︽ᠲᠠᠪᠤᠨ ᠶᠡᠭᠡ ᠡᠭᠦᠷᠭᠡ︾ ᠶᠢᠨ ᠨᠠᠶᠢᠳᠠᠪᠤᠷᠢᠵᠢᠬᠤ ᠶᠢ ᠲᠦᠷᠭᠡᠳᠬᠡᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ — 1-7 ᠰᠠᠷ᠎ᠠ ᠳᠤ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠪᠥᠬᠦ ᠣᠷᠣᠨ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2024/10/21
      ᠡᠨᠡ ᠵᠢᠯ ᠤᠨ ᠲᠦᠷᠦᠭᠦᠤ 7 ᠰᠠᠷ᠎ᠠ ᠳᠤ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠡᠶᠢᠲᠡ 39.5 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠭᠠᠳᠠᠭᠠᠳᠤ ᠭᠠᠷᠭᠠᠯᠲᠠ ᠶᠢᠨ 62.4% ᠶᠢ ᠡᠵᠡᠯᠡᠨ᠂ ᠪᠦᠬᠦ ᠣᠷᠣᠨ ᠤ ᠨᠢᠭᠡᠳᠦᠭᠡᠷ ᠲᠤ ᠤᠷᠤᠪᠠ᠃       ᠡᠨᠡ ᠬᠡᠳᠦᠨ ᠡᠳᠦᠷ᠂ ᠥᠪᠥᠷ ᠮᠣᠩᠭᠤᠯ ᠤᠨ ᠵᠦᠩ ᠵᠢᠦᠢ ᠳ᠋ᠡ ᠠᠷᠠᠯᠵᠢᠶᠠᠨ ᠤ ᠬᠢᠵᠠᠭᠠᠷᠲᠤ ᠺᠣᠮᠫᠠᠨᠢ ᠠᠵᠢᠯᠳᠠᠳ ᠢᠶᠠᠨ ᠵᠣᠬᠢᠶᠠᠨ ᠪᠠᠶᠢᠭᠤᠯᠤᠨ᠂ ᠦᠶᠤᠸᠠᠨ ᠰᠢᠶᠠᠨ ᠤ ᠲᠢᠶᠠᠨ ᠵᠢᠢ ᠲᠠᠢ ᠪᠠᠯᠭᠠᠰᠤᠨ ᠤ ᠡᠯ ᠾᠧ ᠶᠦᠩ ᠲᠤᠰᠬᠤᠨ ᠤ ᠲᠠᠷᠢᠶᠠᠨ ᠭᠠᠵᠠᠷ ᠲᠤ ᠭᠦᠷᠴᠤ᠂ ᠭᠤᠸᠠ ᠰᠢᠯᠢᠨ ᠰᠤᠩᠭᠤᠵᠤ ᠪᠠᠶᠢᠯ᠎ᠠ᠃ ᠡᠨᠡ ᠪᠦᠯᠦᠭ ᠬᠠᠮᠢᠯ ᠬᠡᠮᠬᠡ ᠶᠢ ᠨᠠᠷᠢᠨ ᠰᠢᠯᠢᠵᠦ ᠰᠣᠩᠭᠤᠭᠰᠠᠨ ᠤ ᠳᠠᠷᠠᠭ᠎ᠠ᠂ ᠶᠦᠨᠨᠠᠨ ᠤ ᠾᠧ ᠺᠧᠦ ᠪᠣᠭᠤᠮᠲᠠ ᠪᠠᠷ ᠲᠠᠮᠵᠢᠨ ᠸᠢᠶᠧᠳ᠋ᠨᠠᠮ ᠳᠤ ᠭᠠᠷᠭᠠᠬᠤ ᠪᠤᠯᠤᠨ᠎ᠠ᠃       ᠥᠪᠥᠷ ᠮᠣᠩᠭᠤᠯ ᠤᠨ ᠵᠥᠩ ᠵᠢᠦᠢ ᠳ᠋ᠡ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠪᠣᠷᠤᠯᠠᠭᠤᠯᠭ᠎ᠠ ᠶᠢᠨ ᠶᠡᠷᠦᠩᠬᠡᠢ ᠬᠢᠨᠠᠭᠴᠢ ᠯᠢ ᠵᠢᠶᠠᠨ ᠫᠢᠩ ᠰᠤᠷᠪᠤᠯᠵᠢᠯᠠᠭᠴᠢ ᠳᠤ ᠪᠠᠷᠤᠭ 35 ᠲᠣᠨ ᠣᠷᠴᠢᠮ ᠪᠠᠶᠢᠵᠤ᠂ ᠭᠤᠸᠠ ᠪᠦᠷᠢ ᠨᠢ ᠬᠥᠮᠥᠨ ᠤ ᠬᠦᠴᠦ ᠪᠠᠷ ᠨᠠᠷᠢᠨ ᠰᠢᠯᠢᠵᠦ ᠰᠣᠩᠭᠤᠬᠤ ᠪᠠᠷ ᠲᠠᠮᠵᠢᠨ᠂ ᠪᠠᠷᠤᠭ 3  ᠠᠴᠠ 4 ᠡᠳᠦᠷ ᠤᠨ ᠳᠣᠲᠣᠷ᠎ᠠ ᠸᠢᠶᠧᠳ᠋ᠨᠠᠮ ᠤᠨ ᠵᠠᠬ᠎ᠠ ᠳᠡᠯᠭᠡᠭᠦᠷ ᠲᠤ ᠰᠢᠭᠤᠳ ᠬᠦᠷᠴᠦ ᠲᠡᠶᠢᠯᠦᠨ᠎ᠡ ᠭᠡᠪᠡ᠃       ᠥᠪᠥᠷ ᠮᠣᠩᠭᠤᠯ ᠤᠨ ᠵᠥᠩ ᠵᠢᠦᠢ ᠳ᠋ᠡ ᠠᠷᠠᠯᠵᠢᠶᠠᠨ ᠤ ᠬᠢᠵᠠᠭᠠᠷᠲᠤ ᠺᠣᠮᠫᠠᠨᠢ ᠪᠣᠯ ᠥᠪᠡᠷᠲᠡᠭᠡᠨ ᠵᠠᠰᠠᠬᠤ ᠣᠷᠣᠨ ᠤ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠵᠢᠮᠢᠰ ᠢ ᠭᠠᠳᠠᠭᠠᠳᠤ ᠳᠤ ᠭᠠᠷᠭᠠᠬᠤ ᠬᠢᠷᠢ ᠬᠡᠮ ᠢ ᠣᠯᠣᠭᠰᠠᠨ ᠠᠩᠬᠠᠳᠠᠭᠴᠢ ᠠᠵᠤ ᠠᠬᠤᠶᠢᠯᠠᠯ ᠪᠣᠯᠣᠨ᠎ᠠ᠃ ᠤᠳᠤᠬᠠᠨ ᠳᠤ᠂ ᠭᠠᠳᠠᠭᠠᠳᠤ ᠳᠤ ᠭᠠᠷᠭᠠᠬᠤ ᠭᠤᠣᠯ ᠤᠯᠤᠰ ᠨᠢ ᠸᠢᠶᠧᠳ᠋ᠨᠠᠮ ᠪᠣᠯᠣᠨ᠎ᠠ᠃       ᠮᠠᠨ ᠤ ᠬᠤᠲᠠ ᠶᠢᠨ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠡᠭ ᠪᠣᠯᠤᠭᠰᠠᠨ ᠤ ᠬᠤᠪᠢ ᠳᠤ᠂ ᠮᠠᠨ ᠤ ᠬᠤᠲᠠ ︽ᠬᠥᠲᠥᠴᠢ ᠠᠵᠤ ᠠᠬᠤᠶᠢᠯᠠᠯ + ᠬᠤᠷᠰᠢᠶᠠᠵᠢᠯ + ᠰᠠᠭᠤᠷᠢᠨ ᠭᠠᠵᠠᠷ + ᠲᠠᠷᠢᠶᠠᠴᠢᠨ ᠡᠷᠦᠭᠡ︾ ᠬᠤᠯᠪᠤᠭᠠᠯᠠᠭᠰᠠᠨ ᠬᠥᠭᠵᠢᠯᠲᠡ ᠶᠢᠨ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠤ᠂ ᠰᠢᠶᠠᠨ ᠤ ᠱᠠᠲᠤᠨ ᠤ ᠠᠮᠲᠠᠲᠤ ᠬᠡᠮᠬᠡ ᠶᠢᠨ ᠭᠠᠳᠠᠭᠠᠳᠤ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ 1 ᠂ ᠭᠠᠳᠠᠭᠰᠢ ᠴᠢᠭᠯᠡᠭᠦᠯᠦᠭᠰᠡᠨ ᠠᠵᠤ ᠦᠢᠯᠡᠰ ᠤᠨ ᠠᠵᠤ ᠠᠬᠤᠶᠢᠯᠠᠯ 3᠂ ᠲᠠᠷᠢᠶᠠᠯᠠᠩ ᠤᠨ ᠬᠤᠷᠰᠢᠶᠠᠵᠢᠯ 10 ᠡᠷᠦᠬᠡ ᠶᠢ ᠡᠭᠦᠳᠦᠨ ᠪᠠᠶᠢᠭᠤᠯᠬᠤ ᠶᠢᠨ ᠲᠠᠭᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠭᠠᠳᠠᠭᠰᠢ ᠭᠠᠷᠴᠤ ᠵᠥᠪᠳᠡᠯᠴᠡᠨ ᠵᠣᠯᠭᠠᠭᠤᠯᠬᠤ ᠪᠠᠷ ᠳᠠᠮᠵᠢᠨ᠂ ᠭᠠᠳᠠᠭᠠᠳᠤ ᠶᠢᠨ ᠬᠥᠮᠥᠷᠭᠡ ᠪᠠᠶᠢᠭᠤᠯᠵᠤ᠂ ᠣᠳᠣᠬᠠᠨ ᠳᠤ᠂  ᠲᠠᠢ ᠤᠯᠤᠰ᠂ ᠪᠢᠷᠮᠠ᠂ ᠯᠠᠤᠰ᠂ ᠺᠠᠮᠪᠤᠵᠠ ᠵᠡᠷᠭᠡ ᠤᠯᠤᠰ ᠢ ᠪᠠᠭᠳᠠᠭᠠᠭᠰᠠᠨ ᠤᠯᠠᠨ ᠤᠯᠤᠰ ᠤᠨ ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠦᠷᠢᠯᠳᠦᠭᠦᠯᠪᠡ᠃       ᠥᠪᠥᠷ ᠮᠣᠩᠭᠤᠯ ᠤᠨ ᠵᠦᠩ ᠵᠢᠦᠢ ᠳ᠋ᠡ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠪᠣᠷᠤᠯᠠᠭᠤᠯᠭ᠎ᠠ ᠶᠢᠨ ᠶᠡᠷᠦᠩᠬᠡᠢ ᠬᠢᠨᠠᠭᠴᠢ ᠯᠢ ᠵᠢᠶᠠᠨ ᠫᠢᠩ ᠰᠤᠷᠪᠤᠯᠵᠢᠯᠠᠭᠴᠢ ᠳᠤ ᠨᠢᠳᠤᠨᠤᠨ ᠪᠢᠳᠡ ᠸᠢᠶᠧᠳ᠋ᠨᠠᠮ ᠳᠤ ᠭᠠᠷᠭᠠᠭᠰᠠᠨ᠂ ᠡᠨᠡ ᠵᠢᠯ ᠯᠠᠤᠰ᠂ ᠤᠷᠤᠰ ᠵᠡᠷᠭᠡ ᠤᠯᠤᠰ ᠢ ᠪᠠᠭᠲᠠᠭᠠᠭᠰᠠᠨ ᠭᠠᠳᠠᠭᠠᠳᠤ ᠭᠠᠷᠭᠠᠯᠲᠠ ᠲᠠᠢ ᠨᠢᠭᠡᠨᠲᠡ ᠬᠠᠮᠲᠤᠷᠠᠯᠴᠠᠭᠠᠨ ᠤ ᠵᠥᠪᠯᠡᠯᠴᠡᠭᠡᠷ ᠲᠤᠭᠳᠠᠭᠰᠠᠨ ᠭᠡᠪᠡ᠃       ᠡᠨᠡ ᠵᠢᠯ ᠠᠴᠠ ᠨᠠᠰᠢ᠂ ᠮᠠᠨ ᠤ ᠬᠤᠲᠠ ᠲᠠᠷᠢᠶᠠᠯᠠᠩ ᠤᠨ ᠬᠡᠪᠴᠢᠶᠡᠵᠢᠯᠲᠡ᠂ ᠠᠵᠤ ᠦᠶᠢᠯᠡᠰᠵᠢᠯᠲᠡ᠂ ᠨᠠᠷᠠᠲᠤ ᠲᠡᠮᠳᠡᠭᠵᠢᠯᠲᠡ ᠶᠢᠨ ᠬᠥᠭᠵᠢᠯᠲᠡ ᠶᠢ ᠠᠬᠢᠭᠤᠯᠬᠤ ᠶᠢᠨ ᠲᠣᠭᠤᠷᠢᠨ ᠳᠤ᠂ ᠰᠢᠨ᠎ᠡ ᠨᠢᠭᠡ ᠡᠭᠡᠯᠵᠢ ᠶᠢᠨ ᠭᠠᠳᠠᠭᠠᠳᠤ ᠠᠷᠠᠯᠵᠢᠶᠠᠨ ᠤ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠰᠠᠭᠤᠷᠢᠨ ᠭᠠᠵᠠᠷ ᠢ ᠪᠤᠶᠢᠵᠢᠭᠤᠯᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠭᠡᠷᠡᠭᠵᠢᠭᠦᠯᠦᠨ᠂ ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ B ᠬᠡᠯᠪᠡᠷᠢ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ ᠤᠨ ᠴᠢᠳᠠᠪᠭᠢ ᠶᠢ ᠭᠦᠨᠵᠡᠭᠡᠢ ᠠᠭᠤᠳᠠᠯᠵᠤ ᠭᠦᠢᠴᠡᠳ ᠠᠰᠢᠭᠯᠠᠨ᠂ ᠭᠤᠷᠪᠠᠳᠠᠭᠢ ᠡᠲᠡᠭᠡᠳ ᠤᠨ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠥᠷᠥᠯ ᠵᠦᠢᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠠᠵᠤ ᠠᠬᠤᠶᠢᠯᠠᠯ ᠤᠨ ᠭᠠᠳᠠᠭᠠᠳᠤ ᠳᠤ ᠪᠡᠯᠡ ᠤᠷᠤᠭᠤᠯᠤᠨ ᠬᠮᠳᠤᠷᠠᠯᠴᠠᠬᠤ ᠭᠡᠯᠪᠡᠷᠢ ᠶᠢ ᠲᠡᠮᠵᠢᠭᠦ ᠶᠢᠨ ᠲᠠᠭᠤ ᠭᠠᠳᠠᠭᠠᠳᠤ ᠠᠵᠤ ᠠᠬᠤᠢ ᠠᠷᠠᠯᠵᠢᠶᠠᠨ ᠤ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠭᠦᠢᠴᠡᠳ ᠠᠰᠢᠭᠯᠠᠨ ᠠᠵᠤ ᠠᠬᠤᠶᠢᠯᠠᠯ ᠤᠨ ︽ᠭᠠᠳᠠᠭᠰᠢ ᠭᠠᠷᠴᠤ︾ ᠬᠢᠯᠢ ᠶᠢᠨ ᠭᠠᠳᠠᠨᠠᠬᠢ ᠨᠡᠷᠡᠲᠦ ᠦᠵᠡᠭᠦᠯᠦᠯᠭᠡ ᠶᠢᠨ ᠴᠤᠭᠯᠠᠭᠠᠨ ᠳᠤ ᠣᠷᠣᠯᠴᠠᠬᠤ ᠶᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠢ ᠬᠢᠯᠢ ᠶᠢᠨ ᠭᠠᠳᠠᠨᠠᠬᠢ ᠪᠦᠳᠦᠭᠡᠭᠳᠡᠭᠦᠨ ᠤ ᠳᠡᠯᠭᠡᠨ ᠦᠵᠡᠭᠦᠯᠵᠦ ᠪᠣᠷᠣᠯᠠᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠭᠢᠭᠦ ᠶᠢ ᠵᠤᠷᠢᠭᠵᠢᠭᠤᠯᠤᠨ᠎ᠠ᠃ ᠡᠭᠦᠨ ᠤ ᠲᠠᠭᠤ᠂ ᠮᠠᠨ ᠤ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠤ ᠠᠬᠤᠶᠢᠯᠠᠯ ᠤᠨ ᠪᠠᠴᠢᠮ ᠭᠦᠴᠢᠷᠳᠡᠯᠳᠡᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠳᠤ ᠢᠳᠡᠪᠬᠢᠲᠡᠢ ᠪᠠᠷ ᠭᠦᠨᠵᠡᠭᠡᠶᠢᠷᠡᠨ ᠠᠷᠭ᠎ᠠ ᠪᠣᠳᠣᠯᠭ᠎ᠠ ᠬᠡᠷᠡᠭᠴᠡᠭᠡ ᠱᠠᠭᠠᠷᠳᠠᠯᠭ᠎ᠠ ᠶᠢ ᠠᠰᠠᠭᠤᠨ ᠯᠠᠪᠯᠠᠵᠤ᠂ ᠦᠢᠯᠡᠴᠢᠯᠡᠭᠡᠨ ᠤ ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠨ ᠤᠯᠠᠨ ᠤᠯᠤᠰ ᠤᠨ ᠵᠠᠬ᠎ᠠ ᠲᠡᠯᠭᠡᠭᠦᠷ ᠤᠨ ᠨᠡᠭᠡᠭᠡᠯᠲᠡ ᠳᠤ ᠬᠦᠴᠦᠨ ᠨᠡᠮᠡᠷᠢᠯᠡᠨ᠎ᠡ᠃       ᠡᠨᠡ ᠵᠢᠯ ᠤᠨ ᠲᠦᠷᠦᠭᠦᠤ 7 ᠰᠠᠷ᠎ᠠ ᠳᠤ᠂ ᠮᠠᠨ ᠤ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠨᠡᠶᠢᠲᠡ 39.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.7% ᠪᠠᠷ ᠨᠡᠮᠡᠭᠳᠡᠨ᠂ ᠪᠥᠬᠦ ᠣᠷᠣᠨ ᠤ ᠭᠠᠳᠠᠭᠠᠳᠤ ᠭᠠᠷᠭᠠᠯᠲᠠ ᠶᠢᠨ 62. 4% ᠶᠢ ᠡᠵᠡᠯᠡᠵᠤ᠂ ᠪᠥᠬᠦ ᠣᠷᠣᠨ ᠤ ᠨᠢᠭᠡᠳᠦᠭᠡᠷ ᠲᠤ ᠯᠠᠪᠳᠠᠭᠤᠨ ᠢᠶᠠᠷ ᠣᠷᠣᠪᠠ᠃   
ᠢᠷᠡᠯᠲᠡ᠄ ᠪᠠᠶᠠᠨᠨᠠᠭᠤᠷ ᠤᠨ ᠮᠣᠩᠭᠤᠯ ᠷᠠᠳᠢᠣ᠋ ᠲᠧᠯᠸᠢᠰ