ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠣᠷᠣᠨ ᠤ ᠭᠠᠳᠠᠨᠠᠬᠢ ᠵᠠᠬ᠎ᠠ ᠳᠡᠯᠭᠡᠭᠦᠷ ᠢ ᠨᠡᠭᠡᠭᠡᠬᠦ ᠠᠵᠢᠯ ᠳᠤ ᠪᠠᠨ ᠰᠢᠪᠲᠤᠯᠤᠯᠲᠠ ᠲᠠᠢ ᠪᠣᠯᠪᠠ᠃ | 10 ᠳ᠋ᠤᠭᠠᠷ ᠰᠠᠷ᠎ᠠ ᠶᠢᠨ 24 ᠤ ᠡᠳᠦᠷ᠂ ᠪᠦᠯᠦᠭᠯᠡᠯ ᠤᠨ ᠬᠠᠷᠢᠶ᠎ᠠ ᠬᠤᠶᠠᠳᠤᠭᠠᠷ ᠳᠡᠰ ᠤᠨ ᠳᠠᠭᠠᠯᠲᠠ ᠠᠵᠤ ᠠᠬᠤᠶᠢᠯᠠᠯ ᠪᠣᠯᠬᠤ ᠥᠪᠥᠷ ᠮᠣᠩᠭᠤᠯ ᠤᠨ ᠵᠠᠮ | ᠬᠠᠷᠢᠯᠴᠠᠭᠠᠨ ᠤ ᠡᠳ᠋ ᠪᠠᠷᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠬᠤᠨᠠᠨ ᠤ G59 ᠰᠢᠨ ᠬᠤᠸᠠ ᠠᠴᠠ ᠰᠢᠨ ᠨᠢᠩ ᠬᠦᠷᠬᠦ᠂ ᠵᠠᠩ ᠵᠢᠶᠠ | ᠵᠢᠶᠧ ᠠᠴᠠ ᠭᠤᠸᠠᠨ ᠵᠤᠸᠠᠩ ᠬᠦᠷᠬᠦ ᠲᠦᠷᠭᠡᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠤᠭᠰᠢᠨ ᠲᠥᠪᠯᠡᠷᠡᠭᠦᠯᠦᠨ | ᠬᠤᠳᠠᠯᠳᠤᠵᠤ ᠠᠪᠬᠤ ᠲᠥᠷᠥᠯ ᠵᠦᠢᠯ ᠤᠨ ᠨᠢᠭᠡᠳᠦᠭᠡᠷ ᠭᠡᠷ᠎ᠡ ᠶᠢᠨ ᠳᠠᠭᠠᠭᠠᠴᠢᠯᠠᠯᠲᠠ ᠶᠢ ᠠᠮᠵᠢᠯᠲᠠᠲᠠᠢ ᠣᠯᠵᠤ᠂ ᠵᠠᠮ ᠤᠨ ᠴᠢᠯᠠᠭᠤᠨ ᠲᠣᠰᠣᠨ ᠤ ᠪᠠᠷᠤᠭᠰᠢᠨ ᠵᠢᠴᠢ | 21482 ᠲᠣᠨ ᠴᠢᠨᠠᠷ ᠬᠤᠪᠢᠷᠠᠭᠤᠯᠤᠭᠰᠠᠨ ᠪᠠᠷᠤᠭᠰᠢᠨ ᠤ ᠳᠠᠭᠠᠭᠠᠴᠢᠯᠠᠯᠲᠠ ᠶᠢ ᠣᠯᠵᠤ᠂ ᠲᠡᠭᠦᠨ ᠤ ᠵᠣᠭᠤᠰᠤᠨ ᠤ ᠲᠤᠭ᠎ᠠ 9618 ᠲᠦᠮᠡᠨ ᠲᠥᠭᠦᠷᠢᠭ | ᠪᠣᠯᠣᠨ᠎ᠠ᠃ 11 ᠳ᠋ᠦ᠋ᠭᠡᠷ ᠰᠠᠷ᠎ᠠ ᠶᠢᠨ 6 ᠤ ᠡᠳᠦᠷ᠂ ᠪᠦᠯᠦᠭᠯᠡᠯ ᠤᠨ ᠬᠠᠷᠢᠶ᠎ᠠ ᠬᠤᠶᠠᠳᠤᠭᠠᠷ ᠳᠡᠰ ᠤᠨ ᠳᠠᠭᠠᠯᠲᠠ ᠠᠵᠤ ᠠᠬᠤᠶᠢᠯᠠᠯ ᠪᠣᠯᠬᠤ ᠥᠪᠥᠷ ᠮᠣᠩᠭᠤᠯ ᠤᠨ | ᠯᠦ ᠴᠢᠶᠣᠤ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠠᠨᠾᠦ᠋ᠢ ᠮᠤᠵᠢ ᠶᠢᠨ S10 ᠶᠠᠩᠵᠸᠦ ᠠᠴᠠ ᠬᠤᠸᠠᠶᠢᠨᠠᠨ ᠬᠦᠷᠬᠦ ᠲᠦᠷᠭᠡᠨ ᠤ ᠵᠠᠰᠠᠮᠠᠯ | ᠵᠠᠮ ᠤᠨ ᠴᠦᠵᠸᠦ ᠶᠢᠨ ᠬᠡᠰᠡᠭ ᠲᠠᠬᠢ ᠪᠠᠷᠢᠯᠭ᠎ᠠ ᠶᠢᠨ ᠢᠨᠵᠧᠨᠧᠷᠢᠩ ᠤᠨ 07 ᠳ᠋ᠤᠭᠠᠷ ᠪᠠᠷᠢᠮᠵᠢᠶᠠᠲᠤ ᠬᠡᠰᠡᠭ ᠤᠨ ᠳᠠᠭᠠᠭᠠᠴᠢᠯᠠᠯᠲᠠ ᠶᠢ ᠠᠮᠵᠢᠯᠲᠠᠲᠠᠢ ᠣᠯᠪᠠ᠃ | ᠳᠠᠭᠠᠭᠠᠴᠢᠯᠠᠯᠲᠠ ᠳᠠᠬᠢ ᠵᠣᠭᠤᠰᠤᠨ ᠤ ᠲᠤᠭ᠎ᠠ 10.5 ᠳ᠋ᠦᠩᠰᠢᠭᠤᠷ ᠲᠥᠭᠦᠷᠢᠭ ᠪᠠᠶᠢᠵᠤ᠂ ᠲᠣᠰ ᠺᠣᠮᠫᠠᠨᠢ ᠶᠢᠨ ᠣᠷᠣᠨ ᠤ ᠭᠠᠳᠠᠨᠠᠬᠢ ᠲᠠᠩ ᠴᠣᠭᠴᠠᠲᠤ ᠲᠥᠷᠥᠯ | ᠵᠦᠢᠯ ᠤᠨ ᠳᠠᠭᠠᠭᠠᠴᠢᠯᠠᠯᠲᠠ ᠣᠯᠣᠭᠰᠠᠨ ᠵᠣᠭᠤᠰᠤᠨ ᠤ ᠲᠤᠭ᠎ᠠ ᠶᠢᠨ ᠲᠠᠯ᠎ᠠ ᠪᠠᠷ ᠬᠢ ᠲᠡᠦᠬᠡᠨ ᠲᠡᠮᠳᠡᠭᠯᠡᠯ ᠢ ᠰᠢᠨᠡᠳᠬᠡᠪᠡ᠃ ᠲᠣᠰ ᠲᠥᠷᠥᠯ ᠵᠦᠢᠯ ᠳᠤ | ᠠᠮᠵᠢᠯᠲᠠ ᠲᠠᠢ ᠪᠠᠷ ᠳᠠᠭᠠᠭᠠᠴᠢᠯᠠᠯᠲᠠ ᠣᠯᠣᠭᠰᠠᠨ ᠶᠠᠪᠤᠳᠠᠯ ᠨᠢ ᠯᠦ ᠴᠢᠶᠣᠤ ᠪᠦᠯᠦᠭᠯᠡᠯ ᠤᠨ ᠬᠢᠨ ᠰᠢᠨᠵᠢᠶᠠᠩ᠂ ᠯᠢᠶᠣᠤᠨᠢᠩ᠂ ᠬᠤᠪᠧᠢ ᠵᠡᠷᠭᠡ ᠭᠠᠵᠠᠷ ᠤᠨ ᠵᠠᠬ᠎ᠠ | ᠳᠡᠯᠭᠡᠭᠦᠷ ᠢ ᠥᠷᠭᠡᠳᠬᠡᠭᠰᠡᠨ ᠤ ᠳᠠᠷᠠᠭ᠎ᠠ᠂ ᠣᠷᠣᠨ ᠤ ᠭᠠᠳᠠᠨᠠᠬᠢ ᠵᠠᠬ᠎ᠠ ᠳᠡᠯᠭᠡᠭᠦᠷ ᠲᠤ ᠣᠯᠣᠭᠰᠠᠨ ᠪᠠᠰᠠ ᠨᠢᠭᠡᠨ ᠴᠢᠬᠤᠯᠠ ᠶᠡᠭᠡ ᠰᠢᠪᠲᠤᠯᠤᠯᠲᠠ ᠪᠣᠯᠣᠨ᠎ᠠ᠃ ︵ | ᠵᠠᠮ ᠬᠠᠷᠢᠯᠴᠠᠭᠠᠨ ᠤ ᠪᠦᠯᠦᠭᠯᠡᠯ︶ | | | | | | |