ᠳ᠋ᠧᠩᠺᠸᠦ ᠵᠠᠰᠠᠭ ᠠᠯᠪᠠᠨ ᠲᠠᠷᠬᠠᠭᠠᠭᠰᠠᠨ〔2023〕35 ᠲᠣᠭᠠᠲᠤ | | | ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠨᠢᠭᠡᠴᠡ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠯ᠎ᠡ ᠪᠠᠶᠢᠭᠤᠯᠤᠮᠵᠢ ᠳᠤ᠄ | ︽ᠳ᠋ᠧᠩᠺᠸᠤ ᠰᠢᠶᠠᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠦᠯ ︵ᠲᠤᠷᠰᠢᠨ ᠬᠡᠷᠡᠭᠵᠢᠭᠦᠯᠬᠦ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠳ᠋ᠧᠩᠺᠸᠤ ᠰᠢᠶᠠᠨ ᠤ ᠠᠷᠠᠳ ᠤᠨ ᠵᠠᠰᠠᠭ ᠤᠨ ᠣᠷᠳᠣᠨ | 2023 ᠣᠨ ᠤ 9 ᠰᠠᠷ᠎ᠠ ᠶᠢᠨ 13 ᠤ ᠡᠳᠦᠷ | ᠳ᠋ᠧᠩᠺᠸᠤ ᠰᠢᠶᠠᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠦᠯ | ︽ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠶ ᠮᠡᠳᠡᠭᠳᠡᠯ︾ ︵ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ︵ | ᠤᠯᠤᠰ ᠤᠨ ᠡᠷᠡᠭᠦᠯ ᠬᠠᠮᠠᠭᠠᠯᠠᠯ ᠤᠨ ᠦᠨᠳᠦᠰᠦᠨ ᠱᠠᠲᠤᠨ ᠤ ᠵᠠᠬᠢᠳᠠᠯ 〔 2019 〕 121 ᠳ᠋ᠦᠭᠡᠷ ᠲᠣᠭᠠᠲᠤ︶ ᠤᠨ ︽ᠨᠢᠭᠲᠠ ᠬᠡᠯᠪᠡᠷᠢ ᠶᠢᠨ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ︵ | ᠥᠪᠥᠷ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠠᠯᠪᠠᠨ ᠥᠰᠥᠭ 〔2023 〕13 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠤᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ | ᠡᠬᠢ ᠪᠠᠶᠠᠯᠢᠭ ᠤᠨ ᠪᠦᠬᠦᠯᠢ ᠴᠣᠭᠴᠠ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠂ ᠮᠠᠨ ᠤ ᠰᠢᠶᠠᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ ︵ᠳᠣᠷᠣᠭᠰᠢ ︽ᠡᠮᠴᠢᠯᠡᠭᠡᠨ ᠤ ᠬᠠᠮᠲᠤ ᠶᠢᠨ ᠴᠣᠭᠴᠠ︾ ᠭᠡᠵᠦ ᠲᠣᠪᠴᠢᠯᠠᠨ᠎ᠠ︶ ᠶᠢᠨ | ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠬᠤ ᠶᠢᠨ ᠲᠤᠰᠠᠳᠠ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠮᠠᠨ ᠤ ᠰᠢᠶᠠᠨ ᠤ ᠠᠵᠤ ᠠᠬᠤᠶ ᠨᠡᠶᠢᠭᠡᠮ ᠪᠣᠯᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠶᠢᠨ ᠪᠣᠳᠠᠲᠤ | ᠪᠠᠶᠢᠳᠠᠯ ᠳᠤ ᠰᠠᠭᠤᠷᠢᠯᠠᠨ᠂ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ᠂ ᠬᠤᠣᠰ ᠴᠢᠭᠯᠡᠯ ᠢᠶᠠᠷ ᠰᠢᠯᠵᠢᠭᠦᠯᠦᠨ ᠣᠨᠣᠰᠢᠯᠠᠬᠤ ᠶᠠᠪᠤᠴᠠ ᠶᠢ ᠰᠢᠯᠤᠭᠤᠳᠬᠠᠬᠤ ᠪᠠᠷ ᠭᠤᠣᠯᠳᠠᠯᠭ᠎ᠠ ᠪᠣᠯᠭᠠᠵᠤ᠂ | ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ᠂ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢᠨ | ᠰᠢᠨ᠎ᠡ ᠶᠢ ᠡᠭᠦᠳᠴᠦ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠪᠠ ᠮᠡᠷᠭᠡᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ᠂ ᠵᠦᠶ ᠵᠣᠬᠢᠰᠲᠠᠶ ᠣᠨᠣᠰᠢᠯᠠᠨ ᠵᠠᠰᠠᠬᠤ ᠪᠠ ᠡᠮᠬᠢ ᠵᠢᠷᠤᠮ ᠲᠠᠢ ᠡᠮᠨᠡᠭᠦᠯᠬᠦ ᠰᠢᠨ᠎ᠡ ᠡᠮᠬᠢ ᠳᠢᠭᠯᠢᠮ ᠢ | ᠪᠠᠶᠢᠭᠤᠯᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ | ᠬᠦᠴᠦᠯᠡᠨ ᠨᠡᠮᠡᠭᠳᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠨ᠎ᠠ᠃ ᠵᠠᠰᠠᠭ ᠤᠨ ᠣᠷᠳᠣᠨ ᠢᠶᠠᠷ ᠭᠤᠤᠯᠯᠠᠭᠤᠯᠬᠤ ᠶᠢ | ᠪᠠᠷᠢᠮᠲᠠᠯᠠᠵᠤ᠂ ᠣᠷᠣᠨ ᠪᠦᠰᠡ ᠶᠢᠨ ᠳᠣᠲᠣᠷᠠᠬᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠦᠲᠦᠴᠡ ᠬᠢᠭᠡᠳ ᠪᠠᠶᠢᠷᠢᠰᠢᠭᠤᠯᠤᠯᠲᠠ ᠶᠢ ᠦᠨᠳᠦᠰᠦᠯᠡᠨ | ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠎ᠠ︔ ᠵᠠᠰᠠᠭ ᠤᠨ ᠣᠷᠳᠣᠨ ᠤ ᠡᠮᠨᠡᠯᠭᠡ ᠡᠷᠭᠢᠯᠡᠬᠦ | ᠬᠠᠷᠢᠭᠤᠴᠠᠯᠭ᠎ᠠ ᠶᠢ ᠴᠢᠩᠭᠠᠷᠠᠭᠤᠯᠤᠨ᠂ ᠡᠳ᠋ ᠤᠨ ᠵᠠᠰᠠᠭ ᠤᠨ ᠣᠷᠣᠭᠤᠯᠤᠯᠲᠠ ᠶᠢ ᠨᠠᠶᠢᠳᠠᠪᠤᠷᠢᠵᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷ ᠢ ᠦᠨᠡᠨᠬᠦ ᠬᠠᠮᠠᠭᠠᠯᠠᠨ ᠪᠠᠲᠤᠯᠠᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠰᠡᠷᠭᠡᠶᠢᠯᠡᠨ ᠵᠠᠰᠠᠬᠤ ᠶᠢ ᠤᠶᠠᠯᠳᠤᠭᠤᠯᠤᠭᠰᠠᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠡᠮᠴᠢᠯᠡᠭᠡᠨ ᠤ | ᠬᠠᠮᠲᠤ ᠶᠢᠨ ᠳᠣᠲᠣᠭᠠᠳᠤ ᠶᠢᠨ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠡᠭᠦᠷᠭᠡ ᠶᠢ ᠵᠠᠷᠴᠢᠮ ᠳᠡᠭᠡᠷ᠎ᠡ ᠪᠠᠨ ᠬᠤᠪᠢᠷᠠᠭᠤᠯᠬᠤ ᠥᠬᠡᠶ ᠪᠠᠶᠢᠯᠭᠠᠨ᠎ᠠ᠃ | ︵ᠬᠤᠶᠠᠷ︶ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠪᠠᠷ | ᠲᠦᠷᠦᠭᠦᠯᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ ᠨᠢ ᠪᠠᠴᠢᠮ ᠲᠦᠭᠰᠢᠭᠦᠷᠢᠲᠡᠶ ᠬᠦᠨᠳᠦ ᠡᠪᠡᠳᠴᠢᠲᠡᠨ ᠢ ᠠᠪᠤᠷᠠᠨ ᠵᠠᠰᠠᠬᠤ ᠪᠠ ᠬᠦᠴᠢᠷ ᠲᠦᠪᠡᠭᠲᠡᠶ ᠪᠤᠳᠤᠯᠢᠶᠠᠨᠲᠠᠶ | ᠡᠪᠡᠳᠴᠢᠨ ᠡᠮᠭᠡᠭ ᠢ ᠳᠡᠭᠡᠭᠰᠢ ᠰᠢᠯᠵᠢᠭᠦᠯᠦᠨ ᠡᠮᠨᠡᠭᠦᠯᠬᠦ ᠦᠢᠯᠡᠴᠢᠯᠡᠭᠡ ᠶᠢ ᠭᠤᠤᠯᠳᠠᠯᠭ᠎ᠠ ᠲᠠᠢ ᠡᠭᠦᠷᠭᠡᠯᠡᠵᠦ᠂ ᠡᠮᠴᠢᠯᠡᠭᠡᠨ ᠤ ᠬᠠᠮᠲᠤ ᠶᠢᠨ ᠪᠡᠶ᠎ᠡ ᠶᠢᠨ | ᠳᠣᠲᠣᠭᠠᠳᠤ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠨᠢ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠵᠤ᠂ | ᠭᠤᠤᠯᠳᠠᠭᠤ ᠣᠨᠣᠰᠢᠯᠠᠭᠰᠠᠨ ᠨᠢ ᠲᠣᠳᠣᠷᠬᠠᠶ᠂ ᠡᠪᠡᠳᠴᠢᠨ ᠤ ᠪᠠᠶᠢᠳᠠᠯ ᠨᠢ ᠲᠣᠭᠲᠠᠪᠤᠷᠢᠲᠠᠶ ᠤᠳᠠᠭᠠᠨ ᠴᠢᠨᠠᠷᠲᠠᠶ ᠡᠪᠡᠳᠴᠢᠲᠡᠨ᠂ ᠡᠷᠡᠭᠦᠯᠵᠢᠯ ᠤᠨ ᠬᠤᠭᠤᠴᠠᠭᠠᠨ ᠤ | ᠡᠪᠡᠳᠴᠢᠲᠡᠨ ᠳᠤ ᠦᠷᠭᠦᠯᠵᠢᠯᠡᠭᠰᠡᠨ ᠴᠢᠨᠠᠷᠲᠠᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠦᠨᠳᠦᠰᠦᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ ᠴᠢᠬᠤᠯᠠ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ | ᠨᠠᠶᠢᠳᠠᠪᠤᠷᠢᠵᠢᠭᠤᠯᠤᠨ᠎ᠠ᠃ | ︵ᠭᠤᠷᠪᠠ︶ ᠡᠬᠢ ᠪᠠᠶᠠᠯᠢᠭ ᠢ ᠳᠣᠷᠣᠭᠰᠢ ᠪᠠᠭᠤᠯᠭᠠᠵᠤ᠂ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ | ᠲᠦᠯᠬᠢᠨ ᠠᠬᠢᠭᠤᠯᠵᠤ᠂ ᠴᠢᠨᠠᠷ ᠰᠠᠶᠢᠲᠠᠶ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠶᠠᠨ ᠤ ᠬᠡᠪᠴᠢᠶᠡᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠥᠭᠡᠷᠡᠴᠢᠯᠡᠨ ᠲᠡᠭᠦᠯᠳᠡᠷᠵᠢᠭᠦᠯᠵᠦ᠂ ᠰᠢᠶᠠᠨ ᠰᠢᠶᠠᠩ ᠢ ᠨᠢᠭᠡ ᠴᠤᠭᠴᠠᠵᠢᠭᠤᠯᠬᠤ᠂ ᠬᠥᠳᠡᠭᠡ | ᠲᠣᠰᠬᠤᠨ ᠢ ᠨᠢᠭᠡ ᠴᠤᠭᠴᠠᠵᠢᠭᠤᠯᠬᠤ ᠬᠠᠮᠢᠶᠠᠷᠤᠯᠲᠠ ᠶᠢ ᠠᠬᠢᠭᠤᠯᠤᠨ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠦᠬᠦᠯᠢ ᠴᠣᠭᠴᠠ ᠶᠢᠨ ᠠᠮᠵᠢᠯᠲᠠ ᠪᠦᠲᠦᠮᠵᠢ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ︵ᠳᠥᠷᠪᠡ︶ ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ ᠲᠦᠮᠡᠨ ᠳᠤ ᠠᠰᠢᠭ ᠬᠦᠷᠲᠡᠭᠡᠨ᠎ᠡ᠃ ᠦᠨᠳᠦᠰᠦᠨ ᠱᠠᠲᠤᠨ ᠤ ᠡᠭᠦᠳᠦᠨ ᠪᠦᠲᠦᠭᠡᠬᠦ ᠵᠣᠷᠢᠭ | ᠰᠠᠨᠠᠭ᠎ᠠ ᠶᠢ ᠪᠠᠳᠠᠷᠠᠭᠤᠯᠤᠨ᠂ ︽ᠭᠤᠷᠪᠠᠨ ᠡᠮᠨᠡᠯᠭᠡ︾ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠬᠤ | ᠂ ᠢᠳᠡᠪᠬᠢᠵᠢᠯ ᠢ ᠳᠠᠶᠢᠴᠢᠯᠠᠬᠤ ᠪᠠ ᠦᠷᠭᠦᠯᠵᠢᠯᠡᠬᠦ ᠶᠢ ᠪᠠᠲᠤᠯᠠᠬᠤ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠠᠷᠠᠳ ᠲᠦᠮᠡᠨ ᠤ | ᠡᠷᠡᠭᠦᠯ ᠮᠡᠨᠳᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠶᠠᠪᠤᠴᠠ ᠪᠠ ᠪᠡᠶᠡᠴᠢᠯᠡᠨ ᠣᠶᠢᠯᠠᠭᠠᠬᠤ ᠶᠠᠪᠤᠴᠠ ᠶᠢ ᠰᠢᠯᠢᠳᠡᠭᠵᠢᠭᠦᠯᠵᠦ᠂ ᠤᠯᠠᠨ | ᠲᠦᠮᠡᠨ ᠳᠤ ᠴᠢᠨᠠᠷ ᠰᠠᠶᠢᠲᠠᠶ᠂ ᠳᠥᠭᠦᠮ ᠳᠥᠲᠡ᠂ ᠬᠢᠮᠳᠠ ᠪᠦᠬᠦᠯᠢ ᠴᠣᠭᠴᠠᠲᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ | | ᠭᠤᠷᠪᠠ᠂ ᠠᠵᠢᠯ ᠤᠨ ᠬᠠᠷᠠᠯᠲᠠ | ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠥᠲᠥᠭᠡᠨ ᠪᠠᠶᠢᠭᠤᠯᠤᠯᠲᠠ ᠪᠠᠷ ᠳᠡᠮᠵᠢᠨ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠪᠦᠲᠦᠮᠵᠢᠲᠡᠶ ᠠᠰᠢᠭᠯᠠᠵᠤ᠂ | ᠰᠠᠭᠤᠭᠠᠯᠢ ᠠᠷᠠᠳ ᠤᠨ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠵᠦᠶ ᠵᠣᠬᠢᠰᠲᠠᠶ ᠡᠵᠡᠮᠳᠡᠨ᠂ ᠡᠮᠬᠢ ᠵᠢᠷᠤᠮ ᠲᠠᠢ ᠪᠠᠷ ᠡᠮᠨᠡᠭᠦᠯᠬᠦ ᠪᠠᠶᠢᠷᠢᠰᠢᠯ ᠢ | ᠦᠨᠳᠦᠰᠦᠨ ᠳᠡᠭᠡᠨ ᠪᠣᠶ ᠪᠣᠯᠭᠠᠨ᠎ᠠ᠃ | 2023 ᠣᠨ ᠳᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠢᠭᠲᠠ ᠪᠠᠶᠢᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠵᠦ᠂ | ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠦᠯ ᠢ ᠲᠣᠭᠲᠠᠭᠠᠨ ᠨᠡᠶᠢᠲᠡᠯᠡᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠢᠶᠠᠷ ᠲᠦᠷᠦᠭᠦᠯᠡᠭᠦᠯᠦᠭᠰᠡᠨ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠢᠭᠲᠠ ᠬᠠᠮᠢᠶᠠᠷᠤᠯᠲᠠ ᠶᠢᠨ ᠵᠥᠪᠯᠡᠯ ᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠵᠣᠬᠢᠶᠠᠨ | ᠪᠠᠶᠢᠭᠤᠯᠤᠯᠲᠠ ᠶᠢ ᠠᠩᠬ᠎ᠠ ᠠᠯᠬᠤᠮ ᠪᠡᠶᠡᠯᠡᠭᠦᠯᠵᠦ᠂ ᠪᠣᠶ ᠪᠥᠬᠦᠶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠴᠥᠮ | ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ ᠬᠠᠮᠢᠶᠠᠷᠤᠯᠲᠠ ᠳᠤ ᠣᠷᠣᠭᠤᠯᠪᠠ᠃ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠲᠣᠯᠣᠭᠠᠶᠢᠯᠠᠬᠤ | ᠨᠢᠭᠡᠴᠡ ᠪᠣᠯᠭᠠᠭᠰᠠᠨ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠪᠠ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠪᠠᠷ ᠲᠤᠯᠭᠠᠭᠤᠷᠢᠯᠠᠭᠰᠠᠨ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ ᠠᠵᠢᠯᠯᠠᠭᠠᠨ ᠤ ᠲᠣᠭᠲᠠᠴᠠ ᠶᠢ ᠲᠤᠷᠰᠢᠨ ᠬᠡᠷᠡᠭᠵᠢᠭᠦᠯᠵᠦ᠂ | ᠯᠦᠩ ᠱᠧᠩ ᠾᠧ ᠪᠠᠯᠭᠠᠰᠤᠨ ᠤ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠶᠢ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠲᠤᠷᠰᠢᠯᠲᠠ ᠶᠢᠨ ᠴᠡᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠣᠷᠣᠭᠤᠯᠵᠤ᠂ 2023 ᠣᠨ ᠤ 7 ᠳ᠋ᠤᠭᠠᠷ ᠰᠠᠷ᠎ᠠ ᠶᠢᠨ ᠰᠡᠭᠦᠯᠴᠢ ᠳᠤ᠂ ᠵᠠᠰᠠᠭ | ᠵᠠᠬᠢᠷᠭᠠᠨ᠂ ᠠᠵᠢᠯᠲᠠᠨ᠂ ᠲᠤᠬᠠᠶᠢᠯᠠᠭᠰᠠᠨ ᠠᠵᠢᠯ᠂ ᠡᠮ ᠤᠨ ᠵᠦᠢᠯ ᠪᠠᠭᠠᠵᠢ ᠬᠡᠷᠡᠭᠰᠡᠯ᠂ ᠡᠳ᠋ ᠤᠨ ᠶᠠᠪᠤᠳᠠᠯ᠂ ᠠᠵᠢᠯ ᠤᠨ ᠠᠮᠵᠢᠯᠲᠠ ᠪᠦᠲᠦᠮᠵᠢ ᠵᠡᠷᠭᠡ ︽ | ᠵᠢᠷᠭᠤᠭᠠᠨ ᠨᠢᠭᠡᠳᠦᠯᠲᠡᠶ︾ ᠬᠠᠮᠢᠶᠠᠷᠤᠯᠲᠠ ᠶᠢ ᠪᠡᠶᠡᠯᠡᠭᠦᠯᠦᠨ᠎ᠡ᠃ 2025 ᠣᠨ ᠳᠤ᠂ ᠪᠦᠬᠦ ᠰᠢᠶᠠᠨ ᠤ ᠬᠡᠪᠴᠢᠶᠡᠨ ᠤ ᠡᠪᠡᠳᠴᠢᠨ ᠦᠵᠡᠭᠦᠯᠬᠦ ᠨᠤᠷᠮ᠎ᠠ ᠶᠢ | 90% ᠣᠷᠴᠢᠮ ᠳᠤ ᠬᠦᠷᠭᠡᠬᠦ᠂ ᠰᠢᠶᠠᠨ ᠤ ᠬᠡᠪᠴᠢᠶᠡᠨ ᠳᠤ ᠦᠨᠳᠦᠰᠦᠨ ᠱᠠᠲᠤᠨ ᠳᠤ ᠡᠪᠡᠳᠴᠢᠨ ᠦᠵᠡᠭᠦᠯᠬᠦ ᠨᠤᠷᠮ᠎ᠠ ᠶᠢ 65% ᠣᠷᠴᠢᠮ ᠳᠤ ᠬᠦᠷᠭᠡᠬᠦ᠂ | ᠰᠢᠶᠠᠨ ᠤ ᠬᠡᠪᠴᠢᠶᠡᠨ ᠤ ᠡᠮᠨᠡᠯᠭᠡ ᠳᠤ ᠰᠠᠭᠤᠬᠤ ᠨᠤᠷᠮ᠎ᠠ ᠶᠢ 85% ᠳᠤ ᠬᠦᠷᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ︔ ᠪᠣᠶ ᠪᠥᠬᠦᠶ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠴᠥᠮ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ︽ᠨᠠᠢᠮᠠᠨ ᠨᠢᠭᠡᠳᠦᠯᠲᠡᠶ︾ ᠬᠠᠮᠢᠶᠠᠷᠤᠯᠲᠠ ᠳᠤ ᠣᠷᠣᠭᠤᠯᠤᠨ᠎ᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠴᠢᠳᠠᠮᠵᠢ ᠶᠢᠨ ᠬᠡᠯᠪᠡᠷᠢ ᠪᠠᠶᠢᠳᠠᠯ ᠢ ᠨᠠᠩ | ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯᠯᠠᠭᠠᠨ ᠤ ᠬᠠᠮᠢᠶᠠᠷᠤᠯᠲᠠ ᠶᠢ ᠨᠠᠩ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠣᠯᠭᠠᠵᠤ᠂ ᠦᠢᠯᠡᠴᠢᠯᠡᠭᠡᠨ ᠤ | ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ ᠳᠤ ᠳᠥᠭᠦᠮ ᠳᠥᠲᠡ ᠪᠥᠭᠡᠳ ᠡᠮᠬᠢ ᠵᠢᠷᠤᠮ ᠲᠠᠢ ᠪᠣᠯᠭᠠᠵᠤ᠂ ᠡᠷᠡᠭᠦᠯ | ᠮᠡᠨᠳᠦ ᠶᠢᠨ ᠬᠠᠮᠢᠶᠠᠷᠤᠯᠲᠠ ᠶᠢ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠪᠠᠲᠤᠯᠠᠭ᠎ᠠ ᠪᠠ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠦᠷᠭᠦᠯᠵᠢᠯᠡᠬᠦ ᠶᠢ ᠪᠠᠲᠤᠯᠠᠵᠤ᠂ ᠰᠢᠶᠠᠨ ᠤ ᠬᠡᠪᠴᠢᠶᠡᠨ ᠳᠠᠬᠢ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠡᠭᠦᠷᠭᠡᠯᠡᠯ ᠢ ᠵᠦᠶ ᠵᠣᠬᠢᠰᠲᠠᠶ ᠬᠢᠵᠠᠭᠠᠷᠯᠠᠵᠤ᠂ | ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠬᠦᠷᠲᠡᠮᠵᠢ ᠶᠢᠨ ᠲᠥᠷᠥᠭᠳᠡᠯ ᠢ ᠢᠯᠡᠳᠲᠡ | ᠨᠡᠮᠡᠭᠳᠡᠭᠦᠯᠦᠨ᠎ᠡ᠃ | ᠳᠥᠷᠪᠡ᠂ ᠭᠤᠤᠯ ᠪᠣᠯᠬᠤ ᠠᠷᠭ᠎ᠠ ᠬᠡᠮᠵᠢᠶ᠎ᠡ | ︵ᠨᠢᠭᠡ︶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠨ᠎ᠡ ᠰᠢᠰᠲ᠋ᠧᠮᠵᠢ ᠶᠢ ᠪᠠᠶᠢᠭᠤᠯᠤᠨ᠎ᠠ | 1. ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠵᠦᠶ ᠵᠣᠬᠢᠰᠲᠠᠶ ᠵᠣᠬᠢᠶᠠᠨ ᠪᠠᠶᠢᠭᠤᠯᠤᠨ᠎ᠠ᠃ ᠰᠢᠶᠠᠨ ᠤ | ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠤᠳᠤ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠪᠠ ᠴᠢᠳᠠᠪᠤᠷᠢ ᠶᠢᠨ ᠪᠠᠶᠢᠳᠠᠯ ᠢ ᠦᠨᠳᠦᠰᠦᠯᠡᠨ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠭᠰᠡᠨ ᠡᠮ ᠡᠮᠨᠡᠯᠭᠡ ᠶᠢᠨ | ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠡᠯ᠎ᠡ ᠪᠦᠷᠢᠯᠳᠦᠬᠦᠨ ᠨᠢᠭᠡᠴᠡ ᠶᠢᠨ ᠨᠢᠭᠡᠳᠦᠭᠡᠷ ᠨᠡᠷᠡᠶᠢᠳᠦᠯ ᠢ | ᠬᠤᠪᠢᠷᠠᠭᠤᠯᠬᠤ ᠦᠭᠡᠢ᠂ ︽ᠳ᠋ᠧᠩᠺᠸᠤ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ + ᠬᠤᠪᠢᠶᠠᠷᠢ ᠡᠮᠨᠡᠯᠭᠡ ᠶᠢᠨ ᠬᠤᠷᠢᠶ᠎ᠠ︾ ᠭᠡᠬᠦ ᠫᠠᠶᠢᠰᠠ ᠶᠢ ᠨᠡᠮᠡᠵᠦ | ᠡᠯᠭᠦᠨ᠎ᠡ᠃ | 2. ᠬᠥᠳᠡᠭᠡ ᠲᠣᠰᠬᠤᠨ ᠢ ᠨᠢᠭᠡ ᠴᠤᠭᠴᠠᠵᠢᠭᠤᠯᠤᠨ ᠬᠠᠮᠢᠶᠠᠷᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠵᠠᠰᠠᠭ ᠤᠨ ᠣᠷᠳᠣᠨ ᠠᠴᠠ ᠡᠷᠭᠢᠯᠡᠭᠰᠡᠨ ᠭᠠᠴᠠᠭ᠎ᠠ | ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠶᠡᠷᠦᠩᠬᠡᠶ ᠡᠮᠨᠡᠯᠭᠡ ᠶᠢᠨ ᠬᠤᠷᠢᠶ᠎ᠠ ᠳᠤ ᠣᠷᠣᠭᠤᠯᠵᠤ᠂ ᠠᠵᠢᠯᠲᠠᠨ᠂ ᠲᠤᠬᠠᠶᠢᠯᠠᠭᠰᠠᠨ ᠠᠵᠢᠯ᠂ ᠡᠮ ᠤᠨ ᠵᠦᠢᠯ᠂ | ᠡᠳ᠋ ᠤᠨ ᠶᠠᠪᠤᠳᠠᠯ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠵᠡᠷᠭᠡ ᠶᠢ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠨᠢᠭᠡᠳᠦᠯᠲᠡᠶ | ᠬᠠᠮᠢᠶᠠᠷᠤᠨ᠎ᠠ᠃ ᠲᠣᠰᠬᠤᠨ ᠤ ᠡᠮᠴᠢ ᠥᠬᠡᠶ ᠡᠷᠡᠭᠦᠯ ᠬᠠᠮᠠᠭᠠᠯᠠᠯ ᠤᠨ ᠲᠠᠰᠤᠭ ᠢ ᠡᠯ᠎ᠡ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠲᠣᠮᠢᠯᠠᠨ | ᠰᠠᠭᠤᠯᠭᠠᠬᠤ ᠪᠠ ᠤᠷᠲᠤᠳᠬᠠᠨ ᠡᠷᠭᠢᠯᠡᠵᠦ᠂ ᠬᠠᠷᠢᠶ᠎ᠠ ᠣᠷᠣᠨ ᠤ ᠳᠣᠲᠣᠷᠠᠬᠢ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠪᠠ | ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠢ ᠡᠭᠦᠷᠭᠡᠯᠡᠨ᠎ᠡ᠃ | 3. ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠦᠨᠳᠦᠰᠦᠨ ᠵᠦᠢᠯ ᠢ ᠪᠠᠲᠤᠯᠠᠬᠤ᠂ ᠦᠨᠳᠦᠰᠦᠨ ᠱᠠᠲᠤ ᠶᠢ ᠴᠢᠩᠭᠠᠳᠬᠠᠬᠤ᠂ | ᠲᠣᠭᠲᠠᠴᠠ ᠶᠢ ᠪᠠᠶᠢᠭᠤᠯᠬᠤ︾ ᠵᠠᠷᠴᠢᠮ ᠢ ᠪᠠᠷᠢᠮᠲᠠᠯᠠᠵᠤ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢ ᠪᠠᠷᠢᠮᠵᠢᠶᠠᠵᠢᠭᠤᠯᠤᠭᠰᠠᠨ ᠪᠥᠲᠥᠭᠡᠨ ᠪᠠᠶᠢᠭᠤᠯᠤᠯᠲᠠ ᠳᠤ ᠬᠦᠷᠦᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢ ᠨᠢᠭᠡ | ᠴᠣᠠᠠᠴᠠᠵᠢᠭᠤᠯᠥᠠᠠᠰᠠᠨ ᠬᠠᠮᠢᠶᠠᠷᠤᠯᠲᠠ ᠶᠢᠨ ᠳᠠᠪᠠᠭᠤᠯᠢᠭ ᠢ ᠪᠠᠳᠠᠷᠠᠭᠤᠯᠤᠨ᠂ ᠠᠵᠢᠯ ᠤᠨ ᠠᠮᠵᠢᠯᠲᠠ ᠪᠦᠲᠦᠮᠵᠢ ᠪᠠ ᠮᠡᠷᠭᠡᠵᠢᠯ ᠤᠨ ᠴᠣᠯᠠ ᠳᠡᠪᠰᠢᠭᠦᠯᠬᠦ ᠶᠢᠨ | ᠲᠤᠯᠭᠠᠭᠤᠷᠢ ᠦᠢᠯᠡᠳᠦᠯ ᠢ ᠠᠰᠢᠭᠯᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠮᠡᠷᠭᠡᠵᠢᠯ ᠤᠨ ᠲᠠᠲᠠᠬᠤ ᠬᠦᠴᠦᠨ ᠪᠠ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠡᠮᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢ ᠠᠬᠢᠭᠤᠯᠤᠨ᠂ ︽ᠬᠤᠶᠠᠷ ᠢ ᠳᠣᠷᠣᠭᠰᠢ ᠪᠠᠭᠤᠯᠭᠠᠬᠤ᠂ ᠬᠤᠶᠠᠷ ᠢ ᠳᠡᠭᠡᠭᠰᠢᠯᠡᠭᠦᠯᠬᠦ︾ ᠶᠢ ᠪᠡᠶᠡᠯᠡᠭᠦᠯᠦᠨ᠎ᠡ᠃ | 4. ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠷᠴᠢᠮᠵᠢᠭᠦᠯᠦᠨ ᠳᠣᠭᠢᠷᠠᠭᠤᠯᠬᠤ ᠶᠢ ᠲᠡᠭᠦᠯᠳᠡᠷᠵᠢᠭᠦᠯᠦᠨ᠎ᠡ᠃ ᠴᠣᠮᠬᠠᠳᠬᠠᠬᠤ᠂ ᠥᠨᠳᠥᠷ ᠦᠷ᠎ᠡ | ᠪᠦᠲᠦᠮᠵᠢᠲᠡᠶ ᠪᠠᠶᠢᠯᠭᠠᠬᠤ ᠵᠠᠷᠴᠢᠮ ᠤᠨ ᠶᠣᠰᠣᠭᠠᠷ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠪᠡᠶ᠎ᠡ ᠶᠢᠨ ᠳᠣᠲᠣᠷᠠᠬᠢ ᠵᠠᠰᠠᠭ ᠵᠠᠬᠢᠷᠭᠠᠨ ᠤ ᠬᠠᠮᠢᠶᠠᠷᠤᠯᠲᠠ᠂ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠠᠷᠤ ᠲᠠᠯ᠎ᠠ ᠶᠢᠨ ᠦᠢᠯᠡᠴᠢᠯᠡᠭᠡ᠂ ᠮᠡᠳᠡᠭᠡ ᠵᠠᠩᠭᠢ ᠶᠢᠨ ᠰᠢᠰᠲ᠋ᠧᠮ ᠵᠡᠷᠭᠡ ᠶᠢ ᠨᠢᠭᠡᠳᠦᠯᠲᠡᠶ ᠠᠵᠢᠯᠯᠠᠭᠤᠯᠬᠤ ᠶᠢ | ᠵᠣᠷᠢᠭᠵᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠢᠯᠯᠠᠭᠠᠨ ᠤ ᠥᠪᠡᠷ ᠤᠨ ᠥᠷᠳᠡᠭ ᠢ ᠪᠠᠭᠤᠷᠠᠭᠤᠯᠬᠤ ᠬᠡᠷᠡᠭᠲᠡᠶ᠃ | ᠨᠡᠭᠡᠭᠡᠯᠲᠡ ᠲᠠᠢ ᠪᠥᠭᠡᠳ ᠬᠠᠮᠲᠤ ᠪᠠᠷ ᠡᠳ᠋ᠯᠡᠬᠦ ᠳᠦᠷᠰᠦ ᠰᠢᠩᠭᠡᠭᠡᠯᠲᠡ᠂ ᠵᠢᠷᠦᠬᠡᠨ ᠤ ᠴᠠᠬᠢᠯᠭᠠᠨ᠂ ᠡᠪᠡᠳᠴᠢᠨ ᠤ ᠵᠦᠢ ᠶᠢᠨ ᠣᠨᠣᠰᠢᠯᠠᠯᠲᠠ ᠪᠠ ᠠᠨᠠᠭᠠᠬᠤ | ᠤᠬᠠᠭᠠᠨ ᠤ ᠰᠢᠯᠭᠠᠨ ᠪᠠᠶᠢᠴᠠᠭᠠᠯᠲᠠ ᠵᠡᠷᠭᠡ ᠲᠥᠪ ᠢ ᠪᠠᠶᠢᠭᠤᠯᠵᠤ᠂ ᠦᠨᠳᠦᠰᠦᠨ ᠱᠠᠲᠤᠨ ᠤ ᠪᠠᠶᠢᠴᠠᠭᠠᠯᠲᠠ᠂ ᠳᠡᠭᠡᠳᠦ ᠱᠠᠲᠤᠨ ᠤ ᠣᠨᠣᠰᠢᠯᠠᠯᠲᠠ ᠪᠠ ᠣᠷᠣᠨ | ᠪᠦᠰᠡ ᠶᠢᠨ ᠬᠠᠷᠢᠯᠴᠠᠨ ᠮᠡᠳᠡᠷᠡᠬᠦ ᠶᠢ ᠲᠦᠯᠬᠢᠨ ᠠᠬᠢᠭᠤᠯᠵᠤ᠂ ᠳᠠᠪᠬᠤᠷᠳᠠᠭᠤᠯᠤᠨ ᠪᠠᠶᠢᠴᠠᠭᠠᠬᠤ ᠠᠴᠠ ᠵᠠᠶᠢᠯᠠᠰᠬᠢᠵᠦ᠂ ᠡᠮᠴᠢᠯᠡᠭᠡᠨ ᠤ ᠥᠪᠡᠷ ᠤᠨ ᠦᠷᠳᠡᠭ ᠢ | ᠠᠷᠪᠢᠯᠠᠨ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠲᠦᠬᠦᠮ ᠦᠵᠡᠭᠦᠯᠦᠨ᠎ᠡ᠃ | 5. ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠢᠭᠡ ᠳᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠪᠡᠶ᠎ᠡ ᠶᠢᠨ | ᠳᠣᠲᠣᠭᠠᠳᠤ ᠶᠢᠨ ᠮᠡᠳᠡᠭᠡ ᠵᠠᠩᠭᠢ ᠶᠢᠨ ᠰᠢᠰᠲ᠋ᠧᠮ ᠢ ᠡᠮᠬᠢᠯᠡᠨ ᠨᠡᠶᠢᠯᠡᠭᠦᠯᠵᠦ᠂ ᠶᠡᠷᠦᠩᠬᠡᠶ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠠᠷᠢᠭᠤᠳᠬᠠᠬᠤ ᠬᠠᠩᠭᠠᠯᠭ᠎ᠠ᠂ | ᠵᠢᠷᠦᠬᠡᠨ ᠴᠠᠬᠢᠯᠭᠠᠨ ᠤ ᠣᠨᠣᠰᠢᠯᠠᠯᠲᠠ᠂ ᠡᠮᠴᠢᠯᠡᠭᠡᠨ ᠤ ᠰᠢᠯᠭᠠᠨ ᠪᠠᠶᠢᠴᠠᠭᠠᠯᠲᠠ᠂ ᠠᠨᠠᠭᠠᠬᠤ ᠤᠬᠠᠭᠠᠨ ᠤ ᠳᠦᠷᠰᠦ ᠰᠢᠩᠭᠡᠭᠡᠯᠲᠡ᠂ ᠠᠯᠤᠰ ᠠᠴᠠ ᠬᠠᠮᠲᠤᠷᠠᠨ | ᠣᠨᠣᠰᠢᠯᠠᠬᠤ᠂ ᠶᠠᠰᠤ ᠴᠢᠨᠠᠷ ᠢ ᠡᠵᠡᠮᠳᠡᠬᠦ ᠵᠡᠷᠭᠡ ᠵᠢᠷᠭᠤᠭᠠᠨ ᠶᠡᠭᠡ ᠲᠥᠪ ᠢ ᠪᠠᠶᠢᠭᠤᠯᠤᠨ᠎ᠠ᠃ ᠦᠨᠳᠦᠰᠦᠨ ᠱᠠᠲᠤᠨ ᠤ ᠪᠠᠶᠢᠴᠠᠭᠠᠯᠲᠠ᠂ ᠳᠡᠭᠡᠳᠦ ᠱᠠᠲᠤᠨ ᠤ | ᠣᠨᠣᠰᠢᠯᠠᠯᠲᠠ ᠶᠢ ᠳᠥᠯᠭᠢᠨ ᠠᠬᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠳᠤ ᠪᠠ ᠡᠮᠴᠢᠯᠡᠭᠡᠨ ᠤ ᠬᠠᠮᠲᠤ ᠶᠢᠨ ᠴᠣᠭᠴᠠ ᠶᠢᠨ | ᠬᠤᠭᠤᠷᠣᠨᠳᠣ ᠪᠠᠨ ᠬᠠᠷᠢᠯᠴᠠᠨ ᠵᠣᠯᠭᠠᠭᠤᠯᠵᠤ᠂ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ᠂ ᠡᠮᠴᠢᠯᠡᠭᠡᠨ ᠤ ᠮᠡᠷᠭᠡᠵᠢᠯ ᠤᠨ ᠪᠠᠶᠢᠴᠠᠭᠠᠯᠲᠠ ᠶᠢᠨ ᠦᠷ᠎ᠡ | ᠳ᠋ᠦᠩ ᠢ ᠬᠠᠷᠢᠯᠴᠠᠨ ᠮᠡᠳᠡᠷᠡᠬᠦ ᠶᠢ ᠬᠡᠷᠡᠭᠵᠢᠭᠦᠯᠦᠨ᠂ ᠳᠠᠪᠬᠤᠷᠳᠠᠭᠤᠯᠤᠨ ᠪᠠᠶᠢᠴᠠᠭᠠᠬᠤ ᠠᠴᠠ ᠵᠠᠶᠢᠯᠠᠰᠬᠢᠵᠦ᠂ ᠡᠮᠴᠢᠯᠡᠭᠡᠨ ᠤ ᠥᠪᠡᠷ ᠤᠨ ᠥᠷᠲᠡᠭ ᠢ ᠠᠷᠪᠢᠯᠠᠵᠤ᠂ | ᠣᠯᠠᠨ ᠲᠦᠮᠡᠨ ᠤ ᠡᠪᠡᠳᠴᠢᠨ ᠦᠵᠡᠭᠦᠯᠬᠦ ᠳᠤ ᠲᠥᠬᠦᠮ ᠦᠵᠡᠭᠦᠯᠦᠨ᠎ᠡ᠃ ᠬᠤᠶᠠᠷ ᠲᠤ ᠬᠤᠲᠠ ᠶᠢᠨ ᠱᠠᠲᠤᠨ ᠤ ᠣᠷᠣᠨ ᠪᠦᠰᠡ ᠶᠢᠨ ᠪᠥᠬᠦ ᠠᠷᠠᠳ ᠤᠨ ᠡᠷᠡᠭᠦᠯ | ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠵᠢᠯᠴᠠᠨ ᠦᠢᠯᠡᠴᠢᠯᠡᠬᠦ ᠬᠢᠷᠢ ᠲᠦᠪᠰᠢᠨ ᠪᠠ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ ᠬᠡᠷ ᠪᠦᠯᠢ ᠶᠢᠨ ᠡᠮᠴᠢ ᠶᠢᠨ APP ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠬᠡᠷ | ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠳᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠬᠠᠩᠭᠠᠵᠤ᠂ ᠤᠳᠠᠭᠠᠨ ᠴᠢᠨᠠᠷᠲᠠᠶ | ᠡᠪᠡᠳᠴᠢᠲᠡᠨ ᠳᠤ ᠳᠠᠬᠢᠨ ᠡᠮᠨᠡᠬᠦ᠂ ᠣᠷᠳᠣ ᠬᠤᠭᠤᠴᠠᠭ᠎ᠠ ᠪᠠᠷ ᠵᠣᠷ ᠪᠢᠴᠢᠬᠦ ᠵᠡᠷᠭᠡ ᠦᠢᠯᠡᠴᠢᠯᠡᠭᠡ ᠬᠠᠩᠭᠠᠨ᠎ᠠ᠃ 2023 ᠣᠨ ᠤ ᠡᠴᠦᠰ ᠲᠤ᠂ ᠰᠢᠶᠠᠨ ᠤ | ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠪᠡᠶ᠎ᠡ ᠶᠢᠨ ᠳᠣᠲᠣᠭᠠᠳᠤ ᠳᠤ ︽ᠵᠢᠷᠦᠬᠡᠨ ᠤ ᠴᠠᠬᠢᠯᠭᠠᠨ ᠤ ᠣᠨᠣᠰᠢᠯᠠᠯᠲᠠ︾ ᠪᠠ ︽ᠠᠨᠠᠭᠠᠬᠤ ᠤᠬᠠᠭᠠᠨ ᠤ ᠬᠡᠷᠡᠯ | ᠵᠢᠷᠤᠭ︾ ᠤᠨ ᠦᠷ᠎ᠡ ᠳ᠋ᠦᠩ ᠢ ᠬᠠᠷᠢᠯᠴᠠᠨ ᠮᠡᠳᠡᠷᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ︽ᠦᠨᠳᠦᠰᠦᠨ ᠱᠠᠲᠤᠨ ᠤ ᠪᠠᠶᠢᠴᠠᠭᠠᠯᠲᠠ + ᠰᠢᠶᠠᠨ ᠤ | ᠱᠠᠲᠤᠨ ᠤ ᠣᠨᠣᠰᠢᠯᠠᠯᠲᠠ︾ ᠶᠢᠨ ᠪᠠᠶᠢᠷᠢᠰᠢᠯ ᠢ ᠦᠨᠳᠦᠰᠦᠨ ᠳᠡᠭᠡᠨ ᠪᠡᠶᠡᠯᠡᠭᠦᠯᠬᠦ ᠶᠢ ᠠᠬᠢᠭᠤᠯᠤᠨ᠎ᠠ᠃ | ︵ᠬᠤᠶᠠᠷ︶ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠪᠠ ᠠᠵᠢᠯᠯᠠᠭᠠᠨ ᠤ ᠲᠣᠭᠲᠠᠴᠠ ᠶᠢ ᠪᠠᠶᠢᠭᠤᠯᠤᠨ | ᠪᠦᠷᠢᠨᠰᠢᠬᠦᠯᠦᠨ᠎ᠠ | 6. ᠡᠮᠴᠢᠯᠡᠭᠡᠨ ᠤ ᠬᠠᠮᠲᠤ ᠶᠢᠨ ᠴᠣᠭᠴᠠ ᠶᠢᠨ ᠤᠳᠤᠷᠢᠳᠬᠤ ᠪᠠᠶᠢᠭᠤᠯᠤᠮᠵᠢ ᠶᠢ ᠪᠠᠶᠢᠭᠤᠯᠤᠨ᠎ᠠ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ | ᠣᠷᠳᠣᠨ ᠢᠶᠠᠷ ᠲᠦᠷᠦᠭᠦᠯᠡᠭᠦᠯᠦᠭᠰᠡᠨ᠂ ᠣᠷᠣᠨ ᠲᠤᠭ᠎ᠠ ᠶᠢᠨ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠳᠠᠭᠠᠳᠬᠠᠯ ᠵᠡᠷᠭᠡ ᠰᠠᠯᠠᠭ᠎ᠠ ᠮᠥᠴᠢᠷ ᠵᠢᠴᠢ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠶᠢᠨ ᠣᠷᠣᠯᠴᠠᠭᠰᠠᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠢᠶᠠᠷᠤᠯᠲᠠ ᠶᠢᠨ | ᠵᠥᠪᠯᠡᠯ ︵ᠳᠣᠷᠣᠭᠰᠢ ︽ᠡᠮᠴᠢᠯᠡᠭᠡᠨ ᠤ ᠬᠠᠮᠢᠶᠠᠷᠤᠯᠲᠠ ᠶᠢᠨ ᠵᠥᠪᠯᠡᠯ︾ ᠭᠡᠵᠦ ᠲᠣᠪᠴᠢᠯᠠᠨ᠎ᠠ︶ ᠢ ᠪᠠᠶᠢᠭᠤᠯᠤᠨ᠎ᠠ᠃ ᠡᠮ ᠡᠮᠨᠡᠯᠭᠡ ᠶᠢᠨ ᠬᠠᠮᠢᠶᠠᠷᠤᠯᠲᠠ ᠶᠢᠨ | ᠵᠥᠪᠯᠡᠯ ᠤᠨ ᠡᠳᠦᠷ ᠲᠤᠲᠤᠮ ᠤᠨ ᠠᠵᠢᠯ ᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠡᠮ | ᠡᠮᠨᠡᠯᠭᠡ ᠶᠢᠨ ᠬᠠᠮᠲᠤ ᠶᠢᠨ ᠴᠣᠭᠴᠠ ᠶᠢᠨ ᠲᠥᠯᠥᠪᠵᠢᠭᠦᠯᠭᠡ ᠪᠠᠶᠢᠭᠤᠯᠤᠯᠲᠠ᠂ ᠣᠷᠣᠭᠤᠯᠤᠯᠲᠠ ᠶᠢᠨ ᠪᠠᠲᠤᠯᠠᠭ᠎ᠠ᠂ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ | ᠪᠠ ᠬᠢᠨᠠᠨ ᠰᠢᠯᠭᠠᠵᠤ ᠬᠢᠨᠠᠨ ᠬᠠᠮᠢᠶᠠᠷᠬᠤ ᠵᠡᠷᠭᠡ ᠴᠢᠬᠤᠯᠠ ᠶᠡᠭᠡ ᠵᠦᠢᠯᠡᠰ ᠢ ᠨᠢᠭᠡᠳᠦᠯᠲᠡᠶ ᠲᠥᠯᠥᠪᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠰᠡᠳᠦᠪᠲᠦ | ᠬᠤᠷᠠᠯ ᠬᠤᠷᠠᠯᠳᠤᠭᠤᠯᠵᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠤᠴᠢᠷ ᠶᠠᠪᠤᠳᠠᠯ ᠢ ᠰᠤᠳᠤᠯᠤᠨ ᠵᠠᠳᠠᠯᠵᠤ᠂ | ᠲᠦᠭᠵᠢᠷᠡᠯ ᠤᠨ ᠴᠡᠭ ᠤᠨ ᠲᠦᠪᠡᠭᠲᠡᠶ ᠠᠰᠠᠭᠤᠳᠠᠯ ᠢ ᠰᠢᠢᠳᠪᠦᠷᠢᠯᠡᠨ᠎ᠡ᠃ | 7. ᠡᠮᠴᠢᠯᠡᠭᠡᠨ ᠤ ᠬᠠᠮᠲᠤ ᠶᠢᠨ ᠴᠣᠭᠴᠠ ᠶᠢᠨ ᠵᠠᠰᠠᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠳᠤ ᠬᠡᠷᠡᠭ | ᠡᠷᠬᠢᠯᠡᠭᠴᠢᠳ ᠤᠨ ᠬᠤᠷᠠᠯ ᠤᠨ ᠵᠠᠰᠠᠬᠤ ᠲᠣᠭᠲᠠᠴᠠ ᠪᠠ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠣᠤᠷᠠᠬᠢ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ ᠶᠢᠨ | ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠦᠷᠦᠭᠦᠯᠡᠨ ᠬᠢᠬᠦ ᠨᠢᠭᠡᠴᠡ ᠬᠢᠭᠡᠳ ᠡᠯ᠎ᠡ ᠪᠦᠷᠢᠯᠳᠦᠬᠦᠨ ᠨᠢᠭᠡᠴᠡ | ᠬᠠᠮᠲᠤᠪᠠᠷ ᠣᠷᠣᠯᠴᠠᠭᠰᠠᠨ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠬᠡᠷᠡᠭ ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠦᠷᠢᠮ ᠪᠠ ᠠᠵᠢᠯ ᠤᠨ | ᠲᠦᠷᠢᠮ ᠢ ᠪᠠᠶᠢᠭᠤᠯᠵᠤ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠎ᠠ᠃ | ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ ᠬᠤᠷᠢᠶ᠎ᠠ ᠶᠢ | ᠪᠠᠶᠢᠭᠤᠯᠤᠨ᠂ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠬᠠᠮᠢᠶᠠᠷᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠥᠭᠡᠷᠡᠴᠢᠯᠡᠯᠲᠡ ᠶᠢ ᠠᠬᠢᠭᠤᠯᠬᠤ᠂ | ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ︽ᠭᠤᠷᠪᠠᠨ ᠴᠢᠬᠤᠯᠠ | ᠨᠢᠭᠡ ᠶᠡᠭᠡ︾ ᠵᠡᠷᠭᠡ ᠵᠦᠢᠯᠡᠰ ᠲᠤ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠡᠷᠡᠭᠵᠢᠭᠦᠯᠦᠨ᠎ᠡ᠃ ᠡᠮᠴᠢᠯᠡᠭᠡᠨ ᠤ ᠬᠠᠮᠲᠤ ᠶᠢᠨ ᠴᠣᠭᠴᠠ ᠶᠢᠨ | ᠤᠳᠤᠷᠢᠳᠬᠤ ᠪᠠᠭ ᠢ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠬᠠᠮᠢᠶᠠᠷᠴᠤ᠂ ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠦᠨ᠎ᠡ᠃ | 8. ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠨᠢᠭᠡᠳᠦᠯᠲᠡᠶ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ 2025 ᠣᠨ ᠳᠤ᠂ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠪᠦᠬᠦᠨ ᠢᠶᠠᠷ ᠢᠶᠠᠨ ᠰᠢᠶᠠᠨ ᠰᠢᠶᠠᠩ ᠲᠣᠰᠬᠤᠨ ᠢ ᠨᠢᠭᠡ ᠴᠤᠭᠴᠠᠵᠢᠭᠤᠯᠤᠨ ᠠᠵᠢᠯ | ᠬᠤᠪᠢᠶᠠᠷᠢᠯᠠᠨ ᠬᠠᠮᠵᠢᠯᠴᠠᠬᠤ᠂ ᠱᠠᠲᠤ ᠬᠤᠪᠢᠶᠠᠨ ᠣᠨᠣᠰᠢᠯᠠᠨ ᠡᠮᠨᠡᠬᠦ ᠠᠵᠢᠯᠯᠠᠭᠠᠨ ᠤ ᠲᠣᠭᠲᠠᠴᠠ ᠶᠢ ᠪᠡᠶᠡᠯᠡᠭᠦᠯᠵᠦ᠂ ᠵᠠᠰᠠᠭ ᠵᠠᠬᠢᠷᠭᠠᠨ᠂ ᠠᠵᠢᠯᠲᠠᠨ᠂ ᠡᠳ᠋ ᠤᠨ | ᠶᠠᠪᠤᠳᠠᠯ᠂ ᠲᠤᠬᠠᠶᠢᠯᠠᠭᠰᠠᠨ ᠠᠵᠢᠯ᠂ ᠡᠮ ᠤᠨ ᠵᠦᠢᠯ ᠬᠤᠷᠣᠭᠳᠠᠯ ᠮᠠᠲ᠋ᠧᠷᠢᠶᠠᠯ᠂ ᠮᠡᠳᠡᠭᠡ ᠵᠠᠩᠭᠢ᠂ ᠠᠵᠢᠯ ᠤᠨ ᠠᠮᠵᠢᠯᠲᠠ ᠪᠦᠲᠦᠮᠵᠢ᠂ ᠶᠡᠷᠦᠩᠬᠡᠶᠢᠯᠡᠭᠰᠡᠨ | ᠬᠠᠮᠢᠶᠠᠷᠤᠯᠲᠠ ᠵᠡᠷᠭᠡ ︽ᠨᠠᠢᠮᠠᠨ ᠨᠢᠭᠡᠳᠦᠯᠲᠡᠶ︾ ᠬᠠᠮᠢᠶᠠᠷᠤᠯᠲᠠ ᠶᠢ ᠬᠡᠷᠡᠭᠵᠢᠭᠦᠯᠵᠦ᠂ ︽ᠨᠠᠢᠮᠠᠨ ᠬᠤᠪᠢᠷᠠᠭᠤᠯᠬᠤ ᠥᠬᠡᠶ︾ ᠠᠵᠢᠯᠯᠠᠭᠠᠨ ᠤ ᠲᠣᠭᠲᠠᠴᠠ ᠶᠢ | ᠪᠠᠲᠤᠯᠠᠨ᠎ᠠ ︵ᠵᠠᠰᠠᠭ ᠤᠨ ᠣᠷᠳᠣᠨ ᠤ ᠡᠮᠨᠡᠯᠭᠡ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠤᠪᠢᠷᠠᠭᠤᠯᠬᠤ ᠥᠬᠡᠶ︔ ᠡᠳ᠋ ᠤᠨ ᠵᠠᠰᠠᠭ ᠤᠨ | ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠶᠢᠨ ᠬᠠᠤᠯᠢ ᠶᠢᠨ ᠬᠥᠮᠦᠨ ᠤ ᠬᠢᠷᠢ | ᠬᠡᠮ ᠢ ᠬᠤᠪᠢᠷᠠᠭᠤᠯᠬᠤ ᠥᠬᠡᠶ︔ ᠨᠢᠭᠡᠴᠡ ᠶᠢᠨ ᠰᠢᠨᠵᠢ ᠴᠢᠨᠠᠷ ᠨᠢ ᠬᠤᠪᠢᠷᠠᠬᠤ ᠦᠭᠡᠢ︔ ᠦᠨᠳᠦᠰᠦᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠬᠤᠪᠢᠷᠠᠭᠤᠯᠬᠤ | ᠥᠬᠡᠶ︔ ᠡᠭᠦᠷᠭᠡᠯᠡᠵᠦ ᠪᠠᠶᠢᠭ᠎ᠠ ᠭᠤᠣᠯ ᠠᠵᠢᠯ ᠤᠨ ᠡᠭᠦᠷᠭᠡ ᠶᠢ ᠬᠤᠪᠢᠷᠠᠭᠤᠯᠬᠤ ᠤᠢᠭᠡᠢ᠂ ᠠᠵᠢᠯᠲᠠᠨ ᠤ ᠪᠡᠶ᠎ᠡ ᠶᠢᠨ ᠭᠠᠷᠤᠯ ᠢ ᠬᠤᠪᠢᠷᠠᠭᠤᠯᠬᠤ ᠦᠭᠡᠢ︔ | ᠠᠵᠢᠯᠳᠠᠨ ᠤ ᠶᠠᠪᠤᠳᠠᠯ ᠤᠨ ᠬᠠᠷᠢᠴᠠᠭ᠎ᠠ ᠶᠢ ᠬᠤᠪᠢᠷᠠᠭᠤᠯᠬᠤ ᠦᠭᠡᠢ︶᠃ ᠠᠵᠢᠯ ᠦᠢᠯᠡᠰ ᠤᠨ ᠨᠢᠭᠡᠴᠡ ᠶᠢᠨ ᠲᠥᠷᠥᠯ ᠬᠤᠪᠢᠶᠠᠨ ᠬᠠᠮᠢᠶᠠᠷᠬᠤ ᠶᠢ ᠴᠢᠩᠭ᠎ᠠ | ᠵᠢᠷᠤᠮᠯᠠᠭᠰᠠᠨ ᠰᠠᠭᠤᠷᠢᠨ ᠳᠡᠭᠡᠷ᠎ᠡ᠂ ᠨᠠᠮ ᠤᠨ ᠤᠳᠤᠷᠢᠳᠤᠯᠭ᠎ᠠ ᠳᠣᠤᠷᠠᠬᠢ ᠶᠡᠷᠦᠩᠬᠡᠶ ᠬᠤᠷᠢᠶᠠᠨ ᠳᠠᠷᠤᠭ᠎ᠠ ᠶᠢᠨ ᠬᠠᠷᠢᠭᠤᠴᠠᠬᠤ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠡᠮᠨᠡᠯᠭᠡ ᠶᠢᠨ ᠬᠠᠮᠲᠤ ᠶᠢᠨ ᠴᠣᠭᠴᠠ ᠶᠢᠨ ᠨᠠᠮ ᠤᠨ ᠬᠤᠷᠢᠶ᠎ᠠ ᠶᠢ ᠪᠠᠶᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠨᠠᠮ ᠤᠨ | ᠬᠤᠷᠢᠶ᠎ᠠ ᠶᠢᠨ ᠱᠦᠵᠢ ᠶᠢᠨ ᠲᠤᠰᠢᠶᠠᠯ ᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠨᠥᠬᠦᠷ ᠡᠭᠦᠷᠭᠡᠯᠡᠵᠦ᠂ | ᠨᠠᠮ ᠤᠨ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠢ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ ︵ᠬᠤᠷᠢᠶᠠᠨ ᠳᠠᠷᠤᠭ᠎ᠠ︶ ᠠᠴᠠ | ᠡᠭᠦᠷᠭᠡᠯᠡᠵᠦ ᠪᠣᠯᠤᠨ᠎ᠠ᠃ | 9. ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠢᠨᠠᠨ ᠰᠢᠯᠭᠠᠬᠤ ᠶᠢ ᠴᠢᠩᠭᠠᠳᠬᠠᠨ᠎ᠠ᠃ ᠡᠮᠨᠡᠯᠭᠡ ᠶᠢᠨ ᠬᠠᠮᠢᠶᠠᠷᠤᠯᠲᠠ ᠶᠢᠨ ᠵᠥᠪᠯᠡᠯ ᠵᠠᠰᠠᠭ ᠤᠨ ᠣᠷᠳᠣᠨ ᠢ | ᠲᠥᠯᠥᠭᠡᠯᠡᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠦᠨᠡᠯᠡᠨ ᠮᠠᠭᠠᠳᠯᠠᠬᠤ ᠪᠠᠷᠢᠮᠵᠢᠶ᠎ᠠ ᠪᠠ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ︾ ᠶᠢᠨ ᠱᠠᠭᠠᠷᠳᠠᠯᠭ᠎ᠠ ᠶᠣᠰᠣᠭᠠᠷ | ᠂ ᠴᠢᠨᠠᠷ ᠢ ᠲᠣᠭᠲᠠᠭᠠᠬᠤ ᠪᠠ ᠬᠡᠮᠵᠢᠶ᠎ᠡ ᠶᠢ ᠲᠣᠭᠲᠠᠭᠠᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠨᠢᠭᠲᠠ ᠬᠡᠯᠪᠡᠷᠢ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠰᠢᠯᠭᠠᠨ ᠬᠢᠨᠠᠭᠰᠠᠨ ᠦᠷ᠎ᠡ | ᠳ᠋ᠦᠩ ᠢ ᠳᠠᠷᠠᠭ᠎ᠠ ᠨᠢᠭᠡ ᠵᠢᠯ ᠤᠨ ᠡᠳ᠋ ᠤᠨ ᠵᠠᠰᠠᠭ ᠤᠨ ᠣᠷᠣᠭᠤᠯᠤᠯᠲᠠ᠂ ᠡᠮᠴᠢᠯᠡᠭᠡᠨ ᠤ ᠳᠠᠭᠠᠳᠬᠠᠯ ᠤᠨ ᠣᠯᠭᠤᠬᠤ ᠪᠠᠯᠠ ᠮᠥᠩᠭᠦ ᠶᠢᠨ ᠲᠤᠭ᠎ᠠ ᠬᠡᠮᠵᠢᠶ᠎ᠡ᠂ | ᠴᠠᠯᠢᠩ ᠬᠥᠯᠥᠰᠥ ᠶᠢᠨ ᠶᠡᠷᠦᠩᠬᠡᠶ ᠬᠡᠮᠵᠢᠶ᠎ᠡ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠷᠢᠭᠤᠴᠠᠯᠭᠠᠲᠠᠨ ᠢ ᠲᠣᠮᠢᠯᠠᠬᠤ ᠪᠠᠭᠤᠯᠭᠠᠬᠤ ᠪᠠ ᠱᠠᠩᠨᠠᠵᠤ | ᠲᠣᠷᠭᠠᠬᠤ ᠯᠤᠭ᠎ᠠ ᠬᠤᠯᠪᠣᠭᠳᠠᠭᠤᠯᠬᠤ ᠬᠡᠷᠡᠭᠲᠡᠶ᠃ | ︵ᠭᠤᠷᠪᠠ︶ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | 10. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠴᠢᠳᠠᠪᠤᠷᠢ ᠶᠢᠨ ᠳᠡᠭᠡᠭᠰᠢᠯᠡᠯᠲᠡ ᠶᠢ ᠲᠦᠷᠭᠡᠳᠬᠡᠨ ᠠᠬᠢᠭᠤᠯᠤᠨ᠎ᠠ᠃ | ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠪᠠᠶᠠᠨᠨᠠᠭᠤᠷ ᠬᠤᠲᠠ ᠶᠢᠨ ᠬᠤᠲᠠ ᠶᠢᠨ | ᠡᠮᠴᠢᠯᠡᠭᠡᠨ ᠤ ᠪᠦᠯᠦᠭᠯᠡᠯ ᠢ ᠭᠦᠢᠴᠡᠳ ᠠᠰᠢᠭᠯᠠᠨ᠂ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠬᠢᠲᠠᠳ | ᠮᠣᠩᠭᠤᠯ ᠡᠮᠨᠡᠯᠭᠡ ᠶᠢᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ︔ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠱᠠᠳᠤ ᠵᠢᠴᠢ | ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠯᠤᠭ᠎ᠠ ᠬᠠᠪᠰᠤᠷᠤᠨ ᠲᠡᠳᠬᠦᠬᠦ ᠲᠣᠭᠲᠠᠴᠠ ᠶᠢ ᠢᠳᠡᠪᠬᠢᠲᠡᠶ ᠪᠠᠷ ᠪᠠᠶᠢᠭᠤᠯᠵᠤ᠂ ᠡᠮᠴᠢᠯᠡᠭᠡᠨ ᠤ | ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠶᠡᠷᠦᠩᠬᠡᠶ ᠡᠮᠨᠡᠯᠭᠡ ᠶᠢᠨ ᠬᠤᠷᠢᠶᠠᠨ ᠤ ᠭᠤᠣᠯᠳᠠᠯᠭ᠎ᠠ ᠲᠠᠢ ᠲᠤᠰᠬᠠᠶ ᠰᠠᠯᠠᠭ᠎ᠠ᠂ ᠦᠨᠳᠦᠰᠦᠨ | ᠱᠠᠲᠤᠨ ᠤ ᠤᠨᠴᠠᠯᠢᠭᠳᠤ ᠲᠤᠰᠬᠠᠶ ᠰᠠᠯᠠᠭ᠎ᠠ ᠪᠠ ᠲᠤᠰᠬᠠᠶ ᠡᠪᠡᠳᠴᠢᠨ ᠤ ᠲᠥᠪ ᠤᠨ ᠪᠠᠶᠢᠭᠤᠯᠤᠯᠲᠠ ᠶᠢ ᠡᠬᠢᠯᠡᠭᠦᠯᠦᠨ᠎ᠡ᠃ ᠰᠢᠶᠠᠨ ᠤ ᠠᠷᠠᠳ ᠤᠨ ᠡᠮᠨᠡᠯᠭᠡ ᠶᠢᠨ | ᠬᠤᠷᠢᠶᠠᠨ ᠤ ᠬᠦᠨᠳᠦ ᠡᠪᠡᠳᠴᠢᠨ ᠪᠠ ᠬᠠᠯᠳᠠᠪᠤᠷᠢᠲᠤ ᠡᠪᠡᠳᠴᠢᠨ ᠤ ᠡᠮᠴᠢᠯᠡᠭᠡᠨ ᠤ ᠡᠬᠢ ᠪᠠᠶᠠᠯᠢᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠦᠨᠳᠦ | ᠡᠪᠡᠳᠴᠢᠲᠡᠨ ᠤ ᠦᠷᠦᠭᠡ᠂ ᠲᠥᠬᠦᠭᠡᠷᠦᠮᠵᠢ᠂ ᠡᠮᠴᠢ ᠰᠤᠪᠢᠯᠠᠭᠴᠢ ᠶᠢᠨ ᠪᠡᠯᠡᠳᠬᠡᠯ ᠢ ᠰᠠᠶᠢᠲᠤᠷ ᠬᠢᠵᠦ᠂ ᠨᠠᠮᠳᠠᠭᠤᠯᠬᠤ ᠡᠪᠡᠳᠴᠢᠲᠡᠨ ᠤ ᠦᠷᠦᠭᠡ ᠶᠢ ᠪᠠᠶᠢᠭᠤᠯᠵᠤ᠂ | ᠬᠠᠯᠳᠠᠪᠤᠷᠢᠯᠠᠬᠤ ᠰᠠᠯᠠᠭ᠎ᠠ ᠶᠢ ᠬᠦᠴᠦᠷᠬᠡᠭᠵᠢᠭᠦᠯᠦᠨ᠎ᠡ᠃ | 11. ᠡᠮᠴᠢᠯᠡᠭᠡᠨ ᠤ ᠬᠠᠮᠲᠤ ᠶᠢᠨ ᠴᠣᠭᠴᠠ ᠶᠢᠨ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠪᠡᠶ᠎ᠡ ᠳᠣᠲᠣᠷ᠎ᠠ᠂ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠴᠢᠳᠠᠪᠤᠷᠢᠲᠠᠨ᠂ ᠮᠡᠷᠭᠡᠵᠢᠯ᠂ ᠡᠬᠢ | ᠪᠠᠶᠠᠯᠢᠭ ᠵᠡᠷᠭᠡ ᠶᠢ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ᠂ ᠱᠠᠲᠤ ᠳᠠᠷᠠᠭᠠᠯᠠᠨ ᠬᠠᠪᠰᠤᠷᠤᠨ ᠲᠡᠳᠬᠦᠵᠦ ᠰᠤᠮᠤ ᠪᠠᠯᠭᠠᠰᠤ᠂ ᠲᠣᠰᠬᠤᠨ ᠬᠤᠶᠠᠷ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠥᠭᠵᠢᠯᠲᠡ ᠶᠢ ᠳᠠᠶᠢᠴᠢᠯᠠᠵᠤ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠶ᠃ ᠨᠢᠭᠡ ᠳᠤ ᠰᠢᠶᠠᠨ ᠤ ᠡᠮᠨᠡᠯᠭᠡ ᠶᠢᠨ ᠬᠤᠷᠢᠶ᠎ᠠ ᠨᠢ | ᠡᠮᠴᠢᠯᠡᠭᠡᠨ ᠤ ᠲᠤᠰᠬᠠᠶ ᠰᠠᠯᠠᠭ᠎ᠠ ᠶᠢᠨ ᠪᠦᠲᠦᠭᠡᠨ ᠪᠠᠶᠢᠭᠤᠯᠤᠯᠲᠠ᠂ ᠬᠦᠴᠢᠷ ᠲᠦᠪᠡᠭᠲᠡᠶ ᠡᠪᠡᠳᠴᠢᠨ ᠤ ᠵᠢᠱᠢᠶ᠎ᠡ ᠶᠢ ᠣᠨᠣᠰᠢᠯᠠᠨ ᠵᠠᠰᠠᠬᠤ ᠪᠠ ᠲᠦᠷᠭᠡᠨ ᠡᠮᠨᠡᠵᠦ | ᠲᠦᠷᠭᠡᠨ ᠠᠪᠤᠷᠠᠬᠤ ᠠᠵᠢᠯ ᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠳᠡᠭᠡᠳᠦ ᠱᠠᠲᠤᠨ ᠤ ᠡᠮᠨᠡᠯᠭᠡ ᠶᠢᠨ | ᠬᠤᠷᠢᠶ᠎ᠠ ᠶᠢᠨ ᠲᠡᠳᠬᠦᠮᠵᠢ ᠶᠢ ᠢᠳᠡᠪᠬᠢᠲᠡᠶ ᠡᠷᠢᠯᠬᠢᠯᠡᠵᠦ᠂ ᠨᠠᠷᠠᠲᠤ ᠡᠮᠨᠡᠯᠭᠡ ᠶᠢᠨ ᠬᠤᠷᠢᠶ᠎ᠠ ᠯᠤᠭ᠎ᠠ ᠶᠢᠨ ᠲᠤᠬᠠᠶᠢᠯᠠᠭᠰᠠᠨ ᠠᠵᠢᠯ ᠤᠨ ᠬᠠᠮᠲᠤᠷᠠᠯᠴᠠᠭ᠎ᠠ ᠶᠢ | ᠴᠢᠩᠭᠠᠳᠬᠠᠨ᠂ ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ | ᠨᠠᠷᠠᠲᠤ ᠲᠤᠰᠬᠠᠶ ᠮᠡᠷᠭᠡᠵᠢᠯᠲᠡᠨ ᠢ ᠤᠷᠢᠵᠤ᠂ ᠮᠡᠷᠭᠡᠵᠢᠯ ᠤᠨ ᠨᠢᠷᠤᠭᠤᠪᠴᠢ ᠬᠦᠴᠦᠨ ᠢ ᠬᠥᠮᠦᠵᠢᠭᠦᠯᠵᠦ᠂ ᠨᠠᠷᠠᠲᠤ ᠡᠮᠨᠡᠯᠭᠡ ᠶᠢᠨ ᠰᠠᠯᠠᠭ᠎ᠠ ᠨᠠᠷᠠᠲᠤ ᠲᠠᠰᠤᠭ ᠢ ᠪᠣᠶ | ᠪᠣᠯᠭᠠᠵᠤ᠂ ᠪᠦᠯᠬᠦᠮ ᠨᠡᠶᠢᠲᠡ ᠶᠢᠨ ᠬᠠᠮᠵᠢᠯᠴᠠᠭ᠎ᠠ ᠶᠢ ᠰᠢᠯᠢᠳᠡᠭᠵᠢᠭᠦᠯᠦᠨ᠂ ᠠᠯᠤᠰ ᠡᠮᠴᠢᠯᠡᠭᠡ ᠪᠠ ᠡᠮᠨᠡᠯᠭᠡ ᠶᠢᠨ ᠬᠤᠷᠢᠶ᠎ᠠ ᠶᠢᠨ ᠬᠤᠭᠤᠷᠣᠨᠳᠣ ᠬᠠᠮᠲᠤᠷᠠᠨ | ᠣᠨᠣᠰᠢᠯᠠᠬᠤ ᠶᠢ ᠴᠢᠩᠭᠠᠳᠬᠠᠵᠤ᠂ ᠡᠪᠡᠳᠴᠢᠲᠡᠨ ᠤ ᠬᠦᠨᠳᠦ ᠡᠪᠡᠳᠴᠢᠨ ᠢ ᠭᠠᠳᠠᠭᠰᠢ ᠰᠢᠯᠵᠢᠭᠦᠯᠦᠨ ᠡᠮᠨᠡᠭᠦᠯᠬᠦ ᠶᠢ ᠪᠠᠭᠠᠰᠬᠠᠨ᠎ᠠ᠃ ᠬᠤᠶᠠᠷ ᠲᠤ᠂ ᠬᠢᠲᠠᠳ | ᠮᠣᠩᠭᠤᠯ ᠡᠮᠨᠡᠯᠭᠡ ᠶᠢᠨ ᠬᠤᠷᠢᠶ᠎ᠠ ᠨᠢ ᠬᠢᠲᠠᠳ ᠡᠮᠨᠡᠯᠭᠡ᠂ ᠮᠣᠩᠭᠤᠯ ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠶ ᠰᠠᠯᠠᠭ᠎ᠠ ᠶᠢᠨ ᠪᠥᠲᠥᠭᠡᠨ ᠪᠠᠶᠢᠭᠤᠯᠤᠯᠲᠠ ᠶᠢ ᠪᠣᠶ | ᠪᠣᠯᠭᠠᠵᠤ᠂ ᠦᠨᠳᠦᠰᠦᠨ ᠱᠠᠲᠤᠨ ᠤ ᠬᠢᠲᠠᠳ ᠮᠣᠩᠭᠤᠯ ᠡᠮ ᠡᠮᠨᠡᠯᠭᠡ ᠶᠢᠨ ᠳᠣᠭᠢᠷᠠᠬᠤ ᠮᠡᠷᠭᠡᠵᠢᠯ ᠢ ᠲᠦᠭᠡᠮᠡᠯᠵᠢᠭᠦᠯᠬᠦ ᠶᠢ ᠵᠢᠯᠣᠭᠤᠳᠴᠤ᠂ ︽ᠡᠪᠡᠳᠴᠢᠯᠡᠬᠦ ᠠᠴᠠ | ᠡᠮᠦᠨ᠎ᠡ ᠵᠠᠰᠠᠬᠤ︾ ᠦᠢᠯᠡᠴᠢᠯᠡᠭᠡ ᠶᠢ ᠥᠷᠭᠡᠨ ᠢᠶᠠᠷ ᠥᠷᠨᠢᠭᠦᠯᠵᠦ᠂ ᠬᠢᠲᠠᠳ ᠮᠣᠩᠭᠤᠯ ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ᠂ ᠡᠷᠡᠭᠦᠯᠵᠢᠭᠦᠯᠬᠦ ᠲᠤᠰᠬᠠᠶ | ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠤᠨ᠂ ᠬᠢᠲᠠᠳ ᠮᠣᠩᠭᠤᠯ ᠡᠮ ᠡᠮᠨᠡᠯᠭᠡ ᠶᠢᠨ ᠤᠨᠴᠠᠯᠢᠭᠳᠤ ᠦᠢᠯᠡᠴᠢᠯᠡᠭᠡ ᠶᠢ ᠬᠠᠩᠭᠠᠨ᠎ᠠ᠃ ᠭᠤᠷᠪᠠ ᠳᠤ ᠯᠦᠩ ᠱᠧᠩ | ᠾᠧ ᠪᠠᠯᠭᠠᠰᠤᠨ ᠤ ᠲᠥᠪ ᠡᠷᠡᠭᠦᠯ ᠬᠠᠮᠠᠭᠠᠯᠠᠯ ᠤᠨ ᠬᠤᠷᠢᠶ᠎ᠠ᠂ ᠱᠠᠵᠢᠨᠲᠣᠬᠤᠶ ᠰᠤᠮᠤᠨ ᠤ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ | ᠴᠢᠳᠠᠪᠤᠷᠢ ᠶᠢ ᠠᠯᠬᠤᠮ ᠠᠯᠬᠤᠮ ᠢᠶᠠᠷ ᠤᠯᠤᠰ ᠤᠨ ᠰᠢᠯᠢᠳᠡᠭ ᠦᠢᠯᠡᠴᠢᠯᠡᠭᠡᠨ ᠤ ᠦᠨᠳᠦᠰᠦᠨ ᠱᠠᠲᠤᠨ ᠤ ᠲᠠᠨᠢᠯᠴᠠᠭᠤᠯᠬᠤ ᠪᠠᠷᠢᠮᠵᠢᠶ᠎ᠠ ᠳᠤ ᠬᠦᠷᠦᠭᠦᠯᠦᠨ᠎ᠡ︔ | ᠪᠤᠰᠤᠳ ᠪᠠᠶᠢᠭᠤᠯᠤᠮᠵᠢ ᠨᠤᠭᠤᠳ ᠲᠤᠬᠠᠶ ᠶᠢᠨ ᠭᠠᠵᠠᠷ ᠤᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠵᠠᠰᠠᠬᠤ | ᠬᠡᠷᠡᠭᠴᠡᠭᠡ ᠶᠢ ᠬᠠᠩᠭᠠᠬᠤ ᠪᠠᠷ ᠪᠠᠷᠢᠮᠵᠢᠶ᠎ᠠ ᠪᠣᠯᠭᠠᠵᠤ᠂ ᠶᠡᠷᠦᠩᠬᠡᠶ ᠰᠠᠯᠠᠭᠠᠨ ᠤ ᠡᠮᠴᠢᠯᠡᠭᠡ᠂ ᠡᠷᠡᠭᠦᠯᠵᠢᠯ᠂ ᠰᠤᠪᠢᠯᠠᠯᠲᠠ ᠪᠠ ᠬᠢᠲᠠᠳ ᠡᠮ ᠡᠮᠨᠡᠯᠭᠡ᠂ ᠦᠨᠳᠦᠰᠦᠨ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠵᠡᠷᠭᠡ ᠪᠠᠷ ᠭᠤᠤᠯᠳᠠᠯᠭ᠎ᠠ ᠪᠣᠯᠭᠠᠨ᠂ ᠦᠢᠯᠡᠴᠢᠯᠡᠭᠡᠨ ᠤ ᠴᠢᠳᠠᠪᠤᠷᠢ ᠶᠢ ᠠᠯᠬᠤᠮ ᠠᠯᠬᠤᠮ ᠢᠶᠠᠷ | ᠤᠯᠤᠰ ᠤᠨ ᠰᠢᠯᠢᠳᠡᠭ ᠦᠢᠯᠡᠴᠢᠯᠡᠭᠡᠨ ᠤ ᠦᠨᠳᠦᠰᠦᠨ ᠱᠠᠲᠤᠨ ᠤ ᠠᠶᠠᠯᠠᠯ ᠤᠨ ᠦᠨᠳᠦᠰᠦᠨ ᠪᠠᠷᠢᠮᠵᠢᠶ᠎ᠠ ᠳᠤ ᠬᠦᠷᠦᠭᠦᠯᠦᠨ᠎ᠡ᠃ | 12. ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢ 18 ᠵᠦᠢᠯ ᠤᠨ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠤᠯᠯᠠᠬᠤ ᠲᠦᠷᠢᠮ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠰᠠᠭᠤᠷᠢ ᠪᠣᠯᠭᠠᠵᠤ᠂ ᠣᠨ ᠤ ︽ᠤᠯᠤᠰ ᠠᠴᠠ ᠶᠠᠰᠤ ᠴᠢᠨᠠᠷ ᠤᠨ ᠠᠮᠤᠷ ᠲᠦᠪᠰᠢᠨ ᠢ ᠰᠠᠶᠢᠵᠢᠷᠠᠭᠤᠯᠬᠤ | ᠬᠠᠷᠠᠯᠲᠠ ᠲᠠᠢ ᠪᠣᠯᠤᠭᠰᠠᠨ︾ ᠢᠶᠠᠷ ᠵᠢᠯᠣᠭᠤᠳᠣᠯᠭ᠎ᠠ ᠪᠣᠯᠭᠠᠵᠤ᠂ ᠬᠠᠷᠠᠯᠲᠠᠲᠤ ᠬᠠᠮᠢᠶᠠᠷᠤᠯᠲᠠ ᠶᠢ ᠠᠬᠢᠭᠤᠯᠤᠨ᠎ᠠ᠃ ᠡᠮᠴᠢᠯᠡᠭᠡᠨ ᠤ ᠬᠠᠮᠲᠤ ᠶᠢᠨ ᠪᠡᠶ᠎ᠡ ᠶᠢᠨ | ᠳᠣᠲᠣᠭᠠᠳᠤ ᠶᠢᠨ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠲᠦᠷᠢᠮ ᠲᠣᠭᠲᠠᠭᠠᠯ᠂ ᠮᠡᠷᠭᠡᠵᠢᠯ ᠤᠨ ᠵᠢᠷᠤᠮᠵᠢᠯ᠂ ᠠᠵᠢᠯᠲᠠᠨ ᠤ ᠪᠣᠯᠪᠠᠰᠤᠷᠠᠭᠤᠯᠤᠯ᠂ ᠶᠠᠰᠤ ᠴᠢᠨᠠᠷ ᠤᠨ | ᠡᠵᠡᠮᠳᠡᠯ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠡᠷᠭᠡ ᠲᠠᠯ᠎ᠠ ᠪᠠᠷ ᠨᠢᠭᠡᠳᠦᠯᠲᠡᠶ ᠪᠠᠷᠢᠮᠵᠢᠶ᠎ᠠ ᠶᠢ ᠬᠡᠷᠡᠭᠵᠢᠭᠦᠯᠵᠦ᠂ ᠶᠡᠷᠦᠩᠬᠡᠶ ᠡᠮᠨᠡᠯᠭᠡ ᠶᠢᠨ | ᠬᠤᠷᠢᠶ᠎ᠠ ᠨᠢ ᠡᠮᠴᠢᠯᠡᠭᠡᠨ ᠤ ᠬᠠᠮᠲᠤ ᠶᠢᠨ ᠪᠡᠶ᠎ᠡ ᠶᠢᠨ ᠳᠣᠲᠣᠭᠠᠳᠤ ᠶᠢᠨ ᠪᠦᠷᠢᠯᠳᠦᠬᠦᠨ ᠨᠢᠭᠡᠴᠡ ᠶᠢᠨ ᠡᠮᠴᠢᠯᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠡᠭᠦᠷᠭᠡᠯᠡᠵᠦ᠂ ᠡᠮᠴᠢᠯᠡᠭᠡᠨ ᠤ ᠬᠠᠮᠲᠤ ᠶᠢᠨ ᠪᠡᠶ᠎ᠡ ᠶᠢᠨ ᠳᠣᠲᠣᠭᠠᠳᠤ ᠶᠢᠨ ᠡᠮᠴᠢᠯᠡᠭᠡᠨ ᠤ ᠶᠠᠰᠤ ᠴᠢᠨᠠᠷ ᠢ ᠢᠵᠢᠯᠰᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠡᠮᠴᠢᠯᠡᠭᠡᠨ ᠤ ᠪᠠᠶᠢᠭᠤᠯᠤᠮᠵᠢ ᠨᠢ ᠵᠢᠯ ᠪᠦᠷᠢ ᠨᠠᠭᠠᠳᠤ ᠵᠠᠬ᠎ᠠ ᠳᠠᠭᠠᠨ ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠳᠤ ᠡᠮᠴᠢᠯᠡᠭᠡ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ᠂ ᠡᠮᠴᠢᠯᠡᠭᠡᠨ ᠤ ᠶᠠᠰᠤ | ᠴᠢᠨᠠᠷ ᠤᠨ ᠬᠠᠮᠢᠶᠠᠷᠤᠯᠲᠠ ᠬᠢᠭᠡᠳ ᠡᠵᠡᠮᠳᠡᠬᠦ ᠠᠷᠭ᠎ᠠ᠂ ᠲᠤᠰᠬᠠᠶ ᠮᠡᠷᠭᠡᠵᠢᠯ ᠤᠨ ᠵᠢᠷᠤᠮᠵᠢᠯ ᠵᠡᠷᠭᠡ ᠬᠠᠮᠢᠶ᠎ᠠ ᠪᠥᠬᠦᠶ ᠠᠭᠤᠯᠭ᠎ᠠ ᠶᠢᠨ ᠪᠣᠯᠪᠠᠰᠤᠷᠠᠭᠤᠯᠤᠯ ᠪᠠ ᠬᠢᠨᠠᠨ | ᠰᠢᠯᠭᠠᠯᠲᠠ ᠶᠢ ᠨᠢᠭᠡ ᠤᠳᠠᠭ᠎ᠠ ᠥᠷᠨᠢᠭᠦᠯᠬᠦ ᠬᠡᠷᠡᠭᠲᠡᠶ︔ ᠰᠠᠷ᠎ᠠ ᠪᠦᠷᠢ ᠡᠯ᠎ᠡ ᠰᠠᠯᠠᠭ᠎ᠠ ᠲᠠᠰᠤᠭ ᠤᠨ ᠡᠮᠴᠢᠯᠡᠭᠡᠨ ᠤ ᠶᠠᠰᠤ ᠴᠢᠨᠠᠷ ᠤᠨ ᠵᠠᠩᠭᠢᠯᠠᠭ᠎ᠠ ᠶᠢᠨ ᠭᠦᠢᠴᠡᠳᠬᠡᠯ | ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠳᠣᠲᠣᠭᠠᠳᠤ ᠳᠠᠭᠠᠨ ᠢᠯᠡ ᠨᠡᠶᠢᠲᠡᠯᠡᠨ᠎ᠡ᠃ ᠡᠮᠴᠢᠯᠡᠭᠡᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠪᠠᠶᠢᠳᠠᠯ ᠢ ᠰᠠᠯᠠᠭ᠎ᠠ | ᠲᠠᠰᠤᠭ ᠤᠨ ᠬᠠᠷᠢᠭᠤᠴᠠᠯᠭᠠᠲᠠᠨ ᠤ ᠶᠡᠷᠦᠩᠬᠡᠶᠢᠯᠡᠭᠰᠡᠨ ᠬᠠᠷᠠᠯᠲᠠᠲᠤ ᠬᠢᠨᠠᠨ ᠰᠢᠯᠭᠠᠯᠲᠠ ᠵᠢᠴᠢ ᠤᠷᠢᠨ ᠲᠣᠮᠢᠯᠠᠬᠤ᠂ ᠳᠡᠪᠰᠢᠭᠦᠯᠬᠦ᠂ ᠲᠡᠷᠢᠭᠦᠨ ᠤ ᠬᠢ ᠶᠢ | ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠶᠢᠨ ᠴᠢᠬᠤᠯᠠ ᠭᠦᠢᠴᠡᠳᠬᠡᠯ ᠲᠤᠭ᠎ᠠ ᠪᠣᠯᠭᠠᠨ᠎ᠠ︔ ᠡᠮᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ᠂ | ᠳᠡᠪᠰᠢᠭᠦᠯᠬᠦ ᠵᠢᠴᠢ ᠰᠠᠯᠠᠭ᠎ᠠ ᠲᠠᠰᠤᠭ ᠪᠠ ᠡᠮᠨᠡᠯᠭᠡ ᠶᠢᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢᠨ ᠴᠢᠬᠤᠯᠠ ᠦᠨᠳᠦᠰᠦᠯᠡᠯ | ᠪᠣᠯᠭᠠᠨ᠎ᠠ᠃ | 13. ᠡᠷᠡᠭᠦᠯ ᠮᠡᠨᠳᠦ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠨᠢ | ᠪᠣᠳᠠᠲᠠᠢ ᠳᠤ ᠰᠠᠭᠤᠷᠢᠯᠠᠨ ᠡᠪᠡᠳᠴᠢᠨ ᠵᠠᠰᠠᠬᠤ ᠪᠠᠷ ᠭᠤᠣᠯ ᠪᠣᠯᠭᠠᠬᠤ ᠶᠢ ᠡᠷᠡᠭᠦᠯ ᠮᠡᠨᠳᠤ ᠪᠠᠷ ᠭᠤᠣᠯ ᠪᠣᠯᠭᠠᠬᠤ ᠲᠡᠰᠢ ᠬᠤᠪᠢᠷᠠᠭᠤᠯᠬᠤ ᠶᠢ ᠠᠬᠢᠭᠤᠯᠵᠤ᠂ ᠡᠷᠡᠭᠦᠯ | ᠮᠡᠨᠳᠤ ᠶᠢᠨ ᠳ᠋ᠧᠩᠺᠸᠦ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠡᠷᠡᠭᠦᠯ ᠮᠡᠨᠳᠤ ᠶᠢᠨ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ | ᠪᠦᠬᠦ ᠠᠷᠠᠳ ᠤᠨ ᠡᠷᠡᠭᠦᠯ ᠮᠡᠨᠳᠤ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ | ᠲᠥᠷᠥᠯ ᠵᠦᠢᠯ ᠢ ᠪᠣᠳᠠᠲᠠᠶᠢᠵᠢᠭᠤᠯᠵᠤ᠂ ᠡᠷᠡᠭᠦᠯ ᠮᠡᠨᠳᠦ ᠶᠢᠨ ᠬᠥᠮᠦᠵᠢᠯ ᠪᠠ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ | ᠥᠷᠨᠢᠭᠦᠯᠦᠨ᠂ ᠰᠠᠭᠤᠭᠠᠯᠢ ᠠᠷᠠᠳ ᠤᠨ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠬᠡᠤᠬᠡᠳ ᠤᠨ | ᠡᠷᠡᠭᠦᠯᠵᠢᠯ᠂ ᠡᠮᠡᠭᠲᠡᠶᠢᠴᠦᠳ ᠤᠨ ᠡᠷᠡᠭᠦᠯᠵᠢᠯ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠲᠥᠯᠥᠪᠯᠡᠭᠡᠲᠦ ᠡᠭᠡᠯᠢᠯᠡᠭᠡ ᠶᠢᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠬᠦᠨᠳᠦ ᠨᠣᠴᠢᠲᠠᠶ ᠣᠶᠤᠨ ᠮᠡᠳᠡᠷᠡᠯ ᠤᠨ ᠰᠠᠭᠠᠳ᠂ | ᠠᠭᠤᠰᠬᠢᠨ ᠤ ᠰᠦᠷᠢᠶ᠎ᠡ ᠶᠢᠨ ᠡᠪᠡᠳᠴᠢᠲᠡᠨ ᠵᠡᠷᠭᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠭᠤᠤᠯᠳᠠᠯᠭ᠎ᠠ ᠲᠠᠢ ᠴᠢᠩᠭᠠᠳᠬᠠᠨ᠎ᠠ᠃ ᠡᠮᠴᠢᠯᠡᠭᠡᠨ ᠤ ᠬᠠᠮᠲᠤ ᠶᠢᠨ | ᠴᠣᠭᠴᠠ ᠪᠠᠷ ᠲᠦᠷᠦᠭᠦᠯᠡᠭᠦᠯᠦᠭᠰᠡᠨ ᠡᠮᠨᠡᠯᠭᠡ ᠶᠢᠨ ᠬᠤᠷᠢᠶ᠎ᠠ ᠶᠢᠨ ᠳᠣᠲᠣᠷ᠎ᠠ ᠪᠠᠨ ᠪᠣᠯᠵᠣᠵᠤ ᠣᠨᠣᠰᠢᠯᠠᠨ ᠡᠮᠨᠡᠬᠦ ᠪᠠ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ | ᠦᠢᠯᠡᠴᠢᠯᠡᠭᠡ ᠶᠢ ᠢᠳᠡᠪᠬᠢᠲᠡᠶ ᠪᠠᠷ ᠠᠬᠢᠭᠤᠯᠵᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠶᠢ ᠠᠬᠢᠭᠤᠯᠤᠨ᠂ ᠡᠪᠡᠳᠴᠢᠨ ᠢ ᠨᠢ ᠵᠠᠰᠠᠵᠤ ᠡᠳᠡᠭᠡᠷᠡᠭᠦᠯᠦᠨ | ᠠᠪᠬᠤ ᠪᠠᠷ ᠭᠤᠤᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠳᠠᠰᠢ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠱᠠᠭᠠᠷᠳᠠᠯᠭ᠎ᠠ ᠶᠣᠰᠣᠭᠠᠷ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠦᠢᠯᠡᠴᠢᠯᠡᠭᠡᠨ ᠤ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠡᠮᠴᠢᠯᠡᠭᠡᠨ ᠤ ᠬᠠᠮᠲᠤ ᠶᠢᠨ ᠴᠣᠭᠴᠠ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠮᠡᠷᠭᠡᠵᠢᠯ ᠤᠨ | ᠵᠢᠯᠣᠭᠤᠳᠣᠯᠭ᠎ᠠ᠂ ᠪᠣᠯᠪᠠᠰᠤᠷᠠᠭᠤᠯᠤᠯ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ | ᠤᠷᠢᠳᠴᠢᠯᠠᠨ ᠰᠡᠷᠭᠡᠶᠢᠯᠡᠬᠦ ᠪᠠ ᠦᠷᠭᠦᠯᠵᠢᠯᠡᠨ ᠬᠠᠮᠢᠶᠠᠷᠬᠤ ᠶᠢ ᠠᠬᠢᠭᠤᠯᠬᠤ ᠬᠡᠷᠡᠭᠲᠡᠶ᠃ | 14. ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠢᠭᠲᠠ ᠬᠡᠯᠪᠡᠷᠢ ᠶᠢᠨ | ᠡᠮᠴᠢᠯᠡᠭᠡᠨ ᠤ ᠬᠠᠮᠲᠤ ᠶᠢᠨ ᠴᠣᠭᠴᠠ ᠪᠠᠷ ᠠᠴᠢᠶᠠᠯᠠᠪᠤᠷᠢ ᠪᠣᠯᠭᠠᠵᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠠᠮᠢᠶ᠎ᠠ ᠪᠥᠬᠦᠶ | ᠡᠪᠡᠳᠴᠢᠨ ᠤ ᠢᠯᠡᠷᠡᠯ ᠲᠠᠢ ᠡᠪᠡᠳᠴᠢᠲᠡᠨ ᠢ ᠲᠠᠰ ᠬᠤᠪᠢᠶᠠᠨ ᠣᠨᠣᠰᠢᠯᠠᠨ ᠡᠮᠨᠡᠬᠦ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠥᠪ ᠢ ᠪᠠᠶᠢᠭᠤᠯᠵᠤ᠂ ᠶᠡᠷᠦᠩᠬᠡᠶ ᠡᠮᠨᠡᠯᠭᠡ ᠶᠢᠨ | ᠬᠤᠷᠢᠶ᠎ᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠡᠮᠴᠢᠯᠡᠭᠡᠨ ᠤ ᠬᠠᠮᠲᠤ ᠶᠢᠨ ᠪᠡᠶ᠎ᠡ ᠳᠠᠬᠢ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠵᠢᠯᠣᠭᠤᠳᠣᠯᠭ᠎ᠠ᠂ ᠬᠢᠨᠠᠯᠲᠠ ᠬᠠᠮᠢᠶᠠᠷᠤᠯᠲᠠ ᠪᠠ ᠰᠢᠯᠭᠠᠨ ᠬᠢᠨᠠᠬᠤ ᠶᠢ ᠨᠢᠭᠡᠳᠦᠯᠲᠡᠶ ᠲᠥᠯᠥᠪᠯᠡᠵᠦ᠂ | ᠬᠠᠮᠢᠶ᠎ᠠ ᠪᠥᠬᠦᠶ ᠡᠬᠢ ᠪᠠᠶᠠᠯᠢᠭ ᠢ ᠵᠣᠬᠢᠴᠠᠭᠤᠯᠤᠨ ᠨᠢᠭᠡᠳᠦᠯᠲᠡᠶ ᠲᠥᠯᠥᠪᠯᠡᠵᠦ᠂ ᠡᠮᠴᠢᠯᠡᠭᠡᠨ ᠤ ᠬᠠᠮᠲᠤ ᠶᠢᠨ ᠪᠡᠶ᠎ᠡ ᠳᠠᠬᠢ ᠣᠯᠠᠨ ᠨᠡᠶᠢᠲᠡ ᠶᠢᠨ ᠡᠷᠡᠭᠦᠯ ᠰᠢᠶᠠᠨ ᠤ | ᠬᠡᠪᠴᠢᠶᠡᠨ ᠳᠠᠬᠢ ᠬᠠᠯᠳᠠᠪᠤᠷᠢᠲᠤ ᠡᠪᠡᠳᠴᠢᠨ᠂ ᠭᠤᠤᠯᠳᠠᠯᠭ᠎ᠠ ᠲᠠᠢ ᠤᠳᠠᠭᠠᠨ ᠴᠢᠨᠠᠷᠲᠠᠶ ᠡᠪᠡᠳᠴᠢᠨ᠂ ᠮᠡᠳᠡᠷᠡᠯ ᠤᠨ ᠡᠷᠡᠭᠦᠯ ᠬᠠᠮᠠᠭᠠᠯᠠᠯ᠂ ᠠᠵᠢᠯ ᠤᠨ ᠨᠥᠯᠥᠭᠡᠨ ᠤ | ᠡᠪᠡᠳᠴᠢᠨ ᠵᠢᠴᠢ ᠣᠷᠣᠨ ᠨᠤᠲᠤᠭ ᠤᠨ ᠡᠪᠡᠳᠴᠢᠨ ᠵᠡᠷᠭᠡ ᠲᠤᠰᠬᠠᠶ ᠡᠪᠡᠳᠴᠢᠨ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠠᠵᠢᠯ ᠤᠨ ᠲᠣᠭᠲᠠᠴᠠ ᠶᠢ | ᠪᠠᠶᠢᠭᠤᠯᠵᠤ᠂ ᠰᠢᠶᠠᠨ ᠤ ᠬᠡᠪᠴᠢᠶᠡᠨ ᠳᠠᠬᠢ ᠲᠤᠰᠬᠠᠶ ᠡᠪᠡᠳᠴᠢᠨ ᠢ ᠡᠮᠨᠡᠬᠦ ᠪᠠ ᠰᠡᠷᠭᠡᠶᠢᠯᠡᠬᠦ ᠶᠢᠨ ᠠᠭᠤᠰᠤᠯᠴᠠᠬᠤ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ | ᠡᠮᠴᠢᠯᠡᠭᠡᠨ ᠤ ᠬᠠᠮᠲᠤ ᠶᠢᠨ ᠴᠣᠭᠴᠠ ᠶᠢᠨ ᠤᠳᠠᠭᠠᠨ ᠴᠢᠨᠠᠷᠲᠠᠶ ᠡᠪᠡᠳᠴᠢᠨ ᠢ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠤᠨ ᠬᠠᠮᠢᠶᠠᠷᠬᠤ ᠲᠣᠭᠲᠠᠴᠠ ᠶᠢ | ᠲᠡᠭᠦᠯᠳᠡᠷᠵᠢᠭᠦᠯᠵᠦ᠂ ᠰᠢᠶᠠᠨ ᠰᠢᠶᠠᠩ ᠲᠣᠰᠬᠤᠨ ᠢ ᠨᠢᠭᠡ ᠴᠤᠭᠴᠠᠵᠢᠭᠤᠯᠤᠭᠰᠠᠨ ᠤᠳᠠᠭᠠᠨ ᠴᠢᠨᠠᠷᠲᠠᠶ ᠡᠪᠡᠳᠴᠢᠨ ᠤ ᠦᠢᠯᠡᠴᠢᠯᠡᠭᠡᠨ ᠤ ᠬᠠᠮᠢᠶᠠᠷᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃ 2024 ᠣᠨ ᠤ ᠡᠴᠦᠰ ᠲᠤ᠂ ᠰᠢᠶᠠᠨ ᠤ ᠬᠡᠪᠴᠢᠶᠡᠨ ᠤ ᠡᠮᠴᠢᠯᠡᠭᠡ ᠪᠠ ᠰᠡᠷᠭᠡᠶᠢᠯᠡᠯᠲᠡ ᠶᠢ ᠠᠭᠤᠰᠤᠯᠴᠠᠭᠤᠯᠤᠨ | ᠬᠥᠭᠵᠢᠭᠦᠯᠬᠦ ᠲᠣᠭᠲᠠᠴᠠ ᠶᠢ ᠪᠠᠶᠢᠭᠤᠯᠵᠤ᠂ ᠰᠢᠶᠠᠨ ᠤ ᠬᠡᠪᠴᠢᠶᠡᠨ ᠳᠠᠬᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠭᠡᠳ ᠡᠮᠴᠢᠯᠡᠭᠡᠨ ᠤ ᠠᠪᠤᠷᠠᠨ ᠵᠠᠰᠠᠬᠤ | ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | 15. ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠪᠣᠳᠠᠲᠠᠶᠢᠵᠢᠭᠤᠯᠤᠨ ᠨᠠᠷᠢᠯᠢᠬᠵᠢᠭᠤᠯᠬᠤ ᠬᠡᠷᠡᠭᠲᠡᠶ᠃ ᠬᠡᠷ ᠪᠦᠯᠢ ᠶᠢᠨ | ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠦᠷᠭᠦᠯᠵᠢᠯᠡᠨ ᠥᠷᠨᠢᠭᠦᠯᠵᠦ᠂ ᠬᠡᠷ ᠪᠦᠯᠢ ᠶᠢᠨ ᠡᠮᠴᠢ ᠶᠢ ᠤᠷᠮᠠᠰᠢᠭᠤᠯᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ | ᠂ ᠭᠡᠷ᠎ᠡ ᠲᠣᠭᠲᠠᠬᠤ ᠦᠢᠯᠡᠴᠢᠯᠡᠭᠡᠨ ᠤ ᠵᠠᠷᠤᠳᠠᠯ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠪᠠ ᠴᠠᠯᠢᠩ ᠬᠥᠯᠥᠰᠥ ᠶᠢ ᠬᠤᠪᠢᠶᠠᠷᠢᠯᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠢᠨᠲ᠋ᠧᠷ ᠰᠦᠯᠵᠢᠶ᠎ᠡ + ᠬᠡᠷ ᠪᠦᠯᠢ ᠶᠢᠨ ᠡᠮᠴᠢ︾ ᠶᠢᠨ ᠭᠡᠷ᠎ᠡ ᠲᠣᠭᠲᠠᠨ ᠦᠢᠯᠡᠴᠢᠯᠡᠬᠦ ᠶᠢ ᠠᠬᠢᠭᠤᠯᠵᠤ᠂ | ᠦᠢᠯᠡᠴᠢᠯᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠦᠷᠭᠦᠯᠵᠢᠯᠡᠬᠦ ᠴᠢᠨᠠᠷ᠂ ᠬᠠᠮᠵᠢᠯᠴᠠᠬᠤ ᠴᠢᠨᠠᠷ ᠪᠠ ᠥᠨᠳᠥᠷ ᠦᠷ᠎ᠡ ᠠᠰᠢᠭᠲᠤ ᠴᠢᠨᠠᠷ ᠢ | ᠴᠢᠩᠭᠠᠷᠠᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠢ ᠦᠨᠳᠦᠰᠦᠨ ᠱᠠᠲᠤᠨ ᠳᠤ ᠳᠣᠷᠣᠭᠰᠢ ᠪᠠᠭᠤᠯᠭᠠᠬᠤ ᠶᠢ | ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ | ᠡᠮᠴᠢ ᠶᠢᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ | ︵ᠲᠥᠷᠪᠡ︶ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠥᠷᠢᠨᠰᠢᠬᠦᠯᠥᠨ᠎ᠡ | 16. ᠠᠵᠢᠯᠳᠠᠨ ᠤ ᠶᠠᠪᠤᠳᠠᠯ ᠤᠨ ᠲᠥᠷᠢᠮ ᠤᠨ ᠥᠭᠡᠷᠡᠴᠢᠯᠡᠯᠲᠡ ᠶᠢ ᠲᠥᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠯᠪᠠᠨ ᠬᠡᠷ ᠵᠡᠷᠭᠡ ᠲᠤᠯᠤᠭᠠᠨ ᠰᠠᠯᠠᠭ᠎ᠠ ᠮᠥᠴᠢᠷ ᠤᠨ ︽ᠭᠤᠷᠪᠠᠨ ᠲᠣᠳᠣᠷᠬᠠᠶ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠭ᠎ᠠ ᠶᠢᠨ ᠰᠢᠨ᠎ᠡ ᠶᠢ ᠡᠭᠦᠳᠦᠨ ᠵᠠᠰᠠᠬᠤ ᠲᠣᠭᠲᠠᠴᠠ ᠶᠢᠨ ᠨᠢᠭᠲᠠ ᠬᠡᠯᠪᠡᠷᠢ ᠶᠢᠨ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠬ ᠤᠨ ᠠᠵᠢᠯ ᠢ ᠴᠢᠨᠠᠷ ᠰᠠᠶᠢᠲᠠᠶ ᠳᠥᠯᠭᠢᠨ ᠠᠬᠢᠭᠤᠯᠬᠤ ᠰᠠᠨᠠᠯ ᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ︾ ︵ᠥᠪᠥᠷ ᠡᠮ ᠡᠮᠨᠡᠯᠭᠡ ᠥᠭᠡᠷᠡᠴᠢᠯᠡᠬᠦ ᠠᠯᠪᠠᠨ ᠥᠰᠥᠭ ︹ 2021 ︺ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ | ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠲᠠᠨ ᠤ ᠶᠠᠪᠤᠳᠠᠯ ᠤᠨ ᠬᠥᠯᠥᠰᠥ ᠣᠯᠭᠤᠮᠵᠢ ᠶᠢᠨ ᠲᠦᠷᠢᠮ ᠤᠨ ᠥᠭᠡᠷᠡᠴᠢᠯᠡᠯᠲᠡ ᠶᠢᠨ | ᠡᠭᠦᠷᠭᠡ ᠶᠢ ᠲᠦᠷᠭᠡᠳᠬᠡᠨ᠎ᠡ᠃ ᠣᠷᠣᠨ ᠲᠤᠭ᠎ᠠ ᠶᠢᠨ ᠰᠠᠯᠠᠭ᠎ᠠ ᠮᠥᠴᠢᠷ ᠨᠢ ᠶᠡᠷᠦᠩᠬᠡᠶ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠬᠠᠮᠢᠶᠠᠷᠤᠭᠰᠠᠨ ᠰᠠᠭᠤᠷᠢᠨ ᠳᠡᠭᠡᠷ᠎ᠡ᠂ | ᠶᠡᠷᠦᠩᠬᠡᠶ ᠡᠮᠨᠡᠯᠭᠡ ᠶᠢᠨ ᠬᠤᠷᠢᠶ᠎ᠠ ᠳᠤ ᠣᠷᠣᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠲᠡᠶ ᠳᠣᠭᠢᠷᠠᠭᠤᠯᠬᠤ᠂ ᠨᠢᠭᠡᠳᠦᠯᠲᠡᠶ ᠲᠥᠯᠥᠪᠯᠡᠨ ᠬᠡᠷᠡᠭᠯᠡᠬᠦ ᠡᠷᠬᠡ ᠮᠡᠳᠡᠯ ᠢ | ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠬᠠᠮᠲᠤᠷᠠᠨ ︽ᠬᠤᠰᠢᠭᠤ ᠰᠢᠶᠠᠨ ᠰᠤᠮᠤ ᠪᠠᠯᠭᠠᠰᠤ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠢᠯᠡ ᠪᠠᠷ ᠤᠷᠢᠨ ᠬᠡᠷᠡᠭᠯᠡᠬᠦ | ᠬᠤᠯᠪᠣᠭᠳᠠᠯ ᠪᠥᠬᠦᠶ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠷᠡᠭᠦᠯ ᠬᠠᠮᠠᠭᠠᠯᠠᠯ ᠬᠥᠮᠥᠨ ᠲᠠᠷᠬᠠᠭᠠᠭᠰᠠᠨ ︹ 2020 | ︺ 12 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠵᠤ᠂ ᠶᠡᠷᠦᠩᠬᠡᠶ ᠡᠮᠨᠡᠯᠭᠡ ᠶᠢᠨ ᠬᠤᠷᠢᠶ᠎ᠠ ᠳᠤ ᠬᠥᠮᠦᠨ ᠬᠡᠷᠡᠭᠯᠡᠬᠦ ᠡᠵᠡᠨ ᠮᠡᠳᠡᠬᠦ ᠡᠷᠬᠡ | ᠣᠯᠭᠤᠨ᠎ᠠ᠃ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠳᠣᠲᠣᠭᠠᠳᠤ ᠶᠢᠨ ᠠᠵᠢᠯᠲᠠᠨ ᠢ ᠶᠡᠷᠦᠩᠬᠡᠶ ᠡᠮᠨᠡᠯᠭᠡ ᠶᠢᠨ ᠬᠤᠷᠢᠶ᠎ᠠ ᠪᠠᠷ ᠨᠢᠭᠡᠴᠢ ᠪᠣᠯᠭᠠᠬᠤ ᠶᠢ ᠶᠡᠬᠡᠪᠡᠷ | ᠳᠥᠯᠭᠢᠨ ᠠᠬᠢᠭᠤᠯᠵᠤ᠂ ︽ᠬᠡᠷᠡᠭᠴᠡᠭᠡ ᠪᠠᠷ ᠨᠢ ᠠᠵᠢᠯ ᠤᠨ ᠪᠠᠶᠢᠷᠢ ᠳᠣᠭᠢᠷᠠᠭᠤᠯᠬᠤ᠂ ᠥᠷᠢᠰᠥᠯᠳᠦᠨ ᠤᠷᠢᠵᠤ ᠠᠵᠢᠯ ᠤᠨ ᠪᠠᠶᠢᠷᠢ ᠳᠤ ᠭᠠᠷᠭᠠᠬᠤ᠂ ᠠᠵᠢᠯ ᠤᠨ | ᠪᠠᠶᠢᠷᠢ ᠪᠠᠷ ᠴᠠᠯᠢᠩ ᠢ ᠲᠣᠭᠲᠠᠭᠠᠬᠤ︾ ᠵᠠᠷᠴᠢᠮ ᠶᠣᠰᠣᠭᠠᠷ᠂ ᠡᠮᠨᠡᠯᠭᠡ ᠶᠢᠨ ᠬᠠᠮᠲᠤ ᠶᠢᠨ ᠴᠣᠭᠴᠠ ᠶᠢᠨ ᠨᠢᠭᠡᠳᠦᠯᠲᠡᠶ ᠤᠷᠢᠬᠤ᠂ ᠨᠢᠭᠡᠳᠦᠯᠲᠡᠶ ᠪᠣᠯᠪᠠᠰᠤᠷᠠᠭᠤᠯᠬᠤ᠂ | ᠨᠢᠭᠡᠳᠦᠯᠲᠡᠶ ᠬᠠᠮᠢᠶᠠᠷᠬᠤ᠂ ᠨᠢᠭᠡᠳᠦᠯᠲᠡᠶ ᠳᠣᠭᠢᠷᠠᠭᠤᠯᠬᠤ᠂ ᠨᠢᠭᠡᠳᠦᠯᠲᠡᠶ ᠬᠢᠨᠠᠨ ᠰᠢᠯᠭᠠᠬᠤ᠂ ᠨᠢᠭᠡᠳᠦᠯᠲᠡᠶ ᠣᠯᠭᠤᠮᠵᠢ ᠲᠠᠢ ᠪᠠᠶᠢᠯᠭᠠᠬᠤ ᠶᠢ ᠬᠡᠷᠡᠭᠵᠢᠭᠦᠯᠵᠦ᠂ | ᠥᠷᠢᠰᠥᠯᠳᠦᠨ ᠤᠷᠢᠵᠤ ᠠᠵᠢᠯ ᠤᠨ ᠪᠠᠶᠢᠷᠢ ᠳᠤ ᠭᠠᠷᠬᠤ ᠪᠠ ᠭᠡᠷ᠎ᠡ ᠪᠠᠷ ᠬᠠᠮᠢᠶᠠᠷᠬᠤ ᠶᠢ ᠬᠡᠷᠡᠭᠵᠢᠭᠦᠯᠦᠨ᠎ᠡ᠃ | 17. ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠪᠠ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠶ ᠪᠠᠷ | ᠳᠣᠭᠢᠷᠠᠭᠤᠯᠬᠤ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ ᠨᠢ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ ᠬᠢᠨᠠᠨ ᠬᠠᠮᠢᠶᠠᠷᠬᠤ ᠡᠭᠦᠷᠭᠡ ᠴᠢᠳᠠᠪᠤᠷᠢ ᠪᠠᠨ ᠦᠨᠡᠨᠬᠦ ᠭᠦᠢᠴᠡᠳᠬᠡᠵᠦ᠂ ︽ | ᠨᠢᠭᠡᠳᠦᠯᠲᠡᠶ ᠬᠡᠷᠡᠭᠯᠡᠬᠦ᠂ ᠨᠢᠭᠡᠳᠦᠯᠲᠡᠶ ᠬᠠᠮᠢᠶᠠᠷᠬᠤ᠂ ᠶᠡᠷᠦᠩᠬᠡᠶ ᠲᠤᠭ᠎ᠠ ᠶᠢ ᠡᠵᠡᠮᠳᠡᠬᠦ᠂ ᠦᠯᠡᠳᠡᠪᠦᠷᠢ ᠶᠢ ᠦᠯᠡᠳᠡᠭᠡᠨ ᠬᠡᠷᠡᠭᠯᠡᠬᠦ︾ ᠵᠠᠷᠴᠢᠮ ᠢᠶᠠᠷ ᠪᠠᠯᠠ ᠮᠥᠩᠭᠦ ᠶᠢ | ᠶᠡᠷᠦᠩᠬᠡᠶ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠥᠭᠬᠦ ᠬᠡᠷᠡᠭᠲᠡᠶ᠃ ᠶᠡᠷᠦᠩᠬᠡᠶ ᠡᠮᠨᠡᠯᠭᠡ ᠶᠢᠨ ᠬᠤᠷᠢᠶ᠎ᠠ ᠨᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ | ᠬᠤᠭᠤᠴᠠᠭ᠎ᠠ ᠬᠤᠪᠢᠶᠠᠨ ᠰᠠᠯᠭᠠᠨ ᠥᠭᠬᠦ᠂ ᠬᠥᠳᠡᠯᠦᠩᠭᠦᠶ ᠪᠠᠷ ᠮᠥᠷᠳᠡᠨ ᠵᠠᠳᠠᠯᠬᠤ᠂ ᠠᠷᠪᠢᠯᠠᠨ ᠭᠠᠮᠨᠠᠬᠤ ᠬᠦᠴᠦᠨ ᠵᠦᠢᠯ ᠢ ᠤᠷᠮᠠᠰᠢᠭᠤᠯᠬᠤ ᠪᠠᠷ ᠳᠠᠮᠵᠢᠭᠤᠯᠤᠨ᠂ | ᠡᠮ ᠡᠮᠨᠡᠯᠭᠡ ᠶᠢᠨ ᠳᠠᠭᠠᠳᠬᠠᠯ ᠤᠨ ᠪᠠᠯᠠ ᠮᠥᠩᠭᠦ ᠶᠢ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠨᠵᠢᠯᠡᠬᠦ | ᠤᠬᠠᠭᠠᠨᠴᠢ ᠪᠠᠷ ᠨᠢᠭᠡᠳᠦᠯᠲᠡᠶ ᠲᠥᠯᠥᠪᠯᠡᠨ ᠬᠤᠪᠢᠶᠠᠷᠢᠯᠠᠬᠤ ᠶᠢᠨ ᠬᠠᠮᠲᠤ᠂ ᠣᠯᠠᠨ ᠲᠦᠮᠡᠨ ᠤ ᠵᠦᠶ ᠵᠣᠬᠢᠰᠲᠠᠶ ᠪᠠᠷ ᠡᠪᠡᠳᠴᠢᠨ ᠦᠵᠡᠭᠦᠯᠬᠦ ᠶᠢ ᠪᠠᠲᠤᠯᠠᠭᠰᠠᠨ | ᠤᠷᠢᠲᠠᠯ ᠳᠣᠤᠷ᠎ᠠ᠂ ᠡᠮ ᠡᠮᠨᠡᠯᠭᠡ ᠶᠢᠨ ᠳᠠᠭᠠᠳᠬᠠᠯ ᠤᠨ ᠪᠠᠯᠠ ᠮᠥᠩᠭᠦ ᠶᠢ ᠥᠪᠡᠰᠦᠪᠡᠨ ᠡᠵᠡᠮᠳᠡᠬᠦ ᠬᠠᠮᠢᠶᠠᠷᠤᠯᠲᠠ ᠶᠢᠨ ᠲᠦᠷᠢᠮ ᠢ ᠦᠷᠭᠦᠯᠵᠢᠯᠡᠨ ᠪᠦᠷᠢᠨᠰᠢᠬᠦᠯᠵᠦ᠂ | ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠶᠡᠷᠦᠩᠬᠡᠶ ᠡᠮᠨᠡᠯᠭᠡ ᠶᠢᠨ ᠬᠤᠷᠢᠶ᠎ᠠ ᠨᠢ | ᠡᠮᠨᠡᠯᠭᠡ ᠶᠢᠨ ᠬᠤᠷᠢᠶ᠎ᠠ ᠪᠠ ᠰᠠᠯᠠᠭᠠᠨ ᠤ ᠬᠤᠶᠠᠷ ᠱᠠᠲᠤᠨ ᠤ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ︽ᠶᠡᠷᠦᠩᠬᠡᠶ ᠲᠤᠭ᠎ᠠ ᠶᠢ ᠡᠵᠡᠮᠳᠡᠬᠦ᠂ | ᠦᠯᠡᠳᠡᠪᠦᠷᠢ ᠶᠢ ᠱᠠᠩᠨᠠᠬᠤ︾ ᠲᠦᠷᠢᠮ ᠢ ᠪᠠᠶᠢᠭᠤᠯᠵᠤ᠂ ᠦᠯᠡᠳᠡᠪᠦᠷᠢ ᠶᠢ ᠦᠯᠡᠳᠡᠭᠡᠨ ᠬᠡᠷᠡᠭᠯᠡᠬᠦ᠂ ᠵᠦᠶ ᠵᠣᠬᠢᠰᠲᠠᠶ ᠪᠠᠷ ᠬᠡᠲᠦᠷᠡᠭᠦᠯᠦᠨ ᠵᠠᠷᠤᠬᠤ ᠶᠢ ᠬᠤᠪᠢᠶᠠᠨ | ᠡᠭᠦᠷᠭᠡᠯᠡᠬᠦ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠣᠳᠠᠲᠠᠶᠢᠵᠢᠭᠤᠯᠤᠨ᠎ᠠ᠃ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠢᠳᠡᠪᠬᠢᠲᠡᠶ | ᠠᠬᠢᠭᠤᠯᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ | ᠥᠪᠡᠷ ᠤᠨ ᠥᠷᠲᠡᠭ ᠢ ᠢᠳᠡᠪᠬᠢᠲᠡᠢ ᠡᠵᠡᠮᠰᠢᠨ᠎ᠡ᠃ | 18. ᠦᠨᠳᠦᠰᠦᠨ ᠡᠮ ᠤᠨ ᠵᠦᠢᠯ ᠤᠨ ᠲᠦᠷᠢᠮ ᠤᠨ ᠪᠠᠶᠢᠭᠤᠯᠤᠯᠲᠠ ᠶᠢ ᠪᠠᠬᠢᠵᠢᠭᠦᠯᠦᠨ ᠲᠡᠭᠦᠯᠳᠡᠷᠵᠢᠭᠦᠯᠦᠨ᠎ᠡ᠃ ᠳᠡᠭᠡᠳᠦ ᠱᠠᠲᠤᠨ ᠤ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠪᠠᠷ ᠨᠢᠭᠡᠴᠢ ᠪᠣᠯᠭᠠᠭᠰᠠᠨ ᠡᠮ ᠤᠨ ᠵᠦᠢᠯ | ᠬᠤᠳᠠᠯᠳᠤᠨ ᠠᠪᠬᠤ ᠠᠷᠭ᠎ᠠ ᠮᠠᠶ᠋ᠢᠭ᠃ ᠲᠥᠪᠯᠡᠷᠡᠭᠦᠯᠦᠨ ᠬᠤᠳᠠᠯᠳᠤᠨ ᠠᠪᠬᠤ ᠳᠤᠮᠳᠠ ᠠᠴᠠ ᠰᠣᠩᠭᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠢᠳᠡᠪᠬᠢᠲᠡᠶ ᠬᠡᠷᠡᠭᠯᠡᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠳᠠᠭᠠᠵᠤ ᠬᠡᠷᠡᠭᠯᠡᠬᠦ ᠶᠢ ᠵᠢᠯᠣᠭᠤᠳᠴᠤ᠂ ᠡᠮ ᠤᠨ | ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠡᠷᠡᠭᠯᠡᠯᠲᠡ ᠶᠢᠨ ᠳᠡᠭᠡᠳᠦ ᠳᠣᠤᠷᠠᠳᠤ ᠱᠠᠲᠤᠨ ᠤ ᠵᠣᠬᠢᠴᠠᠯᠳᠤᠬᠤ ᠴᠢᠨᠠᠷ ᠢ ᠳᠡᠭᠡᠭᠰᠢᠯᠡᠭᠦᠯᠦᠨ᠎ᠡ᠃ | ᠡᠮᠴᠢᠯᠡᠭᠡᠨ ᠤ ᠬᠠᠮᠲᠤ ᠶᠢᠨ ᠴᠣᠭᠴᠠ ᠨᠢ ᠡᠮ ᠤᠨ ᠵᠦᠢᠯ ᠤᠨ ᠨᠢᠭᠡᠳᠦᠯᠲᠡᠶ ᠭᠠᠷᠴᠠᠭ᠂ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠦᠨ᠎ᠡ ᠬᠠᠩᠰᠢ᠂ | ᠨᠢᠭᠡᠳᠦᠯᠲᠡᠶ ᠳᠣᠭᠢᠷᠠᠭᠤᠯᠤᠨ ᠬᠦᠷᠭᠡᠬᠦ ᠶᠢ ᠪᠡᠶᠡᠯᠡᠭᠦᠯᠵᠦ᠂ ᠡᠮ ᠤᠨ ᠰᠤᠳᠤᠯᠤᠯ ᠤᠨ ᠦᠢᠯᠡᠴᠢᠯᠡᠭᠡᠨ ᠢ ᠦᠨᠳᠦᠰᠦᠨ ᠱᠠᠲᠤᠨ ᠳᠤ ᠪᠠᠭᠤᠯᠭᠠᠬᠤ ᠶᠢ ᠲᠦᠷᠭᠡᠳᠬᠡᠨ᠎ᠡ᠃ | ᠡᠪᠡᠳᠴᠢᠨ ᠤ ᠪᠠᠶᠢᠳᠠᠯ ᠨᠢ ᠲᠣᠭᠲᠠᠪᠤᠷᠢᠲᠠᠶ ᠤᠳᠠᠭᠠᠨ ᠴᠢᠨᠠᠷᠲᠠᠶ ᠡᠪᠡᠳᠴᠢᠲᠡᠨ ᠤ ᠡᠮ ᠬᠡᠷᠡᠭᠯᠡᠬᠦ ᠣᠷᠳᠣ ᠵᠣᠷ ᠤᠨ ᠲᠦᠷᠢᠮ ᠢ ᠨᠠᠶᠢᠳᠠᠪᠤᠷᠢᠵᠢᠭᠤᠯᠵᠤ᠂ ᠪᠠᠶᠢᠩᠭᠤ | ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ ᠵᠢᠴᠢ ᠡᠷᠡᠭᠦᠯᠵᠢᠯ ᠤᠨ ᠬᠤᠭᠤᠴᠠᠭᠠᠨ ᠳᠠᠬᠢ ᠡᠪᠡᠳᠴᠢᠲᠡᠨ ᠤ ᠵᠦᠶ ᠵᠣᠬᠢᠰᠲᠠᠶ ᠡᠮ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ | 19. ᠡᠳ᠋ ᠤᠨ ᠵᠠᠰᠠᠭ ᠤᠨ ᠣᠷᠣᠭᠤᠯᠤᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠬᠡᠷᠡᠭᠲᠡᠶ᠃ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠤᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠤᠯ ᠤᠨ ᠠᠷᠭ᠎ᠠ ᠵᠠᠮ ᠢᠶᠠᠷ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠦᠷᠢᠯᠳᠦᠬᠦᠨ ᠨᠢᠭᠡᠴᠡ ᠳᠤ ᠨᠥᠬᠦᠪᠥᠷᠢ ᠥᠭᠬᠦ ᠪᠠᠯᠠ ᠮᠥᠩᠭᠦ ᠶᠢ ᠭᠦᠢᠴᠡᠳ ᠲᠤᠭ᠎ᠠ ᠪᠠᠷ ᠳᠣᠭᠢᠷᠠᠭᠤᠯᠤᠨ᠎ᠠ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠠᠬᠢ ᠣᠷᠣᠭᠤᠯᠤᠯᠲᠠ ᠪᠠᠨ ︽ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠵᠡᠷᠭᠡ 5 | ᠵᠦᠢᠯ ᠤᠨ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ︾ ︵ᠡᠳ᠋ ᠤᠨ ᠵᠠᠰᠠᠭ ᠬᠤᠷᠰᠢᠶ᠎ᠠ ︹ | 2022 ︺ 31 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠢ | ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠩᠭᠤ ᠰᠠᠭᠤᠭ᠎ᠠ ᠬᠥᠮᠦᠨ ᠠᠮᠠ ᠶᠢᠨ ᠶᠡᠷᠦᠩᠬᠡᠶ ᠲᠣᠭᠠᠨ ᠤ ᠲᠥᠰᠦᠪ ᠶᠣᠰᠣᠭᠠᠷ᠂ ᠡᠮᠴᠢᠯᠡᠭᠡᠨ ᠤ ᠬᠠᠮᠲᠤ ᠶᠢᠨ | ᠴᠣᠭᠴᠠ ᠠᠴᠠ ᠨᠢᠭᠡᠳᠦᠯᠲᠡᠶ ᠲᠥᠯᠥᠪᠯᠡᠨ ᠬᠠᠮᠢᠶᠠᠷᠬᠤ ᠪᠠ ᠬᠡᠷᠡᠭᠯᠡᠬᠦ ᠶᠢ ᠬᠡᠷᠡᠭᠵᠢᠭᠦᠯᠵᠦ᠂ ᠵᠢᠯ ᠤᠨ ᠡᠬᠢᠨ ᠳᠤ ᠬᠡᠰᠡᠭ ᠠᠵᠢᠯ ᠤᠨ ᠵᠠᠷᠤᠳᠠᠯ ᠢ ᠤᠷᠢᠳᠴᠢᠯᠠᠨ | ᠰᠠᠯᠭᠠᠨ ᠥᠭᠴᠦ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠤ ᠳᠠᠷᠠᠭ᠎ᠠ ᠣᠯᠭᠤᠨ᠎ᠠ᠃ ᠡᠮᠴᠢᠯᠡᠭᠡᠨ ᠤ ᠬᠠᠮᠲᠤ ᠶᠢᠨ ᠪᠡᠶ᠎ᠡ ᠶᠢᠨ ᠳᠣᠲᠣᠭᠠᠳᠤ ᠶᠢᠨ | ᠡᠳ᠋ ᠤᠨ ᠶᠠᠪᠤᠳᠠᠯ ᠳᠤ ᠨᠢᠭᠡᠳᠦᠯᠲᠡᠶ ᠬᠠᠮᠢᠶᠠᠷᠬᠤ᠂ ᠲᠥᠪᠯᠡᠷᠡᠭᠦᠯᠦᠨ ᠲᠣᠭᠠᠴᠠᠭ᠎ᠠ ᠬᠢᠬᠦ ᠶᠢ ᠬᠡᠷᠡᠭᠵᠢᠭᠦᠯᠵᠦ᠂ ᠡᠯ᠎ᠡ ᠪᠦᠷᠢᠯᠳᠦᠬᠦᠨ ᠨᠢᠭᠡᠴᠡ ᠶᠢᠨ ᠡᠳ᠋ ᠤᠨ | ᠶᠠᠪᠤᠳᠠᠯ ᠳᠤ ᠲᠤᠰᠠᠭᠠᠷ ᠬᠤᠪᠢᠶᠠᠷᠢ ᠲᠠᠩᠰᠠᠨ ᠡᠷᠦᠬᠡ ᠪᠠᠶᠢᠭᠤᠯᠤᠨ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠬᠢᠨᠠᠨ ᠪᠠᠶᠢᠴᠠᠭᠠᠯᠲᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠬᠥᠳᠡᠭᠡ ᠲᠣᠰᠬᠤᠨ ᠤ ᠡᠮᠴᠢ ᠶᠢ ︽ | ᠰᠢᠶᠠᠩ ᠠᠴᠠ ᠤᠷᠢᠵᠤ ᠲᠣᠰᠬᠤᠨ ᠳᠤ ᠬᠡᠷᠡᠭᠯᠡᠬᠦ︾ ᠬᠠᠮᠢᠶᠠᠷᠤᠯᠲᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠥᠳᠡᠭᠡ ᠲᠣᠰᠬᠤᠨ ᠤ ᠡᠮᠴᠢ | ᠪᠣᠯᠤᠨ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠤᠷᠢᠨ ᠬᠡᠷᠡᠭᠯᠡᠬᠦ ᠬᠥᠳᠡᠯᠮᠦᠷᠢ ᠶᠢᠨ ᠭᠡᠷ᠎ᠡ ᠲᠣᠭᠲᠠᠬᠤ ᠬᠡᠷᠡᠭᠲᠡᠶ᠃ ᠰᠤᠮᠤ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠨᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰᠬᠤᠨ ᠤ | ᠱᠠᠲᠤᠨ ᠤ ᠡᠳ᠋ ᠤᠨ ᠵᠠᠰᠠᠭ ᠤᠨ ᠨᠥᠬᠦᠪᠥᠷᠢ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠥᠬᠦᠪᠥᠷᠢ᠂ ᠦᠨᠳᠦᠰᠦᠨ ᠡᠮ ᠤᠨ | ᠵᠦᠢᠯ ᠤᠨ ᠲᠦᠷᠢᠮ ᠤᠨ ᠲᠤᠰᠬᠠᠶ ᠵᠦᠢᠯ ᠤᠨ ᠨᠥᠬᠦᠪᠥᠷᠢ᠂ ᠡᠮᠴᠢᠯᠡᠭᠡᠨ ᠤ ᠦᠢᠯᠡᠴᠢᠯᠡᠭᠡᠨ ᠤ ᠣᠷᠣᠯᠭ᠎ᠠ ᠵᠡᠷᠭᠡ ᠵᠠᠷᠤᠳᠠᠯ ᠢ ᠰᠢᠨᠵᠢᠯᠡᠬᠦ ᠤᠬᠠᠭᠠᠨᠴᠢ ᠪᠠᠷ ᠵᠦᠶ | ᠵᠣᠬᠢᠰᠲᠠᠶ ᠲᠥᠰᠦᠭᠡᠯᠡᠨ ᠪᠤᠳᠤᠵᠤ᠂ ᠬᠥᠳᠡᠭᠡ ᠲᠣᠰᠬᠤᠨ ᠤ ᠡᠮᠴᠢ ᠶᠢᠨ ᠨᠥᠬᠦᠪᠥᠷᠢ ᠶᠢᠨ ᠣᠯᠭᠤᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠮᠴᠢᠯᠡᠭᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠭᠤᠷᠪᠠᠨ ᠢᠯᠡ ᠲᠤᠷᠰᠢᠯᠭ᠎ᠠ ᠶᠢ | ᠰᠤᠷᠤᠯᠴᠠᠨ ᠳᠡᠯᠭᠡᠷᠡᠭᠦᠯᠬᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠠᠭᠤᠯᠭ᠎ᠠ ᠪᠠ | ᠦᠨᠳᠦᠰᠦᠨ ᠱᠠᠳᠤ ᠶᠢ ᠬᠦᠴᠦᠷᠬᠡᠭᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠵᠤ᠂ ᠬᠠᠮᠢᠶ᠎ᠠ | ᠪᠦᠬᠦᠢ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠶ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ | ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠪᠠᠳᠠᠷᠠᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠵᠢᠯᠣᠭᠤᠳᠣᠯᠭ᠎ᠠ᠂ ᠬᠢᠨᠠᠯᠲᠠ᠂ | ᠬᠢᠨᠠᠨ ᠰᠢᠯᠭᠠᠯᠲᠠ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ︔ ᠡᠮ ᠡᠮᠨᠡᠯᠭᠡ ᠶᠢᠨ ᠳᠠᠭᠠᠳᠬᠠᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠣᠷᠣᠨ ᠲᠤᠭ᠎ᠠ ᠶᠢᠨ ᠠᠯᠪᠠᠨ ᠬᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ | ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ᠂ ᠡᠮ ᠡᠮᠨᠡᠯᠭᠡ ᠶᠢᠨ ᠦᠢᠯᠡᠴᠢᠯᠡᠭᠡᠨ ᠤ ᠦᠨ᠎ᠡ ᠬᠠᠩᠰᠢ ᠪᠠ ᠡᠮ ᠤᠨ | ᠵᠦᠢᠯ ᠤᠨ ᠬᠠᠩᠭᠠᠯᠭ᠎ᠠ ᠶᠢᠨ ᠪᠠᠲᠤᠯᠠᠭ᠎ᠠ ᠵᠡᠷᠭᠡ ᠬᠠᠮᠵᠢᠯᠴᠠᠭᠰᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠵᠢᠯᠲᠠᠨ ᠤ ᠶᠠᠪᠤᠳᠠᠯ᠂ ᠣᠷᠣᠨ ᠲᠤᠭ᠎ᠠ᠂ | ᠮᠡᠷᠭᠡᠵᠢᠯ ᠤᠨ ᠴᠣᠯᠠ᠂ ᠴᠠᠯᠢᠩ ᠬᠥᠯᠥᠰᠥ ᠵᠡᠷᠭᠡ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠠᠵᠢᠯᠯᠠᠭᠠᠨ ᠤ ᠲᠣᠭᠲᠠᠴᠠ ᠪᠠ ᠬᠥᠭᠵᠢᠯᠲᠡ ᠶᠢᠨ ᠵᠠᠭᠪᠤᠷ ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ᠃ | ︵ᠭᠤᠷᠪᠠ︶ ᠵᠢᠯᠣᠭᠤᠳᠴᠤ ᠰᠢᠮᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠨᠢ ᠤᠳᠤᠷᠢᠳᠬᠤ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠪᠠᠳᠠᠷᠠᠭᠤᠯᠵᠤ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠶᠢ ᠴᠢᠩᠭᠠᠷᠠᠭᠤᠯᠤᠨ᠂ ᠨᠢᠭᠲᠠ ᠬᠡᠯᠪᠡᠷᠢ ᠶᠢᠨ | ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢᠨ ᠳᠠᠭᠠᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠳᠤ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠬᠢᠨᠠᠵᠤ ᠦᠨᠡᠯᠡᠯᠲᠡ ᠬᠢᠵᠦ᠂ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠢ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ | ᠂ ᠰᠢᠯᠢᠳᠡᠭ ᠢ ᠰᠢᠯᠭᠠᠷᠠᠭᠤᠯᠵᠤ ᠲᠡᠷᠢᠭᠦᠨ ᠢ ᠰᠢᠯᠭᠠᠷᠠᠭᠤᠯᠬᠤ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢ ᠰᠠᠯᠭᠠᠨ ᠥᠭᠬᠦ᠂ ᠡᠳ᠋ ᠤᠨ ᠵᠠᠰᠠᠭ ᠤᠨ | ᠨᠥᠬᠦᠪᠥᠷᠢ ᠶᠢᠨ ᠴᠢᠬᠤᠯᠠ ᠦᠨᠳᠦᠰᠦᠯᠡᠯ ᠪᠣᠯᠭᠠᠬᠤ ᠶᠢᠨ ᠬᠠᠮᠲᠤ᠂ ᠡᠮᠨᠡᠯᠭᠡ ᠶᠢᠨ ᠠᠵᠢᠯᠲᠠᠨ ᠤ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ᠂ ᠳᠠᠪᠲᠠᠨ | ᠪᠣᠯᠪᠠᠰᠤᠷᠠᠬᠤ᠂ ᠲᠠᠰ ᠳᠡᠪᠰᠢᠬᠦ ᠵᠡᠷᠭᠡ ᠯᠦᠭᠡ ᠬᠤᠯᠪᠣᠭᠳᠠᠭᠤᠯᠬᠤ ᠬᠡᠷᠡᠭᠲᠡᠶ᠃ | ︵ᠳᠥᠷᠪᠡ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠃ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯᠲᠠᠨ ᠪᠠ ᠡᠮᠨᠡᠯᠭᠡ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ | ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠠᠪᠤᠴᠠ ᠳᠠᠬᠢ ᠰᠠᠶᠢᠨ ᠲᠤᠷᠰᠢᠯᠭ᠎ᠠ | ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠵᠦ᠂ ᠨᠡᠶᠢᠲᠡᠯᠢᠭ ᠵᠢᠱᠢᠶ᠎ᠡ ᠶᠢ ᠭᠦᠨᠵᠡᠭᠡᠶ ᠠᠭᠤᠳᠠᠯᠤᠨ ᠪᠤᠶᠢᠵᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | | |