ᠥᠪᠥᠷ ᠮᠣᠩᠭᠤᠯ ᠭᠦᠨ ᠵᠤᠵᠠᠭᠠᠨ ᠰᠣᠶᠣᠯ ᠤᠨ ᠲᠤᠨᠳᠠᠰᠤ ᠲᠠᠢ᠂ ᠡᠷᠲᠡᠨ ᠠᠴᠠ ᠠᠪᠤᠭᠠᠳ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠴᠢᠬᠤᠯᠠ ᠨᠡᠪᠲᠡᠷᠡᠬᠦ ᠵᠠᠮ᠂ ᠲᠠᠷᠢᠶᠠᠯᠠᠬᠤ | ᠪᠣᠯᠪᠠᠰᠤᠨ ᠬᠢᠭᠡᠳ ᠨᠡᠭᠦᠳᠡᠯ ᠮᠠᠯᠵᠢᠯ ᠤᠨ ᠪᠣᠯᠪᠠᠰᠤᠨ ᠤ ᠠᠭᠤᠰᠤᠯᠴᠠᠯ ᠤᠨ ᠭᠤᠣᠯ ᠣᠷᠣᠨ ᠪᠦᠰᠡ ᠪᠣᠯᠣᠨ᠎ᠠ᠃ | ᠣᠷᠳᠣ ᠬᠤᠭᠤᠴᠠᠭᠠᠨ ᠤ ᠲᠤᠷᠰᠢ᠂ ᠡᠯ᠎ᠡ ᠦᠨᠳᠦᠰᠦᠲᠡᠨ ᠤ ᠰᠣᠶᠣᠯ ᠬᠠᠷᠢᠯᠴᠠᠨ ᠠᠭᠤᠰᠤᠯᠴᠠᠵᠤ ᠬᠠᠷᠢᠯᠴᠠᠨ | ᠰᠣᠯᠢᠯᠴᠠᠵᠤ ᠬᠠᠷᠢᠯᠴᠠᠨ ᠲᠣᠯᠢ ᠪᠣᠯᠭᠠᠨ ᠬᠥᠭᠵᠢᠬᠦ ᠪᠠᠷ ᠲᠠᠮᠵᠢᠨ ᠣᠷᠣᠨ ᠪᠦᠰᠡ ᠶᠢᠨ ᠣᠨᠴᠠᠯᠢᠭ ᠲᠠᠢ ︽ᠤᠮᠠᠷᠠᠲᠤ | ᠬᠢᠯᠢ ᠶᠢᠨ ᠰᠣᠶᠣᠯ︾ ᠢ ᠪᠦᠷᠢᠯᠳᠦᠭᠦᠯᠪᠡ᠃ ︽ᠤᠮᠠᠷᠠᠲᠤ ᠬᠢᠯᠢ ᠶᠢᠨ ᠰᠣᠶᠣᠯ︾ ᠤᠨ ᠢᠯᠡ ᠲᠣᠳᠣ ᠣᠨᠴᠠᠯᠢᠭ ᠰᠢᠨᠵᠢ | ᠨᠢ ᠲᠣᠮᠳᠠᠳᠣ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠰᠢᠩᠭᠡᠨ ᠠᠭᠤᠰᠴᠤ ᠪᠠᠶᠢᠳᠠᠭ ᠠᠴᠠ ᠳᠤᠮᠳᠠᠳᠤ ᠶᠢᠨ | ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠪᠤᠯᠬᠤ ᠶᠤᠮ᠃ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠶᠠᠪᠤᠴᠠ ᠳᠤ ︽ᠤᠮᠠᠷᠠᠲᠤ ᠬᠢᠯᠢ ᠶᠢᠨ ᠰᠣᠶᠣᠯ︾ ᠢ ᠰᠠᠶᠢᠲᠤᠷ | ᠪᠦᠲᠦᠭᠡᠨ ᠪᠠᠶᠢᠭᠤᠯᠬᠤ ᠪᠣᠯ ︽ᠬᠤᠶᠠᠳᠠᠭᠢ ᠤᠶᠠᠯᠳᠤᠯ︾ ᠢ ᠦᠢᠯᠡᠳᠦᠯᠭᠡᠵᠢᠭᠦᠯᠬᠦ ᠶᠢᠨ ᠴᠢᠬᠤᠯᠠ ᠠᠭᠤᠯᠭ᠎ᠠ ᠮᠥᠨ᠂ | ᠡᠨᠡ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠴᠢᠬᠤᠯᠠ ᠠᠴᠢ ᠬᠤᠯᠪᠣᠭᠳᠠᠯ | ᠲᠠᠢ ᠶᠤᠮ᠃ | ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠠᠬᠢᠭᠤᠯᠬᠤ ᠶᠢᠨ ᠴᠢᠬᠤᠯᠠ ᠶᠡᠭᠡ ᠲᠡᠦᠬᠡᠲᠦ | ᠠᠴᠢ ᠬᠤᠯᠪᠣᠭᠳᠠᠯ | ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠣᠯ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ | ᠤᠳᠤ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠳᠤ ᠠᠭᠤᠰᠤᠯᠴᠠᠬᠤ ᠴᠢᠬᠤᠯᠠ ᠭᠠᠷᠳᠠᠴᠠ ᠪᠣᠯᠣᠨ᠎ᠠ᠃ ︽ᠤᠮᠠᠷᠠᠲᠤ | ᠬᠢᠯᠢ ᠶᠢᠨ ᠰᠣᠶᠣᠯ︾ ᠨᠢ ᠳᠤᠮᠳᠠᠳᠤ ᠶᠢᠨ ᠰᠣᠶᠣᠯ ᠤᠨ ᠴᠢᠬᠤᠯᠠ ᠰᠠᠯᠪᠤᠷᠢ ᠪᠣᠯᠤᠭᠰᠠᠨ ᠤ ᠬᠤᠪᠢ ᠳᠤ᠂ | ᠳᠤᠮᠳᠠᠳᠤ ᠶᠢᠨ ᠦᠨᠳᠦᠰᠦᠲᠡᠨ ᠤ ︽ᠦᠨᠳᠦᠰᠦ ᠪᠠ ᠰᠦᠭ ᠰᠦᠨᠡᠰᠦ︾ ᠶᠢᠨ ᠭᠦᠨ ᠵᠤᠵᠠᠭᠠᠨ ᠠᠭᠤᠯᠬᠤᠨ ᠲᠠᠢ | ᠮᠥᠷᠲᠡᠭᠡᠨ ᠢᠯᠡ ᠲᠣᠳᠣ ᠭᠠᠵᠠᠷ ᠣᠷᠣᠨ ᠦᠨᠳᠦᠰᠦᠲᠡᠨ ᠤ ᠣᠨᠴᠠᠯᠢᠭ ᠲᠠᠢ᠃ ︽ᠤᠮᠠᠷᠠᠲᠤ ᠬᠢᠯᠢ ᠶᠢᠨ ᠰᠣᠶᠣᠯ︾ ᠢ | ᠪᠠᠶᠢᠭᠤᠯᠬᠤ ᠨᠢ ᠤᠯᠠᠨ ᠡᠰᠢᠲᠦ ᠨᠢᠭᠡ ᠴᠣᠭᠴᠠᠵᠢᠭᠤᠯᠤᠭᠰᠠᠨ ᠳᠤᠮᠳᠠᠳᠤ ᠶᠢᠨ ᠪᠣᠯᠪᠠᠰᠤᠨ ᠢ ᠨᠡᠩ ᠰᠠᠶᠢᠲᠤᠷ | ᠢᠯᠡᠷᠡᠭᠦᠯᠵᠦ ᠴᠢᠳᠠᠨ᠎ᠠ᠂ ᠬᠢᠯᠢ ᠬᠢᠵᠠᠭᠠᠷ ᠣᠷᠣᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ᠂ ᠳᠤᠮᠳᠠᠳᠤ ᠶᠢᠨ | ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠤ ᠠᠭᠤᠯᠤᠭᠳᠠᠬᠤᠨ ᠢ ᠪᠠᠶᠠᠯᠢᠭᠵᠢᠭᠤᠯᠬᠤ ᠴᠢᠬᠤᠯᠠ ᠢᠨᠵᠧᠨᠧᠷᠢᠩ | ᠪᠣᠯᠣᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠣᠯ ᠬᠤᠶᠠᠷ ᠶᠡᠭᠡ ᠶᠠᠪᠤᠳᠠᠯ ᠢ ᠨᠡᠩ | ᠰᠠᠶᠢᠲᠤᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠵᠣᠷᠢᠭ ᠰᠠᠨᠠᠭᠠᠨ ᠤ ᠵᠢᠯᠣᠭᠤᠳᠤᠯᠭ᠎ᠠ ᠪᠠ | ᠦᠷᠳᠡᠭ ᠤᠨ ᠵᠢᠷᠤᠮᠯᠠᠯ ᠪᠤᠯᠬᠤ ᠶᠤᠮ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠰᠢᠨ᠎ᠡ ᠠᠶᠠᠨ ᠳᠤ᠂ ᠥᠪᠥᠷ ᠮᠣᠩᠭᠤᠯ ᠰᠢᠨ᠎ᠡ ᠵᠠᠮ ᠨᠡᠭᠡᠭᠡᠨ ᠤᠷᠤᠭᠰᠢᠯᠠᠬᠤ ᠳᠤ ᠦᠵᠡᠯ | ᠰᠠᠨᠠᠭᠠᠨ ᠤ ᠲᠠᠯ᠎ᠠ ᠪᠠᠷ ᠨᠢᠭᠡᠳᠦᠯᠲᠡᠢ ᠤᠳᠤᠷᠢᠳᠬᠤ ᠴᠢᠨᠠᠷ ᠪᠦᠬᠦᠢ ᠬᠦᠴᠦᠷᠬᠡᠭ ᠶᠡᠭᠡ ᠤᠶᠤᠨ ᠰᠠᠨᠠᠭᠠᠨ ᠤ ᠴᠥᠮ᠎ᠡ | ᠬᠡᠷᠡᠭᠲᠡᠢ ᠪᠠᠶᠢᠵᠤ᠂ ᠠᠷᠠᠳ ᠲᠦᠮᠡᠨ ᠤ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠨᠢᠭᠲᠠᠷᠠᠭᠤᠯᠬᠤ ᠬᠡᠷᠡᠭᠲᠡᠢ᠃ | ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠣᠶᠣᠯ ᠤᠨ ᠲᠠᠨᠢᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ | ᠣᠷᠣᠨ ᠢ ᠪᠠᠶᠢᠭᠤᠯᠬᠤ ᠳᠤ ᠠᠰᠢᠭᠲᠠᠢ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠳᠤ ᠤᠶᠤᠨ ᠰᠠᠨᠠᠭᠠᠨ ᠤ ᠲᠤᠯᠭᠠᠭᠤᠷᠢᠯᠠᠯ ᠬᠠᠩᠭᠠᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠪᠣᠯ ᠠᠷᠠᠳ ᠲᠦᠮᠡᠨ ᠢᠶᠠᠷ ᠭᠤᠣᠯ | ᠪᠤᠯᠭᠠᠬᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢ | ᠠᠬᠢᠭᠤᠯᠬᠤ ᠴᠢᠬᠤᠯᠠ ᠦᠢᠯᠡᠳᠦᠯᠭᠡ ᠪᠠ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠠᠷᠠᠳ ᠤᠯᠠᠨ ᠤ ᠪᠣᠳᠠᠰ ᠤᠨ ᠠᠮᠢᠳᠤᠷᠠᠯ ᠪᠠ ᠤᠶᠤᠨ ᠤ | ᠠᠮᠢᠳᠤᠷᠠᠯ ᠤᠨ ᠲᠠᠯ᠎ᠠ ᠪᠠᠷ ᠴᠥᠮ ᠪᠠᠶᠠᠵᠢᠬᠤ ᠶᠢ ᠪᠠᠲᠤᠯᠠᠵᠤ᠂ ᠠᠷᠠᠳ ᠤᠯᠠᠨ ᠤ ᠤᠯᠠᠨ ᠶᠠᠩᠵᠤ ᠶᠢᠨ᠂ ᠤᠯᠠᠨ ᠲᠡᠰ | ᠳᠠᠪᠬᠤᠷᠭ᠎ᠠ ᠶᠢᠨ᠂ ᠤᠯᠠᠨ ᠲᠠᠯ᠎ᠠ ᠶᠢᠨ ᠤᠶᠤᠨ ᠤ ᠪᠠ ᠰᠣᠶᠣᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ | ᠬᠡᠷᠡᠭᠲᠡᠢ᠃ ᠣᠶᠢᠷ᠎ᠠ ᠶᠢᠨ ᠵᠢᠯ ᠠᠴᠠ᠂ ᠥᠪᠥᠷ ᠮᠣᠩᠭᠤᠯ ᠤᠨ ︽ᠤᠯᠠᠭᠠᠨᠮᠥ᠋ᠴᠢᠷ ᠢ ᠬᠦᠨᠳᠦᠳᠬᠡᠬᠦ︾ ᠪᠠᠷ ᠭᠤᠣᠯ | ᠰᠡᠳᠦᠪ ᠪᠣᠯᠭᠠᠨ ᠡᠷᠭᠢᠯᠡᠭᠰᠡᠨ ᠡᠯ᠎ᠡ ᠵᠦᠢᠯ ᠤᠨ ᠤᠳᠬ᠎ᠠ ᠤᠷᠠᠯᠢᠭ ᠤᠨ ᠠᠵᠢᠯᠯᠠᠭ᠎ᠠ ᠨᠢ ᠠᠷᠠᠳ ᠲᠦᠮᠡᠨ ᠢ | ᠳᠡᠭᠡᠳᠦᠯᠡᠬᠦ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ | ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠤᠷᠮ᠎ᠠ ᠵᠣᠷᠢᠭ ᠢ ᠬᠥᠭᠵᠢᠭᠡᠵᠦ᠂ ᠦᠨᠳᠦᠰᠦᠲᠡᠨ ᠨᠦᠭᠦᠳ ᠤᠨ ᠠᠷᠠᠳ | ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠣᠶᠢᠯᠠᠭᠠᠬᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠪᠠ | ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠭᠰᠡᠨ ᠪᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠤᠨᠤᠯ ᠤᠨ ᠠᠭᠤᠯᠤᠭᠳᠠᠬᠤᠨ ᠬᠢᠭᠡᠳ ᠦᠨᠳᠦᠰᠦᠨ ᠣᠨᠴᠠᠯᠢᠭ | ︽ᠤᠮᠠᠷᠠᠲᠤ ᠬᠢᠯᠢ ᠶᠢᠨ ᠰᠣᠶᠣᠯ︾ ᠨᠢ ᠳᠤᠮᠳᠠᠳᠤ ᠶᠢᠨ ᠰᠣᠶᠣᠯ ᠲᠠᠢ ᠤᠳᠤᠮ ᠨᠢᠭᠡᠲᠡᠢ ᠪᠠᠶᠢᠵᠤ᠂ ᠡᠯᠪᠡᠭ | ᠪᠠᠶᠠᠯᠢᠭ ᠤᠶᠤᠨ ᠰᠠᠨᠠᠭᠠᠨ ᠤ ᠠᠭᠤᠯᠤᠭᠳᠠᠬᠤᠨ ᠪᠠ ᠴᠠᠭ ᠦᠶ᠎ᠡ ᠶᠢᠨ ᠠᠭᠤᠯᠤᠭᠳᠠᠬᠤᠨ ᠲᠠᠢ ᠶᠤᠮ᠃ ︽ᠤᠮᠠᠷᠠᠲᠤ | ᠬᠢᠯᠢ ᠶᠢᠨ ᠰᠣᠶᠣᠯ︾ ᠪᠣᠯ ᠬᠡᠳᠦᠨ ᠮᠢᠩᠭᠠᠨ ᠵᠢᠯ ᠤᠨ ᠰᠣᠯᠢᠯᠴᠠᠭ᠎ᠠ ᠠᠭᠤᠰᠤᠯᠴᠠᠯ ᠢᠶᠠᠷ ᠳᠠᠮᠵᠢᠨ ᠪᠦᠷᠢᠯᠳᠦᠭᠰᠡᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠷ ᠭᠤᠣᠯ ᠪᠤᠯᠭᠠᠬᠰᠠᠨ ᠰᠣᠶᠣᠯ ᠤᠨ | ᠭᠡᠯᠪᠡᠷᠢ ᠪᠣᠯᠣᠨ᠎ᠠ᠂ ᠡᠯ᠎ᠡ ᠵᠦᠢᠯ ᠤᠨ ᠭᠠᠵᠠᠷ ᠣᠷᠣᠨ ᠤ ᠰᠣᠶᠣᠯ ᠢᠶᠠᠷ ᠪᠦᠷᠢᠯᠳᠦᠭᠰᠡᠨ ᠰᠣᠶᠣᠯ ᠤᠨ | ᠠᠭᠤᠰᠤᠯᠴᠠᠯ ᠤᠨ ᠴᠣᠭᠴᠠ ᠪᠣᠯᠣᠨ᠎ᠠ᠃ ᠲᠡᠭᠦᠨ ᠤ ᠮᠥᠨ ᠴᠢᠨᠠᠷ ᠤᠨ ᠠᠭᠤᠯᠭ᠎ᠠ ᠨᠢ ᠵᠠᠮ ᠨᠡᠭᠡᠭᠡᠨ ᠰᠢᠨ᠎ᠡ ᠶᠢ | ᠡᠭᠦᠳᠬᠦ᠂ ᠵᠣᠪᠠᠭᠤᠷᠢ ᠵᠦᠳᠡᠭᠦᠷᠢ ᠶᠢ ᠳᠠᠭᠠᠭᠠᠬᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠡᠷᠭᠡ ᠤᠶᠤᠨ | ᠰᠠᠨᠠᠭᠠᠨ ᠤ ᠬᠡᠪ ᠴᠢᠨᠠᠷ ᠢᠶᠠᠷ ᠪᠦᠷᠢᠯᠳᠦᠭᠰᠡᠨ ᠦᠷᠳᠡᠭ ᠤᠨ ᠦᠵᠡᠯᠲᠡ ᠪᠠᠷ ᠲᠥᠪᠯᠡᠷᠡᠩᠭᠦᠢ ᠢᠯᠡᠷᠡᠵᠦ᠂ ᠦᠷᠳᠡᠭ ᠤᠨ | ᠦᠵᠡᠯᠲᠡ ᠳᠤ ᠰᠠᠭᠤᠷᠢᠯᠠᠨ ᠦᠷᠭᠡᠳᠦᠨ ᠲᠡᠯᠡᠵᠦ ᠪᠠᠶᠢᠳᠠᠭ᠂ ᠣᠷᠣᠨ ᠪᠦᠰᠡ ᠶᠢᠨ ᠣᠨᠴᠠᠯᠢᠭ ᠲᠠᠢ ᠰᠣᠶᠣᠯ ᠢ | ᠠᠭᠤᠰᠤᠯᠴᠠᠭᠤᠯᠤᠭᠰᠠᠨ ᠰᠠᠭᠤᠷᠢᠨ ᠳᠡᠭᠡᠷ᠎ᠡ ᠤᠯᠠᠨ ᠲᠡᠰ ᠳᠠᠪᠬᠤᠷᠭ᠎ᠠ ᠶᠢᠨ ᠰᠣᠶᠣᠯ ᠤᠨ ᠪᠦᠲᠦᠴᠡ ᠶᠢ | ᠪᠦᠷᠢᠯᠳᠦᠭᠦᠯᠦᠭᠰᠡᠨ ᠪᠠᠶᠢᠨ᠎ᠠ᠃ ᠶᠡᠷᠦᠩᠬᠡᠢ ᠳᠤᠨᠢ ᠠᠪᠴᠤ ᠦᠵᠡᠪᠡᠯ ︽ᠤᠮᠠᠷᠠᠲᠤ ᠬᠢᠯᠢ ᠶᠢᠨ ᠰᠣᠶᠣᠯ︾ ᠪᠣᠯ | ᠳᠤᠮᠳᠠᠳᠤ ᠶᠢᠨ ᠰᠣᠶᠣᠯ ᠤᠨ ᠴᠢᠬᠤᠯᠠ ᠰᠠᠯᠪᠤᠷᠢ ᠮᠥᠨ᠂ ᠬᠤᠶᠠᠭᠤᠯᠠ ᠪᠠᠨ ︽ᠭᠤᠣᠯ ᠡᠰᠢ︾ ᠪᠠ ︽ᠰᠠᠯᠠᠭ᠎ᠠ ᠨᠠᠮᠠᠭ᠎ᠠ︾ | ᠶᠢᠨ ᠬᠠᠷᠢᠴᠠᠭ᠎ᠠ ᠲᠠᠢ ᠪᠠᠶᠢᠳᠠᠭ᠃ ᠪᠣᠯᠪᠠᠰᠤᠨ ᠤ ᠠᠭᠤᠰᠤᠯᠴᠠᠯ ᠪᠠ ᠬᠤᠪᠢᠰᠤᠯ ᠢ ᠳᠠᠭᠠᠯᠳᠤᠨ ︽ᠤᠮᠠᠷᠠᠲᠤ | ᠬᠢᠯᠢ ᠶᠢᠨ ᠰᠣᠶᠣᠯ︾ ᠨᠢ ᠰᠢᠨ᠎ᠡ ᠴᠠᠭ ᠦᠶ᠎ᠡ ᠶᠢᠨ ᠠᠭᠤᠯᠬᠤᠨ ᠢ ᠰᠢᠩᠭᠡᠭᠡᠬᠦ ᠶᠢᠨ ᠬᠠᠮᠲᠤ ᠪᠠᠰᠠ ᠢᠯᠡ ᠲᠣᠳᠣ | ᠣᠨᠴᠠᠯᠢᠭ ᠲᠠᠢ ᠪᠣᠯᠤᠭᠰᠠᠨ ᠪᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠨᠢ ᠥᠨᠢ ᠤᠳᠠᠭᠠᠨ ᠲᠡᠦᠬᠡ ᠶᠢᠨ ᠡᠬᠢ ᠰᠤᠷᠪᠤᠯᠵᠢ ᠲᠠᠢ᠃ ︽ᠤᠮᠠᠷᠠᠲᠤ | ᠬᠢᠯᠢ ᠶᠢᠨ ᠰᠣᠶᠣᠯ︾ ᠨᠢ ᠥᠨᠢ ᠤᠳᠠᠭᠠᠨ ᠤᠯᠠᠮᠵᠢᠯᠠᠯ ᠲᠠᠢ᠂ ᠰᠣᠶᠣᠯ ᠤᠨ ᠴᠠᠭ ᠬᠤᠭᠤᠴᠠᠭ᠎ᠠ ᠣᠷᠣᠨ ᠵᠠᠢ ᠶᠢᠨ | ᠦᠵᠡᠯᠲᠡ ᠠᠴᠠ ᠦᠵᠡᠪᠡᠯ᠂ ︽ᠤᠮᠠᠷᠠᠲᠤ ᠬᠢᠯᠢ ᠶᠢᠨ ᠰᠣᠶᠣᠯ︾ ᠨᠢ ᠣᠷᠳᠣ ᠤᠳᠠᠭᠠᠨ ᠲᠡᠦᠬᠡ ᠶᠢᠨ ᠬᠤᠪᠢᠰᠤᠯᠲᠠ | ᠪᠠ ᠬᠢᠯᠢ ᠬᠢᠵᠠᠭᠠᠷ ᠤᠨ ᠬᠤᠪᠢᠷᠠᠯᠲᠠ ᠶᠢᠨ ᠳᠤᠮᠳᠠ ᠦᠨᠳᠦᠰᠦᠲᠡᠨ ᠤ ᠲᠠᠨᠢᠨ ᠮᠡᠳᠡᠷᠡᠬᠦᠢ ᠶᠢᠨ ᠰᠣᠶᠣᠯ ᠤᠨ ᠣᠷᠣᠨ | ᠵᠠᠢ ᠶᠢ ᠪᠤᠶ ᠪᠤᠯᠭᠠᠵᠤ᠂ ᠡᠯ᠎ᠡ ᠲᠠᠯ᠎ᠠ ᠶᠢᠨ ᠬᠦᠴᠦᠨ ᠵᠦᠢᠯ ᠤᠨ ᠦᠢᠯᠡᠳᠦᠯᠴᠡᠯ ᠳᠣᠣᠷ᠎ᠠ ᠣᠶᠤᠨ ᠰᠠᠨᠠᠭᠠᠨ ᠤ | ᠠᠭᠤᠯᠤᠭᠳᠠᠬᠤᠨ ᠢᠶᠠᠨ ᠲᠠᠰᠤᠷᠠᠯᠲᠠ ᠦᠭᠡᠢ ᠪᠠᠶᠠᠯᠢᠭᠵᠢᠭᠤᠯᠵᠠᠢ᠃ ᠪᠠᠶᠢᠭᠠᠯᠢ ᠶᠢᠨ ᠨᠥᠬᠦᠴᠡᠯ ᠠᠴᠠ ᠦᠵᠡᠪᠡᠯ | ︽ᠣᠰᠣᠨ ᠤ ᠲᠤᠩᠭᠠᠯᠠᠭ ᠡᠪᠡᠰᠦᠨ ᠤ ᠰᠣᠷᠭᠤᠭ ᠢ ᠲᠠᠭᠠᠨ ᠨᠡᠭᠦᠳᠡᠯᠯᠡᠬᠦ︾ ᠨᠢ ᠤᠮᠠᠷᠠᠲᠤ ᠶᠢᠨ ᠨᠡᠭᠦᠳᠡᠯᠴᠢᠨ | ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠠᠮᠢᠳᠤᠯᠢᠭ ᠵᠢᠷᠤᠭᠯᠠᠯ ᠪᠣᠯᠤᠭᠰᠠᠨ ᠪᠠᠶᠢᠨ᠎ᠠ; ᠡᠭᠦᠨ ᠳᠤ | ︽ᠣᠰᠣᠨ ᠤ ᠲᠤᠩᠭᠠᠯᠠᠭ ᠡᠪᠡᠰᠦᠨ ᠤ ᠰᠣᠷᠭᠤᠭ ᠢ ᠲᠠᠭᠠᠨ ᠨᠡᠭᠦᠳᠡᠯᠯᠡᠬᠦ︾ ᠨᠢ ᠤᠮᠠᠷᠠᠲᠤ ᠶᠢᠨ ᠨᠡᠭᠦᠳᠡᠯᠯᠡᠨ ᠮᠠᠯᠵᠢᠬᠤ | ᠦᠨᠳᠦᠰᠦᠲᠡᠨ ᠤ ᠦᠢᠯᠡᠳᠪᠦᠷᠢᠯᠡᠯ ᠠᠮᠢᠳᠤᠷᠠᠯ ᠤᠨ ᠠᠮᠢᠳᠤᠯᠢᠭ ᠵᠢᠷᠤᠭᠯᠠᠯ ᠪᠣᠯᠤᠭᠰᠠᠨ ᠪᠠᠶᠢᠨ᠎ᠠ; ᠤᠯᠤᠰ | ᠲᠦᠷᠦ ᠶᠢᠨ ᠨᠥᠬᠦᠴᠡᠯ ᠠᠴᠠ ᠠᠪᠴᠤ ᠦᠵᠡᠪᠡᠯ᠂ ᠤᠯᠠᠨ ᠡᠰᠢᠲᠦ ᠨᠢᠭᠡ ᠴᠣᠭᠴᠠᠵᠢᠭᠰᠠᠨ ᠳᠤᠮᠳᠠᠳᠤ ᠶᠢᠨ | ᠪᠣᠯᠪᠠᠰᠤᠨ ᠳᠤ ︽ᠶᠡᠭᠡ ᠨᠢᠭᠡᠳᠦᠯ︾ ᠤᠨ ᠤᠯᠤᠰ ᠲᠦᠷᠦ ᠶᠢᠨ ᠬᠦᠰᠡᠯ ᠱᠠᠭᠠᠷᠳᠠᠯᠭ᠎ᠠ ᠠᠭᠤᠯᠤᠭᠳᠠᠵᠤ ᠪᠤᠢ; | ᠴᠡᠷᠢᠭ ᠤᠨ ᠶᠠᠪᠤᠳᠠᠯ ᠤᠨ ᠨᠥᠬᠦᠴᠡᠯ ᠠᠴᠠ ᠦᠵᠡᠪᠡᠯ᠂ ᠣᠨᠴᠠᠭᠠᠶ ᠭᠠᠵᠠᠷ ᠵᠦᠢ ᠶᠢᠨ ᠣᠷᠣᠨ ᠪᠠᠶᠢᠷᠢ ᠪᠠᠷ | ᠪᠦᠷᠢᠯᠳᠦᠭᠰᠡᠨ ᠬᠢᠯᠢ ᠬᠢᠵᠠᠭᠠᠷ ᠢ ᠬᠠᠮᠠᠭᠠᠯᠠᠬᠤ ᠰᠣᠶᠣᠯ ᠨᠢ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ | ᠪᠠᠶᠢᠳᠠᠯ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠵᠦ ᠪᠠᠶᠢᠨ᠎ᠠ; ᠭᠠᠳᠠᠭᠠᠳᠤ ᠲᠠᠢ ᠬᠠᠷᠢᠯᠴᠠᠬᠤ | ᠨᠥᠬᠦᠴᠡᠯ ᠠᠴᠠ ᠦᠵᠡᠪᠡᠯ᠂ ᠪᠣᠷᠣᠳᠣᠬᠤᠢ ᠶᠢᠨ ᠲᠠᠯ᠎ᠠ ᠭᠠᠵᠠᠷ᠂ ᠲᠠᠯ᠎ᠠ ᠨᠤᠲᠤᠭ ᠤᠨ ᠲᠣᠷᠭᠠᠨ ᠵᠠᠮ ᠵᠡᠷᠭᠡ ᠵᠠᠮ | ᠬᠠᠷᠢᠯᠴᠠᠭᠠᠨ ᠤ ᠴᠢᠬᠤᠯᠠ ᠱᠤᠭᠤᠮ ᠲᠠᠰᠤᠷᠠᠯᠲᠠ ᠦᠭᠡᠢ ᠪᠣᠯᠪᠠᠰᠤᠨ ᠤ ᠰᠢᠨ᠎ᠡ ᠭᠡᠯᠪᠡᠷᠢ ᠶᠢ ᠡᠭᠦᠳᠴᠡᠢ᠃ | ︽ᠤᠮᠠᠷᠠᠲᠤ ᠬᠢᠯᠢ ᠶᠢᠨ ᠰᠣᠶᠣᠯ︾ ᠨᠢ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠠᠭᠤᠷ | ᠠᠮᠢᠰᠬᠤᠯ ᠢ ᠢᠯᠡᠷᠡᠭᠦᠯᠪᠡ᠃ ᠡᠷᠲᠡᠨ ᠤ ᠦᠶ᠎ᠡ ᠳᠤ᠂ ᠵᠦᠩᠶᠤᠸᠠᠨ ᠣᠷᠣᠨ ᠤ ᠬᠠᠭᠠᠨᠲᠤ ᠲᠦᠷᠦ ᠶᠢᠨ | ᠨᠣᠶᠠᠷᠬᠠᠭᠴᠢᠳ ᠤᠨ ᠬᠡᠷᠡᠭᠵᠢᠭᠦᠯᠵᠦ ᠪᠠᠶᠢᠭᠰᠠᠨ ︽ᠰᠣᠶᠣᠯ ᠰᠤᠷᠭᠠᠨ ᠬᠥᠮᠦᠵᠢᠯ ᠢ ᠳᠦᠷᠢᠮᠵᠢᠭᠦᠯᠬᠦ︾ ᠲᠦᠷᠦ ᠶᠢᠨ | ᠪᠣᠳᠣᠯᠭ᠎ᠠ ᠵᠢᠴᠢ ᠡᠯ᠎ᠡ ᠦᠨᠳᠦᠰᠦᠲᠡᠨ ᠤ ᠬᠤᠭᠤᠷᠣᠨᠳᠣᠭᠢ ᠰᠣᠯᠢᠯᠴᠠᠭ᠎ᠠ ᠠᠭᠤᠰᠤᠯᠴᠠᠯ ᠨᠢ ᠨᠡᠭᠦᠳᠡᠯ ᠮᠠᠯᠵᠢᠯ ᠤᠨ | ᠪᠣᠯᠪᠠᠰᠤᠨ ᠬᠢᠭᠡᠳ ᠲᠠᠷᠢᠶᠠᠯᠠᠬᠤ ᠪᠣᠯᠪᠠᠰᠤᠨ ᠢ ᠬᠠᠷᠢᠯᠴᠠᠨ ᠠᠭᠤᠰᠤᠯᠴᠠᠭᠤᠯᠵᠤ᠂ ᠰᠢᠨ᠎ᠡ ᠶᠢ ᠡᠭᠦᠳᠬᠦ ᠮᠠᠶ᠋ᠢᠭ ᠤᠨ | ᠬᠥᠭᠵᠢᠯᠲᠡ ᠶᠢ ᠪᠡᠶᠡᠯᠡᠭᠦᠯᠵᠡᠢ᠃ ᠠᠳᠠᠯᠢ ᠪᠤᠰᠤ ᠲᠡᠦᠬᠡᠨ ᠴᠠᠭ ᠦᠶ᠎ᠡ ᠳᠤ᠂ ᠵᠠᠰᠠᠭ ᠤᠨ ᠡᠷᠬᠡ ᠶᠢᠨ ᠰᠣᠯᠢᠭᠳᠠᠯ ᠪᠠ | ᠦᠨᠳᠦᠰᠦᠲᠡᠨ ᠤ ᠨᠡᠭᠦᠳᠡᠯ ᠨᠢ ︽ᠤᠮᠠᠷᠠᠲᠤ ᠬᠢᠯᠢ ᠶᠢᠨ ᠰᠣᠶᠣᠯ︾ ᠳᠤ ᠰᠢᠨ᠎ᠡ ᠠᠭᠤᠯᠬᠤᠨ ᠨᠡᠮᠡᠷᠢᠯᠡᠵᠦ᠂ ︽ᠤᠮᠠᠷᠠᠲᠤ | ᠬᠢᠯᠢ ᠶᠢᠨ ᠰᠣᠶᠣᠯ︾ ᠨᠢ ᠤᠯᠠᠮᠵᠢᠯᠠᠨ ᠵᠠᠯᠭᠠᠮᠵᠢᠯᠠᠬᠤ ᠪᠠ ᠲᠣᠯᠢ ᠪᠤᠯᠭᠠᠬᠤ ᠳᠤᠮᠳᠠ ᠰᠢᠨ᠎ᠡ ᠢᠯᠡᠷᠡᠭᠦᠯᠦᠯ ᠤᠨ | ᠭᠡᠯᠪᠡᠷᠢ ᠶᠢ ᠡᠭᠦᠳᠦᠭᠰᠡᠨ ᠪᠠᠶᠢᠨ᠎ᠠ᠃ ︽ᠬᠦᠴᠢᠷ ᠪᠡᠷᠬᠡ ᠶᠢ ᠲᠡᠰᠪᠦᠷᠢᠯᠡᠵᠦ᠂ ᠪᠤᠴᠠᠯᠲᠠ ᠦᠭᠡᠢ ᠲᠡᠮᠡᠦᠯᠵᠦ᠂ | ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠪᠤᠴᠠᠬᠤ ᠦᠭᠡᠢ︾ ᠭᠡᠬᠦ ᠠᠭᠤᠯᠤᠭᠳᠠᠬᠤᠨ ᠲᠠᠢ ᠮᠣᠩᠭᠤᠯ | ᠮᠣᠷᠢᠨ ᠤ ᠵᠣᠷᠢᠭ ᠰᠠᠨᠠᠭ᠎ᠠ ᠨᠢ ︽ᠤᠮᠠᠷᠠᠲᠤ ᠬᠢᠯᠢ ᠶᠢᠨ ᠰᠣᠶᠣᠯ︾ ᠤᠨ ︽ᠬᠤᠪᠢᠷᠠᠬᠤ︾ ᠪᠠ ︽ᠦᠯᠦ ᠬᠤᠪᠢᠷᠠᠬᠤ︾ ᠶᠢ | ᠲᠠᠶᠢᠯᠪᠤᠷᠢᠯᠠᠵᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠳᠤᠮᠳᠠ ᠢᠯᠡ ᠲᠣᠳᠣ ᠬᠡᠪ ᠪᠠᠶᠢᠳᠠᠯ ᠢ | ᠢᠯᠡᠷᠡᠭᠦᠯᠳᠡᠭ᠃ ᠰᠢᠨ᠎ᠡ ᠴᠠᠭ ᠦᠶ᠎ᠡ ᠳᠤ ᠣᠷᠣᠭᠰᠠᠨ ᠤ ᠲᠠᠷᠠᠭ᠎ᠠ᠂ ᠥᠪᠥᠷ ᠮᠣᠩᠭᠤᠯ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠰᠢᠨ᠎ᠡ ᠶᠢ ᠡᠭᠦᠳᠬᠦ | ᠲᠠᠯ᠎ᠠ ᠪᠠᠷ ᠬᠢ ᠢᠯᠡ ᠲᠣᠳᠣ ᠤᠳᠤᠷᠢᠳᠤᠮᠵᠢ ᠶᠢ ᠢᠯᠡᠷᠡᠭᠦᠯᠪᠡ᠃ | ︽ᠤᠮᠠᠷᠠᠲᠤ ᠬᠢᠯᠢ ᠶᠢᠨ ᠰᠣᠶᠣᠯ︾ ᠨᠢ ᠦᠨᠳᠦᠰᠦᠲᠡᠨ ᠤ ᠪᠦᠯᠬᠦᠮᠳᠡᠯ ᠤᠨ ᠭᠧᠨ ᠢ ᠠᠴᠢᠶᠠᠯᠠᠵᠤ ᠪᠠᠶᠢᠳᠠᠭ᠃ | ᠤᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠴᠢᠬᠤᠯᠠ ᠣᠷᠣᠨ ᠪᠣᠯᠤᠭᠰᠠᠨ ᠤ | ᠬᠤᠪᠢ ᠳᠤ᠂ ᠤᠮᠠᠷᠠᠲᠤ ᠬᠢᠯᠢ ᠶᠢᠨ ᠣᠷᠣᠨ ︽ᠲᠠᠪᠤᠨ ᠦᠨᠳᠦᠰᠦᠲᠡᠨ ᠪᠦᠭᠦᠳᠠ ᠨᠠᠶᠢᠷᠠᠮᠳᠠᠭᠰᠠᠨ︾ ᠠᠴᠠ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠬᠡᠷᠡᠭᠵᠢᠭᠦᠯᠦᠭᠰᠡᠨ᠂ ᠦᠨᠳᠦᠰᠦᠲᠡᠨ ᠨᠦᠭᠦᠳ | ᠬᠠᠷᠢᠯᠴᠠᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠭᠦᠷᠲᠡᠯ᠎ᠡ᠂ ︽ᠤᠮᠠᠷᠠᠲᠤ ᠬᠢᠯᠢ ᠶᠢᠨ ᠰᠣᠶᠣᠯ︾ ᠨᠢ | ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠤᠨ ᠭᠧᠨ ᠢ ᠵᠠᠯᠭᠠᠮᠵᠢᠯᠠᠵᠤ᠂ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ ᠤᠶᠤᠨ ᠰᠠᠨᠠᠭᠠᠨ ᠤ ᠲᠤᠯᠭᠠᠭᠤᠷᠢᠯᠠᠯ ᠪᠣᠯᠤᠭᠰᠠᠨ ᠪᠠᠶᠢᠨ᠎ᠠ᠃ ᠲᠡᠦᠬᠡ ᠶᠢᠨ ᠬᠥᠭᠵᠢᠯᠲᠡ ᠶᠢᠨ ᠤᠷᠳᠤ | ᠠᠶᠠᠨ ᠳᠤ᠂ ᠤᠮᠠᠷᠠᠲᠤ ᠬᠢᠯᠢ ᠶᠢᠨ ᠭᠠᠵᠠᠷ ᠣᠷᠣᠨ ᠢᠮᠠᠭᠲᠠ ᠰᠣᠶᠣᠯ ᠢ ᠮᠡᠳᠡᠷᠡᠬᠦ ᠪᠠ ᠰᠣᠶᠣᠯ ᠢ ᠨᠡᠶᠢᠳᠬᠡᠬᠦ ᠪᠠᠷ | ᠭᠤᠣᠯ ᠬᠠᠷᠠᠯᠲᠠ ᠪᠤᠯᠭᠠᠵᠤ᠂ ︽ᠰᠣᠶᠣᠯ ᠶᠣᠰᠣ ᠰᠤᠷᠲᠠᠬᠤᠨ ᠢᠶᠠᠷ ᠤᠬᠠᠭᠠᠷᠠᠭᠤᠯᠬᠤ︾ ᠭᠡᠯᠪᠡᠷᠢ ᠪᠠᠷ ᠳᠠᠮᠵᠢᠭᠤᠯᠵᠤ᠂ | ᠵᠦᠩᠶᠤᠸᠠᠨ ᠣᠷᠣᠨ ᠤ ᠰᠣᠶᠣᠯ ᠪᠣᠯᠣᠨ ︽ᠤᠮᠠᠷᠠᠲᠤ ᠬᠢᠯᠢ ᠶᠢᠨ ᠰᠣᠶᠣᠯ︾ ᠤᠨ ᠰᠣᠯᠢᠯᠴᠠᠭ᠎ᠠ ᠠᠭᠤᠰᠤᠯᠴᠠᠯ ᠢ | ᠴᠢᠩᠭᠠᠳᠬᠠᠵᠤ᠂ ᠤᠯᠠᠨ ᠦᠨᠳᠦᠰᠦᠲᠡᠨ ᠤ ᠠᠭᠤᠰᠤᠯᠴᠠᠯ ᠢ ᠬᠠᠮᠲᠤᠳᠬᠠᠬᠤ ᠦᠷᠳᠡᠭ ᠤᠨ ᠦᠵᠡᠯᠲᠡ ᠶᠢ ᠢᠮᠠᠭᠲᠠ | ᠪᠠᠷᠢᠮᠲᠠᠯᠠᠭᠰᠠᠭᠠᠷ ᠢᠷᠡᠵᠠᠢ᠃ | ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠰᠢᠰᠲ᠋ᠧᠮ ᠲᠠᠢ ᠠᠬᠢᠭᠤᠯᠬᠤ ᠶᠢᠨ ᠬᠦᠴᠦᠯᠡᠬᠦ | ᠴᠡᠭ | ︽ᠤᠮᠠᠷᠠᠲᠤ ᠬᠢᠯᠢ ᠶᠢᠨ ᠰᠣᠶᠣᠯ︾ ᠤᠨ ᠠᠭᠤᠯᠤᠭᠳᠠᠬᠤᠨ ᠢ ᠭᠦᠨᠵᠡᠭᠡᠢ ᠲᠣᠳᠣᠷᠬᠠᠶᠢᠯᠠᠨ ᠠᠭᠤᠳᠠᠯᠵᠤ᠂ | ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠪᠠ ᠰᠣᠶᠣᠯ ᠤᠨ ᠰᠢᠰᠲ᠋ᠧᠮ ᠢ ᠪᠠᠶᠢᠭᠤᠯᠬᠤ | ᠳᠤᠮᠳᠠ ︽ᠤᠮᠠᠷᠠᠲᠤ ᠬᠢᠯᠢ ᠶᠢᠨ ᠰᠣᠶᠣᠯ︾ ᠤᠨ ᠶᠡᠷᠦᠩᠬᠡᠢ ᠪᠠᠶᠢᠷᠢ ᠲᠣᠭᠲᠠᠭᠠᠯᠲᠠ ᠶᠢ ᠰᠠᠶᠢᠲᠤᠷ ᠬᠢᠬᠦ ᠬᠡᠷᠡᠭᠲᠡᠢ᠃ | ︽ᠤᠮᠠᠷᠠᠲᠤ ᠬᠢᠯᠢ ᠶᠢᠨ ᠰᠣᠶᠣᠯ︾ ᠬᠢᠭᠡᠳ ᠳᠤᠮᠳᠠᠳᠤ ᠶᠢᠨ ᠰᠣᠶᠣᠯ ᠤᠨ ᠬᠤᠯᠪᠤᠭ᠎ᠠ ᠶᠢ ᠪᠦᠭᠦ ᠲᠠᠯ᠎ᠠ ᠪᠠᠷ | ᠣᠶᠢᠯᠠᠭᠠᠵᠤ᠂ ︽ᠭᠤᠣᠯ ᠡᠰᠢ︾ ᠬᠢᠭᠡᠳ ︽ᠰᠠᠯᠠᠭ᠎ᠠ ᠮᠥᠴᠢᠷ︾ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ | ᠰᠢᠵᠢᠮ ᠢ ᠪᠠᠲᠤ ᠡᠵᠡᠮᠳᠡᠵᠦ᠂ ︽ᠤᠮᠠᠷᠠᠲᠤ ᠬᠢᠯᠢ ᠶᠢᠨ ᠰᠣᠶᠣᠯ︾ ᠠᠭᠤᠯᠤᠭᠳᠠᠵᠤ ᠪᠠᠶᠢᠭ᠎ᠠ ᠡᠯ᠎ᠡ ᠵᠦᠢᠯ ᠤᠨ | ᠰᠣᠶᠣᠯ ᠤᠨ ᠰᠢᠰᠲ᠋ᠧᠮ ᠢ ᠰᠢᠰᠲ᠋ᠧᠮ ᠲᠠᠢ ᠡᠮᠬᠢᠯᠡᠨ᠎ᠡ᠃ ᠦᠨᠳᠦᠰᠦᠲᠡᠨ ᠤ ᠬᠥᠭᠵᠢᠯᠲᠡ ᠶᠢᠨ ᠲᠡᠦᠬᠡᠨ ᠠᠴᠠ | ᠰᠣᠶᠣᠯ ᠤᠨ ᠡᠬᠢ ᠪᠠᠶᠠᠯᠢᠭ ᠢ ᠠᠭᠤᠳᠠᠯᠵᠤ᠂ ᠲᠡᠦᠬᠡ ᠶᠢᠨ ᠰᠤᠳᠠᠰᠤ ᠪᠠ ᠴᠠᠭ ᠦᠶ᠎ᠡ ᠶᠢᠨ ᠦᠷᠳᠡᠭ ᠤᠨ | ᠡᠭᠦᠳᠡᠨ ᠠᠴᠠ ︽ᠤᠮᠠᠷᠠᠲᠤ ᠬᠢᠯᠢ ᠶᠢᠨ ᠰᠣᠶᠣᠯ︾ ᠤᠨ ᠠᠭᠤᠯᠤᠭᠳᠠᠬᠤᠨ ᠢ ᠪᠠᠶᠠᠯᠢᠭᠵᠢᠭᠤᠯᠤᠨ᠎ᠠ᠃ ᠪᠠᠶᠢᠳᠠᠯ ᠢ | ᠲᠣᠳᠣᠷᠬᠠᠢ ᠣᠶᠢᠯᠠᠭᠠᠵᠤ ︽ᠤᠮᠠᠷᠠᠲᠤ ᠬᠢᠯᠢ ᠶᠢᠨ ᠰᠣᠶᠣᠯ︾ ᠤᠨ ᠰᠤᠳᠤᠯᠭᠠᠨ ᠤ ᠠᠵᠢᠯ ᠢ ᠦᠷᠭᠦᠯᠵᠢᠯᠡᠨ ᠭᠦᠨᠵᠡᠭᠡᠢ | ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠣᠳᠣ ᠦᠶ᠎ᠡ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠬᠤ ᠪᠠᠷ ᠴᠢᠷᠮᠠᠶᠢᠨ᠎ᠠ᠃ | ︽ᠤᠮᠠᠷᠠᠲᠤ ᠬᠢᠯᠢ ᠶᠢᠨ ᠰᠣᠶᠣᠯ︾ ᠢ ᠪᠦᠲᠦᠭᠡᠯᠴᠢ ᠪᠠᠷ ᠬᠤᠪᠢᠷᠠᠭᠤᠯᠬᠤ᠂ᠪᠦᠲᠦᠭᠡᠯᠴᠢ ᠪᠠᠷ ᠬᠥᠭᠵᠢᠭᠦᠯᠬᠦ ᠶᠢ | ᠴᠢᠬᠤᠯᠠᠴᠢᠯᠠᠵᠤ᠂ ︽ᠤᠮᠠᠷᠠᠲᠤ ᠬᠢᠯᠢ ᠶᠢᠨ ᠰᠣᠶᠣᠯ︾ ᠤᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠡᠯ᠎ᠡ | ᠵᠦᠢᠯ ᠤᠨ ᠠᠵᠢᠯ ᠳᠤ ᠠᠭᠤᠰᠬᠠᠨ ᠣᠷᠣᠭᠤᠯᠤᠨ᠎ᠠ᠃ ︽ᠴᠡᠭ ︱ᠱᠤᠭᠤᠮ ︱ᠭᠠᠳᠠᠷᠭᠤ︾ ᠶᠢᠨ ᠠᠳᠠᠯᠢ ᠪᠤᠰᠤ | ᠬᠠᠷᠠᠭᠠᠰᠤ ᠠᠴᠠ ︽ᠤᠮᠠᠷᠠᠲᠤ ᠬᠢᠯᠢ ᠶᠢᠨ ᠰᠣᠶᠣᠯ︾ ᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠡᠯ᠎ᠡ ᠵᠦᠢᠯ ᠤᠨ | ᠳᠠᠮᠵᠢᠭᠤᠯᠭ᠎ᠠ ᠶᠢᠨ ᠠᠷᠭ᠎ᠠ ᠵᠠᠮ ᠢᠶᠠᠷ ︽ᠤᠮᠠᠷᠠᠲᠤ ᠬᠢᠯᠢ ᠶᠢᠨ ᠰᠣᠶᠣᠯ︾ ᠤᠨ ᠦᠯᠢᠭᠡᠷ ᠢ ᠴᠢᠷᠮᠠᠶᠢᠨ ᠰᠠᠶᠢᠲᠤᠷ | ᠶᠠᠷᠢᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠦᠨ᠎ᠡ᠃ ︽ᠤᠮᠠᠷᠠᠲᠤ ᠬᠢᠯᠢ ᠶᠢᠨ ᠰᠣᠶᠣᠯ︾ | ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠬᠤᠪᠢᠷᠠᠭᠤᠯᠬᠤ ᠶᠢ ᠴᠢᠩᠭᠠᠳᠬᠠᠵᠤ᠂ ᠰᠣᠶᠣᠯ ᠤᠨ | ᠪᠦᠲᠦᠭᠡᠭᠳᠡᠬᠦᠨ ᠢ ᠬᠥᠮᠥᠰ ᠤᠨ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ᠂ ᠣᠯᠠᠨ | ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠵᠢᠴᠢ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠳᠤᠮᠳᠠ ︽ᠤᠮᠠᠷᠠᠲᠤ ᠬᠢᠯᠢ ᠶᠢᠨ ᠰᠣᠶᠣᠯ︾ ᠤᠨ ᠣᠨᠴᠠᠯᠢᠭ ᠢ ᠲᠣᠪᠤᠶᠢᠯᠭᠠᠨ᠂ ᠣᠨᠴᠠᠯᠢᠭᠲᠤ ᠰᠣᠶᠣᠯ ᠤᠨ | ᠪᠦᠲᠦᠭᠡᠭᠳᠡᠬᠦᠨ ᠤ ᠦᠢᠯᠡᠴᠢᠯᠡᠭᠡ ᠵᠢᠴᠢ ᠵᠢᠭᠤᠯᠴᠢᠯᠠᠯ ᠤᠨ ᠥᠩᠭᠡᠷᠡᠭᠡᠯᠲᠡ ᠳᠤ ᠲᠦᠰᠢᠭᠯᠡᠨ ︽ᠤᠮᠠᠷᠠᠲᠤ ᠬᠢᠯᠢ ᠶᠢᠨ | ᠰᠣᠶᠣᠯ︾ ᠳᠤ ᠨᠠᠩ ᠥᠷᠭᠡᠨ ᠳᠡᠯᠭᠡᠷ ᠰᠣᠶᠣᠯ ᠤᠨ ᠲᠠᠨᠢᠯᠲᠠ ᠲᠠᠢ ᠪᠣᠯᠭᠠᠨ᠎ᠠ᠃ | ︽ᠤᠮᠠᠷᠠᠲᠤ ᠬᠢᠯᠢ ᠶᠢᠨ ᠰᠣᠶᠣᠯ︾ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠬᠤ ᠳᠤᠮᠳᠠᠬᠢ ᠴᠢᠬᠤᠯᠠ ᠦᠢᠯᠡᠳᠦᠯ ᠢ | ᠪᠠᠳᠠᠷᠠᠭᠤᠯᠤᠨ᠎ᠠ᠃ ᠨᠢᠭᠡ ᠲᠠᠯ᠎ᠠ ᠪᠠᠷ ︽ᠤᠮᠠᠷᠠᠲᠤ ᠬᠢᠯᠢ ᠶᠢᠨ ᠰᠣᠶᠣᠯ︾ ᠤᠨ ᠳᠤᠮᠳᠠᠳᠤ ᠶᠢᠨ ᠰᠣᠶᠣᠯ ᠳᠠᠬᠢ | ᠲᠣᠪᠣᠶᠢᠮ᠎ᠠ ᠦᠢᠯᠡᠳᠦᠯ ᠢ ᠵᠥᠪ ᠢᠶᠠᠷ ᠲᠠᠨᠢᠵᠤ᠂ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ ︽ᠬᠤᠶᠠᠳᠠᠭᠢ ᠤᠶᠠᠯᠳᠤᠯ︾ ᠢ ᠭᠦᠨᠵᠡᠭᠡᠢ ᠦᠢᠯᠡᠳᠦᠯᠭᠡᠵᠢᠭᠦᠯᠵᠦ᠂ ᠮᠠᠷᠺᠰ ᠤᠨ ᠦᠵᠡᠯ ᠤᠨ | ᠦᠨᠳᠦᠰᠦᠨ ᠤᠭ ᠶᠣᠰᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠤᠭᠰᠠᠨ | ᠰᠠᠭᠤᠷᠢᠨ ᠳᠡᠭᠡᠷ᠎ᠡ ᠵᠠᠮ ᠨᠡᠭᠡᠭᠡᠨ ᠰᠢᠨ᠎ᠡ ᠶᠢ ᠡᠭᠦᠳᠬᠦ ᠬᠡᠷᠡᠭᠲᠡᠢ᠃ ᠨᠥᠭᠦᠭᠡ ᠲᠠᠯ᠎ᠠ ᠪᠠᠷ᠂ ᠡᠯ᠎ᠡ ᠲᠥᠷᠥᠯ ᠤᠨ | ᠦᠨᠳᠦᠰᠦᠲᠡᠨ ᠤ ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠦᠨᠳᠦᠰᠦᠲᠡᠨ ᠨᠦᠭᠦᠳ | ᠪᠦᠯᠬᠦᠮᠳᠡᠨ ᠨᠢᠭᠡ ᠭᠡᠷ ᠤᠨ ᠬᠥᠮᠥᠰ ᠮᠡᠲᠦ ᠳᠣᠲᠣᠨᠣ ᠪᠤᠯᠬᠤ︾ ᠰᠠᠭᠤᠷᠢ ᠶᠢ ᠪᠠᠲᠤ ᠴᠣᠭᠴᠠᠯᠠᠵᠤ᠂ | ᠦᠨᠳᠦᠰᠦᠲᠡᠨ ᠨᠦᠭᠦᠳ ᠤᠨ ᠬᠤᠭᠤᠷᠣᠨᠳᠤ ᠬᠠᠷᠢᠯᠴᠠᠨ ᠰᠣᠯᠢᠯᠴᠠᠵᠤ ᠬᠠᠷᠢᠯᠴᠠᠨ ᠲᠣᠯᠢ ᠪᠤᠯᠭᠠᠬᠰᠠᠨ ᠦᠷ᠎ᠡ | ᠪᠦᠲᠦᠭᠡᠯ ᠳᠤ ᠲᠦᠰᠢᠭᠯᠡᠨ᠂ ᠪᠣᠯᠪᠠᠰᠤᠨ ᠤ ᠰᠢᠨ᠎ᠡ ᠭᠡᠯᠪᠡᠷᠢ ᠪᠠᠶᠢᠳᠠᠯ ᠢ ᠡᠭᠦᠳᠦᠨ ᠪᠦᠲᠦᠭᠡᠵᠦ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ ᠡᠳ᠋ᠯᠡᠬᠦ ᠬᠡᠷᠡᠭᠲᠡᠢ᠃ |