ᠮᠧᠩ ᠯᠧ ᠨᠠᠷ ᠪᠠᠶᠠᠨᠭᠤᠣᠯ ᠪᠠᠯᠭᠠᠰᠤᠨ ᠳᠤ ᠭᠦᠨᠵᠡᠭᠡᠶᠢᠷᠡᠨ ᠬᠠᠷᠢᠶᠠᠲᠤ ᠠᠬ᠎ᠠ ᠳᠡᠭᠦᠦ ᠨᠠᠷ ᠤᠨ ᠭᠡᠷ ᠪᠦᠯᠢ ᠶᠢᠨ ᠬᠢᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/2/1
      1 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠮᠧᠩ ᠯᠧ᠂ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠱᠠᠰᠢᠨ ᠰᠤᠷᠲᠠᠬᠤᠨ ᠤ ᠲᠣᠪᠴᠢᠶᠠᠨ ᠤ ᠳᠠᠷᠤᠭ᠎ᠠ᠂ ᠬᠠᠷᠢᠶᠠᠲᠤ ᠨᠠᠷ ᠤᠨ ᠠᠵᠢᠯ ᠤᠨ ᠠᠯᠪᠠᠨ ᠭᠡᠷ ᠤᠨ ᠡᠷᠬᠢᠯᠡᠭᠴᠢ ᠵᠢᠶᠠ ᠹᠸᠢ ᠰᠢᠶᠦ᠋ᠩ ᠨᠠᠷ ᠪᠠᠶᠠᠨᠭᠤᠣᠯ ᠪᠠᠯᠭᠠᠰᠤᠨ ᠳᠤ ᠭᠦᠨᠵᠡᠭᠡᠶᠢᠷᠡᠨ ᠬᠠᠷᠢᠶᠠᠲᠤ ᠠᠬ᠎ᠠ ᠳᠡᠭᠦᠦ ᠨᠠᠷ ᠤᠨ ᠭᠡᠷ ᠪᠦᠯᠢ ᠶᠢ ᠲᠣᠬᠤᠨᠢᠭᠤᠯᠪᠠ᠃      ᠮᠧᠩ ᠯᠧ ᠨᠠᠷ ᠬᠦᠴᠢᠷᠳᠡᠯ ᠲᠠᠢ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠳᠤ ᠭᠦᠨᠵᠡᠭᠡᠶᠢᠷᠡᠨ ᠲᠣᠬᠤᠨᠢᠭᠤᠯᠵᠤ᠂ ᠲᠡᠳᠡᠨ ᠲᠠᠢ ᠵᠣᠭᠤᠭᠳᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ ᠪᠠ ᠠᠮᠢᠳᠤᠷᠠᠯ ᠤᠨ ᠪᠠᠶᠢᠳᠠᠯ᠂ ᠭᠠᠳᠠᠭᠠᠳᠤ ᠳᠤ ᠪᠠᠶᠢᠭ᠎ᠠ ᠲᠥᠷᠥᠯ ᠰᠠᠳᠤᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠳᠤ ᠲᠣᠬᠤᠨᠢᠭᠤᠯᠬᠤ ᠮᠥᠩᠭᠦ ᠬᠦᠷᠭᠡᠭᠰᠡᠨ ᠪᠥᠭᠡᠳ ᠴᠢᠩ ᠰᠡᠳᠬᠢᠯ ᠤᠨ ᠵᠥᠩᠨᠡᠯ ᠪᠠ ᠮᠡᠨᠳᠦᠴᠢᠯᠡᠯ ᠳᠡᠪᠰᠢᠭᠦᠯᠪᠡ᠃      ᠲᠣᠰ ᠤᠳᠠᠭᠠᠨ ᠤ ᠡᠷᠬᠢᠨ ᠦᠵᠡᠵᠦ ᠲᠣᠬᠤᠨᠢᠭᠤᠯᠬᠤ ᠪᠠᠷ ᠳᠡᠮᠵᠢᠨ᠂ ︽ᠬᠠᠷᠢᠶᠠᠲᠤ ᠨᠠᠷ ᠢ ᠬᠦᠨᠳᠦᠳᠬᠡᠬᠦ᠂ ᠬᠠᠷᠢᠶᠠᠲᠤ ᠨᠠᠷ ᠢ ᠬᠠᠶᠢᠷᠠᠯᠠᠬᠤ᠂ ᠬᠠᠷᠢᠶᠠᠲᠤ ᠨᠠᠷ ᠢ ᠬᠠᠮᠠᠭᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠬᠠᠷᠢᠶᠠᠲᠤ ᠨᠠᠷ ᠪᠠ ᠬᠠᠷᠢᠶᠠᠲᠤ ᠨᠠᠷ ᠤᠨ ᠬᠡᠷ ᠪᠦᠯᠢ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠭᠠᠳᠠᠭᠠᠳᠤ ᠳᠤ ᠪᠠᠶᠢᠭ᠎ᠠ ᠬᠠᠷᠢᠶᠠᠲᠤ ᠠᠬ᠎ᠠ ᠳᠡᠭᠦᠦ ᠨᠠᠷ ᠤᠨ ᠡᠬᠡ ᠤᠯᠤᠰ ᠪᠠ ᠨᠤᠲᠤᠭ ᠤᠰᠤᠨ ᠤ ᠪᠠᠨ ᠬᠠᠷᠢᠶᠠᠯᠠᠭᠳᠠᠬᠤ ᠰᠡᠳᠬᠢᠯᠭᠡ ᠪᠠ ᠮᠡᠳᠡᠷᠡᠬᠦ ᠰᠡᠳᠬᠢᠯᠭᠡ ᠶᠢ ᠨᠡᠮᠡᠭᠳᠡᠭᠦᠯᠪᠡ᠃ ᠲᠠᠷᠠᠭᠠᠴᠢ ᠶᠢᠨ ᠠᠯᠬᠤᠮ ᠳᠤ᠂ ᠪᠠᠶᠠᠨᠭᠤᠣᠯ ᠪᠠᠯᠭᠠᠰᠤ ᠬᠠᠷᠢᠶᠠᠲᠤ ᠨᠠᠷ ᠲᠤ ᠦᠢᠯᠡᠴᠢᠯᠡᠬᠦ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠷᠢᠶᠠᠲᠤ ᠨᠠᠷ ᠤᠨ ᠰᠡᠳᠬᠢᠯ ᠢ ᠤᠯᠠᠮ ᠨᠢᠭᠡ ᠠᠯᠬᠤᠮ ᠨᠢᠭᠲᠠᠷᠠᠭᠤᠯᠤᠨ᠂ ᠬᠠᠷᠢᠶᠠᠲᠤ ᠨᠠᠷ ᠤᠨ ᠬᠦᠴᠦᠨ ᠢ ᠨᠢᠭᠲᠠᠷᠠᠭᠤᠯᠵᠤ᠂ ᠬᠠᠷᠢᠶᠠᠲᠤ ᠨᠠᠷ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃   

3.jpg

 

ᠢᠷᠡᠯᠲᠡ᠄ ᠳ᠋ᠧᠩᠺᠸᠦ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ