ᠮᠠᠨ ᠤ ᠣᠷᠣᠨ 2024 ᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠠᠷᠢᠯᠭ᠎ᠠ ᠡᠬᠢᠯᠡᠭᠦᠯᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ
ᠨᠡᠶᠢᠲᠡᠯᠡᠭᠰᠡᠨ ᠴᠠᠭ᠄
2024/12/2
      ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠮᠠᠨ ᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠴᠡᠭ ᠨᠢ ᠣᠯᠠᠨ᠂ ᠬᠡᠪᠴᠢᠶ᠎ᠡ ᠨᠢ ᠥᠷᠭᠡᠨ᠂ ᠱᠤᠭᠤᠮ ᠨᠢ ᠣᠷᠳᠣ ᠪᠠᠶᠢᠬᠤ ᠣᠨᠴᠠᠯᠢᠭ ᠲᠤ ᠴᠢᠭᠯᠡᠭᠦᠯᠦᠨ᠂ ᠣᠨ ᠤ ᠲᠥᠯᠥᠪᠯᠡᠭᠡ ᠪᠣᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ᠂ ᠬᠢᠨᠠᠨ ᠵᠥᠪᠰᠢᠶᠡᠷᠡᠯ ᠵᠢᠴᠢ ᠮᠠᠲ᠋ᠧᠷᠢᠶᠠᠯ ᠰᠡᠯᠲᠡ ᠪᠠᠨ ᠴᠤᠭᠯᠠᠭᠤᠯᠵᠤ ᠮᠡᠳᠡᠭᠦᠯᠦᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳ ᠢᠶᠠᠷ ᠥᠷᠨᠢᠭᠦᠯᠵᠦ᠂ ︽ᠨᠢᠭᠡ ᠪᠦᠯᠦᠭ ᠢ ᠨᠢ ᠪᠥᠲᠥᠭᠡᠨ ᠪᠠᠶᠢᠭᠤᠯᠬᠤ᠂ ᠪᠠᠰᠠ ᠨᠢᠭᠡ ᠪᠦᠯᠦᠭ ᠢ ᠨᠢ ᠨᠥᠭᠡᠴᠡᠯᠡᠬᠦ᠂ ᠳᠠᠬᠢᠨ ᠨᠢᠭᠡ ᠪᠦᠯᠦᠭ ᠢ ᠨᠢ ᠪᠡᠯᠡᠳᠬᠡᠬᠦ︾ ᠱᠠᠲᠤᠯᠠᠭᠰᠠᠨ ᠠᠬᠢᠭᠤᠯᠬᠤ ᠲᠦᠯᠦᠪ ᠪᠠᠶᠢᠳᠠᠯ ᠢ ᠪᠣᠶ ᠪᠣᠯᠭᠠᠪᠠ᠃ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠪᠦᠷᠢᠳᠬᠡᠯ ᠤᠨ ᠠᠷᠭ᠎ᠠ ᠪᠠᠷᠢᠯ ᠢ ᠬᠡᠷᠡᠭᠵᠢᠭᠦᠯᠵᠦ᠂ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠦᠳᠡᠯᠦᠩᠭᠦᠢ ᠬᠠᠮᠢᠶᠠᠷᠤᠯᠲᠠ ᠶᠢ ᠪᠡᠶᠡᠯᠡᠭᠦᠯᠦᠭᠰᠡᠨ ᠪᠠᠶᠢᠨ᠎ᠠ᠃ ᠣᠳᠣᠬᠠᠨ ᠪᠣᠯᠲᠠᠯ᠎ᠠ᠂ ᠪᠥᠬᠦ ᠣᠷᠣᠨ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠨᠢᠭᠡᠨᠲᠡ ᠪᠠᠷᠢᠯᠭ᠎ᠠ ᠡᠬᠢᠯᠡᠭᠦᠯᠦᠭᠰᠡᠨ ᠲᠦᠷᠦᠯ ᠵᠦᠢᠯ 619 ᠪᠠᠶᠢᠵᠤ᠂ ᠪᠠᠷᠢᠯᠭ᠎ᠠ ᠡᠬᠢᠯᠡᠭᠦᠯᠦᠭᠰᠡᠨ ᠵᠠᠰᠠᠮᠠᠯ ᠵᠠᠮ ᠤᠨ ᠣᠷᠳᠣ 5428 ᠺᠢᠯᠣᠮᠧᠳ᠋ᠷ ᠪᠠᠶᠢᠪᠠ᠂ ᠪᠠᠷᠢᠯᠭ᠎ᠠ ᠳᠠᠭᠤᠰᠬᠠᠭᠰᠠᠨ ᠲᠦᠷᠦᠯ ᠵᠦᠢᠯ 479 ᠪᠠᠶᠢᠵᠤ᠂ ᠪᠠᠷᠢᠯᠭ᠎ᠠ ᠳᠠᠭᠤᠰᠬᠠᠭᠰᠠᠨ ᠵᠠᠰᠠᠮᠠᠯ ᠵᠠᠮ ᠤᠨ ᠤᠷᠲᠤ 3875 ᠺᠢᠯᠣᠮᠧᠳ᠋ᠷ ᠪᠠᠶᠢᠪᠠ᠂ 623710 ᠲᠦᠮᠡᠨ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠪᠠᠷᠢᠯᠭ᠎ᠠ ᠡᠬᠢᠯᠡᠭᠦᠯᠬᠦ ᠡᠭᠦᠷᠭᠡ ᠪᠠᠨ ᠨᠢᠭᠡᠨᠲᠡ ᠳᠠᠪᠠᠭᠤᠯᠤᠨ ᠪᠡᠶᠡᠯᠡᠭᠦᠯᠪᠡ᠃ ︵ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ