ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠪᠠᠶᠠᠨᠨᠠᠭᠤᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠭᠠᠭᠴᠠᠮᠣᠳᠣ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠬᠠᠮᠢᠶᠠᠷᠤᠯᠲᠠ ︵ᠪᠡᠯᠡᠳᠬᠡᠭᠰᠡᠨ︶ ᠶᠢᠨ ᠵᠥᠪᠯᠡᠯ ᠤᠨ ᠠᠯᠪᠠᠨ ᠭᠡᠷ᠂ ᠬᠤᠳᠠ ᠶᠢᠨ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠳᠠ ᠳᠤ ᠰᠠᠭᠤᠭ᠎ᠠ ᠡᠯ᠎ᠡ ᠨᠢᠭᠡᠴᠡ᠂ ᠡᠯ᠎ᠡ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2024 ᠣᠨ ᠤ ᠬᠡᠪᠯᠡᠯ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 1 ᠰᠠᠷ᠎ᠠ ᠶᠢᠨ 26 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠪᠡ︶ | | | | | ᠪᠠᠶᠠᠨᠨᠠᠭᠤᠷ ᠬᠤᠲᠠ ᠶᠢᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ︵2024 ᠣᠨ ᠤ ᠬᠡᠪᠯᠡᠯ︶ | 1 ᠶᠡᠷᠦᠩᠬᠡᠢ ᠳᠦᠷᠢᠮ | 1.1 ᠨᠠᠶᠢᠷᠠᠭᠤᠯᠤᠨ ᠵᠣᠬᠢᠶᠠᠬᠤ ᠵᠣᠷᠢᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠠᠶᠢᠭᠠᠯᠢ ᠶᠢᠨ ᠭᠠᠮᠰᠢᠭ ᠤᠨ ᠬᠡᠷᠡᠭ᠂ ᠠᠳᠡᠯ ᠤᠨ ᠭᠠᠢ ᠭᠠᠮᠰᠢᠭ ᠤᠨ | ᠬᠡᠷᠡᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ︵ᠳᠣᠷᠣᠭᠰᠢ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠬᠡᠷᠡᠭ ᠭᠡᠵᠦ ᠲᠣᠪᠴᠢᠯᠠᠨ᠎ᠠ︶ ᠭᠠᠷᠤᠭᠰᠠᠨ ᠤ ᠳᠠᠷᠠᠭ᠎ᠠ᠂ ᠡᠯ᠎ᠡ ᠵᠦᠢᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ | ᠲᠦᠷᠭᠡᠨ᠂ ᠥᠨᠳᠥᠷ ᠪᠦᠲᠦᠮᠵᠢᠲᠡᠢ᠂ ᠡᠮᠬᠢ ᠵᠢᠷᠤᠮ ᠲᠠᠢ ᠶᠠᠪᠤᠭᠳᠠᠵᠤ᠂ ᠪᠦᠬᠦ ᠬᠤᠳᠠ ᠶᠢᠨ ᠡᠯ᠎ᠡ ᠱᠠᠲᠤᠨ ᠤ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ | ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠮᠥᠨ ᠤ ᠦᠬᠦᠯ ᠰᠢᠷᠬᠠᠲᠤᠯ ᠪᠠ | ᠡᠷᠡᠭᠦᠯ ᠮᠡᠨᠳᠤ ᠶᠢᠨ ᠬᠤᠣᠷ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠤᠳ ᠤᠨ ᠡᠷᠡᠭᠦᠯ ᠮᠡᠨᠳᠤ ᠶᠢ ᠪᠠᠲᠤᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠬᠠᠮᠠᠭᠠᠯᠠᠪᠠ᠃ | 1.2 ᠨᠠᠶᠢᠷᠠᠭᠤᠯᠤᠨ ᠵᠣᠬᠢᠶᠠᠬᠤ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢ ᠠᠬᠢᠭᠤᠯᠬᠤ ᠬᠠᠤᠯᠢ︾ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠤᠨ ᠨᠥᠯᠥᠭᠡᠨ ᠤ | ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠠᠴᠤᠷᠠᠭ ᠴᠢᠨᠠᠷᠲᠠᠢ ᠪᠣᠬᠢᠷᠲᠤᠯ ᠢ ᠰᠡᠷᠭᠡᠶᠢᠯᠡᠨ ᠵᠠᠰᠠᠬᠤ | ᠬᠠᠤᠯᠢ︾ ᠵᠢᠴᠢ ︽ᠭᠡᠨᠡᠳᠲᠡ ᠡᠭᠦᠰᠬᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ᠤᠯᠤᠰ ᠤᠨ | ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ | ︽ᠪᠥᠬᠦ ᠤᠯᠤᠰ ᠤᠨ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ | ︶︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︵ | ᠲᠤᠷᠰᠢᠨ ᠬᠡᠷᠡᠭᠵᠢᠭᠦᠯᠬᠦ︶︾ ︽ᠪᠠᠶᠠᠨᠨᠠᠭᠤᠷ ᠬᠤᠳᠠ ᠶᠢᠨ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ ︵ | 2023 ᠣᠨ ᠤ ᠬᠡᠪᠯᠡᠯ︶︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠪᠡᠯᠡᠳᠬᠡᠯ ᠲᠥᠰᠥᠯ ᠢ ᠦᠨᠳᠦᠰᠦᠯᠡᠨ ᠲᠤᠰ ᠪᠡᠯᠡᠳᠬᠡᠯ ᠲᠥᠰᠥᠯ ᠢ | ᠲᠣᠭᠲᠠᠭᠠᠪᠠ᠃ | 1.3 ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠥᠯ ᠢ ᠪᠠᠶᠠᠨᠨᠠᠭᠤᠷ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ︵ | ᠪᠠᠶᠢᠭᠠᠯᠢ ᠶᠢᠨ ᠭᠠᠮᠰᠢᠭ ᠤᠨ ᠲᠥᠷᠥᠯ᠂ ᠠᠳᠡᠯ ᠤᠨ ᠭᠠᠮᠰᠢᠭ ᠤᠨ ᠲᠥᠷᠥᠯ᠂ ᠨᠡᠶᠢᠭᠡᠮ ᠤᠨ ᠠᠮᠤᠷ ᠲᠦᠪᠰᠢᠨ ᠤ ᠲᠥᠷᠥᠯ︶ ᠠᠴᠠ ᠪᠣᠯᠤᠭᠰᠠᠨ ᠬᠥᠮᠥᠨ ᠬᠠᠷ᠎ᠠ | ᠦᠬᠦᠵᠦ ᠰᠢᠷᠬᠠᠲᠤᠭᠰᠠᠨ᠂ ᠡᠷᠡᠭᠦᠯ ᠮᠡᠨᠳᠦ ᠶᠢᠨ ᠬᠤᠣᠷ ᠬᠥᠨᠥᠭᠡᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠬᠡᠷᠡᠭᠯᠡᠨ᠎ᠡ᠃ | ᠪᠠᠶᠢᠭᠠᠯᠢ ᠶᠢᠨ ᠭᠠᠮᠰᠢᠭ ᠤᠨ ᠬᠡᠷᠡᠭ ᠲᠤ ᠭᠤᠣᠯᠳᠠᠭᠤ ᠤᠰᠤ ᠭᠠᠩ ᠤᠨ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠬᠥᠳᠡᠯᠦᠯᠲᠡ ᠶᠢᠨ ᠭᠠᠮᠰᠢᠭ᠂ | ᠭᠠᠵᠠᠷ ᠤᠨ ᠭᠠᠮᠰᠢᠭ᠂ ᠠᠮᠢᠳᠤ ᠪᠣᠳᠠᠰ ᠤᠨ ᠭᠠᠮᠰᠢᠭ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠵᠡᠷᠭᠡ ᠪᠠᠭᠲᠠᠨ᠎ᠠ︔ ᠠᠳᠡᠯ ᠤᠨ ᠭᠠᠢ | ᠭᠠᠮᠰᠢᠭ ᠤᠨ ᠬᠡᠷᠡᠭ ᠲᠤ ᠭᠤᠣᠯᠳᠠᠭᠤ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠵᠡᠷᠭᠡ ᠠᠵᠤ ᠠᠬᠤᠶᠢᠯᠠᠯ ᠤᠨ ᠡᠯ᠎ᠡ ᠵᠦᠢᠯ ᠤᠨ ᠠᠶᠤᠯᠭᠦᠢ ᠶᠢᠨ ᠠᠳᠡᠯ᠂ | ᠦᠢᠯᠡᠳᠬᠦᠨ ᠤ ᠶᠠᠰᠤ ᠴᠢᠨᠠᠷ ᠤᠨ ᠠᠳᠡᠯ᠂ ᠵᠠᠮ ᠲᠡᠭᠡᠭᠡᠪᠦᠷᠢ ᠶᠢᠨ ᠠᠳᠡᠯ᠂ ᠤᠯᠠᠨ ᠨᠡᠶᠢᠲᠡ ᠶᠢᠨ ᠲᠥᠬᠦᠭᠡᠷᠦᠮᠵᠢ ᠪᠠ ᠲᠥᠬᠦᠭᠡᠷᠦᠮᠵᠢ ᠶᠢᠨ ᠠᠳᠡᠯ᠂ ᠴᠥᠮ᠎ᠡ ᠶᠢᠨ | ᠪᠠ ᠰᠠᠴᠤᠷᠠᠭ ᠤᠨ ᠠᠳᠡᠯ᠂ ᠬᠢᠮᠢ ᠶᠢᠨ ᠬᠤᠣᠷᠳᠠᠭᠳᠠᠯ᠂ ᠣᠷᠴᠢᠨ ᠠᠬᠤᠢ ᠶᠢᠨ ᠪᠣᠬᠢᠷᠲᠤᠯ ᠪᠠ ᠠᠮᠢ ᠠᠬᠤᠢ ᠶᠢᠨ ᠡᠪᠳᠡᠭᠳᠡᠯ ᠤᠨ ᠬᠡᠷᠡᠭ ᠵᠡᠷᠭᠡ ᠪᠠᠭᠲᠠᠨ᠎ᠠ︔ | ᠨᠡᠶᠢᠭᠡᠮ ᠤᠨ ᠠᠮᠤᠷ ᠲᠦᠪᠰᠢᠨ ᠤ ᠬᠡᠷᠡᠭ ᠲᠤ ᠭᠤᠣᠯᠳᠠᠭᠤ ᠰᠦᠷᠳᠡᠭᠦᠯᠦᠯ ᠤᠨ ᠳᠠᠭᠠᠷᠢᠯᠲᠠ ᠶᠢᠨ ᠬᠡᠷᠡᠭ᠂ ᠡᠷᠡᠭᠦᠦ ᠶᠢᠨ ᠬᠡᠷᠡᠭ᠂ ᠬᠠᠮᠲᠤᠯᠢᠭ ᠤᠨ ᠴᠢᠨᠠᠷᠲᠠᠢ ᠬᠡᠷᠡᠭ | ᠂ ᠲᠣᠰᠣ ᠬᠡᠢ ᠶᠢᠨ ᠬᠠᠩᠭᠠᠯᠭ᠎ᠠ ᠲᠠᠰᠤᠯᠳᠠᠭᠰᠠᠨ ᠭᠡᠨᠡᠳᠲᠡ ᠶᠢᠨ ᠬᠡᠷᠡᠭ᠂ ᠮᠥᠩᠭᠦᠨ ᠭᠦᠢᠯᠭᠡᠭᠡᠨ ᠤ ᠭᠡᠨᠡᠳᠲᠡ ᠶᠢᠨ ᠬᠡᠷᠡᠭ᠂ ᠭᠠᠳᠠᠭᠠᠳᠤ ᠲᠠᠢ ᠬᠤᠯᠪᠣᠭᠳᠠᠭᠰᠠᠨ | ᠭᠡᠨᠡᠳᠲᠡ ᠶᠢᠨ ᠬᠡᠷᠡᠭ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ᠂ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠤ ᠬᠡᠷᠡᠭ ᠵᠡᠷᠭᠡ | ᠪᠠᠭᠲᠠᠨ᠎ᠠ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ︽ᠪᠠᠶᠠᠨᠨᠠᠭᠤᠷ | ᠬᠤᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ︵2023 ᠣᠨ ᠤ ᠬᠡᠪᠯᠡᠯ︶︾ | ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | 1.4 ᠠᠵᠢᠯ ᠤᠨ ᠵᠠᠷᠴᠢᠮ | ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠷᠢᠭᠤᠴᠠᠨ᠎ᠠ︔ ᠬᠠᠷᠢᠶ᠎ᠠ ᠣᠷᠣᠨ ᠳᠤᠨᠢ ᠬᠠᠮᠢᠶᠠᠷᠤᠭᠤᠯᠵᠤ᠂ ᠲᠤᠰᠢᠶᠠᠯ ᠬᠠᠷᠢᠭᠤᠴᠠᠯᠭ᠎ᠠ ᠶᠢ ᠨᠢ | ᠲᠣᠳᠣᠷᠬᠠᠶᠢᠯᠠᠨ᠎ᠠ︔ ᠬᠠᠤᠯᠢ ᠲᠣᠭᠲᠠᠭᠠᠯ ᠢ ᠵᠢᠷᠤᠮᠯᠠᠵᠤ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠬᠤ︔ ᠴᠠᠭ ᠲᠤᠬᠠᠢ ᠳᠤᠨᠢ ᠲᠤᠰᠬᠠᠵᠤ᠂ ᠡᠷᠡᠰ ᠰᠢᠭᠤᠷᠬᠠᠢ | ᠠᠷᠭ᠎ᠠ ᠬᠡᠮᠵᠢᠶ᠎ᠡ ᠠᠪᠤᠨ᠎ᠠ︔ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠨ᠎ᠡ︔ ᠡᠩ ᠤᠨ ᠦᠶ᠎ᠡ ᠪᠠ ᠳᠠᠶᠢᠨ ᠤ ᠦᠶ᠎ᠡ ᠶᠢ | ᠤᠶᠠᠯᠳᠤᠭᠤᠯᠵᠤ᠂ ᠪᠠᠶᠢᠩᠭᠤ ᠪᠡᠯᠡᠳᠬᠡᠯ ᠲᠠᠢ ᠪᠠᠶᠢᠬᠤ ᠬᠡᠷᠡᠭᠲᠡᠢ︔ ᠬᠠᠮᠵᠢᠯᠴᠠᠭ᠎ᠠ ᠪᠠᠨ ᠴᠢᠩᠭᠠᠳᠬᠠᠵᠤ᠂ ᠣᠯᠠᠨ ᠨᠡᠶᠢᠲᠡ ᠪᠠᠷ ᠢᠶᠠᠨ ᠣᠷᠣᠯᠴᠠᠨ᠎ᠠ᠃ | 2. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠤᠨ ᠳᠡᠰ ᠬᠤᠪᠢᠶᠠᠷᠢᠯᠠᠯ | ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠡᠷᠡᠭᠦᠯ ᠮᠡᠨᠳᠦ ᠶᠢᠨ ᠬᠤᠣᠷ ᠬᠥᠨᠥᠭᠡᠯ ᠤᠨ | ᠪᠠᠶᠢᠳᠠᠯ ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠥᠯ ︵2023 ᠣᠨ ᠳᠤ ᠵᠠᠰᠠᠪᠤᠷᠢ ᠣᠷᠣᠭᠤᠯᠤᠭᠰᠠᠨ︶︾ ᠤᠨ ᠱᠠᠭᠠᠷᠳᠠᠯᠭ᠎ᠠ | ᠶᠣᠰᠣᠭᠠᠷ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠡᠷᠡᠭ ᠢ ᠣᠨᠴᠣᠭᠤᠢ ᠬᠦᠨᠳᠦ ᠶᠡᠭᠡ ︵Ⅰ ᠲᠠᠰ︶᠂ ᠬᠦᠨᠳᠦ ᠶᠡᠭᠡ ︵Ⅱ ᠲᠠᠰ︶᠂ | ᠨᠡᠯᠢᠶᠡᠳ ᠶᠡᠭᠡ ︵Ⅲ ᠲᠠᠰ︶ ᠪᠠ ᠡᠩ ᠤᠨ ︵Ⅳ ᠲᠠᠰ︶ ᠨᠡᠶᠢᠲᠡ ᠳᠥᠷᠪᠡᠨ ᠲᠠᠰ ᠬᠤᠪᠢᠶᠠᠨ᠎ᠠ᠃ | 2.1 ᠣᠨᠴᠠᠭᠠᠶ ᠴᠢᠬᠤᠯᠠ ᠶᠡᠭᠡ ᠬᠡᠷᠡᠭ ᠶᠠᠪᠤᠳᠠᠯ ︵Ⅰ ᠳᠡᠰ︶ | ︵1︶ ᠨᠢᠭᠡ ᠤᠳᠠᠭ᠎ᠠ ᠶᠢᠨ ᠬᠡᠷᠡᠭ ᠲᠤ ᠣᠨᠴᠠ ᠬᠦᠨᠳᠦ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠮᠥᠷᠲᠡᠭᠡᠨ ᠬᠦᠨᠳᠦ ᠲᠦᠭᠰᠢᠭᠦᠷᠢᠲᠡᠢ ᠬᠥᠮᠥᠨ | ᠠᠮᠠ ᠣᠯᠠᠨ᠂ ᠡᠰᠡᠬᠦᠯ᠎ᠡ ᠴᠥᠮ᠎ᠡ ᠶᠢᠨ ᠠᠳᠡᠯ ᠪᠠ ᠭᠡᠨᠡᠳᠲᠡ ᠶᠢᠨ ᠰᠠᠴᠤᠷᠠᠭ ᠬᠡᠷᠡᠭ᠂ ᠬᠢᠮᠢ ᠶᠢᠨ ᠪᠣᠳᠠᠰ ᠯᠡᠪᠡᠷᠡᠭᠰᠡᠨ ᠠᠳᠡᠯ ᠵᠡᠷᠭᠡ ᠠᠴᠠ ᠪᠣᠯᠵᠤ ᠶᠡᠭᠡ | ᠬᠡᠮᠵᠢᠶᠡᠨ ᠤ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠥᠪᠡᠷᠲᠡᠭᠡᠨ ᠵᠠᠰᠠᠬᠤ ᠣᠷᠣᠨ᠂ ᠤᠯᠤᠰ ᠠᠴᠠ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠲᠠᠯ᠎ᠠ ᠪᠠᠷ ᠳᠡᠮᠵᠢᠯᠭᠡ | ᠦᠵᠡᠭᠦᠯᠬᠦ ᠶᠢ ᠭᠤᠶᠤᠴᠢᠯᠠᠭᠰᠠᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ᠃ | ︵2︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢ ᠠᠯᠤᠰᠯᠠᠭᠰᠠᠨ ᠣᠨᠴᠠᠭᠠᠶ ᠬᠦᠨᠳᠦ ᠨᠣᠴᠢᠲᠠᠢ ᠬᠥᠮᠥᠨ ᠬᠠᠷ᠎ᠠ ᠦᠬᠦᠵᠦ | ᠰᠢᠷᠬᠠᠲᠤᠭᠰᠠᠨ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ᠃ | ︵3︶ ᠲᠦᠷᠦ ᠶᠢᠨ ᠶᠠᠪᠤᠳᠠᠯ ᠤᠨ ᠬᠤᠷᠢᠶ᠎ᠠ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠴᠢᠬᠤᠯᠠᠲᠠᠢ ᠪᠤᠰᠤᠳ ᠭᠡᠨᠡᠳᠲᠡ ᠶᠢᠨ ᠴᠢᠨᠠᠷᠲᠠᠢ ᠤᠯᠠᠨ ᠨᠡᠶᠢᠲᠡ ᠶᠢᠨ ᠣᠨᠴᠠᠭᠠᠶ ᠬᠦᠨᠳᠦ ᠶᠡᠭᠡ ᠬᠡᠷᠡᠭ᠃ | | 2.2 ᠴᠢᠬᠤᠯᠠ ᠶᠡᠭᠡ ᠬᠡᠷᠡᠭ ᠶᠠᠪᠤᠳᠠᠯ ︵Ⅱ ᠳᠡᠰ︶ | ︵1︶ ᠨᠢᠭᠡ ᠤᠳᠠᠭᠠᠨ ᠤ ᠬᠡᠷᠡᠭ ᠲᠤ ᠬᠦᠨᠳᠦ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠭᠠᠷᠤᠭᠰᠠᠨ᠂ ᠡᠭᠦᠨ ᠤ ᠳᠣᠲᠣᠷ᠎ᠠ ᠦᠬᠦᠭᠰᠡᠨ | ᠪᠠ ᠬᠦᠨᠳᠦ ᠲᠦᠭᠰᠢᠭᠦᠷᠢᠲᠡᠢ ᠡᠪᠡᠳᠴᠢᠨ ᠤ ᠵᠢᠱᠢᠶ᠎ᠡ 5 ᠠᠴᠠ ᠬᠡᠲᠦᠷᠡᠭᠰᠡᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠭᠠᠷᠤᠭᠰᠠᠨ᠃ | ︵2︶ ᠠᠶᠢᠮᠠᠭ ᠬᠤᠲᠠ ᠠᠯᠤᠰᠯᠠᠭᠰᠠᠨ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ᠃ | ︵3︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠴᠢᠬᠤᠯᠠᠲᠠᠢ ᠪᠤᠰᠤᠳ ᠴᠢᠬᠤᠯᠠ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ | ᠶᠠᠪᠤᠳᠠᠯ᠃ | 2. 3 ᠨᠡᠯᠢᠶᠡᠳ ᠶᠡᠭᠡ ᠬᠡᠷᠡᠭ ᠶᠠᠪᠤᠳᠠᠯ ︵Ⅲ ᠳᠡᠰ︶ | ︵1︶ ᠨᠢᠭᠡ ᠤᠳᠠᠭᠠᠨ ᠤ ᠬᠡᠷᠡᠭ ᠲᠤ ᠨᠡᠯᠢᠶᠡᠳ ᠶᠡᠭᠡ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠭᠠᠷᠴᠠᠢ᠂ ᠡᠭᠦᠨ ᠤ ᠳᠣᠲᠣᠷ᠎ᠠ ᠦᠬᠦᠭᠰᠡᠨ ᠪᠠ | ᠬᠦᠨᠳᠦ ᠲᠦᠭᠰᠢᠭᠦᠷᠢᠲᠡᠢ ᠡᠪᠡᠳᠴᠢᠨ ᠤ ᠵᠢᠱᠢᠶ᠎ᠡ 3 ᠵᠢᠱᠢᠶ᠎ᠡ ᠠᠴᠠ ᠬᠡᠲᠦᠷᠡᠭᠰᠡᠨ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ ᠭᠠᠷᠤᠭᠰᠠᠨ᠃ | ︵2︶ ᠬᠤᠳᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠭᠰᠠᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠴᠢᠬᠤᠯᠠᠲᠠᠢ ᠪᠤᠰᠤᠳ ᠨᠡᠯᠢᠶᠡᠳ ᠶᠡᠭᠡ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ᠃ | 2.4 ᠡᠩ ᠤᠨ ᠬᠡᠷᠡᠭ ᠶᠠᠪᠤᠳᠠᠯ ︵IV ᠳᠡᠰ︶ | ︵1︶ ᠨᠢᠭᠡ ᠤᠳᠠᠭᠠᠨ ᠤ ᠬᠡᠷᠡᠭ ᠲᠤ ᠵᠣᠬᠢᠬᠤ ᠲᠣᠭᠠᠨ ᠤ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠳᠠᠯ ᠭᠠᠷᠴᠤ᠂ ᠡᠭᠦᠨ ᠤ ᠳᠣᠲᠣᠷ᠎ᠠ ᠦᠬᠦᠭᠰᠡᠨ | ᠪᠠ ᠬᠦᠨᠳᠦ ᠲᠦᠭᠰᠢᠭᠦᠷᠢᠲᠡᠢ ᠡᠪᠡᠳᠴᠢᠨ ᠤ ᠵᠢᠱᠢᠶ᠎ᠡ 1 ᠠᠴᠠ ᠬᠡᠲᠦᠷᠡᠭᠰᠡᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠭᠠᠷᠤᠭᠰᠠᠨ᠃ | ︵2︶ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠲᠣᠭᠲᠠᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠬᠦ ᠴᠢᠬᠤᠯᠠᠲᠠᠢ ᠪᠤᠰᠤᠳ ᠡᠩ ᠤᠨ ᠭᠡᠨᠡᠳᠲᠡ ᠶᠢᠨ ᠣᠯᠠᠨ | ᠨᠡᠶᠢᠲᠡ ᠶᠢᠨ ᠬᠡᠷᠡᠭ᠃ | 3. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ | ᠪᠤᠶᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠢᠯᠤᠭᠤᠳᠬᠤ ᠪᠠᠶᠢᠭᠤᠯᠤᠮᠵᠢ ᠶᠢᠨ ᠨᠢᠭᠡᠳᠦᠯᠲᠡᠢ | ᠤᠳᠤᠷᠢᠳᠤᠯᠭ᠎ᠠ᠂ ᠵᠢᠯᠣᠭᠤᠳᠤᠯᠭ᠎ᠠ ᠶᠢᠨ ᠳᠣᠣᠷ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠵᠣᠬᠢᠴᠠᠯᠳᠤᠨ ᠨᠢᠭᠡᠳᠴᠦ᠂ ᠭᠡᠨᠡᠳᠲᠡ | ᠡᠭᠦᠰᠬᠦ ᠣᠯᠠᠨ ᠨᠡᠶᠢᠲᠡ ᠶᠢᠨ ᠬᠡᠷᠡᠭ ᠢ ᠬᠠᠮᠲᠤᠪᠠᠷ ᠠᠷᠭᠠᠴᠠᠵᠤ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠳᠤ ᠪᠠᠭᠲᠠᠬᠤ ᠨᠢ᠄ ᠡᠯ᠎ᠡ ᠱᠠᠲᠤᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠠᠶᠢᠭᠤᠯᠤᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ | ᠤᠳᠤᠷᠢᠳᠬᠤ ᠳᠤᠭᠤᠶᠢᠯᠠᠩ᠂ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠡᠯ᠎ᠡ ᠲᠥᠷᠥᠯ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ᠂ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ︵ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠶᠢ ᠵᠢᠭᠠᠵᠤ ᠪᠣᠶ᠂ | ᠡᠭᠦᠨ ᠳᠤ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠲᠡᠭᠡ︶᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠢ ᠡᠮᠨᠡᠯᠭᠡ ᠶᠢᠨ ᠬᠤᠷᠢᠶ᠎ᠠ᠂ | ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ | ᠪᠠᠶᠢᠭᠤᠯᠤᠮᠵᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠵᠡᠷᠭᠡ︶᠂ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠪᠠᠭᠲᠠᠨ᠎ᠠ᠃ | 3.1 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ | ᠬᠤᠲᠠ ᠶᠢᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠳᠤ᠄ ᠬᠦᠨᠳᠦ ᠶᠡᠭᠡ ᠭᠡᠨᠡᠳᠲᠡ ᠶᠢᠨ ᠣᠯᠠᠨ | ᠨᠡᠶᠢᠲᠡ ᠶᠢᠨ ᠬᠡᠷᠡᠭ ᠡᠭᠦᠰᠬᠦ ᠦᠶ᠎ᠡ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠢ ᠬᠤᠪᠢᠳᠠᠨ | ᠬᠠᠮᠢᠶᠠᠷᠴᠤ ᠪᠠᠶᠢᠭ᠎ᠠ ᠳᠡᠳ᠋ ᠬᠤᠲᠠ ᠶᠢᠨ ᠳᠠᠷᠤᠭ᠎ᠠ ᠶᠢ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠳᠠᠨ | ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠤᠳᠤᠷᠢᠳᠤᠯᠭ᠎ᠠ ᠳᠡᠳ᠋ | ᠳᠤᠭᠤᠶᠢᠯᠠᠩ ᠤᠨ ᠳᠠᠷᠤᠭ᠎ᠠ ᠪᠣᠯᠵᠤ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ︶ | ᠂ ᠡᠳ᠋ ᠤᠨ ᠵᠠᠰᠠᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠵᠢᠴᠢ ᠪᠠᠶᠠᠨᠨᠠᠭᠤᠷ ᠬᠤᠲᠠ ᠶᠢᠨ ᠴᠡᠷᠢᠭ ᠤᠨ ᠬᠤᠪᠢᠶᠠᠷᠢ ᠲᠣᠭᠤᠷᠢᠭ᠂ ᠤᠷᠠᠳ ᠪᠣᠭᠤᠮᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠶᠠᠷ ᠪᠦᠷᠢᠯᠳᠦᠭᠦᠨ ᠪᠣᠯᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ | ᠤᠳᠤᠷᠢᠳᠬᠤ ᠳᠤᠭᠤᠶᠢᠯᠠᠩ ᠨᠢ ᠴᠢᠬᠤᠯᠠ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠪᠠᠶᠢᠷᠢᠯᠠᠭᠤᠯᠬᠤ ᠶᠢ ᠬᠠᠷᠢᠭᠤᠴᠠᠨ᠎ᠠ︔ ᠨᠡᠯᠢᠶᠡᠳ ᠶᠡᠭᠡ ᠭᠡᠨᠡᠳᠲᠡ ᠶᠢᠨ ᠣᠯᠠᠨ ᠨᠡᠶᠢᠲᠡ ᠶᠢᠨ | ᠬᠡᠷᠡᠭ ᠡᠭᠦᠰᠪᠡᠯ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠭᠦᠯᠵᠦ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠬᠤᠯᠪᠣᠭᠳᠠᠯ | ᠪᠦᠬᠦᠢ ᠰᠠᠯᠠᠭ᠎ᠠ ᠲᠠᠰᠤᠭ ᠪᠠ ᠬᠤᠯᠪᠣᠭᠳᠠᠯ ᠪᠦᠬᠦᠢ ᠬᠤᠲᠠ ᠶᠢᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠢᠶᠠᠷ | ᠪᠦᠷᠢᠯᠳᠦᠭᠦᠨ ᠪᠣᠯᠭᠠᠭᠰᠠᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠯᠢᠶᠡᠳ ᠶᠡᠭᠡ | ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠤᠳᠤᠷᠢᠳᠬᠤ᠂ ᠵᠣᠬᠢᠶᠠᠨ ᠪᠠᠶᠢᠭᠤᠯᠬᠤ᠂ | ᠵᠣᠬᠢᠴᠠᠭᠤᠯᠬᠤ᠂ ᠪᠠᠶᠢᠷᠢᠯᠠᠭᠤᠯᠬᠤ ᠠᠵᠢᠯ ᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠳᠤ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠪᠠᠶᠢᠭᠤᠯᠤᠮᠵᠢ ᠶᠢᠨ ᠡᠩᠨᠡᠭᠡ ᠶᠢᠨ ᠬᠠᠮᠢᠶᠠᠷᠤᠯᠲᠠ᠂ ᠵᠣᠬᠢᠶᠠᠨ | ᠪᠠᠶᠢᠭᠤᠯᠤᠯᠲᠠ ᠶᠢᠨ ᠬᠤᠯᠪᠣᠭ᠎ᠠ ᠠᠪᠬᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ᠂ ᠮᠡᠳᠡᠭᠡ ᠵᠠᠩᠭᠢ ᠴᠤᠭᠯᠠᠭᠤᠯᠬᠤ᠂ ᠮᠡᠷᠭᠡᠵᠢᠯ ᠴᠢᠳᠠᠪᠤᠷᠢ ᠶᠢᠨ | ᠰᠣᠷᠢᠯᠲᠠ ᠬᠢᠬᠦ ᠵᠡᠷᠭᠡ ᠡᠳᠦᠷ ᠲᠤᠲᠤᠮ ᠤᠨ ᠠᠵᠢᠯ ᠢ ᠬᠠᠷᠢᠭᠤᠴᠠᠭᠤᠯᠤᠨ᠎ᠠ᠃ | ᠬᠤᠰᠢᠭᠤ ᠰᠢᠶᠠᠨ ᠤ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠳᠤ᠄ ᠬᠤᠰᠢᠭᠤ ᠰᠢᠶᠠᠨ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠭᠡᠨᠡᠳᠲᠡ ᠡᠭᠦᠰᠬᠦ ᠤᠯᠠᠨ ᠨᠡᠶᠢᠳᠡ ᠶᠢᠨ ᠬᠡᠷᠡᠭ ᠤᠨ ᠡᠮᠨᠡᠯᠭᠡ | ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠣᠬᠢᠴᠠᠩᠭᠤᠢ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ | ᠡᠩ ᠤᠨ ᠭᠡᠨᠡᠳᠲᠡ ᠡᠭᠦᠰᠬᠦ ᠤᠯᠠᠨ ᠨᠡᠶᠢᠳᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠤᠳᠤᠷᠢᠳᠤᠨ᠂ ᠡᠯ᠎ᠡ ᠲᠦᠷᠦᠯ ᠤᠨ | ᠭᠡᠨᠡᠳᠲᠡ ᠡᠭᠦᠰᠬᠦ ᠤᠯᠠᠨ ᠨᠡᠶᠢᠳᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠡᠭᠦᠷᠭᠡ ᠶᠢ | ᠡᠭᠦᠷᠭᠡᠯᠡᠬᠦ ᠶᠢᠨ ᠬᠠᠮᠲᠤ ᠪᠠᠶᠢᠭᠤᠯᠤᠮᠵᠢ ᠵᠢᠭᠠᠨ ᠲᠣᠭᠲᠠᠭᠠᠵᠤ ᠡᠳᠦᠷ ᠲᠤᠳᠤᠮ ᠤᠨ ᠠᠵᠢᠯ ᠢ ᠬᠠᠷᠢᠭᠤᠴᠠᠭᠤᠯᠤᠨ᠎ᠠ᠃ | 3.2 ᠲᠤᠰᠬᠠᠢ ᠮᠡᠷᠭᠡᠵᠢᠯᠲᠡᠨ ᠤ ᠳᠤᠭᠤᠶᠢᠯᠠᠩ | ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠤᠲᠠ ᠶᠢᠨ ᠱᠠᠲᠤᠨ ᠤ ᠭᠡᠨᠡᠳᠲᠡ ᠡᠭᠦᠰᠬᠦ ᠣᠯᠠᠨ | ᠨᠡᠶᠢᠲᠡ ᠶᠢᠨ ᠬᠡᠷᠡᠭ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠥᠬᠦ | ᠬᠤᠲᠠ ᠶᠢᠨ ᠬᠡᠪᠴᠢᠶᠡᠨ ᠳᠠᠬᠢ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ | ᠵᠥᠪᠯᠡᠯᠭᠡ ᠥᠭᠬᠦ ᠰᠠᠨᠠᠭᠤᠯᠭ᠎ᠠ᠂ ᠮᠡᠷᠭᠡᠵᠢᠯ ᠤᠨ ᠵᠢᠯᠣᠭᠤᠳᠤᠯᠭ᠎ᠠ ᠪᠠ ᠳᠡᠮᠵᠢᠯᠭᠡ ᠬᠠᠩᠭᠠᠨ᠎ᠠ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ 3 ᠵᠢᠯ ᠳᠤ ᠨᠢᠭᠡ | ᠤᠳᠠᠭ᠎ᠠ ᠲᠣᠬᠢᠷᠠᠭᠤᠯᠤᠯᠲᠠ ᠬᠢᠨ᠎ᠡ᠃ | ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠰᠬᠠᠢ ᠮᠡᠷᠭᠡᠵᠢᠯᠲᠡᠨ ᠤ | ᠳᠤᠭᠤᠶᠢᠯᠠᠩ ᠢ ᠵᠣᠬᠢᠶᠠᠨ ᠪᠠᠶᠢᠭᠤᠯᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡᠨ ᠤ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ | 3.3 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ | ᠡᠯ᠎ᠡ ᠱᠠᠲᠤᠨ ᠤ ᠡᠯ᠎ᠡ ᠲᠥᠷᠥᠯ ᠤᠨ ᠡᠮᠴᠢᠯᠡᠭᠡᠨ ᠤ ᠪᠠᠶᠢᠭᠤᠯᠤᠮᠵᠢ ᠨᠤᠭᠤᠳ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠨ᠎ᠡ᠃ ᠨᠢᠭᠡᠳᠦᠯᠲᠡᠢ ᠪᠠᠶᠢᠷᠢᠯᠠᠭᠤᠯᠬᠤ᠂ ᠠᠵᠢᠯ ᠬᠤᠪᠢᠶᠠᠷᠢᠯᠠᠨ ᠬᠠᠷᠢᠭᠤᠴᠠᠬᠤ ᠵᠠᠷᠴᠢᠮ ᠶᠣᠰᠣᠭᠠᠷ᠂ ᠡᠯ᠎ᠡ | ᠱᠠᠲᠤᠨ ᠤ ᠡᠮᠴᠢᠯᠡᠭᠡᠨ ᠤ ᠲᠦᠷᠭᠡᠨ ᠠᠪᠤᠷᠠᠯᠳᠠ ᠶᠢᠨ ᠲᠥᠪ ︵ᠥᠷᠲᠡᠭᠡ︶ ᠵᠢᠴᠢ ᠡᠮᠨᠡᠯᠭᠡ ᠶᠢᠨ ᠬᠤᠷᠢᠶ᠎ᠠ ᠶᠢᠨ ᠲᠦᠷᠭᠡᠨ ᠠᠪᠤᠷᠠᠯᠳᠠ ᠶᠢᠨ ᠰᠠᠯᠠᠭ᠎ᠠ ᠨᠢ ᠭᠡᠨᠡᠳᠲᠡ | ᠡᠭᠦᠰᠬᠦ ᠣᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠ ᠰᠢᠷᠬᠠᠲᠤᠭᠰᠠᠳ ᠢ | ᠰᠢᠯᠵᠢᠭᠦᠯᠦᠨ ᠬᠦᠷᠭᠡᠬᠦ ᠡᠭᠦᠷᠭᠡ ᠶᠢ ᠡᠭᠦᠷᠭᠡᠯᠡᠨ᠎ᠡ︔ ᠡᠯ᠎ᠡ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠲᠤᠰᠬᠠᠢ ᠮᠡᠷᠭᠡᠵᠢᠯ ᠤᠨ ᠡᠮᠨᠡᠯᠭᠡ ᠶᠢᠨ ᠬᠤᠷᠢᠶ᠎ᠠ | ᠨᠢ ᠰᠢᠷᠬᠠᠲᠤᠭᠰᠠᠳ ᠢ ᠬᠦᠯᠢᠶᠡᠨ ᠠᠪᠬᠤ ᠠᠵᠢᠯ ᠢ ᠬᠠᠷᠢᠭᠤᠴᠠᠬᠤ ᠶᠢᠨ ᠬᠠᠮᠲᠤ ᠲᠡᠭᠦᠨ ᠢ ᠰᠢᠢᠳᠪᠦᠷᠢᠯᠡᠵᠦ ᠠᠪᠤᠷᠠᠨ ᠵᠠᠰᠠᠨ᠎ᠠ︔ ᠬᠤᠲᠠ ᠶᠢᠨ ᠲᠥᠪ ᠴᠢᠰᠤᠨ | ᠥᠷᠲᠡᠭᠡ ᠨᠢ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠠᠪᠤᠷᠠᠨ ᠲᠤᠰᠠᠯᠠᠬᠤ ᠬᠤᠭᠤᠴᠠᠭᠠᠨ ᠳᠠᠬᠢ ᠴᠢᠰᠤᠨ ᠤ ᠬᠠᠩᠭᠠᠯᠲᠠ ᠪᠠ ᠴᠢᠰᠤᠨ ᠤ ᠢᠷᠡᠯᠲᠡ ᠶᠢᠨ | ᠵᠣᠬᠢᠶᠠᠨ ᠪᠠᠶᠢᠭᠤᠯᠤᠯᠲᠠ ᠶᠢ ᠬᠠᠷᠢᠭᠤᠴᠠᠨ᠎ᠠ︔ ᠡᠯ᠎ᠡ ᠱᠠᠲᠤᠨ ᠤ ᠣᠶᠣᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠰᠢᠷᠬᠠᠲᠤᠭᠰᠠᠳ ᠵᠢᠴᠢ ᠲᠡᠳᠡᠨ ᠤ | ᠭᠡᠷ ᠪᠦᠯᠢ᠂ ᠠᠪᠤᠷᠠᠨ ᠲᠤᠰᠠᠯᠠᠬᠤ ᠬᠥᠮᠥᠰ ᠤᠨ ᠰᠡᠳᠬᠢᠴᠡ ᠶᠢᠨ ᠬᠢᠮᠤᠷᠠᠯ ᠳᠤ ᠭᠠᠷ ᠲᠦᠷᠦᠭᠦ ᠠᠵᠢᠯ ᠢ ᠰᠠᠶᠢᠲᠤᠷ ᠬᠢᠨ᠎ᠡ︔ ᠡᠯ᠎ᠡ ᠱᠠᠲᠤᠨ ᠤ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠯᠲᠠ ᠲᠠᠯᠪᠢᠬᠤ ᠪᠠᠶᠢᠭᠤᠯᠤᠮᠵᠢ ᠨᠤᠭᠤᠳ ᠲᠣᠰ ᠲᠣᠰ ᠤᠨ ᠡᠭᠦᠷᠭᠡ | ᠴᠢᠳᠠᠪᠤᠷᠢ ᠪᠠᠨ ᠦᠨᠳᠦᠰᠦᠯᠡᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠳᠤᠮᠳᠠᠬᠢ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ | ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠢ᠃ | 3.4 ᠲᠤᠬᠠᠢ ᠶᠢᠨ ᠲᠠᠯᠠᠪᠠᠢ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠲᠤᠬᠠᠢ ᠶᠢᠨ ᠲᠠᠯᠠᠪᠠᠶ ᠶᠢᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠴᠢᠬᠤᠯᠠᠲᠠᠢ ᠦᠶ᠎ᠡ ᠳᠤ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠵᠢᠯᠤᠭᠤᠳᠬᠤ ᠭᠠᠵᠠᠷ ᠢ ᠪᠠᠶᠢᠭᠤᠯᠵᠤ᠂ ᠲᠤᠬᠠᠢ ᠶᠢᠨ ᠲᠠᠯᠠᠪᠤᠷ ᠤᠨ ᠬᠠᠮᠤᠭ ᠤᠨ ᠳᠡᠭᠡᠳᠦ ᠲᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠤᠶᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠤᠭᠤᠳᠬᠤ | ᠪᠠᠶᠢᠭᠤᠯᠤᠮᠵᠢ ᠶᠢᠨ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠨᠥᠬᠦᠳ ᠢᠶᠠᠷ ᠵᠢᠯᠤᠭᠤᠳᠬᠤ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠤᠬᠠᠢ ᠶᠢᠨ | ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠨᠢᠭᠡᠳᠦᠯᠲᠡᠢ ᠵᠢᠯᠣᠭᠤᠳᠤᠨ ᠵᠣᠬᠢᠴᠠᠭᠤᠯᠬᠤ ᠬᠡᠷᠡᠭᠲᠡᠢ᠃ | 4. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠴᠤᠤᠷᠢᠶᠠᠲᠤᠨ ᠳᠠᠭᠠᠬᠤ ᠪᠠ ᠵᠣᠭᠰᠣᠭᠠᠬᠤ | 4.1 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠳᠡᠰ ᠬᠤᠪᠢᠶᠠᠨ ᠴᠤᠤᠷᠢᠶᠠᠲᠤᠨ ᠳᠠᠭᠠᠬᠤ | 4.1.1 I ᠳᠡᠰ ᠤᠨ ᠳᠠᠭᠠᠯ | 4.1.1.1 I ᠲᠡᠰ ᠤᠨ ᠳᠠᠭᠠᠬᠤ ᠶᠢ ᠡᠬᠢᠯᠡᠭᠦᠯᠬᠦ | ᠳᠣᠣᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ | Ⅰ ᠲᠠᠰ ᠤᠨ ᠬᠠᠷᠢᠭᠤ ᠲᠤᠰᠬᠠᠯ ᠢ ᠡᠬᠢᠯᠡᠭᠦᠯᠦᠨ᠎ᠡ᠄ | ︵1︶ ᠭᠡᠨᠡᠳᠲᠡ ᠡᠭᠦᠰᠦᠭᠰᠡᠨ ᠣᠨᠴᠠᠭᠠᠶ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠡᠭᠦᠰᠪᠡᠯ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ | ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠢ ᠡᠬᠢᠯᠡᠭᠦᠯᠦᠨ᠎ᠡ᠃ | ︵2︶ ᠭᠡᠨᠡᠳᠲᠡ ᠡᠭᠦᠰᠦᠭᠰᠡᠨ ᠣᠨᠴᠠᠭᠠᠶ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠭᠠᠷᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠠᠴᠠ ᠤᠯᠤᠰ ᠤᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠢ | ᠡᠬᠢᠯᠡᠭᠦᠯᠦᠨ᠎ᠡ᠃ | ︵3︶ ᠣᠨᠴᠣᠭᠤᠢ ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠪᠡᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠥᠯ ᠢ ᠡᠬᠢᠯᠡᠭᠦᠯᠦᠨ᠎ᠡ᠃ | ︵4︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠣᠨᠴᠠᠭᠠᠶ ᠴᠢᠬᠤᠯᠠ ᠶᠡᠭᠡ ᠬᠡᠷᠡᠭ ︵Ⅰ ᠳᠡᠰ︶ ᠤᠨ ᠳᠡᠰ ᠲᠤ ᠨᠡᠶᠢᠴᠡᠭᠰᠡᠨ ᠪᠤᠰᠤᠳ | ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ᠃ | 4.1.1.2 Ⅰ ᠳᠡᠰ ᠤᠨ ᠳᠠᠭᠠᠬᠤ ᠠᠵᠢᠯᠯᠠᠭ᠎ᠠ | ᠣᠨᠴᠠᠭᠠᠶ ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠬᠦ ᠦᠶ᠎ᠡ ᠳᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠠᠰᠠᠭ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠤᠨ ᠠᠵᠢᠯ ᠢ ᠳᠠᠷᠦ᠋ᠢᠬᠠᠨ ᠡᠬᠢᠯᠡᠭᠦᠯᠵᠦ᠂ ᠲᠤᠰ ᠵᠠᠰᠠᠭ | ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ | ᠵᠣᠬᠢᠶᠠᠨ ᠪᠠᠶᠢᠭᠤᠯᠤᠨ ᠵᠣᠬᠢᠴᠠᠭᠤᠯᠤᠨ ᠥᠷᠨᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠪᠣᠯᠣᠨ ᠬᠤᠯᠪᠣᠭᠳᠠᠯ ᠪᠦᠬᠦᠢ | ᠬᠥᠮᠥᠰ ᠢ ᠵᠣᠬᠢᠶᠠᠨ ᠪᠠᠶᠢᠭᠤᠯᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠲᠤ ᠬᠦᠷᠴᠦ ᠡᠮᠨᠡᠨ ᠠᠪᠤᠷᠠᠬᠤ ᠠᠵᠢᠯᠯᠠᠭ᠎ᠠ | ᠥᠷᠨᠢᠭᠦᠯᠵᠦ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ | ᠵᠢᠱᠢᠯᠲᠡ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠰᠠᠨᠠᠭᠤᠯᠭ᠎ᠠ ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠪᠠ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠢᠯᠤᠭᠤᠳᠬᠤ ᠪᠠᠶᠢᠭᠤᠯᠤᠮᠵᠢ᠂ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠣᠨᠴᠠᠭᠠᠶ ᠬᠦᠨᠳᠦ ᠶᠡᠭᠡ ᠭᠡᠨᠡᠳᠲᠡ | ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ | ᠮᠡᠳᠡᠭᠦᠯᠬᠦ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠂ ᠤᠯᠤᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠠᠯᠠᠮᠵᠢ ᠶᠢ | ᠣᠯᠬᠤ ᠪᠠᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠮᠡᠳᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ | ᠬᠡᠷᠡᠭ ᠡᠭᠦᠰᠦᠭᠰᠡᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠬᠤᠲᠠ ᠶᠢᠨ ᠱᠠᠲᠤᠨ ᠤ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠣᠭᠤᠢ ᠬᠦᠨᠳᠦ ᠶᠡᠭᠡ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | 4.1.2 II ᠳᠡᠰ ᠤᠨ ᠳᠠᠭᠠᠯ | 4.1.2.1 II ᠳᠡᠰ ᠤᠨ ᠳᠠᠭᠠᠬᠤ ᠶᠢ ᠡᠬᠢᠯᠡᠭᠦᠯᠬᠦ | ᠳᠣᠣᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ | Ⅱ ᠲᠠᠰ ᠤᠨ ᠬᠠᠷᠢᠭᠤ ᠲᠤᠰᠬᠠᠯ ᠢ ᠡᠬᠢᠯᠡᠭᠦᠯᠦᠨ᠎ᠡ᠄ | ︵1︶ ᠬᠦᠨᠳᠦ ᠶᠡᠭᠡ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠡᠭᠦᠰᠪᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ | ᠡᠬᠢᠯᠡᠭᠦᠯᠦᠨ᠎ᠡ᠃ | ︵2︶ ᠬᠦᠨᠳᠦ ᠶᠡᠭᠡ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠡᠭᠦᠰᠪᠡᠯ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ | ᠵᠦᠢᠯ ᠤᠨ ᠪᠡᠯᠡᠳᠬᠡᠯ ᠲᠥᠰᠥᠯ ᠢ ᠡᠬᠢᠯᠡᠭᠦᠯᠦᠨ᠎ᠡ᠃ | ︵3︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠴᠢᠬᠤᠯᠠ ᠶᠡᠭᠡ ᠬᠡᠷᠡᠭ ︵Ⅱ ᠳᠡᠰ︶ ᠤᠨ ᠳᠡᠰ ᠲᠤ ᠨᠡᠶᠢᠴᠡᠭᠰᠡᠨ ᠪᠤᠰᠤᠳ | ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ᠃ | 4.1.2.2Ⅱ ᠳᠡᠰ ᠤᠨ ᠳᠠᠭᠠᠬᠤ ᠠᠵᠢᠯᠯᠠᠭ᠎ᠠ | ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠬᠦ ᠦᠶ᠎ᠡ ᠳᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯᠣᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠣᠭᠤᠳᠤᠯᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ | ᠳᠤᠭᠤᠶᠢᠯᠠᠩ ᠤᠨ ᠠᠵᠢᠯ ᠢ ᠳᠠᠷᠦ᠋ᠢᠬᠠᠨ ᠡᠬᠢᠯᠡᠭᠦᠯᠵᠦ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠵᠣᠬᠢᠴᠠᠭᠤᠯᠤᠨ ᠥᠷᠨᠢᠭᠦᠯᠵᠦ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠪᠣᠯᠣᠨ ᠬᠤᠯᠪᠣᠭᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠤᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠬᠡᠷᠡᠭ ᠤᠨ ᠲᠤᠬᠠᠢ ᠶᠢᠨ ᠲᠠᠯᠠᠪᠤᠷ ᠲᠤ ᠬᠦᠷᠴᠦ ᠡᠮᠨᠡᠨ ᠠᠪᠤᠷᠠᠬᠤ ᠠᠵᠢᠯᠯᠠᠭ᠎ᠠ ᠥᠷᠨᠢᠭᠦᠯᠵᠦ᠂ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠰᠢᠷᠬᠠᠲᠠᠨ | ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠤᠨ ᠰᠠᠨᠠᠭᠤᠯᠭ᠎ᠠ ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠵᠢᠯᠤᠭᠤᠳᠬᠤ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠲᠤ ᠴᠢᠬᠤᠯᠠ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠬᠡᠷᠡᠭᠴᠡᠭᠡ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠡᠮᠨᠡᠯᠭᠡ ᠡᠷᠡᠭᠦᠯ ᠬᠠᠮᠠᠭᠠᠯᠠᠯ ᠤᠨ ᠲᠤᠰᠠᠯᠠᠮᠵᠢ ᠶᠢ ᠣᠯᠬᠤ ᠪᠠᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠳᠡᠪᠰᠢᠭᠦᠯᠦᠨ ᠮᠡᠳᠡᠭᠦᠯᠦᠨ᠎ᠡ | ᠃ | ᠬᠡᠷᠡᠭ ᠡᠭᠦᠰᠦᠭᠰᠡᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠬᠤᠲᠠ ᠶᠢᠨ ᠱᠠᠲᠤᠨ ᠤ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠢᠯᠣᠭᠤᠳᠤᠯᠭ᠎ᠠ ᠳᠣᠣᠷ᠎ᠠ᠂ ᠲᠣᠰ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠦᠨᠳᠦ ᠶᠡᠭᠡ ᠭᠡᠨᠡᠳᠲᠡ ᠶᠢᠨ ᠴᠢᠨᠠᠷᠲᠠᠢ ᠣᠯᠠᠨ | ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | 4.1.3 Ⅲ ᠳᠡᠰ ᠤᠨ ᠳᠠᠭᠠᠯ | 4.1.3.1 Ⅲ ᠳᠡᠰ ᠤᠨ ᠳᠠᠭᠠᠬᠤ ᠶᠢ ᠡᠬᠢᠯᠡᠭᠦᠯᠬᠦ | ᠳᠣᠣᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ Ⅲ | ᠲᠠᠰ ᠤᠨ ᠳᠠᠭᠠᠬᠤ ᠶᠢ ᠡᠬᠢᠯᠡᠭᠦᠯᠦᠨ᠎ᠡ᠄ | ︵1︶ ᠨᠡᠯᠢᠶᠡᠳ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠭᠠᠷᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ | ᠱᠠᠲᠤᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠡᠬᠢᠯᠡᠭᠦᠯᠦᠨ᠎ᠡ᠃ | ︵2︶ ᠨᠡᠯᠢᠶᠡᠳ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠪᠡᠯ᠂ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠬᠤᠲᠠ ᠶᠢᠨ ᠱᠠᠲᠤᠨ ᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠢ ᠡᠬᠢᠯᠡᠭᠦᠯᠦᠨ᠎ᠡ᠃ | ︵3︶ ᠪᠤᠰᠤᠳ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠨᠡᠯᠢᠶᠡᠳ ᠶᠡᠭᠡ ᠬᠡᠷᠡᠭ ︵Ⅲ ᠲᠠᠰ︶ ᠤᠨ ᠲᠠᠰ ᠲᠤ ᠨᠡᠶᠢᠴᠡᠬᠦ | ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ᠃ | 4.1.3.2 Ⅲ ᠳᠡᠰ ᠤᠨ ᠳᠠᠭᠠᠬᠤ ᠠᠵᠢᠯᠯᠠᠭ᠎ᠠ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠭᠡᠨᠡᠳᠲᠡ ᠡᠭᠦᠰᠦᠭᠰᠡᠨ ᠨᠡᠯᠢᠶᠡᠳ ᠶᠡᠭᠡ ᠣᠯᠠᠨ ᠨᠡᠶᠢᠲᠡ ᠶᠢᠨ | ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠤᠯᠪᠣᠭᠳᠠᠯ ᠪᠦᠬᠦᠢ ᠵᠢᠭᠠᠪᠤᠷᠢ᠂ ᠮᠡᠳᠡᠭᠳᠡᠯ ᠪᠤᠶᠤ ᠮᠡᠳᠡᠭᠦᠯᠦᠯᠲᠡ ᠶᠢ ᠣᠯᠣᠭᠰᠠᠨ ᠤ | ᠳᠠᠷᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠤᠳᠤᠷᠢᠳᠬᠤ ᠳᠤᠭᠤᠶᠢᠯᠠᠩ ᠤᠨ ᠠᠵᠢᠯ ᠢ ᠳᠠᠷᠦ᠋ᠢᠬᠠᠨ ᠡᠬᠢᠯᠡᠭᠦᠯᠵᠦ᠂ ᠲᠤᠬᠠᠢ ᠶᠢᠨ | ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ | ᠮᠡᠷᠭᠡᠵᠢᠯᠲᠡᠳ ᠢ ᠵᠣᠬᠢᠶᠠᠨ ᠪᠠᠶᠢᠭᠤᠯᠤᠨ ᠰᠢᠷᠬᠠᠲᠠᠨ ᠡᠪᠡᠳᠴᠢᠲᠡᠨ ᠵᠢᠴᠢ ᠠᠪᠤᠷᠠᠨ ᠵᠠᠰᠠᠭᠰᠠᠨ ᠪᠠᠶᠢᠳᠠᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠬᠦ ᠶᠢᠨ | ᠬᠠᠮᠲᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠲᠣᠰ ᠱᠠᠲᠤᠨ ᠤ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠵᠢᠯᠤᠭᠤᠳᠬᠤ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠨᠡᠯᠢᠶᠡᠳ ᠶᠡᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠤᠯᠪᠣᠭᠳᠠᠯ | ᠪᠦᠬᠦᠢ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠢᠢᠳᠪᠦᠷᠢᠯᠡᠭᠰᠡᠨ ᠪᠠᠶᠢᠳᠠᠯ ᠢ ᠮᠡᠳᠡᠭᠦᠯᠬᠦ ᠬᠡᠷᠡᠭᠲᠡᠢ᠃ ᠬᠡᠷᠡᠭᠴᠡᠭᠡ ᠪᠠᠨ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮᠨᠡᠯᠭᠡ ᠡᠷᠡᠭᠦᠯ ᠬᠠᠮᠠᠭᠠᠯᠠᠯ ᠤᠨ ᠲᠤᠰᠠᠯᠠᠮᠵᠢ ᠶᠢ ᠣᠯᠬᠤ ᠪᠠᠷ ᠬᠤᠳᠠ ᠶᠢᠨ ᠠᠷᠠᠳ ᠤᠨ ᠵᠠᠰᠠᠭ ᠤᠨ | ᠣᠷᠳᠣᠨ ᠳᠤ ᠴᠠᠭ ᠲᠤᠬᠠᠢ ᠳᠤᠨᠢ ᠳᠡᠪᠰᠢᠭᠦᠯᠦᠨ ᠮᠡᠳᠡᠭᠦᠯᠦᠨ᠎ᠡ᠃ | 4.1.4 Ⅳ ᠳᠡᠰ ᠤᠨ ᠳᠠᠭᠠᠯ | 4.1.4.1 Ⅳ ᠳᠡᠰ ᠤᠨ ᠳᠠᠭᠠᠬᠤ ᠶᠢ ᠡᠬᠢᠯᠡᠭᠦᠯᠬᠦ | ᠳᠣᠣᠷ᠎ᠠ ᠵᠢᠭᠰᠠᠭᠠᠭᠰᠠᠨ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ | ᠠᠷᠭᠠᠴᠠᠬᠤ Ⅳ ᠳᠡᠰ ᠤᠨ ᠴᠤᠤᠷᠢᠶᠠᠲᠤᠯ ᠢ ᠡᠬᠢᠯᠡᠭᠦᠯᠦᠨ᠎ᠡ᠄ | ︵1︶ ᠡᠩ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠡᠭᠦᠰᠪᠡᠯ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ | ᠬᠤᠰᠢᠭᠤ ᠰᠢᠶᠠᠨ ᠤ ᠱᠠᠲᠤᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠡᠬᠢᠯᠡᠭᠦᠯᠦᠨ᠎ᠡ᠃ | ︵2︶ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩ ᠤᠨ ᠬᠡᠷᠡᠭ ︵IV ᠳᠡᠰ︶ ᠤᠨ ᠳᠡᠰ ᠲᠤ ᠨᠡᠶᠢᠴᠡᠬᠦ ᠪᠤᠰᠤᠳ ᠭᠡᠨᠡᠳᠲᠡ ᠶᠢᠨ | ᠤᠯᠠᠨ ᠨᠡᠶᠢᠲᠡ ᠶᠢᠨ ᠬᠡᠷᠡᠭ᠃ | 4.1.4.2 Ⅳ ᠳᠡᠰ ᠤᠨ ᠳᠠᠭᠠᠬᠤ ᠠᠵᠢᠯᠯᠠᠭ᠎ᠠ | ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠡᠩ ᠤᠨ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠵᠢᠭᠠᠪᠤᠷᠢ᠂ ᠮᠡᠳᠡᠭᠳᠡᠯ ᠪᠤᠶᠤ ᠮᠡᠳᠡᠭᠦᠯᠦᠯᠲᠡ ᠶᠢ ᠣᠯᠣᠭᠰᠠᠨ ᠤ | ᠳᠠᠷᠠᠭ᠎ᠠ᠂ ᠬᠤᠰᠢᠭᠤ ᠰᠢᠶᠠᠨ ᠤ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠢ ᠳᠠᠷᠤᠢ | ᠲᠦᠷᠭᠡᠨ ᠡᠬᠢᠯᠡᠭᠦᠯᠵᠦ᠂ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠭᠡᠨᠡᠳᠲᠡ ᠡᠭᠦᠰᠬᠦ | ᠤᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠠᠢ ᠶᠢᠨ ᠠᠪᠤᠷᠠᠨ ᠵᠠᠰᠠᠬᠤ ᠠᠵᠢᠯ ᠢ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ | ᠰᠢᠷᠬᠠᠲᠤᠭᠰᠠᠳ ᠬᠢᠭᠡᠳ ᠠᠪᠤᠷᠠᠨ ᠵᠠᠰᠠᠭᠰᠠᠨ ᠪᠠᠶᠢᠳᠠᠯ ᠢ ᠨᠤᠲᠠᠯᠠᠬᠤ ᠪᠠ ᠦᠨᠡᠯᠡᠨ ᠵᠢᠱᠢᠬᠦ ᠶᠢᠨ ᠬᠠᠮᠲᠤ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠪᠣᠯᠣᠨ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢ ᠵᠢᠯᠤᠭᠤᠳᠬᠤ ᠪᠠᠶᠢᠭᠤᠯᠤᠮᠵᠢ ᠳᠤ ᠬᠤᠯᠪᠣᠭᠳᠠᠯ ᠪᠦᠬᠦᠢ ᠰᠢᠢᠳᠪᠦᠷᠢᠯᠡᠭᠰᠡᠨ | ᠪᠠᠶᠢᠳᠠᠯ ᠢ ᠮᠡᠳᠡᠭᠦᠯᠬᠦ ᠬᠡᠷᠡᠭᠲᠡᠢ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠴᠢᠬᠤᠯᠠ ᠲᠠᠢ ᠦᠶ᠎ᠡ ᠳᠤ | ᠲᠤᠰᠬᠠᠢ ᠮᠡᠷᠭᠡᠵᠢᠯᠲᠡᠨ ᠢ ᠦᠳᠲᠡᠷ ᠲᠦᠷᠭᠡᠨ ᠵᠣᠬᠢᠶᠠᠨ ᠪᠠᠶᠢᠭᠤᠯᠵᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠯᠲᠠ ᠳᠤ ᠮᠡᠷᠭᠡᠵᠢᠯ ᠤᠨ ᠵᠢᠯᠣᠭᠤᠳᠤᠯᠭ᠎ᠠ ᠬᠢᠬᠦ ᠬᠡᠷᠡᠭᠲᠡᠢ᠃ | 4.2 ᠲᠤᠬᠠᠢ ᠶᠢᠨ ᠲᠠᠯᠠᠪᠠᠶ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠ ᠵᠢᠯᠤᠭᠤᠳᠬᠤ | ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠠᠪᠤᠷᠠᠨ ᠲᠤᠰᠠᠯᠠᠬᠤ ᠵᠠᠷᠯᠢᠭ ᠢ ᠣᠯᠣᠭᠰᠠᠨ ᠤ ᠳᠠᠷᠠᠭ᠎ᠠ ᠲᠤᠬᠠᠢ ᠶᠢᠨ ᠲᠠᠯᠠᠪᠤᠷ ᠲᠤ | ᠴᠠᠭ ᠲᠤᠬᠠᠢ ᠳᠤᠨᠢ ᠣᠴᠢᠬᠤ ᠬᠡᠷᠡᠭᠲᠡᠢ ᠪᠥᠭᠡᠳ ᠲᠤᠬᠠᠢ ᠶᠢᠨ ᠲᠠᠯᠠᠪᠤᠷ ᠤᠨ ᠪᠠᠶᠢᠳᠠᠯ ᠢ ᠦᠨᠳᠦᠰᠦᠯᠡᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠥᠷᠨᠢᠭᠦᠯᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ | ᠶᠠᠪᠤᠴᠠ ᠳᠤ᠂ ᠠᠪᠤᠷᠠᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠬᠦ ᠮᠥᠷᠲᠡᠭᠡᠨ ᠪᠠᠰᠠ ᠥᠪᠡᠷ ᠢ ᠪᠠᠨ ᠬᠠᠮᠠᠭᠠᠯᠠᠬᠤ ᠶᠢ ᠴᠢᠬᠤᠯᠠᠴᠢᠯᠠᠵᠤ᠂ ᠠᠮᠤᠷ ᠲᠦᠪᠰᠢᠨ ᠢ | ᠦᠨᠡᠨ ᠬᠦ ᠪᠠᠲᠤᠯᠠᠬᠤ ᠬᠡᠷᠡᠭᠲᠡᠢ᠃ | ᠲᠤᠬᠠᠢ ᠶᠢᠨ ᠲᠠᠯᠠᠪᠤᠷ ᠤᠨ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠶ ᠲᠤᠬᠠᠢ ᠶᠢᠨ ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠠᠵᠢᠯ ᠤᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠪᠠᠴᠢᠮ᠂ ᠡᠮᠬᠢ ᠵᠢᠷᠤᠮ ᠲᠠᠢ | ᠂ ᠥᠨᠳᠥᠷ ᠦᠷ᠎ᠡ ᠪᠦᠲᠦᠮᠵᠢᠲᠡᠶ ᠶᠠᠪᠤᠭᠳᠠᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠡᠷᠡᠭ ᠭᠠᠷᠤᠭᠰᠠᠨ | ᠲᠤᠬᠠᠢ ᠶᠢᠨ ᠲᠠᠯᠠᠪᠠᠶ ᠳᠤ ᠲᠤᠬᠠᠢ ᠶᠢᠨ ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠭᠠᠵᠠᠷ ᠲᠣᠬᠢᠷᠠᠭᠤᠯᠵᠤ᠂ | ᠭᠤᠣᠯ ᠤᠳᠤᠷᠢᠳᠤᠯᠭ᠎ᠠ ᠪᠤᠶᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠡᠶ᠎ᠡ ᠪᠠᠷ ᠢᠶᠠᠨ ᠲᠤᠬᠠᠢ ᠶᠢᠨ ᠲᠠᠯᠠᠪᠠᠶ ᠳᠤ ᠬᠦᠷᠴᠦ᠂ ᠡᠮᠦᠨ᠎ᠡ ᠨᠢ ᠵᠢᠯᠤᠭᠤᠳᠴᠤ᠂ | ᠳᠤᠮᠳᠠᠬᠢ ᠭᠤᠭᠴᠤᠭ᠎ᠠ ᠶᠢ ᠪᠠᠭᠠᠰᠬᠠᠨ᠂ ᠰᠢᠢᠳᠪᠦᠷᠢᠲᠦ ᠪᠣᠳᠣᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠪᠤᠷᠠᠨ ᠲᠤᠰᠠᠯᠠᠬᠤ ᠠᠬᠢᠴᠠ ᠶᠢ ᠲᠦᠷᠭᠡᠳᠬᠡᠬᠦ | ᠬᠡᠷᠡᠭᠲᠡᠢ᠃ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠭᠠᠵᠠᠷ ᠨᠢ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠤᠨ ᠵᠢᠯᠤᠭᠤᠳᠬᠤ ᠪᠠᠶᠢᠭᠤᠯᠤᠮᠵᠢ ᠶᠢᠨ ᠤᠳᠤᠷᠢᠳᠤᠯᠭ᠎ᠠ ᠶᠢ ᠬᠦᠯᠢᠶᠡᠵᠦ᠂ | ᠲᠤᠬᠠᠢ ᠶᠢᠨ ᠲᠠᠯᠠᠪᠤᠷ ᠤᠨ ᠡᠯ᠎ᠡ ᠠᠪᠤᠷᠠᠨ ᠲᠤᠰᠠᠯᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ | 4.2.1 ᠲᠤᠬᠠᠢ ᠶᠢᠨ ᠭᠠᠵᠠᠷ ᠲᠤᠨᠢ ᠲᠦᠷᠭᠡᠨ ᠠᠪᠤᠷᠠᠬᠤ | ᠲᠤᠬᠠᠢ ᠶᠢᠨ ᠲᠠᠯᠠᠪᠤᠷ ᠲᠤ ᠬᠦᠷᠦᠭᠰᠡᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠨᠢ ᠲᠤᠬᠠᠢ ᠶᠢᠨ ᠲᠠᠯᠠᠪᠤᠷ ᠤᠨ ᠲᠤᠰᠬᠠᠢ | ᠠᠪᠤᠷᠠᠨ ᠲᠤᠰᠠᠯᠠᠬᠤ ᠡᠩᠨᠡᠭᠡ ᠲᠠᠢ ᠬᠠᠮᠵᠢᠯᠴᠠᠨ᠂ ᠰᠢᠷᠬᠠᠲᠤᠭᠰᠠᠳ ᠢ ᠠᠶᠤᠯ ᠲᠠᠢ ᠣᠷᠣᠨ ᠠᠴᠠ ᠲᠦᠷᠭᠡᠨ ᠰᠢᠯᠵᠢᠭᠦᠯᠦᠨ ᠭᠠᠷᠭᠠᠵᠤ᠂ ︽ᠤᠷᠢᠳ ᠢᠶᠠᠷ ᠠᠮᠢ ᠶᠢ | ᠨᠢ ᠠᠪᠤᠷᠠᠵᠤ ᠳᠠᠷᠠᠭ᠎ᠠ ᠨᠢ ᠰᠢᠷᠬᠠᠲᠠᠨ ᠢ ᠨᠢ ᠵᠠᠰᠠᠵᠤ᠂ ᠤᠷᠢᠳ ᠢᠶᠠᠷ ᠬᠦᠨᠳᠦ ᠶᠢ ᠨᠢ ᠠᠪᠤᠷᠠᠵᠤ ᠳᠠᠷᠠᠭ᠎ᠠ ᠨᠢ ᠬᠥᠩᠭᠡᠨ ᠢ ᠨᠢ ᠠᠪᠤᠷᠠᠬᠤ︾ ᠵᠠᠷᠴᠢᠮ ᠶᠣᠰᠣᠭᠠᠷ | ᠠᠵᠢᠯ ᠢᠶᠠᠨ ᠥᠷᠨᠢᠭᠦᠯᠵᠦ᠂ ᠣᠯᠠᠨ ᠤᠯᠤᠰ ᠤᠨ ᠨᠢᠭᠡᠳᠦᠯᠲᠡᠢ ᠪᠠᠷᠢᠮᠵᠢᠶ᠎ᠠ ᠪᠠᠷ ᠰᠢᠷᠬᠠᠲᠤᠭᠰᠠᠳ ᠤᠨ ᠰᠢᠷᠬ᠎ᠠ ᠶᠢ ᠪᠠᠶᠢᠴᠠᠭᠠᠨ ᠲᠥᠷᠥᠯ ᠬᠤᠪᠢᠶᠠᠵᠤ᠂ ᠲᠣᠰ ᠲᠣᠰ | ︽ᠨᠣᠭᠤᠭᠠᠨ᠂ ᠰᠢᠷ᠎ᠠ᠂ ᠤᠯᠠᠭᠠᠨ᠂ ᠬᠠᠷ᠎ᠠ︾ ᠳᠥᠷᠪᠡᠨ ᠥᠩᠭᠡ ᠪᠠᠷ ᠬᠥᠩᠭᠡᠨ᠂ ᠬᠦᠨᠳᠦ᠂ ᠠᠶᠤᠯ ᠲᠠᠢ ᠬᠦᠨᠳᠦ ᠰᠢᠷᠬᠠᠲᠠᠨ ᠪᠠ ᠦᠬᠦᠭᠰᠡᠳ ᠲᠤ ᠲᠡᠮᠳᠡᠭ ︵ | ᠲᠥᠷᠥᠯ ᠬᠤᠪᠢᠶᠠᠬᠤ ᠲᠡᠮᠳᠡᠭ ᠢ ᠰᠦᠯᠢᠶᠥᠦ ᠮᠠᠲ᠋ᠧᠷᠢᠶᠠᠯ ᠢᠶᠠᠷ ᠪᠠᠭᠤᠤ ᠶᠢᠨ ᠪᠦᠴᠡ ᠵᠣᠬᠢᠶᠠᠨ᠎ᠠ︶ ᠬᠢᠵᠦ᠂ ᠰᠢᠷᠬᠠᠲᠠᠨ ᠪᠤᠶᠤ ᠦᠬᠦᠭᠰᠡᠳ ᠤᠨ ᠪᠠᠭᠤᠤ ᠪᠤᠶᠤ | ᠬᠥᠯ ᠤᠨ ᠱᠠᠭ᠎ᠠ ᠶᠢᠨ ᠬᠡᠰᠡᠭ ᠲᠤ ᠬᠥᠮᠥᠷᠢᠵᠦ᠂ ᠬᠤᠶᠢᠰᠢᠳᠠ ᠶᠢᠨ ᠠᠪᠤᠷᠠᠨ ᠵᠠᠰᠠᠯᠲᠠ ᠳᠤ ᠢᠯᠭᠠᠨ ᠲᠠᠨᠢᠭᠤᠯᠬᠤ ᠪᠤᠶᠤ ᠵᠣᠬᠢᠴᠠᠩᠭᠤᠢ ᠠᠷᠭ᠎ᠠ ᠬᠡᠮᠵᠢᠶ᠎ᠡ ᠠᠪᠬᠤ ᠳᠤ | ᠲᠥᠬᠦᠮ ᠪᠣᠯᠭᠠᠨ᠎ᠠ᠃ | 4.2.2 ᠰᠢᠷᠬᠠᠲᠠᠨ ᠢ ᠰᠢᠯᠵᠢᠭᠦᠯᠦᠨ ᠵᠥᠭᠡᠭᠡᠪᠦᠷᠢᠯᠡᠬᠦ | ᠲᠤᠬᠠᠢ ᠶᠢᠨ ᠲᠠᠯᠠᠪᠤᠷ ᠤᠨ ᠣᠷᠴᠢᠨ ᠲᠣᠭᠤᠷᠢᠨ ᠠᠶᠤᠯ ᠲᠦᠭᠰᠢᠭᠦᠷᠢ ᠳᠤ ᠤᠴᠠᠷᠠᠭᠰᠠᠨ ᠪᠤᠶᠤ ᠰᠢᠷᠬᠠᠲᠠᠨ ᠡᠪᠡᠳᠴᠢᠲᠡᠨ ᠤ ᠪᠠᠶᠢᠳᠠᠯ ᠵᠥᠪᠰᠢᠶᠡᠷᠡᠬᠦ | ᠦᠶ᠎ᠡ ᠳᠤ᠂ ᠰᠢᠷᠬᠠᠲᠠᠨ ᠡᠪᠡᠳᠴᠢᠲᠡᠨ ᠢ ᠠᠯᠢ ᠲᠦᠷᠭᠡᠨ ᠢᠶᠠᠷ ᠰᠢᠯᠵᠢᠭᠦᠯᠦᠨ ᠵᠥᠭᠡᠭᠡᠪᠦᠷᠢᠯᠡᠬᠦ ᠶᠢᠨ ᠬᠠᠮᠲᠤ ᠳᠣᠣᠷᠠᠬᠢ ᠠᠵᠢᠯ ᠤᠳ ᠢ ᠰᠠᠶᠢᠲᠤᠷ ᠬᠢᠨ᠎ᠡ᠄ | ︵1︶ ᠰᠢᠷᠬ᠎ᠠ ᠶᠢ ᠨᠢ ᠪᠠᠶᠢᠴᠠᠭᠠᠭᠠᠳ ᠲᠦᠷᠦᠯ ᠬᠤᠪᠢᠶᠠᠨ ᠰᠢᠯᠵᠢᠭᠦᠯᠦᠨ ᠵᠥᠭᠡᠭᠡᠪᠦᠷᠢᠯᠡᠬᠦ ᠪᠠᠷ ᠬᠦᠯᠢᠶᠡᠵᠦ ᠪᠠᠶᠢᠭ᠎ᠠ ᠰᠢᠷᠬᠠᠲᠠᠨ ᠳᠤ ᠳᠠᠬᠢᠨ | ᠪᠠᠶᠢᠴᠠᠭᠠᠯᠲᠠ ᠬᠢᠨ᠎ᠡ᠃ ᠬᠥᠳᠡᠯᠦᠩᠭᠦᠢ ᠪᠠᠷ ᠶᠡᠭᠡ ᠴᠢᠰᠤ ᠭᠠᠷᠤᠭᠰᠠᠨ ᠪᠤᠶᠤ ᠰᠢᠯᠵᠢᠭᠦᠯᠦᠨ ᠵᠥᠭᠡᠭᠡᠪᠦᠷᠢᠯᠡᠬᠦ ᠶᠠᠪᠤᠴᠠ ᠳᠤ ᠠᠮᠢ ᠨᠠᠰᠤᠨ ᠤ ᠠᠶᠤᠯ ᠲᠠᠢ ᠪᠠᠴᠢᠮ | ᠲᠦᠭᠰᠢᠭᠦᠷᠢᠲᠡᠢ ᠬᠦᠨᠳᠦ ᠡᠪᠡᠳᠴᠢᠲᠡᠨ ᠢ ᠲᠤᠬᠠᠢ ᠶᠢᠨ ᠭᠠᠵᠠᠷ ᠲᠤᠨᠢ ᠤᠷᠢᠳ ᠢᠶᠠᠷ ᠲᠦᠷᠭᠡᠨ ᠠᠪᠤᠷᠠᠵᠤ᠂ ᠡᠮᠨᠡᠨ ᠵᠠᠰᠠᠵᠤ᠂ ᠴᠢᠬᠤᠯᠠ ᠪᠦᠬᠦᠢ ᠰᠢᠢᠳᠪᠦᠷᠢᠯᠡᠯᠲᠡ | ᠬᠢᠭᠰᠡᠨ ᠤ ᠳᠠᠷᠠᠭ᠎ᠠ ᠰᠠᠶ᠋ᠢ ᠬᠢᠨᠠᠨ ᠬᠠᠮᠠᠭᠠᠯᠠᠯᠲᠠ ᠶᠢᠨ ᠳᠣᠣᠷ᠎ᠠ ᠰᠢᠯᠵᠢᠭᠦᠯᠦᠨ ᠵᠥᠭᠡᠭᠡᠪᠦᠷᠢᠯᠡᠨ᠎ᠡ᠃ | ︵2︶ ᠰᠢᠯᠵᠢᠭᠦᠯᠦᠨ ᠲᠡᠭᠡᠭᠡᠪᠦᠷᠢᠯᠡᠬᠦ ᠺᠠᠷᠲ ᠢ ᠨᠠᠷᠢᠨ ᠬᠢᠨᠠᠮᠠᠭᠠᠢ ᠲᠠᠭᠯᠠᠵᠤ᠂ ᠭᠥᠯᠢᠶᠡᠨ ᠠᠪᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠲᠤᠰᠢᠶᠠᠬᠤ ᠶᠢᠨ | ᠬᠠᠮᠲᠤ᠂ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠲᠤ ᠮᠡᠳᠡᠭᠦᠯᠵᠦ ᠬᠤᠷᠢᠶᠠᠩᠭᠤᠶᠢᠯᠠᠭᠤᠯᠤᠨ᠎ᠠ᠃ | | ︵3︶ ᠰᠢᠯᠵᠢᠭᠦᠯᠦᠨ ᠵᠥᠭᠡᠭᠡᠪᠦᠷᠢᠯᠡᠬᠦ ᠶᠠᠪᠤᠴᠠ ᠳᠤ᠂ ᠡᠮᠴᠢ ᠰᠤᠪᠢᠯᠠᠭᠴᠢ ᠡᠷᠬᠡᠪᠰᠢ ᠡᠮᠴᠢᠯᠡᠭᠡᠨ ᠤ ᠥᠷᠥᠭᠡᠨ ᠳᠤ ᠰᠢᠷᠬᠠᠲᠠᠨ ᠡᠪᠡᠳᠴᠢᠲᠡᠨ ᠤ | ᠡᠪᠡᠳᠴᠢᠨ ᠤ ᠪᠠᠶᠢᠳᠠᠯ ᠤᠨ ᠬᠤᠪᠢᠷᠠᠯᠲᠠ ᠶᠢ ᠨᠢᠭᠲᠠ ᠠᠵᠢᠭᠯᠠᠬᠤ ᠶᠢᠨ ᠬᠠᠮᠲᠤ ᠡᠮᠴᠢᠯᠡᠭᠡᠨ ᠤ ᠦᠷᠭᠦᠯᠵᠢᠯᠡᠨ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ︵4︶ ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ ᠳᠤ ᠡᠷᠬᠡᠪᠰᠢ ᠰᠢᠨᠵᠢᠯᠡᠬᠦ ᠤᠬᠠᠭᠠᠨᠴᠢ ᠪᠠᠷ ᠵᠥᠭᠡᠭᠡᠪᠦᠷᠢᠯᠡᠵᠦ᠂ ᠬᠤᠶᠠᠳᠠᠭᠢ ᠤᠳᠠᠭ᠎ᠠ ᠭᠡᠮᠲᠦᠭᠡᠬᠦ ᠠᠴᠠ | ᠵᠠᠶᠢᠯᠠᠰᠬᠢᠬᠦ ᠬᠡᠷᠡᠭᠲᠡᠢ᠃ | ︵5︶ ᠰᠢᠷᠬᠠᠲᠠᠨ ᠡᠪᠡᠳᠴᠢᠲᠡᠨ ᠢ ᠵᠦᠢ ᠵᠣᠬᠢᠰᠲᠠᠢ ᠰᠠᠯᠭᠠᠨ ᠲᠣᠬᠢᠷᠠᠭᠤᠯᠬᠤ ᠪᠤᠶᠤ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠵᠢᠯᠤᠭᠤᠳᠬᠤ ᠭᠠᠵᠠᠷ ᠤᠨ ᠵᠢᠭᠠᠨ ᠲᠣᠭᠲᠠᠭᠠᠭᠰᠠᠨ ᠭᠠᠵᠠᠷ ᠢᠶᠠᠷ ᠰᠢᠯᠵᠢᠭᠦᠯᠦᠨ ᠲᠡᠭᠡᠭᠡᠪᠦᠷᠢᠯᠡᠨ᠎ᠡ᠂ ᠶᠠᠮᠠᠷᠪᠠ ᠡᠮᠴᠢᠯᠡᠭᠡᠨ ᠤ ᠪᠠᠶᠢᠭᠤᠯᠤᠮᠵᠢ | ᠭᠡᠳ ᠶᠠᠮᠠᠷᠪᠠ ᠰᠢᠯᠲᠠᠭᠠᠨ ᠢᠶᠠᠷ ᠰᠢᠷᠬᠠᠲᠠᠨ ᠡᠪᠡᠳᠴᠢᠲᠡᠨ ᠢ ᠣᠨᠣᠰᠢᠯᠠᠬᠤ ᠶᠢ ᠲᠡᠪᠴᠢᠵᠦ ᠪᠣᠯᠬᠤ ᠦᠭᠡᠢ᠂ ᠭᠥᠯᠢᠶᠡᠨ ᠠᠪᠬᠤ ᠶᠢ ᠲᠡᠪᠴᠢᠵᠦ ᠪᠣᠯᠬᠤ ᠦᠭᠡᠢ᠃ | 4.3 ᠣᠶᠣᠨ ᠤ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠠᠵᠢᠯ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠡᠭᠦᠰᠦᠭᠰᠡᠨ ᠤ ᠳᠠᠷᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠪᠠᠶᠢᠳᠠᠯ ᠢ ᠦᠨᠳᠦᠰᠦᠯᠡᠨ ᠣᠶᠣᠨ ᠤ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠬᠢᠨᠠᠯᠲᠠ ᠲᠠᠯᠪᠢᠬᠤ ᠵᠡᠷᠭᠡ ᠬᠤᠯᠪᠣᠭᠳᠠᠯ ᠪᠦᠬᠦᠢ ᠲᠤᠰᠬᠠᠢ ᠪᠠᠶᠢᠭᠤᠯᠤᠮᠵᠢ ᠪᠠ ᠠᠵᠢᠯᠲᠠᠨ ᠢ ᠵᠣᠬᠢᠶᠠᠨ ᠪᠠᠶᠢᠭᠤᠯᠵᠤ᠂ ᠰᠡᠳᠬᠢᠴᠡ ᠶᠢᠨ ᠬᠢᠮᠤᠷᠠᠯ ᠳᠤ ᠭᠠᠷ ᠲᠦᠷᠦᠭᠦ᠂ | ᠡᠷᠡᠭᠦᠯ ᠬᠠᠮᠠᠭᠠᠯᠠᠯ ᠤᠨ ᠤᠬᠠᠭᠠᠨ ᠤ ᠪᠠᠶᠢᠴᠠᠭᠠᠯᠲᠠ ᠪᠠ ᠦᠨᠡᠯᠡᠯᠲᠡ᠂ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠠᠵᠢᠯ ᠢ | ᠥᠷᠨᠢᠭᠦᠯᠵᠦ᠂ ᠰᠡᠷᠭᠡᠶᠢᠯᠡᠨ ᠬᠢᠵᠠᠭᠠᠷᠯᠠᠬᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠯᠠᠨ ᠨᠡᠶᠢᠲᠡ ᠶᠢᠨ ᠡᠯ᠎ᠡ ᠲᠦᠷᠦᠯ ᠤᠨ ᠭᠡᠨᠡᠳᠲᠡ ᠶᠢᠨ ᠬᠡᠷᠡᠭ ᠠᠴᠠ ᠪᠤᠢ | ᠪᠣᠯᠬᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠡᠭᠦᠰᠬᠦ ᠪᠤᠶᠤ ᠡᠭᠦᠰᠬᠦ ᠶᠢ ᠰᠡᠷᠭᠡᠶᠢᠯᠡᠵᠦ᠂ ᠶᠡᠭᠡ ᠭᠠᠮᠰᠢᠭ ᠤᠨ ᠲᠠᠷᠠᠭ᠎ᠠ ᠶᠡᠭᠡ ᠬᠢᠵᠢᠭ | ᠦᠯᠦ ᠳᠡᠯᠭᠡᠷᠡᠬᠦ ᠶᠢ ᠦᠨᠡᠨ ᠬᠦ ᠪᠠᠲᠤᠯᠠᠨ᠎ᠠ᠃ | 4.4 ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ | ᠡᠮᠴᠢᠯᠡᠭᠡᠨ ᠤ ᠲᠦᠷᠭᠡᠨ ᠠᠪᠤᠷᠠᠯᠲᠠ ᠶᠢᠨ ᠲᠥᠪ ︵ᠥᠷᠲᠡᠭᠡ︶ ᠪᠣᠯᠣᠨ ᠪᠤᠰᠤᠳ ᠡᠮᠴᠢᠯᠡᠭᠡᠨ ᠤ ᠪᠠᠶᠢᠭᠤᠯᠤᠮᠵᠢ ᠨᠤᠭᠤᠳ ᠭᠡᠨᠡᠳᠲᠡ ᠡᠭᠦᠰᠦᠭᠰᠡᠨ ᠣᠯᠠᠨ | ᠨᠡᠶᠢᠲᠡ ᠶᠢᠨ ᠬᠡᠷᠡᠭ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠦᠳᠲᠡᠷ ᠲᠦᠷᠭᠡᠨ | ᠥᠷᠨᠢᠭᠦᠯᠬᠦ ᠶᠢᠨ ᠬᠠᠮᠲᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ᠂ ᠲᠦᠷᠭᠡᠨ ᠠᠪᠤᠷᠠᠭᠰᠠᠨ ᠵᠡᠷᠭᠡ ᠪᠠᠶᠢᠳᠠᠯ ᠢ ᠬᠡᠷᠡᠭ ᠭᠠᠷᠤᠭᠰᠠᠨ ᠭᠠᠵᠠᠷ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠡᠨᠡᠳᠲᠡ ᠡᠭᠦᠰᠦᠭᠰᠡᠨ | ᠣᠯᠠᠨ ᠨᠡᠶᠢᠲᠡ ᠶᠢᠨ ᠬᠡᠷᠡᠭ ᠢ ᠠᠷᠭᠠᠴᠠᠬᠤ ᠶᠢᠨ ᠲᠥᠯᠥᠭᠡ ᠪᠠᠶᠢᠭᠤᠯᠤᠭᠰᠠᠨ ᠲᠤᠬᠠᠢ ᠶᠢᠨ ᠲᠠᠯᠠᠪᠤᠷ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ | ᠵᠢᠯᠤᠭᠤᠳᠬᠤ ᠭᠠᠵᠠᠷ ᠲᠤ ᠳᠠᠷᠤᠢ ᠲᠦᠷᠭᠡᠨ ᠮᠡᠳᠡᠭᠦᠯᠬᠦ ᠬᠡᠷᠡᠭᠲᠡᠢ᠃ | ᠲᠤᠬᠠᠢ ᠶᠢᠨ ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠢᠯᠤᠭᠤᠳᠬᠤ ᠭᠠᠵᠠᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠡᠭᠦᠷᠭᠡ ᠶᠢ ᠡᠭᠦᠷᠭᠡᠯᠡᠭᠰᠡᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠳᠦᠷ ᠪᠦᠷᠢ ᠳᠡᠭᠡᠳᠦ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠷᠬᠠᠲᠠᠨ ᠡᠪᠡᠳᠴᠢᠲᠡᠨ ᠤ ᠪᠠᠶᠢᠳᠠᠯ᠂ ᠡᠮᠴᠢᠯᠡᠭᠡᠨ ᠤ ᠠᠪᠤᠷᠠᠨ | ᠵᠠᠰᠠᠭᠰᠠᠨ ᠠᠬᠢᠴᠠ ᠵᠡᠷᠭᠡ ᠶᠢ ᠮᠡᠳᠡᠭᠦᠯᠵᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ᠃ ᠮᠡᠳᠡᠭᠦᠯᠦᠯᠲᠡ ᠶᠢ ᠭᠥᠯᠢᠶᠡᠨ ᠠᠪᠤᠭᠰᠠᠨ | ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ | ᠪᠣᠯᠣᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠳᠤ ᠬᠤᠯᠪᠣᠭᠳᠠᠯ ᠪᠦᠬᠦᠢ ᠪᠠᠶᠢᠳᠠᠯ ᠢ | ᠴᠠᠭ ᠲᠤᠬᠠᠢ ᠳᠤᠨᠢ ᠮᠡᠳᠡᠭᠦᠯᠬᠦ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠢᠯᠤᠭᠤᠳᠬᠤ ᠭᠠᠵᠠᠷ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ | ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠮᠵᠢᠯᠴᠠᠨ | ᠰᠠᠶᠢᠲᠤᠷ ᠬᠢᠬᠦ ᠬᠡᠷᠡᠭᠲᠡᠢ᠃ | 4.5 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠳᠡᠰ ᠳᠡᠪᠰᠢᠭᠦᠯᠬᠦ ᠪᠠ | ᠵᠣᠭᠰᠤᠭᠠᠬᠤ | ᠭᠡᠨᠡᠳᠲᠡ ᠶᠢᠨ ᠴᠢᠨᠠᠷᠲᠠᠢ ᠣᠯᠠᠨ ᠨᠡᠶᠢᠲᠡ ᠶᠢᠨ ᠬᠡᠷᠡᠭ ᠨᠢ ᠴᠠᠭ ᠬᠤᠭᠤᠴᠠᠭ᠎ᠠ ᠶᠢ ᠳᠠᠭᠠᠯᠳᠤᠨ ᠤᠯᠠᠷᠢᠵᠤ᠂ ᠬᠦᠨᠳᠦ ᠨᠣᠴᠢᠲᠠᠢ ᠪᠠ ᠬᠤᠣᠷ ᠬᠥᠨᠥᠭᠡᠯ ᠤᠨ | ᠬᠡᠮᠵᠢᠶ᠎ᠡ ᠨᠢ ᠤᠯᠠᠮ ᠨᠢᠭᠡ ᠠᠯᠬᠤᠮ ᠰᠢᠷᠦᠭᠦᠰᠬᠦ ᠶᠢᠨ ᠬᠠᠮᠲᠤ ᠥᠷᠭᠡᠵᠢᠨ ᠥᠷᠭᠡᠵᠢᠬᠦ ᠬᠠᠨᠳᠤᠰᠢ ᠲᠠᠢ ᠪᠤᠶᠤ ᠪᠠᠶᠢᠳᠠᠯ ᠨᠢ ᠪᠤᠳᠤᠯᠢᠶᠠᠨᠲᠠᠢ ᠪᠥᠭᠡᠳ ᠡᠵᠡᠮᠳᠡᠬᠦ ᠳᠤ | ᠪᠡᠷᠬᠡᠲᠡᠢ ᠦᠶ᠎ᠡ ᠳᠤ᠂ ᠬᠡᠷᠡᠭ ᠡᠭᠦᠰᠦᠭᠰᠡᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠨᠢ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠪᠠ | ᠭᠡᠨᠡᠳᠲᠡ ᠶᠢᠨ ᠴᠢᠨᠠᠷᠲᠠᠢ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠢᠯᠤᠭᠤᠳᠬᠤ ᠪᠠᠶᠢᠭᠤᠯᠤᠮᠵᠢ ᠳᠤ ᠳᠠᠷᠤᠢ | ᠲᠦᠷᠭᠡᠨ ᠲᠤᠰᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠲᠠᠰ ᠢ ᠴᠠᠭ ᠲᠤᠬᠠᠢ ᠳᠤᠨᠢ ᠳᠡᠭᠡᠭᠰᠢᠯᠡᠭᠦᠯᠬᠦ ᠬᠡᠷᠡᠭᠲᠡᠢ᠃ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠠᠶ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ | ᠳᠠᠭᠤᠰᠴᠤ᠂ ᠰᠢᠷᠬᠠᠲᠠᠨ ᠡᠪᠡᠳᠴᠢᠲᠡᠨ ᠢ ᠡᠮᠴᠢᠯᠡᠭᠡᠨ ᠤ ᠪᠠᠶᠢᠭᠤᠯᠤᠮᠵᠢ ᠳᠤ ᠪᠦᠲᠦᠮᠵᠢᠲᠡᠶ ᠡᠮᠨᠡᠨ ᠵᠠᠰᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ᠂ | ᠠᠳᠠᠯᠢ ᠱᠠᠲᠤᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠤᠭᠤᠳᠬᠤ ᠪᠠᠶᠢᠭᠤᠯᠤᠮᠵᠢ ᠪᠤᠶᠤ ᠠᠳᠠᠯᠢ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠠᠵᠢᠯ ᠤᠨ ᠤᠳᠤᠷᠢᠳᠬᠤ ᠳᠤᠭᠤᠶᠢᠯᠠᠩ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠵᠤ ᠬᠢᠬᠦ ᠠᠵᠢᠯ ᠳᠠᠭᠤᠰᠤᠭᠰᠠᠨ ᠢ ᠨᠡᠶᠢᠲᠡᠯᠡᠬᠦ ᠶᠢᠨ ᠬᠠᠮᠲᠤ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠵᠤ ᠬᠢᠬᠦ ᠠᠵᠢᠯ ᠳᠠᠭᠤᠰᠤᠭᠰᠠᠨ ᠮᠡᠳᠡᠭᠡ ᠵᠠᠩᠭᠢ ᠶᠢ ᠳᠡᠭᠡᠳᠦ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ | ᠮᠡᠳᠡᠭᠦᠯᠦᠨ᠎ᠡ᠃ | 5. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠲᠤᠯᠠᠭ᠎ᠠ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠶᠢᠭᠤᠯᠤᠮᠵᠢ ᠪᠣᠯᠣᠨ ᠡᠩᠨᠡᠭᠡ ᠶᠢᠨ | ᠪᠠᠶᠢᠭᠤᠯᠤᠯᠲᠠ᠂ ᠤᠯᠤᠰ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢᠨ ᠴᠢᠬᠤᠯᠠ | ᠪᠦᠷᠢᠯᠳᠦᠭᠦᠨ ᠬᠡᠰᠡᠭ ᠮᠥᠨ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ︽ᠡᠩ ᠤᠨ ᠦᠶ᠎ᠡ ᠪᠠ | ᠲᠡᠶᠢᠨ ᠤ ᠦᠶ᠎ᠡ ᠶᠢ ᠤᠶᠠᠯᠳᠤᠭᠤᠯᠬᠤ᠂ ᠪᠠᠶᠢᠩᠭᠤ ᠪᠡᠯᠡᠳᠬᠡᠯ ᠲᠠᠢ ᠪᠠᠶᠢᠬᠤ︾ ᠵᠠᠷᠴᠢᠮ ᠢ ᠵᠢᠷᠤᠮᠯᠠᠨ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ | ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ᠂ ᠡᠯ᠎ᠡ ᠵᠦᠢᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠷᠭᠡᠵᠢᠯ ᠤᠨ | ᠲᠥᠰᠥᠯ ᠢ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ | ᠶᠠᠪᠤᠭᠳᠠᠬᠤ ᠶᠢ ᠪᠠᠲᠤᠯᠠᠬᠤ ᠬᠡᠷᠡᠭᠲᠡᠢ᠃ | 5.1 ᠮᠡᠳᠡᠭᠡ ᠵᠠᠩᠭᠢ ᠶᠢᠨ ᠰᠢᠰᠲ᠋ᠧᠮ ᠤᠨ ᠪᠠᠲᠤᠯᠠᠭ᠎ᠠ | ᠣᠲᠣ ᠶᠢᠨ ᠪᠠᠶᠢᠭ᠎ᠠ ᠡᠬᠢ ᠪᠠᠶᠠᠯᠢᠭ ᠢ ᠠᠰᠢᠭᠯᠠᠭᠰᠠᠨ ᠰᠠᠭᠤᠷᠢᠨ ᠳᠡᠭᠡᠷ᠎ᠡ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠭᠦᠢᠴᠡᠳ ᠬᠡᠷᠡᠭᠯᠡᠨ᠂ ᠥᠨᠳᠥᠷ | ᠪᠦᠲᠦᠮᠵᠢᠲᠡᠶ ᠨᠢᠭᠡᠳᠦᠯᠲᠡᠢ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠤᠨ ᠲᠣᠬᠢᠷᠠᠭᠤᠯᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ | ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠯᠲᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ | ᠳᠤᠨᠢ᠂ ᠣᠨᠣᠪᠴᠢᠲᠠᠶ ᠡᠵᠡᠮᠰᠢᠵᠦ᠂ ᠪᠠᠴᠢᠮ ᠪᠠᠶᠢᠳᠠᠯ ᠢ ᠠᠷᠭᠠᠴᠠᠬᠤ ᠳᠤ ᠬᠠᠮᠤᠭ ᠤᠨ ᠲᠡᠷᠢᠭᠦᠨ ᠳᠤ ᠳᠠᠭᠠᠬᠤ ᠠᠵᠢᠯ ᠢ ᠥᠷᠨᠢᠭᠦᠯᠦᠨ᠎ᠡ︔ ᠡᠮᠴᠢᠯᠡᠭᠡᠨ ᠤ | ᠪᠠᠶᠢᠭᠤᠯᠤᠮᠵᠢ ᠬᠢᠭᠡᠳ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠤᠭᠤᠷᠣᠨᠳᠤ᠂ ᠵᠢᠴᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠭᠥᠷᠳᠡᠵᠦ᠂ | ᠵᠠᠷᠯᠢᠭ ᠵᠢᠭᠠᠪᠤᠷᠢ ᠲᠣᠳᠣᠷᠬᠠᠢ᠂ ᠰᠢᠰᠲ᠋ᠧᠮ ᠨᠢ ᠡᠮᠬᠢ ᠵᠢᠷᠤᠮ ᠲᠠᠢ᠂ ᠰᠢᠰᠲ᠋ᠧᠮ ᠬᠡᠰᠡᠭ ᠨᠢ ᠰᠢᠭᠤᠳ ᠰᠢᠯᠤᠭᠤᠨ᠂ ᠬᠡᠷᠡᠭᠵᠢᠭᠦᠯᠬᠦ ᠨᠢ ᠬᠦᠴᠦᠨ ᠲᠠᠢ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ᠃ | 5.2 ᠲᠦᠷᠭᠡᠨ ᠠᠪᠤᠷᠠᠯᠲᠠ ᠶᠢᠨ ᠪᠠᠶᠢᠭᠤᠯᠤᠮᠵᠢ ᠶᠢᠨ ᠪᠠᠲᠤᠯᠠᠭ᠎ᠠ | ︽ᠲᠦᠷᠭᠡᠨ ᠠᠪᠤᠷᠠᠯᠳᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠪᠣᠯᠣᠨ ︽ᠡᠮᠨᠡᠯᠭᠡ ᠶᠢᠨ ᠬᠤᠷᠢᠶ᠎ᠠ ᠠᠴᠠ ᠡᠮᠦᠨᠡᠬᠢ ᠡᠮᠴᠢᠯᠡᠭᠡᠨ ᠤ | ᠲᠦᠷᠭᠡᠨ ᠠᠪᠤᠷᠠᠯᠳᠠ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠬᠤᠲᠠ ᠪᠣᠯᠣᠨ ᠡᠯ᠎ᠡ ᠬᠤᠰᠢᠭᠤ ᠰᠢᠶᠠᠨ ᠲᠣᠭᠤᠷᠢᠭ ᠨᠢ ᠦᠢᠯᠡᠴᠢᠯᠡᠭᠡᠨ ᠤ ᠬᠥᠮᠥᠨ ᠠᠮᠠ | ᠪᠣᠯᠣᠨ ᠡᠮᠴᠢᠯᠡᠭᠡᠨ ᠤ ᠠᠪᠤᠷᠠᠨ ᠠᠪᠤᠷᠠᠯᠳᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠮᠨᠡᠯᠭᠡ ᠶᠢᠨ ᠬᠤᠷᠢᠶ᠎ᠠ ᠠᠴᠠ ᠡᠮᠦᠨᠡᠬᠢ ᠡᠮᠴᠢᠯᠡᠭᠡᠨ ᠤ ᠲᠦᠷᠭᠡᠨ | ᠠᠪᠤᠷᠠᠯᠳᠠ ᠶᠢᠨ ᠥᠷᠲᠡᠭᠡ ᠴᠢᠭ᠋ ᠢ ᠵᠦᠢ ᠵᠣᠬᠢᠰᠲᠠᠢ ᠪᠠᠶᠢᠷᠢᠰᠢᠭᠤᠯᠵᠤ᠂ ᠲᠦᠷᠭᠡᠨ ᠠᠪᠤᠷᠠᠯᠳᠠ ᠶᠢᠨ ᠲᠣᠣᠷ ᠰᠦᠯᠵᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ | ᠂ ︽ᠬᠠᠭᠠᠰ ᠴᠠᠭ ᠤᠨ ᠠᠪᠤᠷᠠᠨ ᠲᠤᠰᠠᠯᠠᠬᠤ ᠬᠦᠷᠢᠶ᠎ᠡ︾ ᠶᠢ ᠠᠯᠬᠤᠮ ᠠᠯᠬᠤᠮ ᠢᠶᠠᠷ ᠥᠷᠭᠡᠳᠬᠡᠬᠦ ᠬᠡᠷᠡᠭᠲᠡᠢ᠃ ᠬᠤᠲᠠ᠂ ᠬᠤᠰᠢᠭᠤ ᠰᠢᠶᠠᠨ ᠲᠣᠭᠤᠷᠢᠭ ᠨᠢ | ᠶᠡᠷᠦᠩᠬᠡᠶᠢᠯᠡᠭᠰᠡᠨ ᠬᠦᠴᠦᠨ ᠢᠶᠠᠷ ᠨᠡᠯᠢᠶᠡᠳ ᠴᠢᠩᠭ᠎ᠠ ᠡᠮᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠢᠶᠠᠷ | ᠭᠤᠣᠯᠳᠠᠯᠭ᠎ᠠ ᠪᠣᠯᠭᠠᠵᠤ᠂ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ᠂ ᠡᠮᠴᠢᠯᠡᠭᠡᠨ ᠤ ᠪᠠᠶᠢᠭᠤᠯᠤᠮᠵᠢ ᠶᠢᠨ ᠲᠦᠷᠭᠡᠨ ᠡᠮᠨᠡᠬᠦ ᠲᠦᠷᠭᠡᠨ | ᠠᠪᠤᠷᠠᠯᠳᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | 5.3 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠶᠢᠨ ᠪᠠᠲᠤᠯᠠᠭ᠎ᠠ | ᠬᠤᠲᠠ ᠶᠢᠨ ᠱᠠᠲᠤᠨ ᠳᠤ 13 ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠡᠭᠦᠨ ᠳᠤ ᠠᠨᠠᠭᠠᠬᠤ | ᠤᠬᠠᠭᠠᠨ ᠤ ᠪᠠᠴᠢᠮ ᠠᠪᠤᠷᠠᠨ ᠲᠤᠰᠠᠯᠠᠬᠤ ᠡᠩᠨᠡᠭᠡ 6᠂ ᠰᠡᠳᠬᠢᠴᠡ ᠶᠢᠨ ᠬᠢᠮᠤᠷᠠᠯ ᠳᠤ ᠭᠠᠷ ᠳᠦᠷᠦᠵᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠩᠭᠢ 1᠂ | ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠩᠭᠢ 1᠂ ᠲᠦᠷᠭᠡᠨ ᠴᠢᠨᠠᠷᠲᠠᠢ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠠᠩᠭᠢ 2᠂ ᠭᠡᠨᠡᠳᠲᠡ ᠶᠢᠨ ᠬᠤᠣᠷᠳᠠᠯᠭ᠎ᠠ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠩᠭᠢ 2᠂ ᠴᠥᠮ᠎ᠡ ᠪᠠ | ᠰᠠᠴᠤᠷᠠᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠩᠭᠢ 1 ᠪᠣᠶ᠃ ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ | ᠡᠩᠨᠡᠭᠡ ᠨᠢ ᠭᠤᠣᠯᠳᠠᠭᠤ ᠬᠤᠲᠠ ᠶᠢᠨ ᠬᠡᠪᠴᠢᠶᠡᠨ ᠳᠣᠲᠣᠷᠠᠬᠢ ᠨᠡᠯᠢᠶᠡᠳ ᠶᠡᠭᠡ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠡᠭᠦᠷᠭᠡᠯᠡᠬᠦ ᠶᠢᠨ ᠬᠠᠮᠲᠤ᠂ ᠬᠤᠰᠢᠭᠤ ᠰᠢᠶᠠᠨ ᠲᠣᠭᠤᠷᠢᠭ ᠢ ᠵᠢᠯᠣᠭᠤᠳᠤᠨ ᠨᠡᠯᠢᠶᠡᠳ ᠶᠡᠭᠡ ᠵᠢᠴᠢ ᠲᠡᠭᠦᠨ ᠠᠴᠠ | ᠳᠣᠷᠣᠭᠰᠢᠬᠢ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠶᠡᠷᠦᠩᠬᠡᠶᠢᠯᠡᠭᠰᠡᠨ ᠴᠢᠨᠠᠷᠲᠠᠢ | ᠲᠤᠬᠠᠢ ᠶᠢᠨ ᠲᠠᠯᠠᠪᠠᠶ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠠᠯᠪᠤᠷᠢ ᠪᠠᠭ᠎ᠠ ᠠᠩᠭᠢ ︵ᠬᠤᠰᠢᠭᠤ | ᠰᠢᠶᠠᠨ ᠤ ᠱᠠᠲᠤ ᠪᠦᠷᠢ ᠳᠤ 50 ᠬᠥᠮᠥᠨ ᠠᠴᠠ ᠳᠤᠲᠠᠭᠤ ᠦᠭᠡᠢ︶ ᠶᠢ ᠪᠠᠶᠢᠭᠤᠯᠬᠤ ᠶᠢᠨ ᠬᠠᠮᠲᠤ ᠲᠤᠬᠠᠢ ᠶᠢᠨ ᠭᠠᠵᠠᠷ ᠤᠨ ᠣᠨᠴᠠᠯᠢᠭ ᠢᠶᠠᠨ ᠦᠨᠳᠦᠰᠦᠯᠡᠨ᠂ | ᠣᠨᠴᠣᠭᠤᠢ ᠲᠤᠰᠬᠠᠢ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠬᠤ ᠬᠡᠷᠡᠭᠲᠡᠢ᠃ ᠡᠯ᠎ᠡ | ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠠᠵᠢᠯᠲᠠᠨ ᠤ ᠬᠤᠪᠢᠷᠠᠯᠲᠠ ᠪᠠ ᠪᠣᠳᠠᠲᠠᠢ ᠪᠠᠶᠢᠳᠠᠯ ᠢ | ᠦᠨᠳᠦᠰᠦᠯᠡᠨ᠂ 3 ᠵᠢᠯ ᠪᠦᠷᠢ ᠨᠢᠭᠡ ᠤᠳᠠᠭ᠎ᠠ ᠡᠩᠨᠡᠭᠡ ᠶᠢᠨ ᠪᠦᠷᠢᠯᠳᠦᠭᠦᠨ ᠳᠤ ᠲᠣᠬᠢᠷᠠᠭᠤᠯᠤᠯᠲᠠ ᠬᠢᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠡᠩᠨᠡᠭᠡ ᠶᠢᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠬᠠᠮᠲᠤ ᠴᠢᠩᠭ᠎ᠠ ᠬᠠᠮᠢᠶᠠᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠪᠠ | ᠰᠣᠷᠢᠯᠲᠠ ᠶᠢ ᠥᠷᠨᠢᠭᠦᠯᠦᠨ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠵᠠᠰᠠᠬᠤ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠬᠦ ᠬᠡᠷᠡᠭᠲᠡᠢ᠃ | 5.4 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ | ᠡᠩᠨᠡᠭᠡ᠂ ᠡᠮᠴᠢᠯᠡᠭᠡᠨ ᠤ ᠪᠠᠶᠢᠭᠤᠯᠤᠮᠵᠢ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠢᠳᠡᠪᠬᠢᠲᠡᠢ ᠥᠷᠨᠢᠭᠦᠯᠵᠦ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠪᠣᠳᠠᠲᠠᠢ ᠲᠠᠢ ᠤᠶᠠᠯᠳᠤᠭᠤᠯᠤᠨ᠂ | ᠲᠣᠰ ᠪᠡᠯᠡᠳᠬᠡᠯ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠨ ᠲᠣᠰ ᠰᠠᠯᠠᠭ᠎ᠠ ᠮᠥᠴᠢᠷ᠂ ᠲᠣᠰ ᠨᠢᠭᠡᠴᠡ ᠶᠢᠨ ᠢᠶᠠᠨ ᠣᠨ ᠤ ᠰᠣᠷᠢᠯᠲᠠ ᠶᠢᠨ ᠲᠥᠯᠥᠪᠯᠡᠭᠡ ᠶᠢ | ᠲᠣᠭᠲᠠᠭᠠᠵᠤ᠂ ᠰᠢᠷᠡᠭᠡᠨ ᠨᠢᠭᠤᠷ ᠤᠨ ᠰᠣᠷᠢᠯᠲᠠ ᠪᠤᠶᠤ ᠪᠣᠳᠠᠲᠤ ᠪᠠᠶᠢᠯᠳᠤᠭᠠᠨ ᠤ ᠰᠣᠷᠢᠯᠲᠠ᠂ ᠬᠡᠰᠡᠭ ᠴᠢᠳᠠᠮᠵᠢ ᠶᠢᠨ ᠰᠣᠷᠢᠯᠲᠠ ᠪᠤᠶᠤ ᠪᠥᠬᠦ ᠲᠠᠯ᠎ᠠ ᠶᠢᠨ | ᠰᠣᠷᠢᠯᠲᠠ ᠵᠡᠷᠭᠡ ᠬᠡᠯᠪᠡᠷᠢ ᠶᠢ ᠠᠪᠴᠤ ᠪᠣᠯᠣᠨ᠎ᠠ᠃ ᠰᠣᠷᠢᠯᠲᠠ ᠳᠤ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ | ᠂ ᠵᠣᠬᠢᠶᠠᠨ ᠪᠠᠶᠢᠭᠤᠯᠤᠨ ᠬᠠᠮᠢᠶᠠᠷᠬᠤ᠂ ᠲᠦᠷᠭᠡᠨ ᠲᠤᠰᠬᠠᠬᠤ ︵ᠡᠩᠨᠡᠭᠡ ᠴᠤᠭᠯᠠᠷᠠᠬᠤ᠂ ᠲᠤᠬᠠᠢ ᠶᠢᠨ ᠲᠠᠯᠠᠪᠤᠷ ᠲᠤ ᠠᠪᠤᠷᠠᠨ ᠡᠮᠨᠡᠬᠦ᠂ ᠰᠢᠷᠬᠠᠲᠤᠭᠰᠠᠳ ᠢ | ᠰᠢᠯᠵᠢᠭᠦᠯᠦᠨ ᠲᠡᠭᠡᠭᠡᠪᠦᠷᠢᠯᠡᠬᠦ᠂ ᠡᠮᠨᠡᠯᠭᠡ ᠶᠢᠨ ᠬᠤᠷᠢᠶᠠᠨ ᠳᠤ ᠠᠪᠤᠷᠠᠨ ᠡᠮᠨᠡᠬᠦ ᠵᠡᠷᠭᠡ︶᠂ ᠡᠳ᠋ ᠪᠣᠳᠠᠰ ᠨᠥᠭᠡᠴᠡᠯᠡᠬᠦ᠂ ᠰᠠᠯᠠᠭ᠎ᠠ ᠮᠥᠴᠢᠷ ᠵᠣᠬᠢᠴᠠᠭᠤᠯᠬᠤ᠂ | ᠵᠠᠭᠤᠴᠢᠯᠠᠭᠤᠷ ᠤᠨ ᠨᠡᠪᠲᠡᠷᠡᠯᠴᠡᠭᠡ ᠵᠢᠴᠢ ᠮᠡᠳᠡᠭᠡ ᠵᠠᠩᠭᠢᠵᠢᠯᠲᠠ ᠶᠢᠨ ᠬᠠᠮᠵᠢᠯᠴᠠᠭ᠎ᠠ ᠵᠡᠷᠭᠡ ᠠᠭᠤᠯᠭ᠎ᠠ ᠲᠠᠢ ᠬᠤᠯᠪᠣᠭᠳᠠᠭᠰᠠᠨ ᠪᠠᠶᠢᠬᠤ ᠬᠡᠷᠡᠭᠲᠡᠢ᠃ ᠡᠮ ᠡᠮᠨᠡᠯᠭᠡ | ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠰᠣᠷᠢᠯᠲᠠ ᠳᠤ ᠤᠯᠠᠨ ᠨᠡᠶᠢᠲᠡ ᠪᠠᠷ ᠢᠶᠠᠨ ᠣᠷᠣᠯᠴᠠᠬᠤ ᠴᠢᠬᠤᠯᠠᠲᠠᠢ ᠪᠠᠶᠢᠪᠠᠯ᠂ ᠡᠷᠬᠡᠪᠰᠢ ᠲᠤᠰ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠬᠦ ᠬᠡᠷᠡᠭᠲᠡᠢ᠃ | 5.5 ᠡᠳ᠋ ᠪᠣᠳᠠᠰ ᠤᠨ ᠨᠥᠭᠡᠴᠡᠯᠡᠯᠲᠡ ᠶᠢᠨ ᠪᠠᠲᠤᠯᠠᠭ᠎ᠠ | ︽ᠤᠯᠤᠰ ᠤᠨ ᠡᠮ ᠡᠮᠨᠡᠯᠭᠡ ᠶᠢᠨ ᠨᠥᠭᠡᠴᠡ ᠶᠢᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ | ᠡᠮ ᠡᠮᠨᠡᠯᠭᠡ ᠶᠢᠨ ᠨᠥᠭᠡᠴᠡ ᠶᠢᠨ ᠬᠠᠮᠢᠶᠠᠷᠤᠯᠲᠠ ᠶᠢᠨ ᠠᠷᠭ᠎ᠠ︾ ᠶᠣᠰᠣᠭᠠᠷ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠤ᠂ ᠬᠥᠭᠵᠢᠭᠦᠯᠦᠯᠲᠡ | ᠥᠭᠡᠷᠡᠴᠢᠯᠡᠯᠲᠡ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠵᠡᠷᠭᠡ ᠰᠠᠯᠠᠭ᠎ᠠ ᠮᠥᠴᠢᠷ ᠤᠳ ᠨᠡᠪᠲᠡᠷᠡᠯᠴᠡᠬᠦ᠂ ᠵᠣᠬᠢᠴᠠᠭᠤᠯᠤᠨ ᠬᠠᠮᠵᠢᠯᠴᠠᠬᠤ᠂ ᠠᠵᠢᠯ | ᠬᠤᠪᠢᠶᠠᠷᠢᠯᠠᠨ ᠬᠠᠷᠢᠭᠤᠴᠠᠬᠤ ᠪᠠᠨ ᠴᠢᠩᠭᠠᠳᠬᠠᠵᠤ᠂ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠮ ᠤᠨ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ᠂ ᠲᠥᠬᠦᠭᠡᠷᠦᠮᠵᠢ᠂ ᠲᠦᠷᠭᠡᠨ ᠪᠠᠶᠢᠴᠠᠭᠠᠨ ᠬᠡᠮᠵᠢᠬᠦ ᠪᠠᠭᠠᠵᠢ ᠬᠡᠷᠡᠭᠰᠡᠯ ᠪᠣᠯᠣᠨ ᠤᠷᠪᠠᠯᠵᠢ᠂ ᠡᠷᠡᠭᠦᠯ ᠬᠠᠮᠠᠭᠠᠯᠠᠯ ᠤᠨ ᠰᠡᠷᠭᠡᠶᠢᠯᠡᠨ | ᠬᠠᠮᠠᠭᠠᠯᠠᠬᠤ ᠬᠡᠷᠡᠭᠰᠡᠯ ᠵᠡᠷᠭᠡ ᠡᠳ᠋ ᠪᠠᠷᠠᠭ᠎ᠠ ᠨᠥᠭᠡᠴᠡᠯᠡᠬᠦ ᠪᠠ ᠪᠠᠲᠤᠯᠠᠬᠤ ᠶᠢ ᠰᠠᠶᠢᠲᠤᠷ ᠬᠢᠬᠦ ᠬᠡᠷᠡᠭᠲᠡᠢ᠃ | 5.6 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠭ᠎ᠠ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠡᠭᠦᠷᠭᠡᠯᠡᠬᠦ ᠶᠣᠰᠣᠲᠠᠢ ᠭᠡᠨᠡᠳᠲᠡ ᠡᠭᠦᠰᠬᠦ ᠤᠯᠠᠨ ᠨᠡᠶᠢᠳᠡ ᠶᠢᠨ | ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠳᠤ ᠵᠠᠪᠠᠯ ᠬᠡᠷᠡᠭᠰᠡᠬᠦ ᠵᠠᠷᠤᠳᠠᠯ ᠢ ᠬᠠᠷᠢᠭᠤᠴᠠᠨ ᠲᠣᠬᠢᠷᠠᠭᠤᠯᠬᠤ ᠶᠢᠨ ᠬᠠᠮᠲᠤ ᠵᠠᠷᠤᠳᠠᠯ ᠢ | ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠪᠠᠯ᠂ ᠡᠯ᠎ᠡ ᠱᠠᠲᠤᠨ ᠤ ᠡᠳ᠋ ᠤᠨ ᠵᠠᠰᠠᠭ ᠠᠴᠠ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠡᠮᠨᠡᠨ ᠵᠠᠰᠠᠵᠤ ᠠᠪᠤᠷᠠᠬᠤ ᠵᠠᠷᠤᠳᠠᠯ ᠢ ᠡᠭᠦᠷᠭᠡᠯᠡᠬᠦ ᠪᠤᠶᠤ ᠨᠥᠬᠦᠪᠦᠷᠢ ᠣᠯᠭᠤᠨ᠎ᠠ᠃ | ᠠᠶᠤᠯᠭᠦᠢ ᠦᠢᠯᠡᠳᠪᠦᠷᠢᠯᠡᠯ ᠤᠨ ᠠᠳᠡᠯ ᠠᠴᠠ ᠪᠣᠯᠤᠭᠰᠠᠨ ᠬᠥᠮᠥᠨ ᠦᠬᠦᠵᠦ ᠰᠢᠷᠬᠠᠲᠤᠭᠰᠠᠨ ᠪᠠᠶᠢᠪᠠᠯ᠂ ᠠᠳᠡᠯ ᠭᠠᠷᠤᠭᠰᠠᠨ ᠨᠢᠭᠡᠴᠢ ᠨᠢ ᠡᠮᠴᠢᠯᠡᠭᠡᠨ ᠤ | ᠲᠦᠷᠭᠡᠨ ᠠᠪᠤᠷᠠᠯᠳᠠ ᠶᠢᠨ ᠲᠥᠪ ︵ᠦᠷᠳᠡᠭᠡ︶ ᠪᠤᠶᠤ ᠬᠤᠯᠪᠣᠭᠳᠠᠯ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠶᠠᠪᠤᠴᠠ ᠳᠤ ᠡᠭᠦᠰᠦᠭᠰᠡᠨ ᠵᠠᠷᠤᠳᠠᠯ ᠢ ᠥᠭᠬᠦ ᠬᠡᠷᠡᠭᠲᠡᠢ᠂ ᠬᠡᠷᠡᠭ ᠭᠠᠷᠤᠭᠰᠠᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠬᠠᠷᠢᠭᠤᠴᠠᠵᠤ ᠪᠠᠶᠢᠭᠠᠳ ᠰᠢᠪᠠᠳᠠᠨ ᠨᠠᠶᠢᠳᠠᠪᠤᠷᠢᠵᠢᠭᠤᠯᠬᠤ ᠬᠡᠷᠡᠭᠲᠡᠢ᠃ | ᠨᠡᠶᠢᠭᠡᠮ ᠤᠨ ᠠᠮᠤᠷ ᠲᠦᠪᠰᠢᠨ ᠤ ᠬᠡᠷᠡᠭ ᠤᠨ ᠳᠤᠮᠳᠠ ᠡᠭᠦᠰᠦᠭᠰᠡᠨ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠲᠣᠭᠲᠠᠭᠠᠭᠰᠠᠨ ᠬᠠᠷᠢᠭᠤᠴᠠᠯᠭᠠᠲᠤ ᠨᠢᠭᠡᠴᠡ ᠪᠤᠶᠤ ᠬᠠᠷᠢᠭᠤᠴᠠᠯᠭᠠᠲᠠᠨ ᠠᠴᠠ ᠡᠮᠴᠢᠯᠡᠭᠡᠨ ᠤ ᠠᠪᠤᠷᠠᠨ ᠵᠠᠰᠠᠬᠤ ᠵᠠᠷᠤᠳᠠᠯ ᠢ ᠡᠭᠦᠷᠭᠡᠯᠡᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠷᠢᠭᠤᠴᠠᠵᠤ ᠪᠠᠶᠢᠭᠠᠳ ᠰᠢᠮᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠡᠳ᠋ ᠤᠨ ᠵᠠᠰᠠᠭ ᠨᠢ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠢ ᠦᠨᠳᠦᠰᠦᠯᠡᠨ | ᠡᠮᠴᠢᠯᠡᠭᠡᠨ ᠤ ᠠᠪᠤᠷᠠᠨ ᠵᠠᠰᠠᠬᠤ ᠵᠠᠷᠤᠳᠠᠯ ᠳᠤ ᠨᠥᠬᠦᠪᠦᠷᠢ ᠣᠯᠭᠤᠵᠤ ᠪᠣᠯᠣᠨ᠎ᠠ᠃ | ᠡᠯ᠎ᠡ ᠲᠥᠷᠥᠯ ᠤᠨ ᠳᠠᠭᠠᠳᠬᠠᠯ ᠤᠨ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠥᠮᠥᠨ ᠤ ᠪᠡᠶ᠎ᠡ᠂ ᠡᠮᠴᠢᠯᠡᠭᠡ᠂ ᠡᠷᠡᠭᠦᠯ | ᠮᠡᠨᠳᠦ ᠵᠡᠷᠭᠡ ᠳᠠᠭᠠᠳᠬᠠᠯ ᠳᠤ ᠣᠷᠣᠯᠴᠠᠭᠰᠠᠨ ᠦᠬᠦᠵᠦ ᠰᠢᠷᠬᠠᠲᠤᠭᠰᠠᠨ ᠬᠥᠮᠥᠰ ᠲᠤ ᠲᠥᠯᠥᠪᠦᠷᠢ ᠥᠭᠬᠦ ᠠᠵᠢᠯ ᠢ ᠰᠠᠶᠢᠲᠤᠷ ᠬᠢᠬᠦ ᠬᠡᠷᠡᠭᠲᠡᠢ᠃ | 5.7 ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠵᠠᠮ ᠲᠡᠭᠡᠭᠡᠪᠦᠷᠢ ᠶᠢᠨ ᠪᠠᠲᠤᠯᠠᠭ᠎ᠠ | ᠡᠯ᠎ᠡ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠩᠨᠡᠭᠡ ᠨᠦᠭᠦᠳ ᠪᠣᠳᠠᠲᠠᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠠᠪᠤᠷᠠᠨ | ᠲᠤᠰᠠᠯᠠᠬᠤ ᠲᠡᠷᠭᠡ ᠬᠥᠰᠬᠡ᠂ ᠵᠠᠮ ᠬᠠᠷᠢᠯᠴᠠᠭᠠᠨ ᠤ ᠪᠠᠭᠠᠵᠢ ᠪᠣᠯᠣᠨ ᠴᠢᠮᠡᠭᠡ ᠬᠤᠯᠪᠣᠭᠠᠨ ᠤ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠃ ᠲᠡᠮᠦᠷ ᠵᠡᠮ᠂ ᠵᠡᠮ | ᠬᠠᠷᠢᠯᠴᠠᠭ᠎ᠠ᠂ ᠠᠷᠠᠳ ᠤᠨ ᠠᠭᠠᠷ ᠤᠨ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ︵ᠵᠡᠮ ᠬᠠᠷᠢᠯᠴᠠᠭᠠᠨ ᠤ ᠬᠠᠮᠢᠶᠠᠷᠤᠯᠲᠠ︶ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯᠲᠠᠨ ᠪᠠ ᠡᠳ᠋ ᠪᠣᠳᠠᠰ ᠤᠨ ᠲᠡᠭᠡᠭᠡᠪᠦᠷᠢ ᠶᠢ ᠤᠷᠢᠳᠠᠪᠠᠷ ᠲᠣᠬᠢᠷᠠᠭᠤᠯᠬᠤ᠂ | ᠤᠷᠢᠳᠠᠪᠠᠷ ᠲᠣᠬᠢᠷᠠᠭᠤᠯᠬᠤ᠂ ᠤᠷᠢᠳᠠᠪᠠᠷ ᠲᠠᠯᠪᠢᠵᠤ ᠶᠠᠪᠤᠭᠤᠯᠬᠤ ᠶᠢ ᠪᠠᠲᠤᠯᠠᠵᠤ᠂ ᠲᠡᠭᠡᠭᠡᠪᠦᠷᠢ ᠶᠢᠨ ᠠᠶᠤᠯᠭᠦᠢ ᠪᠥᠭᠡᠳ ᠰᠠᠭᠠᠳ ᠦᠭᠡᠢ ᠨᠡᠪᠲᠡᠷᠡᠬᠦ ᠶᠢ ᠦᠨᠡᠨ ᠬᠦ | ᠪᠠᠲᠤᠯᠠᠬᠤ ᠬᠡᠷᠡᠭᠲᠡᠢ᠃ ᠪᠠᠶᠢᠳᠠᠯ ᠣᠨᠴᠠᠭᠠᠢ ᠪᠠᠴᠢᠮ ᠦᠶ᠎ᠡ ᠳᠤ᠂ ᠲᠤᠬᠠᠢ ᠶᠢᠨ ᠲᠠᠯᠠᠪᠠᠶ ᠵᠢᠴᠢ ᠬᠠᠮᠢᠶ᠎ᠠ ᠪᠦᠬᠦᠢ ᠨᠡᠪᠲᠡᠷᠡᠬᠦ ᠵᠠᠮ ᠳᠤ ᠵᠠᠮ ᠬᠠᠷᠢᠯᠴᠠᠭᠠᠨ ᠤ ᠵᠠᠬᠢᠷᠤᠨ | ᠬᠠᠮᠢᠶᠠᠷᠤᠯᠲᠠ ᠶᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ︽ᠰᠠᠭᠠᠳ ᠦᠭᠡᠢ ᠨᠡᠪᠲᠡᠷᠡᠬᠦ ᠵᠠᠮ︾ ᠭᠠᠷᠭᠠᠵᠤ᠂ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ | 5.8 ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠭᠡᠨᠡᠳᠲᠡ ᠡᠭᠦᠰᠦᠭᠰᠡᠨ ᠤᠯᠠᠨ | ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠳᠡᠮᠵᠢᠯᠭᠡ ᠪᠠ ᠪᠠᠲᠤᠯᠠᠭ᠎ᠠ ᠬᠠᠩᠭᠠᠬᠤ ᠬᠡᠷᠡᠭᠲᠡᠢ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠲᠤᠬᠠᠢ ᠶᠢᠨ ᠲᠠᠯᠠᠪᠤᠷ ᠤᠨ ᠠᠮᠤᠷ ᠢ ᠬᠠᠮᠠᠭᠠᠯᠠᠬᠤ | ᠡᠮᠬᠢ ᠵᠢᠷᠤᠮ᠂ ᠵᠠᠮ ᠬᠠᠷᠢᠯᠴᠠᠭᠠᠨ ᠤ ᠡᠮᠬᠢ ᠵᠢᠷᠤᠮ ᠢ ᠬᠠᠷᠢᠭᠤᠴᠠᠨ ᠬᠠᠮᠠᠭᠠᠯᠠᠵᠤ᠂ ᠲᠤᠬᠠᠢ ᠶᠢᠨ ᠲᠠᠯᠠᠪᠤᠷ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ︵ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︶ ᠶᠢᠨ ᠰᠠᠯᠠᠭ᠎ᠠ ᠮᠥᠴᠢᠷ ᠤᠳ ᠭᠡᠨᠡᠳᠲᠡ ᠡᠭᠦᠰᠬᠦ ᠣᠯᠠᠨ | ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠲᠥᠬᠦᠭᠡᠷᠦᠮᠵᠢ ᠶᠢᠨ | ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠳ ︽ᠳᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠶᠡᠷᠦᠩᠬᠡᠢ ᠡᠪᠯᠡᠯ ᠤᠨ ᠪᠠᠶᠢᠭᠠᠯᠢ ᠶᠢᠨ | ᠭᠠᠮᠰᠢᠭ ᠬᠢᠭᠡᠳ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ ᠪᠣᠯᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ︾ | ᠤᠨ ᠶᠣᠰᠣᠭᠠᠷ᠂ ᠤᠯᠠᠨ ᠲᠦᠮᠡᠨ ᠢ ᠵᠣᠬᠢᠶᠠᠨ ᠪᠠᠶᠢᠭᠤᠯᠤᠨ ᠲᠤᠬᠠᠢ ᠶᠢᠨ ᠲᠠᠯᠠᠪᠠᠢ ᠶᠢᠨ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠠᠵᠢᠯ ᠥᠷᠨᠢᠭᠦᠯᠬᠦ ᠶᠢ | ᠬᠠᠷᠢᠭᠤᠴᠠᠵᠤ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠡᠭᠦᠨ ᠤ ᠬᠠᠮᠲᠤ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠤᠨ ᠪᠣᠳᠠᠲᠠᠢ | ᠪᠠᠶᠢᠳᠠᠯ ᠢ ᠦᠨᠳᠦᠰᠦᠯᠡᠨ᠂ ᠤᠯᠤᠰ ᠤᠨ ᠳᠣᠲᠣᠭᠠᠳᠤ ᠭᠠᠳᠠᠭᠠᠳᠤ ᠳᠤ ᠤᠷᠢᠶᠠᠯᠠᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠣᠬᠢᠶᠠᠨ | ᠪᠠᠶᠢᠭᠤᠯᠤᠯᠲᠠ ᠪᠠ ᠬᠤᠪᠢ ᠬᠥᠮᠥᠨ ᠤ ᠪᠡᠯᠡᠭᠯᠡᠨ ᠬᠦᠷᠭᠡᠭᠰᠡᠨ ᠵᠦᠢᠯ ᠢ ᠬᠠᠤᠯᠢ ᠶᠣᠰᠣᠭᠠᠷ ᠬᠦᠯᠢᠶᠡᠨ ᠠᠪᠴᠤ᠂ ᠬᠥᠮᠦᠯᠢᠭ ᠦᠵᠡᠯ ᠤᠨ ᠪᠠᠴᠢᠮ ᠬᠡᠷᠡᠭᠴᠡᠭᠡ ᠲᠠᠢ | ᠲᠤᠰᠠᠯᠠᠮᠵᠢ ᠦᠵᠡᠭᠦᠯᠪᠡ᠃ | ᠪᠠᠶᠠᠨᠨᠠᠭᠤᠷ ᠤᠨ ᠴᠡᠷᠢᠭ ᠤᠨ ᠬᠤᠪᠢᠶᠠᠷᠢ ᠲᠣᠭᠤᠷᠢᠭ ᠨᠢ ᠴᠡᠷᠢᠭ ᠠᠩᠭᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠷᠢᠭᠤᠴᠠᠨ ᠵᠣᠬᠢᠴᠠᠭᠤᠯᠵᠤ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠵᠢᠴᠢ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠵᠢᠭᠠᠪᠤᠷᠢ ᠶᠢ ᠦᠨᠳᠦᠰᠦᠯᠡᠨ᠂ ᠴᠡᠷᠢᠭ ᠠᠩᠭᠢ ᠶᠢᠨ ᠬᠤᠯᠪᠣᠭᠳᠠᠯ | ᠪᠦᠬᠦᠢ ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠪᠠ ᠬᠦᠴᠦᠨ ᠢ ᠵᠣᠬᠢᠶᠠᠨ ᠪᠠᠶᠢᠭᠤᠯᠵᠤ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ | ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠳᠡᠮᠵᠢᠨ ᠬᠠᠮᠵᠢᠯᠴᠠᠨ᠎ᠠ᠃ | ᠤᠷᠠᠳ ᠪᠣᠭᠤᠮᠲᠠ ᠨᠢ ᠭᠠᠳᠠᠭᠠᠳᠤ ᠠᠴᠠ ᠣᠷᠣᠭᠤᠯᠬᠤ ᠶᠢ ᠵᠥᠪᠰᠢᠶᠡᠷᠡᠭᠰᠡᠨ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠬᠠᠮᠢᠶ᠎ᠠ ᠪᠦᠬᠦᠢ ᠪᠠᠴᠢᠮ ᠬᠡᠷᠡᠭᠴᠡᠭᠡ ᠲᠠᠢ ᠡᠳ᠋ ᠪᠣᠳᠠᠰ ᠢ ᠤᠷᠢᠳᠠᠪᠠᠷ ᠪᠠᠶᠢᠴᠠᠭᠠᠨ ᠰᠢᠯᠭᠠᠵᠤ ᠶᠠᠪᠤᠭᠤᠯᠬᠤ ᠶᠢ ᠬᠠᠷᠢᠭᠤᠴᠠᠨ᠎ᠠ᠃ | | 6. ᠡᠮ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠣᠯᠠᠨ ᠨᠡᠶᠢᠲᠡ ᠪᠠᠷ ᠢᠶᠠᠨ ᠣᠷᠣᠯᠴᠠᠨ᠎ᠠ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠮᠡᠳᠡᠯᠭᠡ ᠶᠢ ᠲᠦᠭᠡᠮᠡᠯᠵᠢᠭᠦᠯᠬᠦ ᠶᠢ ᠵᠣᠬᠢᠶᠠᠨ ᠥᠪᠡᠷᠲᠡᠭᠡᠨ ᠵᠠᠰᠠᠬᠤ ᠣᠷᠣᠨ ᠪᠠ ᠣᠷᠣᠨ ᠨᠤᠲᠤᠭ ᠤᠨ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢ ᠨᠤᠭᠤᠳ ᠨᠡᠶᠢᠭᠡᠮ ᠨᠡᠶᠢᠲᠡ ᠳᠤ ᠬᠢᠬᠦ ᠤᠬᠠᠭᠤᠯᠭ᠎ᠠ ᠬᠥᠮᠦᠵᠢᠯ ᠢᠶᠠᠨ | ᠥᠷᠭᠡᠳᠬᠡᠬᠦ ᠬᠡᠷᠡᠭᠲᠡᠢ︔ ᠡᠯ᠎ᠡ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠬᠦᠮ ᠤᠳ ᠥᠪᠡᠷ ᠤᠨ ᠬᠠᠷᠢᠶᠠᠨ ᠳᠠᠬᠢ | ᠬᠥᠮᠥᠰ ᠲᠡᠭᠡᠨ ᠬᠢᠬᠦ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠬᠤ ᠬᠡᠷᠡᠭᠲᠡᠢ︔ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ | ᠤᠬᠠᠭᠤᠯᠭ᠎ᠠ ᠶᠢᠨ ᠮᠠᠲ᠋ᠧᠷᠢᠶᠠᠯ ᠢ ᠬᠠᠩᠭᠠᠬᠤ ᠪᠠ ᠪᠠᠭᠰᠢ ᠨᠠᠷ ᠢ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ | ᠠᠪᠤᠷᠠᠨ ᠲᠤᠰᠠᠯᠠᠬᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠶᠢᠨ ᠠᠮᠤᠷ ᠲᠦᠪᠰᠢᠨ ᠤ ᠠᠵᠢᠯᠲᠠᠨ ᠪᠠ ᠡᠷᠡᠭᠦᠯ ᠬᠠᠮᠠᠭᠠᠯᠠᠭᠴᠢ ᠪᠠᠷ ᠭᠤᠣᠯᠯᠠᠭᠴᠢ ᠬᠦᠴᠦᠨ ᠪᠣᠯᠭᠠᠭᠰᠠᠨ ᠣᠯᠠᠨ ᠲᠦᠮᠡᠨᠴᠢ | ᠴᠢᠨᠠᠷᠲᠠᠢ ᠠᠪᠤᠷᠠᠨ ᠲᠤᠰᠠᠯᠠᠬᠤ ᠲᠣᠣᠷ ᠰᠦᠯᠵᠢᠶ᠎ᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠪᠣᠯᠪᠠᠰᠤᠷᠠᠭᠤᠯᠤᠯ ᠪᠠ ᠰᠣᠷᠢᠯᠲᠠ ᠪᠠᠷ ᠳᠡᠮᠵᠢᠨ ᠲᠡᠳᠡᠨ ᠤ | ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 7. ᠳᠠᠭᠠᠯᠳᠤᠭᠤᠯᠤᠭᠰᠠᠨ ᠳᠦᠷᠢᠮ | 7.1 ᠬᠠᠷᠢᠭᠤᠴᠠᠯᠭ᠎ᠠ ᠬᠢᠭᠡᠳ ᠱᠠᠩᠨᠠᠵᠤ ᠲᠣᠷᠭᠠᠬᠤ | ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠳᠤ ᠬᠠᠷᠢᠭᠤᠴᠠᠯᠭ᠎ᠠ ᠶᠢᠨ | ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ | ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠬᠠᠮᠲᠤ ᠪᠠ ᠬᠤᠪᠢ ᠬᠥᠮᠥᠨ ᠢ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠨ᠎ᠠ᠃ | ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠠᠴᠠ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ | 7.2 ᠪᠡᠯᠡᠳᠬᠡᠯ ᠲᠥᠰᠥᠯ ᠢ ᠲᠣᠭᠲᠠᠭᠠᠬᠤ ᠪᠠ ᠵᠠᠰᠠᠪᠤᠷᠢ ᠣᠷᠣᠭᠤᠯᠬᠤ | ᠲᠣᠰ ᠪᠡᠯᠡᠳᠬᠡᠯ ᠲᠥᠰᠥᠯ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ | ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ ᠨᠡᠶᠢᠲᠡᠯᠡᠨ᠎ᠡ᠃ ᠡᠯ᠎ᠡ ᠬᠤᠰᠢᠭᠤ ᠰᠢᠶᠠᠨ ᠲᠣᠭᠤᠷᠢᠭ ᠨᠢ | ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ | ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠣᠭᠲᠠᠭᠠᠬᠤ ᠶᠢᠨ ᠬᠠᠮᠲᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠬᠢᠨᠠᠨ ᠵᠥᠪᠰᠢᠶᠡᠷᠡᠭᠦᠯᠵᠦ ᠨᠡᠶᠢᠲᠡᠯᠡᠨ᠎ᠡ᠃ | ᠲᠣᠰ ᠪᠡᠯᠡᠳᠬᠡᠯ ᠲᠥᠰᠥᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠲᠣᠭᠲᠠᠭᠠᠵᠤ᠂ ᠣᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠳᠦᠰᠦᠯᠡᠨ ᠴᠠᠭ ᠲᠤᠬᠠᠢ ᠳᠤᠨᠢ ᠵᠠᠰᠠᠪᠤᠷᠢ | ᠣᠷᠣᠭᠤᠯᠵᠤ ᠨᠥᠬᠦᠪᠦᠷᠢᠯᠡᠨ᠎ᠡ᠃ | 7.3 ᠪᠡᠯᠡᠳᠬᠡᠯ ᠲᠥᠰᠥᠯ ᠢ ᠲᠠᠶᠢᠯᠪᠤᠷᠢᠯᠠᠬᠤ ᠰᠠᠯᠠᠭ᠎ᠠ ᠮᠥᠴᠢᠷ | ᠲᠤᠰ ᠲᠥᠰᠥᠯ ᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠷᠢᠭᠤᠴᠠᠨ ᠲᠠᠶᠢᠯᠪᠤᠷᠢᠯᠠᠨ᠎ᠠ᠃ | 7.4 ᠪᠡᠯᠡᠳᠬᠡᠯ ᠲᠥᠰᠥᠯ ᠢ ᠬᠡᠷᠡᠭᠵᠢᠭᠦᠯᠬᠦ ᠴᠠᠭ | ᠲᠤᠰ ᠪᠡᠯᠡᠳᠬᠡᠯ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | |