ᠮᠠᠨ ᠤ ᠣᠷᠣᠨ ᠤ ︽ᠮᠥᠩᠬᠡ ᠰᠤᠪᠠᠭ︾ ᠰᠢᠯᠵᠢᠮᠡᠯ ᠦᠵᠦᠭᠦᠷ ᠨᠢ ᠪᠠᠷᠠᠭᠤᠨ ᠬᠡᠰᠡᠭ ᠤᠨ ᠮᠤᠵᠢ ᠨᠤᠭᠤᠳ ᠤᠨ ᠨᠢᠭᠡᠳᠦᠭᠡᠷ ᠲᠤ ᠵᠢᠭᠰᠠᠭᠠᠭᠳᠠᠪᠠ᠃ | ᠣᠶᠢᠷ᠎ᠠ ᠳᠤ᠂ ᠹᠦᠳᠠᠨ ᠶᠡᠭᠡ ᠰᠤᠷᠭᠠᠭᠤᠯᠢ ᠵᠧᠵᠢᠶᠠᠩ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ 13 ᠨᠠᠷᠠᠲᠤ ᠶᠡᠭᠡ ᠳᠡᠭᠡᠳᠦ ᠰᠤᠷᠭᠠᠭᠤᠯᠢ | ᠬᠠᠮᠲᠤᠷᠠᠨ ᠨᠠᠶᠢᠷᠠᠭᠤᠯᠵᠤ ᠵᠣᠬᠢᠶᠠᠭᠰᠠᠨ ︽ᠳᠤᠮᠳᠠᠳᠤ ᠤᠯᠤᠰ ᠤᠨ ᠮᠤᠵᠢ ᠶᠢᠨ ᠲᠠᠰ ᠤᠨ ᠰᠢᠯᠵᠢᠮᠡᠯ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠦᠯᠦᠯᠲᠡ︾ | ᠶᠢ ᠨᠡᠶᠢᠲᠡᠯᠡᠵᠦ᠂ ᠮᠠᠨ ᠤ ᠣᠷᠣᠨ ᠤ ︽ᠮᠦᠩᠭᠡ ᠰᠤᠪᠠᠭ︾ ᠰᠢᠯᠵᠢᠮᠡᠯ ᠦᠵᠦᠭᠦᠷ ᠨᠢ ᠪᠠᠷᠠᠭᠤᠨ ᠬᠡᠰᠡᠭ ᠤᠨ ᠮᠤᠵᠢ ᠨᠤᠭᠤᠳ ᠤᠨ ᠶᠡᠷᠦᠩᠬᠡᠶᠢᠯᠡᠭᠰᠡᠨ ᠨᠡᠷᠡᠰ ᠤᠨ | ᠵᠢᠭᠰᠠᠭᠠᠯᠲᠠ ᠳᠤ ᠨᠢᠭᠡᠳᠦᠭᠡᠷ ᠲᠤ ᠵᠢᠭᠰᠠᠭᠠᠭᠳᠠᠭᠰᠠᠨ ᠪᠥᠭᠡᠳ ︽ᠪᠠᠷᠠᠭᠤᠨ ᠬᠡᠰᠡᠭ ᠤᠨ ᠠᠯᠠᠭᠠᠨ ᠳᠡᠭᠡᠷᠡᠬᠢ ᠭᠡᠷᠡᠯᠲᠦ ᠰᠤᠪᠤᠳ︾ ᠪᠠ ︽ᠠᠯᠠᠭᠠᠨ ᠳᠡᠭᠡᠷᠡᠬᠢ | ᠴᠢᠳᠠᠮᠠᠭᠠᠢ ᠭᠦᠢᠴᠡᠳᠭᠡᠭᠴᠢ︾ ᠱᠠᠩᠨᠠᠯ ᠢ ᠭᠥᠷᠳᠡᠪᠡ᠃ 2023 ᠣᠨ ᠲᠠᠢ ᠬᠠᠷᠢᠴᠠᠭᠤᠯᠪᠠᠯ᠂ ︽ᠮᠥᠩᠬᠡ ᠰᠤᠪᠠᠭ︾ ᠰᠢᠯᠵᠢᠮᠡᠯ ᠦᠵᠦᠭᠦᠷ ᠨᠢ ︽B ᠲᠥᠷᠥᠯ︾ | ᠠᠴᠠ ᠳᠠᠪᠰᠢᠭᠠᠳ ︽A ᠲᠥᠷᠥᠯ︾ ᠪᠣᠯᠵᠤ᠂ ︽ᠠᠯᠠᠭᠠᠨ ᠳᠡᠭᠡᠷ᠎ᠡ ᠰᠠᠶᠢᠲᠤᠷ ᠭᠦᠢᠴᠡᠳᠬᠡᠬᠦ︾ ᠶᠡᠷᠦᠩᠬᠡᠶᠢᠯᠡᠭᠰᠡᠨ ᠵᠢᠭᠠᠯᠲᠠ ᠲᠤᠭ᠎ᠠ ᠨᠢ ᠪᠥᠬᠦ ᠤᠯᠤᠰ ᠤᠨ | ᠡᠯ᠎ᠡ ᠮᠤᠵᠢ ᠶᠢᠨ ᠨᠡᠷᠡᠰ ᠤᠨ ᠵᠢᠭᠰᠠᠭᠠᠯᠲᠠ ᠳᠤ 15 ᠳ᠋ᠤᠭᠠᠷ ᠪᠠᠶᠢᠷᠢ ᠠᠴᠠ ᠳᠠᠪᠰᠢᠭᠠᠳ 9 ᠳ᠋ᠦ᠋ᠭᠡᠷ ᠪᠠᠶᠢᠷᠢ ᠳᠤ ᠤᠷᠤᠵᠦ᠂ ᠪᠠᠷᠠᠭᠤᠨ ᠬᠡᠰᠡᠭ ᠤᠨ ᠮᠤᠵᠢ ᠶᠢᠨ | ᠨᠡᠷᠡᠰ ᠤᠨ ᠵᠢᠭᠰᠠᠭᠠᠯᠲᠠ ᠳᠤ 3 ᠳ᠋ᠤᠭᠠᠷ ᠨᠡᠷᠡᠰ ᠠᠴᠠ ᠳᠠᠪᠰᠢᠭᠠᠳ 1 ᠳ᠋ᠦ᠋ᠭᠡᠷ ᠨᠡᠷᠡᠰ ᠲᠤ ᠵᠢᠭᠰᠠᠭᠠᠭᠳᠠᠪᠠ᠃ ᠣᠲᠣ ᠪᠣᠯᠲᠠᠯ᠎ᠠ᠂ ︽ᠮᠥᠩᠬᠡ ᠰᠤᠪᠠᠭ︾ ᠰᠢᠯᠵᠢᠮᠡᠯ | ᠦᠵᠦᠭᠦᠷ ᠲᠤ ᠳᠠᠩᠰᠠᠯᠠᠭᠤᠯᠤᠭᠰᠠᠨ ᠬᠡᠷᠡᠭᠯᠡᠭᠴᠢ ᠨᠡᠶᠢᠲᠡ 1855 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.6% ᠪᠠᠷ ᠨᠡᠮᠡᠭᠳᠡᠨ᠂ ᠪᠥᠬᠦ | ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ 76 % ᠶᠢ ᠬᠠᠮᠤᠷᠴᠤ᠂ ᠨᠡᠶᠢᠲᠡ 9.6 ᠳ᠋ᠦᠩᠰᠢᠭᠤᠷ ᠤᠳᠠᠭ᠎ᠠ ᠬᠡᠷᠡᠭᠯᠡᠵᠦ᠂ ᠠᠳᠠᠯᠢ | ᠬᠤᠭᠤᠴᠠᠭᠠᠨ ᠤ ᠬᠢ ᠠᠴᠠ 69% ᠪᠠᠷ ᠨᠡᠮᠡᠭᠳᠡᠪᠡ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ ᠬᠠᠮᠢᠶᠠᠷᠤᠯᠲᠠ ᠶᠢᠨ ᠲᠤᠪᠴᠢᠶ᠎ᠠ︶ | | | | | |