ᠡᠳ᠋ ᠤᠨ ᠵᠠᠰᠠᠭ ᠤᠨ ᠶᠠᠮᠤᠨ ᠤ 2024 ᠣᠨ ᠤ ᠲᠥᠪ ᠤᠨ ᠡᠳ᠋ ᠤᠨ ᠵᠠᠰᠠᠭ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢ | ᠳᠡᠮᠵᠢᠬᠦ ᠵᠢᠱᠢᠶ᠎ᠡ ᠦᠵᠡᠭᠦᠯᠬᠦ ᠣᠷᠣᠨ ᠤ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ᠂ ᠮᠠᠨ ᠤ ᠣᠷᠣᠨ ᠳᠤ 2024 ᠣᠨ ᠤ | ᠲᠥᠪ ᠤᠨ ᠡᠳ᠋ ᠤᠨ ᠵᠠᠰᠠᠭ ᠤᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢ ᠳᠡᠮᠵᠢᠬᠦ ᠵᠢᠱᠢᠶ᠎ᠡ ᠦᠵᠡᠭᠦᠯᠬᠦ ᠣᠷᠣᠨ ᠤ ᠪᠡᠯᠡ ᠮᠥᠩᠭᠦ ᠶᠢ | 1 ᠳ᠋ᠦᠩᠰᠢᠭᠤᠷ ᠲᠥᠭᠦᠷᠢᠭ ᠪᠠᠭᠤᠯᠭᠠᠪᠠ᠃ ᠮᠠᠨ ᠤ ᠣᠷᠣᠨ ᠠᠩᠬ᠎ᠠ ᠤᠳᠠᠭ᠎ᠠ ᠬᠤᠶᠠᠳᠤᠭᠠᠷ ᠳᠡᠰ ᠠᠴᠠ ᠨᠢᠭᠡᠳᠦᠭᠡᠷ ᠳᠡᠰ ᠲᠤ ᠳᠠᠪᠰᠢᠵᠤ᠂ ᠪᠠᠷᠠᠭᠤᠨ ᠬᠡᠰᠡᠭ ᠤᠨ | ᠭᠠᠵᠠᠷ ᠣᠷᠣᠨ ᠳᠤ ᠭᠤᠷᠪᠠᠳᠤᠭᠠᠷ ᠲᠤ ᠵᠢᠭᠰᠠᠭᠠᠭᠳᠠᠵᠤ᠂ ᠲᠥᠪ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ 7500 7500 ᠲᠦᠮᠡᠨ ᠲᠥᠭᠦᠷᠢᠭ | ᠪᠠᠶᠢᠭᠰᠠᠨ ᠠᠴᠠ ᠪᠠᠨ 1 ᠳ᠋ᠦᠩᠰᠢᠭᠤᠷ ᠲᠥᠭᠦᠷᠢᠭ ᠪᠣᠯᠵᠤ ᠳᠡᠭᠡᠭᠰᠢᠯᠡᠪᠡ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠠᠴᠠ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠣᠭᠲᠠᠴᠠ ᠪᠠ ᠪᠠᠲᠤᠯᠠᠭ᠎ᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠪᠡᠯᠡ ᠮᠥᠩᠭᠦᠨ ᠤ ᠲᠥᠷᠥ ᠶᠢᠨ ᠪᠣᠳᠣᠯᠭ᠎ᠠ | ᠪᠠᠷ ᠳᠡᠮᠵᠢᠬᠦ ᠶᠢ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢᠨ ᠪᠦᠷᠢᠯᠳᠦᠯ ᠢ ᠠᠬᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠠ ︽ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ | ᠲᠠᠷᠢᠶᠠᠴᠢᠨ︾ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠲᠣᠬᠢᠷᠠᠭᠤᠯᠭ᠎ᠠ ᠶᠢᠨ ᠣᠷᠴᠢᠨ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠪᠣᠳᠠᠲᠤ | ᠴᠣᠭᠴᠠ ᠶᠢᠨ ᠠᠵᠤ ᠠᠬᠤᠢ ᠳᠤ ︽ᠤᠨᠳᠤᠷᠤᠮᠠᠯ ᠬᠦᠴᠦᠨ︾ ᠨᠡᠮᠡᠷᠢᠯᠡᠨ᠎ᠡ᠃ ︵ᠡᠳ᠋ ᠤᠨ ᠵᠠᠰᠠᠭ ᠤᠨ ᠲᠢᠩᠬᠢᠮ︶ | | | | | | |