︵ᠬᠤᠶᠠᠷ︶ | ᠰᠢᠨ᠎ᠡ ᠪᠠᠶᠢᠳᠠᠯ ᠢ ᠠᠷᠭᠠᠴᠠᠭᠠᠬᠤ ᠳᠤ᠂ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ ᠪᠠᠷᠢᠮᠲᠠᠯᠠᠬᠤ ᠬᠡᠷᠡᠭᠲᠡᠢ | ᠬᠡᠪ ᠤᠨ ᠬᠡᠯᠪᠡᠯᠵᠡᠯ ᠳᠤ ᠬᠠᠨᠲᠤᠬᠤ ᠳᠤ ᠪᠠᠨ᠂ ᠡᠩ ᠤᠨ ᠰᠡᠳᠭᠢᠯᠭᠡ ᠢᠯᠡᠭᠦᠬᠡᠨ ᠪᠠᠶᠢᠬᠤ ᠳᠤ ᠪᠠᠨ ᠲᠠᠭᠠᠷᠠᠨ᠎ᠠ᠃ ᠨᠡᠮᠡᠭᠳᠡᠯ ᠤᠨ ᠬᠤᠷᠳᠤᠴᠠ ᠠᠴᠠ | ᠦᠵᠡᠪᠡᠯ᠂ ᠭᠤᠷᠪᠠᠨ ᠤᠯᠠᠷᠢᠯ ᠤᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠬᠡᠳᠦ᠋ᠢᠪᠡᠷ ᠬᠡᠯᠪᠡᠯᠵᠡᠯ ᠲᠠᠢ ᠪᠠᠶᠢᠭᠰᠠᠨ ᠴᠤ ᠬᠡᠯᠪᠡᠯᠵᠡᠯ ᠤᠨ ᠬᠡᠮᠵᠢᠶ᠎ᠡ ᠨᠢ ᠶᠡᠭᠡ | ᠪᠢᠰᠢ ᠪᠠᠶᠢᠵᠤ᠂ ᠮᠥᠨ ᠯᠡ ︽5% ᠣᠷᠴᠢᠮ︾ ᠤᠨ ᠵᠢᠱᠢᠭᠰᠡᠨ ᠬᠠᠷᠠᠯᠲᠠ ᠶᠢᠨ ᠣᠷᠴᠢᠮ ᠪᠠᠶᠢᠪᠠ᠃ ᠨᠡᠮᠡᠭᠲᠡᠯ ᠤᠨ ᠬᠡᠮᠵᠢᠶ᠎ᠡ ᠠᠴᠠ ᠦᠵᠡᠪᠡᠯ᠂ ᠨᠡᠮᠡᠭᠲᠡᠯ ᠤᠨ | ᠬᠤᠷᠲᠤᠴᠠ ᠠᠲᠠᠯᠢ ᠬᠤᠭᠤᠴᠠᠭᠠᠨ ᠤ ᠬᠢ ᠠᠴᠠ ᠬᠡᠲᠦ᠋ᠢᠪᠡᠷ ᠪᠠᠭᠠᠰᠤᠭᠰᠠᠨ ᠪᠤᠯᠪᠠᠴᠦ ᠭᠤᠷᠪᠠᠲᠤᠭᠠᠷ ᠤᠯᠠᠷᠢᠯ ᠤᠨ ᠠᠵᠤ ᠠᠬᠤᠢ ᠶᠢᠨ ᠶᠡᠷᠦᠩᠭᠡᠢ ᠬᠡᠮᠵᠢᠶ᠎ᠠ ᠨᠢ | ᠮᠦᠨ ᠯᠡ ᠨᠢᠲᠤᠨᠤᠨ ᠤ ᠠᠲᠠᠯᠢ ᠬᠤᠭᠤᠴᠠᠭᠠᠨ ᠤ ᠬᠢ ᠠᠴᠠ 12934 ᠳ᠋ᠦᠩᠰᠢᠭᠤᠷ ᠳᠦᠭᠦᠷᠢᠭ ᠦᠨᠲᠦᠷ ᠪᠠᠶᠢᠪᠠ᠃ | ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠳᠤ᠂ ᠤᠷᠤᠭᠰᠢ ᠠᠬᠢᠬᠤ ᠵᠣᠷᠢᠭ ᠢᠯᠡᠭᠦᠬᠡᠨ ᠳᠤ ᠪᠠᠨ ᠲᠠᠭᠠᠷᠠᠨ᠎ᠠ᠃ ᠡᠨᠡ ᠵᠢᠯ ᠤᠨ ᠲᠦᠷᠦᠭᠦᠦ | ᠭᠤᠷᠪᠠᠨ ᠤᠯᠠᠷᠢᠯ ᠳᠤ᠂ ᠦᠢᠯᠡᠴᠢᠯᠡᠭᠡᠨ ᠤ ᠦᠢᠯᠡᠰ ᠤᠨ GDP ᠳᠠᠬᠢ ᠡᠵᠡᠯᠡᠬᠦ ᠬᠤᠪᠢ ᠶᠢᠨ ᠵᠢᠩ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.3 | ᠵᠠᠭᠤᠨ ᠤ ᠴᠡᠭ ᠳᠡᠭᠡᠭᠰᠢᠯᠡᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 53.9% ᠳᠤ ᠬᠦᠷᠪᠡ︔ ᠳᠡᠭᠡᠳᠦ ᠮᠡᠷᠭᠡᠵᠢᠯ ᠤᠨ | ᠠᠵᠤ ᠦᠢᠯᠡᠰ ᠤᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 10.0% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠪᠡᠯᠡ | ᠣᠷᠣᠭᠤᠯᠤᠯᠲᠠ ᠠᠴᠠ 6.6 ᠵᠠᠭᠤᠨ ᠤ ᠴᠡᠭ ᠥᠨᠳᠥᠷᠵᠢᠵᠦ᠂ 7 ᠰᠠᠷ᠎ᠠ ᠳᠠᠷᠠᠭᠠᠯᠠᠨ ᠬᠤᠶᠠᠷ ᠣᠷᠣᠨᠲᠤ ᠲᠣᠭᠠᠨ ᠤ ᠨᠡᠮᠡᠭᠳᠡᠯ ᠢᠶᠠᠨ ᠪᠠᠲᠤᠯᠠᠵᠤ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠪᠠ ᠠᠵᠤ ᠠᠬᠤᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ | ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ | ᠬᠡᠯᠪᠡᠷᠢ ᠪᠠᠨ ᠬᠤᠪᠢᠷᠠᠭᠤᠯᠤᠨ ᠡᠪᠡᠷᠰᠢᠶᠡᠯ ᠢ ᠠᠷᠢᠯᠭᠠᠬᠤ ᠳᠤ ᠪᠠᠨ᠂ ᠢᠲᠡᠭᠡᠯ ᠬᠦᠰᠡᠯ ᠢᠯᠡᠭᠦᠬᠡᠨ ᠪᠠᠶᠢᠬᠤ ᠳᠤ ᠪᠠᠨ ᠲᠠᠭᠠᠷᠠᠨ᠎ᠠ᠃ ᠲᠦᠷᠦᠭᠦᠤ ᠭᠤᠷᠪᠠᠨ | ᠤᠯᠠᠷᠢᠯ ᠳᠤ᠂ ᠪᠡᠯᠡᠳᠬᠡᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠳᠤ ᠵᠠᠷᠤᠴᠠᠭᠤᠯᠤᠭᠰᠠᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠪᠠᠯᠠ | ᠣᠷᠣᠭᠤᠯᠤᠯᠲᠠ ᠠᠴᠠ 13 ᠵᠠᠭᠤᠨ ᠤ ᠴᠡᠭ ᠢᠶᠠᠷ ᠥᠨᠳᠥᠷᠵᠢᠵᠦ᠂ ᠦᠢᠯᠡᠳᠬᠦ ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠶᠢᠨ ᠪᠠᠯᠠ ᠣᠷᠣᠭᠤᠯᠤᠯᠲᠠ 9. | 5% ᠪᠠᠷ ᠨᠡᠮᠡᠭᠳᠡᠪᠡ︔ ᠬᠤᠷᠠᠮᠠᠯ ᠴᠠᠬᠢᠯᠭᠠᠨ ᠬᠡᠯᠬᠢᠶ᠎ᠡ ᠶᠢ ᠦᠢᠯᠡᠳᠪᠦᠷᠢᠯᠡᠭᠰᠡᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ | ᠲᠣᠰ ᠲᠣᠰ 26%᠂ 22% ᠢᠶᠠᠷ ᠨᠡᠮᠡᠭᠳᠡᠪᠡ︔ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠦᠢᠯᠡᠳᠪᠦᠷᠢᠯᠡᠭᠰᠡᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ | ᠠᠳᠠᠯᠢ ᠬᠤᠭᠤᠴᠠᠭᠠᠨ ᠤ ᠬᠢ ᠠᠴᠠ ᠲᠣᠰ ᠲᠣᠰ 31.7%᠂ 12.5% ᠪᠠᠷ ᠨᠡᠮᠡᠭᠳᠡᠪᠡ ᠁ ᠡᠨᠡ ᠨᠢ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ | ᠲᠦᠷᠭᠡᠨ ᠰᠣᠯᠢᠭᠳᠠᠯ ᠤᠨ ᠬᠦᠴᠦᠲᠡᠢ ᠢᠯᠡᠷᠡᠯ ᠪᠠᠶᠢᠵᠤ᠂ ᠪᠢᠳᠡᠨ ᠢ ᠨᠡᠩ ᠲᠣᠭᠲᠠᠯ ᠬᠦᠴᠦᠨ ᠲᠠᠢ ᠪᠣᠯᠭᠠᠪᠠ᠃ | ᠪᠦᠬᠦ ᠲᠠᠯ᠎ᠠ ᠠᠴᠠ ᠦᠵᠡᠬᠦ ᠳᠤ᠂ ᠰᠠᠶᠢᠨᠲᠠᠢ ᠪᠠ ᠰᠠᠭᠠᠷ ᠲᠠᠢ ᠭᠡᠬᠦ ᠬᠤᠶᠠᠷ ᠲᠠᠯ᠎ᠠ ᠲᠠᠢ︔ ᠬᠤᠶᠠᠷ ᠲᠠᠯ᠎ᠠ ᠠᠴᠠ ᠠᠵᠢᠬᠤ ᠨᠢ᠂ ᠦᠨᠡᠨ ᠳᠤ ᠪᠠᠨ ᠪᠦᠬᠦ | ᠲᠠᠯ᠎ᠠ ᠶᠢ ᠬᠠᠮᠤᠷᠤᠭᠰᠠᠨ ᠪᠠᠶᠢᠳᠠᠭ᠃ | ᠮᠠᠨ ᠤ ᠤᠯᠤᠰ ᠤᠨ ᠠᠵᠤ ᠠᠬᠤᠶ ᠶᠢᠨ ᠬᠥᠭᠵᠢᠯᠲᠡ ᠨᠢ ᠰᠠᠭᠤᠷᠢ ᠪᠠᠷ ᠰᠠᠶᠢᠨ᠂ ᠤᠶᠠᠨ ᠬᠠᠳᠠᠨ ᠴᠢᠨᠠᠷ ᠢᠶᠠᠷ ᠴᠢᠩᠭ᠎ᠠ᠂ ᠨᠢᠭᠤᠭᠳᠠᠮᠠᠯ ᠬᠦᠴᠦᠨ ᠢᠶᠠᠷ ᠶᠡᠭᠡ | ᠵᠡᠷᠭᠡ ᠠᠰᠢᠭᠲᠠᠶ ᠨᠥᠬᠦᠴᠡᠯ ᠬᠤᠪᠢᠷᠬᠠᠰᠠᠨ ᠦᠭᠡᠶ ᠪᠠᠶᠢᠵᠤ᠂ ᠮᠠᠨ ᠤ ᠤᠯᠤᠰ ᠬᠡᠳᠦ ᠶᠡᠭᠡ ᠬᠡᠪᠴᠢᠶᠡᠵᠢᠯ ᠲᠠᠢ ᠵᠠᠬ᠎ᠠ ᠳᠡᠯᠭᠡᠭᠦᠷ ᠲᠠᠢ ᠪᠠᠶᠢᠵᠤ᠂ ᠠᠵᠤ ᠦᠢᠯᠡᠰ ᠤᠨ | ᠲᠣᠭᠲᠠᠯᠴᠠᠭ᠎ᠠ ᠨᠢ ᠪᠦᠷᠢᠨ ᠪᠦᠲᠦᠨ᠂ ᠳᠦᠬᠦᠷᠵᠢᠭᠰᠡᠨ ᠴᠢᠳᠠᠪᠤᠷᠢ ᠪᠠᠷ ᠴᠢᠩᠭ᠎ᠠ᠂ ᠨᠡᠮᠡᠭᠳᠡᠯ ᠤᠨ ᠣᠷᠣᠨ ᠵᠠᠶ ᠶᠡᠭᠡ ᠵᠡᠷᠭᠡ ᠳᠠᠪᠠᠭᠤᠯᠢᠭ ᠮᠥᠨ ᠬᠦ ᠣᠷᠣᠰᠢᠭᠰᠠᠭᠠᠷ | ᠪᠠᠶᠢᠨ᠎ᠠ᠃ | ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠠᠭ ᠪᠦᠲᠦᠴᠡ ᠪᠠᠨ ᠳᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ | ᠵᠠᠩᠭᠢᠯᠠᠭ᠎ᠠ ᠶᠢᠨ ᠬᠤᠭᠤᠴᠠᠭᠠᠨ ᠳᠤ ᠣᠷᠤᠰᠢᠵᠤ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠠᠴᠠ ᠠᠪᠤᠭᠠᠳ ᠠᠵᠤ ᠦᠢᠯᠡᠰ ᠤᠨ ᠪᠦᠲᠦᠴᠡ ᠶᠢ | ᠰᠢᠯᠢᠳᠡᠭᠵᠢᠭᠦᠯᠬᠦ᠂ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠬᠦᠷᠲᠡᠯ᠎ᠡ ᠦᠶᠡᠯᠡᠯ ᠤᠨ | ᠴᠢᠨᠠᠷᠲᠠᠢ ᠪᠦᠲᠦᠴᠡ ᠶᠢᠨ ᠴᠢᠨᠠᠷᠲᠠᠢ ᠵᠥᠷᠢᠴᠡᠯ ᠬᠠᠷᠢᠯᠴᠠᠨ ᠰᠣᠯᠪᠢᠴᠠᠵᠤ᠂ ᠬᠡᠯᠪᠡᠷᠢ ᠶᠢᠨ ᠬᠤᠪᠢᠷᠠᠭᠤᠯᠤᠯᠲᠠ ᠶᠢᠨ ᠡᠪᠡᠷᠰᠢᠶᠡᠯ ᠠᠴᠠ ᠳᠠᠯᠳᠠᠯᠠᠵᠤ ᠴᠤ ᠴᠢᠳᠠᠬᠤ | ᠦᠭᠡᠢ ᠲᠤᠭᠤᠷᠢᠨ ᠭᠠᠷᠴᠤ ᠴᠤ ᠴᠢᠳᠠᠬᠤ ᠦᠭᠡᠢ ᠪᠣᠯᠪᠠ᠃ | ᠤᠯᠠᠮ ᠬᠦᠴᠢᠷᠳᠡᠯ ᠲᠠᠢ ᠴᠠᠭ ᠦᠶ᠎ᠡ ᠳᠤ ᠬᠦᠴᠢᠷ ᠪᠡᠷᠭᠡᠰᠢᠶᠠᠯ ᠢ ᠢᠯᠡᠨ ᠲᠠᠪᠠᠵᠤ᠂ ᠭᠡᠷᠡᠯ ᠭᠢᠯᠪᠠᠭ᠎ᠠ ᠪᠠᠨ ᠳᠠᠬᠢᠨᠲᠠ ᠰᠠᠴᠤᠷᠠᠭᠤᠯᠬᠤ ᠡᠷᠡᠰ ᠵᠤᠷᠢᠭ ᠪᠠ | ᠢᠳᠡᠭᠡᠯ ᠵᠤᠷᠢᠭ ᠢᠶᠠᠨ ᠤᠯᠠᠮ ᠪᠠᠳᠤᠳᠬᠠᠵᠤ᠂ ᠡᠷᠭᠡᠪᠰᠢ ᠴᠢᠨᠠᠷ ᠰᠠᠶᠢᠳᠠᠢ ᠬᠦᠭᠵᠢᠯᠳᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠶᠠᠭᠠᠬᠢᠬᠰᠠᠨ ᠴᠤ | ᠬᠦᠴᠢᠷ ᠪᠡᠷᠭᠡᠰᠢᠶᠠᠯ ᠪᠠ ᠦᠷᠢᠰᠦᠯᠳᠤᠭᠡᠨ ᠠᠴᠠ ᠪᠤᠯᠵᠤ ᠬᠠᠭᠠᠰ ᠲᠤᠲᠠᠭᠤ ᠣᠷᠬᠢᠨ ᠤᠬᠤᠷᠢᠵᠤ᠂ ᠵᠠᠩᠰᠢᠯᠳᠤ ᠴᠢᠨᠠᠷᠳᠠᠢ ᠪᠠᠷ ᠪᠦᠳᠤᠬᠦᠯᠢᠭ ᠮᠠᠶ᠋ᠢᠭ ᠲᠡᠶᠢᠰᠢ | ᠥᠷᠭᠡᠳᠭᠡᠬᠦ᠂ ᠲᠤᠤᠷ᠎ᠡ ᠦᠷ᠎ᠠ ᠠᠰᠢᠭᠲᠤ ᠬᠦᠭᠵᠢᠯᠳᠠ ᠶᠢ ᠬᠦᠬᠡᠬᠡᠴᠡᠯᠳᠤᠬᠦ ᠬᠠᠭᠤᠴᠢᠨ ᠵᠠᠮ ᠳᠤ ᠪᠠᠨ ᠪᠤᠴᠠᠵᠤ ᠪᠤᠯᠬᠤ ᠦᠭᠡᠢ᠃ | ᠦᠨᠳᠦᠰᠦᠨ ᠠᠴᠠ ᠨᠢ ᠠᠪᠴᠤ ᠬᠡᠯᠡᠪᠡᠯ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠪᠣᠭᠤᠮᠢ︾ ᠶᠢ ᠡᠪᠳᠡᠬᠦ ᠶᠢᠨ | ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠣᠢ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠳᠤ ᠪᠠᠶᠢᠵᠤ᠂ | ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ | ᠡᠨᠧᠷᠭᠢ ᠶᠢ ᠪᠤᠶᠢᠵᠢᠭᠤᠯᠬᠤ ᠬᠡᠷᠡᠭᠲᠡᠶ᠃ | ᠡᠮᠦᠨᠡᠬᠡᠨ ᠨᠡᠶᠢᠲᠡᠯᠡᠭᠰᠡᠨ ︽2024 ᠣᠨ ᠤ ᠪᠥᠬᠦ ᠪᠥᠮᠪᠥᠷᠴᠡᠭ ᠤᠨ ᠰᠢᠨ᠎ᠡ ᠶᠢ ᠡᠭᠦᠳᠬᠦ ᠵᠢᠭᠠᠯᠲᠠ ᠲᠤᠭ᠎ᠠ ᠶᠢᠨ ᠮᠡᠳᠡᠭᠦᠯᠦᠯᠲᠡ︾ ᠳᠤ ᠳᠤᠮᠳᠠᠳᠤ ᠤᠯᠤᠰ | ᠪᠣᠯ 10 ᠵᠢᠯ ᠤᠨ ᠲᠤᠷᠰᠢ ᠰᠢᠨ᠎ᠡ ᠶᠢ ᠡᠭᠦᠳᠬᠦ ᠬᠦᠴᠦᠨ ᠢᠶᠠᠷ ᠬᠠᠮᠤᠭ ᠤᠨ ᠲᠦᠷᠭᠡᠨ ᠳᠡᠭᠡᠭᠰᠢᠯᠡᠭᠰᠡᠨ ᠠᠵᠤ ᠠᠬᠤᠶ ᠶᠢᠨ ᠴᠣᠭᠴᠠ ᠶᠢᠨ ᠨᠢᠭᠡ ᠪᠠᠶᠢᠵᠤ᠂ | ᠰᠢᠨ᠎ᠡ ᠶᠢ ᠡᠭᠦᠳᠬᠦ ᠬᠥᠭᠵᠢᠯᠲᠡ ᠨᠢ ᠶᠠᠭ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠥᠷᠭᠡᠨ ᠠᠭᠤᠳᠠᠮ ᠢᠷᠡᠭᠡᠳᠦᠶ ᠶᠢ ᠢᠯᠡᠷᠡᠭᠦᠯᠵᠦ ᠪᠠᠶᠢᠨ᠎ᠠ ᠭᠡᠵᠡᠶ᠃ | ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠠᠭ ᠪᠦᠷᠢᠮᠦᠰᠦᠨ ᠰᠠᠶᠢᠨ ᠬᠦᠴᠦᠷᠬᠡᠭᠵᠢᠭᠡ ᠦᠭᠡᠶ᠂ ᠤᠷᠤᠭᠰᠢᠯᠠᠬᠤ | ᠦᠭᠡᠶ ᠪᠣᠯ ᠤᠬᠤᠷᠢᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠵᠠᠷᠢᠮ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠨᠢ ᠪᠤᠰᠤᠳ ᠬᠥᠮᠦᠨ ᠳᠤ ᠬᠢᠵᠠᠭᠠᠷᠯᠠᠭᠳᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠦ᠋ᠢᠯᠠᠭᠰᠠᠨ ᠴᠢᠳᠠᠪᠤᠷᠢᠲᠠᠨ ᠬᠦᠷᠦᠯᠴᠡᠬᠦ ᠦᠭᠡᠶ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ | ᠤᠯᠤᠰ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠳᠤ ᠡᠯ᠎ᠡ ᠵᠦᠢᠯ ᠤᠨ ᠬᠠᠷᠰᠢᠯᠠᠯ ᠳᠤ ᠤᠴᠠᠷᠠᠬᠤ ᠨᠢ | ᠵᠠᠶᠢᠯᠠᠰᠢ ᠦᠭᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠢᠭᠡ ᠯᠡ ᠳᠡᠭᠡᠷ᠎ᠡ ᠠᠮᠵᠢᠯᠲᠠ ᠳᠤ ᠬᠦᠷᠴᠦ ᠴᠢᠳᠠᠬᠤ ᠦᠭᠡᠢ᠂ | ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠪᠤᠢ ᠪᠣᠯᠭᠠᠬᠤ ᠳᠤ ᠤᠷᠲᠤ ᠬᠤᠭᠤᠴᠠᠭᠠᠨ ᠤ ᠪᠠᠷᠢᠮᠲᠠᠯᠠᠯ ᠤᠨ ᠶᠠᠪᠤᠴᠠ ᠪᠠᠶᠢᠬᠤ ᠬᠡᠷᠡᠭᠲᠡᠢ᠃ | | ᠶᠡᠷᠦᠩᠬᠡᠢ ᠱᠦᠵᠢ ᠰᠢ ᠶᠢᠨ ᠫᠢᠩ᠂ ︽ᠡᠷᠬᠡᠪᠰᠢ ᠪᠠᠴᠢᠮ ᠲᠤᠯᠭᠠᠮ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠥᠯᠳᠦᠭᠡᠨ ᠪᠠ | ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠂ ᠡᠷᠳᠡᠮ ᠰᠢᠨᠵᠢᠯᠡᠭᠡᠨ ᠤ ᠠᠵᠢᠯᠲᠠᠳ ᠢ ︽︿ | ᠬᠥᠮᠦᠨ ᠤ ᠠᠮᠢᠳᠤᠷᠠᠯ ᠳᠤ ᠲᠡᠮᠡᠴᠡᠬᠦ ᠠᠵᠠ ᠳᠣᠬᠢᠶᠠᠯ ᠬᠡᠳᠦ ᠯᠡ ᠤᠳᠠᠭ᠎ᠠ ᠪᠠᠶᠢᠬᠤ ᠪᠣᠢ﹀ ᠭᠡᠬᠦ ᠡᠷᠴᠢ ᠵᠣᠷᠢᠭ ᠢᠶᠠᠷ ᠵᠣᠷᠢᠭᠲᠠᠢ ᠪᠠᠷ ᠰᠢᠨ᠎ᠡ ᠶᠢ ᠡᠭᠦᠳᠴᠦ | ᠡᠭᠦᠳᠦᠨ ᠪᠦᠲᠦᠭᠡᠬᠦ ᠬᠡᠷᠡᠭᠲᠡᠢ︾ ᠭᠡᠵᠦ ᠵᠣᠷᠢᠭᠵᠢᠭᠤᠯᠪᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ᠲᠣᠭᠲᠠᠭᠠᠯ︾ ᠳᠤ ︽ᠪᠥᠬᠦ ᠲᠠᠯ᠎ᠠ ᠪᠠᠷ | ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠴᠣᠭᠴᠠᠯᠠᠬᠤ︾ ᠶᠢ ᠳᠤᠷᠠᠳᠴᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠤᠭᠴᠠᠵᠢᠭᠤᠯᠤᠭᠰᠠᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠠᠭ ᠱᠠᠯᠠᠪᠳᠠᠨ | ᠬᠡᠷᠡᠭᠵᠢᠭᠦᠯᠬᠦ ᠶᠢ ᠨᠢᠭᠡᠳᠦᠯᠲᠡᠶ ᠲᠦᠯᠦᠪᠯᠡᠨ ᠠᠬᠢᠭᠤᠯᠵᠤ ᠪᠣᠢ᠃ ᠨᠢᠳᠤᠨᠤᠨ ᠤ ᠮᠠᠨ ᠤ ᠤᠯᠤᠰ ᠤᠨ R&D ᠤᠨ ᠰᠤᠳᠤᠯᠤᠨ ᠨᠡᠬᠡᠬᠡᠬᠦ ᠳᠤ ᠵᠠᠷᠤᠴᠠᠭᠤᠯᠤᠭᠰᠠᠨ | ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 3.3 ᠲᠥᠮᠡᠨ ᠳ᠋ᠦᠩᠰᠢᠭᠤᠷ ᠲᠦᠭᠦᠷᠢᠭ ᠢ ᠳᠠᠪᠠᠵᠤ᠂ ᠳᠡᠯᠡᠬᠡᠢ ᠶᠢᠨ ᠬᠤᠶᠠᠳᠤᠭᠠᠷ ᠲᠤ | ᠵᠢᠭᠰᠠᠭᠠᠭᠳᠠᠪᠠ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠰᠠᠨᠲᠤᠷᠴᠤ ᠪᠣᠯᠬᠤ ᠦᠭᠡᠢ ᠮᠥᠷᠲᠡᠭᠡᠨ ᠪᠠᠰᠠ | ᠬᠦᠯᠢᠶᠡᠵᠦ ᠪᠣᠯᠬᠤ ᠦᠭᠡᠢ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠥᠬᠦᠷᠡᠰᠢ ᠦᠭᠡᠢ ᠪᠠᠷ ᠪᠠᠷᠢᠮᠲᠠᠯᠠᠪᠠᠯ ᠪᠢᠳᠡ ᠯᠠᠪᠲᠠᠢ ︽ | ᠪᠣᠭᠤᠮᠢ︾ ᠶᠢᠨ ᠠᠰᠠᠭᠤᠳᠠᠯ ᠢ ᠰᠢᠪᠲᠤᠯᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠎ᠡ ᠭᠡᠳᠡᠭ ᠲᠤ ᠢᠲᠡᠭᠡᠵᠦ ᠪᠠᠶᠢᠨ᠎ᠠ᠃ ︽ᠶᠠᠪᠤᠬᠤ ᠵᠠᠮ | ᠵᠥᠪ ᠪᠣᠯ ᠬᠤᠯᠠ ᠵᠠᠢ ᠠᠴᠠ ᠠᠶᠤᠬᠤ ᠦᠭᠡᠢ︾ | | | | |