ᠵᠢᠯ ᠤᠨ ᠡᠴᠦᠰ ᠵᠢᠯ ᠤᠨ ᠡᠬᠢᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠠᠷᠢᠶ᠎ᠠ | ᠣᠷᠣᠨ ᠤ ᠪᠠᠨ ᠳᠣᠲᠣᠷᠠᠬᠢ ᠠᠶᠤᠯᠭᠦᠶ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢᠨ ᠲᠥᠯᠥᠭᠡ᠂ 1 ᠰᠠᠷ᠎ᠠ ᠶᠢᠨ 31 ᠤ | ᠡᠳᠦᠷ᠂ ᠱᠠᠵᠢᠨᠲᠤᠬᠤᠢ ᠰᠤᠮᠤ ᠶᠢᠨ ᠨᠠᠮ ᠤᠨ ᠬᠤᠷᠢᠶᠠᠨ ᠤ ᠱᠦᠵᠢ ᠬᠤᠸᠠᠩ ᠶᠢᠨ ᠯᠦᠩ ᠪᠠᠶᠠᠨ᠋ᠥ᠌ᠨᠳᠥᠷ ᠭᠠᠴᠠᠭ᠎ᠠ ᠶᠢᠨ ︽ᠬᠤᠶᠠᠷ ᠵᠥᠪᠯᠡᠯ︾ ᠤᠨ | ᠪᠦᠷᠢᠯᠳᠦᠬᠦᠨ ᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢ | ᠥᠷᠨᠢᠭᠦᠯᠪᠡ᠃ | ᠲᠣᠰ ᠤᠳᠠᠭᠠᠨ ᠤ ᠪᠠᠶᠢᠴᠠᠭᠠᠯᠲᠠ ᠳᠤ ᠭᠤᠤᠯᠳᠠᠭᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠲᠦᠷᠢᠮ ᠲᠣᠭᠲᠠᠭᠠᠯ᠂ ᠠᠵᠢᠯᠯᠠᠬᠤ ᠲᠦᠷᠢᠮ᠂ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠡᠷᠭᠡ ᠲᠠᠯ᠎ᠠ ᠪᠠᠷ ᠪᠥᠬᠦ ᠲᠠᠯ᠎ᠠ ᠶᠢᠨ ᠪᠠᠶᠢᠴᠠᠭᠠᠯᠲᠠ | ᠬᠢᠵᠦ᠂ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠪᠠ ᠠᠰᠠᠭᠤᠳᠠᠯ ᠢ ᠲᠤᠬᠠᠶ ᠶᠢᠨ ᠲᠠᠯᠠᠪᠠᠶ ᠳᠤ ᠴᠡᠭᠴᠡᠯᠡᠨ | ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠳᠤᠷᠠᠳᠪᠠ᠃ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ ᠠᠰᠠᠭᠤᠳᠠᠯ ᠳᠤ ᠠᠵᠤ ᠠᠬᠤᠶᠢᠯᠠᠯ ᠢ | ᠴᠡᠭᠴᠡᠯᠡᠨ ᠰᠠᠶᠢᠵᠢᠷᠠᠭᠤᠯᠬᠤ ᠲᠥᠯᠥᠪᠯᠡᠭᠡ ᠲᠣᠭᠲᠠᠭᠠᠬᠤ ᠶᠢᠨ ᠬᠠᠮᠲᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ ᠡᠭᠦᠨ ᠤ ᠬᠠᠮᠲᠤ | ᠪᠠᠰᠠ ᠠᠵᠤ ᠠᠬᠤᠶᠢᠯᠠᠯ ᠢ ᠡᠳᠦᠷ ᠲᠤᠲᠤᠮ ᠤᠨ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠪᠠ ᠥᠪᠡᠷ ᠢ ᠪᠠᠨ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ | ᠴᠠᠭᠠᠨ ᠰᠠᠷ᠎ᠠ ᠶᠢᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ | ᠱᠠᠭᠠᠷᠳᠠᠪᠠ᠃ | ᠬᠤᠸᠠᠩ ᠶᠢᠨ ᠯᠦᠩ᠂ ᠠᠶᠤᠯᠭᠦᠢ ᠦᠢᠯᠡᠳᠪᠦᠷᠢᠯᠡᠯ ᠪᠣᠯ ᠲᠡᠷᠢᠭᠦᠨ ᠴᠢᠬᠤᠯᠠ ᠶᠠᠪᠤᠳᠠᠯ ᠮᠥᠨ᠂ ᠡᠷᠬᠡᠪᠰᠢ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ | ᠰᠡᠷᠡᠮᠵᠢ ᠲᠠᠢ ᠪᠠᠶᠢᠬᠤ ᠬᠡᠷᠡᠭᠲᠡᠢ︔ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ᠂ ᠬᠠᠲᠠᠭᠤ ᠴᠢᠩᠭ᠎ᠠ ᠴᠢᠨᠠᠷ᠂ ᠲᠤᠯᠭᠠᠮ ᠴᠢᠨᠠᠷ ᠢ | ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ | ᠡᠷᠢᠬᠦ ᠪᠤᠳᠤᠯ ᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠠᠮᠤᠷ ᠲᠦᠪᠰᠢᠨ᠂ ᠲᠣᠭᠲᠠᠭᠤᠨ᠂ ᠡᠶ᠎ᠡ ᠵᠣᠬᠢᠴᠠᠩᠭᠤᠢ | ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠬᠡᠷᠡᠭᠲᠡᠢ᠃ | | | | | | | | | | | |