1 - 10 ᠳ᠋ᠤᠭᠠᠷ ᠰᠠᠷ᠎ᠠ ᠳᠤ ᠪᠥᠬᠦ ᠣᠷᠣᠨ ᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1665 ᠳ᠋ᠦᠩᠰᠢᠭᠤᠷ ᠺᠢᠯᠣᠸᠠᠲ ᠴᠠᠭ ᠲᠤ ᠬᠦᠷᠴᠦ ᠠᠳᠠᠯᠢ ᠬᠤᠭᠤᠴᠠᠭᠠᠨ ᠤ ᠬᠢ ᠠᠴᠠ 26.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/11/27
      1 - 10 ᠳ᠋ᠤᠭᠠᠷ ᠰᠠᠷ᠎ᠠ ᠳᠤ ᠪᠥᠬᠦ ᠣᠷᠣᠨ ᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1665 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.5% ᠪᠠᠷ ᠨᠡᠮᠡᠭᠳᠡᠨ᠂ ᠪᠥᠬᠦ ᠣᠷᠣᠨ ᠤ ᠴᠠᠬᠢᠯᠭᠠᠨ ᠭᠠᠷᠭᠠᠭᠰᠠᠨ ᠬᠡᠮᠵᠢᠶᠡᠨ ᠤ ᠨᠡᠮᠡᠭᠳᠡᠯ ᠤᠨ ᠬᠤᠷᠳᠤᠴᠠ ᠠᠴᠠ 16.8 ᠵᠠᠭᠤᠨ ᠤ ᠴᠡᠭ ᠢᠶᠠᠷ ᠥᠨᠳᠥᠷᠵᠢᠪᠡ᠃ ᠡᠭᠦᠨ ᠳᠤ᠂ ᠰᠠᠯᠬᠢᠨ ᠤ ᠬᠦᠴᠦ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 1317 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 25.1% ᠪᠠᠷ ᠨᠡᠮᠡᠭᠳᠡᠪᠡ᠂ ᠨᠡᠷᠡᠨ ᠤ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 334 ᠳ᠋ᠦᠩᠰᠢᠭᠤᠷ ᠺᠢᠯᠣᠸᠠᠲ ᠴᠠᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 34.6% ᠪᠠᠷ ᠨᠡᠮᠡᠭᠳᠡᠪᠡ᠃ ᠠᠶᠢᠮᠠᠭ ᠬᠤᠲᠠ ᠪᠠᠷ ᠬᠤᠪᠢᠶᠠᠨ ᠦᠵᠡᠪᠡᠯ᠂ 6 ᠠᠶᠢᠮᠠᠭ ᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶᠡᠨ ᠤ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠬᠢ ᠠᠴᠠ ᠥᠨᠳᠥᠷ ᠪᠠᠶᠢᠨ᠎ᠠ᠃ ᠡᠭᠦᠨ ᠳᠤ᠂ ᠠᠯᠠᠱᠠ ᠠᠶᠢᠮᠠᠭ ᠤᠨ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ 85% ᠪᠠᠷ ᠨᠡᠮᠡᠭᠳᠡᠵᠦ᠂ ᠣᠷᠳᠣᠰ ᠬᠤᠲᠠ ᠶᠢᠨ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 51.2% ᠢᠶᠠᠷ ᠨᠡᠮᠡᠭᠳᠡᠵᠦ᠂ ᠤᠯᠠᠭᠠᠨᠴᠠᠪ ᠬᠤᠲᠠ ᠶᠢᠨ ᠰᠢᠨ᠎ᠡ ᠡᠨᠧᠷᠭᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 48.4% ᠪᠠᠷ ᠨᠡᠮᠡᠭᠳᠡᠪᠡ᠃ ︵ᠡᠨᠧᠷᠭᠢ ᠶᠢᠨ ᠲᠣᠪᠴᠢᠶ᠎ᠠ︶     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ