ᠴᠢᠨᠠᠷ ᠰᠠᠶᠢᠲᠠᠢ ᠬᠥᠭᠵᠢᠯᠲᠡ ᠶᠢ ᠤᠯᠠᠨ ᠢᠶᠠᠷ ᠢᠶᠠᠨ ᠶᠠᠷᠢᠬᠤ᠂ ᠲᠤᠭ᠎ᠠ ᠪᠦᠷᠢᠳᠬᠡᠯ ᠤᠨ ᠲᠣᠪᠴᠢᠶ᠎ᠠ᠄ ᠴᠢᠨᠠᠷ ᠰᠠᠶᠢᠲᠠᠢ ᠲᠤᠭ᠎ᠠ ᠪᠦᠷᠢᠳᠬᠡᠯ ᠢᠶᠠᠷ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2023/9/6
      ᠬᠥᠲᠥᠯᠥᠭᠴᠢ᠄ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠦᠵᠡᠬᠦ ᠪᠣᠶ᠂ ᠪᠠᠶᠠᠨᠨᠠᠭᠤᠷ ᠬᠡᠷᠬᠢᠨ ᠠᠵᠢᠯᠯᠠᠬᠤ ᠪᠣᠶ᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠣᠯ ᠤᠯᠤᠰ ᠢ ᠵᠠᠰᠠᠬᠤ ᠶᠢᠨ ᠴᠢᠬᠤᠯᠠ ᠰᠠᠭᠤᠷᠢ ᠮᠥᠨ᠃ ᠬᠡᠷᠬᠢᠨ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠡᠭᠦᠷᠭᠡ ᠴᠢᠳᠠᠪᠤᠷᠢ ᠶᠢ ᠤᠯᠠᠮ ᠥᠷᠭᠡᠨ᠂ ᠤᠯᠠᠮ ᠭᠦᠨ᠂ ᠤᠯᠠᠮ ᠨᠠᠷᠢᠯᠢᠭ ᠪᠣᠯᠭᠠᠵᠤ᠂ ᠲᠤᠭ᠎ᠠ ᠪᠦᠷᠢᠳᠬᠡᠯ ᠢᠶᠠᠷ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠨᠠᠩ ᠦᠨᠡᠨ ᠪᠣᠳᠠᠲᠠᠢ ᠣᠨᠣᠪᠴᠢᠲᠠᠶ ᠲᠤᠰᠬᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ ᠪᠣᠶ︖ ᠥᠨᠥᠳᠥᠷ ᠪᠢᠳᠡ ᠪᠠᠶᠠᠨᠨᠠᠭᠤᠷ ᠬᠤᠲᠠ  ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠵᠠᠩ ᠰᠢᠶᠣᠣ ᠯᠦᠩ ᠪᠣᠯᠣᠨ ᠳᠡᠳ᠋ ᠳᠠᠷᠤᠭ᠎ᠠ ᠵᠠᠩ ᠳ᠋ᠧᠩ ᠵᠣᠴᠢᠳ ᠤᠨ ᠲᠣᠭᠯᠠᠯᠲᠠ  ᠶᠢᠨ ᠲᠠᠰᠤᠭ ᠲᠤ ᠤᠷᠢᠵᠤ ᠠᠪᠴᠢᠷᠠᠭᠠᠳ ᠪᠢᠳᠡᠨ ᠳᠤ ᠬᠠᠷᠢᠭᠤᠯᠲᠠ ᠥᠭᠴᠡᠢ᠃ ᠬᠤᠶᠠᠷ ᠵᠣᠴᠢᠨ ᠢ ᠪᠠᠶᠠᠷᠯᠠᠨ ᠤᠭᠲᠤᠵᠤ ᠪᠠᠶᠢᠨ᠎ᠠ᠃      ᠬᠥᠲᠥᠯᠥᠭᠴᠢ᠄ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠣᠯ ᠬᠤᠷᠸ᠎ᠠ ᠲᠣᠬᠢᠷᠠᠭᠤᠯᠤᠯ ᠡᠵᠡᠮᠳᠡᠯ ᠪᠠ ᠰᠢᠢᠳᠪᠦᠷᠢᠲᠦ ᠪᠣᠳᠣᠯᠭ᠎ᠠ ᠶᠢᠨ ᠬᠠᠮᠢᠶᠠᠷᠤᠯᠲᠠ ᠶᠢᠨ ᠴᠢᠬᠤᠯᠠ ᠦᠨᠳᠦᠰᠦᠯᠡᠯ ᠮᠥᠨ᠃ ᠲᠤᠭ᠎ᠠ ᠪᠦᠷᠢᠳᠬᠡᠯ ᠤᠨ ᠠᠵᠢᠯ  ᠢ ᠠᠵᠤ ᠠᠬᠤᠢ ᠨᠡᠶᠢᠭᠡᠮ ᠤᠨ ᠬᠥᠭᠵᠢᠯᠲᠡ  ᠶᠢᠨ ︽ᠴᠠᠭ ᠠᠭᠤᠷ ᠤᠨ ᠬᠡᠮᠵᠢᠭᠦᠷ︾᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ︽ᠣᠶᠤᠨ ᠤ ᠤᠭᠤᠲᠠ︾᠂ ᠨᠡᠶᠢᠭᠡᠮ ᠨᠡᠶᠢᠲᠡ  ᠶᠢᠨ ︽ᠮᠡᠳᠡᠭᠡ ᠵᠠᠩᠭᠢ  ᠶᠢᠨ ᠴᠣᠩᠬᠤ︾ ᠭᠡᠳᠡᠭ᠃ ᠲᠡᠭᠡᠪᠡᠯ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠪᠠᠰᠠ ᠶᠠᠮᠠᠷ ᠶᠠᠮᠠᠷ ᠠᠵᠢᠯ ᠬᠢᠭᠰᠡᠨ ᠪᠣᠶ︖ ᠪᠢᠳᠡ ᠤᠷᠢᠲᠠ ᠪᠠᠷ ᠣᠬᠤᠷ ᠹᠢᠯᠢᠮ ᠢᠶᠠᠷ ᠣᠢᠯᠠᠭᠠᠶ᠎ᠠ᠃      ᠬᠥᠲᠥᠯᠥᠭᠴᠢ᠄ ᠣᠬᠤᠷ ᠹᠢᠯᠢᠮ ᠢ ᠦᠵᠡᠭᠡᠳ᠂ ᠮᠠᠨ ᠤ ᠲᠤᠭ᠎ᠠ ᠪᠦᠷᠢᠳᠬᠡᠯ ᠤᠨ ᠠᠵᠢᠯ ᠤᠨ ᠬᠠᠮᠤᠷᠬᠤ ᠠᠭᠤᠯᠭ᠎ᠠ ᠮᠠᠰᠢ ᠥᠷᠭᠡᠨ ᠪᠠᠶᠢᠨ᠎ᠠ᠃ ᠶᠡᠭᠡ ᠠᠴᠠ ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠵᠠᠳᠠᠯᠤᠯᠲᠠ ᠪᠠ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭᠠᠳᠯᠠᠬᠤ ᠬᠦᠷᠲᠡᠯ᠎ᠡ᠂ ᠪᠠᠭ᠎ᠠ ᠠᠴᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠬᠦᠷᠲᠡᠯ᠎ᠡ᠃      ᠵᠣᠴᠢᠨ᠄ ᠲᠡᠶᠢᠮᠦ ᠠ᠋᠃ ᠮᠠᠨ ᠤ ᠡᠭᠦᠷᠭᠡ ᠪᠣᠯ ᠪᠦᠬᠦᠶᠢᠯᠡ ᠠᠵᠤ ᠠᠬᠤᠢ ᠨᠡᠶᠢᠭᠡᠮ ᠤᠨ ᠬᠠᠨᠳᠤᠰᠢ ᠶᠢ ᠪᠦᠬᠦ ᠲᠠᠯ᠎ᠠ ᠪᠠᠷ ᠲᠤᠰᠬᠠᠵᠤ᠂ ᠭᠠᠵᠠᠷ ᠣᠷᠣᠨ ᠤ ᠬᠥᠭᠵᠢᠯᠲᠡ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠨᠳᠦᠰᠦ ᠪᠠᠷᠢᠮᠲᠠ ᠬᠠᠩᠭᠠᠵᠤ᠂ ᠠᠷᠠᠳ ᠤᠯᠠᠨ ᠤ ᠠᠮᠢᠳᠤᠷᠠᠯ ᠳᠤ ᠮᠡᠳᠡᠭᠡ ᠵᠠᠩᠭᠢ ᠶᠢᠨ ᠯᠠᠪᠯᠠᠯᠲᠠ ᠬᠠᠩᠭᠠᠬᠤ ᠶᠠᠪᠤᠳᠠᠯ ᠪᠣᠯᠣᠨ᠎ᠠ᠃      ᠬᠥᠲᠥᠯᠥᠭᠴᠢ᠄ ᠪᠦᠷᠢᠳᠬᠡᠯ ᠠᠴᠠ ᠦᠵᠡᠪᠡᠯ᠂ ᠮᠠᠨ ᠤ 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠶᠠᠮᠠᠷ ᠵᠡᠷᠭᠡ ᠪᠣᠶ︖            ᠵᠣᠴᠢᠨ᠄ ᠨᠢᠳᠤᠨᠤᠨ ᠠᠴᠠ ᠨᠠᠰᠢ᠂ ᠪᠥᠬᠦ ᠬᠤᠲᠠ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠵᠤ᠂ ᠪᠠᠶᠢᠨ ᠳᠠᠬᠢᠨ ᠡᠭᠦᠰᠴᠦ᠂ ᠮᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠠᠶᠢᠵᠠᠮ ᠢ ᠰᠠᠮᠠᠭᠤᠷᠠᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠯᠢᠶᠡᠳ ᠢᠯᠡᠷᠬᠡᠢ ᠨᠥᠯᠥᠭᠡ ᠦᠵᠡᠭᠦᠯᠦᠭᠰᠡᠨ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠬᠦ ᠪᠠᠷ ᠳᠠᠮᠵᠢᠭᠤᠯᠵᠤ᠂ ᠠᠯᠢ ᠤᠯᠠᠨ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠤᠭᠰᠠᠨ ᠢᠶᠠᠷ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠯᠡᠷᠡᠵᠡᠢ᠃ ᠪᠦᠬᠦ ᠬᠤᠳᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠮᠢᠩᠭᠠᠨ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ ᠴᠢᠨᠠᠷ ᠰᠠᠶᠢᠲᠠᠢ ᠬᠥᠭᠵᠢᠯᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠨᠢᠭᠡ ᠳᠤ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 431.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠨᠡᠮᠡᠭᠳᠡᠵᠦ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ   ᠠᠴᠠ 0.2 ᠵᠠᠭᠤᠨ ᠤ ᠨᠢᠭᠡᠴᠢ ᠥᠨᠳᠥᠷ ᠪᠣᠯᠪᠠ︔ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 13.6% ᠨᠡᠮᠡᠭᠳᠡᠵᠦ᠂ ᠪᠦᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 2.7 ᠵᠠᠭᠤᠨ ᠤ ᠨᠢᠭᠡᠴᠢ ᠥᠨᠳᠥᠷ ᠪᠣᠯᠪᠠ︔ ︽ᠬᠤᠶᠠᠷ ᠰᠠᠭᠤᠷᠢᠨ ᠭᠠᠵᠠᠷ᠂ ᠳᠥᠷᠪᠡᠨ ᠠᠵᠤ ᠦᠢᠯᠡᠰ ᠤᠨ ᠪᠦᠯᠦᠭᠯᠡᠯ︾ ᠤᠨ ᠨᠡᠮᠡᠭᠳᠡᠯ ᠤᠨ ᠥᠷᠲᠡᠭ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ  ᠠᠴᠠ 5.4 ᠵᠠᠭᠤᠨ ᠤ ᠨᠢᠭᠡᠴᠢ ᠥᠨᠳᠥᠷ ᠪᠣᠯᠪᠠ᠃ ᠬᠤᠶᠠᠷ ᠲᠤ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 11.2% ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 5.7 ᠵᠠᠭᠤᠨ ᠤ ᠨᠢᠭᠡᠴᠢ ᠳᠡᠭᠡᠭᠰᠢᠯᠡᠪᠡ᠃ ᠡᠭᠦᠨ ᠤ ᠳᠣᠲᠣᠷ᠎ᠠ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 1.2 ᠲᠠᠬᠢᠨ ᠢᠶᠠᠷ ᠨᠡᠮᠡᠭᠳᠡᠪᠡ᠃ ᠪᠥᠬᠦ ᠬᠤᠲᠠ ᠶᠢᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠪᠣᠷᠣᠯᠠᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 11.4% ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 13.4 ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 357.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 53.1% ᠨᠡᠮᠡᠭᠳᠡᠵᠦ᠂ ᠪᠦᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 29.9 ᠵᠠᠭᠤᠨ ᠤ ᠨᠢᠭᠡᠴᠢ ᠥᠨᠳᠥᠷ ᠪᠠᠶᠢᠵᠤ᠂ ᠪᠦᠬᠦ ᠣᠷᠣᠨ ᠤ ᠨᠢᠭᠡᠳᠦᠭᠡᠷ ᠲᠤ ᠣᠷᠣᠪᠠ᠃ ᠭᠤᠷᠪᠠ ᠳᠤ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ ᠪᠥᠬᠦ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32155 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.3% ᠪᠠᠷ ᠨᠡᠮᠡᠭᠳᠡᠨ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ  ᠠᠴᠠ 1 ᠵᠠᠭᠤᠨ ᠤ ᠨᠢᠭᠡᠴᠢ ᠥᠨᠳᠥᠷ ᠪᠣᠯᠵᠤ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠨᠡᠮᠡᠭᠳᠡᠯ ᠤᠨ ᠬᠤᠷᠳᠤᠴᠠ  ᠠᠴᠠ 4.2 ᠵᠠᠭᠤᠨ ᠤ ᠨᠢᠭᠡᠴᠢ ᠲᠦᠷᠭᠡᠨ ᠪᠣᠯᠵᠠᠢ᠃      ᠬᠥᠲᠥᠯᠥᠭᠴᠢ᠄ ᠡᠨᠡ ᠪᠣᠯ ᠦᠨᠡᠬᠡᠷ ᠨᠢᠭᠡᠨ ᠬᠥᠭᠵᠢᠯᠲᠡ ᠶᠢᠨ ᠨᠠᠷᠢᠨ ᠲᠣᠳᠣᠷᠬᠠᠢ ᠬᠢᠷᠢ ᠪᠦᠲᠦᠮᠵᠢ ᠶᠢᠨ ᠬᠠᠭᠤᠳᠠᠰᠤ ᠪᠣᠯᠣᠨ᠎ᠠ᠃ ᠡᠳᠡᠭᠡᠷ ᠲᠤᠭ᠎ᠠ ᠪᠠᠷᠢᠮᠲᠠ ᠶᠢ ᠬᠡᠷᠬᠢᠨ ᠪᠦᠷᠢᠳᠬᠡᠵᠦ ᠭᠠᠷᠭᠠᠭᠰᠠᠨ ᠢ ᠪᠢ ᠶᠡᠭᠡ ᠭᠠᠶᠢᠬᠠᠵᠤ ᠪᠠᠢᠨ᠎ᠠ᠃ ᠮᠠᠨ ᠤ ᠰᠤᠷᠪᠤᠯᠵᠢᠯᠠᠭᠴᠢ ᠶᠢᠨ ᠦᠵᠡᠭᠳᠡᠯ ᠢ ᠳᠠᠭᠠᠵᠤ ᠴᠣᠬᠤᠮ ᠤᠴᠢᠷ ᠢ ᠨᠢ ᠡᠷᠢᠵᠦ ᠦᠵᠡᠭᠡᠷᠡᠢ᠃      ᠰᠤᠷᠪᠤᠯᠵᠢᠯᠠᠭᠴᠢ VOLG᠄ ᠪᠢ ᠣᠲᠣ ᠪᠠᠶᠠᠨᠨᠠᠭᠤᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠶᠢᠨ᠎ᠠ ᠁ ︵ᠲᠤᠭ᠎ᠠ ᠪᠦᠷᠢᠳᠬᠡᠯ ᠤᠨ ᠠᠷᠭ᠎ᠠ ᠪᠠᠷᠢᠯ᠂ ᠲᠤᠭ᠎ᠠ ᠪᠦᠷᠢᠳᠬᠡᠯ ᠤᠨ ᠬᠦᠷᠢᠶ᠎ᠡ ᠬᠡᠪᠴᠢᠶ᠎ᠡ᠂ ᠬᠡᠷᠬᠢᠨ ᠬᠢᠨᠠᠯᠲᠠ ᠲᠠᠯᠪᠢᠬᠤ︶      ᠵᠣᠴᠢᠨ᠄ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠨᠢ ᠲᠤᠭ᠎ᠠ ᠪᠦᠷᠢᠳᠬᠡᠯ ᠤᠨ ᠪᠠᠶᠢᠴᠠᠭᠠᠯᠲᠠ  ᠠᠴᠠ ᠢᠷᠡᠯᠲᠡ ᠲᠠᠢ᠂ ᠭᠤᠣᠯᠳᠠᠭᠤ ᠭᠤᠷᠪᠠᠨ ᠶᠡᠭᠡ ᠬᠡᠰᠡᠭ ᠢᠶᠠᠷ ᠪᠦᠷᠢᠯᠳᠦᠨ᠎ᠡ᠄ ᠠᠵᠤ ᠠᠬᠤᠶᠢᠯᠠᠯ ᠪᠤᠶᠤ ᠪᠤᠰᠤᠳ ᠪᠠᠶᠢᠴᠠᠭᠠᠭᠳᠠᠬᠤ ᠡᠲᠡᠭᠡᠳ ᠠᠴᠠ ᠰᠢᠭᠤᠳ ᠲᠠᠭᠯᠠᠨ ᠮᠡᠳᠡᠭᠦᠯᠦᠨ᠎ᠡ︔ ᠵᠠᠰᠠᠭ ᠤᠨ ᠣᠷᠳᠣᠨ ᠤ ᠪᠤᠰᠤᠳ ᠡᠷᠬᠡ ᠲᠤᠰᠢᠶᠠᠯᠲᠤ ᠰᠠᠯᠠᠭ᠎ᠠ ᠮᠥᠴᠢᠷ ᠠᠴᠠ ᠣᠯᠬᠤ ᠨᠡᠶᠢᠳᠡᠮ ᠪᠠᠶᠢᠴᠠᠭᠠᠯᠲᠠ ᠪᠤᠶᠤ ᠦᠯᠢᠭᠡᠷ ᠠᠪᠴᠤ ᠪᠠᠶᠢᠴᠠᠭᠠᠬᠤ ᠪᠠᠷ ᠳᠠᠮᠵᠢᠨ ᠣᠯᠵᠤ ᠪᠣᠯᠣᠨ᠎ᠠ᠃ ᠣᠳᠣᠬᠠᠨ ᠳᠤ᠂ ᠤᠯᠤᠰ  ᠠᠴᠠ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠬᠡᠪᠴᠢᠶᠡᠵᠢᠯ ᠠᠴᠠ ᠳᠣᠷᠣᠭᠰᠢᠬᠢ ᠠᠵᠤ ᠠᠬᠤᠶᠢᠯᠠᠯ ᠳᠤ ᠥᠯᠢᠭᠡᠷ ᠠᠪᠴᠤ ᠪᠠᠶᠢᠴᠠᠭᠠᠯᠲᠠ ᠬᠢᠵᠦ ᠪᠠᠶᠢᠨ᠎ᠠ᠂ ᠵᠢᠱᠢᠶᠡᠯᠡᠪᠡᠯ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠠᠤᠯᠢ ᠶᠢᠨ ᠡᠷᠬᠡᠲᠡᠨ ᠤ ᠨᠢᠭᠡᠴᠡ ᠳᠤ᠂ ᠪᠢᠳᠡ ᠤᠯᠤᠰ ᠤᠨ ᠲᠤᠭ᠎ᠠ ᠪᠦᠷᠢᠳᠬᠡᠯ ᠤᠨ ᠰᠦᠯᠵᠢᠶ᠎ᠡ ᠶᠢᠨ ᠰᠢᠭᠤᠳ ᠮᠡᠳᠡᠭᠦᠯᠬᠦ ᠰᠢᠰᠲ᠋ᠧᠮ ᠢᠶᠠᠷ ᠳᠠᠮᠵᠢᠭᠤᠯᠤᠨ᠂ ᠠᠵᠤ ᠠᠬᠤᠶᠢᠯᠠᠯ  ᠠᠴᠠ ᠰᠢᠭᠤᠳ ᠪᠡᠶ᠎ᠡ ᠪᠠᠨ ᠳᠠᠭᠠᠭᠠᠵᠤ ᠲᠠᠭᠯᠠᠨ ᠮᠡᠳᠡᠭᠦᠯᠦᠨ᠎ᠡ᠃ ᠡᠯ᠎ᠡ ᠱᠠᠲᠤᠨ ᠤ ᠲᠤᠭ᠎ᠠ ᠪᠦᠷᠢᠳᠬᠡᠯ ᠤᠨ ᠠᠵᠢᠯᠲᠠᠨ ᠭᠤᠣᠯᠳᠠᠭᠤ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢ ᠱᠠᠲᠤ ᠳᠠᠷᠠᠭᠠᠯᠠᠨ ᠬᠢᠨᠠᠨ ᠬᠠᠷᠭᠤᠭᠤᠯᠵᠤ ᠦᠨᠡᠯᠡᠨ ᠵᠢᠱᠢᠬᠦ ᠪᠠᠷ ᠳᠡᠮᠵᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠶᠢ ᠬᠠᠷᠢᠭᠤᠴᠠᠨ᠎ᠠ᠃      ᠬᠥᠲᠥᠯᠥᠭᠴᠢ᠄ ᠪᠢᠳᠡ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠪᠠᠶᠢᠴᠠᠭᠠᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠪᠠᠷ ᠪᠠᠷᠠᠬᠤ ᠦᠭᠡᠢ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠬᠤ ᠰᠢᠭ᠋ ᠰᠠᠨᠠᠭᠳᠠᠵᠤ ᠪᠠᠶᠢᠨ᠎ᠠ᠃      ᠵᠣᠴᠢᠨ᠄ ᠲᠡᠶᠢᠮᠦ ᠠ᠋᠃ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠪᠣᠯ ᠲᠤᠭ᠎ᠠ ᠪᠦᠷᠢᠳᠬᠡᠯ ᠤᠨ ᠠᠮᠢᠨ ᠰᠤᠳᠠᠰᠤ ᠮᠥᠨ᠂ ᠣᠶᠢᠷ᠎ᠠ ᠶᠢᠨ ᠵᠢᠯ ᠤᠳ ᠲᠤ᠂ ᠪᠢᠳᠡ ︽ᠬᠡᠷᠡᠭ ᠤᠨ ᠡᠮᠦᠨ᠎ᠡ᠂ ᠬᠡᠷᠡᠭ ᠤᠨ ᠳᠤᠮᠳᠠ᠂ ᠬᠡᠷᠡᠭ ᠤᠨ ᠬᠤᠶᠢᠨ᠎ᠠ︾ ᠭᠡᠬᠦ ᠭᠤᠷᠪᠠᠨ ᠲᠠᠯ᠎ᠠ ᠠᠴᠠ ᠭᠠᠷᠳᠠᠵᠤ᠂ ᠪᠥᠬᠦ ᠬᠡᠯᠬᠢᠶ᠎ᠡ ᠪᠠᠷ ᠬᠠᠮᠢᠶᠠᠷᠤᠨ ᠡᠵᠡᠮᠳᠡᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠪᠠ᠃ ᠡᠭᠦᠨ ᠠᠴᠠ ᠡᠮᠦᠨ᠎ᠡ᠂ ᠡᠯ᠎ᠡ ᠱᠠᠲᠤᠨ ᠤ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠬᠤ ᠪᠠᠷ ᠳᠠᠮᠵᠢᠭᠤᠯᠤᠨ᠂ ᠰᠢᠶᠠᠩ ᠪᠠᠯᠭᠠᠰᠤ᠂ ᠠᠵᠤ ᠠᠬᠤᠶᠢᠯᠠᠯ᠂ ᠬᠦᠷᠢᠶᠡᠯᠡᠩ ᠲᠣᠭᠤᠷᠢᠭ ᠵᠡᠷᠭᠡ 5 ᠬᠦᠷᠢᠶ᠎ᠡ ᠴᠠᠷᠠᠭ᠎ᠠ ᠶᠢᠨ ᠲᠤᠭ᠎ᠠ ᠪᠦᠷᠢᠳᠬᠡᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠷᠡᠰ ᠤᠨ ᠬᠥᠮᠥᠷᠭᠡ ᠶᠢᠨ ᠬᠠᠮᠠᠭᠠᠯᠠᠯᠲᠠ ᠶᠢ ᠲᠣᠰᠬᠤᠨ᠂ ᠨᠡᠶᠢᠭᠡᠮ ᠲᠣᠭᠤᠷᠢᠭ ᠲᠤ ᠬᠦᠷᠲᠡᠯ᠎ᠡ ᠤᠷᠲᠤᠳᠬᠠᠬᠤ ᠵᠡᠷᠭᠡ ᠠᠷᠭ᠎ᠠ ᠬᠡᠮᠵᠢᠶ᠎ᠡ ᠶᠢ ᠲᠦᠯᠬᠢᠨ ᠠᠬᠢᠭᠤᠯᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠪᠠᠲᠤᠳᠬᠠᠨ᠎ᠠ᠃ ᠬᠡᠷᠡᠭ ᠤᠨ ᠳᠤᠮᠳᠠ᠂ ︽ᠨᠢᠭᠡ ᠢᠵᠢ ᠬᠦᠰᠦᠨᠦᠭᠲᠦ︾ ᠶᠢ ᠴᠠᠭ ᠲᠤᠬᠠᠢ ᠳᠤᠨᠢ ᠬᠢᠨᠠᠨ ᠬᠡᠮᠵᠢᠵᠦ ᠠᠵᠤ ᠠᠬᠤᠶᠢᠯᠠᠯ ᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠭᠰᠡᠨ ᠪᠠᠶᠢᠳᠠᠯ ᠢ ᠰᠢᠭᠤᠳ ᠮᠡᠳᠡᠭᠦᠯᠵᠦ᠂ ᠮᠡᠳᠡᠭᠦᠯᠬᠦ ᠶᠢᠨ ᠳᠠᠭᠠᠤ ᠬᠢᠨᠠᠨ ᠪᠠᠶᠢᠴᠠᠭᠠᠵᠤ᠂ ᠮᠡᠳᠡᠭᠦᠯᠬᠦ ᠶᠢᠨ ᠳᠠᠭᠠᠤ ᠬᠢᠨᠠᠨ ᠪᠠᠶᠢᠴᠠᠭᠠᠵᠤ᠂ ᠲᠤᠰᠬᠠᠢ ᠮᠡᠷᠭᠡᠵᠢᠯ ᠠᠯᠤᠰᠯᠠᠭᠰᠠᠨ᠂ ᠮᠡᠳᠡᠭᠦᠯᠬᠦ ᠬᠦᠰᠦᠨᠦᠭᠲᠦ ᠠᠯᠤᠰᠯᠠᠭᠰᠠᠨ᠂ ᠭᠦᠢᠴᠡᠳᠬᠡᠯ ᠲᠤᠭ᠎ᠠ ᠠᠯᠤᠰᠯᠠᠭᠰᠠᠨ ᠬᠤᠯᠪᠣᠭᠳᠠᠬᠤ ᠬᠢᠨᠠᠨ ᠬᠠᠷᠭᠤᠭᠤᠯᠤᠯᠲᠠ ᠶᠢ ᠴᠢᠩᠭᠠᠳᠬᠠᠵᠤ᠂ ᠬᠡᠪ ᠤᠨ ᠪᠤᠰᠤ ᠲᠤᠭ᠎ᠠ ᠪᠠᠷᠢᠮᠲᠠ᠂ ᠬᠡᠯᠪᠡᠯᠵᠡᠯ ᠢᠶᠠᠷ ᠨᠡᠯᠢᠶᠡᠳ ᠶᠡᠭᠡ ᠲᠤᠭ᠎ᠠ ᠪᠠᠷᠢᠮᠲᠠ ᠪᠤᠶᠤ ᠢᠯᠡᠳᠲᠡ ᠪᠤᠷᠤᠭᠤ ᠲᠠᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠬᠢᠨᠠᠨ ᠬᠠᠷᠭᠤᠭᠤᠯᠵᠤ ᠵᠠᠰᠠᠨ᠎ᠠ᠃ ᠬᠡᠷᠡᠭ ᠤᠨ ᠳᠠᠷᠠᠭ᠎ᠠ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠪᠠ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠥᠪᠬᠡᠨ 2022 ᠣᠨ ᠳᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ  ᠠᠴᠠ ᠪᠥᠬᠦ ᠬᠤᠲᠠ ᠶᠢᠨ 425 ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠨᠢᠭᠡᠴᠡ᠂ ᠠᠵᠤ ᠠᠬᠤᠶᠢᠯᠠᠯ᠂ ᠬᠤᠪᠢ ᠶᠢᠨ ᠡᠷᠦᠬᠡ ᠳᠤ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ 87 ᠠᠵᠤ ᠠᠬᠤᠶᠢᠯᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ᠂ 5 ᠠᠵᠤ ᠠᠬᠤᠶᠢᠯᠠᠯ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠪᠡ᠃      ᠬᠥᠲᠥᠯᠥᠭᠴᠢ᠄ ᠮᠠᠨ ᠤ ᠪᠦᠷᠢᠳᠬᠡᠯ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠡᠷᠬᠢᠨ ᠦᠢᠯᠡᠴᠢᠯᠡᠬᠦ ᠪᠣᠶ︖      ᠵᠣᠴᠢᠨ᠄ ᠠᠵᠤ ᠠᠬᠤᠢ ᠶᠢᠨ ᠠᠵᠢᠯᠯᠠᠭᠠᠨ ᠤ ᠪᠠᠶᠢᠴᠠᠭᠠᠯᠲᠠ ᠬᠢᠨᠠᠨ ᠬᠡᠮᠵᠢᠯᠲᠡ ᠶᠢᠨ ᠲᠠᠯ᠎ᠠ  ᠪᠠᠷ᠂ ᠪᠢᠳᠡ ︽1+3︾ ᠠᠵᠢᠯ ᠤᠨ ᠲᠣᠭᠲᠠᠴᠠ ᠶᠢ ᠪᠠᠶᠢᠭᠤᠯᠤᠨ ᠬᠡᠷᠡᠭᠵᠢᠭᠦᠯᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠥᠨᠳᠥᠷ ᠪᠦᠲᠦᠮᠵᠢᠲᠡᠶ ᠪᠠᠷ ᠲᠤᠭ᠎ᠠ ᠪᠦᠷᠢᠳᠬᠡᠯ ᠤᠨ ᠦᠢᠯᠡᠴᠢᠯᠡᠭᠡ ᠬᠠᠩᠭᠠᠬᠤ ᠡᠨᠡ ᠬᠦ ᠬᠠᠷᠠᠯᠲᠠ ᠲᠠᠢ ᠤᠶᠠᠯᠳᠤᠭᠤᠯᠤᠨ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠠᠴᠠ ᠡᠮᠦᠨ᠎ᠡ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭᠠᠳᠯᠠᠬᠤ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠳᠤᠮᠳᠠ ᠬᠢᠨᠠᠨ ᠬᠠᠷᠭᠤᠭᠤᠯᠵᠤ ᠦᠨᠡᠯᠡᠨ ᠵᠢᠱᠢᠬᠦ ᠶᠢ ᠴᠢᠩᠭᠠᠳᠬᠠᠬᠤ᠂ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠦᠭᠰᠡᠨ ᠤ ᠲᠠᠷᠠᠭ᠎ᠠ ᠴᠠᠭ ᠲᠤᠬᠠᠢ ᠳᠤᠨᠢ ᠵᠠᠳᠠᠯᠤᠨ ᠰᠢᠨᠵᠢᠵᠦ ᠬᠢᠨᠠᠨ ᠬᠡᠮᠵᠢᠬᠦ ᠭᠤᠷᠪᠠᠨ ᠲᠠᠯ᠎ᠠ ᠶᠢᠨ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ᠂ ᠴᠠᠭ ᠲᠤᠬᠠᠢ ᠳᠤᠨᠢ᠂ ᠣᠨᠣᠪᠴᠢᠲᠠᠶ ᠲᠤᠰᠬᠠᠬᠤ ᠳᠤ ᠲᠤᠭ᠎ᠠ ᠪᠦᠷᠢᠳᠬᠡᠯ ᠤᠨ ᠪᠠᠲᠤ ᠴᠢᠩᠭ᠎ᠠ ᠪᠠᠲᠤᠯᠠᠭ᠎ᠠ ᠶᠢ ᠬᠠᠩᠭᠠᠪᠠ᠃ ᠪᠦᠷᠢᠳᠬᠡᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠯ᠎ᠠ ᠪᠠᠷ᠂ ᠪᠢᠳᠡ ᠰᠠᠯᠠᠭ᠎ᠠ ᠮᠥᠴᠢᠷ ᠤᠨ ᠪᠦᠷᠢᠳᠬᠡᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠤᠯᠪᠣᠭᠳᠠᠯ ᠪᠦᠬᠦᠢ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠲᠦᠮᠡ ᠭᠠᠷᠤᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠣᠯᠣᠨ ᠶᠡᠭᠡ ᠬᠡᠮᠵᠢᠶᠡᠨ ᠤ ᠵᠠᠳᠠᠯᠤᠯᠲᠠ ᠶᠢᠨ ᠰᠠᠨᠠᠭᠤᠯᠭ᠎ᠠ ᠬᠠᠩᠭᠠᠵᠤ᠂ ᠡᠯ᠎ᠡ ᠲᠠᠯ᠎ᠠ ᠶᠢᠨ ᠬᠢᠨ ᠤ ᠰᠠᠶᠢᠨ ᠦᠨᠡᠯᠡᠯᠲᠡ ᠶᠢ ᠣᠯᠪᠠ ᠃ ᠲᠤᠰᠬᠠᠢ ᠰᠡᠳᠦᠪ ᠤᠨ ᠵᠠᠳᠠᠯᠤᠯᠲᠠ ᠪᠠ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠲᠠᠯ᠎ᠠ  ᠪᠠᠷ᠂ ᠪᠢᠳᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠰᠢᠶᠠᠨ ᠥᠭᠴᠦ ᠭᠦᠢᠴᠡᠳᠬᠡᠭᠦᠯᠦᠭᠰᠡᠨ ᠭᠤᠣᠯᠳᠠᠯᠭ᠎ᠠ ᠲᠠᠢ ᠰᠡᠳᠦᠪ ᠵᠢᠴᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠢᠷ ᠲᠦᠪᠡᠭᠲᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠠᠩᠭᠢ ᠵᠣᠬᠢᠶᠠᠨ ᠪᠠᠶᠢᠭᠤᠯᠵᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ ᠬᠢᠵᠦ᠂ ᠪᠣᠭᠤᠮᠲᠠ ᠶᠢᠨ ᠠᠵᠤ ᠠᠬᠤᠢ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠦᠲᠦᠮᠵᠢᠲᠡᠢ ᠪᠡᠯᠡ ᠣᠷᠣᠭᠤᠯᠤᠯᠲᠠ ᠵᠡᠷᠭᠡ ᠤᠯᠠᠨ ᠬᠦᠷᠢᠶ᠎ᠡ ᠤᠯᠠᠨ ᠬᠠᠷᠠᠭᠠᠰᠤ ᠠᠴᠠ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠵᠠᠷᠢᠮ ᠠᠷᠭᠠᠴᠠᠬᠤ ᠪᠣᠳᠣᠯᠭ᠎ᠠ ᠶᠢᠨ ᠰᠠᠨᠠᠭᠤᠯᠭ᠎ᠠ ᠶᠢ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠦᠯᠢᠶᠡᠨ ᠠᠪᠤᠪᠠ᠃ ᠬᠥᠮᠥᠷᠭᠡ ᠠᠴᠠ ᠣᠷᠣᠭᠤᠯᠬᠤ ᠪᠠ ᠪᠤᠴᠠᠭᠠᠬᠤ ᠠᠵᠢᠯ ᠢ ᠰᠠᠶᠢᠲᠤᠷ ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠲᠠᠯ᠎ᠠ ᠪᠠᠷ ᠪᠢᠳᠡ ᠥᠩᠭᠡᠷᠡᠭᠰᠡᠨ ᠤ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠪᠠᠶᠢᠭᠠᠳ ᠬᠥᠮᠥᠷᠭᠡ ᠳᠤ ᠣᠷᠣᠭᠤᠯᠬᠤ ᠪᠠ ᠬᠥᠮᠥᠷᠭᠡ ᠠᠴᠠ ᠭᠠᠷᠭᠠᠬᠤ ᠶᠢ ᠠᠳᠬᠤᠵᠤ ᠪᠠᠶᠢᠭᠰᠠᠨ ᠠᠷᠭ᠎ᠠ ᠬᠢᠳᠡᠯ ᠢᠶᠠᠨ ᠬᠤᠪᠢᠷᠠᠭᠤᠯᠵᠤ᠂ ᠠᠵᠤ ᠠᠬᠤᠢ ᠢᠲᠡᠭᠡᠮᠵᠢ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠢᠶᠠᠨ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠪᠠ᠃ 2022 ᠣᠨ ᠤ ᠡᠴᠦᠰ ᠪᠣᠯᠲᠠᠯ᠎ᠠ᠂ ᠪᠥᠬᠦ ᠬᠤᠲᠠ ᠶᠢᠨ ︽ᠳᠥᠷᠪᠡ ᠶᠢ ᠳᠡᠭᠡᠭᠰᠢᠯᠡᠭᠦᠯᠬᠦ︾ ᠠᠵᠤ ᠠᠬᠤᠶᠢᠯᠠᠯ ᠤᠨ ᠲᠤᠭ᠎ᠠ 2021 ᠣᠨ ᠳᠤ 690 ᠡᠷᠦᠬᠡ ᠪᠠᠶᠢᠭᠰᠠᠨ  ᠠᠴᠠ ᠪᠠᠨ ᠨᠡᠮᠡᠭᠳᠡᠭᠡᠳ 740 ᠡᠷᠦᠬᠡ ᠪᠣᠯᠵᠠᠢ᠂ ᠡᠭᠦᠨ ᠳᠤ ᠵᠠᠨ ᠰᠢᠨ ᠠᠵᠤ ᠠᠬᠤᠶᠢᠯᠠᠯ 14 ᠡᠷᠦᠬᠡ ᠨᠡᠮᠡᠭᠳᠡᠵᠦ᠂ ︽ᠶᠠᠰᠤ ᠴᠢᠨᠠᠷ︾ ᠪᠠ ︽ᠲᠤᠭ᠎ᠠ ᠬᠡᠮᠵᠢᠶ᠎ᠡ︾ ᠨᠢ ᠴᠥᠮ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠮᠡᠳᠡᠭᠡ ᠵᠠᠩᠭᠢ ᠨᠡᠶᠢᠲᠡᠯᠡᠬᠦ ᠲᠠᠯ᠎ᠠ ᠪᠠᠷ᠂ ᠪᠢᠳᠡ ᠨᠠᠮ ᠵᠠᠰᠠᠭ ᠤᠨ ᠰᠡᠳᠬᠦᠯ᠂ ᠰᠦᠯᠵᠢᠶ᠎ᠡ᠂ ᠰᠣᠨᠢᠨ ᠵᠢᠴᠢ ᠲᠤᠭ᠎ᠠ ᠪᠦᠷᠢᠳᠬᠡᠯ ᠤᠨ ᠪᠢᠴᠢᠯ ᠮᠡᠳᠡᠭᠡᠯᠡᠯ ᠵᠡᠷᠭᠡ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ ᠡᠯ᠎ᠡ ᠲᠦᠷᠦᠯ ᠤᠨ ᠲᠤᠭ᠎ᠠ ᠪᠦᠷᠢᠳᠬᠡᠯ ᠤᠨ ᠵᠠᠳᠠᠯᠤᠯᠲᠠ ᠶᠢ 200 ᠭᠠᠷᠤᠢ ᠬᠤᠪᠢ ᠴᠠᠭ ᠲᠤᠬᠠᠢ ᠳᠤᠨᠢ ᠨᠡᠶᠢᠲᠡᠯᠡᠨ ᠲᠠᠶᠢᠯᠪᠤᠷᠢᠯᠠᠵᠤ᠂ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ 4000 ᠭᠠᠷᠤᠢ ᠵᠤᠷᠪᠤᠰ ᠤᠳᠠᠭ᠎ᠠ ᠨᠡᠶᠢᠲᠡᠯᠡᠵᠦ᠂ ᠨᠡᠩ ᠤᠯᠠᠨ ᠢᠳᠡᠪᠬᠢᠲᠡᠢ ᠳᠣᠬᠢᠶ᠎ᠠ ᠥᠭᠴᠦ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠩ ᠥᠷᠭᠡᠨ ᠨᠡᠩ ᠳᠥᠭᠦᠮ ᠳᠥᠲᠡ ᠪᠠᠷ ᠨᠡᠶᠢᠭᠡᠮ ᠳᠤ ᠬᠦᠷᠲᠡᠭᠡᠵᠡᠢ᠃      ᠬᠥᠲᠥᠯᠥᠭᠴᠢ᠄ ᠲᠠᠷᠠᠭᠠᠴᠢ ᠶᠢᠨ ᠠᠯᠬᠤᠮ ᠳᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ᠂ ᠪᠢᠳᠡᠨ ᠳᠤ ᠶᠠᠮᠠᠷ ᠰᠢᠨ᠎ᠡ ᠰᠡᠳᠬᠢᠴᠡ ᠪᠠ ᠰᠢᠨ᠎ᠡ ᠠᠷᠭ᠎ᠠ ᠬᠡᠮᠵᠢᠶ᠎ᠡ ᠪᠠᠶᠢᠬᠤ ᠪᠣᠶ︖      ᠵᠣᠴᠢᠨ᠄ ᠲᠠᠷᠠᠭᠠᠴᠢ ᠶᠢᠨ ᠠᠯᠬᠤᠮ ᠳᠤ᠂ ᠪᠢᠳᠡ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ ᠴᠢᠬᠤᠯᠠ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠂ ᠲᠤᠬᠠᠶᠢᠯᠠᠪᠠᠯ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ︔ ︽ᠳᠥᠷᠪᠡᠨ ᠶᠡᠭᠡ ᠳᠡᠭᠡᠭᠰᠢᠯᠡᠭᠦᠯᠬᠦ ᠢᠨᠵᠧᠨᠧᠷᠢᠩ︾ ᠢ ᠰᠠᠶᠢᠲᠤᠷ ᠬᠡᠷᠡᠭᠵᠢᠭᠦᠯᠦᠨ᠎ᠡ᠄ ᠨᠢᠭᠡ ᠳᠤ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ ᠲᠤᠰᠬᠠᠢ ᠵᠠᠰᠠᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠠ ᠲᠤᠭ᠎ᠠ ᠪᠦᠷᠢᠳᠬᠡᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠬᠤ ᠪᠠᠷ ᠭᠠᠷᠳᠠᠴᠠ ᠪᠣᠯᠭᠠᠵᠤ᠂ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠬᠢᠨᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︔ ᠬᠤᠶᠠᠷ ᠲᠤ᠂ ᠲᠤᠭ᠎ᠠ ᠪᠦᠷᠢᠳᠬᠡᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠵᠦ ᠵᠠᠳᠠᠯᠤᠯᠲᠠ ᠬᠢᠬᠦ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︔ ᠭᠤᠷᠪᠠ ᠳᠤ ︽ᠲᠤᠭ᠎ᠠ ᠪᠦᠷᠢᠳᠬᠡᠯ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠶᠢᠨ ᠣᠨ︾ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︔ ᠳᠥᠷᠪᠡ ᠳᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠩᠨᠡᠭᠡ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠲᠤᠭ᠎ᠠ ᠪᠦᠷᠢᠳᠬᠡᠯ ᠤᠨ ᠺᠠᠳ᠋ᠷ ᠤᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠶᠡᠷᠦᠩᠬᠡᠢ ᠳᠤᠨᠢ ᠠᠪᠴᠤ ᠬᠡᠯᠡᠪᠡᠯ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠪᠠᠶᠠᠨᠨᠠᠭᠤᠷ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠲᠤᠭ᠎ᠠ ᠪᠦᠷᠢᠳᠬᠡᠯ ᠤᠨ ᠡᠭᠦᠷᠭᠡᠯᠡᠯ ᠢ ᠢᠯᠡᠷᠡᠭᠦᠯᠵᠦ᠂ ᠲᠤᠭ᠎ᠠ ᠪᠦᠷᠢᠳᠬᠡᠯ ᠤᠨ ᠬᠤᠪᠢ ᠨᠡᠮᠡᠷᠢ ᠦᠵᠡᠭᠦᠯᠬᠦ ᠬᠡᠷᠡᠭᠲᠡᠢ᠃      ᠬᠥᠲᠥᠯᠥᠭᠴᠢ᠄ ᠲᠤᠭ᠎ᠠ ᠪᠦᠷᠢᠳᠬᠡᠯ ᠤᠨ ᠠᠵᠢᠯ ᠮᠠᠨ ᠤ ᠠᠷᠠᠳ ᠤᠨ ᠠᠮᠢᠳᠤᠷᠠᠯ ᠠᠴᠠ ᠨᠡᠯᠢᠶᠡᠳ ᠬᠤᠯᠠ ᠰᠢᠭ᠋᠂ ᠡᠩ ᠤᠨ ᠦᠶ᠎ᠡ ᠳᠤ ᠣᠯᠵᠤ ᠦᠵᠡᠳᠡᠭ ᠦᠭᠡᠢ ᠪᠣᠯᠪᠠᠴᠤ ᠪᠦᠷ ᠬᠡᠷᠡᠭᠴᠡᠭᠡ ᠲᠠᠢ ᠪᠠᠶᠢᠳᠠᠭ᠃ ᠮᠠᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠠᠵᠢᠯ ᠳᠤ ᠬᠤᠳᠠ ᠶᠢᠨ ᠬᠠᠷᠠᠴᠤᠤᠯ ᠤᠨ ᠶᠠᠮᠠᠷ ᠠᠰᠠᠭᠤᠳᠠᠯ ᠪᠠ ᠰᠠᠨᠠᠭᠤᠯᠭ᠎ᠠ ᠲᠠᠢ ᠪᠠᠶᠢᠬᠤ ᠶᠢ ᠪᠢᠳᠡ ᠰᠣᠨᠣᠰᠤᠶ᠎ᠠ᠃      ᠬᠤᠲᠠ ᠶᠢᠨ ᠠᠷᠠᠳ᠄ ᠪᠦᠷᠢᠳᠬᠡᠯ ᠤᠨ ᠳᠤᠮᠳᠠᠴᠢ ᠴᠠᠯᠢᠩ ᠪᠣᠯᠣᠨ ᠨᠡᠶᠢᠭᠡᠮ ᠤᠨ ᠳᠤᠮᠳᠠᠴᠢ ᠴᠠᠯᠢᠩ ᠨᠢ ᠶᠠᠮᠠᠷ ᠢᠯᠭᠠᠭ᠎ᠠ ᠲᠠᠢ ᠪᠣᠶ᠂ ᠶᠠᠭᠠᠬᠢᠵᠤ ᠪᠤᠳᠤᠵᠤ ᠭᠠᠷᠭᠠᠭᠰᠠᠨ ᠪᠣᠶ︖ ᠪᠢ ᠭᠠᠶᠢᠬᠠᠵᠤ ᠪᠠᠶᠢᠨ᠎ᠠ᠂ ᠲᠤᠭ᠎ᠠ ᠪᠦᠷᠢᠳᠬᠡᠯ ᠤᠨ ᠳᠤᠮᠳᠠᠴᠢ ᠴᠠᠯᠢᠩ ᠨᠢ ᠨᠡᠶᠢᠭᠡᠮ ᠤᠨ ᠳᠤᠮᠳᠠᠴᠢ ᠴᠠᠯᠢᠩ ᠲᠠᠢ ᠶᠠᠮᠠᠷ ᠢᠯᠭᠠᠭ᠎ᠠ ᠲᠠᠢ ᠪᠣᠶ︖ ᠡᠭᠦᠨ ᠢ ᠶᠠᠭᠠᠬᠢᠵᠤ ᠪᠤᠳᠤᠵᠤ ᠭᠠᠷᠭᠠᠭᠰᠠᠨ ᠪᠣᠶ︖      ᠬᠤᠲᠠ ᠶᠢᠨ ᠠᠷᠠᠳ᠄ ᠮᠠᠨ ᠤ ᠡᠩ ᠤᠨ ᠬᠥᠮᠥᠰ ᠬᠡᠷᠪᠡ ᠡᠯ᠎ᠡ ᠵᠦᠢᠯ ᠤᠨ ᠪᠦᠷᠢᠳᠬᠡᠯ ᠤᠨ ᠲᠤᠭ᠎ᠠ ᠪᠠᠷᠢᠮᠲᠠ ᠶᠢ ᠣᠶᠢᠯᠠᠭᠠᠶ᠎ᠠ ᠭᠡᠪᠡᠯ᠂ ᠬᠠᠮᠢᠭ᠎ᠠ  ᠠᠴᠠ ᠣᠯᠵᠤ ᠬᠠᠷᠠᠬᠤ ᠪᠣᠶ︖      ᠬᠤᠲᠠ ᠶᠢᠨ ᠠᠷᠠᠳ᠄ ᠪᠢ ᠠᠰᠠᠭᠤᠬᠤ ᠰᠠᠨᠠᠭ᠎ᠠ ᠲᠠᠢ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠬᠡᠳᠦᠨ ᠴᠠᠭ ᠲᠤ ᠡᠬᠢᠯᠡᠬᠦ ᠪᠣᠶ︖ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ ᠶᠠᠭᠤ ᠶᠠᠭᠤ ᠪᠠᠶᠢᠬᠤ ᠪᠣᠶ︖      ᠬᠥᠲᠥᠯᠥᠭᠴᠢ᠄ ᠨᠢᠭᠡᠳᠦᠭᠡᠷ ᠠᠰᠠᠭᠤᠳᠠᠯ ᠪᠣᠯ ᠨᠡᠶᠢᠭᠡᠮ ᠤᠨ ᠲᠦᠪᠰᠢᠨ ᠤ ᠴᠠᠯᠢᠩ ᠤᠨ ᠲᠤᠬᠠᠢ᠃      ᠵᠣᠴᠢᠨ᠄ ᠣᠳᠣᠬᠠᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠴᠠᠯᠢᠩ ᠤᠨ ᠪᠦᠷᠢᠳᠬᠡᠯ ᠨᠢ ᠬᠤᠲᠠ ᠪᠠᠯᠭᠠᠰᠤᠨ ᠤ ᠬᠤᠪᠢ  ᠶᠢᠨ ᠡᠵᠡᠩᠨᠡᠯᠲᠡ   ᠶᠢᠨ ᠪᠤᠰᠤ ᠨᠢᠭᠡᠴᠡ ᠳᠤ ᠠᠵᠢᠯᠯᠠᠵᠤ ᠪᠠᠶᠢᠭ᠎ᠠ ᠬᠥᠮᠥᠰ  ᠢᠶᠠᠷ ᠪᠠᠶᠢᠴᠠᠭᠠᠭᠳᠠᠬᠤ ᠡᠲᠡᠭᠡᠳ  ᠢᠶᠠᠨ ᠪᠣᠯᠭᠠᠵᠤ ᠪᠠᠶᠢᠭ᠎ᠠ ᠪᠣᠯᠬᠤᠷ ᠲᠤᠭ᠎ᠠ ᠪᠦᠷᠢᠳᠬᠡᠯ ᠤᠨ ᠲᠣᠪᠴᠢᠶᠠᠨ ᠤ ᠨᠡᠶᠢᠲᠡᠯᠡᠭᠰᠡᠨ ᠳᠤᠮᠳᠠᠴᠢ ᠴᠠᠯᠢᠩ ᠪᠣᠯ ᠬᠤᠲᠠ ᠪᠠᠯᠭᠠᠰᠤᠨ ᠤ ᠬᠤᠪᠢ  ᠶᠢᠨ ᠡᠵᠡᠩᠨᠡᠯᠲᠡ  ᠶᠢᠨ ᠪᠤᠰᠤ ᠨᠢᠭᠡᠴᠡ  ᠶᠢᠨ ᠳᠤᠮᠳᠠᠴᠢ ᠴᠠᠯᠢᠩ ᠤᠨ ᠪᠠᠶᠢᠳᠠᠯ ᠪᠣᠯᠣᠨ᠎ᠠ᠂ ᠡᠨᠡ ᠨᠢ ᠨᠡᠶᠢᠭᠡᠮ ᠤᠨ ᠳᠤᠮᠳᠠᠴᠢ ᠴᠠᠯᠢᠩ ᠲᠠᠢ ᠠᠳᠠᠯᠢ ᠦᠭᠡᠢ ᠶᠤᠮ᠂ ᠡᠨᠡ ᠨᠢ ᠪᠠᠰᠠ ᠴᠤ ᠴᠥᠭᠡᠨ ᠪᠤᠰᠤ ᠣᠯᠠᠨ ᠲᠦᠮᠡᠨ ᠤ ᠥᠪᠡᠷ   ᠢ ᠪᠠᠨ ︽ᠨᠡᠮᠡᠭᠳᠡᠭᠦᠯᠵᠦ︾ ᠪᠠᠶᠢᠭ᠎ᠠ  ᠶᠢᠨ ᠰᠢᠭᠤᠳ ᠰᠢᠯᠲᠠᠭᠠᠨ ᠪᠣᠯᠣᠨ᠎ᠠ᠃ ᠶᠠᠮᠠᠷ ᠨᠢᠭᠡᠨ ᠭᠠᠵᠠᠷ ᠣᠷᠣᠨ ᠢᠶᠠᠷ ᠠᠪᠴᠤ ᠬᠡᠯᠡᠪᠡᠯ᠂ ᠬᠤᠳᠠ ᠪᠠᠯᠭᠠᠰᠤᠨ ᠤ ᠬᠤᠪᠢ ᠶᠢᠨ ᠡᠵᠡᠩᠨᠡᠯᠲᠡ ᠶᠢᠨ ᠪᠤᠰᠤ ᠨᠢᠭᠡᠴᠢ ᠶᠢᠨ ᠳᠤᠮᠳᠠᠴᠢ ᠴᠠᠯᠢᠩ ᠭᠡᠳᠡᠭ ᠨᠢ ᠤᠯᠤᠰ ᠤᠨ ᠥᠮᠴᠢᠯᠡᠯ ᠤᠨ ᠨᠢᠭᠡᠴᠢ᠂ ᠬᠤᠳᠠ ᠪᠠᠯᠭᠠᠰᠤᠨ ᠤ ᠬᠠᠮᠲᠤ ᠶᠢᠨ ᠨᠢᠭᠡᠴᠢ ᠵᠡᠷᠭᠡ ᠬᠤᠳᠠ ᠪᠠᠯᠭᠠᠰᠤᠨ ᠤ ᠪᠦᠬᠦ ᠬᠤᠪᠢ ᠶᠢᠨ ᠡᠵᠡᠩᠨᠡᠯᠲᠡ ᠶᠢᠨ ᠪᠤᠰᠤ ᠬᠠᠤᠯᠢ ᠶᠢᠨ ᠬᠥᠮᠥᠨ ᠤ ᠨᠢᠭᠡᠴᠢ ᠶᠢᠨ ᠳᠤᠮᠳᠠᠴᠢ ᠴᠠᠯᠢᠩ ᠢ ᠵᠢᠭᠠᠵᠤ ᠪᠠᠶᠢᠨ᠎ᠠ᠂ ᠬᠠᠷᠢᠨ ᠨᠡᠶᠢᠭᠡᠮ ᠤᠨ ᠲᠡᠭᠰᠢᠳᠬᠡᠭᠰᠡᠨ ᠴᠠᠯᠢᠩ ᠭᠡᠳᠡᠭ ᠨᠢ ᠪᠦᠬᠦ ᠨᠡᠶᠢᠭᠡᠮ ᠤᠨ ᠠᠵᠢᠯ ᠡᠷᠬᠢᠯᠡᠭᠰᠡᠳ ᠤᠨ ᠳᠤᠮᠳᠠᠴᠢ ᠴᠠᠯᠢᠩ ᠢ ᠵᠢᠭᠠᠵᠤ ᠪᠠᠶᠢᠨ᠎ᠠ᠃      ᠬᠥᠲᠥᠯᠥᠭᠴᠢ᠄ ᠬᠤᠶᠠᠳᠤᠭᠠᠷ ᠠᠰᠠᠭᠤᠳᠠᠯ ᠨᠢ ᠶᠠᠮᠠᠷ ᠶᠠᠮᠠᠷ ᠠᠷᠭ᠎ᠠ ᠵᠠᠮ ᠢᠶᠠᠷ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠣᠯᠵᠤ ᠪᠣᠯᠬᠤ ᠪᠣᠶ︖      ᠵᠣᠴᠢᠨ᠄ ᠣᠯᠠᠨ ᠨᠡᠶᠢᠲᠡ ᠶᠢᠨ ᠣᠯᠣᠭᠰᠠᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠤᠶᠠᠷ ᠵᠦᠢᠯ ᠤᠨ ᠠᠷᠭ᠎ᠠ ᠵᠠᠮ ᠢᠶᠠᠷ ᠪᠠᠶᠢᠴᠠᠭᠠᠨ ᠯᠠᠪᠯᠠᠵᠤ ᠪᠣᠯᠣᠨ᠎ᠠ᠃ ᠡᠭᠦᠨ ᠳᠤ᠂ ᠰᠦᠯᠵᠢᠶᠡᠨ ᠳᠡᠭᠡᠷ᠎ᠡ ᠭᠤᠣᠯᠳᠠᠭᠤ ᠪᠠᠶᠠᠨᠨᠠᠭᠤᠷ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠶᠢ ᠰᠦᠯᠵᠢᠶ᠎ᠡ ᠪᠠᠷ ᠡᠷᠢᠪᠡᠯ ᠪᠣᠯᠴᠢᠬᠠᠨ᠎ᠠ᠂ ᠡᠭᠦᠨ ᠠᠴᠠ ᠭᠠᠳᠠᠨ᠎ᠠ ᠪᠠᠶᠠᠨᠨᠠᠭᠤᠷ ᠤᠨ ᠲᠤᠭ᠎ᠠ ᠪᠦᠷᠢᠳᠬᠡᠯ ᠤᠨ ᠪᠢᠴᠢᠯ ᠮᠡᠳᠡᠭᠡᠯᠡᠯ ᠤᠨ ᠨᠡᠶᠢᠲᠡ ᠶᠢᠨ ᠳ᠋ᠤᠭᠠᠷ ᠢ ᠠᠩᠬᠠᠷᠴᠤ᠂ ᠪᠠᠰᠠ ᠬᠡᠰᠡᠭ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠪᠦᠷᠢᠳᠬᠡᠯ ᠤᠨ ᠲᠤᠭ᠎ᠠ ᠪᠠᠷᠢᠮᠲᠠ ᠶᠢ ᠣᠯᠵᠤ ᠪᠣᠯᠣᠨ᠎ᠠ᠃ ᠡᠭᠦᠨ ᠤ ᠬᠠᠮᠲᠤ᠂ ᠪᠢᠳᠡ ᠪᠠᠰᠠ ᠲᠣᠭᠲᠠᠮᠠᠯ ᠬᠤᠭᠤᠴᠠᠭ᠎ᠠ ᠲᠠᠢ ᠪᠠᠷ ︽ᠲᠤᠭ᠎ᠠ ᠪᠦᠷᠢᠳᠬᠡᠯ ᠤᠨ ᠠᠯᠪᠠᠨ ᠮᠡᠳᠡᠭᠡ︾ ᠶᠢ ᠨᠡᠶᠢᠲᠡᠯᠡᠵᠦ᠂ ︽ᠲᠤᠭ᠎ᠠ ᠪᠦᠷᠢᠳᠬᠡᠯ ᠤᠨ ᠣᠨ ᠤ ᠲᠣᠯᠢ︾ ︽ᠲᠤᠭ᠎ᠠ ᠪᠦᠷᠢᠳᠬᠡᠯ ᠤᠨ ᠰᠠᠷ᠎ᠠ ᠶᠢᠨ ᠰᠣᠨᠢᠨ︾ ᠵᠡᠷᠭᠡ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠠᠶᠢᠷᠠᠭᠤᠯᠤᠨ ᠬᠡᠪᠯᠡᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠲᠠᠯ᠎ᠠ ᠪᠠᠷ ᠬᠢ ᠣᠯᠠᠨ ᠤ ᠬᠡᠷᠡᠭᠴᠡᠭᠡ ᠶᠢ ᠬᠠᠩᠭᠠᠨ᠎ᠠ᠃       ᠬᠥᠲᠥᠯᠥᠭᠴᠢ᠄ ᠭᠤᠷᠪᠠᠳᠤᠭᠠᠷ ᠠᠰᠠᠭᠤᠳᠠᠯ ᠪᠣᠯ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠲᠤᠬᠠᠢ ᠠᠰᠠᠭᠤᠳᠠᠯ ᠪᠣᠯᠣᠨ᠎ᠠ᠃ ᠪᠢᠳᠡ ᠶᠠᠭᠤᠨ ᠤ ᠤᠴᠢᠷ ᠠᠴᠠ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢ ᠬᠢᠵᠦ ᠪᠠᠶᠢᠬᠤ ᠪᠤᠢ︖ ᠭᠡᠳᠡᠭ ᠢ ᠪᠢ ᠪᠠᠰᠠ ᠮᠡᠳᠡᠶ᠎ᠡ ᠭᠡᠵᠦ ᠶᠡᠭᠡ ᠰᠠᠨᠠᠵᠤ ᠪᠠᠶᠢᠨ᠎ᠠ᠃      ᠵᠣᠴᠢᠨ᠄ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯ ᠪᠥᠬᠦ ᠤᠯᠤᠰ ᠤᠨ ᠴᠢᠨᠠᠷᠲᠠᠢ ᠤᠯᠤᠰ ᠤᠨ ᠪᠠᠶᠢᠳᠠᠯ ᠤᠯᠤᠰ ᠤᠨ ᠬᠦᠴᠦᠨ ᠤ ᠨᠢᠭᠡ ᠵᠦᠢᠯ ᠤᠨ ᠴᠢᠬᠤᠯᠠ ᠶᠡᠭᠡ ᠪᠠᠶᠢᠴᠠᠭᠠᠯᠲᠠ ᠪᠣᠯᠣᠨ᠎ᠠ᠂ ᠮᠠᠨ ᠤ ᠤᠯᠤᠰ ᠤᠨ ᠬᠢᠯᠢ ᠳᠣᠲᠣᠷᠠᠬᠢ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠡᠷᠭᠢᠯᠡᠵᠦ ᠪᠠᠶᠢᠭ᠎ᠠ ᠪᠥᠬᠦ ᠬᠠᠤᠯᠢ ᠶᠢᠨ ᠡᠷᠬᠡᠲᠡᠨ ᠤ ᠨᠢᠭᠡᠴᠡ᠂ ᠠᠵᠤ ᠦᠢᠯᠡᠰ ᠤᠨ ᠠᠵᠢᠯᠯᠠᠭ᠎ᠠ ᠶᠢᠨ ᠨᠢᠭᠡᠴᠡ ᠪᠠ ᠬᠤᠪᠢ ᠶᠢᠨ ᠡᠵᠡᠩᠨᠡᠯᠲᠡ ᠶᠢᠨ ᠡᠷᠦᠬᠡ ᠳᠤ ᠬᠢᠭᠰᠡᠨ ᠨᠢᠭᠡ ᠤᠳᠠᠭᠠᠨ ᠤ ᠪᠥᠬᠦ ᠲᠠᠯ᠎ᠠ ᠶᠢᠨ ᠪᠠᠶᠢᠴᠠᠭᠠᠯᠲᠠ ᠪᠣᠯᠣᠨ᠎ᠠ᠃ ︽ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠤᠨ ᠶᠣᠰᠣᠭᠠᠷ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠲᠠᠪᠤᠨ ᠵᠢᠯ ᠳᠤ ᠨᠢᠭᠡ ᠤᠳᠠᠭ᠎ᠠ ᠶᠠᠪᠤᠭᠳᠠᠭᠤᠯᠵᠤ᠂ ᠲᠤᠰ ᠲᠤᠰ 3᠂ 8 ᠲᠣᠬᠢᠶᠠᠯᠳᠤᠬᠤ ᠵᠢᠯ ᠳᠤ ᠶᠠᠪᠤᠭᠳᠠᠭᠤᠯᠤᠨ᠎ᠠ᠃ ᠡᠨᠡ ᠵᠢᠯ ᠪᠣᠯ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯᠣᠨ᠎ᠠ᠂ ᠨᠡᠶᠢᠳᠡᠮ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ 2023 ᠣᠨ ᠤ 12 ᠰᠠᠷ᠎ᠠ ᠶᠢᠨ 31 ᠤ ᠡᠳᠦᠷ ᠪᠣᠯᠣᠨ᠎ᠠ᠃       ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠨᠢ ᠶᠠᠭ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠬᠤᠭᠤᠴᠠᠭᠠᠨ ᠳᠤ ᠶᠠᠪᠤᠭᠳᠠᠵᠤ ᠪᠠᠶᠢᠭ᠎ᠠ ᠨᠢᠭᠡᠨ ᠤᠳᠠᠭᠠᠨ ᠤ ᠵᠠᠩᠭᠢᠯᠠᠭ᠎ᠠ ᠶᠢᠨ ᠴᠢᠨᠠᠷᠲᠠᠢ ᠨᠡᠶᠢᠳᠡᠮ ᠪᠠᠶᠢᠴᠠᠭᠠᠯᠲᠠ ᠪᠣᠯᠣᠨ᠎ᠠ᠂ ᠡᠨᠡ ᠨᠢ ᠪᠥᠬᠦ ᠬᠤᠲᠠ ᠶᠢᠨ ᠠᠵᠤ ᠠᠬᠤᠢ ᠶᠢᠨ ᠪᠠᠶᠢᠳᠠᠯ ᠢ ᠲᠣᠳᠣᠷᠬᠠᠢ ᠣᠶᠢᠯᠠᠭᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ︽ᠡᠷᠲᠡ ᠠᠴᠠ ᠲᠥᠯᠥᠪᠵᠢᠭᠦᠯᠬᠦ᠂ ᠴᠢᠩᠭ᠎ᠠ ᠶᠢ ᠠᠬᠢᠭᠤᠯᠬᠤ᠂ ᠴᠢᠩᠭ᠎ᠠ ᠨᠠᠶᠢᠳᠠᠪᠤᠷᠢᠵᠢᠭᠤᠯᠬᠤ︾ ᠵᠠᠷᠴᠢᠮ ᠶᠣᠰᠣᠭᠠᠷ᠂ ᠤᠯᠤᠰ ᠤᠨ ᠲᠠᠪᠤᠨ ᠠᠵᠤ ᠠᠬᠤᠢ ᠶᠢ ᠲᠦᠭᠡᠮᠡᠯᠵᠢᠭᠦᠯᠬᠦ ᠠᠵᠢᠯ ᠤᠨ ᠴᠠᠭ ᠤᠨ ᠬᠦᠰᠦᠨᠦᠭᠲᠦ ᠲᠠᠢ ᠬᠠᠷᠢᠴᠠᠭᠤᠯᠵᠤ᠂ ᠲᠠᠪᠤᠨ ᠠᠵᠤ ᠠᠬᠤᠢ ᠶᠢ ᠲᠦᠭᠡᠮᠡᠯᠵᠢᠭᠦᠯᠬᠦ ᠬᠠᠷᠠᠯᠲᠠ ᠶᠢᠨ ᠡᠭᠦᠷᠭᠡ ᠶᠢ ᠲᠣᠭᠲᠠᠭᠠᠵᠤ᠂ ᠤᠬᠠᠭᠤᠯᠤᠨ ᠳᠠᠶᠢᠴᠢᠯᠠᠬᠤ᠂ ︽ᠬᠤᠶᠠᠷ ᠠᠵᠢᠯᠲᠠᠨ︾ ᠢ ᠰᠣᠩᠭᠤᠨ ᠰᠢᠯᠵᠢᠭᠦᠯᠬᠦ ᠵᠡᠷᠭᠡ ᠡᠮᠦᠨᠡᠬᠢ ᠬᠤᠭᠤᠴᠠᠭᠠᠨ ᠤ ᠰᠠᠭᠤᠷᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠤᠷᠰᠢᠯᠲᠠ ᠶᠢᠨ ᠠᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠠᠶᠢᠴᠠᠭᠠᠨ ᠲᠣᠳᠣᠷᠬᠠᠶᠢᠯᠠᠵᠤ ᠪᠠᠶᠢᠳᠠᠯ ᠢ ᠣᠶᠢᠯᠠᠭᠠᠬᠤ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ ᠵᠡᠷᠭᠡ ᠡᠯ᠎ᠡ ᠱᠠᠲᠤᠨ ᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠨ᠎ᠠ᠃      ᠬᠥᠲᠥᠯᠥᠭᠴᠢ᠄ ᠵᠠ᠂ ᠲᠠ ᠬᠤᠶᠠᠷ ᠤᠨ ᠬᠤᠪᠢᠶᠠᠯᠴᠠᠵᠤ ᠬᠠᠷᠢᠭᠤᠯᠤᠭᠰᠠᠨ ᠳᠤ ᠲᠠᠯᠠᠷᠬᠠᠵᠤ ᠪᠠᠶᠢᠨ᠎ᠠ᠃      ᠵᠣᠴᠢᠨ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠦᠵᠡᠭᠴᠢᠳ ᠨᠠᠶᠢᠵᠠ ᠨᠠᠷ ᠤᠨ ᠮᠠᠨ ᠤ ᠲᠤᠭ᠎ᠠ ᠪᠦᠷᠢᠳᠬᠡᠯ ᠤᠨ ᠠᠵᠢᠯ ᠢ ᠬᠠᠯᠠᠮᠵᠢᠯᠠᠨ ᠳᠡᠮᠵᠢᠭᠰᠡᠨ ᠳᠤ ᠴᠦ ᠲᠠᠯᠠᠷᠬᠠᠵᠤ ᠪᠠᠶᠢᠨ᠎ᠠ᠃      ᠬᠥᠲᠥᠯᠥᠭᠴᠢ᠄ ᠬᠢᠨᠠᠨ ᠬᠡᠮᠵᠢᠯᠲᠡ ᠶᠢᠨ ᠬᠠᠮᠤᠷᠬᠤ ᠬᠡᠪᠴᠢᠶ᠎ᠡ ᠨᠢ ᠥᠷᠭᠡᠴᠡ ᠲᠠᠢ᠂ ᠪᠠᠶᠢᠴᠠᠭᠠᠨ ᠵᠠᠳᠠᠯᠤᠯᠲᠠ ᠨᠢ ᠭᠦᠨᠴᠡ ᠲᠠᠢ᠂ ᠠᠷᠠᠳ ᠤᠨ ᠪᠠᠶᠢᠳᠠᠯ ᠢ ᠪᠡᠶ᠎ᠡ ᠪᠠᠷ ᠢᠶᠠᠨ ᠣᠶᠢᠯᠠᠭᠠᠬᠤ ᠳᠤ ᠬᠠᠯᠠᠭᠤᠨ ᠤ ᠬᠡᠮᠵᠢᠶ᠎ᠡ ᠲᠠᠢ᠃ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ︽ᠲᠤᠭ᠎ᠠ ᠪᠠᠷᠢᠮᠲᠠ ᠪᠠᠷ ᠦᠭᠡ ᠬᠡᠯᠡᠵᠦ᠂ ᠲᠤᠭ᠎ᠠ ᠪᠠᠷᠢᠮᠲᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠲᠤᠭ᠎ᠠ ᠪᠠᠷᠢᠮᠲᠠ ᠪᠠᠷ ᠬᠠᠮᠢᠶᠠᠷᠴᠤ᠂ ᠲᠤᠭ᠎ᠠ ᠪᠠᠷᠢᠮᠲᠠ ᠪᠠᠷ ᠰᠢᠨ᠎ᠡ ᠶᠢ ᠡᠭᠦᠳᠴᠦ︾᠂ ᠴᠢᠨᠠᠷ ᠰᠠᠶᠢᠲᠠᠢ ᠲᠤᠭ᠎ᠠ ᠪᠦᠷᠢᠳᠬᠡᠯ ᠢᠶᠠᠷ ᠣᠳᠣᠬᠢᠴᠢᠯᠠᠭᠰᠠᠨ ᠪᠠᠶᠠᠨᠨᠠᠭᠤᠷ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠨ᠎ᠡ᠃
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ