1 — 10 ᠳ᠋ᠤᠭᠠᠷ ᠰᠠᠷ᠎ᠠ ᠳᠤ ᠮᠠᠨ ᠤ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠪᠦᠬᠦ ᠤᠯᠤᠰ ᠤᠨ ᠲᠡᠷᠢᠭᠦᠨ ᠳᠤ ᠣᠷᠣᠪᠠ
ᠨᠡᠶᠢᠲᠡᠯᠡᠭᠰᠡᠨ ᠴᠠᠭ᠄
2024/12/2
      1 — 10 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠭᠦᠬᠡᠶ ᠨᠡᠭᠦᠷᠡᠰᠦᠨ ᠤ ᠭᠠᠷᠤᠯᠲᠠ 10.61 ᠳ᠋ᠦᠩᠰᠢᠭᠤᠷ ᠲᠣᠨ ᠳᠤ ᠬᠦᠷᠴᠦ᠂ ᠶᠡᠷᠦᠩᠬᠡᠶ ᠬᠡᠮᠵᠢᠶ᠎ᠡ ᠨᠢ ᠪᠥᠬᠦ ᠤᠯᠤᠰ ᠤᠨ ᠨᠢᠭᠡᠳᠦᠭᠡᠷ ᠲᠤ ᠣᠷᠣᠵᠤ᠂ ᠠᠳᠠᠯᠢ ᠬᠤᠭᠤᠴᠠᠭᠠᠨ ᠤ ᠬᠢ ᠠᠴᠠ 4. 9% ᠪᠠᠷ ᠨᠡᠮᠡᠭᠳᠡᠪᠡ᠂ ᠡᠭᠦᠨ ᠳᠤ 10 ᠳ᠋ᠤᠭᠠᠷ ᠰᠠᠷ᠎ᠠ ᠳᠤ ᠲᠦᠭᠦᠬᠡᠶ ᠨᠡᠭᠦᠷᠡᠰᠦᠨ ᠤ ᠭᠠᠷᠤᠯᠲᠠ 1.12 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ ᠣᠷᠣᠨ ᠤ ᠳᠤᠲᠤᠭᠠᠳᠤᠬᠢ ᠲᠦᠭᠦᠬᠡᠶ ᠨᠡᠭᠦᠷᠡᠰᠦᠨ ᠤ ᠭᠤᠷᠪᠠᠨ ᠲᠣᠮᠣ ᠭᠤᠤᠯ ᠭᠠᠷᠤᠯᠲᠠ ᠶᠢᠨ ᠣᠷᠣᠨ ᠤ ᠳᠤᠲᠤᠷ᠎ᠠ᠂ ᠣᠷᠳᠣᠰ ᠬᠤᠲᠠ ᠶᠢᠨ ᠳᠠᠶᠢᠴᠢᠯᠠᠭᠰᠠᠨ ᠦᠢᠯᠡᠳᠦᠯ ᠨᠢ ᠢᠯᠡᠷᠬᠡᠶ ᠪᠠᠶᠢᠵᠤ᠂ ᠲᠦᠭᠦᠬᠡᠶ ᠨᠡᠭᠦᠷᠡᠰᠦᠨ ᠤ ᠭᠠᠷᠤᠯᠲᠠ 7.29 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠵᠦ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ 68.7% ᠶᠢ ᠡᠵᠡᠯᠡᠵᠦ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 3.9 ᠵᠠᠭᠤᠨ ᠤ ᠴᠡᠭ ᠢᠶᠠᠷ ᠳᠠᠶᠢᠴᠢᠯᠠᠪᠠ︔ ᠰᠢᠯᠢ ᠶᠢᠨ ᠭᠤᠤᠯ ᠠᠶᠢᠮᠠᠭ ᠤᠨ ᠲᠦᠭᠦᠬᠡᠶ ᠨᠡᠭᠦᠷᠡᠰᠦᠨ ᠤ ᠭᠠᠷᠤᠯᠲᠠ 1.2 ᠳ᠋ᠦᠩᠰᠢᠭᠤᠷ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠵᠦ᠂ ᠪᠥᠬᠦ ᠣᠷᠣᠨ ᠤ ᠲᠦᠭᠦᠬᠡᠶ ᠨᠡᠭᠦᠷᠡᠰᠦᠨ ᠤ ᠭᠠᠷᠤᠯᠲᠠ ᠶᠢᠨ ᠨᠡᠮᠡᠭᠳᠡᠯ ᠢ 0.9 ᠵᠠᠭᠤᠨ ᠤ ᠴᠡᠭ ᠢᠶᠠᠷ ᠳᠠᠶᠢᠴᠢᠯᠠᠪᠠ︔ ᠬᠥᠯᠥᠨ ᠪᠤᠶᠢᠷ ᠬᠤᠲᠠ ᠶᠢᠨ ᠲᠦᠭᠦᠬᠡᠶ ᠨᠡᠭᠦᠷᠡᠰᠦᠨ ᠤ ᠭᠠᠷᠤᠯᠲᠠ 3. 4% ᠪᠠᠷ ᠪᠠᠭᠤᠷᠠᠪᠠ᠂ ᠪᠠᠭᠤᠷᠠᠯᠲᠠ ᠶᠢᠨ ᠬᠡᠮᠵᠢᠶ᠎ᠡ ᠨᠢ 1 — 9 ᠳ᠋ᠦ᠋ᠭᠡᠷ ᠰᠠᠷ᠎ᠠ ᠶᠢᠨ ᠬᠢ ᠠᠴᠠ 0.3 ᠵᠠᠭᠤᠨ ᠤ ᠴᠡᠭ ᠢᠶᠠᠷ ᠪᠠᠭᠠᠰᠪᠠ᠃ ︵ᠲᠤᠭ᠎ᠠ ᠪᠦᠷᠢᠳᠭᠡᠯ ᠤᠨ ᠲᠣᠪᠴᠢᠶ᠎ᠠ︶     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ