᠡᠷᠭᠡ ᠭᠠᠮᠰᠢᠭᠲᠤ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ | ᠣᠨᠣᠪᠴᠢ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ︵ᠰᠢᠶᠠᠨ ᠤ ᠴᠠᠭ ᠠᠭᠤᠷ ᠤᠨ ᠲᠣᠪᠴᠢᠶ᠎ᠠ︶ | 14. ᠨᠠᠷᠢᠯᠢᠭ ᠦᠢᠯᠡᠴᠢᠯᠡᠭᠡ ᠶᠢ ᠬᠥᠭᠵᠢᠭᠦᠯᠦᠨ᠎ᠡ᠃ ᠨᠥᠯᠥᠭᠡᠯᠡᠯ ᠳᠤ ᠰᠠᠭᠤᠷᠢᠯᠠᠭᠰᠠᠨ ᠰᠢᠢᠳᠪᠦᠷᠢᠲᠦ ᠪᠤᠳᠤᠯᠭ᠎ᠠ ᠶᠢᠨ ᠴᠠᠭ ᠠᠭᠤᠷ ᠤᠨ ᠦᠢᠯᠡᠴᠢᠯᠡᠭᠡ ᠶᠢ | ᠬᠥᠭᠵᠢᠭᠦᠯᠵᠦ᠂ ᠭᠠᠮᠰᠢᠭ ᠤᠨ ᠲᠦᠷᠦᠯ ᠵᠦᠢᠯ ᠪᠠ ᠬᠡᠷᠡᠭᠯᠡᠭᠴᠢᠳ ᠤᠨ ᠲᠦᠷᠦᠯ ᠵᠦᠢᠯ ᠬᠤᠪᠢᠶᠠᠭᠰᠠᠨ ᠰᠢᠢᠳᠪᠦᠷᠢᠲᠦ ᠪᠤᠳᠤᠯᠭ᠎ᠠ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡᠨ ᠤ ᠦᠢᠯᠡᠳᠬᠦᠨ ᠤ ᠶᠠᠰᠤ ᠴᠢᠨᠠᠷ ᠪᠠ ᠦᠷ᠎ᠡ | ᠠᠰᠢᠭ ᠢ ᠳᠡᠭᠡᠭᠰᠢᠯᠡᠭᠦᠯᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡᠨ ᠤ ᠦᠢᠯᠡᠳᠬᠦᠨ ᠢ ᠨᠡᠶᠢᠲᠡᠯᠡᠬᠦ ᠠᠷᠭ᠎ᠠ ᠵᠠᠮ ᠢ ᠲᠡᠭᠦᠯᠳᠡᠷᠵᠢᠭᠦᠯᠦᠨ᠎ᠡ᠃ ᠣᠯᠠᠨ | ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠦᠢᠯᠡᠳᠬᠦᠨ ᠪᠠ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠤᠨ ᠣᠯᠠᠨ ᠡᠰᠢᠵᠢᠬᠦ ᠶᠢ ᠠᠬᠢᠭᠤᠯᠵᠤ᠂ | ᠣᠶᠤᠨᠴᠢᠯᠠᠭᠰᠠᠨ᠂ ᠬᠡᠷᠡᠭᠴᠡᠭᠡ ᠶᠣᠰᠣᠭᠠᠷ ᠬᠦᠷᠭᠡᠭᠰᠡᠨ ᠣᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠣᠶ ᠪᠣᠯᠭᠠᠨ᠎ᠠ᠃ | ᠵᠢᠷᠤᠮᠵᠢᠭᠰᠠᠨ ᠥᠨᠳᠥᠷ ᠪᠦᠲᠦᠮᠵᠢᠲᠡᠶ ᠲᠤᠰᠬᠠᠶ ᠴᠠᠭ ᠠᠭᠤᠷ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠲᠤᠰᠬᠠᠶ | ᠴᠠᠭ ᠠᠭᠤᠷ ᠤᠨ ᠦᠢᠯᠡᠴᠢᠯᠡᠭᠡᠨ ᠤ ᠵᠢᠷᠤᠮᠵᠢᠭᠤᠯᠬᠤ᠂ ᠴᠤᠪᠤᠷᠠᠭᠤᠯᠬᠤ᠂ ᠲᠤᠬᠠᠶᠢᠯᠠᠬᠤ ᠶᠢ ᠠᠬᠢᠭᠤᠯᠤᠨ᠎ᠠ᠃ ︵ᠰᠢᠶᠠᠨ ᠤ ᠴᠠᠭ ᠠᠭᠤᠷ ᠤᠨ ᠲᠣᠪᠴᠢᠶ᠎ᠠ︶ | 15. ᠴᠠᠭ ᠠᠭᠤᠷ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠣᠭᠠᠴᠢᠯᠠᠭᠰᠠᠨ ᠠᠵᠤ ᠠᠬᠤᠶ ᠶᠢᠨ ᠰᠠᠭᠤᠷᠢ | ᠪᠡᠯᠡᠳᠬᠡᠮᠵᠢ ᠶᠢᠨ ᠡᠬᠢ ᠪᠠᠶᠠᠯᠢᠭ ᠢ ᠠᠰᠢᠭᠯᠠᠨ᠂ ᠴᠠᠭ ᠠᠭᠤᠷ ᠤᠨ ᠴᠢᠮᠡᠭᠡ ᠬᠤᠯᠪᠣᠭ᠎ᠠ ᠶᠢᠨ ᠲᠣᠤᠷ ᠰᠦᠯᠵᠢᠶ᠎ᠡ ᠶᠢᠨ ᠳᠠᠮᠵᠢᠭᠤᠯᠬᠤ ᠬᠤᠷᠳᠤᠴᠠ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠰᠢᠯᠵᠢᠮᠡᠯ ᠮᠡᠳᠡᠭᠡ ᠬᠤᠯᠪᠣᠭ᠎ᠠ᠂ ᠢᠨᠲ᠋ᠧᠷ ᠰᠦᠯᠵᠢᠶ᠎ᠡ ᠪᠠ ᠳᠠᠭᠠᠭᠤᠯᠢ ᠤᠳᠤᠨ ᠤ ᠮᠡᠳᠡᠭᠡ ᠬᠤᠯᠪᠣᠭᠠᠨ ᠤ ᠰᠦᠯᠵᠢᠶ᠎ᠡ ᠶᠢ | ᠶᠡᠷᠦᠩᠬᠡᠶᠢᠯᠡᠨ ᠠᠰᠢᠭᠯᠠᠬᠤ ᠶᠠᠪᠤᠳᠠᠯ ᠢ ᠴᠢᠩᠭᠠᠳᠬᠠᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠠᠭ | ᠠᠭᠤᠷ ᠤᠨ ᠮᠡᠳᠡᠭᠡ ᠵᠠᠩᠭᠢ ᠶᠢᠨ ᠰᠢᠰᠲ᠋ᠧᠮ ᠤᠨ ᠰᠦᠯᠵᠢᠶᠡᠨ ᠤ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠤ | ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠲᠣᠭᠲᠠᠴᠠ ᠶᠢ ᠪᠦᠷᠢᠨᠰᠢᠬᠦᠯᠵᠦ᠂ ᠴᠠᠭ | ᠠᠭᠤᠷ ᠤᠨ ᠬᠠᠶᠢᠨ ᠬᠡᠮᠵᠢᠯᠲᠡ ᠶᠢᠨ ᠮᠠᠲ᠋ᠧᠷᠢᠶᠠᠯ ᠢ ᠬᠤᠷᠢᠶᠠᠩᠭᠤᠶᠢᠯᠠᠨ ᠲᠤᠰᠢᠶᠠᠬᠤ ᠪᠠ ᠬᠠᠮᠢᠶᠠᠷᠬᠤ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ | ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠰᠣᠯᠢᠯᠴᠠᠬᠤ ᠶᠢ ᠠᠬᠢᠭᠤᠯᠤᠨ᠎ᠠ᠃ ︵ᠰᠢᠶᠠᠨ ᠤ ᠴᠠᠭ ᠠᠭᠤᠷ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠬᠤᠷᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠳ᠋ᠧᠩᠺᠸᠦ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠡᠭᠦᠳᠡᠯ | ᠬᠤᠯᠪᠣᠭ᠎ᠠ ᠶᠢᠨ ᠳ᠋ᠧᠩᠺᠸᠦ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠳ᠋ᠧᠩᠺᠸᠦ ᠶᠢᠨ ᠬᠤᠪᠢᠶᠠᠷᠢ ᠺᠣᠮᠫᠠᠨᠢ᠂ ᠡᠯ᠎ᠡ ᠰᠤᠮᠤ | ᠪᠠᠯᠭᠠᠰᠤ᠂ ᠲᠠᠷᠢᠶᠠᠯᠠᠩ ᠤᠨ ᠲᠠᠯᠠᠪᠠᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ | ᠴᠢᠨᠠᠷ ᠰᠠᠶᠢᠲᠠᠶ ᠬᠥᠭᠵᠢᠯᠲᠡ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ | ᠳᠡᠮᠵᠢᠯᠭᠡ ᠶᠢ ᠴᠢᠩᠭᠠᠳᠬᠠᠨ᠂ ᠴᠠᠭ ᠠᠭᠤᠷ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠭᠰᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠭᠰᠠᠨ | ᠬᠡᠷᠡᠭᠵᠢᠭᠦᠯᠬᠦ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠴᠠᠭ ᠠᠭᠤᠷ ᠤᠨ ᠦᠢᠯᠡᠰ ᠤᠨ | ᠬᠥᠭᠵᠢᠯᠲᠡ ᠶᠢ ᠲᠦᠷᠭᠡᠳᠬᠡᠬᠦ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠳ᠋ᠧᠩᠺᠸᠦ ᠰᠢᠶᠠᠨ ᠤ ᠴᠠᠭ ᠠᠭᠤᠷ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ | ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠭᠤᠯᠤᠯᠲᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠴᠠᠭ ᠠᠭᠤᠷ ᠤᠨ ᠠᠵᠢᠯ ᠡᠷᠭᠢᠯᠡᠭᠰᠡᠳ ᠤᠨ ᠨᠡᠶᠢᠲᠡ ᠶᠢᠨ ᠬᠡᠷᠡᠭᠯᠡᠭᠡᠨ᠂ ᠡᠮᠴᠢᠯᠡᠭᠡ᠂ ᠨᠠᠰᠤᠵᠢᠯ ᠤᠨ ᠠᠰᠠᠷᠠᠮᠵᠢ | ᠵᠡᠷᠭᠡ ᠶᠢᠨ ᠬᠠᠷᠢᠶ᠎ᠠ ᠣᠷᠣᠨᠴᠢᠯᠠᠭᠰᠠᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠴᠠᠭ ᠠᠭᠤᠷ ᠤᠨ ᠦᠢᠯᠡᠰ ᠤᠨ ᠠᠵᠢᠯᠯᠠᠭ᠎ᠠ ᠪᠠ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠰᠡᠬᠦ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ | ︵ᠭᠤᠷᠪᠠ︶ ᠬᠠᠤᠯᠢ ᠪᠠᠷ ᠵᠠᠰᠠᠬᠤ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠴᠠᠭ ᠠᠭᠤᠷ ᠤᠨ ᠬᠠᠤᠯᠢ ᠲᠣᠭᠲᠠᠭᠠᠯ ᠤᠨ ᠰᠢᠰᠲ᠋ᠧᠮ ᠢ | ᠪᠠᠶᠢᠭᠤᠯᠤᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠴᠠᠭ | ᠠᠭᠤᠷ ᠤᠨ ᠲᠥᠬᠦᠭᠡᠷᠦᠮᠵᠢ ᠪᠠ ᠴᠠᠭ ᠠᠭᠤᠷ ᠤᠨ ᠬᠠᠶᠢᠨ ᠬᠡᠮᠵᠢᠯᠲᠡ ᠶᠢᠨ ᠣᠷᠴᠢᠨ ᠠᠬᠤᠶ ᠶᠢᠨ ᠬᠠᠮᠠᠭᠠᠯᠠᠯᠲᠠ᠂ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ | ᠵᠡᠷᠭᠡ ᠲᠠᠯ᠎ᠠ ᠶᠢᠨ ᠲᠦᠷᠢᠮ ᠲᠣᠭᠲᠠᠭᠠᠯ ᠪᠤᠶᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠵᠢᠴᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ | ᠲᠦᠯᠬᠢᠨ ᠠᠬᠢᠭᠤᠯᠤᠨ᠎ᠠ᠃ ᠴᠠᠭ ᠠᠭᠤᠷ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠ ᠨᠠᠶᠢᠳᠠᠪᠤᠷᠢᠵᠢᠭᠤᠯᠤᠨ ᠬᠡᠷᠡᠭᠯᠡᠬᠦ ᠠᠵᠢᠯ ᠢ ᠴᠢᠩᠭᠠᠳᠬᠠᠨ᠎ᠠ᠃ | ︵ᠳᠥᠷᠪᠡ︶ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠴᠠᠭ ᠠᠭᠤᠷ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠵᠤ᠂ ᠲᠤᠰᠬᠠᠶ ᠮᠡᠷᠭᠡᠵᠢᠯᠲᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠪᠠᠭᠠᠰᠬᠠᠬᠤ | ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠴᠢᠳᠠᠪᠤᠷᠢᠲᠠᠨ ᠤ ᠢᠨᠵᠧᠨᠧᠷᠢᠩ ︵ᠲᠥᠯᠥᠪᠯᠡᠭᠡ︶᠂ ᠰᠢᠨ᠎ᠡ ᠶᠢ | ᠡᠭᠦᠳᠬᠦ ᠪᠦᠯᠬᠦᠮ ᠨᠡᠶᠢᠲᠡ᠂ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠰᠢᠯᠢᠨ ᠰᠣᠩᠭᠤᠬᠤ ᠬᠡᠪᠴᠢᠶᠡᠨ ᠳᠤ ᠣᠷᠣᠭᠤᠯᠤᠨ᠎ᠠ᠃ ᠴᠠᠭ ᠠᠭᠤᠷ ᠬᠢᠭᠡᠳ ᠠᠵᠢᠯ | ᠲᠥᠷᠥᠯ ᠤᠨ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠣᠯᠠᠨ ᠬᠦᠷᠢᠶ᠎ᠡ ᠴᠠᠷᠠᠭ᠎ᠠ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠬᠠᠮ ᠬᠡᠯᠪᠡᠷᠢ ᠶᠢᠨ ᠴᠠᠭ ᠠᠭᠤᠷ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ | ︵ᠲᠠᠪᠤ︶ ᠠᠵᠢᠯ ᠤᠨ ᠦᠨᠡᠯᠡᠯᠲᠡ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠴᠠᠭ ᠠᠭᠤᠷ ᠤᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠬᠤ ᠬᠠᠮᠢᠶ᠎ᠠ ᠪᠥᠬᠦᠶ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ | ᠮᠥᠷᠳᠡᠨ ᠦᠷ᠎ᠡ ᠪᠦᠲᠦᠮᠵᠢ ᠶᠢ ᠨᠢ ᠠᠰᠠᠭᠤᠵᠤ᠂ ᠠᠵᠢᠯ ᠤᠨ ᠦᠨᠡᠯᠡᠯᠲᠡ ᠶᠢ ᠴᠢᠩᠭᠠᠷᠠᠭᠤᠯᠤᠨ᠂ ᠴᠠᠭ ᠲᠤᠨᠢ ᠳᠣᠭᠢᠷᠠᠭᠤᠯᠤᠨ ᠦᠨᠡᠯᠡᠨ ᠵᠢᠱᠢᠬᠦ ᠶᠢ ᠥᠷᠨᠢᠭᠦᠯᠵᠦ᠂ | ᠡᠯ᠎ᠡ ᠵᠦᠢᠯ ᠤᠨ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ |