ᠯᠢ ᡁᠢ ᠰᠢᠶᠦ᠋ᠩ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠭᠦᠯᠦᠯᠲᠡ ᠶᠢᠨ ᠪᠦᠯᠦᠭᠯᠡᠯ ᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ᠂ ᠾᠧᠩ ᠵᠢᠢ ᠨᠧᠩ ᠰᠤᠳᠠᠯ ᠤᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/11/12
11 ᠰᠠᠷ᠎ᠠ ᠶᠢᠨ 7 ᠤ ᠡᠳᠦᠷ᠂ ᠯᠢ ᡁᠢ ᠰᠢᠶᠦ᠋ᠩ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠭᠦᠯᠦᠯᠲᠡ ᠶᠢᠨ ᠪᠦᠯᠦᠭᠯᠡᠯ ᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ᠂ ᠾᠧᠩ ᠵᠢᠢ ᠨᠧᠩ ᠰᠤᠳᠠᠯ ᠤᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠠᠭᠤᠯᠵᠠᠵᠤ᠂ ᠵᠢᠢ ᠯᠢ ᠲᠥᠪ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠶᠠᠪᠤᠳᠠᠯ ᠤᠨ ᠲᠤᠬᠠᠢ ᠶᠠᠷᠢᠯᠴᠠᠨ ᠰᠣᠯᠢᠯᠴᠠᠪᠠ᠃      ᠯᠢ ᡁᠢ ᠰᠢᠦ᠋ᠩ ᠰᠤᠷᠪᠤᠯᠵᠢᠯᠠᠬᠤ ᠪᠠᠷ ᠢᠷᠡᠭᠰᠡᠳ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠳ᠋ᠧᠩᠺᠧᠦ ᠰᠢᠶᠠᠨ ᠤ ᠰᠢᠨ᠎ᠡ ᠡᠨᠧᠷᠭᠢ ᠶᠢᠨ ᠪᠠᠶᠢᠷᠢᠰᠢᠭᠤᠯᠤᠯᠲᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠢ ᠲᠥᠯᠥᠪᠵᠢᠭᠦᠯᠭᠡ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠵᠡᠷᠭᠡ ᠶᠢ ᠲᠣᠪᠴᠢ ᠲᠠᠨᠢᠯᠴᠠᠭᠤᠯᠪᠠ᠃ ᠲᠡᠷᠡ᠂ ᠳ᠋ᠧᠩᠺᠧᠦ ᠰᠢᠶᠠᠨ ᠤ ᠬᠢᠨ ᠣᠶᠢᠷ᠎ᠠ ᠶᠢᠨ ᠵᠢᠯ ᠤᠳ ᠲᠤ ︽ᠡᠬᠢ ᠰᠤᠷᠪᠤᠯᠵᠢ ᠶᠢᠨ ᠲᠣᠣᠷ ᠤᠨ ᠴᠡᠨᠡᠭ ᠨᠥᠭᠡᠴᠡᠯᠡᠬᠦ︾ ᠶᠢ ᠨᠢᠭᠡ ᠴᠣᠭᠴᠠᠵᠢᠭᠤᠯᠤᠭᠰᠠᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠳᠤᠮᠳᠠ ᠳᠣᠣᠷᠠᠳᠤ ᠤᠷᠤᠰᠬᠠᠯ ᠲᠡᠰᠢ ᠤᠷᠲᠤᠳᠬᠠᠵᠤ᠂ ᠳᠤᠮᠳᠠ ᠳᠡᠭᠡᠳᠦ ᠳᠡᠰ ᠲᠡᠶᠢᠰᠢ ᠠᠬᠢᠭᠤᠯᠬᠤ ᠶᠢ ᠠᠬᠢᠭᠤᠯᠵᠠᠢ᠃ ᠪᠤᠳᠤᠬᠤ ᠬᠦᠴᠦᠨ ᠤ ᠲᠥᠪ ᠪᠣᠯᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠬᠠᠷᠢᠯᠴᠠᠨ ᠠᠬᠢᠭᠤᠯᠵᠤ᠂ ᠳ᠋ᠧᠩᠺᠧᠦ ᠰᠢᠶᠠᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠬᠠᠮᠲᠤ ᠪᠠᠷ ᠠᠬᠢᠭᠤᠯᠵᠤ᠂ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠶᠠᠷᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠭᠦᠯᠦᠯᠲᠡ ᠶᠢᠨ ᠪᠦᠯᠦᠭᠯᠡᠯ ᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠦ᠋ ᠹᠧᠢ ᠳ᠋ᠧᠩᠺᠧᠦ ᠰᠢᠶᠠᠨ ᠤ ᠬᠠᠯᠠᠭᠤᠨ ᠢᠶᠠᠷ ᠵᠣᠴᠢᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠲᠥᠰᠦᠯ ᠢᠶᠠᠨ ᠬᠠᠷᠢᠭᠤ ᠮᠡᠳᠡᠭᠦᠯᠪᠡ᠃ ᠲᠡᠷᠡ᠂ ᠪᠣᠳᠣᠬᠤ ᠬᠦᠴᠦᠨ ᠤ ᠲᠥᠪ ᠨᠢ ᠲᠤᠭ᠎ᠠ ᠪᠠᠷᠢᠮᠲᠠ ᠶᠢ ᠰᠢᠢᠳᠪᠦᠷᠢᠯᠡᠬᠦ ᠭᠤᠣᠯ ᠰᠠᠭᠤᠷᠢ ᠲᠥᠬᠦᠭᠡᠷᠦᠮᠵᠢ ᠪᠣᠯᠤᠭᠰᠠᠨ ᠤ ᠬᠤᠪᠢ ᠳᠤ᠂ ᠡᠨᠧᠷᠭᠢ ᠶᠢᠨ ᠬᠤᠷᠣᠭᠳᠠᠯ ᠤᠨ ᠠᠰᠠᠭᠤᠳᠠᠯ ᠡᠳᠦᠷ ᠢᠷᠡᠬᠦᠶ᠎ᠡ ᠳᠣᠪᠤᠶᠢᠮ᠎ᠠ ᠪᠣᠯᠵᠤ ᠪᠠᠶᠢᠨ᠎ᠠ᠃ ᠭᠡᠷᠡᠯ ᠤᠨ ᠢᠯᠴᠢ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢᠶᠠᠷ ᠲᠥᠯᠥᠭᠡᠯᠡᠭᠦᠯᠦᠭᠰᠡᠨ ᠴᠡᠪᠡᠷ ᠡᠨᠧᠷᠭᠢ ᠳᠤ ᠲᠣᠭᠲᠠᠭᠤᠨ ᠪᠥᠭᠡᠳ ᠨᠠᠶᠢᠳᠠᠪᠤᠷᠢᠲᠠᠢ ᠴᠠᠬᠢᠯᠭᠠᠨ ᠬᠦᠴᠦᠨ ᠤ ᠳᠡᠮᠵᠢᠯᠭᠡ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠦᠲᠦᠮᠵᠢᠲᠡᠢ ᠪᠠᠭᠤᠷᠠᠭᠤᠯᠵᠤ ᠴᠢᠳᠠᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭᠠᠨ ᠤ ᠵᠥᠪᠳᠡᠯᠴᠡᠭᠡ ᠪᠠᠷ ᠠᠵᠠ ᠲᠣᠬᠢᠶᠠᠯ ᠪᠣᠯᠭᠠᠵᠤ᠂ ᠭᠦᠨᠵᠡᠭᠡᠢ ᠬᠠᠮᠲᠤᠷᠠᠯᠴᠠᠭᠠᠨ ᠤ ᠴᠢᠭᠯᠡᠯ ᠢ ᠰᠦᠪᠡᠭᠴᠢᠯᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ᠂ ᠰᠢᠨ᠎ᠡ ᠶᠢ ᠡᠭᠦᠳᠦᠨ ᠬᠥᠭᠵᠢᠬᠦ ᠰᠢᠨ᠎ᠡ ᠪᠠᠶᠢᠳᠠᠯ ᠢ ᠭᠠᠷ ᠬᠤᠯᠪᠣᠨ ᠡᠭᠦᠳᠬᠦ ᠶᠢ ᠬᠦᠰᠡᠵᠦ ᠪᠠᠶᠢᠨ᠎ᠠ ᠭᠡᠵᠡᠢ᠃      ᠾᠧᠩ ᠵᠢᠢ ᠨᠧᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠢᠨᠵᠧᠨᠧᠷ ᠸᠠᠩ ᡁᠢ ᠸᠧᠢ ᠺᠣᠮᠫᠠᠨᠢ ᠶᠢᠨ ᠭᠤᠣᠯ ᠮᠡᠷᠭᠡᠵᠢᠯ ᠤᠨ ᠦᠢᠯᠡᠳᠬᠦᠨ ᠪᠠ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠪᠠ᠃ ᠲᠤᠰ ᠤᠳᠠᠭᠠᠨ ᠤ ᠨᠡᠪᠲᠡᠷᠡᠯᠴᠡᠨ ᠰᠢᠨᠵᠢᠯᠡᠨ ᠪᠠᠶᠢᠴᠠᠭᠠᠬᠤ ᠪᠠᠷ ᠳᠠᠮᠵᠢᠨ᠂ ᠳ᠋ᠧᠩᠺᠧᠦ ᠰᠢᠶᠠᠨ ᠤ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠤᠬᠠᠢ ᠣᠶᠢᠯᠠᠭᠠᠯᠲᠠ ᠪᠠᠨ ᠨᠡᠮᠡᠭᠳᠡᠭᠦᠯᠵᠦ᠂ ᠳ᠋ᠧᠩᠺᠧᠦ ᠳᠤ ᠪᠡᠯᠡ ᠣᠷᠣᠭᠤᠯᠬᠤ ᠢᠲᠡᠭᠡᠯ ᠵᠣᠷᠢᠭ ᠢᠶᠠᠨ ᠨᠡᠮᠡᠭᠳᠡᠭᠦᠯᠬᠦ ᠶᠢ ᠬᠦᠰᠡᠵᠦ ᠪᠠᠶᠢᠨ᠎ᠠ᠃      ᠳᠠᠷᠠᠭᠠᠴᠢ ᠶᠢᠨ ᠠᠯᠬᠤᠮ ᠳᠤ ᠨᠡᠪᠲᠡᠷᠡᠯᠴᠡᠭᠡ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠨᠥᠬᠦᠷᠯᠡᠯ ᠢᠶᠠᠨ ᠵᠤᠵᠠᠭᠠᠳᠬᠠᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠨ᠎ᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠰᠢᠦᠸᠡᠢ ᠶᠤᠸᠠᠨ᠂ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠵᠢᠴᠢ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
李志雄.jpg
ᠢᠷᠡᠯᠲᠡ᠄ ᠳ᠋ᠧᠩᠺᠸᠦ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ