ᠮᠠᠨ ᠤ ᠣᠷᠣᠨ ᠤ ︽ᠭᠠᠵᠠᠷ ᠰᠢᠷᠣᠶ ᠶᠢᠨ ᠬᠡᠲᠦ ᠳᠡᠯᠭᠡᠭᠦᠷ︾ ᠨᠢ ᠲᠥᠪᠯᠡᠷᠡᠩᠭᠦᠢ ᠨᠡᠭᠡᠬᠡᠯᠳᠡᠲᠦ ᠴᠢᠨᠠᠷ ᠲᠠᠢ᠂ ᠢᠯᠡ ᠲᠣᠳᠣ ᠪᠠ ᠰᠦᠢᠳᠭᠡᠯ ᠬᠤᠷᠢᠶᠠᠬᠤ | ᠥᠬᠡᠶ ᠪᠠᠷ ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ ᠭᠠᠵᠠᠷ ᠰᠢᠷᠣᠶ ᠶᠢᠨ ᠲᠠᠨᠢᠯᠴᠠᠭᠤᠯᠭ᠎ᠠ ᠶᠢᠨ ᠲᠠᠪᠴᠠᠩ ᠪᠣᠯᠤᠭᠰᠠᠨ ᠤ ᠬᠤᠪᠢ ᠳᠤ᠂ ︽ᠲᠥᠷᠥᠯ ᠵᠦᠢᠯ | ᠵᠡᠷᠭᠡ ᠶᠢᠨ ᠭᠠᠵᠠᠷ ᠰᠢᠷᠣᠶ︾ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠵᠠᠩᠭᠢᠯᠠᠭ᠎ᠠ ᠶᠢᠨ ᠭᠤᠭᠴᠤᠭ᠎ᠠ ᠪᠣᠯᠤᠭᠰᠠᠨ ᠪᠠᠶᠢᠨ᠎ᠠ᠃ ᠣᠳᠣᠬᠠᠨ ᠳᠤ ᠲᠣᠰ | ᠲᠠᠪᠴᠠᠩ ᠨᠢ ᠨᠢᠭᠡᠨᠲᠡ ᠭᠠᠵᠠᠷ ᠢ ᠬᠠᠶᠢᠨ ᠯᠠᠪᠯᠠᠵᠤ ᠨᠡᠶᠢᠲᠡᠯᠡᠬᠦ᠂ ᠡᠭᠦᠯᠡᠨ ᠲᠠᠪᠴᠠᠩ ᠢᠶᠠᠷ ᠭᠠᠵᠠᠷ ᠢ ᠣᠶᠢᠯᠠᠭᠠᠬᠤ᠂ ᠰᠦᠯᠵᠢᠶ᠎ᠡ ᠪᠠᠷ ᠵᠥᠪᠯᠡᠯᠭᠡ ᠥᠭᠬᠦ ᠪᠠ | ᠰᠠᠨᠠᠭ᠎ᠠ ᠪᠠᠨ ᠢᠯᠡᠳᠭᠡᠵᠦ ᠬᠠᠷᠢᠭᠤ ᠲᠤᠰᠬᠠᠬᠤ ᠵᠡᠷᠭᠡ ᠣᠯᠠᠨ ᠡᠰᠢᠵᠢᠭᠰᠡᠨ ᠴᠢᠳᠠᠮᠵᠢ ᠶᠢ ᠬᠤᠷᠠᠮᠳᠤᠭᠤᠯᠵᠤ᠂ ᠪᠤᠭᠤᠲᠤ ᠬᠤᠲᠠ᠂ ᠤᠯᠠᠭᠠᠨᠴᠠᠪ ᠬᠤᠲᠠ᠂ | ᠰᠢᠯᠢ ᠶᠢᠨ ᠭᠤᠤᠯ ᠠᠶᠢᠮᠠᠭ ᠤᠨ ᠥᠪᠡᠰᠦᠪᠡᠨ ᠪᠠᠶᠢᠭᠤᠯᠤᠭᠰᠠᠨ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠲᠠᠪᠴᠠᠩ ᠯᠤᠭ᠎ᠠ ᠢᠨᠲ᠋ᠧᠷ | ᠰᠦᠯᠵᠢᠶ᠎ᠡ ᠪᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠭᠰᠡᠨ ᠪᠥᠭᠡᠳ ᠪᠥᠬᠦ ᠣᠷᠣᠨ ᠤ 12 ᠠᠶᠢᠮᠠᠭ ᠬᠤᠲᠠ ᠶᠢᠨ 103 ᠬᠤᠰᠢᠭᠤ | ᠰᠢᠶᠠᠨ ︵ᠲᠣᠭᠤᠷᠢᠭ︶ ᠳᠤ ᠬᠠᠮᠢᠶᠠᠷᠤᠯᠲᠠ ᠶᠢᠨ ᠲᠠᠩᠰᠠᠨ ᠨᠣᠮᠧᠷ ᠢᠶᠠᠨ 200 ᠭᠠᠷᠤᠶ ᠬᠤᠪᠢᠶᠠᠷᠢᠯᠠᠵᠠᠶ᠃ 10 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ | ᠨᠢᠭᠡᠳᠦᠭᠡᠷ ᠳᠡᠰ ᠤᠨ ᠵᠠᠬ᠎ᠠ ᠳᠡᠯᠭᠡᠭᠦᠷ ᠤᠨ ᠮᠣᠳᠦ᠋ᠯ ᠬᠡᠰᠡᠭ ᠲᠤ ᠨᠢᠭᠡᠨᠲᠡ 91 ᠴᠡᠪᠡᠷ ᠭᠠᠵᠠᠷ ᠢ ᠠᠮᠵᠢᠯᠲᠠᠲᠠᠶ ᠨᠡᠶᠢᠲᠡᠯᠡᠵᠦ᠂ ᠶᠡᠷᠦᠩᠬᠡᠶ ᠲᠠᠯᠠᠪᠠᠶ ᠨᠢ 7903. | 96 ᠮᠥ ᠳᠤ ᠬᠦᠷᠪᠡ᠂ ᠡᠭᠦᠨ ᠳᠤ 16 ᠬᠡᠰᠡᠭ᠂ 1197.31 ᠮᠥ ᠭᠠᠵᠠᠷ ᠰᠢᠷᠣᠶ ᠶᠢᠨ ᠠᠷᠠᠯᠵᠢᠶ᠎ᠠ ᠶᠢ ᠭᠦᠢᠴᠡᠳᠭᠡᠨ᠂ ᠭᠠᠵᠠᠷ ᠰᠢᠷᠣᠶ ᠶᠢ ᠲᠦᠯᠦᠪᠦᠷᠢᠲᠡᠢ | ᠰᠢᠯᠵᠢᠭᠦᠯᠦᠭᠰᠡᠨ ᠮᠦᠩᠭᠦᠨ ᠤ ᠶᠡᠷᠦᠩᠬᠡᠶ ᠲᠤᠭ᠎ᠠ ᠨᠢ 3.17 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠣᠷᠣᠨ ᠤ ᠲᠠᠷᠠᠬᠠᠶ ᠪᠤᠲᠠᠷᠬᠠᠶ ᠭᠠᠵᠠᠷ ᠰᠢᠷᠣᠶ ᠶᠢᠨ | ᠡᠬᠢ ᠪᠠᠶᠠᠯᠢᠭ ᠢ ᠪᠦᠲᠦᠮᠵᠢᠲᠡᠶ ᠡᠮᠬᠢᠯᠡᠵᠦ ᠨᠡᠶᠢᠯᠡᠭᠦᠯᠦᠭᠰᠡᠨ ᠪᠠ ᠬᠠᠮᠤᠭ ᠤᠨ ᠶᠡᠭᠡ ᠥᠷᠲᠡᠭ ᠲᠤ ᠬᠦᠷᠭᠡᠪᠡ︔ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ | ᠮᠣᠳᠦ᠋ᠯ ᠬᠡᠰᠡᠭ ᠢᠶᠠᠷ ᠨᠢᠭᠡᠨᠲᠡ ᠪᠥᠬᠦ ᠣᠷᠣᠨ ᠤ 8 ᠠᠶᠢᠮᠠᠭ ᠬᠤᠲᠠ ᠶᠢᠨ 24 ᠬᠡᠰᠡᠭ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠪᠠᠶᠢᠨ᠎ᠠ᠂ ᠲᠡᠭᠦᠨ ᠤ | ᠶᠡᠷᠦᠩᠬᠡᠶ ᠲᠠᠯᠠᠪᠠᠶ ᠨᠢ 1414.85 ᠮᠥ ᠳᠤ ᠬᠦᠷᠴᠦ᠂ ᠪᠥᠬᠦ ᠣᠷᠣᠨ ᠤ ᠭᠠᠵᠠᠷ ᠰᠢᠷᠣᠶ ᠶᠢᠨ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠤᠨ ᠤᠶᠤᠨᠴᠢᠯᠠᠭᠰᠠᠨ | ᠨᠢᠭᠡᠳᠦᠯᠲᠡᠶ ᠲᠥᠯᠥᠪᠯᠡᠨ ᠬᠠᠮᠢᠶᠠᠷᠬᠤ ᠲᠣᠭᠲᠠᠯᠴᠠᠭ᠎ᠠ ᠠᠩᠬ᠎ᠠ ᠠᠯᠬᠤᠮ ᠪᠠᠶᠢᠭᠤᠯᠣᠭᠳᠠᠭᠰᠠᠨ ᠢ ᠬᠠᠷᠠᠭᠤᠯᠵᠤ ᠪᠠᠶᠢᠨ᠎ᠠ᠃ ︵ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ︶ | | | | |