ᠥᠪᠥᠷ ᠮᠣᠩᠭᠤᠯ ᠤᠨ ᠮᠧᠩ ᠮᠠ ᠣᠶᠤᠨᠴᠢ ᠲᠣᠨᠣᠭᠯᠠᠯ ᠦᠢᠯᠡᠳᠬᠦ ᠬᠢᠵᠠᠭᠠᠷᠲᠤ ᠺᠣᠮᠫᠠᠨᠢ ᠶᠢᠨ ᠵᠠᠮ ᠬᠠᠷᠢᠯᠴᠠᠭᠠᠨ ᠤ ᠣᠶᠤᠨᠴᠢ ᠲᠣᠨᠣᠭᠯᠠᠯ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠨᠢ ᠬᠤᠷᠢᠨᠭᠡᠷ ᠰᠢᠨ᠎ᠡ ᠲᠣᠭᠤᠷᠢᠭ ᠲᠤ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/12/2
ᠥᠪᠥᠷ ᠮᠣᠩᠭᠤᠯ ᠤᠨ ᠮᠧᠩ ᠮᠠ ᠣᠶᠤᠨᠴᠢ ᠲᠣᠨᠣᠭᠯᠠᠯ ᠦᠢᠯᠡᠳᠬᠦ ᠬᠢᠵᠠᠭᠠᠷᠲᠤ ᠺᠣᠮᠫᠠᠨᠢ ᠶᠢᠨ ᠵᠠᠮ ᠬᠠᠷᠢᠯᠴᠠᠭᠠᠨ ᠤ ᠣᠶᠤᠨᠴᠢ ᠲᠣᠨᠣᠭᠯᠠᠯ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠨᠢ ᠬᠤᠷᠢᠨᠭᠡᠷ ᠰᠢᠨ᠎ᠡ ᠲᠣᠭᠤᠷᠢᠭ ᠲᠤ ᠠᠰᠢᠭᠯᠠᠯᠲᠠ ᠳᠤ ᠣᠷᠣᠪᠠ    ᠪᠣᠣ ᠭᠠᠩ ᠾᠧ ᠬᠠᠢ ᠳ᠋ᠦᠩ ᠠᠰᠢᠭᠯᠠᠯᠲᠠ ᠳᠤ ᠣᠷᠣᠭᠤᠯᠬᠤ ᠶᠣᠰᠣᠯᠠᠯ ᠳᠤ ᠣᠷᠣᠯᠴᠠᠪᠠ ︵ᠰᠤᠷᠪᠤᠯᠵᠢᠯᠠᠭᠴᠢ ᠭᠧᠩ ᠰᠢᠨ︶ 12 ᠳ᠋ᠤᠭᠠᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠮᠧᠩ ᠮᠠ ᠣᠶᠤᠨᠴᠢ ᠲᠣᠨᠣᠭᠯᠠᠯ ᠦᠢᠯᠡᠳᠬᠦ ᠬᠢᠵᠠᠭᠠᠷᠲᠤ ᠺᠣᠮᠫᠠᠨᠢ ᠶᠢᠨ ᠵᠠᠮ ᠬᠠᠷᠢᠯᠴᠠᠭᠠᠨ ᠤ ᠣᠶᠤᠨᠴᠢ ᠲᠣᠨᠣᠭᠯᠠᠯ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠬᠤᠷᠢᠨᠭᠡᠷ ᠰᠢᠨ᠎ᠡ ᠲᠣᠭᠤᠷᠢᠭ ᠲᠤ ᠠᠰᠢᠭᠯᠠᠯᠲᠠ ᠳᠤ ᠣᠷᠣᠪᠠ᠃ ᠲᠣᠰ ᠲᠥᠷᠥᠯ ᠵᠦᠢᠯ ᠢ ᠪᠠᠶᠢᠭᠤᠯᠵᠤ ᠳᠠᠭᠤᠰᠬᠠᠨ ᠠᠰᠢᠭᠯᠠᠯᠲᠠ ᠤᠷᠤᠭᠤᠯᠤᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠪᠣᠳᠣᠯᠭ᠎ᠠ ᠶᠢᠨ ᠴᠠᠬᠢᠯᠭᠠᠨ ᠤ ᠲᠣᠭᠠᠴᠢᠯᠠᠭᠰᠠᠨ ᠲᠣᠨᠣᠭᠯᠠᠯ ᠦᠢᠯᠡᠳᠬᠦ ᠠᠵᠤ ᠦᠢᠯᠡᠰ ᠤᠨ ᠲᠥᠪᠯᠡᠷᠡᠯ ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯᠧᠺᠳ᠋ᠷᠣᠨ ᠵᠠᠩᠭᠢ ᠶᠢᠨ ᠮᠡᠷᠭᠡᠵᠢᠯ ᠤᠨ ᠠᠵᠤ ᠦᠢᠯᠡᠰ ᠢ ᠤᠯᠠᠮ ᠨᠢᠭᠡ ᠠᠯᠬᠤᠮ ᠪᠤᠵᠠᠭᠠᠶᠢᠷᠠᠭᠤᠯᠬᠤ ᠂ ᠪᠣᠳᠣᠯᠭ᠎ᠠ ᠶᠢᠨ ᠬᠦᠴᠦᠨ ᠴᠠᠬᠢᠯᠭᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠨᠠᠷ ᠶᠣᠰᠣᠯᠠᠯ ᠳᠤ ᠣᠷᠣᠯᠴᠠᠪᠠ᠃ ᠮᠧᠩ ᠮᠠ ᠵᠠᠮ ᠬᠠᠷᠢᠯᠴᠠᠭᠠᠨ ᠤ ᠣᠶᠤᠨᠴᠢ ᠲᠣᠨᠣᠭᠯᠠᠯ ᠦᠢᠯᠡᠳᠬᠦ ᠰᠠᠭᠤᠷᠢᠨ ᠭᠠᠵᠠᠷ ᠬᠤᠷᠢᠨᠭᠡᠷ ᠰᠢᠨ᠎ᠡ ᠲᠣᠭᠤᠷᠢᠭ ᠤᠨ ᠪᠣᠳᠣᠯᠭ᠎ᠠ ᠶᠢᠨ ᠴᠠᠬᠢᠯᠭᠠᠨ ᠲᠣᠭᠠᠴᠢᠯᠠᠭᠰᠠᠨ ᠲᠣᠨᠣᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠪᠠᠶᠢᠷᠢᠯᠠᠵᠤ᠂ ᠪᠥᠬᠦ ᠬᠤᠲᠠ ᠶᠢᠨ ᠡᠯᠧᠺᠳ᠋ᠷᠣᠨ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠲᠡᠷᠢᠭᠦᠯᠡᠬᠦ ᠲᠥᠷᠥᠯ ᠵᠦᠢᠯ ᠪᠣᠯᠤᠨ᠎ᠠ᠃ ᠲᠥᠷᠥᠯ ᠵᠦᠢᠯ ᠤᠨ ᠨᠢ 5 ᠳ᠋ᠦᠩᠰᠢᠭᠤᠷ ᠲᠥᠭᠦᠷᠢᠭ ᠶᠡᠷᠦᠩᠬᠡᠶ ᠪᠡᠯᠡ ᠣᠷᠣᠭᠤᠯᠤᠯᠲᠠ ᠲᠠᠢ ᠪᠠᠶᠢᠵᠤ᠂ ᠭᠤᠣᠯᠳᠠᠭᠤ ᠣᠶᠤᠨᠴᠢ ᠴᠠᠬᠢᠯᠭᠠᠨ ᠴᠡᠨᠡᠭᠯᠡᠬᠦ ᠲᠥᠬᠦᠭᠡᠷᠦᠮᠵᠢ᠂ ᠬᠦᠨᠳᠦ ᠬᠡᠯᠪᠡᠷᠢ ᠶᠢᠨ ᠠᠴᠢᠶᠠᠨ ᠤ ᠮᠠᠰᠢᠨ ᠤ ᠴᠠᠬᠢᠯᠭᠠᠨ ᠰᠣᠯᠢᠬᠤ ᠲᠥᠬᠦᠭᠡᠷᠦᠮᠵᠢ᠂ ᠤᠶᠤᠨᠴᠢᠯᠠᠭᠰᠠᠨ ᠴᠠᠬᠢᠯᠭᠠᠨ ᠬᠡᠢ ᠶᠢᠨ ᠲᠥᠬᠦᠭᠡᠷᠦᠮᠵᠢ᠂ ᠤᠶᠤᠨᠴᠢᠯᠠᠭᠰᠠᠨ ᠰᠦᠢᠳᠬᠡᠯ ᠬᠤᠷᠢᠶᠠᠬᠤ ᠲᠥᠬᠦᠭᠡᠷᠦᠮᠵᠢ᠂ ᠰᠡᠷᠡᠨ ᠬᠡᠮᠵᠢᠬᠦ ᠲᠥᠬᠦᠭᠡᠷᠦᠮᠵᠢ᠂ ᠤᠶᠤᠨᠴᠢᠯᠠᠭᠰᠠᠨ ᠬᠠᠶᠢᠷᠴᠠᠭ ᠮᠠᠶᠠᠭ ᠤᠨ ᠬᠦᠴᠦᠳᠡᠯ ᠥᠭᠡᠷᠡᠴᠢᠯᠡᠭᠴᠢ᠂ ᠡᠨᠧᠷᠭᠢ ᠬᠠᠳᠠᠭᠠᠯᠠᠬᠤ ᠰᠢᠰᠲ᠋ᠧᠮ ᠵᠡᠷᠭᠡ ᠡᠯ᠎ᠡ ᠲᠥᠷᠥᠯ ᠤᠨ ᠪᠣᠳᠣᠯᠭ᠎ᠠ ᠶᠢᠨ ᠴᠠᠬᠢᠯᠭᠠᠨ ᠤ ᠣᠶᠣᠨᠴᠢ ᠲᠥᠬᠦᠭᠡᠷᠦᠮᠵᠢ ᠦᠢᠯᠡᠳᠪᠦᠷᠢᠯᠡᠳᠡᠭ᠃       ᠲᠦᠷᠦᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠵᠢᠯ ᠳᠤ ᠡᠯ᠎ᠡ ᠲᠥᠷᠥᠯ ᠤᠨ ᠴᠠᠬᠢᠯᠭᠠᠨ ᠴᠡᠨᠡᠭᠯᠡᠬᠦ ᠲᠥᠬᠦᠭᠡᠷᠦᠮᠵᠢ 4000 ᠰᠠᠭᠤᠷᠢ ᠂ ᠣᠶᠤᠨᠴᠢᠯᠠᠭᠰᠠᠨ ᠵᠠᠮ ᠬᠠᠷᠢᠯᠴᠠᠭᠠᠨ ᠤ ᠲᠥᠬᠦᠭᠡᠷᠦᠮᠵᠢ 3000 ᠰᠠᠭᠤᠷᠢ᠂ ᠡᠨᠧᠷᠭᠢ ᠬᠠᠳᠠᠭᠠᠯᠠᠬᠤ ᠲᠥᠬᠦᠭᠡᠷᠦᠮᠵᠢ 7GWh ᠶᠢᠨ ᠦᠢᠯᠡᠳᠪᠦᠷᠢᠯᠡᠬᠦ ᠴᠢᠳᠠᠪᠤᠷᠢ ᠲᠠᠢ ᠪᠠᠶᠢᠵᠦ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 40 ᠳ᠋ᠦᠩᠰᠢᠭᠤᠷ ᠲᠥᠭᠦᠷᠢᠭ ᠢ ᠳᠠᠪᠠᠨ᠎ᠠ᠃ ᠲᠤᠰ ᠲᠦᠷᠦᠯ ᠵᠦᠢᠯ ᠤᠨ ᠪᠠᠶᠢᠭ᠎ᠠ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠴᠠᠬᠢᠯᠭᠠᠨ ᠤ ᠲᠣᠭᠠᠴᠢᠯᠠᠭᠰᠠᠨ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ 284 ᠮᠦ ᠭᠠᠵᠠᠷ ᠡᠵᠡᠯᠡᠵᠦ᠂ ᠭᠤᠣᠯᠳᠠᠭᠤ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠬᠦᠴᠦᠷᠬᠡᠭ ᠶᠡᠭᠡ ᠪᠣᠬᠢᠷᠲᠤᠯ ᠦᠭᠡᠢ ᠪᠣᠳᠣᠯᠭ᠎ᠠ ᠶᠢᠨ ᠳᠠᠪᠠᠭᠤᠯᠢᠭ ᠵᠢᠴᠢ ᠯᠤᠲᠤ ᠶᠡᠭᠡ ᠵᠠᠬ᠎ᠠ ᠳᠡᠯᠭᠡᠭᠦᠷ ᠤᠨ ᠬᠡᠷᠡᠭᠴᠡᠭᠡ ᠳᠤ ᠲᠦᠰᠢᠭᠯᠡᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ᠂ ᠮᠣᠳᠧᠯᠴᠢᠯᠠᠭᠰᠠᠨ ᠴᠠᠬᠢᠯᠭᠠᠨ ᠬᠦᠴᠦᠨ ᠤ ᠲᠣᠨᠣᠭᠯᠠᠯ ᠦᠢᠯᠡᠳᠬᠦ᠂ ᠴᠠᠬᠢᠯᠭᠠᠨ ᠲᠣᠣᠷ ᠤᠨ ᠲᠣᠨᠣᠭᠯᠠᠯ ᠦᠢᠯᠡᠳᠬᠦ ᠵᠡᠷᠭᠡ ᠪᠣᠳᠣᠯᠭ᠎ᠠ ᠶᠢᠨ ᠴᠠᠬᠢᠯᠭᠠᠨ ᠤ ᠲᠣᠭᠠᠴᠢᠯᠠᠭᠰᠠᠨ ᠲᠥᠬᠦᠭᠡᠷᠦᠮᠵᠢ ᠦᠢᠯᠡᠳᠬᠦ ᠠᠵᠤ ᠦᠢᠯᠡᠰ ᠢ ᠪᠦᠳᠦᠭᠡᠨ ᠪᠠᠶᠢᠭᠤᠯᠵᠤ᠂ ᠣᠳᠣᠬᠠᠨ ᠳᠤ ᠨᠢᠭᠡᠨᠲᠡ 8 ᠲᠦᠷᠦᠯ ᠵᠦᠢᠯ ᠢ ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 15.5 ᠳ᠋ᠦᠩᠰᠢᠭᠤᠷ ᠲᠥᠭᠦᠷᠢᠭ ᠲᠤ ᠬᠦᠷᠴᠦ᠂ ᠦᠢᠯᠡᠳᠪᠦᠷᠢᠯᠡᠭᠰᠡᠨ ᠤ ᠳᠠᠷᠠᠭᠠᠬᠢ ᠶᠡᠷᠦᠩᠬᠡᠢ ᠥᠷᠲᠡᠭ ᠨᠢ ᠪᠠᠷᠤᠭ 75 ᠳ᠋ᠦᠩᠰᠢᠭᠤᠷ ᠲᠥᠭᠦᠷᠢᠭ ᠲᠤ ᠬᠦᠷᠦᠨ᠎ᠡ᠃      ᠠᠰᠢᠭᠯᠠᠯᠲᠠ ᠳᠤ ᠣᠷᠣᠭᠤᠯᠬᠤ ᠶᠣᠰᠣᠯᠠᠯ ᠳᠡᠭᠡᠷ᠎ᠡ᠂ ᠬᠤᠳᠠ ᠶᠢᠨ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠤᠰ ᠲᠤᠰ ᠸᠠᠨ ᠪᠠᠩ ᠪᠦᠯᠦᠭᠯᠡᠯ ᠲᠠᠢ ᠪᠠᠶᠢᠯᠳᠤᠬᠤ ᠪᠤᠳᠤᠯᠭ᠎ᠠ ᠶᠢᠨ ᠪᠦᠳᠦᠭᠦᠪᠴᠢ ᠵᠥᠪᠯᠡᠯᠴᠡᠭᠡᠷ᠂ ᠬᠡᠶᠢᠰᠪᠦᠷᠢ ᠴᠠᠬᠢᠯᠭᠠᠨ ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠡᠢ᠃       ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ᠂ ᠬᠤᠲᠠ ᠶᠢᠨ ᠤᠳᠤᠷᠢᠳᠤᠯᠭ᠎ᠠ ᠼᠤᠤ ᡁᠢ᠂ ᠲᠠᠯ᠎ᠠ᠂ ᠵᠦ ᠵᠢᠶᠠᠨ ᠭᠦᠸᠧ ᠣᠷᠣᠯᠴᠠᠵᠠᠶ᠃ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ