ᠵᠠᠰᠠᠭ ᠤᠨ ᠣᠷᠳᠣᠨ ᠤ ᠠᠵᠢᠯ ᠤᠨ ᠢᠯᠡᠳᠬᠡᠯ | | — 2024 ᠣᠨ ᠤ 1 ᠳ᠋ᠦ᠋ᠭᠡᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | | | ᠲᠥᠯᠥᠭᠡᠯᠡᠭᠴᠢᠳ ᠠ᠋᠄ | ᠤᠳᠤ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ | ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠤᠷᠤᠯᠴᠬᠠᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ | 2023 ᠣᠨ ᠪᠣᠯ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠠᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ ᠮᠠᠨ ᠤ ᠣᠷᠣᠨ ᠳᠤ ᠳᠠᠬᠢᠨᠲᠠ ᠮᠣᠷᠢᠯᠠᠨ ᠰᠠᠭᠠᠲᠠᠵᠤ ᠰᠢᠨᠵᠢᠯᠡᠨ ᠪᠠᠶᠢᠴᠠᠭᠠᠭᠰᠠᠨ ᠨᠢ ᠪᠢᠳᠡᠨ ᠳᠤ ᠯᠤᠲᠤ ᠶᠡᠭᠡ ᠤᠯᠤᠰ | ᠲᠦᠷᠦ ᠶᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠶᠢᠨ ᠠᠵᠠ ᠲᠤᠬᠢᠶᠠᠯ ᠢ ᠠᠪᠴᠢᠷᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠥᠷᠨᠢᠭᠦᠯᠦᠭᠰᠡᠨ ᠨᠢ ᠪᠢᠳᠡᠨ ᠤ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠠᠤᠭ᠎ᠠ | ᠶᠡᠭᠡ ᠬᠦᠴᠦᠨ ᠴᠢᠳᠠᠯ ᠢ ᠬᠤᠷᠠᠮᠳᠤᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ | ᠨᠡᠶᠢᠲᠡᠯᠡᠭᠰᠡᠨ ᠨᠢ ᠪᠢᠳᠡᠨ ᠤ ᠲᠠᠪᠤᠨ ᠶᠡᠭᠡ ᠡᠭᠦᠷᠭᠡ ᠶᠢ ᠨᠡᠩ ᠰᠠᠶᠢᠲᠤᠷ ᠪᠡᠶᠡᠯᠡᠭᠦᠯᠬᠦ ᠳᠤ ᠬᠦᠴᠦᠲᠡᠢ ᠬᠥᠳᠡᠯᠭᠡᠭᠴᠢ ᠬᠦᠴᠦᠨ ᠬᠠᠩᠭᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠠᠴᠠ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠡᠷᠦᠩᠬᠡᠶᠢᠯᠡᠨ ᠵᠠᠬᠢᠷᠬᠤ ᠴᠢᠨᠠᠷᠲᠠᠢ ᠱᠠᠭᠠᠷᠳᠠᠯᠭ᠎ᠠ ᠪᠠ ᠰᠢᠨ᠎ᠡ ᠵᠠᠮ ᠢ ᠨᠡᠭᠡᠭᠡᠵᠦ | ᠂ ᠳᠤᠮᠳᠠ ᠲᠦᠪᠰᠢᠨ ᠳᠤ ᠣᠷᠣᠬᠤ ᠲᠡᠮᠡᠴᠡᠯ ᠤᠨ ᠬᠠᠷᠠᠯᠲᠠ ᠶᠢ ᠳᠤᠷᠠᠳᠴᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠰᠡᠳᠬᠢᠯ ᠵᠢᠷᠦᠬᠡᠨ ᠠᠴᠠ ᠪᠠᠨ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ ᠰᠣᠨᠣᠰᠤᠨ᠂ ᠶᠡᠷᠦᠩᠬᠡᠢ ᠱᠦᠵᠢ ᠰᠢ ᠶᠢᠨ ᠫᠢᠩ ᠢ ᠲᠠᠭᠠᠵᠦ | ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠣᠷᠣᠨ ᠳᠠᠶᠠᠭᠠᠷ ᠢᠶᠠᠨ ᠶᠡᠷᠦᠩᠬᠡᠢ ᠬᠡᠮᠵᠢᠶ᠎ᠡ ᠪᠠᠨ ᠪᠤᠵᠠᠭᠠᠶᠢᠷᠠᠭᠤᠯᠬᠤ ᠪᠠ ᠪᠠᠶᠢᠷᠢ ᠳᠡᠭᠡᠭᠰᠢᠯᠡᠭᠦᠯᠦᠨ ᠲᠡᠰ | ᠳᠡᠪᠰᠢᠭᠦᠯᠬᠦ ᠡᠷᠡᠯᠬᠡᠭ ᠵᠣᠷᠢᠭ ᠠᠤᠭ᠎ᠠ ᠬᠦᠰᠡᠯ ᠢ ᠪᠣᠢ ᠪᠤᠯᠭᠠᠵᠦ᠂ ᠬᠥᠭᠵᠢᠯᠲᠡ ᠪᠠᠨ ᠲᠦᠷᠭᠡᠳᠬᠡᠬᠦ᠂ ᠬᠥᠭᠵᠢᠯᠲᠡ ᠶᠢ ᠶᠡᠭᠡ ᠪᠠᠷ ᠠᠳᠬᠤᠬᠤ ᠬᠦᠴᠦᠷᠬᠡᠭ ᠶᠡᠭᠡ | ᠨᠡᠶᠢᠯᠡᠮᠡᠯ ᠬᠦᠴᠦᠨ ᠢ ᠨᠢᠭᠲᠠᠷᠠᠭᠤᠯᠪᠠ᠃ | ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠵᠢᠯ ᠤᠨ ᠬᠠᠷᠠᠯᠲᠠ | ᠡᠭᠦᠷᠭᠡ ᠪᠠᠨ ᠲᠡᠭᠦᠰ ᠠᠮᠵᠢᠯᠲᠠᠲᠠᠢ ᠪᠡᠶᠡᠯᠡᠭᠦᠯᠵᠦ᠂ ᠬᠢᠯᠪᠠᠷ ᠪᠤᠰᠤ ᠠᠮᠵᠢᠯᠲᠠ ᠪᠦᠳᠦᠮᠵᠢ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃ | — ᠠᠵᠤ ᠠᠬᠤᠢ ᠶᠢᠨ ᠭᠤᠣᠯ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠲᠡᠷᠢᠭᠦᠨ ᠡᠩᠨᠡᠭᠡᠨ ᠳᠤ ᠪᠠᠶᠢᠷᠢᠰᠢᠪᠠ᠃ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 7.3% ᠨᠡᠮᠡᠭᠳᠡᠨ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠵᠤ᠂ 2010 ᠣᠨ ᠠᠴᠠ ᠨᠠᠭᠠᠰᠢᠬᠢ | ᠬᠠᠮᠤᠭ ᠤᠨ ᠰᠠᠶᠢᠨ ᠪᠠᠶᠢᠷᠢ ᠳᠤ ᠲᠣᠳᠣᠷᠠᠨ᠂ ᠬᠥᠮᠥᠨ ᠳᠤᠮᠳᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 10 ᠲᠦᠮᠡᠨ ᠲᠥᠭᠦᠷᠢᠭ ᠢ | ᠳᠠᠪᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 7.4% ᠨᠡᠮᠡᠭᠳᠡᠵᠦ᠂ ᠪᠦᠭᠦ ᠤᠯᠤᠰ ᠤᠨ ᠳᠣᠯᠣᠳᠤᠭᠠᠷ ᠲᠤ ᠪᠠᠶᠢᠷᠢᠰᠢᠪᠠ | ︔ ᠲᠣᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ 19.8% ᠨᠡᠮᠡᠭᠳᠡᠵᠦ᠂ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠪᠠ︔ ᠭᠠᠳᠠᠭᠠᠳᠤ ᠠᠷᠠᠯᠵᠢᠶᠠᠨ ᠤ | ᠣᠷᠣᠭᠤᠯᠵᠤ ᠭᠠᠷᠭᠠᠭᠰᠠᠨ ᠶᠡᠷᠦᠩᠬᠡᠢ ᠲᠤᠭ᠎ᠠ 30.4% ᠨᠡᠮᠡᠭᠳᠡᠵᠦ᠂ ᠪᠦᠭᠦ ᠤᠯᠤᠰ ᠤᠨ ᠭᠤᠷᠪᠠᠳᠤᠭᠠᠷ ᠲᠤ ᠪᠠᠶᠢᠷᠢᠰᠢᠪᠠ᠃ ᠡᠨᠡ ᠨᠢ ᠥᠪᠥᠷ ᠮᠣᠩᠭᠤᠯ ᠤᠨ | ᠬᠥᠭᠵᠢᠯᠲᠡ ᠶᠢᠨ ᠲᠤᠬᠠᠢ ᠥᠷᠭᠡᠨ ᠤᠯᠡᠨ ᠺᠠᠳ᠋ᠷ ᠲᠦᠮᠡᠨ ᠪᠠ ᠨᠡᠶᠢᠭᠡᠮ ᠤᠨ ᠡᠯ᠎ᠡ ᠡᠲᠡᠭᠡᠳ ᠤᠨ ᠢᠲᠡᠭᠡᠯ ᠵᠣᠷᠢᠭ ᠢ ᠲᠦᠢᠯ ᠤᠨ ᠶᠡᠭᠡ ᠪᠠᠷ ᠨᠡᠮᠡᠭᠳᠡᠭᠦᠯᠪᠡ᠃ | — ᠤᠯᠤᠰ ᠤᠨ ᠡᠨᠧᠷᠭᠢ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠮᠡᠳᠡᠭᠳᠡᠬᠦ᠋ᠢᠴᠡ ᠴᠢᠩᠭᠠᠷᠠᠪᠠ᠃ ᠨᠡᠭᠦᠷᠡᠰᠦᠨ ᠤ ᠭᠠᠷᠤᠯᠲᠠ | 12.2 ᠳ᠋ᠦᠩᠰᠢᠭᠤᠷ ᠲᠣᠨ ᠳᠤ ᠬᠦᠷᠴᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ 9.45 ᠳ᠋ᠦᠩᠰᠢᠭᠤᠷ ᠲᠣᠨ ᠪᠡᠶᠡᠯᠡᠭᠦᠯᠪᠡ᠂ ᠴᠠᠬᠢᠯᠭᠠᠨ | ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ 2 ᠳ᠋ᠦᠩᠰᠢᠭᠤᠷ ᠺᠢᠯᠣᠸᠠᠲ ᠢ ᠳᠠᠪᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ | ᠲᠡᠭᠡᠭᠡᠪᠦᠷᠢᠯᠡᠬᠦ ᠬᠡᠮᠵᠢᠶ᠎ᠡ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ | ᠡᠨᠧᠷᠬᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠬᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠵᠢᠴᠢ | ᠭᠠᠳᠠᠭᠰᠢ ᠴᠠᠬᠢᠯᠭᠠᠨ ᠳᠠᠮᠵᠢᠭᠤᠯᠬᠤ ᠬᠡᠮᠵᠢᠶ᠎ᠡ᠂ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠬᠡᠮᠵᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ | ᠦᠢᠯᠡᠳᠪᠦᠷᠢᠯᠡᠯ ᠤᠨ ᠴᠢᠳᠠᠮᠵᠢ ︽ᠠᠷᠪᠠᠨ ᠲᠠᠯ᠎ᠠ ᠪᠠᠷ ᠪᠦᠭᠦ ᠤᠯᠤᠰ ᠲᠤ ᠮᠠᠩᠯᠠᠶᠢᠯᠠᠬᠤ︾ ᠶᠢ ᠪᠡᠶᠡᠯᠡᠭᠦᠯᠵᠦ᠂ 29 ᠮᠤᠵᠢ ᠶᠢᠨ ᠡᠨᠧᠷᠬᠢ ᠶᠢᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠪᠠ᠃ ᠠᠮᠤ ᠪᠤᠳᠠᠭ᠎ᠠ ᠳᠠᠷᠢᠭᠰᠠᠨ ᠲᠠᠯᠠᠪᠠᠢ᠂ ᠨᠢᠭᠡᠴᠢ ᠶᠢᠨ ᠤᠨᠠᠯᠲᠠ᠂ ᠶᠡᠷᠦᠩᠬᠡᠢ ᠤᠨᠠᠯᠲᠠ ︽ᠭᠤᠷᠪᠠ ᠶᠢ ᠨᠡᠮᠡᠭᠳᠡᠭᠦᠯᠵᠦ︾᠂ ᠠᠮᠤ | ᠪᠤᠳᠠᠭᠠᠨ ᠤ ᠤᠨᠠᠯᠲᠠ 791.6 ᠳ᠋ᠦᠩᠰᠢᠭᠤᠷ ᠵᠢᠩ ᠳᠤ ᠬᠦᠷᠴᠦ᠂ ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ ᠶᠢ ᠪᠡᠶᠡᠯᠡᠭᠦᠯᠦᠨ᠂ ᠪᠦᠭᠦ ᠤᠯᠤᠰ ᠤᠨ | ᠵᠢᠷᠭᠤᠳᠤᠭᠠᠷ ᠪᠠᠶᠢᠷᠢ ᠪᠠᠨ ᠯᠠᠪᠳᠠᠭᠤᠨ ᠪᠠᠲᠤᠯᠠᠪᠠ᠂ ᠭᠤᠣᠯ ᠪᠣᠯᠬᠤ ᠮᠢᠬᠠᠨ ᠤ ᠲᠦᠷᠦᠯ ᠤᠨ ᠭᠠᠷᠤᠯᠲᠠ 285.4 ᠲᠦᠮᠡᠨ ᠲᠣᠨ᠂ ᠦᠨᠢᠶᠡᠨ ᠰᠦ ᠶᠢᠨ | ᠭᠠᠷᠤᠯᠲᠠ 792.6 ᠲᠦᠮᠡᠨ ᠲᠣᠨ ᠳᠤ ᠬᠦᠷᠴᠦ᠂ ᠴᠥᠮ ᠲᠡᠦᠬᠡ ᠶᠢᠨ ᠰᠢᠨ᠎ᠡ ᠲᠦᠪᠰᠢᠨ ᠳᠤ ᠬᠦᠷᠪᠡ᠃ ᠡᠨᠡ ᠨᠢ ᠥᠪᠥᠷ ᠮᠣᠩᠭᠤᠯ ᠤᠨ ᠤᠯᠤᠰ ᠤᠨ ᠶᠡᠭᠡ | ᠲᠠᠯ᠎ᠠ ᠶᠢ ᠪᠠᠲᠤᠯᠠᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠪᠡ᠃ | — ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠪᠡ᠃ ᠪᠢᠳᠡ | ᠶᠡᠷᠦᠩᠬᠡᠢ ᠱᠦᠵᠢ ᠰᠢ ᠶᠢᠨ ᠫᠢᠩ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠤ ᠲᠤᠬᠠᠢ ᠵᠠᠷᠯᠢᠭ | ᠵᠢᠭᠠᠪᠤᠷᠢ ᠶᠢ ᠴᠤᠤᠷᠢᠶᠠᠲᠤᠨ ᠳᠠᠭᠠᠵᠤ᠂ ᠭᠤᠣᠯᠯᠠᠨ ᠲᠠᠭᠠᠷᠢᠵᠦ ᠭᠤᠣᠯ ᠬᠦᠴᠦᠨ ᠪᠣᠯᠵᠤ᠂ ᠦᠳᠲᠡᠷ ᠲᠦᠷᠭᠡᠨ ᠬᠥᠳᠡᠯᠦᠯᠴᠡᠵᠦ᠂ ︽ᠨᠢᠭᠡ ᠲᠥᠯᠦᠪᠵᠢᠭᠦᠯᠭᠡ | ᠭᠤᠷᠪᠠᠨ ᠲᠥᠰᠥᠯ︾ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ 5 ᠵᠠᠰᠠᠯᠲᠠ ᠶᠢᠨ ᠣᠷᠣᠨ ᠪᠠ 11 ᠴᠢᠬᠤᠯᠠ ᠶᠡᠭᠡ ᠲᠦᠷᠦᠯ ᠵᠦᠢᠯ ᠪᠦᠭᠦᠨ ᠢ ᠤᠯᠤᠰ ᠤᠨ | ᠲᠥᠯᠦᠪᠵᠢᠭᠦᠯᠭᠡ ᠳᠤ ᠤᠷᠤᠭᠤᠯᠬᠤ ᠶᠢ ᠠᠬᠢᠭᠤᠯᠵᠤ᠂ ᠬᠤᠰᠢᠭᠤ ᠰᠢᠶᠠᠨ ᠪᠦᠭᠦᠨ ᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠤᠨ᠂ ᠭᠤᠷᠪᠠᠨ ᠲᠣᠮᠣ ᠪᠡᠯᠭᠡ | ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤᠷᠤᠭᠰᠢᠲᠠᠢ ᠡᠬᠢᠯᠡᠵᠦ᠂ ᠪᠦᠭᠦ ᠵᠢᠯ ᠳᠤ 556 ᠲᠦᠮᠡᠨ ᠮᠦ ᠣᠶᠢᠵᠢᠭᠤᠯᠤᠨ᠂ 1817 ᠲᠦᠮᠡᠨ ᠮᠦ ᠡᠪᠡᠰᠦ ᠲᠠᠷᠢᠵᠤ᠂ | 950 ᠲᠦᠮᠡᠨ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠲᠤᠰ ᠪᠦᠷᠢ ᠣᠨ ᠤ ᠡᠭᠦᠷᠭᠡ ᠪᠠᠨ 149%᠂ 140%᠂ 151% ᠪᠠᠷ | ᠪᠡᠶᠡᠯᠡᠭᠦᠯᠪᠡ᠃ ᠡᠨᠡ ᠨᠢ ᠨᠠᠮ ᠤᠨ ᠲᠥᠪ ᠬᠤᠷᠢᠶ᠎ᠠ ᠪᠠᠶᠢᠷᠢᠯᠠᠭᠤᠯᠤᠯᠲᠠ ᠬᠢᠭᠰᠡᠭᠡᠷ ᠥᠪᠥᠷ ᠮᠣᠩᠭᠤᠯ ᠪᠣᠳᠠᠲᠠᠢ ᠠᠵᠢᠯᠯᠠᠭ᠎ᠠ ᠠᠪᠳᠠᠭ ᠳᠡᠭᠡᠳᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ ᠢ ᠭᠦᠢᠴᠡᠳ ᠬᠠᠷᠠᠭᠤᠯᠪᠠ᠃ | — ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠤᠯᠠᠮ ᠨᠢᠭᠡ ᠠᠯᠬᠤᠮ ᠰᠠᠶᠢᠵᠢᠷᠠᠪᠠ᠃ ᠨᠡᠭᠦᠷᠡᠰᠦᠨ ᠤ ᠠᠵᠤ ᠦᠢᠯᠡᠰ ᠵᠥᠪᠬᠡᠨ 1.4% ᠨᠡᠮᠡᠭᠳᠡᠭᠰᠡᠨ | ᠪᠣᠯᠪᠠᠴᠤ ᠨᠡᠭᠦᠷᠡᠰᠦᠨ ᠤ ᠪᠤᠰᠤ ᠠᠵᠤ ᠦᠢᠯᠡᠰ ᠦᠳᠲᠡᠷ ᠲᠦᠷᠭᠡᠨ ᠨᠡᠮᠡᠭᠳᠡᠨ 12.1% ᠳᠤ ᠬᠦᠷᠴᠦ᠂ ᠦᠢᠯᠡᠳᠬᠦ ᠦᠢᠯᠡᠰ᠂ ᠳᠡᠭᠡᠳᠦ ᠮᠡᠷᠭᠡᠵᠢᠯ ᠤᠨ | ᠦᠢᠯᠡᠳᠬᠦ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠵᠥᠭᠡᠯᠡᠨ ᠬᠡᠷᠡᠭᠰᠡᠯ ᠪᠠ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ᠂ ᠴᠥᠮ ᠬᠤᠶᠠᠷ ᠣᠷᠣᠨᠲᠤ | ᠲᠣᠭᠠᠨ ᠤ ᠨᠡᠮᠡᠭᠳᠡᠯ ᠲᠠᠢ ᠪᠣᠯᠬᠤ ᠶᠢ ᠪᠡᠶᠡᠯᠡᠭᠦᠯᠪᠡ᠃ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ 32.9% ᠨᠡᠮᠡᠭᠳᠡᠨ᠂ ᠪᠦᠭᠦ ᠤᠯᠤᠰ ᠤᠨ | ᠬᠤᠶᠠᠳᠤᠭᠠᠷ ᠲᠤ ᠪᠠᠶᠢᠷᠢᠰᠢᠵᠤ᠂ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 46.4% ᠨᠡᠮᠡᠭᠳᠡᠨ᠂ ᠰᠢᠨ᠎ᠡ ᠡᠨᠧᠷᠬᠢ ᠶᠢᠨ ᠲᠣᠨᠤᠭ ᠲᠥᠬᠦᠭᠡᠷᠦᠮᠵᠢ | ᠦᠢᠯᠡᠳᠬᠦ ᠦᠢᠯᠡᠰ ᠤᠨ ᠪᠡᠯᠡ ᠤᠷᠤᠭᠤᠯᠤᠯᠲᠠ 1.2 ᠲᠠᠬᠢᠨ ᠨᠡᠮᠡᠭᠳᠡᠪᠡ᠃ ᠡᠩ ᠤᠨ ᠤᠯᠠᠨ ᠨᠡᠶᠢᠳᠡ ᠶᠢᠨ ᠲᠥᠰᠥᠪ ᠤᠨ ᠣᠷᠣᠯᠭ᠎ᠠ 3000 ᠳ᠋ᠦᠩᠰᠢᠭᠤᠷ | ᠲᠥᠭᠦᠷᠢᠭ ᠢ ᠳᠠᠪᠠᠵᠤ᠂ ᠪᠦᠭᠦ ᠲᠥᠷᠥᠯᠵᠢᠯ ᠤᠨ ᠭᠠᠶᠢᠯᠢ ᠲᠠᠲᠠᠪᠤᠷᠢ ᠳᠠᠬᠢ ᠣᠷᠣᠨ ᠨᠤᠲᠤᠭ ᠤᠨ ᠲᠥᠷᠥᠯᠵᠢᠯ ᠤᠨ ᠭᠠᠶᠢᠯᠢ ᠲᠠᠲᠠᠪᠤᠷᠢ ᠶᠢᠨ ᠡᠵᠡᠯᠡᠬᠦ ᠬᠠᠷᠢᠴᠠᠯ ᠨᠢ | 59.4% ᠳᠤ ᠬᠦᠷᠴᠦ᠂ ᠪᠦᠭᠦ ᠤᠯᠤᠰ ᠤᠨ ᠲᠡᠷᠢᠭᠦᠨ ᠳᠤ ᠪᠠᠶᠢᠷᠢᠰᠢᠪᠠ᠃ ᠡᠨᠡ ᠨᠢ ᠥᠪᠥᠷ ᠮᠣᠩᠭᠤᠯ ᠤᠨ ᠪᠦᠲᠦᠴᠡ ᠪᠠᠨ ᠲᠣᠬᠢᠷᠠᠭᠤᠯᠬᠤ᠂ ᠬᠥᠳᠡᠯᠭᠡᠭᠴᠢ | ᠴᠢᠳᠠᠪᠤᠷᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠳᠤ ᠢᠳᠡᠷᠡᠭᠦᠨ ᠠᠯᠬᠤᠭ᠎ᠠ ᠠᠯᠬᠤᠭᠰᠠᠨ ᠢ ᠲᠤᠰᠬᠠᠪᠠ᠃ | — ᠡᠯ᠎ᠡ ᠠᠶᠢᠮᠠᠭ ᠬᠤᠲᠠ ᠠᠳᠠᠯᠢᠳᠬᠠᠨ ᠰᠤᠷᠴᠤ ᠭᠦᠢᠴᠡᠨ ᠳᠠᠪᠠᠭ᠋ᠤ ᠪᠠᠷ ᠮᠡᠷᠡᠶᠢᠨ ᠲᠡᠮᠡᠴᠡᠵᠦ ᠬᠥᠭᠵᠢᠪᠡ᠃ ᠭᠦᠬᠡᠬᠤᠲᠠ ᠪᠠ ᠪᠤᠭᠤᠲᠤ ᠬᠤᠲᠠ ᠶᠢᠨ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠴᠥᠮ 10% ᠠᠴᠠ ᠳᠡᠭᠡᠭᠰᠢ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠴᠥᠮ 20% ᠠᠴᠠ ᠳᠡᠭᠡᠭᠰᠢ ᠨᠡᠮᠡᠭᠳᠡᠨ᠂ 7 ᠠᠶᠢᠮᠠᠭ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ | ᠤᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ 20% ᠶᠢ ᠳᠠᠪᠠᠵᠤ᠂ ᠣᠷᠳᠣᠰ ᠬᠤᠲᠠ 27.4% ᠳᠤ ᠬᠦᠷᠪᠡ᠃ ᠰᠢᠯᠢ ᠶᠢᠨ ᠭᠤᠣᠯ ᠠᠶᠢᠮᠠᠭ ᠤᠨ ᠰᠢᠨ᠎ᠡ | ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠪᠠ ᠴᠠᠬᠢᠯᠭᠠᠨ ᠭᠠᠷᠭᠠᠭᠰᠠᠨ ᠬᠡᠮᠵᠢᠶ᠎ᠡ ᠴᠥᠮ ᠪᠦᠭᠦ ᠤᠯᠤᠰ ᠤᠨ ᠲᠤᠰᠬᠠᠢ ᠣᠷᠣᠨ᠂ ᠬᠤᠲᠠ ᠶᠢᠨ ᠲᠡᠰ ᠤᠨ | ᠬᠤᠶᠠᠳᠤᠭᠠᠷ ᠲᠤ ᠪᠠᠶᠢᠷᠢᠰᠢᠵᠤ᠂ ᠤᠯᠠᠭᠠᠨᠴᠠᠪ ᠬᠤᠲᠠ ᠶᠢᠨ ᠬᠠᠶᠢᠯᠤᠰᠢ ᠶᠢᠨ ᠮᠠᠲ᠋ᠧᠷᠢᠶᠠᠯ᠂ ᠪᠢᠯᠢᠭ ᠲᠦᠢᠯ ᠤᠨ ᠮᠠᠲ᠋ᠧᠷᠢᠶᠠᠯ ᠪᠠ ᠲᠥᠮᠥᠰᠥᠨ ᠤ ᠵᠦᠰᠦᠮ | ᠦᠢᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ ᠲᠤ ᠲᠦᠷᠦᠭᠦᠯᠡᠵᠦ᠂ ᠠᠯᠠᠱᠠ ᠠᠶᠢᠮᠠᠭ ᠪᠦᠭᠦ ᠤᠯᠤᠰ ᠤᠨ ᠬᠠᠮᠤᠭ ᠤᠨ ᠶᠡᠭᠡ ᠳᠠᠩ ᠴᠣᠭᠴᠠ ᠶᠢᠨ | ᠦᠢᠯᠡᠳᠪᠦᠷᠢᠯᠡᠬᠦ ᠬᠡᠮᠵᠢᠶ᠎ᠡ ᠲᠠᠢ ᠴᠡᠪᠡᠷ ᠬᠤᠵᠢᠷ ᠤᠨ ᠲᠦᠷᠦᠯ ᠵᠦᠢᠯ ᠢ ᠪᠠᠶᠢᠭᠤᠯᠪᠠ᠃ ᠡᠨᠡ ᠨᠢ ᠥᠪᠥᠷ ᠮᠣᠩᠭᠤᠯ ᠤᠨ ᠲᠡᠷᠢᠭᠦᠨ ᠤ ᠬᠢ ᠲᠠᠢ ᠪᠠᠷᠢᠮᠵᠢᠶᠠᠯᠠᠨ | ᠬᠠᠷᠭᠤᠭᠤᠯᠵᠤ᠂ ᠲᠡᠷᠢᠭᠦᠨ ᠢ ᠲᠡᠮᠡᠴᠡᠨ ᠲᠡᠰ ᠳᠡᠪᠰᠢᠬᠦ ᠡᠷᠴᠢ ᠵᠣᠷᠢᠭ ᠤᠯᠠᠮ ᠠᠴᠠ ᠤᠯᠠᠮ ᠴᠢᠩᠭᠠᠷᠠᠵᠤ ᠪᠠᠶᠢᠭ᠎ᠠ ᠶᠢ ᠬᠠᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠡᠯ᠎ᠡ ᠵᠦᠢᠯ ᠤᠨ | ᠠᠵᠢᠯ ᠤᠨ ᠭᠤᠣᠯ ᠰᠢᠵᠢᠮ ᠢ ᠪᠠᠲᠤ ᠴᠢᠩᠭ᠎ᠠ ᠡᠵᠡᠮᠰᠢᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠨᠡ ᠬᠦ ᠲᠡᠷᠢᠭᠦᠨ ᠴᠢᠬᠤᠯᠠ ᠡᠭᠦᠷᠭᠡ ᠶᠢᠨ | ᠲᠣᠭᠤᠷᠢᠨ ᠳᠤ ᠨᠢᠭᠲᠠ ᠤᠶᠠᠯᠳᠤᠵᠤ᠂ ᠳᠣᠣᠷᠠᠬᠢ ᠠᠵᠢᠯ ᠢ ᠭᠤᠣᠯᠳᠠᠯᠭ᠎ᠠ ᠪᠣᠯᠭᠠᠨ ᠬᠢᠪᠡ᠃ | ᠨᠢᠭᠡ ᠳᠤ ᠠᠵᠤ ᠠᠬᠤᠢ ᠶᠢᠨ ᠲᠦᠷᠭᠡᠨ ᠮᠥᠷᠲᠡᠭᠡᠨ ᠰᠠᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ ᠃ ᠪᠡᠯᠡ ᠤᠷᠤᠭᠤᠯᠤᠯᠲᠠ ᠶᠢ | ᠥᠷᠭᠡᠳᠬᠡᠬᠦ᠂ ᠬᠡᠷᠡᠭᠯᠡᠭᠡ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ ᠪᠣᠳᠣᠯᠭ᠎ᠠ︾ ᠶᠢ ᠲᠠᠰᠤᠷᠠᠯᠳᠠ ᠦᠭᠡᠢ ᠨᠡᠶᠢᠲᠡᠯᠡᠵᠦ᠂ ᠠᠵᠢᠯᠯᠠᠭᠠᠨ ᠤ | ᠲᠣᠬᠢᠷᠠᠭᠤᠯᠤᠯᠲᠠ ᠪᠠᠨ ᠰᠠᠷ᠎ᠠ ᠤᠯᠠᠷᠢᠯ ᠢᠶᠠᠷ ᠴᠢᠩᠭᠠᠳᠬᠠᠨ᠂ ᠥᠨᠳᠥᠷ ᠰᠠᠭᠤᠷᠢ ᠲᠣᠭᠠᠨ ᠳᠡᠭᠡᠷᠡᠬᠢ ᠠᠵᠤ ᠠᠬᠤᠢ ᠶᠢᠨ ᠲᠦᠷᠭᠡᠨ ᠨᠡᠮᠡᠭᠳᠡᠯ ᠢ ᠠᠬᠢᠭᠤᠯᠪᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ᠂ ᠣᠨ ᠤ ᠡᠬᠢᠯᠡᠯᠲᠡ ᠶᠢᠨ ᠠᠩᠬᠠᠨ ᠤ ᠬᠤᠷᠠᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠵᠡᠷᠭᠡ | ᠲᠤᠰᠬᠠᠢ ᠲᠠᠯᠠᠪᠤᠷ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠡᠷᠬᠢᠯᠡᠵᠦ᠂ ᠪᠦᠭᠦ ᠣᠷᠣᠨ ᠳᠤ 4778 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠣᠷᠣᠭᠤᠯᠤᠨ ᠠᠪᠴᠢᠷᠠᠵᠤ᠂ 40.2% ᠨᠡᠮᠡᠭᠳᠡᠨ᠂ ᠳᠡᠯᠡᠬᠡᠢ ᠶᠢᠨ 500 ᠬᠦᠴᠦᠷᠬᠡᠭ ᠪᠣᠯᠤᠭᠰᠠᠨ 45 ᠠᠵᠤ ᠠᠬᠤᠶᠢᠯᠠᠯ ᠪᠠ ᠲᠤᠮᠳᠠᠳᠤ ᠤᠯᠤᠰ ᠤᠨ 500 | ᠬᠦᠴᠦᠷᠬᠡᠭ ᠪᠣᠯᠤᠭᠰᠠᠨ 22 ᠠᠵᠤ ᠠᠬᠤᠶᠢᠯᠠᠯ ᠮᠠᠨ ᠤ ᠣᠷᠣᠨ ᠳᠤ ᠪᠡᠯᠡ ᠣᠷᠣᠭᠤᠯᠵᠤ ᠦᠢᠯᠡᠰ ᠡᠷᠬᠢᠯᠡᠪᠡ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ | ᠰᠦᠷ ᠳᠠᠯᠠᠶᠢᠴᠠᠲᠠᠢ ᠥᠷᠨᠢᠵᠦ᠂ ᠴᠢᠬᠤᠯᠠ ᠶᠡᠭᠡ ᠲᠦᠷᠦᠯ ᠵᠦᠢᠯ ᠢ 3155 ᠬᠡᠷᠡᠭᠵᠢᠭᠦᠯᠵᠦ᠂ 8259 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠲᠠ ᠶᠢ | ᠪᠡᠶᠡᠯᠡᠭᠦᠯᠦᠨ᠂ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠪᠡᠯᠡ ᠤᠷᠤᠭᠤᠯᠤᠯᠲᠡ ᠲᠠᠢ ᠠᠵᠤ ᠦᠢᠯᠡᠰ ᠤᠨ ᠲᠦᠷᠦᠯ ᠵᠦᠢᠯ ᠢ 42 ᠰᠢᠨ᠎ᠡ ᠪᠠᠷ | ᠪᠠᠶᠢᠭᠤᠯᠤᠭᠰᠠᠨ ᠪᠤᠶᠤ ᠵᠠᠯᠭᠠᠵᠤ ᠪᠠᠶᠢᠭᠤᠯᠪᠠ᠃ ᠰᠠᠭᠤᠷᠢ ᠪᠡᠯᠡᠳᠬᠡᠮᠵᠢ ᠲᠠᠰᠤᠷᠠᠯᠳᠠ ᠦᠭᠡᠢ ᠲᠡᠭᠦᠯᠳᠡᠷᠵᠢᠪᠡ᠂ ᠲᠦᠷᠭᠡᠨ ᠤ ᠵᠠᠰᠠᠮᠠᠯ ᠵᠠᠮ ᠢ 876 ᠺᠢᠯᠣᠮᠧᠲᠷ | ᠰᠢᠨ᠎ᠡ ᠪᠠᠷ ᠲᠡᠷᠭᠡ ᠨᠠᠪᠲᠠᠷᠡᠭᠦᠯᠵᠦ᠂ ᠥᠪᠥᠷ ᠮᠣᠩᠭᠤᠯ ᠤᠨ ᠬᠢᠯᠢ ᠳᠣᠲᠣᠷᠠᠬᠢ ᠤᠯᠤᠰ ᠤᠨ ᠲᠦᠷᠭᠡᠨ ᠤ ᠵᠠᠰᠠᠮᠠᠯ ᠵᠠᠮ ᠤᠨ ᠭᠤᠣᠯ ᠱᠤᠭᠤᠮ ᠤᠨ ᠬᠡᠰᠡᠭ ᠢ | ᠪᠦᠭᠦᠨ ᠢ ᠨᠡᠪᠲᠡᠷᠡᠭᠦᠯᠦᠨ᠂ ᠵᠡᠭᠦᠨ ᠪᠠᠷᠠᠭᠤᠨ ᠲᠦᠷᠭᠡᠨ ᠤ ᠵᠠᠰᠠᠮᠠᠯ ᠵᠠᠮ ᠤᠨ ᠶᠡᠭᠡ ᠨᠡᠪᠳᠡᠷᠡᠯ ᠵᠠᠮ ᠢ ᠵᠠᠯᠭᠠᠵᠤ 108 ᠺᠢᠯᠣᠮᠧᠲᠷ ᠵᠠᠰᠠᠭᠰᠠᠭᠠᠷ ᠪᠦᠭᠦ ᠱᠤᠭᠤᠮ ᠢᠶᠠᠷ | ᠨᠡᠪᠳᠡᠷᠡᠵᠦ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠢ 1085 ᠺᠢᠯᠣᠮᠧᠲᠷ ᠡᠬᠢᠯᠡᠭᠦᠯᠦᠨ ᠪᠠᠶᠢᠭᠤᠯᠵᠤ᠂ ︽ᠮᠤᠬᠤᠷ ᠵᠠᠮ︾ ᠢ 260 ᠺᠢᠯᠣᠮᠧᠲᠷ | ᠨᠡᠪᠲᠡᠷᠡᠭᠦᠯᠪᠡ︔ ᠪᠠᠶᠢᠭᠤᠯᠵᠤ ᠪᠠᠶᠢᠭ᠎ᠠ ᠲᠦᠷᠭᠡᠨ ᠤ ᠪᠠ ᠬᠤᠷᠳᠤᠨ ᠤ ᠲᠡᠮᠦᠷ ᠵᠠᠮ 1700 ᠭᠠᠷᠤᠢ ᠺᠢᠯᠣᠮᠧᠲᠷ ᠲᠤ ᠬᠦᠷᠪᠡ︔ ︽ᠰᠠᠯᠪᠤᠷᠢ ᠱᠤᠭᠤᠮ ᠤᠨ | ᠨᠡᠪᠳᠡᠷᠡᠯ︾ ᠠᠭᠠᠷ ᠤᠨ ᠠᠶᠠᠯᠠᠯ ᠤᠨ ᠱᠤᠭᠤᠮ ᠢ 29 ᠵᠤᠷᠪᠤᠰ ᠰᠢᠨ᠎ᠡ ᠪᠠᠷ ᠨᠡᠪᠲᠡᠷᠡᠭᠦᠯᠦᠨ᠂ ᠨᠡᠶᠢᠲᠡ 50 ᠵᠤᠷᠪᠤᠰ ᠱᠤᠭᠤᠮ ᠢ ᠨᠡᠪᠲᠡᠷᠡᠭᠦᠯᠦᠨ ᠠᠵᠢᠯᠯᠠᠭᠤᠯᠵᠤ᠂ | ᠠᠶᠢᠮᠠᠭ ᠬᠤᠲᠠ ᠶᠢᠨ ᠬᠤᠭᠤᠷᠤᠨᠳᠤᠬᠢ ︽ᠡᠭᠡᠯᠲᠡ ᠪᠤᠴᠠᠯᠲᠠ︾ ᠶᠢᠨ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠪᠡ︔ ᠴᠤᠤᠯ ᠭᠤᠣᠯ ᠤᠨ ᠤᠰᠤ ᠶᠢ | ᠲᠠᠲᠠᠵᠤ ᠯᠢᠶᠤᠤ ᠾᠧ ᠭᠤᠣᠯ ᠳᠤ ᠨᠡᠮᠡᠷᠢᠯᠡᠬᠦ ᠤᠰᠤ ᠳᠠᠮᠵᠢᠭᠤᠯᠬᠤ ᠪᠠᠷᠢᠯᠭ᠎ᠠ ᠶᠢᠨ ᠨᠦᠬᠡᠨ ᠵᠠᠮ ᠤᠨ ᠬᠡᠰᠡᠭ ᠪᠦᠭᠦ ᠱᠤᠭᠤᠮ ᠢᠶᠠᠷ ᠨᠡᠪᠳᠡᠷᠡᠵᠦ᠂ ᠥᠨᠳᠡᠭᠡᠨ | ᠤᠰᠤᠨ ᠠᠰᠢᠭᠯᠠᠯᠲᠠ ᠶᠢᠨ ᠬᠦᠢᠰᠦ ᠪᠠᠷᠢᠯᠭ᠎ᠠ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠳᠤ ᠤᠰᠤ ᠬᠠᠳᠠᠭᠠᠯᠠᠬᠤ᠂ ᠵᠡᠭᠦᠨ ᠲᠠᠶᠢᠰᠠ ᠤᠰᠤᠨ | ᠴᠦᠬᠦᠷᠦᠮ ᠤᠨ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠳᠠᠭᠤᠰᠪᠠ︔ 5G ᠰᠠᠭᠤᠷᠢ ᠦᠷᠲᠡᠭᠡ᠂ ᠬᠤᠲᠠ ᠶᠢᠨ ᠤᠯᠠᠨ ᠨᠡᠶᠢᠳᠡ ᠶᠢᠨ ᠴᠠᠬᠢᠯᠭᠠᠨ ᠴᠡᠨᠡᠭᠯᠡᠬᠦ | ᠱᠣᠩ ᠢ ᠲᠣᠰ ᠪᠦᠷᠢ 2 ᠲᠦᠮᠡ ᠰᠢᠨ᠎ᠡ ᠪᠠᠷ ᠨᠡᠮᠡᠭᠳᠡᠭᠦᠯᠪᠡ᠃ ᠬᠡᠷᠡᠭᠯᠡᠭᠡ ᠶᠢᠨ ᠵᠠᠬ᠎ᠠ ᠳᠡᠯᠭᠡᠭᠦᠷ ᠢ ᠲᠦᠷᠭᠡᠬᠡᠨ ᠰᠡᠷᠭᠦᠭᠡᠵᠦ᠂ ᠬᠤᠨᠤᠭ ᠪᠠᠭᠤᠳᠠᠯ ᠪᠠ ᠢᠳᠡᠭᠡᠨ | ᠤᠮᠳᠠᠭᠠᠨ ᠤ ᠦᠢᠯᠡᠰ ᠤᠨ ᠨᠡᠮᠡᠭᠳᠡᠯ ᠦᠷᠲᠡᠭ 20.8% ᠨᠡᠮᠡᠭᠳᠡᠵᠦ᠂ ᠮᠠᠰᠢᠨ ᠲᠡᠷᠭᠡᠨ ᠤ ᠲᠦᠷᠦᠯ ᠤᠨ ᠬᠡᠷᠡᠭᠯᠡᠭᠡ 17.2% ᠨᠡᠮᠡᠭᠳᠡᠨ᠂ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠬᠡᠷᠡᠭᠯᠡᠭᠡ 1.7 ᠲᠠᠬᠢᠨ ᠨᠡᠮᠡᠭᠳᠡᠵᠦ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤᠮᠳᠠᠭᠠᠨ᠂ ᠬᠤᠪᠴᠠᠰᠤ ᠬᠤᠨᠠᠷ ᠵᠡᠷᠭᠡ ᠲᠠᠯ᠎ᠠ ᠶᠢᠨ ᠬᠡᠷᠡᠭᠯᠡᠭᠡ | ᠴᠥᠮ 25% ᠠᠴᠠ ᠳᠡᠭᠡᠭᠰᠢ ᠨᠡᠮᠡᠭᠳᠡᠪᠡ᠂ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠬᠤ ᠲᠤᠭ᠎ᠠ 21.5% ᠨᠡᠮᠡᠭᠳᠡᠵᠦ᠂ ᠲᠦᠷᠦᠭᠦᠴᠢ ᠳᠡᠯᠭᠡᠭᠦᠷ ᠪᠠ ᠬᠤᠰᠢᠭᠤᠴᠢ | ᠳᠡᠯᠭᠡᠭᠦᠷ ᠢ 147 ᠣᠷᠣᠭᠤᠯᠤᠨ ᠠᠪᠴᠢᠷᠠᠪᠠ᠃ | ᠬᠤᠶᠠᠷ ᠲᠤ ᠬᠡᠯᠬᠢᠶᠡᠰᠦᠯᠡᠯ ᠮᠠᠶ᠋ᠢᠭ ᠤᠨ ᠰᠡᠳᠬᠢᠬᠦᠢ ᠶᠢ ᠪᠠᠷᠢᠮᠲᠠᠯᠠᠵᠤ ᠳᠠᠪᠠᠭᠤᠯᠢᠭ ᠣᠨᠴᠠᠯᠢᠭᠲᠤ ᠠᠵᠤ ᠦᠢᠯᠡᠰ ᠢᠶᠠᠨ ᠬᠦᠴᠦᠷᠬᠡᠭᠵᠢᠭᠦᠯᠪᠡ ᠃ ᠠᠵᠤ | ᠦᠢᠯᠡᠰ ᠤᠨ ᠬᠡᠯᠬᠢᠶᠡᠨ ᠤ ︽ᠬᠡᠯᠬᠢᠶᠡᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠵᠦ᠂ ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠲᠦᠷᠦᠯ ᠵᠦᠢᠯ ᠢ | 650 ᠠᠬᠢᠭᠤᠯᠤᠨ᠂ 16 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠦᠷᠲᠡᠭ 1.4 ᠲᠦᠮᠡᠨ ᠳ᠋ᠦᠩᠰᠢᠭᠤᠷ ᠲᠥᠭᠦᠷᠢᠭ | ᠰᠢᠬᠠᠮ ᠪᠣᠯᠪᠠ᠃ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠨᠡᠮᠡᠭᠳᠡᠯ ᠦᠷᠲᠡᠭ 16.1% ᠨᠡᠮᠡᠭᠳᠡᠨ᠂ ᠪᠦᠭᠦ ᠤᠯᠤᠰ ᠤᠨ ᠲᠠᠩ ᠴᠣᠭᠴᠠᠲᠤ | ᠬᠡᠪᠴᠢᠶ᠎ᠡ ᠪᠠᠷ ᠬᠠᠮᠤᠭ ᠤᠨ ᠲᠣᠮᠣ ᠭᠡᠷᠡᠯᠴᠢ ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠲᠦᠷᠦᠯ ᠵᠦᠢᠯ᠂ ᠤᠯᠤᠰ ᠤᠨ ᠳᠣᠲᠣᠭᠠᠳᠤ ᠳᠠᠬᠢ ᠠᠵᠢᠯᠯᠠᠭᠤᠯᠵᠤ ᠪᠠᠶᠢᠭ᠎ᠠ | ᠡᠬᠡ ᠬᠠᠭᠤᠷᠠᠢ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠬᠠᠮᠤᠭ ᠤᠨ ᠲᠣᠮᠣ ᠰᠠᠭᠤᠷᠢᠨ ᠭᠠᠵᠠᠷ᠂ ᠳᠡᠯᠡᠬᠡᠢ ᠶᠢᠨ ᠠᠩᠬᠠᠳᠠᠭᠴᠢ ᠬᠠᠲᠠᠭᠤ ᠲᠥᠯᠥᠪᠲᠦ | ᠳᠣᠣᠷ᠎ᠠ ᠳᠠᠷᠤᠯᠲᠠᠲᠤ ᠣᠰᠣᠳᠦ᠋ᠷᠦᠭᠴᠢ ᠨᠥᠭᠡᠴᠡᠯᠡᠬᠦ ᠦᠢᠯᠡᠳᠪᠦᠷᠢᠯᠡᠯ ᠤᠨ ᠱᠤᠭᠤᠮ ᠢ ᠪᠠᠶᠢᠭᠤᠯᠪᠠ︔ ᠰᠠᠯᠬᠢ ᠭᠡᠷᠡᠯ ᠣᠰᠤᠳᠦ᠋ᠷᠦᠭᠴᠢ ᠨᠥᠭᠡᠴᠡ ᠶᠢᠨ ᠲᠣᠨᠤᠭ | ᠲᠥᠬᠦᠭᠡᠷᠦᠮᠵᠢ ᠦᠢᠯᠡᠳᠬᠦ ᠦᠢᠯᠡᠰ ᠤᠨ ᠦᠢᠯᠡᠳᠬᠦᠨ ᠤ ᠦᠷᠲᠡᠭ 2762 ᠳ᠋ᠦᠩᠰᠢᠭᠤᠷ ᠲᠥᠭᠦᠷᠢᠭ ᠲᠤ ᠬᠦᠷᠴᠦ᠂ ᠭᠦᠬᠡᠬᠤᠲᠠ ᠪᠤᠭᠤᠲᠤ ᠣᠷᠳᠣᠰ | ᠲᠦᠩᠯᠢᠶᠣᠣ ᠶᠢᠨ 4 ᠰᠠᠭᠤᠷᠢᠨ ᠭᠠᠵᠠᠷ ᠤᠨ ᠡᠵᠡᠯᠡᠬᠦ ᠬᠠᠷᠢᠴᠠᠯ 80% ᠳᠤ ᠬᠦᠷᠪᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠨᠡᠮᠡᠭᠳᠡᠯ ᠦᠷᠲᠡᠭ 15.4% ᠨᠡᠮᠡᠭᠳᠡᠵᠦ᠂ ᠨᠡᠭᠦᠷᠡᠰᠦᠨ ᠤ ᠨᠠᠷᠢᠯᠢᠭ ᠭᠦᠨ ᠪᠤᠯᠪᠠᠰᠤᠷᠠᠭᠤᠯᠬᠤ ᠲᠦᠷᠦᠯ ᠵᠦᠢᠯ ᠢ 34 ᠬᠡᠷᠡᠭᠵᠢᠭᠦᠯᠦᠨ᠂ 11 ᠶᠢ ᠨᠢ | ᠠᠰᠢᠭᠯᠠᠯᠲᠠ ᠳᠤ ᠣᠷᠣᠭᠤᠯᠵᠤ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠪᠣᠬᠢᠷᠳᠤᠯ ᠦᠭᠡᠢ ᠤᠰᠤᠳᠥ᠋ᠷᠦᠭᠴᠢ ᠪᠠ ᠨᠡᠭᠦᠷᠡᠰᠦ ᠪᠠᠷ ᠠᠯᠺᠸᠠ ᠨᠡᠭᠦᠷᠥᠭᠴᠢ | ᠦᠢᠯᠡᠳᠬᠦ ᠶᠢ ᠡᠪᠴᠡᠯᠳᠦᠭᠦᠯᠬᠦ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠡᠭᠦᠷᠡᠰᠦ ᠪᠠᠷ ᠡᠲ᠋ᠠ ᠬᠤᠶᠠᠷᠴᠢ ᠠᠯᠺᠤᠤᠯ ᠦᠢᠯᠡᠳᠬᠦ᠂ | ᠨᠡᠭᠦᠷᠡᠰᠦ ᠪᠠᠷ ᠠᠯᠺᠸᠠ ᠨᠡᠭᠦᠷᠥᠭᠴᠢ ᠦᠢᠯᠡᠳᠬᠦ ᠶᠢᠨ ᠦᠢᠯᠡᠳᠪᠦᠷᠢᠯᠡᠬᠦ ᠴᠢᠳᠠᠮᠵᠢ ᠴᠥᠮ ᠪᠦᠭᠦ ᠤᠯᠤᠰ ᠤᠨ ᠬᠤᠶᠠᠳᠤᠭᠠᠷ ᠲᠤ ᠪᠠᠶᠢᠷᠢᠰᠢᠪᠠ᠃ ᠬᠤᠪᠣᠷ | ᠰᠢᠷᠣᠢ ᠶᠢᠨ ᠠᠵᠤ ᠦᠢᠯᠡᠰ ᠤᠨ ᠨᠡᠮᠡᠭᠳᠡᠯ ᠦᠷᠲᠡᠭ 21% ᠨᠡᠮᠡᠭᠳᠡᠵᠦ᠂ ᠳᠤᠮᠳᠠ ᠶᠢᠨ ᠪᠠ ᠬᠦᠨᠳᠦ ᠬᠤᠪᠣᠷ ᠰᠢᠷᠦ᠋ᠢᠲᠤ ᠲᠡᠮᠦᠷᠯᠢᠭ ᠤᠨ ᠦᠢᠯᠡᠳᠬᠦᠨ ᠢ | ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ 10 ᠲᠦᠮᠡᠨ ᠲᠤᠨ ᠤ ᠲᠡᠰ ᠤᠨ ᠪᠦᠭᠦ ᠪᠥᠮᠪᠥᠷᠴᠡᠭ ᠤᠨ ᠬᠠᠮᠤᠭ ᠤᠨ ᠲᠣᠮᠣ ᠬᠤᠪᠣᠷ ᠰᠢᠷᠣᠢ ᠶᠢᠨ | ᠪᠣᠬᠢᠷᠳᠤᠯ ᠦᠭᠡᠢ ᠬᠠᠶᠢᠯᠤᠭᠤᠯᠬᠤ ᠲᠦᠷᠦᠯ ᠵᠦᠢᠯ ᠢ ᠡᠬᠢᠯᠡᠭᠦᠯᠦᠨ᠂ ᠬᠤᠪᠣᠷ ᠰᠢᠷᠣᠢ᠂ ᠨᠢᠦᠪᠢ᠂ ᠯᠢᠲ᠋ᠢ ᠵᠡᠷᠭᠡ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠬᠠᠶᠢᠨ ᠰᠢᠨᠵᠢᠯᠲᠡ ᠰᠢᠨ᠎ᠡ ᠰᠢᠪᠲᠤᠯᠤᠯᠲᠠ ᠲᠠᠢ ᠪᠣᠯᠬᠤ ᠶᠢ ᠪᠡᠶᠡᠯᠡᠭᠦᠯᠪᠡ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠡᠳ᠋ᠰᠢᠭᠦᠯᠦᠨ | ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠦᠷᠲᠡᠭ 11.6% ᠨᠡᠮᠡᠭᠳᠡᠵᠦ᠂ ᠡᠳ᠋ᠰᠢᠭᠦᠯᠵᠦ ᠤᠯᠠᠷᠢᠭᠤᠯᠤᠭᠰᠠᠨ ᠨᠤᠷᠮ᠎ᠠ 72% ᠲᠤ ᠬᠦᠷᠴᠦ᠂ ᠰᠦ ᠰᠠᠭᠠᠯᠢ ᠶᠢᠨ | ᠦᠢᠯᠡᠰ᠂ ᠲᠥᠮᠥᠰᠥ ᠶᠢᠨ ᠤᠯᠤᠰ ᠤᠨ ᠲᠡᠰ ᠤᠨ ᠠᠵᠤ ᠦᠢᠯᠡᠰ ᠤᠨ ᠪᠦᠯᠦᠭᠵᠢᠯ ᠢ 2 ᠪᠠ ᠤᠯᠤᠰ ᠤᠨ ᠲᠡᠰ ᠤᠨ ᠣᠳᠣ ᠦᠶ᠎ᠡ ᠶᠢᠨ ᠠᠵᠤ ᠦᠢᠯᠡᠰ ᠤᠨ | ᠬᠦᠷᠢᠶᠡᠯᠡᠩ ᠢ 3᠂ ᠠᠵᠤ ᠦᠢᠯᠡᠰ ᠤᠨ ᠬᠦᠴᠦᠷᠬᠡᠭ ᠪᠠᠯᠭᠠᠰᠤ ᠶᠢ 8 ᠰᠢᠨ᠎ᠡ ᠪᠠᠷ ᠡᠭᠦᠳᠦᠨ ᠪᠠᠶᠢᠭᠤᠯᠵᠤ᠂ ᠡᠭᠦᠳᠦᠨ ᠪᠠᠶᠢᠭᠤᠯᠤᠭᠰᠠᠨ ᠲᠤᠭ᠎ᠠ ᠬᠡᠮᠵᠢᠶ᠎ᠡ ᠪᠦᠭᠦ | ᠤᠯᠤᠰ ᠲᠤ ᠲᠦᠷᠦᠭᠦᠯᠡᠨ᠂ ᠪᠦᠭᠦ ᠪᠥᠮᠪᠥᠷᠴᠡᠭ ᠤᠨ ᠬᠠᠮᠤᠭ ᠤᠨ ᠲᠣᠮᠣ ᠰᠦᠨ ᠬᠦᠴᠢᠯ ᠤᠨ ᠪᠠᠺᠲ᠋ᠧᠷᠢ ᠶᠢᠨ ᠦᠷ᠎ᠡ ᠡᠳ᠋ ᠤᠨ ᠬᠥᠮᠥᠷᠭᠡ᠂ ᠤᠯᠤᠰ ᠤᠨ ᠬᠤᠨᠢ | ᠢᠮᠠᠭᠠᠨ ᠤ ᠤᠳᠤᠮᠯᠠᠯ ᠤᠨ ᠦᠨᠡᠯᠡᠨ ᠵᠢᠱᠢᠯᠲᠡ ᠶᠢᠨ ᠲᠥᠪ ᠢ ᠪᠠᠶᠢᠭᠤᠯᠵᠤ᠂ ᠠᠯᠠᠰᠢᠨ ᠬᠤᠨᠢᠨ ᠤ ᠠᠵᠤ ᠦᠢᠯᠡᠰ ᠤᠨ ᠦᠢᠯᠡᠳᠬᠦᠨ ᠤ ᠦᠷᠲᠡᠭ ᠮᠢᠩᠭᠠᠨ | ᠳ᠋ᠦᠩᠰᠢᠭᠤᠷ ᠲᠡᠰ ᠲᠤ ᠬᠦᠷᠪᠡ᠃ | ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠳᠤ ᠰᠢᠨ᠎ᠡ ᠰᠢᠪᠲᠤᠯᠤᠯᠲᠠ ᠭᠠᠷᠬᠤ ᠶᠢ ᠠᠬᠢᠭᠤᠯᠪᠠ ᠃ ᠪᠦᠭᠦ ᠣᠷᠣᠨ ᠤ | ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 81.9% ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 314᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ 950 ᠰᠢᠨ᠎ᠡ ᠪᠠᠷ ᠨᠡᠮᠡᠭᠳᠡᠪᠡ᠃ 6 ᠬᠥᠮᠥᠨ ︽ᠬᠥᠬᠡᠮᠥ᠋ᠷᠡᠨ | ᠨᠡᠷᠡᠮᠵᠢᠲᠦ ᠱᠠᠩᠨᠠᠯ ᠢ ᠣᠯᠣᠭᠰᠠᠨ ᠡᠷᠳᠡᠮᠲᠡᠨ︾᠂ ︽ᠤᠯᠤᠰ ᠤᠨ ᠭᠠᠷᠮᠠᠭᠠᠢ ᠵᠠᠯᠠᠭᠤᠴᠤᠳ︾ ᠲᠤ ᠰᠢᠨ᠎ᠡ ᠪᠠᠷ ᠰᠣᠩᠭᠤᠭᠳᠠᠪᠠ᠃ ᠤᠯᠤᠰ ᠤᠨ ᠰᠦ ᠰᠠᠭᠠᠯᠢ ᠶᠢᠨ | ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ 10 ᠠᠺᠠᠳᠧᠮᠢᠴᠢ᠂ ᠵᠠᠭᠤ ᠭᠠᠷᠤᠢ ᠰᠢᠨᠵᠢᠯᠡᠬᠦ ᠤᠬᠠᠭᠠᠨᠲᠠᠨ ᠢ ᠴᠤᠭᠯᠠᠭᠤᠯᠵᠤ᠂ ᠪᠣᠳᠠᠲᠤ | ᠴᠣᠭᠴᠠᠵᠢᠭᠤᠯᠤᠨ ᠡᠵᠡᠩᠨᠡᠵᠦ ᠠᠵᠢᠯᠯᠠᠭᠤᠯᠬᠤ ᠶᠢ ᠪᠡᠶᠡᠯᠡᠭᠦᠯᠪᠡ᠂ ᠰᠦ ᠰᠠᠭᠠᠯᠢ ᠶᠢᠨ ᠦᠢᠯᠡᠰ᠂ ᠡᠪᠡᠰᠦᠨ ᠤ ᠦᠢᠯᠡᠰ᠂ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ 24 ᠴᠢᠬᠤᠯᠠ ᠶᠡᠭᠡ ᠰᠤᠳᠤᠯᠭᠠᠨ ᠤ ᠦᠷ᠎ᠡ ᠪᠦᠲᠦᠭᠡᠯ ᠭᠠᠷᠭᠠᠵᠤ᠂ ᠲᠠᠯᠠᠨ ᠬᠠᠷ᠎ᠠ ᠠᠭᠤᠯᠠ ᠶᠢᠨ | ᠲᠤᠷᠰᠢᠯᠲᠠ ᠶᠢᠨ ᠲᠠᠰᠤᠭ᠂ ᠣᠷᠳᠣᠰ ᠤᠨ ᠲᠤᠷᠰᠢᠯᠲᠠ ᠶᠢᠨ ᠲᠠᠰᠤᠭ ᠪᠠ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ ᠡᠨᠧᠷᠭᠢ ᠶᠢᠨ ᠰᠤᠳᠤᠯᠭᠠᠨ ᠤ | ᠬᠦᠷᠢᠶᠡᠯᠡᠩ᠂ ᠵᠧᠵᠢᠶᠠᠩ ᠶᠡᠭᠡ ᠰᠤᠷᠭᠠᠭᠤᠯᠢ - ᠪᠤᠭᠤᠲᠤ ᠶᠢᠨ ᠴᠠᠬᠢᠭᠤᠷᠲᠤ ᠮᠠᠲ᠋ᠧᠷᠢᠶᠠᠯ ᠤᠨ ᠬᠤᠯᠪᠤᠭᠠᠯᠠᠨ ᠰᠤᠳᠤᠯᠬᠤ ᠲᠥᠪ᠂ ᠲᠤᠮᠳᠠᠳᠤ ᠤᠯᠤᠰ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠪᠠᠶᠠᠨᠨᠠᠭᠤᠷ ᠲᠠᠬᠢ ᠰᠤᠳᠤᠯᠭᠠᠨ ᠤ ᠬᠦᠷᠢᠶᠡᠯᠡᠩ ᠵᠠᠯᠭᠠᠭ᠎ᠠ ᠪᠠᠷ ᠪᠠᠶᠢᠭᠤᠯᠤᠭᠳᠠᠵᠤ᠂ ᠥᠪᠥᠷ ᠮᠣᠩᠭᠤᠯ ᠤᠨ ᠠᠵᠤ | ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠣᠷᠳᠣᠰ ᠲᠠᠬᠢ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠫᠠᠶᠢᠰᠠ ᠡᠯᠭᠦᠨ ᠪᠠᠶᠢᠭᠤᠯᠤᠭᠳᠠᠪᠠ᠃ ᠤᠯᠤᠰ ᠤᠨ | ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠦᠷᠦᠯ ᠵᠦᠢᠯ ᠢ 9 ᠳᠠᠭᠠᠭᠠᠨ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠵᠦᠢᠯ ᠢ 38 ᠬᠡᠷᠡᠭᠵᠢᠭᠦᠯᠦᠨ᠂ ᠰᠢᠨ᠎ᠡ ᠡᠭᠦᠳᠦᠯᠲᠡ ᠶᠢᠨ ᠬᠤᠯᠪᠣᠭᠠᠲᠤ ᠴᠣᠭᠴᠠ ᠶᠢ 70 ᠪᠠᠶᠢᠭᠤᠯᠵᠤ᠂ | ᠠᠭᠤᠷᠬᠠᠢ ᠶᠢᠨ ᠣᠶᠤᠨᠴᠢ ᠮᠠᠰᠢᠨ ᠬᠥᠮᠥᠨ᠂ ᠬᠤᠪᠣᠷ ᠰᠢᠷᠣᠢ ᠶᠢᠨ ᠦᠢᠯᠡᠳᠬᠦᠨ ᠦᠢᠯᠡᠳᠴᠦ ᠪᠦᠲᠦᠭᠡᠬᠦ᠂ ᠡᠷᠴᠢᠯᠡᠭᠦᠷ ᠬᠦᠷᠳᠦ ᠪᠠᠷ ᠡᠨᠧᠷᠭᠢ ᠨᠥᠭᠡᠴᠡᠯᠡᠬᠦ | ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠲᠠᠯ᠎ᠠ ᠪᠠᠷ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠭᠠᠷᠭᠠᠵᠤ᠂ ᠮᠧᠩ ᠺᠧ ᠵᠢᠦᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠤᠨ ᠦᠢᠯᠡᠳᠦᠯ ᠲᠣᠳᠣᠷᠠᠵᠤ᠂ ᠪᠦᠭᠦ ᠣᠷᠣᠨ ᠤ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠲᠤᠭ᠎ᠠ 45. | 3% ᠨᠡᠮᠡᠭᠳᠡᠵᠦ᠂ ᠠᠷᠠᠯᠵᠢᠶᠠᠯᠠᠭᠰᠠᠨ ᠲᠤᠭ᠎ᠠ 17.6% ᠨᠡᠮᠡᠭᠳᠡᠪᠡ᠃ | ᠳᠥᠷᠪᠡ ᠳᠤ ᠬᠦᠴᠢᠷ ᠠᠰᠠᠭᠤᠳᠠᠯ ᠢ ᠥᠭᠡᠷᠡᠴᠢᠯᠡᠯᠲᠡ ᠶᠢᠨ ᠠᠷᠭ᠎ᠠ ᠪᠠᠷ ᠠᠷᠢᠯᠭᠠᠨ ᠰᠢᠢᠳᠪᠦᠷᠢᠯᠡᠬᠦ ᠶᠢ ᠨᠡᠩ ᠶᠡᠭᠡ ᠴᠢᠬᠤᠯᠠᠴᠢᠯᠠᠨ ᠦᠵᠡᠪᠡ ᠃ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠳᠤ ᠬᠠᠨᠳᠤᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ | ᠨᠢᠭᠡᠳᠦᠯᠲᠡᠢ ᠬᠠᠮᠢᠶᠠᠷᠬᠤ︾ ᠶᠢ ᠭᠦᠨᠵᠡᠭᠡᠶᠢᠷᠡᠭᠦᠯᠦᠨ ᠠᠬᠢᠭᠤᠯᠵᠤ᠂ ᠠᠵᠤ ᠠᠬᠤᠶᠢᠯᠠᠯ ᠤᠨ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ | ᠦᠢᠯᠡᠴᠢᠯᠡᠭᠡ ᠪᠠᠨ ᠴᠢᠩᠭᠠᠷᠠᠭᠤᠯᠤᠨ᠂ ᠬᠠᠯᠠᠮᠰᠢᠯ ᠤᠲᠠᠰᠤ 12345 ᠶᠢᠨ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠭᠰᠡᠨ ᠪᠠᠶᠢᠳᠠᠯ ᠳᠤ ᠰᠠᠷ᠎ᠠ ᠪᠣᠯᠭᠠᠨ | ᠨᠡᠷᠡᠰ ᠤᠨ ᠵᠢᠭᠰᠠᠭᠠᠯᠲᠠ ᠭᠠᠷᠭᠠᠵᠤ ᠨᠡᠪᠲᠡᠷᠡᠭᠦᠯᠦᠨ ᠮᠡᠳᠡᠭᠡᠯᠡᠵᠦ᠂ ᠬᠤᠶᠢᠭᠤᠷ ᠵᠢᠭᠰᠠᠭᠠᠭᠳᠠᠵᠤ ᠪᠠᠶᠢᠭ᠎ᠠ ᠲᠠᠢ ᠨᠢ ᠪᠣᠯᠵᠣᠨ ᠶᠠᠷᠢᠯᠴᠠᠵᠤ᠂ ᠤᠯᠠᠮ ᠤᠯᠠᠨ ᠠᠵᠤ | ᠠᠬᠤᠶᠢᠯᠠᠯ ᠪᠠ ᠠᠷᠠᠳ ᠲᠦᠮᠡᠨ ᠬᠠᠯᠠᠮᠰᠢᠯ ᠤᠲᠠᠰᠤ ᠪᠠᠷ ᠲᠠᠮᠵᠢᠵᠦ ᠲᠦᠷᠦ ᠶᠢᠨ ᠪᠣᠳᠣᠯᠭ᠎ᠠ ᠶᠢ ᠣᠶᠢᠯᠠᠭᠠᠭᠰᠠᠨ ᠪᠠ ᠠᠰᠠᠭᠤᠳᠠᠯ ᠢᠶᠠᠨ ᠰᠢᠢᠳᠪᠦᠷᠢᠯᠡᠵᠦ᠂ ᠪᠦᠭᠦ | ᠵᠢᠯ ᠳᠤ ᠡᠯ᠎ᠡ ᠲᠦᠷᠦᠯ ᠤᠨ ᠭᠤᠮᠣᠳᠠᠯ ᠱᠠᠭᠠᠷᠳᠠᠯᠭ᠎ᠠ ᠶᠢ 641 ᠲᠦᠮᠡᠨ ᠬᠤᠪᠢ ᠭᠥᠯᠢᠶᠡᠨ ᠠᠪᠴᠤ ᠰᠢᠢᠳᠪᠦᠷᠢᠯᠡᠨ᠂ ᠭᠦᠢᠴᠡᠳᠬᠡᠵᠦ ᠳᠠᠭᠤᠰᠬᠠᠭᠰᠠᠨ ᠨᠤᠷᠮ᠎ᠠ | 95% ᠠᠴᠠ ᠳᠡᠭᠡᠭᠰᠢ ᠳᠤ ᠬᠦᠷᠪᠡ︔ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠬᠡ ᠶᠢᠨ ᠵᠦᠢᠯᠡᠰ ᠢ 268 ᠬᠦᠴᠦᠨ ᠦᠭᠡᠢ ᠪᠤᠯᠭᠠᠨᠨᠰᠠᠨ ᠪᠠ ᠳᠣᠷᠣᠭᠰᠢ | ᠪᠠᠭᠤᠯᠭᠠᠵᠤ᠂ ᠠᠵᠤ ᠦᠢᠯᠡᠳᠪᠦᠷᠢ ᠳᠤ ᠬᠡᠷᠡᠭᠯᠡᠬᠦ ᠬᠡᠰᠡᠭᠯᠡᠭᠰᠡᠨ ︽ᠪᠠᠷᠢᠮᠵᠢᠶᠠᠲᠤ ᠭᠠᠵᠠᠷ︾ ᠢ 332 ᠲᠥᠯᠥᠪᠦᠷᠢᠲᠡᠢ ᠰᠢᠯᠵᠢᠭᠦᠯᠦᠨ᠂ ᠬᠦᠷᠢᠶᠡᠯᠡᠩ ᠲᠣᠭᠤᠷᠢᠭ ᠪᠠ | ᠲᠣᠰᠬᠤᠨ ᠤ ᠱᠠᠲᠤ ᠪᠦᠬᠦᠨ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠶᠢ ᠬᠠᠮᠤᠷᠤᠭᠤᠯᠬᠤ ᠶᠢ ᠪᠡᠶᠡᠯᠡᠭᠦᠯᠵᠦ᠂ ︽ᠵᠠᠰᠠᠭ ᠤᠨ ᠶᠠᠪᠤᠳᠠᠯ + | ᠰᠢᠭᠤᠳ ᠨᠡᠪᠲᠡᠷᠡᠭᠦᠯᠭᠡ︾ ᠦᠢᠯᠡᠴᠢᠯᠡᠭᠡᠨ ᠤ ᠰᠢᠨ᠎ᠡ ᠵᠠᠭᠪᠤᠷ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ | ᠴᠢᠳᠠᠮᠵᠢ ᠪᠠᠨ ᠳᠡᠭᠡᠭᠰᠢᠯᠡᠭᠦᠯᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠯ ᠴᠢᠩᠭ᠎ᠠ | ᠠᠰᠠᠭᠤᠳᠠᠯ ᠳᠤ ᠬᠠᠨᠳᠤᠭᠤᠯᠵᠤ᠂ ᠠᠵᠤ ᠠᠬᠤᠶᠢᠯᠠᠯ ᠳᠤ ᠥᠷᠢᠲᠦᠵᠦ ᠪᠠᠶᠢᠭ᠎ᠠ 1293 ᠳ᠋ᠦᠩᠰᠢᠭᠤᠷ ᠲᠥᠭᠦᠷᠢᠭ ᠤᠨ ᠳᠠᠩᠰᠠᠨ ᠳᠠᠬᠢ ᠵᠣᠭᠤᠰ ᠢ ᠲᠥᠯᠥᠵᠦ | ᠳᠠᠭᠤᠰᠬᠠᠨ᠂ ᠠᠵᠤ ᠠᠬᠤᠶᠢᠯᠠᠯ ᠳᠤ ᠨᠢᠭᠡ ᠪᠦᠯᠦᠭ ᠭᠠᠵᠠᠷ ᠰᠢᠷᠣᠢ ᠦᠢᠯᠡᠳᠪᠦᠷᠢ ᠶᠢᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠭᠠᠷᠳᠠᠮ ᠤᠨ ᠠᠰᠠᠭᠤᠳᠠᠯ ᠢ | ᠰᠢᠢᠳᠪᠦᠷᠢᠯᠡᠨ ᠥᠭᠴᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠢᠴᠢ ᠭᠠᠶᠢᠯᠢ ᠶᠢ ᠪᠤᠴᠠᠭᠠᠵᠤ ᠬᠤᠶᠢᠰᠢᠯᠠᠭᠤᠯᠤᠨ ᠲᠤᠰᠢᠶᠠᠬᠤ ᠵᠠᠷᠤᠳᠠᠯ ᠢ 341 | ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠦᠨ᠂ 2 ᠠᠵᠤ ᠠᠬᠤᠶᠢᠯᠠᠯ ᠠᠮᠵᠢᠯᠲᠠᠲᠠᠢ ᠪᠠᠷ ᠵᠠᠬ᠎ᠠ ᠳᠤ ᠭᠠᠷᠴᠤ᠂ 5 ᠠᠵᠤ ᠠᠬᠤᠶᠢᠯᠠᠯ ᠪᠦᠭᠦ ᠤᠯᠤᠰ ᠤᠨ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ ᠤᠨ ᠡᠩᠨᠡᠭᠡᠨ ᠳᠤ ᠵᠢᠭᠰᠠᠭᠠᠭᠳᠠᠵᠤ᠂ ᠪᠦᠭᠦ ᠣᠷᠣᠨ ᠤ ᠵᠠᠭᠤᠨ ᠬᠦᠴᠦᠷᠬᠡᠭ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠭᠦ ᠣᠷᠣᠯᠭ᠎ᠠ 1 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠪᠠᠭᠤᠷᠠᠢ ᠪᠠᠶᠢᠭ᠎ᠠ ᠣᠳᠣᠬᠢ ᠪᠠᠶᠢᠳᠠᠯ ᠳᠤ ᠬᠠᠨᠳᠤᠭᠤᠯᠵᠤ᠂ ︽ᠪᠦᠰᠡᠯᠡᠯᠲᠡ ᠰᠢᠪᠲᠤᠯᠬᠤ︾ ᠠᠵᠢᠯᠯᠠᠭᠠᠨ ᠢ ᠥᠷᠨᠢᠭᠦᠯᠵᠦ᠂ ᠠᠯᠳᠠᠭᠳᠠᠯ ᠢ ᠵᠠᠰᠠᠬᠤ | ᠡᠷᠴᠢᠮ ᠢᠶᠠᠨ ᠴᠢᠩᠭᠠᠷᠠᠭᠤᠯᠪᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ | ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠶᠡᠷᠦᠩᠬᠡᠢ ᠲᠤᠭ᠎ᠠ 70% ᠨᠡᠮᠡᠭᠳᠡᠵᠦ᠂ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ ᠤᠨ ᠠᠰᠢᠭ ᠣᠯᠵᠠᠪᠤᠷᠢ 53 ᠳ᠋ᠦᠩᠰᠢᠭᠤᠷ ᠲᠥᠭᠦᠷᠢᠭ ᠲᠤ ᠬᠦᠷᠴᠦ᠂ ᠪᠦᠭᠦ ᠤᠯᠤᠰ ᠤᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ | ᠴᠠᠬᠢᠯᠭᠠᠨ ᠬᠦᠴᠦᠨ ᠤ ᠪᠦᠯᠦᠭᠯᠡᠯ ᠤᠷᠤᠭᠰᠢ ᠪᠠᠨ 24 ᠨᠡᠷ᠎ᠡ ᠲᠡᠪᠰᠢᠨ᠂ ᠥᠪᠥᠷ ᠮᠣᠩᠭᠤᠯ ᠤᠨ ᠡᠨᠧᠷᠬᠢ ᠶᠢᠨ ᠪᠦᠯᠦᠭᠯᠡᠯ ᠤᠨ ᠪᠡᠯᠡ ᠬᠥᠷᠥᠩᠭᠡ ᠶᠢᠨ ᠶᠡᠷᠦᠩᠬᠡᠢ | ᠲᠤᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ᠂ ᠵᠠᠮ ᠬᠠᠷᠢᠯᠴᠠᠭᠠᠨ ᠤ ᠪᠦᠯᠦᠭᠯᠡᠯ᠂ ᠤᠯᠠᠨ ᠤᠯᠤᠰ ᠤᠨ ᠠᠷᠠᠯᠵᠢᠶᠠᠨ ᠤ ᠪᠦᠯᠦᠭᠯᠡᠯ ᠢ ᠰᠢᠨ᠎ᠡ ᠪᠠᠷ ᠵᠣᠬᠢᠶᠠᠨ | ᠪᠠᠶᠢᠭᠤᠯᠪᠠ᠃ ᠨᠡᠭᠡᠭᠡᠯᠲᠡ ᠬᠢᠬᠦ ᠠᠮᠢᠵᠢᠷᠠᠯ ᠤᠨ ᠬᠦᠴᠦᠨ ᠢᠶᠠᠷ ᠳᠤᠲᠠᠮᠠᠭ ᠪᠠᠶᠢᠳᠠᠯ ᠳᠤ ᠬᠠᠨᠳᠤᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ | ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ 32 ᠵᠤᠷᠪᠤᠰ ᠢ ᠨᠡᠶᠢᠲᠡᠯᠡᠨ᠂ ᠮᠠᠨᠵᠤᠤᠷ ᠬᠢᠯᠢ ᠶᠢᠨ ᠪᠣᠭᠤᠮᠲᠠ ᠶᠢᠨ ᠲᠣᠮᠳᠠᠲᠤ ᠤᠷᠤᠰ ᠤᠨ ᠪᠦᠯᠭᠦᠮ ᠢᠶᠠᠷ | ᠵᠢᠭᠤᠯᠴᠢᠯᠠᠬᠤ ᠳᠤ ᠸᠢᠰᠠ ᠲᠠᠮᠠᠭᠠᠯᠠᠬᠤ ᠶᠢ ᠬᠠᠷᠢᠯᠴᠠᠨ ᠬᠡᠯᠲᠦᠷᠢᠭᠦᠯᠬᠦ᠂ ᠡᠷᠢᠶᠡᠨ ᠬᠤᠲᠠ ᠬᠢᠯᠢ ᠶᠢᠨ ᠪᠣᠭᠤᠮᠲᠠ ᠪᠠᠷ 8 ᠰᠠᠭᠤᠳᠠᠯ ᠠᠴᠠ ᠳᠣᠷᠣᠭᠰᠢᠬᠢ ᠵᠢᠵᠢᠭ | ᠬᠡᠯᠪᠡᠷᠢ ᠶᠢᠨ ᠲᠡᠷᠭᠡ ᠬᠥᠰᠬᠡ ᠶᠢ ᠥᠩᠭᠡᠷᠡᠭᠦᠯᠬᠦ ᠪᠣᠳᠣᠯᠭ᠎ᠠ ᠶᠢ ᠰᠡᠷᠭᠦᠭᠡᠵᠦ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠷᠠᠯᠵᠢᠶᠠᠨ ᠤ | ᠲᠤᠭ᠎ᠠ 3 ᠲᠠᠬᠢᠨ ᠰᠢᠬᠠᠮ ᠨᠡᠮᠡᠭᠳᠡᠨ᠂ ᠪᠦᠭᠦ ᠣᠷᠣᠨ ᠤ ᠬᠢᠯᠢ ᠶᠢᠨ ᠪᠣᠭᠤᠮᠲᠠ ᠪᠠᠷ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ | ᠪᠦᠭᠦ ᠤᠯᠤᠰ ᠤᠨ ᠡᠬᠡ ᠬᠠᠭᠤᠷᠠᠢ ᠶᠢᠨ ᠬᠢᠯᠢ ᠳᠠᠭᠠᠤ ᠬᠢᠯᠢ ᠶᠢᠨ ᠪᠣᠭᠤᠮᠲᠠ ᠶᠢᠨ ᠲᠡᠮᠳᠡᠭᠯᠡᠯ ᠢ ᠰᠢᠨᠡᠳᠬᠡᠨ᠂ ᠣᠷᠣᠨ ᠳᠤ ᠢᠷᠡᠵᠦ ᠠᠶᠠᠯᠠᠬᠤ ᠳᠤᠮᠳᠠᠳᠤ | ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡ 429 ᠬᠦᠷᠴᠦ᠂ 73.7% ᠨᠡᠮᠡᠭᠳᠡᠨ᠂ ᠮᠠᠰᠢᠨ ᠴᠠᠬᠢᠯᠭᠠᠨ ᠤ ᠦᠢᠯᠡᠳᠬᠦᠨ ᠤ ᠭᠠᠳᠠᠭᠠᠳᠤ ᠭᠠᠷᠭᠠᠯᠲᠠ 118. | 9% ᠨᠡᠮᠡᠭᠳᠡᠵᠦ᠂ ᠴᠠᠬᠢᠯᠭᠠᠨ ᠬᠦᠳᠡᠯᠭᠡᠭᠦᠷᠲᠦ ᠬᠥᠮᠥᠨ ᠠᠴᠢᠶᠠᠯᠠᠬᠤ ᠮᠠᠰᠢᠨ ᠲᠡᠷᠭᠡ ᠵᠡᠷᠭᠡ ︽ᠭᠤᠷᠪᠠᠨ ᠰᠢᠨ᠎ᠡ ᠲᠦᠷᠦᠯ︾ ᠤᠨ ᠦᠢᠯᠡᠳᠬᠦᠨ ᠤ ᠭᠠᠳᠠᠭᠠᠳᠤ | ᠭᠠᠷᠭᠠᠯᠲᠠ 48 ᠳᠠᠬᠢᠨ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢ 167 ᠰᠢᠨ᠎ᠡ ᠪᠠᠷ ᠲᠣᠬᠢᠷᠠᠭᠤᠯᠵᠤ᠂ 3. | 2 ᠳᠠᠬᠢᠨ ᠨᠡᠮᠡᠭᠳᠡᠨ᠂ ᠭᠠᠳᠠᠭᠠᠳᠤ ᠪᠡᠯᠡ ᠶᠢ ᠬᠡᠷᠡᠭᠯᠡᠭᠰᠡᠨ ᠪᠣᠳᠠᠲᠠᠢ ᠲᠤᠭ᠎ᠠ 55.8 ᠳ᠋ᠦᠩᠰᠢᠭᠤᠷ ᠲᠥᠭᠦᠷᠢᠭ ᠲᠤ ᠬᠦᠷᠴᠦ᠂ 61.5% ᠨᠡᠮᠡᠭᠳᠡᠪᠡ᠃ ᠬᠢᠯᠢ | ᠰᠤᠨᠳᠠᠯᠠᠨ ᠬᠤᠷᠢᠶᠠᠭᠰᠠᠨ ᠪᠠ ᠥᠭᠭᠦᠭᠰᠡᠨ ᠠᠷᠠᠳ ᠤᠨ ᠵᠣᠭᠤᠰ ᠤᠨ ᠲᠤᠭ᠎ᠠ 2584.2 ᠳ᠋ᠦᠩᠰᠢᠭᠤᠷ ᠲᠥᠭᠦᠷᠢᠭ ᠲᠤ ᠬᠦᠷᠴᠦ᠂ 99.8% ᠨᠡᠮᠡᠭᠳᠡᠪᠡ᠃ | ᠲᠠᠪᠤ ᠳᠤ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠪᠠᠨ ᠴᠢᠩᠭᠠᠳᠬᠠᠪᠠ ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠴᠣᠬᠤᠯᠠᠪᠤᠷᠢ ᠶᠢ ᠣᠯᠵᠤ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠢ ᠠᠬᠢᠭᠤᠯᠪᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠰᠠᠶᠢᠲᠤᠷ | ᠠᠳᠬᠤᠵᠤ᠂ ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾ ᠶᠢ ᠪᠠᠶᠢᠩᠭᠤᠵᠢᠭᠤᠯᠤᠨ ᠠᠬᠢᠭᠤᠯᠵᠤ᠂ ᠰᠠᠶᠢᠷᠭᠠᠯ ᠤᠨ ᠣᠷᠣᠨ ᠤ 770 ᠡᠷᠦᠬᠡ᠂ 1853 | ᠬᠥᠮᠥᠨ ᠢ ᠨᠡᠭᠦᠯᠭᠡᠨ ᠲᠣᠬᠢᠷᠠᠭᠤᠯᠬᠤ ᠪᠠ ᠲᠠᠷᠢᠬᠤ ᠶᠢ ᠴᠠᠭᠠᠵᠠᠯᠠᠵᠤ ᠬᠢᠵᠠᠭᠠᠷᠯᠠᠬᠤ ᠣᠨ ᠤ ᠡᠭᠦᠷᠭᠡ ᠪᠠᠨ ᠪᠡᠶᠡᠯᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ | ᠰᠢᠷᠠᠤ᠋ᠰᠤᠨ ᠭᠤᠣᠯ ᠤᠨ ᠬᠢᠯᠢ ᠳᠣᠲᠣᠷᠠᠬᠢ ᠬᠡᠰᠡᠭ ᠢ ᠬᠠᠮᠠᠭᠠᠯᠠᠵᠤ ᠵᠠᠰᠠᠭᠰᠠᠨ ᠨᠢ ᠪᠦᠬᠦ ᠤᠯᠤᠰ ᠤᠨ ᠦᠵᠡᠰᠬᠦᠯᠡᠩᠲᠦ ᠨᠠᠭᠤᠷ ᠭᠤᠣᠯ ᠤᠨ ᠰᠢᠯᠢᠳᠡᠭ ᠵᠢᠱᠢᠶ᠎ᠡ ᠪᠠᠷ | ᠰᠣᠩᠭᠤᠭᠳᠠᠪᠠ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ 21.3 ᠲᠦᠮᠡᠨ ᠡᠷᠦᠭᠡ ᠶᠢᠨ ᠴᠡᠪᠡᠷ | ᠳᠤᠯᠠᠭᠠᠯᠠᠭ᠎ᠠ ᠪᠠᠷ ᠥᠭᠡᠷᠡᠴᠢᠯᠡᠵᠦ ᠰᠢᠨᠡᠳᠬᠡᠬᠦ ᠠᠵᠢᠯ ᠢ ᠪᠡᠶᠡᠯᠡᠭᠦᠯᠦᠨ᠂ ︽ᠬᠥᠯᠥᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾᠂ ᠴᠠᠭᠠᠨᠨᠠᠭᠤᠷ | ᠵᠡᠷᠭᠡ ᠶᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠤᠯᠤᠰ ᠲᠤ ᠦᠨᠡᠯᠡᠭᠳᠡᠨ ᠨᠤᠲᠠᠯᠠᠭᠳᠠᠵᠤ᠂ ᠤᠯᠠᠭᠠᠨᠰᠤᠬᠠᠢ ᠨᠠᠭᠤᠷ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠶᠢᠨ ᠳᠦᠷᠢᠮ ᠢ ᠨᠡᠶᠢᠲᠡᠯᠡᠨ ᠬᠡᠷᠡᠭᠵᠢᠭᠦᠯᠵᠦ᠂ ᠪᠦᠬᠦ ᠣᠷᠣᠨ ᠤ ᠤᠯᠤᠰ ᠤᠨ ᠰᠢᠯᠭᠠᠨ ᠬᠢᠨᠠᠬᠤ ᠭᠠᠵᠠᠷ ᠳᠡᠭᠡᠷᠡᠬᠢ ᠤᠰᠤᠨ ᠤ | ᠣᠭᠲᠣᠯᠣᠭᠠᠰᠤ ᠶᠢᠨ ᠤᠰᠤᠨ ᠤ ᠴᠢᠨᠠᠷ ᠤᠨ ᠰᠢᠯᠢᠳᠡᠭ ᠰᠠᠶᠢᠨ ᠪᠠᠷᠢᠮᠵᠢᠶ᠎ᠠ ᠳᠤ ᠬᠦᠷᠦᠭᠦᠯᠬᠦ ᠬᠠᠷᠢᠴᠠᠯ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ ᠤ | PM2.5 ᠶᠢᠨ ᠥᠳᠬᠡᠴᠡ ᠲᠡᠦᠬᠡᠨ ᠳᠠᠬᠢ ᠬᠠᠮᠤᠭ ᠰᠠᠶᠢᠨ ᠲᠦᠪᠰᠢᠨ ᠳᠤ ᠬᠦᠷᠪᠡ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠬᠡᠷᠡᠭᠵᠢᠭᠦᠯᠵᠦ᠂ ︽ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ ᠠᠵᠢᠯᠯᠠᠭᠠᠨ ᠢ ᠥᠷᠭᠦᠯᠵᠢᠯᠡᠨ ᠥᠷᠨᠢᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ 9326 | ᠲᠦᠷᠦᠯ ᠵᠦᠢᠯ ᠤᠨ ᠵᠥᠪᠰᠢᠶᠡᠷᠡᠵᠦ ᠪᠣᠯᠬᠤ ᠪᠦᠬᠦᠨ ᠢ ᠨᠢ ᠵᠥᠪᠰᠢᠶᠡᠷᠡᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ | ᠰᠢᠷᠣᠢ ᠶᠢ ᠰᠢᠩᠭᠡᠭᠡᠵᠦ ᠰᠢᠢᠳᠪᠦᠷᠢᠯᠡᠭᠰᠡᠨ ᠨᠢ ᠨᠡᠶᠢᠯᠡᠭᠡᠳ 40 ᠲᠦᠮᠡᠨ ᠮᠦ ᠠᠴᠠ ᠳᠠᠪᠠᠵᠤ᠂ ᠠᠩᠬᠠᠨ ᠤ ᠪᠦᠯᠦᠭ 22 ᠳ᠋ᠦᠩᠰᠢᠭᠤᠷ ᠲᠥᠭᠦᠷᠢᠭ ᠤᠨ ᠭᠠᠵᠠᠷ | ᠰᠢᠷᠣᠢ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠭᠰᠠᠨ ᠦᠯᠡᠳᠡᠪᠦᠷᠢ ᠶᠢᠨ ᠭᠦᠢᠴᠡᠳᠬᠡᠯ ᠲᠤᠭ᠎ᠠ ᠶᠢᠨ ᠮᠤᠵᠢ ᠠᠯᠤᠰᠯᠠᠨ ᠠᠷᠠᠯᠵᠢᠶᠠᠯᠠᠬᠤ ᠶᠢ ᠪᠡᠶᠡᠯᠡᠭᠦᠯᠵᠦ᠂ ︽ | ᠬᠠᠭᠠᠰ ᠳᠤᠲᠠᠭᠤ ᠣᠷᠬᠢᠭᠳᠠᠭᠰᠠᠨ︾ ᠢᠨᠵᠧᠨᠧᠷᠢᠩ ᠢ ᠰᠡᠷᠭᠦᠭᠡᠬᠦ ᠪᠠ ᠨᠡᠭᠡᠭᠡᠯᠲᠡ ᠶᠢᠨ ᠲᠣᠭᠤᠷᠢᠭ ᠤᠨ ︽ᠲᠦᠢᠯᠪᠤᠷᠢᠲᠠᠢ ᠰᠢᠢᠳᠪᠦᠷᠢᠯᠡᠯᠲᠡ︾ ᠶᠢ | ᠦᠨᠳᠦᠰᠦᠨ ᠳᠤ ᠪᠠᠨ ᠪᠡᠶᠡᠯᠡᠭᠦᠯᠪᠡ᠂ ᠲᠠᠷᠢᠶᠠᠯᠠᠩ ᠤᠨ ᠤᠰᠤ ᠠᠷᠪᠢᠯᠠᠭᠰᠠᠨ ᠬᠡᠮᠵᠢᠶ᠎ᠡ 3.73 ᠳ᠋ᠦᠩᠰᠢᠭᠤᠷ ᠺᠦᠪ ᠮᠧᠲᠷ ᠲᠤ ᠬᠦᠷᠴᠦ᠂ ᠲᠠᠷᠢᠶᠠᠨ ᠭᠠᠵᠠᠷ ᠢ | ᠤᠰᠤᠯᠠᠬᠤ ᠤᠰᠤ ᠶᠢ ᠪᠦᠲᠦᠮᠵᠢᠲᠡᠢ ᠠᠰᠢᠭᠯᠠᠭᠰᠠᠨ ᠢᠯᠡᠳᠬᠡᠮᠵᠢ ᠨᠢ ᠠᠩᠬ᠎ᠠ ᠤᠳᠠᠭ᠎ᠠ ᠤᠯᠤᠰ ᠤᠨ ᠳᠤᠮᠳᠠᠴᠢ ᠲᠦᠪᠰᠢᠨ ᠠᠴᠠ ᠳᠠᠪᠠᠵᠤ᠂ | ᠨᠡᠭᠦᠷᠡᠰᠦᠲᠥ᠋ᠷᠥᠭᠴᠢ ᠶᠢᠨ ᠬᠤᠷᠠᠮᠠᠯ ᠢ ᠠᠷᠠᠯᠵᠢᠶᠠᠯᠠᠭᠰᠠᠨ ᠬᠡᠮᠵᠢᠶ᠎ᠡ 80.5 ᠲᠦᠮᠡᠨ ᠲᠤᠨ᠂ ᠠᠷᠠᠯᠵᠢᠶᠠᠯᠠᠭᠰᠠᠨ ᠲᠤᠭ᠎ᠠ 2709 ᠲᠦᠮᠡᠨ ᠲᠥᠭᠦᠷᠢᠭ ᠲᠤ ᠬᠦᠷᠴᠦ | ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠢ 4᠂ ᠪᠣᠬᠢᠷᠳᠤᠯ ᠦᠭᠡᠢ ᠠᠵᠤ ᠦᠢᠯᠡᠳᠪᠦᠷᠢ ᠶᠢ 67 ᠰᠢᠨ᠎ᠡ ᠪᠠᠷ ᠡᠭᠦᠳᠦᠨ ᠪᠠᠶᠢᠭᠤᠯᠪᠠ᠃ | ᠵᠢᠷᠭᠤᠭ᠎ᠠ ᠳᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠷᠨᠢᠭᠦᠨ ᠰᠡᠷᠭᠦᠯᠲᠡ ᠲᠠᠢ ᠪᠣᠯᠬᠤ ᠶᠢ ᠪᠦᠲᠦᠮᠵᠢᠲᠡᠢ ᠠᠬᠢᠭᠤᠯᠪᠠ ᠃ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠰᠡᠷᠭᠦᠨ ᠬᠥᠭᠵᠢᠬᠦ ᠶᠢ ᠳᠡᠮᠵᠢᠬᠦ 15 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ︽ᠪᠡᠭᠡᠵᠢᠩ ᠱᠠᠩᠬᠠᠢ | ᠭᠤᠸᠠᠩᠵᠧᠦ ᠱᠧᠨᠵᠧᠨ︾ ᠵᠡᠷᠭᠡ ᠣᠯᠠᠨ ᠬᠤᠲᠠ ᠯᠤᠭ᠎ᠠ ᠬᠠᠮᠲᠤᠷᠠᠨ ︽ᠵᠠᠭᠤᠨ ᠲᠦᠮᠡᠨ ᠬᠥᠮᠥᠨ ᠬᠠᠷᠢᠯᠴᠠᠨ ᠵᠢᠭᠤᠯᠴᠢᠯᠠᠬᠤ︾ ᠠᠵᠢᠯᠯᠠᠭᠠᠨ ᠢ ᠥᠷᠨᠢᠭᠦᠯᠵᠦ᠂ | ᠷᠠᠰᠢᠶᠠᠨ᠂ ᠬᠥᠯᠥᠨ ᠪᠦᠢᠷ ᠵᠡᠷᠭᠡ ᠭᠤᠣᠯᠳᠠᠯᠭ᠎ᠠ ᠲᠠᠢ ᠵᠢᠭᠤᠯᠴᠢᠯᠠᠯ ᠤᠨ ᠵᠣᠷᠢᠭᠰᠠᠨ ᠭᠠᠵᠠᠷ ᠲᠤ ᠬᠦᠷᠬᠦ ᠲᠤᠰᠬᠠᠢ ᠴᠤᠪᠤᠭ᠎ᠠ ᠲᠡᠷᠭᠡ 400᠂ ᠲᠦᠷᠢᠶᠡᠰᠦᠨ | ᠨᠢᠰᠬᠡᠯ 700 ᠤᠳᠠᠭ᠎ᠠ ᠪᠠᠶᠢᠵᠤ᠂ ᠪᠦᠬᠦ ᠣᠷᠣᠨ ᠳᠤ ᠬᠦᠯᠢᠶᠡᠨ ᠠᠪᠴᠤ ᠵᠣᠴᠢᠯᠠᠭᠰᠠᠨ ᠵᠢᠭᠤᠯᠴᠢᠯᠠᠭᠴᠢᠳ 2.3 ᠳ᠋ᠦᠩᠰᠢᠭᠤᠷ ᠬᠥᠮᠥᠨ ᠤᠳᠠᠭ᠎ᠠ ᠠᠴᠠ ᠳᠠᠪᠠᠵᠤ | ᠂ ᠣᠷᠣᠯᠭ᠎ᠠ 3350 ᠳ᠋ᠦᠩᠰᠢᠭᠤᠷ ᠲᠥᠭᠦᠷᠢᠭ ᠢ ᠳᠠᠪᠠᠵᠤ᠂ ᠴᠥᠮ 2019 ᠣᠨ ᠤ 1.2 ᠳᠠᠬᠢᠨ ᠪᠠᠶᠢᠪᠠ᠃ ᠤᠯᠤᠰ ᠤᠨ ᠳᠡᠰ ᠤᠨ ᠰᠣᠶᠣᠯ ᠵᠢᠭᠤᠯᠴᠢᠯᠠᠯ ᠤᠨ | ᠨᠡᠷᠡᠲᠦ ᠲᠡᠮᠳᠡᠭ ᠢᠶᠠᠷ 17 ᠵᠦᠢᠯ ᠵᠥᠪᠰᠢᠶᠡᠷᠡᠭᠳᠡᠵᠦ᠂ ᠤᠯᠤᠰ ᠤᠨ 5C᠂ 4C ᠳᠡᠰ ᠤᠨ ᠬᠤᠪᠢ ᠶᠢᠨ ᠮᠠᠰᠢᠨ ᠲᠡᠷᠭᠡ ᠪᠠᠷ ᠪᠠᠭᠤᠳᠠᠯᠯᠠᠬᠤ ᠰᠠᠭᠤᠷᠢᠨ ᠤ ᠲᠤᠭ᠎ᠠ | ᠪᠦᠬᠦ ᠤᠯᠤᠰ ᠤᠨ ᠲᠡᠷᠢᠭᠦᠨ ᠳᠤ ᠪᠠᠶᠢᠷᠢᠰᠢᠵᠤ᠂ ᠤᠯᠤᠰ ᠤᠨ ᠳᠡᠰ ᠤᠨ ᠴᠠᠰᠤᠨ ᠳᠤ ᠭᠤᠯᠭᠤᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ ᠲᠤᠭ᠎ᠠ ᠪᠦᠬᠦ | ᠤᠯᠤᠰ ᠤᠨ ᠬᠤᠶᠠᠳᠤᠭᠠᠷ ᠲᠤ ᠪᠠᠶᠢᠷᠢᠰᠢᠪᠠ᠃ ᠵᠢᠭᠤᠯᠴᠢᠯᠠᠯ ᠤᠨ ︽ᠳᠥᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠲᠠᠰᠤᠷᠠᠯᠲᠠ | ᠦᠭᠡᠢ ᠲᠣᠳᠣᠷᠠᠵᠤ᠂ ︽ᠲᠠᠯ᠎ᠠ ᠨᠤᠲᠤᠭ ᠤᠨ ᠪᠣᠯᠵᠣᠯ︾᠂ ︽ᠤᠴᠠᠷᠠᠯᠳᠤ ᠨᠠᠭᠠᠳᠤᠮ︾ ᠵᠡᠷᠭᠡ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠦᠷᠭᠦᠯᠵᠢᠯᠡᠨ | ᠨᠡᠮᠡᠭᠳᠡᠵᠦ᠂ ᠬᠥᠬᠡᠬᠤᠲᠠ ᠶᠢᠨ ᠰᠢᠨ᠎ᠡ ᠣᠨ ᠢᠶᠠᠨ ᠤᠭᠲᠤᠬᠤ ᠦᠳᠡᠰᠢ ᠶᠢᠨ ᠠᠵᠢᠯᠯᠠᠭᠠᠨ ᠪᠦᠬᠦ ᠬᠤᠲᠠᠨ᠎ᠠ ᠬᠦᠷ ᠬᠥᠭᠵᠢᠶᠡᠨ ᠪᠢᠯᠬᠠᠭᠤᠯᠵᠤ᠂ ᠤᠯᠠᠭᠠᠨᠴᠠᠪ ᠤᠨ | ᠦᠳᠡᠰᠢ ᠬᠡᠮᠡᠬᠦ ᠠᠵᠢᠯᠯᠠᠭᠠᠨ ᠵᠢᠭᠤᠯᠴᠢᠯᠠᠭᠴᠢᠳ ᠢ 500 ᠲᠦᠮᠡᠨ ᠬᠥᠮᠥᠨ ᠤᠳᠠᠭ᠎ᠠ ᠲᠠᠲᠠᠵᠤ᠂ ᠲᠥᠪ ᠲᠧᠯᠸᠢᠰ ᠰᠤᠪᠠᠭ APP ᠤᠨ ︽ᠰᠠᠭᠤᠳᠠᠯ ᠤᠨ | ᠮᠠᠰᠢᠨ ᠢᠶᠠᠷ ᠳᠤᠮᠳᠠᠳᠤ ᠤᠯᠤᠰ ᠢᠶᠠᠷ ᠠᠶᠠᠯᠠᠬᠤᠢ︾ ᠰᠢᠭᠤᠳ ᠨᠡᠪᠲᠡᠷᠡᠭᠦᠯᠭᠡ ᠨᠢ ︽ᠲᠡᠭᠷᠢ ᠶᠢᠨ ᠬᠠᠶᠠᠭᠠᠨ ᠤ ᠤᠯᠠᠭᠠᠢ︾ ᠶᠢᠨ ᠠᠯᠳᠠᠷ ᠴᠤᠤ ᠶᠢ ᠮᠠᠨᠳᠤᠭᠤᠯᠪᠠ᠃ | ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ︽ᠯᠢᠩᠬᠤᠸ᠎ᠠ ᠱᠠᠩᠨᠠᠯ︾ ᠵᠡᠷᠭᠡ ᠤᠯᠤᠰ ᠤᠨ ᠳᠡᠰ ᠤᠨ ᠱᠠᠩᠨᠠᠯ ᠢ 47 ᠬᠦᠷᠲᠡᠵᠦ᠂ ᠯᠢᠶᠣᠤ | ᠤᠯᠤᠰ ᠤᠨ ᠳᠡᠭᠡᠳᠦ ᠨᠡᠶᠢᠰᠯᠡᠯ ᠤᠨ ᠬᠠᠭᠠᠨ ᠤ ᠬᠤᠲᠠ ᠶᠢᠨ ᠪᠠᠭᠤᠷᠢ ᠶᠢᠨ ᠡᠮᠦᠨ᠎ᠡ ᠬᠡᠰᠡᠭ ᠤᠨ ᠪᠠᠷᠢᠯᠭ᠎ᠠ ᠪᠠ ᠾᠧᠦ ᠴᠧᠩ ᠽᠦᠢ ᠴᠢᠯᠠᠭᠤᠨ ᠬᠤᠲᠠ ᠶᠢᠨ | ᠪᠠᠭᠤᠷᠢ ᠨᠢ ᠳᠤᠮᠳᠠᠳᠤ ᠤᠯᠤᠰ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ ᠳᠤ ᠣᠷᠣᠪᠠ᠃ ᠪᠦᠬᠦ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ | ᠲᠠᠮᠢᠷ ᠤᠨ ᠴᠤᠭᠯᠠᠭᠠᠨ᠂ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠲᠠᠮᠢᠷ ᠤᠨ ᠴᠤᠭᠯᠠᠭᠠᠨ᠂ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠪᠦᠬᠦ ᠬᠦᠴᠦᠨ ᠢᠶᠠᠷ ᠢᠶᠠᠨ ᠪᠡᠯᠡᠳᠬᠡᠪᠡ᠃ | ᠳᠣᠯᠤᠭ᠎ᠠ ᠳᠤ ᠠᠷᠠᠳ ᠤᠨ ᠠᠮᠢᠳᠤᠷᠠᠯ ᠤᠨ ᠪᠣᠳᠠᠲᠤ ᠠᠵᠢᠯ ᠢ ᠰᠡᠳᠬᠢᠯ ᠲᠠᠯᠪᠢᠨ ᠬᠦᠴᠦ ᠣᠷᠣᠭᠤᠯᠵᠤ ᠰᠠᠶᠢᠲᠤᠷ ᠬᠢᠪᠡ᠃ ᠪᠦᠬᠦ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6.1% ᠨᠡᠮᠡᠭᠳᠡᠵᠦ᠂ 2022 ᠣᠨ ᠤ ᠲᠠᠢ ᠠᠳᠠᠯᠢᠳᠬᠠᠪᠠᠯ 0.8 ᠵᠠᠭᠤᠨ ᠤ ᠴᠡᠭ ᠳᠡᠭᠡᠭᠰᠢᠯᠡᠪᠡ᠃ | ᠵᠢᠯ ᠤᠨ ᠡᠬᠢᠨ ᠳᠤ ᠪᠠᠶᠢᠷᠢᠯᠠᠭᠤᠯᠤᠭᠰᠠᠨ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃ ᠬᠤᠲᠠ ᠪᠠᠯᠭᠠᠰᠤᠨ ᠤ 21. | 87 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ᠃ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠥᠨᠥᠴᠢᠨ ᠬᠡᠦᠬᠡᠳ ᠤᠨ ᠪᠠᠲᠤᠯᠠᠭ᠎ᠠ ᠶᠢᠨ | ᠪᠠᠷᠢᠮᠵᠢᠶ᠎ᠠ ᠨᠢ ᠴᠥᠮ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 893 ᠰᠢᠨ᠎ᠡ ᠪᠠᠷ | ᠪᠠᠶᠢᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠵᠤ᠂ ᠬᠡᠦᠬᠡᠳ ᠪᠠ ᠰᠤᠷᠤᠭᠴᠢᠳ ᠤᠨ ᠰᠤᠷᠤᠯᠭ᠎ᠠ ᠶᠢᠨ ᠣᠷᠣ ᠶᠢ 7 ᠲᠦᠮᠡ ᠰᠢᠨ᠎ᠡ ᠪᠠᠷ ᠨᠡᠮᠡᠭᠳᠡᠭᠦᠯᠪᠡ︔ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠢ 327 ᠰᠢᠨ᠎ᠡ ᠪᠠᠷ ᠲᠣᠬᠢᠷᠠᠭᠤᠯᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ | ᠴᠠᠷᠠᠭᠠᠨ ᠳᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠢ ᠰᠢᠨ᠎ᠡ ᠪᠠᠷ 20 ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠠᠵᠤ ᠦᠢᠯᠡᠰ ᠤᠨ ᠳᠡᠭᠡᠳᠦ | ᠰᠤᠷᠭᠠᠭᠤᠯᠢ ᠶᠢ 97 ᠪᠠᠶᠢᠭᠤᠯᠪᠠ᠃ 236 ᠵᠦᠢᠯ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢ ᠬᠥᠳᠡᠯᠦᠩᠭᠦᠢ ᠪᠠᠷ ᠲᠣᠬᠢᠷᠠᠭᠤᠯᠵᠤ᠂ ᠣᠯᠠᠨ ᠲᠦᠮᠡᠨ ᠤ | ᠥᠪᠡᠷ ᠢᠶᠠᠨ ᠲᠤᠰᠢᠶᠠᠬᠤ ᠡᠮᠨᠡᠭᠦᠯᠦᠭᠰᠡᠨ ᠵᠠᠷᠤᠳᠠᠯ ᠳᠤᠮᠳᠠᠴᠢ ᠪᠠᠷ 19% ᠪᠠᠭᠤᠷᠠᠵᠤ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ | ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠡᠮᠨᠡᠭᠦᠯᠦᠭᠰᠡᠨ ᠬᠡᠮᠵᠢᠶ᠎ᠡ 52% ᠨᠡᠮᠡᠭᠳᠡᠵᠦ᠂ ᠮᠡᠰᠡ ᠵᠠᠰᠠᠯ ᠬᠢᠭᠰᠡᠨ | ᠬᠡᠮᠵᠢᠶ᠎ᠡ 83% ᠨᠡᠮᠡᠭᠳᠡᠪᠡ᠃ ᠰᠤᠮᠤ ᠰᠢᠶᠠᠩ ᠪᠠᠯᠭᠠᠰᠤᠨ ᠤ ᠬᠡᠪᠴᠢᠶᠡᠨ ᠳᠤ ᠨᠠᠰᠤᠵᠢᠯ ᠤᠨ ᠦᠢᠯᠡᠴᠢᠯᠡᠭᠡᠨ ᠤ ᠲᠥᠪ ᠢ 350᠂ ᠲᠤᠰᠬᠤᠨ ᠤ ᠱᠠᠲᠤᠨ ᠤ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 2000 ᠰᠢᠨ᠎ᠡ ᠪᠠᠷ ᠪᠠᠶᠢᠭᠤᠯᠵᠤ᠂ ᠮᠢᠩᠭᠠᠨ ᠬᠥᠮᠥᠨ ᠠᠮᠠ ᠪᠦᠷᠢ ᠳᠤ ᠨᠣᠭᠳᠠᠬᠤ ᠨᠠᠶᠢᠳᠠᠨ ᠠᠰᠠᠷᠠᠭᠤᠯᠬᠤ | ᠦᠢᠯᠡᠴᠢᠯᠡᠭᠡᠨ ᠤ ᠣᠷᠣ ᠶᠢᠨ ᠲᠤᠭ᠎ᠠ 3.4 ᠳᠤ ᠬᠦᠷᠪᠡ᠃ ᠬᠤᠲᠠ ᠪᠠᠯᠭᠠᠰᠤᠨ ᠤ ᠬᠠᠭᠤᠴᠢᠨ ᠬᠤᠭᠤᠯᠠᠢ ᠭᠤᠤᠷᠰᠤᠨ ᠤ ᠲᠣᠣᠷ ᠢ 2220 ᠺᠢᠯᠣᠮᠧᠲᠷ᠂ | ᠬᠠᠭᠤᠴᠢᠨ ᠰᠠᠭᠤᠭᠠᠯᠢ ᠲᠣᠭᠤᠷᠢᠭ ᠢ 1639᠂ ᠳᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ 1.56 ᠲᠦᠮᠡᠨ ᠢᠵᠢ ᠥᠭᠡᠷᠡᠴᠢᠯᠡᠨ ᠰᠢᠨᠡᠳᠬᠡᠵᠦ᠂ | ᠬᠥᠳᠡᠭᠡ ᠲᠤᠰᠬᠤᠨ ᠮᠠᠯᠵᠢᠬᠤ ᠣᠷᠣᠨ ᠤ ᠡᠷᠦᠬᠡ ᠶᠢᠨ ᠵᠣᠷᠯᠦᠩ ᠢ 6.2 ᠲᠦᠮᠡ᠂ ᠵᠠᠰᠠᠮᠠᠯ ᠵᠠᠮ ᠢ 5106 ᠺᠢᠯᠣᠮᠧᠲᠷ ᠪᠠᠶᠢᠭᠤᠯᠵᠤ᠂ ᠨᠤᠷᠠᠬᠤ ᠠᠶᠤᠯᠲᠠᠢ ᠭᠡᠷ | ᠪᠠᠶᠢᠰᠢᠩ ᠢ 4211 ᠡᠷᠦᠬᠡ ᠥᠭᠡᠷᠡᠴᠢᠯᠡᠨ ᠰᠢᠨᠡᠳᠬᠡᠵᠦ᠂ ᠬᠢᠯᠢ ᠬᠢᠵᠠᠭᠠᠷ ᠣᠷᠣᠨ ᠳᠤ ᠷᠠᠳᠢᠣ᠋ ᠲᠧᠯᠸᠢᠰ ᠤᠨ ᠭᠡᠷᠡᠯᠯᠢᠭ ᠤᠲᠠᠰᠤ 4000 ᠺᠢᠯᠣᠮᠧᠲᠷ ᠳᠡᠪᠢᠰᠪᠡ᠃ | ᠪᠦᠢᠳᠠ ᠪᠥᠭᠯᠡᠭᠦᠦ ᠭᠠᠵᠠᠷ ᠣᠷᠣᠨ ᠤ ᠴᠠᠬᠢᠯᠭᠠᠨ ᠬᠡᠷᠡᠭᠯᠡᠬᠦ ᠳᠡᠰ ᠳᠡᠪᠰᠢᠭᠦᠯᠬᠦ ᠰᠢᠨ᠎ᠡ ᠨᠢᠭᠡᠨ ᠡᠭᠡᠯᠵᠢ ᠶᠢᠨ ᠢᠨᠵᠧᠨᠧᠷᠢᠩ ᠢ ᠡᠬᠢᠯᠡᠭᠦᠯᠵᠦ᠂ ᠪᠦᠢᠳᠠ ᠪᠥᠭᠯᠡᠭᠦᠦ | ᠭᠠᠵᠠᠷ ᠣᠷᠣᠨ ᠤ 2.4 ᠲᠦᠮᠡᠨ ᠲᠠᠷᠢᠶᠠᠯᠠᠬᠤ ᠮᠠᠯᠵᠢᠬᠤ ᠡᠷᠦᠭᠡ ᠪᠠ 58 ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠤᠨ ᠴᠠᠬᠢᠯᠭᠠᠨ ᠬᠡᠷᠡᠭᠯᠡᠬᠦ ᠳᠤ | ᠬᠦᠴᠢᠷᠲᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 531᠂ ᠲᠠᠷᠠᠬᠠᠢ ᠮᠠᠶ᠋ᠢᠭ ᠤᠨ ᠤᠰᠤᠨ ᠤ | ᠰᠣᠷᠪᠣᠯᠵᠢ ᠶᠢᠨ ᠢᠨᠵᠧᠨᠧᠷᠢᠩ ᠢ 909 ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ 32 ᠲᠦᠮᠡᠨ ᠲᠠᠷᠢᠶᠠᠴᠢᠨ ᠮᠠᠯᠴᠢᠳ ᠠᠰᠢᠭ ᠬᠦᠷᠲᠡᠪᠡ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠵᠦ᠂ ᠥᠪᠥᠷ ᠮᠣᠩᠭᠤᠯ ᠳᠤ | ᠣᠷᠣᠭᠤᠯᠤᠭᠰᠠᠨ ᠪᠡᠭᠡᠵᠢᠩ ᠤᠨ ᠪᠡᠯᠡ ᠮᠥᠩᠭᠦ 150 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠵᠦ᠂ ᠥᠪᠥᠷ ᠮᠣᠩᠭᠤᠯ ᠢ ᠲᠤᠰᠠᠯᠠᠷ᠎ᠠ ᠢᠷᠡᠭᠰᠡᠨ ᠪᠡᠭᠡᠵᠢᠩ ᠤᠨ | ᠪᠠᠭᠰᠢ ᠪᠡᠭᠡᠵᠢᠩ ᠤᠨ ᠡᠮᠴᠢ ᠮᠢᠩᠭ᠎ᠠ ᠰᠢᠬᠠᠮ ᠬᠥᠮᠥᠨ ᠪᠣᠯᠵᠤ᠂ ᠥᠪᠥᠷ ᠮᠣᠩᠭᠤᠯ ᠠᠴᠠ ᠪᠡᠭᠡᠵᠢᠩ ᠤᠷᠤᠭᠤ ᠳᠠᠮᠵᠢᠭᠤᠯᠤᠭᠰᠠᠨ ᠴᠠᠬᠢᠯᠭᠠᠨ 200 ᠳ᠋ᠦᠩᠰᠢᠭᠤᠷ | ᠭᠷᠡᠳᠦ᠋ᠰ ᠢ ᠳᠠᠪᠠᠵᠤ᠂ ᠪᠡᠭᠡᠵᠢᠩ ᠳᠤ ᠣᠷᠣᠭᠤᠯᠤᠭᠰᠠᠨ ᠥᠪᠥᠷ ᠮᠣᠩᠭᠤᠯ ᠤᠨ ᠢᠳᠡᠭᠡᠨ 200 ᠳ᠋ᠦᠩᠰᠢᠭᠤᠷ ᠲᠥᠭᠦᠷᠢᠭ ᠠᠴᠠ ᠳᠠᠪᠠᠵᠤ᠂ ᠪᠡᠭᠡᠵᠢᠩ ᠥᠪᠥᠷ | ᠮᠣᠩᠭᠤᠯ ᠤᠨ ᠬᠠᠷᠢᠯᠴᠠᠨ ᠵᠢᠭᠤᠯᠴᠢᠯᠠᠭᠰᠠᠳ 1000 ᠲᠦᠮᠡᠨ ᠬᠥᠮᠥᠨ ᠤᠳᠠᠭ᠎ᠠ ᠠᠴᠠ ᠳᠠᠪᠠᠵᠤ᠂ ᠪᠡᠭᠡᠵᠢᠩ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠲᠦᠷᠦᠯ ᠵᠦᠢᠯ 72% ᠨᠡᠮᠡᠭᠳᠡᠪᠡ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠳᠡᠯᠭᠡᠷᠡᠭᠦᠯᠵᠦ᠂ | ︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ | ᠲᠣᠭᠲᠠᠴᠠ ᠶᠢ ᠪᠠᠶᠢᠭᠤᠯᠵᠤ᠂ ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ︾ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ | ᠲᠠᠰᠤᠷᠠᠯᠲᠠ ᠦᠭᠡᠢ ᠳᠡᠭᠡᠭᠰᠢᠯᠡᠪᠡ᠃ | ᠨᠠᠢᠮᠠ ᠳᠤ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠴᠢᠩᠭ᠎ᠠ ᠪᠣᠳᠠᠲᠠᠢ ᠰᠡᠷᠭᠡᠶᠢᠯᠡᠵᠦ ᠠᠷᠢᠯᠭᠠᠪᠠ᠃ ᠪᠢᠳᠡ ︽2 • 22︾ ᠤᠨ | ᠠᠳᠡᠯ ᠠᠴᠠ ᠭᠦᠨ ᠰᠤᠷᠭᠠᠮᠵᠢ ᠠᠪᠴᠤ᠂ ᠬᠦᠨᠳᠦ ᠣᠨᠴᠠ ᠶᠡᠭᠡ ᠠᠳᠡᠯ ᠢ ᠰᠡᠷᠭᠡᠶᠢᠯᠡᠨ ᠬᠤᠷᠢᠭᠯᠠᠬᠤ 135 ᠵᠤᠷᠪᠤᠰ ᠬᠠᠲᠠᠭᠤ ᠴᠢᠩᠭ᠎ᠠ ᠠᠷᠭ᠎ᠠ ᠬᠡᠮᠵᠢᠶ᠎ᠡ ᠪᠠ ︽ | ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ ᠭᠦᠢᠴᠡᠳᠬᠡᠬᠦ︾ ᠲᠣᠭᠲᠠᠭᠠᠯ ᠤᠳ ᠢ ᠲᠣᠭᠲᠠᠭᠠᠨ ᠬᠡᠷᠡᠭᠵᠢᠭᠦᠯᠵᠦ᠂ ᠶᠡᠭᠡ ᠪᠠᠷ ᠵᠢᠭᠰᠠᠭᠠᠨ ᠪᠠᠶᠢᠴᠠᠭᠠᠬᠤ ᠪᠠ | ᠶᠡᠭᠡ ᠪᠠᠷ ᠴᠡᠭᠴᠡᠯᠡᠨ ᠵᠠᠰᠠᠬᠤ ᠶᠢ 3 ᠡᠭᠡᠯᠵᠢ ᠪᠠᠷ ᠳᠠᠷᠠᠭᠠᠯᠠᠨ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠲᠤᠰᠬᠠᠢ ᠴᠡᠭᠴᠡᠯᠡᠨ ᠵᠠᠰᠠᠬᠤ ᠪᠠ | ᠰᠣᠯᠪᠢᠴᠠᠭᠤᠯᠤᠭᠠᠳ ᠪᠠᠶᠢᠴᠠᠭᠠᠬᠤ ᠶᠢ ᠭᠦᠨᠵᠡᠭᠡᠢ ᠥᠷᠨᠢᠭᠦᠯᠵᠦ᠂ ᠪᠦᠬᠦ ᠵᠢᠯ ᠳᠤ ᠡᠭᠦᠰᠦᠭᠰᠡᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠲᠤᠭ᠎ᠠ ᠪᠠ | ᠠᠳᠡᠭᠰᠡᠨ ᠬᠥᠮᠥᠨ ᠤ ᠲᠤᠭ᠎ᠠ ᠲᠤᠰ ᠪᠦᠷᠢ 22.8% ᠪᠠ 12.9% ᠪᠠᠭᠤᠷᠠᠪᠠ᠃ ᠪᠢᠳᠡ ᠠᠵᠤ ᠠᠬᠤᠢ ᠶᠢᠨ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠪᠠᠷ ᠴᠢᠬᠤᠯᠠ ᠤᠯᠤᠰ ᠲᠦᠷᠣ ᠶᠢᠨ ᠡᠭᠦᠷᠭᠡ ᠪᠠᠨ ᠪᠣᠯᠭᠠᠵᠣ᠂ ᠪᠠᠶᠢᠳᠠᠭ ᠢᠶᠠᠨ ᠰᠢᠪᠬᠠᠵᠤ ᠥᠷᠢ ᠲᠥᠯᠥᠬᠦ ᠶᠢ ᠪᠠᠷᠢᠮᠲᠠᠯᠠᠵᠤ᠂ ︽1 + 8︾ ᠥᠷᠢ | ᠥᠭᠴᠡᠭᠡ ᠶᠢ ᠠᠷᠢᠯᠭᠠᠬᠤ ᠲᠥᠰᠥᠯ ᠢ ᠲᠣᠭᠲᠠᠭᠠᠨ ᠨᠠᠶᠢᠳᠠᠪᠤᠷᠢᠵᠢᠭᠤᠯᠵᠤ᠂ ︽ᠲᠦᠷᠪᠡᠨ ᠨᠢᠭᠡ ᠪᠦᠯᠦᠭ︾ ᠪᠠ ᠥᠷᠢ ᠥᠭᠴᠡᠭᠡ ᠶᠢ ᠠᠷᠢᠯᠭᠠᠬᠤ ᠱᠠᠩᠨᠠᠯ | ᠨᠥᠬᠦᠪᠦᠷᠢ ᠠᠴᠠ 206 ᠳ᠋ᠦᠩᠰᠢᠭᠤᠷ ᠲᠥᠭᠦᠷᠢᠭ ᠭᠠᠷᠭᠠᠵᠤ ᠦᠨᠳᠦᠰᠦᠨ ᠱᠠᠲᠤᠨ ᠤ ᠥᠷᠢ ᠥᠭᠴᠡᠭᠡ ᠪᠠᠨ ᠠᠷᠢᠯᠭᠠᠬᠤ ᠶᠢ ᠳᠡᠮᠵᠢᠵᠣ᠂ ᠥᠷᠢ ᠥᠭᠴᠡᠭᠡ ᠶᠢ | ᠠᠷᠢᠯᠭᠠᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠯᠠᠱᠠ᠂ ᠦᠬᠠᠢ 2 ᠠᠶᠢᠮᠠᠭ ᠬᠤᠲᠠ ᠶᠢᠨ ᠲᠤᠰ ᠱᠠᠲᠤ ᠪᠠ ᠤᠷᠠᠳ ᠤᠨ ᠡᠮᠦᠨᠡᠲᠦ ᠬᠤᠰᠢᠭᠤ᠂ | ᠵᠦᠸᠧᠽᠢ ᠰᠢᠶᠠᠨ ᠵᠡᠷᠭᠡ 8 ᠬᠤᠰᠢᠭᠤ ᠰᠢᠶᠠᠨ ᠤᠯᠠᠪᠤᠷ ᠥᠩᠭᠡ ᠶᠢᠨ ᠳᠡᠰ ᠠᠴᠠ ᠭᠠᠷᠪᠠ᠃ 7 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠪᠠ᠃ | ᠨᠢᠭᠡ ᠵᠢᠯ ᠤᠨ ᠲᠤᠷᠰᠢ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠵᠠᠰᠠᠭ ᠤᠨ | ᠣᠷᠳᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ ᠢ ᠭᠦᠨᠵᠡᠭᠡᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ | ᠬᠢᠬᠦ 6 ᠢᠵᠢ ᠠᠬᠢᠭᠤᠯᠬᠤ ᠳᠦᠷᠢᠮ ᠢ ᠬᠢᠨᠠᠮᠠᠭᠠᠢ ᠭᠦᠢᠴᠡᠳᠬᠡᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ | ᠳᠡᠯᠭᠡᠷᠡᠭᠦᠯᠦᠨ ᠲᠦᠭᠡᠮᠡᠯᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠰᠢᠯᠭᠠᠯᠲᠠ ᠶᠢᠨ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠭᠰᠡᠨ ᠬᠢᠴᠢᠶᠡᠯ ᠲᠦᠷᠦᠯ ᠳᠤ ︽ᠠᠳᠠᠯᠢᠬᠠᠨ ᠬᠠᠭᠤᠳᠠᠰᠤ ᠰᠢᠯᠭᠠᠯᠲᠠ︾ ᠶᠢ ᠠᠩᠬ᠎ᠠ ᠤᠳᠠᠭ᠎ᠠ ᠬᠡᠷᠡᠭᠵᠢᠭᠦᠯᠵᠦ᠂ | ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠬᠢᠯᠡᠬᠦ ᠠᠩᠭᠢ ᠳᠤ ᠴᠥᠮ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠬᠡᠯᠪᠡᠷᠢ ᠲᠠᠢ | ᠰᠡᠳᠬᠢᠯᠭᠡ ᠲᠠᠢ ᠪᠦᠲᠦᠮᠵᠢᠲᠡᠢ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠢᠰᠲ᠋ᠧᠮ ᠲᠠᠢ ᠡᠮᠬᠢᠯᠡᠨ᠂ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠡᠳᠬᠢᠯ ᠠᠴᠠ ᠪᠠᠨ ᠨᠠᠮ ᠤᠨ ᠰᠠᠶᠢᠨ ᠢ ᠣᠶᠢᠯᠠᠭᠠᠨ ᠮᠡᠳᠡᠷᠡᠭᠦᠯᠵᠦ᠂ | ᠨᠠᠮ ᠤᠨ ᠠᠴᠢ ᠳᠤ ᠲᠠᠯᠠᠷᠬᠠᠭᠤᠯᠤᠨ᠂ ᠨᠠᠮ ᠢᠶᠠᠨ ᠲᠠᠭᠠᠨ ᠤᠷᠤᠭᠰᠢᠯᠠᠭᠤᠯᠪᠠ᠃ | ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠣᠨᠣᠯ ᠢᠶᠠᠷ ᠵᠡᠪᠰᠡᠭᠯᠡᠬᠦ ᠪᠠᠨ ᠴᠢᠩᠭᠠᠷᠠᠭᠤᠯᠵᠤ᠂ | ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠨ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠬᠢᠵᠦ ᠦᠢᠯᠡᠰ ᠴᠣᠭᠴᠠᠯᠠᠬᠤ ᠴᠤᠭ ᠵᠠᠯᠢ ᠪᠠᠨ ᠤᠯᠠᠮ ᠨᠢᠭᠡ ᠠᠯᠬᠤᠮ ᠬᠥᠭᠵᠢᠭᠡᠪᠡ︔ | ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠮᠳᠠᠭᠤᠯᠤᠨ ᠪᠠᠶᠢᠴᠠᠭᠠᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠯᠲᠠ᠂ ᠬᠢᠨᠠᠨ ᠪᠣᠳᠣᠯᠲᠠ ᠶᠢᠨ ᠬᠢᠨᠠᠨ ᠪᠠᠶᠢᠴᠠᠭᠠᠯᠲᠠ | ᠵᠡᠷᠭᠡ ᠳᠤ ᠢᠯᠡᠷᠡᠭᠦᠯᠦᠭᠰᠡᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠢᠶᠠᠨ ᠠᠰᠢᠭᠯᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ | ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ 660 ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ 737 ᠰᠠᠨᠠᠯ ᠳᠤᠷᠠᠳᠤᠯᠭ᠎ᠠ ᠶᠢ ᠴᠠᠭ ᠲᠤ ᠨᠢ ᠭᠦᠢᠴᠡᠳᠬᠡᠨ | ᠬᠠᠷᠢᠭᠤᠯᠵᠤ᠂ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠯᠲᠠ ᠪᠠ ᠲᠤᠷᠰᠢᠯᠲᠠ ᠶᠢᠨ | ᠴᠡᠭ ᠤᠨ ᠡᠭᠦᠷᠭᠡ ᠪᠠᠨ ᠪᠡᠶᠡᠯᠡᠭᠦᠯᠪᠡ︔ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠳᠣᠯᠤᠭ᠎ᠠ ᠶᠢ | ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ | ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ ᠭᠦᠢᠴᠡᠳᠬᠡᠬᠦ ᠴᠢᠳᠠᠪᠤᠷᠢ ᠨᠡᠶᠢᠲᠡ ᠳᠤ ᠢᠲᠡᠭᠡᠭᠦᠯᠬᠦ ᠬᠦᠴᠦᠨ ᠤᠯᠠᠮ ᠨᠢᠭᠡ ᠠᠯᠬᠤᠮ ᠳᠡᠭᠡᠭᠰᠢᠯᠡᠪᠡ᠃ | ᠲᠥᠯᠥᠭᠡᠯᠡᠭᠴᠢᠳ ᠠ᠋︕ ᠪᠦᠬᠦ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠣᠯᠣᠭᠰᠠᠨ ᠠᠯᠢᠪᠠ ᠬᠥᠭᠵᠢᠯᠲᠡ ᠳᠠᠪᠰᠢᠯᠲᠠ ᠶᠢᠨ ᠤᠭ ᠦᠨᠳᠦᠰᠦ ᠨᠢ | ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠤᠢ᠂ ᠮᠥᠨ ᠴᠦ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠳᠤ | ᠪᠠᠶᠢᠬᠤ ᠶᠤᠮ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠬᠦᠴᠢᠷ ᠢ ᠰᠥᠷᠦᠨ ᠴᠢᠷᠮᠠᠶᠢᠨ ᠲᠡᠮᠡᠴᠡᠭᠰᠡᠨ ᠤ ᠦᠷ᠎ᠡ ᠳ᠋ᠦᠩ ᠪᠣᠯᠣᠨ᠎ᠠ᠃ ᠠᠳᠡ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠪᠢᠳᠠ ᠪᠠᠰᠠ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠴᠥᠭᠡᠨ ᠪᠤᠰᠤ ᠳᠤᠲᠠᠭᠤᠳᠠᠯ ᠪᠠᠭᠤᠷᠠᠢ ᠲᠠᠯ᠎ᠠ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ | ᠂ ᠭᠤᠣᠯᠳᠠᠭᠤ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ ᠪᠠᠰᠠ ᠪᠦᠷᠢᠮᠦᠰᠦᠨ ᠦᠷ᠎ᠡ ᠪᠥᠲᠥᠮᠵᠢ ᠣᠯᠣᠭᠠᠳᠤᠢ᠂ ᠤᠯᠠᠮᠵᠢᠯᠠᠯᠲᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠮ ᠪᠠᠰᠠ ᠴᠦ ᠤᠳᠠᠭᠠᠪᠲᠤᠷ ᠪᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ | ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠴᠢᠳᠠᠪᠤᠷᠢ ᠪᠠᠰᠠ ᠲᠡᠶᠢᠮᠤ ᠴᠢᠩᠭ᠎ᠠ ᠪᠤᠰᠤ᠂ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠳᠤ ᠪᠤᠰᠤᠳ ᠲᠤ ᠵᠢᠮᠡᠯᠡᠭᠳᠡᠬᠦ ᠭᠠᠵᠠᠷ ᠮᠥᠨ ᠪᠠᠭ᠎ᠠ ᠪᠤᠰᠤ ᠣᠷᠣᠰᠢᠭᠰᠠᠭᠠᠷ᠂ ᠡᠬᠢ ᠪᠠᠶᠠᠯᠢᠭ ᠢ ᠪᠦᠷᠢᠯᠭᠡᠨ ᠰᠦᠢᠳᠬᠡᠬᠦ ᠦᠵᠡᠭᠳᠡᠯ ᠮᠥᠨ | ᠣᠷᠣᠰᠢᠭᠰᠠᠭᠠᠷ᠂ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ ᠠᠰᠠᠭᠤᠳᠠᠯ ᠮᠥᠨ ᠵᠢᠩᠬᠢᠨᠢ ᠪᠠᠷ ᠰᠢᠢᠳᠪᠦᠷᠢᠯᠡᠭᠳᠡᠭᠡᠳᠦᠢ᠂ ᠣᠷᠣᠨ ᠨᠤᠲᠤᠭ ᠤᠨ ᠥᠷᠢ | ᠥᠭᠴᠡᠭᠡ ᠶᠢ ᠠᠷᠢᠯᠭᠠᠬᠤ ᠡᠭᠦᠷᠭᠡ ᠮᠥᠨ ᠮᠠᠰᠢ ᠬᠦᠨᠳᠦ ᠬᠡᠴᠡᠭᠦᠦ ᠪᠠᠶᠢᠭᠰᠠᠭᠠᠷ᠂ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ | ᠬᠠᠷᠠᠬᠠᠨ ᠠᠷᠢᠯᠤᠭ᠎ᠠ ᠦᠭᠡᠢ᠂ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠨᠢᠮᠭᠡᠨ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ | ᠨᠥᠬᠦᠪᠦᠷᠢᠯᠡᠬᠦ ᠶᠢ ᠲᠤᠯᠭᠠᠮ ᠱᠠᠭᠠᠷᠳᠠᠵᠤ ᠪᠤᠢ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠠᠵᠢᠯ ᠤᠨ | ᠳᠤᠮᠳᠠ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠤᠳ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠵᠠᠷᠢᠮ ᠺᠠᠳ᠋ᠷᠴᠤᠳ ᠤᠨ ᠰᠡᠳᠬᠢᠮᠵᠢ ᠬᠠᠷᠠᠭ᠎ᠠ ᠨᠢ | ᠲᠡᠨᠢᠭᠡᠷ ᠪᠤᠰᠤ᠂ ᠡᠷᠳᠡᠮ ᠴᠢᠳᠠᠪᠤᠷᠢ ᠨᠢ ᠬᠦᠷᠦᠯᠴᠡᠬᠦ ᠦᠭᠡᠢ᠂ ᠠᠵᠢᠯ ᠤᠨ ᠰᠤᠷᠲᠠᠯ ᠨᠢ ᠲᠥᠪ ᠪᠤᠰᠤ ᠪᠠᠶᠢᠨ᠎ᠠ᠃ ᠬᠡᠷᠪᠡ ᠡᠳᠡᠭᠡᠷ ᠠᠰᠠᠭᠤᠳᠠᠯ ᠢ ᠰᠢᠢᠳᠪᠦᠷᠢᠯᠡᠬᠦ | ᠦᠭᠡᠢ ᠪᠣᠯ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠦᠨᠳᠦ ᠨᠣᠴᠢᠲᠠᠢ ᠬᠦᠯᠢᠶᠡᠰᠦᠯᠡᠵᠦ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ | ᠣᠷᠣᠬᠤ ᠬᠠᠷᠠᠯᠲᠠ ᠪᠠᠨ ᠪᠡᠶᠡᠯᠡᠭᠦᠯᠬᠦ ᠳᠤ ᠪᠡᠷᠬᠡ ᠪᠣᠯᠣᠨ᠎ᠠ᠂ ᠡᠶᠢᠮᠦ ᠠᠴᠠ ᠪᠢᠳᠡ ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ᠂ ᠬᠠᠨᠳᠤᠯᠭᠠᠲᠤ ᠴᠢᠨᠠᠷᠲᠠᠢ ᠪᠠᠷ | ᠰᠢᠢᠳᠪᠦᠷᠢᠯᠡᠬᠦ ᠬᠡᠷᠡᠭᠲᠡᠢ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | ᠣᠳᠣᠬᠠᠨ ᠳᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠨᠳᠤᠰᠢ ᠮᠠᠰᠢ ᠰᠠᠶᠢᠨ ᠪᠠᠶᠢᠵᠤ᠂ ᠠᠵᠠ ᠲᠣᠬᠢᠶᠠᠯ | ᠲᠣᠬᠢᠶᠠᠯᠳᠤᠬᠤᠶ᠎ᠠ ᠪᠡᠷᠬᠡ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠬᠢᠭᠡᠳ ᠨᠠᠮ ᠤᠨ ᠲᠥᠪ ᠬᠤᠷᠢᠶᠠᠨ ᠤ | ᠬᠠᠯᠠᠮᠵᠢᠯᠠᠯ ᠳᠡᠮᠵᠢᠯᠭᠡ ᠪᠣᠯ ᠪᠢᠳᠡᠨ ᠤ ᠡᠷᠡᠮᠡᠬᠡᠶᠢᠯᠡᠨ ᠤᠷᠤᠭᠰᠢᠯᠠᠬᠤ ᠬᠠᠮᠤᠭ ᠤᠨ ᠶᠡᠭᠡ ᠬᠥᠳᠡᠯᠭᠡᠭᠴᠢ ᠬᠦᠴᠦᠨ ᠶᠤᠮ᠂ ᠪᠢᠳᠡ ᠬᠤᠪᠢ ᠳᠠᠬᠢᠨ ᠨᠠᠨᠳᠢᠩᠨᠠᠵᠤ᠂ | ᠠᠴᠢ ᠡᠨᠡᠷᠢᠯ ᠳᠤ ᠲᠠᠯᠠᠷᠬᠠᠵᠤ ᠴᠢᠷᠮᠠᠶᠢᠨ ᠤᠷᠤᠭᠰᠢᠯᠠᠬᠤ ᠬᠡᠷᠡᠭᠲᠡᠢ︔ ᠡᠨᠡ ᠬᠤᠶᠠᠷ ᠵᠢᠯ ᠮᠠᠨ ᠤ ᠣᠷᠣᠨ ᠤ ᠬᠥᠭᠵᠢᠯᠲᠡ ᠶᠢᠨ ᠴᠤᠪᠤᠭ᠎ᠠ ᠲᠡᠷᠭᠡ ᠬᠤᠷᠳᠤ ᠨᠡᠮᠡᠨ | ᠤᠷᠤᠭᠰᠢᠯᠠᠭᠰᠠᠨ ᠨᠢ ᠮᠠᠰᠢ ᠬᠢᠯᠪᠠᠷ ᠪᠤᠰᠤ ᠤᠴᠢᠷ ᠪᠣᠯᠣᠨ᠎ᠠ᠂ ᠪᠢᠳᠡ ᠬᠤᠪᠢ ᠳᠠᠬᠢᠨ ᠴᠢᠷᠮᠠᠶᠢᠬᠤ ᠬᠡᠷᠡᠭᠲᠡᠢ᠂ ᠤᠳᠠᠭᠠᠰᠢᠷᠠᠵᠤ ᠪᠣᠯᠬᠤ ᠦᠭᠡᠢ︔ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠺᠠᠳ᠋ᠷᠴᠤᠳ ᠤᠨ ᠬᠠᠷᠢᠭᠤᠴᠠᠯᠭ᠎ᠠ ᠪᠠᠨ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ ᠪᠠᠶᠢᠭᠠᠳ | ᠪᠤᠢ ᠪᠣᠯᠤᠭᠰᠠᠨ ᠡᠷᠡᠮᠡᠬᠡᠶᠢᠯᠡᠨ ᠳᠠᠪᠠᠵᠤ ᠲᠡᠷᠢᠭᠦᠨ ᠤ ᠬᠢ ᠶᠢ ᠬᠥᠭᠡᠭᠡᠴᠡᠯᠳᠦᠬᠦ᠂ ᠬᠥᠭᠵᠢᠯᠲᠡ ᠶᠢ ᠲᠦᠷᠭᠡᠨ ᠠᠳᠬᠤᠬᠤ ᠭᠦᠨ ᠵᠤᠵᠠᠭᠠᠨ ᠠᠭᠤᠷ ᠠᠮᠢᠰᠬᠤᠯ ᠨᠢ | ᠲᠦᠢᠯ ᠤᠨ ᠬᠤᠪᠣᠷ ᠨᠠᠨᠳᠢᠨ ᠶᠤᠮ᠂ ᠪᠢᠳᠡ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠢᠨ᠎ᠡ ᠥᠨᠳᠥᠷᠴᠡ ᠳᠤ ᠭᠠᠷᠬᠤ ᠪᠠᠷ ᠴᠢᠷᠮᠠᠶᠢᠬᠤ ᠬᠡᠷᠡᠭᠲᠡᠢ᠃ | ᠨᠠᠮ ᠤᠨ ᠲᠥᠪ ᠬᠤᠷᠢᠶᠠᠨ ᠠᠴᠠ ᠨᠢᠭᠡᠨᠲᠡ ᠡᠨᠡ ᠵᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠳᠤ ᠪᠠᠶᠢᠷᠢᠯᠠᠭᠤᠯᠤᠯᠲᠠ ᠬᠢᠪᠡ᠂ ᠪᠢᠳᠡ ᠡᠷᠬᠡᠪᠰᠢ | ᠪᠣᠳᠠᠲᠠᠢ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠯᠲᠠ ᠨᠠᠶᠢᠳᠠᠪᠤᠷᠢᠵᠢᠭᠤᠯᠤᠯᠲᠠ ᠶᠢ ᠪᠦᠲᠦᠭᠡᠯᠴᠢ ᠪᠠᠷ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠡᠭᠡᠷ᠎ᠡ ᠳᠤᠷᠠᠳᠤᠭᠰᠠᠨ ︽ | ᠵᠢᠷᠭᠤᠭᠠᠨ ᠢᠨᠵᠧᠨᠧᠷᠢᠩ︾ ᠨᠢ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠭᠤᠷᠢᠯᠠᠬᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ | ᠂ ᠬᠥᠰᠢᠵᠦ ᠬᠥᠳᠡᠯᠭᠡᠬᠦ ᠴᠢᠨᠠᠷᠲᠠᠢ ᠦᠢᠯᠡᠳᠦᠯ ᠪᠦᠬᠦᠢ ᠴᠢᠬᠤᠯᠠ ᠶᠡᠭᠡ ᠡᠭᠦᠷᠭᠡ ᠪᠣᠯᠣᠨ᠎ᠠ᠂ ᠪᠢᠳᠡ ᠡᠷᠬᠡᠪᠰᠢ ᠬᠢᠨᠠᠮᠠᠭᠠᠢ ᠵᠣᠬᠢᠶᠠᠨ ᠪᠠᠶᠢᠭᠤᠯᠵᠤ᠂ ᠵᠦᠢᠯ ᠵᠤᠷᠪᠤᠰ | ᠳᠠᠷᠠᠭᠠᠯᠠᠨ ᠲᠠᠭᠠᠨ ᠮᠥᠷᠳᠡᠵᠦ ᠨᠠᠶᠢᠳᠠᠪᠤᠷᠢᠵᠢᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ ᠠᠵᠢᠯ ᠢ ᠰᠠᠶᠢᠲᠤᠷ | ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠵᠤ᠂ | ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ | ᠤᠳᠤᠷᠢᠳᠤᠮᠵᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ | ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠢᠨ᠎ᠡ | ᠵᠠᠮ ᠢ ᠨᠡᠭᠡᠭᠡᠨ᠂ ᠳᠤᠮᠳᠠ ᠲᠦᠪᠰᠢᠨ ᠳᠤ ᠣᠷᠣᠵᠤ᠂ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠨ᠎ᠡ᠃ | ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠢ 6% ᠠᠴᠠ ᠳᠡᠭᠡᠭᠰᠢ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ | ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠣᠷᠴᠢᠮ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 5.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 18 ᠲᠦᠮᠡ ᠭᠠᠷᠤᠢ ᠬᠥᠮᠥᠨ ᠳᠤ ᠰᠢᠨ᠎ᠡ ᠪᠠᠷ ᠠᠵᠢᠯ | ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ | ᠥᠰᠦᠯᠲᠡ ᠶᠢ 3% ᠣᠷᠴᠢᠮ ᠪᠠᠶᠢᠯᠭᠠᠨ᠎ᠠ︔ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠢ 1.6% | ᠣᠷᠴᠢᠮ ᠪᠠᠭᠤᠷᠠᠭᠤᠯᠤᠨ᠎ᠠ᠃ ᠡᠳᠡᠭᠡᠷ ᠬᠠᠷᠠᠯᠲᠠ ᠨᠢ ᠨᠠᠮ ᠤᠨ ᠲᠥᠪ ᠬᠤᠷᠢᠶᠠᠨ ᠤ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠬᠤ᠂ ᠤᠷᠤᠭᠰᠢᠯᠠᠬᠤ ᠪᠠᠷ | ᠲᠣᠭᠲᠠᠭᠤᠨ ᠪᠠᠶᠢᠳᠠᠯ ᠢ ᠠᠬᠢᠭᠤᠯᠬᠤ᠂ ᠤᠷᠢᠳ ᠢᠶᠠᠷ ᠲᠣᠭᠲᠠᠭᠠᠵᠤ ᠳᠠᠷᠠᠭ᠎ᠠ ᠨᠢ ᠥᠭᠡᠷᠡᠴᠢᠯᠡᠬᠦ ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠵᠤ᠂ ᠠᠵᠤ | ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ ᠢᠯᠡ ᠲᠣᠳᠣ | ᠬᠥᠲᠥᠯᠥᠮᠵᠢ ᠶᠢ ᠬᠠᠷᠠᠭᠤᠯᠵᠤ᠂ ᠶᠡᠷᠦᠩᠬᠡᠢ ᠳᠤ ᠪᠠᠨ ᠥᠭᠡᠳᠡᠷᠬᠡᠭ ᠪᠠᠶᠢᠵᠤ᠂ ᠬᠦᠴᠦ ᠭᠠᠷᠭᠠᠵᠤ ᠬᠦᠴᠦᠯᠡᠨ ᠲᠡᠮᠡᠴᠡᠬᠦ ᠴᠢᠬᠤᠯᠠᠲᠠᠢ᠃ ᠪᠢᠳᠡ ᠡᠷᠬᠡᠪᠰᠢ ᠢᠲᠡᠭᠡᠯ | ᠵᠣᠷᠢᠭ ᠢᠶᠠᠨ ᠪᠠᠲᠤᠳᠬᠠᠨ᠂ ᠦᠨᠡᠨ ᠪᠣᠳᠠᠲᠠᠢ ᠪᠠᠷ ᠠᠵᠢᠯᠯᠠᠵᠤ᠂ ᠠᠯᠢ ᠰᠠᠶᠢᠨ ᠠᠯᠢ ᠲᠦᠷᠭᠡᠨ ᠪᠠᠶᠢᠬᠤ ᠶᠢ ᠪᠠᠷᠢᠮᠲᠠᠯᠠᠵᠤ᠂ ᠭᠤᠣᠯ ᠪᠣᠯᠬᠤ ᠠᠵᠤ ᠠᠬᠤᠢ ᠶᠢᠨ | ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠶᠢ ᠦᠷᠭᠦᠯᠵᠢᠯᠡᠨ ᠪᠦᠬᠦ ᠤᠯᠤᠰ ᠤᠨ ᠲᠡᠷᠢᠭᠦᠨ ᠡᠩᠨᠡᠭᠡᠨ ᠳᠤ ᠪᠠᠶᠢᠯᠭᠠᠬᠤ ᠪᠠᠷ ᠴᠢᠷᠮᠠᠶᠢᠨ᠎ᠠ᠃ | ᠭᠤᠣᠯᠳᠠᠭᠤ ᠳᠠᠷᠠᠭᠠᠬᠢ 10 ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ︵ᠨᠢᠭᠡ︶ ᠪᠦᠬᠦ ᠬᠦᠴᠦᠨ ᠢᠶᠠᠷ ᠢᠶᠠᠨ ᠲᠥᠷᠥ ᠶᠢᠨ ᠪᠣᠳᠣᠯᠭ᠎ᠠ ᠶᠢᠨ ᠪᠤᠲᠠᠲᠠᠶᠢᠵᠢᠭᠤᠯᠤᠯᠲᠠ ᠶᠢ ᠠᠳᠬᠤᠨ᠎ᠠ᠃ ᠲᠥᠷᠥ ᠶᠢᠨ ᠪᠣᠳᠣᠯᠭ᠎ᠠ ᠶᠢ | ᠪᠣᠳᠠᠲᠠᠶᠢᠵᠢᠭᠤᠯᠬᠤ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ | ᠲᠡᠷᠢᠭᠦᠨ ᠢᠨᠵᠧᠨᠧᠷᠢᠩ ᠪᠣᠯᠣᠨ᠎ᠠ᠂ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠡᠨᠡ ᠵᠢᠯ ᠢ ︽ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠵᠢᠯ︾ ᠪᠣᠯᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ︽ᠴᠠᠭᠠᠰᠤᠨ ᠳᠡᠭᠡᠷ᠎ᠡ︾ ᠠᠴᠠ ︽ᠭᠠᠵᠠᠷ ᠲᠤᠰᠬᠠᠵᠤ︾ | ᠪᠣᠳᠠᠲᠠᠶᠢᠵᠢᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ | ᠬᠤᠪᠢᠷᠠᠭᠤᠯᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠮᠵᠢᠯᠭᠡ ᠶᠢᠨ ᠰᠠᠨᠠᠯ ᠵᠢᠴᠢ ᠡᠯ᠎ᠡ ᠶᠠᠮᠤᠨ ᠵᠥᠪᠯᠡᠯ ᠤᠨ ᠢᠵᠢ ᠪᠦᠷᠢᠳᠦᠭᠦᠯᠦᠭᠰᠡᠨ ᠠᠷᠭ᠎ᠠ | ᠬᠡᠮᠵᠢᠶ᠎ᠡ᠂ ᠶᠠᠮᠤᠨ ᠥᠪᠡᠷᠲᠡᠭᠡᠨ ᠵᠠᠰᠠᠬᠤ ᠣᠷᠣᠨ ᠤ ᠬᠠᠮᠲᠤᠷᠠᠯᠴᠠᠭᠠᠨ ᠤ ᠵᠥᠪᠯᠡᠯᠴᠡᠭᠡᠷ ᠢ ᠭᠦᠢᠴᠡᠳ ᠰᠠᠶᠢᠲᠤᠷ ᠠᠰᠢᠭᠯᠠᠵᠤ᠂ ᠮᠠᠨ ᠤ ᠣᠷᠣᠨ ᠤ ᠬᠦᠷᠲᠡᠵᠦ | ᠪᠠᠶᠢᠭ᠎ᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ | ᠰᠢᠪᠲᠤᠯᠤᠯᠲᠠ ᠶᠢᠨ ᠳᠠᠶᠢᠯᠠᠯᠳᠤᠭᠠᠨ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ | ᠂ ᠤᠯᠤᠰ ᠤᠨ ᠬᠥᠭᠵᠢᠭᠡᠳᠦᠢ ᠭᠠᠵᠠᠷ ᠣᠷᠣᠨ᠂ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ᠂ ᠬᠢᠯᠢ ᠬᠢᠵᠠᠭᠠᠷ ᠤᠨ ᠭᠠᠵᠠᠷ ᠣᠷᠣᠨ᠂ ᠦᠨᠳᠦᠰᠦᠲᠡᠨ ᠤ | ᠭᠠᠵᠠᠷ ᠣᠷᠣᠨ ᠳᠠᠬᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ | ᠳᠤᠷᠠᠳᠤᠭᠰᠠᠨ ᠰᠢᠨ᠎ᠡ ᠨᠢᠭᠡ ᠪᠦᠯᠦᠭ ᠠᠰᠢᠭᠲᠠᠢ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠳᠡᠮᠵᠢᠯᠭᠡ ᠶᠢᠨ ᠲᠥᠷᠥ ᠶᠢᠨ ᠪᠣᠳᠣᠯᠭ᠎ᠠ | ᠪᠦᠷᠢ ᠶᠢ ᠴᠥᠮ ᠦᠨᠡᠨ ᠪᠣᠳᠠᠲᠠᠢ ᠪᠥᠭᠡᠳ ᠮᠡᠳᠡᠷᠡᠵᠦ ᠬᠦᠷᠲᠡᠵᠦ ᠪᠣᠯᠬᠤᠶᠢᠴᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠳᠡᠮᠵᠢᠯᠭᠡ ᠶᠢᠨ ᠵᠦᠢᠯᠡᠰ ᠪᠦᠷᠢ ᠶᠢ | ᠴᠥᠮ ᠨᠢᠳᠦᠨ ᠳᠤ ᠦᠵᠡᠭᠳᠡᠮ᠎ᠡ᠂ ᠭᠠᠷ ᠲᠤ ᠪᠠᠷᠢᠭᠳᠠᠮ᠎ᠠ ᠲᠦᠷᠦᠯ ᠵᠦᠢᠯ ᠪᠣᠯᠭᠠᠬᠤ ᠬᠡᠷᠡᠭᠲᠡᠢ᠂ ᠶᠠᠭᠠᠬᠢᠭᠰᠠᠨ ᠴᠦ ᠨᠠᠮ ᠤᠨ ᠲᠥᠪ ᠬᠤᠷᠢᠶᠠᠨ ᠤ ᠳᠡᠮᠵᠢᠯᠭᠡ ᠶᠢ | ᠬᠥᠰᠡᠷᠳᠡᠭᠦᠯᠵᠦ ᠪᠣᠯᠬᠤ ᠦᠭᠡᠢ᠂ ᠡᠷᠬᠢᠮ ᠨᠠᠨᠳᠢᠨ ᠠᠵᠠ ᠲᠣᠬᠢᠶᠠᠯ ᠢ ᠠᠯᠳᠠᠵᠤ ᠪᠣᠯᠬᠤ ᠦᠭᠡᠢ᠃ | ︵ᠬᠤᠶᠠᠷ︶ ᠪᠡᠯᠡ ᠣᠷᠣᠭᠤᠯᠤᠯᠲᠠ ᠪᠠᠷ ᠳᠠᠶᠢᠴᠢᠯᠠᠬᠤ ᠪᠠᠶᠢᠯᠳᠤᠬᠤ ᠪᠣᠳᠣᠯᠭ᠎ᠠ ᠶᠢ ᠰᠢᠭᠤᠷᠬᠠᠢ ᠬᠡᠷᠡᠭᠵᠢᠭᠦᠯᠦᠨ᠎ᠡ᠃ ᠡᠨᠡ ᠬᠤᠶᠠᠷ ᠵᠢᠯ ᠳᠤ ᠮᠠᠨ ᠤ | ᠣᠷᠣᠨ ᠤ ᠠᠵᠤ ᠠᠬᠤᠢ ᠲᠦᠷᠭᠡᠨ ᠬᠥᠭᠵᠢᠭᠰᠡᠨ ᠨᠢ ᠭᠤᠣᠯᠳᠠᠭᠤ ᠪᠡᠯᠡ ᠣᠷᠣᠭᠤᠯᠤᠯᠲᠠ ᠶᠢᠨ ᠳᠠᠶᠢᠴᠢᠯᠠᠭᠰᠠᠨ ᠳᠤ ᠪᠠᠶᠢᠬᠤ ᠶᠤᠮ᠂ ᠡᠶᠢᠮᠦᠷᠬᠦᠦ ᠬᠠᠨᠳᠤᠰᠢ ᠪᠠ | ᠡᠷᠴᠢᠮ ᠢ ᠪᠠᠷᠢᠮᠲᠠᠯᠠᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠴᠢᠬᠤᠯᠠ ᠶᠡᠭᠡ ᠲᠦᠷᠦᠯ | ᠵᠦᠢᠯ ᠤᠨ ᠪᠡᠯᠡ ᠣᠷᠣᠭᠤᠯᠣᠯᠳᠡ ᠶᠢ 9000 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠵᠤ ᠦᠢᠯᠡᠰ ᠤᠨ ᠪᠡᠯᠡ | ᠣᠷᠣᠭᠤᠯᠤᠯᠲᠠ ᠶᠢ ᠰᠤᠯᠠᠷᠠᠰᠢ ᠦᠭᠡᠢ ᠴᠢᠩᠭ᠎ᠠ ᠠᠳᠬᠤᠨ᠎ᠠ᠃ ᠮᠠᠨ ᠤ ᠣᠷᠣᠨ ᠤ ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠲᠣᠮᠣ ᠬᠡᠯᠪᠡᠷᠢ ᠶᠢᠨ ᠰᠠᠯᠬᠢᠨ | ᠬᠦᠴᠦ ᠪᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠤᠨ 4 ᠰᠠᠭᠤᠷᠢᠨ ᠭᠠᠵᠠᠷ ᠢ ᠨᠢᠭᠡᠨᠲᠡ ᠴᠥᠮ ᠤᠯᠤᠰ ᠤᠨ ᠲᠥᠯᠦᠪᠵᠢᠭᠦᠯᠭᠡ ᠳᠤ ᠣᠷᠣᠭᠤᠯᠵᠤ᠂ ᠬᠠᠮᠤᠭ | ᠬᠦᠴᠦ ᠪᠠᠷ ᠢᠶᠠᠨ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ᠠᠲ᠋ᠧᠰ ᠭᠡᠷᠡᠯᠴᠢ ᠴᠡᠨᠡᠭ᠂ ᠰᠠᠢ ᠱᠧᠩ ᠡᠯᠧᠺᠲᠷᠣᠨ ᠳᠡᠰ ᠤᠨ ᠨᠡᠭᠦᠷᠡᠰᠦᠲᠥ᠋ᠷᠥᠭᠴᠢᠲᠦ | ᠴᠠᠬᠢᠭᠤᠷ᠂ ᠪᠣᠣ ᠹᠧᠩ ᠨᠡᠭᠦᠷᠡᠰᠦ ᠪᠠᠷ ᠦᠢᠯᠡᠳᠦᠭᠰᠡᠨ ᠠᠯᠺᠧᠨ ᠨᠡᠬᠦᠷᠦᠭᠴᠢ᠂ ᠬᠤᠸᠠ ᠸᠧᠢ ᠡᠭᠦᠯᠡᠨ ᠳ᠋ᠠᠶᠢᠲ᠋ᠠ ᠶᠢᠨ ᠲᠥᠪ ᠵᠡᠷᠭᠡ ᠨᠢᠭᠡ ᠪᠦᠯᠦᠭ ᠮᠢᠩᠭᠠᠨ | ᠳ᠋ᠦᠩᠰᠢᠭᠤᠷ ᠳᠡᠰ ᠤᠨ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠶᠡᠭᠡ ᠠᠵᠤ ᠦᠢᠯᠡᠰ ᠤᠨ | ᠲᠦᠷᠥᠯ ᠵᠦᠢᠯ ᠢ 1400 ᠠᠴᠠ ᠳᠡᠭᠡᠭᠰᠢ ᠬᠡᠷᠡᠭᠵᠢᠭᠦᠯᠦᠨ᠂ ᠥᠨᠥᠳᠥᠷ ᠤᠨ ᠪᠡᠯᠡ ᠣᠷᠣᠭᠤᠯᠤᠯᠲᠠ ᠶᠢ ᠮᠠᠷᠭᠠᠰᠢ ᠶᠢᠨ ᠦᠢᠯᠡᠳᠪᠦᠷᠢᠯᠡᠯ ᠤᠨ ᠬᠦᠴᠦᠨ ᠪᠠ | ᠥᠷᠢᠰᠦᠯᠳᠦᠬᠦ ᠬᠦᠴᠦᠨ ᠪᠣᠯᠭᠠᠨ ᠲᠦᠷᠭᠡᠨ ᠤᠯᠠᠷᠢᠭᠤᠯᠬᠤ ᠪᠠᠷ ᠴᠢᠷᠮᠠᠶᠢᠨ᠎ᠠ᠃ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠡᠷᠡᠰ | ᠲᠠᠰᠤᠷᠬᠠᠢ ᠡᠷᠡᠮᠡᠬᠡᠢ ᠵᠣᠷᠢᠭ ᠢᠶᠠᠷ ᠦᠷᠭᠦᠯᠵᠢᠯᠡᠨ ᠴᠢᠩᠭᠠᠷᠠᠭᠤᠯᠤᠨ᠎ᠠ᠃ ᠣᠳᠣ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠳᠠᠷᠤᠭᠠᠰᠤ ᠴᠥᠮ | ᠲᠣᠩ ᠬᠦᠨᠳᠦ ᠪᠠᠶᠢᠨ᠎ᠠ᠂ ᠭᠡᠪᠡᠴᠦ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠲᠠᠯ᠎ᠠ ᠪᠠᠷ ᠬᠦᠴᠦ ᠪᠠᠨ ᠰᠤᠯᠠᠷᠠᠭᠤᠯᠵᠤ ᠪᠣᠯᠬᠤ ᠦᠭᠡᠢ᠂ ᠲᠥᠪ ᠤᠨ | ᠲᠥᠰᠥᠪ ᠲᠠᠬᠢ ᠪᠡᠯᠡ ᠣᠷᠣᠭᠤᠯᠤᠯᠲᠠ ᠶᠢ ᠣᠯᠬᠤ ᠪᠠᠷ ᠬᠦᠴᠦᠯᠡᠨ ᠴᠢᠷᠮᠠᠶᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ᠂ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠪᠠᠭᠠᠵᠢ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ | ᠵᠠᠭᠪᠤᠷ ᠲᠤ ᠰᠢᠨ᠎ᠡ ᠶᠢ ᠡᠭᠦᠳᠴᠦ ᠠᠷᠠᠳ ᠤᠨ ᠳᠤᠮᠳᠠᠬᠢ ᠬᠥᠷᠥᠩᠭᠡ ᠶᠢᠨ ᠣᠷᠣᠯᠴᠠᠬᠤ ᠶᠢ ᠵᠣᠷᠢᠭᠵᠢᠭᠤᠯᠤᠨ᠂ ᠰᠠᠭᠤᠷᠢ ᠪᠡᠯᠡᠳᠬᠡᠮᠵᠢ ᠶᠢᠨ ᠴᠢᠬᠤᠯᠠ ᠶᠡᠭᠡ | ᠲᠦᠷᠦᠯ ᠵᠦᠢᠯ ᠤᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠨ᠎ᠠ᠃ G5511 | ᠲᠦᠩᠯᠢᠶᠣᠣ ᠳᠠᠬᠢ ᠬᠡᠰᠡᠭ᠂ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ ᠢ ᠪᠠᠶᠢᠭᠤᠯᠵᠤ ᠳᠠᠭᠤᠰᠬᠠᠨ᠂ ᠲᠦᠷᠭᠡᠨ ᠤ ᠵᠠᠰᠠᠮᠠᠯ ᠵᠠᠮ ᠤᠨ ᠵᠡᠭᠦᠨ | ᠪᠠᠷᠠᠭᠤᠨ ᠢ ᠰᠤᠨᠳᠠᠯᠠᠬᠤ᠂ ᠠᠶᠢᠮᠠᠭ ᠬᠤᠲᠠ ᠬᠠᠷᠢᠯᠴᠠᠨ ᠨᠡᠪᠲᠡᠷᠡᠬᠦ᠂ ᠭᠤᠣᠯᠳᠠᠯᠭ᠎ᠠ ᠪᠣᠯᠬᠤ ᠬᠢᠯᠢ ᠶᠢᠨ ᠪᠣᠭᠤᠮᠲᠠ ᠶᠢ ᠬᠤᠯᠪᠣᠨ ᠨᠡᠪᠲᠡᠷᠡᠭᠦᠯᠬᠦ ᠶᠢ ᠪᠡᠶᠡᠯᠡᠭᠦᠯᠦᠨ᠎ᠡ︔ | ᠬᠢᠯᠢ ᠳᠠᠭᠠᠤ ᠤᠯᠤᠰ ᠤᠨ ᠵᠠᠮ G331 ᠶᠢ ᠪᠦᠭᠦ ᠱᠤᠭᠤᠮ ᠢᠶᠠᠷ ᠨᠢ ᠨᠡᠪᠲᠡᠷᠡᠭᠦᠯᠬᠦ ᠪᠠᠷ ᠴᠢᠷᠮᠠᠶᠢᠵᠤ᠂ ᠤᠯᠤᠰ ᠮᠤᠵᠢ ᠶᠢᠨ ᠭᠤᠣᠯ ᠱᠤᠭᠤᠮ ᠤᠨ ︽ᠮᠤᠬᠤᠷ ᠵᠠᠮ | ︾ ᠤᠨ ᠰᠠᠭᠠᠳ ᠦᠭᠡᠢ ᠨᠡᠪᠲᠡᠷᠡᠬᠦ ᠢᠨᠵᠧᠨᠧᠷᠢᠩ ᠢ 700 ᠺᠢᠯᠣᠮᠧᠲᠷ ᠬᠡᠷᠡᠭᠵᠢᠭᠦᠯᠦᠨ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠢ 1700 ᠺᠢᠯᠣᠮᠧᠲᠷ | ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ | ᠵᠠᠮ ᠤᠨ ᠪᠦᠲᠦᠭᠡᠨ ᠪᠠᠶᠢᠭᠤᠯᠤᠯᠲᠠ ᠪᠠ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠤᠨ ᠥᠭᠡᠷᠡᠴᠢᠯᠡᠬᠦ ᠶᠢ ᠲᠦᠷᠭᠡᠳᠬᠡᠵᠦ᠂ ᠯᠢᠨ | ᠾᠧ ᠠᠴᠠ ᠴᠡᠭᠡ ᠪᠣᠭᠤᠮᠲᠠ ᠬᠦᠷᠬᠦ ᠲᠡᠮᠦᠷ ᠵᠠᠮ ᠤᠨ ᠴᠢᠳᠠᠮᠵᠢ ᠶᠢ ᠨᠢ ᠥᠷᠭᠡᠳᠬᠡᠨ ᠥᠭᠡᠷᠡᠴᠢᠯᠡᠬᠦ᠂ ᠪᠠᠢ ᠴᠧᠩ ᠠᠴᠠ ᠷᠠᠰᠢᠶᠠᠨ ᠬᠦᠷᠬᠦ ᠲᠡᠮᠦᠷ ᠵᠠᠮ ᠤᠨ | ᠬᠦᠳᠡᠯᠭᠡᠭᠦᠷᠲᠦ ᠲᠡᠷᠭᠡᠨ ᠤ ᠥᠭᠡᠷᠡᠴᠢᠯᠡᠬᠦ ᠲᠦᠷᠦᠯ ᠵᠦᠢᠯ ᠢ ᠠᠵᠢᠯ ᠡᠬᠢᠯᠡᠭᠦᠯᠦᠨ᠂ ᠵᠢᠨᠢᠩ ᠳ᠋ᠠᠲ᠋ᠦ᠋ᠩ ᠶᠤᠸᠠᠨᠫᠢᠩ ᠤᠨ ᠲᠦᠷᠭᠡᠨ ᠤ ᠲᠡᠮᠦᠷ ᠵᠠᠮ ᠢ ᠪᠠᠶᠢᠭᠤᠯᠵᠤ | ᠳᠠᠭᠤᠰᠬᠠᠨ ᠲᠡᠷᠭᠡ ᠨᠡᠪᠲᠡᠷᠡᠭᠦᠯᠬᠦ ᠪᠠᠷ ᠴᠢᠷᠮᠠᠶᠢᠵᠤ᠂ ᠣᠷᠳᠣᠰ ᠠᠴᠠ ᠲᠡᠮᠡᠭᠡᠲᠦ ᠬᠦᠷᠬᠦ ᠲᠦᠷᠭᠡᠨ ᠤ ᠲᠡᠮᠦᠷ ᠵᠠᠮ ᠪᠠ ᠬᠠᠶᠢᠯᠠᠷ ᠠᠴᠠ ᠷᠠᠰᠢᠶᠠᠨ ᠬᠦᠷᠬᠦ ᠲᠡᠮᠦᠷ | ᠵᠠᠮ ᠢ ᠥᠭᠡᠷᠡᠴᠢᠯᠡᠬᠦ ᠶᠢᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠬᠦᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠠᠶᠠᠯᠠᠯ ᠤᠨ ᠥᠷᠲᠡᠭᠡᠨ ᠤ | ᠲᠣᠭᠤᠷᠢᠭ᠂ ᠨᠢᠰᠦᠯᠲᠡ ᠶᠢᠨ ᠲᠣᠭᠤᠷᠢᠭ ᠢ ᠪᠠᠶᠢᠭᠤᠯᠵᠤ ᠳᠠᠭᠤᠰᠬᠠᠨ᠂ ᠤᠯᠠᠭᠠᠢ ᠵᠡᠷᠭᠡ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠎ᠠ᠃ ᠴᠤᠤᠯ ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ | ᠥᠪᠥᠷ ᠮᠣᠩᠭᠤᠯ ᠤᠨ ᠰᠠᠯᠪᠤᠷᠢ ᠱᠤᠭᠤᠮ ᠤᠨ ᠤᠰᠤ ᠬᠠᠩᠭᠠᠯᠭ᠎ᠠ ᠵᠡᠷᠭᠡ ᠤᠰᠤᠨ ᠲᠣᠣᠷ ᠤᠨ ᠭᠤᠣᠯᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠲᠠᠬᠢ ᠭᠤᠣᠯ ᠤᠨ ᠵᠠᠮ ᠢ ᠵᠠᠰᠠᠬᠤ ᠢᠨᠵᠧᠨᠧᠷᠢᠩ ᠤᠨ ᠵᠥᠪᠰᠢᠶᠡᠷᠡᠯ ᠢ ᠲᠦᠷᠭᠡᠬᠡᠨ ᠣᠯᠬᠤ᠂ | ᠬᠠᠲᠤᠨ ᠭᠤᠣᠯ ᠤᠨ ᠤᠰᠤ ᠶᠢ ᠲᠠᠲᠠᠵᠤ ᠬᠦᠬᠡᠬᠤᠲᠠ ᠳᠤ ᠲᠤᠰᠠᠯᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠪᠠ ᠤᠯᠠᠭᠠᠨᠴᠠᠪ ᠤᠨ ᠲᠥᠪ ᠬᠤᠲᠠ ᠶᠢᠨ | ᠲᠣᠭᠤᠷᠢᠭ ᠤᠨ ᠤᠰᠤ ᠳᠠᠮᠵᠢᠭᠤᠯᠤᠨ ᠬᠠᠩᠭᠠᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠴᠠᠬᠢᠯᠭᠠᠨ ᠬᠦᠴᠦᠨ ᠤ | ᠰᠢᠰᠲ᠋ᠧᠮ ᠤᠨ ᠲᠣᠣᠷ ᠴᠢᠩᠭᠠᠯᠠᠬᠤ ᠢᠨᠵᠧᠨᠧᠷᠢᠩ᠂ ᠭᠠᠳᠠᠭᠰᠢ ᠳᠠᠮᠵᠢᠭᠤᠯᠬᠤ ᠢᠨᠵᠧᠨᠧᠷᠢᠩ᠂ ᠲᠣᠣᠷ ᠬᠤᠯᠪᠣᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ | ᠵᠠᠩᠪᠧᠢ ᠠᠴᠠ ᠱᠧᠩ ᠯᠢ ᠬᠦᠷᠬᠦ᠂ ᠪᠠᠭᠠᠷᠢᠨ ᠪᠠᠷᠠᠭᠤᠨ ᠬᠤᠰᠢᠭᠤᠨ ᠠᠴᠠ ᠨᠠᠢᠮᠠᠨ ᠪᠠ ᠹᠦᠰᠢᠨ ᠬᠦᠷᠬᠦ ᠵᠡᠷᠭᠡ ᠢᠨᠵᠧᠨᠧᠷᠢᠩ ᠢ ᠪᠠᠶᠢᠭᠤᠯᠵᠤ ᠳᠠᠭᠤᠰᠬᠠᠨ᠂ ᠥᠪᠥᠷ | ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠤᠷᠤᠭᠤ ᠴᠠᠬᠢᠯᠭᠠᠨ ᠳᠠᠮᠵᠢᠭᠤᠯᠬᠤ ᠨᠡᠪᠲᠡᠷᠡᠯ ᠵᠠᠮ ᠤᠨ ᠢᠨᠵᠧᠨᠧᠷᠢᠩ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ᠴᠠᠬᠢᠯᠭᠠᠨ ᠲᠣᠣᠷ ᠤᠨ ᠴᠠᠬᠢᠯᠭᠠᠨ ᠬᠠᠩᠭᠠᠬᠤ ᠴᠢᠳᠠᠪᠤᠷᠢ ᠪᠠ ᠰᠢᠨ᠎ᠡ ᠡᠨᠧᠷᠬᠢ ᠶᠢᠨ ᠵᠠᠯᠭᠠᠭᠤᠯᠬᠤ ᠴᠢᠳᠠᠪᠤᠷᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠰᠤᠯᠠᠷᠠᠭᠤᠯᠵᠤ ᠪᠣᠯᠬᠤ ᠦᠭᠡᠢ᠂ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃ | ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠡᠭᠡᠵᠢᠩ ᠲᠢᠶᠠᠨᠵᠢᠨ ᠾᠧᠪᠧᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ᠂ ᠴᠧᠩᠳᠦ᠋ ᠴᠦᠩᠴᠢᠩ ᠵᠡᠷᠭᠡ ᠭᠠᠵᠠᠷ ᠣᠷᠣᠨ ᠯᠤᠭ᠎ᠠ ᠶᠢᠨ ᠵᠣᠯᠭᠠᠯᠴᠠᠭ᠎ᠠ | ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠭ ᠢ ᠴᠡᠭ ᠲᠤ ᠬᠠᠨᠳᠤᠭᠤᠯᠵᠤ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠨᠢᠭᠡ ᠪᠦᠯᠦᠭ ᠠᠵᠤ | ᠦᠢᠯᠡᠰ ᠤᠨ ᠰᠢᠯᠵᠢᠯᠲᠡ ᠶᠢ ᠳᠠᠭᠠᠭᠠᠨ ᠠᠪᠴᠤ ᠵᠠᠯᠭᠠᠭᠤᠯᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠶᠡᠭᠡ | ᠲᠦᠷᠦᠯ ᠵᠦᠢᠯ ᠰᠠᠶᠢᠨ ᠲᠦᠷᠦᠯ ᠵᠦᠢᠯ ᠢ ᠢᠳᠡᠪᠬᠢᠲᠡᠢ ᠪᠠᠷ ᠠᠷᠭ᠎ᠠ ᠰᠦᠪᠡᠭᠴᠢᠯᠡᠨ ᠣᠷᠣᠭᠤᠯᠤᠨ ᠠᠪᠴᠢᠷᠠᠵᠤ᠂ ᠣᠷᠣᠭᠤᠯᠤᠨ ᠠᠪᠴᠢᠷᠠᠬᠤ ᠪᠡᠯᠡ ᠮᠥᠩᠭᠦ ᠶᠢ | 5500 ᠳ᠋ᠦᠩᠰᠢᠭᠤᠷ ᠲᠥᠭᠦᠷᠢᠭ ᠠᠴᠠ ᠳᠤᠲᠠᠭᠤ ᠦᠭᠡᠢ ᠪᠠᠶᠢᠯᠭᠠᠬᠤ ᠪᠠᠷ ᠴᠢᠷᠮᠠᠶᠢᠨ᠎ᠠ᠃ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ | ᠠᠵᠤ ᠠᠬᠤᠢ ᠠᠷᠠᠯᠵᠢᠶᠠᠨ ᠤ ᠵᠥᠪᠳᠡᠯᠴᠡᠬᠦ ᠬᠤᠷᠠᠯ᠂ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠰᠢᠨ᠎ᠡ ᠡᠨᠧᠷᠬᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ | ᠳᠡᠯᠡᠬᠡᠢ ᠶᠢᠨ ᠰᠦ ᠰᠠᠭᠠᠯᠢ ᠶᠢᠨ ᠦᠢᠯᠡᠰ ᠤᠨ ᠰᠢᠨ᠎ᠡ ᠡᠭᠦᠳᠦᠯᠲᠡ ᠶᠢᠨ ᠲᠦᠷᠦᠭᠦᠴᠦᠳ ᠤᠨ ᠬᠤᠷᠠᠯ᠂ ᠳᠡᠯᠡᠬᠡᠢ ᠶᠢᠨ ᠡᠪᠡᠰᠦᠨ ᠤ ᠦᠢᠯᠡᠰ ᠤᠨ ᠶᠡᠭᠡ ᠬᠤᠷᠠᠯ᠂ | ᠲᠣᠮᠳᠠᠳᠣ ᠤᠯᠤᠰ ᠤᠨ ᠪᠣᠬᠢᠷᠳᠤᠯ ᠦᠭᠡᠢ ᠲᠣᠭᠠᠵᠢᠭᠤᠯᠵᠤ ᠪᠣᠳᠣᠬᠤ ᠬᠦᠴᠦᠨ ᠤ ᠶᠡᠭᠡ ᠬᠤᠷᠠᠯ ᠵᠡᠷᠭᠡ ᠪᠦᠭᠦ ᠪᠥᠮᠪᠥᠷᠴᠡᠭ ᠤᠨ ᠴᠢᠨᠠᠷᠲᠠᠢ᠂ ᠪᠦᠭᠦ ᠤᠯᠤᠰ ᠤᠨ | ᠴᠢᠨᠠᠷᠲᠠᠢ ᠴᠢᠬᠤᠯᠠ ᠶᠡᠭᠡ ᠠᠵᠢᠯᠯᠠᠭ᠎ᠠ ᠶᠢ ᠬᠢᠨᠠᠮᠠᠭᠠᠢ ᠰᠠᠶᠢᠲᠤᠷ ᠡᠷᠬᠢᠯᠡᠵᠣ᠂ ᠣᠯᠠᠨ ᠤᠯᠤᠰ ᠤᠨ ᠣᠶᠣᠨ ᠤᠬᠠᠭᠠᠨ ᠢ ᠬᠤᠷᠠᠭᠤᠯᠤᠭᠰᠠᠨ᠂ ᠲᠡᠷᠢᠭᠦᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢ ᠬᠠᠷᠠᠭᠤᠯᠤᠭᠰᠠᠨ᠂ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ | ᠦᠢᠯᠡᠴᠢᠯᠡᠬᠦ ᠨᠢᠭᠡ ᠪᠦᠯᠦᠭ ᠲᠡᠷᠢᠭᠦᠨ ᠳᠡᠰ ᠤᠨ ᠲᠠᠪᠴᠠᠩ ᠤᠳ ᠢ ᠴᠣᠭᠴᠠᠯᠠᠨ᠎ᠠ᠃ | ︵ᠭᠤᠷᠪᠠ︶ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢᠨ ᠳᠠᠯᠳᠡ ᠬᠦᠴᠦᠨ ᠢ ᠠᠭᠤᠳᠠᠯᠵᠤ ᠬᠥᠭᠵᠢᠭᠡᠨ᠎ᠡ᠃ ᠬᠡᠷᠡᠭᠯᠡᠭᠡ ᠶᠢᠨ ᠳᠠᠯᠳᠠ ᠬᠡᠷᠡᠭᠴᠡᠭᠡ | ᠱᠠᠭᠠᠷᠳᠠᠯᠭ᠎ᠠ ᠶᠢ ᠭᠦᠢᠴᠡᠳ ᠠᠭᠤᠳᠠᠯᠵᠤ᠂ ᠬᠡᠷᠡᠭᠯᠡᠭᠡ ᠳᠤ ᠣᠷᠣᠯᠴᠠᠵᠣ ᠲᠠᠶᠢᠯᠭᠦ᠂ ᠵᠣᠷᠢᠭᠲᠠᠢ ᠪᠠᠷ ᠬᠡᠷᠡᠭᠯᠡᠭᠡ ᠳᠤ ᠣᠷᠣᠯᠴᠠᠬᠤ᠂ ᠬᠡᠷᠡᠭᠯᠡᠭᠡ ᠳᠤ ᠣᠷᠣᠯᠴᠠᠬᠤ | ᠳᠤᠷᠠᠲᠠᠢ ᠰᠠᠶᠢᠨ ᠰᠠᠶᠢᠬᠠᠨ ᠣᠷᠴᠢᠨ ᠨᠥᠬᠦᠴᠡᠯ ᠢ ᠶᠡᠭᠡ ᠪᠠᠷ ᠪᠣᠢ ᠪᠣᠯᠭᠠᠵᠣ᠂ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠯᠲᠡ ᠠᠴᠠ ᠦᠷᠭᠦᠯᠵᠢᠯᠡᠨ ᠥᠷᠭᠡᠳᠬᠦ | ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ | ᠠᠮᠢᠳᠤᠷᠠᠯ ᠤᠨ ᠬᠡᠷᠡᠭᠯᠡᠭᠡ ᠪᠣᠯ ᠬᠡᠷᠡᠭᠯᠡᠭᠡ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ︽ᠴᠢᠭᠳᠠᠭ᠎ᠠ︾ ᠮᠥᠨ᠂ ᠬᠤᠲᠠ ᠶᠢᠨ ︽ᠨᠢᠭᠡ ᠮᠥᠴᠡ ᠶᠢᠨ | ᠠᠷᠠᠳ ᠲᠤ ᠳᠦᠭᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠢ ᠲᠦᠷᠭᠡᠳᠬᠡᠨ ᠪᠠᠶᠢᠭᠤᠯᠵᠤ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ | ᠬᠡᠷᠡᠭᠴᠡᠭᠡᠨ ᠤ ᠲᠠᠸᠠᠷ ᠤᠨ ᠬᠡᠷᠡᠭᠯᠡᠭᠡ ᠶᠢᠨ ᠬᠥᠭᠵᠢᠭᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠦᠷᠦᠭᠦᠴᠢ ᠳᠡᠯᠭᠡᠭᠦᠷ ᠲᠤ ᠠᠩᠬ᠎ᠠ ᠲᠠᠷᠬᠠᠭᠠᠬᠤ | ᠠᠵᠤ ᠠᠬᠤᠢ᠂ ᠬᠥᠭᠵᠢᠶᠡᠨᠲᠦ ᠰᠥᠨᠢ ᠶᠢᠨ ᠠᠵᠤ ᠠᠬᠤᠢ ᠶᠢ ᠬᠥᠭᠵᠢᠭᠦᠯᠬᠦ ᠶᠢ ᠵᠣᠷᠢᠭᠵᠢᠭᠤᠯᠤᠨ᠂ ︽ᠬᠡᠷᠡᠭᠯᠡᠭᠡ ᠶᠢ ᠠᠬᠢᠭᠤᠯᠬᠤ ᠣᠨ︾ ᠤ ᠠᠵᠢᠯᠯᠠᠭ᠎ᠠ ᠶᠢ | ᠶᠡᠭᠡ ᠪᠠᠷ ᠥᠷᠨᠢᠭᠦᠯᠵᠦ᠂ ᠬᠦᠬᠡᠬᠤᠲᠠ ᠶᠢᠨ ᠬᠥᠭᠵᠢᠶᠡᠨ ᠶᠡᠬᠡᠲᠡᠢ ᠳᠠᠭᠤᠤ ᠬᠥᠭᠵᠢᠮ ᠤᠨ ᠦᠳᠡᠰᠢᠯᠡᠭᠡ ᠪᠠ ᠰᠢᠨ᠎ᠡ ᠣᠨ ᠢᠶᠠᠨ ᠤᠭᠲᠤᠬᠤ ᠦᠳᠡᠰᠢ᠂ | ᠪᠤᠭᠤᠲᠤ ᠶᠢᠨ ᠴᠣᠣ ᠾᠧ ᠵᠡᠭᠡᠯᠢ ᠲᠣᠭᠤᠷᠢᠭ ᠤᠨ ︽ᠰᠢᠵᠢᠷ ᠠᠯᠳᠠᠨ 6 ᠴᠠᠭ ᠤᠨ ᠬᠤᠭᠤᠴᠠᠭ᠎ᠠ︾᠂ ᠣᠷᠳᠣᠰ ᠤᠨ ︽ᠬᠤᠳᠡ ᠶᠢ ᠳᠤᠯᠠᠭᠠᠯᠠᠬᠤ 7 ᠴᠠᠭ | ᠬᠠᠭᠠᠰ︾᠂ ︽ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠬᠤ · ᠤᠯᠠᠭᠠᠨᠴᠠᠪ ᠤᠨ ᠦᠳᠡᠰᠢ︾ ᠬᠡᠮᠡᠬᠦ ᠡᠳᠡᠭᠡᠷ ᠨᠢᠭᠡᠨᠲᠡ ᠬᠡᠷᠡᠭᠯᠡᠭᠴᠢᠳ ᠲᠤ ᠮᠡᠳᠡᠷᠡᠭᠳᠡᠭᠰᠡᠨ | ᠠᠵᠢᠯᠯᠠᠭ᠎ᠠ ᠪᠠ ᠨᠡᠷᠡᠳᠣ ᠲᠡᠮᠳᠡᠭ ᠢ ᠦᠷᠭᠦᠯᠵᠢᠯᠡᠨ ᠬᠢᠬᠦ ᠬᠡᠷᠡᠭᠲᠡᠢ᠃ ︽ᠪᠤᠭᠤᠷᠤᠯᠴᠤᠳ ᠤᠨ ᠠᠵᠤ ᠠᠬᠤᠢ︾ ᠶᠢᠨ ᠬᠥᠭᠵᠢᠯᠲᠡ ᠶᠢᠨ ᠣᠷᠣᠨ ᠵᠠᠢ ᠯᠤᠲᠤ ᠶᠡᠭᠡ᠂ | ᠮᠠᠨ ᠤ ᠣᠷᠣᠨ ᠳᠤ 60 ᠨᠠᠰᠤ ᠠᠴᠠ ᠳᠡᠭᠡᠭᠰᠢᠬᠢ ᠨᠠᠰᠤᠲᠠᠶᠢᠴᠤᠳ 546 ᠲᠦᠮᠡ ᠪᠠᠶᠢᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ 22.8% ᠶᠢ ᠡᠵᠡᠯᠡᠨ᠂ | ᠠᠷᠭ᠎ᠠ ᠰᠦᠪᠡᠭᠴᠢᠯᠡᠨ ᠬᠦᠴᠦ ᠵᠠᠷᠤᠴᠠᠭᠤᠯᠵᠤ ᠪᠠᠶᠢᠭᠠᠳ ᠡᠨᠡ ᠬᠦ ᠦᠯᠦ ᠮᠡᠳᠡᠭᠳᠡᠬᠦ ᠵᠠᠬ᠎ᠠ ᠳᠡᠯᠭᠡᠭᠦᠷ ᠤᠨ ᠣᠷᠣᠨ ᠵᠠᠢ ᠶᠢ ᠰᠡᠷᠭᠦᠭᠡᠨ᠂ ᠡᠮᠴᠢᠯᠡᠭᠡ᠂ ᠨᠠᠰᠤᠵᠢᠯ᠂ | ᠡᠷᠡᠭᠦᠯ ᠮᠡᠨᠳᠣ᠂ ᠰᠤᠪᠢᠯᠠᠯᠲᠠ᠂ ᠬᠥᠮᠦᠵᠢᠯ᠂ ᠵᠤᠭ᠎ᠠ ᠴᠡᠩᠭᠡᠯ᠂ ᠠᠮᠤᠷᠯᠢᠩᠭᠤᠢ ᠵᠡᠷᠭᠡ ᠳᠣᠯᠤᠭᠠᠨ ᠵᠦᠢᠯ ᠢ ᠨᠢᠭᠡ ᠴᠣᠭᠴᠠᠵᠢᠭᠤᠯᠤᠭᠰᠠᠨ ᠨᠠᠰᠤᠵᠢᠯ ᠤᠨ ᠵᠠᠭᠪᠤᠷ ᠢ | ᠬᠥᠭᠵᠢᠭᠦᠯᠵᠦ᠂ ᠨᠠᠰᠤᠵᠢᠯ ᠤᠨ ᠦᠢᠯᠡᠴᠢᠯᠡᠭᠡ ᠶᠢ ︽ᠪᠠᠶᠢᠬᠤ︾ ᠠᠴᠠ ︽ᠣᠯᠠᠨ︾ ᠲᠡᠶᠢᠰᠢ᠂ ︽ᠣᠯᠠᠨ︾ ᠪᠠᠶᠢᠭᠰᠠᠨ ᠠᠴᠠ ︽ᠴᠢᠨᠠᠷᠵᠢᠭᠤᠨ︾ ᠲᠡᠶᠢᠰᠢ ᠳᠡᠰ | ᠳᠡᠪᠰᠢᠭᠦᠯᠬᠦ ᠶᠢ ᠠᠬᠢᠭᠤᠯᠤᠨ᠎ᠠ᠃ ᠰᠢᠨ᠎ᠡ ᠮᠠᠶ᠋ᠢᠭ ᠤᠨ ᠬᠡᠷᠡᠭᠯᠡᠭᠡ ᠪᠣᠯ ᠯᠤᠲᠤ ᠶᠡᠭᠡ ᠨᠡᠮᠡᠭᠳᠡᠯ ᠴᠡᠭ ᠮᠥᠨ᠂ ᠲᠣᠭᠠᠵᠢᠭᠤᠯᠤᠭᠰᠠᠨ ᠬᠡᠷᠡᠭᠯᠡᠭᠡ᠂ ᠪᠣᠬᠢᠷᠳᠤᠯ ᠦᠭᠡᠢ | ᠬᠡᠷᠡᠭᠯᠡᠭᠡ᠂ ᠡᠷᠡᠭᠦᠯ ᠬᠡᠷᠡᠭᠯᠡᠭᠡ ᠶᠢ ᠶᠡᠭᠡ ᠪᠠᠷ ᠬᠥᠭᠵᠢᠭᠦᠯᠦᠨ᠂ ᠰᠣᠶᠣᠯ ᠴᠡᠩᠭᠡᠯ᠂ ᠲᠠᠮᠢᠷ ᠤᠨ ᠴᠤᠭᠯᠠᠭᠠᠨ᠂ ᠤᠯᠤᠰ ᠤᠨ ᠪᠠᠷᠠᠭᠠᠨ ᠤ ︽ᠤᠷᠤᠰᠬᠠᠯ ᠲᠠᠸᠠᠷ︾ | ᠵᠡᠷᠭᠡ ᠰᠢᠨ᠎ᠡ ᠬᠡᠷᠡᠭᠯᠡᠭᠡ ᠶᠢᠨ ᠬᠠᠯᠠᠮᠰᠢᠯ ᠢ ᠢᠳᠡᠪᠬᠢᠲᠡᠢ ᠪᠠᠷ ᠪᠤᠢ ᠪᠣᠯᠭᠠᠵᠤ᠂ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠮᠡᠷᠭᠡᠵᠢᠯ᠂ ᠪᠢᠣᠨᠢᠺᠰ | ᠮᠠᠰᠢᠨ ᠬᠥᠮᠥᠨ᠂ ᠡᠮᠦᠰᠴᠦ ᠵᠡᠭᠦᠵᠦ ᠪᠣᠯᠬᠤ ᠲᠥᠬᠦᠭᠡᠷᠦᠮᠵᠢ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠥᠷᠭᠡᠵᠢᠭᠦᠯᠦᠨ᠂ ᠥᠪᠡᠷ ᠢᠶᠠᠨ ᠡᠵᠡᠩᠨᠡᠭᠰᠡᠨ ᠡᠯᠧᠺᠲᠷᠣᠨ | ᠬᠤᠳᠠᠯᠳᠤᠭ᠎ᠠ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠵᠠᠭᠪᠤᠷ ᠰᠢᠨ᠎ᠡ | ᠡᠵᠡᠩᠨᠡᠯᠲᠡ ᠶᠢᠨ ᠪᠠᠶᠢᠳᠠᠯ ᠢ ᠵᠣᠷᠢᠭᠵᠢᠭᠤᠯᠤᠨ ᠬᠥᠭᠵᠢᠭᠦᠯᠵᠦ᠂ ᠰᠦᠯᠵᠢᠶᠡᠨ ᠤ ᠵᠢᠵᠢᠭᠯᠡᠨ ᠪᠣᠷᠣᠯᠠᠭᠤᠯᠬᠤ ᠲᠤᠭ᠎ᠠ ᠶᠢ 700 ᠳ᠋ᠦᠩᠰᠢᠭᠤᠷ ᠲᠥᠭᠦᠷᠢᠭ ᠠᠴᠠ | ᠳᠠᠪᠠᠭᠤᠯᠤᠨ᠎ᠠ᠃ ᠬᠤᠲᠠ ᠶᠢᠨ ᠰᠢᠨ᠎ᠡ ᠠᠷᠠᠳ ᠤᠨ ᠬᠡᠷᠡᠭᠯᠡᠭᠡ ᠪᠣᠯ ᠳᠠᠯᠳᠠ ᠬᠦᠴᠦᠨ ᠮᠥᠨ᠂ 44.6% ᠶᠢᠨ ᠡᠷᠦᠬᠡᠲᠦ ᠬᠥᠮᠥᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ ᠶᠢ 69.6% ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠬᠦᠷᠲᠡᠯ᠎ᠡ ᠳᠡᠭᠡᠭᠰᠢᠯᠡᠭᠦᠯᠭᠦ ᠳᠤ | ᠬᠦᠷᠪᠡᠯ᠂ ᠬᠤᠲᠠ ᠶᠢᠨ ᠰᠢᠨ᠎ᠡ ᠠᠷᠠᠳ 599 ᠲᠦᠮᠡ ᠰᠢᠨ᠎ᠡ ᠪᠠᠷ ᠨᠡᠮᠡᠭᠳᠡᠨ᠎ᠡ᠂ ᠡᠨᠡ ᠨᠢ ᠬᠦᠬᠡᠬᠤᠲᠠ ᠪᠤᠭᠤᠲᠤ ᠣᠷᠳᠣᠰ ᠭᠤᠷᠪᠠ ᠶᠢᠨ ᠬᠤᠲᠠ ᠲᠣᠭᠤᠷᠢᠭ ᠤᠨ | ᠶᠡᠷᠦᠩᠬᠡᠢ ᠬᠥᠮᠥᠨ ᠠᠮᠠ ᠲᠠᠢ ᠲᠡᠩᠴᠡᠵᠦ᠂ ᠡᠳᠡᠭᠡᠷ ᠬᠥᠮᠥᠰ ᠤᠨ ᠬᠤᠲᠠᠨ ᠳᠠᠬᠢ ᠢᠳᠡᠵᠦ ᠡᠮᠦᠰᠴᠦ ᠶᠠᠪᠤᠵᠤ ᠰᠠᠭᠤᠬᠤ᠂ ᠰᠣᠶᠣᠯ ᠬᠥᠮᠦᠵᠢᠯ ᠵᠤᠭ᠎ᠠ ᠴᠡᠩᠭᠡᠯ ᠨᠢ | ᠯᠤᠲᠤ ᠶᠡᠭᠡ ᠨᠢᠭᠤᠭᠳᠠᠮᠠᠯ ᠵᠠᠬ᠎ᠠ ᠳᠡᠯᠭᠡᠭᠦᠷ ᠪᠣᠯᠣᠨ᠎ᠠ᠃ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ | ᠲᠦᠷᠦ ᠶᠢᠨ ᠪᠣᠳᠣᠯᠭ᠎ᠠ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠪᠠᠨ ᠭᠦᠨᠵᠡᠭᠡᠶᠢᠷᠡᠭᠦᠯᠵᠦ᠂ | ᠬᠤᠲᠠ ᠶᠢᠨ ᠰᠢᠨ᠎ᠡ ᠠᠷᠠᠳ ᠪᠠ ᠲᠠᠭᠠᠨ ᠨᠡᠭᠦᠵᠦ ᠢᠷᠡᠭᠰᠡᠨ ᠭᠡᠷ ᠪᠦᠯᠢ ᠶᠢᠨ ᠬᠢᠨ ᠤ ᠬᠤᠳᠡ ᠪᠠᠯᠭᠠᠰᠤᠨ ᠳᠤ ᠡᠷᠣᠭᠡ ᠠᠮᠠ ᠣᠷᠣᠬᠤ ᠶᠢ ᠨᠢ ᠵᠣᠷᠢᠭᠵᠢᠭᠤᠯᠤᠨ᠂ | ᠡᠨᠡ ᠬᠡᠰᠡᠭ ᠬᠡᠷᠡᠭᠯᠡᠭᠡ ᠶᠢᠨ ᠳᠠᠯᠳᠠ ᠬᠦᠴᠦᠨ ᠢ ᠪᠦᠬᠦ ᠲᠠᠯ᠎ᠠ ᠪᠠᠷ ᠪᠠᠳᠠᠷᠠᠭᠠᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯ ᠨᠡᠶᠢᠲᠡᠯᠢᠭ | ᠬᠡᠷᠡᠭᠯᠡᠭᠡᠨ ᠤ ᠠᠵᠤ ᠠᠬᠤᠢ᠂ ᠠᠷᠠᠳ ᠢ ᠪᠠᠶᠠᠵᠢᠭᠤᠯᠬᠤ ᠠᠵᠤ ᠦᠢᠯᠡᠰ ᠮᠥᠨ᠂ ᠨᠢᠳᠤᠨᠤᠨ ᠮᠠᠨ ᠤ ᠣᠷᠣᠨ ᠤ ᠵᠢᠭᠤᠯᠴᠢᠯᠠᠭᠴᠢᠳ 2.3 ᠳ᠋ᠦᠩᠰᠢᠭᠤᠷ ᠬᠥᠮᠥᠨ | ᠤᠳᠠᠭ᠎ᠠ ᠳᠤ ᠬᠦᠷᠴᠦ᠂ ᠡᠨᠡ ᠵᠢᠯ 2.5 ᠳ᠋ᠦᠩᠰᠢᠭᠤᠷ ᠢ ᠳᠠᠪᠠᠭᠤᠯᠬᠤ ᠪᠠᠷ ᠴᠢᠷᠮᠠᠶᠢᠵᠤ᠂ ᠡᠨᠡ ᠬᠦ 2.5 ᠳ᠋ᠦᠩᠰᠢᠭᠤᠷ ᠵᠢᠭᠤᠯᠴᠢᠯᠠᠭᠴᠢᠳ ᠤᠨ ᠲᠣᠭᠤᠷᠢᠨ ᠳᠤ | ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠤᠨ᠂ ᠦᠢᠯᠡᠴᠢᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠨᠢᠭᠡ ᠪᠦᠯᠦᠭ 5A ᠳᠡᠰ ᠤᠨ | ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠷᠠᠰᠢᠶᠠᠨ ᠤᠯᠤᠰ ᠤᠨ ᠳᠡᠰ ᠤᠨ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ ᠢ ᠰᠠᠶᠢᠲᠤᠷ ᠴᠣᠭᠴᠠᠯᠠᠵᠤ᠂ ︽ | ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ᠭᠡᠬᠦ ᠣᠨᠴᠠᠯᠢᠭᠲᠤ ᠨᠡᠷᠡᠲᠦ ᠲᠡᠮᠳᠡᠭ ᠢ ᠦᠷᠭᠦᠯᠵᠢᠯᠡᠨ ᠬᠡᠷᠡᠯᠳᠦᠭᠦᠯᠵᠣ᠂ ᠵᠢᠭᠤᠯᠴᠢᠯᠠᠯ ᠤᠨ ︽ᠳᠥᠷᠪᠡᠨ ᠭᠠᠵᠠᠷ︾ | ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠵᠢᠭᠤᠯᠴᠢᠯᠠᠭᠴᠢᠳ ᠢ ᠬᠠᠨᠣᠮᠵᠢᠳᠠᠢ ᠵᠢᠭᠤᠯᠴᠢᠯᠠᠭᠤᠯᠤᠨ ᠪᠠᠶᠠᠰᠬᠠᠨ᠎ᠠ᠃ ᠤᠮᠠᠷᠠᠲᠤ ᠬᠢᠯᠢ ᠶᠢᠨ ᠰᠣᠶᠣᠯ ᠤᠨ | ᠨᠡᠷᠡᠲᠦ ᠲᠡᠮᠳᠡᠭ ᠢ ᠴᠤᠤᠷᠢᠶᠠᠲᠤᠭᠤᠯᠤᠨ᠂ ᠬᠤᠩᠱᠠᠨ ᠤ ᠰᠣᠶᠣᠯ᠂ ᠲᠦᠮᠡᠨ ᠭᠠᠵᠠᠷ ᠤᠨ ᠴᠠᠢ ᠶᠢᠨ ᠠᠶᠠᠨ ᠢ ᠰᠣᠶᠣᠯ ᠤᠨ ᠥᠪ ᠢᠶᠠᠷ ᠭᠤᠶᠤᠴᠢᠯᠠᠬᠤ ᠪᠠ ᠪᠠᠷᠠᠭᠤᠨ | ᠯᠢᠶᠣᠣ ᠾᠧ ᠭᠤᠣᠯ ᠤᠨ ᠳᠤᠮᠳᠠᠳᠤ ᠶᠢᠨ ᠦᠨᠳᠦᠰᠦᠲᠡᠨ ᠤ ᠪᠣᠯᠪᠠᠰᠤᠨ ᠤ ᠡᠭᠦᠰᠦᠯ ᠢᠷᠡᠯᠲᠡ ᠶᠢ ᠬᠠᠶᠢᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ | ᠤᠮᠠᠷᠠᠲᠤ ᠬᠢᠯᠢ ᠶᠢᠨ ᠰᠣᠶᠣᠯ ᠪᠦᠲᠦᠭᠡᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠨᠢᠭᠡ ᠪᠦᠯᠦᠭ ᠰᠣᠶᠣᠯ ᠤᠨ ᠬᠥᠲᠥᠴᠢ ᠠᠵᠤ ᠦᠢᠯᠡᠰ ᠢ ᠴᠣᠭᠴᠠᠯᠠᠨ᠂ | ᠳᠠᠬᠢᠭᠠᠣᠨ ︽ᠮᠣᠷᠢᠲᠤ ᠴᠡᠷᠢᠭ︾᠂ ︽ᠪᠤᠭᠤᠷᠤᠯ ᠲᠡᠦᠬᠡ ᠶᠢᠨ ᠬᠦᠯᠥᠭ ᠤᠨ ᠮᠠᠭᠲᠠᠭᠠᠯ︾᠂ ︽ᠮᠣᠷᠢᠨ ᠤ ᠬᠤᠩᠬ᠎ᠠ ᠵᠣᠯ ᠵᠢᠷᠭᠠᠯ ᠤᠨ ᠳᠠᠭᠤᠤ ᠶᠢ | ᠬᠠᠩᠭᠢᠨᠠᠭᠤᠯᠤᠨ᠎ᠠ︾ ᠮᠡᠲᠦ ᠶᠢᠨ ᠨᠢᠭᠡ ᠪᠦᠯᠦᠭ ᠰᠣᠶᠣᠯ ᠤᠷᠠᠯᠢᠭ ᠤᠨ ᠰᠣᠳᠣᠨ ᠪᠦᠲᠦᠭᠡᠯ ᠭᠠᠷᠭᠠᠵᠤ᠂ ᠤᠯᠠᠭᠠᠨᠮᠥ᠋ᠴᠢᠷ ᠤᠨ ᠬᠤᠪᠢᠰᠬᠠᠯᠲᠤ ᠤᠳᠬ᠎ᠠ | ᠤᠷᠠᠯᠢᠭ ᠤᠨ ᠬᠥᠩᠭᠡᠨ ᠮᠣᠷᠢᠲᠤ ᠴᠡᠷᠢᠭ ᠤᠨ ᠦᠢᠯᠡᠳᠦᠯ ᠢ ᠪᠠᠳᠠᠷᠠᠭᠤᠯᠵᠤ᠂ ᠨᠠᠮ ᠤᠨ ᠬᠠᠶᠢᠷ᠎ᠠ ᠬᠠᠯᠠᠮᠵᠢ ᠪᠠ ᠳᠠᠭᠤᠨ ᠬᠤᠭᠤᠯᠠᠢ ᠶᠢ ᠤᠮᠠᠷᠠᠲᠤ ᠬᠢᠯᠢ ᠣᠷᠣᠨ ᠳᠤ | ᠳᠠᠭᠤᠷᠢᠰᠤᠭᠤᠯᠤᠨ᠎ᠠ᠃ ︽ᠪᠦᠬᠦ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠡᠬᠢᠯᠡᠮᠡᠷ ᠴᠠᠭ | ᠮᠥᠴᠡ ᠳᠤ᠂ ᠣᠷᠣᠨ ᠳᠠᠶᠠᠭᠠᠷ ᠢᠶᠠᠨ ᠬᠦᠴᠦᠯᠡᠵᠦ ᠴᠤᠭᠯᠠᠭᠠᠨ ᠢ ᠰᠠᠶᠢᠲᠤᠷ ᠡᠷᠬᠢᠯᠡᠨ᠂ ᠨᠢᠭᠡ ᠬᠤᠭᠤᠴᠠᠭᠠᠨ ᠤ ᠲᠣᠪᠴᠢ ᠠᠪᠰᠠᠷᠬᠠᠨ᠂ ᠠᠮᠤᠷ ᠲᠦᠪᠰᠢᠨ᠂ | ᠭᠤᠶᠢᠳᠠ ᠰᠠᠶᠢᠬᠠᠨ ᠲᠠᠮᠢᠷ ᠤᠨ ᠥᠪᠡᠳᠡᠭᠰᠢ ᠴᠤᠭᠯᠠᠭᠠᠨ ᠢ ᠡᠷᠭᠦᠨ ᠳᠡᠪᠰᠢᠭᠦᠯᠵᠦ᠂ ᠡᠨᠡ ᠬᠦ ᠲᠠᠰᠢᠷᠠᠮ ᠢᠶᠠᠷ ᠮᠥᠰᠥ ᠴᠠᠰᠤᠨ ᠤ ᠠᠵᠤ ᠦᠢᠯᠡᠰ ᠢ ᠡᠬᠢᠯᠡᠭᠦᠯᠦᠨ | ᠬᠥᠭᠵᠢᠭᠦᠯᠵᠦ᠂ ᠵᠢᠭᠤᠯᠴᠢᠯᠠᠭᠴᠢᠳ ᠲᠤ ᠮᠥᠰᠥ ᠴᠠᠰᠤᠨ ᠤ ᠪᠠᠶᠠᠷ ᠪᠠᠭ᠋ᠠᠳᠤᠯ ᠢ ᠬᠠᠨᠳᠤᠯ᠎ᠠ ᠬᠦᠷᠲᠡᠭᠡᠨ᠂ ᠡᠪᠦᠯ ᠤᠨ ᠤᠯᠠᠷᠢᠯ ᠤᠨ ᠵᠢᠭᠤᠯᠴᠢᠯᠠᠯ ᠳᠤ ᠳᠠᠭᠤᠰᠤᠰᠢ | ᠦᠭᠡᠢ ᠬᠠᠯᠠᠭᠤᠨ ᠤᠷᠤᠰᠬᠠᠯ ᠠᠪᠴᠢᠷᠠᠨ᠎ᠠ᠃ | ︵ᠳᠥᠷᠪᠡ︶ ᠣᠨᠴᠠᠭᠠᠢ ᠠᠷᠭ᠎ᠠ ᠬᠡᠮᠵᠢᠶ᠎ᠡ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠤᠨ᠎ᠠ᠃ ᠤᠯᠠᠮ | ᠬᠥᠭᠵᠢᠭᠡᠳᠦᠢ ᠭᠠᠵᠠᠷ ᠣᠷᠣᠨ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠤᠯᠠᠮ ᠴᠢᠬᠤᠯᠠᠴᠢᠯᠠᠵᠤ᠂ ᠬᠠᠭᠤᠴᠢᠨ ᠠᠪᠲᠠᠯ ᠢᠶᠠᠨ | ᠤᠯᠠᠮ ᠲᠠᠶᠠᠭᠳᠠᠨ᠂ ᠵᠤᠷᠰᠢᠯ ᠢ ᠵᠣᠷᠢᠭᠲᠠᠢ ᠡᠪᠳᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠲᠠᠯ᠎ᠠ ᠪᠠᠷ ᠨᠡᠬᠡᠵᠦ ᠭᠦᠢᠴᠡᠬᠦ ᠪᠠᠷ | ᠴᠢᠷᠮᠠᠶᠢᠬᠤ ᠬᠡᠷᠡᠭᠲᠡᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠶᠠᠭᠤᠨ ᠤ ᠤᠷᠢᠳ ᠬᠠᠷᠠᠮ ᠦᠭᠡᠢ ᠪᠠᠷ ᠣᠷᠣᠭᠤᠯᠣᠯᠳᠡ ᠬᠢᠬᠦ ᠬᠡᠷᠡᠭᠲᠡᠢ᠃ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠣᠯᠳᠡ ᠶᠢᠨ ᠪᠠᠲᠤᠯᠠᠭᠠᠲᠤ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ | ᠱᠠᠲᠤᠨ ᠤ ᠵᠠᠰᠠᠭ ᠤᠨ ᠣᠷᠳᠣᠨ ᠴᠥᠮ ᠪᠣᠳᠠᠲᠠᠢ ᠵᠣᠭᠤᠰ ᠮᠥᠩᠭᠦ ᠭᠠᠷᠭᠠᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠶᠢ ᠳᠡᠮᠵᠢᠵᠦ᠂ | ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠵᠣᠷᠢᠭᠲᠠᠢ ᠪᠠᠷ ᠰᠢᠨ᠎ᠡ ᠶᠢ ᠡᠭᠦᠳᠬᠦ ᠳᠤ | ᠠᠰᠢᠭᠲᠠᠢ ᠠᠮᠢ ᠠᠬᠤᠢ ᠶᠢᠨ ᠪᠠᠶᠢᠳᠠᠯ ᠢ ᠪᠣᠢ ᠪᠣᠯᠭᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠢ ᠬᠦᠴᠦᠯᠡᠨ | ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠤ ᠪᠠᠶᠢᠭᠠᠳ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠮᠥᠩᠭᠦᠨ ᠭᠦᠢᠯᠭᠡᠭᠡᠨ ᠤ ᠨᠡᠷᠡᠳᠬᠦᠨ ᠢ ᠪᠠᠶᠠᠯᠢᠭᠵᠢᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠵᠠᠮᠴᠢᠯᠠᠨ ᠳᠠᠶᠢᠴᠢᠯᠠᠬᠤ | ᠦᠢᠯᠡᠳᠦᠯ ᠢ ᠪᠠᠳᠠᠷᠠᠭᠤᠯᠵᠤ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠣᠯᠳᠡ᠂ ᠰᠲ᠋ᠣᠺ ᠤᠨ ᠡᠷᠬᠡ ᠶᠢᠨ ᠪᠡᠯᠡ ᠣᠷᠣᠭᠤᠯᠣᠯᠳᠡ ᠶᠢ ᠬᠥᠭᠵᠢᠭᠦᠯᠬᠦ ᠶᠢ | ᠵᠣᠷᠢᠭᠵᠢᠭᠤᠯᠤᠨ᠂ ᠲᠦᠭᠰᠢᠭᠦᠷᠢᠲᠦ ᠪᠡᠯᠡ ᠣᠷᠣᠭᠤᠯᠣᠯᠳᠡ ᠶᠢᠨ ᠰᠠᠭᠤᠷᠢ ᠮᠥᠩᠭᠦ ᠶᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠡᠯᠪᠡᠷᠢ ᠪᠦᠬᠦᠢ ᠠᠵᠤ ᠠᠬᠤᠶᠢᠯᠠᠯ ᠤᠨ ᠪᠦᠭᠦ ᠦᠶᠡᠯᠡᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠦᠷ᠎ᠡ︾ ᠳᠤ ᠨᠡᠩ ᠣᠯᠠᠨ ᠮᠥᠩᠭᠦᠨ ᠭᠦᠢᠯᠭᠡᠭᠡᠨ ᠤ ᠤᠷᠤᠰᠬᠠᠯ ᠣᠰᠣᠨ ᠤ ᠰᠢᠮ᠎ᠡ ᠲᠡᠵᠢᠭᠡᠯ | ᠬᠠᠩᠭᠠᠨ᠎ᠠ᠃ | ᠡᠬᠢ ᠪᠠᠶᠠᠯᠢᠭ ᠤᠨ ᠬᠦᠴᠦᠨ ᠴᠢᠳᠠᠯ ᠢ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠢ | ᠬᠦᠴᠦᠷᠬᠡᠭᠵᠢᠭᠦᠯᠦᠨ ᠪᠠᠶᠢᠭᠤᠯᠤᠨ᠎ᠠ᠃ ︽ᠤᠯᠤᠰ ᠤᠨ ᠠᠩᠭᠢ︾ ᠶᠢ ᠪᠤᠵᠠᠭᠠᠶᠢᠷᠠᠭᠤᠯᠬᠤ ᠬᠡᠷᠡᠭᠲᠡᠢ᠂ ᠬᠦᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠠ ᠡᠪᠡᠰᠦᠨ ᠤ ᠦᠢᠯᠡᠰ ᠤᠨ ᠤᠯᠤᠰ ᠤᠨ ᠮᠡᠷᠭᠡᠵᠢᠯ ᠤᠨ | ᠰᠢᠨ᠎ᠡ ᠡᠭᠦᠳᠦᠯᠲᠡ ᠶᠢᠨ ᠲᠥᠪ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ | ᠡᠭᠦᠳᠦᠯᠲᠡ ᠶᠢᠨ ᠲᠥᠪ ᠤᠨ ᠬᠤᠶᠠᠳᠤᠭᠠᠷ ᠬᠤᠭᠤᠴᠠᠭᠠᠨ ᠤ ᠲᠦᠷᠣᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠠᠯ᠎ᠠ ᠨᠤᠲᠤᠭ ᠤᠨ ᠭᠡᠷ ᠤᠨ | ᠲᠡᠵᠢᠭᠡᠪᠦᠷᠢ ᠶᠢᠨ ᠡᠭᠦᠯᠳᠡᠷ ᠪᠤᠶᠢᠵᠢᠭᠤᠯᠬᠤ᠂ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠠᠰᠢᠭᠯᠠᠯᠲᠠ ᠶᠢᠨ ᠪᠦᠬᠦ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠤᠶᠢᠵᠢᠭᠤᠯᠤᠨ᠎ᠠ᠃ ︽ᠣᠷᠣᠨ ᠨᠤᠲᠤᠭ ᠤᠨ ᠠᠩᠭᠢ︾ ᠶᠢ ᠬᠦᠴᠦᠷᠬᠡᠭᠵᠢᠭᠦᠯᠬᠦ ᠬᠡᠷᠡᠭᠲᠡᠢ᠂ ᠥᠪᠡᠷᠲᠡᠭᠡᠨ ᠵᠠᠰᠠᠬᠤ | ᠣᠷᠣᠨ ᠤ ᠲᠤᠷᠰᠢᠯᠲᠠ ᠶᠢᠨ ᠲᠠᠰᠤᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠲᠠᠬᠢ ᠡᠨᠧᠷᠬᠢ ᠶᠢᠨ ᠰᠤᠳᠤᠯᠭᠠᠨ ᠤ ᠬᠦᠷᠢᠶᠡᠯᠡᠩ ᠵᠡᠷᠭᠡ ᠪᠠᠶᠢᠭᠤᠯᠤᠮᠵᠢ ᠨᠢ | ᠵᠣᠷᠢᠭᠲᠠᠢ ᠬᠢᠵᠦ ᠲᠤᠷᠰᠢᠨ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ ᠪᠤᠵᠠᠭᠠᠶᠢᠷᠠᠭᠤᠯᠤᠨ᠂ ᠴᠠᠭᠠᠷᠠᠭᠰᠠᠨ ᠦᠷ᠎ᠡ ᠪᠥᠲᠥᠮᠵᠢ ᠭᠠᠷᠭᠠᠬᠤ ᠬᠡᠷᠡᠭᠲᠡᠢ︔ | ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ ᠨᠢ ︽ᠪᠥᠭᠡᠭᠡᠨᠡᠷᠡᠯ︾ ᠤᠨ ᠦᠢᠯᠡᠳᠦᠯ ᠢᠶᠠᠨ ᠪᠠᠳᠠᠷᠠᠭᠤᠯᠵᠤ᠂ | ︽ᠨᠡᠶᠢᠯᠡᠯᠲᠡ︾ ᠶᠢᠨ ᠦᠢᠯᠡᠳᠦᠯ ᠢᠶᠠᠨ ᠭᠠᠷᠭᠠᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠬᠦᠷᠢᠶᠡᠯᠡᠩ ᠭᠠᠵᠠᠷ ᠢ ᠬᠠᠮᠲᠤᠳᠬᠠᠨ᠂ ᠠᠵᠤ | ᠦᠢᠯᠡᠰ ᠤᠨ ᠬᠡᠯᠬᠢᠶ᠎ᠡ᠂ ᠰᠢᠨ᠎ᠡ ᠡᠭᠦᠳᠦᠯᠲᠡ ᠶᠢᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠮᠡᠳᠡᠭᠡ ᠵᠠᠩᠭᠢ ᠶᠢᠨ ᠬᠡᠯᠬᠢᠶ᠎ᠡ ᠶᠢ | ᠬᠤᠷᠠᠭᠤᠯᠬᠤ ᠬᠡᠷᠡᠭᠲᠡᠢ᠃ ᠣᠨᠴᠠᠭᠠᠶᠢᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠠᠬᠢᠭᠤᠯᠵᠤ᠂ ᠴᠡᠭ ᠪᠠᠶᠢᠷᠢᠯᠠᠯ ᠢᠶᠠᠨ ᠣᠯᠵᠤ᠂ | ᠪᠦᠯᠭᠦᠮ ᠨᠠᠶᠢᠳᠡ ᠪᠠᠨ ᠣᠯᠵᠤ᠂ ᠵᠠᠭᠪᠤᠷ ᠢᠶᠠᠨ ᠵᠥᠪ ᠣᠯᠵᠤ᠂ ᠤᠰᠤᠲᠥ᠋ᠷᠥᠭᠴᠢᠲᠤ ᠡᠨᠧᠷᠬᠢ᠂ ᠰᠢᠨ᠎ᠡ ᠬᠡᠯᠪᠡᠷᠢ ᠶᠢᠨ ᠡᠨᠧᠷᠬᠢ ᠨᠥᠭᠡᠴᠡᠯᠡᠬᠦ᠂ ᠬᠤᠪᠣᠷ | ᠰᠢᠷᠣᠢ ᠶᠢᠨ ᠰᠢᠨ᠎ᠡ ᠮᠠᠲ᠋ᠧᠷᠢᠶᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠭᠦ ᠤᠯᠤᠰ ᠴᠢᠨᠠᠭᠰᠢᠯᠠᠨ ᠳᠡᠯᠡᠬᠡᠢ ᠳᠤ ᠣᠷᠦ᠋ᠢᠯᠠᠭᠰᠠᠨ ᠲᠤᠰᠬᠠᠢ ᠮᠡᠷᠭᠡᠵᠢᠯᠲᠡᠨ ᠤ | ᠪᠦᠯᠭᠦᠮ ᠢ ᠣᠷᠣᠭᠤᠯᠤᠨ ᠠᠪᠴᠢᠷᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠯᠦᠭᠡ ᠬᠤᠯᠪᠤᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠵᠡᠷᠭᠡ ᠲᠠᠯ᠎ᠠ ᠪᠠᠷ ᠪᠦᠬᠦ ᠬᠦᠴᠦᠨ ᠢᠶᠠᠷ ᠢᠶᠠᠨ ᠰᠢᠪᠲᠤᠯᠤᠯᠲᠠ ᠭᠠᠷᠭᠠᠨ᠎ᠠ᠃ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯᠯᠠᠬᠤ ᠴᠡᠷᠢᠭ ᠪᠣᠯᠬᠤ ᠶᠢ ᠪᠦᠭᠦ ᠬᠦᠴᠦᠨ ᠢᠶᠠᠷ ᠢᠶᠠᠨ ᠳᠡᠮᠵᠢᠨ᠎ᠡ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ —ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ —ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠯᠪᠡᠷᠢ ᠪᠦᠬᠦᠢ ᠳᠠᠭᠠᠭᠤᠯᠤᠭᠴᠢ ᠠᠵᠤ ᠠᠬᠤᠶᠢᠯᠠᠯ︾ ᠤᠨ ᠱᠠᠲᠤᠯᠢᠭ ᠬᠡᠯᠪᠡᠷᠢ ᠪᠦᠬᠦᠢ ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ᠂ ᠬᠥᠲᠥᠴᠢ | ᠠᠵᠤ ᠠᠬᠤᠶᠢᠯᠠᠯ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠶᠢ ᠳᠡᠮᠵᠢᠵᠦ᠂ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 2000᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ᠢ | 3000 ᠳᠤ ᠬᠦᠷᠦᠭᠦᠯᠬᠦ ᠪᠠᠷ ᠴᠢᠷᠮᠠᠶᠢᠨ᠎ᠠ᠃ ᠠᠵᠤ ᠠᠬᠤᠶᠢᠯᠠᠯ ᠢᠶᠠᠷ ᠭᠤᠣᠯᠯᠠᠭᠤᠯᠤᠭᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢᠨ ᠭᠦᠨᠵᠡᠭᠡᠢ | ᠠᠭᠤᠰᠤᠯᠴᠠᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠬᠢᠬᠦ᠂ ᠰᠢᠨᠵᠢᠯᠡᠬᠦ ᠤᠬᠠᠭᠠᠨ ᠰᠤᠳᠤᠯᠭᠠᠨ ᠤ ᠲᠦᠷᠣᠯ ᠵᠦᠢᠯ ᠪᠠ | ᠵᠠᠷᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠲᠣᠭᠲᠠᠴᠠ ᠶᠢ | ᠪᠦᠷᠢᠨᠰᠢᠭᠦᠯᠦᠨ᠂ ᠡᠯ᠎ᠡ ᠲᠦᠷᠣᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ | ᠰᠠᠭᠤᠷᠢᠨ ᠭᠠᠵᠠᠷ᠂ ᠵᠠᠪᠰᠠᠷ ᠤᠨ ᠰᠢᠯᠭᠠᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠ ᠬᠡᠷᠡᠭᠯᠡᠭᠡᠨ ᠤ ᠰᠢᠯᠭᠠᠯᠲᠠ ᠶᠢᠨ ᠲᠠᠪᠴᠠᠩ ᠢ | ᠪᠠᠶᠢᠷᠢᠰᠢᠭᠤᠯᠤᠨ ᠪᠠᠶᠢᠭᠤᠯᠬᠤ ᠶᠢ ᠵᠣᠷᠢᠭᠵᠢᠭᠤᠯᠵᠤ᠂ ︽ᠰᠢᠨᠵᠢᠯᠡᠬᠦ ᠤᠬᠠᠭᠠᠨᠲᠠᠨ + ᠢᠨᠵᠧᠨᠧᠷ + ᠠᠵᠤ ᠠᠬᠤᠶᠢᠯᠠᠯᠲᠠᠨ︾ ᠤ ᠵᠠᠭᠪᠤᠷ ᠢ ᠬᠡᠷᠡᠭᠵᠢᠭᠦᠯᠦᠨ᠂ | ᠲᠤᠰᠬᠠᠢ ᠠᠰᠢᠭ ᠢ ᠤᠯᠠᠷᠢᠭᠤᠯᠤᠨ ᠬᠡᠷᠡᠭᠯᠡᠬᠦ ᠲᠤᠰᠬᠠᠢ ᠵᠦᠢᠯ ᠤᠨ ᠠᠵᠢᠯᠯᠠᠭᠠᠨ ᠢ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ︽ᠲᠤᠷᠰᠢᠯᠲᠠ ᠶᠢᠨ ᠲᠠᠰᠤᠭ︾ ᠠᠴᠠ ︽ᠦᠢᠯᠡᠳᠪᠦᠷᠢᠯᠡᠯ ᠤᠨ ᠱᠤᠭᠤᠮ︾ ᠳᠤ ᠭᠠᠷᠭᠠᠬᠤ ᠬᠡᠷᠡᠭᠲᠡᠢ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠷᠮ᠎ᠠ ᠵᠣᠷᠢᠭ ᠢᠶᠠᠷ ᠴᠢᠳᠠᠪᠤᠷᠢᠲᠠᠨ ᠤᠷᠢᠵᠤ ᠤᠶᠤᠨ ᠤᠬᠠᠭᠠᠨ ᠢ ᠲᠥᠪᠯᠡᠷᠡᠭᠦᠯᠦᠨ᠎ᠡ᠃ ᠴᠢᠳᠠᠪᠤᠷᠢᠲᠠᠨ ᠢ | ᠥᠮᠴᠢᠷᠬᠡᠬᠦ ᠶᠢ ᠪᠣᠳᠣᠬᠤ ᠦᠭᠡᠢ᠂ ᠪᠠᠶᠢᠵᠤ ᠲᠣᠭᠲᠠᠬᠤ ᠪᠠᠷ ᠱᠠᠭᠠᠷᠳᠠᠬᠤ ᠦᠭᠡᠢ᠂ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ᠂ ᠨᠥᠬᠦᠴᠡᠯ ᠪᠣᠯᠣᠮᠵᠢ | ᠪᠦᠷᠢᠯᠳᠦᠭᠦᠯᠦᠨ ᠴᠢᠳᠠᠪᠤᠷᠢᠲᠠᠳ ᠢ ᠲᠠᠲᠠᠬᠤ ᠪᠠᠷ ᠪᠠᠷᠠᠬᠤ ᠦᠭᠡᠢ᠂ ᠪᠠᠰᠠ ᠡᠷᠳᠡᠮ ᠴᠢᠳᠠᠪᠤᠷᠢ ᠪᠠᠨ ᠪᠠᠳᠠᠷᠠᠭᠤᠯᠬᠤ ᠣᠷᠴᠢᠨ ᠨᠥᠬᠦᠴᠡᠯ ᠢ ᠪᠦᠷᠢᠯᠳᠦᠭᠦᠯᠵᠦ᠂ | ᠥᠪᠡᠷᠲᠡᠭᠡᠨ ᠵᠠᠰᠠᠬᠤ ᠣᠷᠣᠨ ᠤ ᠪᠡᠭᠡᠵᠢᠩ ᠱᠠᠩᠬᠠᠢ ᠵᠧᠵᠢᠶᠠᠩ ᠵᠡᠷᠭᠡ ᠭᠠᠵᠠᠷ ᠲᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠤᠭᠤᠷᠴᠤᠭ ᠬᠠᠷᠢᠶ᠎ᠠ ᠭᠠᠵᠠᠷ ᠢ ᠰᠠᠶᠢᠲᠤᠷ ᠴᠣᠭᠴᠠᠯᠠᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠳᠠᠪᠰᠢᠭᠰᠠᠨ ᠭᠠᠵᠠᠷ ᠣᠷᠣᠨ ᠳᠤ ᠴᠢᠳᠠᠪᠤᠷᠢᠲᠠᠨ ᠤ | ᠤᠭᠤᠷᠴᠤᠭ ᠬᠠᠷᠢᠶ᠎ᠠ ᠭᠠᠵᠠᠷ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ ᠲᠡᠮᠵᠢᠵᠦ᠂ ᠢᠯᠢ ᠪᠦᠯᠦᠭᠯᠡᠯ ᠤᠨ ᠡᠸᠦ᠋ᠷᠦᠫᠡ ᠳᠠᠬᠢ ᠰᠤᠳᠤᠯᠤᠨ ᠨᠡᠭᠡᠭᠡᠬᠦ ᠲᠥᠪ᠂ | ᠣᠷᠳᠣᠰ ᠪᠦᠯᠦᠭᠯᠡᠯ ᠤᠨ ᠱᠠᠩᠬᠠᠢ ᠳᠠᠬᠢ ᠰᠤᠳᠤᠯᠤᠨ ᠨᠡᠭᠡᠭᠡᠬᠦ ᠲᠥᠪ ᠵᠡᠷᠭᠡ ᠵᠠᠭᠪᠤᠷ ᠢ ᠳᠡᠯᠭᠡᠷᠡᠭᠦᠯᠵᠦ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ | ᠵᠡᠷᠭᠡ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠯᠤᠭ᠎ᠠ ᠬᠠᠮᠲᠤᠷᠠᠯᠴᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠠᠵᠤ | ᠦᠢᠯᠡᠰ ᠤᠨ ᠬᠡᠷᠡᠭᠯᠡᠭᠡᠨ ᠤ ︽ᠬᠤᠣᠰ ᠴᠢᠭᠯᠡᠯᠲᠦ ᠤᠭᠤᠷᠴᠤᠭ ᠬᠠᠷᠢᠶ᠎ᠠ ᠭᠠᠵᠠᠷ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠨ ᠲᠦᠷᠭᠡᠳᠬᠡᠨ᠎ᠡ᠃ | ︵ᠲᠠᠪᠤ︶ ᠥᠪᠥᠷ ᠮᠣᠩᠭᠤᠯ ᠤᠨ ᠣᠨᠴᠠᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠬᠢᠨᠠᠮᠠᠭᠠᠢ ᠴᠣᠭᠴᠠᠯᠠᠨ᠎ᠠ᠃ | ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠦᠨᠳᠦᠰᠦ ᠨᠢ ᠪᠣᠳᠠᠲᠤ ᠴᠣᠭᠴᠠ ᠶᠢᠨ ᠠᠵᠤ ᠠᠬᠤᠢ ᠳᠤ ᠪᠠᠶᠢᠵᠤ᠂ ᠵᠠᠩᠭᠢᠯᠠᠭ᠎ᠠ ᠨᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠠᠶᠢᠵᠤ᠂ ᠴᠢᠭᠯᠡᠯ ᠨᠢ ᠠᠵᠤ ᠦᠢᠯᠡᠰ ᠢ ᠳᠡᠰ ᠳᠡᠪᠰᠢᠭᠦᠯᠬᠦ ᠳᠤ ᠪᠠᠶᠢᠨ᠎ᠠ᠃ ︽ᠬᠤᠶᠠᠷ | ᠰᠠᠭᠤᠷᠢᠨ ᠭᠠᠵᠠᠷ︾ ᠲᠤ ᠠᠩᠬᠠᠷᠤᠯ ᠢᠶᠠᠨ ᠲᠥᠪᠯᠡᠷᠡᠭᠦᠯᠦᠨ᠂ ︽ᠭᠤᠷᠪᠠᠨ ᠶᠡᠭᠡ ᠳᠠᠪᠠᠭᠤᠯᠢᠭ︾ ᠢ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠢᠷᠢ | ᠲᠦᠪᠰᠢᠨ ᠢᠶᠠᠨ ᠳᠡᠭᠡᠭᠰᠢᠯᠡᠭᠦᠯᠭᠦ᠂ ᠠᠵᠤ ᠦᠢᠯᠡᠳᠪᠦᠷᠢᠵᠢᠯᠲᠡ ᠶᠢᠨ ᠬᠦᠨᠳᠦ ᠡᠭᠦᠷᠭᠡ ᠡᠭᠦᠷᠭᠡᠯᠡᠬᠦ᠂ ᠰᠢᠨ᠎ᠡ ᠡᠨᠧᠷᠭᠢ ᠶᠢᠨ ᠭᠤᠣᠯᠯᠠᠬᠤ᠂ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠨᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠨᠢ ᠣᠳᠣᠬᠢᠴᠢᠯᠠᠭᠰᠠᠨ ᠶᠡᠭᠡ ᠠᠵᠤ ᠦᠢᠯᠡᠰ ᠢ ᠴᠣᠭᠴᠠᠯᠠᠬᠤ ᠪᠠ ᠠᠵᠤ ᠦᠢᠯᠡᠰ ᠤᠨ ᠬᠦᠴᠦᠷᠬᠡᠭ ᠣᠷᠣᠨ ᠢ ᠪᠦᠲᠦᠭᠡᠨ | ᠪᠠᠶᠢᠭᠤᠯᠬᠤ ᠪᠠᠷ ᠬᠠᠷᠠᠯᠲᠠ ᠪᠣᠯᠭᠠᠨ ᠬᠦᠴᠦᠯᠡᠬᠦ ᠬᠡᠷᠡᠭᠲᠡᠢ᠃ ᠶᠡᠭᠡ ᠲᠠᠷᠢᠶᠠᠯᠠᠩ ᠤᠨ ᠦᠵᠡᠯᠲᠡ ᠶᠢ ᠪᠠᠲᠤ ᠴᠣᠭᠴᠠᠯᠠᠵᠤ᠂ ᠬᠡᠪᠴᠢᠶᠡᠵᠢᠭᠦᠯᠬᠦ᠂ ᠠᠵᠤ | ᠦᠢᠯᠡᠰᠵᠢᠭᠦᠯᠬᠦ᠂ ᠨᠡᠷᠡᠲᠤ ᠲᠡᠮᠳᠡᠭᠵᠢᠭᠦᠯᠬᠦ ᠳᠡᠭᠡᠷ᠎ᠡ ᠬᠦᠴᠦ ᠵᠠᠷᠤᠴᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ ᠢ ᠲᠦᠮᠡᠨ | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢ ᠲᠠᠷᠠᠬᠠᠢ ᠪᠤᠲᠠᠷᠬᠠᠢ ᠪᠠᠶᠢᠭᠰᠠᠨ ᠠᠴᠠ ᠨᠢ ᠡᠷᠴᠢᠮᠵᠢᠭᠦᠯᠬᠦ | ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠂ ᠬᠡᠪᠴᠢᠶᠡᠵᠢᠭᠦᠯᠦᠭᠰᠡᠨ ᠡᠵᠡᠩᠨᠡᠯᠲᠡ ᠨᠡᠶᠢᠭᠡᠮᠴᠢᠯᠡᠭᠰᠡᠨ | ᠦᠢᠯᠡᠴᠢᠯᠡᠭᠡ ᠶᠢ ᠲᠦᠷᠭᠡᠳᠬᠡᠨ ᠠᠬᠢᠭᠤᠯᠵᠤ᠂ ᠪᠡᠯᠡᠳᠭᠡᠮᠵᠢᠲᠦ ᠲᠠᠷᠢᠶᠠᠯᠠᠩ᠂ ᠬᠠᠰᠢᠶᠠᠯᠠᠨ ᠲᠡᠵᠢᠭᠡᠬᠦ ᠬᠤᠷᠢᠵᠤ ᠲᠡᠵᠢᠭᠡᠬᠦ᠂ ᠬᠦᠷᠢᠶᠡᠨ ᠠᠵᠤ ᠠᠬᠤᠢ ᠶᠢ | ᠬᠥᠭᠵᠢᠭᠦᠯᠬᠦ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠨ ᠥᠭᠡᠷᠡᠴᠢᠯᠡᠵᠦ ᠰᠢᠨᠡᠳᠬᠡᠬᠦ᠂ | ᠤᠯᠤᠰ ᠤᠨ ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠵᠤ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠠᠬᠢᠭᠤᠯᠵᠤ᠂ ᠬᠢᠩᠭᠠᠨ ᠠᠶᠢᠮᠠᠭ ᠤᠨ | ᠣᠳᠣ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | 850 ᠲᠦᠮᠡᠨ ᠮᠦ ᠰᠢᠨ᠎ᠡ ᠪᠠᠷ ᠪᠠᠶᠢᠭᠤᠯᠤᠨ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠢᠨᠵᠧᠨᠧᠷᠢᠩ ᠢ 900 ᠲᠦᠮᠡᠨ ᠮᠦ ᠬᠡᠷᠡᠭᠵᠢᠭᠦᠯᠵᠦ᠂ | ᠪᠡᠯᠡᠳᠭᠡᠮᠵᠢᠲᠦ ᠲᠠᠷᠢᠶᠠᠯᠠᠩ ᠢ 24 ᠲᠦᠮᠡᠨ ᠮᠦ ᠰᠢᠨ᠎ᠡ ᠪᠠᠷ ᠪᠠᠶᠢᠭᠤᠯᠤᠨ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ 200 ᠰᠠᠶᠢᠵᠢᠷᠠᠭᠤᠯᠤᠨ | ᠥᠭᠡᠷᠡᠴᠢᠯᠡᠵᠦ᠂ ᠡᠯᠪᠡᠭ ᠬᠤᠷᠢᠶᠠᠯᠲᠠ ᠲᠠᠢ ᠵᠢᠯ ᠢ ᠳᠠᠬᠢᠨ ᠡᠭᠦᠳᠬᠦ ᠪᠠᠷ ᠴᠢᠷᠮᠠᠶᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ | ᠢᠯᠡᠭᠦᠦ ᠥᠪᠥᠷ ᠮᠣᠩᠭᠤᠯ ᠤᠨ ᠬᠦᠴᠦᠨ ᠴᠢᠳᠠᠯ ᠢᠶᠠᠨ ᠨᠡᠮᠡᠷᠢᠯᠡᠨ᠎ᠡ᠃ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠳᠡᠭᠡᠭᠰᠢᠯᠡᠭᠦᠯᠬᠦ | ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠣᠷᠠᠭᠤᠯᠬᠤ ᠬᠡᠮᠵᠢᠶ᠎ᠡ ᠪᠠᠨ ᠬᠦᠴᠦᠯᠡᠨ | ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠲᠠᠰᠣᠷᠠᠯᠳᠡ ᠦᠭᠡᠢ ᠤᠷᠲᠤᠳᠬᠠᠨ᠂ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ᠂ ᠥᠷᠳᠡᠭ ᠤᠨ | ᠬᠡᠯᠬᠢᠶ᠎ᠡ ᠶᠢ ᠳᠡᠭᠡᠭᠰᠢᠯᠡᠭᠦᠯᠵᠦ᠂ 7 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠳᠡᠭ ᠢ 7000 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ ᠰᠦ ᠰᠠᠭᠠᠯᠢ ᠶᠢᠨ ᠦᠢᠯᠡᠰ ᠤᠨ ᠲᠠᠯ᠎ᠠ ᠪᠠᠷ ᠭᠤᠣᠯᠳᠠᠭᠤ ᠪᠢᠰᠢᠯᠠᠭ ᠵᠡᠷᠭᠡ ᠬᠠᠲᠠᠭᠤ ᠲᠥᠯᠥᠪᠲᠦ ᠰᠦ ᠴᠠᠭᠠᠨ ᠢᠳᠡᠭᠡ ᠶᠢ | ᠨᠠᠷᠢᠯᠢᠭ ᠭᠦᠨ ᠡᠳ᠋ᠰᠢᠭᠦᠯᠬᠦ ᠪᠠ ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡ ᠶᠢ ᠳᠡᠰ ᠳᠡᠪᠰᠢᠭᠦᠯᠬᠦ ᠶᠢ ᠨᠢ ᠲᠦᠷᠭᠡᠳᠬᠡᠵᠦ᠂ ︽ᠰᠢᠷᠬᠡᠭ | ᠡᠪᠡᠰᠦ ᠠᠴᠠ ᠠᠶᠠᠭ᠎ᠠ ᠰᠦ ᠬᠦᠷᠲᠡᠯᠡᠬᠢ᠂ ᠳᠠᠬᠢᠭᠠᠣᠨ ᠬᠡᠰᠡᠭ ᠪᠢᠰᠢᠯᠠᠭ ᠬᠦᠷᠲᠡᠯᠡᠬᠢ︾ ᠪᠦᠬᠦ ᠠᠵᠤ ᠦᠢᠯᠡᠰ ᠤᠨ ᠬᠡᠯᠬᠢᠶᠡᠨ ᠤ ᠳᠡᠰ ᠳᠡᠪᠰᠢᠭᠰᠡᠨ ᠪᠠᠷᠯᠠᠯ ᠢ | ᠡᠭᠦᠳᠦᠨ᠎ᠡ︔ ᠡᠷᠳᠡᠨᠢ ᠰᠢᠰᠢ ᠶᠢᠨ ᠲᠠᠯ᠎ᠠ ᠪᠠᠷ ᠭᠤᠣᠯᠳᠠᠭᠤ ᠲᠷᠢᠫᠲ᠋ᠣᠹᠠᠨ᠂ ᠦᠷ᠎ᠡ ᠶᠢᠨ ᠠᠮᠢᠨᠤ᠋ ᠬᠦᠴᠢᠯ᠂ ᠰᠢᠷ᠎ᠠ ᠤᠭ ᠴᠠᠪᠠᠤᠯᠢᠭ ᠰᠢᠬᠢᠷ ᠵᠡᠷᠭᠡ ᠥᠨᠳᠥᠷ | ᠨᠡᠮᠡᠯᠲᠡ ᠦᠷᠲᠡᠭ ᠲᠠᠢ ᠦᠢᠯᠡᠳᠬᠦᠨ ᠢ ᠥᠷᠭᠡᠳᠬᠡᠨ ᠬᠥᠭᠵᠢᠭᠦᠯᠦᠨ᠎ᠡ︔ ᠠᠯᠠᠰᠢᠨ ᠬᠤᠨᠢ ᠠᠯᠠᠰᠢᠨ ᠦᠬᠡᠷ ᠤᠨ ᠲᠠᠯ᠎ᠠ ᠪᠠᠷ ᠭᠤᠣᠯᠳᠠᠭᠤ ᠠᠮᠢᠳᠤ ᠮᠠᠯ ᠢ ᠭᠠᠳᠠᠭᠰᠢ | ᠠᠷᠠᠯᠵᠢᠶᠠᠯᠠᠬᠤ᠂ ᠪᠣᠯᠪᠠᠰᠤᠷᠠᠭᠤᠯᠤᠨ ᠡᠳ᠋ᠰᠢᠭᠦᠯᠦᠭᠰᠡᠨ ᠢᠶᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ︽ᠠᠯᠠᠰᠢᠨ ᠬᠤᠨᠢ ᠠᠯᠠᠰᠢᠨ | ᠦᠬᠡᠷ︾ ᠬᠤᠳᠠᠯᠳᠤᠵᠤ ᠪᠠᠶᠢᠭᠰᠠᠨ ᠠᠴᠠ ︽ᠬᠤᠨᠢᠨ ᠮᠢᠬ᠎ᠠ ᠦᠬᠡᠷ ᠤᠨ ᠮᠢᠬ᠎ᠠ︾ ᠬᠤᠳᠠᠯᠳᠤᠬᠤ ᠪᠣᠯᠭᠠᠨ᠎ᠠ︔ ᠲᠡᠵᠢᠭᠡᠯ ᠡᠪᠡᠰᠦ ᠶᠢᠨ ᠲᠠᠯ᠎ᠠ ᠪᠠᠷ ᠭᠤᠣᠯᠳᠠᠭᠤ | ᠠᠵᠤ ᠦᠢᠯᠡᠰ ᠤᠨ ᠬᠡᠯᠬᠢᠶᠡᠨ ᠤ ᠵᠣᠯᠭᠠᠯᠴᠠᠭ᠎ᠠ ᠶᠢ ᠴᠢᠩᠭᠠᠷᠠᠭᠤᠯᠵᠤ᠂ ᠲᠡᠵᠢᠭᠡᠨ ᠦᠷᠡᠵᠢᠭᠦᠯᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠪᠠᠨ | ᠤᠶᠠᠯᠳᠤᠭᠤᠯᠬᠤ ᠶᠢ ᠠᠬᠢᠭᠤᠯᠵᠤ᠂ ᠡᠪᠡᠰᠦᠨ ᠤ ᠦᠷ᠎ᠡ ᠶᠢᠨ ᠴᠢᠨᠠᠷ ᠴᠢᠨᠰᠠᠭ᠎ᠠ ᠪᠠ ᠴᠢᠨᠠᠷ ᠰᠠᠶᠢᠲᠠᠢ ᠲᠡᠵᠢᠭᠡᠯ ᠡᠪᠡᠰᠦ ᠶᠢᠨ ᠲᠠᠯ᠎ᠠ ᠪᠠᠷ ᠥᠪᠡᠷ ᠢ ᠪᠠᠨ ᠬᠠᠩᠭᠠᠬᠤ | ᠴᠢᠳᠠᠪᠤᠷᠢ ᠪᠠᠨ ᠳᠡᠭᠡᠭᠰᠢᠯᠡᠭᠦᠯᠦᠨ᠎ᠡ︔ ᠢᠮᠠᠭᠠᠨ ᠨᠣᠣᠯᠣᠭᠤᠷ ᠤᠨ ᠲᠠᠯ᠎ᠠ ᠪᠠᠷ ᠭᠤᠣᠯᠳᠠᠭᠤ ᠨᠣᠣᠯᠣᠭᠤᠷ ᠤᠨ ᠢᠮᠠᠭᠠᠨ ᠤ ᠡᠭᠦᠯᠳᠡᠷ ᠢ ᠬᠠᠮᠠᠭᠠᠯᠠᠬᠤ ᠢᠨᠵᠧᠨᠧᠷᠢᠩ ᠢ | ᠬᠡᠷᠡᠭᠵᠢᠭᠦᠯᠵᠦ᠂ ᠨᠡᠷᠡᠲᠦ ᠲᠡᠮᠳᠡᠭ ᠤᠨ ᠪᠠᠶᠢᠭᠤᠯᠤᠯᠲᠠ ᠶᠢ ᠬᠦᠴᠦᠲᠡᠢ ᠠᠳᠬᠤᠨ᠂ ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢ ᠨᠢ ᠳᠡᠭᠡᠭᠰᠢᠯᠡᠭᠦᠯᠦᠨ᠎ᠡ︔ | ᠲᠥᠮᠥᠰᠥ ᠶᠢᠨ ᠲᠠᠯ᠎ᠠ ᠪᠠᠷ ᠭᠤᠣᠯᠳᠠᠭᠤ ᠰᠠᠶᠢᠨ ᠦᠷ᠎ᠡ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠴᠠᠷᠳᠠᠭᠤᠯ᠂ ᠤᠷᠢᠳᠴᠢᠯᠠᠨ ᠬᠢᠭᠰᠡᠨ ᠨᠣᠭᠤᠭ᠎ᠠ᠂ ᠰᠤᠯᠠ ᠢᠳᠡᠭᠡᠨ ᠵᠡᠷᠭᠡ ᠶᠢ ᠰᠤᠳᠤᠯᠤᠨ ᠨᠡᠭᠡᠭᠡᠵᠦ ᠡᠳ᠋ᠰᠢᠭᠦᠯᠦᠨ ᠪᠣᠯᠪᠠᠰᠤᠷᠠᠭᠤᠯᠬᠤ | ᠴᠢᠳᠠᠪᠤᠷᠢ ᠪᠠᠨ ᠳᠡᠭᠡᠭᠰᠢᠯᠡᠭᠦᠯᠦᠨ᠎ᠡ︔ ᠪᠣᠬᠢᠷᠳᠤᠯ ᠦᠭᠡᠢ ᠠᠮᠢ ᠠᠬᠤᠢ ᠶᠢᠨ ︽ᠥᠪᠥᠷ ᠮᠣᠩᠭᠤᠯ︾ ᠨᠡᠷᠡᠮᠵᠢᠲᠦ ᠨᠡᠷᠡᠲᠦ ᠲᠡᠮᠳᠡᠭ ᠢ ᠰᠢᠯᠢᠳᠡᠭᠵᠢᠭᠦᠯᠦᠨ᠎ᠡ᠃ ︽ | ᠥᠷᠭᠡᠨ ᠲᠡᠨᠢᠭᠡᠷ ᠲᠠᠯ᠎ᠠ ᠨᠤᠲᠤᠭ᠂ ᠥᠩ ᠰᠢᠮᠡᠯᠢᠭ ᠮᠠᠯᠵᠢᠯ ᠤᠨ ᠲᠠᠯᠠᠪᠠᠢ᠂ ᠠᠮᠢ ᠠᠬᠤᠢ ᠶᠢᠨ ᠥᠪᠥᠷ ᠮᠣᠩᠭᠤᠯ᠂ ᠪᠠᠶᠢᠭᠠᠯᠢᠯᠢᠭ ᠰᠠᠶᠢᠬᠠᠨ ᠠᠮᠲᠠᠲᠤ ᠢᠳᠡᠭᠡᠨ︾ | ᠢᠶᠠᠨ ᠠᠯᠳᠠᠷᠰᠢᠭᠤᠯᠤᠨ ᠴᠤᠤᠷᠢᠶᠠᠲᠤᠭᠤᠯᠵᠤ᠂ ᠲᠠᠸᠠᠷ ᠤᠨ ᠲᠡᠮᠳᠡᠭ ᠨᠡᠷᠡᠲᠦ ᠲᠡᠮᠳᠡᠭ ᠤᠨ ᠦᠨ᠎ᠡ ᠦᠷᠲᠡᠭ ᠢ ᠳᠡᠭᠡᠭᠰᠢᠯᠡᠭᠦᠯᠬᠦ ᠪᠠ ᠭᠠᠵᠠᠷ ᠵᠦᠢ ᠶᠢᠨ ᠪᠡᠯᠭᠡ | ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ᠨᠡᠩ ᠣᠯᠠᠨ ᠨᠡᠷᠡᠲᠦ ᠲᠡᠮᠳᠡᠭ ᠢ ᠨᠡᠷ᠎ᠡ ᠴᠤᠤ ᠮᠠᠨᠳᠤᠭᠰᠠᠨ᠂ ᠲᠣᠭᠲᠠᠵᠤ ᠳᠡᠶᠢᠯᠬᠦ᠂ | ᠣᠯᠠᠨ ᠤ ᠰᠡᠳᠬᠢᠯ ᠢ ᠣᠯᠣᠭᠰᠠᠨ᠂ ᠤᠷᠲᠤ ᠤᠳᠠᠭᠠᠨ ᠬᠥᠭᠵᠢᠵᠦ ᠪᠣᠯᠬᠤᠶᠢᠴᠠ ᠪᠣᠯᠭᠠᠵᠤ᠂ ᠲᠡᠨᠢᠭᠡᠷ ᠶᠡᠭᠡ ᠲᠠᠯ᠎ᠠ ᠨᠤᠲᠤᠭ ᠤᠨ ᠢᠶᠠᠨ ᠠᠩᠬᠢᠯᠤᠮ᠎ᠠ ᠰᠠᠶᠢᠬᠠᠨ | ᠠᠮᠲᠠᠲᠤ ᠢᠳᠡᠭᠡᠨ ᠢᠶᠠᠨ ᠪᠦᠬᠦ ᠪᠥᠮᠪᠥᠷᠴᠡᠭ ᠲᠤ ᠠᠯᠳᠠᠷᠰᠢᠭᠤᠯᠤᠨ ᠮᠠᠨᠳᠤᠭᠤᠯᠤᠨ᠎ᠠ᠃ | ᠠᠵᠤ ᠦᠢᠯᠡᠳᠪᠦᠷᠢ ᠶᠢ ᠤᠷᠢᠳ ᠢᠶᠠᠷ ︽ᠳᠤᠮᠳᠠ ᠲᠦᠪᠰᠢᠨ ᠳᠤ ᠣᠷᠤᠭᠤᠯᠬᠤ︾ ᠬᠠᠷᠠᠯᠲᠠ ᠶᠢᠨ ᠲᠣᠭᠤᠷᠢᠨ ᠳᠤ ᠳᠠᠪᠠᠭᠤᠯᠢᠭ ᠢᠶᠠᠨ ᠳᠠᠪᠲᠠᠵᠤ᠂ | ᠳᠤᠲᠠᠭᠤᠳᠠᠯ ᠢᠶᠠᠨ ᠨᠥᠬᠦᠪᠦᠷᠢᠯᠡᠨ᠂ ᠪᠦᠯᠦᠭᠵᠢᠯ ᠢ ᠪᠤᠵᠠᠭᠠᠶᠢᠷᠠᠭᠤᠯᠵᠤ᠂ ᠲᠤᠯᠭᠠᠭᠤᠷᠢᠯᠠᠯ ᠢ ᠴᠢᠩᠭᠠᠳᠬᠠᠨ᠂ ᠰᠢᠨ᠎ᠡ ᠰᠢᠨᠵᠢ ᠪᠦᠬᠦᠢ ᠦᠢᠯᠡᠳᠪᠦᠷᠢᠯᠡᠯ ᠤᠨ | ᠬᠦᠴᠦᠨ ᠢ ᠲᠦᠷᠭᠡᠪᠴᠢᠯᠡᠨ ᠪᠣᠢ ᠪᠣᠯᠭᠠᠨ᠎ᠠ᠃ ᠰᠢᠨ᠎ᠡ ᠡᠨᠧᠷᠬᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ᠂ ᠲᠡᠷᠢᠭᠦᠨ ᠤ ᠦᠢᠯᠡᠳᠬᠦ ᠦᠢᠯᠡᠰ ᠢᠶᠠᠷ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠳᠠᠶᠢᠴᠢᠯᠠᠬᠤ ᠶᠢ ᠪᠠᠷᠢᠮᠲᠠᠯᠠᠵᠤ᠂ ᠰᠢᠨ᠎ᠡ ᠬᠡᠯᠪᠡᠷᠢ ᠪᠦᠬᠦᠢ ᠠᠵᠤ ᠦᠢᠯᠡᠳᠪᠦᠷᠢᠵᠢᠯᠲᠡ ᠶᠢᠨ ︽1 + 7︾ | ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠡᠯᠡ ᠮᠥᠩᠭᠦ ᠶᠢ ᠠᠵᠤ ᠦᠢᠯᠡᠰ ᠤᠨ ᠰᠢᠨ᠎ᠡ ᠡᠭᠦᠳᠦᠯᠲᠡ᠂ ᠦᠢᠯᠡᠳᠬᠦ | ᠦᠢᠯᠡᠰ ᠤᠨ ᠬᠥᠭᠵᠢᠯᠲᠡ ᠲᠡᠶᠢᠰᠢ ᠭᠤᠣᠯᠳᠠᠯᠭ᠎ᠠ ᠲᠠᠢ ᠬᠡᠯᠪᠠᠶᠢᠯᠭᠡᠬᠦ ᠬᠡᠷᠡᠭᠲᠡᠢ᠃ ᠳᠠᠪᠠᠭᠤᠯᠢᠭ ᠢᠶᠠᠨ ᠳᠠᠪᠲᠠᠬᠤ ᠭᠡᠳᠡᠭ ᠨᠢ ︽ᠠᠵᠤ ᠦᠢᠯᠡᠳᠪᠦᠷᠢᠵᠢᠭᠰᠡᠨ ᠥᠪᠥᠷ | ᠮᠣᠩᠭᠤᠯ ᠢ ᠳᠠᠬᠢᠨ ᠨᠢᠭᠡ ᠴᠣᠭᠴᠠᠯᠠᠬᠤ︾ ᠬᠠᠷᠠᠯᠲᠠ ᠪᠠᠷ ᠰᠢᠨ᠎ᠡ ᠡᠨᠧᠷᠬᠢ ᠶᠢᠨ ᠠᠵᠤ ᠦᠢᠯᠡᠰ ᠢ ᠲᠦᠷᠭᠡᠳᠬᠡᠨ ᠪᠤᠵᠠᠭᠠᠶᠢᠷᠠᠭᠤᠯᠬᠤ ᠶᠢ ᠵᠢᠭᠠᠵᠤ ᠪᠣᠢ᠃ ᠨᠡᠭᠡᠭᠡᠨ | ᠬᠥᠭᠵᠢᠭᠦᠯᠬᠦ ᠳᠤ ᠬᠡᠮᠵᠢᠶ᠎ᠡ ᠪᠠᠨ ᠨᠡᠮᠡᠭᠳᠡᠭᠦᠯᠦᠨ ᠬᠤᠷᠳᠤᠴᠠ ᠪᠠᠨ ᠲᠦᠷᠭᠡᠳᠬᠡᠵᠦ᠂ ᠰᠢᠩᠭᠡᠬᠡᠨ ᠪᠠᠭᠲᠠᠭᠠᠬᠤ ᠳᠤ ᠪᠣᠭᠤᠮᠢ ᠬᠦᠯᠢᠶᠡᠰᠦᠯᠡᠯ ᠢ ᠦᠭᠡᠶᠢᠰᠬᠡᠨ ᠠᠷᠢᠯᠭᠠᠬᠤ | ᠂ ᠰᠠᠯᠬᠢ ᠪᠣᠯᠣᠨ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠶᠢ ᠶᠡᠭᠡ ᠬᠡᠪᠴᠢᠶ᠎ᠡ ᠪᠠᠷ ᠲᠠᠶᠠᠭᠳᠠᠬᠤ ᠶᠢ ᠡᠷᠡᠰ ᠰᠡᠷᠭᠡᠶᠢᠯᠡᠨ᠎ᠡ᠂ ᠰᠢᠨ᠎ᠡ ᠬᠡᠯᠪᠡᠷᠢ ᠪᠦᠬᠦᠢ ᠴᠠᠬᠢᠯᠭᠠᠨ | ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠣᠬᠢᠷᠳᠤᠯ ᠦᠭᠡᠢ ᠴᠠᠬᠢᠯᠭᠠᠨ ᠪᠣᠬᠢᠷᠳᠤᠯ ᠦᠭᠡᠢ ᠴᠠᠬᠢᠯᠭᠠᠨ ᠤ ᠦᠨᠡᠮᠯᠡᠯ ᠤᠨ ᠠᠷᠠᠯᠵᠢᠶ᠎ᠠ ᠶᠢ ᠪᠦᠬᠦ | ᠲᠠᠯ᠎ᠠ ᠪᠠᠷ ᠳᠡᠯᠭᠡᠷᠡᠭᠦᠯᠵᠦ᠂ ᠰᠢᠨ᠎ᠡ ᠡᠨᠧᠷᠬᠢ ᠶᠢᠨ ᠲᠤᠨᠤᠭ ᠲᠥᠬᠦᠭᠡᠷᠦᠮᠵᠢ ᠦᠢᠯᠡᠳᠬᠦ ᠶᠢᠨ ᠦᠷ᠎ᠡ ᠠᠰᠢᠭ ᠢ ᠬᠦᠴᠦᠯᠡᠨ ᠨᠡᠮᠡᠭᠳᠡᠭᠦᠯᠵᠦ᠂ ᠲᠤᠭ᠎ᠠ ᠬᠡᠮᠵᠢᠶ᠎ᠡ ᠶᠠᠰᠤ | ᠴᠢᠨᠠᠷ ᠢ ᠵᠡᠷᠭᠡ ᠳᠤ ᠨᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠡᠨᠧᠷᠬᠢ ᠶᠢᠨ ᠪᠦᠬᠦ ᠠᠵᠤ ᠦᠢᠯᠡᠰ ᠤᠨ ᠬᠡᠯᠬᠢᠶᠡᠨ ᠤ ᠪᠡᠯᠡ ᠣᠷᠤᠭᠤᠯᠤᠯᠲᠠ ᠶᠢ 3000 | ᠳ᠋ᠦᠩᠰᠢᠭᠤᠷ ᠲᠥᠭᠦᠷᠢᠭ ᠴᠢᠷᠮᠠᠶᠢᠨ ᠪᠡᠶᠡᠯᠡᠭᠦᠯᠵᠦ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 4000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠬᠤ ᠬᠠᠷᠠᠯᠲᠠ ᠶᠢ ᠵᠢᠯ ᠤᠷᠢᠳᠴᠢᠯᠠᠨ ᠪᠡᠶᠡᠯᠡᠭᠦᠯᠵᠦ᠂ ᠰᠢᠨ᠎ᠡ | ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠰᠢᠨ᠎ᠡ ᠪᠠᠷ ᠨᠡᠮᠡᠭᠳᠡᠭᠰᠡᠨ ᠬᠡᠪᠴᠢᠶ᠎ᠡ᠂ ᠪᠠᠶᠢᠭᠤᠯᠵᠤ ᠪᠠᠶᠢᠭ᠎ᠠ ᠬᠡᠪᠴᠢᠶ᠎ᠡ᠂ ᠶᠡᠷᠦᠩᠬᠡᠢ ᠬᠡᠪᠴᠢᠶ᠎ᠡ ᠪᠠᠷ ᠢᠶᠠᠨ ᠪᠦᠬᠦ | ᠤᠯᠤᠰ ᠲᠤ ᠲᠦᠷᠦᠭᠦᠯᠡᠬᠦ ᠪᠠᠨ ᠪᠠᠷᠢᠮᠲᠠᠯᠠᠬᠤ ᠪᠠᠷ ᠴᠢᠷᠮᠠᠶᠢᠨ᠎ᠠ᠂ ᠶᠡᠷᠦᠩᠬᠡᠶᠢᠯᠡᠪᠡᠯ ᠪᠦᠬᠦ ᠤᠯᠤᠰ ᠤᠨ ᠰᠢᠨ᠎ᠡ ᠡᠨᠧᠷᠬᠢ ᠶᠢᠨ ᠲᠦᠷᠦᠭᠦᠦ ᠪᠠᠶᠢᠷᠢ ᠪᠠᠨ ᠠᠯᠳᠠᠵᠤ | ᠪᠣᠯᠬᠤ ᠦᠭᠡᠢ᠃ ᠳᠤᠲᠠᠭᠤᠳᠠᠯ ᠢᠶᠠᠨ ᠨᠥᠬᠦᠪᠦᠷᠢᠯᠡᠬᠦ ᠭᠡᠳᠡᠭ ᠨᠢ ᠤᠯᠠᠮᠵᠢᠯᠠᠯᠲᠤ ᠠᠵᠤ ᠦᠢᠯᠡᠰ ᠢ ᠲᠦᠢᠯᠪᠤᠷᠢᠲᠠᠢ ᠥᠭᠡᠷᠡᠴᠢᠯᠡᠵᠦ᠂ ᠰᠢᠨ᠎ᠡ ᠪᠠᠷ ᠪᠣᠢ ᠪᠣᠯᠤᠭᠰᠠᠨ | ᠠᠵᠤ ᠦᠢᠯᠡᠰ ᠤᠨ ᠬᠦᠴᠦᠨ ᠴᠢᠳᠠᠯ ᠢ ᠨᠢ ᠴᠢᠩᠭᠠᠷᠠᠭᠤᠯᠤᠨ᠂ ᠢᠷᠡᠭᠡᠳᠦᠢ ᠶᠢᠨ ᠠᠵᠤ ᠦᠢᠯᠡᠰ ᠢ ᠬᠥᠭᠵᠢᠭᠦᠯᠦᠨ ᠪᠠᠳᠠᠷᠠᠭᠠᠬᠤ ᠶᠢ ᠵᠢᠭᠠᠵᠤ ᠪᠣᠢ᠃ ᠡᠨᠧᠷᠬᠢ᠂ | ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠪᠣᠯ ᠮᠠᠨ ᠤ ᠣᠷᠣᠨ ᠤ | ᠬᠥᠭᠵᠢᠯᠲᠡ ᠶᠢᠨ ᠬᠥᠷᠥᠩᠭᠡ ᠪᠥᠭᠡᠳ ᠰᠢᠷᠭᠠᠭᠤ ᠬᠠᠲᠠᠭᠤᠵᠢᠯᠲᠠᠢ ᠪᠠᠷ ᠪᠣᠢ ᠪᠣᠯᠭᠠᠨ ᠬᠥᠭᠵᠢᠭᠦᠯᠦᠭᠰᠡᠨ ᠠᠵᠤ ᠦᠢᠯᠡᠰ ᠪᠣᠯᠬᠤᠷ ᠶᠠᠭᠠᠬᠢᠭᠰᠠᠨ ᠴᠦ ᠥᠴᠥᠬᠡᠨ | ᠲᠡᠳᠦᠢ ᠪᠣᠯᠭᠠᠬᠤ ᠪᠤᠶᠤ ᠠᠯᠳᠠᠵᠤ ᠪᠣᠯᠬᠤ ᠦᠭᠡᠢ᠂ ︽ᠳᠣᠣᠷᠠᠳᠤ ᠳᠡᠰ ᠤᠨ ᠠᠵᠤ ᠦᠢᠯᠡᠰ︾ ᠪᠣᠯᠭᠠᠨ ᠳᠥᠭᠦᠮᠬᠡᠨ ᠢᠶᠠᠷ ᠪᠤᠴᠠᠭᠠᠨ ᠭᠠᠷᠭᠠᠵᠤ ᠨᠡᠩ ᠪᠣᠯᠬᠤ | ᠦᠭᠡᠢ᠃ ᠳᠡᠭᠡᠳᠦ ᠳᠡᠰᠵᠢᠭᠦᠯᠬᠦ᠂ ᠣᠶᠤᠨᠴᠢᠯᠠᠬᠤ᠂ ᠪᠣᠬᠢᠷᠳᠤᠯ ᠦᠭᠡᠢ ᠪᠣᠯᠭᠠᠬᠤ ᠬᠠᠷᠠᠯᠲᠠ ᠪᠠᠷ᠂ ᠶᠡᠭᠡ ᠬᠡᠪᠴᠢᠶᠡᠨ ᠤ ᠮᠡᠷᠭᠡᠵᠢᠯ ᠤᠨ ᠥᠭᠡᠷᠡᠴᠢᠯᠡᠨ ᠰᠢᠨᠡᠳᠬᠡᠵᠦ | ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠥᠬᠦᠭᠡᠷᠦᠮᠵᠢ ᠶᠢ ᠰᠢᠨᠡᠳᠬᠡᠬᠦ᠂ ᠤᠷ᠎ᠠ ᠮᠡᠷᠭᠡᠰᠢᠯ ᠢ ᠳᠡᠰ ᠳᠡᠪᠰᠢᠭᠦᠯᠬᠦ᠂ ᠲᠤᠭᠠᠵᠢᠭᠤᠯᠬᠤ ᠪᠠᠷ ᠬᠦᠴᠦᠨ | ᠨᠡᠮᠡᠷᠢᠯᠡᠬᠦ ᠶᠢ ᠠᠬᠢᠭᠤᠯᠤᠨ᠎ᠠ︔ ︽ᠪᠣᠬᠢᠷᠳᠤᠯ ᠦᠭᠡᠢ ᠴᠠᠬᠢᠯᠭᠠᠨ︾ ᠢ ᠰᠠᠶᠢᠲᠤᠷ ᠬᠥᠭᠵᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ | ᠬᠡᠷᠡᠭᠵᠢᠭᠦᠯᠬᠦ︾᠂ ︽ᠨᠢᠭᠡ ᠬᠦᠷᠢᠶᠡᠯᠡᠩ ᠲᠣᠭᠤᠷᠢᠭ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠪᠠᠷ ᠡᠪᠴᠡᠯᠳᠦᠨ ᠬᠥᠭᠵᠢᠬᠦ ᠪᠠ ᠪᠣᠬᠢᠷᠳᠤᠯ ᠦᠭᠡᠢ | ᠴᠠᠬᠢᠯᠭᠠᠨ ᠢᠶᠠᠷ ᠣᠷᠣᠯᠠᠭᠤᠯᠬᠤ ᠶᠢ ᠠᠬᠢᠭᠤᠯᠵᠤ᠂ ᠳᠣᠣᠷ᠎ᠠ ᠨᠡᠭᠦᠷᠡᠰᠦᠲᠥ᠋ᠷᠥᠭᠴᠢᠲᠦ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ | ᠨᠡᠩ ᠣᠯᠠᠨ ᠴᠣᠭᠴᠠᠯᠠᠵᠤ᠂ ᠡᠨᠧᠷᠬᠢ ᠶᠡᠭᠡ ᠠᠴᠢᠶᠠᠯᠠᠬᠤ ᠲᠡᠷᠢᠭᠦᠨ ᠤ ᠠᠵᠤ ᠦᠢᠯᠡᠰ ᠢ ᠮᠠᠨ ᠤ ᠣᠷᠣᠨ ᠳᠤ ᠨᠡᠩ ᠣᠯᠠᠨ ᠲᠠᠲᠠᠨ ᠠᠪᠴᠢᠷᠠᠵᠤ ᠪᠥᠭᠡᠭᠡᠨᠡᠷᠡᠭᠦᠯᠦᠨ | ᠨᠤᠲᠤᠭᠰᠢᠭᠤᠯᠤᠨ᠎ᠠ᠃ ᠦᠬᠠᠢ ᠶᠢᠨ ᠪᠦᠬᠦ ᠪᠥᠮᠪᠥᠷᠴᠡᠭ ᠤᠨ ᠬᠠᠮᠤᠭ ᠤᠨ ᠲᠣᠮᠣ BDO ᠤᠨ ᠨᠢᠭᠡ ᠴᠣᠭᠴᠠᠵᠢᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ | ᠪᠠᠶᠢᠭᠤᠯᠬᠤ ᠶᠢ ᠲᠡᠮᠵᠢᠨ᠎ᠡ᠃ ᠠᠭᠤᠷᠬᠠᠢ ᠬᠠᠶᠢᠬᠤ ᠲᠠᠯ᠎ᠠ ᠪᠠᠷ ᠰᠢᠪᠲᠤᠯᠤᠯᠲᠠ ᠭᠠᠷᠬᠤ ᠶᠢ ᠲᠦᠷᠭᠡᠳᠬᠡᠵᠦ᠂ ︽ᠶᠡᠭᠡ ᠠᠭᠤᠷᠬᠠᠢ ᠶᠢ ᠪᠤᠰᠢᠭᠤ ᠨᠡᠭᠡᠭᠡᠬᠦ᠂ ᠪᠠᠶᠠᠯᠢᠭ | ᠠᠭᠤᠷᠬᠠᠢ ᠶᠢ ᠨᠠᠷᠢᠯᠢᠭ ᠨᠡᠭᠡᠭᠡᠬᠦ︾ ᠶᠢ ᠪᠠᠷᠢᠮᠲᠠᠯᠠᠨ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠦᠷᠦᠯ ᠵᠦᠢᠯ ᠢ ᠵᠠᠭᠤᠨ ᠲᠦᠮᠡᠨ ᠲᠤᠨ ᠮᠢᠩᠭᠠᠨ | ᠳ᠋ᠦᠩᠰᠢᠭᠤᠷ ᠳᠡᠰ ᠠᠴᠠ ᠡᠬᠢᠯᠡᠭᠦᠯᠬᠦ ᠪᠠ ᠠᠵᠤ ᠦᠢᠯᠡᠰ ᠢ ᠪᠦᠬᠦ ᠬᠡᠯᠬᠢᠶ᠎ᠡ ᠪᠠᠷ ᠪᠦᠯᠦᠭᠵᠢᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠤᠯᠠᠭᠠᠨᠬᠠᠳᠠ᠂ | ᠰᠢᠯᠢ ᠶᠢᠨ ᠭᠤᠣᠯ ᠤᠨ ᠪᠦᠬᠦ ᠤᠯᠤᠰ ᠤᠨ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭᠠᠨ ᠤ | ᠲᠤᠷᠰᠢᠯᠲᠠ ᠶᠢᠨ ᠴᠡᠭ ᠪᠤᠯᠬᠤ ᠪᠠᠷ ᠴᠢᠷᠮᠠᠶᠢᠬᠤ ᠶᠢ ᠲᠡᠮᠵᠢᠨ᠎ᠡ᠃ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢᠶᠠᠷ | ᠲᠥᠯᠥᠭᠡᠯᠡᠭᠦᠯᠦᠭᠰᠡᠨ ᠰᠢᠨ᠎ᠡ ᠰᠢᠨᠵᠢ ᠪᠦᠬᠦᠢ ᠦᠢᠯᠡᠳᠪᠦᠷᠢᠯᠡᠯ ᠤᠨ ᠬᠦᠴᠦᠨ ᠪᠣᠯ ᠮᠠᠨ ᠤ ᠣᠷᠣᠨ ᠤ ᠰᠢᠨ᠎ᠡ ᠳᠠᠪᠠᠭᠤᠯᠢᠭ ᠢᠶᠠᠨ ᠪᠣᠢ ᠪᠣᠯᠭᠠᠬᠤ᠂ ᠰᠢᠨ᠎ᠡ | ᠬᠥᠳᠡᠯᠭᠡᠭᠦᠷ ᠢ ᠴᠣᠭᠴᠠᠯᠠᠬᠤ ᠶᠢᠨ ᠵᠠᠩᠭᠢᠯᠠᠭ᠎ᠠ ᠪᠠᠶᠢᠵᠤ᠂ ᠡᠷᠬᠡᠪᠰᠢ ᠢᠳᠡᠪᠬᠢᠲᠡᠢ ᠪᠠᠷ ᠱᠠᠯᠠᠪᠳᠠᠭᠤᠯᠤᠨ ᠪᠠᠶᠢᠷᠢᠰᠢᠭᠤᠯᠵᠤ᠂ ᠨᠢᠭᠡ ᠬᠤᠶᠠᠷ ᠴᠡᠭ ᠪᠠᠶᠢᠷᠢᠨ ᠳᠤ | ᠤᠷᠢᠳ ᠢᠶᠠᠷ ᠰᠢᠪᠲᠤᠯᠤᠯᠲᠠ ᠭᠠᠷᠭᠠᠨ᠂ ᠠᠵᠤ ᠦᠢᠯᠡᠰ ᠤᠨ ᠬᠥᠭᠵᠢᠯᠲᠡ ᠶᠢᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠰᠢᠨ᠎ᠡ | ᠮᠠᠲ᠋ᠧᠷᠢᠶᠠᠯ᠂ ᠣᠳᠣ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠬᠤᠳᠠᠯᠳᠤᠭᠠᠨ ᠤ ᠰᠠᠨᠰᠠᠷ ᠠᠶᠠᠯᠠᠯ᠂ ᠳᠣᠣᠷ᠎ᠠ | ᠠᠭᠠᠷ ᠤᠨ ᠠᠵᠤ ᠠᠬᠤᠢ ᠵᠡᠷᠭᠡ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠲᠠᠯ᠎ᠠ ᠪᠠᠷ᠂ ᠬᠥᠭᠵᠢᠯᠲᠡ ᠶᠢᠨ ᠬᠠᠨᠳᠤᠰᠢ ᠶᠢ ᠡᠵᠡᠮᠳᠡᠵᠦ᠂ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠵᠢᠯᠣᠭᠤᠳᠤᠮᠵᠢ ᠪᠣᠯᠭᠠᠵᠤ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ᠂ ᠭᠤᠣᠯ ᠪᠣᠯᠬᠤ ᠰᠡᠯᠪᠢᠭ ᠲᠤᠨᠤᠭ ᠢ ᠰᠤᠳᠤᠯᠤᠨ ᠨᠡᠭᠡᠭᠡᠵᠦ ᠦᠢᠯᠡᠳᠬᠦ ᠪᠣᠭᠤᠮᠲᠠ ᠶᠢ ᠰᠢᠪᠲᠤᠯᠬᠤ ᠪᠠᠨ ᠲᠦᠷᠭᠡᠳᠬᠡᠵᠦ᠂ | ᠠᠭᠤᠰᠤᠯᠴᠠᠭᠤᠯᠵᠤ ᠪᠦᠯᠦᠭᠵᠢᠭᠦᠯᠦᠨ ᠬᠥᠭᠵᠢᠭᠦᠯᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠲᠦᠷᠭᠡᠬᠡᠨ ᠬᠡᠪᠴᠢᠶ᠎ᠡ ᠪᠠᠨ ᠥᠷᠭᠡᠵᠢᠭᠦᠯᠵᠦ ᠬᠤᠪᠢ ᠶᠢᠨ ᠵᠢᠩ ᠢᠶᠠᠨ | ᠳᠡᠭᠡᠭᠰᠢᠯᠡᠭᠦᠯᠦᠨ᠎ᠡ᠃ ᠲᠣᠭᠠᠵᠢᠯᠲᠣ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠠᠵᠤ ᠦᠢᠯᠡᠰ ᠤᠨ ᠲᠣᠭᠠᠵᠢᠭᠤᠯᠤᠭᠰᠠᠨ ᠲᠡᠶᠢᠰᠢ ᠬᠡᠯᠪᠡᠷᠢ ᠪᠠᠨ ᠬᠤᠪᠢᠷᠠᠭᠤᠯᠬᠤ | ᠪᠠ ᠣᠶᠤᠨᠴᠢᠯᠠᠨ ᠳᠡᠰ ᠳᠡᠪᠰᠢᠭᠦᠯᠬᠦ ᠶᠢ ᠨᠢ ᠲᠦᠷᠭᠡᠳᠬᠡᠵᠦ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠲᠣᠭᠠᠵᠢᠭᠤᠯᠵᠤ ᠪᠤᠳᠤᠬᠤ ᠬᠦᠴᠦᠨ ᠤ | ᠰᠦᠯᠵᠢᠶ᠎ᠡ ᠶᠢᠨ ᠥᠪᠥᠷ ᠮᠣᠩᠭᠤᠯ ᠤᠨ ᠬᠦᠢᠰᠦ ᠵᠠᠩᠭᠢᠶᠠᠰᠤ᠂ ᠬᠤᠷᠢᠨᠭᠡᠷ ᠳ᠋ᠠᠶᠢᠲ᠋ᠠ ᠶᠢᠨ ᠲᠥᠪ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ | ᠪᠡᠭᠡᠵᠢᠩ ᠲᠢᠶᠠᠨᠵᠢᠨ ᠾᠧᠪᠧᠢ ᠶᠢᠨ ᠮᠤᠨᠳᠠᠭ ᠶᠡᠭᠡ ᠵᠣᠬᠢᠶᠠᠮᠠᠯ ᠤᠶᠤᠨ᠂ ᠲᠣᠮᠣ ᠵᠠᠭᠪᠤᠷ ᠤᠨ ᠵᠠᠬ᠎ᠠ ᠳᠡᠯᠭᠡᠭᠦᠷ ᠤᠨ ᠲᠣᠭᠤᠷᠢᠨ ᠳᠤ᠂ ᠬᠦᠴᠦᠷᠬᠡᠭ ᠪᠥᠭᠡᠳ | ᠨᠠᠶᠢᠳᠠᠪᠤᠷᠢᠲᠠᠢ ᠪᠣᠬᠢᠷᠳᠤᠯ ᠦᠭᠡᠢ ᠲᠣᠭᠠᠵᠢᠭᠤᠯᠵᠤ ᠪᠤᠳᠤᠬᠤ ᠬᠦᠴᠦᠨ ᠤ ᠪᠠᠲᠤᠯᠠᠭ᠎ᠠ ᠶᠢ ᠬᠠᠩᠭᠠᠵᠤ᠂ ᠣᠶᠤᠨᠴᠢᠯᠠᠭᠰᠠᠨ ᠲᠣᠭᠠᠵᠢᠭᠤᠯᠵᠤ ᠪᠤᠳᠤᠬᠤ ᠬᠡᠪᠴᠢᠶ᠎ᠡ ᠶᠢ | 2 ᠲᠦᠮᠡᠨ P ᠠᠴᠠ ᠳᠠᠪᠠᠭᠤᠯᠬᠤ ᠪᠠᠷ ᠴᠢᠷᠮᠠᠶᠢᠨ᠎ᠠ᠃ ᠢᠷᠡᠭᠡᠳᠦᠢ ᠶᠢᠨ ᠠᠵᠤ ᠦᠢᠯᠡᠰ ᠤᠨ ᠲᠠᠯ᠎ᠠ ᠪᠠᠷ᠂ ᠳᠣᠣᠷ᠎ᠠ ᠨᠡᠭᠦᠷᠡᠰᠦᠲᠥ᠋ᠷᠥᠭᠴᠢᠲᠦ ᠡᠨᠧᠷᠬᠢ᠂ | ᠬᠤᠰᠢᠭᠤᠷᠠᠯ ᠮᠠᠲ᠋ᠧᠷᠢᠶᠠᠯ᠂ ᠢᠷᠡᠭᠡᠳᠦᠢ ᠶᠢᠨ ᠰᠦᠯᠵᠢᠶ᠎ᠡ᠂ ᠠᠭᠠᠷ ᠰᠠᠨᠰᠠᠷ᠂ ᠠᠮᠢ ᠨᠠᠰᠤ ᠬᠢᠭᠡᠳ ᠡᠷᠡᠭᠦᠯ ᠴᠢᠭᠢᠷᠠᠭ ᠵᠡᠷᠭᠡ ᠲᠠᠪᠤᠨ ᠶᠡᠭᠡ ᠬᠦᠷᠢᠶ᠎ᠡ ᠴᠠᠷᠠᠭ᠎ᠠ ᠪᠠ | ᠰᠢᠨ᠎ᠡ ᠬᠡᠯᠪᠡᠷᠢ ᠶᠢᠨ ᠨᠥᠭᠡᠴᠡ ᠡᠨᠧᠷᠬᠢ᠂ ᠤᠰᠤᠳᠦ᠋ᠷᠦᠭᠴᠢ ᠡᠨᠧᠷᠬᠢ᠂ ᠥᠨᠳᠥᠷ ᠴᠢᠳᠠᠮᠵᠢᠲᠤ ᠨᠡᠶᠢᠯᠡᠮᠡᠯ ᠮᠠᠲ᠋ᠧᠷᠢᠶᠠᠯ᠂ ᠥᠨᠳᠥᠷ ᠪᠦᠲᠦᠮᠵᠢᠲᠡᠢ ᠲᠦᠷᠭᠡᠳᠬᠡᠬᠦ | ᠮᠠᠲ᠋ᠧᠷᠢᠶᠠᠯ᠂ ᠭᠤᠷᠪᠠᠳᠠᠭᠢ ᠦᠶ᠎ᠡ ᠶᠢᠨ ᠬᠠᠭᠠᠰ ᠳᠠᠮᠵᠢᠭᠤᠯᠤᠭᠴᠢ᠂ ᠲᠣᠭᠠᠵᠢᠭᠤᠯᠵᠤ ᠪᠤᠳᠤᠬᠤ ᠬᠦᠴᠦᠨ ᠤ ᠰᠦᠯᠵᠢᠶ᠎ᠡ᠂ ᠳᠠᠭᠠᠭᠤᠯᠢ ᠤᠳᠤᠨ ᠤ ᠴᠢᠮᠡᠭᠡ | ᠬᠤᠯᠪᠣᠭᠠᠨ ᠤ ᠵᠠᠮᠴᠢᠯᠠᠭᠤᠷ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠵᠡᠷᠭᠡ ᠨᠠᠢᠮᠠᠨ ᠶᠡᠭᠡ ᠴᠢᠭᠯᠡᠯ ᠳᠤ ᠲᠥᠪᠯᠡᠷᠡᠭᠦᠯᠵᠦ᠂ ᠠᠯᠤᠰ ᠢ ᠪᠣᠳᠣᠯᠬᠢᠯᠠᠨ ᠰᠡᠳᠦᠨ | ᠲᠥᠯᠥᠪᠯᠡᠵᠦ᠂ ᠴᠡᠭ ᠪᠠᠶᠢᠷᠢᠯᠠᠯ ᠢᠶᠠᠨ ᠣᠨᠣᠪᠴᠢᠲᠠᠢ ᠣᠯᠵᠤ᠂ ᠵᠠᠪᠠᠯ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠬᠥᠬᠡᠬᠤᠲᠠ ᠶᠢᠨ ᠠᠭᠠᠷ | ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠦᠲᠦᠭᠡᠨ ᠪᠠᠶᠢᠭᠤᠯᠬᠤ ᠶᠢ ᠳᠡᠮᠵᠢᠵᠦ᠂ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠴᠣᠭᠴᠠᠯᠠᠨ᠎ᠠ᠃ ᠪᠦᠯᠦᠭᠵᠢᠯ ᠢ ᠪᠤᠵᠠᠭᠠᠶᠢᠷᠠᠭᠤᠯᠬᠤ ᠭᠡᠳᠡᠭ ᠨᠢ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠪᠦᠬᠦᠢ ᠲᠡᠷᠢᠭᠦᠨ ᠤ ᠦᠢᠯᠡᠳᠬᠦ | ᠦᠢᠯᠡᠰ ᠤᠨ ᠪᠦᠯᠦᠭᠵᠢᠯ ᠢ ᠪᠦᠲᠦᠭᠡᠨ ᠪᠠᠶᠢᠭᠤᠯᠬᠤ ᠶᠢ ᠵᠢᠭᠠᠵᠤ ᠪᠣᠢ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ | ᠰᠠᠶᠢᠲᠠᠢ ᠬᠥᠭᠵᠢᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠰᠦ ᠴᠠᠭᠠᠨ ᠢᠳᠡᠭᠡᠨ ᠤ ᠳᠡᠯᠡᠬᠡᠢ ᠶᠢᠨ ᠳᠡᠰ ᠤᠨ ᠪᠦᠯᠦᠭᠵᠢᠯ᠂ ᠬᠤᠪᠣᠷ ᠰᠢᠷᠣᠢ ᠶᠢᠨ ᠰᠢᠨ᠎ᠡ | ᠮᠠᠲ᠋ᠧᠷᠢᠶᠠᠯ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠠᠬᠢᠭᠤᠷ ᠲᠠᠯᠠᠰᠲᠤ ᠶᠢᠨ ᠰᠢᠨ᠎ᠡ ᠮᠠᠲ᠋ᠧᠷᠢᠶᠠᠯ ᠵᠢᠴᠢ ᠭᠡᠷᠡᠯᠴᠢ ᠴᠡᠨᠡᠭ ᠦᠢᠯᠡᠳᠬᠦ | ᠤᠯᠤᠰ ᠤᠨ ᠳᠡᠰ ᠤᠨ ᠪᠦᠯᠦᠭᠵᠢᠯ ᠢ 3᠂ ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ᠂ ᠤᠰᠤᠳᠦ᠋ᠷᠦᠭᠴᠢ ᠡᠨᠧᠷᠬᠢ ᠦᠢᠯᠡᠳᠬᠦ᠂ ᠰᠢᠨ᠎ᠡ | ᠬᠡᠯᠪᠡᠷᠢ ᠶᠢᠨ ᠨᠥᠭᠡᠴᠡ ᠡᠨᠧᠷᠬᠢ᠂ ᠠᠮᠢᠳᠤ ᠪᠣᠳᠠᠰ ᠤᠨ ᠡᠮ ᠡᠮᠨᠡᠯᠭᠡ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠬᠠᠶᠢᠯᠤᠰᠢ ᠶᠢᠨ ᠮᠠᠲ᠋ᠧᠷᠢᠶᠠᠯ ᠵᠡᠷᠭᠡ | ᠥᠪᠡᠷᠲᠡᠭᠡᠨ ᠵᠠᠰᠠᠬᠤ ᠣᠷᠣᠨ ᠤ ᠳᠡᠰ ᠤᠨ ᠪᠦᠯᠦᠭᠵᠢᠯ ᠢ 9 ᠬᠦᠴᠦ ᠪᠠᠨ ᠲᠥᠪᠯᠡᠷᠡᠭᠦᠯᠦᠨ ᠴᠣᠭᠴᠠᠯᠠᠵᠤ᠂ ᠴᠢᠨᠠᠷ ᠰᠠᠶᠢᠲᠠᠢ ᠠᠵᠤ ᠠᠬᠤᠶᠢᠯᠠᠯ᠂ ᠡᠬᠢ | ᠪᠠᠶᠠᠯᠢᠭ ᠤᠨ ᠬᠦᠴᠦᠨ ᠵᠦᠢᠯ᠂ ᠰᠢᠨ᠎ᠡ ᠶᠢ ᠡᠭᠦᠳᠬᠦ ᠴᠢᠳᠠᠪᠤᠷᠢᠲᠠᠨ ᠵᠡᠷᠭᠡ ᠶᠢ ᠬᠡᠯᠬᠢᠶᠡᠯᠡᠨ ᠳᠦᠬᠦᠷᠵᠢᠭᠦᠯᠬᠦ ᠶᠢ ᠠᠬᠢᠭᠤᠯᠤᠨ᠂ ᠠᠵᠤ ᠦᠢᠯᠡᠰ ᠤᠨ ᠬᠡᠯᠬᠢᠶ᠎ᠡ ᠶᠢ | ᠳᠤᠮᠳᠠ ᠳᠣᠣᠷ᠎ᠠ ᠬᠡᠯᠬᠢᠶ᠎ᠡ ᠲᠡᠶᠢᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠷ᠎ᠡ ᠦᠵᠦᠭᠦᠷ ᠲᠡᠶᠢᠰᠢ ᠳᠡᠭᠡᠭᠰᠢᠯᠡᠭᠦᠯᠬᠦ ᠪᠠᠷ ᠬᠥᠲᠥᠯᠥᠨ | ᠳᠠᠭᠠᠭᠤᠯᠤᠨ᠎ᠠ᠃ ᠲᠤᠯᠭᠠᠭᠤᠷᠢᠯᠠᠯ ᠢ ᠴᠢᠩᠭᠠᠳᠬᠠᠬᠤ ᠭᠡᠳᠡᠭ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠢ ᠪᠣᠳᠠᠲᠤ ᠬᠦᠴᠦᠨ ᠢ ᠶᠡᠭᠡ | ᠬᠡᠮᠵᠢᠶ᠎ᠡ ᠪᠠᠷ ᠨᠡᠮᠡᠭᠳᠡᠭᠦᠯᠬᠦ ᠶᠢ ᠵᠢᠭᠠᠵᠤ ᠪᠣᠢ᠃ ᠠᠵᠤ ᠠᠬᠤᠶᠢᠯᠠᠯ ᠢ ᠲᠠᠲᠠᠨ ᠬᠦᠷᠢᠶᠡᠯᠡᠩ ᠲᠣᠭᠤᠷᠢᠭ ᠲᠤ ᠣᠷᠤᠭᠤᠯᠬᠤ᠂ ᠠᠵᠤ ᠠᠬᠤᠶᠢᠯᠠᠯ ᠢ ᠲᠡᠳᠬᠦᠨ | ᠬᠦᠷᠢᠶᠡᠯᠡᠩ ᠲᠣᠭᠤᠷᠢᠭ ᠢ ᠬᠦᠴᠦᠷᠬᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠠᠭᠤᠷᠢᠰᠢᠭᠤᠯᠤᠭᠰᠠᠨ ᠲᠦᠷᠦᠯ ᠵᠦᠢᠯ ᠢᠶᠠᠷ ᠣᠯᠠᠨ᠂ ᠬᠥᠭᠵᠢᠯᠲᠡ ᠶᠢᠨ ᠳᠠᠯᠳᠠ | ᠬᠦᠴᠦᠨ ᠶᠡᠭᠡ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠪᠡᠯᠡ ᠣᠷᠤᠭᠤᠯᠬᠤ ᠡᠷᠴᠢᠮ ᠴᠢᠩᠭ᠎ᠠ ᠪᠠᠶᠢᠭ᠎ᠠ ᠬᠦᠷᠢᠶᠡᠯᠡᠩ ᠲᠣᠭᠤᠷᠢᠭ ᠤᠨ ᠳᠡᠰ ᠳᠡᠪᠰᠢᠬᠦ ᠶᠢ | ᠭᠤᠣᠯᠳᠠᠯᠭ᠎ᠠ ᠲᠠᠢ ᠳᠡᠮᠵᠢᠨ᠎ᠡ︔ ᠬᠡᠯᠬᠢᠶᠡᠨ ᠤ ᠭᠤᠣᠯ ᠠᠵᠤ ᠠᠬᠤᠶᠢᠯᠠᠯ ᠤᠨ ᠲᠣᠭᠤᠷᠢᠨ ᠳᠤ ᠪᠦᠬᠦ ᠲᠠᠯ᠎ᠠ ᠪᠠᠷ ᠦᠢᠯᠡᠴᠢᠯᠡᠬᠦ᠂ ᠪᠦᠬᠦ ᠬᠦᠴᠦᠨ ᠵᠦᠢᠯ ᠢᠶᠠᠷ | ᠪᠠᠲᠤᠯᠠᠬᠤ᠂ ᠪᠦᠬᠦ ᠬᠡᠯᠬᠢᠶ᠎ᠡ ᠪᠠᠷ ᠲᠠᠲᠠᠨ ᠣᠷᠤᠭᠤᠯᠬᠤ ᠶᠢ ᠴᠢᠩᠭᠠᠳᠬᠠᠵᠤ᠂ ᠨᠡᠩ ᠣᠯᠠᠨ ᠳᠡᠭᠡᠷ᠎ᠡ ᠳᠣᠣᠷ᠎ᠠ ᠬᠡᠯᠬᠢᠶᠡᠨ ᠤ ᠬᠤᠷᠰᠢᠭᠰᠠᠨ ᠬᠤᠳᠠᠯᠳᠤᠭᠠᠴᠢᠨ᠂ | ᠬᠠᠩᠭᠠᠯᠭ᠎ᠠ ᠶᠢᠨ ᠬᠤᠳᠠᠯᠳᠤᠭᠠᠴᠢᠨ ᠢ ᠬᠦᠷᠢᠶᠡᠯᠡᠩ ᠲᠣᠭᠤᠷᠢᠭ ᠲᠤ ᠪᠥᠭᠡᠭᠡᠨᠡᠷᠡᠭᠦᠯᠵᠦ᠂ ᠳᠠᠩ ᠳᠠᠩ ᠢᠶᠠᠷ ᠨᠢ ᠬᠦᠴᠦᠷᠬᠡᠭᠵᠢᠭᠦᠯᠦᠨ ᠭᠢᠯᠠᠷᠠᠭᠤᠯᠵᠤ᠂ ᠴᠡᠭ | ᠴᠡᠭ ᠢᠶᠠᠷ ᠨᠢ ᠬᠡᠯᠬᠢᠶᠡᠰᠦᠯᠡᠨ ᠬᠥᠭᠵᠢᠭᠦᠯᠦᠨ᠎ᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠪᠣᠯᠣᠨ ᠲᠡᠷᠢᠭᠦᠨ ᠤ ᠦᠢᠯᠡᠳᠬᠦ ᠦᠢᠯᠡᠰ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠶᠢᠨ ᠭᠦᠨᠵᠡᠭᠡᠢ ᠠᠭᠤᠰᠤᠯᠴᠠᠯ ᠢ | ᠶᠡᠭᠡ ᠪᠠᠷ ᠠᠬᠢᠭᠤᠯᠵᠤ᠂ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ᠂ ᠵᠠᠬᠢᠶᠠᠯᠠᠨ ᠬᠢᠯᠭᠡᠬᠦ ᠦᠢᠯᠡᠴᠢᠯᠡᠭᠡ᠂ ᠪᠠᠶᠢᠴᠠᠭᠠᠨ ᠰᠢᠯᠭᠠᠵᠤ ᠬᠡᠮᠵᠢᠬᠦ᠂ ᠮᠡᠳᠡᠭᠡ | ᠵᠠᠩᠭᠢ ᠶᠢᠨ ᠯᠠᠪᠯᠠᠭ᠎ᠠ ᠵᠡᠷᠭᠡ ᠦᠢᠯᠡᠴᠢᠯᠡᠭᠡᠨ ᠤ ᠡᠵᠡᠩᠨᠡᠯᠲᠡ ᠶᠢᠨ ᠪᠠᠶᠢᠳᠠᠯ ᠢ ᠢᠳᠡᠪᠬᠢᠲᠡᠢ ᠬᠥᠭᠵᠢᠭᠦᠯᠦᠨ᠂ ᠦᠢᠯᠡᠴᠢᠯᠡᠭᠡᠨ ᠤ ᠦᠢᠯᠡᠰ ᠤᠨ ᠨᠢᠭᠡ ᠪᠦᠯᠦᠭ | ᠬᠥᠲᠥᠴᠢ ᠪᠣᠯᠬᠤ ᠨᠢᠷᠤᠭᠤᠪᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠪᠠᠷ ᠬᠦᠴᠦᠯᠡᠵᠦ᠂ ᠦᠢᠯᠡᠴᠢᠯᠡᠭᠡᠨ ᠤ ᠦᠢᠯᠡᠰ ᠤᠨ ᠨᠢᠭᠡ ᠪᠦᠯᠦᠭ | ᠨᠡᠷ᠎ᠡ ᠠᠯᠳᠠᠷᠰᠢᠭᠰᠠᠨ ᠨᠡᠷᠡᠲᠦ ᠲᠡᠮᠳᠡᠭ ᠢ ᠬᠦᠴᠦᠷᠬᠡᠭᠵᠢᠭᠦᠯᠬᠦ ᠶᠢ ᠵᠣᠷᠢᠭᠵᠢᠭᠤᠯᠤᠨ᠂ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠰᠢᠨ᠎ᠡ ᠥᠨᠳᠦᠷᠯᠢᠭ ᠢ ᠴᠣᠭᠴᠠᠯᠠᠬᠤ ᠶᠢ ᠨᠢ ᠳᠡᠮᠵᠢᠵᠦ᠂ ᠬᠥᠯᠥᠨ ᠪᠦᠢᠷ ᠤᠨ ᠠᠵᠤ ᠦᠢᠯᠡᠳᠪᠦᠷᠢ ᠶᠢᠨ ᠦᠢᠯᠡᠳᠬᠦᠨ ᠤ ᠬᠦᠢᠲᠡᠨ ᠢ ᠳᠠᠭᠠᠭᠠᠬᠤ | ᠲᠤᠷᠰᠢᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠨᠢ ᠳᠡᠮᠵᠢᠨ᠎ᠡ᠃ ᠰᠢᠨ᠎ᠡ ᠡᠨᠧᠷᠬᠢ ᠶᠢᠨ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡᠨ ᠤ ᠦᠢᠯᠡᠰ | ᠰᠠᠷᠠᠭᠤᠯ ᠠᠭᠤᠳᠠᠮ ᠬᠡᠳᠦ ᠶᠢᠨ ᠲᠥᠯᠥᠪ ᠲᠠᠢ᠂ ᠵᠢᠱᠢᠭᠰᠡᠨ ᠢᠶᠠᠷ 2025 ᠣᠨ ᠪᠣᠯᠬᠤ ᠳᠤ ᠰᠢᠨ᠎ᠡ ᠡᠨᠧᠷᠬᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 1.5 | ᠳ᠋ᠦᠩᠰᠢᠭᠤᠷ ᠺᠢᠯᠣᠸᠠᠲ ᠲᠤ ᠬᠦᠷᠬᠦ ᠪᠣᠯᠣᠨ᠎ᠠ᠂ ᠣᠶᠤᠨᠯᠢᠭ ᠢᠶᠠᠷ ᠪᠠᠶᠢᠴᠠᠭᠠᠨ ᠰᠡᠯᠪᠢᠬᠦ᠂ ᠨᠠᠷᠢᠯᠢᠭ ᠬᠠᠮᠢᠶᠠᠷᠤᠨ ᠡᠵᠡᠮᠳᠡᠬᠦ᠂ ᠲᠥᠬᠦᠭᠡᠷᠦᠮᠵᠢ ᠶᠢ ᠰᠢᠯᠢᠳᠡᠭᠵᠢᠭᠦᠯᠬᠦ | ᠵᠡᠷᠭᠡ ᠦᠢᠯᠡᠴᠢᠯᠡᠭᠡᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠤᠰᠬᠠᠶᠢᠵᠢᠭᠰᠠᠨ ᠦᠢᠯᠡᠴᠢᠯᠡᠭᠡᠨ ᠤ ᠬᠤᠳᠠᠯᠳᠤᠭᠠᠴᠢᠨ ᠢ ᠪᠤᠶᠢᠵᠢᠭᠤᠯᠵᠤ᠂ ᠪᠦᠬᠦ | ᠤᠯᠤᠰ ᠤᠨ ᠰᠢᠨ᠎ᠡ ᠡᠨᠧᠷᠬᠢ ᠶᠢᠨ ᠠᠵᠢᠯᠯᠠᠭᠤᠯᠵᠤ ᠬᠠᠮᠠᠭᠠᠯᠠᠬᠤ ᠠᠵᠤ ᠦᠢᠯᠡᠰ ᠤᠨ ︽ᠲᠦᠷᠦᠭᠦᠦ ᠬᠤᠨᠢ︾ ᠪᠣᠯᠬᠤ ᠪᠠᠷ ᠴᠢᠷᠮᠠᠶᠢᠬᠤ ᠬᠡᠷᠡᠭᠲᠡᠢ᠃ ᠪᠠᠷᠠᠭᠠᠨ ᠤ | ᠭᠦᠢᠯᠭᠡᠭᠡᠨ ᠤ ᠬᠦᠮᠦᠷᠭᠡᠯᠡᠯᠲᠡ ᠲᠡᠭᠡᠭᠡᠪᠦᠷᠢ ᠶᠢᠨ ᠦᠢᠯᠡᠰ ᠤᠨ ᠳᠠᠯᠳᠠ ᠬᠦᠴᠦᠨ ᠯᠤᠲᠤ ᠶᠡᠭᠡ ᠪᠠᠶᠢᠨ᠎ᠠ᠂ ᠮᠠᠨ ᠤ ᠣᠷᠣᠨ ᠤ ᠭᠦᠢᠯᠭᠡᠭᠡᠨ ᠶᠡᠬᠡᠲᠡᠢ ᠲᠠᠸᠠᠷ | ᠦᠢᠯᠡᠳᠪᠦᠷᠢᠯᠡᠬᠦ ᠣᠯᠠᠨ᠂ ᠶᠡᠭᠡ ᠪᠠᠷ ᠭᠠᠳᠠᠭᠰᠢ ᠭᠠᠷᠭᠠᠬᠤ ᠶᠡᠭᠡ ᠪᠠᠷ ᠭᠠᠳᠠᠨ᠎ᠠ ᠠᠴᠠ ᠣᠷᠣᠭᠤᠯᠬᠤ ᠣᠯᠠᠨ᠂ ᠬᠤᠯᠠ ᠵᠠᠢ ᠪᠠᠷ ᠲᠡᠭᠡᠭᠡᠪᠦᠷᠢᠯᠡᠬᠦ ᠣᠯᠠᠨ ᠵᠡᠷᠭᠡ | ᠪᠣᠳᠠᠲᠠᠢ ᠳᠤ ᠰᠠᠭᠤᠷᠢᠯᠠᠨ᠂ ︽ᠨᠡᠪᠲᠡᠷᠡᠯ ᠵᠠᠮ + ᠵᠠᠩᠭᠢᠶᠠᠰᠤ + ᠲᠣᠣᠷ︾ ᠤᠨ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠂ ᠣᠷᠣᠨ ᠨᠤᠲᠤᠭ ᠤᠨ ᠲᠣᠣᠷ ᠰᠦᠯᠵᠢᠶᠡᠨ ᠤ ᠪᠠᠷᠠᠭ᠎ᠠ ᠲᠡᠭᠡᠭᠡᠪᠦᠷᠢᠯᠡᠬᠦ ᠲᠠᠪᠴᠠᠩᠲᠤ ᠠᠵᠤ ᠠᠬᠤᠶᠢᠯᠠᠯ ᠢ ᠪᠤᠶᠢᠵᠢᠭᠤᠯᠵᠤ᠂ ᠣᠯᠠᠨ | ᠬᠡᠯᠪᠡᠷᠢ ᠪᠠᠷ ᠬᠤᠯᠪᠤᠭᠠᠯᠠᠨ ᠲᠡᠭᠡᠭᠡᠪᠦᠷᠢᠯᠡᠬᠦ ᠶᠢ ᠲᠦᠷᠭᠡᠳᠬᠡᠨ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠨᠢ ᠪᠠᠭᠤᠷᠠᠭᠤᠯᠤᠨ᠂ ᠠᠵᠤ | ᠠᠬᠤᠶᠢᠯᠠᠯ ᠢ ᠲᠡᠳᠬᠦᠨ᠂ ᠡᠵᠡᠩᠨᠡᠯᠲᠡ ᠶᠢᠨ ᠪᠠᠶᠢᠳᠠᠯ ᠢ ᠨᠢ ᠬᠥᠭᠵᠢᠭᠦᠯᠬᠦ ᠮᠥᠷᠲᠡᠭᠡᠨ ᠠᠵᠢᠯ ᠣᠯᠭᠤᠯᠲᠠ ᠶᠢ ᠳᠠᠶᠢᠴᠢᠯᠠᠨ᠂ ᠣᠷᠣᠯᠭ᠎ᠠ ᠶᠢ ᠨᠢ ᠳᠡᠭᠡᠭᠰᠢᠯᠡᠭᠦᠯᠦᠨ᠎ᠡ᠃ | ᠮᠥᠩᠭᠦᠨ ᠭᠦᠢᠯᠭᠡᠭᠡ ᠪᠣᠯ ᠪᠣᠳᠠᠲᠤ ᠴᠣᠭᠴᠠ ᠶᠢᠨ ᠠᠵᠤ ᠠᠬᠤᠢ ᠶᠢᠨ ᠠᠮᠢᠨ ᠰᠤᠳᠠᠰᠤ᠂ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠣᠯ ᠮᠥᠩᠭᠦᠨ | ᠭᠦᠢᠯᠭᠡᠭᠡᠨ ᠤ ᠳᠠᠷᠬᠠᠨ ᠡᠭᠦᠷᠭᠡ ᠮᠥᠨ᠂ ᠮᠥᠩᠭᠦᠨ ᠭᠦᠢᠯᠭᠡᠭᠡᠨ ᠤ ᠦᠢᠯᠡᠰ ᠲᠤ ᠲᠣᠬᠢᠶᠠᠯᠳᠤᠭᠰᠠᠨ ᠴᠢᠬᠤᠯᠠ ᠶᠡᠭᠡ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ | ᠠᠳᠬᠤᠵᠤ ᠪᠠᠶᠢᠭᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠳᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ | ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠵᠢᠯᠲᠣ ᠮᠥᠩᠭᠦᠨ ᠭᠦᠢᠯᠭᠡᠭᠡ ᠲᠠᠪᠤᠨ ᠲᠣᠮᠣ ᠲᠦᠷᠦᠯ ᠢ ᠬᠦᠴᠦ | ᠣᠷᠣᠭᠤᠯᠤᠨ ᠰᠠᠶᠢᠲᠤᠷ ᠬᠢᠵᠦ᠂ ᠲᠦᠷᠦᠯ ᠵᠦᠢᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠢ ᠳᠡᠮᠵᠢᠬᠦ ᠡᠷᠴᠢᠮ ᠢ ᠨᠢ ᠴᠢᠩᠭᠠᠷᠠᠭᠤᠯᠵᠤ | ᠂ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠤ ᠴᠢᠳᠠᠮᠵᠢ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠬᠦᠬᠡᠬᠤᠲᠠ ᠶᠢᠨ ᠣᠷᠣᠨ | ᠪᠦᠰᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠲᠥᠪ ᠢ ᠬᠦᠴᠦᠨ ᠢᠶᠠᠨ ᠲᠥᠪᠯᠡᠷᠡᠭᠦᠯᠦᠨ ᠴᠣᠭᠴᠠᠯᠠᠵᠤ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ | ︽ᠲᠢᠶᠠᠨ ᠵᠢᠶᠦ᠋ᠨ ᠲᠥᠯᠥᠪᠯᠡᠭᠡ︾ ᠶᠢ ᠭᠦᠨᠵᠡᠭᠡᠢ ᠬᠡᠷᠡᠭᠵᠢᠭᠦᠯᠦᠨ᠂ ᠠᠵᠤ ᠠᠬᠤᠶᠢᠯᠠᠯ ᠢ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠯᠦᠭᠡ | ᠵᠠᠯᠭᠠᠯᠳᠤᠭᠤᠯᠬᠤ ᠪᠠ ᠣᠯᠠᠨ ᠡᠰᠢᠵᠢᠭᠰᠡᠨ ᠪᠡᠯᠡ ᠲᠣᠬᠢᠷᠠᠭᠤᠯᠬᠤ ᠠᠵᠢᠯ ᠥᠷᠨᠢᠭᠦᠯᠬᠦ ᠶᠢ ᠨᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠥᠩᠭᠦᠨ ᠭᠦᠢᠯᠭᠡᠭᠡᠨ ᠤ | ᠡᠬᠢ ᠪᠠᠶᠠᠯᠢᠭ ᠢ ᠳᠦᠬᠦᠷᠵᠢᠭᠦᠯᠦᠨ ᠲᠣᠬᠢᠷᠠᠭᠤᠯᠬᠤ ᠠᠰᠢᠭᠯᠠᠮᠵᠢ ᠪᠣᠯᠣᠨ ᠴᠢᠳᠠᠪᠤᠷᠢ ᠶᠢ ᠨᠢ ᠳᠡᠭᠡᠭᠰᠢᠯᠡᠭᠦᠯᠦᠨ᠂ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ︵ᠵᠢᠷᠭᠤᠭ᠎ᠠ︶ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠭᠡᠭᠡᠯᠲᠡ ᠬᠢᠬᠦ ᠶᠢ ᠥᠷᠭᠡᠳᠬᠡᠨ᠎ᠡ᠃ ᠣᠳᠣᠬᠢ ᠥᠪᠥᠷ ᠮᠣᠩᠭᠤᠯ ᠳᠤ | ᠠᠪᠴᠤ ᠬᠡᠯᠡᠪᠡᠯ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠴᠢᠯᠦᠭᠡᠯᠡᠬᠦ᠂ ᠥᠭᠡᠷᠡᠴᠢᠯᠡᠯᠲᠡ ᠨᠡᠭᠡᠭᠡᠯᠲᠡ ᠬᠢᠬᠦ ᠪᠠ ᠤᠯᠠᠮ ᠨᠢᠭᠡ ᠠᠯᠬᠤᠮ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ᠂ ᠨᠡᠶᠢᠭᠡᠮ ᠤᠨ ᠡᠭᠦᠳᠦᠨ ᠪᠦᠲᠦᠭᠡᠬᠦ ᠴᠢᠳᠠᠪᠤᠷᠢ ᠶᠢ ᠬᠥᠭᠵᠢᠭᠡᠬᠦ ᠶᠢ ᠥᠩᠭᠡᠷᠡᠭᠰᠡᠨ ᠤ ᠠᠯᠢ ᠴᠤ ᠴᠠᠭ ᠦᠶ᠎ᠡ ᠠᠴᠠ ᠢᠯᠡᠭᠦᠦ ᠲᠤᠯᠭᠠᠮ | ᠱᠠᠭᠠᠷᠳᠠᠵᠤ ᠪᠠᠶᠢᠨ᠎ᠠ᠃ | ᠦᠵᠡᠯᠲᠡ ᠪᠠᠨ ᠬᠤᠪᠢᠷᠠᠭᠤᠯᠬᠤ᠂ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠵᠣᠷᠢᠭᠲᠠᠢ ᠬᠢᠵᠦ ᠠᠵᠢᠯᠯᠠᠬᠤ ᠬᠡᠷᠡᠭᠲᠡᠢ᠃ ᠣᠳᠣ | ᠮᠠᠨ ᠤ ᠣᠷᠣᠨ ᠤ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠨᠡᠶᠢᠭᠡᠮ ᠳᠠᠶᠠᠭᠠᠷ ᠤᠨ ᠴᠥᠭᠡᠨ ᠪᠤᠰᠤ ᠮᠠᠭᠲᠠᠭᠠᠯ ᠰᠠᠶᠢᠰᠢᠶᠠᠯ ᠢ ᠣᠯᠪᠠ᠂ ᠭᠡᠪᠡᠴᠦ | ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠭᠡᠪᠡᠯ ᠡᠷᠬᠡᠪᠰᠢ ᠦᠵᠡᠯᠲᠡ ᠪᠠᠨ ᠬᠤᠪᠢᠷᠠᠭᠤᠯᠬᠤ ᠲᠠᠯ᠎ᠠ ᠪᠠᠷ ᠪᠠᠰᠠ ᠬᠦᠴᠦ ᠣᠷᠤᠭᠤᠯᠬᠤ ᠬᠡᠷᠡᠭᠲᠡᠢ᠃ | ᠪᠦᠬᠦ ᠤᠯᠤᠰ ᠤᠨ ᠲᠡᠷᠢᠭᠦᠨ ᠤ ᠬᠢ ᠲᠠᠢ ᠵᠣᠷᠢᠭᠲᠠᠢ ᠪᠠᠷ ᠬᠠᠷᠢᠴᠠᠭᠤᠯᠵᠤ᠂ ᠵᠣᠷᠢᠭᠲᠠᠢ ᠰᠤᠷᠤᠯᠴᠠᠨ ᠲᠣᠯᠢᠳᠠᠵᠤ᠂ ᠬᠥᠭᠵᠢᠭᠰᠡᠨ ᠭᠠᠵᠠᠷ ᠣᠷᠣᠨ ᠤ ᠬᠢᠨ ᠬᠢᠵᠦ | ᠳᠡᠶᠢᠯᠬᠦ ᠪᠦᠬᠦᠨ ᠢ ᠪᠢᠳᠡ ᠪᠠᠰᠠ ᠬᠢᠵᠦ ᠳᠡᠶᠢᠯᠬᠦ ᠶᠣᠰᠣᠲᠠᠢ᠂ ᠣᠷᠣᠨ ᠳᠠᠶᠠᠭᠠᠷ ᠢᠶᠠᠨ ᠬᠦᠴᠦ ᠪᠠᠨ ᠬᠠᠮᠲᠤᠳᠬᠠᠨ᠂ ︽ᠪᠡᠯᠡ ᠣᠷᠣᠭᠤᠯᠤᠯᠲᠠ ᠶᠢᠨ ᠥᠪᠥᠷ | ᠮᠣᠩᠭᠤᠯ︾ ᠨᠡᠷᠡᠲᠦ ᠲᠡᠮᠳᠡᠭ ᠢ ᠬᠠᠮᠲᠤ ᠪᠠᠷ ᠴᠢᠷᠮᠠᠶᠢᠨ ᠠᠯᠳᠠᠷᠰᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠳᠤᠷᠠᠳᠴᠤ᠂ ᠡᠯ᠎ᠡ ᠱᠠᠲᠤᠨ ᠤ ᠵᠠᠰᠠᠭ ᠤᠨ ᠣᠷᠳᠣᠨ ᠲᠦᠷᠦᠭᠦᠯᠡᠨ ᠢᠲᠡᠭᠡᠮᠵᠢ ᠶᠢ ᠡᠷᠬᠢᠮᠯᠡᠨ᠂ ᠬᠡᠯᠡᠭᠰᠡᠨ ᠳᠤ ᠪᠠᠨ ᠰᠠᠭᠤᠵᠤ᠂ | ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠳᠤ ᠠᠮᠠᠯᠳᠠᠭᠰᠠᠨ ᠵᠦᠢᠯ ᠢᠶᠠᠨ ᠡᠰᠡ ᠪᠡᠶᠡᠯᠡᠭᠦᠯᠬᠦ᠂ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠬᠦ ᠲᠥᠷᠥ ᠶᠢᠨ | ᠪᠣᠳᠣᠯᠭ᠎ᠠ ᠪᠠᠨ ᠡᠰᠡ ᠪᠣᠳᠠᠲᠠᠶᠢᠵᠢᠭᠤᠯᠬᠤ ᠵᠡᠷᠭᠡ ᠦᠢᠯᠡ ᠠᠵᠢᠯᠯᠠᠭ᠎ᠠ ᠶᠢ ᠡᠷᠡᠰ ᠵᠠᠰᠠᠵᠤ ᠵᠠᠯᠠᠷᠠᠭᠤᠯᠤᠨ᠂ ᠥᠪᠥᠷ ᠮᠣᠩᠭᠤᠯ ᠳᠤ ᠠᠵᠢᠯ ᠶᠠᠪᠤᠳᠠᠯ ᠭᠦᠢᠴᠡᠳᠬᠡᠬᠦ ᠳᠤ | ︽ᠳᠦᠷᠢᠮ ᠢ ᠦᠨᠳᠦᠰᠦᠯᠡᠬᠦ ᠠᠴᠠ ᠪᠢᠰᠢ ᠬᠠᠷᠢᠴᠠᠭ᠎ᠠ ᠳᠤ ᠲᠦᠰᠢᠭᠯᠡᠬᠦ ᠦᠭᠡᠢ︾ ᠨᠡᠶᠢᠭᠡᠮ ᠤᠨ ᠣᠷᠴᠢᠨ ᠠᠬᠤᠢ ᠲᠠᠢ᠂ ᠲᠦᠷᠦᠯ ᠵᠦᠢᠯ ᠣᠷᠤᠭᠤᠯᠬᠤ ᠳᠤ ︽ | ᠠᠮᠠᠯᠠᠯᠲᠠ ᠶᠢᠨ ᠳᠦᠷᠢᠮ + ᠪᠦᠬᠦᠨ ᠢ ᠣᠷᠣᠯᠠᠨ ᠭᠦᠢᠴᠡᠳᠬᠡᠬᠦ︾ ᠰᠢᠯᠢᠳᠡᠭ ᠦᠢᠯᠡᠴᠢᠯᠡᠭᠡ ᠲᠠᠢ᠂ ︽ᠰᠢᠨ᠎ᠡ ᠲᠤᠰᠢᠶᠠᠯᠲᠠᠨ ᠨᠢ ᠴᠦ ᠬᠠᠭᠤᠴᠢᠨ ᠳᠠᠩᠰᠠ ᠶᠢ | ᠬᠠᠮᠢᠶᠠᠷᠬᠤ︾ ᠢᠷᠡᠭᠡᠳᠦᠢ ᠶᠢᠨ ᠲᠣᠭᠲᠠᠭᠤᠨ ᠵᠢᠱᠢᠯᠲᠡ ᠲᠠᠢ ᠪᠣᠯᠭᠠᠵᠤ᠂ ᠬᠤᠳᠠᠯᠳᠤᠭᠠᠴᠢᠨ ᠢ ᠰᠠᠨᠠᠭ᠎ᠠ ᠠᠮᠤᠷ ᠪᠠᠶᠢᠯᠭᠠᠬᠤ ᠬᠤᠳᠠᠯᠳᠤᠭᠠᠴᠢᠨ ᠢ ᠳᠣᠲᠣᠨᠣᠴᠢᠯᠠᠬᠤ | ᠬᠤᠳᠠᠯᠳᠤᠭᠠᠴᠢᠨ ᠢ ᠪᠠᠶᠠᠵᠢᠭᠤᠯᠬᠤ ᠶᠢ ᠤᠮᠠᠷᠠᠲᠤ ᠬᠢᠯᠢ ᠣᠷᠣᠨ ᠳᠤ ᠠᠮᠢᠳᠤᠯᠢᠭ ᠪᠣᠳᠠᠲᠤ ᠠᠬᠤᠢ ᠪᠣᠯᠭᠠᠨ᠎ᠠ᠃ ᠵᠠᠰᠠᠭ ᠤᠨ ᠣᠷᠳᠣᠨ ᠤ ᠦᠢᠯᠡᠴᠢᠯᠡᠭᠡᠨ ᠤ | ᠬᠦᠴᠦᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 4.0 ᠪᠠᠷᠯᠠᠯ ᠤᠨ ᠲᠥᠰᠥᠯ ᠢ | ᠨᠡᠶᠢᠲᠡᠯᠡᠵᠦ᠂ ᠪᠦᠬᠦ ᠣᠷᠣᠨ ᠤ ᠨᠢᠭᠡ ᠴᠣᠭᠴᠠᠵᠢᠭᠤᠯᠤᠭᠰᠠᠨ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ︽ᠥᠨᠳᠥᠷ ᠪᠦᠲᠦᠮᠵᠢᠲᠡᠢ ᠪᠠᠷ | ᠨᠢᠭᠡ ᠶᠠᠪᠤᠳᠠᠯ ᠢ ᠭᠦᠢᠴᠡᠳᠬᠡᠬᠦ︾ ᠶᠢᠨ 13 ᠢᠵᠢ ᠦᠢᠯᠡᠴᠢᠯᠡᠭᠡ ᠭᠠᠷᠭᠠᠵᠤ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ 150 ᠵᠦᠢᠯ ᠰᠢᠨ᠎ᠡ ᠪᠠᠷ ᠨᠡᠮᠡᠭᠳᠡᠭᠦᠯᠦᠨ᠎ᠡ︔ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ | ᠲᠤᠬᠠᠶᠢᠯᠠᠭᠰᠠᠨ ᠠᠵᠢᠯ ᠤᠨ ᠭᠤᠣᠯᠯᠠᠬᠤ ᠬᠦᠴᠦᠨ ᠪᠠ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠦᠴᠦᠨ ᠢ ᠲᠡᠭᠦᠯᠳᠡᠷᠵᠢᠭᠦᠯᠵᠦ᠂ ᠠᠵᠢᠯ ᠶᠠᠪᠤᠳᠠᠯ ᠭᠦᠢᠴᠡᠳᠬᠡᠬᠦ | ᠦᠷ᠎ᠡ ᠪᠦᠲᠦᠮᠵᠢ ᠪᠠ ᠲᠤᠰᠬᠠᠶᠢᠵᠢᠭᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠵᠣᠷᠢᠭᠲᠠᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ ᠤᠨ | ᠥᠪᠥᠷ ᠮᠣᠩᠭᠤᠯ ᠳᠤ ᠥᠷᠨᠢᠩᠭᠦᠢ ᠪᠠᠷ ᠬᠥᠭᠵᠢᠬᠦ ᠶᠢ ᠳᠡᠮᠵᠢᠬᠦ ᠨᠢ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ᠂ ᠤᠯᠤᠰ ᠤᠨ ᠥᠮᠴᠢᠯᠡᠯᠲᠦ | ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠠᠯᠢ ᠨᠢ ᠴᠦ ᠭᠡᠰᠡᠨ ᠦᠭᠡᠢ᠂ ᠬᠦᠴᠢᠷᠳᠡᠯ | ᠲᠤᠯᠭᠠᠷᠠᠪᠠᠯ ᠪᠢᠳᠡ ᠪᠦᠷ ᠴᠢᠳᠠᠯ ᠤᠨ ᠬᠢᠷᠢ ᠪᠠᠷ ᠢᠶᠠᠨ ᠬᠠᠪᠰᠤᠷᠴᠤ᠂ ᠠᠰᠠᠭᠤᠳᠠᠯ ᠲᠣᠬᠢᠶᠠᠯᠳᠤᠪᠠᠯ ᠪᠢᠳᠡ ᠪᠦᠷ ᠦᠨᠡᠨ ᠪᠣᠳᠠᠲᠠᠢ ᠰᠢᠢᠳᠪᠦᠷᠢᠯᠡᠵᠦ ᠥᠭᠬᠦ ᠬᠡᠷᠡᠭᠲᠡᠢ | ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢᠨ ︽ᠪᠦᠰᠡᠯᠡᠯᠲᠡ ᠰᠢᠪᠲᠤᠯᠬᠤ︾ ᠠᠵᠢᠯᠯᠠᠭᠠᠨ ᠢ | ᠥᠷᠨᠢᠭᠦᠯᠵᠦ᠂ ᠪᠤᠭᠤᠲᠤ ᠶᠢᠨ ᠪᠣᠯᠣᠳ ᠲᠡᠮᠦᠷ᠂ ᠴᠠᠬᠢᠯᠭᠠᠨ ᠬᠦᠴᠦᠨ᠂ ᠥᠪᠥᠷ ᠮᠣᠩᠭᠤᠯ ᠤᠨ ᠡᠨᠧᠷᠬᠢ᠂ ᠵᠠᠮ ᠬᠠᠷᠢᠯᠴᠠᠭ᠎ᠠ᠂ ᠣᠢ ᠰᠢᠭᠤᠢ ᠶᠢᠨ ᠠᠵᠤ | ᠦᠢᠯᠡᠳᠪᠦᠷᠢ᠂ ᠣᠯᠠᠨ ᠤᠯᠤᠰ ᠤᠨ ᠠᠷᠠᠯᠵᠢᠶ᠎ᠠ᠂ ᠣᠢ ᠰᠢᠭᠤᠢ ᠨᠤᠲᠤᠭ ᠪᠡᠯᠴᠢᠭᠡᠷ᠂ ᠰᠣᠶᠣᠯ ᠵᠢᠭᠤᠯᠴᠢᠯᠠᠯ ᠵᠡᠷᠭᠡ ᠨᠢᠷᠤᠭᠤᠪᠴᠢ ᠠᠵᠤ ᠠᠬᠤᠶᠢᠯᠠᠯ ᠢ | ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠶᠢ ᠠᠬᠢᠭᠤᠯᠵᠤ᠂ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ᠂ ᠨᠡᠭᠦᠷᠡᠰᠦᠨ ᠠᠭᠤᠷᠬᠠᠢ ᠶᠢᠨ | ᠬᠠᠶᠢᠨ ᠪᠠᠶᠢᠴᠠᠭᠠᠯᠲᠠ᠂ ᠥᠩᠭᠡᠲᠦ ᠲᠡᠮᠦᠷᠯᠢᠭ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ᠂ ᠠᠶᠢᠮᠠᠭ | ᠬᠤᠲᠠ᠂ ᠬᠤᠰᠢᠭᠤ ᠰᠢᠶᠠᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠯᠳᠠᠭᠳᠠᠯ ᠲᠠᠢ | ᠠᠵᠤ ᠠᠬᠤᠶᠢᠯᠠᠯ ᠢ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠵᠤ᠂ ᠨᠡᠩ ᠣᠯᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠰᠢᠨ᠎ᠡ ᠠᠮᠢᠵᠢᠷᠠᠯ ᠤᠨ | ᠬᠦᠴᠦᠨ ᠢ ᠨᠢ ᠬᠥᠭᠵᠢᠭᠡᠨ ᠥᠷᠢᠰᠦᠯᠳᠦᠬᠦ ᠬᠦᠴᠦᠨ ᠢ ᠨᠢ ᠳᠡᠭᠡᠭᠰᠢᠯᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠴᠢᠩ | ᠰᠡᠳᠬᠢᠯ ᠠᠴᠠ ᠪᠠᠨ ᠳᠡᠮᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠠᠳᠠᠯᠢᠬᠠᠨ ᠬᠠᠨᠳᠤᠵᠤ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠠᠮᠤᠭ ᠤᠨ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠬᠤᠳᠠᠯᠳᠤᠨ ᠠᠪᠬᠤ ᠳᠤ ᠪᠠᠨ | ᠵᠣᠬᠢᠬᠤ ᠬᠠᠷᠢᠴᠠᠯ ᠤᠨ ᠲᠤᠭ᠎ᠠ ᠨᠣᠷᠮ᠎ᠠ ᠶᠢ ᠲᠤᠰᠬᠠᠶᠢᠯᠠᠨ ᠳᠤᠮᠳᠠ ᠵᠢᠵᠢᠭ ᠠᠵᠤ ᠠᠬᠤᠶᠢᠯᠠᠯ ᠳᠤ ᠬᠠᠨᠳᠤᠭᠤᠯᠤᠨ᠂ ᠥᠷᠢᠲᠦᠵᠦ ᠪᠠᠶᠢᠭ᠎ᠠ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠪᠠᠶᠢᠩᠭᠤᠵᠢᠭᠤᠯᠤᠭᠰᠠᠨ ᠲᠣᠭᠲᠠᠴᠠ ᠪᠠᠶᠢᠭᠤᠯᠵᠤ ᠪᠠᠶᠢᠭᠠᠳ ᠲᠥᠯᠥᠵᠦ ᠳᠠᠭᠤᠰᠬᠠᠨ᠂ ᠤᠳᠠᠭᠠᠨ | ᠥᠷᠢᠲᠦᠵᠦ ᠤᠳᠠᠭᠠᠰᠢᠷᠠᠭᠤᠯᠤᠨ ᠰᠢᠢᠳᠪᠦᠷᠢᠯᠡᠬᠦ ᠦᠭᠡᠢ ᠪᠠᠶᠢᠭ᠎ᠠ ᠨᠢᠭᠡ ᠪᠦᠯᠦᠭ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠲᠥᠪᠯᠡᠷᠡᠭᠦᠯᠦᠨ | ᠢᠯᠭᠠᠷᠠᠭᠤᠯᠵᠤ᠂ ᠮᠡᠷᠭᠡᠵᠢᠯ ᠢᠶᠠᠷ ᠰᠠᠶᠢᠨ᠂ ᠪᠦᠲᠦᠭᠡᠭᠳᠡᠬᠦᠨ ᠢᠶᠠᠷ ᠰᠠᠶᠢᠨ ᠠᠵᠤ ᠠᠬᠤᠶᠢᠯᠠᠯ ᠢ ᠣᠷᠣᠰᠢᠨ ᠲᠣᠭᠲᠠᠨᠢᠭᠤᠯᠵᠤ᠂ ᠰᠠᠶᠢᠲᠤᠷ ᠡᠵᠡᠩᠨᠡᠭᠦᠯᠬᠦ ᠪᠠᠷ | ᠴᠢᠷᠮᠠᠶᠢᠬᠤ ᠬᠡᠷᠡᠭᠲᠡᠢ᠃ ᠡᠵᠡᠩᠨᠡᠯᠲᠡ ᠶᠢᠨ ᠭᠤᠣᠯ ᠴᠣᠭᠴᠠ ᠶᠢ 30 ᠲᠦᠮᠡᠨ ᠡᠷᠦᠬᠡ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠢ 4000 ᠠᠴᠠ ᠳᠡᠭᠡᠭᠰᠢ ᠳᠤ ᠬᠦᠷᠭᠡᠬᠦ ᠪᠠᠷ ᠴᠢᠷᠮᠠᠶᠢᠨ᠎ᠠ᠃ | ᠨᠡᠭᠡᠭᠡᠯᠲᠡ ᠬᠢᠬᠦ ᠶᠢ ᠨᠡᠩ ᠰᠥᠰᠥ ᠵᠣᠷᠢᠭᠲᠠᠢ ᠪᠠᠷ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠨᠠᠢᠮᠠᠨ ᠵᠦᠢᠯ ᠤᠨ | ᠠᠵᠢᠯᠯᠠᠭᠠᠨ ᠢᠶᠠᠷ ᠠᠵᠠ ᠳᠣᠬᠢᠶᠠᠯ ᠪᠣᠯᠭᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ | ᠪᠣᠯᠭᠠᠨ᠂ ᠨᠡᠩ ᠥᠷᠭᠡᠨ ᠬᠡᠪᠴᠢᠶᠡᠨ ᠤ᠂ ᠨᠡᠩ ᠣᠯᠠᠨ ᠬᠦᠷᠢᠶ᠎ᠡ ᠴᠠᠷᠠᠭᠠᠨ ᠤ᠂ ᠨᠡᠩ ᠭᠦᠨ ᠳᠠᠪᠬᠤᠷᠭ᠎ᠠ ᠶᠢᠨ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠠᠬᠢᠭᠤᠯᠤᠨ᠎ᠠ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠡᠨᠡ ᠵᠢᠯ ᠤᠨ ᠨᠡᠭᠡᠭᠡᠯᠲᠡ ᠬᠢᠬᠦ ᠠᠵᠢᠯ ᠤᠨ ᠲᠡᠷᠢᠭᠦᠨ | ᠴᠢᠬᠤᠯᠠ ᠶᠠᠪᠤᠳᠠᠯ ᠪᠣᠯᠭᠠᠵᠤ᠂ ᠳᠦᠷᠢᠮ ᠳᠤ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠰᠠᠭᠤᠷᠢᠯᠠᠬᠤ ᠴᠢᠨᠠᠷᠲᠠᠢ ᠥᠭᠡᠷᠡᠴᠢᠯᠡᠯᠲᠡ ᠶᠢᠨ | ᠵᠦᠢᠯᠡᠰ ᠪᠠ ᠥᠨᠳᠥᠷ ᠲᠦᠪᠰᠢᠨ ᠪᠦᠬᠦᠢ ᠨᠡᠭᠡᠭᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠳᠬᠡᠨ ᠭᠠᠷᠭᠠᠵᠤ᠂ ᠡᠭᠦᠳᠦᠨ ᠪᠦᠲᠦᠭᠡᠬᠦ ᠠᠵᠢᠯ ᠦᠨᠡᠨ ᠪᠣᠳᠠᠲᠠᠢ | ᠠᠬᠢᠯᠲᠠ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠪᠠᠭᠲᠠᠭᠠᠮᠵᠢ ᠶᠢ ᠨᠢ | ᠥᠷᠭᠡᠳᠬᠡᠨ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠵᠤ᠂ ᠮᠠᠨᠵᠤᠤᠷ ᠡᠷᠢᠶᠡᠨ ᠬᠤᠲᠠ ᠶᠢᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ | ᠰᠠᠭᠤᠷᠢᠨ ᠭᠠᠵᠠᠷ ᠪᠠ ᠬᠦᠬᠡᠬᠤᠲᠠ ᠤᠯᠠᠭᠠᠨᠴᠠᠪ ᠤᠨ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠲᠥᠪᠯᠡᠷᠡᠭᠦᠯᠵᠦ ᠬᠤᠪᠢᠶᠠᠷᠢᠯᠠᠬᠤ ᠲᠥᠪ ᠢ | ᠲᠦᠷᠭᠡᠳᠬᠡᠨ ᠪᠠᠶᠢᠭᠤᠯᠵᠤ᠂ ᠣᠶᠤᠨᠲᠤ ᠪᠣᠭᠤᠮᠲᠠ᠂ ᠣᠶᠤᠨᠲᠤ ᠬᠢᠯᠢ ᠶᠢᠨ ᠪᠣᠭᠤᠮᠲᠠ ᠶᠢ ᠴᠣᠭᠴᠠᠯᠠᠵᠤ᠂ ᠣᠷᠣᠨ ᠠᠴᠠ ᠡᠬᠢᠯᠡᠵᠦ ᠠᠶᠠᠯᠠᠬᠤ ᠡᠭᠡᠯᠵᠢ ᠶᠢᠨ | ᠴᠤᠪᠤᠭ᠎ᠠ ᠲᠡᠷᠭᠡᠨ ᠤ ᠶᠡᠷᠦᠩᠬᠡᠢ ᠬᠡᠮᠵᠢᠶ᠎ᠡ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ︽ᠭᠠᠷ ᠳᠠᠮᠵᠢᠪᠠᠴᠤ ᠠᠰᠢᠭ ᠬᠦᠷᠲᠡᠬᠦ ᠦᠭᠡᠢ︾ | ᠠᠰᠠᠭᠤᠳᠠᠯ ᠢ ᠬᠦᠴᠦ ᠣᠷᠣᠭᠤᠯᠤᠨ ᠦᠷᠭᠦᠯᠵᠢᠯᠡᠨ ᠰᠢᠢᠳᠪᠦᠷᠢᠯᠡᠵᠦ᠂ ᠵᠡᠰ᠂ ᠲᠡᠮᠦᠷ᠂ ᠨᠡᠭᠦᠷᠡᠰᠦ᠂ ᠮᠣᠳᠣᠨ ᠮᠠᠲ᠋ᠧᠷᠢᠶᠠᠯ᠂ ᠠᠮᠤ ᠪᠤᠳᠠᠭ᠎ᠠ ᠵᠡᠷᠭᠡ | ᠭᠠᠳᠠᠭᠠᠳᠤ ᠠᠴᠠ ᠣᠷᠤᠭᠤᠯᠬᠤ ᠭᠤᠣᠯ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠶᠢ ᠢᠳᠡᠪᠬᠢᠲᠡᠢ ᠬᠥᠭᠵᠢᠭᠦᠯᠦᠨ᠂ ᠳᠤᠮᠳᠠᠳᠤ | ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠵᠢᠭᠤᠯᠴᠢᠯᠠᠯ ᠤᠨ | ᠬᠠᠮᠲᠤᠷᠠᠯᠴᠠᠭᠠᠨ ᠤ ᠣᠷᠣᠨ ᠢᠶᠠᠷ ᠵᠥᠪᠰᠢᠶᠡᠷᠡᠭᠳᠡᠬᠦ ᠶᠢ ᠠᠬᠢᠭᠤᠯᠵᠤ᠂ ᠮᠠᠨᠵᠤᠤᠷ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ | ᠰᠠᠭᠤᠷᠢᠰᠢᠭᠤᠯᠤᠨ ᠪᠣᠯᠪᠠᠰᠤᠷᠠᠭᠤᠯᠵᠤ ᠡᠳ᠋ᠰᠢᠭᠦᠯᠬᠦ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠳᠡᠮᠵᠢᠵᠦ᠂ ᠠᠯᠠᠱᠠ ᠶᠢᠨ ᠭᠠᠳᠠᠭᠠᠳᠤ ᠠᠴᠠ ᠣᠷᠣᠭᠤᠯᠤᠭᠰᠠᠨ | ᠨᠡᠭᠦᠷᠡᠰᠦ ᠶᠢ ᠨᠥᠭᠡᠴᠡᠯᠡᠨ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠤᠨ ᠪᠠᠶᠢᠭᠤᠯᠤᠯᠲᠠ ᠶᠢ ᠳᠡᠮᠵᠢᠨ᠎ᠡ︔ ︽ᠥᠪᠥᠷ ᠮᠣᠩᠭᠤᠯ ᠤᠨ | ᠬᠤᠳᠠᠯᠳᠤᠭᠠᠴᠢᠳ ᠤᠨ ᠲᠣᠷᠭᠠᠨ ᠵᠠᠮ ᠤᠨ ᠠᠶᠠᠯᠠᠯ︾ ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ︽ᠥᠪᠥᠷ ᠮᠣᠩᠭᠤᠯ ᠤᠨ ᠲᠠᠸᠠᠷ ᠬᠢᠯᠢ ᠠᠴᠠ ᠭᠠᠷᠬᠤ︾ | ᠶᠢ ᠶᠡᠭᠡ ᠪᠠᠷ ᠠᠬᠢᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ 2100 ᠳ᠋ᠦᠩᠰᠢᠭᠤᠷ ᠲᠥᠭᠦᠷᠢᠭ ᠠᠴᠠ ᠳᠠᠪᠠᠭᠤᠯᠵᠤ᠂ 10% ᠠᠴᠠ ᠳᠡᠭᠡᠭᠰᠢ | ᠨᠡᠮᠡᠭᠳᠡᠭᠦᠯᠬᠦ ᠪᠠᠷ ᠴᠢᠷᠮᠠᠶᠢᠨ᠎ᠠ᠃ ᠮᠠᠨ ᠤ ᠣᠷᠣᠨ ᠪᠣᠯ ᠬᠢᠯᠢ ᠳᠠᠭᠠᠤ ᠣᠷᠣᠨ ᠪᠣᠯᠪᠠᠴᠤ ᠳᠠᠯᠠᠢ ᠳᠠᠭᠠᠤ ᠣᠷᠣᠨ ᠪᠢᠰᠢ ᠪᠣᠯᠬᠤᠷ ᠨᠡᠩ ᠥᠷᠭᠡᠨ ᠬᠡᠪᠴᠢᠶᠡᠨ ᠤ | ᠨᠡᠭᠡᠭᠡᠯᠲᠡ ᠬᠢᠬᠦ ᠶᠢ ᠪᠡᠶᠡᠯᠡᠭᠦᠯᠬᠦ ᠭᠡᠪᠡᠯ ᠡᠷᠬᠡᠪᠰᠢ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ | ᠳᠣᠲᠣᠭᠠᠳᠤ ᠭᠠᠳᠠᠭᠠᠳᠤ ᠠᠷᠠᠯᠵᠢᠶ᠎ᠠ ᠶᠢᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠲᠦᠷᠭᠡᠳᠬᠡᠨ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠭᠠᠨ ᠤ | ᠬᠥᠭᠵᠢᠯᠲᠡ ᠳᠤ ᠢᠳᠡᠪᠬᠢᠲᠡᠢ ᠠᠭᠤᠰᠤᠯᠴᠠᠵᠤ᠂ ᠵᠡᠭᠦᠨ ᠬᠤᠶᠢᠲᠤ ᠶᠢᠨ ᠭᠤᠷᠪᠠᠨ ᠮᠤᠵᠢ ᠲᠠᠢ ᠬᠤᠯᠪᠣᠯᠳᠤᠨ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠤᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠣᠨ ᠭᠤᠸᠠᠩᠳᠦ᠋ᠩ ᠰᠢᠶᠠᠩᠭᠠᠩ ᠣᠣᠮᠧᠨ ᠲᠠᠢ ᠬᠥᠳᠡᠯᠦᠯᠴᠡᠬᠦ ᠪᠠᠨ ᠴᠢᠩᠭᠠᠳᠬᠠᠵᠤ᠂ ᠤᠯᠠᠭᠠᠨᠬᠠᠳᠠ | ᠬᠢᠭᠡᠳ ᠵᠢᠨᠵᠧᠦ ᠭᠠᠷᠠᠮ ᠤᠨ ᠭᠦᠨᠵᠡᠭᠡᠢ ᠬᠠᠮᠲᠤᠷᠠᠯᠴᠠᠭ᠎ᠠ ᠶᠢ ᠳᠡᠮᠵᠢᠵᠦ᠂ ᠡᠬᠡ ᠬᠠᠭᠤᠷᠠᠢ ᠪᠠ ᠭᠠᠷᠠᠮ ᠤᠨ ᠬᠤᠯᠪᠤᠭᠠᠯᠠᠨ ᠬᠥᠳᠡᠯᠦᠯᠴᠡᠬᠦ ᠠᠵᠢᠯ ᠤᠨ ᠰᠢᠨ᠎ᠡ | ᠠᠬᠢᠴᠠ ᠶᠢ ᠠᠬᠢᠭᠤᠯᠤᠨ᠎ᠠ᠃ | ︵ᠳᠤᠯᠤᠭ᠎ᠠ︶ ︽ᠤᠯᠤᠰ ᠤᠨ ᠶᠡᠭᠡ ᠶᠠᠪᠤᠳᠠᠯ︾ ᠤᠨ ᠥᠨᠳᠥᠷᠴᠡ ᠠᠴᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠰᠠᠶᠢᠲᠤᠷ ᠪᠦᠲᠦᠭᠡᠨ ᠪᠠᠶᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠪᠢᠳᠡᠨ ᠳᠤ ᠡᠷᠬᠡᠪᠰᠢ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠲᠡᠢ ᠭᠡᠵᠦ ᠣᠯᠠᠨᠲᠠ ᠵᠠᠬᠢᠪᠠ᠃ ᠪᠢᠳᠡ ᠪᠦᠬᠦ ᠬᠦᠴᠦᠨ ᠵᠦᠢᠯ ᠪᠦᠬᠦ ᠲᠠᠯ᠎ᠠ ᠶᠢᠨ ᠠᠮᠢ | ᠠᠬᠤᠢ ᠶᠢᠨ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠣᠢ ᠪᠣᠯᠭᠠᠵᠤ᠂ ᠤᠯᠤᠰ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ | ᠦᠵᠡᠰᠬᠦᠯᠡᠩᠲᠦ ᠳᠤᠮᠳᠠᠳᠤ ᠤᠯᠤᠰ ᠤᠨ ᠬᠤᠰᠢᠭᠤᠴᠢ ᠣᠷᠣᠨ ᠢ ᠴᠢᠷᠮᠠᠶᠢᠨ ᠴᠣᠭᠴᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠨᠣᠮᠢᠨ ᠨᠣᠭᠤᠭᠠᠨ ᠤᠷᠲᠤ | ᠴᠠᠭᠠᠨ ᠬᠡᠷᠡᠮ ᠢ ᠨᠡᠩ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ | ᠭᠤᠣᠯ ᠬᠦᠴᠦᠨ ᠪᠥᠭᠡᠳ ᠬᠤᠰᠢᠭᠤᠴᠢ ᠪᠣᠯᠬᠤ ᠣᠪᠣᠷ ᠪᠠᠶᠢᠳᠠᠯ ᠢᠶᠠᠷ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠣᠯᠣᠨ᠎ᠠ᠃ ᠡᠷᠲᠡ ᠠᠴᠠ ᠭᠠᠷᠳᠠᠵᠤ ᠡᠷᠲᠡᠬᠡᠨ ᠪᠠᠶᠢᠷᠢᠯᠠᠭᠤᠯᠵᠤ᠂ ᠬᠠᠪᠤᠷ ᠰᠠᠭᠠᠲᠠᠮᠠᠭᠴᠠ ᠬᠥᠳᠡᠯᠦᠯᠴᠡᠵᠦ᠂ ᠵᠢᠯ ᠤᠨ ᠳᠣᠲᠣᠷ᠎ᠠ | ᠬᠠᠲᠤᠨ ᠭᠤᠣᠯ ᠤᠨ ︽ᠶᠡᠭᠡ ᠲᠣᠬᠤᠢ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ 758 ᠲᠦᠮᠡᠨ ᠮᠦ᠂ ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ 549 ᠲᠦᠮᠡᠨ ᠮᠦ᠂ ᠾᠧᠰᠢ ᠶᠢᠨ ᠬᠤᠩᠭᠢᠯ —ᠲᠠᠺᠯᠢᠮᠠᠺᠠᠨ ᠡᠯᠡᠰᠦᠨ ᠴᠦᠯ ᠤᠨ ᠬᠦᠪᠡᠭᠡ | ᠵᠠᠬ᠎ᠠ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ 131 ᠲᠦᠮᠡᠨ ᠮᠦ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠬᠥᠪᠴᠢ ᠶᠢᠨ ᠵᠠᠭᠪᠤᠷ᠂ | ᠳ᠋ᠧᠩᠺᠧᠥ ᠶᠢᠨ ᠵᠠᠭᠪᠤᠷ ᠢ ᠢᠳᠡᠪᠬᠢᠲᠡᠢ ᠪᠠᠷ ᠳᠡᠯᠭᠡᠷᠡᠭᠦᠯᠦᠨ᠂ ᠣᠷᠳᠣᠰ ᠤᠨ ︽ᠭᠡᠷᠡᠯᠴᠢ ᠴᠡᠨᠡᠭ ᠤᠨ ᠤᠷᠲᠤ ᠴᠠᠭᠠᠨ ᠬᠡᠷᠡᠮ︾ ᠪᠠᠶᠢᠭᠤᠯᠬᠤ ᠶᠢ ᠨᠢ ᠳᠡᠮᠵᠢᠵᠦ᠂ | ᠲᠠᠷᠢᠶᠠᠯᠠᠩ ᠭᠡᠷᠡᠯᠴᠢ ᠴᠡᠨᠡᠭ ᠤᠨ ᠬᠠᠷᠢᠯᠴᠠᠨ ᠨᠥᠬᠦᠪᠦᠷᠢᠯᠡᠬᠦ᠂ ᠮᠠᠯ ᠠᠵᠤ ᠠᠬᠤᠢ ᠭᠡᠷᠡᠯᠴᠢ ᠴᠡᠨᠡᠭ ᠤᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠡᠯᠡᠰᠦ ᠶᠢ | ᠵᠠᠰᠠᠭᠰᠠᠨ ᠪᠥᠭᠡᠳ ᠪᠣᠬᠢᠷᠳᠤᠯ ᠦᠭᠡᠢ ᠴᠠᠬᠢᠯᠭᠠᠨ ᠭᠠᠷᠭᠠᠵᠤ ᠪᠠᠰᠠ ᠣᠯᠠᠨ ᠲᠦᠮᠡᠨ ᠤ ᠣᠷᠣᠯᠭ᠎ᠠ ᠶᠢ ᠨᠢ ᠨᠡᠮᠡᠭᠳᠡᠭᠦᠯᠵᠦ᠂ ᠠᠮᠢ ᠠᠬᠤᠢ᠂ ᠦᠢᠯᠡᠳᠪᠦᠷᠢᠯᠡᠯ᠂ | ᠠᠮᠢᠳᠤᠷᠠᠯ ᠭᠤᠷᠪᠠ ᠳᠤ ᠴᠥᠮ ︽ᠠᠰᠢᠭ ᠬᠦᠷᠲᠡᠭᠡᠬᠦ︾ ᠶᠢ ᠪᠡᠶᠡᠯᠡᠭᠦᠯᠦᠨ᠂ ᠰᠢᠨ᠎ᠡ ᠴᠠᠭ ᠦᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ | ᠭᠠᠶᠢᠬᠠᠮᠰᠢᠭ ᠢ ᠡᠭᠦᠳᠦᠨ᠎ᠡ᠃ | ᠴᠡᠩᠬᠡᠷ ᠣᠭᠲᠠᠷᠭᠤᠢ ᠴᠡᠩᠭᠡᠭ ᠤᠰᠤ ᠴᠡᠪᠡᠷ ᠬᠥᠷᠥᠰᠥ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ᠃ ᠬᠠᠲᠤᠨ | ᠭᠤᠣᠯ ᠤᠨ ᠥᠪᠥᠷ ᠮᠣᠩᠭᠤᠯ ᠢᠶᠠᠷ ᠤᠷᠤᠰᠤᠨ ᠥᠩᠭᠡᠷᠡᠬᠦ 843.5 ᠺᠢᠯᠣᠮᠧᠲᠷ ᠤᠨ ᠪᠦᠬᠦ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠵᠢ ᠭᠤᠣᠯ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ ᠬᠦᠬᠡᠬᠤᠲᠠ ᠪᠤᠭᠤᠲᠤ ᠣᠷᠳᠣᠰ᠂ ᠦᠬᠠᠢ ᠵᠢᠴᠢ | ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠪᠠᠨ ᠴᠢᠩᠭᠠᠳᠬᠠᠵᠤ᠂ ︽ᠬᠥᠯᠥᠨ | ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠵᠢᠴᠢ ᠴᠠᠭᠠᠨᠨᠠᠭᠤᠷ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠮᠵᠢ ᠪᠠᠨ ᠪᠠᠬᠢᠵᠢᠭᠦᠯᠵᠦ᠂ ᠤᠰᠤᠨ | ᠴᠦᠬᠦᠷᠦᠮ ᠤᠨ ᠨᠦᠯᠦᠮᠡᠯ ᠰᠢᠪᠠᠷ ᠢ ᠠᠷᠢᠯᠭᠠᠨ ᠴᠡᠪᠡᠷᠯᠡᠬᠦ ᠲᠤᠷᠰᠢᠯᠲᠠ ᠶᠢ ᠡᠬᠢᠯᠡᠭᠦᠯᠦᠨ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠠᠵᠢᠯ ᠢ | ᠰᠠᠶᠢᠲᠤᠷ ᠠᠳᠬᠤᠵᠤ᠂ ᠨᠡᠩ ᠣᠯᠠᠨ ᠪᠣᠬᠢᠷᠳᠤᠯ ᠦᠭᠡᠢ ᠠᠭᠤᠷᠬᠠᠢ ᠶᠢ ᠪᠦᠲᠦᠭᠡᠨ ᠪᠠᠶᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠳᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ | ᠡᠬᠢ ᠪᠠᠶᠠᠯᠢᠭ ᠢ ᠠᠷᠪᠢᠲᠠᠢ ᠡᠷᠴᠢᠮᠲᠡᠢ ᠠᠰᠢᠭᠯᠠᠬᠤ ᠶᠢ ᠶᠡᠭᠡ ᠪᠠᠷ ᠠᠬᠢᠭᠤᠯᠤᠨ᠎ᠠ᠃ ︽ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ ᠶᠢ ᠭᠦᠨᠵᠡᠭᠡᠶᠢᠷᠡᠭᠦᠯᠦᠨ | ᠥᠷᠭᠡᠳᠬᠡᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ 14.6 ᠲᠦᠮᠡᠨ ᠮᠦ ᠭᠠᠵᠠᠷ ᠰᠢᠷᠣᠢ᠂ ᠰᠤᠯᠠ ᠲᠠᠯᠪᠢᠭᠳᠠᠵᠤ ᠪᠠᠶᠢᠭ᠎ᠠ 1.2 ᠲᠦᠮᠡᠨ ᠮᠦ ᠭᠠᠵᠠᠷ | ᠰᠢᠷᠣᠢ ᠶᠢ ᠰᠢᠩᠭᠡᠬᠡᠨ ᠰᠢᠢᠳᠪᠦᠷᠢᠯᠡᠨ᠎ᠡ᠃ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢ ᠠᠬᠢᠭᠤᠯᠵᠤ᠂ | ᠲᠤᠷᠰᠢᠯᠲᠠ ᠶᠢᠨ ᠴᠡᠭ ᠪᠣᠯᠬᠤ ᠬᠤᠰᠢᠭᠤ ᠰᠢᠶᠠᠨ ᠤ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯ ᠪᠡᠯᠴᠢᠭᠡᠷ ᠬᠤᠶᠠᠷ ᠢ ᠲᠡᠩᠴᠡᠭᠦᠷᠢᠲᠡᠢ ᠪᠠᠶᠢᠯᠭᠠᠬᠤ ᠭᠦᠢᠴᠡᠳᠬᠡᠯ | ᠲᠤᠭ᠎ᠠ ᠶᠢ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ ᠪᠠᠷ ᠴᠢᠷᠮᠠᠶᠢᠨ᠎ᠠ᠃ ᠤᠰᠤᠨ ᠤ ᠡᠬᠢ ᠪᠠᠶᠠᠯᠢᠭ ᠪᠣᠯ ᠮᠠᠨ ᠤ ᠣᠷᠣᠨ ᠤ ᠬᠥᠭᠵᠢᠯᠲᠡ ᠶᠢᠨ | ᠬᠠᠮᠤᠭ ᠤᠨ ᠬᠠᠲᠠᠭᠤ ᠬᠢᠵᠠᠭᠠᠷᠯᠠᠯ ᠪᠣᠯᠣᠨ᠎ᠠ᠂ ︽ᠨᠢᠭᠡ ᠠᠶᠢᠮᠠᠭ ︵ᠬᠤᠲᠠ︶ ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠦ︾ ᠰᠢᠨᠵᠢᠯᠡᠬᠦ ᠤᠬᠠᠭᠠᠨᠴᠢ ᠪᠠᠷ ᠤᠰᠤ | ᠠᠷᠪᠢᠯᠠᠬᠤ ᠶᠢ ᠠᠬᠢᠭᠤᠯᠵᠤ᠂ ᠲᠠᠷᠢᠶᠠᠯᠠᠩ ᠠᠵᠤ ᠦᠢᠯᠡᠳᠪᠦᠷᠢ ᠪᠠ ᠬᠤᠲᠠ ᠪᠠᠯᠭᠠᠰᠤᠨ ᠤ ᠤᠰᠤ ᠠᠷᠪᠢᠯᠠᠬᠤ ᠶᠢ ᠲᠦᠷᠦᠯ ᠠᠩᠭᠢᠯᠠᠨ ᠰᠠᠶᠢᠲᠤᠷ ᠠᠳᠬᠤᠵᠤ᠂ ︽ | ᠬᠤᠭᠤᠰᠤᠨ ᠭᠠᠵᠠᠷ ᠢ ᠤᠰᠤᠯᠠᠬᠤ︾᠂ ︽ᠨᠡᠯᠦ᠋ᠢᠲᠡᠯ᠎ᠡ ᠤᠰᠤᠯᠠᠬᠤ︾ ᠵᠡᠷᠭᠡ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠲᠦᠩᠯᠢᠶᠣᠣ | ᠪᠠᠶᠠᠨᠨᠠᠭᠤᠷ ᠤᠨ ᠣᠳᠣ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠᠲᠤ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠶᠢ ᠨᠢ ᠳᠡᠮᠵᠢᠨ᠎ᠡ᠃ ︽ | ᠬᠠᠶᠠᠭᠳᠠᠮᠠᠯ ᠢ ᠬᠡᠷᠡᠭᠴᠡᠭᠡ ᠲᠠᠢ ᠵᠦᠢᠯ ᠪᠣᠯᠭᠠᠨ ᠠᠰᠢᠭᠯᠠᠬᠤ︾ ᠲᠠᠯ᠎ᠠ ᠪᠠᠷ ᠮᠠᠨ ᠤ ᠣᠷᠣᠨ ᠮᠠᠰᠢ ᠣᠯᠠᠨ ᠠᠵᠢᠯ ᠬᠢᠵᠦ ᠪᠣᠯᠣᠨ᠎ᠠ᠂ ᠨᠢᠭᠡ ᠲᠠᠯ᠎ᠠ ᠪᠠᠷ ᠨᠤᠨᠳᠠᠭ | ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ ᠵᠡᠷᠭᠡ ᠶᠡᠭᠡ ᠬᠡᠮᠵᠢᠶᠡᠨ ᠤ ᠤᠯᠠᠮᠵᠢᠯᠠᠯᠲᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ | ᠤᠯᠠᠷᠢᠭᠤᠯᠤᠨ ᠠᠰᠢᠭᠯᠠᠬᠤ ᠶᠢ ᠠᠳᠬᠤᠵᠤ᠂ ᠨᠥᠭᠦᠭᠡ ᠲᠠᠯ᠎ᠠ ᠪᠠᠷ ᠴᠢᠳᠠᠮᠵᠢ ᠨᠢ ᠪᠠᠭᠤᠷᠠᠭᠰᠠᠨ ᠳ᠋ᠢᠶᠠᠨ ᡂᠢ᠂ ᠭᠡᠷᠡᠯᠴᠢ ᠴᠡᠨᠡᠭ ᠤᠨ ᠲᠣᠨᠣᠭᠯᠠᠯ᠂ ᠰᠠᠯᠬᠢᠨ | ᠬᠦᠴᠦ ᠪᠠᠷ ᠴᠠᠬᠢᠯᠭᠠᠨ ᠭᠠᠷᠭᠠᠬᠤ ᠮᠠᠰᠢᠨ ᠪᠦᠯᠦᠭ ᠵᠡᠷᠭᠡ ᠰᠢᠨ᠎ᠡ ᠬᠡᠯᠪᠡᠷᠢ ᠪᠦᠬᠦᠢ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠶᠢ ᠠᠳᠬᠤᠵᠤ᠂ | ᠪᠤᠭᠤᠲᠤ ᠶᠢᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠴᠢᠳᠠᠮᠵᠢ ᠨᠢ ᠪᠠᠭᠤᠷᠠᠭᠰᠠᠨ ᠲᠤᠨᠤᠭ ᠲᠥᠬᠦᠭᠡᠷᠦᠮᠵᠢ ᠶᠢ ᠡᠬᠢ ᠪᠠᠶᠠᠯᠢᠭᠵᠢᠭᠤᠯᠤᠨ ᠳᠠᠬᠢᠨᠲᠠ | ᠠᠰᠢᠭᠯᠠᠬᠤ ᠶᠢᠨ ᠵᠢᠱᠢᠶ᠎ᠡ ᠦᠵᠡᠭᠦᠯᠬᠦ ᠣᠷᠣᠨ᠂ ᠣᠷᠳᠣᠰ ᠤᠨ ᠨᠤᠨᠳᠠᠭ ᠨᠡᠭᠦᠷᠡᠰᠦᠨ ᠦᠨᠡᠰᠦ ᠠᠴᠠ ᠰᠠᠯᠭᠠᠨ ᠠᠪᠤᠭᠰᠠᠨ ᠢᠰᠦᠯᠳᠦᠭᠰᠡᠨ ᠬᠥᠩᠭᠡᠨᠴᠠᠭᠠᠨ ᠢ | ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ᠂ ᠰᠢᠯᠢ ᠶᠢᠨ ᠭᠤᠣᠯ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠢ ᠶᠡᠷᠦᠩᠬᠡᠶᠢᠯᠡᠨ ᠠᠰᠢᠭᠯᠠᠬᠤ | ᠰᠠᠭᠤᠷᠢᠨ ᠭᠠᠵᠠᠷ ᠤᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠤᠯᠤᠰ ᠤᠨ ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠠᠴᠠ | ᠪᠠᠭᠤᠷᠠᠭᠤᠯᠬᠤ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠂ ᠡᠨᠧᠷᠬᠢ ᠶᠢᠨ ᠰᠠᠭᠤᠷᠢ ᠪᠡᠯᠡᠳᠬᠡᠮᠵᠢ᠂ ᠡᠨᠧᠷᠬᠢ ᠠᠷᠪᠢᠯᠠᠵᠤ | ᠨᠡᠭᠦᠷᠡᠰᠦᠳᠦ᠋ᠷᠦᠭᠴᠢ ᠶᠢ ᠪᠠᠭᠤᠷᠠᠭᠤᠯᠬᠤ ᠪᠠᠷ ᠥᠭᠡᠷᠡᠴᠢᠯᠡᠨ ᠰᠢᠨᠡᠳᠬᠡᠬᠦ᠂ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠬᠦ ᠵᠡᠷᠭᠡ ᠬᠦᠷᠢᠶ᠎ᠡ ᠴᠠᠷᠠᠭᠠᠨ ᠳᠤ ᠨᠢᠭᠡ | ᠪᠦᠯᠦᠭ ᠭᠤᠣᠯᠳᠠᠯᠭ᠎ᠠ ᠲᠠᠢ ᠢᠨᠵᠧᠨᠧᠷᠢᠩ ᠢ ᠲᠥᠯᠥᠪᠵᠢᠭᠦᠯᠦᠨ ᠬᠡᠷᠡᠭᠵᠢᠭᠦᠯᠦᠨ᠎ᠡ᠃ ᠨᠡᠭᠦᠷᠡᠰᠦᠳᠦ᠋ᠷᠦᠭᠴᠢ ᠶᠢᠨ ᠬᠤᠷᠠᠮᠠᠯ ᠤᠨ ︽ᠰᠠᠶᠢᠨ ᠠᠷᠠᠯᠵᠢᠶ᠎ᠠ︾ ᠶᠢ | ᠶᠡᠭᠡ ᠪᠠᠷ ᠬᠥᠭᠵᠢᠭᠦᠯᠬᠦ ᠪᠠᠷ ᠴᠢᠷᠮᠠᠶᠢᠨ᠎ᠠ᠂ ᠤᠢ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠳᠦ᠋ᠷᠦᠭᠴᠢ ᠬᠤᠷᠠᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ | ᠭᠦᠨᠵᠡᠭᠡᠢ ᠬᠡᠷᠡᠭᠵᠢᠭᠦᠯᠵᠦ᠂ ᠤᠯᠤᠰ ᠤᠨ ᠨᠡᠭᠦᠷᠡᠰᠦᠳᠦ᠋ᠷᠦᠭᠴᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠪᠠᠷ ᠣᠷᠣᠯᠴᠠᠨ᠂ | ᠬᠥᠯᠥᠨ ᠪᠦᠢᠷ᠂ ᠬᠢᠩᠭᠠᠨ ᠠᠶᠢᠮᠠᠭ᠂ ᠤᠯᠠᠭᠠᠨᠬᠠᠳᠠ ᠵᠡᠷᠭᠡ ᠭᠠᠵᠠᠷ ᠤᠨ ᠠᠮᠢ ᠠᠬᠤᠢ ᠶᠢᠨ ᠪᠦᠲᠦᠭᠡᠭᠳᠡᠬᠦᠨ ᠤ ᠦᠨ᠎ᠡ ᠥᠷᠲᠡᠭ ᠤᠨ ᠪᠡᠶᠡᠯᠡᠭᠳᠡᠯ ᠤᠨ | ᠲᠣᠭᠲᠠᠴᠠ ᠶᠢ ᠰᠦᠪᠡᠭᠴᠢᠯᠡᠬᠦ ᠶᠢ ᠨᠢ ᠳᠡᠮᠵᠢᠵᠦ᠂ ᠠᠭᠤᠳᠠᠮ ᠲᠡᠨᠢᠭᠡᠷ ᠲᠠᠯ᠎ᠠ ᠨᠤᠲᠤᠭ᠂ ᠢᠭᠴᠤ ᠰᠠᠬᠤᠯᠢᠭ ᠣᠢ ᠰᠢᠭᠤᠢ᠂ ᠨᠡᠯᠦ᠋ᠢᠮᠡ ᠶᠡᠭᠡ ᠨᠤᠭᠤ ᠭᠠᠵᠠᠷ ᠠᠴᠠ | ᠨᠡᠩ ᠣᠯᠠᠨ ᠨᠡᠭᠦᠷᠡᠰᠦᠳᠦ᠋ᠷᠦᠭᠴᠢ ᠶᠢᠨ ᠬᠤᠷᠠᠮᠠᠯ ᠤᠨ ᠰᠢᠯᠢᠳᠡᠭ ᠪᠦᠲᠦᠭᠡᠭᠳᠡᠬᠦᠨ ᠤᠯᠠᠷᠢᠭᠤᠯᠤᠨ ᠭᠠᠷᠭᠠᠨ᠎ᠠ᠃ | ︵ᠨᠠᠢᠮᠠ︶ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠬᠦᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ 60 | ᠵᠤᠷᠪᠤᠰ ᠢ ᠪᠣᠳᠠᠲᠠᠶᠢᠵᠢᠭᠤᠯᠬᠤ ᠶᠢ ᠳᠡᠮᠵᠢᠵᠦ᠂ ᠬᠦᠬᠡᠬᠤᠲᠠ ᠪᠤᠭᠤᠲᠤ ᠶᠢ ᠨᠢᠭᠡ ᠬᠤᠲᠠᠵᠢᠭᠤᠯᠬᠤ ᠪᠠᠷ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ | ᠴᠣᠭᠴᠠᠵᠢᠭᠤᠯᠵᠤ ᠲᠦᠷᠭᠡᠳᠬᠡᠨ ᠬᠥᠭᠵᠢᠭᠦᠯᠬᠦ ᠶᠢ ᠳᠠᠶᠢᠴᠢᠯᠠᠵᠤ᠂ ᠬᠦᠬᠡᠬᠤᠲᠠ ᠪᠤᠭᠤᠲᠤ ᠣᠷᠳᠣᠰ ᠤᠯᠠᠭᠠᠨᠴᠠᠪ ᠢ ᠦᠨᠡᠨ ᠬᠦ ᠪᠦᠬᠦ ᠣᠷᠣᠨ ᠤ ᠴᠢᠨᠠᠷ ᠰᠠᠶᠢᠲᠠᠢ | ᠬᠥᠭᠵᠢᠯᠲᠡ ᠶᠢ ᠬᠥᠲᠥᠯᠥᠨ ᠳᠠᠭᠠᠭᠤᠯᠵᠤ ᠳᠠᠶᠢᠴᠢᠯᠠᠬᠤ ︽ᠪᠤᠬ᠎ᠠ ᠲᠡᠷᠭᠡ︾ ᠪᠣᠯᠭᠠᠨ᠎ᠠ᠃ ᠬᠦᠬᠡᠬᠤᠲᠠ ᠣᠷᠣᠨ ᠤ ᠲᠥᠪ ᠪᠣᠯᠤᠭᠰᠠᠨ ᠤ ᠬᠤᠪᠢ ᠳᠤ᠂ ᠦᠨᠡᠨ ᠬᠦ | ︽ᠬᠦᠴᠦᠷᠬᠡᠭᠵᠢᠨ︾᠂ ︽ᠲᠥᠪᠯᠡᠨ ᠲᠡᠷᠢᠭᠦᠯᠡᠵᠦ︾᠂ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠶᠡᠷᠦᠩᠬᠡᠢ ᠬᠡᠯᠲᠡᠰ ᠤᠨ | ᠠᠵᠤ ᠠᠬᠤᠢ ᠶᠢᠨ ᠰᠠᠭᠤᠷᠢᠨ ᠭᠠᠵᠠᠷ ᠢ ᠴᠣᠭᠴᠠᠯᠠᠵᠤ᠂ ︽ᠳᠡᠯᠡᠬᠡᠢ ᠶᠢᠨ ᠰᠦ ᠰᠠᠭᠠᠯᠢ ᠶᠢᠨ ᠬᠤᠲᠠ︾ ᠶᠢ ᠪᠦᠲᠦᠭᠡᠨ ᠪᠠᠶᠢᠭᠤᠯᠬᠤ ᠬᠡᠷᠡᠭᠲᠡᠢ᠃ ᠪᠤᠭᠤᠲᠤ | ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠪᠣᠯᠤᠭᠰᠠᠨ ᠤ ᠬᠤᠪᠢ ᠳᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠᠨ ᠲᠦᠷᠭᠡᠳᠬᠡᠵᠦ᠂ ︽ᠪᠦᠬᠦ | ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠦᠬᠦ ᠪᠥᠮᠪᠥᠷᠴᠡᠭ ᠲᠤ ᠲᠦᠷᠦᠭᠦᠯᠡᠬᠦ ᠬᠤᠪᠣᠷ ᠰᠢᠷᠣᠢ ᠶᠢᠨ | ᠬᠡᠷᠡᠭᠯᠡᠯᠲᠡ ᠶᠢᠨ ᠰᠠᠭᠤᠷᠢᠨ ᠭᠠᠵᠠᠷ︾ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃ ᠣᠷᠳᠣᠰ ᠥᠪᠡᠷᠲᠡᠭᠡᠨ ᠵᠠᠰᠠᠬᠤ ᠣᠷᠣᠨ ᠤ | ᠬᠥᠭᠵᠢᠯᠲᠡ ᠶᠢᠨ ᠰᠠᠶᠢᠨ ︽ᠨᠢᠷᠤᠭᠤ ᠲᠤᠯᠭᠠᠭᠤᠷᠢ︾᠂ ︽ᠬᠤᠰᠢᠭᠤᠴᠢ ᠴᠡᠷᠢᠭ︾ ᠪᠣᠯᠵᠤ᠂ ᠤᠯᠤᠰ ᠤᠨ ᠳᠡᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ | ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠰᠠᠶᠢᠲᠤᠷ ᠪᠦᠲᠦᠭᠡᠨ ᠪᠠᠶᠢᠭᠤᠯᠵᠤ᠂ ᠳᠡᠯᠡᠬᠡᠢ ᠶᠢᠨ ᠲᠠᠰ ᠤᠨ ᠰᠢᠨ᠎ᠡ ᠡᠨᠧᠷᠭᠢ ᠶᠢᠨ ᠠᠵᠤ ᠦᠢᠯᠡᠰ ᠤᠨ | ᠥᠨᠳᠦᠷᠯᠢᠭ ᠢ ᠴᠣᠭᠴᠠᠯᠠᠬᠤ ᠬᠡᠷᠡᠭᠲᠡᠢ᠃ ᠤᠯᠠᠭᠠᠨᠴᠠᠪ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠮᠦᠷ ᠤᠨ ᠬᠠᠶᠢᠯᠤᠰᠢ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠬᠢᠯᠢ ᠬᠢᠵᠠᠭᠠᠷ ᠪᠠ ᠳᠣᠲᠣᠷ ᠭᠠᠵᠠᠷ ᠬᠤᠯᠪᠤᠭᠠᠯᠠᠨ ᠬᠥᠳᠡᠯᠦᠯᠴᠡᠬᠦ ᠬᠦᠢᠰᠦ ᠪᠣᠯᠬᠤ | ᠠᠵᠤ ᠠᠬᠤᠢ ᠶᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠤᠯᠠᠭᠠᠨᠬᠠᠳᠠ᠂ ᠲᠦᠩᠯᠢᠶᠣᠣ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠳᠠᠭᠠᠭᠠᠨ ᠠᠪᠴᠤ | ᠵᠠᠯᠭᠠᠭᠤᠯᠬᠤ ᠶᠢᠨ ᠵᠢᠱᠢᠶ᠎ᠡ ᠦᠵᠡᠭᠦᠯᠬᠦ ᠣᠷᠣᠨ ᠪᠣᠯᠤᠭᠰᠠᠨ ᠤ ᠬᠤᠪᠢ ᠳᠤ᠂ ᠠᠵᠠ ᠲᠣᠬᠢᠶᠠᠯ ᠢᠶᠠᠨ ᠨᠠᠨᠳᠢᠩᠨᠠᠨ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ | ᠭᠠᠷᠭᠠᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠡᠷᠴᠢᠮ ᠢᠶᠠᠨ | ᠴᠢᠩᠭᠠᠷᠠᠭᠤᠯᠵᠤ᠂ ᠪᠣᠬᠢᠷᠳᠤᠯ ᠦᠭᠡᠢ ᠤᠰᠤᠳᠦ᠋ᠷᠦᠭᠴᠢ᠂ ᠪᠣᠬᠢᠷᠳᠤᠯ ᠦᠭᠡᠢ ᠠᠮᠢᠨᠤ᠋᠂ ᠪᠣᠬᠢᠷᠳᠤᠯ ᠦᠭᠡᠢ ᠠᠯᠺᠤᠤᠯ ᠵᠡᠷᠭᠡ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠬᠤ ᠳᠤ ᠬᠦᠴᠦᠯᠡᠨ᠂ ︽ᠬᠤᠶᠠᠷ ᠬᠥᠪᠡᠭᠦᠨ ᠣᠳᠣ︾ ᠶᠢᠨ ᠦᠳᠲᠡᠷ ᠲᠦᠷᠭᠡᠨ ᠬᠥᠭᠵᠢᠯᠲᠡ ᠪᠠᠷ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ | ᠣᠷᠣᠨ ᠤ ᠪᠦᠬᠦ ᠲᠠᠯ᠎ᠠ ᠶᠢᠨ ᠬᠥᠭᠵᠢᠯᠲᠡ ᠮᠠᠨᠳᠤᠯᠲᠠ ᠳᠤ ᠬᠤᠷᠳᠤ ᠨᠡᠮᠡᠬᠦ ᠶᠢ ᠳᠠᠶᠢᠴᠢᠯᠠᠬᠤ ᠬᠡᠷᠡᠭᠲᠡᠢ᠃ ᠤᠯᠠᠭᠠᠨᠬᠠᠳᠠ ︽ᠥᠩᠭᠡᠲᠦ ᠲᠡᠮᠦᠷᠯᠢᠭ ᠤᠨ ᠨᠤᠲᠤᠭ︾ | ᠤᠨ ᠨᠡᠷ᠎ᠡ ᠨᠢᠳᠡᠷ ᠲᠤ ᠪᠠᠨ ᠦᠨᠡᠨ ᠬᠦ ᠲᠡᠩᠴᠡᠬᠦ ᠪᠠᠷ ᠴᠢᠷᠮᠠᠶᠢᠬᠤ ᠬᠡᠷᠡᠭᠲᠡᠢ᠂ ᠪᠣᠬᠢᠷᠳᠤᠯ ᠦᠭᠡᠢ ᠯᠢᠲ᠋ᠢ ᠶᠢᠨ ᠰᠠᠭᠤᠷᠢ ᠬᠥᠩᠭᠡᠨᠴᠠᠭᠠᠨ ᠤ ᠰᠠᠭᠤᠷᠢ ᠰᠢᠨ᠎ᠡ | ᠮᠠᠲ᠋ᠧᠷᠢᠶᠠᠯ ᠤᠨ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠃ ᠲᠦᠩᠯᠢᠶᠣᠣ ᠵᠡᠭᠦᠨ ᠬᠤᠶᠢᠲᠤ ᠭᠠᠵᠠᠷ ᠣᠷᠣᠨ ᠤ ᠬᠠᠮᠤᠭ ᠤᠨ ᠲᠣᠮᠣ ᠡᠬᠡ ᠬᠠᠭᠤᠷᠠᠢ ᠶᠢᠨ | ᠰᠠᠯᠬᠢᠨ ᠬᠦᠴᠦᠨ ᠤ ᠴᠠᠬᠢᠯᠭᠠᠨ ᠤ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ | ︵ᠶᠢᠰᠦ︶ ᠠᠷᠠᠳ ᠤᠨ ᠠᠮᠢᠳᠤᠷᠠᠯ ᠤᠨ ᠶᠠᠪᠤᠳᠠᠯ ᠪᠣᠯ ᠬᠡᠵᠢᠶᠡᠳᠡ ᠴᠢᠬᠤᠯᠠ ᠶᠠᠪᠤᠳᠠᠯ ᠪᠠᠶᠢᠵᠤ᠂ ᠡᠷᠬᠡᠪᠰᠢ ᠪᠣᠳᠠᠲᠠᠢ ᠭᠦᠢᠴᠡᠳᠬᠡᠵᠦ ᠰᠠᠶᠢᠲᠤᠷ | ᠭᠦᠢᠴᠡᠳᠬᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠨᠳᠦᠰᠦᠨ ᠪᠠᠷᠢᠮᠵᠢᠶ᠎ᠠ ᠶᠢ ᠪᠦᠬᠦ ᠤᠯᠤᠰ ᠤᠨ ᠳᠤᠮᠳᠠᠴᠢ ᠲᠦᠪᠰᠢᠨ ᠳᠤ ᠬᠦᠷᠦᠭᠦᠯᠬᠦ | ᠪᠤᠶᠤ ᠳᠠᠪᠠᠭᠤᠯᠬᠤ ᠶᠢ ᠠᠬᠢᠭᠤᠯᠬᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠭᠰᠠᠨ ᠠᠷᠠᠳ ᠤᠨ ᠠᠮᠢᠳᠤᠷᠠᠯ ᠤᠨ ᠠᠵᠢᠯ ᠤᠨ | ᠬᠠᠲᠠᠭᠤ ᠡᠭᠦᠷᠭᠡ ᠪᠣᠯᠣᠨ᠎ᠠ᠂ ᠪᠣᠢ ᠪᠦᠬᠦᠢ ᠪᠠᠲᠤᠯᠠᠭ᠎ᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠡᠮᠬᠢᠯᠡᠵᠦ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ | ᠪᠠᠶᠢᠭ᠎ᠠ ᠶᠢ ᠨᠢ ᠳᠡᠭᠡᠭᠰᠢᠯᠡᠭᠦᠯᠵᠦ᠂ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠣᠣᠷ᠎ᠠ ᠪᠢᠰᠢ ᠳᠤ ᠨᠢ ᠲᠣᠭᠲᠠᠭᠤᠨ ᠢᠶᠠᠷ ᠠᠶᠠᠨᠳᠠᠭᠠᠨ ᠨᠡᠮᠡᠭᠳᠡᠬᠦ ᠲᠣᠭᠲᠠᠴᠠ ᠶᠢ | ᠪᠠᠶᠢᠭᠤᠯᠬᠤ ᠬᠡᠷᠡᠭᠲᠡᠢ᠃ ᠡᠨᠡ ᠵᠢᠯ ᠪᠢᠳᠡ ᠦᠷᠭᠦᠯᠵᠢᠯᠡᠨ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠳᠤᠷᠠᠳᠴᠤ᠂ ᠡᠷᠬᠡᠪᠰᠢ ᠨᠢᠭᠡ ᠶᠢ ᠬᠢᠪᠡᠯ ᠨᠢᠭᠡ ᠶᠢ | ᠪᠦᠲᠦᠭᠡᠵᠦ᠂ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠶᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ᠃ | ᠳᠤᠯᠠᠭᠠᠯᠠᠭ᠎ᠠ ᠶᠢᠨ ᠢᠨᠵᠧᠨᠧᠷᠢᠩ ᠨᠢ ᠠᠷᠠᠳ ᠤᠨ ᠠᠮᠢᠳᠤᠷᠠᠯ ᠤᠨ ᠢᠨᠵᠧᠨᠧᠷᠢᠩ ᠪᠥᠭᠡᠳ ᠪᠠᠰᠠ ᠬᠥᠭᠵᠢᠯᠲᠡ ᠶᠢᠨ ᠢᠨᠵᠧᠨᠧᠷᠢᠩ ᠪᠣᠯᠣᠨ᠎ᠠ᠃ ᠬᠤᠲᠠ ᠶᠢᠨ | ᠰᠢᠨᠡᠳᠬᠡᠯ ᠤᠨ ᠠᠵᠢᠯᠯᠠᠭᠠᠨ ᠲᠠᠢ ᠤᠶᠠᠯᠳᠤᠭᠤᠯᠤᠨ᠂ ᠬᠤᠭᠤᠯᠠᠢ ᠭᠤᠤᠷᠰᠤ ᠶᠢᠨ ᠲᠣᠣᠷ ᠢ ᠰᠢᠨᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠰᠢᠨᠡᠳᠬᠡᠬᠦ ᠶᠢ ᠨᠢᠭᠡ ᠴᠣᠭᠴᠠ ᠪᠠᠷ ᠠᠬᠢᠭᠤᠯᠤᠨ᠂ ᠪᠦᠬᠦ ᠵᠢᠯ ᠳᠤ ᠰᠢᠲᠠᠮᠠᠬᠠᠢ ᠬᠡᠢ᠂ ᠢᠯᠴᠢ ᠬᠠᠩᠭᠠᠬᠤ᠂ ᠤᠰᠤ ᠬᠠᠩᠭᠠᠵᠤ ᠭᠠᠳᠠᠭᠰᠢᠯᠠᠭᠤᠯᠬᠤ ᠬᠤᠭᠤᠯᠠᠢ | ᠭᠤᠤᠷᠰᠤ ᠶᠢᠨ ᠲᠣᠣᠷ ᠢ 1500 ᠺᠢᠯᠣᠮᠧᠲᠷ ᠥᠭᠡᠷᠡᠴᠢᠯᠡᠨ ᠰᠢᠨᠡᠳᠬᠡᠬᠦ ᠪᠠ ᠬᠠᠭᠤᠴᠢᠨ ᠰᠠᠭᠤᠭᠠᠯᠢ ᠲᠣᠭᠤᠷᠢᠭ ᠢ 1185 ᠥᠭᠡᠷᠡᠴᠢᠯᠡᠨ ᠰᠢᠨᠡᠳᠬᠡᠬᠦ ᠶᠢ | ᠪᠡᠶᠡᠯᠡᠭᠦᠯᠵᠦ᠂ ᠬᠤᠲᠠ ᠶᠢᠨ ᠳᠤᠮᠳᠠᠬᠢ ᠲᠤᠰᠬᠤᠨ᠂ ᠬᠤᠲᠠ ᠶᠢᠨ ᠵᠠᠬ᠎ᠠ ᠶᠢᠨ ᠲᠤᠰᠬᠤᠨ ᠤ ᠲᠦᠯᠡᠰᠢᠨ ᠨᠡᠭᠦᠷᠡᠰᠦ ᠶᠢ ᠲᠠᠷᠠᠬᠠᠢ ᠰᠢᠲᠠᠭᠠᠬᠤ ᠶᠢ ᠶᠡᠷᠦᠩᠬᠡᠶᠢᠯᠡᠨ | ᠵᠠᠰᠠᠬᠤ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭᠠᠨ ᠢ ᠡᠬᠢᠯᠡᠭᠦᠯᠵᠦ᠂ ᠬᠤᠲᠠ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠶᠢ ᠥᠭᠡᠷᠡᠴᠢᠯᠡᠨ | ᠰᠢᠨᠡᠳᠬᠡᠬᠦ ᠶᠢ ᠲᠦᠷᠭᠡᠳᠬᠡᠵᠦ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ᠃ | ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠃ ᠬᠥᠭᠵᠢᠯᠲᠡ ᠶᠢᠨ ᠳᠤᠮᠳᠠ ᠠᠵᠢᠯ ᠣᠯᠭᠤᠬᠤ ᠠᠰᠠᠭᠤᠳᠠᠯ ᠢ | ᠰᠢᠢᠳᠪᠦᠷᠢᠯᠡᠬᠦ ᠶᠢ ᠪᠠᠷᠢᠮᠲᠠᠯᠠᠵᠤ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠪᠠᠷ ᠬᠠᠪᠰᠤᠷᠤᠨ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠢᠯᠠᠩᠭᠤᠶ᠎ᠠ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠡᠷᠭᠡ ᠴᠢᠬᠤᠯᠠ ᠶᠡᠭᠡ ᠲᠦᠷᠦᠯ ᠵᠦᠢᠯ ᠳᠤ ᠣᠯᠠᠨ ᠲᠦᠮᠡᠨ ᠢ ᠨᠡᠩ ᠣᠯᠠᠨ ᠣᠷᠣᠯᠴᠠᠭᠤᠯᠵᠤ᠂ | ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠪᠣᠳᠠᠲᠠᠢ ᠶᠢ ᠤᠯᠠᠮ ᠢᠯᠡᠭᠦᠦ ᠡᠷᠬᠢᠮᠯᠡᠭᠰᠡᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠨᠡᠩ ᠣᠯᠠᠨ ᠣᠶᠤᠲᠠᠳ ᠢ | ᠥᠪᠥᠷ ᠮᠣᠩᠭᠤᠯ ᠳᠤ ᠢᠷᠡᠭᠦᠯᠵᠦ᠂ ᠥᠪᠥᠷ ᠮᠣᠩᠭᠤᠯ ᠳᠤ ᠦᠯᠡᠳᠡᠭᠡᠨ ᠠᠵᠢᠯ ᠣᠯᠭᠤᠵᠤ ᠦᠢᠯᠡᠰ ᠪᠣᠰᠬᠠᠯᠭᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠲᠤ | ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠶᠢᠨ ᠬᠢᠨ ᠨᠢᠭᠡ ᠪᠦᠯᠦᠭ ᠡᠳᠦᠷ ᠤᠨ ᠬᠦᠴᠦ ᠶᠠᠪᠤᠭᠰᠠᠳ ᠤᠨ ᠵᠠᠬ᠎ᠠ | ᠳᠡᠯᠭᠡᠭᠦᠷ᠂ ᠡᠳᠦᠷ ᠤᠨ ᠬᠦᠴᠦ ᠶᠠᠪᠤᠭᠰᠠᠳ ᠤᠨ ᠥᠷᠲᠡᠭᠡ ᠶᠢ ᠲᠦᠷᠭᠡᠳᠬᠡᠨ ᠪᠠᠶᠢᠭᠤᠯᠵᠤ᠂ ᠣᠯᠠᠨ ᠲᠦᠮᠡᠨ ᠤ ᠠᠵᠢᠯ ᠣᠯᠬᠤ ᠳᠤ ᠳᠦᠭᠦᠮ ᠦᠵᠡᠭᠦᠯᠬᠦ ᠬᠡᠷᠡᠭᠲᠡᠢ | ᠃ | ᠰᠤᠷᠭᠠᠨ ᠬᠥᠮᠦᠵᠢᠯ ᠨᠢ ᠦᠢ ᠲᠦᠮᠡᠨ ᠠᠶᠢᠯ ᠡᠷᠦᠬᠡ ᠳᠤ ᠬᠤᠯᠪᠣᠭᠳᠠᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠨᠢ ᠲᠦᠭᠡᠮᠡᠯ | ᠬᠠᠷᠠᠭᠠᠯᠵᠠᠯᠲᠤ ᠬᠥᠭᠵᠢᠯᠲᠡ ᠶᠢ ᠳᠣᠪᠦ᠋ᠢᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠵᠢᠭᠤᠨ ᠪᠥᠭᠡᠳ ᠲᠡᠩᠴᠡᠭᠦᠷᠢᠲᠡᠢ ᠬᠥᠭᠵᠢᠭᠦᠯᠵᠦ᠂ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠣᠯᠠᠨ ᠶᠠᠩᠵᠤᠴᠢᠯᠠᠨ᠂ ᠣᠨᠴᠠᠯᠢᠬᠵᠢᠭᠤᠯᠤᠨ ᠬᠥᠭᠵᠢᠭᠦᠯᠵᠦ᠂ 126 ᠬᠡᠦᠬᠡᠳ ᠤᠨ ᠴᠡᠴᠡᠷᠯᠢᠭ᠂ 578 | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠥᠭᠡᠷᠡᠴᠢᠯᠡᠨ ᠰᠠᠶᠢᠵᠢᠷᠠᠭᠤᠯᠵᠤ᠂ ᠰᠢᠶᠠᠩ ᠪᠠᠯᠭᠠᠰᠤ ᠪᠦᠷᠢ ᠠᠳᠠᠭ ᠲᠤ ᠪᠠᠨ ᠨᠢᠭᠡ | ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ ᠰᠠᠶᠢᠲᠤᠷ ᠡᠷᠬᠢᠯᠡᠵᠦ᠂ ᠬᠤᠰᠢᠭᠤ ᠰᠢᠶᠠᠨ ᠪᠦᠷᠢ ᠠᠳᠠᠭ ᠲᠤ ᠪᠠᠨ ᠨᠢᠭᠡ ᠴᠢᠨᠠᠷᠯᠢᠭ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢ ᠰᠠᠶᠢᠲᠤᠷ ᠡᠷᠬᠢᠯᠡᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠡᠷᠡᠯᠬᠡᠭ ᠵᠣᠷᠢᠭ ᠠᠤᠭ᠎ᠠ ᠬᠦᠰᠡᠯ ᠢ ᠡᠪᠦᠷᠯᠡᠨ᠂ ᠲᠡᠷᠢᠭᠦᠨ ᠳᠡᠰ ᠤᠨ | ᠪᠠᠷᠢᠮᠵᠢᠶ᠎ᠠ ᠪᠠᠷ ᠬᠠᠷᠠᠯᠲᠠ ᠪᠠᠨ ᠪᠣᠯᠭᠠᠵᠤ᠂ ᠲᠡᠷᠢᠭᠦᠨ ᠳᠡᠰ ᠤᠨ ᠲᠤᠰᠬᠠᠢ ᠮᠡᠷᠭᠡᠵᠢᠯ᠂ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠴᠣᠭᠴᠠᠯᠠᠨ᠂ | ᠬᠤᠪᠣᠷ ᠰᠢᠷᠣᠢ᠂ ᠰᠦ ᠰᠠᠭᠠᠯᠢ ᠶᠢᠨ ᠦᠢᠯᠡᠰ᠂ ᠡᠨᠧᠷᠬᠢ᠂ ᠲᠡᠷᠢᠭᠦᠨ ᠤ ᠦᠢᠯᠡᠳᠬᠦ ᠠᠵᠢᠯ ᠤᠨ ᠲᠣᠭᠤᠷᠢᠨ ᠳᠤ ᠰᠤᠷᠭᠠᠨ ᠬᠥᠮᠦᠵᠢᠯ ᠤᠨ ᠶᠠᠮᠤᠨ ᠯᠤᠭ᠎ᠠ ᠳᠡᠭᠡᠳᠦ | ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠠᠶᠢᠭᠤᠯᠵᠤ᠂ ᠠᠮᠢᠳᠤ ᠪᠣᠳᠠᠰ᠂ ᠠᠮᠢ ᠠᠬᠤᠢ᠂ ᠡᠪᠡᠰᠦᠨ ᠤ ᠤᠬᠠᠭᠠᠨ᠂ ᠲᠡᠮᠦᠷᠯᠢᠭ ᠬᠠᠶᠢᠯᠤᠭᠤᠯᠬᠤ | ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠣᠨᠴᠠᠯᠢᠭᠲᠤ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠰᠠᠶᠢᠲᠤᠷ ᠪᠠᠶᠢᠭᠤᠯᠵᠤ᠂ ᠣᠳᠣ ᠦᠶ᠎ᠡ ᠶᠢᠨ ᠠᠵᠤ ᠦᠢᠯᠡᠰ ᠤᠨ | ᠳᠡᠭᠡᠳᠦ ᠰᠤᠷᠭᠠᠭᠤᠯᠢ ᠶᠢ 23᠂ ᠲᠤᠰᠬᠠᠢ ᠮᠡᠷᠭᠡᠵᠢᠯ ᠤᠨ ᠣᠨᠴᠠᠯᠢᠭᠲᠤ ᠳᠡᠭᠡᠳᠦ ᠰᠤᠷᠭᠠᠭᠤᠯᠢ ᠶᠢ 6᠂ ᠢᠷᠡᠭᠡᠳᠦᠢ ᠶᠢᠨ ᠮᠡᠷᠭᠡᠵᠢᠯ ᠤᠨ ᠳᠡᠭᠡᠳᠦ ᠰᠤᠷᠭᠠᠭᠤᠯᠢ ᠶᠢ | 2 ᠰᠠᠶᠢᠲᠤᠷ ᠴᠣᠭᠴᠠᠯᠠᠨ᠂ ᠪᠦᠬᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠲᠤᠰᠬᠠᠢ ᠮᠡᠷᠭᠡᠵᠢᠯ ᠤᠨ ᠤᠷ᠎ᠠ ᠮᠡᠷᠭᠡᠰᠢᠯ ᠲᠠᠢ ᠴᠢᠳᠠᠪᠤᠷᠢᠲᠠᠨ ᠢ ᠨᠡᠩ ᠣᠯᠠᠨ | ᠴᠢᠷᠮᠠᠶᠢᠨ ᠬᠥᠮᠥᠵᠢᠭᠦᠯᠬᠦ ᠬᠡᠷᠡᠭᠲᠡᠢ᠃ ᠥᠪᠥᠷ ᠮᠣᠩᠭᠤᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ | ᠂ ᠬᠥᠯᠥᠨ ᠪᠦᠢᠷ ᠤᠨ ᠮᠥᠰᠥ ᠴᠠᠰᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠥᠭᠵᠢᠭᠦᠯᠬᠦ ᠶᠢ ᠨᠢ ᠳᠡᠮᠵᠢᠵᠦ᠂ ᠪᠦᠬᠦ ᠣᠷᠣᠨ ᠤ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ︽ᠤᠷᠠᠨ ᠳᠠᠷᠬᠠᠨ ᠤ ᠠᠩᠭᠢ︾᠂ ︽ᠵᠠᠬᠢᠶᠠᠯᠠᠭ᠎ᠠ ᠶᠢᠨ ᠮᠠᠶ᠋ᠢᠭ ᠤᠨ ᠠᠩᠭᠢ︾ ᠳᠤ ᠬᠥᠮᠥᠵᠢᠭᠦᠯᠵᠦ ᠪᠠᠶᠢᠭ᠎ᠠ ᠰᠤᠷᠤᠭᠴᠢ ᠶᠢ 3 | ᠲᠦᠮᠡ ᠠᠴᠠ ᠳᠡᠭᠡᠭᠰᠢ ᠳᠤ ᠬᠦᠷᠭᠡᠵᠦ᠂ ᠦᠢᠯᠡᠳᠪᠦᠷᠢᠯᠡᠬᠦ ᠵᠢᠭᠠᠨ ᠰᠤᠷᠭᠠᠬᠤ ᠶᠢ ᠠᠭᠤᠰᠤᠯᠴᠠᠭᠤᠯᠤᠭᠰᠠᠨ ᠬᠡᠯᠪᠡᠷᠢ ᠶᠢᠨ ᠠᠵᠤ ᠠᠬᠤᠶᠢᠯᠠᠯ ᠢ 50 ᠪᠤᠶᠢᠵᠢᠭᠤᠯᠤᠨ᠎ᠠ | ᠃ ᠶᠡᠭᠡ ᠰᠤᠷᠭᠠᠭᠤᠯᠢ ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠶᠢ | ᠦᠷᠭᠦᠯᠵᠢᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠬᠥᠯ | ᠪᠥᠮᠪᠦᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠵᠡᠷᠭᠡ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠤᠷᠤᠭᠴᠢᠳ ᠤᠨ ᠮᠣᠷᠠᠯ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠦᠳᠡᠯᠮᠦᠷᠢ ᠪᠦᠬᠦ | ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠰᠠᠶᠢᠨ ᠵᠠᠬᠢᠷᠤᠯ᠂ ᠰᠠᠶᠢᠨ ᠪᠠᠭᠰᠢ ᠪᠣᠯ ᠵᠠᠩᠭᠢᠯᠠᠭ᠎ᠠ ᠶᠤᠮ᠂ ᠨᠡᠷᠡᠲᠦ | ᠪᠠᠭᠰᠢ ᠨᠡᠷᠡᠲᠦ ᠵᠠᠬᠢᠷᠤᠯ ᠢ ᠬᠥᠮᠥᠵᠢᠭᠦᠯᠬᠦ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ ᠬᠥᠮᠦᠵᠢᠯ ᠢ | ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠪᠠᠷ ᠠᠵᠠ ᠳᠣᠬᠢᠶᠠᠯ ᠪᠣᠯᠭᠠᠨ᠂ ᠨᠡᠩ ᠣᠯᠠᠨ ᠪᠡᠭᠡᠵᠢᠩ ᠤᠨ ᠪᠠᠭᠰᠢ ᠶᠢ ᠥᠪᠥᠷ ᠮᠣᠩᠭᠤᠯ ᠳᠤ ᠲᠠᠲᠠᠨ ᠢᠷᠡᠭᠦᠯᠵᠦ᠂ | ᠣᠨᠴᠠᠭᠠᠢ ᠠᠷᠭ᠎ᠠ ᠬᠡᠮᠵᠢᠶ᠎ᠡ ᠠᠪᠴᠤ ᠪᠠᠶᠢᠭᠠᠳ ᠪᠦᠬᠦ ᠤᠯᠤᠰ ᠲᠤ ᠬᠠᠨᠳᠤᠭᠤᠯᠤᠨ ᠨᠡᠩ ᠣᠯᠠᠨ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ᠂ ᠥᠪᠥᠷ | ᠮᠣᠩᠭᠤᠯ ᠤᠨ ᠢᠶᠠᠨ ᠬᠡᠦᠬᠡᠳ ᠤᠳ ᠲᠤ ᠪᠠᠨ ᠨᠡᠩ ᠰᠠᠶᠢᠨ ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠢ᠃ | ᠨᠡᠩ ᠥᠨᠳᠥᠷ ᠲᠦᠪᠰᠢᠨ ᠪᠦᠬᠦᠢ ᠡᠮᠴᠢᠯᠡᠭᠡᠨ ᠤ ᠦᠢᠯᠡᠴᠢᠯᠡᠭᠡ ᠬᠦᠷᠲᠡᠬᠦ ᠨᠢ ᠣᠯᠠᠨ ᠲᠦᠮᠡᠨ ᠤ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠣᠨ᠎ᠠ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠠ ᠴᠢᠨᠠᠷ ᠰᠠᠶᠢᠲᠠᠢ ᠬᠥᠭᠵᠢᠯᠲᠡ ᠶᠢ ᠥᠷᠭᠦᠯᠵᠢᠯᠡᠨ ᠭᠦᠨᠵᠡᠭᠡᠶᠢᠷᠡᠭᠦᠯᠵᠦ᠂ ᠪᠡᠭᠡᠵᠢᠩ | ᠥᠪᠥᠷ ᠮᠣᠩᠭᠤᠯ ᠤᠨ ᠬᠠᠮᠵᠢᠯᠴᠠᠭᠠᠨ ᠤ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠥᠪᠥᠷ ᠮᠣᠩᠭᠤᠯ | ᠯᠢᠶᠣᠤᠨᠢᠩ᠂ ᠥᠪᠥᠷ ᠮᠣᠩᠭᠤᠯ ᠱᠠᠩᠬᠠᠢ ᠶᠢᠨ ᠡᠮᠴᠢᠯᠡᠭᠡᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 4᠂ | ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠰᠬᠠᠢ ᠰᠠᠯᠠᠭᠠᠨ ᠤ ᠣᠷᠣᠨ ᠪᠦᠰᠡ ᠶᠢᠨ ᠡᠮᠴᠢᠯᠡᠭᠡᠨ ᠤ ᠲᠥᠪ ᠢ 20 ᠰᠠᠶᠢᠲᠤᠷ ᠪᠠᠶᠢᠭᠤᠯᠵᠤ᠂ ᠪᠤᠭᠤᠲᠤ | ᠤᠯᠠᠭᠠᠨᠬᠠᠳᠠ ᠦᠬᠠᠢ ᠭᠤᠷᠪᠠ ᠶᠢᠨ ᠤᠯᠤᠰ ᠤᠨ ᠳᠡᠰ ᠤᠨ ᠨᠢᠭᠲᠠ ᠬᠡᠯᠪᠡᠷᠢ ᠪᠦᠬᠦᠢ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠢ | ᠲᠦᠷᠭᠡᠳᠬᠡᠨ ᠪᠠᠶᠢᠭᠤᠯᠵᠤ᠂ ᠣᠯᠠᠨ ᠳᠡᠰ ᠳᠠᠪᠬᠤᠷᠭᠠᠲᠤ ᠡᠮᠴᠢᠯᠡᠭᠡᠨ ᠤ ᠬᠤᠯᠪᠣᠭᠠᠲᠤ ᠴᠣᠭᠴᠠ ᠪᠠ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠨᠢ ᠥᠷᠭᠡᠳᠬᠡᠬᠦ ᠶᠢ | ᠠᠬᠢᠭᠤᠯᠤᠨ᠂ ᠬᠢᠲᠠᠳ ︵ᠮᠣᠩᠭᠤᠯ︶ ᠡᠮᠨᠡᠯᠭᠡ ᠶᠢᠨ ᠡᠮᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠪᠢᠯᠠᠬᠤ ᠦᠢᠯᠡᠴᠢᠯᠡᠭᠡᠨ ᠤ | ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠡᠯ᠎ᠡ ᠭᠠᠵᠠᠷ ᠤᠨ ᠣᠨᠴᠠ ᠬᠡᠷᠡᠭᠴᠡᠭᠡᠨ ᠤ ᠡᠭᠦᠳᠡᠨ ᠡᠮᠨᠡᠯᠭᠡ᠂ ᠣᠨᠴᠠ ᠬᠡᠷᠡᠭᠴᠡᠭᠡᠨ ᠤ ᠡᠪᠡᠳᠴᠢᠲᠡᠨ ᠤ | ᠥᠷᠥᠭᠡ ᠶᠢ ᠨᠡᠭᠡᠭᠡᠨ ᠲᠣᠬᠢᠷᠠᠭᠤᠯᠬᠤ ᠶᠢ ᠳᠡᠮᠵᠢᠵᠦ᠂ ᠰᠠᠶᠢᠨ ᠡᠮᠨᠡᠯᠭᠡ ᠶᠢᠨ ᠬᠤᠷᠢᠶᠠᠨ ᠳᠠᠷᠤᠭ᠎ᠠ ᠶᠢ ᠰᠣᠩᠭᠤᠨ ᠲᠣᠮᠢᠯᠠᠵᠤ᠂ ᠰᠢᠯᠢᠳᠡᠭ ᠡᠮᠴᠢ ᠶᠢ ᠬᠥᠮᠥᠵᠢᠭᠦᠯᠵᠦ᠂ | ᠣᠯᠠᠨ ᠲᠦᠮᠡᠨ ᠳᠤ ᠭᠡᠷ ᠤᠨ ᠬᠠᠶᠠᠭᠠᠨ ᠳᠤ ᠨᠢ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢ ᠬᠦᠷᠲᠡᠭᠡᠨ᠎ᠡ᠃ | ︽ᠨᠠᠰᠤᠲᠠᠶᠢᠴᠤᠳ ᠪᠠ ᠨᠢᠯᠬᠠᠰ︾ ᠲᠤ ᠨᠡᠩ ᠣᠯᠠᠨ ᠬᠠᠶᠢᠷ᠎ᠠ ᠬᠠᠯᠠᠮᠵᠢ ᠬᠦᠷᠲᠡᠭᠡᠨ᠎ᠡ᠃ ᠭᠡᠷ ᠲᠤ ᠪᠠᠨ ᠠᠰᠠᠷᠠᠭᠤᠯᠬᠤ ᠳᠤ ᠵᠣᠷᠢᠭᠤᠯᠤᠭᠰᠠᠨ ᠨᠡᠶᠢᠭᠡᠮ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠨᠠᠷ ᠢ ᠳᠡᠭᠡᠭᠰᠢᠯᠡᠭᠦᠯᠬᠦ᠂ ᠪᠠᠶᠢᠭᠤᠯᠤᠮᠵᠢ ᠶᠢᠨ ᠨᠠᠰᠤᠵᠢᠯ ᠤᠨ ᠦᠢᠯᠡᠴᠢᠯᠡᠭᠡᠨ ᠤ ᠳᠡᠰ ᠢ ᠳᠡᠪᠰᠢᠭᠦᠯᠬᠦ᠂ | ᠲᠠᠷᠢᠶᠠᠯᠠᠬᠤ ᠮᠠᠯᠵᠢᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ᠂ ᠨᠠᠰᠤᠵᠢᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ | ᠪᠠᠲᠤᠯᠠᠭ᠎ᠠ ᠶᠢᠨ ᠰᠠᠭᠤᠷᠢ ᠶᠢ ᠪᠠᠲᠤᠳᠬᠠᠬᠤ 4 ᠵᠦᠢᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ | ᠨᠠᠰᠤᠵᠢᠯ ᠤᠨ ᠦᠢᠯᠡᠴᠢᠯᠡᠭᠡᠨ ᠤ ᠲᠥᠪ ᠢ 170᠂ ᠲᠤᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 1500 ᠡᠬᠢᠯᠡᠭᠦᠯᠦᠨ ᠪᠠᠶᠢᠭᠤᠯᠵᠤ᠂ | 1.3 ᠲᠦᠮᠡᠨ ᠡᠷᠦᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ | ᠪᠡᠶᠡᠯᠡᠭᠦᠯᠦᠨ᠎ᠡ᠃ ᠦᠷᠡᠵᠢᠯ ᠢ ᠳᠡᠮᠵᠢᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠡᠦᠬᠡᠳ ᠰᠠᠭᠠᠲᠠᠭᠤᠯᠵᠤ ᠠᠰᠠᠷᠠᠬᠤ ᠲᠦᠭᠡᠮᠡᠯ | ᠬᠠᠷᠠᠭᠠᠯᠵᠠᠯᠲᠤ ᠦᠢᠯᠡᠴᠢᠯᠡᠭᠡ ᠶᠢᠨ ᠲᠣᠭᠲᠠᠯᠴᠠᠭᠠᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 1. | 5 ᠲᠦᠮᠡ ᠰᠢᠨ᠎ᠡ ᠪᠠᠷ ᠨᠡᠮᠡᠭᠳᠡᠭᠦᠯᠦᠨ᠎ᠡ᠃ | ᠠᠵᠤ ᠲᠦᠷᠦᠵᠦ ᠠᠮᠢᠳᠤᠷᠠᠬᠤ ᠳᠤ ᠲᠣᠬᠢᠷᠠᠮᠵᠢᠲᠠᠢ ᠡᠶ᠎ᠡ ᠨᠠᠶᠢᠷᠲᠠᠢ ᠭᠤᠶᠣ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠤᠨ᠎ᠠ᠃ ︽ᠮᠢᠩᠭ᠎ᠠ | ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠬᠥᠳᠡᠭᠡ ᠲᠤᠰᠬᠤᠨ ᠤ ᠠᠵᠤ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ᠂ ᠬᠥᠳᠡᠭᠡ ᠲᠤᠰᠬᠤᠨ ᠤ ᠪᠦᠲᠦᠭᠡᠨ | ᠪᠠᠶᠢᠭᠤᠯᠤᠯᠲᠠ ᠶᠢᠨ ᠬᠢᠷᠢ ᠲᠦᠪᠰᠢᠨ᠂ ᠬᠥᠳᠡᠭᠡ ᠲᠤᠰᠬᠤᠨ ᠤ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠲᠠᠷᠢᠶᠠᠴᠢᠨ ᠮᠠᠯᠴᠢᠳ ᠢ ᠲᠤᠬᠠᠢ ᠶᠢᠨ | ᠭᠠᠵᠠᠷ ᠲᠤ ᠨᠢ ᠣᠳᠣ ᠦᠶ᠎ᠡ ᠶᠢᠨ ᠪᠣᠯᠪᠠᠰᠤᠨ ᠠᠮᠢᠳᠤᠷᠠᠯ ᠲᠠᠢ ᠪᠣᠯᠭᠠᠨ᠎ᠠ᠃ ᠪᠤᠶᠢᠲᠠ ᠪᠥᠭᠯᠡᠭᠦᠦ ᠪᠠᠶᠢᠭ᠎ᠠ 2022 ᠲᠠᠷᠢᠶᠠᠯᠠᠬᠤ ᠮᠠᠯᠵᠢᠬᠤ ᠡᠷᠦᠬᠡ ᠳᠤ ᠴᠠᠬᠢᠯᠭᠠᠨ | ᠲᠣᠣᠷ ᠢ ᠨᠢ ᠤᠷᠲᠤᠳᠬᠠᠵᠤ ᠴᠠᠬᠢᠯᠭᠠᠨ ᠨᠡᠪᠲᠡᠷᠡᠭᠦᠯᠬᠦ ᠢᠨᠵᠧᠨᠧᠷᠢᠩ ᠪᠠ ᠪᠤᠶᠢᠲᠠ ᠪᠥᠭᠯᠡᠭᠦᠦ ᠪᠠᠶᠢᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ᠂ ᠬᠢᠯᠢ ᠶᠢᠨ | ᠰᠡᠷᠭᠡᠶᠢᠯᠡᠯᠲᠡ ᠶᠢᠨ 40 ᠬᠠᠷᠠᠭᠤᠯ ᠤᠨ ᠭᠠᠵᠠᠷ ᠲᠤ ᠰᠢᠨ᠎ᠡ ᠡᠨᠧᠷᠬᠢ ᠪᠠᠷ ᠴᠠᠬᠢᠯᠭᠠᠨ ᠨᠡᠪᠲᠡᠷᠡᠭᠦᠯᠬᠦ ᠲᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠵᠦ᠂ ᠪᠦᠬᠦ | ᠣᠷᠣᠨ ᠤ ᠵᠠᠰᠠᠭ ᠵᠠᠬᠢᠷᠭᠠᠨ ᠤ ᠲᠤᠰᠬᠤᠨ ᠳᠤ ᠴᠠᠬᠢᠯᠭᠠᠨ ᠨᠡᠪᠲᠡᠷᠡᠭᠦᠯᠬᠦ ᠶᠢᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠥᠮᠥᠨ ᠠᠮᠠ ᠬᠠᠷᠢᠴᠠᠩᠭᠤᠢ | ᠲᠥᠪᠯᠡᠷᠡᠭᠰᠡᠨ ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠬᠤᠭ ᠨᠣᠪᠰᠢ ᠪᠠ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠠᠬᠢᠭᠤᠯᠤᠨ᠂ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭᠠᠨ ᠤ ᠬᠠᠮᠤᠷᠬᠤ ᠬᠡᠪᠴᠢᠶ᠎ᠡ ᠶᠢ 80% ᠠᠴᠠ ᠳᠠᠪᠠᠭᠤᠯᠵᠤ᠂ | ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠬᠦ ᠪᠡᠯᠡᠳᠬᠡᠮᠵᠢ ᠶᠢ ᠪᠦᠷᠢᠳᠦᠭᠦᠯᠦᠭᠰᠡᠨ ᠪᠠᠶᠢᠭᠤᠯᠤᠮᠵᠢᠲᠤ ᠪᠠᠯᠭᠠᠰᠤ ᠶᠢ 50% ᠠᠴᠠ ᠳᠠᠪᠠᠭᠤᠯᠬᠤ ᠪᠠᠷ ᠴᠢᠷᠮᠠᠶᠢᠨ᠎ᠠ᠃ | | ︵ᠠᠷᠪᠠ︶ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠶᠢ ᠡᠷᠡᠰ ᠰᠠᠶᠢᠲᠤᠷ ᠰᠠᠬᠢᠵᠤ᠂ ᠨᠡᠶᠢᠰᠯᠡᠯ ᠤᠨ ︽ᠬᠤᠲᠠ ᠬᠠᠮᠠᠭᠠᠯᠠᠬᠤ ᠭᠤᠣᠯ︾ ᠪᠣᠯᠬᠤ | ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ᠃ ᠡᠯ᠎ᠡ ᠲᠥᠷᠥᠯ ᠤᠨ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠥᠨᠳᠥᠷ | ᠲᠦᠪᠰᠢᠨ ᠪᠦᠬᠦᠢ ᠤᠮᠠᠷᠠᠲᠤ ᠬᠢᠯᠢ ᠶᠢᠨ ᠠᠮᠤᠷ ᠲᠦᠪᠰᠢᠨ ᠤ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ᠂ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠪᠠᠷ ᠡᠷᠭᠢᠯᠲᠡ ᠭᠠᠷᠭᠠᠬᠤ | ᠠᠵᠢᠯᠯᠠᠭ᠎ᠠ ᠶᠢ ᠰᠠᠶᠢᠲᠤᠷ ᠬᠢᠨ᠎ᠡ᠃ ᠠᠶᠤᠯ ᠦᠭᠡᠢ ᠦᠢᠯᠡᠳᠪᠦᠷᠢᠯᠡᠯ ᠢ ᠦᠨᠳᠦᠰᠦᠨ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ | ᠡᠬᠢᠯᠡᠭᠦᠯᠦᠨ ᠬᠡᠷᠡᠭᠵᠢᠭᠦᠯᠵᠦ᠂ ᠡᠬᠢᠨ ᠠᠴᠠ ᠨᠢ ᠭᠠᠷᠳᠠᠨ ᠠᠵᠢᠯᠯᠠᠵᠤ᠂ ᠨᠢᠭᠡᠳᠦᠭᠡᠷ ᠹᠷᠣᠨᠲ ᠢ ᠴᠢᠩᠭ᠎ᠠ ᠠᠳᠬᠤᠵᠤ ᠪᠣᠳᠠᠲᠠᠢ ᠠᠳᠬᠤᠨ᠂ ᠭᠤᠣᠯᠳᠠᠯᠭ᠎ᠠ ᠲᠠᠢ | ᠬᠦᠷᠢᠶ᠎ᠡ ᠪᠠ ᠭᠤᠭᠴᠤᠭ᠎ᠠ ᠶᠢ ᠳᠣᠪᠦ᠋ᠢᠯᠭᠠᠵᠤ᠂ ᠡᠯ᠎ᠡ ᠵᠦᠢᠯ ᠤᠨ ᠳᠦᠷᠢᠮ ᠪᠠ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠬᠦᠨᠳᠦ | ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠡᠮᠵᠢᠯᠡᠨ ᠰᠡᠷᠭᠡᠶᠢᠯᠡᠨ᠎ᠡ᠃ ᠠᠶᠤᠯ ᠦᠭᠡᠢ ᠦᠢᠯᠡᠳᠪᠦᠷᠢᠯᠡᠯ ᠳᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠲᠤᠯᠭᠠᠭᠤᠷᠢᠯᠠᠬᠤ ᠪᠠᠲᠤᠯᠠᠭᠠᠨ ᠤ ᠴᠢᠳᠠᠪᠤᠷᠢ ᠶᠢ ᠳᠡᠭᠡᠭᠰᠢᠯᠡᠭᠦᠯᠦᠨ᠂ ︽ᠵᠣᠬᠢᠶᠠᠮᠠᠯ ᠤᠶᠤᠨ +︾ ᠠᠵᠢᠯᠯᠠᠭᠠᠨ ᠢ ᠥᠷᠨᠢᠭᠦᠯᠵᠦ᠂ ᠠᠭᠤᠷᠬᠠᠢ᠂ | ᠠᠶᠤᠯᠲᠠᠢ ᠬᠢᠮᠢ ᠶᠢᠨ ᠪᠣᠳᠠᠰ ᠪᠠ ᠲᠡᠮᠦᠷᠯᠢᠭ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠮᠧᠬᠠᠨᠢᠭᠵᠢᠯᠲᠠ ᠪᠠᠷ ᠬᠥᠮᠥᠨ ᠢ | ᠰᠣᠯᠢᠬᠤ᠂ ᠠᠦ᠋ᠲ᠋ᠣᠴᠢᠯᠠᠯᠲᠠ ᠪᠠᠷ ᠬᠥᠮᠥᠨ ᠢ ᠴᠥᠭᠡᠳᠬᠡᠬᠦ᠂ ᠣᠶᠤᠨᠴᠢᠯᠠᠯᠲᠠ ᠪᠠᠷ ᠬᠥᠮᠥᠨ ᠢ ᠣᠷᠣᠯᠠᠭᠤᠯᠬᠤ ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠡᠳ᠋ ᠪᠠᠷᠠᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠪᠦᠬᠦ ᠬᠦᠴᠦᠨ ᠵᠦᠢᠯ ᠪᠦᠬᠦ | ᠴᠤᠪᠤᠷᠠᠯ ᠳᠤ ᠪᠣᠳᠠᠲᠤ ᠰᠣᠷᠢᠯᠲᠠ ᠶᠢ ᠥᠷᠨᠢᠭᠦᠯᠦᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠢ ᠡᠰᠡᠷᠭᠦᠴᠡᠬᠦ ᠭᠠᠮᠰᠢᠭ ᠠᠴᠠ ᠠᠪᠤᠷᠠᠬᠤ | ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠎ᠡ᠃ | ᠠᠵᠤ ᠠᠬᠤᠢ ᠮᠥᠩᠭᠦᠨ ᠭᠦᠢᠯᠭᠡᠭᠡᠨ ᠤ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ᠎ᠠ᠃ ︽ᠦᠯᠡᠳᠡᠭᠳᠡᠯ ᠢ ᠪᠠᠭᠠᠰᠬᠠᠵᠤ ᠨᠡᠮᠡᠭᠳᠡᠯ ᠢ ᠡᠷᠡᠰ | ᠬᠤᠷᠢᠭᠯᠠᠬᠤ︾ ᠶᠢ ᠪᠠᠷᠢᠮᠲᠠᠯᠠᠨ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠬᠦ ᠬᠦᠴᠦᠨ ᠢᠶᠠᠷ ᠢᠶᠠᠨ ᠠᠷᠢᠯᠭᠠᠵᠤ᠂ ︽1 + 8︾ ᠥᠷᠢ ᠥᠭᠴᠡᠭᠡ ᠶᠢ | ᠠᠷᠢᠯᠭᠠᠬᠤ ᠲᠥᠰᠥᠯ ᠢ ᠨᠠᠶᠢᠳᠠᠪᠤᠷᠢᠵᠢᠭᠤᠯᠵᠤ᠂ ᠨᠢᠭᠡ ᠪᠦᠯᠦᠭ ᠲᠤ ᠨᠢ ᠳᠠᠮ ᠬᠦᠦ ᠮᠥᠩᠭᠦ ᠥᠭᠬᠦ᠂ ᠨᠢᠭᠡ ᠪᠦᠯᠦᠭ ᠢ ᠨᠢ ᠬᠠᠰᠤᠬᠤ᠂ ᠨᠢᠭᠡ ᠪᠦᠯᠦᠭ ᠢ ᠨᠢ | ᠤᠯᠠᠪᠤᠷ ᠥᠩᠭᠡ ᠶᠢᠨ ᠳᠡᠰ ᠠᠴᠠ ᠭᠠᠷᠭᠠᠬᠤ᠂ ᠨᠢᠭᠡ ᠪᠦᠯᠦᠭ ᠤᠨ ᠬᠢᠨᠢ ᠬᠦᠴᠢᠷᠳᠡᠯ ᠢ ᠲᠠᠶᠢᠯᠬᠤ ᠠᠷᠭ᠎ᠠ ᠬᠡᠮᠵᠢᠶ᠎ᠡ ᠠᠪᠴᠤ᠂ ᠦᠨᠳᠦᠰᠦᠨ ᠱᠠᠲᠤᠨ ᠤ ᠥᠷᠢ | ᠥᠭᠴᠡᠭᠡ ᠪᠠᠨ ᠠᠷᠢᠯᠭᠠᠬᠤ ᠶᠢ ᠦᠷᠭᠦᠯᠵᠢᠯᠡᠨ ᠳᠡᠮᠵᠢᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠠᠬᠢᠭᠤᠯᠵᠤ᠂ 2.5 ᠲᠦᠮᠡᠨ ᠢᠵᠢ ᠠᠰᠠᠷ ᠢ ᠴᠠᠭ ᠲᠤ ᠪᠠᠨ ᠪᠠᠲᠤᠯᠠᠨ ᠲᠤᠰᠢᠶᠠᠬᠤ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ | ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠤᠴᠠᠭᠠᠯ ᠦᠭᠡᠢ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠰᠢᠪᠲᠤᠯᠤᠯᠲᠠ ᠶᠢᠨ | ᠳᠠᠶᠢᠯᠠᠯᠳᠤᠭᠠᠨ᠂ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ ᠰᠥᠨᠥᠭᠡᠯᠲᠡ ᠶᠢᠨ ᠳᠠᠶᠢᠯᠠᠯᠳᠤᠭᠠᠨ᠂ ᠵᠠᠬ᠎ᠠ ᠶᠢᠨ ᠲᠦᠭᠰᠢᠭᠦᠷᠢ ᠶᠡᠬᠡᠲᠡᠢ ᠪᠠᠶᠢᠭᠤᠯᠤᠮᠵᠢ ᠶᠢᠨ | ᠬᠤᠷᠢᠭᠯᠠᠯᠲᠠ ᠶᠢᠨ ᠳᠠᠶᠢᠯᠠᠯᠳᠤᠭᠠᠨ ᠢ ᠭᠦᠨᠵᠡᠭᠡᠢ ᠥᠷᠨᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ︽ᠥᠷᠭᠡᠰᠦ ᠰᠢᠪᠦᠭᠡ ᠲᠠᠢ︾ ᠴᠢᠩᠭ᠎ᠠ | ᠬᠡᠷᠡᠭᠵᠢᠭᠦᠯᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠡᠭᠦᠰᠬᠡᠬᠦ ᠶᠢ ᠦᠨᠡᠨ ᠬᠦ ᠪᠠᠲᠤᠯᠠᠨ᠎ᠠ᠃ | ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠦᠰᠢᠨ ᠬᠤᠰᠢᠭᠤᠨ ᠤ ︽ᠭᠤᠷᠪᠠᠨ | ᠲᠦᠷᠦᠯ ᠬᠤᠪᠢᠶᠠᠵᠤ ᠡᠶᠡᠳᠡᠭᠦᠯᠦᠨ ᠰᠢᠢᠳᠪᠦᠷᠢᠯᠡᠬᠦ ᠠᠷᠭ᠎ᠠ︾ ᠶᠢ ᠳ᠋ᠦᠩᠨᠡᠨ ᠳᠡᠯᠭᠡᠷᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ | ᠡᠶᠡᠳᠡᠭᠦᠯᠦᠨ ᠰᠢᠢᠳᠪᠦᠷᠢᠯᠡᠵᠦ᠂ ᠴᠣᠬᠤᠢᠢᠮᠠᠭᠴᠠ ᠠᠷᠢᠯᠭᠠᠬᠤ ᠪᠠᠷ ᠴᠢᠷᠮᠠᠶᠢᠨ᠎ᠠ᠃ ᠠᠮᠤᠷ ᠠᠮᠤᠭᠤᠯᠠᠩ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠵᠦ᠂ ︽ᠲᠣᠮᠣ ᠳ᠋ᠠᠶᠢᠲ᠋ᠠ + ᠲᠣᠣᠷᠯᠢᠬᠵᠢᠯ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠪᠦᠷᠢᠨᠰᠢᠭᠦᠯᠦᠨ᠂ ᠬᠢᠯᠢ ᠬᠢᠵᠠᠭᠠᠷ ᠤᠨ | ᠭᠠᠵᠠᠷ ᠣᠷᠣᠨ ᠤ ︽ᠬᠥᠨᠳᠡᠶᠢᠷᠡᠬᠦ︾ ᠠᠰᠠᠭᠤᠳᠠᠯ ᠢ ᠰᠢᠢᠳᠪᠦᠷᠢᠯᠡᠵᠦ᠂ ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ | ᠪᠠᠬᠢᠯᠡᠵᠦ᠂ ᠴᠠᠬᠢᠯᠭᠠᠨ ᠬᠤᠯᠪᠣᠭᠠᠨ ᠤ ᠰᠦᠯᠵᠢᠶ᠎ᠡ ᠪᠠᠷ ᠬᠢᠬᠠᠵᠤ ᠮᠡᠬᠡᠯᠡᠬᠦ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠵᠣᠯ ᠵᠢᠷᠭᠠᠯ ᠠᠮᠤᠷ | ᠠᠮᠤᠭᠤᠯᠠᠩ ᠢ ᠰᠠᠶᠢᠲᠤᠷ ᠬᠠᠮᠠᠭᠠᠯᠠᠨ᠎ᠠ᠃ | ᠲᠥᠯᠥᠭᠡᠯᠡᠭᠴᠢᠳ ᠠ᠋︕ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠤ ᠭᠠᠵᠠᠷ | ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠂ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ | ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠪᠣᠯᠣᠨ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠠᠯᠢᠪᠠ ᠠᠵᠢᠯ ᠢᠶᠠᠨ ᠴᠥᠮ ᠡᠨᠡ ᠬᠦ ᠭᠤᠣᠯ ᠰᠢᠵᠢᠮ ᠤᠨ | ᠲᠣᠭᠤᠷᠢᠨ ᠳᠤ ᠨᠢᠭᠲᠠ ᠤᠶᠠᠯᠳᠤᠭᠤᠯᠤᠨ᠂ ᠥᠴᠥᠬᠡᠨ ᠲᠡᠳᠦᠢ ᠴᠦ ᠬᠡᠯᠪᠠᠶᠢᠯᠭᠡᠬᠦ ᠦᠭᠡᠢ ᠪᠠᠶᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ | ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠲᠣᠭᠲᠠᠭᠠᠵᠤ᠂ ᠪᠢᠳᠡ ᠡᠷᠬᠡᠪᠰᠢ ᠨᠠᠷᠢᠨ ᠬᠢᠨᠠᠮᠠᠭᠠᠢ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ | ᠢᠮᠠᠭᠲᠠ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠨ᠂ ︽ᠳᠣᠯᠤᠭᠠᠨ ᠲᠠᠯ᠎ᠠ ᠪᠠᠷ ᠵᠢᠱᠢᠶᠡᠴᠢ ᠪᠣᠯᠬᠤ︾ | ᠲᠠᠯ᠎ᠠ ᠪᠠᠷ ᠵᠣᠷᠢᠭᠲᠠᠢ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠵᠤ᠂ ᠲᠤᠮᠲᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠵᠢᠱᠢᠶ᠎ᠡ ᠦᠵᠡᠬᠦᠯᠬᠦ ᠣᠷᠣᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃ ᠮᠠᠨ ᠤ ᠥᠪᠥᠷ ᠮᠣᠩᠭᠤᠯ ᠤᠨ ᠺᠠᠳ᠋ᠷ ᠣᠯᠠᠨ ᠲᠦᠮᠡᠨ ᠥᠪᠥᠷ | ᠮᠣᠩᠭᠤᠯ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠭᠡᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ | ᠵᠢᠯᠣᠭᠤᠳᠤᠮᠵᠢ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ | ᠰᠣᠨᠣᠰᠤᠭᠰᠠᠨ ᠳᠤ ᠪᠣᠢ ᠭᠡᠳᠡᠭ ᠢ ᠣᠨᠴᠠᠭᠠᠶᠢᠯᠠᠨ ᠭᠦᠨᠵᠡᠭᠡᠢ ᠲᠠᠨᠢᠵᠤ ᠣᠯᠬᠤ ᠬᠡᠷᠡᠭᠲᠡᠢ᠃ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ | ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ᠂ ᠬᠥᠮᠥᠨ ᠪᠦᠬᠦᠨ ᠬᠤᠪᠢ ᠨᠡᠮᠡᠷᠢ ᠪᠠᠨ ᠦᠵᠡᠭᠦᠯᠬᠦ | ᠬᠡᠷᠡᠭᠲᠡᠢ᠃ ᠲᠠᠪᠢᠭᠠᠳ ᠣᠨ ᠠᠴᠠ ︽ᠥᠩᠭᠡ ᠶᠢᠨ ᠴᠡᠴᠡᠭᠡᠰ ᠪᠠᠭᠰᠢᠷᠠᠨ ᠳᠡᠯᠭᠡᠷᠡᠵᠦ᠂ ᠦᠨᠳᠦᠰᠦᠲᠡᠨ ᠪᠦᠬᠦᠨ ᠨᠢᠭᠡ ᠭᠡᠷ ᠶᠤᠮ ᠠ᠋᠂ ᠥᠨᠢ ᠡᠭᠦᠷᠢᠳᠡ ᠨᠢᠭᠲᠠᠷᠠᠨ | ᠪᠦᠯᠬᠦᠮᠳᠡᠵᠦ᠂ ᠦᠶ᠎ᠡ ᠶᠢᠨ ᠦᠶ᠎ᠡ ᠳᠤ ᠨᠠᠮ ᠢᠶᠠᠨ ᠳᠠᠭᠠᠨ᠎ᠠ︾ ᠭᠡᠬᠦ ᠳᠠᠭᠤᠤ ᠥᠷᠭᠡᠨ ᠢᠶᠠᠷ ᠳᠠᠭᠤᠯᠠᠭᠳᠠᠭᠰᠠᠨ ᠶᠤᠮ᠂ ᠡᠨᠡ ᠪᠣᠯ ᠵᠢᠱᠢᠶᠡᠴᠢ ᠥᠪᠡᠷᠲᠡᠭᠡᠨ ᠵᠠᠰᠠᠬᠤ | ᠣᠷᠣᠨ ᠤ ᠠᠮᠢᠳᠤᠯᠢᠭ ᠵᠢᠷᠤᠭᠯᠠᠯ ᠮᠥᠨ᠂ ᠪᠠᠰᠠ ᠴᠦ ᠲᠠᠯ᠎ᠠ ᠨᠤᠲᠤᠭ ᠤᠨ ᠦᠨᠳᠦᠰᠦᠲᠡᠨ ᠨᠦᠭᠦᠳ ᠤᠨ ᠥᠬᠢᠳ ᠬᠥᠪᠡᠭᠦᠳ ᠤᠨ ᠬᠠᠮᠲᠤ ᠶᠢᠨ ᠳᠠᠭᠤᠨ ᠬᠤᠭᠤᠯᠠᠢ | ᠪᠣᠯᠣᠨ᠎ᠠ︕ | ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠥᠷᠢᠰᠦᠯᠳᠦᠭᠡᠨ ᠳᠤ ᠴᠢᠭᠯᠡᠭᠦᠯᠦᠨ᠂ ᠡᠯ᠎ᠡ ᠱᠠᠲᠤᠨ ᠤ ᠵᠠᠰᠠᠭ ᠤᠨ ᠣᠷᠳᠣᠨ ︽ᠤᠯᠤᠰ ᠤᠨ ᠶᠡᠭᠡ ᠶᠠᠪᠤᠳᠠᠯ︾ | ᠢ ᠴᠠᠭ ᠢᠮᠠᠭᠲᠠ ᠪᠠᠲᠤ ᠴᠡᠭᠡᠵᠢᠯᠡᠵᠦ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ ᠴᠠᠷᠠᠭ᠎ᠠ ᠡᠯ᠎ᠡ ᠶᠠᠪᠤᠴᠠ ᠳᠤ ᠨᠡᠶᠢᠳᠡᠮ | ᠲᠤᠭᠤᠰᠢᠯᠠᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠳᠥᠷᠪᠡ ᠶᠢ ᠦᠨᠳᠦᠰᠦᠨ ᠱᠠᠲᠤᠨ ᠳᠤ | ᠪᠠᠭᠤᠯᠭᠠᠬᠤ︾ ᠳᠦᠷᠢᠮ ᠢ ᠨᠠᠶᠢᠳᠠᠪᠤᠷᠢᠵᠢᠭᠤᠯᠤᠨ᠂ ᠲᠤᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠨᠠᠮ ᠤᠨ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ ᠰᠠᠶᠢᠨ ᠭᠦᠢᠴᠡᠳᠭᠡᠭᠴᠢ᠂ | ᠭᠠᠷᠮᠠᠭᠠᠢ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠵᠠᠰᠠᠭ ᠤᠨ | ᠣᠷᠳᠣᠨ ᠤ ᠪᠠᠶᠢᠭᠤᠯᠭ᠎ᠠ ᠪᠣᠯ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ ᠪᠣᠯᠬᠤ ᠪᠠᠶᠢᠷᠢ ᠲᠣᠭᠲᠠᠭᠠᠯᠲᠠ ᠶᠢ ᠪᠠᠲᠤ ᠡᠵᠡᠮᠰᠢᠵᠦ᠂ ᠤᠯᠤᠰ ᠲᠦᠷᠦ ᠶᠢ | ᠡᠷᠬᠢᠮᠯᠡᠬᠦ ᠶᠢ ᠡᠭᠦᠷᠢᠳᠡ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠭᠰᠠᠨ︾ ᠢ ᠪᠠᠲᠤ ᠴᠢᠩᠭ᠎ᠠ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ | ᠶᠢ ᠡᠷᠡᠰ ᠪᠡᠶᠡᠯᠡᠭᠦᠯᠦᠨ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠯᠭᠠᠬᠤ ᠬᠡᠷᠡᠭᠲᠡᠢ᠃ ᠬᠠᠤᠯᠢ ᠶᠣᠰᠣᠭᠠᠷ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠬᠡᠬᠦ ᠶᠢ ᠪᠠᠷᠢᠮᠲᠠᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠯᠲᠠ ᠶᠢ ᠬᠠᠤᠯᠢ | ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ | ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠂ ᠬᠢᠨᠠᠨ ᠪᠣᠳᠣᠯᠲᠠ᠂ ᠡᠳ᠋ ᠤᠨ ᠵᠠᠰᠠᠭ᠂ ᠲᠤᠭ᠎ᠠ ᠪᠦᠷᠢᠳᠬᠡᠯ ᠤᠨ ᠬᠢᠨᠠᠯᠲᠠ | ᠲᠠᠯᠪᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠷᠬᠡ ᠶᠢ ᠣᠯᠠᠨ ᠨᠡᠶᠢᠲᠡ ᠶᠢᠨ ᠬᠢᠨᠠᠯᠲᠠ ᠲᠠᠯᠪᠢᠯᠲᠠ ᠶᠢᠨ ᠳᠣᠣᠷ᠎ᠠ ᠶᠠᠪᠤᠭᠳᠠᠭᠤᠯᠬᠤ ᠬᠡᠷᠡᠭᠲᠡᠢ᠃ ᠦᠨᠡᠨ | ᠬᠦ ᠠᠳᠬᠤᠨ ᠪᠣᠳᠠᠲᠠᠢ ᠠᠵᠢᠯᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠭᠰᠠᠨ ︽ᠲᠡᠷᠡ ᠶᠣᠰᠣᠭᠠᠷ ᠨᠢ᠂ ᠡᠷᠡᠰ ᠰᠢᠭᠤᠷᠬᠠᠢ ᠪᠠᠷ᠂ ᠦᠨᠡᠨ ᠢ | ᠪᠠᠷᠢᠮᠲᠠᠯᠠᠵᠤ ᠪᠣᠳᠠᠲᠠᠢ ᠶᠢ ᠡᠷᠬᠢᠮᠯᠡᠨ᠂ ᠵᠣᠷᠢᠭᠲᠠᠢ ᠣᠷᠣᠯᠳᠣᠨ ᠴᠢᠳᠠᠮᠠᠭᠠᠢ ᠬᠢᠬᠦ︾ ᠶᠣᠰᠣᠭᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠣᠭᠲᠠᠭᠰᠠᠨ | ᠶᠠᠪᠤᠳᠠᠯ ᠢᠶᠠᠨ ᠴᠢᠩᠭ᠎ᠠ ᠠᠳᠬᠤᠨ ᠲᠦᠷᠭᠡᠨ ᠭᠦᠢᠴᠡᠳᠬᠡᠵᠦ᠂ ᠤᠷᠤᠭᠰᠢ ᠠᠬᠢᠭᠤᠯᠵᠤ ᠳᠡᠶᠢᠯᠬᠦ ᠶᠢ ᠨᠢ ᠤᠷᠤᠭᠰᠢ ᠠᠬᠢᠭᠤᠯᠤᠨ᠂ ᠶᠠᠮᠠᠷ ᠠᠰᠠᠭᠤᠳᠠᠯ ᠪᠠᠶᠢᠪᠠᠯ ᠲᠡᠷᠡ | ᠠᠰᠠᠭᠤᠳᠠᠯ ᠢ ᠨᠢ ᠰᠢᠢᠳᠪᠦᠷᠢᠯᠡᠵᠦ᠂ ᠬᠤᠳᠠᠯ ᠬᠠᠭᠤᠷᠮᠠᠭ᠂ ᠵᠠᠪᠰᠢᠨ ᠳᠠᠯᠢᠮᠳᠠᠭᠤᠯᠬᠤ᠂ ᠲᠤᠭ᠎ᠠ ᠪᠠᠷᠢᠮᠲᠠ ᠶᠢ ᠬᠠᠭᠤᠷᠮᠠᠭᠯᠠᠬᠤ ᠵᠦᠢᠯ ᠢ ᠶᠠᠭᠠᠬᠢᠭᠰᠠᠨ ᠴᠦ ᠬᠢᠬᠦ | ᠦᠭᠡᠢ᠂ ᠠᠪᠤᠨ ᠳᠣᠣᠷ᠎ᠠ ᠪᠠᠨ ᠠᠰᠢᠭ ᠣᠯᠬᠤ ᠶᠢ ᠶᠠᠭᠠᠷᠠᠬᠤ᠂ ᠠᠷᠠᠳ ᠢ ᠵᠦᠳᠡᠭᠡᠵᠦ ᠡᠳ᠋ ᠢ ᠰᠦᠢᠳᠬᠡᠬᠦ᠂ ᠬᠤᠭᠤᠰᠤᠷᠠᠲᠠᠯ᠎ᠠ ᠰᠢᠪᠬᠠᠵᠤ ᠬᠤᠪᠠᠭ᠋ᠠᠶᠢᠷᠠᠲᠠᠯ᠎ᠠ ᠠᠪᠬᠤ | ᠬᠡᠷᠡᠭ ᠢ ᠶᠠᠭᠠᠬᠢᠭᠰᠠᠨ ᠴᠦ ᠬᠢᠬᠦ ᠦᠭᠡᠢ᠃ ᠴᠡᠪᠡᠷ ᠡᠷᠬᠢᠮ ᠠᠷᠢᠭᠤᠨ ᠴᠢᠬᠡᠴᠢ ᠪᠠᠶᠢᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠰᠢᠨᠲᠠᠷᠠᠰᠢ ᠦᠭᠡᠢ | ᠪᠠᠷᠢᠮᠲᠠᠯᠠᠨ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠪᠢᠴᠢ ᠭᠠᠮᠲᠠᠢ ᠠᠮᠢᠳᠤᠷᠠᠬᠤ ᠶᠢ | ᠳᠠᠳᠬᠠᠯ ᠪᠤᠯᠭᠠᠵᠤ᠂ ᠦᠨᠡᠨ ᠢ ᠪᠠᠷᠢᠮᠲᠠᠯᠠᠨ ᠬᠠᠲᠠᠭᠤ ᠲᠠᠢ ᠬᠦᠨᠳᠡᠵᠦ ︽ᠳᠥᠷᠪᠡᠨ ᠰᠤᠷᠲᠠᠯ︾ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ︽ᠭᠤᠷᠪᠠᠨ | ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠪᠠ ︽ᠤᠳᠠᠭᠠᠨ ᠪᠦᠳᠦᠭᠦᠯᠢᠭ ᠬᠡᠶᠢᠰᠪᠦᠷᠢ︾ ᠣᠪᠣᠷ ᠰᠤᠷᠲᠠᠯ ᠤᠨ ᠠᠷᠬᠠᠭ ᠢ ᠡᠷᠡᠰ ᠵᠠᠰᠠᠨ | ᠵᠠᠯᠠᠷᠠᠭᠤᠯᠵᠤ᠂ ᠣᠬᠤᠷᠬᠠᠨ ᠬᠤᠷᠠᠯ ᠬᠢᠵᠦ᠂ ᠠᠪᠰᠠᠷᠬᠠᠨ ᠶᠠᠷᠢᠶ᠎ᠠ ᠲᠠᠯᠪᠢᠨ᠂ ᠪᠣᠳᠠᠲᠠᠢ ᠠᠷᠭ᠎ᠠ ᠬᠡᠮᠵᠢᠶ᠎ᠡ ᠲᠠᠢ ᠪᠢᠴᠢᠭ ᠮᠠᠲ᠋ᠧᠷᠢᠶᠠᠯ ᠢ ᠲᠠᠷᠬᠠᠭᠠᠵᠤ᠂ ᠠᠰᠠᠭᠤᠳᠠᠯ | ᠰᠢᠢᠳᠪᠦᠷᠢᠯᠡᠬᠦ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃ | ᠲᠥᠯᠥᠭᠡᠯᠡᠭᠴᠢᠳ ᠠ᠋︕ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠣᠯ ᠬᠠᠮᠤᠭ ᠤᠨ ᠶᠡᠭᠡ ᠤᠯᠤᠰ ᠲᠦᠷᠦ᠂ ᠴᠢᠨᠠᠷ | ᠰᠠᠶᠢᠲᠠᠢ ᠬᠥᠭᠵᠢᠯᠲᠡ ᠶᠢ ᠪᠠᠷᠢᠮᠲᠠᠯᠠᠬᠤ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠤᠯᠠᠮ ᠴᠢᠩᠭ᠎ᠠ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠠᠭᠠᠭᠤᠯᠭ᠎ᠠ | ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠠᠴᠢ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ | | ᠳᠠᠭᠠᠯᠳᠤᠭᠤᠯᠤᠯ 1 | ᠥᠪᠡᠷᠲᠡᠭᠡᠨ ᠵᠠᠰᠠᠬᠤ ᠣᠷᠣᠨ ᠤ 2024 ᠣᠨ ᠤ ᠠᠷᠠᠳ ᠤᠨ ᠠᠮᠢᠳᠤᠷᠠᠯ ᠤᠨ 33 ᠵᠦᠢᠯ ᠤᠨ ᠪᠣᠳᠠᠲᠤ ᠶᠠᠪᠤᠳᠠᠯ ᠤᠨ ᠲᠣᠳᠣᠷᠬᠠᠢ ᠬᠠᠭᠤᠳᠠᠰᠤ | ᠨᠢᠭᠡ᠂ ᠣᠯᠠᠨ ᠲᠦᠮᠡᠨ ᠳᠤ ᠠᠵᠢᠯ ᠣᠯᠭᠤᠵᠤ ᠣᠷᠤᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠲᠠᠯ᠎ᠠ ᠪᠠᠷ ᠬᠢ 5 ᠵᠦᠢᠯ | 1. ᠠᠵᠢᠯ ᠣᠯᠬᠤ ᠳᠤ ᠬᠦᠴᠢᠷᠳᠡᠵᠦ ᠪᠠᠶᠢᠭ᠎ᠠ ᠬᠥᠮᠥᠰ ᠢ ᠬᠠᠪᠰᠤᠷᠤᠨ ᠲᠡᠳᠬᠦᠵᠦ 5 ᠲᠦᠮᠡᠨ ᠬᠥᠮᠥᠨ ᠤ ᠠᠵᠢᠯ ᠣᠯᠭᠤᠯᠲᠠ ᠶᠢ ᠪᠡᠶᠡᠯᠡᠭᠦᠯᠦᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | 2. 8000 ᠢᠯᠡᠭᠦᠦ ᠵᠡᠮᠳᠡᠭᠴᠦᠳ ᠲᠤ ᠰᠢᠨ᠎ᠡ ᠪᠠᠷ ᠠᠵᠢᠯ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠵᠡᠮᠳᠡᠭᠴᠦᠳ ᠤᠨ ᠬᠤᠯᠪᠣᠭᠠᠲᠤ ᠬᠤᠷᠠᠯ︶᠃ | 3. ᠭᠡᠷ ᠠᠬᠤᠢ ᠶᠢᠨ ᠦᠢᠯᠡᠴᠢᠯᠡᠭᠡᠨ ᠤ ᠠᠵᠢᠯ ᠬᠢᠭᠰᠡᠳ ᠢ ᠲᠦᠮᠡᠨ ᠬᠥᠮᠥᠨ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠤᠭᠴᠢ ᠶᠢ ᠲᠦᠮᠡᠨ | ᠬᠥᠮᠥᠨ ᠵᠣᠬᠢᠶᠠᠨ ᠪᠠᠶᠢᠭᠤᠯᠵᠤ ᠪᠣᠯᠪᠠᠰᠤᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ︶᠃ | 4. ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭᠠᠨ ᠢ | ᠥᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠤ ᠨᠢ ᠭᠦᠢᠴᠡᠳ ᠲᠤᠭ᠎ᠠ ᠪᠠᠷ ᠣᠯᠭᠤᠬᠤ ᠶᠢ ᠪᠠᠲᠤᠯᠠᠨ᠎ᠠ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | 5. ᠲᠠᠷᠢᠶᠠᠯᠠᠬᠤ ᠮᠠᠯᠵᠢᠬᠤ ᠡᠷᠦᠬᠡ ᠳᠤ ᠪᠦᠬᠦ ᠬᠡᠯᠬᠢᠶ᠎ᠡ᠂ ᠪᠦᠬᠦ ᠭᠤᠭᠴᠣᠭᠠᠨ ᠤ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠲᠤᠰᠬᠠᠢ | ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠦᠢᠯᠡᠴᠢᠯᠡᠭᠡ ᠬᠠᠩᠭᠠᠬᠤ ᠲᠠᠯᠠᠪᠠᠢ ᠶᠢ 200 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶᠃ | ᠬᠤᠶᠠᠷ᠂ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠬᠢ 11 ᠵᠦᠢᠯ | 6. ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠳᠤ | ᠣᠷᠣᠯᠴᠠᠬᠤ ᠬᠥᠮᠥᠨ ᠢ 1769 ᠲᠦᠮᠡ ᠳᠤ ᠬᠦᠷᠭᠡᠬᠦ ᠶᠢ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶᠃ | 7. ᠭᠤᠷᠪᠠᠳᠤᠭᠠᠷ ᠳᠡᠰ᠂ ᠬᠤᠶᠠᠳᠤᠭᠠᠷ ᠳᠡᠰ᠂ ᠨᠢᠭᠡᠳᠦᠭᠡᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠠᠵᠢᠯᠴᠢᠨ ᠤ ᠡᠮᠴᠢᠯᠡᠭᠡᠨ ᠤ | ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠶᠢᠨ ᠡᠬᠢᠯᠡᠵᠦ ᠲᠥᠯᠥᠬᠦ ᠬᠢᠵᠠᠭᠠᠷ ᠱᠤᠭᠤᠮ ᠢ ᠨᠢᠭᠡᠳᠦᠯᠲᠡᠢ 1000 ᠲᠥᠭᠦᠷᠢᠭ ᠠᠴᠠ ᠲᠤᠰ | ᠲᠤᠰ 500 ᠲᠥᠭᠦᠷᠢᠭ᠂ 300 ᠲᠥᠭᠦᠷᠢᠭ᠂ 200 ᠲᠥᠭᠦᠷᠢᠭ ᠪᠣᠯᠭᠠᠨ ᠪᠠᠭᠤᠷᠠᠭᠤᠯᠵᠤ᠂ ᠠᠵᠢᠯ ᠠᠴᠠ ᠪᠠᠨ ᠪᠠᠭᠤᠭᠰᠠᠳ ᠤᠨ ᠪᠣᠯ ᠲᠤᠰ ᠲᠤᠰ 300 | ᠲᠥᠭᠦᠷᠢᠭ᠂ 200 ᠲᠥᠭᠦᠷᠢᠭ᠂ 50 ᠲᠥᠭᠦᠷᠢᠭ ᠪᠣᠯᠭᠠᠨ ᠪᠠᠭᠤᠷᠠᠭᠤᠯᠤᠨ᠎ᠠ︔ ᠭᠠᠴᠠᠭ᠎ᠠ ᠲᠤᠰᠬᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ | ᠴᠡᠭ ᠢ 3176 ᠰᠢᠨ᠎ᠡ ᠪᠠᠷ ᠪᠠᠶᠢᠭᠤᠯᠵᠤ᠂ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶᠃ | 8. 1.3 ᠲᠦᠮᠡᠨ ᠡᠷᠥᠬᠡ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠪᠦᠯᠢ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ | ᠰᠢᠨᠡᠳᠬᠡᠬᠦ ᠶᠢ ᠪᠡᠶᠡᠯᠡᠭᠦᠯᠵᠦ᠂ ᠰᠤᠮᠤ ᠰᠢᠶᠠᠩ ᠪᠠᠯᠭᠠᠰᠤᠨ ᠤ ᠣᠷᠣᠨ ᠪᠦᠰᠡ ᠶᠢᠨ ᠨᠠᠰᠤᠵᠢᠯ ᠤᠨ ᠦᠢᠯᠡᠴᠢᠯᠡᠭᠡᠨ ᠤ ᠲᠥᠪ ᠢ 170᠂ ᠲᠤᠰᠬᠤᠨ ᠤ ᠱᠠᠲᠤᠨ ᠤ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠶᠢ 1500 ᠡᠬᠢᠯᠡᠭᠦᠯᠦᠨ ᠪᠠᠶᠢᠭᠤᠯᠵᠤ᠂ ᠬᠥᠳᠡᠭᠡ ᠲᠤᠰᠬᠤᠨ ᠤ ᠬᠠᠷᠢᠯᠴᠠᠨ ᠲᠤᠰᠠᠯᠠᠯᠴᠠᠬᠤ ᠨᠠᠰᠤᠵᠢᠯ ᠤᠨ ᠵᠣᠯ | ᠵᠢᠷᠭᠠᠯᠲᠤ ᠬᠦᠷᠢᠶᠡᠯᠡᠩ ᠤᠨ 200 ᠬᠦᠷᠢᠶᠡᠯᠡᠩ ᠤᠨ ᠴᠢᠳᠠᠮᠵᠢ ᠶᠢ ᠥᠷᠭᠡᠳᠬᠡᠨ ᠳᠡᠭᠡᠭᠰᠢᠯᠡᠭᠦᠯᠵᠦ᠂ ᠨᠠᠰᠤᠲᠠᠶᠢᠴᠤᠳ ᠤᠨ ᠢᠳᠡᠵᠦ ᠤᠤᠭᠤᠬᠤ ᠳᠤ ᠨᠢ ᠲᠤᠰᠠᠯᠠᠬᠤ | ᠴᠡᠭ ᠢ 1200 ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ︶᠃ | 9. ᠴᠡᠴᠡᠷᠯᠢᠭ ᠤᠨ ᠨᠢᠯᠬ᠎ᠠ ᠨᠢᠷᠠᠢ ᠬᠡᠦᠬᠡᠳ ᠤᠨ ᠣᠷᠣ ᠶᠢ 1.5 ᠲᠦᠮᠡ ᠰᠢᠨ᠎ᠡ ᠪᠠᠷ ᠨᠡᠮᠡᠭᠳᠡᠭᠦᠯᠦᠨ᠂ ᠪᠦᠬᠦ ᠣᠷᠣᠨ ᠤ ᠬᠤᠰᠢᠭᠤ ᠰᠢᠶᠠᠨ ︵ᠬᠤᠲᠠ᠂ | ᠲᠣᠭᠤᠷᠢᠭ︶ ᠪᠦᠷᠢ ᠳᠤ ᠠᠳᠠᠭ ᠲᠤ ᠪᠠᠨ 1 ᠠᠯᠪᠠᠨ ᠠᠴᠠ ᠡᠷᠬᠢᠯᠡᠭᠰᠡᠨ ᠬᠡᠦᠬᠡᠳ ᠰᠠᠭᠠᠲᠠᠭᠤᠯᠵᠤ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠦᠲᠦᠭᠡᠨ | ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 10. ᠨᠡᠭᠦᠳᠡᠯ ᠬᠡᠦᠬᠡᠳ ᠪᠠᠭᠠᠴᠤᠳ ᠤᠨ ᠰᠠᠭᠤᠭ᠎ᠠ ᠭᠠᠵᠠᠷ ᠲᠤ ᠪᠠᠨ ᠬᠠᠶᠢᠷ᠎ᠠ ᠬᠠᠯᠠᠮᠵᠢ ᠬᠦᠷᠲᠡᠬᠦ ᠦᠨᠳᠦᠰᠦᠨ ᠦᠢᠯᠡᠴᠢᠯᠡᠭᠡᠨ ᠤ ᠲᠣᠳᠣᠷᠬᠠᠢ | ᠬᠠᠭᠤᠳᠠᠰᠤ ᠶᠢ ᠪᠠᠶᠢᠭᠤᠯᠵᠤ᠂ ᠰᠢᠶᠠᠨ ᠤ ᠱᠠᠲᠤᠨ ᠤ ︵ᠬᠤᠲᠠ ᠶᠢᠨ ᠬᠠᠷᠢᠶ᠎ᠠ ᠲᠣᠭᠤᠷᠢᠭ ᠢ ᠪᠠᠭᠲᠠᠭᠠᠬᠤ ᠦᠭᠡᠢ︶ ᠨᠠᠰᠤᠨ ᠳᠤ ᠦᠯᠦ ᠬᠦᠷᠦᠭᠰᠡᠳ ᠢ ᠠᠪᠤᠷᠠᠨ | ᠲᠤᠰᠠᠯᠠᠵᠤ ᠬᠠᠮᠠᠭᠠᠯᠠᠬᠤ ᠲᠥᠪ ᠢ 7 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠠᠷᠠᠯᠲᠠ ᠶᠢᠨ 93% ᠳᠤ ᠬᠦᠷᠭᠡᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ | ᠶᠠᠪᠤᠳᠠᠯ ᠤᠨ ᠲᠢᠩᠬᠢᠮ︶᠃ | 11. ᠬᠡᠦᠬᠡᠳ ᠪᠠᠭᠠᠴᠤᠳ ︵ᠬᠡᠦᠬᠡᠳ ᠪᠠᠭᠠᠴᠤᠳ ᠢ ᠬᠠᠮᠠᠭᠠᠯᠠᠬᠤ︶ ᠤᠨ ᠭᠡᠷ ᠢ 50 ᠰᠢᠨ᠎ᠡ ᠪᠠᠷ ᠪᠠᠶᠢᠭᠤᠯᠵᠤ᠂ ᠬᠢᠯᠢ ᠬᠢᠵᠠᠭᠠᠷ᠂ ᠵᠠᠬ᠎ᠠ ᠬᠢᠵᠠᠭᠠᠷ ᠤᠨ | ᠬᠤᠰᠢᠭᠤ ᠰᠢᠶᠠᠨ ᠪᠦᠬᠦᠨ ᠳᠤ ᠬᠠᠮᠤᠷᠤᠭᠤᠯᠬᠤ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ︶᠃ | 12. 6000 ᠡᠷᠦᠬᠡ ᠬᠦᠴᠢᠷᠳᠡᠯᠲᠡᠢ ᠬᠦᠨᠳᠦ ᠵᠡᠮᠳᠡᠭᠴᠦᠳ ᠤᠨ ᠭᠡᠷ ᠪᠦᠯᠢ ᠶᠢ ᠰᠠᠭᠠᠳ ᠦᠭᠡᠢ ᠪᠣᠯᠭᠠᠨ ᠥᠭᠡᠷᠡᠴᠢᠯᠡᠨ ᠰᠢᠨᠡᠳᠬᠡᠵᠦ᠂ ᠣᠶᠤᠨ | ᠤᠬᠠᠭᠠᠨ᠂ ᠣᠶᠤᠨ ᠮᠡᠳᠡᠷᠡᠯ ᠵᠢᠴᠢ ᠦᠶ᠎ᠡ ᠮᠥᠴᠢ ᠨᠢ ᠬᠦᠨᠳᠦ ᠳᠡᠰ ᠤᠨ ᠵᠡᠮᠳᠡᠭ ᠪᠣᠯᠤᠭᠰᠠᠨ 6500 ᠠᠵᠢᠯᠯᠠᠬᠤ ᠨᠠᠰᠤᠨ ᠤ ᠬᠥᠮᠥᠰ ᠲᠤ ᠨᠠᠶᠢᠳᠠᠨ | ᠠᠰᠠᠷᠠᠭᠤᠯᠬᠤ ᠦᠢᠯᠡᠴᠢᠯᠡᠭᠡ ᠬᠠᠩᠭᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶᠃ | 13. ᠲᠠᠷᠢᠶᠠᠯᠠᠬᠤ ᠮᠠᠯᠵᠢᠬᠤ ᠣᠷᠣᠨ ᠪᠠ ᠬᠤᠲᠠ ᠪᠠᠯᠭᠠᠰᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠨ ᠭᠡᠷ ᠪᠦᠯᠢ ᠶᠢᠨ ᠲᠣᠬᠢᠷᠠᠬᠤ ᠨᠠᠰᠤᠨ ᠤ | ᠡᠮᠡᠭᠲᠡᠶᠢᠴᠦᠳ ᠲᠤ ︽ᠬᠤᠶᠠᠷ ᠵᠦᠢᠯ ᠤᠨ ᠦᠮᠠᠨ ᠡᠪᠡᠳᠴᠢᠨ︾ ᠢ ᠰᠢᠭᠰᠢᠪᠡᠰᠦ ᠵᠣᠬᠢᠬᠤ ᠪᠦᠬᠦᠨ ᠢ ᠨᠢ ᠰᠢᠭᠰᠢᠵᠦ᠂ ᠪᠠᠶᠢᠴᠠᠭᠠᠪᠠᠰᠤ ᠵᠣᠬᠢᠬᠤ ᠪᠦᠬᠦᠨ ᠢ ᠨᠢ | ᠪᠠᠶᠢᠴᠠᠭᠠᠨ ᠥᠭᠬᠦ ᠶᠢ ᠪᠡᠶᠡᠯᠡᠭᠦᠯᠦᠨ᠂ ᠰᠠᠪᠠᠨ ᠬᠦᠵᠦᠭᠦᠨ ᠤ ᠦᠮᠡᠨ ᠤ 9 ᠸᠠᠯᠧᠨ᠋ᠲᠲᠦ ᠸᠠᠺᠼᠢᠨ ᠢ 100 ᠲᠦᠮᠡᠨ ᠬᠥᠮᠥᠨ ᠤ ᠬᠤᠪᠢ ᠰᠢᠨ᠎ᠡ ᠪᠠᠷ ᠨᠡᠮᠡᠭᠳᠡᠭᠦᠯᠵᠦ | ᠂ ᠲᠣᠬᠢᠷᠠᠬᠤ ᠨᠠᠰᠤᠨ ᠤ ᠡᠮᠡᠭᠲᠡᠶᠢᠴᠦᠳ ᠲᠤ ᠸᠠᠺᠼᠢᠨ ᠲᠠᠷᠢᠬᠤ ᠶᠢᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠲᠠᠷᠢᠭᠤᠯᠬᠤ ᠬᠦᠰᠡᠯ ᠲᠠᠢ ᠪᠣᠯᠭᠠᠨ ᠳᠤ ᠲᠠᠷᠢᠵᠤ | ᠥᠭᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶︔ | ᠨᠥᠬᠦᠴᠡᠯ ᠳᠤ ᠨᠡᠶᠢᠴᠡᠭᠰᠡᠨ ᠣᠷᠣᠯᠭ᠎ᠠ ᠪᠠᠭᠠᠲᠠᠢ ᠭᠡᠷ ᠪᠦᠯᠢ ᠶᠢᠨ ︽ᠬᠤᠶᠠᠷ ᠵᠦᠢᠯ ᠤᠨ ᠦᠮᠠᠨ ᠡᠪᠡᠳᠴᠢᠨ︾ ᠢᠶᠠᠷ ᠣᠨᠣᠰᠢᠯᠠᠭᠳᠠᠭᠰᠠᠨ ᠡᠮᠡᠭᠲᠡᠢ ᠪᠦᠷᠢ ᠳᠤ | ᠲᠦᠮᠡᠨ ᠲᠥᠭᠦᠷᠢᠭ ᠤᠨ ᠲᠤᠰᠠᠯᠠᠮᠵᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ | ᠬᠤᠷᠠᠯ︶᠃ | 14. ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠪᠠ ᠬᠢᠯᠢ ᠬᠢᠵᠠᠭᠠᠷ ᠤᠨ ᠬᠤᠰᠢᠭᠤ ᠬᠤᠲᠠ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ | ᠰᠠᠭᠤᠭᠰᠠᠨ ᠣᠷᠣᠨ ᠤ ᠴᠠᠭᠠᠨ ᠬᠠᠷᠠᠩ ᠲᠠᠢ ᠡᠪᠡᠳᠴᠢᠲᠡᠨ ᠳᠤ ᠰᠦᠢᠳᠬᠡᠯ ᠬᠤᠷᠢᠶᠠᠬᠤ ᠦᠭᠡᠢ ᠪᠠᠷ ᠬᠠᠷᠠᠭ᠎ᠠ ᠣᠷᠣᠭᠤᠯᠬᠤ ᠮᠡᠰᠡ ᠵᠠᠰᠠᠯ ᠢ 3500 ᠭᠠᠷᠤᠢ | ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠥᠪᠡᠷᠲᠡᠭᠡᠨ ᠵᠠᠰᠠᠬᠤ | ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ︶᠃ | 15. ᠬᠢᠯᠢ ᠬᠢᠵᠠᠭᠠᠷ ᠭᠠᠵᠠᠷ ᠣᠷᠣᠨ ᠤ ᠣᠷᠣᠯᠭ᠎ᠠ ᠪᠠᠭᠠᠲᠠᠢ ᠬᠦᠴᠢᠷᠳᠡᠯᠲᠡᠢ ᠭᠡᠷ ᠪᠦᠯᠢ ᠳᠤ ᠰᠦᠢᠳᠬᠡᠯ ᠬᠤᠷᠢᠶᠠᠬᠤ ᠦᠭᠡᠢ ᠪᠠᠷ ᠡᠪᠦᠳᠦᠭ ᠰᠡᠭᠦᠵᠢ ᠶᠢᠨ | ᠦᠶ᠎ᠡ ᠬᠠᠯᠠᠬᠤ ᠮᠡᠰᠡ ᠵᠠᠰᠠᠯ ᠢ 200 ᠭᠠᠷᠤᠢ ᠬᠢᠵᠦ ᠥᠭᠭᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ︶᠃ | 16. ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠯᠲᠠ ᠰᠤᠪᠢᠯᠠᠯᠲᠠ ᠶᠢᠨ ᠦᠨᠡᠮᠯᠡᠯ ᠣᠯᠭᠤᠬᠤ ᠪᠣᠯᠪᠠᠰᠤᠷᠠᠯ ᠢ 6 ᠲᠦᠮᠡᠨ | ᠬᠥᠮᠥᠨ ᠳᠤ ᠬᠦᠷᠲᠡᠭᠡᠵᠦ᠂ ᠲᠦᠭᠡᠮᠡᠯᠵᠢᠭᠦᠯᠬᠦ ᠴᠢᠨᠠᠷᠲᠠᠢ ᠪᠣᠯᠪᠠᠰᠤᠷᠠᠯ ᠢ 20 ᠲᠦᠮᠡᠨ ᠬᠥᠮᠥᠨ ᠤᠳᠠᠭ᠎ᠠ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ︶᠃ | ᠭᠤᠷᠪᠠ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠢ ᠰᠢᠯᠢᠳᠡᠭᠵᠢᠭᠦᠯᠬᠦ ᠲᠠᠯ᠎ᠠ ᠪᠠᠷ ᠬᠢ 6 ᠵᠦᠢᠯ | 17. ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠷᠭᠠᠭᠤᠯᠢ ᠶᠢᠨ ᠨᠡᠷᠡᠲᠦ ᠵᠠᠬᠢᠷᠤᠯ ᠤᠨ ᠠᠵᠢᠯᠯᠠᠬᠤ ᠲᠠᠰᠤᠭ᠂ ᠨᠡᠷᠡᠲᠦ ᠪᠠᠭᠰᠢ ᠶᠢᠨ ᠠᠵᠢᠯᠯᠠᠬᠤ | ᠲᠠᠰᠤᠭ ᠢ ᠲᠤᠰ ᠲᠤᠰ 30 ᠪᠠᠶᠢᠭᠤᠯᠵᠤ᠂ ᠬᠤᠲᠠ ᠲᠣᠭᠤᠷᠢᠭ ᠤᠨ 1000 ᠭᠠᠷᠤᠢ ᠰᠢᠯᠢᠳᠡᠭ ᠪᠠᠭᠰᠢ ᠶᠢ ᠬᠥᠳᠡᠭᠡ ᠲᠤᠰᠬᠤᠨ ᠤ ᠨᠥᠬᠦᠴᠡᠯ ᠢᠶᠠᠷ ᠪᠠᠷᠤᠭᠲᠠᠢ | ᠰᠤᠷᠭᠠᠭᠤᠯᠢ ᠳᠤ ᠰᠣᠩᠭᠤᠨ ᠲᠣᠮᠢᠯᠠᠵᠤ ᠰᠤᠷᠭᠠᠨ ᠬᠥᠮᠦᠵᠢᠯ ᠢ ᠨᠢ ᠳᠡᠮᠵᠢᠨ ᠲᠤᠰᠠᠯᠠᠬᠤ ᠠᠵᠢᠯ ᠥᠷᠨᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ︶᠃ | 18. ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ 4᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠤᠰᠬᠠᠢ ᠰᠠᠯᠠᠭᠠᠨ ᠤ ᠣᠷᠣᠨ | ᠪᠦᠰᠡ ᠶᠢᠨ ᠡᠮᠴᠢᠯᠡᠭᠡᠨ ᠤ ᠲᠥᠪ ᠢ 20 ᠰᠠᠶᠢᠲᠤᠷ ᠪᠠᠶᠢᠭᠤᠯᠤᠨ᠂ ᠪᠤᠭᠤᠲᠤ ᠤᠯᠠᠭᠠᠨᠬᠠᠳᠠ ᠦᠬᠠᠢ ᠭᠤᠷᠪᠠ ᠶᠢᠨ ᠤᠯᠤᠰ ᠤᠨ ᠳᠡᠰ ᠤᠨ ᠨᠢᠭᠲᠠ ᠬᠡᠯᠪᠡᠷᠢ ᠪᠦᠬᠦᠢ | ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ ︵ᠲᠦᠷᠦᠭᠦᠯᠡᠨ ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 19. ᠠᠮᠤᠷᠯᠢᠩᠭᠤᠢ ᠡᠮᠴᠢᠯᠡᠭᠡ ᠰᠤᠪᠢᠯᠠᠯᠲᠠ ᠶᠢᠨ ᠲᠤᠷᠰᠢᠯᠲᠠ ᠶᠢᠨ ᠴᠡᠭ ᠪᠤᠯᠬᠤ 6 ᠠᠶᠢᠮᠠᠭ ᠬᠤᠲᠠ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ | ᠪᠦᠷᠢ ᠳᠤ ᠠᠳᠠᠭ ᠲᠤ ᠪᠠᠨ 1 ᠠᠮᠤᠷᠯᠢᠩᠭᠤᠢ ᠡᠮᠴᠢᠯᠡᠭᠡ ᠰᠤᠪᠢᠯᠠᠯᠲᠠ ᠶᠢᠨ ᠡᠪᠡᠳᠴᠢᠲᠡᠨ ᠤ ᠲᠣᠭᠤᠷᠢᠭ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶᠃ | 20. ︽ᠤᠯᠠᠭᠠᠨᠮᠥ᠋ᠴᠢᠷ ᠤᠨ ᠲᠣᠭᠯᠠᠯᠲᠠ ᠶᠢ ᠲᠦᠮᠡᠨ ᠲᠤᠰᠬᠤᠨ ᠳᠤ ᠬᠦᠷᠭᠡᠬᠦ︾ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠦᠨᠳᠦᠰᠦᠲᠡᠨ ᠨᠦᠭᠦᠳ ᠤᠨ | ᠣᠯᠠᠨ ᠲᠦᠮᠡᠨ ᠳᠤ ᠤᠷᠠᠨ ᠰᠠᠶᠢᠬᠠᠨ ᠤ ᠲᠣᠭᠯᠠᠯᠲᠠ ᠪᠠ ᠦᠨᠳᠦᠰᠦᠨ ᠱᠠᠲᠤᠨ ᠤ ᠦᠢᠯᠡᠴᠢᠯᠡᠭᠡᠨ ᠢ ᠲᠦᠮᠡ ᠭᠠᠷᠤᠢ ᠲᠠᠯᠠᠪᠤᠷ ᠤᠳᠠᠭ᠎ᠠ ᠬᠠᠩᠭᠠᠨ᠎ᠠ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ︶᠃ | 21. ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠬᠡᠬᠦ︾ ᠢᠵᠢ ᠦᠢᠯᠡᠴᠢᠯᠡᠭᠡ ᠶᠢ 13 ᠨᠡᠶᠢᠲᠡᠯᠡᠵᠦ᠂ ᠬᠠᠯᠠᠮᠰᠢᠯ ᠤᠲᠠᠰᠤ 12345 ᠪᠠᠷ | ᠲᠡᠷᠭᠡ ᠰᠢᠯᠵᠢᠭᠦᠯᠬᠦ ᠦᠢᠯᠡᠴᠢᠯᠡᠭᠡᠨ ᠤ ᠴᠢᠳᠠᠮᠵᠢ ᠶᠢ ᠨᠡᠮᠡᠭᠳᠡᠭᠦᠯᠦᠨ᠂ ︽ᠪᠦᠬᠦ ᠣᠷᠣᠨ ᠳᠤ ᠨᠡᠶᠢᠳᠡᠮ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ 150 ᠰᠢᠨ᠎ᠡ ᠪᠠᠷ ᠨᠡᠮᠡᠭᠳᠡᠭᠦᠯᠵᠦ᠂ ᠬᠡᠪ ᠳᠠᠭᠤᠷᠢᠶᠠᠯ ᠪᠣᠯᠬᠤᠶᠢᠴᠠ ᠦᠨᠳᠦᠰᠦᠨ ᠱᠠᠲᠤᠨ ᠤ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠲᠥᠪ | ︵ᠥᠷᠲᠡᠭᠡ︶ ᠢ 24᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠥᠷᠲᠡᠭᠡ ᠶᠢ 10 | ᠴᠣᠭᠴᠠᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ︶᠃ | 22. ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠶᠢ 100 ᠪᠠ ︽ᠨᠢᠭᠡ | ᠥᠷᠲᠡᠭᠡᠴᠢᠯᠡᠭᠰᠡᠨ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢ 100 ᠴᠣᠭᠴᠠᠯᠠᠨ᠎ᠠ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ︶᠃ | ᠳᠥᠷᠪᠡ᠂ ᠣᠯᠠᠨ ᠲᠦᠮᠡᠨ ᠤ ᠰᠠᠭᠤᠷᠢᠰᠢᠨ ᠠᠮᠢᠳᠤᠷᠠᠬᠤ ᠣᠷᠴᠢᠨ ᠨᠥᠬᠦᠴᠡᠯ ᠢ ᠰᠠᠶᠢᠵᠢᠷᠠᠭᠤᠯᠬᠤ ᠲᠠᠯ᠎ᠠ ᠪᠠᠷ ᠬᠢ 11 ᠵᠦᠢᠯ | 23. ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠂ ᠢᠯᠴᠢ ᠬᠠᠩᠭᠠᠬᠤ ᠬᠤᠭᠤᠯᠠᠢ ᠭᠤᠤᠷᠰᠤ ᠶᠢ 420 ᠺᠢᠯᠣᠮᠧᠲᠷ ᠥᠭᠡᠷᠡᠴᠢᠯᠡᠨ ᠰᠢᠨᠡᠳᠬᠡᠨ᠎ᠡ ︵ | ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶ | ︔ ᠲᠠᠷᠢᠶᠠᠴᠢᠨ ᠮᠠᠯᠴᠢᠳ ᠲᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ 320 ᠲᠦᠮᠡ ᠭᠠᠷᠤᠢ ᠲᠣᠨ ᠨᠠᠶᠢᠳᠠᠪᠤᠷᠢᠵᠢᠭᠤᠯᠤᠨ᠂ | ᠲᠥᠪᠯᠡᠷᠡᠭᠦᠯᠦᠨ ᠢᠯᠴᠢ ᠬᠠᠩᠭᠠᠬᠤ ᠠᠵᠤ ᠠᠬᠤᠶᠢᠯᠠᠯ ᠳᠤ ᠬᠠᠩᠭᠠᠯᠭ᠎ᠠ ᠶᠢ ᠪᠠᠲᠤᠯᠠᠬᠤ ᠳᠤ ᠬᠡᠷᠡᠭᠯᠡᠬᠦ ᠨᠡᠭᠦᠷᠡᠰᠦ ᠶᠢ 1600 ᠲᠦᠮᠡ ᠭᠠᠷᠤᠢ ᠲᠣᠨ | ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠡᠨᠧᠷᠬᠢ ᠶᠢᠨ ᠲᠣᠪᠴᠢᠶ᠎ᠠ︶᠃ | 24. ᠤᠰᠤ ᠬᠠᠩᠭᠠᠵᠤ ᠭᠠᠳᠠᠭᠰᠢᠯᠠᠭᠤᠯᠬᠤ ᠬᠠᠭᠤᠴᠢᠨ ᠬᠤᠭᠤᠯᠠᠢ ᠭᠤᠤᠷᠰᠤ ᠶᠢ 870 ᠺᠢᠯᠣᠮᠧᠲᠷ᠂ ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠶᠢ | 210 ᠺᠢᠯᠣᠮᠧᠲᠷ ᠥᠭᠡᠷᠡᠴᠢᠯᠡᠨ ᠰᠢᠨᠡᠳᠬᠡᠵᠦ᠂ ᠲᠡᠷᠭᠡᠨ ᠵᠣᠭᠰᠣᠭᠠᠯ ᠤᠨ ᠬᠠᠩᠭᠠᠯᠭ᠎ᠠ ᠶᠢ 3 ᠲᠦᠮᠡ ᠰᠢᠨ᠎ᠡ ᠪᠠᠷ ᠨᠡᠮᠡᠭᠳᠡᠭᠦᠯᠦᠨ᠎ᠡ ︵ᠲᠦᠷᠦᠭᠦᠯᠡᠨ ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶᠃ | 25. ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ 1185᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ 1500 | ᠢᠵᠢ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ 3419 ᠡᠷᠦᠬᠡ ᠥᠭᠡᠷᠡᠴᠢᠯᠡᠨ ᠰᠢᠨᠡᠳᠬᠡᠨ᠎ᠡ ︵ᠲᠦᠷᠦᠭᠦᠯᠡᠨ ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶᠃ | 26. ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ᠪᠠᠶᠢᠭᠤᠯᠵᠤ᠂ 2 ᠲᠦᠮᠡᠨ ᠡᠷᠦᠭᠡ ᠬᠤᠲᠠ ᠪᠠᠯᠭᠠᠰᠤᠨ ᠤ | ᠪᠠᠲᠤᠯᠠᠭ᠎ᠠ ᠶᠢᠨ ᠣᠷᠣᠨ ᠰᠠᠭᠤᠴᠠᠲᠤ ᠭᠡᠷ ᠪᠦᠯᠢ ᠳᠤ ᠲᠦᠷᠢᠶᠡᠰᠦᠨ ᠨᠡᠮᠡᠭᠦᠷᠢ ᠣᠯᠭᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶᠃ | 27. ᠪᠡᠶ᠎ᠡ ᠶᠢᠨ ᠲᠠᠮᠢᠷ ᠤᠨ ᠴᠡᠴᠡᠷᠯᠢᠭ ᠢ 20᠂ ᠣᠯᠠᠨ ᠲᠦᠮᠡᠨ ᠤ ᠲᠡᠰᠢᠯᠲᠡ ᠶᠢᠨ ᠲᠠᠯᠠᠪᠤᠷ ᠢ 28᠂ ︽ᠫᠢᠩᠫᠠᠩ ᠪᠥᠮᠪᠦᠭᠡ ᠶᠢ ᠰᠠᠭᠤᠭᠠᠯᠢ | ᠲᠣᠭᠤᠷᠢᠭ ᠲᠤ ᠣᠷᠣᠭᠤᠯᠬᠤ︾ ᠲᠥᠷᠥᠯ ᠵᠦᠢᠯ ᠢ 150 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠨ᠎ᠠ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ︶᠃ | 28. 1000 ᠭᠠᠷᠤᠢ ᠬᠥᠮᠥᠨ ᠠᠮᠠ ᠲᠠᠢ 100 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ | ᠰᠢᠢᠳᠪᠦᠷᠢᠯᠡᠬᠦ ᠶᠢ ᠪᠡᠶᠡᠯᠡᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ︶︔ 400 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ᠂ 3000 ᠭᠠᠷᠤᠢ ᠬᠥᠮᠥᠨ | ᠠᠮᠠ ᠲᠠᠢ 10 ᠵᠠᠰᠠᠭ ᠵᠠᠬᠢᠷᠭᠠᠨ ᠤ ᠲᠤᠰᠬᠤᠨ ᠤ ᠠᠮᠢᠳᠤᠷᠠᠯ ᠤᠨ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ ᠶᠢ ᠪᠡᠶᠡᠯᠡᠭᠦᠯᠦᠨ᠎ᠡ ︵ᠲᠦᠷᠦᠭᠦᠯᠡᠨ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ︶᠃ | 29. ᠲᠠᠷᠢᠶᠠᠯᠠᠬᠤ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ 270᠂ ᠲᠠᠷᠠᠬᠠᠢ ᠮᠠᠶ᠋ᠢᠭ ᠤᠨ ᠤᠰᠤ ᠬᠠᠩᠭᠠᠬᠤ | ᠢᠨᠵᠧᠨᠧᠷᠢᠩ ᠢ 900 ᠰᠢᠨ᠎ᠡ ᠪᠠᠷ ᠪᠠᠶᠢᠭᠤᠯᠬᠤ ᠪᠠ ᠰᠢᠨᠡᠳᠬᠡᠨ ᠰᠠᠶᠢᠵᠢᠷᠠᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠤᠰᠤᠨ ᠠᠰᠢᠭᠯᠠᠯᠲᠠ ᠶᠢᠨ ᠲᠢᠩᠬᠢᠮ︶᠃ | 30. ᠲᠠᠷᠢᠶᠠᠯᠠᠬᠤ ᠮᠠᠯᠵᠢᠬᠤ ᠣᠷᠣᠨ ᠤ ᠡᠷᠦᠬᠡ ᠶᠢᠨ ᠵᠣᠷᠯᠣᠩ ᠢ 5.5 ᠲᠦᠮᠡ ᠰᠢᠨ᠎ᠡ ᠪᠠᠷ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶᠃ | 31. ᠲᠤᠰᠬᠤᠨ ᠤ ᠱᠠᠲᠤᠨ ᠤ ᠭᠤᠪᠢᠭᠤᠯᠵᠤ ᠢᠯᠡᠭᠡᠬᠦ ᠪᠠᠷᠠᠭᠠᠨ ᠤ ᠭᠦᠢᠯᠭᠡᠭᠡᠨ ᠤ ᠪᠠᠷᠢᠮᠵᠢᠶᠠᠲᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 5000 | ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶᠃ | 32. ᠪᠦᠢᠳᠠ ᠪᠥᠭᠯᠡᠭᠦᠦ ᠪᠠᠶᠢᠭ᠎ᠠ 2022 ᠲᠠᠷᠢᠶᠠᠯᠠᠬᠤ ᠮᠠᠯᠵᠢᠬᠤ ᠡᠷᠦᠬᠡ ᠳᠤ ᠴᠠᠬᠢᠯᠭᠠᠨ ᠲᠣᠣᠷ ᠢ ᠨᠢ ᠤᠷᠲᠤᠳᠬᠠᠵᠤ ᠴᠠᠬᠢᠯᠭᠠᠨ ᠨᠡᠪᠲᠡᠷᠡᠭᠦᠯᠬᠦ | ᠢᠨᠵᠧᠨᠧᠷᠢᠩ ᠪᠠ ᠪᠦᠢᠳᠠ ᠪᠥᠭᠯᠡᠭᠦᠦ ᠪᠠᠶᠢᠭ᠎ᠠ 2 ᠲᠦᠮᠡᠨ ᠲᠠᠷᠢᠶᠠᠯᠠᠬᠤ ᠮᠠᠯᠵᠢᠬᠤ ᠡᠷᠦᠬᠡ᠂ ᠬᠢᠯᠢ ᠶᠢᠨ ᠬᠠᠮᠠᠭᠠᠯᠠᠯᠲᠠ ᠶᠢᠨ 40 ᠬᠠᠷᠠᠭᠤᠯ ᠤᠨ ᠭᠠᠵᠠᠷ ᠲᠤ | ᠰᠢᠨ᠎ᠡ ᠡᠨᠧᠷᠬᠢ ᠪᠠᠷ ᠴᠠᠬᠢᠯᠭᠠᠨ ᠨᠡᠪᠲᠡᠷᠡᠭᠦᠯᠬᠦ ᠳᠡᠰ ᠳᠡᠪᠰᠢᠭᠦᠯᠬᠦ ᠢᠨᠵᠧᠨᠧᠷᠢᠩ ᠢ ᠪᠡᠶᠡᠯᠡᠭᠦᠯᠦᠨ᠎ᠡ︔ 650 ᠬᠠᠭᠤᠴᠢᠨ ᠰᠠᠭᠤᠭᠠᠯᠢ ᠲᠣᠭᠤᠷᠢᠭ ᠤᠨ ᠴᠠᠬᠢᠯᠭᠠᠨ | ᠬᠠᠩᠭᠠᠬᠤ ᠪᠡᠯᠡᠳᠬᠡᠮᠵᠢ᠂ 2 ᠲᠦᠮᠡᠨ ᠴᠠᠬᠢᠯᠭᠠᠨ ᠴᠡᠨᠡᠭᠯᠡᠬᠦ ᠱᠣᠩ ︵ᠥᠷᠲᠡᠭᠡ︶ ᠢ ᠢᠵᠢ ᠪᠦᠷᠢᠳᠦᠭᠦᠯᠦᠨ ᠴᠠᠬᠢᠯᠭᠠᠨ ᠲᠣᠣᠷ ᠲᠤ ᠵᠠᠯᠭᠠᠭᠤᠯᠵᠤ ᠥᠭᠡᠷᠡᠴᠢᠯᠡᠨ | ᠰᠢᠨᠡᠳᠬᠡᠬᠦ ᠠᠵᠢᠯ ᠢ ᠬᠡᠷᠡᠭᠵᠢᠭᠦᠯᠦᠨ᠎ᠡ ︵ᠲᠦᠷᠦᠭᠦᠯᠡᠨ ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠲᠣᠪᠴᠢᠶ᠎ᠠ᠂ ᠥᠪᠥᠷ | ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ᠂ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ | ︶᠃ | 33. ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ 5000 ᠺᠢᠯᠣᠮᠧᠲᠷ ᠡᠬᠢᠯᠡᠭᠦᠯᠦᠨ ᠪᠠᠶᠢᠭᠤᠯᠤᠨ᠎ᠠ ︵ᠲᠦᠷᠦᠭᠦᠯᠡᠨ ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ︶᠃ | ᠳᠠᠭᠠᠯᠳᠤᠭᠤᠯᠤᠯ 2 | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ | ︽ᠨᠢᠭᠡ ᠲᠥᠯᠦᠪᠵᠢᠭᠦᠯᠭᠡ ᠭᠤᠷᠪᠠᠨ ᠲᠥᠰᠥᠯ︾᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠤᠮᠠᠷᠠᠲᠤ ᠶᠢᠨ ᠭᠤᠷᠪᠠᠨ ᠣᠷᠣᠨ﹀ ᠤ | ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠦᠪᠵᠢᠭᠦᠯᠭᠡ ︵202—2030 ᠣᠨ︶︾ ᠪᠠ ︽ᠬᠠᠲᠤᠨ ᠭᠤᠣᠯ ᠤᠨ ︿ᠶᠡᠭᠡ ᠲᠣᠬᠤᠢ﹀ ᠶᠢᠨ | ᠰᠢᠪᠲᠤᠯᠤᠯᠲᠠ ᠶᠢᠨ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ︵2021—2030 ᠣᠨ︶︾᠂ ︽ᠬᠤᠷᠴᠢᠨ ᠪᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ | ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠬᠡᠷᠡᠭᠵᠢᠭᠦᠯᠬᠦ ᠲᠥᠰᠥᠯ ︵2021—2030 ᠣᠨ︶︾᠂ ︽ᠡᠾᠧᠰᠢ ᠶᠢᠨ ᠬᠤᠩᠭᠢᠯ — ᠲᠠᠺᠯᠢᠮᠠᠺᠠᠨ | ᠡᠯᠡᠰᠦᠨ ᠴᠦᠯ ᠤᠨ ᠬᠥᠪᠡᠭᠡ ᠵᠠᠬ᠎ᠠ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠬᠡᠷᠡᠭᠵᠢᠭᠦᠯᠬᠦ ᠲᠥᠰᠥᠯ ︵2021— 2030 ᠣᠨ︶︾ ᠢ ᠵᠢᠭᠠᠵᠤ ᠪᠤᠢ᠃ | ᠮᠧᠩ ᠺᠧ ᠵᠢᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠠᠪᠴᠠᠩ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠰᠤᠳᠤᠯᠵᠤ ᠨᠡᠭᠡᠭᠡᠬᠦ᠂ ᠬᠥᠷᠥᠩᠭᠡ ᠶᠢ ᠭᠦᠢᠯᠭᠡᠭᠡᠨ ᠠᠵᠢᠯᠯᠠᠭᠤᠯᠬᠤ᠂ ᠲᠥᠷᠥᠯ ᠵᠦᠢᠯ ᠢ ᠨᠡᠪᠴᠢᠭᠦᠯᠬᠦ᠂ ᠦᠷ᠎ᠡ ᠪᠦᠲᠦᠭᠡᠯ ᠢ ᠤᠯᠠᠷᠢᠭᠤᠯᠬᠤ᠂ ᠮᠡᠳᠡᠯᠭᠡ ᠶᠢᠨ | ᠥᠮᠴᠢᠯᠡᠯ ᠤᠨ ᠡᠷᠬᠡ ᠶᠢ ᠬᠠᠮᠠᠭᠠᠯᠠᠬᠤ ᠵᠡᠷᠭᠡ ᠴᠢᠳᠠᠮᠵᠢ ᠶᠢ ᠬᠤᠷᠠᠭᠤᠯᠤᠭᠰᠠᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠲᠠᠪᠴᠠᠩ ︵www. | mengkeju.com︶ ᠢ ᠵᠢᠭᠠᠵᠤ ᠪᠤᠢ᠃ | ︽ᠳᠤᠷ᠎ᠠ ᠪᠠᠷ ᠦᠢᠯᠡᠳᠬᠦ ᠳᠥᠷᠪᠡ ᠶᠢ ᠴᠡᠪᠡᠷᠯᠡᠬᠦ︾᠄ ᠦᠶᠡᠷ ᠢ ᠰᠠᠭᠠᠳ ᠦᠭᠡᠢ ᠵᠠᠯᠠᠬᠤ ᠶᠢᠨ ᠠᠮᠤᠷ ᠲᠦᠪᠰᠢᠨ ᠢ ᠰᠦᠷᠳᠡᠭᠦᠯᠦᠭᠰᠡᠨ᠂ ᠭᠤᠣᠯ ᠮᠥᠷᠡᠨ | ᠨᠠᠭᠤᠷ ᠴᠥᠬᠦᠷᠤᠮ ᠤᠨ ᠬᠡᠪ ᠤᠨ ᠪᠠᠶᠢᠳᠠᠯ ᠢ ᠠᠯᠳᠠᠭᠳᠠᠭᠤᠯᠤᠭᠰᠠᠨ ᠳᠤᠷ᠎ᠠ ᠪᠠᠷ ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ | ᠪᠠᠶᠢᠭᠤᠯᠬᠤ ᠦᠵᠡᠭᠳᠡᠯ ᠢ ᠴᠡᠭᠴᠡᠯᠡᠨ ᠵᠠᠰᠠᠵᠤ ᠴᠡᠪᠡᠷᠯᠡᠬᠦ ᠶᠢ ᠵᠢᠭᠠᠵᠤ ᠪᠤᠢ᠃ | ︽ᠵᠢᠭᠤᠯᠴᠢᠯᠠᠯ ᠤᠨ ᠳᠥᠷᠪᠡᠨ ᠭᠠᠵᠠᠷ︾᠄ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷᠡᠯᠡᠨ | ᠪᠠᠭᠤᠳᠠᠯᠯᠠᠵᠤ ᠵᠢᠭᠤᠯᠴᠢᠯᠠᠬᠤ ᠰᠠᠶᠢᠬᠠᠨ ᠭᠠᠵᠠᠷ᠂ ᠠᠮᠠᠷᠠᠯᠲᠠ ᠪᠠᠷ ᠵᠠᠪᠠᠯ ᠵᠢᠭᠤᠯᠴᠢᠯᠠᠬᠤ ᠭᠠᠵᠠᠷ᠂ ᠡᠷᠡᠭᠦᠯᠵᠢᠯ ᠰᠤᠪᠢᠯᠠᠯᠲᠠ ᠬᠢᠬᠦ ᠰᠠᠶᠢᠨ ᠭᠠᠵᠠᠷ ᠢ | ᠴᠣᠭᠴᠠᠯᠠᠬᠤ ᠶᠢ ᠵᠢᠭᠠᠵᠤ ᠪᠤᠢ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ︽ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾᠄ ᠪᠡᠭᠡᠵᠢᠩ ᠥᠪᠥᠷ ᠮᠣᠩᠭᠤᠯ ᠤᠨ | ᠬᠠᠮᠵᠢᠯᠴᠠᠭᠠᠨ ᠤ ᠰᠤᠷᠭᠠᠨ ᠬᠥᠮᠦᠵᠢᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠡᠮᠴᠢᠯᠡᠭᠡ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠵᠢᠭᠤᠯᠴᠢᠯᠠᠯ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ | ᠠᠵᠤ ᠦᠢᠯᠡᠰ ᠤᠨ ᠬᠠᠮᠲᠤᠷᠠᠯᠴᠠᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ | ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠵᠢᠭᠠᠵᠤ ᠪᠤᠢ᠃ | ︽ᠲᠥᠯᠥᠭᠡᠯᠡᠭᠴᠢ + ᠭᠡᠰᠢᠭᠦᠨ + ᠰᠢᠭᠦᠬᠦ ᠬᠤᠷᠢᠶ᠎ᠠ︾ ᠶᠢᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ | ᠰᠢᠢᠳᠪᠦᠷᠢᠯᠡᠬᠦ ᠲᠣᠭᠲᠠᠴᠠ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ | ᠲᠦᠷᠦ ᠶᠢᠨ ᠵᠥᠪᠯᠡᠯᠭᠡᠨ ᠪᠠ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠲᠠᠪᠴᠠᠩ ᠪᠠᠶᠢᠭᠤᠯᠵᠤ᠂ ᠠᠷᠠᠳ ᠤᠨ ᠲᠥᠯᠥᠭᠡᠯᠡᠭᠴᠢ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠢ ᠵᠣᠬᠢᠶᠠᠨ ᠪᠠᠶᠢᠭᠤᠯᠤᠨ ᠢᠷᠭᠡᠨ ᠤ ᠪᠠ ᠬᠤᠳᠠᠯᠳᠤᠭᠠᠨ ᠤ ᠬᠡᠷᠡᠭ ᠤᠨ ᠵᠢᠭᠤᠷᠠᠯᠳᠤᠭᠠᠨ ᠢ ᠠᠷᠢᠯᠭᠠᠨ ᠰᠢᠢᠳᠪᠦᠷᠢᠯᠡᠬᠦ ᠳᠤ ᠣᠷᠣᠯᠴᠠᠭᠤᠯᠬᠤ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠣᠭᠲᠠᠴᠠ ᠶᠢ ᠵᠢᠭᠠᠵᠤ ᠪᠤᠢ᠃ | ᠢᠳᠡᠭᠡᠨ ᠤ ᠵᠦᠢᠯ ᠤᠨ ︽ᠬᠤᠶᠠᠷ ᠢ ᠬᠡᠲᠦᠷᠡᠭᠦᠯᠦᠭᠰᠡᠨ ᠪᠠ ᠨᠢᠭᠡ ᠬᠠᠤᠯᠢ ᠪᠤᠰᠤ︾᠄ ᠢᠳᠡᠭᠡᠨ ᠦᠢᠯᠡᠳᠪᠦᠷᠢᠯᠡᠬᠦ ᠭᠤᠭᠴᠣᠭᠠᠨ ᠳᠠᠬᠢ ᠢᠳᠡᠭᠡᠨ ᠤ ᠨᠡᠮᠡᠯᠲᠡ | ᠡᠳ᠋ ᠢ ᠬᠡᠪᠴᠢᠶᠡᠨ ᠠᠴᠠ ᠬᠡᠲᠦᠷᠡᠭᠦᠯᠬᠦ᠂ ᠬᠢᠵᠠᠭᠠᠷᠯᠠᠬᠤ ᠬᠡᠮᠵᠢᠶᠡᠨ ᠠᠴᠠ ᠬᠡᠲᠦᠷᠡᠭᠦᠯᠬᠦ ᠪᠠ ᠢᠳᠡᠭᠡᠨ ᠤ ᠵᠦᠢᠯ ᠳᠤ ᠦᠯᠦ ᠬᠡᠷᠡᠭᠯᠡᠬᠦ ᠪᠣᠳᠠᠰ ᠢ ᠬᠠᠤᠯᠢ ᠪᠤᠰᠤ ᠪᠠᠷ | ᠨᠡᠮᠡᠬᠦ ᠶᠢ ᠵᠢᠭᠠᠵᠤ ᠪᠤᠢ᠃ | ︽ᠭᠤᠷᠪᠠ ᠶᠢ ᠬᠠᠮᠢᠶᠠᠷᠬᠤ ᠳᠤ ᠭᠤᠷᠪᠠ ᠶᠢ ᠡᠷᠬᠡᠪᠰᠢ ᠭᠦᠢᠴᠡᠳᠬᠡᠬᠦ︾᠄ ᠠᠵᠢᠯ ᠲᠥᠷᠥᠯ ᠢ ᠬᠠᠮᠢᠶᠠᠷᠬᠤ ᠳᠤ ᠠᠮᠤᠷ ᠲᠦᠪᠰᠢᠨ ᠢ ᠡᠷᠬᠡᠪᠰᠢ ᠬᠠᠮᠢᠶᠠᠷᠬᠤ᠂ | ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠠᠮᠤᠷ ᠲᠦᠪᠰᠢᠨ ᠢ ᠡᠷᠬᠡᠪᠰᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠠᠮᠤᠷ ᠲᠦᠪᠰᠢᠨ ᠢ | ᠡᠷᠬᠡᠪᠰᠢ ᠬᠠᠮᠢᠶᠠᠷᠬᠤ ᠶᠢ ᠵᠢᠭᠠᠵᠤ ᠪᠤᠢ᠃ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ 6 ᠢᠵᠢ ᠠᠬᠢᠭᠤᠯᠬᠤ ᠳᠦᠷᠢᠮ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠳᠦᠷᠢᠮ | ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠬᠢ ᠶᠢᠨ ᠰᠣᠷᠪᠣᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ | ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ | ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ | ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢ ᠠᠬᠢᠭᠤᠯᠬᠤ ᠳᠦᠷᠢᠮ︾ ᠢ ᠵᠢᠭᠠᠵᠤ ᠪᠤᠢ᠃ | ︽ᠲᠤᠯᠤᠭ᠎ᠠ ᠶᠢ ᠲᠠᠶᠠᠭᠳᠠᠬᠤ︾᠄ ︽ᠪᠢ ᠪᠤᠰᠤᠳ ᠢ ᠬᠦᠷᠬᠦ ᠦᠭᠡᠢ︾ ᠬᠡᠮᠡᠬᠦ ᠰᠡᠳᠬᠢᠯ᠂ ︽ᠬᠥᠭᠵᠢᠭᠦᠯᠬᠦ ᠳᠤ ᠳᠡᠩᠳᠡᠭᠦᠦ ᠶᠠᠭᠠᠷᠠᠬᠤ ᠬᠡᠷᠡᠭ ᠦᠭᠡᠢ︾ | ᠬᠡᠮᠡᠬᠦ ᠪᠤᠳᠤᠯ᠂ ︽ᠶᠠᠪᠤᠴᠠ ᠶᠢ ᠴᠢᠬᠤᠯᠠᠴᠢᠯᠠᠬᠤ ᠠᠴᠠ ᠪᠢᠰᠢ ᠦᠷ᠎ᠡ ᠳ᠋ᠦᠩ ᠢ ᠴᠢᠬᠤᠯᠠᠴᠢᠯᠠᠬᠤ ᠦᠭᠡᠢ︾ ᠤᠬᠠᠮᠰᠠᠷ᠂ ︽ᠵᠣᠷ ᠦᠭᠡᠢ ᠪᠣᠯ ᠡᠮ ᠥᠭᠬᠦ ᠵᠣᠷᠢᠭ | ᠦᠭᠡᠢ︾ ᠬᠢᠳᠡᠯ᠂ ︽ᠨᠢᠳᠦᠨ ᠡᠮᠦᠨᠡᠬᠢ ᠪᠠᠨ ᠬᠠᠷᠠᠬᠤ ᠠᠴᠠ ᠪᠢᠰᠢ ᠠᠯᠤᠰ ᠬᠤᠯᠡ ᠶᠢ ᠬᠠᠷᠠᠬᠤ ᠦᠭᠡᠢ︾ ᠰᠡᠳᠬᠢᠬᠦᠢ᠂ ︽ᠨᠠᠷᠢᠯᠢᠭ ᠵᠦᠢᠯ ᠢ ᠠᠩᠬᠠᠷᠬᠤ ᠦᠭᠡᠢ | ᠪᠠᠷᠤᠭ ᠲᠥᠯᠥᠪ ᠢᠶᠠᠷ ᠨᠢ ᠪᠤᠯᠭᠠᠬᠤ︾ ᠰᠡᠳᠬᠢᠴᠡ᠂ ︽ᠦᠢᠯᠡᠳᠪᠦᠷᠢᠯᠡᠯ ᠢ ᠴᠢᠬᠤᠯᠠᠴᠢᠯᠠᠵᠤ ᠡᠵᠡᠩᠨᠡᠯᠲᠡ ᠶᠢ ᠬᠥᠩᠭᠡᠪᠴᠢᠯᠡᠬᠦ︾ ᠦᠵᠡᠯᠲᠡ ᠶᠢ ᠵᠢᠭᠠᠵᠤ ᠪᠤᠢ᠃ | ︽ᠵᠢᠷᠭᠤᠭᠠᠨ ᠢᠨᠵᠧᠨᠧᠷᠢᠩ︾᠄ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ | ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠬᠠᠶᠢᠷ᠎ᠠ ᠬᠠᠯᠠᠮᠵᠢ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ᠂ ᠴᠢᠯᠦᠭᠡᠲᠦ ᠠᠷᠠᠯᠵᠢᠶᠠᠨ ᠤ | ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠵᠢᠭᠠᠵᠤ ᠪᠤᠢ᠃ | ᠡᠯᠡᠰᠦᠨ ᠴᠦᠯ ᠭᠤᠪᠢ ᠴᠥᠯᠡᠷᠬᠡᠭ ᠣᠷᠣᠨ ᠳᠠᠬᠢ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ 4 ᠰᠠᠭᠤᠷᠢᠨ ᠭᠠᠵᠠᠷ᠄ ᠬᠥᠪᠴᠢ ᠶᠢᠨ ᠡᠯᠡᠰᠦᠨ | ᠴᠦᠯ ᠤᠨ ᠣᠷᠳᠣᠰ ᠤᠨ ᠳᠤᠮᠳᠠ ᠬᠤᠶᠢᠲᠤ ᠬᠡᠰᠡᠭ᠂ ᠬᠥᠪᠴᠢ ᠶᠢᠨ ᠡᠯᠡᠰᠦᠨ ᠴᠦᠯ ᠤᠨ ᠣᠷᠳᠣᠰ ᠤᠨ ᠡᠮᠦᠨ᠎ᠡ ᠬᠡᠰᠡᠭ᠂ ᠲᠡᠭᠷᠢ ᠡᠯᠡᠰᠦᠨ ᠴᠦᠯ ᠤᠨ ᠵᠡᠭᠦᠨ | ᠡᠮᠦᠨᠡᠲᠦ ᠬᠡᠰᠡᠭ᠂ ᠤᠯᠠᠭᠠᠨᠪᠤᠬ᠎ᠠ ᠡᠯᠡᠰᠦᠨ ᠴᠦᠯ ᠤᠨ ᠵᠡᠭᠦᠨ ᠬᠤᠶᠢᠲᠤ ᠬᠡᠰᠡᠭ ᠤᠨ ᠰᠢᠨ᠎ᠡ ᠡᠨᠧᠷᠬᠢ ᠶᠢᠨ ᠰᠠᠭᠤᠷᠢᠨ ᠢ ᠵᠢᠭᠠᠵᠤ ᠪᠤᠢ᠃ | ︽ᠭᠤᠷᠪᠠᠨ ᠶᠡᠭᠡ ᠳᠠᠪᠠᠭᠤᠯᠢᠭ︾᠄ ᠡᠨᠧᠷᠬᠢ ᠶᠢᠨ ᠠᠵᠤ ᠦᠢᠯᠡᠰ ᠤᠨ ᠳᠠᠪᠠᠭᠤᠯᠢᠭ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ᠂ | ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢ ᠵᠢᠭᠠᠵᠤ ᠪᠤᠢ᠃ | ︽ᠲᠢᠶᠠᠨ ᠵᠢᠶᠦ᠋ᠨ ᠲᠥᠯᠥᠪᠯᠡᠭᠡ︾᠄ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ ᠳᠤ ᠦᠢᠯᠡᠴᠢᠯᠡᠬᠦ ᠲᠥᠯᠥᠪᠯᠡᠭᠡ ᠪᠣᠯᠣᠨ᠎ᠠ᠂ ᠰᠲ᠋ᠣᠺ ᠤᠨ | ᠵᠠᠬ᠎ᠠ ᠳᠤ ᠭᠠᠷᠭᠠᠬᠤ ᠪᠡᠯᠡᠳᠬᠡᠯ ᠠᠵᠤ ᠠᠬᠤᠶᠢᠯᠠᠯ ᠤᠳ ᠢ ᠬᠥᠳᠡᠯᠦᠩᠭᠦᠢ ᠪᠠᠷ ᠠᠭᠤᠳᠠᠯᠤᠨ ᠰᠢᠭᠰᠢᠬᠦ ᠪᠠᠷ ᠳᠠᠮᠵᠢᠵᠤ᠂ ︽ᠠᠵᠤ ᠠᠬᠤᠶᠢᠯᠠᠯ | ᠰᠠᠨᠠᠭᠠᠴᠢᠯᠠᠭ᠎ᠠ ᠠᠴᠠ ᠪᠠᠨ ᠬᠢᠬᠦ᠂ ᠵᠠᠰᠠᠭ ᠤᠨ ᠣᠷᠳᠣᠨ ᠠᠴᠠ ᠠᠬᠢᠭᠤᠯᠬᠤ᠂ ᠪᠠᠶᠢᠭᠤᠯᠤᠮᠵᠢ ᠠᠴᠠ ᠳᠠᠶᠢᠴᠢᠯᠠᠬᠤ᠂ ᠨᠡᠶᠢᠭᠡᠮ ᠤᠨ ᠬᠢᠨ ᠬᠤᠯᠪᠤᠭᠠᠯᠠᠨ ᠬᠥᠳᠡᠯᠦᠯᠴᠡᠬᠦ | ︾ ᠲᠣᠭᠲᠠᠴᠠ ᠶᠢ ᠬᠡᠷᠡᠭᠵᠢᠭᠦᠯᠵᠦ᠂ ︽ᠨᠢᠭᠡ ᠪᠦᠯᠦᠭ ᠢ ᠨᠢ ᠪᠤᠶᠢᠵᠢᠭᠤᠯᠬᠤ᠂ ᠨᠢᠭᠡ ᠪᠦᠯᠦᠭ ᠢ ᠨᠢ ᠬᠠᠪᠰᠤᠷᠤᠨ ᠵᠢᠯᠤᠭᠤᠳᠬᠤ᠂ ᠨᠢᠭᠡ ᠪᠦᠯᠦᠭ ᠢ ᠨᠢ | ᠭᠤᠶᠤᠴᠢᠯᠠᠨ ᠮᠡᠳᠡᠭᠦᠯᠬᠦ᠂ ᠨᠢᠭᠡ ᠪᠦᠯᠦᠭ ᠢ ᠨᠢ ᠵᠠᠬ᠎ᠠ ᠳᠤ ᠭᠠᠷᠭᠠᠬᠤ︾ ᠱᠠᠲᠤᠯᠢᠭ ᠬᠡᠯᠪᠡᠷᠢ ᠶᠢ ᠪᠣᠢ ᠪᠣᠯᠭᠠᠨ᠂ ︽ᠰᠠᠶᠢᠨ ᠠᠵᠤ ᠠᠬᠤᠶᠢᠯᠠᠯ ᠢ ᠴᠣᠭᠴᠠᠯᠠᠬᠤ᠂ | ᠰᠠᠶᠢᠨ ᠠᠵᠤ ᠠᠬᠤᠶᠢᠯᠠᠯ ᠢ ᠰᠣᠩᠭᠤᠬᠤ᠂ ᠰᠠᠶᠢᠨ ᠠᠵᠤ ᠠᠬᠤᠶᠢᠯᠠᠯ ᠢ ᠪᠤᠶᠢᠵᠢᠭᠤᠯᠬᠤ᠂ ᠰᠠᠶᠢᠨ ᠠᠵᠤ ᠠᠬᠤᠶᠢᠯᠠᠯ ᠢ ᠰᠲ᠋ᠣᠺ ᠤᠨ ᠵᠠᠬ᠎ᠠ ᠳᠤ ᠭᠠᠷᠭᠠᠬᠤ︾ | ᠪᠠᠶᠢᠷᠢᠰᠢᠯ ᠢ ᠴᠣᠭᠴᠠᠯᠠᠬᠤ ᠶᠢ ᠵᠢᠭᠠᠵᠤ ᠪᠤᠢ᠃ | ︽ᠭᠤᠷᠪᠠᠨ ᠲᠦᠷᠦᠯ ᠬᠤᠪᠢᠶᠠᠵᠤ ᠡᠶᠡᠳᠡᠭᠦᠯᠦᠨ ᠰᠢᠢᠳᠪᠦᠷᠢᠯᠡᠬᠦ ᠠᠷᠭ᠎ᠠ︾᠄ ᠦᠦᠰᠢᠨ ᠬᠤᠰᠢᠭᠤᠨ ᠤ ᠡᠭᠦᠳᠦᠭᠰᠡᠨ ᠦᠨᠳᠦᠰᠦᠨ ᠱᠠᠲᠤᠨ ᠤ ᠵᠠᠰᠠᠯᠲᠠ ᠶᠢ | ᠲᠡᠭᠦᠯᠳᠡᠷᠵᠢᠭᠦᠯᠬᠦ ᠲᠤᠷᠰᠢᠯᠭ᠎ᠠ ᠶᠢᠨ ᠠᠷᠭ᠎ᠠ ᠬᠢᠳᠡᠯ ᠪᠣᠯᠣᠨ᠎ᠠ᠂ ︽ᠭᠤᠷᠪᠠᠨ ᠲᠦᠷᠦᠯ ᠬᠤᠪᠢᠶᠠᠬᠤ︾ ᠭᠡᠳᠡᠭ ᠨᠢ ᠪᠠᠭ᠎ᠠ ᠵᠥᠷᠢᠴᠡᠯ ᠵᠢᠭᠤᠷᠠᠯᠳᠤᠭᠠᠨ ᠢ ᠮᠡᠳᠡᠭᠰᠡᠨ | ᠳᠠᠷᠤᠢ ᠳᠤ ᠨᠢ ᠡᠶᠡᠳᠡᠭᠦᠯᠬᠦ᠂ ᠪᠤᠳᠤᠯᠢᠶᠠᠨ ᠲᠠᠢ ᠵᠦᠢᠯᠡᠰ ᠢ ᠲᠦᠷᠦᠯ ᠬᠤᠪᠢᠶᠠᠨ ᠡᠶᠡᠳᠡᠭᠦᠯᠬᠦ᠂ ᠶᠠᠷᠰᠢᠭ ᠲᠦᠪᠡᠭᠲᠡᠢ ᠬᠡᠷᠡᠭ ᠢ ᠬᠠᠮᠲᠤᠷᠠᠨ ᠬᠠᠮᠢᠶᠠᠷᠴᠤ | ᠡᠶᠡᠳᠡᠭᠦᠯᠬᠦ ᠶᠢ ᠵᠢᠭᠠᠵᠤ ᠪᠣᠢ︔ ︽ᠡᠶᠡᠳᠡᠭᠦᠯᠦᠨ ᠰᠢᠢᠳᠪᠦᠷᠢᠯᠡᠬᠦ︾ ᠭᠡᠳᠡᠭ ᠨᠢ ᠵᠠᠬᠢᠳᠠᠯ ᠰᠤᠷᠪᠤᠯᠵᠢᠯᠠᠯ ᠬᠢᠬᠦ ᠭᠡᠰᠡᠨ ᠣᠯᠠᠨ ᠲᠦᠮᠡᠨ ᠢ ᠲᠤᠬᠠᠢ ᠶᠢᠨ | ᠭᠠᠵᠠᠷ ᠲᠤ ᠨᠢ ᠡᠶᠡᠳᠡᠭᠦᠯᠦᠨ᠂ ᠵᠥᠷᠢᠴᠡᠯ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤ ᠨᠢ ᠠᠷᠢᠯᠭᠠᠨ ᠰᠢᠢᠳᠪᠦᠷᠢᠯᠡᠵᠦ᠂ ᠣᠯᠠᠨ ᠲᠦᠮᠡᠨ ᠢ ᠱᠠᠲᠤ ᠳᠠᠪᠠᠭᠤᠯᠤᠨ | ᠰᠤᠷᠪᠤᠯᠵᠢᠯᠠᠯ ᠬᠢᠯᠭᠡᠬᠦ ᠦᠭᠡᠢ᠂ ᠠᠰᠠᠭᠤᠳᠠᠯ ᠢ ᠬᠤᠰᠢᠭᠤᠨ ᠤ ᠬᠡᠪᠴᠢᠶ᠎ᠡ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠣᠯᠭᠠᠬᠤ ᠶᠢ | ᠵᠢᠭᠠᠵᠤ ᠪᠣᠢ᠃ | ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠤᠳᠤᠷᠢᠳᠤᠯᠭ᠎ᠠ ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ | ᠮᠣᠩᠭᠤᠯ ᠪᠣᠯ ᠨᠠᠮ ᠤᠨ ᠲᠥᠪ ᠬᠤᠷᠢᠶᠠᠨ ᠤ ᠳᠡᠮᠵᠢᠯᠭᠡ ᠳᠣᠣᠷ᠎ᠠ ᠬᠥᠭᠵᠢᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ | ᠬᠡᠯᠪᠡᠷᠢᠯ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ | ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ | ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠣᠢ᠃ | ︽ᠳᠤᠯᠤᠭᠠᠨ ᠲᠠᠯ᠎ᠠ ᠪᠠᠷ ᠵᠢᠱᠢᠶᠡᠴᠢ ᠪᠣᠯᠬᠤ︾᠄ ᠨᠠᠮ ᠤᠨ ᠠᠴᠢ ᠳᠤ ᠲᠠᠯᠠᠷᠬᠠᠨ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ | ᠳᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠵᠢᠱᠢᠶᠡᠴᠢ ᠪᠣᠯᠬᠤ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠣᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠪᠠᠶᠠᠵᠢᠬᠤ | ᠵᠠᠮ ᠢᠶᠠᠷ ᠵᠠᠮᠨᠠᠬᠤ ᠲᠠᠯ᠎ᠠ ᠪᠠᠷ ᠵᠢᠱᠢᠶᠡᠴᠢ ᠪᠣᠯᠬᠤ᠂ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ | ᠲᠠᠯ᠎ᠠ ᠪᠠᠷ ᠵᠢᠱᠢᠶᠡᠴᠢ ᠪᠣᠯᠬᠤ᠂ ᠬᠢᠯᠢ ᠬᠢᠵᠠᠭᠠᠷ ᠤᠨ ᠭᠠᠵᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠤᠭᠠᠯᠠᠨ | ᠨᠡᠪᠲᠡᠷᠡᠯᠴᠡᠭᠦᠯᠬᠦ ᠲᠠᠯ᠎ᠠ ᠪᠠᠷ ᠵᠢᠱᠢᠶᠡᠴᠢ ᠪᠣᠯᠬᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠶᠢ ᠵᠢᠭᠠᠵᠤ ᠪᠤᠢ᠃ | |