ᠮᠠᠨ ᠤ ᠬᠤᠲᠠ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/3
      ᠡᠨᠡ ᠵᠢᠯ ᠠᠴᠠ ᠨᠠᠰᠢ᠂ ᠪᠥᠬᠦ ᠬᠤᠲᠠ ᠪᠠᠷ ᠢᠶᠠᠨ ᠬᠦᠨᠳᠦ ᠶᠡᠭᠡ ᠠᠳᠡᠯ ᠤᠨ ᠳᠠᠯᠳᠠ ᠬᠡᠮ ᠢ ᠲᠤᠰᠬᠠᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠲᠤᠷᠰᠢᠯᠭ᠎ᠠ ᠪᠠ ᠠᠷᠭ᠎ᠠ ᠬᠢᠳᠡᠯ ᠢ ᠨᠠᠷᠢᠨ ᠬᠢᠨᠠᠮᠠᠭᠠᠶ ᠳ᠋ᠦᠩᠨᠡᠵᠦ᠂ ᠠᠶᠤᠯᠭᠦᠶ ᠦᠢᠯᠡᠳᠪᠦᠷᠢᠯᠡᠯ ᠤᠨ ︽ᠵᠢᠷᠭᠤᠭᠠᠨ ᠨᠢᠭᠡ︾ ᠶᠢᠨ ᠠᠵᠢᠯ ᠤᠨ ᠲᠣᠭᠲᠠᠴᠠ ᠶᠢ ᠦᠷᠭᠦᠯᠵᠢᠯᠡᠨ ᠬᠡᠷᠡᠭᠯᠡᠵᠦ᠂ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠪᠠ᠃       ︽ᠨᠢᠭᠡ ᠰᠠᠷ᠎ᠠ ᠳᠤ ᠨᠢᠭᠡ ᠬᠦᠰᠦᠨᠦᠭᠲᠦ︾ ᠶᠢ ᠰᠢᠯᠢᠳᠡᠭᠵᠢᠭᠦᠯᠵᠦ᠂ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠥᠪᠡᠰᠦᠪᠡᠨ ᠪᠠᠶᠢᠴᠠᠭᠠᠬᠤ ᠠᠭᠤᠯᠭ᠎ᠠ ᠳᠤ ᠣᠷᠣᠭᠤᠯᠤᠨ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠥᠪᠡᠰᠦᠪᠡᠨ ᠪᠠᠶᠢᠴᠠᠭᠠᠬᠤ ᠶᠢ ᠬᠢᠨᠠᠮᠠᠭᠠᠶ ᠥᠷᠨᠢᠭᠦᠯᠬᠦ ᠬᠡᠷᠡᠭᠲᠡᠶ᠃ ᠣᠲᠣ ᠪᠣᠯᠲᠠᠯ᠎ᠠ᠂ ᠪᠥᠬᠦ ᠬᠤᠲᠠ ᠶᠢᠨ ᠠᠵᠤ ᠠᠬᠤᠶᠢᠯᠠᠯ 117 ᠬᠦᠨᠳᠦ ᠶᠡᠭᠡ ᠠᠳᠡᠯ ᠤᠨ ᠳᠠᠯᠳᠠ ᠬᠡᠮ ᠢ ᠥᠪᠡᠰᠦᠪᠡᠨ ᠪᠠᠶᠢᠴᠠᠭᠠᠵᠤ᠂ 115 ᠵᠦᠢᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠥᠪᠡᠰᠦᠪᠡᠨ ᠪᠠᠶᠢᠴᠠᠭᠠᠭᠰᠠᠨ ᠨᠣᠷᠮ᠎ᠠ ᠨᠢ 43.5% ᠳᠤ ᠬᠦᠷᠴᠡᠶ᠃ ᠪᠥᠬᠦ ᠬᠤᠲᠠ ᠶᠢᠨ ︽ᠨᠢᠭᠡ ᠤᠯᠠᠷᠢᠯ ᠨᠢᠭᠡ ᠦᠨᠡᠯᠡᠨ ᠵᠢᠱᠢᠯᠲᠡ︾ ᠲᠠᠢ ᠤᠶᠠᠯᠳᠤᠭᠤᠯᠤᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠵᠦ᠂ ᠡᠯ᠎ᠡ ᠲᠥᠷᠥᠯ ᠤᠨ ᠲᠤᠰᠬᠠᠶ ᠮᠡᠷᠭᠡᠵᠢᠯᠲᠡᠨ ᠢ ᠤᠷᠢᠵᠤ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠵᠤ ᠠᠬᠤᠶᠢᠯᠠᠯ ᠳᠤ ᠭᠦᠨᠵᠡᠭᠡᠶᠢᠷᠡᠭᠦᠯᠦᠨ ᠨᠠᠷᠢᠯᠢᠭ ᠣᠨᠣᠴᠠᠲᠠᠶ ᠪᠠᠷ ᠵᠢᠯᠣᠭᠤᠳᠤᠨ ᠬᠠᠪᠰᠤᠷᠤᠨ ᠲᠡᠳᠬᠦᠵᠦ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠬᠦᠨᠳᠦ ᠶᠡᠭᠡ ᠠᠳᠡᠯ ᠤᠨ ᠳᠠᠯᠳᠠ ᠬᠡᠮ ᠢ ᠭᠦᠨᠵᠡᠭᠡᠶ ᠠᠭᠤᠳᠠᠯᠵᠤ ᠴᠡᠭᠴᠡᠯᠡᠨ ᠵᠠᠰᠠᠨ᠎ᠠ᠃ ᠣᠲᠣ ᠪᠣᠯᠲᠠᠯ᠎ᠠ᠂ ᠰᠠᠯᠠᠭ᠎ᠠ ᠮᠥᠴᠢᠷ ᠤᠳ ᠬᠦᠨᠳᠦ ᠶᠡᠭᠡ ᠠᠳᠡᠯ ᠤᠨ ᠳᠠᠯᠳᠠ ᠬᠡᠮ ᠢ 152 ᠪᠠᠶᠢᠴᠠᠭᠠᠨ ᠢᠯᠡᠷᠡᠭᠦᠯᠵᠦ᠂ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃       ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠬᠦ᠂ ᠵᠢᠭᠰᠠᠭᠠᠨ ᠪᠠᠶᠢᠴᠠᠭᠠᠵᠤ ᠵᠠᠰᠠᠬᠤ ᠵᠡᠷᠭᠡ ᠲᠦᠷᠢᠮ ᠲᠣᠭᠲᠠᠴᠠ ᠶᠢ ᠲᠣᠭᠲᠠᠭᠠᠨ ᠨᠡᠶᠢᠲᠡᠯᠡᠵᠦ᠂ ᠬᠦᠨᠳᠦ ᠶᠡᠭᠡ ᠠᠳᠡᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠪᠥᠬᠦ ᠶᠠᠪᠤᠴᠠ ᠳᠤ ᠮᠥᠷᠳᠡᠨ ᠳᠠᠭᠠᠵᠤ ᠦᠷ᠎ᠡ ᠪᠦᠲᠦᠮᠵᠢ ᠶᠢ ᠨᠢ ᠠᠰᠠᠭᠤᠨ᠎ᠠ᠃ ᠡᠨᠡ ᠵᠢᠯ ᠠᠴᠠ ᠨᠠᠰᠢ ᠬᠤᠲᠠ ᠰᠢᠶᠠᠨ ᠬᠤᠶᠠᠷ ᠱᠠᠲᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ 51 ᠵᠦᠢᠯ ᠤᠨ ᠬᠦᠨᠳᠦ ᠶᠡᠭᠡ ᠠᠳᠡᠯ ᠤᠨ ᠳᠠᠯᠳᠠ ᠭᠡᠮ ᠢ ᠵᠠᠰᠠᠨ ᠴᠡᠭᠴᠡᠯᠡᠪᠡ       ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠨ ᠲᠣᠭᠲᠠᠭᠠᠬᠤ ᠪᠠᠷᠢᠮᠵᠢᠶᠠᠲᠤ ᠡᠮᠬᠢᠳᠬᠡᠯ ᠤᠨ ᠭᠠᠷ ᠳᠡᠪᠲᠡᠷ ᠪᠣᠯᠤᠨ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ ᠦᠭᠡᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠵᠢᠯᠣᠭᠤᠳᠣᠯᠭ᠎ᠠ ᠶᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠵᠤ᠂ ᠠᠰᠠᠭᠤᠳᠠᠯ ᠤᠨ ᠳᠠᠯᠳᠠ ᠭᠡᠮ ᠢ ᠢᠯᠡᠷᠡᠭᠦᠯᠬᠦ ᠴᠢᠳᠠᠪᠤᠷᠢ ᠪᠣᠯᠤᠨ ᠬᠢᠷᠢ ᠬᠡᠮᠵᠢᠶ᠎ᠡ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃       ︽ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠷᠢᠶᠠᠨ ᠤ ᠲᠠᠩᠬᠢᠮ︾ ᠤᠨ ᠤᠬᠠᠭᠤᠯᠤᠨ ᠲᠠᠶᠢᠯᠪᠤᠷᠢᠯᠠᠯᠲᠠ ᠪᠠᠷ ᠳᠠᠮᠵᠢᠭᠤᠯᠤᠨ᠂ ︽ᠪᠠᠶᠠᠨᠨᠠᠭᠤᠷ ᠡᠳᠦᠷ ᠤᠨ ᠰᠣᠨᠢᠨ︾ ᠳᠤ ︽ᠠᠶᠤᠯᠭᠦᠶ ᠦᠢᠯᠡᠳᠪᠦᠷᠢᠯᠡᠯ ᠢ ᠴᠥᠬᠦᠷᠡᠰᠢ ᠥᠬᠡᠶ ᠠᠳᠬᠤᠬᠤ︾ ᠲᠤᠰᠬᠠᠶ ᠪᠤᠯᠤᠩ ᠭᠠᠷᠭᠠᠵᠤ᠂ ᠦᠨᠳᠦᠰᠦᠨ ᠠᠴᠠ ᠨᠢ ᠵᠠᠰᠠᠬᠤ 31 ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠷᠦᠭᠦᠯᠡᠨ ᠬᠢᠬᠦ ᠰᠠᠯᠠᠭ᠎ᠠ ᠮᠥᠴᠢᠷ ᠢ ᠤᠷᠢᠵᠤ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ︽ᠪᠠᠴᠢᠮ ᠪᠠᠶᠢᠳᠠᠯ ᠢ ᠠᠷᠭᠠᠴᠠᠭᠠᠬᠤ ᠪᠦᠬᠦᠨ ᠢ ᠲᠥᠪᠯᠡᠷᠡᠭᠦᠯᠬᠦ︾ ᠪᠤᠯᠤᠩ ᠳᠤ ᠣᠴᠢᠭᠤᠯᠤᠨ ᠲᠠᠶᠢᠯᠤᠮᠵᠢ ᠬᠢᠯᠭᠡᠬᠦ ᠵᠡᠷᠭᠡ ᠠᠷᠭ᠎ᠠ ᠮᠠᠶ᠋ᠢᠭ ᠪᠠ ᠠᠷᠭ᠎ᠠ ᠶᠢ ᠣᠯᠠᠨ ᠲᠠᠯ᠎ᠠ ᠠᠴᠠ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠠᠵᠢᠯ ᠲᠥᠷᠥᠯ ᠤᠨ ᠬᠦᠷᠢᠶᠡᠨ ᠳᠠᠬᠢ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠤᠬᠠᠭᠤᠯᠭ᠎ᠠ ᠪᠠ ᠪᠣᠯᠪᠠᠰᠤᠷᠠᠭᠤᠯᠤᠯ ᠢ ᠣᠯᠠᠨ ᠲᠠᠯ᠎ᠠ ᠠᠴᠠ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠶᠤᠯᠭᠦᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠣᠨᠣᠪᠴᠢᠲᠤ ᠴᠢᠨᠠᠷ ᠪᠠ ᠨᠡᠶᠢᠭᠡᠮ ᠨᠡᠶᠢᠲᠡ ᠶᠢᠨ ᠮᠡᠳᠡᠷᠡᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃   
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ