ᠪᠠᠶᠠᠨᠨᠠᠭᠤᠷ ᠬᠤᠲᠠ ᠶᠢᠨ ᠬᠢᠨ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠴᠤ᠂ ᠪᠤᠭᠤᠳᠠᠢ ᠶᠢᠨ ᠰᠦᠷᠡᠯ ᠢᠶᠠᠷ ᠡᠯᠡᠰᠦ ᠶᠢ ᠳᠠᠷᠤᠵᠤ ᠦᠪᠡᠷ ᠤᠨ | ᠦᠷᠳᠡᠭ ᠢᠶᠠᠨ ᠠᠷᠪᠢᠯᠠᠨ ᠦᠷ᠎ᠡ ᠠᠰᠢᠭ ᠢ ᠨᠢ ᠨᠡᠮᠡᠭᠳᠡᠭᠦᠯᠬᠦ ᠰᠢᠨ᠎ᠡ ᠬᠡᠪ ᠵᠠᠭᠪᠤᠷ ᠢ ᠰᠦᠪᠡᠭᠴᠢᠯᠡᠨ ᠭᠠᠷᠭᠠᠪᠠ᠃ ︽ᠦᠪᠦᠷ ᠮᠣᠩᠭᠤᠯ ᠮᠠᠲ᠋ᠧᠷᠢᠶᠠᠯ ᠢᠶᠠᠨ ᠥᠪᠥᠷ | ᠮᠣᠩᠭᠤᠯ ᠳᠤ ᠪᠠᠨ ᠬᠡᠷᠡᠭᠯᠡᠬᠦ︾ ᠠᠵᠢᠯ ᠤᠨ ᠰᠡᠳᠬᠢᠮᠵᠢ ᠶᠣᠰᠣᠭᠠᠷ᠂ ᠠᠳᠠᠯᠢ ᠪᠤᠰᠤ ᠭᠠᠵᠠᠷ ᠣᠷᠣᠨ ᠤ ᠨᠥᠬᠦᠴᠡᠯ ᠳᠠᠬᠢ ᠡᠯᠡᠰᠦᠨ ᠬᠠᠯᠬᠠᠪᠴᠢ ᠶᠢᠨ ᠥᠪᠡᠷ ᠤᠨ | ᠥᠷᠲᠡᠭ᠂ ᠡᠯᠡᠰᠦ ᠶᠢ ᠲᠤᠭᠲᠠᠪᠤᠷᠢᠵᠢᠭᠤᠯᠤᠭᠰᠠᠨ ᠦᠷ᠎ᠡ ᠨᠦᠯᠦᠭᠡ᠂ ᠴᠢᠬᠢ ᠮᠤᠳᠤ ᠶᠢ ᠪᠤᠶᠢᠵᠢᠭᠤᠯᠤᠨ ᠤᠷᠭᠤᠭᠤᠯᠬᠤ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠬᠠᠷᠢᠴᠠᠭᠤᠯᠵᠤ᠂ ᠳᠤᠳᠤᠷᠭ᠎ᠠ ᠶᠢᠨ ᠰᠦᠷᠡᠯ ᠤᠨ ᠤᠨᠴᠠᠯᠢᠭ ᠲᠠᠢ ᠠᠳᠠᠯᠢᠪᠳᠤᠷ ᠪᠠᠶᠢᠬᠤ ᠲᠤᠰ ᠭᠠᠵᠠᠷ ᠤᠨ ᠪᠤᠭᠤᠲᠠᠢ ᠶᠢᠨ ᠰᠦᠷᠡᠯ ᠢ ᠰᠤᠩᠭᠤᠨ ᠬᠡᠷᠡᠭᠯᠡᠵᠦ | ᠳᠦᠷᠪᠡᠯᠵᠢᠭᠡᠰᠦ ᠬᠡᠯᠪᠡᠷᠢ ᠪᠦᠬᠦᠢ ᠡᠪᠡᠰᠦ ᠪᠠᠷ ᠬᠦᠷᠢᠶᠡᠯᠡᠭᠰᠡᠨ ᠡᠯᠡᠰᠦ ᠶᠢ ᠳᠠᠷᠤᠬᠤ ᠲᠣᠷᠰᠢᠯᠲᠠ ᠶᠢ ᠦᠷᠨᠢᠭᠦᠯᠪᠡ᠃ ᠲᠤᠷᠰᠢᠯᠲᠠ ᠬᠢᠭᠰᠡᠨ ᠠᠴᠠ ᠦᠵᠡᠪᠡᠯ᠂ | ᠪᠤᠭᠤᠳᠠᠢ ᠶᠢᠨ ᠰᠦᠷᠡᠯ ᠢ ᠳᠤᠲᠤᠷᠭ᠎ᠠ ᠶᠢᠨ ᠰᠦᠷᠡᠯ ᠯᠦᠭᠡ ᠬᠠᠷᠢᠴᠠᠭᠤᠯᠪᠠᠯ ᠮᠦ ᠪᠦᠷᠢ ᠳᠤ 105 ᠲᠦᠭᠦᠷᠢᠭ ᠤᠨ ᠦᠪᠡᠷ ᠤᠨ ᠦᠷᠳᠡᠭ ᠢ ᠪᠠᠭᠠᠰᠬᠠᠵᠤ ᠳᠡᠶᠢᠯᠦᠨ᠎ᠡ | ᠃ ᠪᠤᠭᠤᠳᠠᠶ ᠶᠢᠨ ᠰᠦᠷᠡᠯ ᠢᠶᠠᠷ ᠡᠯᠡᠰᠦ ᠶᠢ ᠳᠠᠷᠤᠬᠤ ᠲᠤᠷᠰᠢᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠪᠣᠯᠤᠮᠵᠢᠲᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠬᠦ ᠶᠢᠨ ᠲᠥᠯᠥᠭᠡ᠂ ᠤᠷᠠᠳ ᠤᠨ ᠬᠤᠶᠢᠲᠤ ᠬᠤᠰᠢᠭᠤᠨ ᠳᠤ ᠦᠮᠴᠢᠯᠡᠭᠳᠡᠬᠦ ᠤᠯᠤᠰ ᠤᠨ ᠦᠮᠴᠢᠯᠡᠯ ᠤᠨ ᠠᠵᠤ ᠠᠬᠤᠶᠢᠯᠠᠯ ᠨᠢ ᠲᠠᠷᠢᠶᠠᠴᠢᠨ | ᠡᠷᠦᠬᠡ ᠨᠦᠭᠦᠳ ᠯᠦᠭᠡ 5000 ᠮᠦ ᠪᠤᠭᠤᠳᠠᠶ ᠶᠢᠨ ᠰᠦᠷᠡᠯ ᠤᠨ ᠵᠠᠬᠢᠶᠠᠯᠠᠭ᠎ᠠ ᠲᠣᠭᠲᠠᠵᠤ᠂ 800 ᠲᠣᠨ ᠪᠤᠭᠤᠳᠠᠶ ᠶᠢᠨ ᠰᠦᠷᠡᠯ ᠬᠤᠳᠠᠯᠳᠤᠨ ᠠᠪᠴᠤ᠂ | ᠪᠦᠬᠦᠨ ᠢ ᠰᠢ ᠪᠦ᠋ ᠯᠦᠩ ᠣᠶ ᠰᠢᠭᠤᠶ ᠶᠢᠨ ᠲᠠᠯᠠᠪᠠᠶ ᠶᠢᠨ ᠢᠨᠵᠧᠨᠧᠷᠢᠩ ᠤᠨ ᠡᠯᠡᠰᠦ ᠳᠠᠷᠤᠬᠤ ᠳᠤ ᠬᠡᠷᠡᠭᠯᠡᠪᠡ᠃ ᠵᠠᠬᠢᠶᠠᠯᠠᠭ᠎ᠠ ᠲᠤᠭᠲᠠᠬᠤ ᠮᠠᠶ᠋ᠢᠭ ᠢᠶᠠᠷ | ᠪᠤᠭᠤᠳᠠᠢ ᠶᠢᠨ ᠰᠦᠷᠡᠯ ᠢ ᠬᠤᠳᠠᠯᠳᠤᠨ ᠠᠪᠬᠤ ᠪᠠᠷ ᠳᠠᠮᠵᠢᠭᠤᠯᠤᠨ᠂ ᠲᠠᠷᠢᠶᠠᠴᠢᠳ ᠤᠨ ᠪᠤᠭᠤᠳᠠᠢ ᠶᠢᠨ ᠲᠠᠷᠢᠮᠠᠯ ᠤᠨ ᠣᠷᠣᠯᠭ᠎ᠠ ᠶᠢ 4 ᠲᠠᠯ᠎ᠠ ᠶᠢᠨ ᠣᠷᠣᠯᠭ᠎ᠠ | ᠪᠣᠯᠭᠠᠨ ᠨᠡᠮᠡᠭᠳᠡᠭᠦᠯᠪᠡ᠂ ᠲᠤᠬᠠᠶᠢᠯᠠᠪᠠᠯ ᠠᠮᠤ ᠪᠤᠳᠠᠭᠠᠨ ᠤ ᠨᠥᠬᠦᠪᠦᠷᠢ ᠶᠢᠨ ᠣᠷᠣᠯᠭ᠎ᠠ + ᠪᠤᠭᠤᠳᠠᠢ ᠪᠤᠷᠤᠯᠠᠭᠤᠯᠤᠭᠰᠠᠨ ᠤᠷᠤᠯᠭ᠎ᠠ + ᠪᠤᠭᠤᠳᠠᠢ ᠬᠤᠷᠢᠶᠠᠭᠰᠠᠨ ᠤ | ᠳᠠᠷᠠᠭᠠᠬᠢ ᠳᠠᠬᠢᠵᠤ ᠲᠠᠷᠢᠭᠰᠠᠨ ᠣᠷᠣᠯᠭ᠎ᠠ + ᠪᠤᠭᠤᠳᠠᠢ ᠶᠢᠨ ᠰᠦᠷᠡᠯ ᠤᠨ ᠵᠠᠬᠢᠶᠠᠯᠠᠭ᠎ᠠ ᠶᠢᠨ ᠣᠷᠣᠯᠭ᠎ᠠ ᠪᠠᠭᠲᠠᠵᠤ ᠪᠤᠢ᠂ ᠵᠢᠱᠢᠯᠲᠠ ᠪᠠᠷ ᠡᠨᠡ ᠵᠢᠯ ᠤᠨ ᠵᠠᠬ᠎ᠠ | ᠳᠡᠯᠭᠡᠭᠦᠷ ᠤᠨ ᠦᠨ᠎ᠡ ᠪᠠᠷ ᠲᠠᠷᠢᠶᠠᠴᠢᠳ ᠤᠨ ᠪᠤᠭᠤᠳᠠᠢ ᠲᠠᠷᠢᠭᠰᠠᠨ ᠤᠷᠤᠯᠭ᠎ᠠ ᠶᠢ ᠮᠦ ᠪᠦᠷᠢ ᠳᠤ 150 ᠲᠥᠭᠦᠷᠢᠭ ᠨᠡᠮᠡᠭᠳᠡᠭᠦᠯᠬᠦ ᠪᠤᠯᠤᠨ᠎ᠠ᠃ ︵ᠪᠠᠶᠠᠨᠨᠠᠭᠤᠷ | ᠬᠤᠲᠠ ᠶᠢᠨ ᠵᠠᠰᠠᠭ ᠤᠨ ᠤᠷᠳᠤᠨ︶ | | | | | |