ᠮᠠᠨ ᠤ ᠤᠯᠤᠰ ᠤᠨ ᠨᠡᠭᠦᠷᠡᠰᠦᠨ ᠠᠭᠤᠷᠬᠠᠢ ᠶᠢᠨ ᠮᠠᠯᠲᠠᠵᠤ ᠴᠦᠮᠦᠷᠡᠭᠰᠡᠨ ᠬᠡᠮᠵᠢᠶ᠎ᠡ ᠪᠠᠷ ᠬᠠᠮᠤᠭ ᠤᠨ ᠶᠡᠭᠡ ᠳᠠᠩ ᠴᠣᠭᠴᠠᠲᠤ ᠲᠣᠭᠤᠷᠢᠭ ᠲᠠᠬᠢ ᠭᠡᠷᠡᠯᠴᠢ | ᠴᠡᠨᠡᠭ ᠤᠨ ᠰᠠᠭᠤᠷᠢᠨ ᠭᠠᠵᠠᠷ ᠪᠣᠯᠬᠤ ᠯᠠᠨ ᠬᠠᠢ ᠭᠡᠷᠡᠯᠴᠢ ᠴᠡᠨᠡᠭ ᠤᠨ ᠴᠠᠬᠢᠯᠭᠠᠨ ᠦᠷᠲᠡᠭᠡ ᠨᠢ ᠤᠷᠳᠤᠰ ᠲᠤ ᠲᠣᠣᠷ ᠨᠡᠶᠢᠯᠡᠭᠦᠯᠦᠨ ᠴᠠᠬᠢᠯᠭᠠᠨ ᠭᠠᠷᠭᠠᠪᠠ᠃ ᠲᠣᠰ | ᠴᠠᠬᠢᠯᠭᠠᠨ ᠦᠷᠳᠡᠭᠡ ᠨᠢ ᠣᠳᠤᠭ ᠤᠨ ᠡᠮᠦᠨᠡᠳᠦ ᠬᠤᠰᠢᠭᠤᠨ ᠳᠤ ᠪᠠᠶᠢᠷᠢᠯᠠᠵᠣ᠂ ᠨᠡᠶᠢᠳᠡ 590 ᠲᠦᠮᠡ ᠰᠢᠬᠠᠮ ᠬᠡᠰᠡᠭ ᠭᠡᠷᠡᠯᠴᠢ ᠴᠡᠨᠡᠭ ᠤᠨ ᠬᠠᠪᠳᠠᠰᠣ | ᠳᠡᠪᠢᠰᠴᠦ᠂ ᠶᠡᠷᠦᠩᠬᠡᠢ ᠮᠠᠰᠢᠨ ᠴᠣᠭᠴᠠᠯᠠᠪᠣᠷᠢ ᠶᠢᠨ ᠪᠠᠭᠳᠠᠭᠠᠮᠵᠢ ᠨᠢ 300 ᠲᠦᠮᠡᠨ ᠺᠢᠯᠣᠸᠠᠲ ᠪᠠᠶᠢᠵᠤ᠂ ᠣᠯᠣᠰ ᠤᠨ ︽ᠪᠠᠷᠠᠭᠤᠨᠳᠡᠬᠢ ᠴᠠᠬᠢᠯᠭᠠᠨ ᠢ ᠵᠡᠭᠦᠨᠰᠢ | ᠬᠦᠷᠭᠡᠬᠦ᠂ ᠪᠠᠷᠠᠭᠤᠨ ᠣᠷᠣᠨ ᠢ ᠨᠡᠭᠡᠭᠡᠨ ᠬᠦᠭᠵᠢᠭᠦᠯᠬᠦ︾ — ᠦᠪᠦᠷ ᠮᠣᠩᠭᠤᠯ ᠤᠨ ᠪᠠᠷᠠᠭᠤᠨ ᠬᠡᠰᠡᠭ ᠠᠴᠠ ᠱᠠᠨᠳᠦ᠋ᠩ ᠤᠨ ᠡᠮᠦᠨ᠎ᠡ ᠬᠡᠰᠡᠭ ᠬᠦᠷᠬᠦ ᠣᠨᠴᠠ | ᠦᠨᠳᠦᠷ ᠬᠦᠴᠦᠳᠡᠯᠳᠦ ᠲᠣᠭᠳᠠᠮᠠᠯ ᠭᠦᠶᠦᠳᠡᠯᠲᠦ ᠴᠠᠬᠢᠯᠭᠠᠨ ᠬᠦᠷᠭᠡᠬᠦ ᠢᠨᠵᠧᠨᠧᠷᠢᠩ ᠤᠨ ᠭᠤᠣᠯᠳᠠᠯᠭ᠎ᠠ ᠲᠠᠢ ᠲᠦᠭᠦᠷᠵᠢᠭᠦᠯᠦᠭᠰᠡᠨ ᠲᠦᠷᠦᠯ ᠵᠦᠢᠯ ᠪᠣᠯᠣᠨ᠎ᠠ᠂ | ᠲᠤᠰ ᠦᠷᠲᠡᠭᠡᠨ ᠤ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 57 ᠳ᠋ᠦᠩᠰᠢᠭᠤᠷ ᠺᠢᠯᠣᠸᠠᠲ ᠴᠠᠭ ᠢ ᠪᠡᠶᠡᠯᠡᠭᠦᠯᠪᠡᠯ᠂ 200 ᠲᠦᠮᠡᠨ ᠡᠷᠦᠬᠡ ᠶᠢᠨ ᠨᠢᠭᠡ | ᠵᠢᠯ ᠤᠨ ᠴᠠᠬᠢᠯᠭᠠᠨ ᠬᠡᠷᠡᠭᠯᠡᠬᠦ ᠱᠠᠭᠠᠷᠳᠠᠯᠭ᠎ᠠ ᠶᠢ ᠬᠠᠩᠭᠠᠵᠤ ᠲᠡᠶᠢᠯᠦᠨ᠎ᠡ᠃ ︵ᠤᠷᠳᠤᠰ ᠬᠤᠳᠠ ᠶᠢᠨ ᠵᠠᠰᠠᠭ ᠤᠨ ᠣᠷᠳᠣᠨ︶ | | | | | | | | |